ᠰᠢᠯᠢ ᠶᠢᠨ ᠬᠤᠲᠠ ᠶᠢᠨ 2023 ᠣᠨ ᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ | ᠬᠤᠭᠤᠴᠠᠭᠠᠨ ᠳᠠᠬᠢ ᠪᠡᠯᠴᠢᠭᠡᠷ ᠥᠨᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ | ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠰᠢᠨᠵᠢᠯᠡᠬᠦ ᠤᠬᠠᠭᠠᠨᠴᠢ ᠪᠠᠷ | ᠬᠠᠮᠠᠭᠠᠯᠠᠬᠤ ᠪᠠ ᠵᠦᠶ ᠵᠣᠬᠢᠰᠲᠠᠶ ᠠᠰᠢᠭᠯᠠᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠵᠦ᠂ ᠡᠪᠡᠰᠦ ᠪᠡᠯᠴᠢᠭᠡᠷ ᠤᠨ ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠨᠢ ᠬᠡᠪᠡᠷᠡᠭ | ᠪᠠᠶᠢᠬᠤ ᠱᠠᠲᠤ ᠦᠶ᠎ᠡ ᠳᠤ᠂ ᠨᠤᠲᠤᠭ ᠪᠡᠯᠴᠢᠭᠡᠷ ᠤᠨ ᠰᠡᠯᠭᠦᠨ ᠰᠡᠷᠭᠦᠬᠦ ᠶᠢ ᠠᠬᠢᠭᠤᠯᠤᠨ᠂ ᠠᠮᠢ ᠠᠬᠤᠶ ᠶᠢᠨ | ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠥᠯᠥᠭᠡ᠂ ︽ᠰᠢᠯᠢ ᠶᠢᠨ ᠭᠤᠤᠯ ᠠᠶᠢᠮᠠᠭ ᠤᠨ | 2023 — 2025 ᠣᠨ ᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ | ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠠᠭᠤᠯᠭ᠎ᠠ ᠶᠢᠨ | ᠱᠠᠭᠠᠷᠳᠠᠯᠭ᠎ᠠ ᠶᠣᠰᠣᠭᠠᠷ᠂ 2023 ᠣᠨ ᠳᠤ ᠪᠥᠬᠦ ᠬᠤᠲᠠ ᠳᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ | ᠨᠣᠭᠤᠭᠠᠷᠠᠭᠤᠯᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠦᠷᠭᠦᠯᠵᠢᠯᠡᠨ ᠬᠡᠷᠡᠭᠵᠢᠭᠦᠯᠦᠨ᠎ᠡ | ᠃ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ | ᠨᠢᠭᠡ᠂ ᠬᠡᠷᠡᠭᠵᠢᠭᠦᠯᠬᠦ ᠬᠡᠪᠴᠢᠶ᠎ᠡ᠂ ᠴᠠᠭ ᠤᠨ ᠬᠢᠵᠠᠭᠠᠷ | ︵ᠨᠢᠭᠡ︶ ᠪᠡᠯᠴᠢᠭᠡᠷᠯᠡᠭᠦᠯᠬᠦ ᠶᠢ ᠵᠣᠭᠰᠣᠭᠠᠬᠤ ᠬᠡᠪᠴᠢᠶ᠎ᠡ᠄ ᠪᠥᠬᠦ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠬᠤ | ᠲᠠᠯᠠᠪᠠᠶ 1879.60 ᠲᠦᠮᠡᠨ ᠮᠥ᠂ ᠪᠡᠯᠴᠢᠭᠡᠷᠯᠡᠭᠦᠯᠬᠦ ᠶᠢ ᠵᠣᠭᠰᠣᠭᠠᠬᠤ ᠮᠠᠯ ᠤᠨ ᠲᠦᠷᠦᠯ ᠳᠤ ᠦᠬᠡᠷ ᠪᠠ ᠬᠤᠨᠢ | ︵ᠮᠣᠷᠢ᠂ ᠲᠡᠮᠡᠭᠡ ᠪᠠᠭᠲᠠᠬᠤ ᠥᠬᠡᠶ︶ ᠪᠠᠭᠲᠠᠨ᠎ᠠ᠃ | ︵ᠬᠤᠶᠠᠷ︶ ᠪᠡᠯᠴᠢᠭᠡᠷᠯᠡᠭᠦᠯᠬᠦ ᠶᠢ ᠵᠣᠭᠰᠣᠭᠠᠬᠤ ᠴᠠᠭ᠄ 4 ᠳ᠋ᠦ᠋ᠭᠡᠷ ᠰᠠᠷ᠎ᠠ ᠶᠢᠨ 5 ᠤ ᠡᠳᠦᠷ ᠤᠨ 0᠄ 00 ᠠᠴᠠ | ᠡᠬᠢᠯᠡᠵᠦ᠂ 5 ᠳ᠋ᠤᠭᠠᠷ ᠰᠠᠷ᠎ᠠ ᠶᠢᠨ 19 ᠤ ᠡᠳᠦᠷ ᠤᠨ 24᠄ 00 ᠲᠤ ᠳᠠᠭᠤᠰᠬᠠᠵᠤ᠂ 45 ᠡᠳᠦᠷ ᠤᠨ | ᠬᠤᠭᠤᠴᠠᠭ᠎ᠠ ᠲᠠᠢ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠥᠷᠨᠢᠭᠦᠯᠦᠨ᠎ᠡ᠃ | ᠬᠤᠶᠠᠷ᠂ ᠨᠥᠬᠦᠪᠥᠷᠢ ᠥᠭᠬᠦ ᠠᠷᠭ᠎ᠠ | ᠪᠥᠬᠦ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠬᠤ ᠲᠠᠯᠠᠪᠠᠶ 1879.60 ᠲᠦᠮᠡᠨ ᠮᠥ ᠳᠤ ᠬᠦᠷᠴᠦ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠵᠢᠯ ᠳᠤ 9 ᠲᠥᠭᠦᠷᠢᠭ \ ᠮᠥ ᠶᠢᠨ ᠨᠥᠬᠦᠪᠥᠷᠢ ᠶᠢᠨ ᠪᠠᠷᠢᠮᠵᠢᠶ᠎ᠠ ᠶᠢ | ᠦᠨᠳᠦᠰᠦᠯᠡᠨ ᠲᠥᠰᠦᠭᠡᠯᠡᠨ ᠪᠤᠳᠤᠭᠰᠠᠨ ᠢᠶᠠᠷ᠂ ᠪᠡᠯᠴᠢᠭᠡᠷᠯᠡᠭᠦᠯᠬᠦ ᠶᠢ ᠵᠣᠭᠰᠣᠭᠠᠭᠰᠠᠨ ᠴᠠᠭ ᠨᠢ 45 ᠡᠳᠦᠷ | ᠪᠠᠶᠢᠵᠤ᠂ ᠨᠥᠬᠦᠪᠥᠷᠢ ᠶᠢᠨ ᠪᠠᠷᠢᠮᠵᠢᠶ᠎ᠠ ᠨᠢ 1.125 ᠲᠥᠭᠦᠷᠢᠭ \ ᠮᠥ ᠳᠤ ᠬᠦᠷᠴᠦ᠂ ᠨᠡᠶᠢᠲᠡ 2114.55 | ᠲᠦᠮᠡᠨ ᠲᠥᠭᠦᠷᠢᠭ ᠤᠨ ᠨᠥᠬᠦᠪᠥᠷᠢ ᠮᠥᠩᠭᠦ ︵ᠡᠭᠦᠨ ᠳᠤ᠄ ᠲᠥᠪ ᠤᠨ ᠨᠥᠬᠦᠪᠥᠷᠢᠯᠡᠵᠦ ᠱᠠᠩᠨᠠᠬᠤ ᠪᠠᠯᠠ ᠮᠥᠩᠭᠦ | 1667.42 ᠲᠦᠮᠡᠨ ᠲᠥᠭᠦᠷᠢᠭ᠂ ᠠᠶᠢᠮᠠᠭ ᠤᠨ ᠲᠠᠰ ᠤᠨ ᠢᠵᠢ ᠪᠦᠷᠢᠳᠦᠭᠦᠯᠬᠦ ᠪᠠᠯᠠ ᠮᠥᠩᠭᠦ 178.85 | ᠲᠦᠮᠡᠨ ᠲᠥᠭᠦᠷᠢᠭ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠠᠯᠠ ᠮᠥᠩᠭᠦ 268.28 ᠲᠦᠮᠡᠨ ᠲᠥᠭᠦᠷᠢᠭ︶ | ᠬᠡᠷᠡᠭᠰᠡᠨ᠎ᠡ᠃ | ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠡᠮᠦᠨᠡᠬᠢ ᠬᠤᠭᠤᠴᠠᠭᠠᠨ ᠤ ᠪᠡᠯᠡᠳᠬᠡᠯ ᠱᠠᠳᠤ ᠦᠶ᠎ᠡ | 1. ᠠᠵᠢᠯ ᠤᠨ ᠲᠥᠰᠦᠯ ᠢᠶᠠᠨ ᠲᠣᠭᠲᠠᠭᠠᠨ᠎ᠠ᠃ ᠬᠤᠲᠠ ᠶᠢᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ | ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠᠷ ᠳᠤᠭᠤᠶᠢᠯᠠᠩ ᠤᠨ | ᠳᠡᠳ᠋ ᠳᠠᠷᠤᠭ᠎ᠠ ᠪᠣᠯᠭᠠᠭᠰᠠᠨ᠂ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠡᠯ᠎ᠡ ᠰᠤᠮᠤ ᠪᠠᠯᠭᠠᠰᠤ ᠲᠠᠯᠠᠪᠠᠶ ᠶᠢᠨ ᠭᠤᠤᠯ | ᠤᠳᠤᠷᠢᠳᠤᠯᠭ᠎ᠠ ᠪᠠᠷ ᠪᠦᠷᠢᠯᠳᠦᠬᠦᠨ ᠪᠣᠯᠭᠠᠭᠰᠠᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠡᠷᠡᠭᠵᠢᠭᠦᠯᠬᠦ | ᠲᠥᠰᠦᠯ ᠲᠣᠭᠲᠠᠭᠠᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ | 2. ᠠᠵᠢᠯᠯᠠᠭᠠᠨ ᠤ ᠲᠠᠯᠠᠪᠤᠷ ᠭᠠᠷᠭᠠᠨ᠎ᠠ᠃ ᠡᠯ᠎ᠡ ᠰᠤᠮᠤ ᠪᠠᠯᠭᠠᠰᠤᠨ ᠤ ᠲᠠᠯᠠᠪᠠᠶ ᠠᠴᠠ ᠮᠠᠯᠵᠢᠬᠤ ᠡᠷᠦᠬᠡ ᠶᠢ | ᠵᠢᠯᠣᠭᠤᠳᠤᠨ ᠮᠠᠯ ᠤᠨ ᠠᠵᠢᠯᠯᠠᠭᠠᠨ ᠤ ᠲᠠᠯᠠᠪᠠᠶ᠂ ᠤᠰᠤᠨ ᠤ ᠰᠤᠷᠪᠤᠯᠵᠢ᠂ ᠤᠰᠤ ᠤᠮᠳᠠ ᠶᠢᠨ ᠨᠡᠪᠲᠡᠷᠡᠬᠦ ᠵᠠᠮ ᠢ | ᠵᠣᠬᠢᠰᠲᠠᠶ ᠪᠠᠶᠢᠷᠢᠯᠠᠭᠤᠯᠵᠤ᠂ ᠲᠡᠵᠢᠭᠡᠨ ᠠᠷᠠᠴᠢᠯᠠᠬᠤ ᠪᠡᠯᠡᠳᠬᠡᠮᠵᠢ ᠲᠥᠬᠦᠭᠡᠷᠦᠮᠵᠢ ᠶᠢ ᠡᠷᠲᠡᠬᠡᠨ ᠪᠡᠯᠡᠳᠬᠡᠬᠦ ᠬᠡᠷᠡᠭᠲᠡᠶ | ᠃ ᠬᠢᠨᠠᠨ ᠲᠣᠭᠲᠠᠭᠠᠭᠰᠠᠨ ᠮᠠᠯᠵᠢᠬᠤ ᠡᠷᠦᠬᠡ ᠶᠢᠨ ᠪᠡᠯᠴᠢᠭᠡᠷ ᠤᠨ ᠳᠠᠭᠠᠭᠠᠴᠠ ᠶᠢᠨ ᠮᠠᠯ ᠤᠨ ᠲᠤᠭ᠎ᠠ ᠪᠠᠷ | ᠰᠠᠭᠤᠷᠢᠯᠠᠵᠣ᠂ ᠬᠤᠨᠢ ᠢᠮᠠᠭᠠᠨ ᠤ ᠨᠢᠭᠡᠴᠡ ᠨᠢᠭᠡᠪᠦᠷᠢ ᠶᠢᠨ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠠᠬᠢ | ᠠᠵᠢᠯᠯᠠᠭᠠᠨ ᠤ ᠲᠠᠯᠠᠪᠠᠶ ᠶᠢ ᠵᠠᠷᠴᠢᠮ ᠳᠡᠭᠡᠷ᠎ᠡ ᠪᠠᠨ 20 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ | ᠥᠬᠡᠶ᠂ ᠠᠵᠢᠯᠯᠠᠭᠠᠨ ᠤ ᠲᠠᠯᠠᠪᠠᠶ ᠶᠢ ᠬᠠᠰᠢᠶ᠎ᠠ ᠰᠠᠷᠠᠪᠴᠢ ᠶᠢᠨ ᠡᠷᠬᠢᠨ ᠲᠣᠭᠤᠷᠢᠨ ᠳᠤ ᠪᠠᠶᠢᠷᠢᠯᠠᠭᠤᠯᠬᠤ ᠶᠢᠨ ᠬᠠᠮᠲᠤ | ᠢᠯᠡᠷᠬᠡᠶ ᠲᠡᠮᠳᠡᠭ ᠲᠠᠢ ᠪᠠᠶᠢᠯᠭᠠᠬᠤ ᠬᠡᠷᠡᠭᠲᠡᠶ᠃ ᠬᠤᠷᠠᠭ᠎ᠠ ᠲᠡᠵᠢᠭᠡᠬᠦ ᠬᠤᠷᠢᠶᠠᠨ ᠤ ᠲᠠᠯᠠᠪᠠᠶ ᠶᠢ ᠵᠣᠬᠢᠬᠤ | ᠬᠡᠮᠵᠢᠶ᠎ᠡ ᠪᠠᠷ ᠳᠣᠭᠢᠷᠠᠭᠤᠯᠵᠤ᠂ ᠲᠦᠯᠯᠡᠭᠰᠡᠨ ᠬᠤᠨᠢ ︵ᠡᠮ᠎ᠡ ᠬᠤᠨᠢ ᠪᠠ ᠬᠤᠷᠠᠭ᠎ᠠ︶ ᠶᠢ 0.5 ᠮᠥ ᠠᠴᠠ | ᠬᠡᠲᠦᠷᠡᠭᠦᠯᠬᠦ ᠥᠬᠡᠶ ᠪᠠᠶᠢᠵᠤ᠂ ᠬᠤᠷᠠᠭ᠎ᠠ ᠲᠡᠵᠢᠭᠡᠬᠦ ᠴᠠᠭ ᠢ ᠴᠢᠩᠭ᠎ᠠ ᠬᠢᠵᠠᠭᠠᠷᠯᠠᠨ᠎ᠠ᠃ ᠡᠭᠦᠨ ᠤ ᠬᠠᠮᠲᠤ | ᠲᠠᠯᠠᠪᠤᠷ ᠤᠨ ᠢᠯᠡᠷᠬᠡᠶᠢᠯᠡᠯ ᠤᠨ ᠫᠠᠶᠢᠰᠠᠨ ᠳᠤ ᠲᠣᠳᠣᠷᠬᠠᠶ ᠵᠡᠭᠦᠯᠳᠡ ᠬᠠᠳᠠᠬᠤ ᠬᠡᠷᠡᠭᠲᠡᠶ᠃ | 3. ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢ ᠰᠠᠶᠢᠲᠤᠷ ᠬᠢᠨ᠎ᠠ᠃ ᠡᠯ᠎ᠡ ᠰᠤᠮᠤ ᠪᠠᠯᠭᠠᠰᠤ ᠲᠠᠯᠠᠪᠠᠶ ᠨᠤᠭᠤᠳ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠦᠨᠡᠨᠬᠦ ᠴᠢᠩᠭᠠᠳᠬᠠᠨ᠂ ᠬᠤᠨᠢ | ᠢᠮᠠᠭᠠᠨ ᠤ ᠨᠢᠭᠡᠴᠡ ᠨᠢᠭᠡᠪᠦᠷᠢ ᠶᠢᠨ ᠡᠳᠦᠷ ᠪᠦᠷᠢ ᠶᠢᠨ 1.8 ᠺᠢᠯᠣᠭ᠍ᠷᠠᠮ ᠤᠨ ᠪᠠᠷᠢᠮᠵᠢᠶ᠎ᠠ ᠪᠠᠷ᠂ ᠪᠡᠯᠴᠢᠭᠡᠷᠯᠡᠭᠦᠯᠬᠦ ᠶᠢ | ᠵᠣᠭᠰᠣᠭᠠᠬᠤ ᠳᠠᠭᠤᠰᠤᠭᠰᠠᠨ ᠤ ᠳᠠᠷᠠᠭᠠᠬᠢ ᠡᠪᠡᠰᠦ ᠪᠣᠷᠳᠤᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠶᠡᠷᠦᠩᠬᠡᠶ | ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠪᠤᠳᠤᠵᠤ᠂ ᠰᠤᠮᠤ ᠪᠠᠯᠭᠠᠰᠤ ᠲᠠᠯᠠᠪᠠᠶ ᠶᠢᠨ ᠡᠪᠡᠰᠦ ᠪᠣᠷᠳᠤᠭ᠎ᠠ ᠨᠥᠭᠡᠴᠡᠯᠡᠬᠦ | ᠠᠵᠢᠯ ᠢ ᠰᠠᠶᠢᠲᠤᠷ ᠬᠢᠵᠦ᠂ ᠬᠦᠷᠦᠯᠴᠡᠬᠦ ᠥᠬᠡᠶ ᠬᠡᠰᠡᠭ ᠲᠤ ᠳᠣᠲᠣᠭᠠᠳᠤ ᠳᠠᠭᠠᠨ ᠳᠣᠭᠢᠷᠠᠭᠤᠯᠬᠤ ᠪᠠ ᠭᠠᠳᠠᠭᠰᠢ | ᠳᠣᠭᠢᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠪᠠᠲᠤᠯᠠᠭ᠎ᠠ ᠲᠠᠢ ᠪᠣᠯᠭᠠᠬᠤ ᠬᠡᠷᠡᠭᠲᠡᠶ᠃ | ︵ᠬᠤᠶᠠᠷ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠱᠠᠳᠤ ᠦᠶ᠎ᠡ | ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠪᠥᠬᠦ ᠲᠠᠯ᠎ᠠ ᠪᠠᠷ ᠴᠠᠭᠠᠵᠠᠯᠠᠵᠤ᠂ ᠡᠯ᠎ᠡ | ᠰᠤᠮᠤ ᠪᠠᠯᠭᠠᠰᠤ ᠲᠠᠯᠠᠪᠠᠶ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠮᠠᠯᠵᠢᠬᠤ | ᠡᠷᠦᠬᠡ ᠶᠢᠨ ᠮᠠᠯ ᠢ ᠪᠦᠬᠦᠨ ᠢ ᠬᠠᠰᠢᠶᠠᠯᠠᠨ ᠲᠡᠵᠢᠭᠡᠬᠦ ᠶᠢ ᠰᠢᠮᠳᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠨ | ᠴᠢᠩᠭᠠᠳᠬᠠᠵᠤ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠢᠨᠠᠯᠲᠠ ᠲᠠᠯᠪᠢᠬᠤ ᠡᠷᠴᠢᠮ ᠢᠶᠠᠨ | ᠴᠢᠩᠭᠠᠷᠠᠭᠤᠯᠵᠤ᠂ ᠬᠤᠯᠠᠭᠠᠶᠢᠯᠠᠨ ᠮᠠᠯᠵᠢᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠠᠰᠢᠶᠠᠯᠠᠨ ᠲᠡᠵᠢᠭᠡᠬᠦ ᠮᠡᠷᠭᠡᠵᠢᠯ ᠤᠨ ᠵᠢᠯᠣᠭᠤᠳᠣᠯᠭ᠎ᠠ ᠪᠠ ᠬᠢᠵᠢᠭ | ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵ᠭᠤᠷᠪᠠ︶ ᠳ᠋ᠦᠩᠨᠡᠯᠳᠡ ᠶᠢᠨ ᠱᠠᠳᠤ ᠦᠶ᠎ᠡ | ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠤ | ᠦᠢᠯᠡᠳᠪᠦᠷᠢᠯᠡᠯ ᠤᠨ ᠬᠦᠴᠦᠨ ᠳᠤ ᠬᠢᠨᠠᠨ ᠬᠡᠮᠵᠢᠯᠲᠡ ᠬᠢᠵᠦ᠂ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠤ | ᠠᠵᠢᠯ ᠤᠨ ᠦᠷ᠎ᠡ ᠪᠦᠲᠦᠭᠡᠯ᠂ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠨ᠂ ᠬᠤᠶᠢᠰᠢᠳᠠ ᠶᠢᠨ | ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠤ ᠠᠵᠢᠯ ᠤᠨ ᠤᠷᠤᠭᠰᠢᠲᠠᠶ ᠶᠠᠪᠤᠭᠳᠠᠬᠤ ᠳᠤ ᠰᠠᠭᠤᠷᠢ ᠲᠠᠯᠪᠢᠵᠤ | ᠥᠭᠬᠦ ᠬᠡᠷᠡᠭᠲᠡᠶ᠃ | ︵ᠲᠦᠷᠪᠡ︶ ᠬᠠᠷᠢᠭᠤᠴᠠᠯᠭ᠎ᠠ ᠶᠢᠨ ᠬᠤᠪᠢᠶᠠᠷᠢᠯᠠᠯ | ︵ᠨᠢᠭᠡ︶ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠄ ᠮᠡᠷᠭᠡᠵᠢᠯ ᠤᠨ ᠵᠢᠯᠤᠭᠤᠳᠤᠯᠭ᠎ᠠ ᠪᠣᠯᠤᠨ | ᠦᠢᠯᠡᠴᠢᠯᠡᠭᠡ ᠶᠢ ᠰᠠᠶᠢᠲᠤᠷ ᠠᠳᠬᠤᠵᠤ᠂ ᠡᠯ᠎ᠡ ᠰᠤᠮᠤ ᠪᠠᠯᠭᠠᠰᠤ ᠲᠠᠯᠠᠪᠠᠢ᠂ ᠭᠠᠴᠠᠭ᠎ᠠ ᠬᠤᠪᠢᠶᠠᠷᠢ ᠲᠠᠯᠠᠪᠠᠢ᠂ | ᠮᠠᠯᠵᠢᠬᠤ ᠡᠷᠥᠭᠡ ᠶᠢ ᠵᠢᠭᠠᠨ ᠵᠢᠯᠣᠭᠤᠳᠴᠤ ᠪᠠᠶᠢᠭᠠᠳ ᠡᠪᠡᠰᠦ ᠪᠣᠷᠳᠤᠭ᠎ᠠ᠂ ᠰᠠᠪᠠ ᠲᠦᠬᠦᠭᠡᠷᠦᠮᠵᠢ᠂ ᠮᠠᠯ ᠤᠨ | ᠤᠤᠭᠤᠬᠤ ᠤᠰᠤ ᠵᠡᠷᠭᠡ ᠠᠰᠠᠭᠤᠳᠠᠯ ᠢ ᠤᠷᠢᠳᠴᠢᠯᠠᠨ ᠰᠠᠶᠢᠲᠤᠷ ᠰᠶᠢᠳᠪᠦᠷᠢᠯᠡᠵᠦ᠂ ᠬᠢᠵᠢᠭ ᠡᠪᠡᠳᠴᠢᠨ ᠢ | ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠮᠠᠯ ᠤᠨ ᠬᠢᠵᠢᠭ ᠤᠨ ᠪᠠᠶᠢᠳᠠᠯ ᠭᠠᠷᠬᠤ ᠶᠢ ᠴᠢᠩᠭ᠎ᠠ ᠰᠡᠷᠭᠡᠶᠢᠯᠡᠵᠦ | ᠂ ᠤᠯᠠᠨ ᠲᠦᠮᠡᠨ ᠤ ᠠᠵᠤ ᠠᠬᠤᠶ ᠶᠢᠨ ᠬᠤᠬᠢᠷᠠᠯ ᠤᠴᠠᠷᠠᠭᠤᠯᠬᠤ ᠠᠴᠠ ᠵᠠᠶᠢᠯᠰᠬᠢᠬᠤ ᠬᠡᠷᠡᠭᠲᠡᠶ᠃ | ︵ᠬᠤᠶᠠᠷ︶ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠄ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ | ᠠᠩᠭᠢ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠬᠦ ᠶᠢ ᠵᠢᠯᠣᠭᠤᠳᠴᠤ᠂ | ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠤᠯᠠᠨ | ᠲᠦᠮᠡᠨ ᠤ ᠬᠢᠨᠠᠨ ᠬᠠᠮᠢᠶᠠᠷᠬᠤ ᠠᠵᠢᠯ ᠢ ᠥᠷᠨᠢᠭᠦᠯᠦᠨ᠂ ᠢᠯᠡᠴᠢᠯᠡᠨ ᠮᠡᠳᠡᠭᠦᠯᠬᠦ ᠦᠢᠯᠡᠴᠢᠯᠡᠭᠡᠨ ᠤ ᠣᠳᠠᠰᠦ | ᠭᠠᠷᠭᠠᠵᠤ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠵᠦ᠂ ᠬᠠᠤᠯᠢ ᠬᠡᠷᠡᠭᠵᠢᠭᠦᠯᠵᠦ ᠬᠠᠮᠢᠶᠠᠷᠬᠤ᠂ | ᠨᠡᠶᠢᠭᠡᠮ ᠤᠨ ᠬᠢᠨ ᠬᠢᠨᠠᠯᠲᠠ ᠲᠠᠯᠪᠢᠬᠤ᠂ ᠤᠯᠠᠨ ᠲᠦᠮᠡᠨ ᠤ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ | ᠬᠢᠨᠠᠯᠲᠠ ᠲᠠᠯᠪᠢᠬᠤ ᠨᠡᠶᠢᠯᠡᠯ ᠬᠦᠴᠦᠨ ᠢ ᠪᠤᠢ ᠪᠣᠯᠭᠠᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠶᠢᠨ ᠪᠣᠳᠠᠲᠤ ᠦᠷ᠎ᠡ | ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠡᠳ᠋ ᠤᠨ ᠵᠠᠰᠠᠭ ᠤᠨ ᠲᠣᠪᠴᠢᠶ᠎ᠠ᠄ ᠢᠳᠡᠪᠬᠢᠲᠡᠶ ᠪᠠᠷ ᠪᠠᠯᠠ ᠮᠥᠩᠭᠦ ᠴᠤᠭᠯᠠᠭᠤᠯᠵᠤ᠂ ᠡᠯ᠎ᠡ ᠰᠤᠮᠤ | ᠪᠠᠯᠭᠠᠰᠤ ᠲᠠᠯᠠᠪᠠᠶ ᠶᠢ ᠵᠣᠬᠢᠶᠠᠨ ᠪᠠᠶᠢᠭᠤᠯᠤᠨ ︽ᠪᠦᠬᠦᠨ ᠳᠤ ᠳᠣᠭᠢᠷᠠᠬᠤ ᠺᠠᠷᠲ︾ ᠢ ᠣᠷᠣᠭᠤᠯᠬᠤ ᠠᠵᠢᠯ ᠢ | ᠰᠠᠶᠢᠲᠤᠷ ᠬᠢᠵᠦ᠂ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢ ᠦᠨᠡᠨᠬᠦ | ᠪᠠᠲᠤᠯᠠᠬᠤ ᠬᠡᠷᠡᠭᠲᠡᠶ᠃ ᠡᠯ᠎ᠡ ᠰᠤᠮᠤ ᠪᠠᠯᠭᠠᠰᠤ ᠶᠢᠨ ᠲᠠᠯᠠᠪᠠᠶ ᠨᠤᠭᠤᠳ ᠪᠠᠯᠠ ᠮᠥᠩᠭᠦ ᠲᠠᠷᠬᠠᠭᠠᠭᠰᠠᠨ ᠦᠷ᠎ᠡ | ᠳ᠋ᠦᠩ ᠢᠶᠠᠨ ᠲᠣᠰ ᠬᠠᠷᠢᠶ᠎ᠠ ᠣᠷᠣᠨ ᠳᠠᠭᠠᠨ ᠢᠯᠡ ᠨᠡᠶᠢᠲᠡᠯᠡᠭᠰᠡᠨ ᠤ ᠳᠠᠷᠠᠭ᠎ᠠ ᠲᠠᠷᠬᠠᠭᠠᠬᠤ ᠰᠠᠨᠠᠯ ᠢᠶᠠᠨ ᠭᠠᠷᠭᠠᠵᠤ᠂ | ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠪᠠᠷ ᠬᠢᠨᠠᠭᠤᠯᠤᠭᠰᠠᠨ ᠤ ᠳᠠᠷᠠᠭ᠎ᠠ ᠨᠢᠭᠡ ᠤᠳᠠᠭ᠎ᠠ ᠶᠢᠨ ᠴᠢᠨᠠᠷᠲᠠᠶ ᠪᠠᠷ | ᠣᠯᠭᠤᠬᠤ ᠬᠡᠷᠡᠭᠲᠡᠶ᠃ | ︵ᠳᠥᠷᠪᠡ︶ ᠡᠯ᠎ᠡ ᠰᠤᠮᠤ ᠪᠠᠯᠭᠠᠰᠤ ᠲᠠᠯᠠᠪᠠᠶ᠄ ᠵᠣᠬᠢᠬᠤ ᠵᠣᠬᠢᠶᠠᠨ ᠪᠠᠶᠢᠭᠤᠯᠵᠤ ᠤᠳᠤᠷᠢᠳᠬᠤ ᠪᠠᠶᠢᠭᠤᠯᠤᠮᠵᠢ | ᠪᠠᠶᠢᠭᠤᠯᠵᠤ᠂ ᠭᠠᠴᠠᠭ᠎ᠠ ︵ᠬᠤᠪᠢᠶᠠᠷᠢ ᠲᠠᠯᠠᠪᠠᠶ︶ ᠶᠢᠨ ︽ᠬᠤᠶᠠᠷ ᠵᠥᠪᠯᠡᠯ︾᠂ ᠰᠠᠭᠤᠭᠠᠯᠢ ᠠᠷᠠᠳ ᠤᠨ | ᠳᠤᠭᠤᠶᠢᠯᠠᠩ᠂ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠤᠨ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ | ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠵᠤ᠂ ᠳᠣᠭᠢᠷᠠᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ | ᠲᠣᠳᠣᠷᠬᠠᠶᠢᠯᠠᠨ᠂ ᠤᠬᠠᠭᠤᠯᠤᠨ ᠳᠠᠶᠢᠴᠢᠯᠠᠵᠤ᠂ ᠡᠷᠦᠬᠡ ᠳᠠᠷᠠᠭᠠᠯᠠᠨ ᠮᠠᠯᠴᠢᠳ ᠲᠠᠢ ᠪᠡᠯᠴᠢᠭᠡᠷᠯᠡᠭᠦᠯᠬᠦ ᠶᠢ | ᠵᠣᠭᠰᠣᠭᠠᠬᠤ ᠭᠡᠷ᠎ᠡ ᠲᠣᠭᠲᠠᠵᠤ᠂ ᠮᠠᠯᠴᠢᠳ ᠤᠨ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠣᠭᠠᠬᠤ | ᠠᠵᠢᠯ ᠤᠨ ᠲᠤᠬᠠᠶ ᠮᠡᠳᠡᠬᠦ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠬᠠᠮᠢᠶ᠎ᠠ ᠪᠥᠬᠦᠶ | ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠤᠬᠠᠭᠤᠯᠤᠨ ᠳᠠᠶᠢᠴᠢᠯᠠᠬᠤ᠂ ᠪᠡᠯᠡᠳᠬᠡᠮᠵᠢ ᠳᠣᠭᠢᠷᠠᠭᠤᠯᠬᠤ᠂ | ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠪᠡᠯᠴᠢᠭᠡᠷ ᠥᠨᠵᠢᠭᠦᠯᠦᠨ ᠬᠠᠮᠢᠶᠠᠷᠤᠨ ᠬᠠᠮᠠᠭᠠᠯᠠᠬᠤ᠂ ᠪᠠᠯᠠ ᠮᠥᠩᠭᠦ | ᠲᠠᠷᠬᠠᠭᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠤᠬᠠᠭᠤᠯᠵᠤ ᠬᠥᠲᠥᠯᠦᠨ ᠵᠢᠯᠣᠭᠤᠳᠬᠤ ᠶᠢ | ᠴᠢᠩᠭᠠᠳᠬᠠᠵᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠸᠢᠴᠠᠲ᠂ ᠣᠬᠤᠷ ᠮᠡᠳᠡᠭᠡ᠂ ᠠᠯᠪᠠᠨ ᠵᠠᠷ ᠨᠠᠭᠠᠬᠤ | ᠵᠡᠷᠭᠡ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ᠂ ᠤᠬᠠᠭᠤᠯᠬᠤ ᠠᠵᠢᠯ ᠢ ᠥᠷᠭᠡᠨ ᠢᠶᠠᠷ ᠥᠷᠨᠢᠭᠦᠯᠵᠦ | ᠂ ᠢᠯᠠᠩᠭᠤᠶ᠎ᠠ ᠮᠣᠩᠭᠤᠯ ᠬᠡᠯᠡᠨ ᠤ ᠷᠠᠳᠢᠣ᠋ ᠨᠡᠪᠲᠡᠷᠡᠭᠦᠯᠭᠡ ᠶᠢᠨ ᠮᠠᠯᠵᠢᠬᠤ ᠣᠷᠣᠨ ᠢ ᠬᠠᠮᠤᠷᠤᠭᠰᠠᠨ ᠳᠠᠪᠠᠭᠤᠯᠢᠭ ᠢ | ᠭᠦᠢᠴᠡᠳ ᠪᠠᠳᠠᠷᠠᠭᠤᠯᠤᠨ᠂ ᠤᠬᠠᠭᠤᠯᠬᠤ ᠡᠷᠴᠢᠮ ᠢ ᠨᠡᠮᠡᠭᠳᠡᠭᠦᠯᠦᠨ᠂ ᠡᠷᠦᠬᠡ ᠪᠣᠯᠭᠠᠨ ᠣᠶᠢᠯᠠᠭᠠᠵᠣ᠂ ᠬᠥᠮᠦᠨ | ᠪᠥᠬᠦᠨ ᠳᠤ ᠮᠡᠳᠡᠭᠦᠯᠬᠦ ᠬᠡᠷᠡᠭᠲᠡᠶ᠃ | ︵ᠲᠠᠪᠤ︶ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ | ᠠᠩᠭᠢ᠂ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ | ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠣᠭᠤᠷᠢᠨ | ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠲᠣᠭᠲᠠᠭᠠᠯ ᠠᠴᠠ ᠵᠥᠷᠢᠴᠡᠨ ᠮᠠᠯ | ᠮᠠᠯᠵᠢᠭᠰᠠᠨ ᠬᠡᠷᠡᠭ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠯᠠᠭᠠᠶᠢᠯᠠᠨ ᠮᠠᠯᠯᠠᠬᠤ | ᠦᠵᠡᠭᠳᠡᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ᠃ | ︵ᠵᠢᠷᠭᠤᠭ᠎ᠠ︶ ᠮᠠᠯᠴᠢᠨ ᠲᠦᠮᠡᠨ᠄ ᠬᠠᠪᠤᠷ ᠤᠨ ᠤᠯᠠᠷᠢᠯ ᠳᠤ ᠡᠪᠡᠰᠦ ᠪᠡᠯᠴᠢᠭᠡᠷ ᠢ ᠨᠣᠭᠤᠭᠠᠷᠠᠭᠤᠯᠬᠤ | ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ | ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ | ᠲᠠᠯᠠᠪᠠᠶ᠂ ᠭᠠᠴᠠᠭ᠎ᠠ ᠶᠢᠨ ᠬᠤᠪᠢᠶᠠᠷᠢ ᠲᠠᠯᠠᠪᠠᠶ ᠶᠢᠨ ᠬᠢᠨᠠᠯᠲᠠ ᠲᠠᠯᠪᠢᠯᠲᠠ ᠪᠠ ᠬᠠᠮᠢᠶᠠᠷᠤᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠮᠠᠯᠵᠢᠬᠤ ᠡᠷᠥᠭᠡ ᠶᠢᠨ ᠬᠠᠰᠢᠶ᠎ᠠ ᠰᠠᠷᠠᠪᠴᠢ ᠶᠢᠨ ᠡᠷᠬᠢᠨ | ᠲᠣᠭᠤᠷᠢᠨ ᠳᠤ ᠬᠤᠨᠢ ᠨᠢᠭᠡᠴᠡ ᠪᠦᠷᠢ ᠶᠢᠨ 20 ᠲᠡᠭᠰᠢ ᠳᠥᠷᠪᠡᠯᠵᠢᠨ ᠮᠧᠲᠷ ᠤᠨ ᠪᠠᠷᠢᠮᠵᠢᠶ᠎ᠠ ︵ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠᠷ ᠬᠢᠨᠠᠨ ᠲᠣᠭᠲᠠᠭᠠᠭᠰᠠᠨ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠪᠠᠷ ᠪᠤᠳᠤᠨ᠎ᠠ | ︶ ᠪᠠᠷ ᠮᠠᠯ ᠬᠠᠰᠢᠶᠠᠯᠠᠨ ᠲᠡᠵᠢᠭᠡᠬᠦ ᠲᠠᠯᠠᠪᠤᠷ ᠪᠠᠶᠢᠭᠤᠯᠵᠤ᠂ ᠨᠢᠯᠬ᠎ᠠ ᠬᠤᠷᠠᠭ᠎ᠠ ᠶᠢᠨ ᠬᠥᠬᠦᠭᠦᠯᠬᠦ ᠬᠤᠭᠤᠴᠠᠭᠠᠨ ᠳᠠᠬᠢ | ᠠᠵᠢᠯᠯᠠᠭᠠᠨ ᠤ ᠲᠠᠯᠠᠪᠤᠷ ᠢ ᠵᠣᠬᠢᠬᠤ ᠬᠡᠮᠵᠢᠶ᠎ᠡ ᠪᠠᠷ ᠪᠠᠶᠢᠷᠢᠯᠠᠭᠤᠯᠵᠤ᠂ ᠨᠢᠭᠡ ᠬᠤᠣᠰ ᠬᠤᠨᠢ ︵ᠡᠬᠡ ᠬᠤᠨᠢ ᠪᠠ | ᠬᠤᠷᠠᠭ᠎ᠠ︶ 0.5 ᠮᠣ᠋ ᠠᠴᠠ ᠬᠡᠲᠦᠷᠡᠭᠦᠯᠬᠦ ᠥᠭᠡᠢ ᠪᠠᠶᠢᠵᠤ᠂ ᠬᠦᠬᠦᠭᠦᠯᠳᠡ ᠶᠢᠨ ᠴᠠᠭ ᠢ ᠴᠢᠩᠭ᠎ᠠ | ᠬᠢᠵᠠᠭᠠᠷᠯᠠᠬᠤ ᠶᠢᠨ ᠬᠠᠮᠲᠤ ᠲᠠᠯᠠᠪᠤᠷ ᠤᠨ ᠲᠡᠮᠳᠡᠭ ᠫᠠᠶᠢᠰᠠᠨ ᠳᠤ ᠲᠣᠳᠣᠷᠬᠠᠶ ᠵᠡᠭᠦᠯᠳᠡ ᠬᠠᠳᠠᠬᠤ ᠬᠡᠷᠡᠭᠲᠡᠶ᠃ ᠤᠰᠤ | ᠤᠤᠭᠤᠬᠤ᠂ ᠲᠡᠵᠢᠭᠡᠨ ᠠᠷᠠᠴᠢᠯᠠᠬᠤ ᠵᠡᠷᠭᠡ ᠶᠠᠮᠠᠷᠪᠠ ᠰᠢᠯᠲᠠᠭ ᠢᠶᠠᠷ ᠮᠠᠯ ᠬᠠᠷᠢᠭᠤᠯᠬᠤ ᠶᠢ ᠴᠢᠩᠭ᠎ᠠ ᠴᠠᠭᠠᠵᠠᠯᠠᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠤᠳᠤᠷᠢᠳᠬᠤ ᠳᠤᠭᠤᠶᠢᠯᠠᠩ | ᠪᠠᠶᠢᠭᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ | ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠡᠯ᠎ᠡ ᠰᠤᠮᠤ ᠪᠠᠯᠭᠠᠰᠤ | ᠲᠠᠯᠠᠪᠠᠶ᠂ ᠡᠯ᠎ᠡ ᠰᠠᠯᠠᠭ᠎ᠠ ᠮᠥᠴᠢᠷ ᠨᠢᠭᠡᠴᠡ ᠪᠣᠯᠤᠨ ᠥᠷᠭᠡᠨ ᠣᠯᠠᠨ ᠮᠠᠯᠴᠢᠨ ᠲᠦᠮᠡᠨ ᠢ ᠵᠣᠬᠢᠶᠠᠨ ᠪᠠᠶᠢᠭᠤᠯᠤᠨ | ᠬᠠᠪᠤᠷ ᠤᠨ ᠤᠯᠠᠷᠢᠯ ᠤᠨ ᠪᠡᠯᠴᠢᠭᠡᠷ ᠵᠣᠭᠰᠣᠭᠠᠬᠤ ᠠᠵᠢᠯ ᠢ ᠰᠠᠶᠢᠲᠤᠷ ᠥᠷᠨᠢᠭᠦᠯᠬᠦ ᠬᠡᠷᠡᠭᠲᠡᠶ᠃ | ︵ᠬᠤᠶᠠᠷ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠬᠠᠪᠤᠷ ᠤᠨ ᠤᠯᠠᠷᠢᠯ ᠳᠤ ᠡᠪᠡᠰᠦ | ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠠᠩᠭᠢ᠂ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠮᠤ ᠪᠠᠯᠭᠠᠰᠤ ᠶᠢᠨ ᠬᠦᠴᠦᠨ ᠢ ᠨᠢᠭᠡᠳᠦᠯᠲᠡᠶ ᠲᠥᠯᠥᠪᠯᠡᠨ᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠬᠦ ᠬᠡᠷᠡᠭᠲᠡᠶ᠃ ᠡᠭᠦᠨ ᠤ ᠬᠠᠮᠲᠤ ᠠᠵᠢᠯ ᠤᠨ | ᠲᠤᠰᠬᠠᠶ ᠠᠩᠭᠢ ᠪᠠᠶᠢᠭᠤᠯᠵᠤ᠂ ᠪᠡᠯᠴᠢᠭᠡᠷ ᠰᠡᠷᠭᠦᠭᠡᠬᠦ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠯᠤᠰ | ᠰᠡᠷᠡᠯ᠂ ᠠᠭᠠᠷ ᠠᠴᠠ ᠰᠡᠭᠦᠳᠡᠷᠯᠡᠬᠦ᠂ ᠨᠢᠰᠭᠡᠯ ᠢᠶᠠᠷ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠶᠢ ᠠᠰᠢᠭᠯᠠᠨ᠂ | ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ | ᠲᠤᠬᠠᠶ ᠳᠤᠨᠢ ᠵᠠᠯᠠᠷᠠᠭᠤᠯᠤᠨ᠎ᠠ︔ ᠢᠯᠡᠴᠢᠯᠡᠨ ᠮᠡᠳᠡᠭᠦᠯᠬᠦ ᠲᠦᠷᠢᠮ ᠢ ᠪᠠᠶᠢᠭᠤᠯᠵᠤ᠂ ᠢᠯᠡᠴᠢᠯᠡᠨ ᠮᠡᠳᠡᠭᠦᠯᠬᠦ | ᠳ᠋ᠢᠶᠠᠩᠬᠤᠸᠠ ᠶᠢ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ᠂ | ᠨᠡᠶᠢᠭᠡᠮ ᠤᠨ ᠬᠢᠨᠠᠯᠲᠠ᠂ ᠤᠯᠠᠨ ᠲᠦᠮᠡᠨ ᠤ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢᠨ ᠨᠡᠶᠢᠯᠡᠮᠡᠯ | ᠬᠦᠴᠦᠨ ᠢ ᠪᠦᠷᠢᠯᠳᠦᠭᠦᠯᠦᠨ᠎ᠡ᠃ | ︵ᠭᠤᠷᠪᠠ︶ ᠰᠢᠯᠭᠠᠨ ᠬᠢᠨᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠶ᠃ ᠪᠡᠯᠴᠢᠭᠡᠷ ᠰᠡᠷᠭᠦᠭᠡᠬᠦ | ᠠᠵᠢᠯ ᠢ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠣᠨ ᠤ ᠰᠢᠯᠭᠠᠨ ᠬᠢᠨᠠᠬᠤ ᠭᠦᠢᠴᠡᠳᠬᠡᠯ | ᠲᠤᠭ᠎ᠠ ᠳᠤ ᠣᠷᠣᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠪᠠ ᠣᠶ ᠰᠢᠭᠤᠶ ᠡᠪᠡᠰᠦ ᠪᠡᠯᠴᠢᠭᠡᠷ ᠤᠨ | ᠳᠠᠷᠤᠭ᠎ᠠ ᠶᠢ ᠰᠢᠯᠭᠠᠨ ᠬᠢᠨᠠᠵᠤ ᠦᠨᠡᠯᠡᠬᠦ ᠴᠢᠬᠤᠯᠠ ᠦᠨᠳᠦᠰᠦᠯᠡᠯ ᠪᠣᠯᠭᠠᠨ᠎ᠠ᠃ ᠪᠡᠯᠴᠢᠭᠡᠷᠯᠡᠭᠦᠯᠬᠦ ᠶᠢ ᠵᠣᠭᠰᠣᠭᠠᠬᠤ | ᠲᠦᠷᠢᠮ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠭᠠᠵᠠᠷ ᠣᠷᠣᠨ ᠢ ᠵᠠᠷᠯᠠᠨ ᠮᠡᠳᠡᠭᠳᠡᠵᠦ᠂ | ᠠᠰᠠᠭᠤᠳᠠᠯ ᠨᠢ ᠬᠦᠨᠳᠦ ᠨᠣᠴᠢᠲᠠᠶ ᠪᠠᠶᠢᠪᠠᠯ ᠪᠣᠯᠵᠣᠨ ᠶᠠᠷᠢᠯᠴᠠᠬᠤ ᠬᠡᠷᠡᠭᠲᠡᠶ︔ ᠪᠡᠯᠴᠢᠭᠡᠷᠯᠡᠭᠦᠯᠬᠦ ᠶᠢ ᠵᠣᠭᠰᠣᠭᠠᠬᠤ | ᠬᠤᠭᠤᠴᠠᠭᠠᠨ ᠳᠤ᠂ ᠮᠠᠯᠵᠢᠬᠤ ᠡᠷᠦᠬᠡ ᠲᠣᠭᠲᠠᠭᠠᠯ ᠠᠴᠠ ᠵᠥᠷᠢᠴᠡᠨ 2 ᠤᠳᠠᠭ᠎ᠠ ᠠᠴᠠ ᠳᠡᠭᠡᠭᠰᠢ | ᠪᠡᠯᠴᠢᠭᠡᠷᠯᠡᠭᠦᠯᠦᠭᠰᠡᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ︾ | ᠢ ᠴᠢᠩᠭ᠎ᠠ ᠵᠢᠷᠤᠮᠯᠠᠨ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠲᠣᠰ ᠵᠢᠯ ᠤᠨ ᠪᠡᠯᠴᠢᠭᠡᠷᠯᠡᠭᠦᠯᠬᠦ ᠶᠢ ᠵᠣᠭᠰᠣᠭᠠᠬᠤ | ᠨᠥᠬᠦᠪᠥᠷᠢ ᠶᠢ ᠰᠠᠭᠤᠯᠭᠠᠨ ᠠᠪᠴᠤ᠂ ᠰᠠᠭᠤᠯᠭᠠᠨ ᠠᠪᠣᠭᠰᠠᠨ ᠪᠠᠯᠠ ᠮᠥᠩᠭᠦ ᠶᠢ ᠨᠤᠲᠤᠭ ᠪᠡᠯᠴᠢᠭᠡᠷ ᠤᠨ | ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠳᠤ ᠬᠡᠷᠡᠭᠯᠡᠨ᠎ᠡ᠃ |