ᠰᠢᠯᠢ ᠶᠢᠨ ᠬᠤᠲᠠ ᠶᠢᠨ 2023 ᠣᠨ ᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠠᠬᠢ ᠪᠡᠯᠴᠢᠭᠡᠷ ᠥᠨᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2023/3/11
ᠰᠢᠯᠢ ᠶᠢᠨ ᠬᠤᠲᠠ ᠶᠢᠨ 2023 ᠣᠨ ᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠠᠬᠢ ᠪᠡᠯᠴᠢᠭᠡᠷ ᠥᠨᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠪᠠ ᠵᠦᠶ ᠵᠣᠬᠢᠰᠲᠠᠶ ᠠᠰᠢᠭᠯᠠᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠡᠪᠡᠰᠦ ᠪᠡᠯᠴᠢᠭᠡᠷ ᠤᠨ ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠨᠢ ᠬᠡᠪᠡᠷᠡᠭ ᠪᠠᠶᠢᠬᠤ ᠱᠠᠲᠤ ᠦᠶ᠎ᠡ ᠳᠤ᠂ ᠨᠤᠲᠤᠭ ᠪᠡᠯᠴᠢᠭᠡᠷ ᠤᠨ ᠰᠡᠯᠭᠦᠨ ᠰᠡᠷᠭᠦᠬᠦ ᠶᠢ ᠠᠬᠢᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠥᠯᠥᠭᠡ᠂ ︽ᠰᠢᠯᠢ ᠶᠢᠨ ᠭᠤᠤᠯ ᠠᠶᠢᠮᠠᠭ ᠤᠨ 2023 — 2025 ᠣᠨ ᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ ᠬᠡᠷᠡᠭᠵᠢᠭᠦᠯᠬᠦ ᠲᠥᠰᠦᠯ︾᠎ ᠤᠨ ᠠᠭᠤᠯᠭ᠎ᠠ ᠶᠢᠨ ᠱᠠᠭᠠᠷᠳᠠᠯᠭ᠎ᠠ ᠶᠣᠰᠣᠭᠠᠷ᠂ 2023 ᠣᠨ ᠳᠤ ᠪᠥᠬᠦ ᠬᠤᠲᠠ ᠳᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠦᠷᠭᠦᠯᠵᠢᠯᠡᠨ ᠬᠡᠷᠡᠭᠵᠢᠭᠦᠯᠦᠨ᠎ᠡ ᠃ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ᠨᠢᠭᠡ᠂ ᠬᠡᠷᠡᠭᠵᠢᠭᠦᠯᠬᠦ ᠬᠡᠪᠴᠢᠶ᠎ᠡ᠂ ᠴᠠᠭ ᠤᠨ ᠬᠢᠵᠠᠭᠠᠷ︵ᠨᠢᠭᠡ︶ ᠪᠡᠯᠴᠢᠭᠡᠷᠯᠡᠭᠦᠯᠬᠦ ᠶᠢ ᠵᠣᠭᠰᠣᠭᠠᠬᠤ ᠬᠡᠪᠴᠢᠶ᠎ᠡ᠄ ᠪᠥᠬᠦ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠬᠤ ᠲᠠᠯᠠᠪᠠᠶ 1879.60 ᠲᠦᠮᠡᠨ ᠮᠥ᠂ ᠪᠡᠯᠴᠢᠭᠡᠷᠯᠡᠭᠦᠯᠬᠦ ᠶᠢ ᠵᠣᠭᠰᠣᠭᠠᠬᠤ ᠮᠠᠯ ᠤᠨ ᠲᠦᠷᠦᠯ ᠳᠤ ᠦᠬᠡᠷ ᠪᠠ ᠬᠤᠨᠢ ︵ᠮᠣᠷᠢ᠂ ᠲᠡᠮᠡᠭᠡ ᠪᠠᠭᠲᠠᠬᠤ ᠥᠬᠡᠶ︶ ᠪᠠᠭᠲᠠᠨ᠎ᠠ᠃︵ᠬᠤᠶᠠᠷ︶ ᠪᠡᠯᠴᠢᠭᠡᠷᠯᠡᠭᠦᠯᠬᠦ ᠶᠢ ᠵᠣᠭᠰᠣᠭᠠᠬᠤ ᠴᠠᠭ᠄ 4 ᠳ᠋ᠦ᠋ᠭᠡᠷ ᠰᠠᠷ᠎ᠠ ᠶᠢᠨ 5᠎ ᠤ ᠡᠳᠦᠷ ᠤᠨ 0᠄ 00᠎ ᠠᠴᠠ ᠡᠬᠢᠯᠡᠵᠦ᠂ 5 ᠳ᠋ᠤᠭᠠᠷ ᠰᠠᠷ᠎ᠠ ᠶᠢᠨ 19᠎ ᠤ ᠡᠳᠦᠷ ᠤᠨ 24᠄ 00᠎ ᠲᠤ ᠳᠠᠭᠤᠰᠬᠠᠵᠤ᠂ 45 ᠡᠳᠦᠷ ᠤᠨ ᠬᠤᠭᠤᠴᠠᠭ᠎ᠠ ᠲᠠᠢ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠥᠷᠨᠢᠭᠦᠯᠦᠨ᠎ᠡ᠃ᠬᠤᠶᠠᠷ᠂ ᠨᠥᠬᠦᠪᠥᠷᠢ ᠥᠭᠬᠦ ᠠᠷᠭ᠎ᠠᠪᠥᠬᠦ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠬᠤ ᠲᠠᠯᠠᠪᠠᠶ 1879.60 ᠲᠦᠮᠡᠨ ᠮᠥ ᠳᠤ ᠬᠦᠷᠴᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠵᠢᠯ ᠳᠤ 9 ᠲᠥᠭᠦᠷᠢᠭ \ ᠮᠥ ᠶᠢᠨ ᠨᠥᠬᠦᠪᠥᠷᠢ ᠶᠢᠨ ᠪᠠᠷᠢᠮᠵᠢᠶ᠎ᠠ ᠶᠢ ᠦᠨᠳᠦᠰᠦᠯᠡᠨ ᠲᠥᠰᠦᠭᠡᠯᠡᠨ ᠪᠤᠳᠤᠭᠰᠠᠨ ᠢᠶᠠᠷ᠂ ᠪᠡᠯᠴᠢᠭᠡᠷᠯᠡᠭᠦᠯᠬᠦ ᠶᠢ ᠵᠣᠭᠰᠣᠭᠠᠭᠰᠠᠨ ᠴᠠᠭ ᠨᠢ 45 ᠡᠳᠦᠷ ᠪᠠᠶᠢᠵᠤ᠂ ᠨᠥᠬᠦᠪᠥᠷᠢ ᠶᠢᠨ ᠪᠠᠷᠢᠮᠵᠢᠶ᠎ᠠ ᠨᠢ 1.125 ᠲᠥᠭᠦᠷᠢᠭ \ ᠮᠥ ᠳᠤ ᠬᠦᠷᠴᠦ᠂ ᠨᠡᠶᠢᠲᠡ 2114.55 ᠲᠦᠮᠡᠨ ᠲᠥᠭᠦᠷᠢᠭ ᠤᠨ ᠨᠥᠬᠦᠪᠥᠷᠢ ᠮᠥᠩᠭᠦ ︵ᠡᠭᠦᠨ ᠳᠤ᠄ ᠲᠥᠪ ᠤᠨ ᠨᠥᠬᠦᠪᠥᠷᠢᠯᠡᠵᠦ ᠱᠠᠩᠨᠠᠬᠤ ᠪᠠᠯᠠ ᠮᠥᠩᠭᠦ 1667.42 ᠲᠦᠮᠡᠨ ᠲᠥᠭᠦᠷᠢᠭ᠂ ᠠᠶᠢᠮᠠᠭ ᠤᠨ ᠲᠠᠰ ᠤᠨ ᠢᠵᠢ ᠪᠦᠷᠢᠳᠦᠭᠦᠯᠬᠦ ᠪᠠᠯᠠ ᠮᠥᠩᠭᠦ 178.85 ᠲᠦᠮᠡᠨ ᠲᠥᠭᠦᠷᠢᠭ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠠᠯᠠ ᠮᠥᠩᠭᠦ 268.28 ᠲᠦᠮᠡᠨ ᠲᠥᠭᠦᠷᠢᠭ︶ ᠬᠡᠷᠡᠭᠰᠡᠨ᠎ᠡ᠃ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ ︵ᠨᠢᠭᠡ︶ ᠡᠮᠦᠨᠡᠬᠢ ᠬᠤᠭᠤᠴᠠᠭᠠᠨ ᠤ ᠪᠡᠯᠡᠳᠬᠡᠯ ᠱᠠᠳᠤ ᠦᠶ᠎ᠡ1. ᠠᠵᠢᠯ ᠤᠨ ᠲᠥᠰᠦᠯ ᠢᠶᠠᠨ ᠲᠣᠭᠲᠠᠭᠠᠨ᠎ᠠ᠃ ᠬᠤᠲᠠ ᠶᠢᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠡᠯ᠎ᠡ ᠰᠤᠮᠤ ᠪᠠᠯᠭᠠᠰᠤ ᠲᠠᠯᠠᠪᠠᠶ ᠶᠢᠨ ᠭᠤᠤᠯ ᠤᠳᠤᠷᠢᠳᠤᠯᠭ᠎ᠠ ᠪᠠᠷ ᠪᠦᠷᠢᠯᠳᠦᠬᠦᠨ ᠪᠣᠯᠭᠠᠭᠰᠠᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠡᠷᠡᠭᠵᠢᠭᠦᠯᠬᠦ ᠲᠥᠰᠦᠯ ᠲᠣᠭᠲᠠᠭᠠᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃2. ᠠᠵᠢᠯᠯᠠᠭᠠᠨ ᠤ ᠲᠠᠯᠠᠪᠤᠷ ᠭᠠᠷᠭᠠᠨ᠎ᠠ᠃ ᠡᠯ᠎ᠡ ᠰᠤᠮᠤ ᠪᠠᠯᠭᠠᠰᠤᠨ ᠤ ᠲᠠᠯᠠᠪᠠᠶ ᠠᠴᠠ ᠮᠠᠯᠵᠢᠬᠤ ᠡᠷᠦᠬᠡ ᠶᠢ ᠵᠢᠯᠣᠭᠤᠳᠤᠨ ᠮᠠᠯ ᠤᠨ ᠠᠵᠢᠯᠯᠠᠭᠠᠨ ᠤ ᠲᠠᠯᠠᠪᠠᠶ᠂ ᠤᠰᠤᠨ ᠤ ᠰᠤᠷᠪᠤᠯᠵᠢ᠂ ᠤᠰᠤ ᠤᠮᠳᠠ ᠶᠢᠨ ᠨᠡᠪᠲᠡᠷᠡᠬᠦ ᠵᠠᠮ ᠢ ᠵᠣᠬᠢᠰᠲᠠᠶ ᠪᠠᠶᠢᠷᠢᠯᠠᠭᠤᠯᠵᠤ᠂ ᠲᠡᠵᠢᠭᠡᠨ ᠠᠷᠠᠴᠢᠯᠠᠬᠤ ᠪᠡᠯᠡᠳᠬᠡᠮᠵᠢ ᠲᠥᠬᠦᠭᠡᠷᠦᠮᠵᠢ ᠶᠢ ᠡᠷᠲᠡᠬᠡᠨ ᠪᠡᠯᠡᠳᠬᠡᠬᠦ ᠬᠡᠷᠡᠭᠲᠡᠶ ᠃ ᠬᠢᠨᠠᠨ ᠲᠣᠭᠲᠠᠭᠠᠭᠰᠠᠨ ᠮᠠᠯᠵᠢᠬᠤ ᠡᠷᠦᠬᠡ ᠶᠢᠨ ᠪᠡᠯᠴᠢᠭᠡᠷ ᠤᠨ ᠳᠠᠭᠠᠭᠠᠴᠠ ᠶᠢᠨ ᠮᠠᠯ ᠤᠨ ᠲᠤᠭ᠎ᠠ ᠪᠠᠷ ᠰᠠᠭᠤᠷᠢᠯᠠᠵᠣ᠂ ᠬᠤᠨᠢ ᠢᠮᠠᠭᠠᠨ ᠤ ᠨᠢᠭᠡᠴᠡ ᠨᠢᠭᠡᠪᠦᠷᠢ ᠶᠢᠨ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠠᠬᠢ ᠠᠵᠢᠯᠯᠠᠭᠠᠨ ᠤ ᠲᠠᠯᠠᠪᠠᠶ ᠶᠢ ᠵᠠᠷᠴᠢᠮ ᠳᠡᠭᠡᠷ᠎ᠡ ᠪᠠᠨ 20 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠥᠬᠡᠶ᠂ ᠠᠵᠢᠯᠯᠠᠭᠠᠨ ᠤ ᠲᠠᠯᠠᠪᠠᠶ ᠶᠢ ᠬᠠᠰᠢᠶ᠎ᠠ ᠰᠠᠷᠠᠪᠴᠢ ᠶᠢᠨ ᠡᠷᠬᠢᠨ ᠲᠣᠭᠤᠷᠢᠨ ᠳᠤ ᠪᠠᠶᠢᠷᠢᠯᠠᠭᠤᠯᠬᠤ ᠶᠢᠨ ᠬᠠᠮᠲᠤ ᠢᠯᠡᠷᠬᠡᠶ ᠲᠡᠮᠳᠡᠭ ᠲᠠᠢ ᠪᠠᠶᠢᠯᠭᠠᠬᠤ ᠬᠡᠷᠡᠭᠲᠡᠶ᠃ ᠬᠤᠷᠠᠭ᠎ᠠ ᠲᠡᠵᠢᠭᠡᠬᠦ ᠬᠤᠷᠢᠶᠠᠨ ᠤ ᠲᠠᠯᠠᠪᠠᠶ ᠶᠢ ᠵᠣᠬᠢᠬᠤ ᠬᠡᠮᠵᠢᠶ᠎ᠡ ᠪᠠᠷ ᠳᠣᠭᠢᠷᠠᠭᠤᠯᠵᠤ᠂ ᠲᠦᠯᠯᠡᠭᠰᠡᠨ ᠬᠤᠨᠢ ︵ᠡᠮ᠎ᠡ ᠬᠤᠨᠢ ᠪᠠ ᠬᠤᠷᠠᠭ᠎ᠠ︶᠎ ᠶᠢ 0.5 ᠮᠥ ᠠᠴᠠ ᠬᠡᠲᠦᠷᠡᠭᠦᠯᠬᠦ ᠥᠬᠡᠶ ᠪᠠᠶᠢᠵᠤ᠂ ᠬᠤᠷᠠᠭ᠎ᠠ ᠲᠡᠵᠢᠭᠡᠬᠦ ᠴᠠᠭ ᠢ ᠴᠢᠩᠭ᠎ᠠ ᠬᠢᠵᠠᠭᠠᠷᠯᠠᠨ᠎ᠠ᠃ ᠡᠭᠦᠨ ᠤ ᠬᠠᠮᠲᠤ ᠲᠠᠯᠠᠪᠤᠷ ᠤᠨ ᠢᠯᠡᠷᠬᠡᠶᠢᠯᠡᠯ ᠤᠨ ᠫᠠᠶᠢᠰᠠᠨ ᠳᠤ ᠲᠣᠳᠣᠷᠬᠠᠶ ᠵᠡᠭᠦᠯᠳᠡ ᠬᠠᠳᠠᠬᠤ ᠬᠡᠷᠡᠭᠲᠡᠶ᠃3. ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢ ᠰᠠᠶᠢᠲᠤᠷ ᠬᠢᠨ᠎ᠠ᠃ ᠡᠯ᠎ᠡ ᠰᠤᠮᠤ ᠪᠠᠯᠭᠠᠰᠤ ᠲᠠᠯᠠᠪᠠᠶ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠦᠨᠡᠨᠬᠦ ᠴᠢᠩᠭᠠᠳᠬᠠᠨ᠂ ᠬᠤᠨᠢ ᠢᠮᠠᠭᠠᠨ ᠤ ᠨᠢᠭᠡᠴᠡ ᠨᠢᠭᠡᠪᠦᠷᠢ ᠶᠢᠨ ᠡᠳᠦᠷ ᠪᠦᠷᠢ ᠶᠢᠨ 1.8 ᠺᠢᠯᠣᠭ᠍ᠷᠠᠮ ᠤᠨ ᠪᠠᠷᠢᠮᠵᠢᠶ᠎ᠠ ᠪᠠᠷ᠂ ᠪᠡᠯᠴᠢᠭᠡᠷᠯᠡᠭᠦᠯᠬᠦ ᠶᠢ ᠵᠣᠭᠰᠣᠭᠠᠬᠤ ᠳᠠᠭᠤᠰᠤᠭᠰᠠᠨ ᠤ ᠳᠠᠷᠠᠭᠠᠬᠢ ᠡᠪᠡᠰᠦ ᠪᠣᠷᠳᠤᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠶᠡᠷᠦᠩᠬᠡᠶ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠪᠤᠳᠤᠵᠤ᠂ ᠰᠤᠮᠤ ᠪᠠᠯᠭᠠᠰᠤ ᠲᠠᠯᠠᠪᠠᠶ ᠶᠢᠨ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠬᠦᠷᠦᠯᠴᠡᠬᠦ ᠥᠬᠡᠶ ᠬᠡᠰᠡᠭ ᠲᠤ ᠳᠣᠲᠣᠭᠠᠳᠤ ᠳᠠᠭᠠᠨ ᠳᠣᠭᠢᠷᠠᠭᠤᠯᠬᠤ ᠪᠠ ᠭᠠᠳᠠᠭᠰᠢ ᠳᠣᠭᠢᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠪᠠᠲᠤᠯᠠᠭ᠎ᠠ ᠲᠠᠢ ᠪᠣᠯᠭᠠᠬᠤ ᠬᠡᠷᠡᠭᠲᠡᠶ᠃︵ᠬᠤᠶᠠᠷ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠱᠠᠳᠤ ᠦᠶ᠎ᠡᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠪᠥᠬᠦ ᠲᠠᠯ᠎ᠠ ᠪᠠᠷ ᠴᠠᠭᠠᠵᠠᠯᠠᠵᠤ᠂ ᠡᠯ᠎ᠡ ᠰᠤᠮᠤ ᠪᠠᠯᠭᠠᠰᠤ ᠲᠠᠯᠠᠪᠠᠶ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠮᠠᠯᠵᠢᠬᠤ ᠡᠷᠦᠬᠡ ᠶᠢᠨ ᠮᠠᠯ ᠢ ᠪᠦᠬᠦᠨ ᠢ ᠬᠠᠰᠢᠶᠠᠯᠠᠨ ᠲᠡᠵᠢᠭᠡᠬᠦ ᠶᠢ ᠰᠢᠮᠳᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠨ ᠴᠢᠩᠭᠠᠳᠬᠠᠵᠤ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠤᠯᠠᠭᠠᠶᠢᠯᠠᠨ ᠮᠠᠯᠵᠢᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠠᠰᠢᠶᠠᠯᠠᠨ ᠲᠡᠵᠢᠭᠡᠬᠦ ᠮᠡᠷᠭᠡᠵᠢᠯ ᠤᠨ ᠵᠢᠯᠣᠭᠤᠳᠣᠯᠭ᠎ᠠ ᠪᠠ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ᠃︵ᠭᠤᠷᠪᠠ︶ ᠳ᠋ᠦᠩᠨᠡᠯᠳᠡ ᠶᠢᠨ ᠱᠠᠳᠤ ᠦᠶ᠎ᠡᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠤ ᠦᠢᠯᠡᠳᠪᠦᠷᠢᠯᠡᠯ ᠤᠨ ᠬᠦᠴᠦᠨ ᠳᠤ ᠬᠢᠨᠠᠨ ᠬᠡᠮᠵᠢᠯᠲᠡ ᠬᠢᠵᠦ᠂ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠤ ᠠᠵᠢᠯ ᠤᠨ ᠦᠷ᠎ᠡ ᠪᠦᠲᠦᠭᠡᠯ᠂ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠨ᠂ ᠬᠤᠶᠢᠰᠢᠳᠠ ᠶᠢᠨ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠤ ᠠᠵᠢᠯ ᠤᠨ ᠤᠷᠤᠭᠰᠢᠲᠠᠶ ᠶᠠᠪᠤᠭᠳᠠᠬᠤ ᠳᠤ ᠰᠠᠭᠤᠷᠢ ᠲᠠᠯᠪᠢᠵᠤ ᠥᠭᠬᠦ ᠬᠡᠷᠡᠭᠲᠡᠶ᠃︵ᠲᠦᠷᠪᠡ︶ ᠬᠠᠷᠢᠭᠤᠴᠠᠯᠭ᠎ᠠ ᠶᠢᠨ ᠬᠤᠪᠢᠶᠠᠷᠢᠯᠠᠯ︵ᠨᠢᠭᠡ︶ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠄ ᠮᠡᠷᠭᠡᠵᠢᠯ ᠤᠨ ᠵᠢᠯᠤᠭᠤᠳᠤᠯᠭ᠎ᠠ ᠪᠣᠯᠤᠨ ᠦᠢᠯᠡᠴᠢᠯᠡᠭᠡ ᠶᠢ ᠰᠠᠶᠢᠲᠤᠷ ᠠᠳᠬᠤᠵᠤ᠂ ᠡᠯ᠎ᠡ ᠰᠤᠮᠤ ᠪᠠᠯᠭᠠᠰᠤ ᠲᠠᠯᠠᠪᠠᠢ᠂ ᠭᠠᠴᠠᠭ᠎ᠠ ᠬᠤᠪᠢᠶᠠᠷᠢ ᠲᠠᠯᠠᠪᠠᠢ᠂ ᠮᠠᠯᠵᠢᠬᠤ ᠡᠷᠥᠭᠡ ᠶᠢ ᠵᠢᠭᠠᠨ ᠵᠢᠯᠣᠭᠤᠳᠴᠤ ᠪᠠᠶᠢᠭᠠᠳ ᠡᠪᠡᠰᠦ ᠪᠣᠷᠳᠤᠭ᠎ᠠ᠂ ᠰᠠᠪᠠ ᠲᠦᠬᠦᠭᠡᠷᠦᠮᠵᠢ᠂ ᠮᠠᠯ ᠤᠨ ᠤᠤᠭᠤᠬᠤ ᠤᠰᠤ ᠵᠡᠷᠭᠡ ᠠᠰᠠᠭᠤᠳᠠᠯ ᠢ ᠤᠷᠢᠳᠴᠢᠯᠠᠨ ᠰᠠᠶᠢᠲᠤᠷ ᠰᠶᠢᠳᠪᠦᠷᠢᠯᠡᠵᠦ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠮᠠᠯ ᠤᠨ ᠬᠢᠵᠢᠭ ᠤᠨ ᠪᠠᠶᠢᠳᠠᠯ ᠭᠠᠷᠬᠤ ᠶᠢ ᠴᠢᠩᠭ᠎ᠠ ᠰᠡᠷᠭᠡᠶᠢᠯᠡᠵᠦ ᠂ ᠤᠯᠠᠨ ᠲᠦᠮᠡᠨ ᠤ ᠠᠵᠤ ᠠᠬᠤᠶ ᠶᠢᠨ ᠬᠤᠬᠢᠷᠠᠯ ᠤᠴᠠᠷᠠᠭᠤᠯᠬᠤ ᠠᠴᠠ ᠵᠠᠶᠢᠯᠰᠬᠢᠬᠤ ᠬᠡᠷᠡᠭᠲᠡᠶ᠃︵ᠬᠤᠶᠠᠷ︶ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠄ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠬᠦ ᠶᠢ ᠵᠢᠯᠣᠭᠤᠳᠴᠤ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠤᠯᠠᠨ ᠲᠦᠮᠡᠨ ᠤ ᠬᠢᠨᠠᠨ ᠬᠠᠮᠢᠶᠠᠷᠬᠤ ᠠᠵᠢᠯ ᠢ ᠥᠷᠨᠢᠭᠦᠯᠦᠨ᠂ ᠢᠯᠡᠴᠢᠯᠡᠨ ᠮᠡᠳᠡᠭᠦᠯᠬᠦ ᠦᠢᠯᠡᠴᠢᠯᠡᠭᠡᠨ ᠤ ᠣᠳᠠᠰᠦ ᠭᠠᠷᠭᠠᠵᠤ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠵᠦ᠂ ᠬᠠᠤᠯᠢ ᠬᠡᠷᠡᠭᠵᠢᠭᠦᠯᠵᠦ ᠬᠠᠮᠢᠶᠠᠷᠬᠤ᠂ ᠨᠡᠶᠢᠭᠡᠮ ᠤᠨ ᠬᠢᠨ ᠬᠢᠨᠠᠯᠲᠠ ᠲᠠᠯᠪᠢᠬᠤ᠂ ᠤᠯᠠᠨ ᠲᠦᠮᠡᠨ ᠤ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠨᠡᠶᠢᠯᠡᠯ ᠬᠦᠴᠦᠨ ᠢ ᠪᠤᠢ ᠪᠣᠯᠭᠠᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃︵ᠭᠤᠷᠪᠠ︶ ᠡᠳ᠋ ᠤᠨ ᠵᠠᠰᠠᠭ ᠤᠨ ᠲᠣᠪᠴᠢᠶ᠎ᠠ᠄ ᠢᠳᠡᠪᠬᠢᠲᠡᠶ ᠪᠠᠷ ᠪᠠᠯᠠ ᠮᠥᠩᠭᠦ ᠴᠤᠭᠯᠠᠭᠤᠯᠵᠤ᠂ ᠡᠯ᠎ᠡ ᠰᠤᠮᠤ ᠪᠠᠯᠭᠠᠰᠤ ᠲᠠᠯᠠᠪᠠᠶ ᠶᠢ ᠵᠣᠬᠢᠶᠠᠨ ᠪᠠᠶᠢᠭᠤᠯᠤᠨ ︽ᠪᠦᠬᠦᠨ ᠳᠤ ᠳᠣᠭᠢᠷᠠᠬᠤ ᠺᠠᠷᠲ︾᠎ ᠢ ᠣᠷᠣᠭᠤᠯᠬᠤ ᠠᠵᠢᠯ ᠢ ᠰᠠᠶᠢᠲᠤᠷ ᠬᠢᠵᠦ᠂ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠤᠮᠤ ᠪᠠᠯᠭᠠᠰᠤ ᠶᠢᠨ ᠲᠠᠯᠠᠪᠠᠶ ᠨᠤᠭᠤᠳ ᠪᠠᠯᠠ ᠮᠥᠩᠭᠦ ᠲᠠᠷᠬᠠᠭᠠᠭᠰᠠᠨ ᠦᠷ᠎ᠡ ᠳ᠋ᠦᠩ ᠢᠶᠠᠨ ᠲᠣᠰ ᠬᠠᠷᠢᠶ᠎ᠠ ᠣᠷᠣᠨ ᠳᠠᠭᠠᠨ ᠢᠯᠡ ᠨᠡᠶᠢᠲᠡᠯᠡᠭᠰᠡᠨ ᠤ ᠳᠠᠷᠠᠭ᠎ᠠ ᠲᠠᠷᠬᠠᠭᠠᠬᠤ ᠰᠠᠨᠠᠯ ᠢᠶᠠᠨ ᠭᠠᠷᠭᠠᠵᠤ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠪᠠᠷ ᠬᠢᠨᠠᠭᠤᠯᠤᠭᠰᠠᠨ ᠤ ᠳᠠᠷᠠᠭ᠎ᠠ ᠨᠢᠭᠡ ᠤᠳᠠᠭ᠎ᠠ ᠶᠢᠨ ᠴᠢᠨᠠᠷᠲᠠᠶ ᠪᠠᠷ ᠣᠯᠭᠤᠬᠤ ᠬᠡᠷᠡᠭᠲᠡᠶ᠃︵ᠳᠥᠷᠪᠡ︶ ᠡᠯ᠎ᠡ ᠰᠤᠮᠤ ᠪᠠᠯᠭᠠᠰᠤ ᠲᠠᠯᠠᠪᠠᠶ᠄ ᠵᠣᠬᠢᠬᠤ ᠵᠣᠬᠢᠶᠠᠨ ᠪᠠᠶᠢᠭᠤᠯᠵᠤ ᠤᠳᠤᠷᠢᠳᠬᠤ ᠪᠠᠶᠢᠭᠤᠯᠤᠮᠵᠢ ᠪᠠᠶᠢᠭᠤᠯᠵᠤ᠂ ᠭᠠᠴᠠᠭ᠎ᠠ ︵ᠬᠤᠪᠢᠶᠠᠷᠢ ᠲᠠᠯᠠᠪᠠᠶ︶᠎ ᠶᠢᠨ ︽ᠬᠤᠶᠠᠷ ᠵᠥᠪᠯᠡᠯ︾᠂ ᠰᠠᠭᠤᠭᠠᠯᠢ ᠠᠷᠠᠳ ᠤᠨ ᠳᠤᠭᠤᠶᠢᠯᠠᠩ᠂ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠤᠨ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠵᠤ᠂ ᠳᠣᠭᠢᠷᠠᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠤᠬᠠᠭᠤᠯᠤᠨ ᠳᠠᠶᠢᠴᠢᠯᠠᠵᠤ᠂ ᠡᠷᠦᠬᠡ ᠳᠠᠷᠠᠭᠠᠯᠠᠨ ᠮᠠᠯᠴᠢᠳ ᠲᠠᠢ ᠪᠡᠯᠴᠢᠭᠡᠷᠯᠡᠭᠦᠯᠬᠦ ᠶᠢ ᠵᠣᠭᠰᠣᠭᠠᠬᠤ ᠭᠡᠷ᠎ᠡ ᠲᠣᠭᠲᠠᠵᠤ᠂ ᠮᠠᠯᠴᠢᠳ ᠤᠨ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ ᠲᠤᠬᠠᠶ ᠮᠡᠳᠡᠬᠦ ᠨᠣᠷᠮ᠎ᠠ ᠶᠢ 100%᠎ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠤᠬᠠᠭᠤᠯᠤᠨ ᠳᠠᠶᠢᠴᠢᠯᠠᠬᠤ᠂ ᠪᠡᠯᠡᠳᠬᠡᠮᠵᠢ ᠳᠣᠭᠢᠷᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠪᠡᠯᠴᠢᠭᠡᠷ ᠥᠨᠵᠢᠭᠦᠯᠦᠨ ᠬᠠᠮᠢᠶᠠᠷᠤᠨ ᠬᠠᠮᠠᠭᠠᠯᠠᠬᠤ᠂ ᠪᠠᠯᠠ ᠮᠥᠩᠭᠦ ᠲᠠᠷᠬᠠᠭᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠸᠢᠴᠠᠲ᠂ ᠣᠬᠤᠷ ᠮᠡᠳᠡᠭᠡ᠂ ᠠᠯᠪᠠᠨ ᠵᠠᠷ ᠨᠠᠭᠠᠬᠤ ᠵᠡᠷᠭᠡ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ᠂ ᠤᠬᠠᠭᠤᠯᠬᠤ ᠠᠵᠢᠯ ᠢ ᠥᠷᠭᠡᠨ ᠢᠶᠠᠷ ᠥᠷᠨᠢᠭᠦᠯᠵᠦ ᠂ ᠢᠯᠠᠩᠭᠤᠶ᠎ᠠ ᠮᠣᠩᠭᠤᠯ ᠬᠡᠯᠡᠨ ᠤ ᠷᠠᠳᠢᠣ᠋ ᠨᠡᠪᠲᠡᠷᠡᠭᠦᠯᠭᠡ ᠶᠢᠨ ᠮᠠᠯᠵᠢᠬᠤ ᠣᠷᠣᠨ ᠢ ᠬᠠᠮᠤᠷᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠤᠬᠠᠭᠤᠯᠬᠤ ᠡᠷᠴᠢᠮ ᠢ ᠨᠡᠮᠡᠭᠳᠡᠭᠦᠯᠦᠨ᠂ ᠡᠷᠦᠬᠡ ᠪᠣᠯᠭᠠᠨ ᠣᠶᠢᠯᠠᠭᠠᠵᠣ᠂ ᠬᠥᠮᠦᠨ ᠪᠥᠬᠦᠨ ᠳᠤ ᠮᠡᠳᠡᠭᠦᠯᠬᠦ ᠬᠡᠷᠡᠭᠲᠡᠶ᠃︵ᠲᠠᠪᠤ︶ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠬᠡᠷᠡᠭ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠯᠠᠭᠠᠶᠢᠯᠠᠨ ᠮᠠᠯᠯᠠᠬᠤ ᠦᠵᠡᠭᠳᠡᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ᠃︵ᠵᠢᠷᠭᠤᠭ᠎ᠠ︶ ᠮᠠᠯᠴᠢᠨ ᠲᠦᠮᠡᠨ᠄ ᠬᠠᠪᠤᠷ ᠤᠨ ᠤᠯᠠᠷᠢᠯ ᠳᠤ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ ᠲᠠᠯᠠᠪᠠᠶ᠂ ᠭᠠᠴᠠᠭ᠎ᠠ ᠶᠢᠨ ᠬᠤᠪᠢᠶᠠᠷᠢ ᠲᠠᠯᠠᠪᠠᠶ ᠶᠢᠨ ᠬᠢᠨᠠᠯᠲᠠ ᠲᠠᠯᠪᠢᠯᠲᠠ ᠪᠠ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠮᠠᠯᠵᠢᠬᠤ ᠡᠷᠥᠭᠡ ᠶᠢᠨ ᠬᠠᠰᠢᠶ᠎ᠠ ᠰᠠᠷᠠᠪᠴᠢ ᠶᠢᠨ ᠡᠷᠬᠢᠨ ᠲᠣᠭᠤᠷᠢᠨ ᠳᠤ ᠬᠤᠨᠢ ᠨᠢᠭᠡᠴᠡ ᠪᠦᠷᠢ ᠶᠢᠨ 20 ᠲᠡᠭᠰᠢ ᠳᠥᠷᠪᠡᠯᠵᠢᠨ ᠮᠧᠲᠷ ᠤᠨ ᠪᠠᠷᠢᠮᠵᠢᠶ᠎ᠠ ︵ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠᠷ ᠬᠢᠨᠠᠨ ᠲᠣᠭᠲᠠᠭᠠᠭᠰᠠᠨ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠪᠠᠷ ᠪᠤᠳᠤᠨ᠎ᠠ ︶᠎ ᠪᠠᠷ ᠮᠠᠯ ᠬᠠᠰᠢᠶᠠᠯᠠᠨ ᠲᠡᠵᠢᠭᠡᠬᠦ ᠲᠠᠯᠠᠪᠤᠷ ᠪᠠᠶᠢᠭᠤᠯᠵᠤ᠂ ᠨᠢᠯᠬ᠎ᠠ ᠬᠤᠷᠠᠭ᠎ᠠ ᠶᠢᠨ ᠬᠥᠬᠦᠭᠦᠯᠬᠦ ᠬᠤᠭᠤᠴᠠᠭᠠᠨ ᠳᠠᠬᠢ ᠠᠵᠢᠯᠯᠠᠭᠠᠨ ᠤ ᠲᠠᠯᠠᠪᠤᠷ ᠢ ᠵᠣᠬᠢᠬᠤ ᠬᠡᠮᠵᠢᠶ᠎ᠡ ᠪᠠᠷ ᠪᠠᠶᠢᠷᠢᠯᠠᠭᠤᠯᠵᠤ᠂ ᠨᠢᠭᠡ ᠬᠤᠣᠰ ᠬᠤᠨᠢ ︵ᠡᠬᠡ ᠬᠤᠨᠢ ᠪᠠ ᠬᠤᠷᠠᠭ᠎ᠠ︶ 0.5 ᠮᠣ᠋ ᠠᠴᠠ ᠬᠡᠲᠦᠷᠡᠭᠦᠯᠬᠦ ᠥᠭᠡᠢ ᠪᠠᠶᠢᠵᠤ᠂ ᠬᠦᠬᠦᠭᠦᠯᠳᠡ ᠶᠢᠨ ᠴᠠᠭ ᠢ ᠴᠢᠩᠭ᠎ᠠ ᠬᠢᠵᠠᠭᠠᠷᠯᠠᠬᠤ ᠶᠢᠨ ᠬᠠᠮᠲᠤ ᠲᠠᠯᠠᠪᠤᠷ ᠤᠨ ᠲᠡᠮᠳᠡᠭ ᠫᠠᠶᠢᠰᠠᠨ ᠳᠤ ᠲᠣᠳᠣᠷᠬᠠᠶ ᠵᠡᠭᠦᠯᠳᠡ ᠬᠠᠳᠠᠬᠤ ᠬᠡᠷᠡᠭᠲᠡᠶ᠃ ᠤᠰᠤ ᠤᠤᠭᠤᠬᠤ᠂ ᠲᠡᠵᠢᠭᠡᠨ ᠠᠷᠠᠴᠢᠯᠠᠬᠤ ᠵᠡᠷᠭᠡ ᠶᠠᠮᠠᠷᠪᠠ ᠰᠢᠯᠲᠠᠭ ᠢᠶᠠᠷ ᠮᠠᠯ ᠬᠠᠷᠢᠭᠤᠯᠬᠤ ᠶᠢ ᠴᠢᠩᠭ᠎ᠠ ᠴᠠᠭᠠᠵᠠᠯᠠᠨ᠎ᠠ᠃ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠤᠳᠤᠷᠢᠳᠬᠤ ᠳᠤᠭᠤᠶᠢᠯᠠᠩ ᠪᠠᠶᠢᠭᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠡᠯ᠎ᠡ ᠰᠤᠮᠤ ᠪᠠᠯᠭᠠᠰᠤ ᠲᠠᠯᠠᠪᠠᠶ᠂ ᠡᠯ᠎ᠡ ᠰᠠᠯᠠᠭ᠎ᠠ ᠮᠥᠴᠢᠷ ᠨᠢᠭᠡᠴᠡ ᠪᠣᠯᠤᠨ ᠥᠷᠭᠡᠨ ᠣᠯᠠᠨ ᠮᠠᠯᠴᠢᠨ ᠲᠦᠮᠡᠨ ᠢ ᠵᠣᠬᠢᠶᠠᠨ ᠪᠠᠶᠢᠭᠤᠯᠤᠨ ᠬᠠᠪᠤᠷ ᠤᠨ ᠤᠯᠠᠷᠢᠯ ᠤᠨ ᠪᠡᠯᠴᠢᠭᠡᠷ ᠵᠣᠭᠰᠣᠭᠠᠬᠤ ᠠᠵᠢᠯ ᠢ ᠰᠠᠶᠢᠲᠤᠷ ᠥᠷᠨᠢᠭᠦᠯᠬᠦ ᠬᠡᠷᠡᠭᠲᠡᠶ᠃︵ᠬᠤᠶᠠᠷ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠬᠠᠪᠤᠷ ᠤᠨ ᠤᠯᠠᠷᠢᠯ ᠳᠤ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ᠂ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠮᠤ ᠪᠠᠯᠭᠠᠰᠤ ᠶᠢᠨ ᠬᠦᠴᠦᠨ ᠢ ᠨᠢᠭᠡᠳᠦᠯᠲᠡᠶ ᠲᠥᠯᠥᠪᠯᠡᠨ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠬᠦ ᠬᠡᠷᠡᠭᠲᠡᠶ᠃ ᠡᠭᠦᠨ ᠤ ᠬᠠᠮᠲᠤ ᠠᠵᠢᠯ ᠤᠨ ᠲᠤᠰᠬᠠᠶ ᠠᠩᠭᠢ ᠪᠠᠶᠢᠭᠤᠯᠵᠤ᠂ ᠪᠡᠯᠴᠢᠭᠡᠷ ᠰᠡᠷᠭᠦᠭᠡᠬᠦ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠯᠤᠰ ᠰᠡᠷᠡᠯ᠂ ᠠᠭᠠᠷ ᠠᠴᠠ ᠰᠡᠭᠦᠳᠡᠷᠯᠡᠬᠦ᠂ ᠨᠢᠰᠭᠡᠯ ᠢᠶᠠᠷ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠶᠢ ᠠᠰᠢᠭᠯᠠᠨ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠵᠠᠯᠠᠷᠠᠭᠤᠯᠤᠨ᠎ᠠ︔ ᠢᠯᠡᠴᠢᠯᠡᠨ ᠮᠡᠳᠡᠭᠦᠯᠬᠦ ᠲᠦᠷᠢᠮ ᠢ ᠪᠠᠶᠢᠭᠤᠯᠵᠤ᠂ ᠢᠯᠡᠴᠢᠯᠡᠨ ᠮᠡᠳᠡᠭᠦᠯᠬᠦ ᠳ᠋ᠢᠶᠠᠩᠬᠤᠸᠠ ᠶᠢ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ᠂ ᠨᠡᠶᠢᠭᠡᠮ ᠤᠨ ᠬᠢᠨᠠᠯᠲᠠ᠂ ᠤᠯᠠᠨ ᠲᠦᠮᠡᠨ ᠤ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃︵ᠭᠤᠷᠪᠠ︶ ᠰᠢᠯᠭᠠᠨ ᠬᠢᠨᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠶ᠃ ᠪᠡᠯᠴᠢᠭᠡᠷ ᠰᠡᠷᠭᠦᠭᠡᠬᠦ ᠠᠵᠢᠯ ᠢ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠣᠨ ᠤ ᠰᠢᠯᠭᠠᠨ ᠬᠢᠨᠠᠬᠤ ᠭᠦᠢᠴᠡᠳᠬᠡᠯ ᠲᠤᠭ᠎ᠠ ᠳᠤ ᠣᠷᠣᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠪᠠ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢ ᠰᠢᠯᠭᠠᠨ ᠬᠢᠨᠠᠵᠤ ᠦᠨᠡᠯᠡᠬᠦ ᠴᠢᠬᠤᠯᠠ ᠦᠨᠳᠦᠰᠦᠯᠡᠯ ᠪᠣᠯᠭᠠᠨ᠎ᠠ᠃ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠭᠠᠵᠠᠷ ᠣᠷᠣᠨ ᠢ ᠵᠠᠷᠯᠠᠨ ᠮᠡᠳᠡᠭᠳᠡᠵᠦ᠂ ᠠᠰᠠᠭᠤᠳᠠᠯ ᠨᠢ ᠬᠦᠨᠳᠦ ᠨᠣᠴᠢᠲᠠᠶ ᠪᠠᠶᠢᠪᠠᠯ ᠪᠣᠯᠵᠣᠨ ᠶᠠᠷᠢᠯᠴᠠᠬᠤ ᠬᠡᠷᠡᠭᠲᠡᠶ︔ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠤ᠂ ᠮᠠᠯᠵᠢᠬᠤ ᠡᠷᠦᠬᠡ ᠲᠣᠭᠲᠠᠭᠠᠯ ᠠᠴᠠ ᠵᠥᠷᠢᠴᠡᠨ 2 ᠤᠳᠠᠭ᠎ᠠ ᠠᠴᠠ ᠳᠡᠭᠡᠭᠰᠢ ᠪᠡᠯᠴᠢᠭᠡᠷᠯᠡᠭᠦᠯᠦᠭᠰᠡᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ︾᠎ ᠢ ᠴᠢᠩᠭ᠎ᠠ ᠵᠢᠷᠤᠮᠯᠠᠨ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠲᠣᠰ ᠵᠢᠯ ᠤᠨ ᠪᠡᠯᠴᠢᠭᠡᠷᠯᠡᠭᠦᠯᠬᠦ ᠶᠢ ᠵᠣᠭᠰᠣᠭᠠᠬᠤ ᠨᠥᠬᠦᠪᠥᠷᠢ ᠶᠢ ᠰᠠᠭᠤᠯᠭᠠᠨ ᠠᠪᠴᠤ᠂ ᠰᠠᠭᠤᠯᠭᠠᠨ ᠠᠪᠣᠭᠰᠠᠨ ᠪᠠᠯᠠ ᠮᠥᠩᠭᠦ ᠶᠢ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠳᠤ ᠬᠡᠷᠡᠭᠯᠡᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号