ᠰᠢᠯᠢ ᠶᠢᠨ ᠬᠤᠲᠠ ᠶᠢᠨ 2023 ᠤᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2023/2/8
ᠰᠢᠯᠢ  ᠎ ᠶᠢᠨ  ᠬᠤᠲᠠ ᠶᠢᠨ 2023  ᠤᠨ  ᠎ ᠤ  ᠬᠠᠪᠤᠷ  ᠎ ᠤᠨ  ᠤᠯᠠᠷᠢᠯ  ᠎ ᠤᠨ  ᠡᠪᠡᠰᠦᠨ ᠤᠤᠷᠭᠤᠯᠲᠠ ᠶᠢᠨ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠠᠯᠪᠠᠨ ᠵᠠᠷᠯᠠᠯ2022 ᠤᠨ ᠳᠤ ᠮᠠᠨ ᠤ ᠬᠤᠲᠠ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ ᠪᠠ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠲᠠᠯ᠎ᠠ ᠪᠠᠷ ᠰᠠᠶᠢᠨ ᠦᠷ᠎ᠡ ᠪᠦᠲᠦᠮᠵᠢ ᠤᠯᠪᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢ ᠤᠯᠠᠮ ᠨᠢᠭᠡ ᠠᠯᠬᠤᠮ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠎ ᠪᠠᠷ ᠬᠠᠮᠠᠭᠠᠯᠠᠨ ᠠᠰᠢᠭᠯᠠᠬᠤ ᠶᠢᠨ ᠲᠦᠯᠦᠭᠡ᠂ ︽ᠰᠢᠯᠢ ᠶᠢᠨ ᠭᠤᠤᠯ ᠠᠶᠢᠮᠠᠭ ᠤᠨ 2023 - 2025 ᠤᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠶᠢ ᠬᠡᠷᠡᠭᠵᠢᠭᠦᠯᠬᠦ ᠲᠦᠰᠦᠪ︾᠎ ᠤᠨ ᠱᠠᠭᠠᠷᠳᠠᠯᠭ᠎ᠠ ᠶᠤᠰᠤᠭᠠᠷ᠂ 2023 ᠤᠨ ᠳᠤ ᠪᠦᠬᠦ ᠬᠤᠲᠠ ᠎ ᠶᠢᠨ ᠬᠡᠪᠴᠢᠶᠡᠨ ᠳᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷᠯᠡᠭᠦᠯᠬᠦ ᠎ ᠶᠢ ᠲᠦᠷ ᠵᠤᠭᠰᠤᠭᠠᠬᠤ ᠶᠢ ᠦᠷᠭᠦᠯᠵᠢᠯᠡᠨ ᠬᠡᠷᠡᠭᠵᠢᠭᠦᠯᠬᠦ ᠪᠠᠷ ᠲᠤᠭᠲᠠᠪᠠ᠃ ᠡᠳᠦᠭᠡ ᠲᠤᠤᠷᠠᠬᠢ ᠮᠡᠲᠤ ᠵᠠᠷᠯᠠᠶ᠎ᠠ᠄ᠨᠢᠭᠡ᠂  ᠪᠡᠯᠴᠢᠭᠡᠷᠯᠡᠭᠦᠯᠬᠦ ᠶᠢ ᠲᠦᠷ ᠵᠤᠭᠰᠤᠭᠠᠬᠤ  ᠬᠤᠭᠤᠴᠠᠭ᠎ᠠᠡᠬᠢᠯᠡᠵᠦ ᠳᠠᠭᠤᠰᠬᠤ ᠬᠤᠭᠤᠴᠠᠭ᠎ᠠ᠄ 2023 ᠤᠨ ᠤ 4 ᠰᠠᠷᠠᠶᠢᠨ 5᠎ ᠤ ᠡᠳᠦᠷ ᠤᠨ 0᠄ 00 ᠴᠠᠭ - 5 ᠰᠠᠷᠠᠶᠢᠨ 19᠎ ᠤ ᠡᠳᠦᠷ ᠤᠨ 24᠄ 00 ᠴᠠᠭ᠂ ᠨᠡᠶᠢᠲᠡ 45 ᠡᠳᠦᠷ᠃ᠬᠤᠶᠠᠷ᠂ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠬᠦᠷᠢᠶ᠎ᠡ ᠬᠡᠪᠴᠢᠶ᠎ᠡᠪᠦᠬᠦ ᠬᠤᠲᠠ ᠶᠢᠨ ᠬᠢᠯᠢ ᠲᠤᠲᠤᠷᠠᠬᠢ ᠦᠬᠡᠷ᠂ ᠬᠤᠨᠢ ᠪᠦᠬᠦᠨ ᠳᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠶᠢ ᠬᠡᠷᠡᠭᠵᠢᠭᠦᠯᠦᠨ᠎ᠡ᠃ᠭᠤᠷᠪᠠ᠂ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠨᠦᠬᠦᠪᠦᠷᠢ ᠶᠢᠨ ᠪᠠᠷᠢᠮᠵᠢᠶ᠎ᠠᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠶᠢ ᠬᠡᠷᠡᠭᠵᠢᠭᠦᠯᠦᠭᠰᠡᠨ ᠮᠠᠯᠴᠢᠨ ᠡᠷᠦᠬᠡ ᠳᠤ ᠮᠠᠯ ᠪᠡᠯᠴᠢᠭᠡᠷ ᠤᠨ ᠲᠡᠩᠴᠡᠭᠦᠷᠢ ᠶᠢᠨ ᠲᠠᠯᠠᠪᠠᠢ ᠶᠢ ᠦᠨᠳᠦᠰᠦᠯᠡᠨ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠨᠦᠬᠦᠪᠦᠷᠢ ᠤᠯᠭᠤᠨ᠎ᠠ᠃ ᠪᠦᠬᠦ ᠬᠤᠲᠠ ᠶᠢᠨ 8 ᠰᠤᠮᠤ ᠪᠠᠯᠭᠠᠰᠤ ᠶᠢᠨ ᠮᠠᠯ ᠪᠡᠯᠴᠢᠭᠡᠷ ᠤᠨ ᠲᠡᠩᠴᠡᠭᠦᠷᠢ ᠶᠢᠨ ᠨᠤᠲᠤᠭ ᠪᠡᠯᠴᠢᠭᠡᠷ ᠤᠨ ᠲᠠᠯᠠᠪᠠᠢ ᠨᠢ ᠨᠡᠶᠢᠲᠡ 1879.60 ᠲᠦᠮᠡᠨ ᠮᠦ᠂ ᠨᠦᠬᠦᠪᠦᠷᠢ ᠶᠢᠨ ᠪᠠᠷᠢᠮᠵᠢᠶ᠎ᠠ ᠨᠢ 1.125 ᠲᠦᠭᠦᠷᠢᠭ / ᠮᠦ ᠪᠤᠯᠤᠨ᠎ᠠ᠃ᠳᠦᠷᠪᠡ᠂ ᠬᠦᠳᠡᠯᠭᠡᠭᠡᠨ ᠤ ᠲᠠᠯᠠᠪᠤᠷ ᠤᠨ ᠪᠠᠷᠢᠮᠵᠢᠶ᠎ᠠᠮᠠᠯᠵᠢᠬᠤ ᠡᠷᠦᠬᠡ ᠳᠤ ᠬᠢᠨᠠᠨ ᠲᠤᠭᠲᠠᠭᠠᠭᠰᠠᠨ ᠲᠤᠬᠢᠷᠠᠮᠵᠢᠲᠠᠢ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠪᠠᠷ ᠰᠠᠭᠤᠷᠢ ᠲᠤᠭ᠎ᠠ ᠪᠤᠯᠭᠠᠵᠦ᠂ ᠬᠤᠨᠢᠴᠢᠯᠠᠭᠰᠠᠨ ᠨᠢᠭᠡᠴᠢ ᠪᠦᠷᠢ ᠶᠢᠨ ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠬᠤᠭᠤᠴᠠᠭᠠᠨ ᠤ ᠬᠦᠳᠡᠯᠭᠡᠭᠡᠨ ᠤ ᠲᠠᠯᠠᠪᠠᠢ ᠨᠢ 20 ᠲᠡᠭᠰᠢ ᠳᠦᠷᠪᠡᠯᠵᠢᠨ ᠮᠧᠲᠷ ᠠᠴᠠ ᠬᠡᠲᠦᠷᠡᠵᠦ ᠪᠤᠯᠬᠤ ᠦᠭᠡᠢ᠂ ᠬᠦᠳᠡᠯᠭᠡᠭᠡᠨ ᠤ ᠲᠠᠯᠠᠪᠤᠷ ᠢ ᠬᠠᠰᠢᠶ᠎ᠠ ᠰᠠᠷᠠᠪᠴᠢ ᠶᠢᠨ ᠡᠷᠭᠢᠨ ᠲᠤᠭᠤᠷᠢᠨ ᠳᠤ ᠪᠠᠶᠢᠷᠢᠯᠠᠭᠤᠯᠬᠤ ᠮᠦᠷᠲᠡᠭᠡᠨ ᠲᠤᠳᠤᠷᠬᠠᠢ ᠢᠯᠡᠷᠬᠡᠶᠢᠯᠡᠬᠦ ᠲᠡᠮᠲᠡᠭ ᠲᠠᠢ ᠪᠠᠶᠢᠬᠤ ᠬᠡᠷᠡᠭᠲᠡᠢ᠃ ᠵᠤᠬᠢᠰᠲᠠᠢ ᠬᠡᠪᠴᠢᠶᠡᠨ ᠳᠤ ᠬᠤᠷᠠᠭ᠎ᠠ ᠶᠢ ᠬᠦᠬᠦᠭᠦᠯᠬᠦ ᠲᠠᠯᠠᠪᠤᠷ ᠪᠠᠶᠢᠷᠢᠯᠠᠭᠤᠯᠵᠦ ᠪᠤᠯᠤᠨ᠎ᠠ᠂ ᠭᠡᠬᠦ ᠳᠡᠭᠡᠨ ᠬᠤᠤᠰ ᠬᠤᠨᠢ ︵ᠡᠬᠡ ᠬᠤᠨᠢ ᠪᠤᠯᠤᠨ ᠬᠤᠷᠠᠭ᠎ᠠ︶᠎ ᠶᠢᠨ ᠬᠡᠷᠡᠭᠯᠡᠬᠦ ᠲᠠᠯᠠᠪᠠᠢ ᠨᠢ 0.5 ᠮᠦ ᠠᠴᠠ ᠬᠡᠲᠦᠷᠡᠭᠦᠯᠬᠦ ᠦᠭᠡᠢ ᠪᠠᠶᠢᠵᠦ᠂ ᠬᠤᠷᠠᠭ᠎ᠠ ᠬᠦᠬᠦᠭᠦᠯᠬᠦ ᠴᠠᠭ ᠢ ᠴᠢᠩᠭ᠎ᠠ ᠬᠢᠵᠠᠭᠠᠷᠯᠠᠬᠤ ᠬᠡᠷᠡᠭᠲᠡᠢ᠃  ᠬᠤᠷᠠᠭ᠎ᠠ ᠬᠦᠬᠦᠭᠦᠯᠬᠦ ᠲᠠᠯᠠᠪᠤᠷ ᠢᠶᠠᠨ ᠢᠯᠡᠷᠬᠡᠶᠢᠯᠡᠬᠦ ᠲᠡᠮᠲᠡᠭ ᠲᠤ ᠪᠠᠨ ᠲᠤᠳᠤᠷᠬᠠᠶᠢᠯᠠᠬᠤ ᠬᠡᠷᠡᠭᠲᠡᠢ᠃ᠲᠠᠪᠤ᠂ ᠬᠤᠯᠪᠤᠭᠳᠠᠯ ᠪᠦᠬᠦᠢ ᠱᠠᠭᠠᠷᠳᠠᠯᠭ᠎ᠠ︵ᠨᠢᠭᠡ︶ ᠡᠯ᠎ᠡ ᠬᠠᠷᠢᠶᠠᠲᠤ ᠲᠤᠭᠤᠷᠢᠭ ᠨᠢ ᠳᠠᠭᠠᠭᠠᠴᠢᠯᠠᠨ ᠬᠠᠷᠢᠯᠴᠠᠵᠦ ᠠᠬᠢᠭᠤᠯᠬᠤ ᠠᠵᠢᠯ ᠤᠨ ᠲᠦᠷᠢᠮ ᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠤᠨ ᠳᠠᠩᠰᠠ ᠡᠪᠭᠡᠮᠡᠯ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠦᠷᠭᠡᠨ ᠤᠯᠠᠨ ᠮᠠᠯᠴᠢᠨ ᠲᠦᠮᠡᠨ ᠨᠢ ᠦᠪᠡᠷ ᠤᠨ ᠤᠬᠠᠮᠰᠠᠷ ᠠᠴᠠ ᠪᠠᠨ ᠪᠦᠬᠦ ᠠᠶᠢᠮᠠᠭ᠂ ᠪᠦᠬᠦ ᠬᠤᠲᠠ ᠶᠢᠨ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠳᠦᠷᠢᠮ ᠲᠤᠭᠲᠠᠭᠠᠯ ᠢ ᠰᠠᠬᠢᠵᠤ᠂ ᠰᠤᠮᠤ ᠪᠠᠯᠭᠠᠰᠤ ᠲᠠᠯᠠᠪᠠᠢ ᠂ ᠭᠠᠴᠠᠭ᠎ᠠ ᠬᠤᠪᠢᠶᠠᠷᠢ ᠲᠠᠯᠠᠪᠠᠢ ᠶᠢᠨ ᠬᠢᠨᠠᠯᠲᠠ ᠬᠠᠮᠢᠶᠠᠷᠤᠯᠲᠠ ᠪᠤᠯᠤᠨ ᠰᠤᠮᠤ ᠪᠠᠯᠭᠠᠰᠤᠨ ᠤ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠦᠯᠢ ᠬᠡᠷᠡᠭᠵᠢᠭᠦᠯᠬᠦ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠦᠯᠢ ᠬᠡᠷᠡᠭᠵᠢᠭᠦᠯᠬᠦ ᠶᠡᠭᠡ ᠠᠩᠭᠢ ᠪᠤᠯᠤᠨ ᠤᠢ ᠰᠢᠭᠤᠢ ᠪᠠ ᠨᠤᠲᠤᠭ ᠪᠡᠯᠴᠢᠭᠡᠷ ᠤᠨ ᠰᠠᠯᠠᠭ᠎ᠠ ᠮᠦᠴᠢᠷ ᠤᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃︵ᠬᠤᠶᠠᠷ︶ ᠡᠯ᠎ᠡ ᠬᠠᠷᠢᠶᠠᠲᠤ ᠲᠤᠭᠤᠷᠢᠭ ᠪᠤᠯᠤᠨ ᠬᠠᠮᠢᠶ᠎ᠠ ᠰᠠᠯᠠᠭ᠎ᠠ ᠮᠦᠴᠢᠷ ᠨᠢ ᠮᠠᠯ ᠠᠵᠤ ᠦᠢᠯᠡᠳᠪᠦᠷᠢᠯᠡᠯ ᠤᠨ ᠵᠢᠯᠤᠭᠤᠳᠤᠯᠭ᠎ᠠ ᠬᠠᠩᠭᠠᠬᠤ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ᠃ ᠦᠷᠭᠡᠨ ᠤᠯᠠᠨ ᠮᠠᠯᠴᠢᠨ ᠲᠦᠮᠡᠨ ᠨᠢ ᠡᠪᠡᠰᠦ ᠪᠤᠷᠳᠤᠭ᠎ᠠ ᠶᠢᠨ ᠬᠠᠳᠠᠭᠠᠯᠠᠮᠵᠢ᠂ ᠮᠠᠯ ᠤᠨ ᠬᠦᠳᠡᠯᠭᠡᠭᠡᠨ ᠤ ᠲᠠᠯᠠᠪᠤᠷ ᠢ ᠪᠠᠶᠢᠷᠢᠯᠠᠭᠤᠯᠬᠤ ᠵᠢᠴᠢ ᠤᠰᠤᠨ ᠤ ᠬᠤᠳᠳᠤᠭ᠂ ᠤᠰᠤᠯᠠᠬᠤ ᠰᠤᠪᠠᠭ᠂ ᠲᠡᠵᠢᠭᠡᠨ ᠪᠤᠷᠳᠤᠬᠤ ᠲᠦᠬᠦᠭᠡᠷᠦᠮᠵᠢ ᠵᠡᠷᠭᠡ ᠦᠢᠯᠡᠳᠪᠦᠷᠢᠯᠡᠯ ᠤᠨ ᠪᠠᠲᠤᠯᠠᠭ᠎ᠠ ᠎ ᠶᠢᠨ ᠠᠵᠢᠯ ᠢᠶᠠᠨ ᠤᠷᠢᠳᠴᠢᠯᠠᠨ ᠬᠢᠬᠦ ᠬᠡᠷᠡᠭᠲᠡᠢ᠃ ᠮᠠᠯ ᠤᠨ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠡᠭᠦᠰᠬᠦ ᠶᠢ ᠰᠡᠷᠭᠡᠶᠢᠯᠡᠬᠦ ᠬᠡᠷᠡᠭᠲᠡᠢ᠃︵ᠭᠤᠷᠪᠠ︶ ᠡᠯ᠎ᠡ ᠰᠤᠮᠤ ᠪᠠᠯᠭᠠᠰᠤᠨ ᠤ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠦᠯᠢ ᠬᠡᠷᠡᠭᠵᠢᠭᠦᠯᠬᠦ ᠲᠤᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠭᠢᠯᠡᠭᠰᠡᠨ ᠵᠠᠰᠠᠭ ᠵᠠᠬᠢᠷᠭᠠᠨ ᠤ ᠬᠠᠦᠯᠢ ᠬᠡᠷᠡᠭᠵᠢᠭᠦᠯᠬᠦ ᠶᠡᠭᠡ ᠠᠩᠭᠢ ᠵᠡᠷᠭᠡ ᠰᠠᠯᠠᠭ᠎ᠠ ᠮᠦᠴᠢᠷ ᠨᠢ ᠬᠠᠦᠯᠢ ᠬᠡᠷᠡᠭᠵᠢᠭᠦᠯᠬᠦ ᠬᠦᠴᠦᠯᠡᠴᠡ ᠪᠠᠨ ᠴᠢᠩᠭᠠᠷᠠᠭᠤᠯᠵᠤ᠂ ᠳᠦᠷᠢᠮ ᠲᠤᠭᠲᠠᠭᠠᠯ ᠶᠢ ᠵᠦᠷᠢᠴᠡᠨ ᠪᠡᠯᠴᠢᠭᠡᠷᠯᠡᠭᠦᠯᠬᠦ ᠠᠵᠢᠯᠯᠠᠭ᠎ᠠ ᠶᠢ ᠬᠠᠦᠯᠢ ᠶᠤᠰᠤᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠤᠢ ᠰᠢᠭᠤᠢ ᠪᠠ ᠨᠤᠲᠤᠭ ᠪᠡᠯᠴᠢᠭᠡᠷ ᠤᠨ ᠰᠠᠯᠠᠭ᠎ᠠ ᠮᠦᠴᠢᠷ ᠨᠢ ᠵᠢᠭᠠᠨ ᠵᠢᠯᠤᠭᠤᠳᠬᠤ ᠪᠤᠯᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠨᠤᠲᠤᠭ ᠪᠡᠯᠴᠢᠭᠡᠷ ᠤᠨ ᠲᠤᠰᠬᠠᠢ ᠲᠤᠰᠢᠶᠠᠯᠲᠤ ᠬᠠᠮᠢᠶᠠᠷᠤᠨ ᠬᠠᠮᠠᠭᠠᠯᠭᠴᠢ ᠤᠨ ᠦᠢᠯᠡᠳᠦᠯ ᠢ ᠭᠦᠢᠴᠡᠳ ᠪᠠᠳᠠᠷᠠᠭᠤᠯᠵᠦ᠂ ᠴᠢᠩᠭ᠎ᠠ ᠬᠠᠮᠢᠶᠠᠷᠤᠯᠲᠠ ᠬᠢᠵᠦ᠂ ᠲᠤᠭᠲᠠᠭᠰᠠᠨ ᠬᠤᠭᠤᠴᠠᠭ᠎ᠠ ᠲᠠᠢ ᠲᠤᠭᠤᠷᠢᠨ ᠪᠠᠶᠢᠴᠠᠭᠠᠵᠦ᠂ ᠬᠢᠨᠠᠨ ᠬᠠᠮᠢᠶᠠᠷᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠢᠯᠡᠴᠢᠯᠡᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠦᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠡᠷᠡᠭᠵᠢᠭᠦᠯᠬᠦ ᠭᠤᠤᠯ ᠴᠤᠭᠴᠠ ᠨᠢ ᠦᠪᠡᠷ ᠤᠨ ᠪᠡᠶ᠎ᠡ ᠳᠡᠭᠡᠨ ᠬᠢᠨᠠᠯᠲᠠ᠂ ᠨᠡᠶᠢᠭᠡᠮ ᠠᠴᠠ ᠬᠢᠨᠠᠯᠲᠠ ᠲᠠᠯᠪᠢᠬᠤ᠂ ᠤᠯᠠᠨ ᠲᠦᠮᠡᠨ ᠬᠢᠨᠠᠯᠲᠠ ᠲᠠᠯᠪᠢᠬᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠨᠡᠶᠢᠯᠡᠮᠡᠯ ᠬᠦᠴᠦᠨ ᠢ ᠪᠤᠢ ᠪᠤᠯᠭᠠᠬᠤ ᠬᠡᠷᠡᠭᠲᠡᠢ᠃ ᠦᠷᠭᠡᠨ ᠤᠯᠠᠨ ᠲᠦᠮᠡᠨ ᠳᠠᠯᠳᠠᠭᠤᠷ ᠪᠡᠯᠴᠢᠭᠡᠷᠯᠡᠭᠦᠯᠬᠦ ᠵᠡᠷᠭᠡ ᠳᠦᠷᠢᠮ ᠲᠤᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠢ ᠢᠯᠡᠴᠢᠯᠡᠨ ᠮᠡᠳᠡᠭᠦᠯᠬᠦ ᠪᠤᠯᠪᠠᠦ᠂ 24  ᠴᠠᠭ ᠤᠨ ᠢᠯᠡᠴᠢᠯᠡᠨ ᠮᠡᠳᠡᠭᠦᠯᠬᠦ ᠤᠳᠠᠰᠤ᠄ 8262294᠃︵ᠳᠦᠷᠪᠡ︶ ᠠᠵᠤ ᠠᠬᠤᠢ ᠪᠤᠯᠤᠨ ᠠᠮᠢ ᠠᠬᠤᠢ ᠶᠢᠨ ᠳᠠᠩᠰᠠ ᠵᠢᠴᠢ ᠲᠦᠷ ᠴᠠᠭ ᠪᠤᠯᠤᠨ ᠤᠷᠲᠤ ᠬᠤᠭᠤᠴᠠᠭᠠᠨ ᠎ ᠤ ᠠᠰᠢᠭ ᠲᠤᠰᠠ ᠶᠢᠨ ᠳᠠᠩᠰᠠ ᠶᠢ ᠭᠦᠢᠴᠡᠳ ᠲᠠᠨᠢᠵᠦ᠂ ᠦᠪᠡᠷ ᠤᠨ ᠤᠬᠠᠮᠰᠠᠷ ᠠᠴᠠ ᠪᠠᠨ ᠬᠠᠪᠤᠷ ᠤᠨ ᠤᠯᠠᠷᠢᠯ ᠎ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠲᠦᠷᠢᠮ ᠲᠤᠭᠲᠠᠭᠠᠯ ᠢ ᠰᠠᠬᠢᠬᠤ ᠬᠡᠷᠡᠭᠲᠡᠢ᠃︵ᠲᠠᠪᠤ︶ ᠪᠡᠯᠴᠢᠭᠡᠷᠯᠡᠭᠦᠯᠬᠦ ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ ᠬᠠᠮᠢᠶ᠎ᠠ ᠪᠦᠬᠦᠢ ᠰᠠᠯᠭ᠎ᠠ ᠮᠦᠴᠢᠷ ᠪᠠ ᠰᠤᠮᠤ ᠪᠠᠯᠭᠠᠰᠤ ᠲᠠᠯᠠᠪᠠᠢ ᠨᠢ ᠰᠢᠯᠭᠠᠨ ᠬᠤᠷᠢᠶᠠᠵᠦ᠂ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠮᠠᠯᠵᠢᠬᠤ ᠡᠷᠦᠭᠡ ᠳᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ︽ᠨᠢᠭᠡ ᠺᠠᠷᠲ︾ ᠎ ᠢᠶᠠᠷ ᠳᠠᠮᠵᠢᠨ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠨᠦᠬᠦᠪᠦᠷᠢ ᠤᠯᠭᠤᠨ᠎ᠠ︔ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ᠂ ᠳᠠᠯᠳᠠᠭᠤᠷ ᠮᠠᠯᠵᠢᠬᠤ ᠵᠡᠷᠭᠡ ᠦᠢᠯᠡ ᠠᠵᠢᠯᠯᠠᠭ᠎ᠠ ᠤᠷᠤᠰᠢᠵᠦ ᠪᠠᠶᠢᠭ᠎ᠠ ᠮᠠᠯᠵᠢᠬᠤ ᠡᠷᠦᠭᠡ ᠶᠢᠨ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠨᠦᠬᠦᠪᠦᠷᠢ ᠶᠢ ᠬᠠᠰᠤᠵᠦ᠂ ᠬᠠᠦᠯᠢ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ᠤᠨᠴᠠᠭᠠᠶᠢᠯᠠᠨ ᠵᠠᠷᠯᠠᠪᠠ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号