ᠰᠢᠯᠢ  ᠶᠢᠨ ᠬᠤᠲᠠ  ᠶᠢᠨ ᠬᠠᠷ᠎ᠠ  ᠪᠦᠯᠦᠭᠳᠡᠨ  ᠢ ᠠᠷᠢᠯᠭᠠᠬᠤ ᠠᠵᠢᠯ ᠤᠨ ᠠᠯᠪᠠᠨ ᠭᠡᠷ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ ᠰᠤᠷᠭᠠᠨ ᠬᠥᠮᠦᠵᠢᠯ᠂ ᠮᠥᠩᠭᠦᠨ ᠭᠦᠢᠯᠭᠡᠭᠡᠨ ᠤ ᠵᠢᠭᠡᠯᠡᠯᠭᠡ ᠲᠠᠯᠪᠢᠬᠤ᠂ ᠵᠠᠬ᠎ᠠ ᠳᠡᠯᠭᠡᠭᠦᠷ ᠤᠨ ᠭᠦᠢᠯᠭᠡᠭᠡ ᠵᠡᠷᠭᠡ ᠠᠵᠢᠯ ᠲᠦᠷᠦᠯ ᠤᠨ ᠬᠦᠷᠢᠶᠡᠨ ᠤ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠬᠦ ᠲᠤᠬᠠᠢ ᠠᠯᠪᠠᠨ  ᠵᠠᠷᠯᠠᠯ
ᠨᠡᠶᠢᠲᠡᠯᠡᠭᠰᠡᠨ ᠴᠠᠭ᠄
2023/3/16
ᠰᠢᠯᠢ  ᠶᠢᠨ ᠬᠤᠲᠠ  ᠶᠢᠨ ᠬᠠᠷ᠎ᠠ  ᠪᠦᠯᠦᠭᠳᠡᠨ  ᠢ ᠠᠷᠢᠯᠭᠠᠬᠤ ᠠᠵᠢᠯ ᠤᠨ ᠠᠯᠪᠠᠨ ᠭᠡᠷ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ ᠰᠤᠷᠭᠠᠨ ᠬᠥᠮᠦᠵᠢᠯ᠂ ᠮᠥᠩᠭᠦᠨ ᠭᠦᠢᠯᠭᠡᠭᠡᠨ ᠤ ᠵᠢᠭᠡᠯᠡᠯᠭᠡ ᠲᠠᠯᠪᠢᠬᠤ᠂ ᠵᠠᠬ᠎ᠠ ᠳᠡᠯᠭᠡᠭᠦᠷ ᠤᠨ ᠭᠦᠢᠯᠭᠡᠭᠡ ᠵᠡᠷᠭᠡ ᠠᠵᠢᠯ ᠲᠦᠷᠦᠯ ᠤᠨ ᠬᠦᠷᠢᠶᠡᠨ ᠤ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠬᠦ ᠲᠤᠬᠠᠢ ᠠᠯᠪᠠᠨ  ᠵᠠᠷᠯᠠᠯᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ᠂ ᠨᠠᠮ ᠤᠨ ᠲᠥᠪ ᠬᠤᠷᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠭᠤᠣᠯᠳᠠᠯᠭ᠎ᠠ  ᠲᠠᠢ ᠠᠵᠢᠯ ᠲᠥᠷᠥᠯ ᠤᠨ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠳᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠤᠳᠤᠷᠢᠳᠬᠤ ᠳᠤᠭᠤᠶᠢᠯᠠᠩ ᠠᠴᠠ 2023 ᠣᠨ ᠤ 2 ᠰᠠᠷ᠎ᠠ ᠠᠴᠠ 2023 ᠣᠨ ᠤ 9 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠬᠤᠳᠠ ᠶᠢᠨ ᠰᠤᠷᠭᠠᠨ ᠬᠥᠮᠦᠵᠢᠯ᠂ ᠮᠥᠩᠭᠦᠨ ᠭᠦᠢᠯᠭᠡᠭᠡᠨ ᠤ ᠵᠢᠭᠡᠯᠡᠯᠭᠡ᠂ ᠵᠠᠬ᠎ᠠ ᠳᠡᠯᠭᠡᠭᠦᠷ ᠤᠨ ᠭᠦᠢᠯᠭᠡᠭᠡ ᠵᠡᠷᠭᠡ ᠠᠵᠢᠯ ᠲᠦᠷᠦᠯ ᠤᠨ ᠬᠦᠷᠢᠶᠡᠨ ᠳᠤ ᠲᠤᠰᠬᠠᠢ ᠴᠡᠭᠴᠡᠯᠡᠨ ᠵᠠᠰᠠᠯᠲᠠ ᠥᠷᠨᠢᠭᠦᠯᠵᠦ᠂ ᠠᠵᠢᠯ ᠲᠦᠷᠦᠯ ᠤᠨ ᠬᠦᠷᠢᠶᠡᠨ ᠤ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠲᠥᠪᠯᠡᠷᠡᠭᠦᠯᠦᠨ ᠴᠣᠬᠢᠯᠲᠠ ᠥᠭᠴᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠵᠢᠯ ᠲᠦᠷᠦᠯ ᠤᠨ ᠡᠮᠬᠢ ᠵᠠᠮᠪᠠᠷᠠᠭ᠎ᠠ ᠦᠭᠡᠢ ᠦᠵᠡᠭᠳᠡᠯ ᠤᠨ ᠠᠰᠠᠭᠤᠳᠠᠯ ᠢ ᠴᠡᠭᠴᠡᠯᠡᠨ ᠰᠢᠢᠳᠪᠦᠷᠢᠯᠡᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠰᠢᠯᠢ  ᠶᠢᠨ ᠬᠤᠲᠠ᠂ ᠬᠠᠣᠯᠢ  ᠪᠠᠷ ᠵᠠᠰᠠᠬᠤ ᠰᠢᠯᠢ  ᠶᠢᠨ ᠬᠤᠲᠠ ᠶᠢ ᠪᠦᠲᠦᠭᠡᠨ ᠪᠠᠶᠢᠭᠤᠯᠣᠨ᠎ᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ ᠨᠢᠭᠡ᠂ ᠴᠣᠬᠢᠯᠲᠠ ᠥᠭᠴᠦ ᠴᠡᠭᠴᠡᠯᠡᠨ ᠵᠠᠰᠠᠬᠤ ᠭᠤᠣᠯᠳᠠᠯᠭ᠎ᠠ 1᠂ ᠰᠤᠷᠭᠠᠨ ᠬᠥᠮᠦᠵᠢᠯ ᠤᠨ ᠠᠵᠢᠯ ᠲᠥᠷᠥᠯ ᠤᠨ ᠬᠦᠷᠢᠶᠡᠨ ᠳᠤ ᠨᠠᠰᠤᠨ ᠳᠤ ᠥᠯᠥ ᠬᠦᠷᠬᠦ ᠰᠤᠷᠤᠭᠴᠢᠳ ᠢ ᠠᠰᠢᠭᠯᠠᠨ ᠬᠠᠷ᠎ᠠ ᠬᠠᠷᠭᠢᠰ ᠶᠠᠯᠠᠲᠤ ᠠᠵᠢᠯᠯᠠᠭ᠎ᠠ ᠬᠢᠬᠦ ᠪᠠ ᠰᠤᠷᠭᠠᠭᠤᠯᠢ ᠶᠢᠨ ᠬᠦᠷᠢᠶᠡᠨ ᠤ ᠡᠵᠡᠷᠬᠡᠭᠯᠡᠯ᠂ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠶᠠᠪᠤᠭᠤᠯᠬᠤ ᠵᠡᠷᠭᠡ ᠬᠠᠤᠯᠢ   ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠭᠤᠣᠯᠳᠠᠯᠭ᠎ᠠ ᠲᠠᠢ ᠴᠣᠬᠢᠯᠲᠠ ᠥᠭᠭᠦᠨ᠎ᠡ᠃ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠢ ᠴᠡᠭᠴᠡᠯᠡᠯᠲᠡ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ᠂ ︽ᠨᠢᠯᠬ᠎ᠠ ᠴᠢᠬᠢ ᠶᠢ ᠬᠠᠮᠠᠭᠠᠯᠠᠨ ᠰᠤᠷᠭᠠᠭᠤᠯᠢ ᠶᠢ ᠠᠮᠤᠷᠵᠢᠭᠤᠯᠬᠤ︾ ︽ᠱᠠᠯᠢᠭ ᠵᠠᠪᠬᠠᠢ ᠵᠦᠢᠯᠡᠰ ᠢ  ᠠᠷᠢᠯᠭᠠᠵᠤ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠬᠦ︾ ︽ᠰᠤᠷᠭᠠᠭᠤᠯᠢ ᠶᠢᠨ ᠬᠦᠷᠢᠶᠡᠨ ᠳᠠᠬᠢ ᠮᠡᠭᠡᠯᠡᠯ  ᠢ ᠡᠰᠡᠷᠭᠦᠴᠡᠬᠦ︾ ᠵᠡᠷᠭᠡ ᠲᠤᠰᠬᠠᠢ ᠠᠵᠢᠯ ᠲᠠᠢ ᠤᠶᠠᠯᠳᠤᠭᠤᠯᠤᠨ᠂ ᠪᠡᠶ᠎ᠡ ᠮᠠᠬᠠᠪᠤᠳ ᠤᠨ ᠲᠠᠮᠤᠯᠠᠯ᠂ ᠬᠠᠯᠠ ᠦᠵᠡᠭᠦᠯᠬᠦ᠂ ᠪᠡᠯᠭᠡ ᠶᠢᠨ ᠬᠠᠯᠳᠠᠯᠭ᠎ᠠ᠂ ᠳᠣᠷᠣᠮᠵᠢᠯᠠᠯ᠂  ᠣᠷᠠᠬᠠᠳᠠᠬᠤ ᠵᠢᠭᠡᠯᠡᠯᠭᠡ᠂ ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ ᠵᠡᠷᠭᠡ ᠬᠡᠪ ᠤᠨ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠰᠠᠮᠠᠭᠤᠷᠠᠭᠤᠯᠤᠭᠰᠠᠨ᠂ ᠪᠠᠭᠰᠢ ᠰᠣᠷᠣᠭᠴᠢ ᠶᠢᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠠᠯᠳᠠᠭᠰᠠᠨ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠡᠭᠴᠡᠯᠡᠨ ᠵᠠᠰᠠᠨ᠎ᠠ᠃2᠂ ᠮᠥᠩᠭᠦᠨ ᠭᠦᠢᠯᠭᠡᠭᠡᠨ ᠤ ᠵᠢᠭᠡᠯᠡᠯᠭᠡ ᠲᠠᠯᠪᠢᠬᠤ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ︽ᠤᠷᠠᠬᠠᠳᠠᠬᠤ ᠵᠢᠭᠡᠯᠡᠯᠭᠡ︾᠂ ᠬᠠᠤᠯᠢ ᠪᠤᠰᠤ ᠵᠢᠭᠡᠯᠡᠯᠭᠡ᠂ ᠬᠦᠴᠦᠷᠬᠡᠭᠯᠡᠯ ᠢᠶᠠᠷ ᠨᠡᠬᠡᠮᠵᠢᠯᠡᠨ ᠬᠤᠷᠢᠶᠠᠬᠤ ᠵᠡᠷᠭᠡ ᠬᠠᠤᠯᠢ   ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠭᠤᠣᠯᠳᠠᠯᠭ᠎ᠠ ᠲᠠᠢ ᠴᠣᠬᠢᠯᠲᠠ ᠥᠭᠭᠦᠨ᠎ᠡ᠃ ᠪᠠᠩᠬᠢ᠂ ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠵᠡᠷᠭᠡ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠭᠠᠯ   ᠠᠴᠠ ᠵᠥᠷᠢᠴᠡᠨ ᠬᠠᠤᠯᠢ ᠪᠤᠰᠤ ᠪᠠᠷ ᠵᠢᠭᠡᠯᠡᠯᠭᠡ ᠲᠠᠯᠪᠢᠬᠤ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠪᠠ ᠲᠥᠬᠦᠮ ᠦᠵᠡᠭᠦᠯᠬᠦ ᠦᠶᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ᠃ᠢᠨᠲ᠋ᠧᠷ ᠰᠦᠯᠵᠢᠶᠡᠨ ᠤ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠠᠶᠤᠯ ᠲᠦᠭᠰᠢᠭᠦᠷᠢ ᠶᠢᠨ ᠲᠠᠯᠳᠠ ᠭᠡᠮ ᠢ ᠢᠳᠡᠪᠬᠢᠲᠡᠢ ᠪᠠᠷ ᠰᠢᠭᠰᠢᠨ ᠪᠠᠶᠢᠴᠠᠭᠠᠵᠤ᠂ ᠢᠨᠲ᠋ᠧᠷ ᠰᠦᠯᠵᠢᠶᠡᠨ ᠤ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠬᠢᠨᠠᠨ ᠬᠠᠮᠢᠶᠠᠷᠬᠤ ᠠᠵᠢᠯ ᠢ ᠦᠨᠡᠨ ᠬᠦ ᠴᠢᠩᠭᠠᠳᠬᠠᠨ᠎ᠠ᠃3᠂ ᠵᠠᠬ᠎ᠠ ᠳᠡᠯᠭᠡᠭᠦᠷ ᠤᠨ ᠭᠦᠢᠯᠭᠡᠭᠡᠨ ᠤ ᠠᠵᠢᠯ ᠲᠦᠷᠦᠯ ᠤᠨ ᠬᠦᠷᠢᠶᠡᠨ ᠳᠤ ᠵᠠᠬ᠎ᠠ ᠳᠡᠯᠭᠡᠭᠦᠷ ᠢ ᠡᠵᠡᠷᠬᠡᠬᠦ᠂ ᠠᠯᠪᠠᠳᠠᠯᠭ᠎ᠠ ᠪᠠᠷ ᠠᠷᠠᠯᠵᠢᠶᠠᠯᠠᠬᠤ ᠵᠡᠷᠭᠡ ᠠᠵᠢᠯ ᠲᠦᠷᠦᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠭᠤᠣᠯᠳᠠᠯᠭ᠎ᠠ ᠲᠠᠢ ᠪᠠᠷ ᠴᠣᠬᠢᠯᠲᠠ ᠥᠭᠴᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠠᠷᠰᠢᠯᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠳᠬᠡᠨ᠎ᠡ᠃ ᠵᠠᠬ᠎ᠠ ᠳᠡᠯᠭᠡᠭᠦᠷ ᠤᠨ ᠭᠦᠢᠯᠭᠡᠭᠡᠨ ᠤ ᠬᠦᠷᠢᠶᠡᠨ ᠳᠠᠬᠢ ᠡᠷᠦᠢ ᠬᠤᠷᠤᠢ ᠦᠭᠡᠢ ᠦᠵᠡᠭᠳᠡᠯ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠨ ᠵᠠᠰᠠᠬᠤ ᠶᠢ ᠴᠢᠩᠭᠠᠳᠬᠠᠵᠤ᠂ ᠰᠦᠯᠵᠢᠶ᠎ᠡ ᠪᠠᠷ ᠳᠠᠮᠵᠢᠭᠤᠯᠤᠨ ᠪᠣᠷᠣᠯᠠᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠬᠤ᠂ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠪᠣᠷᠣᠯᠠᠭᠤᠯᠬᠤ ᠵᠡᠷᠭᠡ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ  ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠦᠭᠰᠢᠭᠦᠷᠢ ᠶᠢᠨ ᠳᠠᠯᠳᠠ ᠬᠡᠮ ᠢ ᠠᠷᠢᠯᠭᠠᠨ᠎ᠠ᠃4᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠪᠠ ᠠᠵᠢᠯ ᠲᠦᠷᠦᠯ  ᠤᠨ ᠬᠦᠷᠢᠶ᠎ᠡ ᠬᠡᠪᠴᠢᠶᠡᠨ ᠤ ᠰᠠᠮᠠᠭᠤᠨ ᠦᠵᠡᠭᠳᠡᠯ᠃ᠬᠤᠶᠠᠷ᠂ ᠬᠤᠯᠪᠣᠭᠳᠠᠯ ᠪᠦᠬᠦᠢ ᠵᠦᠢᠯᠡᠰ 1  ᠂ ᠠᠯᠪᠠᠨ ᠵᠠᠷᠯᠠᠯ  ᠢ ᠨᠡᠶᠢᠲᠡᠯᠡᠭᠰᠡᠨ ᠡᠳᠦᠷ ᠠᠴᠠ ᠡᠬᠢᠯᠡᠨ᠂ ᠰᠤᠷᠭᠠᠨ ᠬᠥᠮᠦᠵᠢᠯ᠂ ᠮᠥᠩᠭᠦᠨ ᠭᠦᠢᠯᠭᠡᠭᠡᠨ ᠤ ᠵᠢᠭᠡᠯᠡᠯᠭᠡ ᠲᠠᠯᠪᠢᠬᠤ᠂ ᠵᠠᠬ᠎ᠠ ᠳᠡᠯᠭᠡᠭᠦᠷ ᠤᠨ ᠭᠦᠢᠯᠭᠡᠭᠡ ᠵᠡᠷᠭᠡ ᠠᠵᠢᠯ ᠲᠦᠷᠦᠯ ᠤᠨ ᠬᠦᠷᠢᠶᠡᠨ ᠳᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠳ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ︽ᠬᠠᠮᠠᠭᠠᠯᠠᠯᠲᠠ ᠶᠢᠨ ᠰᠢᠬᠦᠷ︾ ᠪᠣᠯᠤᠭᠰᠠᠨ ᠪᠠᠶᠢᠪᠠᠯ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠠᠯᠢᠪᠠ ᠶᠠᠯᠠᠲᠤ ᠠᠵᠢᠯᠯᠠᠭ᠎ᠠ ᠶᠢ ᠡᠷᠬᠡᠪᠰᠢ ᠲᠡᠷᠡ ᠳᠠᠷᠤᠢ ᠳᠤᠨᠢ ᠵᠣᠭᠰᠤᠭᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠬᠡᠷᠡᠭ ᠢᠶᠠᠨ ᠮᠡᠳᠡᠷᠡᠵᠦ ᠪᠡᠶ᠎ᠡ ᠪᠠᠨ ᠲᠤᠰᠢᠶᠠᠭᠰᠠᠨ ᠪᠠᠶᠢᠪᠠᠯ᠂ ᠬᠠᠤᠯᠢ ᠶᠣᠰᠣᠭᠠᠷ ᠬᠥᠩᠭᠡᠨ ᠢᠶᠠᠷ ᠰᠢᠳᠬᠡᠬᠦ ᠪᠤᠶᠤ ᠬᠥᠩᠭᠡᠷᠡᠭᠦᠯᠦᠨ ᠰᠢᠳᠭᠡᠵᠦ ᠪᠣᠯᠣᠨ᠎ᠠ᠂ ᠬᠡᠷᠡᠭ ᠢᠶᠠᠨ ᠮᠡᠳᠡᠷᠡᠵᠦ ᠪᠡᠶ᠎ᠡ ᠪᠠᠨ ᠲᠤᠰᠢᠶᠠᠬᠤ ᠶᠢ ᠲᠡᠪᠴᠢᠭᠰᠡᠨ ᠪᠠᠶᠢᠪᠠᠯ᠂ ᠬᠠᠤᠯᠢ ᠶᠣᠰᠣᠭᠠᠷ ᠴᠢᠩᠭ᠎ᠠ ᠰᠢᠳᠬᠡᠨ᠎ᠡ᠃2᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ᠂ ᠠᠵᠢᠯ ᠲᠥᠷᠥᠯ ᠤᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠠᠵᠢᠯ ᠲᠥᠷᠥᠯ ᠤᠨ ᠰᠠᠮᠠᠭᠤᠨ ᠦᠵᠡᠭᠳᠡᠯ ᠢ ᠬᠠᠤᠯᠢ ᠶᠣᠰᠣᠭᠠᠷ ᠴᠢᠩᠭ᠎ᠠ ᠴᠡᠭᠴᠡᠯᠡᠨ ᠵᠠᠰᠠᠵᠤ᠂ ᠰᠤᠷᠭᠠᠨ ᠬᠥᠮᠦᠵᠢᠯ᠂ ᠮᠥᠩᠭᠦᠨ ᠭᠦᠢᠯᠭᠡᠭᠡᠨ ᠤ ᠵᠢᠭᠡᠯᠡᠯᠭᠡ᠂ ᠵᠠᠬ᠎ᠠ ᠳᠡᠯᠭᠡᠭᠦᠷ ᠤᠨ ᠭᠦᠢᠯᠭᠡᠭᠡ ᠵᠡᠷᠭᠡ ᠠᠵᠢᠯ ᠲᠥᠷᠥᠯ ᠤᠨ ᠬᠦᠷᠢᠶᠡᠨ ᠳᠠᠬᠢ ᠡᠯ᠎ᠡ ᠲᠥᠷᠥᠯ ᠤᠨ ᠬᠠᠤᠯᠢ   ᠠᠴᠠ ᠵᠥᠷᠢᠴᠡᠭᠰᠡᠨ ᠶᠠᠯᠠᠲᠤ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ   ᠠᠴᠠ ᠵᠥᠷᠢᠴᠡᠭᠰᠡᠨ ᠶᠠᠯᠠᠲᠤ ᠡᠲᠡᠭᠡᠳ ᠢ ᠴᠢᠩᠭ᠎ᠠ ᠰᠢᠳᠬᠡᠬᠦ ᠬᠡᠷᠡᠭᠲᠡᠢ᠃3᠂ ᠥᠷᠭᠡᠨ ᠣᠯᠠᠨ ᠠᠷᠠᠳ ᠲᠦᠮᠡᠨ ᠤ ᠰᠤᠷᠭᠠᠨ ᠬᠥᠮᠦᠵᠢᠯ᠂ ᠮᠥᠩᠭᠦᠨ ᠭᠦᠢᠯᠭᠡᠭᠡᠨ ᠤ ᠵᠢᠭᠡᠯᠡᠯᠭᠡ᠂ ᠵᠠᠬ᠎ᠠ ᠳᠡᠯᠭᠡᠭᠦᠷ ᠤᠨ ᠭᠦᠢᠯᠭᠡᠭᠡ ᠵᠡᠷᠭᠡ ᠠᠵᠢᠯ ᠲᠥᠷᠥᠯ ᠤᠨ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠡᠯ᠎ᠡ ᠲᠥᠷᠥᠯ ᠤᠨ ᠬᠠᠤᠯᠢ   ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠬᠤ ᠪᠥᠭᠡᠳ ᠵᠣᠷᠢᠭᠵᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ   ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠲᠠᠢ ᠡᠷᠡᠰ ᠲᠡᠮᠡᠴᠡᠬᠦ ᠬᠡᠷᠡᠭᠲᠡᠢ᠃ ᠶᠠᠯᠠᠲᠤ ᠬᠡᠷᠡᠭ ᠤᠨ ᠰᠦᠪᠡᠭᠴᠢ ᠬᠠᠩᠭᠠᠭᠰᠠᠨ ᠪᠠᠶᠢᠪᠠᠯ᠂ ᠪᠢᠳᠡ ᠨᠢᠭᠤᠴᠠ ᠶᠢ ᠴᠢᠩᠭ᠎ᠠ ᠬᠠᠮᠠᠭᠠᠯᠠᠵᠤ᠂ ᠬᠠᠤᠯᠢ ᠶᠣᠰᠣᠭᠠᠷ ᠬᠠᠮᠠᠭᠠᠯᠠᠨ᠎ᠠ᠃4᠂ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠢ ᠥᠮᠥᠭᠯᠡᠭᠰᠡᠨ᠂ ᠳᠤᠷ᠎ᠠ ᠪᠠᠷ ᠨᠢ ᠲᠠᠯᠪᠢᠭᠰᠠᠨ ᠪᠤᠶᠤ ᠪᠤᠰᠤᠳ ᠢ ᠮᠠᠭᠤ ᠰᠠᠨᠠᠭ᠎ᠠ ᠲᠠᠢ ᠪᠠᠷ ᠢᠯᠡᠴᠢᠯᠡᠨ ᠮᠡᠳᠡᠭᠦᠯᠦᠭᠰᠡᠨ᠂ ᠭᠦᠳᠬᠡᠨ ᠭᠦᠵᠢᠷᠯᠡᠭᠰᠡᠨ ᠪᠤᠶᠤ ᠢᠯᠡᠴᠢᠯᠡᠨ ᠮᠡᠳᠡᠭᠦᠯᠦᠭᠴᠢ ᠵᠢᠴᠢ ᠲᠡᠳᠡᠨ ᠤ ᠭᠡᠷ ᠪᠦᠯᠢ ᠶᠢᠨ ᠬᠢᠨ ᠳᠤ ᠴᠣᠬᠢᠯᠲᠠ ᠥᠭᠴᠦ ᠥᠰᠢᠶ᠎ᠡ ᠠᠪᠤᠭᠰᠠᠨ ᠪᠠᠶᠢᠪᠠᠯ᠂ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠴᠢᠩᠭ᠎ᠠ ᠰᠢᠳᠬᠡᠨ᠎ᠡ︔ ᠬᠡᠷᠪᠡ ᠬᠤᠪᠢ ᠬᠥᠮᠥᠨ ᠤ ᠬᠦᠰᠡᠯ ᠱᠠᠭᠠᠷᠳᠠᠯᠭ᠎ᠠ ᠳᠤ ᠬᠤᠯᠪᠣᠭᠳᠠᠭᠰᠠᠨ᠂ ᠬᠠᠤᠯᠢ ᠴᠠᠭᠠᠵᠠ ᠵᠠᠷᠭᠤ ᠳᠤ ᠬᠤᠯᠪᠣᠭᠳᠠᠭᠰᠠᠨ ᠵᠡᠷᠭᠡ ᠠᠰᠠᠭᠤᠳᠠᠯ ᠨᠢ ᠠᠵᠢᠯ ᠲᠥᠷᠥᠯ ᠤᠨ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠂ ᠡᠷᠦᠢ ᠬᠤᠷᠤᠢ ᠦᠭᠡᠢ ᠦᠵᠡᠭᠳᠡᠯ ᠯᠦᠭᠡ ᠰᠢᠭᠤᠳ ᠬᠠᠷᠢᠴᠠᠭ᠎ᠠ ᠦᠭᠡᠢ ᠪᠠᠶᠢᠪᠠᠯ᠂ ᠬᠠᠮᠢᠶ᠎ᠠ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠬᠠᠬᠤ ᠪᠣᠯᠪᠠᠤ᠃ᠭᠤᠷᠪᠠ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠠᠯᠪᠠᠨ ᠭᠡᠷ ᠤᠨ ᠢᠯᠡᠴᠢᠯᠡᠨ ᠮᠡᠳᠡᠭᠦᠯᠬᠦ ᠤᠲᠠᠰᠤ᠄ 0479-8221775 ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠢᠯᠡᠴᠢᠯᠡᠨ ᠮᠡᠳᠡᠭᠦᠯᠬᠦ ᠤᠲᠠᠰᠤ᠄ 0479-8110258 ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ᠄ 0479-8212045 ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ᠄ 0479-6831756ᠬᠤᠲᠠ  ᠶᠢᠨ ᠵᠠᠬ᠎ᠠ ᠲᠡᠯᠭᠡᠭᠦᠷ  ᠤᠨ ᠬᠢᠨᠠᠨ ᠬᠠᠮᠢᠶᠠᠷᠬᠤ ᠲᠣᠪᠴᠢᠶ᠎ᠠ  ᠶᠢᠨ ᠢᠯᠡᠴᠢᠯᠡᠨ ᠮᠡᠳᠡᠭᠦᠯᠬᠦ ᠤᠲᠠᠰᠤ᠄ 0479 —6832079ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠤᠨ ᠢᠯᠡᠴᠢᠯᠡᠨ ᠮᠡᠳᠡᠭᠦᠯᠬᠦ ᠤᠲᠠᠰᠤ᠄ 0479-8113221 ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ᠄ 0479-8237500 ᠬᠤᠳᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠤᠳᠤᠷᠢᠳᠬᠤ ᠳᠤᠭᠤᠶᠢᠯᠠᠩ             2023 ᠣᠨ  ᠤ 3 ᠰᠠᠷ᠎ᠠ  ᠶᠢᠨ 11  ᠤ ᠡᠳᠦᠷ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号