ᠣᠶ ᠰᠢᠭᠤᠢ ᠨᠤᠲᠤᠭ ᠪᠡᠯᠴᠢᠭᠡᠷ ᠤᠨ ᠭᠠᠯ ᠴᠠᠭᠠᠵᠠᠯᠠᠬᠤ ᠠᠯᠪᠠᠨ ᠵᠠᠷ
ᠨᠡᠶᠢᠲᠡᠯᠡᠭᠰᠡᠨ ᠴᠠᠭ᠄
2023/3/16
ᠣᠶ ᠰᠢᠭᠤᠢ ᠨᠤᠲᠤᠭ ᠪᠡᠯᠴᠢᠭᠡᠷ ᠤᠨ ᠭᠠᠯ ᠴᠠᠭᠠᠵᠠᠯᠠᠬᠤ ᠠᠯᠪᠠᠨ ᠵᠠᠷ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠲᠣᠭᠲᠠᠭᠠᠯ ᠶᠣᠰᠣᠭᠠᠷ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠴᠠᠭᠠᠵᠠᠯᠠᠬᠤ ᠠᠯᠪᠠᠨ ᠵᠠᠷ  ᠢ ᠳᠣᠣᠷᠠᠬᠢ ᠮᠡᠲᠦ ᠵᠠᠷᠯᠠᠶ᠎ᠠ᠄ ᠨᠢᠭᠡ᠂ ᠮᠠᠨ ᠤ ᠬᠤᠲᠠ ᠶᠢᠨ ᠠᠭᠤᠷ ᠠᠮᠢᠰᠬᠤᠯ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠡᠳᠦᠭᠡ ᠮᠠᠨ ᠤ ᠬᠤᠲᠠ ᠶᠢ 2023 ᠣᠨ ᠤ 3 ᠳ᠋ᠤᠭᠠᠷ ᠰᠠᠷ᠎ᠠ ᠶᠢᠨ 10 ᠤ ᠡᠳᠦᠷ ᠠᠴᠠ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ ᠣᠷᠣᠭᠤᠯᠬᠤ ᠪᠠᠷ ᠲᠣᠭᠲᠠᠪᠠ᠃ ᠬᠤᠶᠠᠷ᠂ ᠭᠠᠯ ᠤᠨ ᠲᠦᠷᠦᠯ ᠢ ᠭᠠᠯ ᠴᠠᠭᠠᠵᠠᠯᠠᠬᠤ ᠣᠷᠣᠨ ᠳᠤ ᠠᠪᠴᠤ ᠣᠷᠣᠬᠤ᠂ ᠬᠡᠭᠡᠷ᠎ᠡ ᠭᠠᠳᠠᠨ᠎ᠠ ᠭᠠᠯ ᠨᠣᠴᠣᠭᠠᠬᠤ᠂ ᠲᠠᠮᠠᠬᠢ ᠲᠠᠲᠠᠬᠤ ᠵᠡᠷᠭᠡ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ︔ᠭᠤᠷᠪᠠ᠂ ᠡᠮᠦᠨ᠎ᠡ ᠠᠭᠤᠯᠠ  ᠶᠢᠨ ᠣᠶ ᠰᠢᠭᠤᠢ ᠶᠢᠨ ᠴᠡᠴᠡᠷᠯᠢᠭ᠂ ᠬᠤᠲᠠ ᠶᠢᠨ ᠬᠠᠮᠠᠭᠠᠯᠠᠯᠲᠠ ᠶᠢᠨ ᠣᠶ᠂ ᠰᠢᠯᠢ ᠶᠢᠨ ᠭᠤᠣᠯ ᠤᠨ ᠨᠤᠭᠤ ᠭᠠᠵᠠᠷ ᠤᠨ ᠴᠡᠴᠡᠷᠯᠢᠭ᠂ ᠨᠡᠶᠢᠲᠡ ᠶᠢᠨ ᠠᠰᠠᠷᠠᠮᠵᠢ ᠶᠢᠨ ᠣᠶ ᠵᠡᠷᠭᠡ ᠣᠶᠢᠲᠤ ᠭᠠᠵᠠᠷ ᠪᠠ ᠲᠠᠯ᠎ᠠ ᠨᠤᠲᠤᠭ ᠤᠨ ᠪᠢᠲᠡᠭᠦᠮᠵᠢᠯᠡᠭᠰᠡᠨ ᠣᠷᠣᠨ ᠪᠦᠰᠡ ᠵᠢᠴᠢ ᠡᠷᠬᠢᠨ ᠲᠣᠭᠤᠷᠢᠨ ᠤ ᠣᠷᠣᠨ ᠪᠦᠰᠡ ᠳᠤ ᠬᠤᠸᠠᠷ ᠫᠤᠤᠵᠢᠩ ᠪᠠ ᠺᠦᠩ ᠮᠢᠩ ᠳ᠋ᠧᠩ ᠲᠠᠯᠪᠢᠬᠤ ᠶᠢ ᠴᠢᠩᠭ᠎ᠠ ᠴᠠᠭᠠᠵᠠᠯᠠᠨ᠎ᠠ︔ ᠳᠥᠷᠪᠡ᠂ ᠣᠶ ᠰᠢᠭᠤᠢ ᠨᠤᠲᠤᠭ ᠪᠡᠯᠴᠢᠭᠡᠷ ᠤᠨ ᠡᠵᠡᠩᠨᠡᠯᠲᠡ ᠶᠢᠨ ᠨᠢᠭᠡᠴᠡ ᠪᠠ ᠬᠤᠪᠢ ᠬᠥᠮᠥᠨ ᠡᠵᠡᠩᠨᠡᠯᠲᠡ ᠶᠢᠨ ᠬᠡᠪᠴᠢᠶᠡᠨ ᠳᠣᠲᠣᠷ᠎ᠠ ᠪᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠡᠭᠦᠷᠭᠡᠯᠡᠵᠦ ᠂ ᠡᠷᠬᠡᠪᠰᠢ ᠭᠠᠯ ᠤᠨᠲᠠᠷᠠᠭᠠᠬᠤ ᠮᠠᠰᠢᠨ ᠪᠠᠭᠠᠵᠢ ᠲᠣᠬᠢᠷᠠᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠰᠡᠷᠡᠮᠵᠢ ᠶᠢᠨ ᠤᠬᠠᠭᠤᠯᠭ᠎ᠠ ᠶᠢᠨ ᠲᠡᠮᠳᠡᠭ ᠲᠠᠯᠪᠢᠬᠤ ᠬᠡᠷᠡᠭᠲᠡᠢ︔ ᠲᠠᠪᠤ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠪᠠ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ  ᠶᠢᠨ ᠬᠢᠵᠠᠭᠠᠷᠲᠠᠢ ᠬᠥᠮᠥᠰ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠣᠷᠣᠪᠠᠯ᠂ ᠠᠰᠠᠷᠠᠨ ᠬᠠᠮᠠᠭᠠᠯᠠᠭᠴᠢ ᠨᠢ ᠬᠦᠴᠦᠨ ᠪᠦᠬᠦᠢ ᠬᠢᠨᠠᠨ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠣᠶ ᠰᠢᠭᠤᠢ ᠨᠤᠲᠤᠭ ᠪᠡᠯᠴᠢᠭᠡᠷ ᠤᠨ ᠡᠵᠡᠩᠨᠡᠭᠴᠢ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠬᠡᠷᠡᠭᠲᠡᠢ︔ ᠵᠢᠷᠭᠤᠭ᠎ᠠ᠂ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠵᠤ ᠦᠢᠯᠡᠳᠪᠦᠷᠢ ᠬᠤᠳᠠᠯᠳᠤᠭ᠎ᠠ ᠶᠢᠨ ᠡᠵᠡᠩᠨᠡᠯᠲᠡ ᠶᠢᠨ ᠡᠷᠦᠬᠡ ᠪᠣᠯᠣᠨ ᠥᠷᠭᠡᠨ ᠣᠯᠠᠨ ᠬᠤᠲᠠ ᠶᠢᠨ ᠠᠷᠠᠳ ᠲᠦᠮᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠢᠶᠠᠨ ᠴᠢᠩᠭᠠᠳᠬᠠᠵᠤ᠂ ᠭᠠᠯ ᠴᠠᠭᠠᠵᠠᠯᠠᠬᠤ ᠵᠠᠷᠯᠢᠭ ᠢ ᠤᠬᠠᠮᠰᠠᠷ   ᠠᠴᠠ ᠪᠠᠨ ᠵᠢᠷᠤᠮᠯᠠᠨ ᠬᠡᠷᠡᠭᠵᠢᠭᠦᠯᠬᠦ ᠶᠢᠨ ᠬᠠᠮᠲᠤ ᠲᠣᠭᠲᠠᠭᠠᠯ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠬᠡᠷᠡᠭᠲᠡᠢ᠃ ᠶᠠᠮᠠᠷᠪᠠ ᠨᠢᠭᠡᠴᠡ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂  ᠰᠢᠯᠢ  ᠶᠢᠨ ᠬᠤᠲᠠ  ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ ᠲᠤ ᠳᠠᠷᠤᠶᠢᠬᠠᠨ ᠮᠡᠳᠡᠭᠦᠯᠬᠦ ᠬᠡᠷᠡᠭᠲᠡᠢ᠂ ᠤᠲᠠᠰᠤ᠄ 12119᠂ 8262294︔ ᠳᠣᠯᠤᠭ᠎ᠠ᠂ ᠳᠡᠭᠡᠷ᠎ᠡ ᠳᠤᠷᠠᠳᠤᠭᠰᠠᠨ ᠠᠯᠪᠠᠨ ᠵᠠᠷ ᠢ ᠵᠥᠷᠢᠴᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠳᠣᠲᠣᠷ᠎ᠠ  ᠭᠠᠯ ᠬᠡᠷᠡᠭᠯᠡᠭᠰᠡᠨ ᠪᠠᠶᠢᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠪᠦᠷᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ᠨᠠᠢᠮᠠ᠂ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠰᠢᠯᠢ ᠶᠢᠨ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ 2023 ᠣᠨ ᠤ 3 ᠰᠠᠷ᠎ᠠ ᠶᠢᠨ 5 ᠤ ᠡᠳᠦᠷ
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠲᠤᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号