ᠰᠢᠯᠢ ᠶᠢᠨ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ
ᠨᠡᠶᠢᠲᠡᠯᠡᠭᠰᠡᠨ ᠴᠠᠭ᠄
2023/2/23
ᠰᠢᠯᠢ ᠶᠢᠨ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯᠣᠷᠣᠨ ᠲᠣᠭᠠᠨ ᠤ ᠨᠢᠭᠡᠴᠡ᠄ ᠰᠢᠯᠢ ᠶᠢᠨ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠨᠡᠶᠢᠲᠡᠯᠡᠭᠰᠡᠨ ᠡᠳᠦᠷ ᠬᠤᠭᠤᠴᠠᠭ᠎ᠠ᠄ 2023 ᠣᠨ ᠤ 2 ᠰᠠᠷ᠎ᠠ ᠬᠡᠷᠡᠭᠵᠢᠭᠦᠯᠦᠭᠰᠡᠨ ᠴᠠᠭ᠄ 2023 ᠣᠨ ᠤ 2 ᠰᠠᠷ᠎ᠠ ᠭᠠᠷᠴᠠᠭ 1 ᠶᠡᠷᠦᠩᠬᠡᠢ ᠳᠦᠷᠢᠮ …2 ᠭᠤᠣᠯ ᠡᠭᠦᠷᠭᠡ …3 ᠵᠣᠬᠢᠶᠠᠨ ᠪᠠᠶᠢᠭᠤᠯᠤᠯᠲᠠ ᠶᠢᠨ ᠵᠢᠯᠤᠭᠤᠳᠬᠤ ᠰᠢᠰᠲ᠋ᠧᠮ …3.1 ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠶᠢ ᠵᠢᠯᠤᠭᠤᠳᠬᠤ ᠪᠠᠶᠢᠭᠤᠯᠤᠮᠵᠢ…3.2 ᠵᠢᠯᠤᠭᠤᠳᠬᠤ ᠨᠢᠭᠡᠴᠡ ᠶᠢᠨ ᠡᠭᠦᠷᠭᠡ ᠶᠢᠨ ᠬᠤᠪᠢᠶᠠᠷᠢᠯᠠᠯ … 3.3 ᠭᠠᠯ ᠤᠨᠲᠠᠷᠠᠭᠠᠬᠤ ᠵᠢᠯᠣᠭᠤᠳᠤᠮᠵᠢ… 3.4 ᠲᠤᠰᠬᠠᠢ ᠮᠡᠷᠭᠡᠵᠢᠯᠲᠡᠨ ᠤ ᠳᠤᠭᠤᠶᠢᠯᠠᠩ… 4 ᠰᠢᠢᠳᠪᠦᠷᠢᠯᠡᠬᠦ ᠬᠦᠴᠦᠨ …4.1 ᠰᠢᠢᠳᠪᠦᠷᠢᠯᠡᠬᠦ ᠬᠦᠴᠦᠨ ᠤ ᠪᠦᠷᠢᠯᠳᠦᠭᠦᠨ …4.2 ᠰᠢᠢᠳᠪᠦᠷᠢᠯᠡᠬᠦ ᠬᠦᠴᠦᠨ ᠢ ᠲᠣᠬᠢᠷᠠᠭᠤᠯᠬᠤ…5. ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠮᠡᠳᠡᠭᠦᠯᠬᠦ 5.1 ᠤᠷᠢᠳᠴᠢᠯᠠᠨ ᠰᠡᠷᠡᠮᠵᠢᠯᠡᠭᠦᠯᠬᠦ …5.2 ᠭᠠᠯ ᠤᠨ ᠭᠠᠮᠰᠢᠭ ᠤᠨ ᠪᠠᠶᠢᠳᠠᠯ ᠢ ᠬᠦᠳᠡᠯᠦᠩᠭᠦᠢ ᠬᠢᠨᠠᠨ ᠬᠡᠮᠵᠢᠬᠦ…5.3 ᠭᠠᠯ ᠤᠨ ᠲᠠᠯᠠᠪᠠᠢ ᠶᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠬᠦ…5.4 ᠮᠡᠳᠡᠭᠡ ᠵᠠᠩᠭᠢ ᠶᠢᠨ ᠮᠡᠳᠡᠭᠦᠯᠦᠯᠲᠡ …6 ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ …6.1 ᠱᠠᠲᠤ ᠬᠤᠪᠢᠶᠠᠨ ᠳᠠᠭᠠᠬᠤ … 6.2 ᠳᠠᠭᠠᠬᠤ ᠠᠷᠭ᠎ᠠ ᠬᠡᠮᠵᠢᠶ᠎ᠡ…6.3 ᠡᠵᠢᠯ ᠢ ᠠᠷᠭᠠᠴᠠᠬᠤ…7 ᠶᠡᠷᠦᠩᠬᠡᠢᠯᠡᠭᠰᠡᠨ ᠪᠠᠲᠤᠯᠠᠭ᠎ᠠ7.1 ᠬᠦᠷᠭᠡᠯᠲᠡ ᠶᠢᠨ ᠪᠠᠲᠤᠯᠠᠭ᠎ᠠ…7.2 ᠡᠳ᠋ ᠪᠣᠳᠠᠰ ᠤᠨ ᠪᠠᠲᠤᠯᠠᠭ᠎ᠠ…7.3 ᠪᠡᠯᠡ ᠮᠥᠩᠭᠦᠨ ᠤ ᠪᠠᠲᠤᠯᠠᠭ᠎ᠠ… 7.4 ᠮᠡᠳᠡᠭᠡ ᠬᠤᠯᠪᠣᠭᠠᠨ ᠤ ᠪᠠᠲᠤᠯᠠᠭ᠎ᠠ… 7.5 ᠡᠮ ᠡᠮᠨᠡᠯᠭᠡ ᠶᠢᠨ ᠪᠠᠲᠤᠯᠠᠭ᠎ᠠ… 8 ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ … 8.1 ᠭᠠᠯ ᠤᠨ ᠠᠶᠤᠯ ᠤᠨ ᠦᠨᠡᠯᠡᠯᠲᠡ… 8.2 ᠭᠠᠯ ᠤᠨ ᠤᠴᠢᠷ ᠠᠴᠠ ᠪᠣᠯᠤᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ… 8.3 ᠬᠠᠷᠢᠭᠤᠴᠠᠯᠭ᠎ᠠ ᠨᠡᠬᠡᠮᠵᠢᠯᠡᠬᠦ … 8.4 ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ ᠠᠵᠢᠯ ᠢ ᠰᠢᠢᠳᠪᠦᠷᠢᠯᠡᠬᠦ… 8.5 ᠬᠥᠬᠢᠭᠦᠯᠦᠨ ᠱᠠᠩᠨᠠᠬᠤ … 8.6 ᠠᠵᠢᠯ ᠤᠨ ᠳ᠋ᠦᠩᠨᠡᠯᠲᠡ … 9 ᠳᠠᠭᠠᠯᠳᠤᠭᠤᠯᠤᠭᠰᠠᠨ ᠳᠦᠷᠢᠮ ︵ᠪᠡᠯᠡᠳᠬᠡᠯ ᠲᠥᠰᠥᠯ ᠤᠨ ᠬᠠᠮᠢᠶᠠᠷᠤᠯᠲᠠ︶… 10 ᠳᠠᠭᠠᠯᠳᠤᠭᠤᠯᠤᠯ …ᠳᠠᠭᠠᠯᠳᠤᠭᠤᠯᠤᠯ 1 ᠤᠢ ᠰᠢᠭᠤᠢ ᠶᠢ ᠰᠡᠷᠭᠡᠶᠢᠯᠡᠬᠦ ᠭᠡᠳᠡᠭ ᠪᠣᠯ ᠭᠠᠯ ᠤᠨ ᠲᠠᠯᠠᠪᠠᠢ ᠶᠢᠨ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠤᠨ ᠪᠦᠷᠢᠯᠳᠦᠭᠦᠨ ᠪᠠ ᠡᠭᠦᠷᠭᠡ ᠶᠢᠨ ᠬᠤᠪᠢᠶᠠᠷᠢᠯᠠᠯ ᠢ ᠬᠡᠯᠡᠵᠦ ᠪᠠᠶᠢᠨ᠎ᠠ …ᠳᠠᠭᠠᠯᠳᠤᠭᠤᠯᠤᠯ 2 ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠡᠰ᠂ ᠤᠷᠢᠳᠴᠢᠯᠠᠨ ᠰᠡᠷᠡᠮᠵᠢᠯᠡᠭᠦᠯᠬᠦ ᠳᠦᠷᠦᠯ ᠬᠤᠪᠢᠶᠠᠬᠤ ᠪᠠ ᠳᠠᠭᠠᠬᠤ ᠠᠷᠭ᠎ᠠ ᠬᠡᠮᠵᠢᠶ᠎ᠡ… ᠳᠠᠭᠠᠯᠳᠤᠭᠤᠯᠤᠯ 4 ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠴᠤᠪᠤᠷᠠᠯ ᠵᠢᠷᠤᠭ … ᠳᠠᠭᠠᠯᠳᠤᠭᠤᠯᠤᠯ 5 ᠭᠠᠯ ᠤᠨᠲᠠᠷᠠᠭᠠᠬᠤ ᠠᠩᠭᠢ ᠶᠢᠨ ᠭᠠᠯ ᠤᠨ ᠠᠶᠤᠯ ᠤᠨ ᠰᠡᠷᠡᠮᠵᠢᠯᠡᠭᠦᠯᠦᠯ ᠢ ᠳᠠᠭᠠᠭᠰᠠᠨ ᠪᠠᠶᠢᠳᠠᠯ ᠳᠠᠭᠠᠯᠳᠤᠭᠤᠯᠤᠯ 6 ᠰᠢᠯᠢ ᠶᠢᠨ ᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠡᠳ᠋ ᠪᠣᠳᠠᠰ ᠲᠣᠨᠤᠭ ᠲᠥᠬᠦᠭᠡᠷᠦᠮᠵᠢ ᠶᠢᠨ ᠨᠠᠷᠢᠨ ᠳᠠᠩᠰᠠ … ᠳᠠᠭᠠᠯᠳᠤᠭᠤᠯᠤᠯ 7 ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠤᠨ ᠤᠲᠠᠰᠤ … ᠳᠠᠭᠠᠯᠳᠤᠭᠤᠯᠤᠯ 8 ᠭᠠᠯ ᠤᠨ ᠪᠠᠶᠢᠳᠠᠯ ᠢ ᠮᠡᠳᠡᠭᠦᠯᠬᠦ ᠬᠡᠯᠪᠡᠷᠢ …ᠳᠠᠭᠠᠯᠳᠤᠭᠤᠯᠤᠯ 9 ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠳᠤ ᠠᠩᠬᠠᠷᠬᠤ ᠵᠦᠢᠯ … 1 ᠶᠡᠷᠦᠩᠬᠡᠢ ᠳᠦᠷᠢᠮ 1.1 ᠨᠠᠶᠢᠷᠠᠭᠤᠯᠤᠨ ᠵᠣᠬᠢᠶᠠᠬᠤ ᠵᠣᠷᠢᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠠᠮᠢ ᠠᠬᠤᠢ ᠶᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠪᠠ ᠠᠪᠤᠷᠠᠬᠤ ᠶᠢ ᠤᠶᠠᠯᠳᠤᠭᠤᠯᠬᠤ᠂ ᠥᠨᠳᠥᠷ ᠦᠷ᠎ᠡ ᠪᠦᠲᠦᠮᠵᠢᠲᠡᠶ ᠪᠠᠷ ᠭᠠᠯ ᠤᠨᠲᠠᠷᠠᠭᠠᠬᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠤᠨ ᠴᠢᠭᠯᠡᠯᠲᠡ ᠶᠢ ᠪᠠᠷᠢᠮᠲᠠᠯᠠᠨ ᠪᠠᠷᠢᠮᠲᠠᠯᠠᠵᠤ᠂ ᠰᠢᠯᠢ ᠶᠢᠨ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠰᠢᠯᠢ ᠶᠢᠨ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︵ᠳᠣᠷᠣᠭᠰᠢ ᠪᠡᠯᠡᠳᠬᠡᠯ ᠲᠥᠰᠥᠯ ᠭᠡᠵᠦ ᠲᠣᠪᠴᠢᠯᠠᠨ᠎ᠠ︶᠎ ᠢ ᠵᠠᠰᠠᠨ ᠨᠠᠶᠢᠷᠠᠭᠤᠯᠵᠤ᠂ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮᠵᠢ ᠶᠢ ᠵᠢᠷᠤᠮᠵᠢᠭᠤᠯᠵᠤ᠂ ᠭᠠᠯ ᠤᠨᠲᠠᠷᠠᠭᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠬᠠᠤᠯᠢ ᠶᠣᠰᠣᠭᠠᠷ ᠡᠮᠬᠢ ᠵᠢᠷᠤᠮ ᠲᠠᠢ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠵᠦ᠂ ᠭᠠᠯ ᠤᠨᠲᠠᠷᠠᠭᠠᠬᠤ ᠠᠵᠢᠯ ᠤᠨ ᠥᠨᠳᠥᠷ ᠦᠷ᠎ᠡ ᠪᠦᠲᠦᠮᠵᠢ ᠲᠠᠢ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠵᠤ᠂ ᠬᠥᠮᠥᠨ ᠤ ᠠᠳᠡᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠲᠤᠬᠠᠢ ᠶᠢᠨ ᠭᠠᠵᠠᠷ ᠤᠨ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠵᠤ᠂ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠨ᠎ᠠ᠃ 1.2 ᠨᠠᠶᠢᠷᠠᠭᠤᠯᠤᠨ ᠵᠣᠬᠢᠶᠠᠬᠤ ᠦᠨᠳᠦᠰᠦᠯᠡᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︽ᠤᠯᠤᠰ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ︽ᠤᠯᠤᠰ ᠤᠨ ᠣᠶ ᠰᠢᠭᠤᠢ ᠶᠢᠨ ᠲᠦᠢᠮᠡᠷ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︽ᠪᠥᠬᠦ ᠤᠯᠤᠰ ᠤᠨ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠠᠴᠢᠮ ᠠᠷᠭᠠᠴᠠᠬᠤ ᠲᠥᠰᠥᠯ︾ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︽ᠰᠢᠯᠢ ᠶᠢᠨ ᠭᠤᠣᠯ ᠠᠶᠢᠮᠠᠭ ᠤᠨ ᠨᠤᠲᠤᠭ ᠪᠡᠯᠴᠢᠭᠡᠷ ᠣᠶ ᠰᠢᠭᠤᠢ ᠶᠢᠨ ᠭᠠᠯ ᠰᠡᠷᠭᠡᠶᠢᠯᠡᠬᠦ ᠲᠤᠬᠠᠢ ᠲᠣᠭᠲᠠᠭᠠᠯ ᠤᠳ︾ ︽ᠰᠢᠯᠢ ᠶᠢᠨ ᠭᠤᠣᠯ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠂ ᠪᠢᠴᠢᠭ ᠮᠠᠲ᠋ᠧᠷᠢᠶᠠᠯ ᠢ ᠦᠨᠳᠦᠰᠦᠯᠡᠨ ᠵᠣᠬᠢᠶᠠᠨ ᠨᠠᠶᠢᠷᠠᠭᠤᠯᠪᠠ᠃ 1.3 ᠬᠡᠷᠡᠭᠯᠡᠬᠦ ᠬᠡᠪᠴᠢᠶ᠎ᠡ ᠲᠣᠰ ᠪᠡᠯᠡᠳᠬᠡᠯ ᠲᠥᠰᠥᠯ ᠳᠤ ᠰᠢᠯᠢ ᠶᠢᠨ ᠬᠤᠲᠠ ᠶᠢᠨ ᠵᠠᠰᠠᠭ ᠵᠠᠬᠢᠷᠭᠠᠨ ᠤ ᠬᠠᠷᠢᠶᠠᠯᠠᠯ ᠳᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠪᠠ ᠰᠢᠯᠢ ᠶᠢᠨ ᠬᠤᠲᠠ ᠳᠤ ᠰᠦᠷᠳᠡᠭᠦᠯᠦᠯ ᠪᠣᠯᠤᠭᠰᠠᠨ ᠬᠠᠷᠢᠶᠠᠯᠠᠯ ᠣᠷᠣᠨ ᠤ ᠭᠠᠳᠠᠨᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠬᠡᠷᠡᠭᠯᠡᠨ᠎ᠡ᠃ 1.4 ᠠᠵᠢᠯ ᠤᠨ ᠵᠠᠷᠴᠢᠮ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠠᠮᠢ ᠠᠬᠤᠢ ᠶᠢᠨ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ︽ᠨᠢᠭᠡᠳᠦᠯᠲᠡᠢ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠲᠤᠰᠬᠠᠶᠢᠵᠢᠭᠤᠯᠬᠤ ᠪᠠᠷ ᠭᠤᠣᠯ ᠪᠣᠯᠭᠠᠬᠤ᠂ ᠲᠤᠰᠬᠠᠢ ᠮᠡᠷᠭᠡᠵᠢᠯᠲᠡᠨ ᠪᠠ ᠣᠯᠠᠨ ᠲᠦᠮᠡᠨ ᠢ ᠤᠶᠠᠯᠳᠤᠭᠤᠯᠬᠤ︾ ᠵᠠᠷᠴᠢᠮ ᠶᠣᠰᠣᠭᠠᠷ᠂ ᠡᠯ᠎ᠡ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠭᠠᠷᠤᠭᠰᠠᠨ ᠤ ᠳᠠᠷᠠᠭ᠎ᠠ᠂ ᠳᠠᠭᠠᠬᠤ ᠲᠠᠰ ᠢ ᠦᠨᠳᠦᠰᠦᠯᠡᠨ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠬᠠᠮᠢᠶ᠎ᠠ ᠪᠦᠬᠦᠢ ᠪᠡᠯᠡᠳᠬᠡᠯ ᠲᠥᠰᠥᠯ ᠶᠣᠰᠣᠭᠠᠷ ᠰᠢᠢᠳᠪᠦᠷᠢᠯᠡᠬᠦ ᠠᠵᠢᠯ ᠢ ᠳᠠᠷᠤᠶᠢᠬᠠᠨ ᠥᠷᠨᠢᠭᠦᠯᠬᠦ ᠬᠡᠷᠡᠭᠲᠡᠢ᠃ ᠨᠢᠭᠡᠳᠦᠯᠲᠡᠢ ᠤᠳᠤᠷᠢᠳᠴᠤ᠂ ᠱᠠᠲᠤ ᠬᠤᠪᠢᠶᠠᠨ ᠬᠠᠷᠢᠭᠤᠴᠠᠨ᠎ᠠ᠃ ᠨᠢᠭᠡᠳᠦᠯᠲᠡᠢ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ᠂ ᠱᠠᠲᠤ ᠬᠤᠪᠢᠶᠠᠨ ᠳᠠᠭᠠᠬᠤ᠂ ᠬᠠᠷᠢᠶ᠎ᠠ ᠭᠠᠵᠠᠷ ᠢᠶᠠᠷ ᠭᠤᠣᠯ ᠪᠣᠯᠭᠠᠬᠤ ᠱᠠᠭᠠᠷᠳᠠᠯᠭ᠎ᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠯᠢ ᠶᠢᠨ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠪᠡᠯᠡᠳᠬᠡᠯ ᠲᠥᠰᠥᠯ ᠳᠤ ᠲᠣᠭᠲᠠᠭᠠᠭᠰᠠᠨ ᠡᠭᠦᠷᠭᠡ ᠶᠢᠨ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠨᠢᠭᠲᠠ ᠬᠠᠮᠲᠤᠷᠠᠯᠴᠠᠵᠤ᠂ ᠲᠦᠷᠭᠡᠨ ᠲᠤᠰᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠢᠳᠡᠪᠬᠢᠲᠡᠢ ᠪᠠᠷ ᠠᠷᠭᠠᠴᠠᠨ᠎ᠠ᠃ ᠰᠢᠯᠢ ᠶᠢᠨ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ︵ᠳᠣᠷᠣᠭᠰᠢ ᠣᠶ ᠰᠢᠭᠤᠢ ᠶᠢᠨ ᠰᠡᠷᠭᠡᠶᠢᠯᠡᠯᠲᠡ ᠶᠢᠨ ᠵᠢᠯᠤᠭᠤᠳᠤᠮᠵᠢ ᠭᠡᠵᠦ ᠲᠣᠪᠴᠢᠯᠠᠨ᠎ᠠ︶᠎ ᠨᠢ ︽ᠪᠡᠯᠡᠳᠬᠡᠯ ᠲᠥᠰᠥᠯ︾᠎ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠬᠤ ᠶᠢᠨ ᠬᠠᠮᠲᠤ ᠰᠤᠮᠤ ᠪᠠᠯᠭᠠᠰᠤ ᠲᠠᠯᠠᠪᠠᠶ᠂ ᠬᠡᠷᠡᠭ ᠡᠷᠬᠢᠯᠡᠬᠦ ᠭᠠᠵᠠᠷ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠵᠢᠯᠤᠭᠤᠳᠴᠤ ᠪᠠᠶᠢᠭᠠᠳ ᠲᠣᠰ ᠬᠠᠷᠢᠶ᠎ᠠ ᠣᠷᠣᠨ ᠤ ᠳᠣᠲᠣᠷᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠵᠤ ᠠᠶᠤᠯᠭᠦᠢ ᠪᠠᠶᠢᠬᠤ ᠶᠢ ᠴᠢᠬᠤᠯᠴᠢᠯᠠᠨ᠎ᠠ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠤᠭᠰᠠᠨ ᠤ ᠳᠠᠷᠠᠭ᠎ᠠ᠂ ᠡᠩ ᠲᠡᠷᠢᠭᠦᠨ ᠳᠤ ᠰᠦᠷᠳᠡᠭᠦᠯᠦᠯ ᠳᠤ ᠤᠴᠠᠷᠠᠭᠰᠠᠨ ᠬᠥᠮᠥᠰ ᠢ ᠰᠢᠯᠵᠢᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠭᠠᠯ ᠤᠨ ᠭᠠᠮᠰᠢᠭ ᠢ ᠰᠢᠢᠳᠪᠦᠷᠢᠯᠡᠬᠦ ᠶᠠᠪᠤᠴᠠ ᠳᠤ ᠭᠠᠯ ᠤᠨᠲᠠᠷᠠᠭᠠᠬᠤ ᠬᠥᠮᠥᠰ ᠪᠣᠯᠣᠨ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠭᠠᠯ ᠤᠨ ᠪᠠᠶᠢᠳᠠᠯ ᠲᠣᠳᠣᠷᠬᠠᠢ ᠦᠭᠡᠢ ᠪᠣᠯ ᠤᠷᠢᠳ ᠢᠶᠠᠷ ᠲᠠᠩᠨᠠᠨ ᠪᠠᠶᠢᠴᠠᠭᠠᠵᠤ᠂ ᠴᠠᠭ ᠠᠭᠤᠷ ᠠᠰᠢᠭ ᠦᠭᠡᠢ ᠪᠣᠯ ᠤᠷᠢᠳ ᠢᠶᠠᠷ ᠬᠦᠯᠢᠶᠡᠬᠦ᠂ ᠭᠠᠵᠠᠷ ᠤᠨ ᠪᠠᠶᠢᠴᠠ ᠠᠰᠢᠭ ᠦᠭᠡᠢ ᠪᠣᠯ ᠤᠷᠢᠳ ᠢᠶᠠᠷ ᠵᠠᠶᠢᠯᠠᠬᠤ᠂ ᠪᠣᠯᠪᠠᠰᠤᠷᠠᠯ ᠭᠥᠷᠳᠡᠭᠰᠡᠨ ᠦᠭᠡᠢ ᠲᠤᠰᠬᠠᠢ ᠮᠡᠷᠭᠡᠵᠢᠯ ᠤᠨ ᠪᠤᠰᠤ ᠬᠥᠮᠥᠰ ᠭᠠᠯ ᠨᠣᠴᠣᠭᠠᠬᠤ ᠦᠭᠡᠢ᠂ ᠥᠨᠳᠥᠷ ᠳᠤᠯᠠᠭᠠᠨ ᠶᠡᠭᠡ ᠰᠠᠯᠬᠢ ᠵᠡᠷᠭᠡ ᠠᠰᠢᠭ ᠦᠭᠡᠢ ᠨᠥᠬᠦᠴᠡᠯ ᠳᠣᠣᠷ᠎ᠠ ᠭᠠᠯ ᠨᠣᠴᠣᠭᠠᠬᠤ ᠦᠭᠡᠢ᠂ ᠦᠵᠡᠭᠳᠡᠴᠡ ᠪᠠᠷᠤᠭᠲᠠᠢ ᠰᠥᠨᠢ ᠵᠡᠷᠭᠡ ᠠᠰᠢᠭ ᠦᠭᠡᠢ ᠴᠠᠭ ᠲᠤ ᠭᠠᠯ ᠨᠣᠴᠣᠭᠠᠬᠤ ᠦᠭᠡᠢ᠂ ᠠᠰᠬ᠎ᠠ ᠬᠠᠳᠠ ᠡᠭᠴᠡ ᠬᠥᠲᠥᠯ ᠭᠤᠸ ᠭᠦᠨ ᠢᠪᠴᠤᠤ ᠵᠢᠯᠠᠭ᠎ᠠ ᠵᠡᠷᠭᠡ ᠠᠰᠢᠭ ᠦᠭᠡᠢ ᠭᠠᠵᠠᠷ ᠤᠨ ᠪᠠᠶᠢᠴᠠ ᠳᠤ ᠭᠠᠯ ᠨᠣᠴᠣᠭᠠᠬᠤ ᠦᠭᠡᠢ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠣᠬᠤᠷ ᠪᠠᠯᠠᠢ ᠪᠠᠷ ᠪᠠᠯᠠᠮᠠᠳ ᠢᠶᠠᠷ ᠠᠵᠢᠯᠯᠠᠬᠤ᠂ ᠪᠦᠳᠦᠭᠦᠯᠢᠭ ᠢᠶᠠᠷ ᠭᠠᠯ ᠤᠨᠲᠠᠷᠠᠭᠠᠵᠤ ᠠᠶᠤᠯ ᠠᠴᠠ ᠠᠪᠤᠷᠠᠬᠤ ᠵᠡᠷᠭᠡ ᠠᠴᠠ ᠪᠣᠯᠵᠤ ᠭᠠᠯ ᠤᠨᠲᠠᠷᠠᠭᠠᠭᠰᠠᠳ ᠢ ᠦᠬᠦᠭᠦᠯᠵᠦ ᠰᠢᠷᠬᠠᠲᠤᠭᠤᠯᠬᠤ ᠠᠴᠠ ᠡᠷᠡᠰ ᠵᠠᠶᠢᠯᠠᠰᠬᠢᠬᠦ ᠬᠡᠷᠡᠭᠲᠡᠢ᠃ 1.5 ᠭᠠᠮᠰᠢᠭ ᠤᠨ ᠳᠡᠰ ᠬᠤᠪᠢᠶᠠᠬᠤ ᠬᠤᠬᠢᠷᠠᠯ ᠠᠮᠰᠠᠭᠰᠠᠨ ᠣᠶ ᠰᠢᠭᠤᠢ ᠨᠤᠲᠤᠭ ᠪᠡᠯᠴᠢᠭᠡᠷ ᠤᠨ ᠲᠠᠯᠠᠪᠠᠶ ᠪᠣᠯᠣᠨ ᠦᠬᠦᠵᠦ ᠰᠢᠷᠬᠠᠲᠤᠭᠰᠠᠨ ᠬᠥᠮᠥᠨ ᠤ ᠲᠤᠭ᠎ᠠ ᠶᠢ ᠦᠨᠳᠦᠰᠦᠯᠡᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠠᠭ᠎ᠠ ᠬᠡᠯᠪᠡᠷᠢ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠡᠩ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠨᠡᠯᠢᠶᠡᠳ ᠶᠡᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠬᠦᠨᠳᠦ ᠶᠡᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠪᠠ ᠣᠨᠴᠠ ᠶᠡᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠭᠡᠵᠦ ᠬᠤᠪᠢᠶᠠᠨ᠎ᠠ᠃ 1.5.1 ᠤᠢ ᠰᠢᠭᠤᠢ ᠶᠢᠨ ᠭᠠᠯ ᠤᠨ ᠠᠶᠤᠯ ᠤᠨ ᠳᠡᠰ ᠬᠤᠪᠢᠶᠠᠬᠤ ᠪᠠᠷᠢᠮᠵᠢᠶ᠎ᠠ ᠪᠠᠭ᠎ᠠ ᠬᠡᠯᠪᠡᠷᠢ ᠶᠢᠨ ᠤᠢ ᠰᠢᠭᠤᠢ ᠶᠢᠨ ᠭᠠᠯ ᠤᠨ ᠭᠠᠮᠰᠢᠭ᠄ ᠤᠢ ᠰᠢᠭᠤᠢ ᠶᠢᠨ ᠬᠡᠰᠡᠭ ᠭᠠᠵᠠᠷ ᠤᠨ ᠭᠠᠯ ᠤᠨ ᠭᠠᠮᠰᠢᠭ ᠪᠤᠶᠤ 1᠎ ᠠᠴᠠ ᠳᠣᠭᠤᠭᠰᠢ ᠬᠥᠮᠥᠨ ᠬᠦᠨᠳᠦ ᠰᠢᠷᠬᠠᠲᠤᠭᠤᠯᠤᠭᠰᠠᠨ︔ᠡᠩ ᠤᠨ ︵IV ᠳᠡᠰ︶ ᠤᠢ ᠰᠢᠭᠤᠢ ᠶᠢᠨ ᠭᠠᠯ ᠤᠨ ᠭᠠᠮᠰᠢᠭ᠄ ᠬᠤᠬᠢᠷᠠᠯ ᠠᠮᠰᠠᠭᠰᠠᠨ ᠤᠢ ᠰᠢᠭᠤᠢ ᠶᠢᠨ ᠲᠠᠯᠠᠪᠠᠢ ᠎ ᠨᠢ 1 ᠾᠧᠺᠲ᠋ᠠᠷ ᠠᠴᠠ ᠳᠣᠭᠤᠭᠰᠢ ᠪᠤᠶᠤ ᠪᠤᠰᠤᠳ ᠰᠢᠭᠤᠶᠢᠲᠤ ᠭᠠᠵᠠᠷ ᠲᠤ ᠭᠠᠯ ᠭᠠᠷᠤᠭᠰᠠᠨ᠂ ᠡᠰᠡᠬᠦᠯ᠎ᠡ 1 ᠎ ᠠᠴᠠ ᠳᠡᠭᠡᠭᠰᠢ 3᠎ ᠠᠴᠠ ᠳᠣᠭᠤᠭᠰᠢ ᠬᠥᠮᠥᠨ ᠦᠬᠦᠭᠰᠡᠨ᠂ ᠡᠰᠡᠬᠦᠯ᠎ᠡ 1᠎ ᠠᠴᠠ ᠳᠡᠭᠡᠭᠰᠢ 10᠎ ᠠᠴᠠ ᠳᠣᠭᠤᠭᠰᠢ ᠬᠥᠮᠥᠨ ᠬᠦᠨᠳᠦ ᠰᠢᠷᠬᠠᠲᠤᠭᠰᠠᠨ︔ᠨᠡᠯᠢᠶᠡᠳ ᠶᠡᠭᠡ ︵III ᠳᠡᠰ︶ ᠤᠢ ᠰᠢᠭᠤᠢ ᠶᠢᠨ ᠭᠠᠯ ᠤᠨ ᠭᠠᠮᠰᠢᠭ᠄ ᠬᠤᠬᠢᠷᠠᠯ ᠠᠮᠰᠠᠭᠰᠠᠨ ᠤᠢ ᠰᠢᠭᠤᠢ ᠶᠢᠨ ᠲᠠᠯᠠᠪᠠᠢ ᠨᠢ 1 ᠾᠧᠺᠲ᠋ᠠᠷ ᠠᠴᠠ ᠳᠡᠭᠡᠭᠰᠢ 100 ᠾᠧᠺᠲ᠋ᠠᠷ ᠠᠴᠠ ᠳᠣᠭᠤᠭᠰᠢ ᠪᠠᠶᠢᠬᠤ᠂ ᠡᠰᠡᠬᠦᠯ᠎ᠡ 3᠎ ᠠᠴᠠ ᠳᠡᠭᠡᠭᠰᠢ 10᠎ ᠠᠴᠠ ᠳᠣᠭᠤᠭᠰᠢ ᠬᠥᠮᠥᠨ ᠦᠬᠦᠭᠰᠡᠨ᠂ ᠡᠰᠡᠬᠦᠯ᠎ᠡ 10᠎ ᠠᠴᠠ ᠳᠡᠭᠡᠭᠰᠢ 50᠎ ᠠᠴᠠ ᠳᠣᠭᠤᠭᠰᠢ ᠬᠥᠮᠥᠨ ᠬᠦᠨᠳᠦ ᠰᠢᠷᠬᠠᠲᠤᠭᠰᠠᠨ︔ᠬᠦᠨᠳᠦ ᠶᠡᠭᠡ ︵II ᠳᠡᠰ︶ ᠤᠢ ᠰᠢᠭᠤᠢ ᠶᠢᠨ ᠭᠠᠯ ᠤᠨ ᠭᠠᠮᠰᠢᠭ᠄ ᠬᠤᠬᠢᠷᠠᠯ ᠠᠮᠰᠠᠭᠰᠠᠨ ᠤᠢ ᠰᠢᠭᠤᠢ ᠶᠢᠨ ᠲᠠᠯᠠᠪᠠᠢ ᠨᠢ 100 ᠾᠧᠺᠲ᠋ᠠᠷ ᠠᠴᠠ ᠳᠡᠭᠡᠭᠰᠢ 1000 ᠾᠧᠺᠲ᠋ᠠᠷ ᠠᠴᠠ ᠳᠣᠭᠤᠭᠰᠢ ᠪᠠᠶᠢᠬᠤ᠂ ᠡᠰᠡᠬᠦᠯ᠎ᠡ 10 ᠎ ᠠᠴᠠ ᠳᠡᠭᠡᠭᠰᠢ 30᠎ ᠠᠴᠠ ᠳᠣᠭᠤᠭᠰᠢ ᠬᠥᠮᠥᠨ ᠦᠬᠦᠭᠰᠡᠨ᠂ ᠡᠰᠡᠬᠦᠯ᠎ᠡ 50᠎ ᠠᠴᠠ ᠳᠡᠭᠡᠭᠰᠢ 100᠎ ᠠᠴᠠ ᠳᠣᠭᠤᠭᠰᠢ ᠬᠥᠮᠥᠨ ᠬᠦᠨᠳᠦ ᠰᠢᠷᠬᠠᠲᠤᠭᠰᠠᠨ︔ᠣᠨᠴᠠᠭᠠᠶ ᠬᠦᠨᠳᠦ ᠶᠡᠭᠡ ︵I ᠳᠡᠰ︶ ᠤᠢ ᠰᠢᠭᠤᠢ ᠶᠢᠨ ᠭᠠᠯ ᠤᠨ ᠭᠠᠮᠰᠢᠭ᠄ ᠬᠤᠬᠢᠷᠠᠯ ᠠᠮᠰᠠᠭᠰᠠᠨ ᠤᠢ ᠰᠢᠭᠤᠢ ᠶᠢᠨ ᠲᠠᠯᠠᠪᠠᠢ ᠨᠢ 1000 ᠾᠧᠺᠲ᠋ᠠᠷ ᠠᠴᠠ ᠳᠡᠭᠡᠭᠰᠢ᠂ ᠡᠰᠡᠬᠦᠯ᠎ᠡ 30᠎ ᠠᠴᠠ ᠳᠡᠭᠡᠭᠰᠢ ᠬᠥᠮᠥᠨ ᠦᠬᠦᠭᠰᠡᠨ᠂ ᠡᠰᠡᠬᠦᠯ᠎ᠡ 100᠎ ᠠᠴᠠ ᠳᠡᠭᠡᠭᠰᠢ ᠬᠥᠮᠥᠨ ᠬᠦᠨᠳᠦ ᠰᠢᠷᠬᠠᠲᠤᠭᠰᠠᠨ᠃ 1.5.2 ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠡᠰ ᠬᠤᠪᠢᠶᠠᠬᠤ ᠪᠠᠷᠢᠮᠵᠢᠶ᠎ᠠ ᠪᠠᠭ᠎ᠠ ᠬᠡᠯᠪᠡᠷᠢ ᠶᠢᠨ ᠨᠤᠲᠤᠭ ᠪᠡᠯᠴᠢᠭᠡᠷ ᠤᠨ ᠭᠠᠯ ᠤᠨ ᠭᠠᠮᠰᠢᠭ᠄ ᠬᠤᠬᠢᠷᠠᠯ ᠠᠮᠰᠠᠭᠰᠠᠨ ᠨᠤᠲᠤᠭ ᠪᠡᠯᠴᠢᠭᠡᠷ ᠤᠨ ᠲᠡᠯᠡᠪᠡᠢ ᠨᠢ 10 ᠾᠧᠺᠲ᠋ᠠᠷ ᠠᠴᠠ ᠳᠣᠭᠤᠭᠰᠢ᠂ ᠡᠰᠡᠬᠦᠯ᠎ᠡ 1᠎ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ︔ ᠡᠰᠡᠬᠦᠯ᠎ᠡ ᠠᠵᠤ ᠠᠬᠤᠢ ᠶᠢᠨ ᠰᠢᠭᠤᠳ ᠬᠤᠬᠢᠷᠠᠯ ᠨᠢ 5000 ᠲᠥᠭᠦᠷᠢᠭ ᠠᠴᠠ ᠳᠣᠭᠤᠭᠰᠢ ᠪᠠᠶᠢᠬᠤ᠃ ᠡᠩ ᠤᠨ ︵Ⅳ ᠲᠠᠰ︶ ᠨᠤᠲᠤᠭ ᠪᠡᠯᠴᠢᠭᠡᠷ ᠤᠨ ᠭᠠᠯ ᠤᠨ ᠭᠠᠮᠰᠢᠭ᠄ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤ ᠨᠡᠶᠢᠴᠡᠬᠦ᠂ ᠬᠤᠬᠢᠷᠠᠯ ᠠᠮᠰᠠᠭᠰᠠᠨ ᠨᠤᠲᠤᠭ ᠪᠡᠯᠴᠢᠭᠡᠷ ᠤᠨ ᠲᠠᠯᠠᠪᠠᠶ ᠨᠢ 10 ᠾᠧᠺᠲ᠋ᠠᠷ ᠠᠴᠠ ᠳᠡᠭᠡᠭᠰᠢ 1000 ᠾᠧᠺᠲ᠋ᠠᠷ ᠠᠴᠠ ᠳᠣᠷᠣᠭᠰᠢ ᠪᠠᠶᠢᠬᠤ︔ 1᠎ ᠠᠴᠠ ᠳᠡᠭᠡᠭᠰᠢ 3᠎ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ︔ ᠠᠵᠤ ᠠᠬᠤᠢ ᠶᠢᠨ ᠰᠢᠭᠤᠳ ᠬᠤᠬᠢᠷᠠᠯ ᠨᠢ 5000 ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠭᠤᠭᠰᠢ ᠪᠠᠶᠢᠬᠤ᠃ ᠨᠡᠯᠢᠶᠡᠳ ᠶᠡᠭᠡ ︵Ⅲ ᠲᠠᠰ︶ ᠨᠤᠲᠤᠭ ᠪᠡᠯᠴᠢᠭᠡᠷ ᠤᠨ ᠭᠠᠯ ᠤᠨ ᠭᠠᠮᠰᠢᠭ᠄ ᠳᠣᠣᠷᠠᠬᠢ ᠨᠥᠬᠦᠴᠡᠯ ᠤᠳ ᠤᠨ ᠨᠢᠭᠡ ᠎ ᠳᠤᠨᠢ ᠨᠡᠶᠢᠴᠡᠬᠦ᠂ ᠭᠠᠮᠰᠢᠭᠳᠠᠭᠰᠠᠨ ᠨᠤᠲᠤᠭ ᠪᠡᠯᠴᠢᠭᠡᠷ ᠤᠨ ᠲᠠᠯᠠᠪᠠᠶ ᠨᠢ 1000 ᠾᠧᠺᠲ᠋ᠠᠷ ᠠᠴᠠ ᠳᠡᠭᠡᠭᠰᠢ 5000 ᠾᠧᠺᠲ᠋ᠠᠷ ᠠᠴᠠ ᠳᠣᠷᠣᠭᠰᠢ ᠪᠠᠶᠢᠬᠤ︔ 3᠎ ᠠᠴᠠ ᠳᠣᠭᠤᠭᠰᠢ ᠬᠥᠮᠥᠨ ᠢ ᠦᠬᠦᠭᠦᠯᠦᠭᠰᠡᠨ ᠪᠤᠶᠤ 3᠎ ᠠᠴᠠ ᠳᠡᠭᠡᠭᠰᠢ 10᠎ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ︔ ᠠᠵᠤ ᠠᠬᠤᠢ ᠶᠢᠨ ᠰᠢᠭᠤᠳ ᠬᠤᠬᠢᠷᠠᠯ ᠨᠢ 50 ᠲᠦᠮᠡᠨ ᠲᠥᠭᠦᠷᠢᠭ ᠠᠴᠠ ᠳᠡᠭᠡᠭᠰᠢ 300 ᠲᠦᠮᠡᠨ ᠲᠥᠭᠦᠷᠢᠭ ᠠᠴᠠ ᠳᠣᠭᠤᠭᠰᠢ ᠪᠠᠶᠢᠬᠤ᠃ ᠬᠦᠨᠳᠦ ᠶᠡᠭᠡ ︵Ⅱ ᠲᠠᠰ︶ ᠨᠤᠲᠤᠭ ᠪᠡᠯᠴᠢᠭᠡᠷ ᠤᠨ ᠭᠠᠯ ᠤᠨ ᠭᠠᠮᠰᠢᠭ᠄ ᠳᠣᠣᠷᠠᠬᠢ ᠨᠥᠬᠦᠴᠡᠯ ᠤᠳ ᠤᠨ ᠨᠢᠭᠡ ᠳᠤ ᠨᠡᠶᠢᠴᠡᠬᠦ᠂ ᠭᠠᠮᠰᠢᠭᠳᠠᠭᠰᠠᠨ ᠨᠤᠲᠤᠭ ᠪᠡᠯᠴᠢᠭᠡᠷ ᠤᠨ ᠲᠠᠯᠠᠪᠠᠶ ᠨᠢ 5000 ᠾᠧᠺᠲ᠋ᠠᠷ ᠠᠴᠠ ᠳᠡᠭᠡᠭᠰᠢ 8000 ᠾᠧᠺᠲ᠋ᠠᠷ ᠠᠴᠠ ᠳᠣᠷᠣᠭᠰᠢ ᠪᠠᠶᠢᠬᠤ︔ 3᠎ ᠠᠴᠠ ᠳᠡᠭᠡᠭᠰᠢ 10᠎ ᠠᠴᠠ ᠳᠣᠭᠤᠭᠰᠢ ᠬᠥᠮᠥᠨ ᠢ ᠦᠬᠦᠭᠦᠯᠦᠭᠰᠡᠨ ᠪᠤᠶᠤ ᠨᠡᠶᠢᠳᠡ 10᠎ ᠠᠴᠠ ᠳᠡᠭᠡᠭᠰᠢ 20᠎ ᠠᠴᠠ ᠳᠣᠭᠤᠭᠰᠢ ᠬᠥᠮᠥᠨ ᠢ ᠦᠬᠦᠭᠦᠯᠦᠭᠰᠡᠨ ᠪᠤᠶᠤ ᠬᠦᠨᠳᠦ ᠰᠢᠷᠬᠠᠲᠤᠭᠤᠯᠤᠭᠰᠠᠨ︔ ᠠᠵᠤ ᠠᠬᠤᠢ ᠶᠢᠨ ᠰᠢᠭᠤᠳ ᠬᠤᠬᠢᠷᠠᠯ ᠨᠢ 300 ᠲᠦᠮᠡᠨ ᠲᠥᠭᠦᠷᠢᠭ ᠠᠴᠠ ᠳᠡᠭᠡᠭᠰᠢ 500 ᠲᠦᠮᠡᠨ ᠲᠥᠭᠦᠷᠢᠭ ᠠᠴᠠ ᠳᠣᠭᠤᠭᠰᠢ ᠪᠠᠶᠢᠬᠤ᠃ ᠣᠨᠴᠠ ᠶᠡᠭᠡ ︵I ᠲᠠᠰ︶ ᠨᠤᠲᠤᠭ ᠪᠡᠯᠴᠢᠭᠡᠷ ᠤᠨ ᠭᠠᠯ ᠤᠨ ᠭᠠᠮᠰᠢᠭ᠄ ᠳᠣᠣᠷᠠᠬᠢ ᠨᠥᠬᠦᠴᠡᠯ ᠤᠳ ᠤᠨ ᠨᠢᠭᠡ ᠳᠤ ᠨᠡᠶᠢᠴᠡᠬᠦ᠂ ᠬᠤᠬᠢᠷᠠᠯ ᠠᠮᠰᠠᠭᠰᠠᠨ ᠨᠤᠲᠤᠭ ᠪᠡᠯᠴᠢᠭᠡᠷ ᠤᠨ ᠲᠠᠯᠠᠪᠠᠶ ᠨᠢ 8000 ᠾᠧᠺᠲ᠋ᠠᠷ ᠠᠴᠠ ᠳᠡᠭᠡᠭᠰᠢ ᠪᠠᠶᠢᠬᠤ ︔ 10᠎ ᠠᠴᠠ ᠳᠡᠭᠡᠭᠰᠢ ᠬᠥᠮᠥᠨ ᠢ ᠦᠬᠦᠭᠦᠯᠦᠭᠰᠡᠨ᠂ ᠡᠰᠡᠬᠦᠯ᠎ᠡ ᠨᠡᠶᠢᠳᠡ 20᠎ ᠠᠴᠠ ᠳᠡᠭᠡᠭᠰᠢ ᠬᠥᠮᠥᠨ ᠢ ᠦᠬᠦᠭᠦᠯᠦᠭᠰᠡᠨ ᠪᠤᠶᠤ ᠬᠦᠨᠳᠦ ᠰᠢᠷᠬᠠᠲᠤᠭᠤᠯᠤᠭᠰᠠᠨ︔ ᠠᠵᠤ ᠠᠬᠤᠢ ᠶᠢᠨ ᠰᠢᠭᠤᠳ ᠬᠤᠬᠢᠷᠠᠯ ᠨᠢ 500 ᠲᠦᠮᠡᠨ ᠲᠥᠭᠦᠷᠢᠭ ᠠᠴᠠ ᠳᠡᠭᠡᠭᠰᠢ ᠪᠠᠶᠢᠬᠤ᠃ 2 ᠭᠤᠣᠯ ᠡᠭᠦᠷᠭᠡ 2.1 ᠤᠯᠠᠨ ᠲᠦᠮᠡᠨ ᠢ ᠠᠪᠤᠷᠠᠨ ᠲᠠᠷᠬᠠᠭᠠᠬᠤᠰᠦᠷᠳᠡᠭᠦᠯᠦᠯ ᠳᠤ ᠤᠴᠠᠷᠠᠭᠰᠠᠨ ᠤᠯᠠᠨ ᠲᠦᠮᠡᠨ ᠢ ᠠᠪᠤᠷᠠᠬᠤ᠂ ᠰᠢᠯᠵᠢᠭᠦᠯᠬᠦ᠂ ᠲᠠᠷᠬᠠᠭᠠᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠴᠠᠭ ᠲᠤᠬᠠᠢ ᠳᠤᠨᠢ ᠲᠣᠬᠢᠲᠠᠢ ᠳᠥᠪᠬᠢᠨᠡᠭᠦᠯᠦᠨ ᠴᠢᠬᠤᠯᠠ ᠪᠦᠬᠦᠢ ᠡᠮᠨᠡᠯᠭᠡ ᠶᠢᠨ ᠠᠪᠤᠷᠠᠨ ᠵᠠᠰᠠᠯᠲᠠ ᠶᠢ ᠥᠷᠨᠢᠭᠦᠯᠦᠨ᠎ᠡ᠃ 2.2 ᠭᠠᠯ ᠰᠡᠷᠭᠡᠶᠢᠯᠡᠨ ᠤᠨᠲᠠᠷᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠬᠥᠮᠥᠰ ᠤᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠤᠨ ᠳᠣᠣᠷ᠎ᠠ᠂ ᠡᠯ᠎ᠡ ᠵᠦᠢᠯ ᠤᠨ ᠠᠷᠭ᠎ᠠ ᠪᠠᠷᠢᠯ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠪᠠᠶᠢᠭᠠᠳ ᠢᠯᠠ ᠭᠠᠯ ᠢ ᠤᠨᠲᠠᠷᠠᠭᠠᠵᠤ᠂ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠮᠠᠯᠲᠠᠵᠤ ︵ᠪᠠᠶᠢᠷᠢᠯᠠᠭᠤᠯᠬᠤ︶ ᠭᠠᠯ ᠤᠨ ᠹᠷᠣᠨᠲ ᠢᠶᠠᠨ ᠴᠡᠪᠡᠷᠯᠡᠬᠦ ᠬᠡᠷᠡᠭᠲᠡᠢ᠃ ᠭᠠᠯ ᠤᠨ ᠲᠠᠯᠠᠪᠠᠶ ᠶᠢ ᠰᠠᠬᠢᠨ ᠬᠠᠮᠠᠭᠠᠯᠠᠵᠤ᠂ ᠡᠭᠦᠰᠦᠮᠡᠯ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ 2.3 ᠬᠠᠮᠠᠭᠠᠯᠠᠯᠲᠠ ᠶᠢᠨ ᠴᠢᠬᠤᠯᠠ ᠬᠠᠷᠠᠯᠲᠠ ᠠᠷᠠᠳ ᠤᠨ ᠠᠮᠢᠳᠤᠷᠠᠯ ᠪᠠ ᠴᠡᠷᠢᠭ ᠤᠨ ᠶᠠᠪᠤᠳᠠᠯ ᠤᠨ ᠴᠢᠬᠤᠯᠠ ᠬᠠᠷᠠᠯᠲᠠ ᠶᠢ ᠬᠠᠮᠠᠭᠠᠯᠠᠬᠤ ᠶᠢᠨ ᠬᠠᠮᠲᠤ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠠᠮᠤᠷ ᠲᠦᠪᠰᠢᠨ ᠢ ᠦᠨᠡᠨ ᠬᠦ ᠪᠠᠲᠣᠯᠠᠨ᠎ᠠ᠃ 2.4 ᠴᠢᠬᠤᠯᠠ ᠡᠳ᠋ ᠪᠣᠳᠠᠰ ᠢ ᠰᠢᠯᠵᠢᠭᠦᠯᠬᠦ ᠴᠢᠬᠤᠯᠠ ᠡᠳ᠋ ᠪᠣᠳᠠᠰ ᠢ ᠵᠠᠪᠳᠤᠨ ᠠᠪᠤᠷᠠᠬᠤ᠂ ᠵᠥᠭᠡᠭᠡᠪᠦᠷᠢᠯᠡᠨ ᠬᠦᠷᠭᠡᠬᠦ᠂ ᠰᠢᠯᠵᠢᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ 2.5 ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠭᠠᠯ ᠤᠨ ᠠᠶᠤᠯ ᠭᠠᠷᠤᠭᠰᠠᠨ ᠭᠠᠵᠠᠷ ᠣᠷᠣᠨ ᠬᠢᠭᠡᠳ ᠡᠷᠬᠢᠨ ᠲᠣᠭᠤᠷᠢᠨ ᠤ ᠨᠡᠶᠢᠭᠡᠮ ᠤᠨ ᠠᠮᠤᠷ ᠢ ᠬᠠᠮᠠᠭᠠᠯᠠᠬᠤ ᠪᠠ ᠤᠯᠠᠨ ᠨᠡᠶᠢᠲᠡ ᠶᠢᠨ ᠠᠮᠤᠷ ᠲᠦᠪᠰᠢᠨ ᠤ ᠠᠵᠢᠯ ᠢ ᠴᠢᠩᠭᠠᠳᠬᠠᠨ᠂ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠵᠦ᠂ ᠭᠤᠣᠯᠳᠠᠯᠭ᠎ᠠ ᠲᠠᠢ ᠬᠠᠷᠠᠯᠲᠠ ᠶᠢᠨ ᠰᠠᠬᠢᠨ ᠬᠠᠮᠠᠭᠠᠯᠠᠬᠤ ᠪᠠ ᠠᠮᠤᠷ ᠢ ᠬᠠᠮᠠᠭᠠᠯᠠᠬᠤ ᠲᠣᠭᠤᠷᠢᠨ ᠴᠠᠭᠳᠠᠬᠤ ᠶᠢ ᠴᠢᠩᠭᠠᠳᠬᠠᠨ᠂ ᠭᠠᠯ ᠤᠨ ᠠᠶᠤᠯ ᠭᠠᠷᠤᠭᠰᠠᠨ ᠭᠠᠵᠠᠷ ᠣᠷᠣᠨ ᠬᠢᠭᠡᠳ ᠡᠷᠬᠢᠨ ᠲᠣᠭᠤᠷᠢᠨ ᠤ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠬᠠᠮᠠᠭᠠᠯᠠᠨ᠎ᠠ᠃ 3 ᠵᠣᠬᠢᠶᠠᠨ ᠪᠠᠶᠢᠭᠤᠯᠤᠯᠲᠠ ᠶᠢᠨ ᠵᠢᠯᠤᠭᠤᠳᠬᠤ ᠰᠢᠰᠲ᠋ᠧᠮ 3.1 ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠰᠢᠯᠢ ᠶᠢᠨ ᠬᠤᠲᠠ ᠶᠢᠨ ᠣᠶ ᠰᠢᠭᠤᠢ ᠶᠢᠨ ᠰᠡᠷᠭᠡᠶᠢᠯᠡᠯᠲᠡ ᠭᠡᠳᠡᠭ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠭᠠᠳᠤ ᠳᠤ  ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠵᠢᠯᠤᠭᠤᠳᠬᠤ ᠶᠢ ᠬᠠᠷᠢᠭᠤᠴᠠᠨ᠎ᠠ᠃ ᠶᠡᠷᠦᠩᠬᠡᠢ ᠵᠢᠯᠣᠭᠤᠳᠤᠭᠴᠢ᠄ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠪᠠᠶᠢᠩᠭᠤ ᠶᠢᠨ ᠳᠡᠳ᠋ ᠶᠡᠷᠦᠩᠬᠡᠢ ᠵᠢᠯᠣᠭᠤᠳᠤᠭᠴᠢ᠄ ᠬᠤᠳᠠ ᠶᠢᠨ ᠳᠡᠳ᠋ ᠳᠠᠷᠤᠭ᠎ᠠ ︵ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ︶᠂ ᠬᠤᠳᠠ ᠶᠢᠨ ᠳᠡᠳ᠋ ᠳᠠᠷᠤᠭ᠎ᠠ ᠳᠡᠳ᠋ ᠶᠡᠷᠦᠩᠬᠡᠢ ᠵᠢᠯᠣᠭᠤᠳᠤᠭᠴᠢ᠄ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ︵ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ ᠪᠦᠷᠢᠯᠳᠦᠭᠦᠨ᠄ ᠠᠶᠢᠮᠠᠭ ᠤᠨ ᠴᠠᠭ ᠠᠭᠤᠷ ᠤᠨ ᠲᠣᠪᠴᠢᠶ᠎ᠠ ᠶᠢᠨ ᠴᠠᠭ ᠠᠭᠤᠷ ᠤᠨ ᠬᠤᠷᠢᠶ᠎ᠠ ᠶᠢᠨ ᠳᠠᠷᠤᠭ᠎ᠠ᠂ ᠡᠷᠢᠶᠡᠨ ᠰᠤᠮᠤᠨ ᠤ ᠴᠢᠯᠠᠭᠤᠨ ᠲᠣᠰᠣᠨ ᠤ ᠠᠭᠤᠷᠬᠠᠢ ᠶᠢᠨ ᠭᠠᠯ ᠤᠨᠲᠠᠷᠠᠭᠠᠬᠤ ᠰᠠᠯᠪᠤᠷᠢ ᠠᠩᠭᠢ ᠶᠢᠨ ᠳᠠᠷᠤᠭ᠎ᠠ᠂ ᠪᠠᠶᠠᠨᠰᠢᠯᠢ ᠮᠠᠯᠵᠢᠯ ᠤᠨ ᠲᠠᠯᠠᠪᠠᠶ ᠶᠢᠨ ᠳᠠᠷᠤᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ ︵ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ︶᠂ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠡᠷᠬᠢᠯᠡᠭᠴᠢ᠂ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ᠂ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ᠂ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ᠂ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠭ᠎ᠠ ᠶᠢᠨ ᠲᠣᠪᠴᠢᠶᠠᠨ ᠤ ᠳᠠᠷᠤᠭ᠎ᠠ᠂ ᠵᠠᠮ ᠬᠠᠷᠢᠯᠴᠠᠭᠠᠨ ᠤ ᠲᠣᠪᠴᠢᠶᠠᠨ ᠤ ᠳᠠᠷᠤᠭ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ᠂ ᠰᠣᠶᠣᠯ ᠲᠠᠮᠢᠷ ᠤᠨ ᠲᠣᠪᠴᠢᠶᠠᠨ ᠤ ᠳᠠᠷᠤᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ᠂ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ᠂ ᠰᠢᠭᠦᠬᠦ ᠬᠤᠷᠢᠶᠠᠨ ᠤ ᠳᠡᠳ᠋ ᠳᠠᠷᠤᠭ᠎ᠠ᠂ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ᠂ ᠭᠠᠯ ᠤᠨᠲᠠᠷᠠᠭᠠᠯᠲᠠ ᠶᠢᠨ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ᠂ ᠣᠶ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ ᠶᠢᠨ ᠳᠤᠮᠳᠠ ᠠᠩᠭᠢ ᠶᠢᠨ ᠳᠠᠷᠤᠭ᠎ᠠ᠂ ᠪᠤᠯᠠᠭᠠᠨ ᠰᠤᠮᠤᠨ ᠤ ᠳᠠᠷᠤᠭ᠎ᠠ᠂ ᠪᠠᠶᠠᠨᠪᠣᠯᠠᠭ ᠰᠤᠮᠤᠨ ᠤ ᠳᠠᠷᠤᠭ᠎ᠠ᠂ ᠴᠣᠭᠠᠭᠤᠯᠠ ᠰᠤᠮᠤᠨ ᠤ ᠳᠠᠷᠤᠭ᠎ᠠ᠂ ᠷᠠᠰᠢᠶᠠᠨᠪᠣᠯᠠᠭ ᠪᠠᠯᠭᠠᠰᠤᠨ ᠤ ᠳᠠᠷᠤᠭ᠎ᠠ᠂ ᠮᠣᠳᠤᠨ ᠮᠠᠯᠵᠢᠯ ᠤᠨ ᠲᠠᠯᠠᠪᠠᠶ ᠶᠢᠨ ᠳᠠᠷᠤᠭ᠎ᠠ᠂ ᠪᠢᠯᠢᠭ ᠮᠠᠯᠵᠢᠯ ᠤᠨ ᠲᠠᠯᠠᠪᠠᠶ ᠶᠢᠨ ᠳᠠᠷᠤᠭ᠎ᠠ᠂ ᠸᠧ ᠶᠤᠸᠠᠨ ᠰᠠᠭᠠᠯᠢ ᠶᠢᠨ ᠦᠨᠢᠶᠡᠨ ᠤ ᠲᠠᠯᠠᠪᠠᠶ ᠶᠢᠨ ᠳᠠᠷᠤᠭ᠎ᠠ᠂ ᠪᠤᠯᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠬᠠᠩᠭᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠴᠢᠭᠤᠯᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠰᠢᠷᠠᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠡᠷᠳᠡᠨᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠡᠮᠦᠨ᠎ᠡ ᠲᠡᠭᠦᠷᠭᠡ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠪᠠᠶᠠᠨᠴᠠᠭᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠴᠡᠴᠡᠷᠯᠢᠭ ᠨᠣᠭᠤᠭᠠᠷᠠᠭᠤᠯᠬᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠴᠤ ᠬᠠᠮᠠᠭᠠᠯᠠᠬᠤ ᠲᠥᠪ ᠤᠨ ᠡᠷᠬᠢᠯᠡᠭᠴᠢ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠭᠠᠵᠠᠷ ᠤᠨ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ᠂ ᠪᠠᠶᠠᠨᠬᠦ᠋ᠷᠢᠶ᠎ᠠ ᠮᠠᠯᠵᠢᠯ ᠤᠨ ᠲᠠᠯᠠᠪᠠᠶ ᠶᠢᠨ ᠳᠠᠷᠤᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠥᠷᠲᠡᠭᠡ ᠶᠢᠨ ᠳᠠᠷᠤᠭ᠎ᠠ᠂ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠬᠥᠭᠵᠢᠯᠲᠡ ᠶᠢᠨ ᠲᠥᠪ ᠤᠨ ᠡᠷᠬᠢᠯᠡᠭᠴᠢ᠂ ᠰᠢᠯᠢ ᠶᠢᠨ ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠳᠠᠭᠠᠭᠠᠮᠠᠯ᠂ ᠰᠢᠯᠵᠢᠮᠡᠯ ᠬᠤᠯᠪᠣᠭᠠᠨ ᠤ ᠺᠣᠮᠫᠠᠨᠢ ᠶᠢᠨ ᠶᠡᠷᠦᠩᠬᠡᠢ ᠳᠠᠭᠠᠭᠠᠮᠠᠯ᠂ ᠬᠤᠯᠪᠤᠭᠠᠯᠠᠨ ᠨᠡᠪᠲᠡᠷᠡᠯᠴᠡᠬᠦ ᠺᠣᠮᠫᠠᠨᠢ ᠶᠢᠨ ᠶᠡᠷᠦᠩᠬᠡᠢ ᠳᠠᠭᠠᠭᠠᠮᠠᠯ᠂ ᠴᠠᠬᠢᠯᠭᠠᠨ ᠬᠤᠯᠪᠣᠭᠠᠨ ᠤ ᠺᠣᠮᠫᠠᠨᠢ ᠶᠢᠨ ᠶᠡᠷᠦᠩᠬᠡᠢ ᠳᠠᠭᠠᠭᠠᠮᠠᠯ᠃ ᠵᠢᠯᠤᠭᠤᠳᠬᠤ ᠭᠠᠵᠠᠷ ᠤᠨ ᠠᠯᠪᠠᠨ ᠭᠡᠷ ᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠬᠠᠪᠰᠤᠷᠭᠠᠨ ᠬᠠᠷᠢᠭᠤᠴᠠᠵᠤ᠂ ᠪᠠᠶᠢᠩᠭᠤ ᠶᠢᠨ ᠳᠡᠳ᠋ ᠡᠷᠬᠢᠯᠡᠭᠴᠢ ᠶᠢ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ ᠶᠢ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠬᠠᠪᠰᠤᠷᠭᠠᠨ ᠬᠠᠷᠢᠭᠤᠴᠠᠨ᠎ᠠ᠃ ᠵᠢᠵᠢᠭᠦᠷ ᠤᠨ ᠤᠲᠠᠰᠤ᠄ 8262294᠂ 8102873᠃ ᠬᠤᠶᠢᠰᠢᠳᠠ ᠬᠤᠳᠠ ᠶᠢᠨ ᠤᠳᠤᠷᠢᠳᠤᠯᠭ᠎ᠠ ᠶᠢ ᠭᠠᠷᠭᠠᠪᠠᠯ᠂ ᠪᠤᠰᠤᠳ ᠬᠥᠮᠥᠰ ᠲᠤ ᠬᠤᠪᠢᠷᠠᠯᠲᠠ ᠭᠠᠷᠪᠠᠯ᠂ ᠵᠢᠯᠤᠭᠤᠳᠬᠤ ᠭᠠᠵᠠᠷ ᠤᠨ ᠠᠯᠪᠠᠨ ᠭᠡᠷ ᠠᠴᠠ ᠥᠪᠡᠷᠰᠡᠳ ᠢᠶᠠᠨ ᠲᠣᠬᠢᠷᠠᠭᠤᠯᠤᠯᠲᠠ ᠬᠢᠵᠦ᠂ ᠵᠠᠰᠠᠭ ᠤᠨ ᠣᠷᠳᠣᠨ ᠤ ᠠᠯᠪᠠᠨ ᠭᠡᠷ ᠠᠴᠠ ᠠᠰ ᠲᠤᠨᠢ ᠠᠯᠪᠠᠨ ᠪᠢᠴᠢᠭ ᠶᠠᠪᠤᠭᠤᠯᠬᠤ ᠦᠭᠡᠢ᠃ ᠰᠢᠯᠢ ᠶᠢᠨ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠪᠣᠳᠠᠲᠠᠢ ᠪᠦᠷᠢᠯᠳᠦᠭᠦᠨ ᠢ ᠰᠢᠨ᠎ᠡ ᠪᠠᠷ ᠨᠡᠶᠢᠲᠡᠯᠡᠭᠰᠡᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠪᠤᠶᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ᠃ 3.2 ᠵᠢᠯᠤᠭᠤᠳᠬᠤ ᠨᠢᠭᠡᠴᠢ ᠶᠢᠨ ᠡᠭᠦᠷᠭᠡ ᠶᠢᠨ ᠬᠤᠪᠢᠶᠠᠷᠢᠯᠠᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠬᠠᠮᠵᠢᠨ ᠨᠡᠯᠢᠶᠡᠳ ᠶᠡᠭᠡ ᠠᠴᠠ ᠳᠡᠭᠡᠭᠰᠢᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠰᠤᠮᠤ ᠪᠠᠯᠭᠠᠰᠤ ᠲᠠᠯᠠᠪᠠᠶ᠂ ᠬᠡᠷᠡᠭ ᠡᠷᠬᠢᠯᠡᠬᠦ ᠭᠠᠵᠠᠷ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠶᠡᠷᠦᠩᠬᠡᠶᠢᠯᠡᠨ ᠵᠢᠯᠤᠭᠤᠳᠬᠤ ᠶᠢ ᠬᠠᠷᠢᠭᠤᠴᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠨᠲᠠᠷᠠᠭᠠᠬᠤ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ ᠵᠣᠬᠢᠴᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠬᠦᠨᠳᠦ ᠶᠡᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠢᠴᠢ ᠪᠤᠰᠤᠳ ᠵᠢᠯᠤᠭᠤᠳᠬᠤ ᠭᠠᠵᠠᠷ ᠤᠨ ᠳᠠᠭᠠᠵᠤ ᠰᠢᠢᠳᠪᠦᠷᠢᠯᠡᠬᠦ ᠴᠢᠬᠤᠯᠠᠲᠠᠢ ᠭᠠᠯ ᠤᠨ ᠭᠠᠮᠰᠢᠭ ᠢ ᠤᠨᠲᠠᠷᠠᠭᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ︔ ᠡᠯ᠎ᠡ ᠰᠠᠯᠠᠭ᠎ᠠ ᠮᠥᠴᠢᠷ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠪᠤᠰᠤᠳ ᠴᠢᠬᠤᠯᠠ ᠶᠡᠭᠡ ᠵᠦᠢᠯᠡᠰ ᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ︔ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠎ ᠠᠴᠠ ᠠᠪᠤᠷᠠᠬᠤ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠶᠡᠷᠦᠩᠬᠡᠶᠢᠯᠡᠨ ᠵᠢᠯᠤᠭᠤᠳᠴᠤ ᠵᠣᠬᠢᠴᠠᠭᠤᠯᠬᠤ ᠶᠢ ᠬᠠᠷᠢᠭᠤᠴᠠᠨ᠎ᠠ︔ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠤᠨ ᠲᠥᠯᠦᠪᠵᠢᠭᠦᠯᠭᠡ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ︔ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠶᠡᠷᠦᠩᠬᠡᠶᠢᠯᠡᠨ ᠵᠢᠯᠤᠭᠤᠳᠴᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠣᠶ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ ᠶᠢ ᠵᠣᠬᠢᠴᠠᠭᠤᠯᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠲᠠᠢ ᠬᠠᠮᠵᠢᠯᠴᠠᠨ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠥᠷᠨᠢᠭᠦᠯᠦᠨ᠎ᠡ︔ ᠬᠦᠨᠳᠦ ᠶᠡᠭᠡ ᠣᠨᠴᠠ ᠶᠡᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠰᠢᠮᠳᠠᠭᠤᠯᠤᠨ᠎ᠠ︔ ᠭᠠᠮᠰᠢᠭᠳᠠᠭᠰᠠᠨ ᠤᠯᠠᠨ ᠲᠦᠮᠡᠨ ᠤ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ︔ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠳᠤᠮᠳᠠᠬᠢ ᠴᠢᠬᠤᠯᠠ ᠠᠰᠠᠭᠤᠳᠠᠯ ᠪᠠ ᠪᠦᠷᠢᠯᠳᠦᠭᠦᠨ ᠨᠢᠭᠡᠴᠡ ᠶᠢᠨ ᠳᠤᠷᠠᠳᠤᠭᠰᠠᠨ ᠴᠢᠬᠤᠯᠠ ᠵᠦᠢᠯᠡᠰ ᠢ ᠵᠣᠬᠢᠴᠠᠭᠤᠯᠤᠨ ᠰᠢᠢᠳᠪᠦᠷᠢᠯᠡᠨ᠎ᠡ︔ ᠶᠡᠷᠦᠩᠬᠡᠢ ᠵᠢᠯᠣᠭᠤᠳᠤᠭᠴᠢ᠂ ᠳᠡᠳ᠋ ᠶᠡᠷᠦᠩᠬᠡᠢ ᠵᠢᠯᠣᠭᠤᠳᠤᠭᠴᠢ ᠶᠢᠨ ᠱᠠᠭᠠᠷᠳᠠᠯᠭ᠎ᠠ ᠶᠣᠰᠣᠭᠠᠷ᠂ ᠪᠡᠯᠡᠳᠬᠡᠯ ᠲᠥᠰᠥᠯ ᠢ ᠡᠬᠢᠯᠡᠭᠦᠯᠬᠦ ᠵᠢᠴᠢ ᠪᠤᠰᠤᠳ ᠵᠢᠯᠤᠭᠤᠳᠬᠤ ᠭᠠᠵᠠᠷ ᠤᠨ ᠳᠠᠭᠠᠵᠤ ᠰᠢᠢᠳᠪᠦᠷᠢᠯᠡᠬᠦ ᠴᠢᠬᠤᠯᠠᠲᠠᠢ ᠬᠠᠮᠢᠶ᠎ᠠ ᠪᠦᠬᠦᠢ ᠭᠠᠯ ᠤᠨ ᠠᠶᠤᠯ ᠢ ᠤᠨᠲᠠᠷᠠᠭᠠᠬᠤ ᠶᠢ ᠵᠣᠬᠢᠴᠠᠭᠤᠯᠤᠨ ᠵᠢᠯᠤᠭᠤᠳᠬᠤ ᠠᠵᠢᠯ ᠢ ᠰᠠᠶᠢᠲᠤᠷ ᠬᠢᠨ᠎ᠡ︔ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠨᠢᠭᠡᠳᠦᠯᠲᠡᠢ ᠤᠳᠤᠷᠢᠳᠤᠯᠭ᠎ᠠ ᠪᠠ ᠬᠠᠮᠢᠶᠠᠷᠤᠯᠲᠠ ᠶᠢᠨ ᠳᠣᠣᠷ᠎ᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠢ ᠥᠷᠨᠢᠭᠦᠯᠦᠨ᠎ᠡ︔ ᠵᠢᠯᠤᠭᠤᠳᠬᠤ ᠭᠠᠵᠠᠷ ᠤᠨ ᠲᠤᠰᠢᠶᠠᠭᠰᠠᠨ ᠪᠤᠰᠤᠳ ᠤᠴᠢᠷ ᠶᠠᠪᠤᠳᠠᠯ ᠢ ᠳᠠᠭᠠᠭᠠᠨ ᠭᠦᠢᠴᠡᠳᠬᠡᠨ᠎ᠡ᠃ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ ᠵᠢᠯᠤᠭᠤᠳᠬᠤ ᠭᠠᠵᠠᠷ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ︔ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠬᠠᠮᠢᠶ᠎ᠠ ᠪᠦᠬᠦᠢ ᠠᠵᠢᠯ ᠢ ᠪᠣᠳᠠᠲᠠᠢ ᠬᠠᠷᠢᠭᠤᠴᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠡᠷᠲᠡ ᠰᠢᠢᠳᠪᠦᠷᠢᠯᠡᠬᠦ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠵᠢᠯᠤᠭᠤᠳᠬᠤ ᠭᠠᠵᠠᠷ ᠲᠤ ᠬᠠᠮᠲᠤᠷᠠᠭᠰᠠᠨ ᠬᠤᠷᠠᠯ ᠬᠤᠷᠠᠯᠳᠤᠭᠤᠯᠬᠤ ᠪᠠᠷ ᠳᠡᠪᠰᠢᠭᠦᠯᠵᠦ᠂ ᠣᠨ ᠤ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠤᠳᠤᠯᠤᠨ ᠪᠠᠶᠢᠷᠢᠯᠠᠭᠤᠯᠤᠨ᠎ᠠ︔ ᠬᠤᠯᠪᠣᠭᠳᠠᠯ ᠪᠦᠬᠦᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠠᠶᠢᠴᠠᠭᠠᠵᠤ ᠦᠨᠡᠯᠡᠨ ᠵᠢᠱᠢᠵᠦ ᠰᠢᠢᠳᠪᠦᠷᠢᠯᠡᠬᠦ ᠪᠠ ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠴᠢᠬᠤᠯᠠ ᠲᠠᠢ ᠦᠶ᠎ᠡ ᠳᠤ᠂ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠠᠴᠠ ᠪᠣᠳᠠᠲᠠᠢ ᠲᠥᠰᠥᠯ ᠳᠤᠷᠠᠳᠴᠤ᠂ ᠵᠢᠯᠤᠭᠤᠳᠬᠤ ᠭᠠᠵᠠᠷ ᠲᠤ ᠮᠡᠳᠡᠭᠦᠯᠦᠨ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠨᠡᠷ᠎ᠡ ᠪᠠᠷ ᠬᠠᠮᠢᠶ᠎ᠠ ᠪᠦᠬᠦᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠵᠤ ᠪᠣᠯᠣᠨ᠎ᠠ᠃ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ ᠶᠢᠨ ᠴᠢᠬᠤᠯᠠ ᠠᠷᠭ᠎ᠠ ᠬᠡᠮᠵᠢᠶ᠎ᠡ ᠶᠢᠨ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠎ᠡ︔ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠶᠢᠳᠠᠯ ᠢ ᠵᠠᠳᠠᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠮᠡᠳᠡᠭᠡ ᠵᠠᠩᠭᠢ ᠪᠠ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢ ᠰᠤᠳᠤᠯᠤᠨ ᠮᠠᠭᠠᠳᠯᠠᠵᠤ ᠨᠡᠶᠢᠲᠡᠯᠡᠨ᠎ᠡ︔ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ᠂ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ︔ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ︔ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ︔ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠰᠢᠭᠤᠶᠢᠲᠤ ᠣᠷᠣᠨ ᠪᠠ ᠨᠤᠲᠤᠭ ᠪᠡᠯᠴᠢᠭᠡᠷ ᠤᠨ ᠮᠠᠯᠵᠢᠬᠤ ᠣᠷᠣᠨ ᠤ ᠲᠤᠰᠬᠠᠢ ᠡᠩᠨᠡᠭᠡ ᠶᠢᠨ ᠪᠠᠶᠢᠭᠤᠯᠤᠯᠲᠠ᠂ ᠤᠬᠠᠭᠤᠯᠭ᠎ᠠ ᠬᠥᠮᠦᠵᠢᠯ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠣᠨ ᠤ ᠠᠵᠢᠯ ᠤᠨ ᠭᠤᠣᠯᠳᠠᠯᠭ᠎ᠠ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠥᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠠᠮᠢᠶ᠎ᠠ ᠪᠦᠬᠦᠢ ᠨᠢᠭᠡᠴᠡ ᠯᠦᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠨ᠎ᠠ︔ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠢᠮᠳᠠᠭᠤᠯᠤᠨ ᠪᠠᠶᠢᠴᠠᠭᠠᠬᠤ᠂ ᠪᠣᠯᠵᠣᠨ ᠶᠠᠷᠢᠯᠴᠠᠬᠤ ᠵᠡᠷᠭᠡ ᠠᠵᠢᠯ ᠢ ᠵᠣᠬᠢᠶᠠᠨ ᠪᠠᠶᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠬᠠᠷᠢᠭᠤᠴᠠᠨ᠎ᠠ︔ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠳᠠᠯ ᠢ ᠶᠡᠷᠦᠩᠬᠡᠶᠢᠯᠡᠨ ᠬᠤᠷᠢᠶᠠᠩᠭᠤᠶᠢᠯᠠᠬᠤ ᠪᠠ ᠵᠠᠷᠯᠠᠨ ᠮᠡᠳᠡᠭᠳᠡᠨ᠎ᠡ︔ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠶᠡᠷᠦᠩᠬᠡᠶᠢᠯᠡᠭᠰᠡᠨ ᠰᠣᠷᠢᠯᠲᠠ᠂ ᠠᠵᠢᠯ ᠤᠨ ᠬᠤᠷᠠᠯ᠂ ᠪᠢᠴᠢᠭ ᠮᠠᠲ᠋ᠧᠷᠢᠶᠠᠯ ᠲᠤᠭᠤᠷᠪᠢᠬᠤ᠂ ᠳᠦᠷᠢᠮ ᠲᠣᠭᠲᠠᠭᠠᠬᠤ᠂ ᠬᠡᠷᠡᠭ ᠵᠥᠪᠯᠡᠬᠦ ᠵᠦᠢᠯᠡᠰ ᠢ ᠮᠥᠷᠳᠡᠨ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠢ ᠳᠠᠭᠠᠭᠠᠨ ᠭᠦᠢᠴᠡᠳᠬᠡᠨ᠎ᠡ︔ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠡᠳ᠋ ᠪᠠᠷᠠᠭ᠎ᠠ ᠶᠢᠨ ᠨᠥᠭᠡᠴᠡᠯᠡᠯᠲᠡ ᠶᠢ ᠬᠠᠮᠢᠶᠠᠷᠴᠤ ᠲᠣᠬᠢᠷᠠᠭᠤᠯᠬᠤ ᠵᠡᠷᠭᠡ ᠠᠵᠢᠯ ᠢ ᠬᠠᠷᠢᠭᠤᠴᠠᠨ᠎ᠠ︔ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠡ ᠶᠢᠨ ᠡᠳᠦᠷ ᠲᠤᠲᠤᠮ ᠤᠨ ᠵᠣᠬᠢᠴᠠᠭᠤᠯᠤᠨ ᠬᠠᠷᠢᠯᠴᠠᠬᠤ ᠠᠵᠢᠯ ᠢ ᠬᠠᠷᠢᠭᠤᠴᠠᠨ᠎ᠠ︔ ᠵᠢᠯᠤᠭᠤᠳᠬᠤ ᠭᠠᠵᠠᠷ ᠤᠨ ᠲᠤᠰᠢᠶᠠᠭᠰᠠᠨ ᠪᠤᠰᠤᠳ ᠤᠴᠢᠷ ᠶᠠᠪᠤᠳᠠᠯ ᠢ ᠳᠠᠭᠠᠭᠠᠨ ᠭᠦᠢᠴᠡᠳᠬᠡᠬᠦ ᠶᠢ ᠬᠠᠷᠢᠭᠤᠴᠠᠨ᠎ᠠ᠃ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠄ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠬᠠᠮᠢᠶ᠎ᠠ ᠪᠦᠬᠦᠢ ᠠᠵᠢᠯ ᠢ ᠪᠣᠳᠠᠲᠠᠢ ᠬᠠᠷᠢᠭᠤᠴᠠᠵᠤ᠂ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠡᠳᠦᠷ ᠲᠤᠲᠤᠮ ᠤᠨ ᠪᠠᠶᠢᠴᠠᠭᠠᠯᠲᠠ᠂ ᠤᠬᠠᠭᠤᠯᠭ᠎ᠠ ᠬᠥᠮᠦᠵᠢᠯ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠶᠢ ᠵᠢᠯᠣᠭᠤᠳᠤᠨ ᠥᠷᠨᠢᠭᠦᠯᠬᠦ ᠶᠢᠨ ᠬᠠᠮᠲᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠡᠷᠲᠡ ᠰᠢᠢᠳᠪᠦᠷᠢᠯᠡᠬᠦ᠂ ᠡᠷᠲᠡ ᠠᠴᠠ ᠪᠠᠭ᠎ᠠ ᠪᠣᠯᠭᠠᠬᠤ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠭᠠᠯ ᠭᠠᠷᠤᠭᠰᠠᠨ ᠭᠠᠵᠠᠷ ᠲᠤ ᠬᠠᠮᠤᠭ ᠤᠨ ᠲᠡᠷᠢᠭᠦᠨ ᠳᠤ ᠬᠦᠷᠴᠦ᠂ ᠭᠠᠯ ᠭᠠᠷᠤᠭᠰᠠᠨ ᠬᠡᠷᠡᠭ ᠢ ᠪᠠᠶᠢᠴᠠᠭᠠᠬᠤ᠂ ᠭᠡᠷᠡᠴᠢ ᠠᠪᠬᠤ᠂ ᠰᠢᠳᠬᠡᠨ ᠲᠣᠷᠭᠠᠬᠤ ᠠᠵᠢᠯ ᠢ ᠰᠠᠶᠢᠲᠤᠷ ᠬᠢᠨ᠎ᠡ᠃ ᠬᠡᠷᠪᠡ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠢᠶᠠᠷ ᠰᠢᠢᠳᠪᠦᠷᠢᠯᠡᠭᠦᠯᠬᠦ ᠴᠢᠬᠤᠯᠠᠲᠠᠢ ᠬᠡᠷᠡᠭ ᠢ ᠴᠠᠭ ᠲᠤᠬᠠᠢ ᠳᠤᠨᠢ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠵᠢᠯᠴᠠᠨ ᠪᠠᠶᠢᠴᠠᠭᠠᠵᠤ ᠭᠡᠷᠡᠴᠢ ᠠᠪᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠭᠠᠮᠰᠢᠭᠳᠠᠭᠰᠠᠨ ᠮᠠᠯᠴᠢᠳ ᠤᠨ ᠮᠠᠯ ᠤᠨᠤᠭ᠎ᠠ ᠶᠢ ᠰᠢᠯᠵᠢᠭᠦᠯᠬᠦ ᠠᠵᠢᠯ ᠢ ᠬᠠᠷᠢᠭᠤᠴᠠᠨ ᠰᠠᠶᠢᠲᠤᠷ ᠬᠢᠵᠦ᠂ ᠭᠠᠮᠰᠢᠭᠳᠠᠭᠰᠠᠨ ᠠᠷᠠᠳ ᠢ ᠵᠣᠬᠢᠶᠠᠨ ᠪᠠᠶᠢᠭᠤᠯᠤᠨ ᠦᠢᠯᠡᠳᠪᠦᠷᠢᠯᠡᠯ ᠢ ᠰᠡᠷᠭᠦᠭᠡᠬᠦ᠂ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠥᠷᠨᠢᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠭᠠᠯ ᠤᠨ ᠬᠡᠷᠡᠭ ᠢ ᠲᠠᠩᠨᠠᠨ ᠢᠯᠡᠷᠡᠭᠦᠯᠬᠦ ᠠᠵᠢᠯ ᠢ ᠬᠠᠷᠢᠭᠤᠴᠠᠨ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠢ ᠰᠢᠳᠬᠡᠨ ᠲᠣᠷᠭᠠᠬᠤ ᠠᠵᠢᠯ ᠢ ᠥᠷᠨᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠠᠴᠠ ᠪᠣᠯᠵᠤ ᠮᠡᠳᠡᠬᠦ ᠬᠦᠨᠳᠦ ᠶᠡᠭᠡ ᠨᠡᠶᠢᠭᠡᠮ ᠤᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠤᠨ ᠠᠰᠠᠭᠤᠳᠠᠯ ᠢ ᠤᠷᠢᠳᠴᠢᠯᠠᠨ ᠮᠠᠭᠠᠳᠯᠠᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠢᠯᠣᠭᠤᠳᠤᠨ ᠬᠠᠮᠵᠢᠯᠴᠠᠵᠤ ᠪᠠᠶᠢᠭᠠᠳ ᠰᠡᠷᠭᠡᠶᠢᠯᠡᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ ᠴᠠᠭ ᠠᠭᠤᠷ ᠤᠨ ᠲᠣᠪᠴᠢᠶ᠎ᠠ᠄ ᠭᠠᠯ ᠭᠠᠷᠤᠭᠰᠠᠨ ᠭᠠᠵᠠᠷ ᠤᠨ ᠴᠠᠭ ᠠᠭᠤᠷ ᠤᠨ ᠪᠣᠳᠠᠲᠤ ᠪᠠᠶᠢᠳᠠᠯ ᠪᠠ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠭᠤᠣᠯᠳᠠᠯᠭ᠎ᠠ ᠲᠠᠢ ᠬᠠᠩᠭᠠᠵᠤ᠂ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠠᠯᠪᠠᠨ ᠭᠡᠷ᠂ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠲᠠᠢ ᠬᠠᠮᠲᠤᠷᠠᠨ ᠭᠠᠯ ᠤᠨ ᠠᠶᠤᠯ ᠤᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠨ᠎ᠡ︔ ᠭᠤᠣᠯᠳᠠᠯᠭ᠎ᠠ ᠲᠠᠢ ᠭᠠᠯ ᠭᠠᠷᠤᠭᠰᠠᠨ ᠭᠠᠵᠠᠷ ᠲᠤ ᠮᠥᠷᠳᠡᠨ ᠲᠥᠰᠥᠭᠡᠯᠡᠵᠦ ᠤᠷᠢᠳᠴᠢᠯᠠᠨ ᠮᠡᠳᠡᠭᠡᠯᠡᠵᠦ᠂ ᠭᠠᠯ ᠤᠨᠲᠠᠷᠠᠭᠠᠬᠤ ᠶᠢ ᠵᠢᠯᠤᠭᠤᠳᠬᠤ ᠪᠠᠶᠢᠭᠤᠯᠤᠮᠵᠢ ᠳᠤ ᠰᠢᠢᠳᠪᠦᠷᠢᠲᠦ ᠪᠣᠳᠣᠯᠭ᠎ᠠ ᠶᠢᠨ ᠲᠤᠰᠠᠯᠠᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠩᠭᠠᠬᠤ ᠬᠡᠷᠡᠭᠲᠡᠢ᠃ ᠴᠠᠭ ᠠᠭᠤᠷ ᠤᠨ ᠬᠠᠨᠳᠤᠰᠢ ᠶᠢ ᠦᠨᠳᠦᠰᠦᠯᠡᠨ᠂ ᠠᠶᠤᠯ ᠶᠡᠬᠡᠲᠡᠢ ᠭᠠᠯ ᠤᠨ ᠠᠶᠤᠯ ᠤᠨ ᠣᠷᠣᠨ ᠪᠦᠰᠡ ᠪᠤᠶᠤ ᠭᠤᠣᠯᠳᠠᠯᠭ᠎ᠠ ᠲᠠᠢ ᠭᠠᠯ ᠤᠨ ᠲᠠᠯᠠᠪᠠᠶ ᠳᠤ ᠴᠢᠭᠯᠡᠭᠦᠯᠦᠨ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠲᠥᠰᠥᠯ ᠢ ᠲᠣᠭᠲᠠᠭᠠᠵᠤ᠂ ᠴᠠᠭ ᠲᠤᠨᠢ ᠲᠣᠬᠢᠷᠠᠭᠤᠯᠤᠨ ᠬᠥᠮᠥᠨ ᠤ ᠬᠦᠴᠦ ᠪᠠᠷ ᠪᠣᠷᠣᠭᠠᠨ ︵ᠴᠠᠰᠤ︶ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠴᠠᠬᠢᠯᠭᠠᠨ ᠬᠠᠩᠭᠠᠬᠤ ᠺᠣᠮᠫᠠᠨᠢ᠄ ᠴᠠᠬᠢᠯᠭᠠᠨ ᠬᠦᠴᠦᠨ ᠤ ᠠᠵᠤ ᠠᠬᠤᠶᠢᠯᠠᠯ ᠣᠶ ᠰᠢᠭᠤᠢ ᠮᠠᠯᠵᠢᠬᠤ ᠣᠷᠣᠨ ᠤ ᠴᠠᠬᠢᠯᠭᠠᠨ ᠳᠠᠮᠵᠢᠭᠤᠯᠵᠤ ᠲᠦᠭᠡᠭᠡᠬᠦ ᠪᠡᠯᠡᠳᠬᠡᠮᠵᠢ ᠶᠢᠨ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠬᠠᠷᠢᠭᠤᠴᠠᠨ ᠵᠢᠯᠤᠭᠤᠳᠴᠤ᠂ ᠴᠠᠬᠢᠯᠭᠠᠨ ᠬᠦᠴᠦᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠴᠠᠬᠢᠯᠭᠠᠨ ᠳᠠᠮᠵᠢᠭᠤᠯᠵᠤ ᠲᠦᠭᠡᠭᠡᠬᠦ ᠪᠡᠯᠡᠳᠬᠡᠮᠵᠢ ᠶᠢ ᠲᠣᠭᠤᠷᠢᠨ ᠪᠠᠶᠢᠴᠠᠭᠠᠬᠤ᠂ ᠲᠣᠭᠤᠷᠢᠨ ᠴᠠᠭᠳᠠᠬᠤ ᠱᠤᠭᠤᠮ ᠤᠨ ᠮᠣᠳᠣᠨ ᠰᠠᠯᠠᠭ᠎ᠠ ᠬᠠᠶᠢᠴᠢᠯᠠᠬᠤ᠂ ᠤᠲᠠᠰᠤᠨ ᠳᠣᠣᠷᠠᠬᠢ ᠰᠢᠲᠠᠮᠠᠬᠠᠢ ᠪᠣᠳᠠᠰ ᠢ ᠢᠯᠭᠠᠷᠠᠭᠤᠯᠬᠤ ᠵᠡᠷᠭᠡ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠬᠤᠲᠠ ᠶᠢᠨ ᠣᠶ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠠᠩᠭᠢ᠄ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠢ ᠬᠠᠷᠢᠭᠤᠴᠠᠵᠤ᠂ ᠭᠠᠯ ᠤᠨᠲᠠᠷᠠᠭᠠᠬᠤ ᠲᠥᠰᠥᠯ ᠲᠣᠭᠲᠠᠭᠠᠨ᠂ ᠭᠠᠯ ᠤᠨᠲᠠᠷᠠᠭᠠᠬᠤ ᠬᠦᠴᠦᠨ ᠢ ᠪᠠᠶᠢᠷᠢᠯᠠᠭᠤᠯᠵᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ ᠪᠠᠶᠢᠭᠠᠳ ᠭᠠᠯ ᠤᠨᠲᠠᠷᠠᠭᠠᠬᠤ ᠬᠡᠷᠡᠭᠲᠡᠢ᠃ ᠣᠶ ᠰᠢᠭᠤᠢ ᠶᠢᠨ ᠰᠡᠷᠭᠡᠶᠢᠯᠡᠯᠲᠡ ᠭᠡᠳᠡᠭ ᠨᠢ ᠪᠤᠰᠤᠳ ᠪᠦᠷᠢᠯᠳᠦᠭᠦᠨ ᠨᠢᠭᠡᠴᠡ ᠶᠢᠨ ᠡᠭᠦᠷᠭᠡᠯᠡᠭᠰᠡᠨ ᠪᠣᠳᠠᠲᠠᠢ ᠭᠠᠯ ᠰᠡᠷᠭᠡᠶᠢᠯᠡᠨ ᠤᠨᠲᠠᠷᠠᠭᠠᠬᠤ ᠡᠭᠦᠷᠭᠡ ᠶᠢ ᠰᠠᠯᠠᠭ᠎ᠠ ᠮᠥᠴᠢᠷ ᠤᠨ ︽ᠭᠤᠷᠪᠠ ᠶᠢ ᠲᠣᠭᠲᠠᠭᠠᠬᠤ︾ ᠲᠣᠭᠲᠠᠭᠠᠯ ᠪᠠ ᠣᠶ ᠰᠢᠭᠤᠢ ᠶᠢᠨ ᠰᠡᠷᠭᠡᠶᠢᠯᠡᠯᠲᠡ ᠶᠢᠨ ᠠᠵᠢᠯ ᠤᠨ ᠳᠦᠷᠢᠮ ᠶᠣᠰᠣᠭᠠᠷ ᠬᠡᠷᠡᠭᠵᠢᠭᠦᠯᠬᠦ ᠶᠢ ᠵᠢᠭᠠᠵᠤ ᠪᠣᠶ᠃ ᠰᠤᠮᠤ ᠪᠠᠯᠭᠠᠰᠤ ᠶᠢᠨ ᠲᠠᠯᠠᠪᠤᠷ᠂ ᠬᠡᠷᠡᠭ ᠡᠷᠬᠢᠯᠡᠬᠦ ᠭᠠᠵᠠᠷ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠢ ᠬᠠᠷᠢᠶ᠎ᠠ ᠣᠷᠣᠨ ᠤ ᠳᠣᠲᠣᠷᠠᠬᠢ ᠣᠶ ᠰᠢᠭᠤᠢ ᠨᠤᠲᠤᠭ ᠪᠡᠯᠴᠢᠭᠡᠷ ᠤᠨ ᠲᠠᠯᠠᠪᠠᠶ ᠶᠢ ᠦᠨᠳᠦᠰᠦᠯᠡᠨ ᠲᠤᠰᠬᠠᠢ ᠪᠠᠶᠢᠭᠤᠯᠤᠮᠵᠢ ᠲᠣᠬᠢᠷᠠᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠡᠩᠨᠡᠭᠡ ᠶᠢ ᠪᠠᠶᠢᠭᠤᠯᠵᠤ᠂ ᠪᠠᠭ᠎ᠠ ᠬᠡᠯᠪᠡᠷᠢ ᠶᠢᠨ ᠭᠠᠯ ᠤᠨ ᠭᠠᠮᠰᠢᠭ ᠢ ᠰᠢᠢᠳᠪᠦᠷᠢᠯᠡᠵᠦ ᠳᠡᠶᠢᠯᠬᠦ ᠲᠣᠨᠤᠭ ᠲᠥᠬᠦᠭᠡᠷᠦᠮᠵᠢ ᠪᠠ ᠴᠢᠳᠠᠪᠤᠷᠢ ᠶᠢ ᠲᠣᠬᠢᠷᠠᠭᠤᠯᠬᠤ ᠬᠡᠷᠡᠭᠲᠡᠢ᠃ ᠣᠶ ᠰᠢᠭᠤᠢ ᠶᠢᠨ ᠰᠡᠷᠭᠡᠶᠢᠯᠡᠯᠲᠡ ᠶᠢᠨ ᠠᠯᠪᠠᠨ ᠭᠡᠷ ᠨᠢ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ ᠪᠠᠳᠠᠷᠠᠭᠤᠯᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠤᠨ᠂ ᠥᠨᠳᠥᠷ ᠦᠷ᠎ᠡ ᠪᠦᠲᠦᠮᠵᠢᠲᠡᠶ ᠪᠠᠷ ᠬᠠᠮᠵᠢᠯᠴᠠᠬᠤ ᠶᠢ ᠪᠡᠶᠡᠯᠡᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃ 3.3 ᠭᠠᠯ ᠤᠨᠲᠠᠷᠠᠭᠠᠵᠤ ᠠᠪᠤᠷᠠᠨ ᠲᠤᠰᠠᠯᠠᠬᠤ ᠵᠢᠯᠣᠭᠤᠳᠤᠭᠴᠢ ︽ᠬᠠᠷᠢᠶ᠎ᠠ ᠭᠠᠵᠠᠷ ᠲᠤᠨᠢ ᠵᠢᠯᠤᠭᠤᠳᠬᠤ᠂ ᠱᠠᠲᠤ ᠬᠤᠪᠢᠶᠠᠨ ᠵᠢᠯᠤᠭᠤᠳᠬᠤ᠂ ᠨᠢᠭᠡᠳᠦᠯᠲᠡᠢ ᠵᠢᠯᠤᠭᠤᠳᠬᠤ᠂ ᠲᠤᠰᠬᠠᠢ ᠮᠡᠷᠭᠡᠵᠢᠯ ᠢᠶᠠᠷ ᠵᠢᠯᠤᠭᠤᠳᠬᠤ︾ ᠵᠠᠷᠴᠢᠮ ᠢ ᠪᠠᠷᠢᠮᠲᠠᠯᠠᠨ᠎ᠠ᠃ ᠤᠢ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠢ ᠬᠠᠷᠢᠶ᠎ᠠ ᠭᠠᠵᠠᠷ ᠤᠨ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠠᠴᠠ ᠬᠠᠷᠢᠭᠤᠴᠠᠨ ᠵᠢᠯᠣᠭᠤᠳᠤᠨ᠎ᠠ᠃ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠠᠴᠠ ᠠᠪᠤᠷᠠᠬᠤ ᠠᠵᠢᠯ ᠢ ᠬᠠᠮᠲᠤ ᠶᠢᠨ ᠳᠡᠭᠡᠳᠦ ᠱᠠᠲᠤᠨ ᠤ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠠᠴᠠ ᠵᠢᠯᠤᠭᠤᠳᠴᠤ᠂ ᠲᠣᠬᠠᠢ ᠶᠢᠨ ᠣᠷᠣᠨ ᠨᠤᠲᠤᠭ ᠤᠨ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠨᠢ ᠨᠢᠭᠡᠳᠦᠯᠲᠡᠢ ᠵᠢᠯᠣᠭᠤᠳᠤᠯᠭ᠎ᠠ ᠶᠢᠨ ᠳᠣᠣᠷ᠎ᠠ ᠲᠤᠰ ᠲᠤᠰ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠢᠯᠤᠭᠤᠳᠬᠤ ᠠᠵᠢᠯ ᠢ ᠡᠭᠦᠷᠭᠡᠯᠡᠨ᠎ᠡ᠃ ᠣᠶ ᠰᠢᠭᠤᠢ ᠶᠢᠨ ᠰᠡᠷᠭᠡᠶᠢᠯᠡᠯᠲᠡ ᠭᠡᠳᠡᠭ ᠨᠢ ᠬᠡᠷᠡᠭᠴᠡᠭᠡ ᠪᠠᠨ ᠦᠨᠳᠦᠰᠦᠯᠡᠨ᠂ ᠭᠠᠯ ᠭᠠᠷᠤᠭᠰᠠᠨ ᠲᠤᠬᠠᠢ ᠶᠢᠨ ᠭᠠᠵᠠᠷ ᠲᠤ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠪᠠᠶᠢᠭᠤᠯᠵᠤ᠂ ᠵᠠᠰᠠᠭ ᠵᠠᠬᠢᠷᠭᠠᠨ ᠤ ᠵᠢᠯᠣᠭᠤᠳᠤᠯᠭ᠎ᠠ ᠪᠠ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠶᠢ ᠤᠶᠠᠯᠳᠤᠭᠤᠯᠬᠤ ᠵᠠᠷᠴᠢᠮ ᠶᠣᠰᠣᠭᠠᠷ᠂ ᠨᠠᠮ ᠵᠠᠰᠠᠭ ᠤᠨ ᠤᠳᠤᠷᠢᠳᠤᠯᠭ᠎ᠠ ᠪᠠᠷ ᠶᠡᠷᠦᠩᠬᠡᠢ ᠵᠢᠯᠣᠭᠤᠳᠤᠭᠴᠢ ᠶᠢᠨ ᠲᠤᠰᠢᠶᠠᠯ ᠢ ᠡᠭᠦᠷᠭᠡᠯᠡᠭᠦᠯᠦᠨ᠂ ᠭᠠᠯ ᠭᠠᠷᠤᠭᠰᠠᠨ ᠭᠠᠵᠠᠷ ᠤᠨ ᠪᠥᠬᠦ ᠲᠠᠯ᠎ᠠ ᠶᠢᠨ ᠵᠢᠯᠤᠭᠤᠳᠬᠤ ᠠᠵᠢᠯ ᠢ ᠬᠠᠷᠢᠭᠤᠴᠠᠭᠤᠯᠵᠤ᠂ ᠭᠠᠯ ᠭᠠᠷᠤᠭᠰᠠᠨ ᠭᠠᠵᠠᠷ ᠤᠨ ᠠᠵᠢᠯᠯᠠᠬᠤ ᠳᠤᠭᠤᠶᠢᠯᠠᠩ ᠢ ᠵᠦᠢ ᠵᠣᠬᠢᠰᠲᠠᠢ ᠲᠣᠬᠢᠷᠠᠭᠤᠯᠤᠨ᠂ ᠲᠤᠰᠬᠠᠢ ᠮᠡᠷᠭᠡᠵᠢᠯᠲᠡᠨ ᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠬᠤ ᠶᠢ ᠵᠢᠭᠠᠵᠤ ᠪᠣᠶ︔ ᠲᠤᠰᠬᠠᠢ ᠵᠢᠯᠤᠭᠤᠳᠬᠤ ᠱᠠᠭᠠᠷᠳᠠᠯᠭ᠎ᠠ ᠶᠣᠰᠣᠭᠠᠷ᠂ ᠤᠢ ᠰᠢᠭᠤᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠭᠠᠯ ᠤᠨᠲᠠᠷᠠᠭᠠᠬᠤ ᠳᠤ ᠣᠷᠣᠯᠴᠠᠭᠰᠠᠨ ᠪᠠᠶᠢᠪᠠᠯ᠂ ᠭᠠᠯ ᠭᠠᠷᠤᠭᠰᠠᠨ ᠭᠠᠵᠠᠷ ᠤᠨ ᠬᠠᠮᠤᠭ ᠤᠨ ᠳᠡᠭᠡᠳᠦ ᠵᠢᠯᠣᠭᠤᠳᠤᠭᠴᠢ ᠎ ᠨᠢ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠣᠭᠤᠳᠤᠭᠴᠢ ᠶᠢᠨ ᠲᠤᠰᠢᠶᠠᠯ ᠢ ᠡᠭᠦᠷᠭᠡᠯᠡᠵᠦ᠂ ᠭᠠᠯ ᠤᠨᠲᠠᠷᠠᠭᠠᠬᠤ ᠲᠥᠰᠥᠯ ᠲᠣᠭᠲᠠᠭᠠᠬᠤ ᠪᠠ ᠲᠤᠬᠠᠢ ᠶᠢᠨ ᠲᠠᠯᠠᠪᠠᠢ ᠶᠢᠨ ᠭᠠᠯ ᠤᠨᠲᠠᠷᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠶᠢ ᠭᠤᠣᠯᠴᠢᠯᠠᠨ ᠬᠠᠷᠢᠭᠤᠴᠠᠵᠤ᠂ ᠲᠤᠰᠬᠠᠢ ᠮᠡᠷᠭᠡᠵᠢᠯ ᠤᠨ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃ ᠭᠠᠯ ᠤᠨᠲᠠᠷᠠᠭᠠᠬᠤ ᠳᠤ ᠣᠷᠣᠯᠴᠠᠭᠰᠠᠨ ᠨᠢᠭᠡᠴᠡ ᠪᠣᠯᠣᠨ ᠬᠤᠪᠢ ᠬᠥᠮᠥᠨ ᠡᠷᠬᠡᠪᠰᠢ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠤᠨ ᠨᠢᠭᠡᠳᠦᠯᠲᠡᠢ ᠵᠢᠯᠣᠭᠤᠳᠤᠯᠭ᠎ᠠ ᠶᠢ ᠲᠡᠭᠠᠬᠤ ᠬᠡᠷᠡᠭᠲᠡᠢ᠃ ᠡᠮᠦᠨ᠎ᠡ ᠹᠷᠣᠨᠲ ᠤᠨ ᠤᠢ ᠰᠢᠭᠤᠢ ᠶᠢᠨ ᠰᠡᠷᠭᠡᠶᠢᠯᠡᠯᠲᠡ ᠭᠡᠳᠡᠭ ᠪᠣᠯ ᠭᠠᠯ ᠭᠠᠷᠤᠭᠰᠠᠨ ᠭᠠᠵᠠᠷ ᠤᠨ ᠰᠡᠷᠭᠡᠶᠢᠯᠡᠯᠲᠡ ᠶᠢᠨ ᠲᠣᠭᠤᠷᠢᠭ ᠢ ᠵᠠᠭᠠᠭᠯᠠᠨ ᠲᠣᠭᠲᠠᠭᠠᠵᠤ᠂ ᠰᠡᠷᠭᠡᠶᠢᠯᠡᠯᠲᠡ ᠶᠢᠨ ᠲᠣᠭᠤᠷᠢᠭ ᠲᠤ ᠬᠤᠪᠢᠶᠠᠷᠢᠯᠠᠨ ᠣᠷᠣᠭᠤᠯᠤᠭᠰᠠᠨ ᠭᠠᠯ ᠭᠠᠷᠤᠭᠰᠠᠨ ᠭᠠᠵᠠᠷ ᠢ ᠬᠡᠯᠡᠵᠦ ᠪᠠᠶᠢᠨ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠤᠨ ᠵᠥᠪᠰᠢᠶᠡᠷᠡᠯ ᠤᠶᠢᠭᠡᠢ ᠪᠠᠷ ᠰᠡᠷᠭᠡᠶᠢᠯᠡᠯᠲᠡ ᠶᠢᠨ ᠲᠣᠭᠤᠷᠢᠭ ᠤᠨ ᠭᠠᠯ ᠭᠠᠷᠤᠭᠰᠠᠨ ᠭᠠᠵᠠᠷ ᠲᠤ ᠣᠴᠢᠵᠤ ᠪᠣᠯᠬᠤ ᠤᠶᠢᠭᠡᠢ᠂ ᠡᠮᠦᠨ᠎ᠡ ᠹᠷᠣᠨᠲ ᠤᠨ ᠵᠢᠯᠣᠭᠤᠳᠤᠯᠭ᠎ᠠ ᠪᠠ ᠭᠠᠯ ᠤᠨᠲᠠᠷᠠᠭᠠᠬᠤ ᠠᠵᠢᠯ ᠢ ᠬᠠᠷᠰᠢᠯᠠᠵᠤ ᠪᠣᠯᠬᠤ ᠤᠶᠢᠭᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠠᠷᠭᠠᠴᠠᠬᠤ ᠬᠡᠷᠡᠭᠴᠡᠭᠡ ᠶᠢ ᠦᠨᠳᠦᠰᠦᠯᠡᠨ᠂ ᠡᠩ ᠲᠡᠷᠢᠭᠦᠨ ᠳᠤ ᠬᠠᠷᠢᠶ᠎ᠠ ᠭᠠᠵᠠᠷ ᠤᠨ ᠭᠠᠯ ᠤᠨᠲᠠᠷᠠᠭᠠᠬᠤ ᠬᠦᠴᠦᠨ᠂ ᠬᠥᠷᠰᠢ ᠵᠡᠷᠭᠡᠯᠡᠳᠡᠭᠡ ᠶᠢᠨ ᠬᠦᠴᠦᠨ ᠢ ᠳᠠᠶᠢᠴᠢᠯᠠᠨ ᠲᠤᠰᠠᠯᠠᠬᠤ ᠬᠦᠴᠦᠨ ᠪᠣᠯᠭᠠᠬᠤ ᠬᠡᠷᠡᠭᠲᠡᠢ᠃ ᠬᠠᠷᠢᠶ᠎ᠠ ᠭᠠᠵᠠᠷ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠲᠤᠰᠬᠠᠢ ᠡᠩᠨᠡᠭᠡ ᠶᠢ ᠬᠠᠷᠢᠶ᠎ᠠ ᠭᠠᠵᠠᠷ ᠤᠨ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠠᠴᠠ ᠰᠢᠭᠤᠳ ᠰᠢᠯᠵᠢᠭᠦᠯᠵᠦ᠂ ᠬᠤᠰᠢᠭᠤ ᠰᠢᠶᠠᠨ ᠬᠤᠳᠠ ︵ᠲᠣᠭᠤᠷᠢᠭ︶᠎ ᠶᠢᠨ ᠵᠠᠰᠠᠭ ᠵᠠᠬᠢᠷᠭᠠᠨ ᠤ ᠣᠷᠣᠨ ᠠᠯᠤᠰᠯᠠᠨ ᠲᠤᠰᠠᠯᠠᠬᠤ ᠬᠦᠴᠦᠨ ᠢ ᠳᠠᠶᠢᠴᠢᠯᠠᠬᠤ ᠴᠢᠬᠤᠯᠠ ᠲᠠᠢ ᠪᠣᠯ ᠬᠠᠷᠢᠶ᠎ᠠ ᠭᠠᠵᠠᠷ ᠤᠨ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠠᠴᠠ ᠲᠤᠰᠠᠯᠠᠬᠤ ᠭᠤᠶᠤᠴᠢᠯᠠᠯ ᠳᠤᠷᠠᠳᠴᠤ᠂ ᠠᠶᠢᠮᠠᠭ ᠤᠨ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠠᠴᠠ ᠬᠠᠷᠢᠭᠤᠴᠠᠨ ᠵᠣᠬᠢᠴᠠᠭᠤᠯᠵᠤ᠂ ᠰᠢᠯᠵᠢᠭᠦᠯᠦᠨ ᠭᠠᠷᠭᠠᠬᠤ ᠪᠠᠷ ᠪᠠᠶᠢᠭ᠎ᠠ ᠬᠤᠰᠢᠭᠤ ᠰᠢᠶᠠᠨ ᠬᠤᠳᠠ ︵ᠲᠣᠭᠤᠷᠢᠭ︶᠎ ᠶᠢᠨ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠯᠵᠢᠭᠦᠯᠦᠨ ᠣᠷᠣᠭᠤᠯᠬᠤ ᠭᠡᠵᠦ ᠪᠠᠶᠢᠭ᠎ᠠ ᠬᠤᠰᠢᠭᠤ ᠰᠢᠶᠠᠨ ᠬᠤᠳᠠ ︵ᠲᠣᠭᠤᠷᠢᠭ︶ ᠎ ᠨᠢ ᠵᠣᠯᠭᠠᠭᠤᠯᠬᠤ ᠪᠠ ᠬᠠᠮᠢᠶ᠎ᠠ ᠪᠦᠬᠦᠢ ᠪᠠᠲᠤᠯᠠᠭ᠎ᠠ ᠶᠢ ᠬᠠᠷᠢᠭᠤᠴᠠᠨ᠎ᠠ᠃ ᠰᠢᠯᠢ ᠶᠢᠨ ᠬᠤᠲᠠ ᠶᠢᠨ ᠵᠠᠰᠠᠭ ᠤᠨ ᠣᠷᠳᠣᠨ ᠤ ᠣᠶ ᠰᠢᠭᠤᠢ ᠨᠤᠲᠤᠭ ᠪᠡᠯᠴᠢᠭᠡᠷ ᠤᠨ ᠲᠤᠰᠬᠠᠢ ᠭᠠᠯ ᠤᠨᠲᠠᠷᠠᠭᠠᠬᠤ ᠠᠩᠭᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠭᠢ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠵᠤ ᠠᠶᠤᠯ ᠠᠴᠠ ᠠᠪᠤᠷᠠᠬᠤ ᠡᠭᠦᠷᠭᠡ ᠶᠢ ᠬᠦᠯᠢᠶᠡᠭᠰᠡᠨ ᠪᠠᠶᠢᠪᠠᠯ᠂ ᠰᠢᠯᠢ ᠶᠢᠨ ᠬᠤᠲᠠ ᠶᠢᠨ ᠣᠶ ᠰᠢᠭᠤᠢ ᠶᠢᠨ ᠰᠡᠷᠭᠡᠶᠢᠯᠡᠯᠲᠡ ᠶᠢᠨ ᠵᠢᠯᠣᠭᠤᠳᠤᠯᠭ᠎ᠠ ᠶᠢ ᠬᠦᠯᠢᠶᠡᠨ᠎ᠡ︔ ᠬᠤᠰᠢᠭᠤ ᠰᠢᠶᠠᠨ ᠬᠤᠲᠠ ︵ᠲᠣᠭᠤᠷᠢᠭ︶᠎ ᠶᠢᠨ ᠵᠠᠭᠠᠭ ᠠᠯᠤᠰᠯᠠᠭᠰᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠠᠴᠠ ᠠᠪᠤᠷᠠᠬᠤ ᠡᠭᠦᠷᠭᠡ ᠶᠢ ᠬᠦᠯᠢᠶᠡᠪᠡᠯ᠂ ᠭᠠᠯ ᠭᠠᠷᠤᠭᠰᠠᠨ ᠭᠠᠵᠠᠷ ᠤᠨ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠠᠴᠠ ᠨᠢᠭᠡᠳᠦᠯᠲᠡᠢ ᠵᠢᠯᠤᠭᠤᠳᠬᠤ ᠪᠤᠶᠤ ᠠᠶᠢᠮᠠᠭ ᠤᠨ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠲᠣᠳᠣᠷᠬᠠᠢ ᠵᠢᠯᠤᠭᠤᠳᠬᠤ ᠬᠠᠷᠢᠴᠠᠭ᠎ᠠ ᠶᠢ ᠦᠨᠳᠦᠰᠦᠯᠡᠨ ᠭᠦᠢᠴᠡᠳᠬᠡᠨ᠎ᠡ᠃ ᠤᠢ ᠰᠢᠭᠤᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠨᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ ᠶᠢᠨ ᠲᠣᠭᠲᠠᠭᠠᠯ ᠶᠣᠰᠣᠭᠠᠷ ᠳᠣᠲᠣᠭᠠᠳᠤ ᠳᠠᠭᠠᠨ ᠡᠭᠴᠡ ᠵᠢᠯᠤᠭᠤᠳᠬᠤ ᠶᠢ ᠬᠡᠷᠡᠭᠵᠢᠭᠦᠯᠬᠦ ᠬᠡᠷᠡᠭᠲᠡᠢ᠃ ᠴᠡᠷᠢᠭ ᠠᠩᠭᠢ ᠪᠣᠯᠣᠨ ᠡᠷᠦᠬᠡ ᠶᠢᠨ ᠴᠡᠷᠢᠭ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠭᠦᠷᠭᠡ ᠶᠢ ᠭᠦᠢᠴᠡᠳᠬᠡᠬᠦ ᠳᠤ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠵᠦ᠂ ᠴᠡᠷᠢᠭ ᠠᠩᠭᠢ ᠠᠴᠠ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠤᠨ ᠲᠣᠭᠲᠠᠭᠠᠭᠰᠠᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠥᠰᠥᠯ ᠢ ᠦᠨᠳᠦᠰᠦᠯᠡᠨ ᠪᠣᠳᠠᠲᠠᠢ ᠠᠵᠢᠯᠯᠠᠭ᠎ᠠ ᠶᠢ ᠬᠠᠷᠢᠭᠤᠴᠠᠨ ᠵᠢᠯᠣᠭᠤᠳᠤᠨ᠎ᠠ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠶᠠᠪᠤᠴᠠ ᠳᠤ᠂ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠠᠴᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠡᠯᠡᠳᠬᠡᠯ ᠲᠥᠰᠥᠯ ᠢ ᠬᠠᠷᠢᠭᠤᠴᠠᠨ ᠲᠣᠭᠲᠠᠭᠠᠵᠤ᠂ ᠵᠠᠶᠢᠯᠠᠬᠤ ᠵᠠᠮ ᠱᠤᠭᠤᠮ ᠪᠠ ᠰᠡᠷᠡᠮᠵᠢ ᠶᠢᠨ ᠳᠣᠬᠢᠶ᠎ᠠ ᠶᠢ ᠲᠣᠳᠣᠷᠬᠠᠶᠢᠯᠠᠨ᠂ ᠠᠶᠤᠯ ᠲᠤᠯᠭᠠᠷᠠᠪᠠᠯ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠡᠯᠡᠳᠬᠡᠯ ᠲᠥᠰᠥᠯ ᠢ ᠴᠠᠭ ᠲᠤᠬᠠᠢ ᠳᠤᠨᠢ ᠡᠬᠢᠯᠡᠭᠦᠯᠵᠦ᠂ ᠪᠠᠴᠢᠮ ᠪᠠᠶᠢᠳᠠᠯ ᠠᠴᠠ ᠵᠠᠶᠢᠯᠠᠬᠤ ᠪᠠ ᠠᠪᠤᠷᠠᠬᠤ ᠠᠵᠢᠯᠯᠠᠭ᠎ᠠ ᠶᠢ ᠲᠦᠷᠭᠡᠨ᠂ ᠥᠨᠳᠥᠷ ᠦᠷ᠎ᠡ ᠪᠦᠲᠦᠮᠵᠢᠲᠡᠶ᠂ ᠠᠮᠤᠷ ᠲᠦᠪᠰᠢᠨ ᠢᠶᠠᠷ ᠶᠠᠪᠤᠭᠳᠠᠭᠤᠯᠤᠨ᠎ᠠ᠃ ᠲᠤᠬᠠᠢ ᠶᠢᠨ ᠲᠠᠯᠠᠪᠤᠷ ᠲᠤ ᠭᠠᠯ ᠤᠨᠲᠠᠷᠠᠭᠠᠬᠤ ᠬᠥᠮᠥᠰ ᠤᠨ ᠠᠮᠢ ᠨᠠᠰᠤᠨ ᠤ ᠠᠮᠤᠷ ᠲᠦᠪᠰᠢᠨ ᠬᠦᠨᠳᠦ ᠨᠣᠴᠢᠲᠠᠢ ᠰᠦᠷᠳᠡᠭᠦᠯᠦᠯ ᠳᠤ ᠤᠴᠠᠷᠠᠬᠤ ᠪᠤᠶᠤ ᠤᠴᠠᠷᠠᠵᠤ ᠮᠡᠳᠡᠬᠦ ᠦᠶ᠎ᠡ ᠳᠤ᠂ ᠡᠷᠬᠡᠪᠰᠢ ᠠᠮᠤᠷ ᠲᠦᠪᠰᠢᠨ ᠤ ᠬᠠᠶᠢᠯᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠪᠣᠯᠣᠨ ᠭᠠᠯ ᠤᠨᠲᠠᠷᠠᠭᠠᠬᠤ ᠠᠩᠭᠢ ᠶᠢᠨ ᠵᠢᠯᠣᠭᠤᠳᠤᠭᠴᠢ ᠨᠠᠷ ᠠᠵᠢᠯᠯᠠᠭ᠎ᠠ ᠪᠠᠨ ᠡᠷᠡᠰ ᠰᠢᠭᠤᠷᠬᠠᠢ ᠪᠠᠷ ᠵᠣᠭᠰᠣᠭᠠᠵᠤ᠂ ᠠᠶᠤᠯ ᠠᠴᠠ ᠪᠠᠴᠢᠮ ᠵᠠᠶᠢᠯᠠᠬᠤ ᠠᠷᠭ᠎ᠠ ᠬᠡᠮᠵᠢᠶ᠎ᠡ ᠠᠪᠴᠤ᠂ ᠬᠥᠮᠥᠨ ᠬᠠᠷ᠎ᠠ ᠦᠬᠦᠵᠦ ᠰᠢᠷᠬᠠᠲᠤᠬᠤ ᠶᠢ ᠰᠡᠷᠭᠡᠶᠢᠯᠡᠬᠦ ᠬᠡᠷᠡᠭᠲᠡᠢ᠃ 3.4 ᠲᠤᠰᠬᠠᠢ ᠮᠡᠷᠭᠡᠵᠢᠯᠲᠡᠨ ᠤ ᠳᠤᠭᠤᠶᠢᠯᠠᠩ ᠣᠶ ᠰᠢᠭᠤᠢ ᠶᠢᠨ ᠰᠡᠷᠭᠡᠶᠢᠯᠡᠯᠲᠡ ᠭᠡᠳᠡᠭ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠲᠠᠢ ᠬᠠᠮᠲᠤᠷᠠᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠬᠦ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ ᠭᠠᠯ ᠤᠨᠲᠠᠷᠠᠭᠠᠬᠤ᠂ ᠬᠡᠷᠡᠭᠯᠡᠬᠦ ᠬᠦᠴᠦᠨ ᠢ ᠳᠠᠶᠢᠴᠢᠯᠠᠬᠤ᠂ ᠭᠠᠯ ᠤᠨᠲᠠᠷᠠᠭᠠᠬᠤ ᠠᠷᠭ᠎ᠠ ᠬᠡᠮᠵᠢᠶ᠎ᠡ ᠲᠣᠭᠲᠠᠭᠠᠬᠤ᠂ ᠭᠠᠯ ᠤᠨ ᠭᠠᠮᠰᠢᠭ ᠢ ᠪᠠᠶᠢᠴᠠᠭᠠᠨ ᠦᠨᠡᠯᠡᠬᠦ᠂ ᠭᠠᠮᠰᠢᠭ ᠢ ᠰᠡᠷᠭᠦᠭᠡᠬᠦ ᠵᠡᠷᠭᠡ ᠳᠤ ᠠᠰᠠᠭᠤᠨ ᠯᠠᠪᠯᠠᠬᠤ ᠰᠠᠨᠠᠯ ᠳᠤᠷᠠᠳᠬᠤ ᠶᠢ ᠵᠢᠭᠠᠵᠤ ᠪᠣᠶ᠃ ᠡᠭᠦᠨ ᠤ ᠬᠠᠮᠲᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠨᠠᠷ ᠭᠠᠯ ᠰᠡᠷᠭᠡᠶᠢᠯᠡᠨ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠢ ᠬᠠᠪᠰᠤᠷᠭᠠᠨ ᠬᠢᠵᠦ ᠪᠣᠯᠣᠨ᠎ᠠ᠃ 4 ᠰᠢᠢᠳᠪᠦᠷᠢᠯᠡᠬᠦ ᠬᠦᠴᠦᠨ 4.1 ᠬᠦᠴᠦᠨ ᠤ ᠪᠦᠷᠢᠯᠳᠦᠯ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠨᠲᠠᠷᠠᠭᠠᠬᠤ ᠳᠤ ᠣᠶ ᠰᠢᠭᠤᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠪᠣᠯᠣᠨ ᠵᠠᠰᠠᠭ ᠤᠨ ᠣᠷᠳᠣᠨ ᠤ ᠣᠶ ᠰᠢᠭᠤᠢ ᠨᠤᠲᠤᠭ ᠪᠡᠯᠴᠢᠭᠡᠷ ᠤᠨ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠠᠩᠭᠢ ᠵᠡᠷᠭᠡ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠭᠥᠷᠳᠡᠭᠰᠡᠨ ᠭᠠᠯ ᠤᠨᠲᠠᠷᠠᠭᠠᠬᠤ ᠬᠦᠴᠦᠨ ᠢᠶᠠᠷ ᠭᠤᠣᠯ ᠪᠣᠯᠭᠠᠵᠤ᠂ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠷᠦᠬᠡ ᠶᠢᠨ ᠴᠡᠷᠢᠭ᠂ ᠪᠡᠯᠡᠳᠬᠡᠯ ᠠᠯᠪᠠ ᠵᠡᠷᠭᠡ ᠲᠤᠰᠠᠯᠠᠬᠤ ᠬᠦᠴᠦᠨ ᠢᠶᠠᠷ ᠬᠠᠪᠰᠤᠷᠤᠮᠵᠢ ᠪᠣᠯᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠬᠦᠴᠦᠨ ᠢᠶᠠᠷ ᠨᠥᠬᠦᠪᠦᠷᠢ ᠪᠣᠯᠭᠠᠨ᠎ᠠ᠃ ᠴᠢᠬᠤᠯᠠ ᠲᠠᠢ ᠦᠶ᠎ᠡ ᠳᠤ ᠲᠤᠬᠠᠢ ᠶᠢᠨ ᠭᠠᠵᠠᠷ ᠤᠨ ᠤᠢ ᠮᠣᠳᠣᠨ ᠤ ᠣᠷᠣᠨ ᠤ ᠠᠵᠢᠯᠲᠠᠨ ᠠᠵᠢᠯᠴᠢᠨ᠂ ᠪᠠᠶᠢᠭᠤᠯᠤᠯᠭ᠎ᠠ ᠶᠢᠨ  ᠺᠠᠳ᠋ᠷ ᠵᠢᠴᠢ ᠲᠤᠬᠠᠢ ᠶᠢᠨ ᠭᠠᠵᠠᠷ ᠤᠨ ᠤᠯᠠᠨ ᠲᠦᠮᠡᠨ ᠵᠡᠷᠭᠡ ᠬᠦᠴᠦᠨ ᠢ ᠲᠠᠶᠢᠴᠢᠯᠠᠨ ᠭᠠᠯ ᠤᠨᠲᠠᠷᠠᠭᠠᠬᠤ ᠪᠠ ᠪᠠᠲᠤᠯᠠᠭ᠎ᠠ ᠶᠢᠨ ᠠᠵᠢᠯ ᠢ ᠬᠠᠪᠰᠤᠷᠤᠨ ᠰᠠᠶᠢᠲᠤᠷ ᠬᠢᠵᠦ ᠪᠣᠯᠣᠨ᠎ᠠ᠃ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠢ ᠳᠠᠮᠵᠢᠭᠰᠠᠨ ᠦᠭᠡᠢ ᠵᠢᠴᠢ ᠵᠡᠮᠳᠡᠭ ᠬᠥᠮᠥᠨ᠂ ᠵᠢᠷᠮᠦᠰᠦᠨ ᠡᠮᠡᠭᠲᠡᠢ᠂ ᠨᠠᠰᠤᠨ ᠳᠤ ᠥᠯᠥ ᠭᠦᠷᠦᠭᠰᠡᠳ ᠵᠡᠷᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠳᠤ ᠣᠷᠣᠯᠴᠠᠬᠤ ᠳᠤ ᠲᠣᠬᠢᠷᠠᠬᠤ ᠦᠭᠡᠢ ᠪᠤᠰᠤᠳ ᠬᠥᠮᠥᠰ ᠢ ᠳᠠᠶᠢᠴᠢᠯᠠᠨ ᠭᠠᠯ ᠤᠨᠲᠠᠷᠠᠭᠠᠵᠤ ᠠᠪᠤᠷᠠᠬᠤ ᠠᠵᠢᠯ ᠳᠤ ᠣᠷᠣᠯᠴᠠᠭᠤᠯᠵᠤ ᠪᠣᠯᠬᠤ ᠦᠭᠡᠢ ᠰᠢᠯᠢ ᠶᠢᠨ ᠬᠤᠲᠠ ᠶᠢᠨ ᠭᠠᠯ ᠤᠨᠲᠠᠷᠠᠭᠠᠬᠤ ᠲᠤᠰᠬᠠᠢ ᠡᠩᠨᠡᠭᠡ᠄ ᠰᠢᠯᠢ ᠶᠢᠨ ᠬᠤᠲᠠ ᠶᠢᠨ ᠣᠶ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ᠂ ᠰᠢᠯᠢ ᠶᠢᠨ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠰᠢᠯᠢ ᠶᠢᠨ ᠬᠤᠲᠠ ᠶᠢᠨ ᠵᠠᠰᠠᠭ ᠤᠨ ᠣᠷᠳᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠲᠤᠰᠬᠠᠢ ᠠᠩᠭᠢ᠃ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠡᠩᠨᠡᠭᠡ ᠪᠠᠷ ᠪᠦᠷᠢᠯᠳᠦᠯ᠄ ᠪᠤᠯᠠᠭᠠᠨ ᠰᠤᠮᠤ ᠶᠢᠨ 51 ᠬᠥᠮᠥᠨ ᠂ ᠪᠠᠶᠠᠨᠪᠤᠯᠠᠭ ᠰᠤᠮᠤ ᠶᠢᠨ 40 ᠬᠥᠮᠥᠨ᠂ ᠷᠠᠰᠢᠶᠠᠨ ᠪᠤᠯᠠᠭ ᠤᠨ 40 ᠬᠥᠮᠥᠨ᠂ ᠴᠣᠬᠠᠭᠤᠯᠠ ᠰᠤᠮᠤ ᠶᠢᠨ 42 ᠬᠥᠮᠥᠨ᠂ ᠪᠠᠶᠠᠨᠰᠢᠯᠢ ᠮᠠᠯᠵᠢᠯ ᠤᠨ ᠲᠠᠯᠠᠪᠠᠶ ᠶᠢᠨ 35 ᠬᠥᠮᠥᠨ᠂ ᠪᠠᠶᠠᠨᠰᠢᠯᠢ ᠮᠠᠯᠵᠢᠯ ᠤᠨ ᠲᠠᠯᠠᠪᠠᠶ ᠶᠢᠨ 30 ᠬᠥᠮᠥᠨ᠂ ᠪᠢᠯᠢᠭ ᠮᠠᠯᠵᠢᠯ ᠤᠨ ᠲᠠᠯᠠᠪᠠᠶ ᠶᠢᠨ 25 ᠬᠥᠮᠥᠨ᠂ ᠮᠣᠳᠣᠨ ᠮᠠᠯᠵᠢᠯ ᠤᠨ ᠲᠠᠯᠠᠪᠠᠶ ᠶᠢᠨ 28 ᠬᠥᠮᠥᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ 18 ᠬᠥᠮᠥᠨ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ 60 ᠬᠥᠮᠥᠨ᠃ 4.2 ᠬᠦᠴᠦᠨ ᠤ ᠰᠢᠯᠵᠢᠭᠦᠯᠦᠯᠲᠡ ᠭᠠᠯ ᠭᠠᠷᠤᠭᠰᠠᠨ ᠭᠠᠵᠠᠷ ᠤᠨ ᠪᠠᠶᠢᠳᠠᠯ ᠢ ᠦᠨᠳᠦᠰᠦᠯᠡᠨ ᠭᠠᠯ ᠤᠨᠲᠠᠷᠠᠭᠠᠬᠤ ᠬᠦᠴᠦᠨ ᠢ ᠨᠡᠮᠡᠭᠳᠡᠭᠦᠯᠬᠦ ᠴᠢᠬᠤᠯᠠ ᠲᠠᠢ ᠪᠣᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠪᠤᠰᠤᠳ ᠤᠢ ᠰᠢᠭᠤᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠶᠢ ᠭᠤᠶᠤᠴᠢᠯᠠᠵᠤ᠂ ᠣᠷᠣᠨ ᠪᠦᠰᠡ ᠠᠯᠤᠰᠯᠠᠨ ᠲᠤᠰᠠᠯᠠᠵᠤ ᠭᠠᠯ ᠤᠨᠲᠠᠷᠠᠭᠠᠬᠤ ᠶᠢ ᠬᠡᠷᠡᠭᠵᠢᠭᠦᠯᠬᠦ ᠬᠡᠷᠡᠭᠲᠡᠢ᠃ ᠵᠠᠷᠴᠢᠮ ᠳᠡᠭᠡᠷ᠎ᠡ ᠪᠠᠨ ᠣᠶᠢᠷ᠎ᠠ ᠬᠠᠪᠢ ᠳᠠᠭᠠᠨ ᠲᠤᠰᠠᠯᠠᠬᠤ ᠪᠠᠷ ᠭᠤᠣᠯ ᠪᠣᠯᠭᠠᠵᠤ᠂ ᠠᠯᠤᠰ ᠬᠤᠯᠠ ᠠᠴᠠ ᠲᠤᠰᠠᠯᠠᠬᠤ ᠪᠠᠷ ᠬᠠᠪᠰᠤᠷᠤᠮᠵᠢ ᠪᠣᠯᠭᠠᠨ᠎ᠠ︔ ᠪᠠᠭ᠎ᠠ ᠭᠠᠯ ᠤᠨ ᠠᠶᠤᠯ ᠲᠠᠢ ᠣᠷᠣᠨ ᠳᠤ ᠲᠤᠰᠠᠯᠠᠬᠤ ᠪᠠᠷ ᠭᠤᠣᠯ ᠪᠣᠯᠭᠠᠵᠤ᠂ ᠶᠡᠭᠡ ᠭᠠᠯ ᠤᠨ ᠠᠶᠤᠯ ᠲᠠᠢ ᠣᠷᠣᠨ ᠳᠤ ᠲᠤᠰᠠᠯᠠᠬᠤ ᠪᠠᠷ ᠬᠠᠪᠰᠤᠷᠤᠮᠵᠢ ᠪᠣᠯᠭᠠᠨ᠎ᠠ᠃ ᠲᠤᠬᠠᠢ ᠶᠢᠨ ᠦᠶ᠎ᠡ ᠶᠢᠨ ᠭᠠᠯ ᠤᠨ ᠠᠶᠤᠯ ᠤᠨ ᠬᠡᠮᠵᠢᠶ᠎ᠡ ᠪᠠ ᠭᠠᠯ ᠤᠨ ᠠᠶᠤᠯ ᠭᠠᠷᠤᠭᠰᠠᠨ ᠪᠠᠶᠢᠳᠠᠯ ᠢ ᠦᠵᠡᠵᠦ ᠪᠠᠶᠢᠭᠠᠳ ᠲᠤᠰᠠᠯᠠᠬᠤ ᠱᠠᠲᠤᠯᠵᠢᠨ ᠡᠩᠨᠡᠭᠡ ᠶᠢᠨ ᠳᠡᠰ ᠳᠠᠷᠠᠭ᠎ᠠ ᠶᠢ ᠲᠣᠬᠢᠷᠠᠭᠤᠯᠵᠤ ᠪᠣᠯᠣᠨ᠎ᠠ᠃ ᠪᠠᠴᠢᠮ ᠪᠠᠶᠢᠳᠠᠯ ᠢ ᠠᠷᠭᠠᠴᠠᠬᠤ ᠠᠭᠠᠷ ᠤᠨ ᠠᠶᠠᠯᠠᠯ ᠤᠨ ᠠᠪᠤᠷᠠᠨ ᠲᠤᠰᠠᠯᠠᠬᠤ ᠨᠢᠰᠬᠡᠯ ᠢ ᠰᠢᠯᠵᠢᠭᠦᠯᠦᠨ ᠬᠡᠷᠡᠭᠯᠡᠬᠦ ᠴᠢᠬᠤᠯᠠᠲᠠᠢ ᠦᠶ᠎ᠡ ᠳᠤ᠂ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠠᠴᠠ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠵᠣᠬᠢᠴᠠᠭᠤᠯᠤᠨ ᠭᠦᠢᠴᠡᠳᠬᠡᠬᠦ ᠶᠢ ᠭᠤᠶᠤᠴᠢᠯᠠᠨ᠎ᠠ᠃ ᠬᠤᠰᠢᠭᠤ ᠰᠢᠶᠠᠨ ᠬᠤᠲᠠ ︵ᠲᠣᠭᠤᠷᠢᠭ︶ ᠠᠯᠤᠰᠯᠠᠨ ᠣᠶ ᠰᠢᠭᠤᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠶᠢ ᠳᠠᠶᠢᠴᠢᠯᠠᠨ ᠲᠤᠰᠠᠯᠠᠬᠤ ᠦᠶᠡᠰ᠂ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠭᠤᠶᠤᠴᠢᠯᠠᠯ ᠭᠠᠷᠭᠠᠵᠤ᠂ ᠬᠤᠯᠪᠣᠭᠳᠠᠯ ᠪᠦᠬᠦᠢ ᠲᠣᠭᠲᠠᠭᠠᠯ ᠪᠠ ᠡᠷᠬᠡ ᠮᠡᠳᠡᠯ ᠤᠨ ᠬᠡᠪᠴᠢᠶ᠎ᠡ ᠶᠣᠰᠣᠭᠠᠷ ᠱᠠᠲᠤ ᠳᠠᠷᠠᠭᠠᠯᠠᠨ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ ᠭᠠᠯ ᠤᠨᠲᠠᠷᠠᠭᠠᠬᠤ ᠳᠤ ᠣᠷᠣᠯᠴᠠᠭᠤᠯᠬᠤ ᠴᠢᠬᠤᠯᠠᠲᠠᠢ ᠦᠶ᠎ᠡ ᠳᠤ ᠂ ᠤᠯᠤᠰ ᠪᠠ ᠴᠡᠷᠢᠭ ᠠᠩᠭᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ 5. ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢᠨ ᠮᠡᠳᠡᠭᠦᠯᠦᠯᠲᠡ 5.1 ᠤᠷᠢᠳᠴᠢᠯᠠᠨ ᠰᠡᠷᠡᠮᠵᠢᠯᠡᠭᠦᠯᠬᠦ 5.1.1 ᠤᠷᠢᠳᠴᠢᠯᠠᠨ ᠰᠡᠷᠡᠮᠵᠢᠯᠡᠭᠦᠯᠬᠦ ᠳᠡᠰ ᠬᠤᠪᠢᠶᠠᠬᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠭᠦᠢᠴᠡᠳᠬᠡᠯ ᠲᠤᠭ᠎ᠠ᠂ ᠭᠠᠯ ᠤᠨ ᠪᠠᠶᠢᠳᠠᠯ ᠤᠨ ᠣᠨᠴᠠᠯᠢᠭ ᠪᠠ ᠤᠴᠠᠷᠠᠭᠤᠯᠵᠤ ᠮᠡᠳᠡᠬᠦ ᠬᠤᠣᠷ ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠰᠡᠷᠡᠮᠵᠢᠯᠡᠭᠦᠯᠬᠦ ᠲᠠᠰ ᠢ ᠬᠥᠬᠡ᠂ ᠰᠢᠷ᠎ᠠ᠂ ᠤᠯᠠᠪᠤᠷ ᠪᠠ ᠤᠯᠠᠭᠠᠨ ᠭᠡᠵᠦ 4 ᠲᠠᠰ ᠬᠤᠪᠢᠶᠠᠵᠤ᠂ ᠤᠯᠠᠭᠠᠨ ᠥᠩᠭᠡ ᠪᠠᠷ ᠬᠠᠮᠤᠭ ᠤᠨ ᠳᠡᠭᠡᠳᠦ ᠲᠠᠰ ᠪᠣᠯᠭᠠᠵᠤ᠂ ᠪᠣᠳᠠᠲᠠᠢ ᠲᠠᠰ ᠬᠤᠪᠢᠶᠠᠬᠤ ᠪᠠᠷᠢᠮᠵᠢᠶ᠎ᠠ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ 5.1.2 ᠰᠡᠷᠡᠮᠵᠢᠯᠡᠭᠦᠯᠦᠯ ᠢ ᠨᠡᠶᠢᠲᠡᠯᠡᠬᠦᠣᠶ ᠰᠢᠭᠤᠢ ᠶᠢᠨ ᠰᠡᠷᠭᠡᠶᠢᠯᠡᠯᠲᠡ ᠶᠢᠨ ᠠᠯᠪᠠᠨ ᠭᠡᠷ ᠠᠴᠠ ᠲᠣᠰ ᠱᠠᠲᠤᠨ ᠤ ᠪᠠᠴᠢᠮ ᠪᠠᠶᠢᠳᠠᠯ ᠢ ᠠᠷᠭᠠᠴᠠᠬᠤ᠂ ᠣᠶ ᠰᠢᠭᠤᠢ ᠡᠪᠡᠰᠦ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠳᠣᠲᠣᠭᠠᠳᠤ ᠶᠢ ᠬᠠᠮᠠᠭᠠᠯᠠᠬᠤ ᠪᠠ ᠴᠠᠭ ᠠᠭᠤᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠥᠪᠳᠡᠯᠴᠡᠬᠦ ᠪᠠᠨ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠠᠮᠲᠤᠷᠠᠨ ᠨᠠᠶᠢᠷᠠᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠲᠠᠪᠴᠠᠩ ᠪᠠ ᠷᠠᠳᠢᠣ᠋ ᠨᠡᠪᠲᠡᠷᠡᠭᠦᠯᠭᠡ ᠲᠧᠯᠸᠢᠰ᠂ ᠰᠣᠨᠢᠨ ᠰᠡᠳᠬᠦᠯ ᠤᠨ ᠰᠦᠯᠵᠢᠶ᠎ᠡ᠂ ᠣᠬᠤᠷ ᠮᠡᠳᠡᠭᠡ᠂ ᠸᠢᠴᠠᠲ ᠤᠨ ᠨᠡᠶᠢᠲᠡ ᠶᠢᠨ ᠳ᠋ᠤᠭᠠᠷ ᠵᠢᠴᠢ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠶᠤᠯ ᠳᠤ ᠬᠤᠯᠪᠣᠭᠳᠠᠬᠤ ᠣᠷᠣᠨ ᠪᠦᠰᠡ ᠶᠢᠨ ᠰᠠᠯᠠᠭ᠎ᠠ ᠮᠥᠴᠢᠷ ᠪᠠ ᠨᠡᠶᠢᠭᠡᠮ ᠨᠡᠶᠢᠲᠡ ᠳᠤ ᠨᠡᠶᠢᠲᠡᠯᠡᠨ᠎ᠡ᠃ ᠣᠶ ᠰᠢᠭᠤᠢ ᠶᠢᠨ ᠰᠡᠷᠭᠡᠶᠢᠯᠡᠯᠲᠡ ᠶᠢᠨ ᠠᠯᠪᠠᠨ ᠭᠡᠷ ᠨᠢ ᠴᠠᠭ ᠲᠤᠨᠢ ᠲᠣᠬᠢᠷᠠᠭᠤᠯᠤᠨ ᠰᠤᠮᠤ ᠪᠠᠯᠭᠠᠰᠤᠨ ᠤ ᠲᠠᠯᠠᠪᠠᠶ᠂ ᠬᠡᠷᠡᠭ ᠡᠷᠬᠢᠯᠡᠬᠦ ᠭᠠᠵᠠᠷ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠤ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠵᠦ᠂ ᠠᠵᠢᠯ ᠤᠨ ᠱᠠᠭᠠᠷᠳᠠᠯᠭ᠎ᠠ ᠳᠤᠷᠠᠳᠬᠤ ᠶᠢ ᠵᠢᠭᠠᠵᠤ ᠪᠣᠶ᠃ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠣᠭᠰᠠᠨ ᠰᠤᠮᠤ ᠪᠠᠯᠭᠠᠰᠤᠨ ᠤ ᠲᠠᠯᠠᠪᠤᠷ᠂ ᠬᠡᠷᠡᠭ ᠡᠷᠬᠢᠯᠡᠬᠦ ᠭᠠᠵᠠᠷ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠴᠠᠭ ᠲᠤᠨᠢ ᠲᠣᠬᠢᠷᠠᠭᠤᠯᠤᠨ ︽ᠭᠠᠯ ᠰᠡᠷᠭᠡᠶᠢᠯᠡᠬᠦ ᠵᠠᠷᠯᠢᠭ︾ ︽ᠴᠢᠩᠭ᠎ᠠ ᠰᠡᠷᠭᠡᠶᠢᠯᠡᠯᠲᠡ ᠶᠢᠨ ᠵᠠᠷᠯᠢᠭ︾᠎ ᠢ ᠨᠡᠶᠢᠲᠡᠯᠡᠬᠦ ᠬᠡᠷᠡᠭᠲᠡᠢ᠃ ᠣᠶ ᠰᠢᠭᠤᠢ ᠶᠢᠨ ᠰᠡᠷᠭᠡᠶᠢᠯᠡᠯᠲᠡ ᠭᠡᠳᠡᠭ ᠨᠢ ᠪᠠᠶᠢᠳᠠᠯ ᠢ ᠦᠵᠡᠵᠦ ᠪᠠᠶᠢᠭᠠᠳ ᠰᠡᠷᠡᠮᠵᠢᠯᠡᠭᠦᠯᠬᠦ ᠭᠠᠵᠠᠷ ᠤᠨ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠳᠤ ᠬᠠᠷᠠᠭᠠᠨ ᠳᠠᠪᠲᠠᠮᠵᠢ ᠪᠠᠷ ᠲᠣᠬᠢᠷᠠᠭᠤᠯᠤᠯᠲᠠ ᠬᠢᠬᠦ ᠪᠠ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ ᠵᠢᠭᠠᠵᠤ ᠪᠣᠶ᠃ 5.1.3 ᠰᠡᠷᠡᠮᠵᠢᠯᠡᠭᠦᠯᠦᠯ ᠤᠨ ᠳᠠᠭᠠᠯᠲᠠ 5.1.3.1 ᠠᠩᠬ᠎ᠠ ᠠᠯᠬᠤᠮ ᠤᠨ ᠰᠡᠷᠡᠮᠵᠢᠯᠡᠭᠦᠯᠦᠯ ᠢ ᠳᠠᠭᠠᠬᠤ ᠪᠠᠭ᠎ᠠ ᠬᠡᠯᠪᠡᠷᠢ ᠶᠢᠨ ᠲᠦᠢᠮᠡᠷ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠪᠠᠶᠢᠳᠠᠯ ᠳᠤ ᠣᠷᠣᠪᠠ᠄ ᠴᠠᠭ ᠠᠭᠤᠷ ᠤᠨ ᠪᠠᠶᠢᠳᠠᠯ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠤᠷᠢᠳᠴᠢᠯᠠᠨ ᠰᠡᠷᠡᠮᠵᠢᠯᠡᠭᠦᠯᠬᠦ ᠬᠤᠪᠢᠷᠠᠯᠲᠠ ᠶᠢ ᠨᠢᠭᠲᠠ ᠠᠩᠬᠠᠷᠴᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠣᠭᠤᠷᠢᠨ ᠬᠠᠮᠠᠭᠠᠯᠠᠯᠲᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠴᠢᠩᠭᠠᠳᠬᠠᠨ᠂ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ ᠂ ᠭᠠᠯ ᠰᠡᠷᠭᠡᠶᠢᠯᠡᠨ ᠤᠨᠲᠠᠷᠠᠭᠠᠬᠤ ᠲᠣᠨᠤᠭ ᠲᠥᠬᠦᠭᠡᠷᠦᠮᠵᠢ᠂ ᠡᠳ᠋ ᠪᠣᠳᠠᠰ ᠵᠡᠷᠭᠡ ᠡᠯ᠎ᠡ ᠵᠦᠢᠯ ᠤᠨ ᠭᠠᠯ ᠤᠨᠲᠠᠷᠠᠭᠠᠬᠤ ᠪᠡᠯᠡᠳᠬᠡᠯ ᠢ ᠨᠠᠶᠢᠳᠠᠪᠤᠷᠢᠵᠢᠭᠤᠯᠤᠨ᠎ᠠ︔ ᠡᠯ᠎ᠡ ᠱᠠᠲᠤᠨ ᠤ ᠭᠠᠯ ᠰᠡᠷᠭᠡᠶᠢᠯᠡᠨ ᠤᠨᠲᠠᠷᠠᠭᠠᠬᠤ ᠰᠠᠯᠠᠭ᠎ᠠ ᠮᠥᠴᠢᠷ ᠤᠳ 24 ᠴᠠᠭ ᠢᠶᠠᠷ ᠵᠢᠵᠢᠭᠦᠷᠯᠡᠬᠦ ᠶᠢ ᠬᠡᠷᠡᠭᠵᠢᠭᠦᠯᠵᠦ᠂ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ ᠤᠨ ᠭᠤᠣᠯ ᠤᠳᠤᠷᠢᠳᠤᠯᠭ᠎ᠠ ᠠᠵᠢᠯ ᠤᠨ ᠪᠠᠶᠢᠷᠢ ᠪᠠᠨ ᠪᠠᠲᠤ ᠰᠠᠬᠢᠬᠤ ᠬᠡᠷᠡᠭᠲᠡᠢ︔ ᠣᠷᠣᠨ ᠨᠤᠲᠤᠭ ᠤᠨ ᠲᠤᠰᠬᠠᠢ ᠮᠡᠷᠭᠡᠵᠢᠯ᠂ ᠬᠠᠭᠠᠰ ᠲᠤᠰᠬᠠᠢ ᠮᠡᠷᠭᠡᠵᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠩᠭᠢ ᠲᠠᠶᠢᠯᠳᠣᠭᠠᠨ ᠳᠤ ᠣᠷᠣᠬᠤ ᠪᠡᠯᠡᠳᠬᠡᠬᠦ ᠪᠠᠶᠢᠳᠠᠯ ᠳᠤ ᠣᠷᠣᠨ᠎ᠠ᠃ 5.1.3.1 ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠳᠠᠭᠠᠬᠤ ᠬᠥᠬᠡ ᠥᠩᠭᠡ ᠶᠢᠨ ᠰᠡᠷᠡᠮᠵᠢᠯᠡᠭᠦᠯᠦᠯ ᠤᠨ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ ᠳᠥᠷᠪᠡᠳᠦᠭᠡᠷ ᠳᠡᠰ ᠤᠨ ᠠᠵᠢᠯ ᠤᠨ ᠪᠠᠶᠢᠳᠠᠯ ᠳᠤ ᠣᠷᠣᠨ᠎ᠠ᠃ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠴᠠᠭ ᠠᠭᠤᠷ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠰᠡᠷᠡᠮᠵᠢᠯᠡᠭᠦᠯᠦᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠰᠡᠷᠭᠡᠶᠢᠯᠡᠯᠲᠡ ᠶᠢᠨ ᠲᠣᠭᠤᠷᠢᠨ ᠬᠠᠮᠠᠭᠠᠯᠠᠯᠲᠠ ᠪᠠ ᠤᠬᠠᠭᠤᠯᠭ᠎ᠠ ᠶᠢ ᠴᠢᠩᠭᠠᠳᠬᠠᠨ᠂ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠯ ᠰᠡᠷᠭᠡᠶᠢᠯᠡᠨ ᠤᠨᠲᠠᠷᠠᠭᠠᠬᠤ ᠲᠣᠨᠤᠭ ᠲᠥᠬᠦᠭᠡᠷᠦᠮᠵᠢ᠂ ᠡᠳ᠋ ᠪᠣᠳᠠᠰ ᠵᠡᠷᠭᠡ ᠡᠯ᠎ᠡ ᠵᠦᠢᠯ ᠤᠨ ᠭᠠᠯ ᠤᠨᠲᠠᠷᠠᠭᠠᠬᠤ ᠪᠡᠯᠡᠳᠬᠡᠯ ᠢ ᠨᠠᠶᠢᠳᠠᠪᠤᠷᠢᠵᠢᠭᠤᠯᠬᠤ ᠶᠢ ᠵᠢᠭᠠᠵᠤ ᠪᠣᠶ᠃ ᠡᠯ᠎ᠡ ᠱᠠᠲᠤᠨ ᠤ ᠭᠠᠯ ᠰᠡᠷᠭᠡᠶᠢᠯᠡᠨ ᠤᠨᠲᠠᠷᠠᠭᠠᠬᠤ ᠰᠠᠯᠠᠭ᠎ᠠ ᠮᠥᠴᠢᠷ ᠤᠳ 24 ᠴᠠᠭ ᠤᠨ ᠳᠣᠲᠣᠷ᠎ᠠ ᠵᠢᠵᠢᠭᠦᠷᠯᠡᠨ ᠵᠢᠵᠢᠭᠦᠷᠯᠡᠨ ᠰᠠᠬᠢᠬᠤ ᠶᠢ ᠬᠡᠷᠡᠭᠵᠢᠭᠦᠯᠵᠦ᠂ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠵᠢᠴᠢ ᠠᠯᠪᠠᠨ ᠭᠡᠷ ᠤᠨ ᠭᠤᠣᠯ ᠤᠳᠤᠷᠢᠳᠤᠯᠭ᠎ᠠ ᠠᠵᠢᠯ ᠤᠨ ᠪᠠᠶᠢᠷᠢ ᠪᠠᠨ ᠪᠠᠲᠤ ᠰᠠᠬᠢᠬᠤ ᠬᠡᠷᠡᠭᠲᠡᠢ᠃ ᠣᠷᠣᠨ ᠨᠤᠲᠤᠭ ᠤᠨ ᠲᠤᠰᠬᠠᠢ ᠮᠡᠷᠭᠡᠵᠢᠯ᠂ ᠬᠠᠭᠠᠰ ᠲᠤᠰᠬᠠᠢ ᠮᠡᠷᠭᠡᠵᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠡᠩᠨᠡᠭᠡ ᠲᠥᠪᠯᠡᠷᠡᠭᠦᠯᠦᠨ ᠢᠳᠡᠵᠦ ᠬᠤᠨᠣᠵᠤ ᠬᠡᠪᠲᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠪᠣᠯᠪᠠᠰᠤᠷᠠᠭᠤᠯᠤᠯ ᠪᠠ ᠰᠣᠷᠢᠯᠲᠠ ᠬᠢᠬᠦ ᠶᠢ ᠵᠣᠬᠢᠶᠠᠨ ᠪᠠᠶᠢᠭᠤᠯᠬᠤ ᠬᠡᠷᠡᠭᠲᠡᠢ᠃ ᠪᠠᠶᠢᠳᠠᠯ ᠢ ᠦᠵᠡᠵᠦ ᠪᠠᠶᠢᠭᠠᠳ ︽ᠭᠠᠯ ᠰᠡᠷᠭᠡᠶᠢᠯᠡᠬᠦ ᠵᠠᠷᠯᠢᠭ︾᠎ ᠢ ᠨᠡᠶᠢᠲᠡᠯᠡᠨ᠎ᠠ᠃ 5.1.3.2 ᠰᠢᠷ᠎ᠠ ᠥᠩᠭᠡ ᠶᠢᠨ ᠰᠡᠷᠡᠮᠵᠢᠯᠡᠭᠦᠯᠦᠯ ᠤᠨ ᠠᠷᠭ᠎ᠠ ᠶᠢ ᠳᠠᠭᠠᠬᠤᠰᠢᠷ᠎ᠠ ᠦᠩᠭᠡ ᠶᠢᠨ ᠰᠡᠷᠡᠮᠵᠢᠯᠡᠭᠦᠯᠦᠯ ᠤᠨ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ ᠭᠤᠷᠪᠠᠳᠤᠭᠠᠷ ᠳᠡᠰ ᠤᠨ ᠠᠵᠢᠯ ᠤᠨ ᠪᠠᠶᠢᠳᠠᠯ ᠳᠤ ᠣᠷᠣᠨ᠎ᠠ᠃ ᠳᠥᠷᠪᠡᠳᠦᠭᠡᠷ ᠱᠠᠲᠤᠨ ᠤ ᠠᠵᠢᠯ ᠤᠨ ᠪᠠᠶᠢᠳᠠᠯ ᠤᠨ ᠰᠠᠭᠤᠷᠢᠨ ᠳᠡᠭᠡᠷ᠎ᠡ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠵᠢᠴᠢ ᠬᠠᠮᠢᠶ᠎ᠠ ᠪᠦᠬᠦᠢ ᠭᠠᠯ ᠰᠡᠷᠭᠡᠶᠢᠯᠡᠬᠦ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠡᠭᠡᠯᠵᠢ ᠳᠠᠭᠠᠭᠤᠯᠤᠨ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠶᠢ ᠰᠠᠶᠢᠲᠤᠷ ᠬᠢᠵᠦ᠂ ᠤᠢ ᠰᠢᠭᠤᠢ ᠶᠢᠨ ᠭᠠᠯ ᠤᠨᠲᠠᠷᠠᠭᠠᠬᠤ ᠡᠩᠨᠡᠭᠡ ᠡᠮᠦᠨ᠎ᠡ ᠨᠢ ᠰᠡᠷᠭᠡᠶᠢᠯᠡᠯᠲᠡ ᠪᠠᠶᠢᠷᠢᠯᠠᠭᠤᠯᠵᠤ᠂ ᠭᠠᠯ ᠤᠨᠲᠠᠷᠠᠭᠠᠬᠤ ᠡᠯ᠎ᠡ ᠲᠥᠷᠥᠯ ᠤᠨ ᠲᠤᠰᠬᠠᠢ ᠡᠩᠨᠡᠭᠡ ᠪᠥᠬᠦᠨ ᠢᠶᠠᠷ ᠢᠶᠠᠨ ᠵᠠᠷᠯᠢᠭ ᠬᠦᠯᠢᠶᠡᠬᠦ ᠪᠠᠶᠢᠳᠠᠯ ᠳᠤ ᠣᠷᠣᠵᠤ᠂ ᠵᠠᠷᠯᠢᠭ ᠢ ᠭᠥᠯᠢᠶᠡᠨ ᠠᠪᠤᠭᠰᠠᠨ ᠤ ᠲᠠᠷᠠᠭ᠎ᠠ 30 ᠮᠢᠨᠦ᠋ᠲ ᠤᠨ ᠳᠣᠲᠣᠷ᠎ᠠ ᠴᠤᠭᠯᠠᠷᠠᠨ ᠮᠣᠷᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ 5.1.3.3 ᠤᠯᠠᠪᠤᠷ ᠥᠩᠭᠡ ᠶᠢᠨ ᠰᠡᠷᠡᠮᠵᠢᠯᠡᠭᠦᠯᠦᠯ ᠢ ᠳᠠᠭᠠᠬᠤᠤᠯᠠᠪᠤᠷ ᠥᠩᠭᠡ ᠶᠢᠨ ᠰᠡᠷᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠬᠤᠶᠠᠳᠤᠭᠠᠷ ᠳᠡᠰ ᠤᠨ ᠠᠵᠢᠯ ᠤᠨ ᠪᠠᠶᠢᠳᠠᠯ ᠳᠤ ᠣᠷᠣᠨ᠎ᠠ᠃ ᠭᠤᠷᠪᠠᠳᠤᠭᠠᠷ ᠱᠠᠲᠤᠨ ᠤ ᠠᠵᠢᠯ ᠤᠨ ᠪᠠᠶᠢᠳᠠᠯ ᠤᠨ ᠰᠠᠭᠤᠷᠢᠨ ᠳᠡᠭᠡᠷ᠎ᠡ᠂ ᠰᠢᠯᠢ ᠶᠢᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠡᠭᠡᠷ᠎ᠡ ᠶᠢᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠᠶᠢᠴᠠᠭᠠᠯᠲᠠ ᠶᠢ ᠥᠷᠨᠢᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠪᠲᠡᠷᠡᠭᠦᠯᠬᠦ ᠳᠠᠪᠲᠠᠮᠵᠢ ᠶᠢ ᠨᠡᠮᠡᠭᠳᠡᠭᠦᠯᠦᠨ᠂ ᠡᠳ᠋ ᠪᠣᠳᠠᠰ ᠢ ᠲᠣᠬᠢᠷᠠᠭᠤᠯᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ︔ ᠣᠶ ᠰᠢᠭᠤᠢ ᠶᠢᠨ ᠭᠠᠯ ᠤᠨᠲᠠᠷᠠᠭᠠᠬᠤ ᠰᠠᠯᠠᠭ᠎ᠠ ᠮᠥᠴᠢᠷ ᠨᠢ ᠴᠡᠷᠢᠭ ᠤᠨ ᠬᠦᠴᠦᠨ ᠤ ᠪᠠᠶᠢᠷᠢᠯᠠᠭᠤᠯᠤᠯᠲᠠ ᠳᠤ ᠴᠢᠬᠤᠯᠠ ᠪᠦᠬᠦᠢ ᠲᠣᠬᠢᠷᠠᠭᠤᠯᠤᠯᠲᠠ ᠬᠢᠵᠦ᠂ ᠭᠠᠯ ᠤᠨᠲᠠᠷᠠᠭᠠᠬᠤ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠡᠩᠨᠡᠭᠡ ᠶᠢ ᠳᠠᠶᠢᠯᠠᠯᠳᠤᠭᠠᠨ ᠤ ᠪᠡᠯᠡᠳᠬᠡᠯ ᠤᠨ ᠪᠠᠶᠢᠳᠠᠯ ᠳᠤ ᠣᠷᠣᠭᠤᠯᠵᠤ᠂ ᠵᠠᠷᠯᠢᠭ ᠢ ᠣᠯᠣᠭᠰᠠᠨ ᠤ ᠳᠠᠷᠠᠭ᠎ᠠ 15 ᠮᠢᠨᠦ᠋ᠲ ᠤᠨ ᠳᠣᠲᠣᠷ᠎ᠠ ᠴᠤᠭᠯᠠᠷᠠᠨ ᠮᠣᠷᠳᠠᠬᠤ ᠶᠢ ᠦᠨᠡᠨᠬᠦ ᠪᠠᠲᠤᠯᠠᠬᠤ ᠬᠡᠷᠡᠭᠲᠡᠢ︔ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠵᠢᠴᠢ ᠰᠠᠭᠤᠭ᠎ᠠ ᠭᠠᠵᠠᠷ ᠤᠨ ᠴᠡᠷᠢᠭ ᠴᠠᠭᠳᠠᠭ᠎ᠠ᠂ ᠡᠷᠦᠬᠡ ᠶᠢᠨ ᠴᠡᠷᠢᠭ᠂ ᠪᠡᠯᠡᠳᠬᠡᠯ ᠠᠯᠪᠠᠨ ᠤ ᠴᠡᠷᠢᠭ ᠠᠩᠭᠢ ᠵᠡᠷᠭᠡ ᠨᠢ ᠭᠠᠯ ᠤᠨᠲᠠᠷᠠᠭᠠᠬᠤ ᠪᠡᠯᠡᠳᠬᠡᠯ ᠠᠵᠢᠯ ᠢ ᠰᠠᠶᠢᠲᠤᠷ ᠬᠢᠨ᠎ᠡ︔ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠵᠢᠯᠯᠠᠬᠤ ᠳᠤᠭᠤᠶᠢᠯᠠᠩ ᠪᠠᠶᠢᠭᠤᠯᠤᠨ᠎ᠡ᠃ 5.1.3.4 ᠤᠯᠠᠭᠠᠨ ᠥᠩᠭᠡ ᠶᠢᠨ ᠰᠡᠷᠡᠮᠵᠢᠯᠡᠭᠦᠯᠦᠯ ᠢ ᠳᠠᠭᠠᠬᠤ ᠤᠯᠠᠭᠠᠨ ᠥᠩᠭᠡ ᠶᠢᠨ ᠰᠡᠷᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠨᠢᠭᠡᠳᠦᠭᠡᠷ ᠳᠡᠰ ᠤᠨ ᠠᠵᠢᠯ ᠤᠨ ᠪᠠᠶᠢᠳᠠᠯ ᠳᠤ ᠣᠷᠣᠨ᠎ᠠ᠃ ᠬᠤᠶᠠᠳᠤᠭᠠᠷ ᠳᠡᠰ ᠤᠨ ᠠᠵᠢᠯ ᠤᠨ ᠪᠠᠶᠢᠳᠠᠯ ᠤᠨ ᠰᠠᠭᠤᠷᠢᠨ ᠳᠡᠭᠡᠷ᠎ᠡ᠂ ᠨᠠᠮ ᠵᠠᠰᠠᠭ ᠤᠨ ᠭᠤᠣᠯ ᠤᠳᠤᠷᠢᠳᠤᠯᠭ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠴᠠᠭ ᠲᠤᠬᠠᠢ ᠳᠤᠨᠢ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠷᠯᠢᠭ ᠨᠡᠶᠢᠲᠡᠯᠡᠨ᠎ᠡ︔ ᠭᠠᠯ ᠤᠨᠲᠠᠷᠠᠭᠠᠬᠤ ᠡᠯ᠎ᠡ ᠲᠥᠷᠥᠯ ᠤᠨ ᠲᠤᠰᠬᠠᠢ ᠠᠩᠭᠢ ᠶᠢᠨ ᠬᠢᠨ ᠭᠠᠯ ᠤᠨᠲᠠᠷᠠᠭᠠᠬᠤ ᠮᠠᠰᠢᠨ ᠪᠠᠭᠠᠵᠢ ᠪᠠ ᠬᠤᠭᠤᠯᠠ ᠬᠦᠨᠡᠰᠦᠨ ᠤ ᠲᠣᠨᠤᠭ ᠲᠥᠬᠦᠭᠡᠷᠦᠮᠵᠢ ᠶᠢ ᠤᠷᠢᠳ ᠢᠶᠠᠷ ᠲᠡᠷᠭᠡᠨ ᠳᠤ ᠲᠡᠭᠡᠭᠡᠵᠦ᠂ ᠬᠥᠮᠥᠰ ᠢ ᠪᠦᠬᠦᠯᠢ ᠪᠠᠷ ᠨᠢ ᠤᠭᠰᠠᠷᠠᠭᠤᠯᠤᠨ ᠵᠠᠷᠯᠢᠭ ᠬᠦᠯᠢᠶᠡᠵᠦ᠂ ᠪᠠᠶᠢᠯᠳᠤᠭᠠᠨ ᠳᠤ ᠣᠷᠣᠯᠴᠠᠬᠤ ᠪᠠᠶᠢᠳᠠᠯ ᠳᠤ ᠣᠷᠣᠭᠤᠯᠤᠨ᠂ ᠵᠠᠷᠯᠢᠭ ᠢ ᠣᠯᠣᠭᠰᠠᠨ ᠤ ᠳᠠᠷᠠᠭ᠎ᠠ 5 ᠮᠢᠨᠦ᠋ᠲ ᠤᠨ ᠳᠣᠲᠣᠷ᠎ᠠ ᠲᠡᠷᠭᠡᠨ ᠳᠤ ᠭᠠᠷᠴᠤ ᠮᠣᠷᠳᠠᠬᠤ ᠶᠢ ᠦᠨᠡᠨ ᠬᠦ ᠪᠠᠲᠤᠯᠠᠬᠤ ᠬᠡᠷᠡᠭᠲᠡᠢ︔ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠠᠵᠢᠯᠯᠠᠬᠤ ᠳᠤᠭᠤᠶᠢᠯᠠᠩ ᠲᠣᠮᠢᠯᠠᠨ᠎ᠡ᠃ 5.2 ᠭᠠᠯ ᠤᠨ ᠠᠶᠤᠯ ᠤᠨ ᠪᠠᠶᠢᠳᠠᠯ ᠢ ᠬᠢᠨᠠᠨ ᠬᠡᠮᠵᠢᠬᠦ ᠴᠠᠭ ᠠᠭᠤᠷ ᠤᠨ ᠲᠣᠪᠴᠢᠶ᠎ᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠥᠪ᠂ ᠠᠶᠢᠮᠠᠭ ᠤᠨ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠬᠠᠩᠭᠠᠭᠰᠠᠨ ᠳᠠᠭᠠᠭᠤᠯᠢ ᠤᠳᠤᠨ ᠤ ᠬᠠᠯᠠᠭᠤᠨ ᠴᠢᠭ᠋ ᠤᠨ ᠬᠢᠨᠠᠨ ᠬᠡᠮᠵᠢᠯᠲᠡ ᠶᠢᠨ ᠵᠢᠷᠤᠭ ᠳᠦᠷᠰᠦ ᠵᠢᠴᠢ ᠬᠢᠨᠠᠨ ᠬᠡᠮᠵᠢᠭᠰᠡᠨ ᠮᠡᠳᠡᠭᠦᠯᠦᠯᠲᠡ ᠶᠢ ᠠᠰᠢᠭᠯᠠᠨ᠂ ᠠᠭᠠᠷ ᠤᠨ ᠠᠶᠠᠯᠠᠯ ᠢᠶᠠᠷ ᠲᠣᠭᠤᠷᠢᠨ ᠬᠠᠮᠠᠭᠠᠯᠠᠵᠤ ᠲᠠᠩᠨᠠᠬᠤ᠂ ᠭᠠᠵᠠᠷ ᠳᠡᠭᠡᠷᠡᠬᠢ ᠬᠠᠷᠠᠭ᠎ᠠ᠂ ᠬᠥᠮᠥᠨ ᠢᠶᠠᠷ ᠴᠠᠭᠳᠠᠨ ᠬᠠᠮᠠᠭᠠᠯᠠᠬᠤ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠢᠴᠢ ᠪᠤᠰᠤᠳ ᠬᠡᠯᠪᠡᠷᠢ ᠪᠠᠷ ᠳᠠᠮᠵᠢᠭᠤᠯᠤᠨ ᠭᠠᠯ ᠭᠠᠷᠤᠭᠰᠠᠨ ᠭᠠᠵᠠᠷ ᠤᠨ ᠬᠥᠳᠡᠯᠦᠯ ᠪᠠᠶᠢᠳᠠᠯ ᠢ ᠨᠢᠭᠲᠠ ᠬᠢᠨᠠᠨ ᠠᠵᠢᠭᠯᠠᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠬᠢᠨᠠᠨ ᠬᠡᠮᠵᠢᠬᠦ ᠪᠣᠰᠤᠭ᠎ᠠ ᠴᠣᠭᠴᠠᠲᠤ ᠲᠣᠣᠷ ᠰᠦᠯᠵᠢᠶ᠎ᠡ ᠶᠢ ᠪᠤᠢ ᠪᠣᠯᠭᠠᠬᠤ ᠬᠡᠷᠡᠭᠲᠡᠢ᠃ 5.3 ᠭᠠᠯ ᠭᠠᠷᠤᠭᠰᠠᠨ ᠭᠠᠵᠠᠷ ᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠴᠠᠭ ᠠᠭᠤᠷ ᠤᠨ ᠰᠠᠯᠠᠭ᠎ᠠ ᠮᠥᠴᠢᠷ ᠠᠴᠠ ᠭᠤᠣᠯᠳᠠᠯᠭ᠎ᠠ ᠲᠠᠢ ᠭᠠᠯ ᠭᠠᠷᠤᠭᠰᠠᠨ ᠭᠠᠵᠠᠷ ᠲᠤ ᠭᠠᠯ ᠭᠠᠷᠤᠭᠰᠠᠨ ᠭᠠᠵᠠᠷ ᠤᠨ ᠴᠠᠭ ᠠᠭᠤᠷ ᠤᠨ ᠪᠣᠳᠠᠲᠤ ᠪᠠᠶᠢᠳᠠᠯ ᠪᠠ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠬᠠᠩᠭᠠᠵᠤ᠂ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠠᠯᠪᠠᠨ ᠭᠡᠷ᠂ ᠤᠢ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠲᠠᠢ ᠬᠠᠮᠲᠤᠷᠠᠨ ᠭᠠᠯ ᠤᠨ ᠠᠶᠤᠯ ᠤᠨ ᠰᠡᠷᠡᠮᠵᠢ ᠶᠢᠨ ᠮᠡᠳᠡᠭᠡ ᠶᠢ ᠨᠡᠶᠢᠲᠡᠯᠡᠨ᠎ᠡ︔ ᠭᠤᠣᠯᠳᠠᠯᠭ᠎ᠠ ᠲᠠᠢ ᠭᠠᠯ ᠭᠠᠷᠤᠭᠰᠠᠨ ᠭᠠᠵᠠᠷ ᠢ ᠮᠥᠷᠳᠡᠨ ᠲᠥᠰᠥᠭᠡᠯᠡᠵᠦ ᠤᠷᠢᠳᠴᠢᠯᠠᠨ ᠮᠡᠳᠡᠭᠡᠯᠡᠵᠦ᠂ ᠭᠠᠯ ᠤᠨᠲᠠᠷᠠᠭᠠᠬᠤ ᠶᠢ ᠵᠢᠯᠤᠭᠤᠳᠬᠤ ᠪᠠᠶᠢᠭᠤᠯᠤᠮᠵᠢ ᠳᠤ ᠰᠢᠢᠳᠪᠦᠷᠢᠲᠦ ᠪᠣᠳᠣᠯᠭ᠎ᠠ ᠶᠢᠨ ᠲᠤᠰᠠᠯᠠᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠩᠭᠠᠬᠤ ᠬᠡᠷᠡᠭᠲᠡᠢ᠃ ᠴᠠᠭ ᠠᠭᠤᠷ ᠤᠨ ᠬᠠᠨᠳᠤᠰᠢ ᠶᠢ ᠦᠨᠳᠦᠰᠦᠯᠡᠨ᠂ ᠠᠶᠤᠯ ᠶᠡᠬᠡᠲᠡᠢ ᠭᠠᠯ ᠤᠨ ᠠᠶᠤᠯ ᠲᠠᠢ ᠣᠷᠣᠨ ᠪᠦᠰᠡ ᠪᠤᠶᠤ ᠭᠤᠣᠯᠳᠠᠯᠭ᠎ᠠ ᠲᠠᠢ ᠭᠠᠯ ᠭᠠᠷᠤᠭᠰᠠᠨ ᠭᠠᠵᠠᠷ ᠲᠤ ᠴᠢᠭᠯᠡᠭᠦᠯᠦᠨ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠲᠥᠰᠥᠯ ᠲᠣᠭᠲᠠᠭᠠᠵᠤ᠂ ᠬᠥᠮᠥᠨ ᠤ ᠬᠦᠴᠦ ᠪᠠᠷ ᠪᠣᠷᠣᠭᠠᠨ ︵ᠴᠠᠰᠤ︶ ᠨᠡᠮᠡᠭᠳᠡᠭᠦᠯᠬᠦ ᠠᠵᠢᠯ ᠢ ᠴᠠᠭ ᠲᠤᠨᠢ ᠲᠣᠬᠢᠷᠠᠭᠤᠯᠤᠨ ᠬᠢᠵᠦ᠂ ᠭᠠᠯ ᠤᠨ ᠠᠶᠤᠯ ᠢ ᠲᠦᠷᠭᠡᠬᠡᠨ ᠤᠨᠲᠠᠷᠠᠭᠠᠬᠤ ᠪᠠ ᠭᠠᠯ ᠤᠨ ᠠᠶᠤᠯ ᠤᠨ ᠲᠡᠰ ᠢ ᠪᠠᠭᠤᠷᠠᠭᠤᠯᠬᠤ ᠳᠤ ᠠᠰᠢᠭᠲᠠᠢ ᠨᠥᠬᠦᠴᠡᠯ ᠢ ᠪᠤᠢ ᠪᠣᠯᠭᠠᠬᠤ ᠬᠡᠷᠡᠭᠲᠡᠢ᠃ 5.4 ᠮᠡᠳᠡᠭᠡ ᠵᠠᠩᠭᠢ ᠶᠢᠨ ᠮᠡᠳᠡᠭᠦᠯᠦᠯᠲᠡ 5.4.1 ᠰᠢᠰᠲ᠋ᠧᠮᠵᠢᠭᠦᠯᠦᠨ ᠮᠡᠳᠡᠭᠦᠯᠬᠦ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠮᠡᠳᠡᠭᠡ ᠵᠠᠩᠭᠢ ᠶᠢ ᠤᠢ ᠰᠢᠭᠤᠢ ᠶᠢᠨ ᠰᠡᠷᠭᠡᠶᠢᠯᠡᠯᠲᠡ ᠶᠢᠨ ᠠᠯᠪᠠᠨ ᠭᠡᠷ ᠠᠴᠠ ᠰᠢᠰᠲ᠋ᠧᠮᠵᠢᠭᠦᠯᠦᠨ ᠬᠠᠮᠢᠶᠠᠷᠴᠤ᠂ ᠦᠨᠳᠦᠰᠦᠨ ᠱᠠᠲᠤᠨ ᠤ ᠭᠠᠯ ᠰᠡᠷᠭᠡᠶᠢᠯᠡᠬᠦ ᠠᠯᠪᠠᠨ ᠭᠡᠷ ᠠᠴᠠ ᠲᠣᠭᠲᠠᠭᠠᠭᠰᠠᠨ ᠴᠠᠭ ᠬᠤᠭᠤᠴᠠᠭ᠎ᠠ ᠪᠣᠯᠣᠨ ᠲᠡᠰ ᠳᠠᠷᠠᠭᠠᠯᠠᠯ ᠤᠨ ᠶᠣᠰᠣᠭᠠᠷ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃ 5.4.2 ᠳᠠᠷᠤᠢ ᠲᠦᠷᠭᠡᠨ ᠮᠡᠳᠡᠭᠦᠯᠬᠦ ᠭᠠᠯ ᠤᠨ ᠭᠠᠮᠰᠢᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠬᠤᠯᠪᠣᠭᠳᠠᠯ ᠪᠦᠬᠦᠢ ᠲᠣᠭᠲᠠᠭᠠᠯ ᠪᠠ ︽ᠭᠠᠯ ᠪᠠᠶᠢᠪᠠᠯ ᠵᠠᠪᠠᠯ ᠮᠡᠳᠡᠭᠦᠯᠵᠦ᠂ ᠠᠷᠭᠠᠴᠠᠬᠤ ᠶᠢᠨ ᠳᠠᠭᠠᠤ ᠮᠡᠳᠡᠭᠦᠯᠬᠦ︾ ᠵᠠᠷᠴᠢᠮ ᠢ ᠦᠨᠳᠦᠰᠦᠯᠡᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠤᠭᠰᠠᠨ ᠤ ᠲᠠᠷᠠᠭ᠎ᠠ᠂ ᠭᠠᠯ ᠤᠨ ᠠᠶᠤᠯ ᠭᠠᠷᠤᠭᠰᠠᠨ ᠭᠠᠵᠠᠷ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠤᠭᠤᠳ ᠡᠷᠬᠡᠪᠰᠢ 30 ᠮᠢᠨᠦ᠋ᠲ ᠤᠨ ᠳᠣᠲᠣᠷ᠎ᠠ ᠳ᠋ᠢᠶᠠᠩᠬᠤᠸᠠ ᠪᠤᠶᠤ ᠲᠥᠬᠦᠮ ᠦᠰᠦᠭ ︵ᠡᠭᠦᠰᠦᠭᠰᠡᠨ ᠴᠠᠭ᠂ ᠭᠠᠵᠠᠷ᠂ ᠤᠢ ᠰᠢᠭᠤᠢ ᠶᠢᠨ ᠳᠦᠷᠰᠦ᠂ ᠭᠠᠯ ᠤᠨᠲᠠᠷᠠᠭᠠᠵᠤ ᠪᠠᠶᠢᠭ᠎ᠠ ᠪᠠᠶᠢᠳᠠᠯ ᠵᠡᠷᠭᠡ ᠮᠡᠳᠡᠭᠡ ᠵᠠᠩᠭᠢ︶᠎ ᠢᠶᠠᠷ ᠳᠠᠮᠵᠢᠭᠤᠯᠤᠨ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠠᠯᠪᠠᠨ ᠭᠡᠷ ᠲᠤ ᠮᠡᠳᠡᠭᠦᠯᠵᠦ᠂ 1 ᠴᠠᠭ ᠤᠨ ᠳᠣᠲᠣᠷ᠎ᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠤᠭᠤᠳᠬᠤ ᠲᠥᠪ ᠤᠨ ︽ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠤᠨ ᠮᠡᠳᠡᠭᠦᠯᠦᠯᠲᠡ︾᠎ ᠶᠢᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠨᠠᠷᠢᠨ ᠪᠠᠶᠢᠳᠠᠯ ᠢ ᠪᠢᠴᠢᠭ ᠢᠶᠠᠷ ᠮᠡᠳᠡᠭᠦᠯᠬᠦ ᠬᠡᠷᠡᠭᠲᠡᠢ ᠮᠡᠳᠡᠭᠦᠯᠦᠯᠲᠡ ᠶᠢᠨ ᠠᠭᠤᠯᠭ᠎ᠠ ᠳᠤ ᠨᠠᠭᠠᠲᠤ ᠵᠠᠬ᠎ᠠ ᠳᠠᠭᠠᠨ ᠳᠣᠣᠷᠠᠬᠢ ᠬᠡᠳᠦᠨ ᠵᠦᠢᠯ ᠪᠠᠭᠲᠠᠨ᠎ᠠ᠄ 1. ᠭᠠᠯ ᠭᠠᠷᠤᠭᠰᠠᠨ ᠭᠠᠵᠠᠷ᠄ ᠭᠠᠵᠠᠷ ᠤᠨ ᠨᠡᠷ᠎ᠡ ︵ᠰᠤᠮᠤ ᠪᠠᠯᠭᠠᠰᠤ ᠲᠠᠯᠠᠪᠠᠶ᠂ ᠭᠠᠴᠠᠭ᠎ᠠ︶᠂ ᠤᠷᠲᠤᠷᠢᠭ ᠥᠷᠭᠡᠷᠢᠭ᠃ 2. ᠡᠬᠢᠯᠡᠵᠦ ᠳᠠᠭᠤᠰᠬᠤ ᠴᠠᠭ᠄ ᠡᠭᠦᠰᠦᠭᠰᠡᠨ ᠴᠠᠭ᠂ ᠣᠯᠵᠤ ᠮᠡᠳᠡᠭᠰᠡᠨ ᠴᠠᠭ᠂ ᠴᠠᠬᠢᠯᠭᠠᠨ ᠮᠡᠳᠡᠭᠡ ᠭᠥᠯᠢᠶᠡᠨ ᠠᠪᠤᠭᠰᠠᠨ ᠴᠠᠭ᠂ ᠭᠠᠯ ᠤᠨᠲᠠᠷᠠᠭᠠᠭᠰᠠᠨ ᠴᠠᠭ᠃ 3. ᠭᠠᠯ ᠭᠠᠷᠤᠭᠰᠠᠨ ᠰᠢᠯᠲᠠᠭᠠᠨ᠄ ᠡᠭᠦᠰᠦᠭᠰᠡᠨ ᠰᠢᠯᠲᠠᠭᠠᠨ᠂ ᠬᠡᠷᠡᠭ ᠭᠠᠷᠭᠠᠭᠰᠠᠨ ᠬᠥᠮᠥᠨ ᠤ ᠪᠠᠶᠢᠳᠠᠯ᠃ 4. ᠲᠤᠬᠠᠢ ᠶᠢᠨ ᠭᠠᠵᠠᠷ ᠤᠨ ᠴᠠᠭ ᠠᠭᠤᠷ᠄ ᠰᠠᠯᠬᠢᠨ ᠤ ᠬᠦᠴᠦ᠂ ᠰᠠᠯᠬᠢᠨ ᠤ ᠴᠢᠭᠯᠡᠯ᠂ ᠠᠭᠠᠷ ᠤᠨ ᠳᠤᠯᠠᠭᠠᠨ ᠵᠢᠴᠢ ᠲᠤᠨᠳᠠᠰᠤᠨ ᠤ ᠪᠠᠶᠢᠳᠠᠯ ᠵᠡᠷᠭᠡ᠃ 5. ᠭᠠᠯ ᠤᠨ ᠪᠠᠶᠢᠳᠠᠯ ᠤᠨ ᠪᠠᠶᠢᠳᠠᠯ᠄ ᠭᠠᠯ ᠤᠨ ᠲᠠᠯᠠᠪᠠᠢ ᠶᠢᠨ ᠰᠢᠲᠠᠵᠤ ᠪᠠᠶᠢᠭ᠎ᠠ ᠪᠠᠶᠢᠳᠠᠯ᠂ ᠬᠥᠭᠵᠢᠵᠦ ᠪᠠᠶᠢᠭ᠎ᠠ ᠬᠠᠨᠳᠤᠰᠢ ︵ᠬᠡᠷᠪᠡ ᠭᠠᠯ ᠤᠨ ᠣᠷᠣᠨ ᠤ ᠳᠣᠲᠣᠷ᠎ᠠ ᠪᠤᠶᠤ ᠣᠶᠢᠷ᠎ᠠ ᠬᠠᠪᠢ ᠳᠤ ᠰᠠᠭᠤᠭᠠᠯᠢ ᠠᠷᠠᠳ ᠤᠨ ᠴᠢᠭ᠋ ᠪᠠ ᠴᠢᠬᠤᠯᠠ ᠪᠡᠯᠡᠳᠬᠡᠮᠵᠢ ᠲᠠᠢ ᠪᠣᠯ ᠣᠨᠴᠣᠭᠤᠶᠢᠯᠠᠨ ᠲᠣᠳᠣᠷᠬᠠᠶᠢᠯᠠᠬᠤ ᠬᠡᠷᠡᠭᠲᠡᠢ︶᠃ 6. ᠭᠠᠯ ᠤᠨᠲᠠᠷᠠᠭᠠᠵᠤ ᠠᠶᠤᠯ ᠠᠴᠠ ᠠᠪᠤᠷᠠᠭᠰᠠᠨ ᠪᠠᠶᠢᠳᠠᠯ᠄ ᠭᠠᠯ ᠤᠨᠲᠠᠷᠠᠭᠠᠬᠤ ᠠᠵᠢᠯᠲᠠᠨ᠂ ᠲᠡᠷᠭᠡ ᠬᠥᠰᠬᠡ᠂ ᠭᠠᠯ ᠤᠨᠲᠠᠷᠠᠭᠠᠬᠤ ᠮᠠᠰᠢᠨ ᠪᠠᠭᠠᠵᠢ ᠶᠢᠨ ᠲᠤᠭ᠎ᠠ ᠬᠡᠮᠵᠢᠶ᠎ᠡ᠂ ᠭᠠᠯ ᠭᠠᠷᠤᠭᠰᠠᠨ ᠭᠠᠵᠠᠷ ᠲᠤ ᠬᠦᠷᠦᠭᠰᠡᠨ ᠬᠥᠮᠥᠨ ᠤ ᠲᠤᠭ᠎ᠠ ᠪᠣᠯᠣᠨ ᠵᠢᠯᠣᠭᠤᠳᠤᠭᠴᠢ ᠶᠢᠨ ᠣᠪᠣᠭ ᠨᠡᠷ᠎ᠡ᠂ ᠲᠤᠰᠢᠶᠠᠯ᠃ 7. ᠬᠤᠬᠢᠷᠠᠯ ᠤᠨ ᠪᠠᠶᠢᠳᠠᠯ᠄ ᠭᠠᠯ ᠭᠠᠷᠤᠭᠰᠠᠨ ᠭᠠᠵᠠᠷ ᠤᠨ ᠲᠠᠯᠠᠪᠠᠢ᠂ ᠭᠠᠯ ᠤᠨ ᠠᠶᠤᠯ ᠤᠨ ᠲᠦᠷᠦᠯ ᠵᠦᠢᠯ᠂ ᠬᠥᠮᠥᠨ ᠮᠠᠯ ᠤᠨ ᠠᠳᠡᠯ ᠰᠢᠷᠬᠠᠲᠤᠯ ᠪᠠ ᠪᠤᠰᠤᠳ ᠬᠤᠬᠢᠷᠠᠯ ᠤᠨ ᠪᠠᠶᠢᠳᠠᠯ᠃ 8. ᠬᠢᠯᠢ ᠶᠢᠨ ᠵᠠᠭᠠᠭ ᠤᠨ ᠭᠠᠯ ᠳᠤ ᠬᠢᠯᠢ ᠶᠢᠨ ᠵᠠᠭᠠᠭ ᠠᠴᠠ ᠵᠠᠶᠢᠳᠠᠬᠤ ᠵᠠᠢ ᠪᠠ ᠬᠥᠭᠵᠢᠯᠲᠡ ᠶᠢᠨ ᠬᠠᠨᠳᠤᠰᠢ᠂ ᠰᠢᠲᠠᠵᠤ ᠭᠠᠷᠬᠤ ᠠᠶᠤᠯ ᠪᠤᠶᠤ ᠰᠢᠲᠠᠵᠤ ᠭᠠᠷᠬᠤ ᠴᠠᠭ᠂ ᠭᠠᠵᠠᠷ᠂ ᠥᠩᠭᠡᠷᠡᠯᠲᠡ ᠪᠠ ᠬᠤᠬᠢᠷᠠᠯ ᠤᠨ ᠪᠠᠶᠢᠳᠠᠯ ᠢ ᠣᠶᠢᠯᠠᠭᠠᠬᠤ ᠬᠡᠷᠡᠭᠲᠡᠢ᠃ 9. ᠭᠠᠯ ᠤᠨᠲᠠᠷᠠᠭᠠᠵᠤ ᠠᠶᠤᠯ ᠠᠴᠠ ᠠᠪᠤᠷᠠᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ᠂ ᠰᠢᠢᠳᠪᠦᠷᠢᠯᠡᠬᠦ ᠴᠢᠬᠤᠯᠠᠲᠠᠢ ᠠᠰᠠᠭᠤᠳᠠᠯ᠂ ᠭᠠᠯ ᠤᠨᠲᠠᠷᠠᠭᠠᠬᠤ ᠬᠦᠴᠦᠨ ᠤ ᠳᠡᠮᠵᠢᠯᠭᠡ ᠴᠢᠬᠤᠯᠠᠲᠠᠢ ᠪᠠᠶᠢᠬᠤ ᠵᠡᠷᠭᠡ᠃ 10. ᠪᠡᠯᠡᠳᠬᠡᠯ ᠲᠥᠰᠥᠯ ᠢ ᠡᠬᠢᠯᠡᠭᠦᠯᠦᠭᠰᠡᠨ ᠪᠠᠶᠢᠳᠠᠯ᠃ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠨᠤᠭᠤᠳ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ᠂ ᠣᠨᠣᠪᠴᠢᠲᠠᠶ᠂ ᠵᠢᠷᠤᠮᠵᠢᠯ ᠲᠠᠢ ᠪᠠᠷ ᠮᠡᠳᠡᠭᠦᠯᠵᠦ᠂ ᠪᠦᠷᠢᠯᠳᠦᠭᠦᠨ ᠨᠢᠭᠡᠴᠡ ᠪᠣᠯᠣᠨ ᠰᠦᠷᠳᠡᠭᠦᠯᠦᠯ ᠳᠤ ᠤᠴᠠᠷᠠᠭᠰᠠᠨ ᠭᠠᠵᠠᠷ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠳᠤ ᠴᠠᠭ ᠲᠤᠬᠠᠢ ᠳᠤᠨᠢ ᠮᠡᠳᠡᠭᠡᠯᠡᠬᠦ ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠮᠡᠳᠡᠭᠡ ᠵᠠᠩᠭᠢ ᠶᠢ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠠᠯᠪᠠᠨ ᠭᠡᠷ ᠠᠴᠠ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠮᠡᠳᠡᠭᠦᠯᠬᠦ ᠶᠢᠨ ᠬᠠᠮᠲᠤ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠪᠦᠷᠢᠯᠳᠦᠭᠦᠨ ᠨᠢᠭᠡᠴᠡ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠨᠡᠪᠲᠡᠷᠡᠭᠦᠯᠬᠦ ᠬᠡᠷᠡᠭᠲᠡᠢ᠄ ⑴ᠤᠢ ᠰᠢᠭᠤᠢ ᠨᠤᠲᠤᠭ ᠪᠡᠯᠴᠢᠭᠡᠷ ᠤᠨ ᠡᠩ ᠤᠨ᠂ ᠨᠡᠯᠢᠶᠡᠳ ᠶᠡᠭᠡ᠂ ᠬᠦᠨᠳᠦ ᠶᠡᠭᠡ᠂ ᠣᠨᠴᠣᠭᠤᠢ ᠬᠦᠨᠳᠦ ᠶᠡᠭᠡ ᠭᠠᠯ ᠤᠨ ᠭᠠᠮᠰᠢᠭ᡾ ⑵ᠬᠥᠮᠥᠨ ᠢ ᠦᠬᠦᠭᠦᠯᠦᠭᠰᠡᠨ ᠪᠤᠶᠤ ᠬᠦᠨᠳᠦ ᠰᠢᠷᠬᠠᠲᠤᠭᠤᠯᠤᠭᠰᠠᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ︔ ⑶ᠰᠠᠭᠤᠭᠠᠯᠢ ᠠᠷᠠᠳ ᠤᠨ ᠲᠣᠭᠤᠷᠢᠭ᠂ ᠴᠢᠬᠤᠯᠠ ᠪᠡᠯᠡᠳᠬᠡᠮᠵᠢ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠎ ᠢ ᠰᠦᠷᠳᠡᠭᠦᠯᠬᠦ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ⑷ᠵᠠᠬ᠎ᠠ ᠨᠡᠶᠢᠯᠡᠵᠦ ᠪᠠᠶᠢᠭ᠎ᠠ ᠭᠠᠵᠠᠷ ᠣᠷᠣᠨ ᠳᠤ ᠠᠶᠤᠯ ᠲᠦᠭᠰᠢᠭᠦᠷᠢ ᠶᠡᠬᠡᠲᠡᠢ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ︔ ⑸ᠨᠡᠭᠡᠭᠡᠨ ᠠᠰᠢᠭᠯᠠᠭᠠᠳᠤᠢ ᠪᠠᠯᠠᠷ ᠡᠷᠲᠡᠨ ᠤ ᠭᠠᠵᠠᠷ ᠣᠷᠣᠨ ᠳᠤ ᠡᠭᠦᠰᠦᠭᠰᠡᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ︔ ⑹24 ᠴᠠᠭ ᠤᠨ ᠳᠣᠲᠣᠷ᠎ᠠ ᠢᠯᠡ ᠭᠠᠯ ᠢ ᠬᠠᠷᠠᠬᠠᠨ ᠤᠨᠲᠠᠷᠠᠭᠠᠳᠤᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ︔ ⑺ᠳᠡᠭᠡᠳᠦ ᠱᠠᠲᠤᠨ ᠠᠴᠠ ᠲᠤᠰᠠᠯᠠᠵᠤ ᠭᠠᠯ ᠤᠨᠲᠠᠷᠠᠭᠠᠬᠤ ᠴᠢᠬᠤᠯᠠᠲᠠᠢ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ︔ ⑻ ᠪᠤᠰᠤᠳ ᠮᠡᠳᠡᠭᠦᠯᠬᠦ ᠴᠢᠬᠤᠯᠠᠲᠠᠢ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ᠃ ᠣᠶ ᠰᠢᠭᠤᠢ ᠶᠢᠨ ᠰᠡᠷᠭᠡᠶᠢᠯᠡᠯᠲᠡ ᠭᠡᠳᠡᠭ ᠨᠢ ᠬᠢᠨᠠᠨ ᠬᠠᠷᠭᠤᠭᠤᠯᠬᠤ ᠶᠢ ᠱᠠᠭᠠᠷᠳᠠᠭᠰᠠᠨ ᠳᠠᠭᠠᠭᠤᠯᠢ ᠣᠳᠣᠨ ᠤ ᠬᠢᠨᠠᠨ ᠬᠡᠮᠵᠢᠯᠲᠡ ᠶᠢᠨ ᠬᠠᠯᠠᠮᠰᠢᠯ ᠴᠡᠭ᠂ ᠰᠠᠯᠠᠭ᠎ᠠ ᠮᠥᠴᠢᠷ ᠤᠳ ᠲᠦᠢᠮᠡᠷ ᠤᠨ ᠪᠠᠶᠢᠳᠠᠯ ᠢ ᠮᠡᠳᠡᠭᠡᠯᠡᠬᠦ᠂ ᠣᠯᠠᠨ ᠲᠦᠮᠡᠨ ᠲᠦᠭᠰᠢᠭᠦᠷᠢ ᠶᠢ ᠮᠡᠳᠡᠭᠦᠯᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠲᠦᠢᠮᠡᠷ ᠤᠨ ᠪᠠᠶᠢᠳᠠᠯ ᠢ ᠲᠤᠰᠬᠠᠬᠤ ᠵᠡᠷᠭᠡ ᠰᠦᠪᠡᠭᠴᠢ ᠶᠢ ᠵᠢᠭᠠᠵᠤ ᠪᠣᠶ᠂ ᠲᠦᠢᠮᠡᠷ ᠤᠨ ᠪᠠᠶᠢᠳᠠᠯ ᠤᠨ ᠪᠠᠶᠢᠭ᠎ᠠ ᠭᠠᠵᠠᠷ ᠤᠨ ᠦᠨᠳᠦᠰᠦᠨ ᠱᠠᠲᠤᠨ ᠳᠤ 2 ᠴᠠᠭ ᠤᠨ ᠳᠣᠲᠣᠷ᠎ᠠ ᠬᠢᠨᠠᠨ ᠬᠠᠷᠭᠤᠭᠤᠯᠤᠭᠰᠠᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠡᠢ︔ ᠣᠷᠣᠨ ᠨᠤᠲᠤᠭ ᠤᠨ ᠪᠤᠶᠢᠳᠠ ᠪᠥᠭᠯᠡᠭᠦᠦ ᠵᠠᠮ ᠬᠠᠷᠢᠯᠴᠠᠭ᠎ᠠ ᠦᠨᠡᠬᠡᠷ ᠳᠥᠭᠦᠮ ᠦᠭᠡᠢ ᠪᠣᠯ᠂ 2 ᠴᠠᠭ ᠤᠨ ᠳᠣᠲᠣᠷ᠎ᠠ ᠣᠶ ᠰᠢᠭᠤᠢ ᠶᠢᠨ ᠰᠡᠷᠭᠡᠶᠢᠯᠡᠯᠲᠡ ᠶᠢᠨ ᠠᠯᠪᠠᠨ ᠭᠡᠷ ᠲᠤ ᠬᠢᠨᠠᠨ ᠪᠠᠶᠢᠴᠠᠭᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠲᠣᠳᠣᠷᠬᠠᠶᠢᠯᠠᠬᠤ ᠶᠢᠨ ᠬᠠᠮᠲᠤ ᠬᠢᠨᠠᠨ ᠬᠠᠷᠭᠤᠭᠤᠯᠤᠭᠰᠠᠨ ᠤ ᠳᠠᠷᠠᠭ᠎ᠠ ᠬᠠᠮᠤᠭ ᠤᠨ ᠲᠡᠷᠢᠭᠦᠨ ᠳᠤ ᠮᠡᠳᠡᠭᠦᠯᠬᠦ ᠬᠡᠷᠡᠭᠲᠡᠢ᠃ ᠣᠶ ᠰᠢᠭᠤᠢ ᠶᠢᠨ ᠰᠡᠷᠭᠡᠶᠢᠯᠡᠯᠲᠡ ᠶᠢᠨ ᠠᠯᠪᠠᠨ ᠭᠡᠷ ᠭᠠᠯ ᠤᠨ ᠭᠠᠮᠰᠢᠭ ᠤᠨ ᠪᠢᠴᠢᠭ ᠤᠨ ᠮᠡᠳᠡᠭᠡ ᠵᠠᠩᠭᠢ ᠶᠢ ᠣᠯᠣᠭᠰᠠᠨ ᠤ ᠳᠠᠷᠠᠭ᠎ᠠ᠂ ᠲᠡᠷᠡ ᠳᠠᠷᠤᠢ ᠳᠤᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠣᠨ ᠬᠤᠲᠠ ᠶᠢᠨ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠳᠤ ᠮᠡᠳᠡᠭᠦᠯᠬᠦ ᠶᠢᠨ ᠬᠠᠮᠲᠤ᠂ ᠮᠡᠳᠡᠭᠡ ᠵᠠᠩᠭᠢ ᠪᠠᠨ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠡᠯ᠎ᠡ ᠪᠦᠷᠢᠯᠳᠦᠭᠦᠨ ᠨᠢᠭᠡᠴᠡ ᠳᠤ  ᠮᠡᠳᠡᠭᠦᠯᠦᠨ᠎ᠡ᠃ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠨᠲᠠᠷᠠᠭᠠᠬᠤ ᠶᠠᠪᠤᠴᠠ ᠳᠤ᠂ ᠡᠷᠬᠡᠪᠰᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠢᠴᠢ ᠰᠢᠢᠳᠪᠦᠷᠢᠯᠡᠭᠰᠡᠨ ᠪᠠᠶᠢᠳᠠᠯ ᠢ ᠦᠷᠭᠦᠯᠵᠢᠯᠡᠨ ᠮᠡᠳᠡᠭᠦᠯᠵᠦ᠂ ᠡᠳᠦᠷ ᠪᠦᠷᠢ ᠬᠤᠶᠠᠷ ᠤᠳᠠᠭ᠎ᠠ ᠳᠡᠭᠡᠭᠰᠢ ᠮᠡᠳᠡᠭᠦᠯᠬᠦ ᠬᠡᠷᠡᠭᠲᠡᠢ ︵14 ᠴᠠᠭ ᠠᠴᠠ ᠡᠮᠦᠨ᠎ᠡ ᠲᠤᠬᠠᠢ ᠶᠢᠨ ᠡᠳᠦᠷ ᠤᠨ ᠦᠳᠡ ᠶᠢᠨ ᠡᠮᠦᠨᠡᠬᠢ ᠭᠠᠯ ᠤᠨ ᠪᠠᠶᠢᠳᠠᠯ ᠪᠠ ᠰᠢᠢᠳᠪᠦᠷᠢᠯᠡᠭᠰᠡᠨ ᠪᠠᠶᠢᠳᠠᠯ ᠢᠶᠠᠨ ᠮᠡᠳᠡᠭᠦᠯᠵᠦ᠂ 20 ᠴᠠᠭ ᠠᠴᠠ ᠡᠮᠦᠨ᠎ᠡ ᠦᠳᠡ ᠶᠢᠨ ᠬᠤᠶᠢᠨᠠᠬᠢ ᠭᠠᠯ ᠤᠨ ᠪᠠᠶᠢᠳᠠᠯ᠂ ᠰᠢᠢᠳᠪᠦᠷᠢᠯᠡᠭᠰᠡᠨ ᠪᠠᠶᠢᠳᠠᠯ ᠪᠠ ᠳᠠᠷᠠᠭ᠎ᠠ ᠡᠳᠦᠷ ᠤᠨ ᠰᠢᠢᠳᠪᠦᠷᠢᠯᠡᠬᠦ ᠲᠥᠰᠥᠯ ᠢᠶᠠᠨ ᠮᠡᠳᠡᠭᠦᠯᠦᠨ᠎ᠡ︶᠃ ᠤᠢ ᠰᠢᠭᠤᠢ ᠶᠢᠨ ᠰᠡᠷᠭᠡᠶᠢᠯᠡᠯᠲᠡ ᠶᠢᠨ ᠠᠯᠪᠠᠨ ᠭᠡᠷ ᠤᠨ ᠲᠤᠰᠬᠠᠶᠢᠯᠠᠨ ᠮᠡᠳᠡᠭᠦᠯᠬᠦ ᠪᠠᠷ ᠱᠠᠭᠠᠷᠳᠠᠭᠰᠠᠨ ᠪᠠᠶᠢᠳᠠᠯ ᠢ ᠲᠡᠷᠡ ᠳᠠᠷᠤᠢ ᠳᠤᠨᠢ ᠵᠣᠬᠢᠶᠠᠨ ᠪᠠᠶᠢᠭᠤᠯᠵᠤ ᠮᠡᠳᠡᠭᠦᠯᠦᠨ ᠬᠦᠷᠭᠡᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠢᠯᠡ ᠭᠠᠯ ᠢ ᠤᠨᠲᠠᠷᠠᠭᠠᠵᠤ ᠦᠯᠡᠳᠡᠭᠰᠡᠨ ᠭᠠᠯ ᠢ ᠴᠡᠪᠡᠷᠯᠡᠬᠦ ᠪᠠ ᠭᠠᠯ ᠤᠨ ᠲᠠᠯᠠᠪᠠᠶ ᠶᠢ ᠰᠠᠬᠢᠨ ᠬᠠᠷᠠᠬᠤ ᠱᠠᠲᠤᠨ ᠳᠤ ᠰᠢᠯᠵᠢᠨ ᠣᠷᠣᠬᠤ ᠦᠶ᠎ᠡ ᠳᠤ᠂ 2 ᠴᠠᠭ ᠤᠨ ᠳᠣᠲᠣᠷ᠎ᠠ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠠᠯᠪᠠᠨ ᠭᠡᠷ ᠲᠤ ᠪᠢᠴᠢᠭ ᠢᠶᠠᠷ ᠮᠡᠳᠡᠭᠦᠯᠵᠦ᠂ ᠲᠤᠶᠢᠯᠪᠤᠷᠢᠲᠠᠢ ᠤᠨᠲᠠᠷᠠᠭᠠᠭᠰᠠᠨ ᠤ ᠳᠠᠷᠠᠭ᠎ᠠ ᠴᠠᠭ ᠲᠤᠬᠠᠢ ᠳᠤᠨᠢ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠠᠯᠪᠠᠨ ᠭᠡᠷ ᠲᠤ ᠮᠡᠳᠡᠭᠦᠯᠵᠦ ᠨᠣᠮᠧᠷ ᠢ ᠨᠢ ᠬᠦᠴᠦᠨ ᠦᠭᠡᠢ ᠪᠣᠯᠭᠠᠬᠤ ᠬᠡᠷᠡᠭᠲᠡᠢ᠃ ᠭᠠᠯ ᠤᠨ ᠠᠶᠤᠯ ᠤᠨ ᠬᠤᠬᠢᠷᠠᠯ ᠤᠨ ᠪᠠᠶᠢᠳᠠᠯ᠂ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ᠂ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠭᠰᠡᠨ ᠪᠠᠶᠢᠳᠠᠯ ᠢ ᠲᠤᠰᠬᠠᠢ ᠮᠡᠳᠡᠭᠦᠯᠵᠦ᠂ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠠᠯᠪᠠᠨ ᠭᠡᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠮᠡᠳᠡᠭᠦᠯᠦᠯᠲᠡ ᠶᠢᠨ ᠬᠡᠯᠪᠡᠷᠢ ᠶᠢ ᠪᠡᠯᠡᠳᠬᠡᠯ ᠲᠥᠰᠥᠯ ᠤᠨ ᠳᠠᠭᠠᠯᠳᠤᠭᠤᠯᠤᠯ ᠳᠤ ᠦᠵᠡ᠃ 6 ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ 6.1ᠳᠡᠰ ᠬᠤᠪᠢᠶᠠᠨ ᠳᠠᠭᠠᠬᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠥᠭᠵᠢᠯᠲᠡ ᠶᠢᠨ ᠪᠠᠶᠢᠳᠠᠯ ᠪᠠ ᠠᠩᠬᠠᠨ ᠤ ᠲᠠᠰᠤᠯᠤᠯᠲᠠ ᠶᠢᠨ ᠲᠠᠰ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠ ᠵᠢᠱᠢᠭᠰᠡᠨ ᠨᠥᠯᠥᠭᠡᠯᠡᠯ ᠤᠨ ᠦᠷ᠎ᠡ ᠳ᠋ᠦᠩ ᠢ ᠦᠨᠳᠦᠰᠦᠯᠡᠨ᠂ ᠭᠠᠯ ᠤᠨ ᠭᠠᠮᠰᠢᠭ ᠤᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠵᠤ ᠲᠣᠰ ᠱᠠᠲᠤᠨ ᠤ ᠳᠠᠭᠠᠬᠤ ᠲᠠᠰ ᠢ ᠲᠣᠭᠲᠠᠭᠠᠨ᠎ᠠ᠃ ᠱᠠᠲᠤ ᠬᠤᠪᠢᠶᠠᠨ ᠳᠠᠭᠠᠬᠤ ᠵᠠᠷᠴᠢᠮ ᠶᠣᠰᠣᠭᠠᠷ᠂ ᠲᠣᠰ ᠱᠠᠲᠤᠨ ᠤ ᠭᠠᠯ ᠤᠨᠲᠠᠷᠠᠭᠠᠬᠤ ᠵᠣᠬᠢᠶᠠᠨ ᠪᠠᠶᠢᠭᠤᠯᠤᠯᠲᠠ ᠶᠢᠨ ᠵᠢᠯᠤᠭᠤᠳᠬᠤ ᠪᠠᠶᠢᠭᠤᠯᠤᠮᠵᠢ ᠪᠠ ᠬᠦᠴᠦᠨ ᠳᠤ ᠴᠠᠭ ᠲᠤᠬᠠᠢ ᠎ ᠳᠤᠨᠢ ᠲᠣᠬᠢᠷᠠᠭᠤᠯᠤᠯᠲᠠ ᠬᠢᠬᠦ ᠬᠡᠷᠡᠭᠲᠡᠢ᠃ ᠭᠠᠯ ᠭᠠᠷᠤᠭᠰᠠᠨ ᠡᠬᠢᠨ ᠤ ᠬᠤᠭᠤᠴᠠᠭᠠᠨ ᠳᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ ᠡᠷᠲᠡ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠨᠢ ᠬᠠᠮᠤᠭ ᠤᠨ ᠲᠡᠷᠢᠭᠦᠨ ᠳᠤ ᠠᠷᠭ᠎ᠠ ᠬᠡᠮᠵᠢᠶ᠎ᠡ ᠠᠪᠴᠤ᠂ ᠠᠵᠢᠯᠲᠠᠨ ᠤ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ ᠠᠷᠭᠠᠴᠠᠨ ᠰᠢᠢᠳᠪᠦᠷᠢᠯᠡᠬᠦ ᠬᠡᠷᠡᠭᠲᠡᠢ᠃ ᠡᠩ ᠤᠨ᠂ ᠨᠡᠯᠢᠶᠡᠳ ᠶᠡᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠴᠤ ᠮᠡᠳᠡᠬᠦ ᠶᠢ ᠤᠷᠢᠳᠴᠢᠯᠠᠨ ᠮᠠᠭᠠᠳᠯᠠᠪᠠᠯ᠂ ᠬᠤᠲᠠ ᠶᠢᠨ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠪᠠᠷ ᠭᠤᠣᠯ ᠪᠣᠯᠠᠭᠠᠵᠣ ᠵᠣᠬᠢᠶᠠᠨ ᠪᠠᠶᠢᠭᠤᠯᠵᠣ ᠰᠢᠢᠳᠪᠦᠷᠢᠯᠡᠨ᠎ᠡ︔ ᠬᠦᠨᠳᠦ ᠶᠡᠭᠡ᠂ ᠣᠨᠴᠣᠭᠤᠢ ᠬᠦᠨᠳᠦ ᠶᠡᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠴᠤ ᠮᠡᠳᠡᠬᠦ ᠶᠢ ᠤᠷᠢᠳᠴᠢᠯᠠᠨ ᠮᠠᠭᠠᠳᠯᠠᠪᠠᠯ᠂ ᠠᠶᠢᠮᠠᠭ ᠤᠨ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠪᠠᠷ ᠭᠤᠣᠯ ᠪᠣᠯᠠᠭᠠᠵᠣ ᠵᠣᠬᠢᠶᠠᠨ ᠪᠠᠶᠢᠭᠤᠯᠵᠣ ᠰᠢᠢᠳᠪᠦᠷᠢᠯᠡᠵᠦ᠂ ᠬᠤᠲᠠ ᠶᠢᠨ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠪᠠᠷ ᠬᠠᠮᠵᠢᠯᠴᠠᠨ᠎ᠠ᠃ ᠴᠢᠬᠤᠯᠠ ᠲᠠᠢ ᠦᠶ᠎ᠡ ᠳᠤ᠂ ᠳᠠᠭᠠᠬᠤ ᠲᠠᠰ ᠢ ᠲᠣᠬᠢᠷᠠᠭᠤᠯᠤᠨ ᠳᠡᠭᠡᠭᠰᠢᠯᠡᠭᠦᠯᠵᠦ ᠪᠣᠯᠣᠨ᠎ᠠ᠃ 6.2 ᠳᠠᠭᠠᠬᠤ ᠠᠷᠭ᠎ᠠ ᠬᠡᠮᠵᠢᠶ᠎ᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠭᠠᠷᠤᠭᠰᠠᠨ ᠤ ᠳᠠᠷᠠᠭ᠎ᠠ᠂ ᠴᠠᠭ ᠠᠭᠤᠷ᠂ ᠭᠠᠵᠠᠷ ᠤᠨ ᠪᠠᠶᠢᠴᠠ᠂ ᠣᠷᠴᠢᠨ ᠲᠣᠭᠤᠷᠢᠨ ᠵᠡᠷᠭᠡ ᠪᠠᠶᠢᠳᠠᠯ ᠵᠢᠴᠢ ᠬᠥᠮᠥᠨ ᠬᠠᠷ᠎ᠠ ᠨᠢᠭᠲᠠᠷᠠᠨ ᠰᠠᠭᠤᠷᠢᠰᠢᠬᠤ ᠶᠢ ᠰᠦᠷᠳᠡᠭᠦᠯᠵᠦ ᠪᠠᠶᠢᠭ᠎ᠠ ᠭᠠᠵᠠᠷ ᠪᠠ ᠴᠢᠬᠤᠯᠠ ᠠᠶᠤᠯᠲᠠᠢ ᠪᠡᠯᠡᠳᠬᠡᠮᠵᠢ ᠶᠢ ᠤᠷᠢᠳᠠᠪᠠᠷ ᠰᠤᠳᠤᠯᠤᠨ ᠮᠠᠭᠠᠳᠯᠠᠵᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠠᠪᠤᠷᠠᠨ᠎ᠠ᠃ ᠤᠢ ᠰᠢᠭᠤᠢ ᠶᠢᠨ ᠰᠡᠷᠭᠡᠶᠢᠯᠡᠯᠲᠡ ᠭᠡᠳᠡᠭ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠭᠠᠯ ᠭᠠᠷᠤᠭᠰᠠᠨ ᠭᠠᠵᠠᠷ ᠲᠤ ᠣᠴᠢᠬᠤ ᠠᠵᠢᠯ ᠤᠨ ᠳᠤᠭᠤᠶᠢᠯᠠᠩ᠂ ᠶᠡᠷᠦᠩᠬᠡᠶᠢᠯᠡᠨ ᠲᠣᠬᠢᠷᠠᠭᠤᠯᠬᠤ ᠳᠤᠭᠤᠶᠢᠯᠠᠩ᠂ ᠭᠠᠯ ᠭᠠᠷᠤᠭᠰᠠᠨ ᠭᠠᠵᠠᠷ ᠤᠨ ᠮᠡᠳᠡᠭᠡ ᠬᠤᠯᠪᠣᠭᠠᠨ ᠤ ᠳᠤᠭᠤᠶᠢᠯᠠᠩ᠂ ᠠᠷᠤ ᠲᠠᠯ᠎ᠠ ᠶᠢᠨ ᠪᠠᠲᠤᠯᠠᠭ᠎ᠠ ᠶᠢᠨ ᠵᠣᠬᠢᠴᠠᠭᠤᠯᠬᠤ ᠳᠤᠭᠤᠶᠢᠯᠠᠩ᠂ ᠤᠬᠠᠭᠤᠯᠤᠨ ᠮᠡᠳᠡᠭᠡᠯᠡᠬᠦ ᠶᠢ ᠵᠣᠬᠢᠴᠠᠭᠤᠯᠬᠤ ᠳᠤᠭᠤᠶᠢᠯᠠᠩ᠂ ᠭᠠᠯ ᠭᠠᠷᠤᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠣᠬᠢᠴᠠᠭᠤᠯᠬᠤ ᠳᠤᠭᠤᠶᠢᠯᠠᠩ ᠵᠡᠷᠭᠡ ᠶᠢ ᠪᠠᠶᠢᠭᠤᠯᠬᠤ ᠶᠢᠨ ᠬᠠᠮᠲᠤ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠵᠣᠬᠢᠶᠠᠨ ᠪᠠᠶᠢᠭᠤᠯᠵᠤ ᠠᠪᠬᠤ ᠶᠢ ᠵᠢᠭᠠᠵᠤ ᠪᠠᠶᠢᠨ᠎ᠠ᠄ 6.2.1 ᠭᠠᠯ ᠤᠨᠲᠠᠷᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤᠭᠠᠯ ᠤᠨ ᠠᠶᠤᠯ ᠭᠠᠷᠤᠭᠰᠠᠨ ᠭᠠᠵᠠᠷ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠲᠡᠷᠡ ᠳᠠᠷᠤᠢ ᠳᠤᠨᠢ ᠲᠤᠬᠠᠢ ᠶᠢᠨ ᠭᠠᠵᠠᠷ ᠲᠠᠭᠠᠨ ᠣᠶᠢᠷ᠎ᠠ ᠬᠠᠪᠢ ᠶᠢᠨ ᠰᠤᠮᠤ ᠪᠠᠯᠭᠠᠰᠤᠨ ᠤ ᠲᠠᠯᠠᠪᠤᠷ ᠤᠨ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠠᠩᠭᠢ ᠶᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠳᠤ ᠣᠷᠣᠯᠴᠠᠭᠤᠯᠵᠤ᠂ ᠳᠡᠭᠡᠭᠰᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠵᠦ᠂ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠷ᠎ᠠ ᠬᠠᠪᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠲᠤᠰᠬᠠᠢ ᠡᠩᠨᠡᠭᠡ ᠵᠡᠷᠭᠡ ᠲᠤᠰᠬᠠᠢ ᠡᠩᠨᠡᠭᠡ ᠶᠢ ᠰᠢᠯᠵᠢᠭᠦᠯᠵᠦ᠂ ᠬᠠᠮᠢᠶ᠎ᠠ ᠪᠦᠬᠦᠢ ᠪᠡᠯᠡᠳᠬᠡᠮᠵᠢ ᠲᠥᠬᠦᠭᠡᠷᠦᠮᠵᠢ᠂ ᠲᠣᠮᠣ ᠬᠡᠯᠪᠡᠷᠢ ᠶᠢᠨ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ ᠶᠢ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠳᠤ ᠣᠷᠣᠯᠴᠠᠭᠤᠯᠬᠤ ᠪᠠᠷ ᠭᠤᠶᠤᠴᠢᠯᠠᠵᠤ᠂ ᠠᠩᠬᠠᠨ ᠤ ᠬᠤᠭᠤᠴᠠᠭᠠᠨ ᠳᠤ ᠭᠠᠯ ᠤᠨ ᠠᠶᠤᠯ ᠢ ᠤᠨᠲᠠᠷᠠᠭᠠᠬᠤ ᠪᠠᠷ ᠴᠢᠷᠮᠠᠶᠢᠬᠤ ᠬᠡᠷᠡᠭᠲᠡᠢ᠃ ᠴᠢᠬᠤᠯᠠᠲᠠᠢ ᠦᠶ᠎ᠡ ᠳᠤ᠂ ᠲᠤᠬᠠᠢ ᠶᠢᠨ ᠭᠠᠵᠠᠷ ᠤᠨ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠵᠡᠷᠭᠡ ᠠᠪᠤᠷᠠᠨ ᠲᠤᠰᠠᠯᠠᠬᠤ ᠬᠦᠴᠦᠨ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠭᠠᠯ ᠤᠨᠲᠠᠷᠠᠭᠠᠬᠤ ᠳᠤ ᠣᠷᠣᠯᠴᠠᠭᠤᠯᠤᠨ᠎ᠠ᠃ ᠭᠠᠯ ᠤᠨᠲᠠᠷᠠᠭᠠᠬᠤ ᠬᠦᠴᠦᠨ ᠨᠦᠭᠦᠳ ᠡᠮᠦᠨ᠎ᠡ ᠹᠷᠣᠨᠲ ᠤᠨ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠨᠢᠭᠡᠳᠦᠯᠲᠡᠢ ᠲᠣᠬᠢᠷᠠᠭᠤᠯᠤᠯᠲᠠ ᠵᠢᠯᠣᠭᠤᠳᠤᠯᠭ᠎ᠠ ᠳᠣᠣᠷ᠎ᠠ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠭᠠᠯ ᠤᠨᠲᠠᠷᠠᠭᠠᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠭᠠᠯ ᠤᠨᠲᠠᠷᠠᠭᠠᠬᠤ ᠶᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠭᠠᠯ ᠤᠨᠲᠠᠷᠠᠭᠠᠬᠤ ᠬᠥᠮᠥᠰ ᠤᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠪᠠᠶᠢᠳᠠᠯ ᠳᠣᠣᠷ᠎ᠠ᠂ ᠭᠠᠯ ᠤᠨᠲᠠᠷᠠᠭᠠᠬᠤ ᠠᠵᠢᠯ ᠢ ᠦᠳᠲᠡᠷ ᠲᠦᠷᠭᠡᠨ ᠡᠮᠬᠢ ᠵᠢᠷᠤᠮ ᠲᠠᠢ ᠪᠠᠷ ᠥᠷᠨᠢᠭᠦᠯᠵᠦ᠂ ᠡᠯ᠎ᠡ ᠲᠥᠷᠥᠯ ᠤᠨ ᠡᠭᠦᠰᠦᠮᠡᠯ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠲᠤᠬᠠᠢ ᠶᠢᠨ ᠲᠠᠯᠠᠪᠠᠶ ᠶᠢᠨ ᠵᠢᠯᠣᠭᠤᠳᠤᠭᠴᠢ ᠨᠢ ᠭᠠᠵᠠᠷ ᠵᠦᠢ ᠶᠢᠨ ᠣᠷᠴᠢᠨ ᠲᠣᠭᠤᠷᠢᠨ ᠪᠣᠯᠣᠨ ᠭᠠᠯ ᠭᠠᠷᠤᠭᠰᠠᠨ ᠭᠠᠵᠠᠷ ᠤᠨ ᠪᠠᠶᠢᠳᠠᠯ ᠢ ᠨᠠᠷᠢᠨ ᠬᠢᠨᠠᠮᠠᠭᠠᠢ ᠵᠠᠳᠠᠯᠵᠤ᠂ ᠭᠠᠯ ᠤᠨᠲᠠᠷᠠᠭᠠᠬᠤ ᠡᠩᠨᠡᠭᠡ ᠶᠢᠨ ᠤᠷᠤᠭᠰᠢᠯᠠᠬᠤ ᠪᠠ ᠭᠠᠯ ᠤᠨᠲᠠᠷᠠᠭᠠᠬᠤ ᠠᠵᠢᠯ ᠬᠢᠬᠦ ᠳᠡᠭᠡᠨ᠂ ᠭᠠᠯ ᠭᠠᠷᠤᠭᠰᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠂ ᠭᠠᠯ ᠭᠠᠷᠤᠭᠰᠠᠨ ᠪᠠᠶᠢᠳᠠᠯ ᠢ ᠠᠵᠢᠭᠯᠠᠬᠤ ᠬᠠᠷᠠᠭᠤᠯ ᠪᠠᠶᠢᠷᠢᠯᠠᠭᠤᠯᠵᠤ᠂ ᠠᠶᠤᠯ ᠠᠴᠠ ᠪᠠᠴᠢᠮ ᠵᠠᠶᠢᠯᠠᠬᠤ ᠠᠷᠭ᠎ᠠ ᠬᠡᠮᠵᠢᠶ᠎ᠡ ᠶᠢ ᠤᠷᠢᠳᠴᠢᠯᠠᠨ ᠪᠠᠶᠢᠷᠢᠯᠠᠭᠤᠯᠵᠤ᠂ ᠴᠠᠭ ᠠᠭᠤᠷ ᠪᠣᠯᠣᠨ ᠭᠠᠯ ᠭᠠᠷᠤᠭᠰᠠᠨ ᠪᠠᠶᠢᠳᠠᠯ ᠤᠨ ᠬᠤᠪᠢᠷᠠᠯᠲᠠ ᠶᠢ ᠴᠠᠭ ᠢᠮᠠᠭᠲᠠ ᠠᠩᠬᠠᠷᠤᠨ ᠠᠵᠢᠭᠯᠠᠵᠤ᠂ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠵᠦ᠂ ᠭᠠᠯ ᠤᠨᠲᠠᠷᠠᠭᠠᠬᠤ ᠬᠥᠮᠥᠰ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ 6.2.2 ᠰᠢᠯᠵᠢᠭᠦᠯᠦᠨ ᠲᠥᠪᠬᠢᠨᠡᠭᠦᠯᠬᠦ ᠬᠥᠮᠥᠰ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠤᠭᠰᠠᠨ ᠤ ᠳᠠᠷᠠᠭ᠎ᠠ᠂ ᠪᠠᠴᠢᠮ ᠲᠦᠷᠭᠡᠨ ᠲᠠᠷᠬᠠᠭᠠᠬᠤ ᠲᠥᠰᠥᠯ ᠤᠨ ᠶᠣᠰᠣᠭᠠᠷ᠂ ᠰᠦᠷᠳᠡᠭᠦᠯᠦᠯ ᠳᠤ ᠤᠴᠠᠷᠠᠭᠰᠠᠨ ᠰᠠᠭᠤᠭᠠᠯᠢ ᠠᠷᠠᠳ ᠪᠣᠯᠣᠨ ᠪᠤᠰᠤᠳ ᠬᠥᠮᠥᠰ ᠢ ᠵᠣᠬᠢᠶᠠᠨ ᠪᠠᠶᠢᠭᠤᠯᠤᠯᠲᠠ ᠲᠠᠢ᠂ ᠡᠮᠬᠢ ᠵᠢᠷᠤᠮ ᠲᠠᠢ ᠪᠠᠷ ᠴᠠᠭ ᠲᠤᠬᠠᠢ ᠳᠤᠨᠢ ᠲᠠᠷᠬᠠᠭᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠤᠯᠠᠨ ᠲᠦᠮᠡᠨ ᠢ ᠰᠢᠯᠵᠢᠭᠦᠯᠦᠨ ᠲᠥᠪᠬᠢᠨᠡᠭᠦᠯᠬᠦ ᠠᠵᠢᠯ ᠢ ᠲᠣᠬᠢᠲᠠᠢ ᠰᠠᠶᠢᠲᠤᠷ ᠬᠢᠵᠦ᠂ ᠤᠯᠠᠨ ᠲᠦᠮᠡᠨ ᠢ ᠣᠷᠣᠨ ᠰᠠᠭᠤᠴᠠ ᠲᠠᠢ᠂ ᠢᠳᠡᠬᠦ ᠪᠤᠳᠠᠭ᠎ᠠ ᠲᠠᠢ᠂ ᠤᠤᠭᠤᠬᠤ ᠤᠰᠤ ᠲᠠᠢ᠂ ᠡᠮᠦᠰᠬᠦ ᠬᠤᠪᠴᠠᠰᠤ ᠲᠠᠢ ᠪᠠᠶᠢᠯᠭᠠᠬᠤ ᠶᠢ ᠦᠨᠡᠨ ᠬᠦ ᠪᠠᠲᠤᠯᠠᠵᠤ᠂ ᠴᠢᠬᠤᠯᠠ ᠪᠦᠬᠦᠢ ᠡᠮᠨᠡᠨ ᠠᠪᠤᠷᠠᠬᠤ ᠨᠥᠬᠦᠴᠡᠯ ᠲᠠᠢ ᠪᠣᠯᠭᠠᠬᠤ ᠬᠡᠷᠡᠭᠲᠡᠢ᠃ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠣᠷᠣᠨ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠰᠦᠷᠳᠡᠭᠦᠯᠦᠯ ᠳᠤ ᠤᠴᠠᠷᠠᠭᠰᠠᠨ ᠦᠶ᠎ᠡ ᠳᠤ᠂ ᠬᠥᠮᠥᠰ ᠢ ᠴᠠᠭ ᠲᠤᠬᠠᠢ ᠳᠤᠨᠢ ᠠᠮᠤᠷ ᠲᠦᠪᠰᠢᠨ ᠭᠠᠵᠠᠷ ᠣᠷᠣᠨ ᠳᠤ ᠲᠠᠷᠬᠠᠭᠠᠨ ᠶᠠᠪᠤᠭᠤᠯᠬᠤ ᠶᠢᠨ ᠬᠠᠮᠲᠤ ᠭᠠᠯ ᠢ ᠬᠤᠷᠢᠭᠯᠠᠬᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠭᠠᠯ ᠤᠨ ᠭᠠᠮᠰᠢᠭ ᠤᠨ ᠥᠷᠭᠡᠵᠢᠨ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠢ᠃ 6.2.3 ᠰᠢᠷᠬᠠᠲᠠᠨ ᠢ ᠠᠪᠤᠷᠠᠨ ᠡᠮᠨᠡᠬᠦ ᠡᠮᠴᠢ ᠰᠤᠪᠢᠯᠠᠭᠴᠢᠳ ᠪᠣᠯᠣᠨ ᠠᠪᠤᠷᠠᠨ ᠲᠤᠰᠠᠯᠠᠬᠤ ᠲᠡᠷᠭᠡ ᠬᠥᠰᠬᠡ ᠶᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠲᠤᠬᠠᠢ ᠶᠢᠨ ᠲᠠᠯᠠᠪᠠᠢ ᠳᠤ ᠵᠠᠷᠯᠢᠭ ᠬᠦᠯᠢᠶᠡᠯᠭᠡᠵᠦ᠂ ᠬᠡᠷᠪᠡ ᠰᠢᠷᠬᠠᠲᠠᠨ ᠪᠠᠶᠢᠪᠠᠯ ᠳᠠᠷᠤᠢ ᠲᠦᠷᠭᠡᠨ ᠡᠮᠨᠡᠯᠭᠡ ᠳᠤ ᠬᠦᠷᠭᠡᠵᠦ ᠡᠮᠨᠡᠭᠦᠯᠦᠨ᠂ ᠴᠢᠬᠤᠯᠠ ᠲᠠᠢ ᠦᠶ᠎ᠡ ᠳᠤ ᠬᠦᠨᠳᠦ ᠰᠢᠷᠬᠠᠲᠤᠭᠰᠠᠳ ᠢ ᠣᠨᠳᠣᠣ ᠭᠠᠵᠠᠷ ᠲᠤ ᠠᠪᠤᠷᠠᠨ ᠡᠮᠨᠡᠬᠦ ᠶᠢ ᠬᠡᠷᠡᠭᠵᠢᠭᠦᠯᠬᠦ ᠬᠡᠷᠡᠭᠲᠡᠢ᠃ ᠪᠠᠶᠢᠳᠠᠯ ᠢ ᠨᠢ ᠦᠵᠡᠵᠦ ᠪᠠᠶᠢᠭᠠᠳ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠲᠣᠮᠢᠯᠠᠨ ᠭᠠᠯ ᠤᠨ ᠠᠶᠤᠯ ᠭᠠᠷᠤᠭᠰᠠᠨ ᠭᠠᠵᠠᠷ ᠲᠤ ᠣᠴᠢᠭᠤᠯᠵᠤ᠂ ᠲᠦᠷ ᠴᠠᠭ ᠤᠨ ᠡᠮᠨᠡᠯᠭᠡ ᠶᠢᠨ ᠬᠤᠷᠢᠶ᠎ᠠ ᠪᠤᠶᠤ ᠡᠮᠴᠢᠯᠡᠭᠡᠨ ᠤ ᠴᠢᠭ᠋ ᠪᠠᠶᠢᠭᠤᠯᠤᠨ᠂ ᠲᠤᠬᠠᠢ ᠶᠢᠨ ᠭᠠᠵᠠᠷ ᠲᠤᠨᠢ ᠠᠪᠤᠷᠠᠨ ᠵᠠᠰᠠᠬᠤ ᠶᠢ ᠬᠡᠷᠡᠭᠵᠢᠭᠦᠯᠬᠦ ᠬᠡᠷᠡᠭᠲᠡᠢ᠃ 6.2.4 ᠬᠠᠮᠠᠭᠠᠯᠠᠯᠲᠠ ᠶᠢᠨ ᠴᠢᠬᠤᠯᠠ ᠬᠠᠷᠠᠯᠲᠠ ᠴᠡᠷᠢᠭ ᠤᠨ ᠶᠠᠪᠤᠳᠠᠯ᠂ ᠠᠷᠠᠳ ᠤᠨ ᠬᠡᠷᠡᠭᠯᠡᠭᠡᠨ ᠵᠡᠷᠭᠡ ᠴᠢᠬᠤᠯᠠ ᠲᠥᠬᠦᠭᠡᠷᠦᠮᠵᠢ ᠳᠤ ᠴᠢᠭᠯᠡᠭᠦᠯᠦᠨ᠂ ᠠᠶᠤᠯᠲᠠᠢ ᠬᠢᠮᠢ ᠶᠢᠨ ᠪᠣᠳᠠᠰ ᠢ ᠦᠢᠯᠡᠳᠪᠦᠷᠢᠯᠡᠵᠦ ᠬᠠᠳᠠᠭᠠᠯᠠᠬᠤ ᠲᠥᠬᠦᠭᠡᠷᠦᠮᠵᠢ᠂ ᠲᠣᠰᠣ ᠬᠡᠢ ᠳᠠᠮᠵᠢᠭᠤᠯᠬᠤ ᠬᠤᠭᠤᠯᠠᠢ᠂ ᠴᠠᠬᠢᠯᠭᠠᠨ ᠬᠦᠴᠦ᠂ ᠴᠢᠮᠡᠭᠡ ᠬᠤᠯᠪᠣᠭᠠᠨ ᠤ ᠲᠥᠬᠦᠭᠡᠷᠦᠮᠵᠢ᠂ ᠰᠤᠷᠭᠠᠭᠤᠯᠢ᠂ ᠰᠠᠭᠤᠭᠠᠯᠢ ᠠᠷᠠᠳ ᠤᠨ ᠲᠣᠭᠤᠷᠢᠭ ᠵᠡᠷᠭᠡ ᠴᠢᠬᠤᠯᠠ ᠬᠠᠷᠠᠯᠲᠠ ᠪᠣᠳᠠᠰ ᠪᠤᠶᠤ ᠬᠦᠨᠳᠦ ᠶᠡᠭᠡ ᠠᠶᠤᠯ ᠤᠨ ᠡᠬᠢ ᠰᠤᠷᠪᠤᠯᠵᠢ ᠳᠤ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ ᠢ ᠲᠣᠭᠲᠠᠭᠠᠵᠤ᠂ ᠭᠠᠯ ᠤᠨ ᠭᠠᠮᠰᠢᠭ ᠤᠨ ᠰᠦᠷᠳᠡᠭᠦᠯᠦᠯ ᠳᠤ ᠤᠴᠠᠷᠠᠬᠤ ᠦᠶ᠎ᠡ ᠳᠤ ᠂ ᠪᠡᠯᠡᠳᠬᠡᠯ ᠲᠥᠰᠥᠯ ᠤᠨ ᠱᠠᠭᠠᠷᠳᠠᠯᠭ᠎ᠠ ᠶᠣᠰᠣᠭᠠᠷ ᠰᠦᠷᠳᠡᠭᠦᠯᠦᠯ ᠳᠤ ᠤᠴᠠᠷᠠᠭᠰᠠᠨ ᠤᠯᠠᠨ ᠲᠦᠮᠡᠨ ᠢ ᠦᠳᠲᠡᠷ ᠲᠦᠷᠭᠡᠨ ᠲᠠᠷᠬᠠᠭᠠᠵᠤ᠂ ᠲᠤᠰᠬᠠᠢ ᠮᠡᠷᠭᠡᠵᠢᠯ ᠤᠨ ᠡᠩᠨᠡᠭᠡ ᠶᠢ ᠰᠢᠯᠵᠢᠭᠦᠯᠦᠨ ᠴᠤᠭᠯᠠᠭᠤᠯᠵᠤ᠂ ᠲᠤᠰᠬᠠᠢ ᠮᠡᠷᠭᠡᠵᠢᠯ ᠤᠨ ᠠᠵᠢᠯᠲᠠᠨ ᠤ ᠵᠢᠯᠣᠭᠤᠳᠤᠯᠭ᠎ᠠ ᠬᠢᠬᠦ ᠶᠢᠨ ᠬᠠᠮᠲᠤ ᠠᠪᠤᠷᠠᠨ ᠲᠤᠰᠠᠯᠠᠬᠤ ᠠᠵᠢᠯᠲᠠᠨ ᠤ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠤᠰᠤ ᠪᠠᠷ ᠭᠠᠯ ᠢ ᠤᠨᠲᠠᠷᠠᠭᠠᠬᠤ᠂ ᠲᠤᠰᠠᠭᠠᠷᠯᠠᠬᠤ ᠪᠦᠰᠡ ᠭᠠᠷᠭᠠᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠰᠦᠷᠳᠡᠭᠦᠯᠦᠯ ᠢ ᠪᠦᠬᠦ ᠬᠦᠴᠦᠨ ᠢᠶᠠᠷ ᠢᠶᠠᠨ ᠠᠷᠢᠯᠭᠠᠵᠤ ᠂ ᠴᠢᠬᠤᠯᠠ ᠡᠳ᠋ ᠪᠣᠳᠠᠰ ᠢ ᠵᠠᠪᠳᠤᠨ ᠠᠪᠤᠷᠠᠬᠤ᠂ ᠵᠥᠭᠡᠭᠡᠪᠦᠷᠢᠯᠡᠨ ᠬᠦᠷᠭᠡᠬᠦ᠂ ᠰᠢᠯᠵᠢᠭᠦᠯᠬᠦ ᠶᠢ ᠵᠣᠬᠢᠶᠠᠨ ᠪᠠᠶᠢᠭᠤᠯᠵᠤ ᠂ ᠬᠠᠷᠠᠯᠲᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ 6.2.5 ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠭᠠᠯ ᠤᠨ ᠭᠠᠮᠰᠢᠭ ᠲᠤ ᠨᠥᠯᠥᠭᠡᠯᠡᠭᠳᠡᠭᠰᠡᠨ ᠣᠷᠣᠨ ᠪᠦᠰᠡ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠵᠤ᠂ ᠵᠠᠪᠰᠢᠶᠠᠨ ᠢ ᠳᠠᠯᠢᠮᠳᠠᠭᠤᠯᠤᠨ ᠬᠤᠯᠠᠭᠠᠶᠢᠯᠠᠬᠤ᠂ ᠳᠡᠭᠡᠷᠡᠮᠳᠡᠬᠦ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠳᠦᠷᠭᠢᠯᠳᠦᠨ ᠪᠤᠯᠢᠶᠠᠬᠤ ᠵᠢᠴᠢ ᠴᠤᠤᠷᠬᠠᠯ ᠲᠠᠷᠬᠠᠭᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠠᠯ ᠭᠠᠷᠤᠭᠰᠠᠨ ᠭᠠᠵᠠᠷ ᠤᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠠᠪᠤᠷᠠᠨ ᠲᠤᠰᠠᠯᠠᠬᠤ ᠬᠦᠴᠦᠨ ᠪᠠ ᠡᠳ᠋ ᠪᠣᠳᠠᠰ ᠤᠨ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ 6.2.6 ᠮᠡᠳᠡᠭᠡ ᠵᠠᠩᠭᠢ ᠨᠡᠶᠢᠲᠡᠯᠡᠬᠦ ᠡᠷᠬᠡ ᠣᠯᠭᠤᠨ ᠰᠣᠨᠢᠨ ᠮᠡᠳᠡᠭᠡᠨ ᠤ ᠡᠬᠡ ᠪᠢᠴᠢᠭ ᠨᠡᠶᠢᠲᠡᠯᠡᠬᠦ᠂ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ᠂ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠶᠢᠳᠠᠯ ᠪᠠ ᠠᠷᠭᠠᠴᠠᠬᠤ ᠠᠵᠢᠯ ᠤᠨ ᠮᠡᠳᠡᠭᠡ ᠵᠠᠩᠭᠢ ᠶᠢ ᠨᠡᠶᠢᠭᠡᠮ ᠳᠤ ᠴᠠᠭ ᠲᠤᠬᠠᠢ ᠳᠤᠨᠢ᠂ ᠣᠨᠣᠪᠴᠢᠲᠠᠶ᠂ ᠪᠤᠰᠤᠳᠴᠢ ᠪᠠᠷ᠂ ᠪᠥᠬᠦ ᠲᠠᠯ᠎ᠠ ᠪᠠᠷ ᠨᠡᠶᠢᠲᠡᠯᠡᠵᠦ᠂ ᠨᠡᠶᠢᠭᠡᠮ ᠤᠨ ᠠᠩᠬᠠᠷᠤᠯ ᠳᠤ ᠬᠠᠷᠢᠭᠤ ᠥᠭᠬᠦ ᠬᠡᠷᠡᠭᠲᠡᠢ᠃ ᠨᠡᠶᠢᠲᠡᠯᠡᠬᠦ ᠠᠭᠤᠯᠭ᠎ᠠ ᠳᠤ ᠭᠠᠯ ᠭᠠᠷᠤᠭᠰᠠᠨ ᠴᠠᠭ᠂ ᠭᠠᠯ ᠭᠠᠷᠤᠭᠰᠠᠨ ᠭᠠᠵᠠᠷ᠂ ᠭᠠᠯ ᠭᠠᠷᠤᠭᠰᠠᠨ ᠲᠠᠯᠠᠪᠠᠢ᠂ ᠬᠤᠬᠢᠷᠠᠭᠰᠠᠨ ᠪᠠᠶᠢᠳᠠᠯ᠂ ᠭᠠᠯ ᠤᠨᠲᠠᠷᠠᠭᠠᠵᠤ ᠠᠶᠤᠯ ᠠᠴᠠ ᠠᠪᠤᠷᠠᠭᠰᠠᠨ ᠶᠠᠪᠤᠴᠠ ᠪᠣᠯᠣᠨ ᠭᠠᠯ ᠭᠠᠷᠤᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠵᠡᠷᠭᠡ ᠪᠠᠭᠲᠠᠨ᠎ᠠ᠃ ︽ᠬᠠᠤᠯᠢ ᠶᠣᠰᠣᠭᠠᠷ ᠰᠢᠢᠳᠪᠦᠷᠢᠯᠡᠬᠦ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ᠂ ᠨᠡᠶᠢᠭᠡᠮ ᠤᠨ ᠲᠠᠯ᠎ᠠ ᠠᠴᠠ ᠬᠠᠮᠢᠶᠠᠷᠤᠨ ᠡᠵᠡᠮᠳᠡᠬᠦ︾ ᠭᠤᠷᠪᠠ ᠶᠢ ᠵᠡᠷᠭᠡᠪᠡᠷ ᠶᠠᠪᠤᠭᠳᠠᠭᠤᠯᠬᠤ ᠵᠠᠷᠴᠢᠮ ᠶᠣᠰᠣᠭᠠᠷ᠂ ᠳᠠᠭᠠᠬᠤ ᠶᠢᠨ ᠲᠠᠰ ᠢᠶᠠᠷ ᠦᠵᠡᠵᠦ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ᠪᠠ   ᠬᠤᠪᠢ ᠬᠦᠮᠦᠨ ᠤ ᠵᠠᠭᠤᠴᠢᠯᠠᠭᠤᠷ ᠤᠨ ᠬᠠᠮᠢᠶᠠᠷᠤᠯᠲᠠ ᠶᠢ ᠴᠢᠩᠭᠠᠳᠬᠠᠨ᠎ᠠ᠃ 6.2.7 ᠭᠠᠯ ᠤᠨ ᠲᠠᠯᠠᠪᠠᠢ ᠶᠢ ᠴᠡᠪᠡᠷᠯᠡᠨ ᠰᠠᠬᠢᠬᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠢᠯᠡ ᠭᠠᠯ ᠢ ᠤᠨᠲᠠᠷᠠᠭᠠᠭᠰᠠᠨ ᠤ ᠳᠠᠷᠠᠭ᠎ᠠ᠂ ᠭᠠᠯ ᠤᠨᠲᠠᠷᠠᠭᠠᠬᠤ ᠬᠥᠮᠥᠰ ᠢ ᠦᠷᠭᠦᠯᠵᠢᠯᠡᠨ ᠵᠣᠬᠢᠶᠠᠨ ᠪᠠᠶᠢᠭᠤᠯᠤᠨ ᠳᠠᠬᠢᠨ ᠨᠣᠴᠣᠬᠤ ᠪᠠ ᠦᠯᠡᠳᠡᠭᠰᠡᠨ ᠭᠠᠯ ᠢ ᠴᠡᠪᠡᠷᠯᠡᠬᠦ ᠠᠵᠢᠯ ᠢ ᠰᠠᠶᠢᠲᠤᠷ ᠬᠢᠵᠦ᠂ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠨ᠂ ᠭᠠᠯ ᠤᠨ ᠠᠶᠤᠯ ᠡᠭᠦᠰᠦᠭᠰᠡᠨ ᠭᠠᠵᠠᠷ ᠲᠤ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠠᠩᠭᠢ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠵᠡᠷᠭᠡ ᠭᠦᠢᠴᠡᠳ ᠲᠣᠭᠠᠨ ᠤ ᠬᠥᠮᠥᠰ ᠢ ᠵᠣᠬᠢᠶᠠᠨ ᠪᠠᠶᠢᠭᠤᠯᠤᠨ ᠭᠠᠯ ᠭᠠᠷᠤᠭᠰᠠᠨ ᠭᠠᠵᠠᠷ ᠢ ᠰᠠᠬᠢᠨ ᠬᠠᠮᠠᠭᠠᠯᠠᠵᠤ᠂ ᠳᠠᠬᠢᠨ ᠨᠣᠴᠣᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠪᠠᠶᠢᠴᠠᠭᠠᠵᠤ ᠰᠢᠯᠭᠠᠨ ᠠᠪᠬᠤ ᠪᠠᠷ ᠳᠠᠮᠵᠢᠭᠠᠳ ᠭᠠᠯ ᠤᠶᠢᠭᠡᠢ᠂ ᠤᠳᠤᠭ᠎ᠠ ᠤᠶᠢᠭᠡᠢ ᠪᠠᠶᠢᠬᠤ ᠶᠢ ᠦᠨᠡᠨ ᠬᠦ ᠪᠠᠲᠤᠯᠠᠪᠠᠯ ᠰᠠᠬᠢᠭᠴᠢ ᠰᠠᠶ᠋ᠢ  ᠪᠣᠴᠠᠵᠣ ᠪᠣᠯᠣᠨ᠎ᠠ᠃ 6.2.8 ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠬᠤᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠬᠦᠨ ᠢ ᠤᠨᠲᠠᠷᠠᠭᠠᠵᠤ᠂ ᠭᠠᠯ ᠤᠨ ᠲᠠᠯᠠᠪᠠᠶ ᠶᠢ ᠢᠯᠭᠠᠷᠠᠭᠤᠯᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠦᠭᠰᠡᠨ ᠪᠠᠶᠢᠭᠤᠯᠤᠮᠵᠢ ᠠᠴᠠ ᠪᠠᠴᠢᠮ ᠪᠠᠶᠢᠳᠠᠯ ᠢ ᠠᠷᠭᠠᠴᠠᠬᠤ ᠶᠢ ᠵᠣᠭᠰᠤᠭᠠᠬᠤ ᠪᠠᠷ ᠲᠣᠭᠲᠠᠭᠠᠬᠤ ᠬᠡᠷᠡᠭᠲᠡᠢ᠃6.3 ᠠᠷᠭᠠᠴᠠᠬᠤ ᠠᠵᠢᠯ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠦᠭᠰᠡᠨ ᠤ ᠳᠠᠷᠠᠭ᠎ᠠ᠂ ᠭᠠᠯ ᠤᠨ ᠭᠠᠮᠰᠢᠭ ᠤᠨ ᠬᠦᠨᠳᠦ ᠨᠣᠴᠢᠲᠠᠢ ᠬᠡᠮᠵᠢᠶ᠎ᠡ᠂ ᠭᠠᠯ ᠤᠨ ᠲᠠᠯᠠᠪᠠᠶ ᠶᠢᠨ ᠬᠥᠭᠵᠢᠯᠲᠡ ᠶᠢᠨ ᠪᠠᠶᠢᠳᠠᠯ ᠪᠣᠯᠣᠨ ᠲᠤᠬᠠᠢ ᠶᠢᠨ ᠭᠠᠵᠠᠷ ᠤᠨ ᠭᠠᠯ ᠤᠨᠲᠠᠷᠠᠭᠠᠵᠤ ᠠᠪᠤᠷᠠᠭᠰᠠᠨ ᠪᠠᠶᠢᠳᠠᠯ ᠢ ᠦᠨᠳᠦᠰᠦᠯᠡᠨ᠂ ᠰᠢᠯᠢ ᠶᠢᠨ ᠬᠤᠲᠠ ᠶᠢᠨ ᠠᠷᠭᠠᠴᠠᠬᠤ ᠠᠵᠢᠯ ᠢ ᠪᠠᠭ᠎ᠠ ᠬᠡᠯᠪᠡᠷᠢ ᠶᠢᠨ ᠭᠠᠯ ᠤᠨ ᠭᠠᠮᠰᠢᠭ᠂ Ⅳ ᠲᠠᠰ᠂ Ⅲ ᠲᠠᠰ᠂ Ⅱ ᠲᠠᠰ᠂ I ᠲᠠᠰ ᠵᠡᠷᠭᠡ 5 ᠳᠠᠭᠠᠬᠤ ᠲᠠᠰ ᠬᠤᠪᠢᠶᠠᠵᠤ᠂ I ᠲᠠᠰ ᠨᠢ ᠬᠠᠮᠤᠭ ᠤᠨ ᠥᠨᠳᠥᠷ ᠲᠠᠰ ᠪᠣᠯᠬᠤ ᠪᠥᠭᠡᠳ ᠰᠤᠮᠤ ᠪᠠᠯᠭᠠᠰᠤ ᠲᠠᠯᠠᠪᠤᠷ᠂ ᠬᠡᠷᠡᠭ ᠡᠷᠬᠢᠯᠡᠬᠦ ᠭᠠᠵᠠᠷ ᠵᠡᠷᠭᠡ ᠨᠢ ᠳᠠᠭᠠᠬᠤ ᠲᠠᠰ ᠢ ᠦᠨᠳᠦᠰᠦᠯᠡᠨ ᠵᠣᠬᠢᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠡᠬᠢᠨ ᠤ ᠬᠤᠭᠤᠴᠠᠭᠠᠨ ᠤ ᠭᠠᠯ ᠤᠨ ᠭᠠᠮᠰᠢᠭ ︵ᠪᠠᠭ᠎ᠠ ᠬᠡᠯᠪᠡᠷᠢ ᠶᠢᠨ ᠭᠠᠯ ᠤᠨ ᠭᠠᠮᠰᠢᠭ᠂ ᠲᠣᠰ ᠪᠡᠯᠡᠳᠬᠡᠯ ᠲᠥᠰᠥᠯ ᠳᠤ ᠡᠬᠢᠯᠡᠭᠦᠯᠦᠭᠰᠡᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠨᠥᠬᠦᠴᠡᠯ ᠳᠤ ᠥᠯᠥ ᠬᠦᠷᠦᠭᠰᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠭᠠᠮᠰᠢᠭ︶᠎ ᠢ ᠰᠤᠮᠤ ᠪᠠᠯᠭᠠᠰᠤ ᠲᠠᠯᠠᠪᠤᠷ᠂ ᠬᠡᠷᠡᠭ ᠡᠷᠬᠢᠯᠡᠬᠦ ᠭᠠᠵᠠᠷ ᠠᠴᠠ ᠵᠣᠬᠢᠶᠠᠨ ᠪᠠᠶᠢᠭᠤᠯᠤᠨ ᠰᠢᠢᠳᠪᠦᠷᠢᠯᠡᠵᠦ᠂ ᠭᠠᠯ ᠤᠨ ᠭᠠᠮᠰᠢᠭ ᠤᠨ ᠮᠡᠳᠡᠭᠡ ᠵᠠᠩᠭᠢ ᠶᠢ ᠴᠤᠭᠯᠠᠭᠤᠯᠬᠤ ᠶᠢ ᠬᠠᠷᠢᠭᠤᠴᠠᠨ᠂ ᠲᠣᠭᠲᠠᠭᠰᠠᠨ ᠴᠠᠭ ᠬᠤᠭᠤᠴᠠᠭ᠎ᠠ ᠪᠠ ᠲᠠᠰ ᠳᠠᠷᠠᠭᠠᠯᠠᠯ ᠢᠶᠠᠷ ᠮᠡᠳᠡᠭᠦᠯᠦᠨ ᠬᠦᠷᠭᠡᠬᠦ ᠬᠡᠷᠡᠭᠲᠡᠢ᠃ ᠬᠤᠲᠠ ᠶᠢᠨ ᠣᠶ ᠰᠢᠭᠤᠢ ᠶᠢᠨ ᠰᠡᠷᠭᠡᠶᠢᠯᠡᠯᠲᠡ ᠶᠢᠨ ᠭᠡᠳᠡᠭ ᠨᠢ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠪᠠᠴᠢᠮ ᠪᠠᠶᠢᠳᠠᠯ ᠢ ᠠᠷᠭᠠᠴᠠᠬᠤ᠂ ᠣᠶ ᠰᠢᠭᠤᠢ ᠡᠪᠡᠰᠦ ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ᠂ ᠴᠠᠭ ᠠᠭᠤᠷ᠂ ᠣᠶ ᠰᠢᠭᠤᠢ ᠶᠢᠨ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠠᠴᠠ ᠠᠵᠢᠯᠯᠠᠬᠤ ᠳᠤᠭᠤᠶᠢᠯᠠᠩ ᠪᠦᠷᠢᠯᠳᠦᠭᠦᠯᠵᠦ ᠭᠠᠯ ᠤᠨᠲᠠᠷᠠᠭᠠᠬᠤ ᠠᠵᠢᠯ ᠢ ᠵᠢᠯᠣᠭᠤᠳᠤᠨ ᠥᠷᠨᠢᠭᠦᠯᠬᠦ ᠶᠢ ᠵᠢᠭᠠᠵᠤ ᠪᠣᠶ᠃ ᠣᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠠᠯᠪᠠᠨ ᠭᠡᠷ ᠠᠴᠠ ᠵᠠᠳᠠᠯᠤᠯᠲᠠ ᠬᠢᠵᠦ ᠦᠨᠡᠯᠡᠨ ᠵᠢᠱᠢᠬᠦ ᠪᠠᠷ ᠳᠠᠮᠵᠢᠭᠠᠳ ᠭᠠᠮᠰᠢᠭ ᠤᠨ ᠪᠠᠶᠢᠳᠠᠯ ᠢ ᠡᠬᠢᠯᠡᠭᠦᠯᠬᠦ ᠪᠠᠷᠢᠮᠵᠢᠶ᠎ᠠ ᠳᠤ ᠬᠦᠷᠦᠭᠦᠯᠦᠭᠰᠡᠨ ᠢ ᠦᠨᠡᠮᠰᠢᠵᠦ᠂ ᠣᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠠᠴᠠ ᠳᠡᠳ᠋ ᠶᠡᠷᠦᠩᠬᠡᠢ ᠵᠢᠯᠣᠭᠤᠳᠤᠭᠴᠢ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠣᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠨᠡᠷ᠎ᠡ ᠪᠠᠷ ᠪᠠᠭ᠎ᠠ ᠬᠡᠯᠪᠡᠷᠢ ᠶᠢᠨ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠨ᠎ᠠ᠃ᠲᠣᠰ ᠪᠡᠯᠡᠳᠬᠡᠯ ᠲᠥᠰᠥᠯ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠶᠢ ᠡᠬᠢᠯᠡᠭᠦᠯᠪᠡᠯ᠂ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠲᠦᠷᠦᠭᠦᠯᠡᠨ ᠵᠣᠬᠢᠶᠠᠨ ᠪᠠᠶᠢᠭᠤᠯᠤᠨ ᠵᠣᠬᠢᠴᠠᠭᠤᠯᠵᠤ᠂ ᠵᠢᠯᠣᠭᠤᠳᠤᠨ ᠲᠣᠬᠢᠷᠠᠭᠤᠯᠵᠤ ᠪᠠᠶᠢᠭᠠᠳ ᠬᠠᠷᠠᠭᠠᠯᠵᠠᠭᠰᠠᠨ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢᠨ ᠭᠠᠯ ᠤᠨᠲᠠᠷᠠᠭᠠᠵᠤ ᠠᠪᠤᠷᠠᠬᠤ ᠠᠵᠢᠯ ᠢ ᠥᠷᠨᠢᠭᠦᠯᠬᠦ ᠶᠢᠨ ᠬᠠᠮᠲᠤ ᠭᠠᠯ ᠤᠨᠲᠠᠷᠠᠭᠠᠵᠤ ᠠᠪᠤᠷᠠᠬᠤ ᠮᠡᠳᠡᠭᠡ ᠵᠠᠩᠭᠢ ᠶᠢ ᠴᠤᠭᠯᠠᠭᠤᠯᠬᠤ ᠶᠢ ᠬᠠᠷᠢᠭᠤᠴᠠᠵᠤ᠂ ᠲᠣᠭᠲᠠᠭᠰᠠᠨ ᠴᠠᠭ ᠤᠨ ᠬᠢᠵᠠᠭᠠᠷ ᠪᠠ ᠲᠠᠰ ᠳᠠᠷᠠᠭᠠᠯᠠᠯ ᠢᠶᠠᠷ ᠮᠡᠳᠡᠭᠦᠯᠦᠨ ᠬᠦᠷᠭᠡᠬᠦ ᠬᠡᠷᠡᠭᠲᠡᠢ᠃ 6.3.1Ⅳ ᠳᠡᠰ ᠤᠨ ᠳᠠᠭᠠᠯ 6.3.1.1 ᠡᠬᠢᠯᠡᠭᠦᠯᠬᠦ ᠨᠥᠬᠦᠴᠡᠯ ⑴ᠭᠠᠯ ᠭᠠᠷᠤᠭᠰᠠᠨ ᠲᠡᠯᠡᠪᠡᠢ ᠨᠢ 100 ᠾᠧᠺᠲ᠋ᠠᠷ ᠠᠴᠠ ᠬᠡᠲᠦᠷᠡᠭᠰᠡᠨ ᠤᠢ ᠰᠢᠭᠤᠢ ᠶᠢᠨ ᠭᠠᠯ ᠤᠨ ᠠᠶᠤᠯ ᠪᠤᠶᠤ ᠭᠠᠯ ᠭᠠᠷᠤᠭᠰᠠᠨ ᠲᠡᠯᠡᠪᠡᠢ ᠨᠢ 1000 ᠾᠧᠺᠲ᠋ᠠᠷ ᠠᠴᠠ ᠬᠡᠲᠦᠷᠡᠭᠰᠡᠨ ᠨᠤᠲᠤᠭ ᠪᠡᠯᠴᠢᠭᠡᠷ ᠤᠨ ᠭᠠᠯ ᠤᠨ ᠭᠠᠮᠰᠢᠭ︔ ⑵1᠎ ᠠᠴᠠ ᠳᠡᠭᠡᠭᠰᠢ 10᠎ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ︔ ⑶ᠰᠡᠷᠭᠡᠭ ᠴᠠᠭ᠂ ᠰᠡᠷᠭᠡᠭ ᠭᠠᠵᠠᠷ ᠣᠷᠣᠨ ᠳᠤ ᠡᠭᠦᠰᠦᠭᠰᠡᠨ ᠮᠥᠷᠲᠡᠭᠡᠨ 24 ᠴᠠᠭ ᠤᠨ ᠳᠣᠲᠣᠷ᠎ᠠ ᠪᠦᠲᠦᠮᠵᠢᠲᠡᠶ ᠬᠢᠵᠠᠭᠠᠷᠯᠠᠵᠤ ᠳᠡᠶᠢᠯᠦᠭᠡᠳᠦᠢ᠂ ᠬᠥᠭᠵᠢᠯᠲᠡ ᠶᠢᠨ ᠪᠠᠶᠢᠳᠠᠯ ᠨᠢ ᠦᠷᠭᠦᠯᠵᠢᠯᠡᠨ ᠥᠷᠭᠡᠵᠢᠭᠰᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ︔ ⑷ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠳᠠᠭᠠᠵᠤ ᠬᠢᠬᠦ ᠶᠢ ᠡᠬᠢᠯᠡᠭᠦᠯᠬᠦ ᠪᠠᠷ ᠱᠠᠭᠠᠷᠳᠠᠭᠰᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ᠃ ᠳᠡᠭᠡᠷ᠎ᠡ ᠳᠤᠷᠠᠳᠤᠭᠰᠠᠨ ᠨᠥᠬᠦᠴᠡᠯ ᠤᠨ ᠨᠢᠭᠡ ᠳᠤᠨᠢ ᠨᠡᠶᠢᠴᠡᠪᠡᠯ᠂ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠠᠯᠪᠠᠨ ᠭᠡᠷ ᠠᠴᠠ ᠵᠠᠳᠠᠯᠤᠯᠲᠠ ᠬᠢᠵᠦ ᠦᠨᠡᠯᠡᠨ ᠵᠢᠱᠢᠬᠦ ᠪᠠᠷ ᠳᠡᠮᠵᠢᠨ᠂ ᠭᠠᠮᠰᠢᠭ ᠤᠨ ᠪᠠᠶᠢᠳᠠᠯ ᠢ ᠡᠬᠢᠯᠡᠭᠦᠯᠬᠦ ᠪᠠᠷᠢᠮᠵᠢᠶ᠎ᠠ ᠳᠤ ᠬᠦᠷᠦᠭᠦᠯᠦᠭᠰᠡᠨ ᠢ ᠮᠠᠭᠠᠳᠯᠠᠨ ᠲᠣᠭᠲᠠᠭᠠᠵᠤ᠂ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠠᠯᠪᠠᠨ ᠭᠡᠷ ᠤᠨ ᠡᠷᠬᠢᠯᠡᠭᠴᠢ ᠠᠴᠠ ᠳᠡᠳ᠋ ᠶᠡᠷᠦᠩᠬᠡᠢ ᠵᠢᠯᠣᠭᠤᠳᠤᠭᠴᠢ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠨᠡᠷ᠎ᠡ ᠪᠠᠷ Ⅳ ᠲᠠᠰ ᠤᠨ ᠳᠠᠭᠠᠬᠤ ᠶᠢ ᠡᠬᠢᠯᠡᠭᠦᠯᠬᠦ ᠶᠢᠨ ᠬᠠᠮᠲᠤ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃6.3.1.2 ᠳᠠᠭᠠᠬᠤ ᠠᠷᠭ᠎ᠠ ᠬᠡᠮᠵᠢᠶ᠎ᠡ ⑴ᠤᠢ ᠰᠢᠭᠤᠢ ᠶᠢᠨ ᠰᠡᠷᠭᠡᠶᠢᠯᠡᠯᠲᠡ ᠭᠡᠳᠡᠭ ᠨᠢ ᠠᠯᠪᠠᠨ ᠭᠡᠷ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ ᠣᠷᠣᠵᠤ᠂ ᠭᠠᠯ ᠤᠨ ᠠᠶᠤᠯ ᠢ ᠬᠢᠨᠠᠨ ᠬᠡᠮᠵᠢᠬᠦ ᠶᠢ ᠴᠢᠩᠭᠠᠳᠬᠠᠨ᠂ ᠴᠠᠭ ᠲᠤᠬᠠᠢ ᠳᠤᠨᠢ ᠬᠠᠷᠠᠭᠠᠨ ᠳᠠᠪᠲᠠᠮᠵᠢ ᠪᠠᠷ ᠵᠠᠯᠭᠠᠵᠤ ᠭᠠᠯ ᠭᠠᠷᠤᠭᠰᠠᠨ ᠲᠤᠬᠠᠢ ᠶᠢᠨ ᠲᠠᠯᠠᠪᠠᠢ ᠶᠢ ᠲᠣᠬᠢᠷᠠᠭᠤᠯᠬᠤ ᠶᠢ ᠵᠢᠭᠠᠵᠤ ᠪᠤᠢ᠃᡾ ⑵ᠤᠢ ᠰᠢᠭᠤᠢ ᠶᠢᠨ ᠰᠡᠷᠭᠡᠶᠢᠯᠡᠯᠲᠡ ᠶᠢᠨ ᠭᠡᠳᠡᠭ ᠪᠣᠯ ᠳᠡᠳ᠋ ᠶᠡᠷᠦᠩᠬᠡᠢ ᠵᠢᠯᠣᠭᠤᠳᠤᠭᠴᠢ ᠪᠤᠶᠤ ᠤᠢ ᠰᠢᠭᠤᠢ ᠶᠢᠨ ᠰᠡᠷᠭᠡᠶᠢᠯᠡᠯᠲᠡ ᠶᠢᠨ ᠠᠯᠪᠠᠨ ᠭᠡᠷ ᠤᠨ ᠡᠷᠬᠢᠯᠡᠭᠴᠢ ᠪᠤᠶᠤ ᠲᠡᠭᠦᠨ ᠤ ᠨᠠᠶᠢᠳᠠᠭᠰᠠᠨ ᠳᠡᠳ᠋ ᠡᠷᠬᠢᠯᠡᠭᠴᠢ ᠪᠠᠶᠢᠳᠠᠯ ᠢ ᠦᠵᠡᠵᠦ ᠪᠠᠶᠢᠭᠠᠳ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠨᠢ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠶᠢ ᠵᠣᠬᠢᠶᠠᠨ ᠪᠠᠶᠢᠭᠤᠯᠵᠤ ᠭᠠᠯ ᠤᠨ ᠪᠠᠶᠢᠳᠠᠯ ᠢ ᠵᠥᠪᠳᠡᠯᠴᠡᠬᠦ ᠠᠵᠢᠯ ᠢ ᠥᠷᠨᠢᠭᠦᠯᠵᠦ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠷᠭ᠎ᠠ ᠬᠡᠮᠵᠢᠶ᠎ᠡ ᠶᠢ ᠰᠤᠳᠤᠯᠬᠤ ᠶᠢ ᠵᠢᠭᠠᠵᠤ ᠪᠠᠶᠢᠨ᠎ᠠ︔ ᠡᠭᠦᠨ ᠤ ᠵᠡᠷᠭᠡᠴᠡᠭᠡᠪᠡᠷ᠂ ᠰᠡᠷᠭᠡᠶᠢᠯᠡᠨ ᠬᠠᠮᠠᠭᠠᠯᠠᠬᠤ ᠵᠢᠯᠤᠭᠤᠳᠬᠤ ᠳᠤᠭᠤᠶᠢᠯᠠᠩ ᠤᠨ ᠳᠡᠳ᠋ ᠶᠡᠷᠦᠩᠬᠡᠢ ᠵᠢᠯᠣᠭᠤᠳᠤᠭᠴᠢ ᠠᠵᠢᠯᠯᠠᠬᠤ ᠳᠤᠭᠤᠶᠢᠯᠠᠩ ᠪᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠳᠠᠭᠠᠭᠤᠯᠤᠨ ᠭᠠᠯ ᠭᠠᠷᠤᠭᠰᠠᠨ ᠭᠠᠵᠠᠷ ᠲᠤ ᠣᠴᠢᠵᠤ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ︔ ⑶ᠭᠠᠯ ᠤᠨᠲᠠᠷᠠᠭᠠᠬᠤ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠬᠡᠷᠡᠭᠴᠡᠭᠡ ᠪᠠᠨ ᠦᠨᠳᠦᠰᠦᠯᠡᠨ ᠬᠥᠷᠰᠢ ᠵᠡᠷᠭᠡᠯᠡᠳᠡᠭᠡ ᠭᠠᠵᠠᠷ ᠣᠷᠣᠨ ᠤ ᠣᠶ ᠰᠢᠭᠤᠢ ᠶᠢᠨ ᠭᠠᠯ ᠤᠨᠲᠠᠷᠠᠭᠠᠬᠤ ᠡᠩᠨᠡᠭᠡ᠂ ᠣᠷᠣᠨ ᠨᠤᠲᠤᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠲᠤᠰᠬᠠᠢ ᠡᠩᠨᠡᠭᠡ ᠳᠤ ᠤᠷᠢᠳᠴᠢᠯᠠᠨ ᠮᠡᠳᠡᠭᠳᠡᠵᠦ ᠲᠤᠰᠠᠯᠠᠬᠤ ᠪᠡᠯᠡᠳᠬᠡᠯ ᠢ ᠰᠠᠶᠢᠲᠤᠷ ᠬᠢᠯᠭᠡᠨ᠎ᠡ︔ ⑷ᠬᠡᠷᠡᠭᠴᠡᠭᠡ ᠪᠠᠨ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠠᠭᠠᠷ ᠤᠨ ᠠᠶᠠᠯᠠᠯ ᠤᠨ ᠠᠪᠤᠷᠠᠨ ᠲᠤᠰᠠᠯᠠᠬᠤ ᠨᠢᠰᠬᠡᠯ ᠢ ᠰᠢᠯᠵᠢᠭᠦᠯᠦᠨ ᠲᠣᠮᠢᠯᠠᠭᠤᠯᠬᠤ ᠪᠠᠷ ᠭᠤᠶᠤᠴᠢᠯᠠᠬᠤ ᠰᠠᠨᠠᠭᠤᠯᠭ᠎ᠠ ᠳᠤᠷᠠᠳᠤᠨ᠎ᠠ︔ ⑸ᠭᠠᠯ ᠭᠠᠷᠤᠭᠰᠠᠨ ᠭᠠᠵᠠᠷ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠦᠨᠳᠦᠰᠦᠯᠡᠨ᠂ ᠴᠢᠬᠤᠯᠠ ᠬᠠᠷᠠᠯᠲᠠ ᠵᠢᠴᠢ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠠᠮᠤᠷ ᠲᠦᠪᠰᠢᠨ ᠢ ᠬᠠᠮᠠᠭᠠᠯᠠᠬᠤ ᠰᠠᠨᠠᠭᠤᠯᠭ᠎ᠠ ᠳᠤᠷᠠᠳᠤᠨ᠎ᠠ︔ ⑹ᠴᠠᠭ ᠠᠭᠤᠷ ᠤᠨ ᠰᠠᠯᠠᠭ᠎ᠠ ᠮᠥᠴᠢᠷ ᠠᠴᠠ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠴᠠᠭ ᠠᠭᠤᠷ ᠤᠨ ᠪᠣᠳᠠᠲᠤ ᠪᠠᠶᠢᠳᠠᠯ ᠤᠨ ᠦᠢᠯᠡᠴᠢᠯᠡᠭᠡ ᠬᠠᠩᠭᠠᠵᠤ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠪᠡᠯᠡᠳᠬᠡᠯ ᠢ ᠰᠠᠶᠢᠲᠤᠷ ᠬᠢᠨ᠎ᠡ︔ ⑺ᠪᠠᠶᠢᠳᠠᠯ ᠢ ᠦᠵᠡᠵᠦ ᠪᠠᠶᠢᠭᠠᠳ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠰᠡᠷᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠨ᠎ᠡ︔ ︵8︶ ᠬᠤᠯᠪᠣᠭᠳᠠᠯ ᠪᠦᠬᠦᠢ ᠵᠠᠭᠤᠴᠢᠯᠠᠭᠤᠷ ᠢ ᠵᠣᠬᠢᠴᠠᠭᠤᠯᠤᠨ ᠵᠢᠯᠤᠭᠤᠳᠴᠤ ᠪᠠᠶᠢᠭᠠᠳ ᠮᠡᠳᠡᠭᠡᠯᠡᠯ ᠢ ᠰᠠᠶᠢᠲᠤᠷ ᠬᠢᠨ᠎ᠡ᠃ 6.3.2Ⅲ ᠳᠡᠰ ᠤᠨ ᠳᠠᠭᠠᠯᠲᠠ 6.3.2 1 ᠡᠬᠢᠯᠡᠭᠦᠯᠬᠦ ᠨᠥᠬᠦᠴᠡᠯ ⑴ᠭᠠᠯ ᠭᠠᠷᠤᠭᠰᠠᠨ ᠲᠡᠯᠡᠪᠡᠢ ᠨᠢ 300 ᠾᠧᠺᠲ᠋ᠠᠷ ᠠᠴᠠ ᠬᠡᠲᠦᠷᠡᠭᠰᠡᠨ ᠤᠢ ᠰᠢᠭᠤᠢ ᠶᠢᠨ ᠭᠠᠯ ᠤᠨ ᠠᠶᠤᠯ ᠪᠤᠶᠤ ᠭᠠᠯ ᠭᠠᠷᠤᠭᠰᠠᠨ ᠲᠡᠯᠡᠪᠡᠢ ᠨᠢ 3000 ᠾᠧᠺᠲ᠋ᠠᠷ ᠠᠴᠠ ᠬᠡᠲᠦᠷᠡᠭᠰᠡᠨ ᠨᠤᠲᠤᠭ ᠪᠡᠯᠴᠢᠭᠡᠷ ᠤᠨ ᠭᠠᠯ ᠤᠨ ᠭᠠᠮᠰᠢᠭ︔ ⑵1᠎ ᠠᠴᠠ ᠳᠡᠭᠡᠭᠰᠢ 3᠎ ᠠᠴᠠ ᠳᠣᠷᠣᠭᠰᠢ ᠬᠥᠮᠥᠨ ᠠᠳᠡᠭᠰᠡᠨ ᠪᠤᠶᠤ 10᠎ ᠠᠴᠠ ᠳᠡᠭᠡᠭᠰᠢ 30᠎ ᠠᠴᠠ ᠳᠣᠷᠣᠭᠰᠢ ᠬᠥᠮᠥᠨ ᠬᠦᠨᠳᠦ ᠰᠢᠷᠬᠠᠲᠤᠭᠰᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ︔ ⑶ᠰᠡᠷᠭᠡᠭ ᠴᠠᠭ᠂ ᠰᠡᠷᠭᠡᠭ ᠭᠠᠵᠠᠷ ᠣᠷᠣᠨ ᠳᠤ ᠡᠭᠦᠰᠦᠭᠰᠡᠨ᠂ 48 ᠴᠠᠭ ᠤᠨ ᠳᠣᠲᠣᠷ᠎ᠠ ᠢᠯᠡ ᠭᠠᠯ ᠢ ᠬᠠᠷᠠᠬᠠᠨ ᠤᠨᠲᠠᠷᠠᠭᠠᠳᠤᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ︔ ⑷ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠴᠤᠤᠷᠢᠶᠠᠲᠤᠨ ᠲᠠᠭᠠᠬᠤ ᠪᠠᠷ ᠱᠠᠭᠠᠷᠳᠠᠭᠰᠠᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ︔ ⑸3 ᠤᠳᠠᠭ᠎ᠠ ᠠᠴᠠ ᠳᠡᠭᠡᠭᠰᠢ ᠠᠶᠤᠯ ᠲᠦᠭᠰᠢᠭᠦᠷᠢᠲᠦ ᠴᠢᠨᠠᠷ ᠢᠶᠠᠷ ᠨᠡᠯᠢᠶᠡᠳ ᠶᠡᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠬᠠᠮᠲᠤ ᠳᠤᠨᠢ ᠭᠠᠷᠬᠤ᠃ ᠳᠡᠭᠡᠷ᠎ᠡ ᠳᠤᠷᠠᠳᠤᠭᠰᠠᠨ ᠨᠥᠬᠦᠴᠡᠯ ᠤᠨ ᠨᠢᠭᠡ ᠳᠤᠨᠢ ᠨᠡᠶᠢᠴᠡᠪᠡᠯ᠂ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠠᠯᠪᠠᠨ ᠭᠡᠷ ᠠᠴᠠ ᠵᠠᠳᠠᠯᠤᠯᠲᠠ ᠬᠢᠵᠦ ᠦᠨᠡᠯᠡᠨ ᠵᠢᠱᠢᠬᠦ ᠪᠠᠷ ᠳᠡᠮᠵᠢᠨ᠂ ᠭᠠᠮᠰᠢᠭ ᠤᠨ ᠪᠠᠶᠢᠳᠠᠯ ᠢ ᠡᠬᠢᠯᠡᠭᠦᠯᠬᠦ ᠪᠠᠷᠢᠮᠵᠢᠶ᠎ᠠ ᠳᠤ ᠬᠦᠷᠦᠭᠦᠯᠦᠭᠰᠡᠨ ᠢ ᠮᠠᠭᠠᠳᠯᠠᠨ ᠲᠣᠭᠲᠠᠭᠠᠵᠤ᠂ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠠᠯᠪᠠᠨ ᠭᠡᠷ ᠤᠨ ᠪᠠᠶᠢᠩᠭᠤ ᠶᠢᠨ ᠳᠡᠳ᠋ ᠶᠡᠷᠦᠩᠬᠡᠢ ᠵᠢᠯᠣᠭᠤᠳᠤᠭᠴᠢ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠨᠡᠷ᠎ᠡ ᠪᠠᠷ Ⅲ ᠲᠠᠰ ᠤᠨ ᠳᠠᠭᠠᠬᠤ ᠠᠵᠢᠯ ᠢ ᠡᠬᠢᠯᠡᠭᠦᠯᠬᠦ ᠶᠢᠨ ᠬᠠᠮᠲᠤ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃ 6.3.2.2 ᠳᠠᠭᠠᠬᠤ ᠠᠷᠭ᠎ᠠ ᠬᠡᠮᠵᠢᠶ᠎ᠡ Ⅳ ᠳᠡᠰ ᠤᠨ ᠴᠤᠤᠷᠢᠶᠠᠲᠤᠯ ᠤᠨ ᠰᠠᠭᠤᠷᠢᠨ ᠳᠡᠭᠡᠷ᠎ᠡ᠂ ᠳᠣᠣᠷᠠᠬᠢ ᠮᠡᠲᠦ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠴᠢᠩᠭᠠᠳᠬᠠᠨ᠎ᠠ᠄ ⑴ᠣᠶ ᠰᠢᠭᠤᠢ ᠶᠢᠨ ᠰᠡᠷᠭᠡᠶᠢᠯᠡᠯᠲᠡ ᠶᠢᠨ ᠠᠯᠪᠠᠨ ᠭᠡᠷ ᠠᠴᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠠᠮᠤᠭ ᠤᠨ ᠰᠢᠨ᠎ᠡ ᠪᠠᠶᠢᠳᠠᠯ ᠢ ᠴᠠᠭ ᠲᠤᠬᠠᠢ ᠳᠤᠨᠢ ᠲᠣᠬᠢᠷᠠᠭᠤᠯᠤᠨ ᠣᠶᠢᠯᠠᠭᠠᠵᠤ᠂ ᠪᠠᠶᠢᠩᠭᠤ ᠶᠢᠨ ᠳᠡᠳ᠋ ᠶᠡᠷᠦᠩᠬᠡᠢ ᠵᠢᠯᠣᠭᠤᠳᠤᠭᠴᠢ ᠪᠤᠶᠤ ᠳᠡᠳ᠋ ᠶᠡᠷᠦᠩᠬᠡᠢ ᠵᠢᠯᠣᠭᠤᠳᠤᠭᠴᠢ ᠠᠴᠠ ᠣᠶ ᠰᠢᠭᠤᠢ ᠶᠢᠨ ᠰᠡᠷᠭᠡᠶᠢᠯᠡᠯᠲᠡ ᠶᠢᠨ ᠵᠢᠭᠠᠪᠤᠷᠢ ᠶᠢᠨ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠡ ᠶᠢ ᠴᠤᠭᠯᠠᠭᠤᠯᠤᠨ ᠭᠠᠯ ᠭᠠᠷᠤᠭᠰᠠᠨ ᠲᠠᠯᠠᠪᠤᠷ ᠢ ᠵᠣᠬᠢᠶᠠᠨ ᠪᠠᠶᠢᠭᠤᠯᠤᠨ ᠬᠤᠯᠪᠣᠬᠤ ᠱᠤᠭᠤᠮ᠂ ᠬᠠᠷᠠᠭᠠᠨ ᠳᠠᠪᠲᠠᠮᠵᠢ ᠪᠠᠷ ᠵᠥᠪᠳᠡᠯᠴᠡᠵᠦ ᠪᠠᠶᠢᠭᠠᠳ ᠲᠣᠬᠢᠷᠠᠭᠤᠯᠬᠤ ᠪᠠ ᠵᠠᠳᠠᠯᠤᠨ ᠰᠤᠳᠤᠯᠵᠤ ᠮᠠᠭᠠᠳᠯᠠᠬᠤ ᠶᠢ ᠵᠢᠭᠠᠨ᠎ᠠ᠃ ᠡᠭᠦᠨ ᠤ ᠬᠠᠮᠲᠤ ᠤᠢ ᠰᠢᠭᠤᠢ ᠶᠢᠨ ᠰᠡᠷᠭᠡᠶᠢᠯᠡᠯᠲᠡ ᠭᠡᠳᠡᠭ ᠨᠢ ᠪᠠᠶᠢᠩᠭᠤ ᠶᠢᠨ ᠳᠡᠳ᠋ ᠶᠡᠷᠦᠩᠬᠡᠢ ᠵᠢᠯᠣᠭᠤᠳᠤᠭᠴᠢ ᠪᠤᠶᠤ ᠳᠡᠳ᠋ ᠶᠡᠷᠦᠩᠬᠡᠢ ᠵᠢᠯᠣᠭᠤᠳᠤᠭᠴᠢ ᠠᠵᠢᠯᠯᠠᠬᠤ ᠳᠤᠭᠤᠶᠢᠯᠠᠩ ᠪᠣᠯᠣᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠳᠠᠭᠠᠭᠤᠯᠤᠨ ᠭᠠᠯ ᠭᠠᠷᠤᠭᠰᠠᠨ ᠭᠠᠵᠠᠷ ᠲᠤ ᠣᠴᠢᠵᠤ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠢ ᠵᠣᠬᠢᠴᠠᠭᠤᠯᠤᠨ ᠵᠢᠯᠤᠭᠤᠳᠬᠤ ᠶᠢ ᠵᠢᠭᠠᠵᠤ ᠪᠠᠶᠢᠨ᠎ᠠ︔ ⑵ᠭᠠᠯ ᠭᠠᠷᠤᠭᠰᠠᠨ ᠭᠠᠵᠠᠷ ᠤᠨ ᠵᠠᠰᠠᠭ ᠤᠨ ᠣᠷᠳᠣᠨ ᠤ ᠭᠤᠶᠤᠴᠢᠯᠠᠯ ᠢ ᠦᠨᠳᠦᠰᠦᠯᠡᠨ᠂ ᠣᠶᠢᠷ᠎ᠠ ᠬᠠᠪᠢ ᠳᠠᠭᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠲᠤᠰᠬᠠᠢ ᠠᠩᠭᠢ ᠶᠢ ᠲᠣᠮᠢᠯᠠᠵᠤ ᠭᠠᠯ ᠤᠨᠲᠠᠷᠠᠭᠠᠬᠤ ᠳᠤ ᠲᠤᠰᠠᠯᠠᠭᠤᠯᠬᠤ ᠪᠠᠷ ᠣᠴᠢᠨ᠎ᠠ︔ ⑶ᠠᠶᠢᠮᠠᠭ ᠤᠨ ᠣᠶ ᠰᠢᠭᠤᠢ ᠶᠢᠨ ᠭᠠᠯ ᠤᠨᠲᠠᠷᠠᠭᠠᠬᠤ ᠰᠠᠯᠪᠤᠷᠢ ᠠᠩᠭᠢ ᠶᠢ ᠭᠤᠶᠤᠴᠢᠯᠠᠵᠤ ᠬᠠᠷᠢᠶ᠎ᠠ ᠪᠦᠬᠦᠢ ᠣᠶ ᠰᠢᠭᠤᠢ ᠶᠢᠨ ᠭᠠᠯ ᠤᠨᠲᠠᠷᠠᠭᠠᠬᠤ ᠠᠩᠭᠢ ᠶᠢ ᠵᠢᠯᠣᠭᠤᠳᠤᠨ ᠲᠤᠰᠠᠯᠠᠬᠤ ᠪᠡᠯᠡᠳᠬᠡᠯ ᠢ ᠰᠠᠶᠢᠲᠤᠷ ᠬᠢᠨ᠎ᠡ︔ ⑷ᠬᠡᠷᠡᠭᠴᠡᠭᠡ ᠪᠠᠨ ᠦᠨᠳᠦᠰᠦᠯᠡᠨ᠂ ᠭᠠᠯ ᠤᠨᠲᠠᠷᠠᠭᠠᠬᠤ ᠡᠳ᠋ ᠪᠣᠳᠠᠰ ᠢ ᠲᠣᠬᠢᠷᠠᠭᠤᠯᠤᠨ ᠲᠡᠭᠡᠭᠡᠪᠦᠷᠢᠯᠡᠬᠦ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠲᠤᠰᠠᠯᠠᠮᠵᠢ ᠶᠢ ᠨᠡᠮᠡᠭᠳᠡᠭᠦᠯᠬᠦ ᠵᠡᠷᠭᠡ ᠠᠵᠢᠯ ᠢ ᠵᠣᠬᠢᠴᠠᠭᠤᠯᠤᠨ ᠰᠠᠶᠢᠲᠤᠷ ᠬᠢᠨ᠎ᠡ︔ ⑸ᠴᠠᠭ ᠠᠭᠤᠷ ᠤᠨ ᠰᠠᠯᠠᠭ᠎ᠠ ᠮᠥᠴᠢᠷ ᠭᠠᠯ ᠭᠠᠷᠤᠭᠰᠠᠨ ᠭᠠᠵᠠᠷ ᠤᠨ ᠴᠠᠭ ᠠᠭᠤᠷ ᠤᠨ ᠨᠥᠬᠦᠴᠡᠯ ᠢ ᠦᠨᠳᠦᠰᠦᠯᠡᠨ ᠂ ᠲᠤᠬᠠᠢ ᠶᠢᠨ ᠭᠠᠵᠠᠷ ᠢ ᠵᠢᠯᠣᠭᠤᠳᠤᠨ ᠰᠢᠪᠠᠳᠠᠵᠤ ᠪᠠᠶᠢᠭᠠᠳ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠬᠢᠯᠭᠡᠨ᠎ᠡ︔ ⑹ᠴᠢᠬᠤᠯᠠ ᠬᠠᠷᠠᠯᠲᠠ ᠪᠣᠳᠠᠰ ᠪᠠ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠬᠠᠮᠠᠭᠠᠯᠠᠬᠤ ᠠᠵᠢᠯ ᠢ ᠵᠢᠯᠤᠭᠤᠳᠴᠤ ᠰᠠᠶᠢᠲᠤᠷ ᠬᠢᠨ᠎ᠡ︔ ⑺ᠬᠤᠯᠪᠣᠭᠳᠠᠯ ᠪᠦᠬᠦᠢ ᠵᠠᠭᠤᠴᠢᠯᠠᠭᠤᠷ ᠢ ᠵᠣᠬᠢᠴᠠᠭᠤᠯᠤᠨ ᠵᠢᠯᠤᠭᠤᠳᠴᠤ ᠪᠠᠶᠢᠭᠠᠳ ᠮᠡᠳᠡᠭᠡᠯᠡᠯ ᠢ ᠰᠠᠶᠢᠲᠤᠷ ᠬᠢᠨ᠎ᠡ᠃ 6.3.3 Ⅱᠲᠡᠰ ᠤᠨ ᠳᠠᠭᠠᠯ 6.3.3.1 ᠡᠬᠢᠯᠡᠭᠦᠯᠬᠦ ᠨᠥᠬᠦᠴᠡᠯ ⑴ᠭᠠᠯ ᠭᠠᠷᠤᠭᠰᠠᠨ ᠲᠡᠯᠡᠪᠡᠢ ᠨᠢ 500 ᠾᠧᠺᠲ᠋ᠠᠷ ᠠᠴᠠ ᠬᠡᠲᠦᠷᠡᠭᠰᠡᠨ ᠤᠢ ᠰᠢᠭᠤᠢ ᠶᠢᠨ ᠭᠠᠯ ᠤᠨ ᠠᠶᠤᠯ ᠪᠤᠶᠤ ᠭᠠᠯ ᠭᠠᠷᠤᠭᠰᠠᠨ ᠲᠡᠯᠡᠪᠡᠢ ᠨᠢ 5000 ᠾᠧᠺᠲ᠋ᠠᠷ ᠠᠴᠠ ᠬᠡᠲᠦᠷᠡᠭᠰᠡᠨ ᠨᠤᠲᠤᠭ ᠪᠡᠯᠴᠢᠭᠡᠷ ᠤᠨ ᠭᠠᠯ ᠤᠨ ᠭᠠᠮᠰᠢᠭ︔ ⑵3᠎ ᠠᠴᠠ ᠳᠡᠭᠡᠭᠰᠢ 10᠎ ᠠᠴᠠ ᠳᠣᠷᠣᠭᠰᠢ ᠬᠥᠮᠥᠨ ᠠᠳᠡᠭᠰᠡᠨ ᠪᠤᠶᠤ 30᠎ ᠠᠴᠠ ᠳᠡᠭᠡᠭᠰᠢ 50᠎ ᠠᠴᠠ ᠳᠣᠷᠣᠭᠰᠢ ᠬᠥᠮᠥᠨ ᠬᠦᠨᠳᠦ ᠰᠢᠷᠬᠠᠲᠤᠭᠰᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ︔ ⑶ᠰᠡᠷᠭᠡᠭ ᠴᠠᠭ᠂ ᠰᠡᠷᠭᠡᠭ ᠭᠠᠵᠠᠷ ᠣᠷᠣᠨ ᠳᠤ ᠡᠭᠦᠰᠦᠭᠰᠡᠨ᠂ 72 ᠴᠠᠭ ᠤᠨ ᠳᠣᠲᠣᠷ᠎ᠠ ᠪᠦᠲᠦᠮᠵᠢᠲᠡᠶ ᠡᠵᠡᠮᠳᠡᠵᠦ ᠳᠡᠶᠢᠯᠦᠭᠰᠡᠨ ᠦᠭᠡᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ︔ ⑷ᠳᠡᠭᠡᠳᠦ ᠱᠠᠲᠤᠨ ᠤ ᠵᠠᠰᠠᠭ ᠤᠨ ᠣᠷᠳᠣᠨ ᠠᠴᠠ ᠳᠠᠭᠠᠬᠤ ᠪᠠᠷ ᠱᠠᠭᠠᠷᠳᠠᠭᠰᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠬᠢᠯᠡᠭᠦᠯᠦᠨ᠎ᠡ᠃ ᠳᠡᠭᠡᠷ᠎ᠡ ᠳᠤᠷᠠᠳᠤᠭᠰᠠᠨ ᠨᠥᠬᠦᠴᠡᠯ ᠤᠨ ᠨᠢᠭᠡ ᠳᠤ ᠨᠡᠶᠢᠴᠡᠪᠡᠯ᠂ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠠᠯᠪᠠᠨ ᠭᠡᠷ ᠠᠴᠠ ᠵᠠᠳᠠᠯᠤᠯᠲᠠ ᠬᠢᠵᠦ ᠦᠨᠡᠯᠡᠨ ᠵᠢᠱᠢᠬᠦ ᠪᠠᠷ ᠳᠡᠮᠵᠢᠨ᠂ ᠭᠠᠮᠰᠢᠭ ᠤᠨ ᠪᠠᠶᠢᠳᠠᠯ ᠢ ᠡᠬᠢᠯᠡᠭᠦᠯᠬᠦ ᠪᠠᠷᠢᠮᠵᠢᠶ᠎ᠠ ᠳᠤ ᠬᠦᠷᠦᠭᠦᠯᠦᠭᠰᠡᠨ ᠢ ᠮᠠᠭᠠᠳᠯᠠᠨ ᠲᠣᠭᠲᠠᠭᠠᠬᠤ ᠶᠢᠨ ᠬᠠᠮᠲᠤ ᠰᠠᠨᠠᠭᠤᠯᠭ᠎ᠠ ᠳᠤᠷᠠᠳᠴᠤ᠂ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠲᠤᠭ᠎ᠠ ᠶᠢᠨ ᠶᠡᠷᠦᠩᠬᠡᠢ ᠵᠢᠯᠣᠭᠤᠳᠤᠭᠴᠢ ᠳᠤᠷᠠᠳᠬᠤ ᠶᠢᠨ ᠬᠠᠮᠲᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠲᠣᠭᠲᠠᠭᠠᠯᠭᠠᠵᠤ᠂ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠲᠤᠭ᠎ᠠ ᠶᠢᠨ ᠨᠡᠷ᠎ᠡ ᠪᠠᠷ Ⅱ ᠲᠠᠰ ᠤᠨ ᠳᠠᠭᠠᠬᠤ ᠶᠢ ᠡᠬᠢᠯᠡᠭᠦᠯᠬᠦ ᠶᠢᠨ ᠬᠠᠮᠲᠤ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠪᠠᠴᠢᠮ ᠪᠠᠶᠢᠳᠠᠯ ᠢ ᠠᠷᠭᠠᠴᠠᠨ᠎ᠠ᠃ 6.3.3.2 ᠳᠠᠭᠠᠬᠤ ᠠᠷᠭ᠎ᠠ ᠬᠡᠮᠵᠢᠶ᠎ᠡ Ⅲ ᠲᠠᠰ ᠤᠨ ᠳᠠᠭᠠᠬᠤ ᠰᠠᠭᠤᠷᠢᠨ ᠳᠡᠭᠡᠷ᠎ᠡ᠂ ᠳᠣᠣᠷᠠᠬᠢ ᠮᠡᠲᠦ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠴᠢᠩᠭᠠᠳᠬᠠᠨ᠎ᠠ᠄ ⑴ᠤᠢ ᠰᠢᠭᠤᠢ ᠶᠢᠨ ᠰᠡᠷᠭᠡᠶᠢᠯᠡᠯᠲᠡ ᠭᠡᠳᠡᠭ ᠪᠣᠯ ᠶᠡᠷᠦᠩᠬᠡᠢ ᠵᠢᠯᠣᠭᠤᠳᠤᠭᠴᠢ ᠠᠴᠠ ᠤᠢ ᠰᠢᠭᠤᠢ ᠶᠢᠨ ᠰᠡᠷᠭᠡᠶᠢᠯᠡᠯᠲᠡ ᠶᠢ ᠵᠣᠬᠢᠶᠠᠨ ᠪᠠᠶᠢᠭᠤᠯᠬᠤ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠨᠦᠭᠦᠳ ᠬᠤᠷᠠᠯ ᠬᠢᠵᠦ ᠬᠠᠮᠲᠤᠷᠠᠨ ᠵᠥᠪᠳᠡᠯᠴᠡᠵᠦ᠂ ᠭᠠᠯ ᠤᠨ ᠠᠶᠤᠯ ᠤᠨ ᠪᠠᠶᠢᠳᠠᠯ ᠢ ᠵᠠᠳᠠᠯᠤᠨ ᠰᠢᠨᠵᠢᠯᠡᠵᠦ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠷᠭ᠎ᠠ ᠬᠡᠮᠵᠢᠶ᠎ᠡ ᠵᠢᠴᠢ ᠪᠠᠲᠤᠯᠠᠭ᠎ᠠ ᠶᠢᠨ ᠠᠵᠢᠯ ᠢ ᠰᠤᠳᠤᠯᠬᠤ ᠶᠢ ᠵᠢᠭᠠᠵᠤ ᠪᠠᠶᠢᠨ᠎ᠠ︔ ᠡᠭᠦᠨ ᠤ ᠬᠠᠮᠲᠤ ᠤᠢ ᠰᠢᠭᠤᠢ ᠶᠢᠨ ᠰᠡᠷᠭᠡᠶᠢᠯᠡᠯᠲᠡ ᠶᠢᠨ ᠶᠡᠷᠦᠩᠬᠡᠢ ᠵᠢᠯᠣᠭᠤᠳᠤᠭᠴᠢ ᠪᠤᠶᠤ ᠪᠠᠶᠢᠩᠭᠤ ᠶᠢᠨ ᠳᠡᠳ᠋ ᠶᠡᠷᠦᠩᠬᠡᠢ ᠵᠢᠯᠣᠭᠤᠳᠤᠭᠴᠢ ᠠᠵᠢᠯᠯᠠᠬᠤ ᠳᠤᠭᠤᠶᠢᠯᠠᠩ ᠪᠣᠯᠣᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠳᠠᠭᠠᠭᠤᠯᠤᠨ ᠭᠠᠯ ᠭᠠᠷᠤᠭᠰᠠᠨ ᠭᠠᠵᠠᠷ ᠲᠤ ᠣᠴᠢᠵᠤ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠢ ᠵᠣᠬᠢᠴᠠᠭᠤᠯᠤᠨ ᠵᠢᠯᠤᠭᠤᠳᠬᠤ ᠶᠢ ᠵᠢᠭᠠᠵᠤ ᠪᠠᠶᠢᠨ᠎ᠠ︔ ⑵ᠬᠡᠷᠡᠭᠴᠡᠭᠡ ᠪᠠᠨ ᠦᠨᠳᠦᠰᠦᠯᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠲᠤᠰᠬᠠᠢ ᠡᠩᠨᠡᠭᠡ ᠶᠢ ᠨᠡᠮᠡᠵᠦ ᠲᠣᠮᠢᠯᠠᠨ᠎ᠠ︔ ⑶ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠠᠶᠢᠮᠠᠭ ᠤᠨ ᠭᠠᠳᠠᠨᠠᠬᠢ ᠣᠶ ᠰᠢᠭᠤᠢ ᠶᠢᠨ ᠭᠠᠯ ᠤᠨᠲᠠᠷᠠᠭᠠᠬᠤ ᠡᠩᠨᠡᠭᠡ᠂ ᠣᠶ ᠰᠢᠭᠤᠢ ᠶᠢᠨ ᠠᠭᠠᠷ ᠤᠨ ᠠᠶᠠᠯᠠᠯ ᠤᠨ ᠭᠠᠯ ᠤᠨᠲᠠᠷᠠᠭᠠᠬᠤ ᠨᠢᠰᠬᠡᠯ ᠵᠡᠷᠭᠡ ᠶᠢ ᠵᠣᠬᠢᠴᠠᠭᠤᠯᠵᠤ ᠭᠠᠯ ᠤᠨᠲᠠᠷᠠᠭᠠᠬᠤ ᠠᠵᠢᠯ ᠳᠤ ᠣᠷᠣᠯᠴᠠᠭᠤᠯᠬᠤ ᠶᠢᠨ ᠬᠠᠮᠲᠤ ᠭᠠᠯ ᠤᠨᠲᠠᠷᠠᠭᠠᠬᠤ ᠡᠳ᠋ ᠪᠣᠳᠠᠰ ᠢ ᠲᠣᠬᠢᠷᠠᠭᠤᠯᠤᠨ᠎ᠠ︔ ⑷ᠬᠡᠷᠡᠭᠴᠡᠭᠡ ᠪᠠᠨ ᠦᠨᠳᠦᠰᠦᠯᠡᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠪᠠ ᠡᠷᠦᠭᠡ ᠶᠢᠨ ᠴᠡᠷᠢᠭ ᠤᠨ ᠡᠩᠨᠡᠭᠡ ᠶᠢ ᠵᠣᠬᠢᠴᠠᠭᠤᠯᠵᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ︔ ⑸ᠴᠢᠬᠤᠯᠠ ᠬᠠᠷᠠᠯᠲᠠ ᠪᠣᠳᠠᠰ ᠪᠠ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠨ᠎ᠠ︔ ⑹ᠬᠡᠷᠡᠭᠴᠡᠭᠡ ᠪᠠᠨ ᠦᠨᠳᠦᠰᠦᠯᠡᠨ ᠭᠠᠯ ᠤᠨᠲᠠᠷᠠᠭᠠᠬᠤ ᠡᠳ᠋ ᠪᠣᠳᠠᠰ ᠢ ᠲᠣᠬᠢᠷᠠᠭᠤᠯᠤᠨ ᠲᠡᠭᠡᠭᠡᠪᠦᠷᠢᠯᠡᠬᠦ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠲᠤᠰᠠᠯᠠᠬᠤ ᠵᠡᠷᠭᠡ ᠠᠵᠢᠯ ᠢ ᠵᠣᠬᠢᠴᠠᠭᠤᠯᠤᠨ ᠰᠠᠶᠢᠲᠤᠷ ᠬᠢᠨ᠎ᠡ︔ ⑺ᠪᠠᠶᠢᠳᠠᠯ ᠢ ᠦᠵᠡᠵᠦ ᠪᠠᠶᠢᠭᠠᠳ ᠰᠣᠨᠢᠨ ᠮᠡᠳᠡᠭᠡ ᠨᠡᠶᠢᠲᠡᠯᠡᠬᠦ ᠬᠤᠷᠠᠯ ᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠵᠠᠭᠤᠴᠢᠯᠠᠭᠤᠷ ᠢ ᠵᠣᠬᠢᠴᠠᠭᠤᠯᠤᠨ ᠭᠠᠯ ᠤᠨᠲᠠᠷᠠᠭᠠᠵᠤ ᠭᠠᠮᠰᠢᠭ ᠠᠴᠠ ᠠᠪᠤᠷᠠᠬᠤ ᠤᠬᠠᠭᠤᠯᠭ᠎ᠠ ᠮᠡᠳᠡᠭᠡᠯᠡᠯ ᠢ ᠴᠢᠩᠭᠠᠳᠬᠠᠨ᠎ᠠ᠃ 6.3.4 I ᠳᠡᠰ ᠢ ᠳᠠᠭᠠᠬᠤ 6.3.4.1 ᠳᠠᠭᠠᠬᠤ ᠨᠥᠬᠦᠴᠡᠯ ⑴ᠭᠠᠯ ᠭᠠᠷᠤᠭᠰᠠᠨ ᠲᠡᠯᠡᠪᠡᠢ ᠨᠢ 1000 ᠾᠧᠺᠲ᠋ᠠᠷ ᠠᠴᠠ ᠬᠡᠲᠦᠷᠡᠭᠰᠡᠨ ᠤᠢ ᠰᠢᠭᠤᠢ ᠶᠢᠨ ᠭᠠᠯ ᠤᠨ ᠠᠶᠤᠯ ᠪᠤᠶᠤ ᠭᠠᠯ ᠭᠠᠷᠤᠭᠰᠠᠨ ᠲᠡᠯᠡᠪᠡᠢ ᠨᠢ 8000 ᠾᠧᠺᠲ᠋ᠠᠷ ᠠᠴᠠ ᠬᠡᠲᠦᠷᠡᠭᠰᠡᠨ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠤᠭᠰᠠᠨ ᠮᠥᠷᠲᠡᠭᠡᠨ ᠭᠠᠯ ᠤᠨ ᠪᠠᠶᠢᠳᠠᠯ ᠨᠢ ᠦᠷᠭᠦᠯᠵᠢᠯᠡᠨ ᠥᠷᠭᠡᠵᠢᠭᠰᠡᠨ︔ ⑵10᠎ ᠠᠴᠠ ᠳᠡᠭᠡᠭᠰᠢ ᠬᠥᠮᠥᠨ ᠦᠬᠦᠭᠰᠡᠨ ᠪᠤᠶᠤ 50᠎ ᠠᠴᠠ ᠳᠡᠭᠡᠭᠰᠢ ᠬᠥᠮᠥᠨ ᠬᠦᠨᠳᠦ ᠰᠢᠷᠬᠠᠲᠤᠭᠰᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ︔ ⑶ᠠᠮᠢ ᠠᠬᠤᠢ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠦᠨᠳᠦ ᠨᠣᠴᠢᠲᠠᠢ ᠨᠥᠯᠥᠭᠡᠯᠡᠭᠳᠡᠵᠦ᠂ ᠬᠤᠯᠪᠣᠭᠳᠠᠯ ᠪᠦᠬᠦᠢ ᠠᠵᠢᠯ ᠲᠦᠷᠦᠯ ᠬᠦᠨᠳᠦ ᠬᠤᠬᠢᠷᠠᠯ ᠳᠤ ᠤᠴᠠᠷᠠᠵᠤ᠂ ᠦᠢᠯᠡᠳᠪᠦᠷᠢᠯᠡᠯ ᠪᠠ ᠠᠮᠢᠳᠤᠷᠠᠯ ᠤᠨ ᠡᠮᠬᠢ ᠵᠢᠷᠤᠮ ᠬᠦᠨᠳᠦ ᠨᠣᠴᠢᠲᠠᠢ ᠬᠠᠷᠰᠢᠯᠠᠯ ᠳᠤ ᠤᠴᠠᠷᠠᠭᠰᠠᠨ︔ ⑷ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠭᠠᠷᠤᠭᠰᠠᠨ ᠤ ᠳᠠᠷᠠᠭ᠎ᠠ ᠠᠶᠢᠮᠠᠭ ᠵᠠᠬᠢᠷᠭ᠎ᠠ ᠳᠤ ᠪᠥᠬᠦ ᠬᠦᠴᠦᠨ ᠢᠶᠠᠷ ᠢᠶᠠᠨ ᠰᠢᠢᠳᠪᠦᠷᠢᠯᠡᠬᠦ ᠶᠢ ᠭᠤᠶᠤᠴᠢᠯᠠᠬᠤ ᠴᠢᠬᠤᠯᠠᠲᠠᠢ ᠪᠣᠯᠤᠭᠰᠠᠨ᠃ ᠳᠡᠭᠡᠷ᠎ᠡ ᠳᠤᠷᠠᠳᠤᠭᠰᠠᠨ ᠨᠥᠬᠦᠴᠡᠯ ᠤᠳ ᠤᠨ ᠨᠢᠭᠡ ᠳᠤᠨᠢ ᠨᠡᠶᠢᠴᠡᠪᠡᠯ᠂ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠲᠤᠭ᠎ᠠ ᠶᠢᠨ ᠠᠯᠪᠠᠨ ᠭᠡᠷ ᠠᠴᠠ ᠵᠠᠳᠠᠯᠤᠯᠲᠠ ᠬᠢᠵᠦ ᠦᠨᠡᠯᠡᠨ ᠵᠢᠱᠢᠬᠦ ᠪᠠᠷ ᠳᠡᠮᠵᠢᠨ᠂ ᠭᠠᠮᠰᠢᠭ ᠤᠨ ᠪᠠᠶᠢᠳᠠᠯ ᠢ ᠡᠬᠢᠯᠡᠭᠦᠯᠬᠦ ᠪᠠᠷᠢᠮᠵᠢᠶ᠎ᠠ ᠳᠤ ᠬᠦᠷᠦᠭᠦᠯᠦᠭᠰᠡᠨ ᠢ ᠮᠠᠭᠠᠳᠯᠠᠨ ᠲᠣᠭᠲᠠᠭᠠᠬᠤ ᠶᠢᠨ ᠬᠠᠮᠲᠤ ᠶᠡᠷᠦᠩᠬᠡᠢ ᠵᠢᠯᠣᠭᠤᠳᠤᠭᠴᠢ ᠳᠤ ᠮᠡᠳᠡᠭᠦᠯᠦᠨ ᠵᠥᠪᠰᠢᠶᠡᠷᠡᠭᠦᠯᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ I ᠲᠠᠰ ᠤᠨ ᠳᠠᠭᠠᠬᠤ ᠠᠵᠢᠯ ᠢ ᠡᠬᠢᠯᠡᠭᠦᠯᠬᠦ ᠶᠢᠨ ᠬᠠᠮᠲᠤ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠪᠠᠴᠢᠮ ᠪᠠᠶᠢᠳᠠᠯ ᠢ ᠠᠷᠭᠠᠴᠠᠬᠤ ᠳᠠᠭᠠᠬᠤ ᠠᠵᠢᠯ ᠢ ᠳᠡᠭᠡᠭᠰᠢᠯᠡᠭᠦᠯᠤᠨ᠎ᠠ᠃ 6.3.4.2 ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ Ⅱ ᠲᠠᠰ ᠤᠨ ᠳᠠᠭᠠᠬᠤ ᠠᠷᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ᠂ ᠳᠣᠣᠷᠠᠬᠢ ᠮᠡᠲᠦ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠴᠢᠩᠭᠠᠳᠬᠠᠨ᠎ᠠ᠄ ⑴ᠤᠢ ᠰᠢᠭᠤᠢ ᠶᠢᠨ ᠰᠡᠷᠭᠡᠶᠢᠯᠡᠯᠲᠡ ᠭᠡᠳᠡᠭ ᠪᠣᠯ ᠡᠯ᠎ᠡ ᠪᠦᠷᠢᠯᠳᠦᠭᠦᠨ ᠨᠢᠭᠡᠴᠡ ᠶᠢ ᠬᠤᠳᠠ ᠶᠢᠨ ᠨᠠᠮ ᠤᠨ ᠬᠤᠷᠢᠶ᠎ᠠ ᠂ ᠬᠤᠳᠠ ᠶᠢᠨ ᠵᠠᠰᠠᠭ ᠤᠨ ᠣᠷᠳᠣᠨ ᠠᠴᠠ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠨᠥᠬᠦᠳ ᠨᠢᠭᠡᠳᠦᠯᠲᠡᠢ ᠵᠢᠯᠤᠭᠤᠳᠴᠤ ᠲᠣᠬᠢᠷᠠᠭᠤᠯᠬᠤ ᠶᠢ ᠬᠡᠯᠡᠵᠦ ᠪᠠᠶᠢᠨ᠎ᠠ︔ ᠭᠠᠯ ᠭᠠᠷᠤᠭᠰᠠᠨ ᠭᠠᠵᠠᠷ ᠲᠤ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠭᠠᠷᠭᠠᠵᠤ᠂ ᠳᠣᠣᠷ᠎ᠠ ᠎ ᠨᠢ ᠶᠡᠷᠦᠩᠬᠡᠶᠢᠯᠡᠨ ᠵᠣᠬᠢᠴᠠᠭᠤᠯᠬᠤ᠂ ᠠᠶᠤᠯ ᠠᠴᠠ ᠠᠪᠤᠷᠠᠨ ᠲᠤᠰᠠᠯᠠᠬᠤ᠂ ᠡᠮᠴᠢᠯᠡᠭᠡ ᠪᠠᠷ ᠠᠪᠤᠷᠠᠨ ᠵᠠᠰᠠᠬᠤ᠂ ᠭᠠᠯ ᠤᠨ ᠭᠠᠮᠰᠢᠭ ᠢ ᠬᠢᠨᠠᠨ ᠬᠡᠮᠵᠢᠬᠦ᠂ ᠴᠢᠮᠡᠭᠡ ᠬᠤᠯᠪᠣᠭ᠎ᠠ ᠶᠢᠨ ᠪᠠᠲᠤᠯᠠᠭ᠎ᠠ᠂ ᠵᠠᠮ ᠬᠠᠷᠢᠯᠴᠠᠭᠠᠨ ᠤ ᠪᠠᠲᠤᠯᠠᠭ᠎ᠠ᠂ ᠭᠠᠯ ᠭᠠᠷᠤᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠤᠨ ᠳᠤᠭᠤᠶᠢᠯᠠᠩ ᠭᠠᠷᠭᠠᠵᠤ᠂ ᠡᠭᠦᠷᠭᠡ ᠶᠢᠨ ᠬᠤᠪᠢᠶᠠᠷᠢᠯᠠᠯ ᠢ ︽ᠪᠡᠯᠡᠳᠬᠡᠯ ᠲᠥᠰᠥᠯ︾᠎ ᠤᠨ ᠳᠠᠭᠠᠯᠳᠤᠭᠤᠯᠤᠯ 1 ᠶᠣᠰᠣᠭᠠᠷ ᠭᠦᠢᠴᠡᠳᠬᠡᠨ᠎ᠡ︔ ᠤᠢ ᠰᠢᠭᠤᠢ ᠶᠢᠨ ᠰᠡᠷᠭᠡᠶᠢᠯᠡᠯᠲᠡ ᠶᠢᠨ ᠶᠡᠷᠦᠩᠬᠡᠢ ᠵᠢᠯᠣᠭᠤᠳᠤᠭᠴᠢ ᠠᠵᠢᠯᠯᠠᠬᠤ ᠳᠤᠭᠤᠶᠢᠯᠠᠩ ᠢ ᠳᠠᠭᠠᠭᠤᠯᠤᠨ ᠨᠢᠭᠡᠳᠦᠭᠡᠷ ᠹᠷᠣᠨᠲ ᠲᠤ ᠬᠦᠷᠴᠦ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠵᠤ ᠵᠢᠯᠤᠭᠤᠳᠬᠤ ᠶᠢ ᠵᠢᠭᠠᠵᠤ ᠪᠤᠢ᠃ ⑵ᠳᠡᠭᠡᠳᠦ ᠱᠠᠲᠤᠨ ᠤ ᠤᠢ ᠰᠢᠭᠤᠢ ᠶᠢᠨ ᠰᠡᠷᠭᠡᠶᠢᠯᠡᠯᠲᠡ ᠭᠡᠳᠡᠭ ᠨᠢ ᠣᠷᠣᠨ ᠪᠦᠰᠡ ᠠᠯᠤᠰᠯᠠᠨ ᠤᠢ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠪᠠᠴᠢᠮ ᠪᠠᠶᠢᠳᠠᠯ ᠢ ᠠᠷᠭᠠᠴᠠᠬᠤ ᠠᠭᠠᠷ ᠤᠨ ᠠᠶᠠᠯᠠᠯ ᠤᠨ ᠠᠪᠤᠷᠠᠨ ᠲᠤᠰᠠᠯᠠᠬᠤ ᠨᠢᠰᠬᠡᠯ ᠵᠡᠷᠭᠡ ᠭᠠᠯ ᠤᠨᠲᠠᠷᠠᠭᠠᠬᠤ ᠬᠦᠴᠦᠨ ᠢ ᠨᠡᠮᠡᠨ ᠲᠣᠬᠢᠷᠠᠭᠤᠯᠵᠤ᠂ ᠡᠳ᠋ ᠪᠣᠳᠠᠰ ᠢᠶᠠᠷ ᠲᠣᠨᠣᠭᠯᠠᠵᠤ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠳᠡᠮᠵᠢᠬᠦ ᠶᠢ ᠵᠢᠭᠠᠵᠤ ᠪᠠᠶᠢᠨ᠎ᠠ︔ ⑶ᠠᠮᠢᠳᠤᠷᠠᠯ ᠤᠨ ᠠᠪᠤᠷᠠᠨ ᠲᠤᠰᠠᠯᠠᠬᠤ ᠡᠳ᠋ ᠪᠣᠳᠠᠰ ᠢ ᠲᠣᠬᠢᠷᠠᠭᠤᠯᠵᠤ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠨᠡᠮᠡᠨ ᠲᠣᠮᠢᠯᠠᠵᠤ ᠰᠢᠷᠬᠠᠲᠤᠭᠰᠠᠳ ᠢ ᠠᠪᠤᠷᠠᠨ ᠵᠠᠰᠠᠬᠤ ᠠᠵᠢᠯ ᠢ ᠴᠢᠩᠭᠠᠳᠬᠠᠵᠤ᠂ ᠰᠦᠷᠳᠡᠭᠦᠯᠦᠯ ᠳᠤ ᠤᠴᠠᠷᠠᠭᠰᠠᠨ ᠤᠯᠠᠨ ᠲᠦᠮᠡᠨ ᠢ ᠰᠢᠯᠵᠢᠭᠦᠯᠦᠨ ᠲᠥᠪᠬᠢᠨᠡᠭᠦᠯᠬᠦ ᠠᠵᠢᠯ ᠢ ᠵᠣᠬᠢᠴᠠᠭᠤᠯᠤᠨ ᠶᠠᠪᠤᠭᠳᠠᠭᠤᠯᠤᠨ᠎ᠠ︔ ⑷ᠮᠡᠳᠡᠭᠡ ᠬᠤᠯᠪᠣᠭ᠎ᠠ᠂ ᠴᠠᠬᠢᠯᠭᠠᠨ ᠬᠦᠴᠦ᠂ ᠵᠠᠮ ᠬᠠᠷᠢᠯᠴᠠᠭ᠎ᠠ ᠵᠡᠷᠭᠡ ᠰᠠᠭᠤᠷᠢ ᠲᠥᠬᠦᠭᠡᠷᠦᠮᠵᠢ ᠶᠢ ᠵᠠᠪᠳᠤᠨ ᠵᠠᠰᠠᠬᠤ ᠠᠵᠢᠯ ᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠮᠡᠳᠡᠭᠡ ᠬᠤᠯᠪᠣᠭ᠎ᠠ᠂ ᠴᠠᠬᠢᠯᠭᠠᠨ ᠬᠦᠴᠦ ᠵᠢᠴᠢ ᠠᠪᠤᠷᠠᠨ ᠲᠤᠰᠠᠯᠠᠬᠤ ᠠᠵᠢᠯᠲᠠᠨ ᠪᠠ ᠡᠳ᠋ ᠪᠣᠳᠠᠰ ᠤᠨ ᠵᠠᠮ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ︔ ⑸ᠴᠢᠬᠤᠯᠠ ᠬᠠᠷᠠᠯᠲᠠ ᠪᠣᠳᠠᠰ ᠪᠠ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ︔ ⑹ ᠴᠠᠭ ᠠᠭᠤᠷ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠠᠭ ᠠᠭᠤᠷ ᠤᠨ ᠨᠥᠬᠦᠴᠡᠯ ᠢ ᠴᠢᠩᠭ᠎ᠠ ᠠᠳᠬᠤᠵᠤ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠵᠣᠬᠢᠶᠠᠨ ᠪᠠᠶᠢᠭᠤᠯᠵᠤ ᠬᠢᠨ᠎ᠡ︔ ⑺ᠰᠣᠨᠢᠨ ᠮᠡᠳᠡᠭᠡ ᠨᠡᠶᠢᠲᠡᠯᠡᠬᠦ ᠪᠠ ᠵᠠᠭᠤᠴᠢᠯᠠᠭᠤᠷ ᠤᠨ ᠰᠣᠷᠪᠤᠯᠵᠢᠯᠠᠭ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠰᠣᠨᠢᠨ ᠮᠡᠳᠡᠭᠡ ᠨᠡᠶᠢᠲᠡᠯᠡᠬᠦ ᠬᠤᠷᠠᠯ ᠢ ᠴᠠᠭ ᠲᠤᠬᠠᠢ ᠳᠤᠨᠢ᠂ ᠲᠣᠭᠲᠠᠭᠰᠠᠨ ᠴᠠᠭ ᠲᠤ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠵᠠᠭᠤᠴᠢᠯᠠᠭᠤᠷ ᠢ ᠵᠣᠬᠢᠴᠠᠭᠤᠯᠤᠨ ᠵᠢᠯᠤᠭᠤᠳᠴᠤ ᠪᠠᠶᠢᠭᠠᠳ ᠮᠡᠳᠡᠭᠡᠯᠡᠯ ᠢ ᠰᠠᠶᠢᠲᠤᠷ ᠬᠢᠯᠭᠡᠵᠦ᠂ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠠᠵᠢᠯ ᠢ ᠴᠢᠩᠭᠠᠳᠬᠠᠨ᠎ᠠ︔ ⑻ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠵᠤ ᠠᠶᠤᠯ ᠠᠴᠠ ᠠᠪᠤᠷᠠᠬᠤ ᠪᠤᠰᠤᠳ ᠴᠢᠬᠤᠯᠠ ᠶᠡᠭᠡ ᠵᠦᠢᠯᠡᠰ ᠢ ᠲᠣᠭᠲᠠᠭᠠᠨ᠎ᠠ᠃ 6.3.5 ᠡᠬᠢᠯᠡᠭᠦᠯᠬᠦ ᠨᠥᠬᠦᠴᠡᠯ ᠤᠨ ᠲᠣᠬᠢᠷᠠᠭᠤᠯᠤᠯᠲᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠦᠭᠰᠡᠨ ᠭᠠᠵᠠᠷ ᠣᠷᠣᠨ᠂ ᠴᠠᠭ ᠬᠤᠭᠤᠴᠠᠭᠠᠨ ᠤ ᠰᠡᠷᠭᠡᠭ ᠬᠡᠮᠵᠢᠶ᠎ᠡ᠂ ᠬᠤᠬᠢᠷᠠᠯ ᠠᠮᠰᠠᠭᠰᠠᠨ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠤᠬᠢᠷᠠᠯ ᠤᠨ ᠬᠡᠮᠵᠢᠶ᠎ᠡ᠂ ᠠᠵᠤ ᠠᠬᠤᠢ᠂ ᠨᠡᠶᠢᠭᠡᠮ ᠤᠨ ᠨᠥᠯᠥᠭᠡᠯᠡᠯ ᠤᠨ ᠬᠡᠮᠵᠢᠶ᠎ᠡ ᠶᠢ ᠦᠨᠳᠦᠰᠦᠯᠡᠨ᠂ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠪᠠᠷᠢᠮᠵᠢᠶ᠎ᠠ ᠶᠢ ᠪᠠᠶᠢᠳᠠᠯ ᠢ ᠦᠵᠡᠵᠦ ᠲᠣᠬᠢᠷᠠᠭᠤᠯᠤᠯᠲᠠ ᠬᠢᠨ᠎ᠡ᠃ 6.3.6 ᠳᠠᠭᠠᠬᠤ ᠶᠢ ᠵᠣᠭᠰᠤᠭᠠᠬᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠳᠠᠭᠤᠰᠤᠭᠰᠠᠨ ᠤ ᠳᠠᠷᠠᠭ᠎ᠠ᠂ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠤᠨ ᠠᠯᠪᠠᠨ ᠭᠡᠷ ᠠᠴᠠ ᠰᠠᠨᠠᠭᠤᠯᠭ᠎ᠠ ᠳᠤᠷᠠᠳᠴᠤ᠂ ᠳᠠᠭᠠᠵᠤ ᠬᠢᠬᠦ ᠶᠢ ᠡᠬᠢᠯᠡᠭᠦᠯᠬᠦ ᠵᠣᠬᠢᠬᠤ ᠡᠷᠬᠡ ᠮᠡᠳᠡᠯ ᠤᠨ ᠬᠡᠪᠴᠢᠶ᠎ᠡ ᠶᠣᠰᠣᠭᠠᠷ ᠳᠠᠭᠠᠵᠤ ᠬᠢᠬᠦ ᠪᠠᠨ ᠵᠣᠭᠰᠤᠭᠠᠬᠤ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠳᠡᠬᠦ ᠬᠡᠷᠡᠭᠲᠡᠢ᠃ 7 ᠶᠡᠷᠦᠩᠬᠡᠢ ᠪᠠᠲᠤᠯᠠᠭ᠎ᠠ 7.1 ᠬᠦᠷᠭᠡᠯᠲᠡ ᠶᠢᠨ ᠪᠠᠲᠤᠯᠠᠭ᠎ᠠ ᠵᠠᠰᠠᠮᠠᠯ ᠵᠠᠮ ᠤᠨ ᠲᠡᠭᠡᠭᠡᠪᠦᠷᠢᠯᠡᠬᠦ ᠠᠷᠭ᠎ᠠ ᠮᠠᠶ᠋ᠢᠭ ᠢᠶᠠᠷ ᠭᠤᠣᠯ ᠪᠣᠯᠭᠠᠬᠤ ᠳᠤ᠂ ᠭᠠᠯ ᠤᠨᠲᠠᠷᠠᠭᠠᠬᠤ ᠴᠡᠷᠢᠭ ᠤᠨ ᠲᠤᠰᠠᠯᠠᠬᠤ ᠬᠦᠴᠦᠨ ᠬᠢᠭᠡᠳ ᠠᠪᠴᠤ ᠶᠠᠪᠤᠬᠤ ᠲᠤᠨᠤᠭ ᠲᠥᠬᠦᠭᠡᠷᠦᠮᠵᠢ ᠶᠢᠨ ᠲᠡᠭᠡᠭᠡᠪᠦᠷᠢ ᠶᠢ ᠲᠤᠰᠠᠯᠠᠬᠤ ᠨᠢᠭᠡᠴᠡ ᠥᠪᠡᠷ ᠲᠡᠭᠡᠨ ᠰᠢᠢᠳᠪᠦᠷᠢᠯᠡᠨ᠎ᠡ᠂ ᠣᠨᠴᠣᠭᠤᠢ ᠪᠠᠶᠢᠳᠠᠯ ᠳᠤ ᠬᠤᠳᠠ ᠶᠢᠨ ᠵᠠᠰᠠᠭ ᠤᠨ ᠣᠷᠳᠣᠨ ᠠᠴᠠ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢ ᠲᠣᠬᠢᠷᠠᠭᠤᠯᠤᠨ ᠲᠡᠷᠭᠡ ᠬᠥᠰᠬᠡ ᠶᠢ ᠨᠠᠶᠢᠳᠠᠪᠤᠷᠢᠵᠢᠭᠤᠯᠤᠨ ᠪᠠᠲᠤᠯᠠᠬᠤ ᠬᠡᠷᠡᠭᠲᠡᠢ᠃ ᠮᠣᠲ᠋ᠤᠷ ᠢᠶᠠᠷ ᠬᠦᠷᠭᠡᠬᠦ ᠠᠷᠭ᠎ᠠ ᠮᠠᠶ᠋ᠢᠭ ᠢᠶᠠᠷ ᠭᠤᠣᠯ ᠪᠣᠯᠭᠠᠬᠤ ᠳᠤ᠂ ᠰᠢᠯᠢ ᠶᠢᠨ ᠬᠤᠲᠠ ᠠᠴᠠ ᠮᠣᠲ᠋ᠣᠷᠴᠢᠯᠠᠭᠰᠠᠨ ᠤᠷᠤᠭᠰᠢᠯᠠᠬᠤ ᠵᠠᠮ ᠱᠤᠭᠤᠮ ᠢ ᠬᠠᠷᠢᠭᠤᠴᠠᠨ ᠲᠣᠬᠢᠷᠠᠭᠤᠯᠵᠤ᠂ ᠲᠤᠬᠠᠢ ᠶᠢᠨ ᠭᠠᠵᠠᠷ ᠤᠨ ᠵᠠᠮᠴᠢ ᠶᠢ ᠵᠢᠭᠠᠨ ᠵᠢᠯᠣᠭᠤᠳᠤᠨ᠎ᠠ᠃ ᠶᠠᠪᠠᠭᠠᠨ ᠢᠶᠠᠷ ᠬᠦᠷᠭᠡᠬᠦ ᠠᠷᠭ᠎ᠠ ᠪᠠᠷ ᠭᠤᠣᠯ ᠪᠣᠯᠭᠠᠬᠤ ᠳᠤ᠂ ᠰᠢᠯᠢ ᠶᠢᠨ ᠬᠤᠲᠠ ᠠᠴᠠ ᠲᠤᠬᠠᠢ ᠶᠢᠨ ᠭᠠᠵᠠᠷ ᠤᠨ ᠵᠠᠮᠴᠢ ᠶᠢ ᠬᠠᠷᠢᠭᠤᠴᠠᠨ ᠲᠣᠮᠢᠯᠠᠵᠤ᠂ ᠠᠪᠴᠤ ᠶᠠᠪᠤᠬᠤ ᠵᠡᠪᠰᠡᠭ ᠲᠣᠨᠣᠭᠯᠠᠯ ᠢ ᠲᠡᠭᠡᠭᠡᠪᠦᠷᠢᠯᠡᠬᠦ ᠳᠡᠭᠡᠨ ᠭᠠᠯ ᠤᠨᠲᠠᠷᠠᠭᠠᠬᠤ ᠴᠡᠷᠢᠭ ᠤᠨ ᠲᠤᠰᠠᠯᠠᠬᠤ ᠬᠦᠴᠦᠨ ᠥᠪᠡᠷ ᠢᠶᠠᠨ ᠠᠪᠴᠤ ᠶᠠᠪᠤᠬᠤ ᠳᠤ ᠭᠤᠣᠯ ᠪᠣᠯᠭᠠᠨ᠎ᠠ᠃ 7.2 ᠡᠳ᠋ ᠪᠣᠳᠠᠰ ᠤᠨ ᠪᠠᠲᠤᠯᠠᠭ᠎ᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠳ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠵᠣᠬᠢᠬᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠳ᠋ ᠪᠠᠷᠠᠭ᠎ᠠ ᠶᠢᠨ ᠨᠥᠭᠡᠴᠡᠯᠡᠬᠦ ᠬᠥᠮᠥᠷᠭᠡ ᠶᠢ ᠪᠠᠶᠢᠭᠤᠯᠵᠤ᠂ ᠬᠡᠷᠡᠭᠴᠡᠭᠡ ᠪᠦᠬᠦᠢ ᠭᠠᠯ ᠤᠨᠲᠠᠷᠠᠭᠠᠬᠤ ᠮᠠᠰᠢᠨ ᠪᠠᠭᠠᠵᠢ᠂ ᠲᠣᠨᠤᠭ ᠲᠥᠬᠦᠭᠡᠷᠦᠮᠵᠢ ᠪᠠ ᠡᠳ᠋ ᠪᠠᠷᠠᠭ᠎ᠠ ᠶᠢ ᠨᠥᠭᠡᠴᠡᠯᠡᠬᠦ ᠬᠡᠷᠡᠭᠲᠡᠢ᠃ ᠨᠡᠯᠢᠶᠡᠳ ᠶᠡᠭᠡ ᠠᠴᠠ ᠳᠡᠭᠡᠭᠰᠢᠬᠢ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠪᠠᠯ᠂ ᠳᠡᠭᠡᠳᠦ ᠱᠠᠲᠤᠨ ᠤ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠳᠤ ᠮᠡᠳᠡᠭᠦᠯᠵᠦ ᠴᠢᠬᠤᠯᠠ ᠪᠦᠬᠦᠢ ᠡᠳ᠋ ᠪᠣᠳᠠᠰ ᠤᠨ ᠲᠤᠰᠠᠯᠠᠮᠵᠢ ᠦᠵᠡᠭᠦᠯᠬᠦ ᠬᠡᠷᠡᠭᠲᠡᠢ᠃ 7.3 ᠪᠡᠯᠡ ᠮᠥᠩᠭᠦᠨ ᠤ ᠪᠠᠲᠤᠯᠠᠭ᠎ᠠ ᠰᠢᠯᠢ ᠶᠢᠨ ᠬᠤᠲᠠ ᠶᠢᠨ ᠵᠠᠰᠠᠭ ᠤᠨ ᠣᠷᠳᠣᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠣᠰ ᠱᠠᠲᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠡᠭᠡᠨ ᠣᠷᠣᠭᠤᠯᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ 7.4 ᠮᠡᠳᠡᠭᠡ ᠬᠤᠯᠪᠣᠭᠠᠨ ᠤ ᠪᠠᠲᠤᠯᠠᠭ᠎ᠠ ᠣᠶ ᠰᠢᠭᠤᠢ ᠶᠢᠨ ᠰᠡᠷᠭᠡᠶᠢᠯᠡᠯᠲᠡ ᠭᠡᠳᠡᠭ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠭᠠᠯ ᠤᠨᠲᠠᠷᠠᠭᠠᠬᠤ ᠬᠡᠷᠡᠭᠴᠡᠭᠡ ᠯᠦᠭᠡ ᠲᠣᠬᠢᠷᠠᠯᠴᠠᠭᠰᠠᠨ ᠴᠢᠮᠡᠭᠡ ᠬᠤᠯᠪᠣᠭᠠᠨ ᠤ ᠲᠥᠬᠦᠭᠡᠷᠦᠮᠵᠢ ᠪᠣᠯᠣᠨ ᠴᠢᠮᠡᠭᠡ ᠬᠤᠯᠪᠣᠭᠠᠨ ᠤ ᠵᠢᠯᠤᠭᠤᠳᠬᠤ ᠲᠡᠷᠭᠡ ᠶᠢ ᠲᠣᠬᠢᠷᠠᠭᠤᠯᠬᠤ ᠶᠢ ᠵᠢᠭᠠᠵᠤ ᠪᠣᠶ᠃ ᠰᠢᠯᠵᠢᠮᠡᠯ ᠮᠡᠳᠡᠭᠡ ᠬᠤᠯᠪᠣᠭᠠᠨ ᠤ ᠺᠣᠮᠫᠠᠨᠢ᠂ ᠬᠠᠮᠲᠤᠷᠠᠭᠰᠠᠨ ᠮᠡᠳᠡᠭᠡ ᠬᠤᠯᠪᠣᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ ᠵᠡᠷᠭᠡ ᠮᠡᠳᠡᠭᠡ ᠬᠤᠯᠪᠣᠭᠠᠨ ᠤ ᠰᠠᠯᠠᠭ᠎ᠠ ᠮᠥᠴᠢᠷ ᠤᠳ ᠭᠠᠯ ᠭᠠᠷᠤᠭᠰᠠᠨ ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠮᠡᠳᠡᠭᠡ ᠬᠤᠯᠪᠣᠭᠠᠨ ᠤ ᠰᠢᠰᠲ᠋ᠧᠮ ᠢ ᠢᠳᠡᠪᠬᠢᠲᠡᠢ ᠪᠠᠷ ᠪᠠᠶᠢᠭᠤᠯᠵᠤ᠂ ᠮᠡᠳᠡᠭᠡ ᠬᠤᠯᠪᠣᠭᠠᠨ ᠤ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ 7.5 ᠡᠮ ᠡᠮᠨᠡᠯᠭᠡ ᠶᠢᠨ ᠪᠠᠲᠤᠯᠠᠭ᠎ᠠ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠭᠡᠳ ᠡᠷᠡᠭᠦᠯ ᠬᠠᠮᠠᠭᠠᠯᠠᠯ᠂ ᠠᠷᠠᠳ ᠤᠨ ᠶᠠᠪᠤᠳᠠᠯ᠂ ᠡᠮᠴᠢᠯᠡᠭᠡᠨ ᠤ ᠪᠠᠶᠢᠭᠤᠯᠤᠮᠵᠢ ᠵᠡᠷᠭᠡ ᠰᠠᠯᠠᠭ᠎ᠠ ᠮᠥᠴᠢᠷ ᠤᠨ ᠬᠤᠭᠤᠷᠣᠨᠳᠣᠬᠢ ᠬᠤᠯᠪᠤᠭᠠᠯᠠᠨ ᠬᠥᠳᠡᠯᠦᠯᠴᠡᠬᠦ ᠪᠠᠲᠤᠯᠠᠭ᠎ᠠ ᠶᠢᠨ ᠲᠣᠭᠲᠠᠴᠠ ᠶᠢ ᠢᠳᠡᠪᠬᠢᠲᠡᠢ ᠪᠠᠶᠢᠭᠤᠯᠵᠤ᠂ ᠵᠣᠬᠢᠬᠤ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠨᠥᠭᠡᠴᠡᠯᠡᠵᠦ᠂ ᠰᠢᠷᠬᠠᠲᠤᠭᠰᠠᠳ ᠢ ᠴᠠᠭ ᠲᠤᠬᠠᠢ ᠳᠤᠨᠢ ᠣᠶᠢᠷ᠎ᠠ ᠬᠠᠪᠢ ᠳᠤᠨᠢ ᠠᠪᠤᠷᠠᠨ ᠵᠠᠰᠠᠬᠤ ᠶᠢ ᠦᠨᠡᠨᠬᠦ ᠪᠠᠲᠤᠯᠠᠬᠤ ᠬᠡᠷᠡᠭᠲᠡᠢ᠃ 8 ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ 8.1 ᠭᠠᠯ ᠤᠨ ᠠᠶᠤᠯ ᠢ ᠦᠨᠡᠯᠡᠨ ᠵᠢᠱᠢᠬᠦ ᠵᠠᠰᠠᠭ ᠤᠨ ᠣᠷᠳᠣᠨ ᠠᠴᠠ ᠭᠠᠯ ᠤᠨ ᠭᠠᠮᠰᠢᠭ ᠤᠨ ᠲᠠᠰ ᠢ ᠬᠤᠪᠢᠶᠠᠷᠢᠯᠠᠬᠤ ᠪᠠᠷᠢᠮᠵᠢᠶ᠎ᠠ ᠶᠢ ᠦᠨᠳᠦᠰᠦᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠦᠭᠰᠡᠨ ᠰᠢᠯᠲᠠᠭᠠᠨ᠂ ᠬᠡᠷᠡᠭ ᠭᠠᠷᠭᠠᠭᠴᠢ ᠵᠢᠴᠢ ᠬᠤᠬᠢᠷᠠᠯ ᠠᠮᠰᠠᠭᠰᠠᠨ ᠣᠶ ᠰᠢᠭᠤᠢ ᠨᠤᠲᠤᠭ ᠪᠡᠯᠴᠢᠭᠡᠷ ᠤᠨ ᠲᠠᠯᠠᠪᠠᠶ ᠪᠠ ᠬᠠᠳᠠᠭᠠᠯᠠᠭᠳᠠᠴᠠ ᠶᠢᠨ ᠬᠡᠮᠵᠢᠶ᠎ᠡ᠂ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠪᠤᠰᠤᠳ ᠠᠵᠤ ᠠᠬᠤᠢ ᠶᠢᠨ ᠬᠤᠬᠢᠷᠠᠯ ᠵᠡᠷᠭᠡ ᠪᠠᠶᠢᠳᠠᠯ ᠳᠤ ᠪᠠᠶᠢᠴᠠᠭᠠᠯᠲᠠ ᠪᠠ ᠦᠨᠡᠯᠡᠯᠲᠡ ᠬᠢᠨ᠎ᠡ᠃ 8.2 ᠭᠠᠯ ᠭᠠᠷᠤᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠦᠭᠰᠡᠨ ᠰᠢᠯᠲᠠᠭᠠᠨ ᠳᠤ ᠴᠠᠭ ᠲᠤᠬᠠᠢ ᠳᠤᠨᠢ ᠭᠡᠷᠡᠴᠢ ᠠᠪᠴᠤ᠂ ᠭᠦᠨᠵᠡᠭᠡᠢ ᠪᠠᠶᠢᠴᠠᠭᠠᠯᠲᠠ ᠬᠢᠵᠦ᠂ ᠭᠠᠯ ᠳᠤ ᠬᠤᠯᠪᠣᠭᠳᠠᠭᠰᠠᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠭᠠᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠭᠠᠯ ᠤᠨ ᠭᠠᠮᠰᠢᠭ ᠤᠨ ᠬᠡᠷᠡᠭ ᠭᠠᠷᠭᠠᠭᠰᠠᠳ ᠢ ᠴᠢᠩᠭ᠎ᠠ ᠰᠢᠳᠬᠡᠬᠦ ᠬᠡᠷᠡᠭᠲᠡᠢ᠃ 8.3 ᠬᠠᠷᠢᠭᠤᠴᠠᠯᠭ᠎ᠠ ᠨᠡᠬᠡᠮᠵᠢᠯᠡᠬᠦ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠢ ᠬᠦᠴᠦᠲᠡᠢ ᠬᠢᠭᠰᠡᠨ ᠦᠭᠡᠢ ᠠᠴᠠ ᠪᠣᠯᠵᠤ᠂ ᠵᠣᠷᠢᠭᠤᠳᠠ ᠭᠠᠯ ᠤᠨ ᠠᠶᠤᠯ ᠣᠯᠠᠨ ᠭᠠᠷᠴᠤ ᠪᠠᠶᠢᠨ ᠳᠠᠬᠢᠨ ᠭᠠᠷᠴᠤ ᠪᠠᠶᠢᠭ᠎ᠠ ᠭᠠᠵᠠᠷ ᠣᠷᠣᠨ ᠳᠤ᠂ ᠬᠤᠲᠠ ᠶᠢᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠴᠠᠭ ᠲᠤᠬᠠᠢ ᠎ ᠳᠤᠨᠢ ᠰᠤᠮᠤ ᠪᠠᠯᠭᠠᠰᠤ ᠲᠠᠯᠠᠪᠠᠶ᠂ ᠬᠡᠷᠡᠭ ᠡᠷᠬᠢᠯᠡᠬᠦ ᠭᠠᠵᠠᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠲᠠᠢ ᠪᠣᠯᠵᠣᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠬᠦ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠤᠨ ᠳᠤᠮᠳᠠᠬᠢ ᠬᠠᠷᠢᠭᠤᠴᠠᠯᠭ᠎ᠠ ᠶᠢ ᠥᠯᠥ ᠨᠠᠶᠢᠳᠠᠪᠤᠷᠢᠵᠢᠭᠤᠯᠬᠤ᠂ ᠳᠠᠯᠳᠠ ᠬᠡᠮ ᠢ ᠣᠯᠵᠤ ᠮᠡᠳᠡᠪᠡᠯ ᠥᠯᠥ ᠴᠡᠭᠴᠡᠯᠡᠨ ᠰᠠᠶᠢᠵᠢᠷᠠᠭᠤᠯᠬᠤ᠂ ᠠᠳᠡᠯ ᠭᠠᠷᠪᠠᠯ ᠥᠯᠥ ᠮᠡᠳᠡᠭᠦᠯᠬᠦ᠂ ᠰᠠᠶᠢᠲᠤᠷ ᠰᠢᠢᠳᠪᠦᠷᠢᠯᠡᠭᠰᠡᠨ ᠦᠭᠡᠢ ᠵᠡᠷᠭᠡ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠦᠶᠯᠡ ᠠᠵᠢᠯᠯᠠᠭ᠎ᠠ ᠳᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠡᠵᠡᠩᠨᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ ᠭᠠᠯ ᠤᠨ ᠢᠷᠡᠯᠲᠡ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠵᠣᠬᠢᠶᠠᠨ ᠪᠠᠶᠢᠭᠤᠯᠵᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃ 8.4 ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠰᠢᠢᠳᠪᠦᠷᠢᠯᠡᠬᠦ ᠡ᠊ᠨᠳᠡᠭᠰᠡᠳ ᠤᠨ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠡ᠊ᠨᠳᠡᠭᠰᠡᠳ ᠤᠨ ᠭᠡᠷ ᠪᠦᠯᠢ ᠶᠢᠨ ᠬᠢᠨ ᠢ ᠲᠣᠬᠤᠨᠢᠭᠤᠯᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠠᠴᠠ ᠠᠪᠤᠷᠠᠭᠰᠠᠨ ᠠᠴᠠ ᠪᠣᠯᠵᠤ ᠰᠢᠷᠬᠠᠲᠤᠭᠰᠠᠨ᠂ ᠵᠡᠮᠳᠡᠭ ᠪᠣᠯᠤᠭᠰᠠᠨ ᠪᠤᠶᠤ ᠦᠬᠦᠭᠰᠡᠨ ᠬᠥᠮᠥᠰ ᠲᠤ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠮᠴᠢᠯᠡᠭᠡ᠂ ᠠᠰᠠᠷᠠᠮᠵᠢ᠂ ᠰᠠᠶᠢᠰᠢᠶᠠᠯ ᠣᠯᠭᠤᠨ᠎ᠠ᠃ 8.5 ᠰᠠᠶᠢᠰᠢᠶᠠᠨ ᠬᠥᠬᠢᠭᠦᠯᠬᠦ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠭᠠᠯ ᠤᠨᠲᠠᠷᠠᠭᠠᠬᠤ ᠠᠵᠢᠯ ᠤᠨ ᠳᠤᠮᠳᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠪᠣᠯᠣᠨ ᠬᠤᠪᠢ ᠬᠥᠮᠥᠨ ᠢ ᠬᠥᠬᠢᠭᠦᠯᠦᠨ ᠱᠠᠩᠨᠠᠬᠤ ᠬᠡᠷᠡᠭᠲᠡᠢ᠃ ᠭᠠᠯ ᠤᠨᠲᠠᠷᠠᠭᠠᠬᠤ ᠠᠵᠢᠯ ᠤᠨ ᠳᠤᠮᠳᠠ ᠪᠡᠶ᠎ᠡ ᠦᠷᠡᠭᠳᠡᠭᠰᠡᠨ ᠬᠥᠮᠥᠰ ᠦᠷᠡᠭᠳᠡᠭᠰᠡᠨ ᠪᠠᠭᠠᠲᠤᠷ ᠢ ᠦᠨᠡᠯᠡᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃ 8.6 ᠠᠵᠢᠯ ᠤᠨ ᠳ᠋ᠦᠩᠨᠡᠯᠲᠡ ᠣᠶ ᠰᠢᠭᠤᠢ ᠶᠢᠨ ᠰᠡᠷᠭᠡᠶᠢᠯᠡᠯᠲᠡ ᠭᠡᠳᠡᠭ ᠨᠢ ᠭᠠᠯ ᠤᠨ ᠠᠶᠤᠯ ᠭᠠᠷᠤᠭᠰᠠᠨ ᠰᠢᠯᠲᠠᠭᠠᠨ ᠪᠣᠯᠣᠨ ᠰᠢᠩᠭᠡᠬᠡᠨ ᠠᠪᠤᠪᠠᠰᠤ ᠵᠣᠬᠢᠬᠤ ᠲᠤᠷᠰᠢᠯᠭ᠎ᠠ ᠰᠤᠷᠭᠠᠮᠵᠢ ᠪᠠᠨ ᠴᠠᠭ ᠲᠤᠬᠠᠢ ᠳᠤᠨᠢ ᠳ᠋ᠦᠩᠨᠡᠨ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠬᠤ ᠶᠢ ᠵᠢᠭᠠᠵᠤ ᠪᠣᠶ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠠᠴᠠ ᠴᠢᠬᠤᠯᠠ ᠵᠢᠭᠠᠪᠤᠷᠢ ᠪᠠᠷ ᠴᠣᠬᠤᠯᠠᠪᠤᠷᠢᠯᠠᠭᠰᠠᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠪᠣᠯᠣᠨ ᠬᠦᠨᠳᠦ ᠶᠡᠭᠡ ᠠᠴᠠ ᠳᠡᠭᠡᠭᠰᠢᠬᠢ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠳᠠᠭᠤᠰᠤᠭᠰᠠᠨ ᠤ ᠲᠠᠷᠠᠭ᠎ᠠ᠂ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠵᠠᠬᠢᠷᠭᠠᠨ ᠤ ᠭᠠᠯ ᠤᠨ ᠠᠶᠤᠯ ᠢ ᠤᠨᠲᠠᠷᠠᠭᠠᠵᠤ ᠠᠪᠤᠷᠠᠨ ᠲᠤᠰᠠᠯᠠᠭᠰᠠᠨ ᠠᠵᠢᠯ ᠤᠨ ᠳ᠋ᠦᠩᠨᠡᠯᠲᠡ ᠪᠠᠨ ᠮᠡᠳᠡᠭᠦᠯᠦᠨ ᠬᠦᠷᠭᠡᠬᠦ ᠶᠢᠨ ᠬᠠᠮᠲᠤ ᠠᠶᠢᠮᠠᠭ ᠤᠨ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠲᠤ` ᠬᠠᠭᠤᠯᠤᠨ ᠬᠦᠷᠭᠡᠬᠦ ᠬᠡᠷᠡᠭᠲᠡᠢ᠃ 9 ᠳᠠᠭᠠᠯᠳᠤᠭᠤᠯᠤᠭᠰᠠᠨ ᠳᠦᠷᠢᠮ ︵ᠪᠡᠯᠡᠳᠬᠡᠯ ᠲᠥᠰᠥᠯ ᠤᠨ ᠬᠠᠮᠢᠶᠠᠷᠤᠯᠲᠠ︶ 9.1 ᠪᠡᠯᠡᠳᠬᠡᠯ ᠲᠥᠰᠥᠯ ᠤᠨ ᠰᠣᠷᠢᠯᠲᠠ ᠣᠶ ᠰᠢᠭᠤᠢ ᠶᠢᠨ ᠰᠡᠷᠭᠡᠶᠢᠯᠡᠯᠲᠡ ᠶᠢᠨ ᠭᠡᠳᠡᠭ ᠨᠢ ᠠᠯᠪᠠᠨ ᠭᠡᠷ ᠠᠴᠠ ᠪᠦᠷᠢᠯᠳᠦᠭᠦᠨ ᠨᠢᠭᠡᠴᠡ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠲᠥᠯᠥᠪᠯᠡᠭᠡ ᠲᠣᠭᠲᠠᠭᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠰᠣᠷᠢᠯᠲᠠ ᠬᠢᠨ᠎ᠡ᠃9.2 ᠪᠡᠯᠡᠳᠬᠡᠯ ᠲᠥᠰᠥᠯ ᠢ ᠬᠠᠮᠢᠶᠠᠷᠬᠤ ᠪᠠ ᠰᠢᠨᠡᠳᠬᠡᠬᠦ ᠪᠡᠯᠡᠳᠬᠡᠯ ᠲᠥᠰᠥᠯ ᠢ ᠬᠡᠷᠡᠭᠵᠢᠭᠦᠯᠦᠭᠰᠡᠨ ᠤ ᠲᠠᠷᠠᠭ᠎ᠠ᠂ ᠤᠢ ᠰᠢᠭᠤᠢ ᠶᠢᠨ ᠰᠡᠷᠭᠡᠶᠢᠯᠡᠯᠲᠡ ᠭᠡᠳᠡᠭ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠡᠯᠡᠳᠬᠡᠯ ᠲᠥᠰᠥᠯ ᠤᠨ ᠰᠤᠷᠤᠯᠴᠠᠯᠭ᠎ᠠ᠂ ᠤᠬᠠᠭᠤᠯᠭ᠎ᠠ ᠪᠠ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ ᠶᠢᠨ ᠬᠠᠮᠲᠤ ᠪᠣᠳᠠᠲᠤ ᠪᠠᠶᠢᠳᠠᠯ ᠢ ᠦᠨᠳᠦᠰᠦᠯᠡᠨ ᠴᠠᠭ ᠳᠤᠨᠢ ᠲᠣᠬᠢᠷᠠᠭᠤᠯᠤᠨ ᠵᠣᠬᠢᠶᠠᠨ ᠪᠠᠶᠢᠭᠤᠯᠤᠨ ᠦᠨᠡᠯᠡᠨ ᠵᠢᠱᠢᠬᠦ ᠪᠠ ᠵᠠᠰᠠᠪᠤᠷᠢ ᠣᠷᠣᠭᠤᠯᠬᠤ ᠶᠢ ᠵᠢᠭᠠᠵᠤ ᠪᠤᠢ᠃ ᠰᠤᠮᠤ ᠪᠠᠯᠭᠠᠰᠤ ᠲᠠᠯᠠᠪᠤᠷ᠂ ᠬᠡᠷᠡᠭ ᠡᠷᠬᠢᠯᠡᠬᠦ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠲᠤᠬᠠᠢ ᠶᠢᠨ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠶᠢ ᠲᠣᠭᠲᠠᠭᠠᠵᠤ᠂ ᠳᠡᠭᠡᠳᠦ ᠳᠣᠣᠷᠠᠳᠤ ᠱᠠᠲᠤ ᠶᠢ ᠵᠣᠯᠭᠠᠭᠤᠯᠤᠭᠰᠠᠨ᠂ ᠬᠥᠨᠳᠡᠯᠡᠨ ᠢᠶᠠᠷ ᠬᠠᠮᠵᠢᠯᠴᠠᠭᠰᠠᠨ ᠪᠡᠯᠡᠳᠬᠡᠯ ᠲᠥᠰᠥᠯ ᠤᠨ ᠰᠢᠰᠲ᠋ᠧᠮ ᠢ ᠪᠦᠷᠢᠯᠳᠦᠭᠦᠯᠦᠨ᠎ᠡ᠃ 9.3  ᠡᠭᠦᠨ ᠠᠴᠠ ᠳᠡᠬᠡᠷᠡᠬᠢ᠂ ᠳᠣᠲᠤᠷᠠᠬᠢ᠂ ᠲᠡᠭᠦᠨ ᠠᠴᠠ ᠳᠣᠭᠤᠭᠰᠢᠬᠢ ᠶᠢᠨ ᠤᠳᠬ᠎ᠠ ᠠᠭᠤᠯᠭ᠎ᠠ ᠲᠤᠰ ᠪᠡᠯᠡᠳᠬᠡᠯ ᠲᠥᠰᠥᠯ ᠳᠤ ᠬᠡᠯᠡᠵᠦ ᠪᠠᠶᠢᠭ᠎ᠠ ︽ᠳᠡᠬᠡᠷᠡᠬᠢ︾ ︽ᠳᠣᠲᠤᠷᠠᠬᠢ︾ ᠭᠡᠳᠡᠭ ᠲᠤ ᠤᠤᠯ ᠲᠤᠭ᠎ᠠ ᠶᠢ ᠪᠠᠭᠲᠠᠭᠠᠨ᠎ᠠ᠂ ︽ᠲᠡᠭᠦᠨ ᠠᠴᠠ ᠳᠣᠭᠤᠭᠰᠢᠬᠢ︾ ᠭᠡᠳᠡᠭ ᠲᠤ ᠤᠤᠯ ᠲᠤᠭ᠎ᠠ ᠶᠢ ᠪᠠᠭᠲᠠᠭᠠᠬᠤ ᠦᠭᠡᠢ᠃ 9.4 ᠪᠡᠯᠡᠳᠬᠡᠯ ᠲᠥᠰᠥᠯ ᠤᠨ ᠲᠠᠶᠢᠯᠪᠤᠷᠢᠯᠠᠯᠲᠠ ᠲᠣᠰ ᠪᠡᠯᠡᠳᠬᠡᠯ ᠲᠥᠰᠥᠯ ᠢ ᠣᠢ ᠰᠢᠭᠤᠢ ᠶᠢᠨ ᠰᠡᠷᠭᠡᠶᠢᠯᠡᠯᠲᠡ ᠶᠢᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ 9.5 ᠪᠡᠯᠡᠳᠬᠡᠯ ᠲᠥᠰᠥᠯ ᠢ ᠬᠡᠷᠡᠭᠵᠢᠭᠦᠯᠦᠭᠰᠡᠨ ᠴᠠᠭ ᠲᠣᠰ ᠪᠡᠯᠡᠳᠬᠡᠯ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 10 ᠳᠠᠭᠠᠯᠳᠤᠭᠤᠯᠤᠯ ᠳᠠᠭᠠᠯᠳᠤᠭᠤᠯᠤᠯ 1 ᠬᠤᠳᠠ ᠶᠢᠨ ᠤᠢ ᠰᠢᠭᠤᠢ ᠶᠢᠨ ᠰᠡᠷᠭᠡᠶᠢᠯᠡᠯᠲᠡ ᠭᠡᠳᠡᠭ ᠪᠣᠯ ᠬᠡᠷᠡᠭᠴᠡᠭᠡ ᠪᠠᠨ ᠦᠨᠳᠦᠰᠦᠯᠡᠨ ᠭᠠᠯ ᠭᠠᠷᠤᠭᠰᠠᠨ ᠭᠠᠵᠠᠷ ᠤᠨ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠢ ᠪᠠᠶᠢᠭᠤᠯᠵᠤ᠂ ᠳᠣᠣᠷ᠎ᠠ ᠨᠢ ᠵᠣᠬᠢᠴᠠᠩᠭᠤᠢ ᠠᠵᠢᠯᠯᠠᠬᠤ ᠳᠤᠭᠤᠶᠢᠯᠠᠩ ᠭᠠᠷᠭᠠᠬᠤ ᠶᠢ ᠬᠡᠯᠡᠵᠦ ᠪᠠᠶᠢᠨ᠎ᠠ᠃ ᠡᠯ᠎ᠡ ᠠᠵᠢᠯᠯᠠᠬᠤ ᠳᠤᠭᠤᠶᠢᠯᠠᠩ ᠤᠨ ᠪᠦᠷᠢᠯᠳᠦᠭᠦᠨ ᠵᠢᠴᠢ ᠡᠭᠦᠷᠭᠡ ᠶᠢᠨ ᠬᠤᠪᠢᠶᠠᠷᠢᠯᠠᠯ ᠨᠢ ᠳᠣᠣᠷᠠᠬᠢ ᠮᠡᠲᠦ᠄ ᠨᠢᠭᠡ᠂ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠤᠢ ᠰᠢᠭᠤᠢ ᠶᠢᠨ ᠰᠡᠷᠭᠡᠶᠢᠯᠡᠯᠲᠡ ᠭᠡᠳᠡᠭ ᠨᠢ ᠠᠯᠪᠠᠨ ᠭᠡᠷ ᠢᠶᠠᠷ ᠲᠦᠷᠦᠭᠦᠯᠡᠭᠦᠯᠦᠨ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠭ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠤᠢ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ ᠪᠠᠷ ᠪᠦᠷᠢᠯᠳᠦᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ᠂ ᠳᠡᠭᠡᠳᠦ ᠱᠠᠲᠤᠨ ᠤ ᠣᠶ ᠰᠢᠭᠤᠢ ᠶᠢᠨ ᠰᠡᠷᠭᠡᠶᠢᠯᠡᠯᠲᠡ ᠶᠢᠨ ᠵᠢᠭᠠᠪᠤᠷᠢ ᠶᠢ ᠤᠯᠠᠮᠵᠢᠯᠠᠨ᠎ᠠ︔ ᠠᠶᠢᠮᠠᠭ ᠤᠨ ᠣᠶ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠪᠤᠷᠢ ᠪᠠᠶᠢᠷᠢᠯᠠᠭᠤᠯᠤᠯᠲᠠ ᠶᠢ ᠤᠯᠠᠮᠵᠢᠯᠠᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠪᠠᠶᠢᠳᠠᠯ ᠪᠣᠯᠣᠨ ᠭᠠᠯ ᠤᠨᠲᠠᠷᠠᠭᠠᠵᠤ ᠠᠪᠤᠷᠠᠬᠤ ᠠᠬᠢᠴᠠ ᠶᠢ ᠨᠢᠭᠲᠠ ᠮᠥᠷᠳᠡᠨ ᠬᠤᠷᠢᠶᠠᠩᠭᠤᠶᠢᠯᠠᠵᠤ᠂ ᠬᠤᠳᠠ ᠶᠢᠨ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠵᠢᠴᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠮᠡᠳᠡᠭᠦᠯᠬᠦ ᠶᠢᠨ ᠬᠠᠮᠲᠤ ᠤᠢ ᠰᠢᠭᠤᠢ ᠶᠢᠨ ᠰᠡᠷᠭᠡᠶᠢᠯᠡᠯᠲᠡ ᠶᠢᠨ ᠭᠠᠵᠠᠷ ᠶᠢᠨ ᠡᠯ᠎ᠡ ᠪᠦᠷᠢᠯᠳᠦᠭᠦᠨ ᠨᠢᠭᠡᠴᠡ ᠳᠤ ᠨᠡᠪᠲᠡᠷᠡᠭᠦᠯᠬᠦ ᠬᠡᠷᠡᠭᠲᠡᠢ᠃ ᠬᠤᠶᠠᠷ᠂ ᠠᠶᠤᠯ ᠠᠴᠠ ᠠᠪᠤᠷᠠᠨ ᠲᠤᠰᠠᠯᠠᠬᠤ ᠳᠤᠭᠤᠶᠢᠯᠠᠩ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠣᠶ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠬᠤᠲᠠ ᠶᠢᠨ ᠵᠠᠰᠠᠭ ᠤᠨ ᠣᠷᠳᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠲᠤᠰᠬᠠᠢ ᠠᠩᠭᠢ ᠵᠡᠷᠭᠡ ᠰᠠᠯᠠᠭ᠎ᠠ ᠮᠥᠴᠢᠷ ᠪᠠ ᠨᠢᠭᠡᠴᠡ ᠪᠠᠷ ᠪᠦᠷᠢᠯᠳᠦᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠭᠠᠯ ᠤᠨ ᠠᠶᠤᠯ ᠭᠠᠷᠤᠭᠰᠠᠨ ᠭᠠᠵᠠᠷ ᠢ ᠵᠢᠯᠤᠭᠤᠳᠴᠤ ᠪᠠᠶᠢᠭᠠᠳ ᠭᠠᠯ ᠤᠨᠲᠠᠷᠠᠭᠠᠬᠤ ᠬᠦᠴᠦᠨ ᠢ ᠲᠣᠬᠢᠷᠠᠭᠤᠯᠬᠤ ᠲᠥᠰᠥᠯ ᠢ ᠲᠣᠭᠲᠠᠭᠠᠨ᠎ᠠ᠃ ᠭᠠᠯ ᠤᠨ ᠲᠠᠯᠠᠪᠠᠢ ᠶᠢᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠴᠠᠭ ᠠᠭᠤᠷ ᠤᠨ ᠪᠣᠳᠠᠲᠤ ᠪᠠᠶᠢᠳᠠᠯ ᠢ ᠬᠠᠩᠭᠠᠵᠤ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠵᠣᠬᠢᠶᠠᠨ ᠪᠠᠶᠢᠭᠤᠯᠵᠤ ᠬᠢᠨ᠎ᠡ︔ ᠤᠢ ᠰᠢᠭᠤᠢ ᠶᠢᠨ ᠭᠠᠯ ᠤᠨᠲᠠᠷᠠᠭᠠᠬᠤ ᠡᠩᠨᠡᠭᠡ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ᠂ ᠣᠷᠣᠨ ᠨᠤᠲᠤᠭ ᠤᠨ ᠭᠠᠯ ᠤᠨᠲᠠᠷᠠᠭᠠᠬᠤ ᠲᠤᠰᠬᠠᠢ ᠡᠩᠨᠡᠭᠡ ᠵᠢᠴᠢ ᠡᠷᠦᠭᠡ ᠶᠢᠨ ᠴᠡᠷᠢᠭ᠂ ᠪᠡᠯᠡᠳᠬᠡᠯ ᠠᠯᠪᠠᠨ ᠤ ᠴᠡᠷᠢᠭ ᠠᠩᠭᠢ ᠵᠡᠷᠭᠡ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠴᠠᠭᠤᠯᠤᠨ᠎ᠠ︔ ᠭᠠᠯ ᠤᠨᠲᠠᠷᠠᠭᠠᠬᠤ ᠲᠣᠨᠣᠭᠯᠠᠯ ᠵᠢᠴᠢ ᠮᠠᠰᠢᠨ ᠪᠠᠭᠠᠵᠢ ᠶᠢ ᠲᠣᠬᠢᠷᠠᠭᠤᠯᠵᠤ ᠂ ᠠᠭᠠᠷ ᠤᠨ ᠠᠶᠠᠯᠠᠯ ᠤᠨ ᠭᠠᠯ ᠤᠨᠲᠠᠷᠠᠭᠠᠬᠤ ᠡᠭᠴᠡ ᠨᠢᠰᠬᠡᠯ ᠢ ᠠᠪᠤᠷᠠᠨ ᠲᠤᠰᠠᠯᠠᠬᠤ ᠳᠤ ᠣᠷᠣᠯᠴᠠᠭᠤᠯᠬᠤ ᠪᠠᠷ ᠭᠤᠶᠤᠴᠢᠯᠠᠨ᠎ᠠ᠃ ᠭᠤᠷᠪᠠ᠂ ᠡᠮᠨᠡᠯᠭᠡ ᠶᠢᠨ ᠠᠪᠤᠷᠠᠨ ᠵᠠᠰᠠᠬᠤ ᠳᠤᠭᠤᠶᠢᠯᠠᠩ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠶᠠᠷ ᠲᠦᠷᠦᠭᠦᠯᠡᠭᠦᠯᠦᠨ᠂ ᠲᠥᠪ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠵᠡᠷᠭᠡ ᠰᠠᠯᠠᠭ᠎ᠠ ᠮᠥᠴᠢᠷ ᠪᠠ ᠨᠢᠭᠡᠴᠡ ᠪᠠᠷ ᠪᠦᠷᠢᠯᠳᠦᠨ᠎ᠡ᠃ ᠭᠤᠣᠯ ᠲᠤᠰᠢᠶᠠᠯ ᠬᠠᠷᠢᠭᠤᠴᠠᠯᠭ᠎ᠠ᠄ ᠭᠠᠮᠰᠢᠭᠳᠠᠭᠰᠠᠨ ᠣᠷᠣᠨ ᠤ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠ ᠡᠷᠡᠭᠦᠯ ᠢ ᠬᠠᠮᠠᠭᠠᠯᠠᠬᠤ ᠬᠢᠵᠢᠭ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ︔ ᠡᠮ ᠡᠮᠨᠡᠯᠭᠡ ᠶᠢᠨ ᠠᠪᠤᠷᠠᠨ ᠲᠤᠰᠠᠯᠠᠬᠤ ᠡᠩᠨᠡᠭᠡ ᠪᠣᠯᠣᠨ ᠡᠮ ᠡᠮᠨᠡᠯᠭᠡ ᠶᠢᠨ ᠪᠠᠭᠠᠵᠢ ᠬᠡᠷᠡᠭᠰᠡᠯ᠂ ᠡᠮ ᠤᠨ ᠵᠦᠢᠯᠡᠰ ᠢᠶᠠᠷ ᠭᠠᠮᠰᠢᠭᠳᠠᠭᠰᠠᠨ ᠣᠷᠣᠨ ᠢ ᠲᠤᠰᠠᠯᠠᠬᠤ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ︔ ᠭᠠᠮᠰᠢᠭᠳᠠᠭᠰᠠᠨ ᠣᠷᠣᠨ ᠤ ᠰᠢᠷᠬᠠᠲᠤᠭᠰᠠᠳ ᠢ ᠰᠢᠯᠵᠢᠭᠦᠯᠦᠨ ᠵᠥᠭᠡᠭᠡᠪᠦᠷᠢᠯᠡᠵᠦ ᠠᠪᠤᠷᠠᠨ ᠡᠮᠨᠡᠬᠦ ᠶᠢ ᠵᠣᠬᠢᠶᠠᠨ ᠪᠠᠶᠢᠭᠤᠯᠤᠨ ᠵᠢᠯᠤᠭᠤᠳᠴᠤ᠂ ᠠᠳᠡᠯ ᠰᠢᠷᠬᠠᠲᠤᠯ ᠤᠨ ᠪᠦᠷᠢᠳᠬᠡᠯ ᠢ ᠰᠠᠶᠢᠲᠤᠷ ᠬᠢᠬᠦ ᠬᠡᠷᠡᠭᠲᠡᠢ︔ ᠭᠠᠮᠰᠢᠭᠳᠠᠭᠰᠠᠨ ᠣᠷᠣᠨ᠂ ᠲᠥᠪᠬᠢᠨᠡᠭᠦᠯᠬᠦ ᠭᠠᠵᠠᠷ ᠤᠨ ᠡᠯ᠎ᠡ ᠵᠦᠢᠯ ᠤᠨ ᠬᠠᠯᠳᠠᠪᠤᠷᠢᠲᠤ ᠡᠪᠡᠳᠴᠢᠨ ᠵᠡᠷᠭᠡ ᠬᠢᠵᠢᠭ ᠤᠨ ᠭᠡᠨᠡᠳᠲᠡ ᠳᠡᠯᠭᠡᠷᠡᠬᠦ ᠶᠢ ᠰᠡᠷᠭᠡᠶᠢᠯᠡᠨ ᠬᠢᠵᠠᠭᠠᠷᠯᠠᠬᠤ ᠠᠵᠢᠯ ᠢ ᠵᠢᠯᠣᠭᠤᠳᠤᠨ᠎ᠠ᠃ ᠳᠥᠷᠪᠡ᠂ ᠭᠠᠯ ᠤᠨ ᠠᠶᠤᠯ ᠢ ᠬᠢᠨᠠᠨ ᠬᠡᠮᠵᠢᠬᠦ ᠳᠤᠭᠤᠶᠢᠯᠠᠩ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠲᠠᠷᠢᠶᠠᠯᠠᠩ ᠮᠠᠯ ᠠᠵᠤ ᠠᠬᠤᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ᢭ᠣᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠣᠯᠣᠨ ᠨᠢᠭᠡᠴᠡ ᠪᠠᠷ ᠪᠦᠷᠢᠯᠳᠦᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠭᠠᠯ ᠤᠨ ᠭᠠᠮᠰᠢᠭ ᠤᠨ ᠲᠦᠭᠰᠢᠭᠦᠷᠢ ᠶᠢ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠵᠤ᠂ ᠡᠭᠦᠰᠦᠮᠡᠯ ᠭᠠᠢ ᠭᠠᠮᠰᠢᠭ ᠢ ᠰᠡᠷᠭᠡᠶᠢᠯᠡᠬᠦ ᠶᠢ ᠵᠢᠯᠣᠭᠤᠳᠤᠨ᠎ᠠ︔ ᠬᠤᠯᠪᠣᠭᠳᠠᠯ ᠪᠦᠬᠦᠢ ᠮᠡᠷᠭᠡᠵᠢᠯ ᠤᠨ ᠬᠦᠴᠦᠨ ᠪᠠ ᠲᠥᠬᠦᠭᠡᠷᠦᠮᠵᠢ ᠶᠢ ᠲᠣᠬᠢᠷᠠᠭᠤᠯᠵᠤ᠂ ᠭᠠᠮᠰᠢᠭ ᠤᠨ ᠪᠠᠶᠢᠳᠠᠯ ᠤᠨ ᠬᠥᠭᠵᠢᠯᠲᠡ ᠶᠢ ᠬᠢᠨᠠᠨ᠎ᠠ︔ ᠭᠠᠮᠰᠢᠭ ᠢ ᠰᠡᠷᠭᠡᠶᠢᠯᠡᠬᠦ ᠪᠠ ᠭᠠᠮᠰᠢᠭ ᠤᠨ ᠳᠠᠯᠳᠠ ᠬᠡᠮ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠵᠢᠯᠣᠭᠤᠳᠤᠨ᠎ᠠ᠃ ᠲᠠᠪᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠳᠤᠭᠤᠶᠢᠯᠠᠩ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠰᠢᠯᠵᠢᠮᠡᠯ ᠬᠤᠯᠪᠣᠭᠠᠨ ᠤ ᠺᠣᠮᠫᠠᠨᠢ᠂ ᠬᠤᠯᠪᠤᠭᠠᠯᠠᠨ ᠨᠡᠪᠲᠡᠷᠡᠯᠴᠡᠬᠦ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ ᠵᠡᠷᠭᠡ ᠰᠠᠯᠠᠭ᠎ᠠ ᠮᠥᠴᠢᠷ ᠪᠠ ᠨᠢᠭᠡᠴᠡ ᠪᠠᠷ ᠪᠦᠷᠢᠯᠳᠦᠨ᠎ᠡ᠃ ᠭᠤᠣᠯ ᠲᠤᠰᠢᠶᠠᠯ ᠬᠠᠷᠢᠭᠤᠴᠠᠯᠭ᠎ᠠ᠄ ᠵᠢᠯᠤᠭᠤᠳᠬᠤ ᠪᠠᠶᠢᠭᠤᠯᠤᠮᠵᠢ ᠨᠢ ᠭᠠᠮᠰᠢᠭᠳᠠᠭᠰᠠᠨ ᠣᠷᠣᠨ ᠳᠠᠬᠢ ᠮᠡᠳᠡᠭᠡ ᠬᠤᠯᠪᠣᠭ᠎ᠠ ᠪᠠ ᠮᠡᠳᠡᠭᠡ ᠵᠠᠩᠭᠢᠵᠢᠯᠲᠠ ᠶᠢᠨ ᠲᠣᠣᠷ ᠪᠦᠷᠢᠯᠳᠦᠭᠦᠯᠬᠦ ᠠᠵᠢᠯ ᠢ ᠵᠣᠬᠢᠴᠠᠭᠤᠯᠤᠨ ᠰᠠᠶᠢᠲᠤᠷ ᠬᠢᠨ᠎ᠡ︔ ᠭᠠᠮᠰᠢᠭ ᠤᠨ ᠲᠤᠬᠠᠢ ᠶᠢᠨ ᠭᠠᠵᠠᠷ ᠤᠨ ᠵᠢᠯᠤᠭᠤᠳᠬᠤ ᠪᠠᠶᠢᠭᠤᠯᠤᠮᠵᠢ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠬᠢᠭᠡᠳ ᠠᠶᠢᠮᠠᠭ ᠤᠨ ᠣᠶ ᠰᠢᠭᠤᠢ ᠶᠢᠨ ᠰᠡᠷᠭᠡᠶᠢᠯᠡᠯᠲᠡ ᠶᠢᠨ ᠵᠢᠯᠤᠭᠤᠳᠬᠤ ᠲᠥᠪ ᠵᠢᠴᠢ ᠪᠤᠰᠤᠳ ᠵᠢᠯᠤᠭᠤᠳᠬᠤ ᠪᠠᠶᠢᠭᠤᠯᠤᠮᠵᠢ ᠯᠤᠭ᠎ᠠ ᠶᠢᠨ ᠴᠢᠮᠡᠭᠡ ᠬᠤᠯᠪᠣᠭ᠎ᠠ ᠬᠠᠷᠢᠯᠴᠠᠭ᠎ᠠ ᠶᠢ ᠪᠠᠶᠢᠭᠤᠯᠤᠨ᠎ᠠ︔ ᠬᠤᠬᠢᠷᠠᠯ ᠳᠤ ᠤᠴᠠᠷᠠᠭᠰᠠᠨ ᠮᠡᠳᠡᠭᠡ ᠬᠤᠯᠪᠣᠭᠠᠨ ᠤ ᠲᠥᠬᠦᠭᠡᠷᠦᠮᠵᠢ ᠶᠢ ᠰᠡᠯᠪᠢᠨ ᠵᠠᠰᠠᠬᠤ ᠶᠢ ᠵᠢᠯᠤᠭᠤᠳᠴᠤ᠂ ᠭᠠᠮᠰᠢᠭᠳᠠᠭᠰᠠᠨ ᠣᠷᠣᠨ ᠤ ᠮᠡᠳᠡᠭᠡ ᠬᠤᠯᠪᠣᠭ᠎ᠠ ᠶᠢ ᠰᠡᠷᠭᠦᠭᠡᠨ᠎ᠡ᠃ ᠵᠢᠷᠭᠤᠭ᠎ᠠ᠂ ᠵᠠᠮ ᠬᠠᠷᠢᠯᠴᠠᠭᠠᠨ ᠤ ᠪᠠᠲᠤᠯᠠᠭ᠎ᠠ ᠶᠢᠨ ᠳᠤᠭᠤᠶᠢᠯᠠᠩ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠣᠯᠣᠨ ᠨᠢᠭᠡᠴᠡ ᠪᠠᠷ ᠪᠦᠷᠢᠯᠳᠦᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠬᠦᠴᠦᠨ ᠤ ᠭᠠᠮᠰᠢᠭᠳᠠᠭᠰᠠᠨ ᠣᠷᠣᠨ ᠳᠤ ᠣᠴᠢᠬᠤ ᠪᠠ ᠤᠬᠤᠷᠢᠨ ᠭᠠᠷᠬᠤ ᠦᠶ᠎ᠡ ᠶᠢᠨ ᠵᠠᠮ ᠬᠠᠷᠢᠯᠴᠠᠭᠠᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠰᠠᠶᠢᠲᠤᠷ ᠬᠢᠨ᠎ᠡ︔ ᠭᠠᠮᠰᠢᠭᠳᠠᠭᠰᠠᠨ ᠣᠷᠣᠨ ᠤ ᠵᠠᠮ ᠢ ᠵᠠᠪᠳᠤᠨ ᠨᠡᠪᠲᠡᠷᠡᠭᠦᠯᠬᠦ ᠵᠠᠪᠳᠤᠨ ᠵᠠᠰᠠᠬᠤ ᠠᠵᠢᠯ ᠢ ᠵᠢᠯᠣᠭᠤᠳᠤᠨ᠎ᠠ︔ ᠠᠶᠤᠯ ᠭᠠᠮᠰᠢᠭ ᠠᠴᠠ ᠠᠪᠤᠷᠠᠬᠤ ᠡᠳ᠋ ᠪᠣᠳᠠᠰ ᠂ ᠠᠪᠤᠷᠠᠨ ᠲᠤᠰᠠᠯᠠᠬᠤ ᠲᠤᠨᠤᠭ ᠲᠥᠬᠦᠭᠡᠷᠦᠮᠵᠢ ᠵᠢᠴᠢ ᠦᠨᠳᠦᠰᠦᠨ ᠠᠮᠢᠳᠤᠷᠠᠯ ᠤᠨ ᠡᠳ᠋ ᠪᠣᠳᠠᠰ ᠤᠨ ᠲᠡᠭᠡᠭᠡᠪᠦᠷᠢ ᠵᠡᠷᠭᠡ ᠵᠠᠮ ᠬᠠᠷᠢᠯᠴᠠᠭᠠᠨ ᠤ ᠪᠠᠲᠤᠯᠠᠭ᠎ᠠ ᠶᠢ ᠵᠣᠬᠢᠴᠠᠭᠤᠯᠤᠨ᠎ᠠ᠃ ᠲᠤᠯᠤᠭ᠎ᠠ᠂ ᠴᠠᠬᠢᠯᠭᠠᠨ ᠬᠦᠴᠦᠨ ᠤ ᠪᠠᠲᠤᠯᠠᠭ᠎ᠠ ᠶᠢᠨ ᠳᠤᠭᠤᠶᠢᠯᠠᠩ ᠰᠢᠯᠢ ᠶᠢᠨ ᠭᠤᠣᠯ ᠤᠨ ᠴᠠᠬᠢᠯᠭᠠᠨ ᠬᠠᠩᠭᠠᠬᠤ ᠺᠣᠮᠫᠠᠨᠢ ᠪᠠᠷ ᠲᠦᠷᠦᠭᠦᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠠ ᠨᠢᠭᠡᠴᠡ ᠪᠠᠷ ᠪᠦᠷᠢᠯᠳᠦᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠭᠡᠨᠡᠳᠲᠡ ᠶᠢᠨ ᠬᠡᠷᠡᠭ ᠤᠨ ᠴᠠᠬᠢᠯᠭᠠᠨ ᠬᠦᠴᠦᠨ ᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠴᠠᠬᠢᠯᠭᠠᠨ ᠬᠦᠴᠦᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠭᠠᠯ ᠤᠨ ᠲᠠᠯᠠᠪᠠᠶ ᠶᠢᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠵᠢᠯᠣᠭᠤᠳᠤᠨ ᠲᠣᠬᠢᠷᠠᠭᠤᠯᠬᠤ᠂ ᠭᠠᠯ ᠤᠨᠲᠠᠷᠠᠭᠠᠬᠤ ᠪᠡᠯᠡᠳᠬᠡᠮᠵᠢ ᠵᠡᠷᠭᠡ ᠴᠠᠬᠢᠯᠭᠠᠨ ᠬᠦᠴᠦᠨ ᠤ ᠬᠡᠪ ᠤᠨ ᠬᠠᠩᠭᠠᠯᠭ᠎ᠠ ᠶᠢ ᠰᠠᠶᠢᠲᠤᠷ ᠬᠢᠨ᠎ᠡ᠃ ᠨᠠᠢᠮᠠ᠂ ᠲᠤᠰᠬᠠᠢ ᠮᠡᠷᠭᠡᠵᠢᠯᠲᠡᠨ ᠤ ᠳᠡᠮᠵᠢᠯᠭᠡ ᠶᠢᠨ ᠳᠤᠭᠤᠶᠢᠯᠠᠩ ᠣᠶ ᠰᠢᠭᠤᠢ ᠶᠢᠨ ᠰᠡᠷᠭᠡᠶᠢᠯᠡᠯᠲᠡ ᠶᠢᠨ ᠠᠯᠪᠠᠨ ᠭᠡᠷ ᠢᠶᠠᠷ ᠲᠦᠷᠦᠭᠦᠯᠡᠭᠦᠯᠦᠨ᠂ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠢᠶᠠᠷ ᠪᠦᠷᠢᠯᠳᠦᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠲᠤᠬᠠᠢ ᠶᠢᠨ ᠲᠠᠯᠠᠪᠤᠷ ᠤᠨ ᠭᠠᠮᠰᠢᠭ ᠤᠨ ᠪᠠᠶᠢᠳᠠᠯ ᠢ ᠵᠥᠪᠳᠡᠯᠴᠡᠨ ᠰᠤᠳᠤᠯᠤᠨ ᠮᠠᠭᠠᠳᠯᠠᠬᠤ ᠶᠢ ᠵᠣᠬᠢᠶᠠᠨ ᠪᠠᠶᠢᠭᠤᠯᠵᠤ᠂ ᠮᠡᠷᠭᠡᠵᠢᠯ ᠤᠨ ᠳᠡᠮᠵᠢᠯᠭᠡ ᠬᠠᠩᠭᠠᠨ᠎ᠠ︔ ᠲᠤᠬᠠᠢ ᠶᠢᠨ ᠲᠠᠯᠠᠪᠠᠶ ᠶᠢᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠵᠢᠯᠣᠭᠤᠳᠤᠨ᠎ᠠ︔ ᠣᠷᠣᠨ ᠨᠤᠲᠤᠭ ᠢ ᠵᠢᠯᠣᠭᠤᠳᠤᠨ ᠭᠠᠮᠰᠢᠭ ᠤᠨ ᠪᠠᠶᠢᠳᠠᠯ ᠢ ᠪᠠᠶᠢᠴᠠᠭᠠᠬᠤ ᠪᠠ ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ︔ ᠠᠶᠤᠯ ᠠᠴᠠ ᠠᠪᠤᠷᠠᠨ ᠲᠤᠰᠠᠯᠠᠬᠤ ᠲᠥᠰᠥᠯ ᠢ ᠲᠣᠭᠲᠠᠭᠠᠬᠤ ᠳᠤ ᠣᠷᠣᠯᠴᠠᠨ᠎ᠠ᠃ ᠶᠢᠰᠦ᠂ ᠭᠠᠮᠰᠢᠭ ᠤᠨ ᠪᠠᠶᠢᠳᠠᠯ ᠢ ᠦᠨᠡᠯᠡᠨ ᠵᠢᠱᠢᠬᠦ ᠳᠤᠭᠤᠶᠢᠯᠠᠩ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠠ ᠨᠢᠭᠡᠴᠡ ᠪᠠᠷ ᠪᠦᠷᠢᠯᠳᠦᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠭᠠᠮᠰᠢᠭ ᠤᠨ ᠪᠠᠶᠢᠳᠠᠯ ᠢ ᠪᠠᠶᠢᠴᠠᠭᠠᠬᠤ ᠪᠠ ᠭᠠᠮᠰᠢᠭ ᠤᠨ ᠦᠶ᠎ᠡ ᠶᠢ ᠮᠥᠷᠳᠡᠨ ᠦᠨᠡᠯᠡᠬᠦ ᠠᠵᠢᠯ ᠢ ᠵᠢᠯᠣᠭᠤᠳᠤᠨ ᠥᠷᠨᠢᠭᠦᠯᠵᠦ᠂ ᠠᠶᠤᠯ ᠭᠠᠮᠰᠢᠭ ᠠᠴᠠ ᠠᠪᠤᠷᠠᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ︔ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠲᠥᠰᠥᠯ ᠢ ᠲᠣᠭᠲᠠᠭᠠᠬᠤ ᠳᠤ ᠣᠷᠣᠯᠴᠠᠨ᠎ᠠ᠃ ᠠᠷᠪᠠ᠂ ᠤᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠶᠢᠨ ᠳᠤᠭᠤᠶᠢᠯᠠᠩ ᠠᠷᠠᠳ ᠤᠨ ᠶᠠᠪᠤᠳᠠᠯ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠠ ᠨᠢᠭᠡᠴᠡ ᠪᠠᠷ ᠪᠦᠷᠢᠯᠳᠦᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠭᠠᠮᠰᠢᠭᠳᠠᠭᠰᠠᠨ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠤᠨ ᠲᠥᠰᠥᠯ ᠢ ᠲᠣᠭᠲᠠᠭᠠᠨ᠎ᠠ︔ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠳᠣᠷᠣᠭᠰᠢ ᠪᠠᠭᠤᠯᠭᠠᠬᠤ ᠶᠢᠨ ᠬᠠᠮᠲᠤ ᠲᠠᠷᠬᠠᠭᠠᠨ ᠥᠭᠬᠦ ᠶᠢ ᠵᠢᠯᠣᠭᠤᠳᠤᠨ᠎ᠠ︔ ᠭᠠᠮᠰᠢᠭᠳᠠᠭᠰᠠᠨ ᠣᠷᠣᠨ ᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠨᠢᠭᠡᠳᠦᠯᠲᠡᠢ ᠲᠥᠯᠥᠪᠯᠡᠵᠦ᠂ ᠭᠠᠮᠰᠢᠭᠳᠠᠭᠰᠠᠨ ᠣᠷᠣᠨ ᠤ ᠤᠰᠤ᠂ ᠴᠠᠬᠢᠯᠭᠠᠨ᠂ ᠬᠡᠢ᠂ ᠲᠣᠰᠣ ᠵᠡᠷᠭᠡ ᠴᠢᠬᠤᠯᠠ ᠰᠠᠭᠤᠷᠢ ᠲᠥᠬᠦᠭᠡᠷᠦᠮᠵᠢ ᠶᠢ ᠱᠠᠯᠠᠪᠳᠠᠨ ᠵᠠᠰᠠᠬᠤ ᠶᠢ ᠵᠢᠯᠣᠭᠤᠳᠤᠨ᠎ᠠ︔ ᠭᠠᠮᠰᠢᠭᠳᠠᠭᠰᠠᠨ ᠤᠯᠠᠨ ᠲᠦᠮᠡᠨ ᠢ ᠪᠠᠴᠢᠮ ᠲᠦᠷᠭᠡᠨ ᠰᠢᠯᠵᠢᠭᠦᠯᠦᠨ ᠲᠥᠪᠬᠢᠨᠡᠭᠦᠯᠬᠦ᠂ ᠰᠢᠯᠵᠢᠯᠲᠡ ᠶᠢᠨ ᠬᠤᠭᠤᠴᠠᠭᠠᠨ ᠳᠤ ᠠᠪᠤᠷᠠᠨ ᠲᠤᠰᠠᠯᠠᠬᠤ ᠪᠠ ᠭᠠᠮᠰᠢᠭ ᠠᠴᠠ ᠪᠣᠯᠵᠤ ᠠᠳᠡᠭᠳᠡᠭᠰᠡᠨ ᠬᠥᠮᠥᠰ ᠤᠨ ᠭᠡᠷ ᠪᠦᠯᠢ ᠶᠢᠨ ᠎ ᠬᠢᠨ ᠢ ᠲᠣᠬᠤᠨᠢᠭᠤᠯᠬᠤ ᠵᠡᠷᠭᠡ ᠬᠤᠶᠢᠲᠤᠬᠢ ᠶᠠᠪᠤᠳᠠᠯ ᠢ ᠰᠠᠶᠢᠲᠤᠷ ᠰᠢᠢᠳᠪᠦᠷᠢᠯᠡᠬᠦ ᠠᠵᠢᠯ ᠢ ᠵᠢᠯᠣᠭᠤᠳᠤᠨ ᠰᠠᠶᠢᠲᠤᠷ ᠬᠢᠨ᠎ᠡ᠃ ᠠᠷᠪᠠᠨ ᠨᠢᠭᠡ᠂ ᠭᠠᠯ ᠭᠠᠷᠤᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠳᠤᠭᠤᠶᠢᠯᠠᠩ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠷ ᠲᠦᠷᠦᠭᠦᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠪᠠᠷ ᠪᠦᠷᠢᠯᠳᠦᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠤᠯᠪᠣᠭᠳᠠᠯ ᠪᠦᠬᠦᠢ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ︔ ᠭᠠᠮᠰᠢᠭᠳᠠᠭᠰᠠᠨ ᠣᠷᠣᠨ ᠢ ᠵᠢᠯᠣᠭᠤᠳᠤᠨ ᠬᠠᠪᠰᠤᠷᠴᠤ ᠪᠠᠶᠢᠭᠠᠳ ᠲᠤᠬᠠᠢ ᠶᠢᠨ ᠭᠠᠵᠠᠷ ᠲᠤᠨᠢ ᠬᠠᠮᠢᠶᠠᠷᠤᠨ ᠡᠵᠡᠮᠳᠡᠬᠦ ᠪᠠ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ︔ ᠨᠡᠶᠢᠭᠡᠮ ᠤᠨ ᠠᠮᠤᠷ ᠲᠦᠪᠰᠢᠨ ᠪᠠ ᠵᠠᠮ ᠬᠠᠷᠢᠯᠴᠠᠭᠠᠨ ᠤ ᠡᠮᠬᠢ ᠵᠢᠷᠤᠮ ᠢ ᠬᠠᠮᠠᠭᠠᠯᠠᠵᠤ᠂ ᠬᠠᠮᠲᠤᠯᠢᠭ ᠤᠨ ᠴᠢᠨᠠᠷᠲᠠᠢ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ︔ ᠭᠠᠯ ᠤᠨ ᠲᠠᠯᠠᠪᠠᠢ ᠶᠢᠨ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠤᠨ ᠭᠠᠮᠰᠢᠭᠳᠠᠭᠰᠠᠨ ᠣᠷᠣᠨ ᠳᠠᠬᠢ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠵᠣᠬᠢᠴᠠᠭᠤᠯᠤᠨ ᠰᠠᠶᠢᠲᠤᠷ ᠬᠢᠨ᠎ᠡ᠃ ᠠᠷᠪᠠᠨ ᠬᠤᠶᠠᠷ᠂ ᠤᠬᠠᠭᠤᠯᠤᠨ ᠮᠡᠳᠡᠭᠡᠯᠡᠬᠦ ᠳᠤᠭᠤᠶᠢᠯᠠᠩ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠢᠶᠠᠷ ᠲᠦᠷᠦᠭᠦᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠠ ᠨᠢᠭᠡᠴᠡ ᠪᠠᠷ ᠪᠦᠷᠢᠯᠳᠦᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠰᠣᠨᠢᠨ ᠮᠡᠳᠡᠭᠡᠨ ᠤ ᠤᠬᠠᠭᠤᠯᠭ᠎ᠠ ᠮᠡᠳᠡᠭᠡᠯᠡᠯ ᠤᠨ ᠠᠵᠢᠯ ᠢ ᠨᠢᠭᠡᠳᠦᠯᠲᠡᠢ ᠲᠥᠯᠥᠪᠯᠡᠨ᠎ᠡ︔ ᠲᠤᠬᠠᠢ ᠶᠢᠨ ᠲᠠᠯᠠᠪᠤᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠪᠠ ᠰᠣᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠵᠦ ᠰᠤᠳᠤᠯᠤᠨ ᠮᠠᠭᠠᠳᠯᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ︔ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠰᠠᠶᠢᠲᠤᠷ ᠵᠢᠯᠤᠭᠤᠳᠬᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠤᠳᠤᠷᠢᠳᠬᠤ ᠨᠥᠬᠦᠳ ᠤᠨ ᠲᠤᠬᠠᠢ ᠶᠢᠨ ᠲᠠᠯᠠᠪᠤᠷ ᠲᠤ ᠵᠢᠯᠣᠭᠤᠳᠤᠨ ᠰᠢᠢᠳᠪᠦᠷᠢᠯᠡᠬᠦ ᠠᠵᠢᠯ ᠤᠨ ᠲᠤᠬᠠᠢ ᠰᠣᠨᠢᠨ ᠮᠡᠳᠡᠭᠡᠯᠡᠯ ᠢ ᠵᠣᠬᠢᠴᠠᠭᠤᠯᠤᠨ ᠰᠠᠶᠢᠲᠤᠷ ᠬᠢᠨ᠎ᠡ᠃ ᠳᠠᠭᠠᠯᠳᠤᠭᠤᠯᠤᠯ 2 ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠵᠡᠷᠭᠡ ᠳᠡᠰ᠂ ᠰᠡᠷᠡᠮᠵᠢᠯᠡᠭᠦᠯᠬᠦ ᠳᠦᠷᠦᠯ ᠬᠤᠪᠢᠶᠠᠬᠤ ᠪᠠ ᠳᠠᠭᠠᠬᠤ ᠠᠷᠭ᠎ᠠ ᠬᠡᠮᠵᠢᠶ᠎ᠡ ᠨᠢᠭᠡ᠂ ᠤᠯᠠᠭᠠᠨ ᠥᠩᠭᠡ ᠶᠢᠨ ᠰᠡᠷᠡᠮᠵᠢᠯᠡᠭᠦᠯᠦᠯ ᠳᠥᠷᠪᠡᠳᠦᠭᠡᠷ ᠳᠡᠰ ︵ᠶᠡᠭᠡ ᠭᠠᠯ ᠤᠨ ᠠᠶᠤᠯ︶᠎ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠳᠡᠰ ᠤᠨ ᠴᠠᠭ ᠠᠭᠤᠷ ᠨᠢᠭᠡᠨᠲᠡ 5 ᠡᠳᠦᠷ ᠠᠴᠠ ᠳᠡᠭᠡᠭᠰᠢ ᠦᠷᠭᠦᠯᠵᠢᠯᠡᠭᠰᠡᠨ ᠪᠤᠶᠤ ᠲᠠᠪᠤᠳᠤᠭᠠᠷ ᠳᠡᠰ ︵ᠲᠦᠢᠯ ᠤᠨ ᠶᠡᠭᠡ ᠭᠠᠯ ᠤᠨ ᠠᠶᠤᠯ︶᠎ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠳᠡᠰ ᠤᠨ ᠴᠠᠭ ᠠᠭᠤᠷ ᠢᠯᠡᠷᠡᠭᠰᠡᠨ ᠪᠥᠭᠡᠳ ᠤᠢ ᠰᠢᠭᠤᠢ ᠳᠣᠲᠣᠷᠠᠬᠢ ᠰᠢᠲᠠᠮᠠᠬᠠᠢ ᠪᠣᠳᠠᠰ ᠨᠢ ᠮᠠᠰᠢ ᠬᠢᠯᠪᠠᠷᠬᠠᠨ ᠨᠣᠴᠣᠬᠤ ᠶᠢᠨ ᠬᠠᠮᠲᠤ ᠦᠳᠲᠡᠷ ᠲᠦᠷᠭᠡᠨ ᠥᠷᠭᠡᠵᠢᠬᠦ ᠪᠣᠯᠣᠨ᠎ᠠ᠃ ᠳᠠᠭᠠᠬᠤ ᠠᠷᠭ᠎ᠠ ᠬᠡᠮᠵᠢᠶ᠎ᠡ᠄ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠲᠣᠭᠤᠷᠢᠨ ᠬᠠᠮᠠᠭᠠᠯᠠᠬᠤ ᠨᠢᠭᠲᠠᠴᠠ ᠶᠢ ᠨᠡᠮᠡᠭᠳᠡᠭᠦᠯᠵᠦ᠂ 24 ᠴᠠᠭ ᠤᠨ ᠪᠥᠬᠦ ᠴᠠᠭ ᠤᠨ ᠪᠥᠬᠦ ᠶᠠᠪᠤᠴᠠ ᠶᠢ ᠪᠠᠷᠠᠯᠠᠨ ᠬᠢᠨᠠᠨ ᠬᠡᠮᠵᠢᠬᠦ ᠶᠢ ᠪᠠᠷᠢᠮᠲᠠᠯᠠᠨ᠎ᠠ︔ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠬᠡᠵᠦ ᠮᠡᠳᠡᠬᠦ ᠰᠠᠭᠤᠭᠠᠯᠢ ᠠᠷᠠᠳ ᠤᠨ ᠠᠮᠢᠳᠤᠷᠠᠯ ᠳᠤ ᠭᠠᠯ ᠬᠡᠷᠡᠭᠯᠡᠬᠦ ᠶᠢ ᠴᠢᠩᠭ᠎ᠠ ᠬᠠᠮᠢᠶᠠᠷᠴᠤ᠂ ᠴᠢᠬᠤᠯᠠ ᠭᠠᠵᠠᠷ ᠢ ᠴᠢᠩᠭ᠎ᠠ ᠰᠡᠷᠭᠡᠶᠢᠯᠡᠨ ᠴᠢᠩᠭ᠎ᠠ ᠰᠠᠬᠢᠬᠤ ᠬᠡᠷᠡᠭᠲᠡᠢ︔ ᠣᠶ ᠰᠢᠭᠤᠢ ᠶᠢᠨ ᠰᠡᠷᠭᠡᠶᠢᠯᠡᠯᠲᠡ ᠠᠴᠠ ᠪᠠᠶᠢᠴᠠᠭᠠᠬᠤ ᠳᠤᠭᠤᠶᠢᠯᠠᠩ ᠢ ᠲᠣᠮᠢᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠴᠡᠭ ᠲᠤ ᠰᠠᠭᠤᠨ ᠰᠢᠮᠳᠠᠭᠤᠯᠤᠨ ᠵᠢᠯᠤᠭᠤᠳᠴᠤ ᠪᠠᠶᠢᠴᠠᠭᠠᠨ᠎ᠠ︔ ᠣᠶ ᠰᠢᠭᠤᠢ ᠨᠤᠲᠤᠭ ᠪᠡᠯᠴᠢᠭᠡᠷ ᠤᠨ ᠲᠤᠰᠬᠠᠢ ᠠᠪᠤᠷᠠᠨ ᠲᠤᠰᠠᠯᠠᠬᠤ ᠬᠦᠴᠦᠨ ᠢ ᠪᠠᠶᠢᠷᠢᠯᠠᠭᠤᠯᠤᠨ ᠲᠣᠬᠢᠷᠠᠭᠤᠯᠵᠤ᠂ ᠣᠶᠢᠷ᠎ᠠ ᠬᠠᠪᠢ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠲᠤᠰᠬᠠᠢ ᠠᠩᠭᠢ ᠶᠢᠨ ᠬᠢᠨ ᠴᠠᠭ ᠲᠤᠬᠠᠢ ᠳᠤᠨᠢ ᠡᠮᠦᠨ᠎ᠡ ᠎ ᠨᠢ ᠰᠡᠷᠭᠡᠶᠢᠯᠡᠨ ᠰᠠᠭᠤᠵᠤ᠂ ᠭᠠᠯ ᠭᠠᠷᠤᠭᠰᠠᠨ ᠭᠠᠵᠠᠷ ᠲᠤ ᠬᠦᠷᠴᠦ ᠭᠠᠯ ᠤᠨᠲᠠᠷᠠᠭᠠᠬᠤ ᠬᠤᠯᠪᠣᠭᠳᠠᠯ ᠪᠦᠬᠦᠢ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠬᠤᠶᠠᠷ᠂ ᠤᠯᠠᠪᠤᠷ ᠥᠩᠭᠡ ᠶᠢᠨ ᠰᠡᠷᠡᠮᠵᠢᠯᠡᠭᠦᠯᠦᠯ ᠭᠤᠷᠪᠠᠳᠤᠭᠠᠷ ᠳᠡᠰ ︵ᠨᠡᠯᠢᠶᠡᠳ ᠶᠡᠭᠡ ᠭᠠᠯ ᠤᠨ ᠠᠶᠤᠯ︶᠎ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠡᠰ ᠤᠨ ᠴᠠᠭ ᠠᠭᠤᠷ ᠨᠢᠭᠡᠨᠲᠡ 5 ᠡᠳᠦᠷ ᠠᠴᠠ ᠳᠡᠭᠡᠭᠰᠢ ᠦᠷᠭᠦᠯᠵᠢᠯᠡᠭᠰᠡᠨ ᠪᠤᠶᠤ ᠳᠥᠷᠪᠡᠳᠦᠭᠡᠷ ᠳᠡᠰ ︵ᠶᠡᠭᠡ ᠭᠠᠯ ᠤᠨ ᠠᠶᠤᠯ︶᠎ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠡᠰ ᠤᠨ ᠴᠠᠭ ᠠᠭᠤᠷ ᠨᠢᠭᠡᠨᠲᠡ 3᠎ ᠠᠴᠠ 5 ᠡᠳᠦᠷ ᠦᠷᠭᠦᠯᠵᠢᠯᠡᠭᠰᠡᠨ ᠪᠥᠭᠡᠳ ᠤᠢ ᠳᠣᠲᠣᠷᠠᠬᠢ ᠰᠢᠲᠠᠮᠠᠬᠠᠢ ᠪᠣᠳᠠᠰ ᠨᠢ ᠠᠮᠠᠷᠬᠠᠨ ᠨᠣᠴᠣᠵᠤ᠂ ᠰᠢᠷᠦᠭᠦᠨ ᠭᠠᠯ ᠤᠨ ᠪᠠᠶᠢᠳᠠᠯ ᠪᠤᠢ ᠪᠣᠯᠬᠤ ᠬᠠᠨᠳᠤᠰᠢ ᠲᠠᠢ ᠪᠥᠭᠡᠳ ᠲᠦᠷᠭᠡᠨ ᠳᠡᠯᠭᠡᠷᠡᠬᠦ ᠪᠣᠯᠣᠯᠴᠠᠭ᠎ᠠ ᠲᠠᠢ᠃ ᠳᠠᠭᠠᠬᠤ ᠠᠷᠭ᠎ᠠ ᠬᠡᠮᠵᠢᠶ᠎ᠡ᠄ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠣᠭᠤᠷᠢᠨ ᠬᠠᠮᠠᠭᠠᠯᠠᠬᠤ᠂ ᠪᠠᠷᠠᠯᠠᠨ ᠬᠠᠷᠠᠵᠤ ᠬᠢᠨᠠᠨ ᠬᠡᠮᠵᠢᠬᠦ ᠡᠷᠴᠢᠮ ᠢ ᠴᠢᠩᠭᠠᠷᠠᠭᠤᠯᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ ᠶᠢ ᠴᠢᠩᠭ᠎ᠠ ᠬᠢᠵᠠᠭᠠᠷᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ︔ ᠣᠶ ᠰᠢᠭᠤᠢ ᠶᠢᠨ ᠰᠡᠷᠭᠡᠶᠢᠯᠡᠯᠲᠡ ᠭᠡᠳᠡᠭ ᠨᠢ ᠴᠠᠭ ᠲᠤᠨᠢ ᠲᠣᠬᠢᠷᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠤᠷᠢᠳᠴᠢᠯᠠᠨ ᠰᠡᠷᠡᠮᠵᠢᠯᠡᠭᠦᠯᠬᠦ ᠭᠠᠵᠠᠷ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠶᠢ ᠵᠢᠭᠠᠵᠤ ᠪᠣᠶ︔ ᠤᠷᠢᠳᠴᠢᠯᠠᠨ ᠰᠡᠷᠡᠮᠵᠢᠯᠡᠭᠦᠯᠬᠦ ᠭᠠᠵᠠᠷ ᠣᠷᠣᠨ ᠤ ᠲᠣᠨᠣᠭᠯᠠᠯ᠂ ᠡᠳ᠋ ᠪᠣᠳᠠᠰ ᠵᠡᠷᠭᠡ ᠶᠢᠨ ᠪᠠᠶᠢᠳᠠᠯ ᠢ ᠡᠵᠡᠮᠰᠢᠵᠦ᠂ ᠡᠳ᠋ ᠪᠣᠳᠠᠰ ᠢ ᠲᠣᠬᠢᠷᠠᠭᠤᠯᠤᠨ ᠥᠭᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠢ︔ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠲᠤᠰᠬᠠᠢ ᠠᠩᠭᠢ ᠶᠢᠨ ᠬᠢᠨ ᠰᠡᠷᠭᠡᠶᠢᠯᠡᠨ ᠰᠠᠭᠤᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠪᠠᠷ ᠪᠠᠶᠢᠨ᠎ᠠ᠃ ᠭᠤᠷᠪᠠ᠂ ᠰᠢᠷ᠎ᠠ ᠥᠩᠭᠡ ᠶᠢᠨ ᠰᠡᠷᠡᠮᠵᠢᠯᠡᠭᠦᠯᠦᠯ ᠬᠤᠶᠠᠳᠤᠭᠠᠷ ᠳᠡᠰ ︵ᠨᠡᠯᠢᠶᠡᠳ ᠶᠡᠭᠡ ᠭᠠᠯ ᠤᠨ ᠠᠶᠤᠯ︶᠎ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠡᠰ ᠤᠨ ᠴᠠᠭ ᠠᠭᠤᠷ ᠨᠢᠭᠡᠨᠲᠡ 5 ᠡᠳᠦᠷ ᠠᠴᠠ ᠳᠡᠭᠡᠭᠰᠢ ᠦᠷᠭᠦᠯᠵᠢᠯᠡᠭᠰᠡᠨ᠂ ᠡᠰᠡᠬᠦᠯ᠎ᠡ ᠭᠤᠷᠪᠠᠳᠤᠭᠠᠷ ᠳᠡᠰ ︵ᠨᠡᠯᠢᠶᠡᠳ ᠶᠡᠭᠡ ᠭᠠᠯ ᠤᠨ ᠠᠶᠤᠯ ︶᠎ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠡᠰ ᠤᠨ ᠴᠠᠭ ᠠᠭᠤᠷ ᠨᠢᠭᠡᠨᠲᠡ 3᠎ ᠠᠴᠠ 5 ᠡᠳᠦᠷ ᠦᠷᠭᠦᠯᠵᠢᠯᠡᠭᠰᠡᠨ᠂ ᠡᠰᠡᠬᠦᠯ᠎ᠡ ᠳᠥᠷᠪᠡᠳᠦᠭᠡᠷ ᠳᠡᠰ ︵ᠶᠡᠭᠡ ᠭᠠᠯ ᠤᠨ ᠠᠶᠤᠯ︶᠎ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠡᠰ ᠤᠨ ᠴᠠᠭ ᠠᠭᠤᠷ ᠢᠯᠡᠷᠡᠭᠰᠡᠨ ᠮᠥᠷᠲᠡᠭᠡᠨ ᠤᠢ ᠳᠣᠲᠣᠷᠠᠬᠢ ᠰᠢᠲᠠᠮᠠᠬᠠᠢ ᠪᠣᠳᠠᠰ ᠨᠢ ᠨᠡᠯᠢᠶᠡᠳ ᠠᠮᠠᠷᠬᠠᠨ ᠨᠣᠴᠣᠵᠤ ᠥᠷᠭᠡᠵᠢᠨ ᠳᠡᠯᠭᠡᠷᠡᠬᠦ ᠪᠣᠯᠣᠨ᠎ᠠ᠃ ᠳᠠᠭᠠᠬᠤ ᠠᠷᠭ᠎ᠠ ᠬᠡᠮᠵᠢᠶ᠎ᠡ᠄ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠲᠣᠭᠤᠷᠢᠨ ᠬᠠᠮᠠᠭᠠᠯᠠᠬᠤ ᠂ ᠪᠠᠷᠠᠭᠠᠯᠠᠵᠤ ᠬᠢᠨᠠᠨ ᠬᠡᠮᠵᠢᠬᠦ ᠶᠢ ᠴᠢᠩᠭᠠᠳᠬᠠᠵᠤ᠂ ᠭᠠᠯ ᠤᠨ ᠢᠷᠡᠯᠲᠡ ᠶᠢᠨ ᠬᠠᠮᠢᠶᠠᠷᠤᠯᠲᠠ ᠶᠢᠨ ᠬᠡᠮᠵᠢᠶ᠎ᠡ ᠶᠢ ᠨᠡᠮᠡᠭᠳᠡᠭᠦᠯᠦᠨ᠎ᠡ︔ ᠤᠢ ᠰᠢᠭᠤᠢ ᠶᠢᠨ ᠰᠡᠷᠭᠡᠶᠢᠯᠡᠯᠲᠡ ᠭᠡᠳᠡᠭ ᠨᠢ ᠭᠠᠯ ᠢ ᠰᠡᠷᠭᠡᠶᠢᠯᠡᠬᠦ ᠲᠣᠨᠣᠭᠯᠠᠯ᠂ ᠡᠳ᠋ ᠪᠣᠳᠠᠰ ᠤᠨ ᠨᠠᠶᠢᠳᠠᠪᠤᠷᠢᠵᠢᠭᠤᠯᠤᠯᠲᠠ ᠵᠡᠷᠭᠡ ᠭᠠᠯ ᠢ ᠤᠨᠲᠠᠷᠠᠭᠠᠬᠤ ᠡᠯ᠎ᠡ ᠵᠦᠢᠯ ᠤᠨ ᠪᠡᠯᠡᠳᠬᠡᠯ ᠢ ᠨᠠᠷᠢᠨ ᠬᠢᠨᠠᠮᠠᠭᠠᠢ ᠪᠠᠶᠢᠴᠠᠭᠠᠬᠤ ᠶᠢ ᠵᠢᠭᠠᠵᠤ ᠪᠠᠶᠢᠨ᠎ᠠ︔ ᠣᠢ ᠰᠢᠭᠤᠢ ᠶᠢᠨ ᠭᠠᠯ ᠤᠨᠲᠠᠷᠠᠭᠠᠬᠤ ᠠᠩᠭᠢ ᠵᠠᠷᠯᠢᠭ ᠬᠦᠯᠢᠶᠡᠬᠦ ᠪᠠᠶᠢᠳᠠᠯ ᠳᠤ ᠣᠷᠣᠨ᠎ᠠ᠃ ᠳᠥᠷᠪᠡ᠂ ᠬᠥᠬᠡ ᠥᠩᠭᠡ ᠶᠢᠨ ᠰᠡᠷᠡᠮᠵᠢᠯᠡᠭᠦᠯᠦᠯ ᠬᠤᠶᠠᠳᠤᠭᠠᠷ ᠳᠡᠰ ︵ᠨᠡᠯᠢᠶᠡᠳ ᠪᠠᠭ᠎ᠠ ᠭᠠᠯ ᠤᠨ ᠠᠶᠤᠯ︶᠎ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠡᠰ ᠤᠨ ᠴᠠᠭ ᠠᠭᠤᠷ ᠨᠢᠭᠡᠨᠲᠡ 3᠎ ᠠᠴᠠ 5 ᠡᠳᠦᠷ ᠦᠷᠭᠦᠯᠵᠢᠯᠡᠭᠰᠡᠨ ᠪᠤᠶᠤ ᠭᠤᠷᠪᠠᠳᠤᠭᠠᠷ ᠳᠡᠰ ︵ᠨᠡᠯᠢᠶᠡᠳ ᠶᠡᠭᠡ ᠭᠠᠯ ᠤᠨ ᠠᠶᠤᠯ ︶᠎ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠡᠰ ᠤᠨ ᠴᠠᠭ ᠠᠭᠤᠷ ᠢᠯᠡᠷᠡᠭᠰᠡᠨ ᠮᠥᠷᠲᠡᠭᠡᠨ ᠤᠢ ᠳᠣᠲᠣᠷᠠᠬᠢ ᠰᠢᠲᠠᠮᠠᠬᠠᠢ ᠪᠣᠳᠠᠰ ᠨᠢ ᠨᠣᠴᠣᠬᠤ ᠪᠠ ᠥᠷᠭᠡᠵᠢᠨ ᠳᠡᠯᠭᠡᠷᠡᠵᠦ ᠪᠣᠯᠣᠨ᠎ᠠ᠃ ᠳᠠᠭᠠᠬᠤ ᠠᠷᠭ᠎ᠠ ᠬᠡᠮᠵᠢᠶ᠎ᠡ᠄ ᠬᠥᠬᠡ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠣᠷᠣᠨ ᠪᠦᠰᠡ ᠶᠢᠨ ᠴᠠᠭ ᠠᠭᠤᠷ ᠤᠨ ᠪᠠᠶᠢᠳᠠᠯ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠤᠷᠢᠳᠴᠢᠯᠠᠨ ᠰᠡᠷᠡᠮᠵᠢᠯᠡᠭᠦᠯᠬᠦ ᠬᠤᠪᠢᠷᠠᠯᠲᠠ ᠶᠢ ᠨᠢᠭᠲᠠ ᠠᠩᠬᠠᠷᠬᠤ ᠬᠡᠷᠡᠭᠲᠡᠢ︔ ᠳᠠᠭᠠᠭᠤᠯᠢ ᠣᠳᠣᠨ ᠤ ᠬᠢᠨᠠᠨ ᠬᠡᠮᠵᠢᠯᠲᠡ ᠶᠢᠨ ᠬᠠᠯᠠᠭᠤᠨ ᠴᠡᠭ ᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠲᠣᠭᠤᠷᠢᠨ ᠬᠠᠮᠠᠭᠠᠯᠠᠬᠤ ᠪᠠ ᠬᠢᠨᠠᠨ ᠬᠡᠮᠵᠢᠬᠦ ᠶᠢ ᠴᠢᠩᠭᠠᠳᠬᠠᠵᠤ᠂ ᠰᠡᠷᠡᠮᠵᠢ ᠶᠢᠨ ᠳᠣᠬᠢᠶ᠎ᠠ ᠶᠢ ᠨᠡᠶᠢᠲᠡᠯᠡᠬᠦ ᠪᠠ ᠭᠠᠯ ᠰᠡᠷᠭᠡᠶᠢᠯᠡᠬᠦ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠢ︔ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠳᠠᠭᠠᠯᠳᠤᠭᠤᠯᠤᠯ 6 ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠤᠨ ᠤᠲᠠᠰᠤ ᠳᠠᠭᠠᠯᠳᠤᠭᠤᠯᠤᠯ 7 ᠭᠠᠯ ᠤᠨ ᠪᠠᠶᠢᠳᠠᠯ ᠢ ᠮᠡᠳᠡᠭᠦᠯᠦᠯᠲᠡ ᠶᠢᠨ ᠬᠡᠯᠪᠡᠷᠢᠮᠡᠳᠡᠭᠦᠯᠦᠯᠲᠡ ᠶᠢᠨ ᠬᠡᠯᠪᠡᠷᠢ ᠵᠠᠭᠪᠣᠷ                 ᠰᠤᠮᠤ ︵ᠪᠠᠯᠭᠠᠰᠤ᠂ ᠲᠠᠯᠠᠪᠠᠢ︶᠎ ᠶᠢᠨ                  ᠨᠤᠲᠤᠭ ᠪᠡᠯᠴᠢᠭᠡᠷ ︵ᠤᠢ ᠰᠢᠭᠤᠢ︶᠎ ᠤᠨ ᠲᠦᠢᠮᠡᠷ ᠤᠨ ᠪᠠᠶᠢᠳᠠᠯ ᠤᠨ ᠮᠡᠳᠡᠭᠦᠯᠦᠯᠲᠡ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠲᠤ᠄ ᠨᠢᠭᠡ᠂ ᠭᠠᠯ ᠤᠨ ᠠᠶᠤᠯ ᠤᠨ ᠪᠠᠶᠢᠳᠠᠯ 1. ᠭᠠᠯ ᠭᠠᠷᠤᠭᠰᠠᠨ ᠴᠠᠭ᠂ ᠭᠠᠵᠠᠷ                 ᠰᠤᠮᠤ ︵ᠪᠠᠯᠭᠠᠰᠤ ᠲᠠᠯᠠᠪᠠᠶ︶ ᡺  ᠣᠨ ᠤ ᡺ ᠰᠠᠷ᠎ᠠ ᠶᠢᠨ ᡺ ᠡᠳᠦᠷ ᡺ ᠴᠠᠭ ᠲᠤ᠂ ᠭᠠᠯ ᠤᠨ ᠪᠠᠶᠢᠳᠠᠯ ᠤᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂                ᠰᠤᠮᠤ ︵ᠪᠠᠯᠭᠠᠰᠤ︶᠎ ᠶᠢᠨ ᡺        ᠭᠠᠴᠠᠭ᠎ᠠ ︵ᠬᠤᠪᠢᠶᠠᠷᠢ ᠲᠠᠯᠠᠪᠠᠶ︶᠎ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠭᠠᠷᠴᠠᠢ᠃ ᠤᠷᠲᠤᠷᠢᠭ      ᠂ ᠥᠷᠭᠡᠷᠢᠭ      ᠃ 2. ᠭᠠᠯ ᠭᠠᠷᠤᠭᠰᠠᠨ ᠭᠠᠵᠠᠷ ᠤᠨ ᠪᠠᠶᠢᠳᠠᠯ᠂ ᠡᠷᠬᠢᠨ ᠲᠣᠭᠤᠷᠢᠨ ᠤ ᠪᠠᠶᠢᠳᠠᠯ᠂ ᠠᠳᠡᠯ ᠰᠢᠷᠬᠠᠲᠤᠯ᠂ ᠨᠤᠲᠤᠭ ᠪᠡᠯᠴᠢᠭᠡᠷ᠂ ᠲᠠᠯᠠᠪᠠᠢ᠂ ᠭᠠᠯ ᠭᠠᠷᠤᠭᠰᠠᠨ ᠰᠢᠯᠲᠠᠭᠠᠨᠣᠳᠣᠬᠠᠨ ᠤ ᠭᠠᠯ ᠭᠠᠷᠤᠭᠰᠠᠨ ᠭᠠᠵᠠᠷ ᠤᠨ ᠪᠠᠶᠢᠳᠠᠯ ᠲᠣᠭᠲᠠᠭᠤᠨ ︵ᠨᠡᠯᠢᠶᠡᠳ ᠪᠠᠭᠤᠷᠠᠢ᠂ ᠳᠤᠮᠳᠠ ᠵᠡᠷᠭᠡ᠂ ᠨᠡᠯᠢᠶᠡᠳ ᠴᠢᠩᠭ᠎ᠠ᠂ ᠬᠤᠷᠴᠠ ᠰᠢᠷᠦᠭᠦᠨ︶ ᠪᠠᠶᠢᠬᠤ ᠠᠴᠠ ᠪᠣᠯᠵᠤ᠂ ᠵᠡᠭᠦᠨ ︵ᠡᠮᠦᠨ᠎ᠡ᠂ ᠪᠠᠷᠠᠭᠤᠨ᠂ ᠤᠮᠠᠷ᠎ᠠ︶     ᠱᠤᠭᠤᠮ ᠳᠤ ᠭᠠᠯ ︵ᠲᠠᠰᠤᠯᠳᠠᠭᠤᠯᠤᠨ ᠦᠷᠭᠦᠯᠵᠢᠯᠡᠬᠦ︶ ᠦᠷᠭᠦᠯᠵᠢᠯᠡᠵᠦ᠂ ᠤᠷᠳᠤ      ᠮᠧᠲᠷ ︵ᠺᠢᠯᠣᠮᠧᠲᠷ︶᠂ ᠵᠡᠭᠦᠨᠰᠢ ︵ᠡᠮᠦᠨ᠎ᠡ᠂ ᠪᠠᠷᠠᠭᠤᠨ᠂ ᠤᠮᠠᠷ᠎ᠠ︶ ᠴᠢᠭᠯᠡᠯ ᠢᠶᠠᠷ ᠬᠥᠭᠵᠢᠵᠦ᠂ ᠳᠡᠯᠭᠡᠷᠡᠬᠦ ᠬᠤᠷᠳᠤᠴᠠ ᠨᠢ ᠨᠡᠯᠢᠶᠡᠳ ᠲᠦᠷᠭᠡᠨ ︵ᠤᠳᠠᠭᠠᠨ︶᠂ ᠤᠳᠤ ᠨᠢᠭᠡᠨᠲᠡ ᠬᠢᠵᠠᠭᠠᠷᠯᠠᠭᠰᠠᠨ ︵ᠬᠢᠵᠠᠭᠠᠷᠯᠠᠭᠠᠳᠤᠢ︶ ᠪᠠᠶᠢᠨ᠎ᠠ᠃ ᠭᠠᠯ ᠭᠠᠷᠤᠭᠰᠠᠨ ᠭᠠᠵᠠᠷ ᠤᠨ ᠡᠷᠬᠢᠨ ᠲᠣᠭᠤᠷᠢᠨ ᠳᠤ ᠴᠢᠬᠤᠯᠠ ᠪᠡᠯᠡᠳᠬᠡᠮᠵᠢ ᠵᠢᠴᠢ ᠰᠠᠭᠤᠭᠠᠯᠢ ᠠᠷᠠᠳ ᠪᠠᠶᠢᠵᠣ ︵ᠪᠠᠶᠢᠬᠤ ᠦᠭᠡᠢ︶ ᠂ ᠨᠢᠭᠡᠨᠲᠡ ᠲᠠᠷᠬᠠᠭᠠᠬᠤ ︵ᠲᠤᠰᠠᠭᠠᠷᠯᠠᠬᠤ ᠪᠦᠰᠡ ᠭᠠᠷᠭᠠᠬᠤ︶ ᠵᠡᠷᠭᠡ ᠠᠷᠭ᠎ᠠ ᠬᠡᠮᠵᠢᠶ᠎ᠡ ᠶᠢ ᠪᠠᠴᠢᠮ ᠠᠪᠴᠤ ᠰᠢᠢᠳᠪᠦᠷᠢᠯᠡᠭᠰᠡᠨ ᠪᠠᠶᠢᠨ᠎ᠠ᠃ ᠭᠠᠯ ᠤᠨ ᠭᠠᠮᠰᠢᠭ ᠲᠤ    ᠬᠥᠮᠥᠨ ᠰᠢᠷᠬᠠᠲᠤᠵᠦ ︵ᠦᠬᠦᠵᠦ︶᠂ ᠮᠠᠯ ᠤᠨᠤᠭ᠎ᠠ ᠶᠢ    ᠦᠬᠦᠭᠦᠯᠵᠦ᠂ ᠰᠢᠲᠠᠭᠠᠭᠳᠠᠭᠰᠠᠨ ᠲᠠᠯᠠᠪᠠᠢ ᠨᠢ    ᠾᠧᠺᠲ᠋ᠠᠷ ᠲᠤ ᠬᠦᠷᠴᠦ᠂             ᠰᠢᠯᠲᠠᠭᠠᠨ ᠠᠴᠠ ᠭᠠᠯ ᠭᠠᠷᠤᠭᠰᠠᠨ ᠪᠠᠶᠢᠵᠣ᠂             ᠨᠤᠲᠤᠭ ᠪᠡᠯᠴᠢᠭᠡᠷ ︵            ᠤᠢ ᠰᠢᠭᠤᠢ ᠪᠣᠯᠣᠨ᠎ᠠ︶᠎  ᠪᠣᠯᠣᠨ᠎ᠠ᠃ 3. ᠭᠠᠯ ᠤᠨ ᠲᠠᠯᠠᠪᠠᠢ ᠶᠢᠨ ᠴᠠᠭ ᠠᠭᠤᠷ ᠭᠠᠯ ᠤᠨ ᠲᠠᠯᠠᠪᠠᠢ ᠶᠢᠨ ᠠᠭᠤᠷ ᠠᠮᠢᠰᠬᠤᠯ ᠲᠤᠩᠭᠠᠯᠠᠭ ︵ᠡᠭᠦᠯᠡ ᠲᠠᠢ᠂ ᠡᠭᠦᠯᠡ ᠲᠠᠢ᠂ ᠪᠦᠷᠬᠦᠭ︶᠂ ᠰᠠᠯᠬᠢᠨ ᠤ ᠬᠦᠴᠦ      ᠂ ᠰᠠᠯᠬᠢᠨ ᠤ ᠴᠢᠭᠯᠡᠯ      ᠂ ᠳᠤᠯᠠᠭᠠᠨ ᠤ ᠬᠡᠮᠵᠢᠶ᠎ᠡ      ℃᠂ ᠪᠣᠷᠣᠭᠠᠨ ᠤ ᠬᠡᠮᠵᠢᠶ᠎ᠡ      ᠃ ᠬᠤᠶᠠᠷ᠂ ᠭᠠᠯ ᠤᠨᠲᠠᠷᠠᠭᠠᠵᠤ ᠠᠪᠤᠷᠠᠭᠰᠠᠨ ᠪᠠᠶᠢᠳᠠᠯ ︵ᠴᠡᠷᠢᠭ ᠤᠨ ᠬᠦᠴᠦᠨ ᠤ ᠪᠠᠶᠢᠷᠢᠯᠠᠭᠤᠯᠤᠯᠲᠠ᠂ ᠵᠢᠯᠣᠭᠤᠳᠤᠭᠴᠢ᠂ ᠭᠠᠯ ᠤᠨᠲᠠᠷᠠᠭᠠᠵᠤ ᠠᠪᠤᠷᠠᠬᠤ ᠠᠷᠭ᠎ᠠ ᠮᠠᠶ᠋ᠢᠭ︶ ᡺ ᠡᠳᠦᠷ ᡺ ᠴᠠᠭ ᠪᠣᠯᠲᠠᠯ᠎ᠠ ᠨᠡᠶᠢᠲᠡ     ᠴᠡᠷᠢᠭ ᠤᠨ ᠬᠦᠴᠦᠨ ︵ᠡᠭᠦᠨ ᠳᠤ ᠣᠶ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ     ᠬᠥᠮᠥᠨ᠂ ᠬᠠᠭᠠᠰ ᠲᠤᠰᠬᠠᠢ ᠭᠠᠯ ᠤᠨᠲᠠᠷᠠᠭᠠᠬᠤ ᠠᠩᠭᠢ     ᠬᠥᠮᠥᠨ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ     ᠬᠥᠮᠥᠨ᠂ ᠰᠠᠭᠤᠭ᠎ᠠ ᠴᠡᠷᠢᠭ ᠠᠩᠭᠢ     ᠬᠥᠮᠥᠨ᠂ ᠣᠯᠠᠨ ᠲᠦᠮᠡᠨ     ᠬᠥᠮᠥᠨ︶ ᠣᠷᠣᠭᠤᠯᠵᠤ᠂             ᠎ ᠎ ᠠᠴᠠ ᠲᠤᠰᠠᠯᠠᠬᠤ ᠴᠡᠷᠢᠭ ᠤᠨ ᠬᠦᠴᠦᠨ ︵ᠡᠭᠦᠨ ᠳᠤ ᠣᠶ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ     ᠬᠥᠮᠥᠨ᠂ ᠬᠠᠭᠠᠰ ᠲᠤᠰᠬᠠᠢ ᠭᠠᠯ ᠤᠨᠲᠠᠷᠠᠭᠠᠬᠤ ᠠᠩᠭᠢ      ᠬᠥᠮᠥᠨ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ     ᠬᠥᠮᠥᠨ᠂ ᠰᠠᠭᠤᠭ᠎ᠠ ᠴᠡᠷᠢᠭ ᠠᠩᠭᠢ     ᠬᠥᠮᠥᠨ᠂ ᠣᠯᠠᠨ ᠲᠦᠮᠡᠨ     ᠬᠥᠮᠥᠨ︶᠎ ᠢ ᠪᠠᠴᠢᠮ ᠲᠣᠮᠢᠯᠠᠵᠤ᠂ ᠵᠢᠱᠢᠯᠲᠡ ᠪᠠᠷ ᡺ ᠡᠳᠦᠷ ᡺ ᠴᠠᠭ ᠲᠤ ᠭᠠᠯ ᠭᠠᠷᠤᠭᠰᠠᠨ ᠭᠠᠵᠠᠷ ᠲᠤ ᠬᠦᠷᠭᠡᠨ᠎ᠡ᠃ ᠭᠠᠯ ᠭᠠᠷᠤᠭᠰᠠᠨ ᠭᠠᠵᠠᠷ ᠤᠨ ᠵᠡᠭᠦᠨ ︵ᠡᠮᠦᠨ᠎ᠡ᠂ ᠪᠠᠷᠠᠭᠤᠨ᠂ ᠬᠤᠶᠢᠨ᠎ᠠ︶ ᠱᠤᠭᠤᠮ ᠳᠤ ᠴᠡᠷᠢᠭ ᠤᠨ ᠬᠦᠴᠦᠨ     ᠬᠥᠮᠥᠨ ︵ᠡᠭᠦᠨ ᠳᠤ ᠣᠶ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ    ᠬᠥᠮᠥᠨ᠂ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠠᠩᠭᠢ      ᠬᠥᠮᠥᠨ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ     ᠬᠥᠮᠥᠨ᠂ ᠰᠠᠭᠤᠭ᠎ᠠ ᠴᠡᠷᠢᠭ ᠠᠩᠭᠢ     ᠬᠥᠮᠥᠨ᠂ ᠣᠯᠠᠨ ᠲᠦᠮᠡᠨ     ᠬᠥᠮᠥᠨ︶ ᠪᠠᠶᠢᠵᠤ᠂ ᠣᠳᠣᠬᠠᠨ ᠳᠤ ᠶᠠᠭ ᠬᠤᠷᠢᠭᠯᠠᠬᠤ ︵ᠴᠡᠪᠡᠷᠯᠡᠬᠦ︶ ᠠᠷᠭ᠎ᠠ ᠪᠠᠷ ᠭᠠᠯ ᠤᠨᠲᠠᠷᠠᠭᠠᠵᠤ ᠪᠠᠶᠢᠨ᠎ᠠ ︵ᠦᠯᠡᠳᠡᠭᠰᠡᠨ ᠭᠠᠯ︶᠃ ᠭᠠᠯ ᠤᠨ ᠲᠠᠯᠠᠪᠠᠢ ᠳᠤ ᠣᠳᠣ      ᠲᠡᠷᠭᠡ ᠬᠥᠰᠬᠡ ᠪᠤᠶ᠃ ᠭᠠᠯ ᠤᠨ ᠲᠠᠯᠠᠪᠠᠢ ᠶᠢᠨ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠢ             ᠎ ᠂              ᠎ ᠎ ᠢ ᠡᠮᠦᠨ᠎ᠡ ᠹᠷᠣᠨᠲ ᠤᠨ ᠶᠡᠷᠦᠩᠬᠡᠢ ᠵᠢᠯᠣᠭᠤᠳᠤᠭᠴᠢ ᠪᠠᠷ ᠲᠣᠬᠢᠷᠠᠭᠤᠯᠵᠤ᠂ ᠤᠲᠠᠰᠤ             ᠎ ᠃ ᠭᠤᠷᠪᠠ᠂ ᠭᠠᠯ ᠤᠨᠲᠠᠷᠠᠭᠠᠬᠤ ᠠᠴᠠ ᠡᠮᠦᠨ᠎ᠡ ᠠᠵᠢᠯ ᠤᠨ ᠪᠠᠶᠢᠳᠠᠯ ︵ᠴᠣᠬᠤᠯᠠᠪᠤᠷᠢ᠂ ᠭᠠᠯ ᠤᠨᠲᠠᠷᠠᠭᠠᠬᠤ ᠲᠥᠰᠥᠯ             ᠤᠳᠤᠷᠢᠳᠤᠯᠭ᠎ᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽᡺              ︾ ᠭᠡᠵᠦ ᠴᠣᠬᠤᠯᠠᠪᠤᠷᠢᠯᠠᠵᠤ᠂ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠠᠴᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠥᠰᠥᠯ ᠢ ᠲᠣᠭᠲᠠᠭᠠᠪᠠ᠃             ᠤᠳᠤᠷᠢᠳᠤᠯᠭ᠎ᠠ ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠲᠥᠪ ᠲᠤ ᠰᠠᠭᠤᠵᠤ ᠵᠢᠯᠣᠭᠤᠳᠤᠨ᠎ᠠ ᠃               ᠳᠤᠭᠤᠶᠢᠯᠠᠩ ᠤᠨ ᠳᠠᠷᠤᠭ᠎ᠠ ᠪᠣᠯᠤᠭᠰᠠᠨ ᠠᠵᠢᠯᠯᠠᠬᠤ ᠳᠤᠭᠤᠶᠢᠯᠠᠩ ᠨᠢᠭᠡᠨᠲᠡ ᠲᠦᠢᠮᠡᠷ ᠤᠨ ᡺ ᠡᠳᠦᠷ ᡺ ᠴᠠᠭ ᠲᠤ ᠭᠠᠯ ᠭᠠᠷᠤᠭᠰᠠᠨ ᠭᠠᠵᠠᠷ ᠲᠤ ᠬᠦᠷᠴᠦ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠴᠠᠭᠤᠯᠪᠠ᠃ ᠳᠥᠷᠪᠡ᠂ ᠪᠤᠰᠤᠳ ᠪᠠᠶᠢᠳᠠᠯ ︵ᠭᠠᠯ ᠭᠠᠷᠤᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ᠂ ᠲᠤᠰᠠᠯᠠᠭᠰᠠᠨ ᠵᠡᠷᠭᠡ︶ ᠡᠳᠦᠭᠡ ᠨᠢᠭᠡᠨᠲᠡ ᠪᠠᠶᠢᠴᠠᠭᠠᠨ ᠲᠣᠳᠣᠯᠠᠭᠰᠠᠨ ᠭᠠᠯ ᠨᠢ ᠲᠠᠮᠠᠬᠢ ᠲᠠᠲᠠᠭᠰᠠᠨ ᠠᠴᠠ ᠪᠣᠯᠵᠤ ︵ᠠᠲᠠᠷ ᠬᠠᠭᠠᠯᠪᠤᠷᠢᠯᠠᠬᠤ ᠂ ᠥᠨᠳᠥᠷ ᠳᠠᠷᠤᠯᠲᠠᠲᠤ ᠤᠲᠠᠰᠤ ᠲᠠᠲᠠᠬᠤ᠂ ᠪᠤᠯᠠᠰᠢᠨ ᠳᠤ ᠭᠠᠷᠭᠠᠵᠤ ᠴᠠᠭᠠᠰᠤ ᠰᠢᠲᠠᠭᠠᠬᠤ᠂ ᠰᠢᠲᠠᠭᠠᠵᠤ ᠠᠷᠢᠯᠭᠠᠬᠤ ᠪᠠᠷ ᠲᠥᠯᠥᠪᠯᠡᠵᠦ ᠪᠣᠶ ᠁︶᠂ ᠬᠡᠷᠡᠭ ᠭᠠᠷᠭᠠᠭᠰᠠᠨ ︵             ᠎ ᠂ ᠡᠷᠡᠭᠲᠡᠢ / ᠡᠮᠡᠭᠲᠡᠢ᠂             ᠨᠠᠰᠤ᠂ ᠬᠤᠰᠢᠭᠤ ᠰᠢᠶᠠᠨ             ᠰᠤᠮᠤ ᠪᠠᠯᠭᠠᠰᠤ             ᠭᠠᠴᠠᠭᠠᠨ ᠤ ᠠᠷᠠᠳ︶ ᠂ ᠣᠲᠣ ᠨᠢᠭᠡᠨᠲᠡ ᠲᠦᠷ ᠬᠤᠷᠢᠪᠠ᠃             ᠎              ᠲᠤᠰᠠᠯᠠᠮᠵᠢ ᠬᠡᠷᠡᠭ ᠲᠠᠢ᠃ᠰᠢᠨ᠎ᠡ ᠪᠠᠶᠢᠳᠠᠯ ᠲᠠᠢ ᠪᠣᠯ ᠵᠠᠯᠭᠠᠵᠤ ᠮᠡᠳᠡᠭᠦᠯᠦᠭᠡᠷᠡᠢ᠃ ︵ᠲᠤᠰ ᠤᠳᠠᠭᠠᠨ ᠤ ᠭᠠᠯ ᠤᠨ ᠠᠶᠤᠯ ᠤᠨ ᠬᠠᠮᠤᠭ ᠤᠨ ᠰᠡᠭᠦᠯᠴᠢ ᠶᠢᠨ ᠨᠢᠭᠡ ᠤᠳᠠᠭᠠᠨ ᠤ ᠮᠡᠳᠡᠭᠦᠯᠦᠯᠲᠡ︶ ᠣᠨᠴᠠᠭᠠᠶᠢᠯᠠᠨ ᠮᠡᠳᠡᠭᠦᠯᠪᠡ᠃ ᠮᠡᠳᠡᠭᠦᠯᠦᠭᠰᠡᠨ ᠡᠳᠦᠷ ᠬᠤᠭᠤᠴᠠᠭ᠎ᠠ᠄             ᠎  ᠳᠠᠭᠠᠯᠳᠤᠭᠤᠯᠤᠯ 8 ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠳᠤ ᠠᠩᠬᠠᠷᠬᠤ ᠵᠦᠢᠯᠡᠰ 1. ᠭᠠᠯ ᠤᠨᠲᠠᠷᠠᠭᠠᠬᠤ ᠠᠮᠤᠷ ᠲᠦᠪᠰᠢᠨ ᠤ ᠰᠠᠬᠢᠯᠭ᠎ᠠ ᠳᠦᠷᠢᠮ ⑴ᠤᠢ ᠰᠢᠭᠤᠢ ᠶᠢᠨ ᠭᠠᠯ ᠤᠨ ᠠᠶᠤᠯ ᠢ ᠤᠨᠲᠠᠷᠠᠭᠠᠬᠤ ᠳᠤ ᠵᠡᠮᠳᠡᠭᠴᠦᠳ᠂ ᠨᠠᠰᠤᠲᠠᠶᠢᠴᠤᠳ᠂ ᠡᠮᠡᠭᠲᠡᠶᠢᠴᠦᠳ ᠪᠠ ᠬᠡᠦᠬᠡᠳ ᠢ ᠲᠡᠶᠢᠴᠢᠯᠡᠵᠦ ᠪᠣᠯᠬᠤ ᠤᠶᠢᠭᠡᠢ᠃ ⑵ᠭᠠᠯ ᠤᠨᠲᠠᠷᠠᠭᠠᠬᠤ ᠠᠩᠭᠢ ᠶᠢᠨ ᠭᠡᠰᠢᠭᠦᠨ ᠡᠷᠬᠡᠪᠰᠢ ᠭᠠᠯ ᠤᠨᠲᠠᠷᠠᠭᠠᠬᠤ ᠠᠶᠤᠯᠭᠦᠢ ᠶᠢᠨ ᠪᠣᠯᠪᠠᠰᠤᠷᠠᠯ ᠢ ᠬᠥᠷᠳᠡᠬᠦ ᠶᠢᠨ ᠬᠠᠮᠲᠤ ᠪᠣᠯᠪᠠᠰᠤᠷᠠᠯ ᠳᠤ ᠬᠢᠷᠢ ᠲᠡᠩᠴᠡᠭᠰᠡᠨ ᠦᠨᠡᠮᠯᠡᠯ ᠣᠯᠣᠭᠰᠠᠨ ᠪᠠᠶᠢᠬᠤ ᠬᠡᠷᠡᠭᠲᠡᠢ᠃ ⑶ᠭᠠᠯ ᠭᠠᠷᠤᠭᠰᠠᠨ ᠭᠠᠵᠠᠷ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠨᠢᠭᠡᠳᠦᠯᠲᠡᠢ ᠵᠢᠯᠣᠭᠤᠳᠤᠯᠭ᠎ᠠ ᠪᠠ ᠲᠣᠬᠢᠷᠠᠭᠤᠯᠤᠯᠲᠠ ᠶᠢ ᠳᠠᠭᠠᠵᠤ᠂ ᠭᠠᠭᠴᠠᠭᠠᠷ ᠢᠶᠠᠨ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃ ⑷ ᠴᠠᠭ ᠢᠮᠠᠭᠲᠠ ᠰᠠᠭᠠᠳ ᠦᠭᠡᠢ ᠨᠡᠪᠲᠡᠷᠡᠬᠦ ᠬᠠᠷᠢᠯᠴᠠᠭ᠎ᠠ ᠬᠤᠯᠪᠣᠭ᠎ᠠ ᠶᠢ ᠪᠠᠲᠤᠯᠠᠨ᠎ᠠ᠃ ⑸ᠭᠠᠯ ᠤᠨᠲᠠᠷᠠᠭᠠᠬᠤ ᠠᠩᠭᠢ ᠶᠢᠨ ᠬᠢᠨ ᠳᠤᠭᠤᠯᠠᠭ᠎ᠠ᠂ ᠭᠠᠯ ᠰᠡᠷᠭᠡᠶᠢᠯᠡᠬᠦ ᠬᠤᠪᠴᠠᠰᠤ᠂ ᠪᠡᠭᠡᠯᠡᠢ᠂ ᠭᠠᠯ ᠰᠡᠷᠭᠡᠶᠢᠯᠡᠬᠦ ᠭᠤᠳᠤᠯ ᠪᠠ ᠭᠠᠯ ᠤᠨᠲᠠᠷᠠᠭᠠᠬᠤ ᠮᠠᠰᠢᠨ ᠪᠠᠭᠠᠵᠢ ᠵᠡᠷᠭᠡ ᠴᠢᠬᠤᠯᠠ ᠪᠦᠬᠦᠢ ᠲᠣᠨᠣᠭᠯᠠᠯ ᠢ ᠲᠣᠬᠢᠷᠠᠭᠤᠯᠬᠤ ᠴᠢᠬᠤᠯᠠ ᠲᠠᠢ ᠪᠠᠶᠢᠬᠤ ᠶᠢ ᠵᠢᠭᠠᠵᠤ ᠪᠠᠶᠢᠨ᠎ᠠ᠃ ⑹ᠭᠠᠯ ᠤᠨ ᠲᠠᠯᠠᠪᠠᠢ ᠶᠢᠨ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠤᠨ ᠠᠵᠢᠭᠯᠠᠵᠤ᠂ ᠢᠯᠠᠩᠭᠤᠶ᠎ᠠ ᠦᠳᠡ ᠶᠢᠨ ᠬᠤᠶᠢᠨ᠎ᠠ ᠤᠢ ᠰᠢᠭᠤᠢ ᠶᠢᠨ ᠭᠠᠯ ᠤᠨ ᠭᠠᠮᠰᠢᠭ ᠤᠨ ᠦᠬᠦᠯ ᠰᠢᠷᠬᠠᠲᠤᠯ ᠤᠨ ᠡ᠊ᠨᠳᠡᠯ ᠶᠡᠭᠡ ᠭᠠᠷᠤᠭᠰᠠᠨ ᠴᠠᠭ ᠠᠭᠤᠷ ᠤᠨ ᠪᠠᠶᠢᠳᠠᠯ ᠢ ᠠᠩᠬᠠᠷᠬᠤ ᠬᠡᠷᠡᠭᠲᠡᠢ᠃ ⑺ᠭᠠᠯ ᠤᠨ ᠲᠠᠯᠠᠪᠠᠢ ᠶᠢᠨ ᠨᠣᠴᠣᠮᠠᠲᠠᠭᠠᠢ ᠪᠣᠳᠠᠰ ᠤᠨ ᠲᠥᠷᠥᠯ ᠵᠦᠢᠯ ᠵᠢᠴᠢ ᠨᠣᠴᠣᠮᠠᠲᠠᠭᠠᠢ ᠬᠡᠮᠵᠢᠶ᠎ᠡ ᠶᠢ ᠨᠢᠭᠲᠠ ᠠᠩᠬᠠᠷᠴᠤ᠂ ᠨᠣᠴᠣᠮᠠᠲᠠᠭᠠᠢ ᠣᠷᠣᠨ ᠳᠤ ᠣᠷᠣᠬᠤ ᠠᠴᠠ ᠵᠠᠶᠢᠯᠠᠰᠬᠢᠨ᠎ᠡ᠃ ⑻ᠭᠠᠯ ᠤᠨ ᠲᠠᠯᠠᠪᠠᠢ ᠶᠢᠨ ᠭᠠᠵᠠᠷ ᠤᠨ ᠪᠠᠶᠢᠴᠠ ᠶᠢᠨ ᠨᠥᠬᠦᠴᠡᠯ ᠢ ᠠᠩᠬᠠᠷᠬᠤ ᠬᠡᠷᠡᠭᠲᠡᠢ᠃ ᠭᠠᠯ ᠤᠨᠲᠠᠷᠠᠭᠠᠬᠤ ᠠᠩᠭᠢ ᠶᠢᠨ ᠬᠢᠨ ᠭᠤᠷᠪᠠᠨ ᠲᠠᠯ᠎ᠠ ᠪᠠᠷ ᠢᠶᠠᠨ ᠠᠭᠤᠯᠠ ᠬᠦᠷᠢᠶᠡᠯᠡᠬᠦ᠂ ᠡᠮᠡᠭᠡᠯᠯᠢᠭ ᠠᠭᠤᠯᠠᠨ ᠬᠥᠨᠳᠡᠢ᠂ ᠨᠠᠷᠢᠨ ᠬᠥᠨᠳᠡᠢ᠂ ᠢᠪᠴᠤᠤ ᠬᠦᠲᠦᠯ ᠭᠤᠤ᠂ ᠠᠭᠤᠯᠠᠨ ᠡᠩᠭᠡᠷ ᠪᠠᠯ ᠵᠡᠷᠭᠡ ᠭᠠᠵᠠᠷ ᠲᠤ ᠣᠷᠣᠵᠤ ᠰᠢᠭᠤᠳ ᠭᠠᠯ ᠤᠨᠲᠠᠷᠠᠭᠠᠵᠤ ᠪᠣᠯᠬᠤ ᠦᠭᠡᠢ᠃ ⑼ᠣᠶ ᠰᠢᠭᠤᠢ ᠶᠢᠨ ᠲᠦᠢᠮᠡᠷ ᠢ ᠤᠨᠲᠠᠷᠠᠭᠠᠬᠤ ᠳᠠᠭᠠᠨ ᠤᠷᠢᠳ ᠢᠶᠠᠷ ᠲᠦᠢᠮᠡᠷ ᠠᠴᠠ ᠵᠠᠶᠢᠯᠠᠬᠤ ᠠᠮᠤᠷ ᠲᠦᠪᠰᠢᠨ ᠤ ᠣᠷᠣᠨ ᠪᠠ ᠤᠬᠤᠷᠢᠬᠤ ᠵᠠᠮ ᠢ ᠰᠠᠶᠢᠲᠤᠷ ᠰᠣᠩᠭᠤᠵᠤ᠂ ᠭᠡᠨᠡᠳᠲᠡ ᠶᠢᠨ ᠠᠶᠤᠯ ᠠᠴᠠ ᠰᠡᠷᠭᠡᠶᠢᠯᠡᠵᠦ᠂ ᠠᠶᠤᠯ ᠲᠦᠭᠰᠢᠭᠦᠷᠢᠲᠡᠢ ᠭᠠᠵᠠᠷ ᠲᠤ ᠣᠷᠣᠬᠤ ᠳᠤ ᠭᠦᠷᠪᠡᠯ᠂ ᠤᠬᠠᠭᠠᠯᠢᠭ ᠪᠠᠶᠢᠵᠣ᠂ ᠢᠳᠡᠪᠬᠢᠲᠡᠢ ᠪᠠᠷ ᠠᠷᠭ᠎ᠠ ᠰᠦᠪᠡᠭᠴᠢᠯᠡᠨ ᠥᠪᠡᠷ ᠢ ᠪᠠᠨ ᠠᠪᠤᠷᠠᠨ᠎ᠠ᠃ ⑽ᠭᠠᠯ ᠤᠨᠲᠠᠷᠠᠭᠠᠬᠤ ᠳᠤ ᠬᠦᠴᠦ ᠲᠠᠮᠢᠷ ᠲᠤᠶᠢᠯ ᠤᠨ ᠶᠡᠭᠡ ᠵᠠᠷᠤᠴᠠᠭᠤᠯᠤᠭᠳᠠᠳᠠᠭ ᠪᠣᠯᠬᠤᠷ ᠴᠠᠭ ᠲᠤᠬᠠᠢ ᠳᠤᠨᠢ ᠠᠮᠠᠷᠠᠭᠤᠯᠤᠨ ᠴᠡᠭᠴᠡᠯᠡᠵᠦ᠂ ᠴᠤᠭ ᠪᠠᠳᠠᠷᠠᠩᠭᠤᠢ ᠬᠦᠴᠦᠨ ᠲᠡᠭᠦᠯᠳᠡᠷ ᠪᠠᠶᠢᠬᠤ ᠬᠡᠷᠡᠭᠲᠡᠢ᠃ 2. ᠤᠢ ᠰᠢᠭᠤᠢ ᠶᠢᠨ ᠭᠠᠯ ᠤᠨ ᠠᠶᠤᠯ ᠢ ᠤᠨᠲᠠᠷᠠᠭᠠᠬᠤ ᠳᠤ ᠠᠩᠬᠠᠷᠬᠤ ᠵᠦᠢᠯᠡᠰ ⑴ᠭᠠᠯ ᠤᠨ ᠥᠭᠡᠳᠡ ᠠᠴᠠ ᠭᠠᠯ ᠤᠨ ᠲᠠᠯᠠᠪᠠᠢ ᠳᠤ ᠣᠶᠢᠷᠠᠳᠬᠤ ᠦᠭᠡᠢ᠂ ᠭᠠᠯ ᠤᠨ ᠣᠷᠣᠭᠤ ᠲᠠᠯ᠎ᠠ᠂ ᠬᠠᠵᠠᠭᠤ ᠲᠠᠯ᠎ᠠ ᠠᠴᠠ ᠭᠠᠯ ᠤᠨ ᠲᠠᠯᠠᠪᠠᠢ ᠳᠤ ᠣᠶᠢᠷᠠᠳᠬᠤ ᠬᠡᠷᠡᠭᠲᠡᠢ᠃ ᠭᠠᠯ ᠤᠨ ᠡᠷᠴᠢ ᠶᠢ ᠳᠠᠷᠤᠬᠤ ᠳᠠᠭᠠᠨ ᠭᠠᠯ ᠤᠨ ᠡᠷᠴᠢ ᠶᠢᠨ ᠬᠤᠶᠠᠷ ᠲᠠᠯ᠎ᠠ ᠠᠴᠠ ᠭᠠᠯ ᠤᠨ ᠲᠠᠯᠠᠪᠠᠶ ᠳᠤ ᠣᠶᠢᠷᠠᠳᠬᠤ ᠬᠡᠷᠡᠭᠲᠡᠢ᠃ ⑵ᠠᠭᠤᠯᠠᠨ ᠣᠷᠣᠢ ᠠᠴᠠ ᠠᠭᠤᠯᠠᠨ ᠬᠤᠷᠮᠤᠢ᠂ ᠠᠭᠤᠯᠠ ᠶᠢᠨ ᠬᠢᠷ᠎ᠠ ᠶᠢ ᠳᠠᠪᠠᠭ᠋ᠤ᠂ ᠡᠮᠡᠭᠡᠯᠯᠢᠭ ᠠᠭᠤᠯᠠᠨ ᠶᠢᠨ ᠬᠦᠨᠳᠡᠢ ᠵᠡᠷᠭᠡ ᠪᠠᠷ ᠭᠠᠯ ᠤᠨ ᠲᠠᠯᠠᠪᠠᠢ ᠲᠠᠢ ᠣᠶᠢᠷᠠᠳᠴᠤ ᠪᠣᠯᠬᠤ ᠦᠭᠡᠢ᠂ ᠠᠭᠤᠯᠠᠨ ᠬᠤᠷᠮᠤᠢ ᠠᠴᠠ ᠪᠤᠶᠤ ᠠᠭᠤᠯᠠ ᠶᠢ ᠲᠣᠭᠤᠷᠢᠵᠤ ᠭᠠᠷᠤᠭᠠᠳ ᠭᠠᠯ ᠤᠨ ᠲᠠᠯᠠᠪᠠᠢ ᠲᠠᠢ ᠤᠶᠢᠷᠠᠲᠣᠨ᠎ᠠ᠃ ⑶ᠠᠭᠤᠯᠠ ᠶᠢᠨ ᠭᠠᠯ ᠤᠨ ᠳᠡᠭᠡᠷ᠎ᠡ ᠲᠠᠯ᠎ᠠ ᠪᠠ ᠠᠭᠤᠯᠠ ᠶᠢᠨ ᠬᠢᠷ᠎ᠠ ᠶᠢᠨ ᠱᠤᠭᠤᠮ ᠤᠨ ᠬᠡᠰᠡᠭ ᠲᠤ ᠲᠤᠰᠠᠭᠠᠷᠯᠠᠬᠤ ᠪᠦᠰᠡ ᠭᠠᠷᠭᠠᠬᠤ ᠦᠭᠡᠢ᠂ ᠠᠭᠤᠯᠠ ᠶᠢᠨ ᠠᠷᠤ ᠬᠥᠲᠥᠯ ᠳᠤ ᠲᠤᠰᠠᠭᠠᠷᠯᠠᠬᠤ ᠪᠦᠰᠡ ᠭᠠᠷᠭᠠᠬᠤ ᠬᠡᠷᠡᠭᠲᠡᠢ᠃⑷ᠲᠤᠰᠠᠭᠠᠷᠯᠠᠬᠤ ᠪᠦᠰᠡ ᠭᠠᠷᠭᠠᠬᠤ ᠦᠶ᠎ᠡ ᠳᠤ᠂ ᠠᠶᠤᠯ ᠠᠴᠠ ᠵᠠᠶᠢᠯᠠᠬᠤ ᠠᠶᠤᠯᠭᠦᠢ ᠶᠢᠨ ᠣᠷᠣᠨ ᠢ ᠲᠣᠭᠲᠠᠭᠠᠬᠤ ᠪᠤᠶᠤ ᠭᠠᠷᠭᠠᠬᠤ ᠶᠢᠨ ᠬᠠᠮᠲᠤ ᠵᠠᠶᠢᠯᠠᠬᠤ ᠵᠠᠮ ᠢ ᠲᠣᠳᠣᠷᠬᠠᠢ ᠲᠣᠭᠲᠠᠭᠠᠬᠤ ᠬᠡᠷᠡᠭᠲᠡᠢ᠃ ⑸ᠲᠤᠰᠠᠭᠠᠷᠯᠠᠬᠤ ᠪᠦᠰᠡ ᠭᠠᠷᠭᠠᠭᠰᠠᠨ ᠤ ᠲᠠᠷᠠᠭ᠎ᠠ᠂ ᠴᠢᠬᠤᠯᠠ ᠲᠠᠢ ᠦᠶ᠎ᠡ ᠳᠤ ᠲᠥᠯᠥᠪᠯᠡᠭᠡ ᠲᠠᠢ᠂ ᠵᠣᠬᠢᠶᠠᠨ ᠪᠠᠶᠢᠭᠤᠯᠤᠯᠲᠠ ᠲᠠᠢ ᠪᠠᠷ ᠲᠤᠰᠠᠭᠠᠷᠯᠠᠬᠤ ᠪᠦᠰᠡ ᠶᠢᠨ ᠳᠣᠲᠣᠷ᠎ᠠ ᠲᠠᠯ᠎ᠠ ᠶᠢᠨ ᠬᠥᠪᠡᠭᠡ ᠪᠠᠷ ᠭᠠᠯ ᠨᠣᠴᠤᠭᠠᠵᠤ᠂ ᠲᠤᠰᠠᠭᠠᠷᠯᠠᠬᠤ ᠪᠦᠰᠡ ᠶᠢᠨ  ᠲᠠᠯᠠᠪᠠᠢ ᠶᠢ ᠥᠷᠭᠡᠳᠬᠡᠵᠦ ᠪᠣᠯᠣᠨ᠎ᠠ᠃ ⑹ᠭᠠᠯ ᠭᠠᠷᠤᠭᠰᠠᠨ ᠭᠠᠵᠠᠷ ᠤᠨ ᠣᠶᠢᠷᠠᠯᠴᠠᠭ᠎ᠠ ᠭᠤᠣᠯ ᠮᠥᠷᠡᠨ᠂ ᠭᠤᠷᠤᠬ᠎ᠠ᠂ ᠵᠠᠰᠠᠮᠠᠯ ᠵᠠᠮ᠂ ᠵᠥᠷᠢᠭ ᠵᠠᠮ᠂ ᠲᠡᠮᠦᠷ ᠵᠠᠮ ᠪᠠᠶᠢᠬᠤ ᠦᠶ᠎ᠡ ᠳᠤ᠂ ᠨᠢᠭᠡᠳᠦᠯᠲᠡᠢ ᠵᠣᠬᠢᠶᠠᠨ ᠪᠠᠶᠢᠭᠤᠯᠤᠯᠲᠠ ᠶᠢᠨ ᠳᠣᠣᠷ᠎ᠠ ᠪᠠᠰᠠ ᠡᠭᠦᠨ ᠢᠶᠠᠷ ᠲᠦᠰᠢᠭ ᠪᠣᠯᠭᠠᠵᠤ ᠥᠭᠡᠳᠡ ᠠᠴᠠ ᠨᠢ ᠭᠠᠯ ᠲᠠᠯᠪᠢᠨ ᠭᠠᠯ ᠤᠨᠲᠠᠷᠠᠭᠠᠵᠤ ᠪᠣᠯᠣᠨ᠎ᠠ᠃ ᠭᠡᠪᠡᠴᠦ ᠵᠠᠰᠠᠮᠠᠯ ᠵᠠᠮ᠂ ᠲᠡᠮᠦᠷ ᠵᠠᠮ ᠤᠨ ᠬᠥᠭᠦᠷᠭᠡ᠂ ᠭᠤᠯᠳᠤᠩ ᠶᠢ ᠭᠠᠯᠳᠠᠬᠤ ᠠᠴᠠ ᠰᠡᠷᠭᠡᠶᠢᠯᠡᠬᠦ ᠬᠡᠷᠡᠭᠲᠡᠢ᠃ ⑺ ᠠᠮᠤᠰᠬᠢᠬᠤ ᠦᠶ᠎ᠡ ᠳᠤ᠂ ᠭᠠᠯ ᠤᠨᠲᠠᠷᠠᠭᠠᠬᠤ ᠱᠣᠭᠤᠮ ᠤᠨ ᠬᠦᠪᠡᠭᠡᠨ ᠳᠤ ᠠᠮᠤᠰᠬᠢᠬᠤ ᠬᠡᠷᠡᠭᠲᠡᠢ᠃ 3. ᠣᠶ ᠰᠢᠭᠤᠢ ᠶᠢᠨ ᠭᠠᠯ ᠤᠨ ᠭᠠᠮᠰᠢᠭ ᠢ ᠤᠨᠲᠠᠷᠠᠭᠠᠬᠤ ᠠᠷᠭ᠎ᠠ ᠵᠠᠮ ᠰᠢᠲᠠᠯᠲᠠ ᠡᠭᠦᠰᠬᠦ ᠳᠤ ᠡᠷᠬᠡᠪᠰᠢ ᠰᠢᠲᠠᠮᠠᠬᠠᠢ ᠪᠣᠳᠠᠰ᠂ ᠬᠦᠴᠢᠯᠲᠥ᠋ᠷᠥᠭᠴᠢ ᠪᠣᠯᠣᠨ ᠭᠠᠯ ᠤᠨ ᠰᠤᠷᠪᠤᠯᠵᠢ ᠵᠡᠷᠭᠡ ᠭᠤᠷᠪᠠᠨ ᠡᠯᠧᠮᠧᠨ᠋ᠲ ᠢ ᠪᠦᠷᠢᠯᠳᠦᠭᠦᠯᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠤᠮᠠᠭᠴᠠ ᠡᠷᠬᠡᠪᠰᠢ ︽ᠡᠷᠲᠡ ᠤᠨᠲᠠᠷᠭᠠᠬᠤ᠂ ᠪᠠᠭ᠎ᠠ ᠳᠤ ᠤᠨᠲᠠᠷᠭᠠᠬᠤ᠂ ᠲᠦᠷᠭᠡᠨ ᠤᠨᠲᠠᠷᠭᠠᠬᠤ︾ ᠵᠠᠷᠴᠢᠮ ᠢᠶᠠᠷ ᠴᠠᠭ ᠮᠥᠴᠡ ᠶᠢ ᠠᠯᠳᠠᠯ ᠦᠭᠡᠢ ᠪᠠᠷ ᠭᠠᠯ ᠤᠨ ᠭᠠᠮᠰᠢᠭ ᠢ ᠠᠩᠬᠠᠨ ᠤ ᠱᠠᠲᠤᠨ ᠳᠤ ᠤᠰᠠᠳᠬᠠᠬᠤ ᠬᠡᠷᠡᠭᠲᠡᠢ᠃ ⑴ᠬᠠᠯᠠᠭᠤᠨ ᠢ ᠲᠠᠷᠬᠠᠭᠠᠵᠤ ᠬᠠᠯᠠᠭᠤᠨ ᠢ ᠪᠠᠭᠤᠷᠠᠭᠤᠯᠤᠨ᠂ ᠰᠢᠲᠠᠮᠠᠬᠠᠢ ᠪᠣᠳᠠᠰ ᠤᠨ ᠳᠤᠯᠠᠭᠠᠨ ᠤ ᠬᠡᠮᠵᠢᠶ᠎ᠡ ᠶᠢ ᠳᠣᠷᠣᠭᠰᠢᠯᠠᠭᠤᠯᠤᠭᠠᠳ ᠰᠢᠲᠠᠯᠲᠠ ᠶᠢᠨ ᠴᠡᠭ ᠠᠴᠠ ᠳᠣᠷᠣᠭᠰᠢ ᠪᠣᠯᠭᠠᠵᠤ ᠤᠨᠲᠠᠷᠠᠭᠠᠨ᠎ᠠ᠂ ᠭᠤᠣᠯᠳᠠᠭᠤ ᠬᠦᠢᠲᠡᠨ ᠤᠰᠤ ᠰᠦᠷᠴᠢᠵᠦ᠂ ᠢᠯᠴᠢ ᠶᠢᠨ ᠬᠡᠮᠵᠢᠶ᠎ᠡ ᠶᠢ ᠰᠢᠩᠭᠡᠭᠡᠵᠦ᠂ ᠳᠤᠯᠠᠭᠠᠨ ᠤ ᠬᠡᠮᠵᠢᠶ᠎ᠡ ᠶᠢ ᠳᠣᠷᠣᠭᠰᠢᠯᠠᠭᠤᠯᠤᠨ᠂ ᠬᠥᠷᠥᠭᠡᠵᠦ ᠬᠠᠯᠠᠭᠤᠨ ᠢ ᠪᠠᠭᠤᠷᠠᠭᠤᠯᠤᠭᠠᠳ ᠰᠢᠲᠠᠯᠲᠠ ᠶᠢᠨ ᠴᠡᠭ ᠠᠴᠠ ᠳᠣᠷᠣᠭᠰᠢ ᠪᠣᠯᠭᠠᠵᠤ ᠤᠨᠲᠠᠷᠠᠭᠠᠨ᠎ᠠ︔ ᠨᠣᠶᠢᠲᠠᠨ ᠰᠢᠷᠣᠢ ᠪᠠᠷ ᠰᠢᠲᠠᠯᠲᠠ ᠶᠢᠨ ᠪᠣᠳᠠᠰ ᠢ ᠪᠦᠷᠬᠦᠪᠡᠯ ᠪᠠᠰᠠ ᠬᠥᠷᠥᠭᠡᠵᠦ ᠳᠤᠯᠠᠭᠠᠨ ᠢ ᠪᠠᠭᠤᠷᠠᠭᠤᠯᠬᠤ ᠦᠷ᠎ᠡ ᠳ᠋ᠦᠩ ᠳᠤ ᠬᠦᠷᠴᠦ ᠴᠢᠳᠠᠨ᠎ᠠ᠃ ⑵ᠢᠯᠴᠢ ᠶᠢᠨ ᠰᠤᠷᠪᠤᠯᠵᠢ  ︵ᠭᠠᠯ ᠤᠨ ᠰᠤᠷᠪᠤᠯᠵᠢ︶᠎ ᠶᠢ ᠲᠤᠰᠠᠭᠠᠷᠯᠠᠵᠤ᠂ ᠨᠣᠴᠣᠵᠤ ᠪᠠᠶᠢᠭ᠎ᠠ ᠰᠢᠲᠠᠮᠠᠬᠠᠢ ᠪᠣᠳᠠᠰ ᠢ ᠨᠣᠴᠣᠭᠠᠳᠤᠢ ᠰᠢᠲᠠᠮᠠᠬᠠᠢ ᠪᠣᠳᠠᠰ ᠠᠴᠠ ᠲᠤᠰᠠᠭᠠᠷᠯᠠᠵᠤ᠂ ᠭᠠᠯ ᠤᠨ ᠳᠠᠮᠵᠢᠭᠤᠯᠣᠭᠳᠠᠬᠤ ᠶᠢ ᠲᠠᠰᠤᠯᠠᠵᠣ᠂ ᠭᠠᠯ ᠤᠨᠲᠠᠷᠠᠭᠠᠬᠤ ᠵᠣᠷᠢᠯᠭ᠎ᠠ ᠳᠤ ᠬᠦᠷᠳᠡᠭ᠃   ᠢᠯᠴᠢ ᠶᠢᠨ ᠰᠤᠷᠪᠤᠯᠵᠢ ︵ᠭᠠᠯ ᠤᠨ ᠰᠤᠷᠪᠤᠯᠵᠢ︶᠎ ᠶᠢ ᠲᠠᠰᠤᠯᠬᠤ ᠶᠢᠨ ᠲᠣᠰᠠᠳᠠ᠂ ᠶᠡᠷᠦ ᠳᠡᠭᠡᠨ ᠭᠠᠯ ᠢ ᠰᠡᠷᠭᠡᠶᠢᠯᠡᠬᠦ ᠱᠤᠭᠤᠮ ᠭᠠᠷᠭᠠᠬᠤ᠂ ᠭᠠᠯ ᠢ ᠰᠡᠷᠭᠡᠶᠢᠯᠡᠬᠦ ᠰᠤᠪᠠᠭ ᠭᠠᠷᠭᠠᠬᠤ᠂ ᠭᠠᠯ ᠢ ᠰᠡᠷᠭᠡᠶᠢᠯᠡᠬᠦ ᠬᠡᠷᠡᠮ ᠪᠠᠷᠢᠬᠤ᠂ ᠭᠠᠯ ᠢ ᠰᠡᠷᠭᠡᠶᠢᠯᠡᠬᠦ ᠤᠢ ᠶᠢᠨ ᠪᠦᠰᠡ ᠭᠠᠷᠭᠠᠬᠵᠤ᠂ ᠭᠠᠯ ᠤᠨᠲᠠᠷᠠᠭᠠᠬᠤ ᠬᠢᠮᠢ ᠶᠢᠨ ᠡᠳ᠋ ᠰᠦᠷᠴᠢᠬᠦ ᠵᠡᠷᠭᠡ ᠠᠷᠭ᠎ᠠ ᠶᠢ ᠬᠡᠷᠡᠭᠯᠡᠵᠦ᠂ ᠢᠯᠴᠢ ᠶᠢᠨ ᠰᠤᠷᠪᠤᠯᠵᠢ ︵ᠭᠠᠯ ᠤᠨ ᠰᠤᠷᠪᠤᠯᠵᠢ︶᠎ ᠶᠢ ᠲᠤᠰᠠᠭᠠᠷᠯᠠᠬᠤ ᠵᠣᠷᠢᠯᠭ᠎ᠠ ᠳᠤ ᠬᠦᠷᠳᠡᠭ᠃ ⑶ᠣᠢ ᠰᠢᠭᠤᠢ ᠶᠢᠨ ᠰᠢᠲᠠᠬᠤ ᠳᠤ ᠬᠡᠷᠡᠭᠰᠡᠬᠦ ᠬᠦᠴᠢᠯᠲᠥ᠋ᠷᠥᠭᠴᠢ ᠶᠢ ᠲᠠᠰᠤᠯᠬᠤ ᠪᠤᠶᠤ ᠪᠠᠭᠠᠰᠬᠠᠵᠤ᠂ ᠲᠡᠭᠦᠨ ᠢ ᠬᠠᠷᠠᠩᠭᠤᠶᠢᠰᠬᠠᠵᠣ ᠤᠨᠲᠠᠷᠠᠭᠠᠨ᠎ᠠ᠃ ᠭᠤᠣᠯᠳᠠᠭᠤ ᠭᠠᠯ ᠤᠨᠲᠠᠷᠠᠭᠠᠬᠤ ᠪᠠᠭᠠᠵᠢ ᠪᠠᠷ ᠰᠢᠭᠤᠳ ᠭᠠᠯ ᠤᠨᠲᠠᠷᠠᠭᠠᠬᠤ᠂ ᠡᠯᠡᠰᠦ ᠰᠢᠷᠣᠢ ᠪᠠᠷ ᠬᠤᠴᠢᠵᠤ ᠭᠠᠯ ᠤᠨᠲᠠᠷᠠᠭᠠᠬᠤ᠂ ᠬᠢᠮᠢ ᠶᠢᠨ ᠡᠳ᠋ ᠢᠶᠠᠷ ᠰᠢᠲᠠᠭᠠᠬᠤ ᠳᠤ ᠬᠡᠷᠡᠭᠰᠡᠬᠦ ᠬᠦᠴᠢᠯᠲᠥ᠋ᠷᠥᠭᠴᠢ ᠶᠢ ᠪᠠᠭᠠᠰᠬᠠᠨ ᠭᠠᠯ ᠤᠨᠲᠠᠷᠠᠭᠠᠵᠤ᠂ ᠰᠢᠲᠠᠮᠠᠬᠠᠢ ᠪᠣᠳᠠᠰ ᠨᠢ ᠠᠭᠠᠷ ᠠᠴᠠ ᠲᠦᠷ ᠵᠠᠭᠤᠷ᠎ᠠ ᠶᠢᠨ ᠲᠤᠰᠠᠭᠠᠷᠯᠠᠭᠳᠠᠬᠤ ᠪᠠᠶᠢᠳᠠᠯ ᠢ ᠪᠤᠢ ᠪᠣᠯᠵᠤ ᠬᠠᠷᠠᠩᠭᠤᠶᠢᠰᠳᠠᠭ᠃ ᠡᠶᠢᠮᠦᠷᠬᠦᠦ ᠠᠷᠭ᠎ᠠ ᠶᠢ ᠵᠥᠪᠬᠡᠨ ᠠᠩᠬ᠎ᠠ ᠭᠠᠯ ᠤᠨ ᠠᠶᠤᠯ ᠡᠭᠦᠰᠬᠦ ᠳᠤ ᠯᠡ ᠬᠡᠷᠡᠭᠯᠡᠨ᠎ᠡ᠂ ᠭᠠᠯ ᠤᠨ ᠠᠶᠤᠯ ᠥᠷᠭᠡᠵᠢᠭᠰᠡᠨ ᠤ ᠳᠠᠷᠠᠭ᠎ᠠ᠂ ᠲᠤᠰᠠᠭᠠᠷᠯᠠᠬᠤ ᠣᠷᠣᠨ ᠵᠠᠢ ᠨᠢ ᠬᠡᠲᠦᠷᠬᠡᠢ ᠶᠡᠭᠡ᠂ ᠬᠦᠴᠦ ᠣᠷᠣᠭᠤᠯᠬᠤ ᠨᠢ ᠠᠷᠪᠢᠨ᠂ ᠦᠷ᠎ᠡ ᠳ᠋ᠦᠩ ᠨᠢ ᠠᠨᠠᠢ ᠪᠠᠶᠢᠳᠠᠭ᠃ 4. ᠤᠢ ᠰᠢᠭᠤᠢ ᠶᠢᠨ ᠭᠠᠯ ᠤᠨ ᠭᠠᠮᠰᠢᠭ ᠢ ᠤᠨᠲᠠᠷᠠᠭᠠᠬᠤ ᠳᠤ ᠠᠩᠬᠠᠷᠬᠤ ᠵᠦᠢᠯ ⑴ᠭᠠᠯ ᠤᠨᠲᠠᠷᠠᠭᠠᠭᠴᠢ ᠭᠠᠯ ᠭᠠᠷᠤᠭᠰᠠᠨ ᠭᠠᠵᠠᠷ ᠲᠤ ᠬᠦᠷᠦᠭᠰᠡᠠ ᠤ ᠲᠡᠷᠠᠭ᠎ᠠ᠂ ᠵᠢᠯᠣᠭᠤᠳᠤᠭᠴᠢ ᠶᠠᠭᠤᠨ ᠤ ᠡᠮᠦᠨ᠎ᠡ ᠬᠥᠮᠥᠨ ᠤ ᠲᠤᠭ᠎ᠠ ᠶᠢ ᠲᠣᠳᠣᠷᠬᠠᠶᠢᠯᠠᠵᠤ᠂ ᠳᠤᠭᠤᠶᠢᠯᠠᠩ ᠬᠤᠪᠢᠶᠠᠨ ᠬᠠᠷᠢᠭᠤᠴᠠᠯᠭᠠᠲᠠᠨ ᠢ ᠵᠢᠭᠠᠨ ᠲᠣᠭᠲᠠᠭᠠᠬᠤ ᠶᠢᠨ ᠬᠠᠮᠲᠤ ᠭᠠᠯ ᠤᠨᠲᠠᠷᠠᠭᠠᠬᠤ ᠠᠷᠭ᠎ᠠ ᠪᠠ ᠠᠶᠤᠯ ᠠᠴᠠ ᠬᠠᠮᠠᠭᠠᠯᠠᠬᠤ ᠠᠷᠭ᠎ᠠ ᠬᠡᠮᠵᠢᠶ᠎ᠡ ᠪᠠᠨ ᠲᠤᠰᠢᠶᠠᠬᠤ ᠬᠡᠷᠡᠭᠲᠡᠢ᠃ ᠭᠠᠯ ᠢ ᠤᠨᠲᠠᠷᠠᠭᠠᠭᠰᠠᠨ ᠤ ᠲᠠᠷᠠᠭ᠎ᠠ᠂ ᠤᠬᠤᠷᠢᠵᠤ ᠭᠠᠷᠬᠤ ᠦᠶ᠎ᠡ ᠳᠤ ᠬᠥᠮᠥᠨ ᠤ ᠲᠤᠭ᠎ᠠ ᠶᠢ ᠲᠣᠭᠠᠯᠠᠨ ᠪᠦᠷᠢᠳᠬᠡᠵᠦ᠂ ᠬᠥᠮᠥᠨ ᠬᠠᠷ᠎ᠠ ᠦᠬᠦᠵᠦ ᠰᠢᠷᠬᠠᠲᠤᠭᠰᠠᠨ ᠡᠰᠡᠬᠦ ᠶᠢ ᠪᠠᠶᠢᠴᠠᠭᠠᠬᠤ ᠬᠡᠷᠡᠭᠲᠡᠢ᠃ ᠰᠥᠨᠢ ᠶᠢᠨ ᠠᠵᠢᠯᠯᠠᠭᠠᠨ ᠳᠤ ᠳ᠋ᠢᠶᠠᠨᠪᠠᠩ ᠠᠪᠴᠤ ᠭᠡᠷᠡᠯᠲᠦᠭᠦᠯᠬᠦ ᠳᠤ ᠬᠡᠷᠡᠭᠯᠡᠨ᠎ᠡ᠃ ⑵ᠭᠠᠯ ᠤᠨᠲᠠᠷᠠᠭᠠᠬᠤ ᠬᠥᠮᠥᠰ ᠵᠠᠪᠠᠯ ᠵᠠᠷᠯᠢᠭ ᠢ ᠳᠠᠭᠠᠵᠤ ᠵᠢᠯᠣᠭᠤᠳᠤᠯᠭ᠎ᠠ ᠶᠢ ᠰᠣᠨᠤᠰᠬᠤ ᠬᠡᠷᠡᠭᠲᠡᠢ᠂ ᠡᠩᠨᠡᠭᠡ ᠠᠴᠠ ᠪᠠᠨ ᠬᠤᠴᠣᠷᠴᠤ ᠪᠣᠯᠬᠤ ᠦᠭᠡᠢ᠂ ᠬᠠᠷᠢᠯᠴᠠᠨ ᠬᠠᠷᠠᠭᠠᠯᠵᠠᠵᠤ ᠠᠮᠤᠷ ᠲᠦᠪᠰᠢᠨ ᠢ ᠠᠩᠬᠠᠷᠬᠤ ᠬᠡᠷᠡᠭᠲᠡᠢ᠂ ᠠᠶᠤᠯ ᠲᠦᠭᠰᠢᠭᠦᠷᠢ ᠭᠠᠷᠬᠤ ᠳᠤ ᠬᠦᠷᠪᠡᠯ ᠬᠠᠷᠢᠯᠴᠠᠨ ᠬᠠᠪᠰᠤᠷᠤᠯᠴᠠᠵᠤ ᠪᠠᠶᠢᠭᠠᠳ ᠠᠶᠤᠯ ᠠᠴᠠ ᠮᠤᠯᠲᠤᠷᠠᠭᠤᠯᠵᠤ᠂ ᠪᠠᠶᠢᠯᠳᠤᠭᠠᠨ ᠲᠣᠮᠳᠠ ᠨᠢᠭᠡᠨ ᠪᠦᠬᠦᠯᠢ ᠴᠣᠭᠴᠠ ᠶᠢᠨ ᠦᠵᠡᠯᠲᠡ ᠣᠬᠠᠮᠰᠠᠷ ᠲᠠᠢ ᠪᠠᠶᠢᠬᠤ ᠬᠡᠷᠡᠭᠲᠡᠢ᠃ ⑶ᠠᠭᠤᠯᠠᠨ ᠳᠡᠭᠡᠷ᠎ᠡ᠂ ᠠᠭᠤᠯᠠᠨ ᠬᠤᠷᠮᠣᠢ᠂ ᠤᠢ ᠶᠢᠨ ᠳᠣᠲᠣᠷ᠎ᠠ᠂ ᠤᠢ ᠶᠢᠨ ᠭᠠᠳᠠᠨ᠎ᠠ ᠵᠡᠷᠭᠡ ᠶᠢᠨ ᠪᠠᠶᠢᠭᠠᠯᠢᠭ ᠨᠥᠬᠦᠴᠡᠯ ᠨᠢ ᠠᠳᠠᠯᠢᠪᠲᠤᠷ ᠪᠠᠶᠢᠵᠣ᠂ ᠬᠠᠷᠢᠨ ᠰᠠᠯᠬᠢᠨ ᠤ ᠴᠢᠭᠯᠡᠯ ᠨᠢ ᠠᠳᠠᠯᠢ ᠦᠭᠡᠢ ᠪᠠᠶᠢᠳᠠᠭ᠃ ᠭᠠᠯ ᠢ ᠤᠨᠲᠠᠷᠠᠭᠠᠬᠤ ᠳᠠᠭᠠᠨ ᠰᠠᠯᠬᠢᠨ ᠤ ᠴᠢᠭᠯᠡᠯ ᠤᠨ ᠬᠤᠪᠢᠷᠠᠯᠲᠠ ᠶᠢ ᠣᠨᠴᠠᠭᠠᠶᠢᠯᠠᠨ ᠠᠩᠬᠠᠷᠴᠤ᠂ ᠰᠠᠯᠬᠢᠨ ᠤ ᠴᠢᠭᠯᠡᠯ ᠤᠨ ᠬᠤᠪᠢᠷᠠᠯᠲᠠ ᠠᠴᠠ ᠪᠣᠯᠵᠤ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃ ⑷ᠭᠠᠯ ᠤᠨᠲᠠᠷᠠᠭᠠᠬᠤ ᠳᠠᠭᠠᠨ ᠰᠠᠯᠬᠢᠨ ᠤ ᠬᠦᠴᠦ᠂ ᠭᠠᠵᠠᠷ ᠤᠨ ᠪᠠᠶᠢᠴᠠ ᠵᠡᠷᠭᠡ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠪᠠᠶᠢᠳᠠᠯ ᠢ ᠦᠵᠡᠨ᠂ ᠠᠮᠢᠳᠤᠯᠢᠭ ᠢᠶᠠᠷ ᠡᠵᠡᠮᠰᠢᠵᠦ᠂ ᠤᠷᠤᠭᠰᠢᠯᠠᠬᠤ ᠴᠢᠬᠤᠯᠠᠲᠠᠢ ᠶᠢ ᠨᠢ ᠤᠷᠤᠭᠰᠢᠯᠠᠭᠤᠯᠵᠤ᠂ ᠤᠬᠤᠷᠢᠬᠤ ᠴᠢᠬᠤᠯᠠᠲᠠᠢ ᠶᠢ ᠨᠢ ᠤᠬᠤᠷᠢᠭᠤᠯᠬᠤ ᠬᠡᠷᠡᠭᠲᠡᠢ᠃ ᠭᠠᠯ ᠤᠨᠲᠠᠷᠠᠭᠠᠬᠤ ᠳᠠᠭᠠᠨ ᠲᠠᠪᠤ ᠶᠢ ᠠᠪᠬᠤ ᠦᠭᠡᠢ ᠪᠠᠶᠢᠬᠤ ᠬᠡᠷᠡᠭᠲᠡᠢ᠄ ᠰᠠᠯᠬᠢᠨ ᠦᠭᠡᠳᠡ ᠠᠴᠠ ᠭᠠᠯ ᠲᠠᠢ ᠨᠣᠴᠤᠯᠳᠣᠵᠤ ᠪᠣᠯᠬᠤ ᠦᠭᠡᠢ᠂ ᠭᠠᠯ ᠤᠨ ᠰᠠᠯᠬᠢᠨ ᠰᠦᠷ ᠲᠤ ᠬᠥᠮᠥᠨ ᠰᠢᠷᠬᠠᠲᠠᠬᠤ ᠠᠴᠠ ᠪᠣᠯᠭᠤᠮᠵᠢᠯᠠᠬᠤ ᠬᠡᠷᠡᠭᠲᠡᠢ︔ ᠪᠦᠭᠡᠮᠨᠡᠷᠡᠨ ᠰᠢᠬᠠᠯᠳᠤᠵᠤ ᠭᠠᠯ ᠣᠨᠲᠠᠷᠭᠠᠵᠣ ᠪᠣᠯᠬᠤ ᠦᠭᠡᠢ᠂ ᠬᠠᠷᠢᠯᠴᠠᠨ ᠮᠥᠷᠭᠦᠯᠳᠦᠵᠦ ᠰᠢᠷᠬᠠᠲᠤᠬᠤ ᠠᠴᠠ ᠪᠣᠯᠭᠤᠮᠵᠢᠯᠠᠬᠤ ᠬᠡᠷᠡᠭᠲᠡᠢ︔ ᠭᠠᠯ ᠤᠨ ᠡᠷᠴᠢᠨ ᠳᠡᠭᠡᠷ᠎ᠡ ᠠᠴᠠ ᠴᠣᠬᠢᠵᠤ ᠪᠣᠯᠬᠤ ᠦᠭᠡᠢ᠂ ᠭᠠᠯ ᠳᠤ ᠰᠢᠲᠠᠭᠳᠠᠬᠤ ᠪᠤᠶᠤ ᠠᠳᠡᠯ ᠭᠠᠷᠬᠤ ᠠᠴᠠ ᠪᠣᠯᠭᠤᠮᠵᠢᠯᠠᠬᠤ ᠬᠡᠷᠡᠭᠲᠡᠢ︔ ᠭᠠᠭᠴᠠᠭᠠᠷ ᠢᠶᠠᠨ ᠳᠤᠷ᠎ᠠ ᠪᠠᠷ ᠳᠠᠭᠠᠷᠢᠵᠤ ᠳᠤᠷ᠎ᠠ ᠪᠠᠷ ᠬᠦᠳᠡᠯᠵᠦ ᠪᠣᠯᠬᠤ ᠦᠭᠡᠢ᠂ ᠤᠲᠤᠭᠠᠨ ᠳᠤ ᠮᠠᠨᠠᠷᠠᠨ ᠣᠶᠢᠴᠢᠵᠣ ᠬᠦᠮᠦᠨ ᠣᠯᠵᠣ ᠮᠡᠳᠡᠬᠦ ᠦᠭᠡᠢ ᠠᠴᠠ ᠪᠣᠯᠵᠣ ᠠᠳᠡᠯ ᠭᠠᠷᠬᠤ ᠠᠴᠠ ᠪᠣᠯᠭᠤᠮᠵᠢᠯᠠᠬᠤ ᠬᠡᠷᠡᠭᠲᠡᠢ︔ ᠬᠢᠮᠢ ᠶᠢᠨ ᠰᠢᠷᠬᠡᠭ ᠤᠨ ᠬᠤᠪᠴᠠᠰᠤ ᠡᠮᠦᠰᠴᠦ ᠠᠭᠤᠯᠠᠨ ᠳᠤ ᠭᠠᠷᠴᠤ ᠭᠠᠯ ᠣᠨᠲᠠᠷᠭᠠᠵᠣ ᠪᠣᠯᠬᠤ ᠦᠭᠡᠢ᠃ ⑸ᠠᠭᠤᠯᠠᠨ ᠠᠴᠠ ᠪᠠᠭᠤᠬᠤ ᠲᠦᠢᠮᠡᠷ ᠨᠢ ᠠᠭᠤᠯᠠᠨ ᠳᠤ ᠭᠠᠷᠬᠤ ᠲᠦᠢᠮᠡᠷ ᠠᠴᠠ ᠠᠮᠠᠷᠬᠠᠨ ᠤᠨᠲᠠᠷᠠᠳᠠᠭ︔ ᠡᠭᠦᠨ ᠳᠤ ᠰᠥᠨᠢ᠂ ᠡᠷᠲᠡ ᠣᠷᠣᠢ᠂ ᠪᠦᠷᠬᠦᠭ ᠡᠳᠦᠷ ︵ᠭᠡᠭᠡᠨ ᠡᠳᠦᠷ᠂ ᠴᠡᠯᠮᠡᠭ ᠡᠳᠦᠷ ᠲᠠᠢ ᠬᠠᠷᠢᠴᠠᠭᠤᠯᠪᠠᠯ︶ ᠭᠠᠯ ᠣᠨᠲᠠᠷᠠᠭᠠᠬᠤ ᠳᠤ ᠠᠮᠠᠷᠬᠠᠨ︔ ᠲᠡᠭᠰᠢ ᠭᠠᠵᠠᠷ ᠨᠢ ᠡᠭᠴᠡ ᠬᠥᠲᠥᠯ ᠠᠴᠠ ᠠᠮᠠᠷᠬᠠᠨ︔ ᠰᠠᠯᠬᠢ ᠪᠠᠭ᠎ᠠ ᠦᠶᠡᠰ ᠎ ᠨᠢ ᠰᠠᠯᠬᠢᠨ ᠶᠡᠭᠡ ᠠᠴᠠ ᠠᠮᠠᠷᠬᠠᠨ︔ ᠭᠠᠯ ᠤᠨ ᠬᠦᠴᠦ ᠪᠠᠭᠤᠷᠠᠢ ᠦᠶᠡᠰ ᠭᠠᠯ ᠤᠨ ᠬᠦᠴᠦ ᠴᠢᠩᠭ᠎ᠠ ᠦᠶᠡᠰ ᠠᠴᠠ ᠠᠮᠠᠷᠬᠠᠨ᠃ ᠡᠶᠢᠮᠦ ᠠᠴᠠ ᠠᠰᠢᠭᠲᠠᠢ ᠴᠠᠭ ᠲᠣᠬᠢᠶᠠᠯ ᠢ ᠠᠮᠵᠢᠵᠤ᠂ ᠭᠠᠯ ᠤᠨᠲᠠᠷᠠᠭᠠᠬᠤ ᠠᠷᠭ᠎ᠠ ᠶᠢ ᠠᠮᠢᠳᠤᠯᠢᠭ ᠢᠶᠠᠷ ᠬᠡᠷᠡᠭᠯᠡᠵᠦ᠂ ᠠᠭᠤᠯᠠᠨ ᠭᠠᠯ ᠢ ᠠᠯᠢ ᠲᠦᠷᠭᠡᠨ ᠢᠶᠠᠷ ᠤᠨᠲᠠᠷᠠᠭᠠᠬᠤ ᠬᠡᠷᠡᠭᠲᠡᠢ᠃ 5. ᠭᠠᠯ ᠤᠨᠲᠠᠷᠠᠭᠠᠬᠤ ᠬᠥᠮᠥᠰ ᠤᠨ ᠠᠮᠤᠷ ᠲᠦᠪᠰᠢᠨ ᠤ ᠦᠨᠳᠦᠰᠦᠨ ᠱᠠᠭᠠᠷᠳᠠᠯᠭ᠎ᠠ ᠭᠠᠯ ᠤᠨ ᠲᠠᠯᠠᠪᠠᠢ ᠶᠢᠨ ᠴᠠᠭ ᠠᠭᠤᠷ ᠤᠨ ᠬᠤᠪᠢᠷᠠᠯᠲᠠ ᠶᠢ ᠠᠩᠬᠠᠷᠤᠨ ᠠᠵᠢᠭᠯᠠᠵᠤ᠂ ᠣᠨᠴᠠᠭᠠᠶᠢᠯᠠᠨ ᠦᠳᠡ ᠶᠢᠨ ᠬᠤᠶᠢᠨᠠᠬᠢ ᠠᠳᠡᠯ ᠰᠢᠷᠬᠠᠲᠤᠯ ᠤᠯᠠᠨ ᠡᠭᠦᠰᠬᠦ ᠬᠤᠭᠤᠴᠠᠭᠠᠨ ᠤ ᠴᠠᠭ ᠠᠭᠤᠷ ᠤᠨ ᠪᠠᠶᠢᠳᠠᠯ ᠢ ᠠᠩᠬᠠᠷᠴᠤ᠂ ᠭᠠᠵᠠᠷ ᠤᠨ ᠪᠠᠶᠢᠴᠠ ᠶᠢᠨ ᠬᠤᠪᠢᠷᠠᠯᠲᠠ ᠶᠢ ᠴᠠᠭ ᠢᠮᠠᠭᠲᠠ ᠠᠩᠬᠠᠷᠴᠤ᠂ ᠣᠨᠴᠠᠭᠠᠶᠢᠯᠠᠨ ᠨᠠᠯᠠᠤ ᠶᠢᠨ ᠴᠢᠭᠯᠡᠯ᠂ ᠨᠠᠯᠠᠤ ᠶᠢᠨ ᠬᠡᠮᠵᠢᠶ᠎ᠡ᠂ ᠨᠠᠯᠠᠤ ᠶᠢᠨ ᠪᠠᠶᠢᠷᠢ ᠶᠢᠨ ᠬᠤᠪᠢᠷᠠᠯᠲᠠ ᠶᠢ ᠠᠩᠬᠠᠷᠴᠤ᠂ ᠭᠠᠯ ᠤᠨ ᠲᠠᠯᠠᠪᠠᠢ ᠶᠢᠨ ᠰᠠᠬᠢᠯᠭ᠎ᠠ ᠪᠠᠲᠤ ᠶᠢ ᠵᠢᠷᠤᠮᠯᠠᠵᠤ᠂ ᠵᠠᠷᠯᠢᠭ ᠢ ᠳᠠᠭᠠᠵᠤ᠂ ᠳᠤᠷ᠎ᠠ ᠪᠠᠷ ᠢᠶᠠᠨ ᠬᠥᠳᠡᠯᠬᠦ ᠦᠭᠡᠢ ᠪᠠᠶᠢᠬᠤ ᠬᠡᠷᠡᠭᠲᠡᠢ᠃ ᠭᠠᠯ ᠤᠨᠲᠠᠷᠠᠭᠠᠬᠤ ᠱᠠᠲᠤ ᠦᠶ᠎ᠡ ᠶᠢᠨ ᠠᠮᠤᠷ ᠲᠦᠪᠰᠢᠨ᠄ ⑴ ᠭᠠᠯ ᠤᠨ ᠲᠠᠯᠠᠪᠠᠢ ᠳᠤ ᠣᠶᠢᠷᠠᠳᠬᠤ ᠦᠶ᠎ᠡ ᠳᠤ᠂ ᠭᠠᠵᠠᠷ ᠤᠨ ᠪᠠᠶᠢᠴᠠ ᠶᠢᠨ ᠬᠤᠪᠢᠷᠠᠯᠲᠠ ᠶᠢ ᠴᠠᠭ ᠲᠤᠬᠠᠢ ᠎ ᠳᠤᠨᠢ ᠠᠩᠬᠠᠷᠴᠤ᠂ ᠢᠪᠴᠤᠤ ᠠᠭᠤᠯᠠᠨ ᠵᠢᠯᠠᠭ᠎ᠠ᠂ ᠡᠭᠴᠡ ᠬᠥᠲᠥᠯ ᠵᠢᠴᠢ ᠡᠮᠡᠭᠡᠯᠯᠢᠭ ᠠᠭᠤᠯᠠᠨ ᠬᠡᠰᠡᠭ ᠠᠴᠠ ᠵᠠᠶᠢᠯᠠᠵᠤ᠂ ᠥᠨᠳᠥᠷ ᠮᠥᠷᠲᠡᠭᠡᠨ ᠥᠷᠭᠡᠨ ᠤᠷᠭᠤᠴᠠ ᠰᠠᠶᠢᠨᠲᠠᠢ ᠡᠪᠡᠰᠦᠲᠦ ᠴᠥᠭᠦᠷᠥᠮ ᠠᠴᠠ ᠵᠠᠶᠢᠯᠠᠨ᠎ᠠ︔ ⑵ ᠰᠠᠯᠬᠢᠨ ᠤ ᠴᠢᠭᠯᠡᠯ᠂ ᠰᠠᠯᠬᠢᠨ ᠤ ᠬᠤᠷᠳᠤᠴᠠ ᠶᠢᠨ ᠬᠤᠪᠢᠷᠠᠯᠲᠠ ᠶᠢ ᠴᠠᠭ ᠲᠤᠬᠠᠢ ᠳᠤᠨᠢ ᠠᠩᠬᠠᠷᠬᠤ ᠬᠡᠷᠡᠭᠲᠡᠢ︔ ⑶ᠭᠠᠵᠠᠷ ᠤᠨ ᠭᠠᠳᠠᠷᠭᠤ ᠶᠢᠨ ᠭᠠᠯ ᠪᠠ ᠣᠢ ᠰᠢᠭᠤᠢ ᠶᠢᠨ ᠭᠠᠯ ᠤᠨ ᠡᠮᠦᠨ᠎ᠡ ᠲᠠᠯ᠎ᠠ ᠳᠤ ᠲᠤᠰᠠᠭᠠᠷᠯᠠᠬᠤ ᠪᠦᠰᠡ ᠭᠠᠷᠭᠠᠬᠤ ᠳᠠᠭᠠᠨ ᠡᠷᠬᠡᠪᠰᠢ ᠠᠶᠤᠯ ᠠᠴᠠ ᠵᠠᠶᠢᠯᠠᠬᠤ ᠠᠶᠤᠯᠭᠦᠢ ᠣᠷᠣᠨ ᠭᠠᠷᠭᠠᠬᠤ ᠬᠡᠷᠡᠭᠲᠡᠢ︔ ⑷ ᠭᠠᠵᠠᠷ ᠳᠣᠣᠷᠠᠬᠢ ᠭᠠᠯ ᠢ ᠤᠨᠲᠠᠷᠠᠭᠠᠬᠤ ᠳᠠᠭᠠᠨ ᠭᠠᠯᠳᠠᠭᠰᠠᠨ ᠭᠠᠵᠠᠷ ᠤᠨ ᠭᠠᠳᠠᠷᠭᠤ ᠪᠠᠷ ᠶᠠᠪᠤᠬᠤ ᠶᠢ ᠴᠠᠭᠠᠵᠠᠯᠠᠨ᠎ᠠ︔  ⑸ᠭᠠᠯ ᠤᠨ ᠡᠷᠴᠢ ᠶᠢ ᠨᠣᠮᠤᠳᠬᠠᠬᠤ ᠦᠶ᠎ᠡ ᠳᠤ᠂ ᠭᠠᠯ ᠤᠨ ᠡᠷᠴᠢ ᠶᠢᠨ ᠬᠤᠶᠠᠷ ᠲᠠᠯ᠎ᠠ ᠠᠴᠠ ᠣᠶᠢᠷᠠᠳᠴᠣ᠂ ᠠᠰ ᠦᠭᠡᠳᠡ ᠠᠴᠠ ᠨᠢ ᠤᠭᠲᠤᠨ ᠭᠠᠯ ᠤᠨᠲᠠᠷᠠᠭᠠᠬᠤ ᠶᠢ ᠴᠢᠩᠭ᠎ᠠ ᠴᠠᠭᠠᠵᠠᠯᠠᠨ᠎ᠠ︔ ⑹ ᠭᠠᠯ ᠤᠨ ᠱᠣᠭᠤᠮ ᠢ ᠳᠠᠷᠣᠬᠤ ᠦᠶ᠎ᠡ ᠳᠤ᠂ ᠴᠤᠷᠮᠠᠳᠠᠭᠰᠠᠨ ᠭᠠᠵᠠᠷ ᠲᠤ ᠦᠳᠲᠡᠷ ᠲᠦᠷᠭᠡᠨ ᠣᠷᠣᠬᠤ ᠬᠡᠷᠡᠭᠲᠡᠢ︔ ⑺ ᠪᠠᠭᠤᠳᠠᠯᠯᠠᠬᠤ ᠳᠠᠭᠠᠨ ᠳᠣᠣᠷᠠᠬᠢ ᠣᠷᠴᠢᠨ ᠲᠣᠭᠤᠷᠢᠨ ᠳᠤ ᠪᠠᠭᠤᠴᠠ ᠰᠣᠩᠭᠤᠬᠤ ᠶᠢ ᠴᠡᠭᠡᠷᠯᠡᠨ᠎ᠡ᠄ ᠭᠤᠷᠪᠠᠨ ᠲᠠᠯ᠎ᠠ ᠪᠠᠷ ᠢᠶᠠᠨ ᠠᠭᠤᠯᠠ ᠪᠠᠷ ᠬᠦᠷᠢᠶᠡᠯᠡᠭᠳᠡᠭᠰᠡᠨ᠂ ᠠᠭᠤᠯᠠ ᠶᠢᠨ ᠬᠢᠷ᠎ᠠ ᠡᠮᠡᠭᠡᠯᠯᠢᠭ ᠬᠡᠰᠡᠭ᠂ ᠢᠪᠴᠤᠤ ᠡᠪᠡᠰᠦᠲᠦ ᠨᠠᠭᠤᠷ ᠤᠨ ᠭᠤᠤ ᠵᠡᠷᠭᠡ᠃ ᠤᠷᠭᠤᠮᠠᠯ ᠤᠨ ᠬᠤᠴᠢᠯᠭ᠎ᠠ ᠦᠭᠡᠢ ᠡᠯᠡᠰᠦ ᠰᠢᠷᠣᠢ ᠰᠣᠯᠠᠷᠬᠠᠭ ᠭᠠᠵᠠᠷ ᠪᠤᠶᠤ ᠬᠠᠳᠠ ᠴᠢᠯᠠᠭᠤ ᠢᠯᠡ ᠭᠠᠷᠤᠭᠰᠠᠨ ᠡᠭᠴᠡ ᠬᠥᠲᠥᠯ ᠠᠭᠤᠯᠠ ᠶᠢᠨ ᠬᠤᠷᠮᠣᠢ᠂ ᠬᠤᠲᠣᠭᠤᠷ ᠭᠠᠵᠠᠷ ᠬᠠᠳᠠᠵᠤ ᠰᠢᠷᠭᠢᠭᠰᠡᠨ ᠭᠤᠣᠯ ᠤᠨ ᠭᠤᠯᠳᠤᠷᠢᠯ᠂ ᠥᠨᠥᠴᠢᠨ ᠪᠦᠳᠦᠭᠦᠨ ᠮᠣᠳᠣᠨ ᠤ ᠳᠣᠣᠷ᠎ᠠ ᠵᠡᠷᠭᠡ᠃ 6. ᠶᠡᠭᠡ ᠲᠦᠢᠮᠡᠷ ᠤᠨ ᠳᠠᠭᠠᠷᠢᠯᠲᠠ ᠳᠤ ᠤᠴᠠᠷᠠᠬᠤ ᠦᠶ᠎ᠡ ᠳᠤ ᠠᠶᠤᠯ ᠠᠴᠠ ᠵᠠᠶᠢᠯᠠᠬᠤ᠂ ᠠᠶᠤᠯ ᠠᠴᠠ ᠮᠤᠯᠲᠤᠷᠠᠬᠤ ᠪᠠᠴᠢᠮ ᠪᠠᠶᠢᠳᠠᠯ ᠢ ᠠᠷᠭᠠᠴᠠᠬᠤ ᠠᠷᠭ᠎ᠠ ᠭᠠᠯ ᠤᠨᠲᠠᠷᠠᠭᠠᠬᠤ ᠳᠤᠮᠳᠠ᠂ ᠭᠠᠯ ᠤᠨᠲᠠᠷᠠᠭᠠᠬᠤ ᠠᠩᠭᠢ ᠶᠡᠭᠡ ᠭᠠᠯ ᠤᠨ ᠳᠠᠭᠠᠷᠢᠯᠲᠠ ᠳᠤ ᠤᠴᠠᠷᠠᠭᠰᠠᠨ ᠦᠶ᠎ᠡ ᠳᠤ ᠂ ᠵᠢᠯᠣᠭᠤᠳᠤᠭᠴᠢ ᠯᠠᠪᠳᠠᠭᠤᠨ ᠲᠣᠭᠲᠠᠭᠤᠨ ᠪᠠᠶᠢᠵᠤ᠂ ᠴᠡᠷᠢᠭ ᠠᠩᠭᠢ ᠪᠠᠨ ᠳᠠᠭᠠᠭᠤᠯᠤᠨ ᠳᠣᠣᠷᠠᠬᠢ ᠠᠷᠭ᠎ᠠ ᠪᠠᠷ ᠪᠦᠰᠡᠯᠡᠯᠲᠡ ᠶᠢ ᠲᠠᠶᠢᠯᠤᠨ ᠥᠪᠡᠷ ᠢ ᠪᠠᠨ ᠠᠪᠤᠷᠠᠬᠤ ᠬᠡᠷᠡᠭᠲᠡᠢ᠄ ⑴ ᠡᠯ᠎ᠡ ᠵᠦᠢᠯ ᠤᠨ ᠲᠡᠷᠭᠡᠨ ᠳᠤ ᠲᠦᠰᠢᠭᠯᠡᠵᠦ ᠲᠦᠷᠭᠡᠨ ᠵᠠᠶᠢᠯᠠᠭᠤᠯᠤᠨ ᠶᠡᠭᠡ ᠲᠦᠢᠮᠡᠷ ᠤᠨ ᠳᠠᠭᠠᠷᠢᠯᠲᠠ ᠠᠴᠠ  ᠵᠠᠶᠢᠯᠠᠰᠬᠢᠨ᠎ᠠ᠃ ⑵ ᠭᠠᠯ ᠨᠣᠴᠣᠭᠠᠵᠤ ᠪᠦᠰᠡᠯᠡᠯᠲᠡ ᠶᠢ ᠳᠠᠪᠠᠭ᠋ᠤ᠃ ᠶᠡᠭᠡ ᠭᠠᠯ ᠳᠠᠭᠠᠷᠢᠨ ᠢᠷᠡᠬᠦ ᠦᠶ᠎ᠡ ᠳᠤ ᠳᠠᠷᠤᠢ ᠲᠦᠷᠭᠡᠨ ᠰᠠᠯᠬᠢ ᠳᠠᠭᠠᠤ ᠭᠠᠯ ᠢ ᠨᠣᠴᠣᠭᠠᠵᠤ᠂ ᠳᠠᠷᠠᠭ᠎ᠠ ᠨᠢ ᠴᠤᠷᠮᠠᠳᠠᠭᠰᠠᠨ ᠭᠠᠵᠠᠷ ᠲᠤ ᠣᠷᠣᠵᠤ ᠭᠠᠯ ᠠᠴᠠ ᠵᠠᠶᠢᠯᠠᠨ᠎ᠠ᠃ ᠭᠠᠯ ᠠᠴᠠ ᠵᠠᠶᠢᠯᠠᠬᠤ ᠳᠠᠭᠠᠨ ᠨᠣᠶᠢᠲᠠᠨ ᠠᠯᠴᠢᠭᠤᠷ ᠢᠶᠠᠷ ᠠᠮᠠ ᠬᠠᠮᠠᠷ ᠢᠶᠠᠨ ᠲᠠᠭᠯᠠᠵᠤ᠂ ᠨᠡᠭᠦᠷᠡᠰᠦᠲᠥ᠋ᠷᠥᠭᠴᠢ ᠶᠢᠨ ᠳᠠᠩ ᠢᠰᠦᠯ ᠳᠤ ᠬᠤᠣᠷᠳᠠᠭᠳᠠᠵᠤ ᠪᠦᠲᠡᠩᠰᠡᠬᠦ ᠠᠴᠠ ᠰᠡᠷᠭᠡᠶᠢᠯᠡᠨ᠎ᠡ᠃ ᠤᠬᠤᠷᠢᠵᠤ ᠠᠮᠵᠢᠬᠤ ᠦᠭᠡᠢ ᠪᠠᠶᠢᠳᠠᠯ ᠳᠣᠣᠷ᠎ᠠ᠂ ᠭᠠᠯ ᠨᠣᠴᠣᠭᠠᠵᠤ ᠪᠦᠰᠡᠯᠡᠯᠲᠡ ᠶᠢ ᠳᠠᠪᠠᠭ᠋ᠤ ᠪᠣᠯ ᠪᠦᠰᠡᠯᠡᠯᠲᠡ ᠰᠢᠪᠲᠣᠯᠬᠤ ᠨᠢᠭᠡ ᠵᠦᠢᠯ ᠤᠨ ᠬᠠᠮᠤᠭ ᠤᠨ ᠰᠠᠶᠢᠨ ᠠᠷᠭ᠎ᠠ ᠪᠣᠯᠣᠨ᠎ᠠ᠃ ⑶ ᠭᠠᠯ ᠤᠨ ᠱᠣᠭᠤᠮ ᠢ ᠬᠠᠷᠠᠶᠢᠵᠤ ᠪᠦᠰᠡᠯᠡᠯᠲᠡ ᠶᠢ ᠳᠠᠪᠠᠭ᠋ᠤ᠃ ᠭᠠᠯ ᠨᠣᠴᠣᠭᠠᠵᠤ ᠪᠦᠰᠡᠯᠡᠯᠲᠡ ᠳᠠᠪᠠᠭ᠋ᠤ ᠳᠤ ᠵᠠᠪ ᠦᠭᠡᠢ ᠦᠶ᠎ᠡ ᠳᠤ᠂ ᠭᠠᠯ ᠤᠨᠲᠠᠷᠠᠭᠠᠭᠴᠢᠳ ᠳᠤᠭᠤᠶᠢᠯᠠᠩ ᠪᠤᠶᠤ ᠬᠤᠪᠢ ᠬᠥᠮᠥᠨ ᠢᠶᠠᠷ ᠥᠪᠡᠷ ᠥᠪᠡᠷ ᠤᠨ ᠪᠠᠶᠢᠯᠳᠤᠭᠠᠨ ᠢᠶᠠᠨ ᠪᠣᠯᠭᠠᠵᠤ᠂ ᠭᠠᠯ ᠤᠨ ᠱᠣᠭᠤᠮ ᠢ ᠬᠠᠷᠠᠶᠢᠠ ᠳᠠᠪᠠᠵᠤ ᠪᠦᠰᠡᠯᠡᠯᠲᠡ ᠶᠢ ᠰᠢᠪᠲᠣᠯᠤᠨ᠎ᠠ᠃ ᠪᠦᠰᠡᠯᠡᠯᠲᠡ ᠶᠢ ᠰᠢᠪᠲᠣᠯᠬᠤ ᠳᠠᠭᠠᠨ ᠬᠤᠪᠴᠠᠰᠤ ᠪᠠᠷ ᠲᠣᠯᠣᠭᠠᠢ ᠶᠢᠨ ᠬᠡᠰᠡᠭ ᠪᠠᠨ ᠪᠦᠲᠡᠭᠡᠵᠦ᠂  ᠴᠤᠷᠮᠠᠳᠠᠭᠰᠠᠨ ᠬᠡᠰᠡᠭ ᠪᠤᠶᠤ ᠡᠪᠡᠰᠦ ᠨᠢ ᠪᠣᠭᠤᠨᠢᠬᠠᠨ ᠮᠥᠷᠲᠡᠭᠡᠨ ᠶᠠᠪᠤᠬᠤ ᠳᠤ ᠠᠮᠠᠷᠬᠠᠨ ᠭᠠᠵᠠᠷ ᠢ ᠰᠣᠩᠭᠤᠵᠤ᠂ ᠨᠢᠭᠡ ᠯᠡ ᠠᠮᠢᠰᠬᠤᠭ᠎ᠠ ᠪᠠᠷ ᠭᠠᠯ ᠤᠨ ᠱᠣᠭᠤᠮ ᠢ ᠬᠠᠷᠠᠶᠢᠠ ᠳᠠᠪᠠᠵᠤ ᠠᠶᠤᠯ ᠠᠴᠠ ᠮᠤᠯᠲᠤᠷᠠᠨ᠎ᠠ᠃ ⑷ ᠬᠡᠪᠲᠡᠵᠦ ᠭᠠᠯ ᠠᠴᠠ ᠵᠠᠶᠢᠯᠠᠬᠤ᠃ ᠬᠡᠷᠪᠡ ᠭᠤᠣᠯ ᠤᠨ ᠭᠤᠤ ᠪᠤᠶᠤ ᠤᠷᠭᠤᠮᠠᠯ ᠤᠨ ᠬᠤᠴᠢᠯᠭ᠎ᠠ ᠰᠡᠶᠢᠷᠡᠭ ᠭᠠᠵᠠᠷ ᠪᠠᠶᠢᠪᠠᠯ᠂ ᠬᠤᠪᠴᠠᠰᠤ ᠪᠠᠨ ᠤᠰᠤᠨ ᠳᠤ ᠳᠡᠪᠲᠦᠭᠡᠨ ᠲᠣᠯᠣᠭᠠᠢ ᠳᠠᠭᠠᠨ ᠪᠦᠲᠡᠭᠡᠵᠦ᠂ ᠬᠤᠶᠠᠷ ᠭᠠᠷ ᠢᠶᠠᠨ ᠴᠡᠭᠡᠵᠢᠨ ᠤ ᠬᠡᠰᠡᠭ ᠲᠡᠭᠡᠨ ᠲᠠᠯᠪᠢᠵᠤ ᠭᠠᠯ ᠠᠴᠠ ᠵᠠᠶᠢᠯᠠᠭᠤᠯᠤᠨ᠎ᠠ᠂ ᠭᠡᠪᠡᠴᠦ ᠰᠢᠷᠣᠢ ᠶᠢᠨ ᠨᠦᠬᠡᠨ ᠳᠤ ᠬᠡᠪᠲᠡᠵᠦ ᠪᠣᠯᠬᠤ ᠦᠭᠡᠢ᠃ ᠶᠡᠭᠡ ᠭᠠᠯ ᠭᠠᠷᠤᠭᠰᠠᠨ ᠤ ᠳᠠᠷᠠᠭ᠎ᠠ ᠳᠣᠣᠷ᠎ᠠ ᠪᠠᠨ ᠪᠣᠰᠴᠤ ᠵᠣᠭᠰᠣᠨ᠎ᠠ᠂ ᠬᠡᠷᠪᠡ ᠬᠤᠪᠴᠠᠰᠤ ᠰᠢᠲᠠᠭᠳᠠᠭᠰᠠᠨ ᠪᠠᠶᠢᠪᠠᠯ ᠳᠣᠣᠷ᠎ᠠ ᠪᠠᠨ ᠥᠩᠬᠦᠷᠢᠭᠦᠯᠦᠨ ᠤᠨᠲᠠᠷᠠᠭᠠᠵᠤ ᠤᠨᠲᠠᠷᠭᠠᠬᠤ ᠪᠤᠶᠤ ᠬᠠᠷᠢᠯᠴᠠᠨ ᠤᠨᠲᠠᠷᠠᠭᠠᠨ᠎ᠠ᠃ ᠬᠡᠪᠲᠡᠵᠦ ᠭᠠᠯ ᠠᠴᠠ ᠵᠠᠶᠢᠯᠠᠬᠤ ᠦᠶ᠎ᠡ ᠳᠤ᠂ ᠭᠠᠯ ᠠᠴᠠ ᠡᠮᠦᠨ᠎ᠡ ᠤᠲᠤᠭ᠎ᠠ ᠤᠨᠢᠶᠠᠷ ᠲᠤ ᠬᠠᠭ᠋ᠠᠵᠤ ᠮᠠᠨᠠᠷᠠᠨ ᠪᠦᠲᠡᠩᠰᠡᠬᠦ ᠠᠴᠠ ᠰᠡᠷᠭᠡᠶᠢᠯᠡᠬᠦ ᠶᠢᠨ ᠲᠥᠯᠥᠭᠡ᠂ ᠨᠣᠶᠢᠲᠠᠨ ᠠᠯᠴᠢᠭᠤᠷ ᠢᠶᠠᠷ ᠠᠮᠠ ᠬᠠᠮᠠᠷ ᠢᠶᠠᠨ ᠲᠠᠭᠯᠠᠨ᠂ ᠭᠠᠵᠠᠷ ᠳᠣᠣᠷ᠎ᠠ ᠨᠦᠬᠡ ᠮᠠᠯᠲᠠᠵᠤ᠂ ᠨᠢᠭᠤᠷ ᠢᠶᠠᠨ ᠨᠣᠶᠢᠲᠠᠨ ᠬᠥᠷᠥᠰᠥᠨ ᠳᠤ ᠨᠠᠭᠠᠯᠳᠤᠭᠤᠯᠤᠨ ᠠᠮᠢᠰᠬᠤᠭᠤᠯᠪᠠᠯ ᠤᠲᠤᠭ᠎ᠠ ᠶᠢᠨ ᠬᠥᠨᠥᠭᠡᠯ ᠠᠴᠠ ᠵᠠᠶᠢᠯᠠᠰᠬᠢᠵᠦ ᠴᠢᠳᠠᠨ᠎ᠠ᠃ ⑸ᠭᠠᠯ ᠤᠨ ᠱᠣᠭᠤᠮ ᠢ ᠠᠯᠪᠠ ᠪᠠᠷ ᠰᠢᠪᠲᠤᠯᠤᠨ ᠪᠦᠰᠡᠯᠡᠯᠲᠡ ᠶᠢ ᠳᠠᠪᠠᠭ᠋ᠤ᠃ ᠴᠠᠭ ᠪᠠᠴᠢᠮ ᠪᠣᠯᠵᠣ ᠭᠠᠯ ᠨᠣᠴᠣᠭᠠᠵᠤ ᠪᠦᠰᠡᠯᠡᠯᠲᠡ ᠶᠢ ᠳᠠᠪᠠᠭ᠋ᠤ ᠳᠤ ᠲᠦᠪᠡᠭᠳᠡᠬᠦ ᠦᠶ᠎ᠡ ᠳᠤ᠂ 5 ᠰᠠᠤᠷᠢ ᠰᠠᠯᠬᠢᠨ ᠬᠦᠴᠦ ᠪᠠᠷ ᠭᠠᠯ ᠤᠨᠲᠠᠷᠠᠭᠠᠬᠤ ᠮᠠᠰᠢᠨ ᠢ ᠲᠥᠪᠯᠡᠷᠡᠭᠦᠯᠦᠨ ᠬᠡᠷᠡᠭᠯᠡᠵᠦ᠂ ᠭᠠᠯ ᠤᠨ ᠱᠣᠭᠤᠮ ᠳᠡᠭᠡᠷ᠎ᠡ ᠨᠢᠭᠡᠨ ᠰᠢᠪᠲᠤᠯᠤᠯᠲᠠ ᠶᠢᠨ ᠴᠡᠭ ᠢ ᠨᠡᠭᠡᠭᠡᠵᠦ ᠬᠤᠶᠠᠷ ᠲᠡᠶᠢᠰᠢ ᠦᠳᠲᠡᠷ ᠲᠦᠷᠭᠡᠨ ᠥᠷᠭᠡᠳᠬᠡᠵᠦ᠂ ᠭᠠᠯ ᠤᠨᠲᠠᠷᠠᠭᠠᠬᠤ ᠬᠥᠮᠥᠰ ᠢ ᠴᠤᠷᠮᠠᠳᠠᠭᠰᠠᠨ ᠭᠠᠵᠠᠷ ᠲᠤ ᠣᠷᠣᠭᠤᠯᠵᠤ ᠪᠣᠯᠣᠨ᠎ᠠ᠃ 7. ᠭᠠᠯ ᠭᠠᠷᠤᠭᠰᠠᠨ ᠭᠠᠵᠠᠷ ᠶᠠᠪᠣᠵᠣ ᠪᠣᠴᠠᠬᠤ ᠵᠠᠮ ᠳᠠᠬᠢ ᠠᠮᠤᠷ ᠲᠦᠪᠰᠢᠨ ᠤ ᠲᠠᠯ᠎ᠠ ᠪᠠᠷ ᠠᠩᠬᠠᠷᠬᠤ ᠵᠦᠢᠯ ᠭᠠᠯ ᠤᠨ ᠲᠠᠯᠠᠪᠠᠢ ᠳᠤ ᠣᠷᠣᠬᠤ ᠪᠤᠶᠤ ᠪᠣᠴᠠᠬᠤ ᠶᠠᠪᠤᠴᠠ ᠳᠤ᠂ ᠭᠠᠯ ᠤᠨᠲᠠᠷᠠᠭᠠᠭᠴᠢᠳ ᠳᠣᠣᠷᠠᠬᠢ ᠮᠡᠲᠦ ᠠᠮᠤᠷ ᠲᠦᠪᠰᠢᠨ ᠤ ᠵᠦᠢᠯᠡᠰ ᠢ ᠵᠢᠷᠤᠮᠯᠠᠬᠤ ᠬᠡᠷᠡᠭᠲᠡᠢ᠄ 1. ᠲᠡᠷᠭᠡᠨ ᠳᠤ ᠰᠠᠭᠤᠬᠤ ᠳᠤ ᠠᠮᠤᠷ ᠲᠦᠪᠰᠢᠨ ᠪᠠᠶᠢᠬᠤ ᠶᠢ ᠠᠩᠬᠠᠷᠴᠤ᠂ ᠰᠢᠬᠠᠯᠳᠤᠨ ᠪᠤᠯᠢᠶᠠᠯᠳᠤᠵᠤ ᠪᠣᠯᠬᠤ ᠦᠭᠡᠢ᠂ ᠶᠠᠪᠤᠵᠤ ᠪᠠᠶᠢᠭ᠎ᠠ ᠲᠡᠷᠭᠡᠨ ᠲᠡᠭᠡᠷ᠎ᠡ ᠤᠨᠲᠠᠵᠤ ᠪᠣᠯᠬᠤ ᠦᠭᠡᠢ᠂ ᠮᠥᠷᠭᠦᠵᠦ ᠰᠢᠷᠬᠠᠲᠤᠬᠤ᠂ ᠣᠶᠢᠴᠢᠵᠤ ᠰᠢᠷᠬᠠᠲᠤᠬᠤ ᠠᠴᠠ ᠰᠡᠷᠭᠡᠶᠢᠯᠡᠬᠦ ᠶᠢᠨ ᠲᠥᠯᠥᠭᠡ᠂ ᠲᠡᠷᠭᠡᠨ ᠳᠤ ᠰᠠᠭᠤᠬᠤ ᠳᠤ ᠠᠮᠤᠷ ᠲᠦᠪᠰᠢᠨ ᠪᠠᠶᠢᠬᠤ ᠶᠢ ᠠᠩᠬᠠᠷᠬᠤ ᠬᠡᠷᠡᠭᠲᠡᠢ᠃ 2. ᠭᠤᠣᠯ ᠭᠠᠲᠤᠯᠵᠤ ᠬᠥᠭᠦᠷᠭᠡ ᠪᠠᠷ ᠥᠩᠭᠡᠷᠡᠬᠦ ᠳᠡᠭᠡᠨ ᠭᠤᠣᠯ ᠳᠤ ᠤᠨᠠᠬᠤ ᠪᠤᠶᠤ ᠤᠰᠤᠨ ᠳᠤ ᠣᠷᠢᠶᠠᠭᠳᠠᠨ ᠣᠷᠣᠵᠤ ᠠᠳᠡᠵᠦ ᠰᠢᠷᠬᠠᠲᠤᠬᠤ ᠠᠴᠠ ᠰᠡᠷᠭᠡᠶᠢᠯᠡᠬᠦ ᠬᠡᠷᠡᠭᠲᠡᠢ᠃ 3. ᠣᠶ ᠶᠢᠨ ᠳᠤᠮᠳᠠᠭᠤᠷ ᠶᠠᠪᠤᠬᠤ ᠳᠠᠭᠠᠨ᠂ ᠮᠣᠳᠤᠨ ᠮᠥᠴᠢᠷ ᠭᠤᠶᠠᠳᠠᠭᠳᠠᠵᠣ ᠰᠢᠷᠬᠠᠲᠤᠬᠤ ᠠᠴᠠ ᠰᠡᠷᠭᠡᠶᠢᠯᠡᠬᠦ ᠬᠡᠷᠡᠭᠲᠡᠢ᠃ 4. ᠪᠡᠶ᠎ᠡ ᠳᠡᠭᠡᠨ ᠠᠪᠴᠤ ᠶᠠᠪᠤᠬᠤ ᠪᠠᠭᠠᠵᠢ ᠬᠡᠷᠡᠭᠰᠡᠯ ᠢᠶᠠᠨ ᠪᠡᠶ᠎ᠡ ᠳᠡᠭᠡᠨ ᠠᠪᠴᠣ᠂ ᠴᠢᠳᠠᠬᠤ ᠶᠢᠨ ᠳᠣᠲᠣᠷ᠎ᠠ ᠭᠠᠷᠳᠠᠬᠤ ᠬᠡᠯᠪᠡᠷᠢ ᠪᠠ ᠡᠭᠦᠷᠬᠦ ᠬᠡᠯᠪᠡᠷᠢ ᠶᠢ ᠠᠪᠴᠤ᠂ ᠮᠥᠷᠥᠨ ᠳᠡᠭᠡᠷ᠎ᠡ ᠪᠠᠨ ᠲᠠᠯᠪᠢᠵᠤ ᠪᠣᠯᠬᠤ ᠦᠭᠡᠢ᠂ ᠬᠥᠮᠥᠨ ᠢ ᠰᠢᠷᠬᠠᠲᠤᠭᠤᠯᠬᠤ ᠠᠴᠠ ᠵᠠᠶᠢᠯᠠᠰᠬᠢᠬᠦ ᠬᠡᠷᠡᠭᠲᠡᠢ᠃ 5. ᠵᠠᠮ ᠶᠠᠪᠤᠬᠤ ᠳᠠᠭᠠᠨ ᠮᠣᠳᠣᠨ ᠰᠠᠯᠠᠭᠠᠨ ᠳᠤ ᠬᠥᠯ ᠢᠶᠠᠨ ᠰᠢᠷᠬᠠᠲᠤᠭᠤᠯᠬᠤ ᠠᠴᠠ ᠰᠡᠷᠭᠡᠶᠢᠯᠡᠵᠦ᠂ ᠬᠥᠯ ᠳᠣᠣᠷᠠᠬᠢ ᠵᠠᠮ ᠢᠶᠠᠨ ᠠᠩᠬᠠᠷᠴᠤ ᠪᠣᠯᠵᠢᠵᠣ ᠰᠢᠷᠬᠠᠲᠤᠭᠤᠯᠬᠤ ᠠᠴᠠ ᠰᠡᠷᠭᠡᠶᠢᠯᠡᠨ᠎ᠡ᠃ 6. ᠡᠩᠨᠡᠭᠡ ᠠᠴᠠ ᠪᠠᠨ ᠰᠠᠯᠵᠤ ᠰᠡᠮᠡᠭᠡᠷ ᠤᠨᠲᠠᠬᠤ ᠪᠤᠶᠤ ᠪᠤᠰᠤᠳ ᠠᠵᠢᠯ ᠬᠢᠵᠦ ᠪᠣᠯᠬᠤ ᠦᠭᠡᠢ᠂ ᠣᠷᠬᠢᠭᠳᠠᠬᠤ ᠪᠤᠶᠤ ᠪᠤᠰᠤᠳ ᠰᠠᠨᠠᠭᠠᠨ ᠳᠤ ᠦᠭᠡᠢ ᠬᠡᠷᠡᠭ ᠭᠠᠷᠬᠤ ᠠᠴᠠ ᠰᠡᠷᠭᠡᠶᠢᠯᠡᠬᠦ ᠬᠡᠷᠡᠭᠲᠡᠢ᠃ 7. ᠬᠥᠲᠥᠯ ᠤᠷᠤᠭᠤ ᠪᠠᠭᠤᠬᠤ ᠦᠶ᠎ᠡ ᠳᠤ᠂ ᠴᠢᠯᠠᠭᠤ ᠪᠦᠮᠪᠦᠷᠢᠵᠦ ᠬᠥᠮᠥᠨ ᠢ ᠰᠢᠷᠬᠠᠲᠤᠭᠤᠯᠬᠤ ᠶᠢ ᠠᠩᠬᠠᠷᠤᠨ ᠰᠡᠷᠭᠡᠶᠢᠯᠡᠬᠦ ᠬᠡᠷᠡᠭᠲᠡᠢ᠃ 8. ᠬᠤᠣᠷᠲᠤ ᠣᠷᠭᠤᠮᠠᠯ ᠪᠠ ᠬᠤᠣᠷᠲᠤ ᠮᠣᠭᠠᠢ᠂ ᠬᠤᠣᠷᠲᠤ ᠵᠥᠭᠡᠢ ᠵᠡᠷᠭᠡ ᠲᠠᠢ ᠣᠶᠢᠷᠠᠳᠬᠤ ᠠᠴᠠ ᠵᠠᠶᠢᠯᠠᠰᠬᠢᠬᠦ ᠬᠡᠷᠡᠭᠲᠡᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号