ᠰᠢᠯᠢ ᠶᠢᠨ  ᠬᠤᠲᠠ ᠶᠢᠨ ᠬᠢᠨ 71 ᠡᠷᠦᠬᠡ ᠣᠨᠴᠠ ᠬᠦᠴᠢᠷᠳᠡᠯ ᠲᠠᠢ ᠨᠠᠰᠤᠲᠠᠶᠢᠴᠤᠳ ᠲᠤ ᠠᠮᠢᠳᠣᠷᠠᠯ ᠎ ᠤᠨ ᠲᠥᠬᠦᠭᠡᠷᠦᠮᠵᠢ ᠶᠢᠨ ᠥᠭᠡᠷᠡᠴᠢᠯᠡᠯᠲᠡ ᠬᠢᠬᠦ ᠪᠠᠷ ᠪᠣᠶ
ᠨᠡᠶᠢᠲᠡᠯᠡᠭᠰᠡᠨ ᠴᠠᠭ᠄
2023/4/20
 ᠰᠢᠯᠢ ᠶᠢᠨ  ᠬᠤᠲᠠ ᠶᠢᠨ ᠬᠢᠨ 71 ᠡᠷᠦᠬᠡ ᠣᠨᠴᠠ ᠬᠦᠴᠢᠷᠳᠡᠯ ᠲᠠᠢ ᠨᠠᠰᠤᠲᠠᠶᠢᠴᠤᠳ ᠲᠤ ᠠᠮᠢᠳᠣᠷᠠᠯ ᠤᠨ ᠲᠥᠬᠦᠭᠡᠷᠦᠮᠵᠢ ᠶᠢᠨ ᠥᠭᠡᠷᠡᠴᠢᠯᠡᠯᠲᠡ ᠬᠢᠬᠦ ᠪᠠᠷ ᠪᠣᠶ ᠭᠡᠷ ᠲᠡᠭᠡᠨ ᠰᠠᠭᠤᠵᠤ ᠪᠠᠶᠢᠭ᠎ᠠ ᠬᠦᠴᠢᠷᠳᠡᠯ ᠲᠠᠢ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠡᠷᠳᠡᠨᠢ ᠵᠡᠭᠡᠯᠢ ᠭᠤᠳᠤᠮᠵᠢ ᠶᠢᠨ ᠬᠢᠨ ᠡᠯ᠎ᠡ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠵᠤ᠂ ᠣᠨᠴᠠᠭᠠᠶ ᠬᠦᠴᠢᠷᠳᠡᠯ ᠲᠠᠢ ᠨᠠᠰᠤᠲᠠᠶᠢᠴᠤᠳ ᠤᠨ ᠠᠮᠢᠳᠣᠷᠠᠯ ᠤᠨ ᠲᠥᠬᠦᠬᠡᠷᠦᠮᠵᠢ ᠶᠢ  ᠥᠭᠡᠷᠡᠴᠢᠯᠡᠬᠦ ᠪᠠᠷ ᠡᠷᠦᠬᠡ ᠳᠤ ᠬᠦᠷᠴᠦ ᠪᠠᠶᠢᠴᠠᠭᠠᠨ ᠣᠶᠢᠯᠠᠭᠠᠪᠠ᠃ ᠡᠷᠦᠬᠡ ᠪᠣᠯᠭᠠᠨ ᠳᠤ ᠣᠷᠣᠬᠤ ᠪᠦᠷᠢ᠂ ᠠᠵᠢᠯᠲᠠᠳ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠪᠠᠶᠢᠳᠠᠯ ᠵᠢᠴᠢ ᠠᠮᠢᠳᠤᠷᠠᠯ ᠤᠨ ᠨᠥᠬᠦᠴᠡᠯ ᠢ ᠨᠠᠷᠢᠨ ᠣᠶᠢᠯᠠᠭᠠᠵᠤ᠂ ᠨᠠᠰᠤᠲᠠᠶᠢᠴᠤᠳ ᠲᠤ ᠨᠠᠰᠤᠵᠢᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠤᠨ ᠠᠭᠤᠯᠭ᠎ᠠ ᠶᠢ ᠮᠡᠳᠡᠭᠳᠡᠵᠦ᠂ ᠨᠠᠰᠤᠲᠠᠶᠢᠴᠤᠳ ᠢ ᠬᠠᠪᠰᠤᠷᠤᠨ ᠲᠣᠬᠢᠷᠠᠮᠵᠢᠲᠠᠢ ᠥᠭᠡᠷᠡᠴᠢᠯᠡᠯᠲᠡ ᠶᠢᠨ ᠲᠥᠷᠥᠯ ᠵᠦᠢᠯ ᠢ  ᠰᠣᠩᠭᠤᠵᠣ ᠥᠭᠪᠡ᠃         ᠠᠷᠭᠠᠯᠠᠩᠳᠣ ᠨᠡᠶᠢᠭᠡᠮ ᠲᠣᠭᠤᠷᠢᠭ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ ᠺᠠᠩ ᠣᠪᠣᠭᠲᠤ᠂ ᠡᠨᠡ ᠵᠢᠯ 78 ᠨᠠᠰᠤᠲᠠᠢ᠂ ᠪᠠᠭ᠎ᠠ ᠠᠴᠠ ᠪᠠᠨ ᠬᠠᠷᠠᠭ᠎ᠠ ᠪᠠᠨ ᠠᠯᠳᠠᠵᠤ᠂ ᠣᠯᠠᠨ ᠵᠦᠢᠯ ᠤᠨ ᠡᠪᠡᠳᠴᠢᠨ ᠳᠤ ᠨᠡᠷᠪᠡᠭᠳᠡᠵᠦ᠂ ᠣᠯᠠᠨ ᠵᠢᠯ ᠤᠨ ᠲᠤᠷᠰᠢ ᠪᠡᠶ᠎ᠡ ᠪᠠᠨ ᠳᠠᠭᠠᠭᠠᠵᠤ ᠣᠷᠣᠨ ᠠᠴᠠ ᠪᠠᠨ ᠪᠠᠭᠤᠵᠤ ᠳᠡᠶᠢᠯᠬᠦ ᠦᠭᠡᠢ᠂ ᠦᠷ᠎ᠡ ᠬᠡᠦᠬᠡᠳ ᠤᠨ ᠬᠢᠨᠢ ᠪᠡᠶ᠎ᠡ ᠨᠢ ᠴᠦ ᠮᠠᠭᠤ ᠪᠠᠶᠢᠵᠤ᠂ ᠨᠠᠰᠤᠲᠠᠨ ᠢ ᠡᠳᠦᠷ ᠲᠤᠲᠤᠮ  ᠠᠰᠠᠷᠠᠬᠤ ᠳᠤ ᠮᠠᠰᠢ ᠬᠦᠴᠢᠷᠲᠡᠢ  ᠃ ᠨᠠᠰᠤᠲᠠᠨ ᠤ ᠱᠠᠭᠠᠷᠳᠠᠯᠭ᠎ᠠ ᠪᠠᠷ᠂ ᠠᠵᠢᠯᠲᠠᠳ ᠲᠡᠭᠦᠨ ᠳᠤ ᠬᠦᠷᠳᠦᠲᠦ ᠰᠠᠨᠳᠠᠯᠢ ᠭᠤᠶᠤᠴᠢᠯᠠᠵᠤ᠂ ᠭᠠᠳᠠᠭᠰᠢ ᠭᠠᠷᠬᠤ ᠳᠤ ᠲᠥᠬᠦᠮ ᠪᠣᠯᠭᠠᠪᠠ᠃ ᠣᠶᠢᠯᠠᠭᠠᠭᠰᠠᠨ ᠢᠶᠠᠷ᠂ ᠡᠷᠳᠡᠨᠢ ᠵᠡᠭᠡᠯᠢ ᠭᠤᠳᠤᠮᠵᠢ ᠶᠢᠨ 2 ᠡᠷᠦᠬᠡ ᠭᠡᠷ ᠪᠦᠯᠢ ᠶᠢᠨ ᠬᠢᠨ ᠨᠥᠬᠦᠴᠡᠯ ᠳᠤ ᠨᠡᠶᠢᠴᠡᠬᠦ ᠪᠥᠭᠡᠳ ᠠᠮᠢᠳᠣᠷᠠᠯ ᠤᠨ ᠲᠥᠬᠦᠬᠡᠷᠦᠮᠵᠢ ᠎ ᠪᠠᠨ ᠥᠭᠡᠷᠡᠴᠢᠯᠡᠬᠦ ᠬᠦᠰᠡᠯ ᠲᠠᠢ ᠪᠠᠶᠢᠵᠤ᠂ ᠨᠢᠭᠡᠨᠲᠡ ᠲᠠᠰ ᠳᠠᠷᠠᠭᠠᠯᠠᠯ ᠶᠣᠰᠣᠭᠠᠷ ᠲᠡᠭᠦᠨ ᠳᠤ ᠭᠤᠶᠤᠴᠢᠯᠠᠯ ᠳᠡᠪᠰᠢᠭᠦᠯᠦᠭᠰᠡᠨ ᠪᠠᠶᠢᠨ᠎ᠠ᠃        ᠡᠨᠡ ᠵᠢᠯ ᠤᠨ 3 ᠰᠠᠷ᠎ᠠ ᠳᠤ᠂  ᠰᠢᠯᠢ ᠶᠢᠨ ᠬᠤᠲᠠ 2023 ᠣᠨ ᠤ ᠣᠨᠴᠠ ᠬᠦᠴᠢᠷᠳᠡᠯ ᠲᠠᠢ ᠨᠠᠰᠤᠲᠠᠶᠢᠴᠤᠳ ᠤᠨ ᠨᠠᠰᠤᠵᠢᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠡᠬᠢᠯᠡᠭᠦᠯᠵᠦ᠂ ︽ᠭᠡᠷ ᠳᠣᠲᠣᠷ᠎ᠠ ᠶᠠᠪᠤᠵᠤ ᠰᠠᠭᠤᠬᠤ ᠳᠤ ᠲᠥᠬᠦᠮ᠂ ᠵᠣᠷᠯᠣᠩ ᠳᠤ ᠣᠷᠣᠬᠤ ᠪᠡᠶ᠎ᠡ ᠤᠬᠢᠶᠠᠬᠤ ᠳᠤ ᠠᠮᠤᠷ ᠲᠦᠪᠰᠢᠨ᠂ ᠲᠣᠭᠤᠭᠠᠨ ᠭᠡᠷ ᠲᠤ ᠠᠵᠢᠯᠯᠠᠬᠤ ᠳᠤ ᠲᠥᠬᠦᠮ᠂ ᠭᠡᠷ ᠤᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠣᠶᠤᠨᠴᠢ ᠠᠮᠤᠷ ᠲᠦᠪᠰᠢᠨ ᠤ ᠬᠢᠨᠠᠨ ᠬᠠᠮᠠᠭᠠᠯᠠᠯᠲᠠ᠂ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ︾᠎ ᠪᠠᠷ ᠭᠤᠣᠯ ᠬᠠᠷᠠᠯᠲᠠ ᠪᠣᠯᠭᠠᠵᠤ᠂ ᠪᠥᠬᠦ ᠬᠤᠲᠠ ᠶᠢᠨ ᠪᠦᠬᠦᠯᠢ 60 ᠨᠠᠰᠤ ᠵᠢᠴᠢ ᠲᠡᠭᠦᠨ ᠠᠴᠠ ᠳᠡᠭᠡᠭᠰᠢᠬᠢ ᠲᠠᠷᠠᠬᠠᠢ ᠠᠰᠠᠷᠠᠨ ᠲᠡᠵᠢᠭᠡᠬᠦ ᠳᠤ ᠣᠷᠣᠭᠤᠯᠤᠭᠰᠠᠨ ᠣᠨᠴᠠ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ︵ᠣᠨᠴᠠ ᠬᠦᠴᠢᠷᠳᠡᠯᠲᠡᠢ ᠬᠥᠮᠥᠰ︶ ᠵᠢᠴᠢ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠳᠣᠲᠣᠷᠠᠬᠢ ᠥᠨᠳᠥᠷ ᠨᠠᠰᠤᠲᠠᠢ᠂ ᠴᠢᠳᠠᠪᠤᠷᠢ ᠪᠠᠨ ᠠᠯᠳᠠᠭᠰᠠᠨ᠂ ᠭᠡᠷ ᠲᠡᠭᠡᠨ ᠬᠤᠴᠣᠷᠤᠭᠰᠠᠨ᠂ ᠵᠡᠮᠳᠡᠭ ᠨᠠᠰᠤᠲᠠᠶᠢᠴᠤᠳ ᠲᠤ ᠨᠠᠰᠤᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃       ᠣᠲᠣ ᠪᠣᠯᠲᠠᠯ᠎ᠠ᠂ ᠪᠥᠬᠦ ᠬᠤᠲᠠ ᠶᠢᠨ ᠪᠠᠶᠢᠴᠠᠭᠠᠨ ᠰᠢᠯᠭᠠᠬᠤ ᠠᠵᠢᠯ ᠨᠢᠭᠡᠨᠲᠡ ᠠᠩᠬ᠎ᠠ ᠠᠯᠬᠤᠮ ᠳᠠᠭᠤᠰᠴᠤ᠂ ᠨᠡᠶᠢᠲᠡ 71 ᠡᠷᠦᠬᠡ ᠣᠨᠴᠠ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢ ᠪᠠᠶᠢᠴᠠᠭᠠᠨ ᠭᠠᠷᠭᠠᠵᠤ᠂ ᠨᠥᠬᠦᠴᠡᠯ ᠳᠤ ᠨᠡᠶᠢᠴᠡᠬᠦ ᠪᠥᠭᠡᠳ ᠥᠭᠡᠷᠡᠴᠢᠯᠡᠬᠦ ᠬᠦᠰᠡᠯ ᠲᠠᠢ ᠪᠠᠶᠢᠨ᠎ᠠ᠃       ᠳᠠᠷᠠᠭ᠎ᠠ ᠶᠢᠨ ᠠᠯᠬᠤᠮ ᠳᠤ᠂  ᠰᠢᠯᠢ ᠶᠢᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠭᠤᠷᠪᠠᠳᠤᠭᠠᠷ ᠡᠲᠡᠭᠡᠳ ᠤᠨ ᠦᠨᠡᠯᠡᠨ ᠵᠢᠱᠢᠬᠦ ᠪᠠᠶᠢᠭᠤᠯᠤᠮᠵᠢ ᠲᠠᠢ ᠵᠣᠯᠭᠠᠭᠤᠯᠵᠤ᠂ ᠡᠷᠦᠬᠡ ᠳᠤ ᠣᠷᠣᠵᠣ ᠦᠨᠡᠯᠡᠨ ᠵᠢᠱᠢᠬᠦ ᠠᠵᠢᠯ ᠢ ᠭᠠᠷᠳᠠᠨ ᠥᠷᠨᠢᠭᠦᠯᠵᠦ᠂ ᠣᠨᠴᠣᠭᠤᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠵᠤ᠂ ᠣᠨᠴᠣᠭᠤᠢ ᠬᠦᠴᠢᠷᠳᠡᠯᠲᠡᠢ ᠨᠠᠰᠤᠲᠠᠶᠢᠴᠤᠳ ᠤᠨ ᠠᠮᠢᠳᠣᠷᠠᠯ ᠤᠨ ᠲᠥᠬᠦᠭᠡᠷᠦᠮᠵᠢ ᠶᠢᠨ ᠠᠮᠤᠷ ᠲᠦᠪᠰᠢᠨ ᠴᠢᠨᠠᠷ᠂ ᠲᠥᠬᠦᠮ ᠲᠦᠳᠡ ᠴᠢᠨᠠᠷ ᠢ ᠬᠦᠴᠦᠯᠡᠨ ᠰᠠᠶᠢᠵᠢᠷᠠᠭᠤᠯᠵᠤ᠂ ᠭᠡᠷ ᠪᠦᠯᠢ ᠶᠢᠨ ᠰᠠᠨᠠᠭᠠᠨ ᠳᠤ ᠦᠭᠡᠢ ᠠᠶᠤᠯ ᠲᠦᠭᠰᠢᠭᠦᠷᠢ ᠡᠭᠦᠰᠬᠦ ᠨᠣᠷᠮ᠎ᠠ ᠶᠢ ᠪᠠᠭᠤᠷᠠᠭᠤᠯᠤᠨ᠂  ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠳᠤ ᠲᠣᠬᠢᠷᠠᠬᠤ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠣᠨᠴᠣᠭᠤᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠳᠤ ᠲᠣᠬᠢᠷᠠᠬᠤ ᠠᠵᠢᠯ ᠤᠨ ᠴᠢᠨᠠᠷ ᠴᠢᠨᠰᠠᠭ᠎ᠠ ᠶᠢ ᠪᠠᠲᠤᠯᠠᠵᠤ᠂ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠳᠣᠯᠠᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号