︽ᠰᠢᠯᠢ ᠶᠢᠨ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠳᠠᠬᠢᠨ ᠬᠢᠨᠠᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/4/21
 ︽ᠰᠢᠯᠢ ᠶᠢᠨ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠳᠠᠬᠢᠨ ᠬᠢᠨᠠᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠬᠡᠷ ᠲᠤ᠄ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠰᠢᠯᠢ ᠶᠢᠨ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠳᠠᠬᠢᠨ ᠬᠢᠨᠠᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ2023 ᠣᠨ ᠤ 4 ᠰᠠᠷ᠎ᠠ ᠶᠢᠨ 21ᠰᠢᠯᠢ ᠶᠢᠨ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠳᠠᠬᠢᠨ ᠬᠢᠨᠠᠬᠤ ᠠᠵᠢᠯ ᠤᠨ ᠬᠡᠷᠡᠭᠵᠢᠭᠦᠯᠬᠦ ᠲᠥᠰᠦᠯᠪᠥᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠪᠠ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠪᠠᠷᠢᠮᠵᠢᠶ᠎ᠠ︾ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢᠨ ᠪᠠᠷᠢᠮᠵᠢᠶ᠎ᠠ︾᠎ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ︵ᠪᠥᠬᠦ ᠤᠯᠤᠰ ᠤᠨ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠺᠣᠮᠢᠰ ᠤᠨ ᠲᠠᠷᠬᠠᠭᠠᠭᠰᠠᠨ ︹ 2021 ︺ 6 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠰᠢ ᠶᠢᠨ ᠫᠢᠩ ᠶᠡᠷᠦᠩᠬᠡᠶ ᠱᠦᠵᠢ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠠᠷᠭ᠎ᠠ ᠰᠢᠨ᠎ᠡ ᠪᠠᠷᠢᠮᠵᠢᠶ᠎ᠠ ᠶᠣᠰᠣᠭᠠᠷ᠂ ᠭᠤᠤᠯᠳᠠᠯᠭ᠎ᠠ ᠶᠢ ᠳᠣᠪᠤᠶᠢᠯᠭᠠᠨ᠂ ᠪᠥᠬᠦ ᠲᠠᠯ᠎ᠠ ᠶᠢ ᠳᠠᠶᠢᠴᠢᠯᠠᠵᠤ᠂ ᠪᠥᠬᠦ ᠬᠦᠴᠦᠨ ᠢᠶᠠᠷ ᠢᠶᠠᠨ ᠪᠡᠷᠬᠡ ᠶᠢ ᠰᠢᠪᠲᠤᠯᠤᠨ ᠪᠡᠷᠬᠡ ᠶᠢ ᠳᠠᠪᠠᠵᠤ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠲᠤᠳᠬᠠᠨ ᠪᠠᠲᠤᠯᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠥᠬᠦ ᠲᠠᠯ᠎ᠠ ᠪᠠᠷ ᠭᠦᠨ ᠭᠦᠨᠵᠡᠭᠡᠶ ᠤᠳᠠᠭᠠᠨ ᠳᠠᠭᠠᠭᠠᠮᠠᠭᠠᠶ ᠪᠠᠷ ᠥᠷᠨᠢᠭᠦᠯᠬᠦ ᠶᠢ ᠠᠬᠢᠭᠤᠯᠵᠤ᠂ ᠲᠣᠰ ᠦᠶᠡᠯᠡᠯ ᠤᠨ ᠬᠤᠭᠤᠴᠠᠭᠠᠨ ᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠳᠠᠬᠢᠨ ᠬᠢᠨᠠᠯᠲᠠ ᠶᠢ ᠤᠷᠤᠭᠰᠢᠲᠠᠶ ᠥᠩᠭᠡᠷᠡᠭᠦᠯᠬᠦ ᠶᠢ ᠦᠨᠡᠨᠬᠦ ᠪᠠᠲᠤᠯᠠᠵᠤ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠨ᠎ᠠ᠃ᠨᠢᠭᠡ᠂ ᠵᠢᠯᠣᠭᠤᠳᠬᠤ ᠦᠵᠡᠯ ᠰᠠᠨᠠᠭ᠎ᠠᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠥᠷᠨᠢᠭᠦᠯᠦᠭᠰᠡᠨ 70 ᠵᠢᠯ ᠤᠨ ᠣᠶ ᠶᠢᠨ ᠲᠠᠰᠢᠷᠠᠮ ᠳᠤ ᠭᠠᠷᠭᠠᠭᠰᠠᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ᠂ ᠪᠦᠬᠦ ᠨᠡᠶᠢᠭᠡᠮ ᠢᠶᠠᠷ ᠢᠶᠠᠨ ᠳᠠᠶᠢᠴᠢᠯᠠᠬᠤ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠵᠠᠰᠠᠬᠤ᠂ ᠪᠦᠬᠦ ᠠᠷᠠᠳ ᠢᠶᠠᠷ ᠢᠶᠠᠨ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠠᠵᠢᠯ ᠤᠨ ᠴᠢᠭᠯᠡᠯᠲᠡ ᠶᠢ ᠪᠠᠷᠢᠮᠲᠠᠯᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠭᠦᠨᠵᠡᠭᠡᠶ ᠪᠠᠬᠢᠵᠢᠭᠦᠯᠦᠨ ᠬᠥᠭᠵᠢᠭᠦᠯᠵᠦ᠂ ᠶᠡᠭᠡ ᠡᠷᠡᠭᠦᠯ ᠬᠠᠮᠠᠭᠠᠯᠠᠯ ᠶᠡᠭᠡ ᠡᠷᠡᠭᠦᠯ ᠮᠡᠨᠳᠦ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠦᠷᠭᠦᠯᠵᠢᠯᠡᠨ ᠬᠦᠭᠵᠢᠬᠦ ᠪᠠ ᠠᠷᠠᠳ ᠣᠯᠠᠨ ᠤ ᠠᠮᠤᠷ ᠲᠠᠶᠢᠪᠤᠩ ᠠᠵᠤ ᠲᠦᠷᠦᠭᠦ ᠶᠢ ᠠᠬᠢᠭᠤᠯᠵᠤ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ᠂ ᠡᠷᠡᠭᠦᠯ ᠡᠩᠬᠡ ᠰᠢᠯᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠤᠨ᠎ᠠ᠃ᠬᠤᠶᠠᠷ᠂ ᠠᠵᠢᠯ ᠤᠨ ᠡᠭᠦᠷᠭᠡ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠪᠠᠷᠢᠮᠵᠢᠶ᠎ᠠ ︵2021 ᠳ᠋ᠦ᠋ᠭᠡᠷ ᠨᠢᠭᠤᠷ︶︾ ᠶᠣᠰᠣᠭᠠᠷ᠂ ᠥᠩᠭᠡᠨ ᠲᠠᠯ᠎ᠠ ᠶᠢ ᠵᠠᠰᠠᠬᠤ ᠪᠠ ᠦᠨᠳᠦᠰᠦ ᠰᠤᠷᠪᠤᠯᠵᠢ ᠶᠢ ᠵᠠᠰᠠᠬᠤ ᠶᠢ ᠤᠶᠠᠯᠳᠤᠭᠤᠯᠬᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠪᠠ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠤᠶᠠᠯᠳᠤᠭᠤᠯᠬᠤ᠂ ᠱᠠᠲᠤ ᠦᠶ᠎ᠡ ᠶᠢᠨ ᠴᠡᠭᠴᠡᠯᠡᠯᠲᠡ ᠪᠠ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾᠂ ︽ᠰᠢᠰᠲ᠋ᠧᠮ ᠪᠠ ᠬᠡᠰᠡᠭ ᠢ ᠤᠶᠠᠯᠳᠤᠭᠤᠯᠬᠤ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ︾ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠭᠲᠠ ᠪᠠᠶᠢᠷᠢᠯᠠᠭᠤᠯᠵᠤ᠂ ᠪᠦᠬᠦ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ᠂ ︽ᠰᠢᠨ᠎ᠡ ᠶᠢ ᠡᠭᠦᠳᠬᠦ︾᠎ ᠪᠠᠷ ︽ᠪᠦᠲᠦᠭᠡᠨ ᠪᠠᠶᠢᠭᠤᠯᠬᠤ︾᠎ ᠶᠢ ᠠᠬᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢᠨ ᠠᠬᠢᠭᠤᠯᠤᠯ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠮᠢ ᠠᠬᠤᠶ ᠶᠢᠨ ᠣᠷᠴᠢᠨ ᠲᠣᠭᠤᠷᠢᠨ᠂ ᠭᠤᠣᠯᠳᠠᠯᠭ᠎ᠠ ᠲᠠᠢ ᠲᠠᠯᠠᠪᠤᠷ ᠤᠨ ᠡᠷᠡᠭᠦᠯ ᠬᠠᠮᠠᠭᠠᠯᠠᠯ ᠂ ᠢᠳᠡᠭᠡᠨ ᠪᠠ ᠠᠮᠢᠳᠤᠷᠠᠯ ᠤᠨ ᠤᠤᠭᠤᠬᠤ ᠤᠰᠤᠨ ᠤ ᠠᠮᠤᠷ ᠲᠦᠪᠰᠢᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠵᠡᠷᠭᠡ ᠳᠣᠯᠣᠭᠠᠨ ᠲᠠᠯ᠎ᠠ ᠪᠠᠷ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠪᠠᠷᠢᠮᠵᠢᠶ᠎ᠠ᠂ ᠠᠵᠢᠯ ᠤᠨ ᠵᠢᠷᠤᠮᠵᠢᠯ ᠪᠠ ᠮᠡᠷᠭᠡᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠭᠤᠷᠠᠢ ᠭᠤᠭᠴᠤᠭ᠎ᠠ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠳᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠳᠣᠣᠷᠠᠬᠢ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄︵ᠨᠢᠭᠡ︶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ︵ᠨᠡᠶᠢᠲᠡ 80 ᠬᠤᠪᠢ᠂ ᠰᠦᠯᠵᠢᠶᠡᠨ ᠳᠡᠭᠡᠷᠡᠬᠢ ᠦᠨᠡᠯᠡᠯᠲᠡ 30 ᠬᠤᠪᠢ᠂ ᠲᠤᠬᠠᠶ ᠶᠢᠨ ᠲᠠᠯᠠᠪᠤᠷ ᠤᠨ ᠦᠨᠡᠯᠡᠯᠲᠡ 50 ᠬᠤᠪᠢ︶1. ᠨᠠᠮ ᠵᠠᠰᠠᠭ ᠬᠦᠨᠳᠦᠳᠬᠡᠨ ᠦᠵᠡᠬᠦ ᠬᠡᠷᠡᠭᠲᠡᠶ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶᠢᠷᠡᠭᠦᠯᠬᠦ ᠲᠤᠬᠠᠶ ᠰᠠᠨᠠᠯ︾᠎ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠵᠥᠪᠯᠡᠬᠦ ᠵᠦᠢᠯ ᠳᠡᠭᠡᠨ ᠣᠷᠣᠭᠤᠯᠵᠤ᠂ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠤᠨ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠨ᠎ᠠ᠃ ᠭᠤᠣᠯ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠠᠰᠠᠭ ᠤᠨ ᠣᠷᠳᠣᠨ ᠤ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠵᠢᠭᠰᠠᠭᠠᠨ ᠣᠷᠣᠭᠤᠯᠵᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠪᠣᠯᠤᠨ ᠥᠷᠭᠡᠨ ᠣᠯᠠᠨ ᠲᠦᠮᠡᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠳᠤ ᠢᠳᠡᠪᠬᠢᠲᠡᠶ ᠣᠷᠣᠯᠴᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ᠂ ᠬᠤᠪᠢ ᠶᠢᠨ ᠥᠷᠲᠡᠭ᠄ 10 ᠬᠤᠪᠢ︶2. ᠠᠵᠢᠯ ᠤᠨ ᠲᠣᠣᠷ ᠰᠦᠯᠵᠢᠶ᠎ᠡ᠃ ᠬᠠᠷᠢᠶᠠᠲᠤ ᠣᠷᠣᠨ ᠤ ᠳᠣᠲᠣᠷᠠᠬᠢ ᠡᠯ᠎ᠡ ᠱᠠᠲᠤᠨ ᠤ ᠡᠷᠡᠭᠦᠯ ᠬᠠᠮᠠᠭᠠᠯᠠᠯ ᠢᠶᠠᠨ ᠬᠠᠶᠢᠷᠠᠯᠠᠬᠤ ᠵᠣᠬᠢᠶᠠᠨ ᠪᠠᠶᠢᠭᠤᠯᠤᠯᠲᠠ ᠪᠦᠷᠢᠨ ᠲᠡᠭᠦᠯᠳᠡᠷ᠂ ᠪᠦᠷᠢᠯᠳᠦᠬᠦᠨ ᠨᠢᠭᠡᠴᠡ ᠶᠢᠨ ᠠᠵᠢᠯ ᠤᠨ ᠬᠤᠪᠢᠶᠠᠷᠢᠯᠠᠯ ᠲᠣᠳᠣᠷᠬᠠᠶ᠂ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠠᠯᠪᠠᠨ ᠬᠡᠷ ᠢ ᠲᠤᠰᠠᠭᠠᠷ ᠪᠠᠶᠢᠷᠢᠯᠠᠭᠤᠯᠵᠤ᠂ ᠠᠵᠢᠯᠲᠠᠨ ᠤ ᠣᠷᠣᠨ ᠲᠤᠭ᠎ᠠ ᠶᠢ ᠪᠣᠳᠠᠲᠠᠶ ᠠᠵᠢᠯ ᠤᠨ ᠬᠡᠷᠡᠭᠴᠡᠭᠡ ᠳᠤ ᠵᠣᠬᠢᠴᠠᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠤᠰᠬᠠᠶ ᠪᠠ ᠲᠤᠰᠢᠶᠠᠯ ᠬᠠᠪᠰᠤᠷᠭᠠᠭᠰᠠᠨ ᠠᠵᠢᠯᠲᠠᠨ ᠲᠠᠢ ᠪᠠᠶᠢᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠵᠢᠴᠢ ᠭᠠᠴᠠᠭᠠᠨ ᠤ ᠵᠥᠪᠯᠡᠯ ᠠᠴᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠵᠣᠬᠢᠴᠠᠭᠤᠯᠤᠨ ᠰᠠᠶᠢᠲᠤᠷ ᠬᠢᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠪᠦᠷᠢᠯᠳᠦᠬᠦᠨ ᠨᠢᠭᠡᠴᠡ᠂ ᠬᠤᠪᠢ ᠶᠢᠨ ᠥᠷᠲᠡᠭ᠄ 12 ᠬᠤᠪᠢ︶3. ᠠᠵᠢᠯ ᠤᠨ ᠪᠠᠶᠢᠳᠠᠯ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠲᠣᠭᠲᠠᠭᠠᠵᠤ᠂ ᠪᠠᠶᠢᠷᠢᠯᠠᠭᠤᠯᠤᠯᠲᠠ ᠲᠠᠢ᠂ ᠳ᠋ᠦᠩᠨᠡᠯᠲᠡ ᠲᠠᠢ ᠪᠠᠶᠢᠬᠤ ᠬᠡᠷᠡᠭᠲᠡᠶ᠃ ᠡᠷᠡᠭᠦᠯ ᠡᠩᠬᠡ ᠶᠢᠨ ᠵᠡᠭᠡᠯᠢ ᠭᠤᠳᠤᠮᠵᠢ᠂ ᠡᠷᠡᠭᠦᠯ ᠡᠩᠬᠡ ᠶᠢᠨ ᠨᠡᠶᠢᠭᠡᠮ ᠲᠣᠭᠤᠷᠢᠭ᠂ ᠡᠷᠡᠭᠦᠯ ᠡᠩᠬᠡ ᠶᠢᠨ ᠪᠠᠶᠢᠭᠤᠯᠤᠯᠭ᠎ᠠ᠂ ᠡᠷᠡᠭᠦᠯ ᠡᠩᠬᠡ ᠶᠢᠨ ᠰᠤᠷᠭᠠᠭᠤᠯᠢ᠂ ᠡᠷᠡᠭᠦᠯ ᠡᠩᠬᠡ ᠶᠢᠨ ᠠᠵᠤ ᠠᠬᠤᠶᠢᠯᠠᠯ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠎ᠡ᠃ ᠬᠠᠷᠢᠶᠠᠲᠤ ᠣᠷᠣᠨ ᠤ ᠬᠡᠪᠴᠢᠶᠡᠨ ᠳᠤ ᠮᠤᠵᠢ ᠶᠢᠨ ᠱᠠᠲᠤᠨ ᠠᠴᠠ ᠳᠡᠭᠡᠭᠰᠢ 1 ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠪᠠᠶᠢᠭᠤᠯᠤᠨ᠎ᠠ᠃ ᠡᠯ᠎ᠡ ᠲᠥᠷᠥᠯ ᠤᠨ ᠣᠯᠠᠨ ᠲᠦᠮᠡᠨᠴᠢ ᠴᠢᠨᠠᠷᠲᠠᠶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠃ ︵ᠬᠠᠷᠢᠭᠤᠴᠠᠯᠭᠠᠲᠤ ᠨᠢᠭᠡᠴᠡ᠄ ᠵᠠᠰᠠᠭ ᠤᠨ ᠣᠷᠳᠣᠨ ᠤ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠰᠤᠮᠤ᠂ ᠪᠠᠯᠭᠠᠰᠤ ᠲᠠᠯᠠᠪᠠᠶ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ᠂ ᠬᠤᠪᠢ ᠶᠢᠨ ᠥᠷᠲᠡᠭ᠄ 8 ᠬᠤᠪᠢ︶4. ᠡᠷᠡᠭᠦᠯ ᠮᠡᠨᠳᠦ ᠶᠢ ᠲᠦᠮᠡᠨ ᠪᠣᠳᠣᠯᠭ᠎ᠠ ᠳᠤ ᠠᠭᠤᠰᠤᠯᠴᠠᠭᠤᠯᠤᠨ᠎ᠠ᠃ ᠡᠷᠡᠭᠦᠯ ᠮᠡᠨᠳᠦ ᠶᠢᠨ ᠨᠥᠯᠥᠭᠡ ᠶᠢ ᠦᠨᠡᠯᠡᠨ ᠵᠢᠱᠢᠬᠦ ᠶᠢ ᠥᠷᠨᠢᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠠᠭᠤᠯᠭ᠎ᠠ ᠲᠠᠢ ᠪᠥᠭᠡᠳ ᠬᠠᠮᠢᠶ᠎ᠠ ᠪᠥᠬᠦᠶ ᠪᠡᠯᠡᠳᠬᠡᠯ ᠲᠥᠰᠦᠯ ᠲᠠᠢ ᠪᠠᠶᠢᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ᠂ ᠬᠤᠪᠢ ᠶᠢᠨ ᠥᠷᠲᠡᠭ᠄ 10 ᠬᠤᠪᠢ︶5. ᠤᠯᠠᠨ ᠲᠦᠮᠡᠨ ᠤ ᠬᠢᠨᠠᠯᠲᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠠᠭᠠᠯᠳᠤᠯᠭ᠎ᠠ ᠶᠢᠨ ᠶᠠᠪᠤᠴᠠ ᠶᠢ ᠵᠢᠷᠤᠮᠵᠢᠭᠤᠯᠵᠤ᠂ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠵᠦ᠂ ᠬᠠᠷᠢᠭᠤ ᠲᠤᠰᠬᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢᠨ ᠪᠠᠶᠢᠴᠠᠭᠠᠯᠲᠠ ᠶᠢ 90%᠎ ᠳᠤ ᠬᠦᠷᠦᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠠᠭᠤᠷ ᠠᠮᠢᠰᠬᠤᠯ ᠢᠶᠠᠷ ᠥᠳᠬᠡᠨ ᠪᠠᠶᠢᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠢᠯᠭᠠᠬᠤ ᠲᠡᠮᠳᠡᠭ ᠢ ᠢᠯᠡ ᠲᠣᠳᠣ ᠪᠠᠶᠢᠷᠢᠨ ᠳᠤ ᠲᠣᠬᠢᠷᠠᠭᠤᠯᠣᠨ᠎ᠠ᠃ ︵ᠬᠠᠷᠢᠭᠤᠴᠠᠯᠭᠠᠲᠤ ᠨᠢᠭᠡᠴᠡ᠄ ᠵᠠᠰᠠᠭ ᠤᠨ ᠣᠷᠳᠣᠨ ᠤ ᠠᠯᠪᠠᠨ ᠬᠡᠷ᠂ ᠤᠶᠤᠨᠲᠤ ᠬᠤᠲᠠ ᠶᠢᠨ ᠵᠢᠯᠣᠭᠤᠳᠬᠤ ᠲᠥᠪ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠰᠤᠮᠤ᠂ ᠪᠠᠯᠭᠠᠰᠤ ᠲᠠᠯᠠᠪᠠᠶ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ᠂ ᠬᠤᠪᠢ ᠶᠢᠨ ᠥᠷᠲᠡᠭ᠄ 10 ᠬᠤᠪᠢ︶︵ᠬᠤᠶᠠᠷ︶ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢ ᠠᠬᠢᠭᠤᠯᠬᠤ ︵ᠨᠡᠶᠢᠲᠡ 105 ᠬᠤᠪᠢ᠂ ᠡᠭᠦᠨ ᠳᠤ ᠰᠦᠯᠵᠢᠶᠡᠨ ᠳᠡᠭᠡᠷᠡᠬᠢ ᠦᠨᠡᠯᠡᠯᠲᠡ 35 ᠬᠤᠪᠢ ᠶᠢ ᠡᠵᠡᠯᠡᠵᠦ᠂ ᠲᠤᠬᠠᠶ ᠶᠢᠨ ᠲᠠᠯᠠᠪᠤᠷ ᠤᠨ ᠦᠨᠡᠯᠡᠯᠲᠡ 70 ᠬᠤᠪᠢ ᠶᠢ ᠡᠵᠡᠯᠡᠨ᠎ᠡ︶6. ᠡᠷᠡᠭᠦᠯ ᠮᠡᠨᠳᠦ ᠶᠢᠨ ᠬᠡᠪ ᠪᠣᠯᠪᠠᠰᠤᠷᠠᠯ᠃ ᠬᠠᠷᠢᠶᠠᠲᠤ ᠣᠷᠣᠨ ᠤ ᠳᠣᠲᠣᠷᠠᠬᠢ ᠡᠷᠡᠭᠦᠯ ᠮᠡᠨᠳᠦ ᠶᠢᠨ ᠬᠥᠮᠦᠵᠢᠯ ᠤᠨ ᠲᠣᠤᠷ ᠰᠦᠯᠵᠢᠶ᠎ᠡ ᠶᠢ ᠪᠦᠷᠢᠨᠰᠢᠬᠦᠯᠵᠦ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ ᠤ ᠬᠥᠮᠥᠷᠭᠡ᠂ ᠡᠬᠢ ᠪᠠᠶᠠᠯᠢᠭ ᠤᠨ ᠬᠥᠮᠥᠷᠭᠡ ᠪᠠ ᠰᠣᠨᠢᠨ᠂ ᠲᠧᠯᠸᠢᠰ᠂ ᠰᠦᠯᠵᠢᠶ᠎ᠡ ᠵᠡᠷᠭᠡ ᠭᠤᠤᠯ ᠪᠣᠯᠬᠤ ᠵᠠᠭᠤᠴᠢᠯᠠᠭᠤᠷ ᠢ ᠠᠰᠢᠭᠯᠠᠨ᠂ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠣᠯᠪᠠᠰᠤᠨ ᠡᠷᠡᠭᠦᠯ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠮᠡᠳᠡᠯᠭᠡ ᠪᠠ ᠠᠷᠭ᠎ᠠ ᠶᠢ ᠶᠡᠬᠡᠪᠡᠷ ᠲᠦᠭᠡᠮᠡᠯᠵᠢᠭᠦᠯᠦᠨ᠎ᠡ᠃ ᠡᠯ᠎ᠡ ᠭᠤᠣᠯ ᠵᠠᠭᠤᠴᠢᠯᠠᠭᠤᠷ ᠤᠨ ᠬᠢᠨ ᠡᠷᠡᠭᠦᠯ ᠮᠡᠨᠳᠦ ᠶᠢᠨ ᠬᠥᠮᠦᠵᠢᠯ ᠤᠨ ᠪᠤᠯᠤᠩ ᠲᠠᠢ᠃ ᠲᠡᠷᠭᠡᠨ ᠦᠷᠳᠡᠭᠡ᠂ ᠨᠢᠰᠬᠡᠯ ᠤᠨ ᠪᠠᠭᠤᠳᠠᠯ᠂ ᠠᠭᠤᠳᠠᠮ ᠲᠠᠯᠠᠪᠠᠢ ᠪᠠ ᠴᠡᠴᠡᠷᠯᠢᠭ ᠵᠡᠷᠭᠡ ᠤᠯᠠᠨ ᠨᠡᠶᠢᠲᠡ ᠶᠢᠨ ᠲᠠᠯᠠᠪᠤᠷ ᠲᠤ ᠭᠠᠷᠭᠠᠭᠰᠠᠨ ᠡᠯᠧᠺᠲᠷᠣᠨ ᠳᠡᠯᠭᠡᠴᠡ ᠪᠠ ᠨᠡᠶᠢᠲᠡ ᠶᠢᠨ ᠠᠰᠠᠷᠠᠮᠵᠢ ᠶᠢᠨ ᠵᠠᠷ ᠵᠡᠷᠭᠡ ᠨᠢ ᠡᠷᠡᠭᠦᠯ ᠮᠡᠨᠳᠦ ᠶᠢᠨ ᠬᠥᠮᠦᠵᠢᠯ ᠤᠨ ᠠᠭᠤᠯᠭ᠎ᠠ ᠲᠠᠢ ᠪᠠᠶᠢᠬᠤ ᠬᠡᠷᠡᠭᠲᠡᠢ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠲᠣᠭᠤᠷᠢᠭ᠂ ᠡᠮᠨᠡᠯᠭᠡ ᠶᠢᠨ ᠬᠤᠷᠢᠶ᠎ᠠ ︵ᠡᠮᠴᠢᠯᠡᠭᠡᠨ ᠤ ᠪᠠᠶᠢᠭᠤᠯᠤᠮᠵᠢ︶᠂ ᠰᠤᠷᠭᠠᠭᠤᠯᠢ ᠵᠡᠷᠭᠡ ᠨᠢ ᠡᠷᠡᠭᠦᠯ ᠮᠡᠨᠳᠦ ᠶᠢᠨ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠎ᠡ᠃ ᠡᠷᠡᠭᠦᠯ ᠮᠡᠨᠳᠦ ᠰᠢᠶᠠᠩ ᠪᠠᠯᠭᠠᠰᠤ ᠪᠠ ᠡᠷᠡᠭᠦᠯ ᠮᠡᠨᠳᠦ ᠲᠣᠰᠬᠤᠨ᠂ ᠡᠷᠡᠭᠦᠯ ᠮᠡᠨᠳᠦ ᠨᠡᠶᠢᠭᠡᠮ ᠲᠣᠭᠤᠷᠢᠭ᠂ ᠡᠷᠡᠭᠦᠯ ᠮᠡᠨᠳᠦ ᠠᠵᠤ ᠠᠬᠤᠶᠢᠯᠠᠯ᠂ ᠡᠷᠡᠭᠦᠯ ᠮᠡᠨᠳᠦ ᠪᠠᠶᠢᠭᠤᠯᠤᠯᠭ᠎ᠠ᠂ ᠡᠷᠡᠭᠦᠯ ᠮᠡᠨᠳᠦ ᠰᠤᠷᠭᠠᠭᠤᠯᠢ᠂ ᠡᠷᠡᠭᠦᠯ ᠮᠡᠨᠳᠦ ᠠᠬᠢᠭᠤᠯᠬᠤ ᠡᠮᠨᠡᠯᠭᠡ ᠶᠢᠨ ᠬᠤᠷᠢᠶ᠎ᠠ᠂ ᠡᠷᠡᠭᠦᠯ ᠮᠡᠨᠳᠦ ᠬᠡᠷ ᠪᠦᠯᠢ ᠵᠡᠷᠭᠡ ᠡᠷᠡᠭᠦᠯ ᠮᠡᠨᠳᠦ ᠡᠰ ᠤᠨ ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠦᠨ᠎ᠡ᠃ ᠡᠷᠡᠭᠦᠯ ᠡᠩᠬᠡ ᠶᠢᠨ ᠵᠠᠮ᠂ ᠡᠷᠡᠭᠦᠯ ᠡᠩᠬᠡ ᠶᠢᠨ ᠭᠤᠤᠯ ᠰᠡᠳᠦᠪᠲᠦ ᠴᠡᠴᠡᠷᠯᠢᠭ ᠵᠡᠷᠭᠡ ᠶᠢ ᠪᠥᠲᠥᠭᠡᠨ ᠪᠠᠶᠢᠭᠤᠯᠵᠤ᠂ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ︵ᠳᠠᠪᠤᠰᠤ ᠪᠠᠭᠤᠷᠠᠭᠤᠯᠬᠤ᠂ ᠲᠣᠰᠣ ᠪᠠᠭᠤᠷᠠᠭᠤᠯᠬᠤ᠂ ᠰᠢᠬᠢᠷ ᠪᠠᠭᠤᠷᠠᠭᠤᠯᠬᠤ᠂ ᠡᠷᠡᠭᠦᠯ ᠠᠷᠤᠭ ᠶᠠᠰᠤ᠂ ᠡᠷᠡᠭᠦᠯ ᠡᠩᠬᠡ ᠶᠢᠨ ᠠᠮᠠᠨ ᠬᠥᠨᠳᠡᠶ᠂ ᠡᠷᠡᠭᠦᠯ ᠡᠩᠬᠡ ᠶᠢᠨ ᠪᠡᠶ᠎ᠡ ᠶᠢᠨ ᠬᠦᠨᠳᠦ︶ ᠵᠡᠷᠭᠡ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠡᠯᠭᠡᠷᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠡᠯ᠎ᠡ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠤᠮᠤ᠂ ᠪᠠᠯᠭᠠᠰᠤ ᠲᠠᠯᠠᠪᠠᠶ᠂ ᠬᠤᠪᠢ ᠶᠢᠨ ᠥᠷᠲᠡᠭ᠄ 38 ᠬᠤᠪᠢ︶7. ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠠᠷᠠᠳ ᠣᠯᠠᠨ ᠤ ᠪᠠᠶᠢᠩᠭᠤ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ 15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠬᠦᠷᠢᠶ᠎ᠡ ᠴᠠᠷᠠᠭ᠎ᠠ ᠶᠢ ᠠᠬᠢᠭᠤᠯᠤᠨ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠰᠦᠢᠳᠬᠡᠯ ᠬᠤᠷᠢᠶᠠᠬᠤ ᠥᠬᠡᠶ ᠪᠠᠷ ᠨᠡᠭᠡᠭᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠥᠷᠭᠡᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠳᠡᠪᠬᠢᠲᠡᠶ ᠣᠷᠣᠯᠴᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠰᠠᠭᠤᠭᠠᠯᠢ ᠠᠷᠠᠳ ᠤᠨ ᠪᠡᠶ᠎ᠡ ᠶᠢᠨ ᠬᠦᠨᠳᠦ ᠪᠠᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠨᠢ ᠠᠵᠢᠯᠯᠠᠬᠤ ᠲᠠᠯᠠᠪᠤᠷ ᠤᠨ ᠠᠵᠢᠯ ᠤᠨ ᠵᠠᠪᠰᠠᠷᠯᠠᠭ᠎ᠠ ᠶᠢᠨ ᠲᠠᠮᠢᠷ ᠤᠨ ᠲᠦᠷᠢᠮ ᠢ ᠨᠠᠶᠢᠳᠠᠪᠤᠷᠢᠵᠢᠭᠤᠯᠤᠨ᠎ᠠ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠂ ᠠᠵᠢᠯᠴᠢᠨ ᠤ ᠶᠡᠷᠦᠩᠬᠡᠶ ᠡᠪᠯᠡᠯ᠂ ᠬᠤᠲᠠ ᠶᠢᠨ ᠡᠪᠯᠡᠯ ᠤᠨ ᠬᠤᠷᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠤᠮᠤ᠂ ᠪᠠᠯᠭᠠᠰᠤ᠂ ᠬᠤᠪᠢ ᠶᠢᠨ ᠥᠷᠲᠡᠭ᠄ 10 ᠬᠤᠪᠢ︶8. ᠲᠠᠮᠠᠬᠢ ᠶᠢ ᠬᠢᠵᠠᠭᠠᠷᠯᠠᠬᠤ᠃ ᠲᠠᠮᠠᠬᠢ ᠲᠠᠲᠠᠬᠤ ᠶᠢ ᠬᠢᠵᠠᠭᠠᠷᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠷᠢᠶ᠎ᠠ ᠣᠷᠣᠨ ᠤ ᠳᠣᠲᠣᠷ᠎ᠠ ᠪᠠᠨ ᠤᠯᠠᠨ ᠨᠡᠶᠢᠲᠡ ᠶᠢᠨ ᠤᠯᠠᠮᠵᠢᠯᠠᠬᠤ ᠵᠠᠭᠤᠴᠢ ᠪᠤᠶᠤ ᠤᠯᠠᠨ ᠨᠡᠶᠢᠲᠡ ᠶᠢᠨ ᠲᠠᠯᠠᠪᠤᠷ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ᠂ ᠭᠡᠷ ᠤᠨ ᠭᠠᠳᠠᠨ᠎ᠠ ᠲᠠᠮᠠᠬᠢᠨ ᠤ ᠵᠠᠷ ᠨᠡᠶᠢᠲᠡᠯᠡᠬᠦ ᠶᠢ ᠴᠠᠭᠠᠵᠠᠯᠠᠵᠤ᠂ ᠲᠠᠮᠠᠬᠢᠨ ᠤ ᠪᠣᠷᠣᠯᠠᠭᠤᠯᠭ᠎ᠠ ᠶᠢ ᠠᠬᠢᠭᠤᠯᠬᠤ᠂ ᠲᠤᠰᠠᠯᠠᠨ ᠳᠡᠮᠵᠢᠬᠦ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ᠎ᠠ᠃ ᠲᠠᠮᠠᠬᠢ ᠲᠠᠲᠠᠬᠤ ᠥᠬᠡᠶ ᠪᠠᠶᠢᠭᠤᠯᠭ᠎ᠠ᠂ ᠲᠠᠮᠠᠬᠢ ᠲᠠᠲᠠᠬᠤ ᠥᠬᠡᠶ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠲᠠᠮᠠᠬᠢ ᠲᠠᠲᠠᠬᠤ ᠥᠬᠡᠶ ᠰᠤᠷᠭᠠᠭᠤᠯᠢ᠂ ᠲᠠᠮᠠᠬᠢ ᠲᠠᠲᠠᠬᠤ ᠥᠬᠡᠶ ᠬᠡᠷ ᠪᠦᠯᠢ ᠵᠡᠷᠭᠡ ᠲᠠᠮᠠᠬᠢ ᠲᠠᠲᠠᠬᠤ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠶᠢᠨ ᠬᠠᠮᠲᠤ ᠢᠯᠡᠳᠲᠡ ᠦᠷ᠎ᠡ ᠪᠦᠲᠦᠮᠵᠢ ᠣᠯᠵᠤ᠂ ᠣᠯᠠᠨ ᠨᠡᠶᠢᠲᠡ ᠶᠢᠨ ᠲᠠᠯᠠᠪᠤᠷ᠂ ᠠᠵᠢᠯ ᠤᠨ ᠲᠠᠯᠠᠪᠤᠷ ᠵᠢᠴᠢ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠲᠠᠮᠠᠬᠢ ᠲᠠᠲᠠᠬᠤ ᠶᠢ ᠢᠯᠡ ᠪᠠᠷ ᠴᠠᠭᠠᠵᠠᠯᠠᠬᠤ ᠲᠡᠮᠳᠡᠭ ᠲᠠᠢ᠂ ᠲᠠᠮᠠᠬᠢ ᠴᠠᠭᠠᠵᠠᠯᠠᠬᠤ ᠲᠠᠯᠠᠪᠤᠷ ᠭᠠᠵᠠᠷ ᠲᠤ ᠲᠠᠮᠠᠬᠢ ᠲᠠᠲᠠᠬᠤ ᠦᠵᠡᠭᠳᠡᠯ ᠥᠬᠡᠶ ᠪᠠᠶᠢᠵᠣ᠂ ᠲᠠᠮᠠᠬᠢᠨ ᠤ ᠳᠡᠯᠭᠡᠷᠡᠯᠲᠡ ᠶᠢᠨ ᠬᠢᠨᠠᠨ ᠬᠡᠮᠵᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠵᠠᠰᠠᠭ ᠤᠨ ᠣᠷᠳᠣᠨ ᠤ ᠠᠯᠪᠠᠨ ᠬᠡᠷ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠪᠦᠷᠢᠯᠳᠦᠬᠦᠨ ᠨᠢᠭᠡᠴᠡ᠂ ᠬᠤᠪᠢ ᠶᠢᠨ ᠥᠷᠲᠡᠭ᠄ 22 ᠬᠤᠪᠢ︶︵ᠭᠤᠷᠪᠠ︶ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ︵ᠨᠡᠶᠢᠲᠡ 220 ᠬᠤᠪᠢ᠂ ᠰᠦᠯᠵᠢᠶᠡᠨ ᠳᠡᠭᠡᠷᠡᠬᠢ ᠦᠨᠡᠯᠡᠯᠲᠡ 40 ᠬᠤᠪᠢ ᠶᠢ ᠡᠵᠡᠯᠡᠵᠦ᠂ ᠲᠤᠬᠠᠶ ᠶᠢᠨ ᠲᠠᠯᠠᠪᠤᠷ ᠤᠨ ᠦᠨᠡᠯᠡᠯᠲᠡ 180 ᠬᠤᠪᠢ ᠶᠢ ᠡᠵᠡᠯᠡᠨ᠎ᠡ︶9. ᠬᠤᠲᠠ ᠶᠢᠨ ᠥᠩᠭᠡ ᠵᠢᠰᠦ᠃ ᠬᠤᠲᠠ ᠶᠢᠨ ᠵᠠᠮ ︵ᠠᠷᠤ ᠵᠡᠭᠡᠯᠢ᠂ ᠬᠤᠳᠠᠯᠳᠤᠭᠠᠨ ᠤ ᠵᠡᠭᠡᠯᠢ ᠪᠠᠭᠲᠠᠨ᠎ᠠ︶᠎ ᠤᠨ ᠴᠢᠳᠠᠮᠵᠢ ᠪᠦᠷᠢᠨ ᠲᠡᠭᠦᠯᠳᠡᠷ᠂ ᠴᠡᠪᠡᠷ ᠲᠡᠭᠰᠢ ᠡᠮᠬᠢ ᠳᠢᠭᠯᠢᠮ ᠲᠠᠢ᠂ ᠭᠡᠷ ᠤᠨ ᠭᠠᠳᠠᠨᠠᠬᠢ ᠵᠠᠷ ᠮᠡᠳᠡᠭᠡ᠂ ᠪᠠᠷᠢᠯᠭ᠎ᠠ ᠶᠢᠨ ᠨᠢᠭᠤᠷ ᠲᠠᠯ᠎ᠠ ᠨᠢ ᠴᠡᠪᠡᠷ ᠲᠡᠭᠰᠢ᠂ ᠰᠣᠬᠤᠷ ᠬᠤᠳᠳᠤᠭ ᠤᠨ ᠪᠦᠷᠬᠦᠭᠡᠰᠦ ᠨᠢ ᠪᠦᠷᠢᠨ ᠪᠦᠲᠦᠨ᠂ ᠠᠮᠠᠷᠬᠠᠨ ᠤᠰᠤᠲᠤᠬᠤ ᠤᠰᠤᠨ ᠤ ᠴᠡᠭ ᠢ ᠦᠨᠳᠦᠰᠦᠨ ᠳᠡᠭᠡᠨ ᠠᠷᠢᠯᠭᠠᠵᠤ᠂ ᠭᠡᠷᠡᠯᠲᠦᠭᠦᠯᠭᠡ ᠶᠢᠨ ᠪᠡᠯᠡᠳᠬᠡᠮᠵᠢ᠂ ᠵᠢᠮᠢᠰ ᠤᠨ ᠠᠷᠠᠰᠤᠨ ᠬᠠᠶᠢᠷᠴᠠᠭ ᠵᠢᠴᠢ ᠪᠤᠰᠤᠳ ᠵᠠᠮ ᠤᠨ ᠳᠠᠭᠠᠯᠲᠠ ᠪᠡᠯᠡᠳᠬᠡᠮᠵᠢ ᠶᠢᠨ ᠪᠠᠶᠢᠷᠢᠯᠠᠭᠤᠯᠤᠯᠲᠠ ᠶᠢ ᠵᠢᠷᠤᠮᠵᠢᠭᠤᠯᠵᠤ᠂ ︽ᠠᠷᠪᠠᠨ ᠡᠷᠦᠶ ᠬᠤᠷᠤᠶ ᠥᠬᠡᠶ︾᠎ ᠶᠢ ᠴᠡᠭᠴᠡᠯᠡᠨ ᠵᠠᠰᠠᠬᠤ ᠶᠢ ᠪᠠᠷᠢᠮᠵᠢᠶ᠎ᠠ ᠳᠤ ᠬᠦᠷᠦᠭᠦᠯᠵᠦ᠂ ︽ᠡᠭᠦᠳᠡᠨ ᠡᠮᠦᠨᠡᠬᠢ ᠳᠥᠷᠪᠡ ᠶᠢ ᠳᠠᠭᠠᠭᠠᠴᠢᠯᠠᠬᠤ︾᠎ ᠶᠢᠨ ᠲᠦᠷᠢᠮ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠴᠡᠪᠡᠷᠯᠡᠨ ᠠᠷᠢᠯᠠᠭᠠᠵᠣ ᠠᠷᠢᠭᠤᠨ ᠴᠡᠪᠡᠷ ᠪᠠᠶᠢᠯᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠮᠦᠰᠴᠦ ᠵᠡᠭᠦᠬᠦ ᠪᠠ ᠠᠵᠢᠯᠯᠠᠬᠤ ᠶᠢ ᠵᠢᠷᠤᠮᠵᠢᠭᠤᠯᠤᠨ᠂ ᠠᠷᠢᠭᠤᠨ ᠴᠡᠪᠡᠷ ᠢ ᠬᠠᠮᠠᠭᠠᠯᠠᠬᠤ ᠥᠨᠴᠥᠭ ᠪᠤᠯᠤᠩ ᠥᠬᠡᠶ᠂ ᠨᠤᠷᠠᠭᠠᠵᠤ ᠨᠡᠭᠦᠯᠭᠡᠬᠦ ︵ᠪᠠᠶᠢᠭᠤᠯᠬᠤ ᠪᠠᠷ ᠪᠠᠶᠢᠭ᠎ᠠ︶ ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠪᠣᠯᠪᠠᠰᠤᠨ ᠢᠶᠠᠷ ᠪᠠᠷᠢᠯᠭ᠎ᠠ ᠪᠠᠷᠢᠬᠤ ᠠᠷᠭ᠎ᠠ ᠬᠡᠮᠵᠢᠶ᠎ᠡ ᠶᠢ ᠪᠦᠷᠢᠨ ᠭᠦᠢᠴᠡᠳ ᠪᠠᠶᠢᠯᠭᠠᠵᠤ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠣᠷᠴᠢᠨ ᠲᠣᠭᠤᠷᠢᠨ ᠢ ᠴᠡᠪᠡᠷ ᠲᠡᠭᠰᠢ ᠪᠠᠶᠢᠯᠭᠠᠵᠤ᠂ ᠮᠠᠯ ᠵᠢᠭᠦᠷᠲᠡᠨ ᠪᠠ ᠬᠡᠭᠡᠷ᠎ᠡ ᠶᠢᠨ ᠠᠮᠢᠲᠠᠨ ᠢ ᠲᠡᠵᠢᠭᠡᠨ ᠠᠷᠠᠴᠢᠯᠠᠬᠤ ᠨᠢ ᠲᠣᠭᠲᠠᠭᠠᠯ ᠳᠤ ᠨᠡᠶᠢᠴᠡᠨ᠎ᠡ᠃ ︵ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠪᠢ ᠶᠢᠨ ᠥᠷᠲᠡᠭ᠄ 42 ᠬᠤᠪᠢ︶10. ᠴᠡᠴᠡᠷᠯᠢᠭᠵᠢᠭᠦᠯᠦᠨ ᠨᠣᠭᠤᠭᠠᠷᠠᠭᠤᠯᠬᠤ᠃ ᠵᠦᠯᠭᠡ ᠭᠠᠵᠠᠷ ᠤᠨ ᠲᠥᠯᠥᠪᠵᠢᠭᠦᠯᠭᠡ ᠶᠢ ᠪᠡᠶᠡᠯᠡᠭᠦᠯᠵᠦ᠂ ᠪᠠᠶᠢᠷᠢᠰᠢᠭᠤᠯᠤᠯᠲᠠ ᠨᠢ ᠵᠦᠶ ᠵᠣᠬᠢᠰᠲᠠᠶ ᠪᠠᠶᠢᠵᠤ᠂ ᠴᠡᠴᠡᠷᠯᠢᠭ᠂ ᠵᠠᠮ ᠤᠨ ᠨᠣᠭᠤᠭᠠᠷᠠᠭᠤᠯᠤᠯᠲᠠ ᠵᠢᠴᠢ ᠪᠤᠰᠤᠳ ᠵᠦᠯᠭᠡ ᠭᠠᠵᠠᠷ ᠤᠨ ᠪᠥᠲᠥᠭᠡᠨ ᠪᠠᠶᠢᠭᠤᠯᠤᠯᠲᠠ ᠨᠢ ᠵᠢᠷᠤᠮᠵᠢᠯ ᠲᠠᠢ ᠪᠠᠶᠢᠵᠤ᠂ ᠵᠦᠯᠭᠡ ᠭᠠᠵᠠᠷ ᠤᠨ ᠠᠷᠠᠴᠢᠯᠠᠭ᠎ᠠ ᠨᠢ ᠰᠠᠶᠢᠨ ᠪᠠᠶᠢᠵᠤ᠂ ᠵᠦᠯᠭᠡ ᠭᠠᠵᠠᠷ ᠤᠨ ᠣᠷᠴᠢᠨ ᠲᠣᠭᠤᠷᠢᠨ ᠨᠢ ᠴᠡᠪᠡᠷ ᠲᠡᠭᠰᠢ ᠡᠮᠬᠢ ᠳᠢᠭᠯᠢᠮ ᠲᠠᠢ ᠪᠠᠶᠢᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠪᠢ ᠶᠢᠨ ᠥᠷᠲᠡᠭ᠄ 18 ᠬᠤᠪᠢ︶11. ᠬᠤᠭ ᠨᠣᠪᠰᠢ ᠬᠢᠭᠡᠳ ᠪᠣᠬᠢᠷ ᠤᠰᠤ᠃ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠪᠠ ᠬᠤᠣᠷ ᠦᠭᠡᠶᠢᠵᠢᠬᠦᠯᠬᠦ ᠶᠢ ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠵᠦ᠂ ᠨᠢᠭᠲᠠ ᠪᠢᠲᠡᠭᠦᠮᠵᠢᠯᠡᠨ ᠬᠠᠳᠠᠭᠠᠯᠠᠵᠤ᠂ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠵᠦ᠂ ᠴᠡᠪᠡᠷ ᠲᠡᠭᠰᠢ ᠵᠢᠷᠤᠮᠵᠢᠯ ᠲᠠᠢ ᠪᠠᠶᠢᠯᠭᠠᠵᠤ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠶᠢ ᠲᠥᠷᠥᠯ ᠬᠤᠪᠢᠶᠠᠨ ᠳᠣᠭᠢᠷᠠᠭᠤᠯᠵᠤ᠂ ᠠᠵᠢᠯᠯᠠᠭᠠᠨ ᠢ ᠪᠠᠷᠢᠮᠵᠢᠶ᠎ᠠ ᠳᠤ ᠬᠦᠷᠦᠭᠦᠯᠵᠦ᠂ ᠪᠠᠷᠢᠯᠭ᠎ᠠ ᠶᠢᠨ ᠬᠤᠭ ᠨᠣᠪᠰᠢ ᠶᠢ ᠨᠢᠭᠲᠠ ᠪᠢᠲᠡᠭᠦᠮᠵᠢᠯᠡᠨ ᠲᠡᠭᠡᠭᠡᠪᠦᠷᠢᠯᠡᠵᠦ᠂ ᠬᠤᠤᠷ ᠥᠬᠡᠶ ᠪᠣᠯᠭᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠬᠡᠷᠡᠭᠵᠢᠭᠦᠯᠦᠨ᠂ ᠰᠢᠩᠭᠡᠭᠡᠬᠦ ᠲᠠᠯᠠᠪᠠᠶ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠬᠤᠭᠤᠯᠠᠶ ᠲᠣᠤᠷ ᠤᠨ ᠪᠦᠷᠬᠦᠴᠡ ᠪᠠ ᠪᠣᠬᠢᠷ ᠤᠰᠤ ᠶᠢ ᠬᠤᠷᠢᠶᠠᠨ ᠴᠤᠭᠯᠠᠭᠤᠯᠬᠤ ᠶᠢ ᠪᠠᠷᠢᠮᠵᠢᠶ᠎ᠠ ᠳᠤ ᠬᠦᠷᠦᠭᠦᠯᠵᠦ᠂ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠢ ᠵᠢᠷᠤᠮᠵᠢᠭᠤᠯᠵᠤ᠂ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠵᠤ᠂ ᠰᠦᠯᠢᠶᠣᠣ ᠬᠤᠭ ᠨᠣᠪᠰᠢ ᠶᠢ ᠵᠠᠰᠠᠭᠰᠠᠨ ᠦᠷ᠎ᠡ ᠪᠦᠲᠦᠮᠵᠢ ᠶᠢ ᠰᠠᠶᠢᠨ ᠪᠠᠶᠢᠯᠭᠠᠵᠤ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠰᠢᠯᠢ ᠶᠢᠨ ᠭᠤᠤᠯ ᠬᠤᠲᠠ ᠶᠢᠨ ᠬᠤᠪᠢᠶᠠᠷᠢ ᠲᠣᠪᠴᠢᠶ᠎ᠠ᠂ ᠤᠰᠤ ᠬᠠᠩᠭᠠᠬᠤ ᠤᠰᠤ ᠵᠠᠯᠠᠬᠤ ᠺᠣᠮᠫᠠᠨᠢ᠂ ᠬᠤᠪᠢ ᠶᠢᠨ ᠥᠷᠲᠡᠭ᠄ 38 ᠬᠤᠪᠢ︶12. ᠵᠣᠷᠯᠣᠩ ᠤᠨ ᠬᠤᠪᠢᠰᠬᠠᠯ᠃ ᠨᠡᠶᠢᠲᠡ ᠶᠢᠨ ᠵᠣᠷᠯᠣᠩ ᠤᠨ ᠲᠣᠬᠢᠷᠠᠭᠤᠯᠤᠯᠲᠠ ᠶᠢ ᠲᠡᠭᠦᠯᠳᠡᠷᠵᠢᠭᠦᠯᠵᠦ᠂ ᠠᠷᠢᠭᠤᠨ ᠴᠡᠪᠡᠷ ᠢ ᠪᠠᠷᠢᠮᠵᠢᠶ᠎ᠠ ᠳᠤ ᠬᠦᠷᠦᠭᠦᠯᠵᠦ᠂ ᠰᠦᠢᠳᠬᠡᠯ ᠬᠤᠷᠢᠶᠠᠬᠤ ᠥᠬᠡᠶ ᠪᠠᠷ ᠨᠡᠭᠡᠭᠡᠵᠦ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠨᠢᠭᠡᠴᠡ ᠶᠢᠨ ᠨᠡᠶᠢᠲᠡ ᠶᠢᠨ ᠵᠣᠷᠯᠣᠩ ᠢ ᠬᠤᠶᠠᠳᠤᠭᠠᠷ ᠲᠥᠷᠥᠯ ᠳᠤ ᠬᠦᠷᠦᠭᠦᠯᠵᠦ᠂ ᠬᠠᠭᠤᠷᠠᠶ ᠵᠣᠷᠯᠣᠩ᠂ ᠪᠠᠭᠠᠰᠤᠨ ᠲᠠᠲᠠᠭᠠᠯ ᠵᠡᠷᠭᠡ ᠪᠠᠭᠠᠰᠤ ᠰᠢᠭᠡᠰᠦᠨ ᠤ ᠪᠡᠯᠡᠳᠬᠡᠮᠵᠢ ᠶᠢᠨ ᠠᠮᠤᠷ ᠲᠦᠪᠰᠢᠨ ᠤ ᠵᠢᠷᠤᠮᠵᠢᠯ ᠢ ᠥᠯᠥ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠪᠢ ᠶᠢᠨ ᠥᠷᠲᠡᠭ᠄ 18 ᠬᠤᠪᠢ︶13. ᠵᠠᠬ᠎ᠠ ᠳᠡᠯᠭᠡᠭᠦᠷ ᠤᠨ ᠡᠷᠡᠭᠦᠯ ᠬᠠᠮᠠᠭᠠᠯᠠᠯ᠃ ᠡᠷᠡᠭᠦᠯ ᠬᠠᠮᠠᠭᠠᠯᠠᠯ ᠤᠨ ᠳᠦᠷᠢᠮ᠂ ᠲᠠᠷᠢᠶᠠᠨ ᠵᠡᠮᠳᠡᠭ ᠢ ᠪᠠᠶᠢᠴᠠᠭᠠᠨ ᠰᠢᠯᠭᠠᠬᠤ ᠵᠡᠷᠭᠡ ᠶᠢ ᠢᠯᠡ ᠨᠡᠶᠢᠲᠡᠯᠡᠬᠦ ᠶᠢᠨ ᠬᠠᠮᠲᠤ ᠴᠠᠭ ᠲᠤᠬᠠᠶ ᠳᠤᠨᠢ ᠰᠢᠨᠡᠳᠬᠡᠵᠦ᠂ ᠲᠠᠸᠠᠷ ᠢ ᠲᠡᠷᠢ ᠲᠡᠭᠰᠢ ᠲᠠᠯᠪᠢᠵᠤ᠂ ᠬᠠᠮᠢᠶᠠᠷᠤᠯᠲᠠ ᠡᠮᠬᠢ ᠳᠢᠭᠯᠢᠮ ᠲᠠᠢ᠂ ᠴᠡᠪᠡᠷ ᠴᠡᠮᠴᠡᠭᠡᠷ ᠲᠠᠯᠠᠪᠤᠷ ᠭᠠᠵᠠᠷ᠂ ᠨᠡᠶᠢᠲᠡ ᠶᠢᠨ ᠵᠣᠷᠯᠣᠩ᠂ ᠤᠰᠤ ᠵᠠᠯᠠᠬᠤ ᠵᠡᠷᠭᠡ ᠲᠥᠬᠦᠭᠡᠷᠦᠮᠵᠢ ᠶᠢ ᠵᠢᠷᠤᠮᠵᠢᠭᠤᠯᠤᠨ ᠪᠠᠶᠢᠭᠤᠯᠵᠤ᠂ ᠨᠡᠭᠦᠳᠡᠯ ᠬᠤᠳᠠᠯᠳᠤᠭᠠᠴᠢᠨ ᠢ ᠡᠷᠲᠡ ᠰᠥᠨᠢ ᠶᠢᠨ ᠵᠠᠬ᠎ᠠ ᠳᠡᠯᠭᠡᠭᠦᠷ ᠲᠤ ᠲᠣᠭᠲᠠᠭᠰᠠᠨ ᠴᠠᠭ ᠲᠠᠢ ᠲᠣᠭᠲᠠᠭᠰᠠᠨ ᠴᠡᠭ ᠲᠠᠢ ᠲᠥᠷᠥᠯ ᠵᠦᠢᠯ ᠤᠨ ᠬᠠᠮᠢᠶᠠᠷᠤᠯᠲᠠ ᠬᠢᠵᠦ᠂ ᠠᠷᠢᠭᠤᠨ ᠴᠡᠪᠡᠷ᠂ ᠬᠠᠮᠢᠶᠠᠷᠤᠯᠲᠠ ᠵᠢᠷᠤᠮᠵᠢᠯ ᠲᠠᠢ᠂ ᠢᠳᠡᠭᠡᠨ ᠤᠮᠳᠠᠭᠠᠨ᠂ ᠰᠤᠯᠠ ᠢᠳᠡᠭᠡᠨ ᠤ ᠵᠦᠢᠯ ᠵᠡᠷᠭᠡ ᠳᠡᠯᠭᠡᠭᠦᠷᠴᠢᠨ ᠤ ᠢᠳᠡᠭᠡᠨ ᠤ ᠠᠮᠤᠷ ᠲᠦᠪᠰᠢᠨ ᠢ ᠦᠨᠳᠦᠰᠦᠨ ᠳᠡᠭᠡᠨ ᠪᠠᠷᠢᠮᠵᠢᠶ᠎ᠠ ᠳᠤ ᠬᠦᠷᠦᠭᠦᠯᠵᠦ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠣᠬᠢᠷᠲᠤᠭᠤᠯᠬᠤ ᠥᠬᠡᠶ᠂ ᠠᠮᠢᠳᠤ ᠵᠢᠭᠦᠷᠲᠡᠨ ᠤ ᠡᠵᠡᠩᠨᠡᠯᠲᠡ ᠶᠢᠨ ᠣᠷᠣᠨ ᠪᠦᠰᠡ ᠨᠢ ᠬᠠᠷᠢᠴᠠᠩᠭᠤᠶ ᠪᠠᠷ ᠪᠡᠶ᠎ᠡ ᠪᠠᠨ ᠳᠠᠭᠠᠭᠠᠵᠤ᠂ ᠪᠡᠯᠡᠳᠬᠡᠮᠵᠢ ᠨᠢ ᠪᠦᠷᠢᠨ ᠲᠡᠭᠦᠯᠳᠡᠷ᠂ ᠲᠤᠰᠠᠭᠠᠷᠯᠠᠨ ᠠᠯᠠᠵᠤ ᠨᠢᠲᠤᠯᠬᠤ᠂ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠢᠴᠢ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠨᠢ ᠵᠢᠷᠤᠮᠵᠢᠯ ᠲᠠᠢ ᠪᠠᠶᠢᠵᠤ᠂ ᠠᠮᠢᠳᠤ ᠵᠢᠭᠦᠷᠲᠡᠨ ᠤ ᠵᠠᠬ᠎ᠠ ᠳᠡᠯᠭᠡᠭᠦᠷ ᠢ ᠲᠣᠭᠲᠠᠮᠠᠯ ᠬᠤᠭᠤᠴᠠᠭ᠎ᠠ ᠲᠠᠢ ᠪᠠᠷ ᠵᠠᠬ᠎ᠠ ᠳᠡᠯᠭᠡᠭᠦᠷ ᠵᠠᠪᠰᠠᠷᠯᠠᠬᠤ ᠪᠠ ᠤᠬᠢᠶᠠᠨ ᠴᠡᠪᠡᠷᠯᠡᠵᠦ ᠠᠷᠢᠭᠤᠳᠬᠠᠬᠤ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠪᠠ ᠠᠯᠠᠵᠤ ᠨᠢᠲᠤᠯᠬᠤ ᠦᠢᠯᠡ ᠠᠵᠢᠯᠯᠠᠭ᠎ᠠ ᠶᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠪᠢ ᠶᠢᠨ ᠥᠷᠲᠡᠭ᠄ 31 ᠬᠤᠪᠢ︶14. ᠨᠡᠶᠢᠭᠡᠮ ᠲᠣᠭᠤᠷᠢᠭ᠂ ᠨᠢᠭᠡᠴᠡ ᠬᠢᠭᠡᠳ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠡᠷᠡᠭᠦᠯ ᠬᠠᠮᠠᠭᠠᠯᠠᠯ᠃ ᠠᠷᠢᠭᠤᠨ ᠴᠡᠪᠡᠷ ᠢ ᠪᠦᠬᠦᠨ ᠢ ᠪᠦᠷᠬᠦᠭᠦᠯᠵᠦ᠂ ᠬᠤᠭ ᠨᠣᠪᠰᠢ ᠶᠢᠨ ᠰᠠᠪᠠ ᠶᠢ ᠲᠥᠷᠥᠯ ᠬᠤᠪᠢᠶᠠᠨ ᠲᠣᠬᠢᠷᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠵᠦ᠂ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠵᠦ᠂ ᠨᠡᠶᠢᠲᠡ ᠶᠢᠨ ᠵᠣᠷᠯᠣᠩ᠂ ᠬᠤᠭ ᠨᠣᠪᠰᠢ ᠶᠢᠨ ᠥᠷᠲᠡᠭᠡ ᠵᠡᠷᠭᠡ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠬᠦᠭᠡᠷᠦᠮᠵᠢ ᠶᠢᠨ ᠲᠣᠬᠢᠷᠠᠭᠤᠯᠤᠯᠲᠠ ᠪᠦᠷᠢᠨ ᠭᠦᠢᠴᠡᠳ᠂ ᠠᠵᠢᠯᠯᠠᠭᠠᠨ ᠨᠢ ᠮᠠᠰᠢ ᠰᠠᠶᠢᠨ᠂ ᠵᠠᠮ ᠨᠢ ᠬᠠᠲᠠᠭᠤᠷᠠᠨ ᠲᠡᠭᠰᠢᠬᠡᠨ᠂ ᠭᠡᠷᠡᠯᠲᠦᠭᠦᠯᠭᠡ ᠶᠢᠨ ᠪᠡᠯᠡᠳᠬᠡᠮᠵᠢ ᠶᠢ ᠪᠦᠬᠦᠨ ᠢ ᠬᠠᠮᠤᠷᠤᠭᠤᠯᠵᠤ᠂ ᠨᠣᠭᠤᠭᠠᠷᠠᠭᠤᠯᠵᠤ ᠬᠠᠮᠢᠶᠠᠷᠤᠨ ᠬᠠᠮᠠᠭᠠᠯᠠᠬᠤ ᠪᠠᠷ ᠰᠠᠶᠢᠨ᠂ ᠬᠦᠷᠢᠶ᠎ᠡ ᠬᠠᠰᠢᠶ᠎ᠠ ᠶᠢ ᠨᠣᠭᠤᠭᠠᠷᠠᠭᠤᠯᠵᠤ ᠭᠤᠶᠤᠵᠢᠭᠤᠯᠬᠤ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠥᠷᠲᠡᠭᠡ ᠴᠢᠬ ᠤᠨ ᠲᠣᠬᠢᠷᠠᠭᠤᠯᠤᠯᠲᠠ ᠨᠢ ᠪᠦᠷᠢᠨ ᠲᠡᠭᠦᠯᠳᠡᠷ᠂ ᠬᠠᠮᠢᠶᠠᠷᠤᠯᠲᠠ ᠨᠢ ᠵᠢᠷᠤᠮᠵᠢᠯ ᠲᠠᠢ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠨᠢ ᠪᠠᠷᠢᠮᠵᠢᠶ᠎ᠠ ᠳᠤ ᠬᠦᠷᠦᠭᠦᠯᠬᠦ᠂ ᠬᠤᠭ ᠨᠣᠪᠰᠢ ᠯᠡᠪᠡᠷᠡᠬᠦ᠂ ᠠᠷᠢᠭᠤᠨ ᠴᠡᠪᠡᠷ ᠤᠨ ᠥᠯᠥ ᠣᠨᠣᠭᠳᠠᠬᠤ ᠪᠠ ᠪᠤᠰᠤᠳ ︽ᠠᠷᠪᠠᠨ ᠵᠦᠢᠯ ᠤᠨ ᠡᠷᠦᠶ ᠬᠤᠷᠤᠶ ᠥᠬᠡᠶ︾᠎ ᠶᠢᠨ ᠦᠵᠡᠭᠳᠡᠯ ᠪᠠᠶᠢᠬᠤ ᠥᠬᠡᠶ᠂ ᠲᠣᠭᠲᠠᠭᠠᠯ ᠠᠴᠠ ᠵᠥᠷᠢᠴᠡᠨ ᠲᠡᠵᠢᠭᠡᠨ ᠠᠷᠠᠴᠢᠯᠠᠬᠤ ᠪᠠ ᠰᠤᠯᠠ ᠲᠡᠵᠢᠭᠡᠬᠦ ᠮᠠᠯ ᠵᠢᠭᠦᠷᠲᠡᠨ ᠪᠠᠶᠢᠬᠤ ᠥᠬᠡᠶ᠂ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠨᠢ ᠪᠠᠷᠢᠮᠵᠢᠶ᠎ᠠ ᠳᠤ ᠬᠦᠷᠦᠭᠦᠯᠬᠦ ᠥᠬᠡᠶ᠂ ᠬᠥᠩᠭᠡᠨ ᠬᠥᠪᠰᠥᠭᠡᠷ ᠡᠳ᠋ ᠪᠣᠳᠠᠰ᠂ ᠬᠤᠭ ᠨᠣᠪᠰᠢ ᠶᠢ ᠬᠤᠷᠠᠮᠳᠤᠭᠤᠯᠤᠨ ᠬᠠᠳᠠᠭᠠᠯᠠᠬᠤ ᠪᠠ ᠪᠤᠰᠤᠳ ︽ᠠᠷᠪᠠᠨ ᠵᠦᠢᠯ ᠤᠨ ᠡᠷᠦᠶ ᠬᠤᠷᠤᠶ ᠥᠬᠡᠶ︾᠎ ᠶᠢᠨ ᠦᠵᠡᠭᠳᠡᠯ ᠪᠠᠶᠢᠬᠤ ᠥᠬᠡᠶ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠤᠮᠤ᠂ ᠪᠠᠯᠭᠠᠰᠤ ᠲᠠᠯᠠᠪᠠᠶ᠂ ᠬᠤᠪᠢ ᠶᠢᠨ ᠥᠷᠲᠡᠭ᠄ 33 ᠬᠤᠪᠢ︶︵ᠳᠥᠷᠪᠡ︶ ᠠᠮᠢ ᠠᠬᠤᠶ ᠶᠢᠨ ᠣᠷᠴᠢᠨ ᠲᠣᠭᠤᠷᠢᠨ ︵ᠨᠡᠶᠢᠲᠡ 76 ᠬᠤᠪᠢ᠂ ᠡᠭᠦᠨ ᠳᠤ᠄ ᠰᠦᠯᠵᠢᠶᠡᠨ ᠳᠡᠭᠡᠷᠡᠬᠢ ᠦᠨᠡᠯᠡᠯᠲᠡ 26 ᠬᠤᠪᠢ ᠶᠢ ᠡᠵᠡᠯᠡᠵᠦ᠂ ᠲᠤᠬᠠᠶ ᠶᠢᠨ ᠲᠠᠯᠠᠪᠤᠷ ᠤᠨ ᠦᠨᠡᠯᠡᠯᠲᠡ 50 ᠬᠤᠪᠢ ᠶᠢ ᠡᠵᠡᠯᠡᠨ᠎ᠡ︶15. ᠤᠢᠢᠷ᠎ᠠ ᠶᠢᠨ 3 ᠵᠢᠯ ᠳᠤ ᠬᠠᠷᠢᠶ᠎ᠠ ᠣᠷᠣᠨ ᠳᠤ ᠣᠷᠴᠢᠨ ᠠᠬᠤᠶ ᠶᠢ ᠪᠣᠬᠢᠷᠲᠤᠭᠤᠯᠤᠭᠰᠠᠨ ᠪᠠ ᠠᠮᠢ ᠠᠬᠤᠶ ᠶᠢ ᠡᠪᠳᠡᠭᠰᠡᠨ ᠬᠦᠨᠳᠦ ᠶᠡᠭᠡ ᠡ᠊ᠨᠳᠡᠯ ᠭᠠᠷᠤᠭᠰᠠᠨ ᠦᠭᠡᠢ᠃ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠡᠯᠡᠳᠬᠡᠯ ᠲᠥᠰᠦᠯ ᠲᠣᠭᠲᠠᠭᠠᠬᠤ ᠶᠢᠨ ᠬᠠᠮᠲᠤ ᠰᠣᠷᠢᠯᠲᠠ ᠬᠢᠨ᠎ᠠ᠃ ︵ᠬᠠᠷᠢᠭᠤᠴᠠᠯᠭᠠᠲᠤ ᠨᠢᠭᠡᠴᠡ᠄ ᠵᠠᠰᠠᠭ ᠤᠨ ᠣᠷᠳᠣᠨ ᠤ ᠠᠯᠪᠠᠨ ᠬᠡᠷ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠰᠢᠯᠢ ᠶᠢᠨ ᠭᠤᠤᠯ ᠬᠤᠲᠠ ᠶᠢᠨ ᠬᠤᠪᠢᠶᠠᠷᠢ ᠲᠣᠪᠴᠢᠶ᠎ᠠ᠂ ᠬᠤᠪᠢ ᠶᠢᠨ ᠥᠷᠲᠡᠭ᠄ 7 ᠬᠤᠪᠢ︶16. ᠠᠭᠠᠷ ᠮᠠᠨᠳᠠᠯ᠂ ᠱᠤᠤᠭᠢᠶᠠᠨ ᠬᠢᠭᠡᠳ ᠤᠰᠤᠨ ᠤ ᠣᠷᠴᠢᠨ ᠲᠣᠭᠤᠷᠢᠨ᠃ ᠢᠳᠡᠭᠡᠨ ᠤᠮᠳᠠᠭᠠᠨ ᠤ ᠨᠢᠭᠡᠴᠡ ᠶᠢᠨ ᠲᠣᠰᠣᠨ ᠤᠲᠤᠭ᠎ᠠ ᠶᠢ ᠴᠡᠪᠡᠷᠰᠢᠭᠦᠯᠬᠦ ᠨᠢ ᠱᠠᠭᠠᠷᠳᠠᠯᠭ᠎ᠠ ᠳᠤ ᠲᠣᠰᠣᠨ ᠣᠲᠤᠭ᠎ᠠ ᠶᠢ ᠰᠢᠭᠤᠳ ᠭᠠᠳᠠᠭᠰᠢᠯᠠᠭᠤᠯᠬᠤ ᠦᠭᠡᠶ᠂ ᠲᠣᠰᠣᠨ ᠰᠢᠪᠠᠷ ᠤᠨ ᠪᠣᠬᠢᠷᠲᠤᠯ ᠤᠨ ᠦᠵᠡᠭᠳᠡᠯ ᠦᠭᠡᠢ᠂ ᠬᠠᠶᠠᠭᠳᠠᠮᠠᠯ ᠬᠡᠶ ᠶᠢᠨ ᠪᠣᠬᠢᠷᠲᠤᠯ ᠢ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠡᠰᠢ ᠰᠦᠷᠡᠯ ᠥᠬᠡᠶ᠂ ᠬᠤᠭ ᠨᠣᠪᠰᠢ ᠶᠢ ᠵᠠᠳᠠᠭᠠᠶ ᠰᠢᠲᠠᠭᠠᠬᠤ ᠵᠢᠴᠢ ᠬᠤᠯᠠᠩ ᠠᠴᠠ ᠬᠠᠷ᠎ᠠ ᠣᠲᠤᠭ᠎ᠠ ᠭᠠᠷᠭᠠᠬᠤ ᠦᠵᠡᠭᠳᠡᠯ ᠥᠬᠡᠶ᠂ ᠲᠠᠭᠤ ᠱᠣᠣᠬᠢᠶᠠᠨ ᠢᠶᠠᠷ ᠠᠷᠠᠳ ᠢ ᠦᠢᠮᠡᠭᠦᠯᠬᠦ ᠦᠵᠡᠭᠳᠡᠯ ᠦᠭᠡᠢ᠂ ᠳᠤᠤᠭᠠᠷᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠰᠠᠶᠢᠨ᠂ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠤ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠵᠦ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠤᠰᠤᠨ ᠤ ᠣᠷᠴᠢᠨ ᠲᠣᠭᠤᠷᠢᠨ ᠤ ᠴᠢᠳᠠᠮᠵᠢᠳᠣ ᠣᠷᠣᠨ ᠢ ᠱᠠᠭᠠᠷᠳᠠᠯᠭ᠎ᠠ ᠳᠤ ᠬᠦᠷᠦᠭᠦᠯᠵᠦ᠂ ᠴᠢᠳᠠᠮᠵᠢᠳᠣ ᠣᠷᠣᠨ ᠳᠤ ᠤᠰᠤᠨ ᠴᠣᠭᠴᠠ ᠳᠤ ᠬᠠᠷ᠎ᠠ ᠦᠮᠡᠬᠡᠶ ᠤᠰᠤ ᠥᠬᠡᠶ ᠵᠠᠭᠠᠭᠯᠠᠨ ᠲᠣᠭᠲᠠᠭᠠᠭᠰᠠᠨ ᠥᠬᠡᠶ᠃ ︵ᠬᠠᠷᠢᠭᠤᠴᠠᠯᠭᠠᠲᠤ ᠨᠢᠭᠡᠴᠡ᠄ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠰᠢᠯᠢ ᠶᠢᠨ ᠭᠤᠤᠯ ᠬᠤᠲᠠ ᠶᠢᠨ ᠬᠤᠪᠢᠶᠠᠷᠢ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠤᠮᠤ᠂ ᠪᠠᠯᠭᠠᠰᠤ ᠲᠠᠯᠠᠪᠠᠶ᠂ ᠬᠤᠪᠢ ᠶᠢᠨ ᠥᠷᠲᠡᠭ᠄ 28 ᠬᠤᠪᠢ︶17. ᠡᠮᠴᠢᠯᠡᠭᠡᠨ ᠤ ᠬᠠᠶᠠᠭᠳᠠᠮᠠᠯ ᠪᠣᠳᠠᠰ ᠪᠣᠯᠤᠨ ᠪᠣᠬᠢᠷ ᠤᠰᠤ ᠶᠢ ᠰᠢᠢᠳᠪᠦᠷᠢᠯᠡᠬᠦ᠃ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠤᠷ ᠥᠬᠡᠶ ᠪᠣᠯᠭᠠᠨ ᠰᠢᠢᠳᠪᠦᠷᠢᠯᠡᠬᠦ᠂ ᠲᠥᠷᠥᠯ ᠬᠤᠪᠢᠶᠠᠬᠤ᠂ ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ᠂ ᠰᠢᠢᠳᠪᠦᠷᠢᠯᠡᠬᠦ ᠵᠡᠷᠭᠡ ᠶᠠᠪᠤᠴᠠ ᠨᠢ ᠤᠯᠤᠰ ᠤᠨ ᠱᠠᠭᠠᠷᠳᠠᠯᠭ᠎ᠠ ᠳᠤ ᠨᠡᠶᠢᠴᠡᠵᠦ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠦᠢᠯᠡᠳᠪᠦᠷᠢ ᠨᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠲᠦᠷ ᠬᠠᠳᠠᠭᠠᠯᠠᠬᠤ ᠲᠠᠯᠠᠪᠤᠷ ᠭᠠᠵᠠᠷ ᠤᠨ ᠬᠠᠮᠢᠶᠠᠷᠤᠯᠲᠠ ᠨᠢ ᠵᠢᠷᠤᠮᠵᠢᠯ ᠲᠠᠢ᠂ ᠢᠯᠭᠠᠬᠤ ᠲᠡᠮᠳᠡᠭ ᠨᠢ ᠢᠯᠡᠷᠬᠡᠶ ᠪᠠᠶᠢᠵᠤ᠂ ᠡᠮᠴᠢᠯᠡᠭᠡᠨ ᠤ ᠪᠣᠬᠢᠷ ᠤᠰᠤ ᠶᠢ ᠴᠤᠭᠯᠠᠭᠤᠯᠬᠤ᠂ ᠰᠢᠢᠳᠪᠦᠷᠢᠯᠡᠬᠦ᠂ ᠠᠷᠢᠭᠤᠳᠬᠠᠬᠤ ᠪᠠ ᠭᠠᠳᠠᠭᠰᠢᠯᠠᠭᠤᠯᠬᠤ ᠶᠠᠪᠤᠳᠠᠯ ᠨᠢ ᠤᠯᠤᠰ ᠵᠢᠴᠢ ᠣᠷᠣᠨ ᠨᠤᠲᠤᠭ ᠤᠨ ᠬᠤᠯᠪᠣᠭᠳᠠᠯ ᠪᠥᠬᠦᠶ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠰᠢᠯᠢ ᠶᠢᠨ ᠭᠤᠤᠯ ᠬᠤᠲᠠ ᠶᠢᠨ ᠬᠤᠪᠢᠶᠠᠷᠢ ᠲᠣᠪᠴᠢᠶ᠎ᠠ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠪᠢ ᠶᠢᠨ ᠬᠡᠮᠵᠢᠭᠳᠡᠯ᠄ 14 ᠬᠤᠪᠢ︶︵ᠲᠠᠪᠤ︶ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ ︵ᠨᠡᠶᠢᠲᠡ 87 ᠬᠤᠪᠢ᠂ ᠡᠭᠦᠨ ᠳᠤ᠄ ᠰᠦᠯᠵᠢᠶᠡᠨ ᠳᠡᠭᠡᠷᠡᠬᠢ ᠦᠨᠡᠯᠡᠯᠲᠡ᠄ 27 ᠬᠤᠪᠢ᠂ ᠲᠤᠬᠠᠶ ᠶᠢᠨ ᠲᠠᠯᠠᠪᠤᠷ ᠤᠨ ᠦᠨᠡᠯᠡᠯᠲᠡ᠄ 60 ᠬᠤᠪᠢ︶18. ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ᠃ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠶᠢ ᠬᠡᠮᠵᠢᠶᠡᠵᠢᠭᠦᠯᠦᠨ ᠱᠠᠲᠤ ᠬᠤᠪᠢᠶᠠᠨ ᠬᠠᠮᠢᠶᠠᠷᠬᠤ ᠡᠷᠡᠭᠦᠯ ᠬᠠᠮᠠᠭᠠᠯᠠᠯ ᠤᠨ ᠵᠥᠪᠰᠢᠶᠡᠷᠡᠯ ᠪᠣᠯᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ ᠥᠷᠨᠢᠭᠦᠯᠵᠦ᠂ ᠣᠯᠠᠨ ᠨᠡᠶᠢᠲᠡ ᠶᠢᠨ ᠲᠠᠯᠠᠪᠤᠷ ᠲᠤ ᠡᠷᠡᠭᠦᠯ ᠬᠠᠮᠠᠭᠠᠯᠠᠯ ᠤᠨ ᠬᠠᠮᠢᠶᠠᠷᠣᠯᠲᠠ ᠶᠢᠨ ᠱᠠᠭᠠᠷᠳᠠᠯᠭ᠎ᠠ ᠶᠢ ᠨᠠᠶᠢᠳᠠᠪᠣᠷᠢᠵᠢᠭᠤᠯᠵᠣ᠂ ᠣᠯᠠᠨ ᠨᠡᠶᠢᠲᠡ ᠶᠢᠨ ᠲᠠᠯᠠᠪᠤᠷ ᠨᠢ ᠦᠨᠳᠦᠰᠦᠨ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠨᠡᠶᠢᠴᠡᠨ᠎ᠠ᠃ ᠣᠯᠠᠨ ᠨᠡᠶᠢᠲᠡ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠬᠠᠮᠢᠶᠠᠷᠣᠯᠲᠠ ᠲᠦᠷᠦᠮᠵᠢᠭᠦᠨ᠂ ᠳᠥᠷᠪᠡᠨ ᠵᠢᠵᠢᠭ ᠠᠵᠢᠯ ᠲᠥᠷᠥᠯ ᠤᠨ ᠡᠷᠡᠭᠦᠯ ᠬᠠᠮᠠᠭᠠᠯᠠᠯ ᠤᠨ ᠵᠥᠪᠰᠢᠶᠡᠷᠡᠯ ᠪᠠ ᠠᠵᠢᠯᠲᠠᠨ ᠤ ᠬᠠᠮᠢᠶᠠᠷᠤᠯᠲᠠ ᠨᠢ ᠵᠢᠷᠤᠮᠵᠢᠯ᠂ ᠳᠥᠷᠪᠡᠨ ᠵᠢᠵᠢᠭ ᠠᠵᠢᠯ ᠲᠥᠷᠥᠯ ᠤᠨ ᠲᠣᠨᠤᠭ ᠲᠥᠬᠦᠭᠡᠷᠦᠮᠵᠢ ᠵᠢᠴᠢ ᠠᠵᠢᠯᠯᠠᠬᠤ ᠶᠠᠪᠤᠴᠠ ᠨᠢ ᠱᠠᠭᠠᠷᠳᠠᠯᠭ᠎ᠠ ᠳᠤ ᠨᠡᠶᠢᠴᠡᠵᠦ᠂ ᠳᠥᠷᠪᠡᠨ ᠵᠢᠵᠢᠭ ᠠᠵᠢᠯ ᠲᠥᠷᠥᠯ ᠤᠨ ᠣᠯᠠᠨ ᠨᠡᠶᠢᠲᠡ ᠶᠢᠨ ᠬᠡᠷᠡᠭᠯᠡᠭᠡᠨ ᠤ ᠪᠠᠭᠠᠵᠢ ᠬᠡᠷᠡᠭᠰᠡᠯ ᠨᠢ ᠭᠦᠢᠴᠡᠳ ᠪᠦᠷᠢᠨ ᠪᠠᠶᠢᠵᠣ᠂ ᠵᠢᠷᠤᠮᠵᠢᠯ ᠲᠠᠢ ᠪᠠᠷ ᠰᠣᠯᠢᠬᠤ᠂ ᠤᠬᠢᠶᠠᠬᠤ᠂ ᠠᠷᠢᠭᠤᠳᠬᠠᠬᠤ᠂ ᠠᠷᠢᠭᠤᠨ ᠴᠡᠪᠡᠷ ᠪᠠᠶᠢᠯᠭᠠᠬᠤ ᠬᠡᠷᠡᠭᠲᠡᠶ᠂ ᠳᠥᠷᠪᠡᠨ ᠵᠢᠵᠢᠭ ᠠᠵᠢᠯ ᠲᠥᠷᠥᠯ ᠤᠨ ᠡᠷᠡᠭᠦᠯ ᠬᠠᠮᠠᠭᠠᠯᠠᠯ ᠤᠨ ᠬᠠᠮᠢᠶ᠎ᠠ ᠪᠥᠬᠦᠶ ᠦᠢᠯᠡᠳᠬᠦᠨ᠂ ᠣᠯᠠᠨ ᠨᠡᠶᠢᠲᠡ ᠶᠢᠨ ᠬᠡᠷᠡᠭᠯᠡᠭᠡᠨ ᠤ ᠪᠠᠭᠠᠵᠢ ᠬᠡᠷᠡᠭᠰᠡᠯ᠂ ᠬᠡᠷ ᠳᠣᠲᠣᠷᠠᠬᠢ ᠠᠭᠠᠷ ᠤᠨ ᠶᠠᠰᠤ ᠴᠢᠨᠠᠷ᠂ ᠤᠰᠤᠨ ᠤ ᠴᠢᠨᠠᠷ ᠨᠢ ᠬᠤᠯᠪᠣᠭᠳᠠᠯ ᠪᠥᠬᠦᠶ ᠪᠠᠷᠢᠮᠵᠢᠶ᠎ᠠ ᠵᠢᠷᠤᠮᠵᠢᠯ ᠳᠤ ᠨᠡᠶᠢᠴᠡᠨ᠎ᠠ᠂ ᠦᠰᠦ ᠵᠠᠰᠠᠬᠤ ᠭᠠᠵᠠᠷ ᠲᠤ ᠠᠷᠠᠰᠤᠨ ᠤ ᠡᠪᠡᠳᠴᠢᠲᠡᠨ ᠤ ᠲᠤᠰᠬᠠᠶ ᠬᠡᠷᠡᠭᠯᠡᠬᠦ ᠪᠠᠭᠠᠵᠢ ᠬᠡᠷᠡᠭᠰᠡᠯ ᠲᠠᠢ ᠪᠠᠶᠢᠵᠤ᠂ ᠤᠬᠢᠶᠠᠯᠭ᠎ᠠ ᠶᠢᠨ ᠲᠠᠰᠤᠭ ᠲᠤ ᠪᠡᠯᠭᠡ ᠶᠢᠨ ᠡᠪᠡᠳᠴᠢᠨ᠂ ᠠᠷᠠᠰᠤᠨ ᠤ ᠡᠪᠡᠳᠴᠢᠲᠡᠨ ᠤ ᠤᠬᠢᠶᠠᠯᠭ᠎ᠠ ᠳᠤ ᠣᠷᠣᠬᠤ ᠶᠢ ᠴᠠᠭᠠᠵᠠᠯᠠᠬᠤ ᠢᠯᠡᠷᠬᠡᠶᠢᠯᠡᠯ ᠲᠡᠮᠳᠡᠭ ᠲᠠᠢ ᠪᠠᠶᠢᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠪᠢ ᠶᠢᠨ ᠥᠷᠲᠡᠭ᠄ 40 ᠬᠤᠪᠢ︶19. ᠰᠤᠷᠭᠠᠭᠤᠯᠢ ᠶᠢᠨ ᠡᠷᠡᠭᠦᠯ ᠬᠠᠮᠠᠭᠠᠯᠠᠯ᠃ ᠣᠶᠢᠷ᠎ᠠ ᠶᠢᠨ 3 ᠵᠢᠯ ᠳᠤ ᠬᠠᠷᠢᠶᠠᠲᠤ ᠣᠷᠣᠨ ᠳᠤ ᠬᠦᠨᠳᠦ ᠶᠡᠭᠡ ᠰᠤᠷᠭᠠᠭᠤᠯᠢ ᠶᠢᠨ ᠢᠳᠡᠭᠡᠨ ᠳᠤ ᠬᠤᠣᠷᠳᠠᠭᠳᠠᠭᠰᠠᠨ ᠬᠡᠷᠡᠭ ᠭᠠᠷᠤᠭᠰᠠᠨ ᠦᠭᠡᠶ᠃ ᠣᠶᠢᠷ᠎ᠠ ᠶᠢᠨ 3 ᠵᠢᠯ ᠳᠤ ᠬᠠᠷᠢᠶᠠᠲᠤ ᠣᠷᠣᠨ ᠳᠤ ᠬᠦᠨᠳᠦ ᠶᠡᠭᠡ ᠰᠤᠷᠭᠠᠭᠤᠯᠢ ᠶᠢᠨ ᠢᠳᠡᠭᠡᠨ ᠳᠤ ᠬᠤᠤᠷᠳᠠᠭᠳᠠᠭᠰᠠᠨ ᠬᠡᠷᠡᠭ ᠭᠠᠷᠤᠭᠰᠠᠨ ᠥᠬᠡᠶ᠂ ᠵᠢᠭᠠᠨ ᠰᠤᠷᠭᠠᠯᠲᠠ᠂ ᠠᠮᠢᠳᠤᠷᠠᠯ ᠵᠡᠷᠭᠡ ᠣᠷᠴᠢᠨ ᠲᠣᠭᠤᠷᠢᠨ ᠨᠢ ᠱᠠᠭᠠᠷᠳᠠᠯᠭ᠎ᠠ ᠳᠤ ᠨᠡᠶᠢᠴᠡᠵᠦ᠂ ᠬᠠᠯᠳᠠᠪᠤᠷᠢᠲᠤ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ︵ᠣᠶᠢᠷ᠎ᠠ ᠬᠠᠷᠠᠭ᠎ᠠ᠂ ᠮᠠᠷᠢᠶ᠎ᠠ ᠵᠡᠷᠭᠡ ᠶᠢ ᠪᠠᠭᠲᠠᠭᠠᠨ᠎ᠠ︶᠎ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠪᠠ᠃ ︵ᠬᠠᠷᠢᠭᠤᠴᠠᠯᠭᠠᠲᠤ ᠨᠢᠭᠡᠴᠡ᠄ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠪᠢ ᠶᠢᠨ ᠥᠷᠲᠡᠭ᠄ 12 ᠬᠤᠪᠢ︶20. ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠬᠥᠮᠦᠨ ᠬᠡᠷᠡᠭᠯᠡᠬᠦ ᠨᠢᠭᠡᠴᠡ ᠠᠵᠢᠯᠯᠠᠬᠤ ᠲᠠᠯᠠᠪᠤᠷ ᠲᠠᠬᠢ ᠬᠢᠨᠠᠨ ᠬᠡᠮᠵᠢᠵᠦ ᠪᠠᠶᠢᠴᠠᠭᠠᠨ ᠬᠡᠮᠵᠢᠬᠦ᠂ ᠡᠷᠡᠭᠦᠯ ᠮᠡᠨᠳᠤ ᠶᠢᠨ ᠪᠠᠶᠢᠴᠠᠭᠠᠯᠲᠠ᠂ ᠮᠡᠳᠡᠭᠦᠯᠦᠯᠲᠡ ᠶᠢᠨ ᠵᠢᠷᠤᠮᠵᠢᠯ᠂ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠢ ᠮᠡᠳᠡᠭᠦᠯᠬᠦ ᠵᠢᠴᠢ ᠰᠢᠢᠳᠪᠦᠷᠢᠯᠡᠬᠦ ᠠᠵᠢᠯ ᠢ ᠴᠠᠭ ᠲᠤᠬᠠᠶ ᠳᠤᠨᠢ ᠵᠢᠷᠤᠮᠵᠢᠭᠤᠯᠬᠤ ᠠᠵᠢᠯ ᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠶ᠃ ︵ᠬᠠᠷᠢᠭᠤᠴᠠᠬᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠪᠢ ᠶᠢᠨ ᠥᠷᠲᠡᠭ᠄ 8 ᠬᠤᠪᠢ︶︵ᠵᠢᠷᠭᠤᠭ᠎ᠠ︶ ᠢᠳᠡᠭᠡᠨ ᠪᠠ ᠠᠮᠢᠳᠤᠷᠠᠯ ᠤᠨ ᠤᠤᠭᠤᠬᠤ ᠤᠰᠤᠨ ᠤ ᠠᠮᠤᠷ ᠲᠦᠪᠰᠢᠨ ︵ᠨᠡᠶᠢᠲᠡ 76 ᠬᠤᠪᠢ᠂ ᠡᠭᠦᠨ ᠳᠤ᠄ ᠰᠦᠯᠵᠢᠶᠡᠨ ᠳᠡᠭᠡᠷᠡᠬᠢ ᠦᠨᠡᠯᠡᠯᠲᠡ᠄ 6 ᠬᠤᠪᠢ᠂ ᠲᠤᠬᠠᠶ ᠶᠢᠨ ᠲᠠᠯᠠᠪᠤᠷ ᠤᠨ ᠦᠨᠡᠯᠡᠯᠲᠡ᠄ 70 ᠬᠤᠪᠢ︶21. ᠠᠵᠢᠯ ᠤᠨ ᠲᠣᠭᠲᠠᠴᠠ ᠶᠢᠨ ᠪᠠᠶᠢᠭᠤᠯᠤᠯᠲᠠ᠃ ᠣᠶᠢᠷ᠎ᠠ ᠶᠢᠨ ᠭᠤᠷᠪᠠᠨ ᠵᠢᠯ ᠳᠤ ᠬᠠᠷᠢᠶ᠎ᠠ ᠣᠷᠣᠨ ᠳᠤ ᠢᠳᠡᠭᠡᠨ ᠤ ᠠᠮᠤᠷ ᠲᠦᠪᠰᠢᠨ ᠪᠠ ᠤᠤᠭᠤᠬᠤ ᠤᠰᠤᠨ ᠤ ᠠᠮᠤᠷ ᠲᠦᠪᠰᠢᠨ ᠤ ᠬᠦᠨᠳᠦ ᠶᠡᠭᠡ ᠠᠳᠡᠯ ᠭᠠᠷᠤᠭᠰᠠᠨ ᠥᠬᠡᠶ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠨᠢ ᠵᠢᠷᠤᠮᠵᠢᠯ᠂ ᠢᠳᠡᠭᠡᠨ ᠤ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠨᠢ ᠪᠦᠷᠢᠨ ᠲᠡᠭᠦᠯᠳᠡᠷ ᠪᠠᠶᠢᠵᠤ᠂ ᠪᠡᠯᠡᠳᠬᠡᠯ ᠲᠥᠰᠦᠯ ᠲᠣᠭᠲᠠᠭᠠᠬᠤ ᠶᠢᠨ ᠬᠠᠮᠲᠤ ᠰᠣᠷᠢᠯᠲᠠ ᠬᠢᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠪᠤᠰᠤᠳ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠪᠦᠷᠢᠯᠳᠦᠬᠦᠨ ᠨᠢᠭᠡᠴᠡ᠂ ᠬᠤᠪᠢ ᠶᠢᠨ ᠥᠷᠲᠡᠭ᠄ 10 ᠬᠤᠪᠢ︶22. ᠢᠳᠡᠭᠡᠨ ᠤ ᠦᠢᠯᠡᠳᠪᠦᠷᠢᠯᠡᠯ ᠡᠵᠡᠩᠨᠡᠯᠲᠡ᠃ ᠬᠠᠤᠯᠢ ᠶᠣᠰᠣᠭᠠᠷ ᠡᠵᠡᠩᠨᠡᠵᠦ᠂ ᠠᠶᠤᠯ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠴᠤ᠂ ᠬᠠᠮᠢᠶᠠᠷᠤᠯᠲᠠ ᠶᠢᠨ ᠳᠦᠷᠢᠮ ᠵᠡᠷᠭᠡ ᠶᠢᠨ ᠢᠯᠡ ᠨᠡᠶᠢᠳᠡᠯᠡᠭᠰᠡᠨ ᠨᠢ ᠵᠢᠷᠤᠮᠵᠢᠯ᠂ ᠠᠵᠢᠯᠯᠠᠵᠤ ᠪᠠᠶᠢᠭ᠎ᠠ ᠬᠥᠮᠦᠰ ᠤᠨ ᠬᠠᠮᠢᠶᠠᠷᠤᠯᠲᠠ ᠨᠢ ᠵᠢᠷᠤᠮᠵᠢᠯ᠂ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠤᠨ ᠪᠠᠶᠢᠷᠢᠰᠢᠯ ᠨᠢ ᠵᠢᠷᠤᠮᠵᠢᠯ ᠪᠠᠶᠢᠵᠣ᠂ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠨ᠎ᠡ᠃ ᠲᠣᠭᠤᠭᠠᠯᠠᠬᠤ ᠭᠠᠵᠠᠷ ᠢᠯᠡ ᠴᠡᠪᠡᠷ ᠪᠠᠶᠢᠬᠤ ᠶᠢ ᠬᠡᠷᠡᠭᠵᠢᠭᠦᠯᠵᠦ᠂ ᠨᠡᠶᠢᠲᠡ ᠶᠢᠨ ᠰᠠᠪᠬ᠎ᠠ ᠨᠡᠶᠢᠲᠡ ᠶᠢᠨ ᠰᠢᠨᠠᠭ᠎ᠠ ᠶᠢ ᠰᠠᠨᠠᠭᠠᠴᠢᠯᠠᠨ᠂ ᠢᠳᠡᠭᠡᠨ ᠤᠮᠳᠠᠭᠠᠨ ᠤ ᠪᠦᠷᠢᠯᠭᠡᠬᠦ ᠶᠢ ᠬᠤᠷᠢᠭᠯᠠᠵᠤ᠂ ᠬᠡᠭᠡᠷ᠎ᠡ ᠶᠢᠨ ᠠᠮᠢᠲᠠᠨ ᠢ ᠬᠤᠳᠠᠯᠳᠤᠬᠤ᠂ ᠦᠢᠯᠡᠳᠬᠦ᠂ ᠢᠳᠡᠬᠦ ᠦᠵᠡᠭᠳᠡᠯ ᠦᠭᠡᠶ᠂ ᠢᠳᠡᠭᠡᠨ ᠤ ᠵᠦᠢᠯ ᠢ ᠬᠤᠳᠠᠯᠳᠤᠨ ᠠᠪᠬᠤ ᠳᠤ ᠭᠡᠷᠡᠴᠢ ᠪᠠᠷᠢᠮᠲᠠ ᠠᠪᠬᠤ ᠪᠠ ᠡᠬᠡ ᠳᠠᠩᠰᠠ ᠶᠢ ᠳᠠᠩᠰᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ᠲᠣᠨᠤᠭ ᠲᠥᠬᠦᠭᠡᠷᠦᠮᠵᠢ ᠪᠦᠷᠢᠨ ᠭᠦᠢᠴᠡᠳ᠂ ᠢᠳᠡᠭᠡᠨ ᠢ ᠪᠣᠯᠪᠠᠰᠤᠷᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ ᠶᠠᠪᠤᠴᠠ ᠵᠡᠷᠭᠡ ᠬᠠᠮᠢᠶᠠᠷᠤᠯᠲᠠ ᠵᠢᠷᠤᠮᠵᠢᠯ᠂ ᠠᠷᠢᠭᠤᠳᠬᠠᠬᠤ ᠪᠡᠯᠡᠳᠬᠡᠮᠵᠢ ᠨᠢ ᠪᠦᠷᠢᠨ᠂ ᠠᠵᠢᠯᠯᠠᠬᠤ ᠨᠢ ᠵᠢᠷᠤᠮᠵᠢᠯ ᠲᠠᠢ᠂ ᠣᠷᠴᠢᠨ ᠲᠣᠭᠤᠷᠢᠨ ᠨᠢ ᠴᠡᠪᠡᠷ ᠲᠡᠭᠰᠢ᠂ ᠠᠷᠢᠭᠤᠨ ᠴᠡᠪᠡᠷ ᠪᠣᠰᠤ ᠥᠨᠴᠥᠭ ᠪᠤᠯᠤᠩ ᠥᠬᠡᠶ᠂ ᠭᠤᠷᠪᠠᠨ ᠵᠢᠵᠢᠭ ᠠᠵᠢᠯ ᠲᠥᠷᠥᠯ ᠳᠤ ᠢᠯᠡ ᠨᠡᠶᠢᠲᠡᠯᠡᠵᠦ᠂ ᠦᠨᠳᠦᠰᠦᠨ ᠪᠡᠯᠡᠳᠬᠡᠮᠵᠢ ᠨᠢ ᠵᠢᠷᠤᠮᠵᠢᠯ ᠲᠠᠢ᠂ ᠲᠣᠰᠭᠠᠷ ᠬᠡᠷᠡᠭᠯᠡᠬᠦ ᠣᠰᠣᠨ ᠰᠣᠪᠠᠭ ᠲᠠᠢ ᠪᠠᠶᠢᠵᠣ᠂ ᠭᠤᠷᠪᠠᠨ ᠵᠢᠵᠢᠭ ᠠᠵᠢᠯ ᠲᠥᠷᠥᠯ ᠤᠨ ᠣᠷᠴᠢᠨ ᠲᠣᠭᠤᠷᠢᠨ ᠨᠢ ᠴᠡᠪᠡᠷ ᠲᠡᠭᠰᠢ᠂ ᠠᠵᠢᠯ ᠲᠥᠷᠥᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ︽ᠭᠤᠷᠪᠠ ᠶᠢ ᠰᠡᠷᠭᠡᠶᠢᠯᠡᠬᠦ︾ ᠪᠡᠯᠡᠳᠬᠡᠮᠵᠢ ᠨᠢ ᠨᠠᠶᠢᠳᠠᠪᠤᠷᠢᠵᠢᠵᠤ᠂ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠨᠢ ᠵᠢᠷᠤᠮᠵᠢᠯ ᠲᠠᠢ᠂ ᠲᠦᠭᠦᠬᠡᠶ ᠮᠠᠲ᠋ᠧᠷᠢᠶᠠᠯ ᠤᠨ ᠠᠮᠤᠷ ᠲᠦᠪᠰᠢᠨ ᠡᠷᠡᠭᠦᠯ ᠬᠠᠮᠠᠭᠠᠯᠠᠯ ᠢ ᠮᠥᠷᠳᠡᠵᠦ ᠪᠣᠯᠬᠤ᠂ ᠢᠳᠡᠭᠡᠨ ᠤ ᠳᠡᠯᠭᠡᠭᠦᠷᠴᠢᠨ ᠤ ᠠᠷᠢᠭᠤᠨ ᠴᠡᠪᠡᠷ ᠨᠢ ᠰᠠᠶᠢᠨ᠂ ᠪᠣᠬᠢᠷᠲᠤᠯ ᠢ ᠰᠡᠷᠭᠡᠶᠢᠯᠡᠬᠦ ᠪᠡᠯᠡᠳᠬᠡᠮᠵᠢ ᠲᠠᠢ ᠪᠠᠶᠢᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠪᠢ ᠶᠢᠨ ᠥᠷᠲᠡᠭ᠄ 44 ᠬᠤᠪᠢ︶23. ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ᠃ ᠣᠶᠢᠷ᠎ᠠ ᠶᠢᠨ 3 ᠵᠢᠯ ᠳᠤ ᠬᠠᠷᠢᠶ᠎ᠠ ᠣᠷᠣᠨ ᠳᠤ ᠤᠤᠭᠤᠬᠤ ᠤᠰᠤᠨ ᠤ ᠠᠮᠤᠷ ᠲᠦᠪᠰᠢᠨ ᠤ ᠬᠦᠨᠳᠦ ᠶᠡᠭᠡ ᠠᠳᠡᠯ ᠭᠠᠷᠤᠭᠰᠠᠨ ᠦᠭᠡᠶ᠂ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠵᠢᠷᠤᠮᠵᠢᠯ᠂ ᠤᠤᠭᠤᠬᠤ ᠤᠰᠤᠨ ᠤ ᠠᠶᠤᠯ ᠥᠭᠡᠢ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠨᠢ ᠪᠦᠷᠢᠨ ᠲᠡᠭᠦᠯᠳᠡᠷ ᠪᠠᠶᠢᠵᠤ᠂ ᠪᠡᠯᠡᠳᠬᠡᠯ ᠲᠥᠰᠦᠯ ᠲᠣᠭᠲᠠᠭᠠᠬᠤ ᠶᠢᠨ ᠬᠠᠮᠲᠤ ᠰᠣᠷᠢᠯᠲᠠ ᠬᠢᠨ᠎ᠡ᠂ ᠤᠰᠤ ᠬᠠᠩᠭᠠᠬᠤ ᠨᠢᠭᠡᠴᠡ ᠶᠢᠨ ᠬᠠᠮᠢᠶᠠᠷᠤᠯᠲᠠ ᠶᠢᠨ ᠵᠢᠷᠤᠮᠵᠢᠯ᠂ ᠤᠰᠤᠨ ᠤ ᠦᠢᠯᠡᠳᠪᠦᠷᠢ ᠶᠢᠨ ᠰᠢᠨᠵᠢᠯᠡᠨ ᠰᠢᠯᠭᠠᠬᠤ ᠲᠠᠰᠤᠬ ᠪᠠᠶᠢᠷᠢᠯᠠᠭᠤᠯᠬᠤ᠂ ᠠᠵᠢᠯᠯᠠᠭᠤᠯᠬᠤ ᠵᠢᠷᠤᠮᠵᠢᠯ ᠲᠠᠢ ᠪᠠᠶᠢᠵᠣ᠂ ᠬᠤᠶᠠᠳᠠᠬᠢ ᠤᠳᠠᠭ᠎ᠠ ᠤᠰᠤ ᠬᠠᠩᠭᠠᠬᠤ ᠶᠢ ᠲᠤᠰᠬᠠᠶ ᠬᠥᠮᠦᠨ ᠬᠠᠮᠢᠶᠠᠷᠴᠤ᠂ ᠠᠶᠤᠯ ᠥᠭᠡᠢ᠂ ᠤᠬᠢᠶᠠᠵᠤ ᠠᠷᠢᠭᠤᠳᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠠᠭ᠎ᠠ ᠲᠣᠭᠤᠷᠢᠭ ᠤᠨ ᠰᠢᠭᠤᠳ ᠤᠤᠭᠤᠬᠤ ᠤᠰᠤᠨ ᠤ ᠪᠡᠯᠡᠳᠬᠡᠮᠵᠢ ᠲᠦᠬᠦᠭᠡᠷᠦᠮᠵᠢ ᠠᠶᠤᠯ ᠥᠭᠡᠢ᠂ ᠬᠠᠮᠢᠶᠠᠷᠤᠯᠲᠠ ᠵᠢᠷᠤᠮᠵᠢᠯ ᠲᠠᠢ᠂ ᠲᠦᠭᠦᠬᠡᠶ ᠤᠰᠤ ᠪᠣᠯᠤᠨ ᠭᠠᠷᠭᠠᠭᠰᠠᠨ ᠤᠰᠤᠨ ᠤ ᠴᠢᠨᠠᠷ ᠨᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠰᠤ ᠬᠠᠩᠭᠠᠬᠤ ᠤᠰᠤ ᠵᠠᠯᠠᠬᠤ ᠺᠣᠮᠫᠠᠨᠢ᠂ ᠬᠤᠪᠢ ᠶᠢᠨ ᠥᠷᠲᠡᠭ᠄ 16 ᠬᠤᠪᠢ︶︵ᠳᠣᠯᠤᠭ᠎ᠠ︶ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ︵ᠨᠡᠶᠢᠲᠡ 196 ᠬᠤᠪᠢ᠂ ᠡᠭᠦᠨ ᠳᠤ᠄ ᠰᠦᠯᠵᠢᠶᠡᠨ ᠳᠡᠭᠡᠷᠡᠬᠢ ᠦᠨᠡᠯᠡᠯᠲᠡ 76 ᠬᠤᠪᠢ᠂ ᠲᠤᠬᠠᠶ ᠶᠢᠨ ᠲᠠᠯᠠᠪᠤᠷ ᠤᠨ ᠦᠨᠡᠯᠡᠯᠲᠡ 120 ᠬᠤᠪᠢ︶24. ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ᠃ ᠬᠦᠨᠳᠦ ᠶᠡᠭᠡ ᠭᠡᠨᠡᠳᠲᠡ ᠶᠢᠨ ᠴᠢᠨᠠᠷᠲᠠᠶ ᠰᠢᠨ᠎ᠡ ᠪᠠᠷ ᠡᠭᠦᠰᠬᠦ ᠬᠠᠯᠳᠠᠪᠤᠷᠢᠲᠤ ᠡᠪᠡᠳᠴᠢᠨ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠶᠢ ᠪᠠᠶᠢᠭᠤᠯᠵᠤ᠂ ᠰᠡᠷᠭᠡᠶᠢᠯᠡᠨ ᠡᠵᠡᠮᠳᠡᠬᠦ ᠲᠥᠰᠦᠯ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠲᠠᠢ ᠪᠠᠶᠢᠵᠤ᠂ ᠪᠣᠯᠪᠠᠰᠤᠷᠠᠭᠤᠯᠤᠯ ᠪᠠ ᠰᠣᠷᠢᠯᠲᠠ ᠶᠢ ᠨᠠᠶᠢᠳᠠᠪᠤᠷᠢᠵᠢᠭᠤᠯᠤᠭᠰᠠᠨ ᠪᠠᠶᠢᠬᠤ ᠬᠡᠷᠡᠭᠳᠡᠢ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯᠲᠠᠨ᠂ ᠲᠣᠨᠤᠭ ᠲᠥᠬᠦᠭᠡᠷᠦᠮᠵᠢ ᠪᠠ ᠡᠳ᠋ ᠪᠣᠳᠠᠰ ᠤᠨ ᠨᠥᠭᠡᠴᠡᠯᠡᠯᠲᠡ ᠶᠢ ᠨᠠᠶᠢᠳᠠᠪᠤᠷᠢᠵᠢᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ︽ᠲᠥᠷᠪᠡᠨ ᠡᠷᠲᠡ︾ ᠪᠠ ︽ᠲᠥᠷᠪᠡᠨ ᠪᠦᠷᠢᠳᠬᠡᠯ︾᠎ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠶᠢᠷ᠎ᠠ ᠶᠢᠨ 3 ᠵᠢᠯ ᠳᠤ ᠬᠠᠷᠢᠶ᠎ᠠ ᠣᠷᠣᠨ ᠳᠤ ᠬᠦᠨᠳᠦ ᠶᠡᠭᠡ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠡ᠊ᠨᠳᠡᠯ ᠭᠠᠷᠤᠭᠰᠠᠨ ᠥᠭᠡᠢ᠂ ᠡᠪᠡᠳᠴᠢᠨ ᠡᠭᠦᠰᠭᠡᠬᠦ ᠮᠢᠺᠷᠣᠪ ᠤᠨ ᠲᠤᠷᠰᠢᠯᠲᠠ ᠶᠢᠨ ᠲᠠᠰᠤᠭ ᠬᠠᠤᠯᠢ ᠶᠣᠰᠣᠭᠠᠷ ᠵᠥᠪᠰᠢᠶᠡᠷᠡᠯ ᠣᠯᠤᠭᠰᠠᠨ ᠪᠤᠶᠤ ᠳᠠᠩᠰᠠᠯᠠᠭᠳᠠᠵᠤ᠂ ᠡᠮᠴᠢᠯᠡᠭᠡᠨ ᠤ ᠪᠠᠶᠢᠭᠤᠯᠤᠮᠵᠢ ᠳᠤ ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠠᠵᠢᠯᠲᠠᠨ ᠲᠠᠢ︔ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠪᠠ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ ᠤ ᠰᠠᠯᠠᠭ᠎ᠠ ᠭᠠᠷᠭᠠᠨ᠎ᠠ ︔ ᠲᠦᠷᠢᠮ ᠨᠢ ᠪᠦᠷᠢᠨ ᠭᠦᠢᠴᠡᠳ᠂ ᠬᠠᠮᠢᠶᠠᠷᠤᠯᠲᠠ ᠨᠢ ᠵᠢᠷᠤᠮᠵᠢᠯ ᠲᠠᠢ᠂ ᠬᠠᠯᠠᠭᠤᠷᠠᠯ ᠤᠨ ᠡᠭᠦᠳᠡᠨ ᠡᠮᠨᠡᠯᠭᠡ᠂ ᠭᠡᠳᠡᠰᠦᠨ ᠤ ᠡᠭᠦᠳᠡᠨ ᠡᠮᠨᠡᠯᠭᠡ᠂ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠨᠢ ᠵᠢᠷᠤᠮᠵᠢᠯ ᠲᠠᠢ ᠪᠠᠶᠢᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠪᠢ ᠶᠢᠨ ᠥᠷᠲᠡᠭ᠄ 21 ᠬᠤᠪᠢ︶25. ᠡᠷᠡᠭᠦᠯ ᠮᠡᠨᠳᠦ ᠶᠢᠨ ᠦᠢᠯᠡᠴᠢᠯᠡᠭᠡ᠃ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠲᠠᠢ ᠪᠠᠶᠢᠵᠣ᠂ ᠦᠨᠳᠦᠰᠦᠨ ᠱᠠᠲᠤᠨ ᠤ ᠤᠳᠠᠭᠠᠨ ᠴᠢᠨᠠᠷᠲᠠᠶ ᠡᠪᠡᠳᠴᠢᠨ ᠤ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠪᠦᠷᠢᠨ᠃ ᠲᠠᠷᠢᠯᠭ᠎ᠠ ᠶᠢᠨ ᠡᠭᠦᠳᠡᠨ ᠡᠮᠨᠡᠯᠭᠡ ᠶᠢᠨ ᠳᠦᠷᠢᠮ ᠲᠣᠭᠲᠠᠭᠠᠯ ᠢ ᠢᠯᠡ ᠨᠡᠶᠢᠲᠡᠯᠡᠭᠰᠡᠨ ᠪᠠᠶᠢᠵᠣ᠂ ᠳᠡᠰ ᠳᠠᠷᠠᠭ᠎ᠠ ᠨᠢ ᠲᠣᠳᠣᠷᠬᠠᠶ᠂ ᠪᠡᠶᠢᠷᠢᠯᠠᠭᠤᠯᠣᠯᠳᠠ᠂ ᠶᠠᠪᠤᠴᠠ ᠨᠢ ᠵᠢᠷᠣᠮᠵᠢᠭᠤᠨ ᠪᠠᠶᠢᠵᠣ᠂ ᠲᠠᠷᠢᠯᠭ᠎ᠠ ᠶᠢᠨ ᠺᠠᠷᠲ᠂ ᠳᠡᠪᠲᠡᠷ᠂ ᠦᠨᠡᠮᠯᠡᠯ ᠤᠨ ᠲᠡᠮᠳᠡᠭᠯᠡᠯ ᠵᠢᠴᠢ ᠭᠤᠭᠤᠵᠢᠭᠳᠠᠭᠰᠠᠨ ᠢ ᠪᠠᠶᠢᠴᠠᠭᠠᠵᠤ ᠨᠥᠬᠦᠵᠦ ᠳᠠᠷᠢᠬᠤ ᠵᠡᠷᠭᠡ ᠠᠵᠢᠯ ᠤᠨ ᠬᠠᠮᠢᠶᠠᠷᠤᠯᠲᠠ ᠶᠢᠨ ᠵᠢᠷᠤᠮᠵᠢᠯ ᠲᠠᠢ᠂ ᠡᠬᠡ ᠨᠢᠯᠬᠠᠰ ᠤᠨ ᠠᠮᠤᠷ ᠲᠦᠪᠰᠢᠨ ᠤ ᠲᠠᠪᠤᠨ ᠵᠦᠢᠯ ᠤᠨ ᠲᠦᠷᠢᠮ ᠢ ᠨᠠᠶᠢᠳᠠᠪᠤᠷᠢᠵᠢᠭᠤᠯᠤᠨ᠂ ᠡᠬᠡ ᠨᠢᠯᠬᠠᠰ ᠤᠨ ᠲᠤᠬᠠᠶᠢᠯᠠᠭᠰᠠᠨ ᠠᠵᠢᠯ ᠢ ᠪᠣᠳᠠᠲᠠᠶᠢᠵᠢᠭᠤᠯᠵᠤ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠦᠢᠯᠡᠴᠢᠯᠡᠭᠡ ᠶᠢ  ᠦᠷᠨᠢᠭᠦᠯᠦᠨ᠎ᠡ᠃ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠬᠠᠮᠢᠶᠠᠷᠤᠯᠲᠠ ᠶᠢᠨ ᠵᠢᠷᠤᠮᠵᠢᠯ ᠢ ᠥᠷᠨᠢᠭᠦᠯᠦᠨ᠂ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠵᠢᠴᠢ ᠣᠶᠤᠨ ᠮᠡᠳᠡᠷᠡᠯ ᠤᠨ ᠲᠤᠰᠬᠠᠶ ᠡᠮᠨᠡᠯᠭᠡ ᠶᠢᠨ ᠬᠤᠷᠢᠶ᠎ᠠ ᠳᠤ ᠰᠡᠳᠬᠢᠴᠡ ᠶᠢᠨ ᠡᠭᠦᠳᠡᠨ ᠡᠮᠨᠡᠯᠭᠡ ᠨᠡᠭᠡᠭᠡᠵᠦ᠂ ᠴᠢᠬᠤᠯᠠ ᠶᠡᠭᠡ ᠬᠡᠷᠡᠭ ᠶᠠᠪᠤᠳᠠᠯ ᠤᠨ ᠰᠡᠳᠬᠢᠴᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠭᠠᠷᠭᠠᠵᠤ᠂ ᠪᠣᠯᠪᠠᠰᠤᠷᠠᠭᠤᠯᠤᠯ᠂ ᠰᠣᠷᠢᠯᠲᠠ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠠᠪᠤᠷᠠᠨ ᠲᠤᠰᠠᠯᠠᠬᠤ ᠠᠵᠢᠯ ᠢ ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠤᠪᠢ ᠶᠢᠨ ᠥᠷᠲᠡᠭ᠄ 23 ᠬᠤᠪᠢ︶26. ᠡᠮ ᠡᠮᠨᠡᠯᠭᠡ ᠡᠷᠡᠭᠦᠯ ᠬᠠᠮᠠᠭᠠᠯᠠᠯ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠨᠢ ᠱᠠᠭᠠᠷᠳᠠᠯᠭ᠎ᠠ ᠳᠤ ᠨᠡᠶᠢᠴᠡᠵᠦ ᠂ ᠬᠠᠮᠢᠶᠠᠷᠤᠯᠲᠠ ᠨᠢ ᠵᠢᠷᠤᠮᠵᠢᠯ ᠲᠠᠢ᠃ 15 ᠮᠢᠨᠦ᠋ᠲ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠤᠷᠢᠭ ᠲᠠᠢ᠃ ᠵᠠᠮ ᠬᠠᠷᠢᠯᠴᠠᠭᠠᠨ ᠤ ᠬᠦᠢᠰᠦ᠂ ᠭᠤᠣᠯᠳᠠᠯᠭ᠎ᠠ ᠲᠠᠢ ᠲᠠᠯᠠᠪᠤᠷ ᠲᠤ ᠪᠡᠶ᠎ᠡ ᠶᠢᠨ ᠭᠠᠳᠠᠨᠠᠬᠢ ᠵᠢᠷᠦᠬᠡᠨ ᠤ ᠴᠡᠴᠡᠷᠡᠯᠲᠡ ᠶᠢ ᠠᠷᠢᠯᠭᠠᠬᠤ ᠠᠦ᠋ᠲ᠋ᠣ᠋ ᠬᠡᠮᠵᠢᠭᠦᠷᠯᠢᠭ ︵AED︶ ᠲᠣᠬᠢᠷᠠᠭᠤᠯᠵᠤ᠂ ᠲᠡᠮᠳᠡᠭ ᠨᠢ ᠲᠣᠳᠣᠷᠬᠠᠶ᠂ ᠲᠣᠭᠲᠠᠮᠠᠯ ᠬᠤᠭᠤᠴᠠᠭ᠎ᠠ ᠲᠠᠢ ᠪᠠᠷ ᠪᠠᠴᠢᠮ ᠠᠪᠤᠷᠠᠯᠳᠠ ᠶᠢᠨ ᠮᠡᠳᠡᠯᠭᠡ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠵᠠᠭᠠᠯᠳᠤᠯᠭ᠎ᠠ ᠶᠢ ᠭᠥᠯᠢᠶᠡᠨ ᠠᠪᠬᠤ ᠲᠦᠷᠢᠮ ᠢ ᠪᠣᠳᠠᠲᠠᠶ ᠪᠠᠷ ᠨᠠᠶᠢᠳᠠᠪᠤᠷᠢᠵᠢᠭᠤᠯᠵᠤ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠳᠤ ᠴᠠᠭᠳᠠᠭᠠᠨ ᠤ ᠶᠠᠪᠤᠳᠠᠯ ᠪᠤᠶᠤ ᠠᠮᠤᠷ ᠢ ᠬᠠᠮᠠᠭᠠᠯᠠᠬᠤ ᠲᠠᠰᠤᠭ ᠭᠠᠷᠭᠠᠵᠤ᠂ ᠲᠡᠮᠳᠡᠭ ᠨᠢ ᠢᠯᠡᠷᠬᠡᠶ᠂ ᠵᠢᠵᠢᠭᠦᠷᠯᠡᠬᠦ ᠬᠥᠮᠦᠨ ᠲᠠᠢ᠂ ᠣᠶᠢᠷ᠎ᠠ ᠶᠢᠨ 3 ᠵᠢᠯ ᠳᠤ ᠬᠠᠷᠢᠶ᠎ᠠ ᠣᠷᠣᠨ ᠳᠤ ᠬᠦᠨᠳᠦ ᠣᠨᠴᠠ ᠶᠡᠭᠡ ᠡᠷᠡᠭᠦᠤ ᠶᠢᠨ ᠡᠮᠴᠢᠯᠡᠭᠡᠨ ᠤ ᠬᠡᠷᠡᠭ ᠪᠠᠶᠢᠬᠤ ᠥᠬᠡᠶ᠂ ᠴᠢᠰᠤᠨ ᠤ ᠬᠥᠮᠥᠷᠭᠡ ᠶᠢᠨ ᠬᠠᠳᠠᠭᠠᠯᠠᠯᠲᠠ ᠶᠢ ᠬᠥᠳᠡᠯᠦᠩᠭᠦᠶ ᠪᠠᠷ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠳᠤ ᠬᠡᠷᠡᠭᠯᠡᠬᠦ ᠴᠢᠰᠤ ᠨᠢ ᠦᠨ᠎ᠡ ᠲᠥᠯᠥᠪᠦᠷᠢ ᠥᠬᠡᠶ ᠪᠠᠷ ᠦᠭᠭᠦᠭᠰᠡᠨ ᠴᠢᠰᠤ ᠠᠴᠠ ᠢᠷᠡᠯᠲᠡ ᠲᠠᠢ ᠪᠠᠶᠢᠵᠣ᠂ ᠬᠠᠤᠯᠢ ᠪᠤᠰᠤ ᠪᠠᠷ ᠡᠮᠴᠢᠯᠡᠬᠦ᠂ ᠬᠠᠤᠯᠢ ᠪᠤᠰᠤ ᠪᠠᠷ ᠴᠢᠰᠤ ᠠᠪᠴᠤ ᠬᠠᠩᠭᠠᠬᠤ ᠪᠠ ᠬᠠᠤᠯᠢ ᠪᠤᠰᠤ ᠡᠮᠴᠢᠯᠡᠬᠦ ᠵᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠪᠢ ᠶᠢᠨ ᠥᠷᠲᠡᠭ᠄ 26 ᠬᠤᠪᠢ︶27. ᠡᠪᠡᠳᠴᠢᠨ ᠤ ᠵᠠᠭᠤᠴᠢ ᠪᠣᠯᠬᠤ ᠠᠮᠢᠳᠤ ᠪᠣᠳᠠᠰ ᠢ ᠬᠢᠨᠠᠨ ᠬᠡᠮᠵᠢᠬᠦ ᠪᠠ ᠦᠨᠡᠯᠡᠨ ᠵᠢᠱᠢᠬᠦ᠃ ᠡᠪᠡᠳᠴᠢᠨ ᠤ ᠵᠠᠭᠤᠴᠢ ᠶᠢᠨ ᠡᠵᠡᠮᠳᠡᠯ ᠢ ᠦᠨᠡᠯᠡᠨ ᠵᠢᠱᠢᠬᠦ ᠶᠢ ᠥᠷᠨᠢᠭᠦᠯᠵᠦ᠂ ᠵᠢᠯ ᠪᠦᠷᠢ ᠬᠤᠶᠠᠷ ᠤᠳᠠᠭ᠎ᠠ ᠠᠴᠠ ᠳᠤᠲᠠᠭᠤ ᠥᠬᠡᠶ ᠨᠢᠭᠡᠳᠦᠯᠲᠡᠶ ᠰᠡᠷᠭᠡᠶᠢᠯᠡᠨ ᠵᠠᠰᠠᠬᠤ ᠠᠵᠢᠯᠯᠠᠭ᠎ᠠ ᠶᠢ ᠨᠢᠭᠡᠳᠦᠯᠲᠡᠶ ᠬᠢᠵᠦ᠂ ᠰᠠᠭᠤᠭᠠᠯᠢ ᠠᠷᠠᠳ ᠤᠨ ᠬᠤᠷᠣᠬᠠᠶ ᠶᠢᠨ ᠪᠠᠶᠢᠳᠠᠯ ᠤᠨ ᠮᠡᠳᠡᠭᠦᠯᠦᠯᠲᠡ ᠪᠠ ᠰᠡᠷᠭᠡᠶᠢᠯᠡᠨ ᠵᠠᠰᠠᠬᠤ ᠲᠣᠬᠠᠢ ᠠᠰᠠᠭᠤᠨ ᠯᠠᠪᠯᠠᠬᠤ ᠠᠷᠭ᠎ᠠ ᠵᠠᠮ ᠲᠠᠢ ᠪᠠᠶᠢᠵᠤ᠂ ᠣᠯᠠᠨ ᠲᠦᠮᠡᠨ ᠤ ᠰᠠᠨᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠢᠯᠠᠭ᠎ᠠ ᠪᠠᠲᠠᠭᠠᠨ᠎ᠠ ᠶᠢᠨ ᠦᠷᠡᠵᠢᠭᠰᠡᠨ ᠭᠠᠵᠠᠷ ᠤᠨ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ ᠡᠬᠡ ᠲᠠᠩᠰᠠ᠂ ᠭᠤᠤᠯᠳᠠᠯᠭ᠎ᠠ ᠲᠠᠢ ᠠᠵᠢᠯ ᠲᠥᠷᠥᠯ ᠵᠢᠴᠢ ᠭᠤᠤᠯᠳᠠᠯᠭ᠎ᠠ ᠲᠠᠢ ᠲᠠᠯᠠᠪᠤᠷ ᠤᠨ ᠡᠪᠡᠳᠴᠢᠨ ᠤ ᠵᠠᠭᠤᠴᠢ ᠶᠢᠨ ᠠᠮᠢᠳᠤ ᠪᠣᠳᠠᠰ ᠤᠨ ᠬᠠᠯᠳᠠᠯᠭ᠎ᠠ ᠶᠢᠨ ᠪᠠᠶᠢᠴᠠᠭᠠᠯᠲᠠ᠂ ᠪᠠᠲᠠᠭᠠᠨ᠎ᠠ᠂ ᠢᠯᠠᠭ᠎ᠠ᠂ ᠬᠤᠯᠤᠭᠠᠨ᠎ᠠ᠂ ᠵᠣᠤᠮ᠎ᠠ ᠵᠡᠷᠭᠡ ᠶᠢᠨ ᠨᠢᠭᠲᠠᠴᠠ ᠶᠢ ᠬᠢᠨᠠᠨ ᠬᠡᠮᠵᠢᠬᠦ ᠪᠠ ᠡᠮ ᠳᠤ ᠳᠠᠭᠠᠭᠠᠴᠠᠲᠠᠶ ᠪᠠᠶᠢᠬᠤ ᠲᠣᠬᠠᠢ ᠪᠠᠶᠢᠴᠠᠭᠠᠨ ᠬᠡᠮᠵᠢᠬᠦ ᠶᠢ ᠪᠠᠶᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠪᠢ ᠶᠢᠨ ᠥᠷᠲᠡᠭ᠄ 14 ᠬᠤᠪᠢ︶28. ᠡᠪᠡᠳᠴᠢᠨ ᠤ ᠵᠠᠭᠤᠴᠢ ᠪᠣᠯᠬᠤ ᠠᠮᠢᠳᠤ ᠪᠣᠳᠠᠰ ᠢ ᠡᠵᠡᠮᠳᠡᠬᠦ᠃ ᠬᠤᠯᠤᠭᠠᠨ᠎ᠠ ᠤᠰᠠᠳᠬᠠᠬᠤ ᠬᠤᠤᠷᠲᠤ ᠥᠭᠶᠥᠭᠡ ᠶᠢᠨ ᠥᠷᠲᠡᠭᠡ ᠨᠢ ᠵᠦᠶ ᠵᠣᠬᠢᠰᠲᠠᠶ᠂ ᠡᠮ ᠬᠡᠷᠡᠭᠯᠡᠬᠦ ᠨᠢ ᠵᠢᠷᠤᠮᠵᠢᠯ ᠲᠠᠢ᠂ ᠠᠷᠭ᠎ᠠ ᠨᠢ ᠰᠢᠨᠵᠢᠯᠡᠬᠦ ᠤᠬᠠᠭᠠᠨᠴᠢ ᠪᠠᠶᠢᠵᠣ᠂ ᠵᠢᠵᠢᠭ ᠬᠡᠯᠪᠡᠷᠢ ᠶᠢᠨ ᠤᠰᠤ ᠬᠤᠷᠠᠬᠤ᠂ ᠲᠣᠮᠣ ᠳᠤᠮᠳᠠ ᠬᠡᠯᠪᠡᠷᠢ ᠶᠢᠨ ᠤᠰᠤᠨ ᠴᠣᠭᠴᠠ ᠵᠡᠷᠭᠡ ᠪᠠᠲᠠᠭᠠᠨ᠎ᠠ ᠶᠢᠨ ᠦᠷᠡᠵᠢᠭᠰᠡᠨ ᠭᠠᠵᠠᠷ ᠢ ᠵᠠᠰᠠᠬᠤ᠂ ᠠᠮᠢᠳᠤᠷᠠᠯ ᠤᠨ ᠬᠤᠭ ᠨᠣᠪᠰᠢ᠂ ᠬᠤᠭ ᠨᠣᠪᠰᠢ ᠶᠢᠨ ᠰᠠᠪᠠ ᠵᠡᠷᠭᠡ ᠢᠯᠠᠭ᠎ᠠ ᠪᠠᠲᠠᠭᠠᠨ᠎ᠠ ᠶᠢᠨ ᠦᠷᠡᠵᠢᠭᠰᠡᠨ ᠭᠠᠵᠠᠷ ᠢ ᠵᠠᠰᠠᠬᠤ᠂ ᠢᠳᠡᠭᠡᠨ ᠤ ᠠᠵᠢᠯ ᠲᠥᠷᠥᠯ ᠪᠠ ᠨᠢᠭᠡᠴᠡ ᠶᠢᠨ ᠢᠯᠠᠭ᠎ᠠ ᠰᠡᠷᠭᠡᠶᠢᠯᠡᠬᠦ ᠪᠡᠯᠡᠳᠬᠡᠮᠵᠢ᠂ ᠭᠤᠤᠯᠳᠠᠯᠭ᠎ᠠ ᠲᠠᠢ ᠠᠵᠢᠯ ᠲᠥᠷᠥᠯ ᠪᠠ ᠨᠢᠭᠡᠴᠡ ᠶᠢᠨ ᠬᠤᠯᠤᠭᠠᠨ᠎ᠠ ᠶᠢ ᠰᠡᠷᠭᠡᠶᠢᠯᠡᠬᠦ ᠪᠡᠯᠡᠳᠬᠡᠮᠵᠢ᠂ ᠬᠤᠯᠤᠭᠠᠨ᠎ᠠ ᠶᠢᠨ ᠲᠥᠷᠥᠯ ᠤᠨ ᠨᠢᠭᠲᠠᠴᠠ ᠶᠢ ᠬᠢᠵᠠᠭᠠᠷᠯᠠᠭᠰᠠᠨ ᠪᠠᠶᠢᠳᠠᠯ᠂ ᠢᠯᠠᠭ᠎ᠠ ᠶᠢᠨ ᠲᠥᠷᠥᠯ ᠤᠨ ᠨᠢᠭᠲᠠᠴᠠ ᠶᠢ ᠬᠢᠵᠠᠭᠠᠷᠯᠠᠭᠰᠠᠨ ᠪᠠᠶᠢᠳᠠᠯ᠂ ᠵᠣᠤᠮ᠎ᠠ ᠶᠢᠨ ᠨᠢᠭᠲᠠᠴᠠ ᠶᠢ ᠬᠢᠵᠠᠭᠠᠷᠯᠠᠭᠰᠠᠨ ᠪᠠᠶᠢᠳᠠᠯ ᠪᠠᠭᠲᠠᠨ᠎ᠠ᠃ ︵ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠤᠮᠤ ᠂ ᠪᠠᠯᠭᠠᠰᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠪᠤᠰᠤᠳ ᠪᠦᠷᠢᠯᠳᠦᠬᠦᠨ ᠨᠢᠭᠡᠴᠡ᠂ ᠬᠤᠪᠢ ᠶᠢᠨ ᠥᠷᠲᠡᠭ᠄ 36 ᠬᠤᠪᠢ︶ᠭᠤᠷᠪᠠ᠂ ᠲᠠᠬᠢᠨ ᠬᠢᠨᠠᠬᠤ ᠠᠷᠭ᠎ᠠ ᠮᠠᠶ᠋ᠢᠭᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠠᠴᠠ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠳᠠᠬᠢᠨ ᠬᠢᠨᠠᠬᠤ ᠶᠢ ᠵᠣᠬᠢᠶᠠᠨ ᠪᠠᠶᠢᠭᠤᠯᠵᠤ᠂ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠪᠠᠷᠢᠮᠵᠢᠶ᠎ᠠ ︵2021 ᠳ᠋ᠦ᠋ᠭᠡᠷ ᠨᠢᠭᠤᠷ︶︾ ᠶᠣᠰᠣᠭᠠᠷ᠂ ᠰᠦᠯᠵᠢᠶᠡᠨ ᠳᠡᠭᠡᠷ᠎ᠡ ᠦᠨᠡᠯᠡᠨ ᠵᠢᠱᠢᠬᠦ ᠪᠠ ᠲᠤᠬᠠᠶ ᠶᠢᠨ ᠲᠠᠯᠠᠪᠤᠷ ᠲᠤᠨᠢ ᠦᠨᠡᠯᠡᠨ ᠵᠢᠱᠢᠬᠦ ᠬᠡᠯᠪᠡᠷᠢ ᠶᠢ ᠠᠪᠴᠤ᠂ ᠡᠭᠦᠨ ᠳᠤ ᠲᠤᠬᠠᠶ ᠶᠢᠨ ᠲᠠᠯᠠᠪᠤᠷ ᠲᠤᠨᠢ ᠦᠨᠡᠯᠡᠨ ᠵᠢᠱᠢᠬᠦ ᠳᠤ ᠢᠯᠡ ᠪᠠᠷ ᠪᠠᠶᠢᠴᠠᠭᠠᠬᠤ ᠪᠠ ᠨᠢᠭᠤᠴᠠ ᠪᠠᠷ ᠰᠤᠷᠪᠤᠯᠵᠢᠯᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠢᠯᠡ ᠪᠠᠷ ᠪᠠᠶᠢᠴᠠᠭᠠᠬᠤ ᠪᠠ ᠨᠢᠭᠤᠴᠠ ᠪᠠᠷ ᠰᠤᠷᠪᠤᠯᠵᠢᠯᠠᠬᠤ ᠶᠢᠨ ᠬᠠᠷᠢᠴᠠᠯ ᠢ ᠵᠠᠷᠴᠢᠮ ᠳᠡᠭᠡᠷ᠎ᠡ ᠪᠠᠨ 1᠄ 2 ᠪᠠᠶᠢᠵᠤ᠂ ᠪᠣᠳᠠᠲᠠᠶ ᠦᠨᠡᠯᠡᠨ ᠵᠢᠱᠢᠬᠦ ᠠᠷᠭ᠎ᠠ ᠮᠠᠶ᠋ᠢᠭ ᠢ ᠲᠠᠰᠢᠷᠠᠮ ᠳᠠᠭᠠᠤ ᠲᠣᠭᠲᠠᠭᠠᠨ᠎ᠠ᠃ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ︵ᠨᠢᠭᠡ︶ ᠤᠬᠠᠭᠤᠯᠤᠨ ᠪᠠᠶᠢᠷᠢᠯᠠᠭᠤᠯᠬᠤ ᠱᠠᠲᠤ ᠦᠶ᠎ᠡ ︵3 ᠰᠠᠷ᠎ᠠ︶ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠥᠬᠦ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠳᠠᠬᠢᠨ ᠬᠢᠨᠠᠬᠤ ᠠᠵᠢᠯ ᠢ ᠤᠭᠲᠤᠬᠤ ᠳᠠᠶᠢᠴᠢᠯᠠᠯᠲᠠ ᠶᠢᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠠᠶᠢᠴᠢᠯᠠᠯᠲᠠ ᠶᠢᠨ ᠪᠠᠶᠢᠷᠢᠯᠠᠭᠤᠯᠤᠯᠲᠠ ᠬᠢᠨ᠎ᠡ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠶᠢ ᠳᠠᠶᠢᠴᠢᠯᠠᠨ ᠳᠠᠷᠤᠶ ᠲᠦᠷᠭᠡᠨ ᠬᠥᠳᠡᠯᠦᠯᠴᠡᠵᠦ᠂ ᠣᠳᠣᠬᠠᠨ ᠤ ᠬᠤᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠪᠠᠭᠤᠷᠠᠶ ᠭᠤᠭᠴᠤᠭ᠎ᠠ ᠳᠤ ᠴᠢᠭᠯᠡᠭᠦᠯᠦᠨ᠂ ᠪᠠᠷᠢᠮᠵᠢᠶ᠎ᠠ ᠶᠢ ᠲᠣᠳᠣᠷᠬᠠᠶᠢᠯᠠᠨ᠂ ᠡᠭᠦᠷᠭᠡ ᠶᠢ ᠵᠠᠳᠠᠯᠵᠤ᠂ ᠭᠦᠢᠴᠡᠳᠬᠡᠬᠦ ᠲᠤᠭ᠎ᠠ ᠶᠢ ᠨᠠᠷᠢᠯᠢᠬᠵᠢᠭᠤᠯᠤᠨ᠂ ᠬᠤᠭᠤᠴᠠᠭ᠎ᠠ ᠲᠣᠭᠲᠠᠭᠠᠨ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ ᠵᠠᠭᠤᠴᠢᠯᠠᠭᠤᠷ ᠤᠨ ᠬᠢᠨ ᠳᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠪᠥᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠢ ᠤᠭᠲᠤᠬᠤ ᠳᠠᠬᠢᠨ ᠬᠢᠨᠠᠬᠤ ᠤᠬᠠᠭᠤᠯᠭ᠎ᠠ ᠶᠢᠨ ᠠᠵᠢᠯᠯᠠᠭ᠎ᠠ ᠶᠢ ᠡᠬᠢᠯᠡᠨ ᠥᠷᠨᠢᠭᠦᠯᠵᠦ᠂ ᠡᠷᠡᠭᠦᠯ ᠬᠠᠮᠠᠭᠠᠯᠠᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠤᠲᠠ ᠶᠢᠨ ᠠᠷᠠᠳ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠦᠨ᠎ᠡ᠃︵ᠬᠤᠶᠠᠷ︶ ᠥᠪᠡᠷᠲᠡᠭᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠲᠤ ᠦᠶ᠎ᠡ ︵3 — 5 ᠰᠠᠷ᠎ᠠ︶ᠡᠯ᠎ᠡ ᠲᠦᠷᠦᠭᠦᠯᠡᠬᠦ ᠰᠠᠯᠠᠭ᠎ᠠ ᠮᠥᠴᠢᠷ ᠵᠢᠴᠢ ᠬᠠᠷᠢᠭᠤᠴᠠᠯᠭᠠᠲᠤ ᠨᠢᠭᠡᠴᠡ ᠨᠦᠭᠦᠳ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠪᠠᠷᠢᠮᠵᠢᠶ᠎ᠠ ︵2021 ᠳ᠋ᠦ᠋ᠭᠡᠷ ᠨᠢᠭᠤᠷ︶︾ ᠪᠣᠯᠤᠨ ︽ᠰᠢᠯᠢ ᠶᠢᠨ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠳᠠᠬᠢᠨ ᠬᠢᠨᠠᠯᠲᠠ ᠶᠢ ᠤᠭᠲᠤᠬᠤ ᠠᠵᠢᠯ ᠤᠨ ᠬᠠᠷᠢᠭᠤᠴᠠᠯᠭ᠎ᠠ ᠶᠢᠨ ᠵᠠᠳᠠᠯᠤᠯᠲᠠ ᠶᠢᠨ ᠬᠦᠰᠦᠨᠦᠭᠲᠦ︾᠎ ᠲᠠᠢ ᠬᠠᠷᠢᠴᠠᠭᠤᠯᠤᠨ ᠲᠣᠰ ᠰᠠᠯᠠᠭ᠎ᠠ ᠮᠥᠴᠢᠷ ᠤᠨ ᠢᠶᠠᠨ ᠠᠵᠢᠯ ᠤᠨ ᠲᠥᠰᠦᠯ ᠢ ᠲᠣᠭᠲᠠᠭᠠᠬᠤ ᠶᠢᠨ ᠬᠠᠮᠲᠤ ᠥᠪᠡᠷ ᠢ ᠪᠠᠨ ᠬᠢᠨᠠᠮᠠᠭᠠᠶ ᠪᠠᠶᠢᠴᠠᠭᠠᠬᠤ ᠬᠡᠷᠡᠭᠲᠡᠶ᠃ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠳᠤ ᠴᠢᠭᠯᠡᠭᠦᠯᠦᠨ᠂ ᠨᠢᠭᠡᠳ ᠨᠢᠭᠡ ᠪᠠᠷ ᠵᠠᠳᠠᠯᠤᠨ ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠨ᠂ ᠱᠠᠭᠠᠷᠳᠠᠯᠭ᠎ᠠ ᠶᠣᠰᠣᠭᠠᠷ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠳᠠᠬᠢᠨ ᠬᠢᠨᠠᠭᠤᠯᠬᠤ ᠪᠠᠷ ᠮᠡᠳᠡᠭᠦᠯᠬᠦ ᠮᠠᠲ᠋ᠧᠷᠢᠶᠠᠯ ᠤᠨ ᠡᠮᠬᠢᠳᠬᠡᠨ ᠳᠡᠪᠲᠡᠷᠯᠡᠬᠦ ᠶᠢ ᠪᠡᠶᠡᠯᠡᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠳᠤ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠳᠠᠬᠢᠨ ᠬᠢᠨᠠᠭᠤᠯᠬᠤ ᠪᠠᠷ ᠭᠤᠶᠤᠴᠢᠯᠠᠬᠤ ᠪᠠ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠃︵ᠭᠤᠷᠪᠠ︶ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠦᠶ᠎ᠡ ︵6 — 12 ᠳ᠋ᠤᠭᠠᠷ ᠰᠠᠷ᠎ᠠ︶ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠪᠠᠶᠢᠴᠠᠭᠠᠯᠲᠠ ᠶᠢᠨ ᠳᠤᠮᠳᠠ ᠣᠷᠣᠰᠢᠵᠤ ᠪᠠᠶᠢᠭ᠎ᠠ ᠪᠠᠭᠤᠷᠠᠶ ᠭᠤᠭᠴᠤᠭ᠎ᠠ ᠪᠠ ᠠᠰᠠᠭᠤᠳᠠᠯ ᠳᠤ ᠴᠢᠭᠯᠡᠭᠦᠯᠦᠨ᠂ ᠳᠤᠲᠠᠭᠳᠠᠯ ᠢ ᠪᠠᠶᠢᠴᠠᠭᠠᠨ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠵᠤ ᠲᠡᠭᠦᠯᠳᠡᠷᠵᠢᠭᠦᠯᠦᠨ᠎ᠡ᠃ ᠡᠨᠡ ᠬᠤᠭᠤᠴᠠᠭᠠᠨ ᠳᠤ᠂ ᠪᠥᠬᠦ ᠬᠤᠲᠠ ᠪᠠᠷ ᠢᠶᠠᠨ ᠪᠠᠶᠢᠴᠠᠭᠠᠯᠲᠠ ᠬᠢᠬᠦ ᠶᠢᠨ ᠬᠠᠮᠲᠤ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠳᠠᠬᠢᠨ ᠬᠢᠨᠠᠯᠲᠠ ᠶᠢᠨ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠳᠠᠬᠢᠨ ᠬᠢᠨᠠᠯᠲᠠ ᠶᠢ ᠤᠷᠤᠭᠰᠢᠲᠠᠶ ᠥᠩᠭᠡᠷᠡᠭᠦᠯᠬᠦ ᠶᠢ ᠦᠨᠡᠨ ᠬᠦ ᠪᠠᠲᠤᠯᠠᠨ᠎ᠠ᠃ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠰᠢᠯᠢ ᠶᠢᠨ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠬᠢᠨᠠᠯᠲᠠ ᠶᠢ ᠤᠭᠲᠤᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠶᠢᠨ ᠬᠠᠮᠲᠤ ᠳᠣᠤᠷ᠎ᠠ ᠨᠢ 8 ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠳᠠᠬᠢᠨ ᠬᠢᠨᠠᠯᠲᠠ ᠶᠢ ᠤᠭᠲᠤᠬᠤ ᠠᠵᠢᠯ ︵ᠳᠠᠬᠢᠨ ᠬᠢᠨᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ᠂ ᠲᠤᠰᠬᠠᠶ ᠠᠵᠢᠯ ᠤᠨ ᠳᠤᠭᠤᠶᠢᠯᠠᠩ ᠤᠨ ᠨᠡᠷᠡᠰ ᠵᠢᠴᠢ ᠡᠭᠦᠷᠭᠡ ᠬᠠᠷᠢᠭᠤᠴᠠᠯᠭ᠎ᠠ ᠶᠢ ᠠᠷᠤ ᠳᠤ ᠳᠠᠭᠠᠯᠳᠤᠭᠤᠯᠪᠠ︶ ᠥᠷᠨᠢᠭᠦᠯᠬᠦ ᠶᠢ ᠠᠵᠢᠯ ᠬᠤᠪᠢᠶᠠᠨ ᠬᠠᠷᠢᠭᠤᠴᠠᠨ᠎ᠠ᠃ ᠬᠠᠮᠢᠶ᠎ᠠ ᠪᠥᠬᠦᠶ ᠲᠦᠷᠦᠭᠦᠯᠡᠬᠦ ᠰᠠᠯᠠᠭ᠎ᠠ ᠮᠥᠴᠢᠷ ᠪᠠ ᠬᠠᠷᠢᠭᠤᠴᠠᠯᠭᠠᠲᠤ ᠨᠢᠭᠡᠴᠡ ᠨᠦᠭᠦᠳ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠪᠠᠶᠢᠴᠠᠭᠠᠯᠲᠠ ᠶᠢ ᠤᠭᠲᠤᠬᠤ ᠲᠥᠰᠦᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠨ ᠴᠠᠭ ᠲᠤᠬᠠᠶ ᠳᠤᠨᠢ ᠳᠣᠭᠢᠷᠠᠭᠤᠯᠤᠨ ᠲᠡᠭᠦᠯᠳᠡᠷᠵᠢᠭᠦᠯᠵᠦ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶ ᠪᠣᠯᠭᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠵᠠᠷᠤᠳᠠᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠠᠵᠢᠯ ᠤᠨ ᠬᠡᠷᠡᠭᠴᠡᠭᠡ ᠶᠢ ᠬᠠᠩᠭᠠᠬᠤ ᠶᠢ ᠪᠠᠲᠤᠯᠠᠬᠤ ᠬᠡᠷᠡᠭᠲᠡᠶ᠃︵ᠬᠤᠶᠠᠷ︶ ᠤᠬᠠᠭᠤᠯᠤᠨ ᠳᠠᠶᠢᠴᠢᠯᠠᠬᠤ ᠶᠢ ᠴᠢᠩᠭᠠᠳᠬᠠᠨ᠎ᠠ᠃ ᠡᠯ᠎ᠡ ᠨᠢᠭᠡᠴᠡ᠂ ᠡᠯ᠎ᠡ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠡᠯ᠎ᠡ ᠵᠦᠢᠯ ᠤᠨ ᠬᠡᠯᠪᠡᠷᠢ ᠶᠢ ᠠᠰᠢᠭᠯᠠᠵᠤ᠂ ᠪᠠᠶᠢᠴᠠᠭᠠᠬᠤ ᠶᠢ ᠤᠭᠲᠤᠵᠤ ᠳᠠᠬᠢᠨ ᠬᠢᠨᠠᠬᠤ ᠠᠵᠢᠯ ᠤᠨ ᠴᠢᠬᠤᠯᠠ ᠴᠢᠨᠠᠷ᠂ ᠪᠠᠷᠢᠮᠵᠢᠶ᠎ᠠ ᠱᠠᠭᠠᠷᠳᠠᠯᠭ᠎ᠠ ᠪᠠ ᠬᠠᠷᠠᠯᠲᠠ ᠡᠭᠦᠷᠭᠡ ᠶᠢ ᠭᠦᠨᠵᠡᠭᠡᠶ ᠤᠬᠠᠭᠤᠯᠵᠤ᠂ ᠥᠷᠭᠡᠨ ᠣᠯᠠᠨ ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠳᠠᠶᠢᠴᠢᠯᠠᠵᠤ᠂ ᠣᠯᠠᠨ ᠲᠦᠮᠡᠨ ᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠡᠷᠡᠭᠦᠯ ᠬᠠᠮᠠᠭᠠᠯᠠᠯ ᠤᠨ ᠠᠵᠢᠯ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠡᠷᠦᠬᠡ ᠪᠣᠯᠭᠠᠨ ᠳᠤ ᠮᠡᠳᠡᠭᠦᠯᠬᠦ ᠶᠢ ᠪᠡᠶᠡᠯᠡᠭᠦᠯᠵᠦ᠂ ᠳᠠᠬᠢᠨ ᠬᠢᠨᠠᠯᠲᠠ ᠶᠢ ᠤᠭᠲᠤᠬᠤ ᠠᠵᠢᠯ ᠳᠤ ᠣᠷᠣᠯᠴᠠᠬᠤ ᠶᠢ ᠪᠥᠬᠦ ᠬᠤᠲᠠ ᠶᠢᠨ ᠠᠷᠠᠳ ᠲᠦᠮᠡᠨ ᠤ ᠤᠬᠠᠮᠰᠠᠷᠲᠤ ᠠᠵᠢᠯᠯᠠᠭ᠎ᠠ ᠪᠣᠯᠭᠠᠵᠤ᠂ ᠬᠥᠮᠦᠨ ᠪᠦᠬᠦᠨ ᠣᠷᠣᠯᠴᠠᠵᠤ᠂ ᠪᠥᠬᠦ ᠠᠷᠠᠳ ᠢᠶᠠᠷ ᠢᠶᠠᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠬᠥᠭᠵᠢᠭᠦᠯᠬᠦ ᠬᠠᠯᠠᠭᠤᠨ ᠥᠷᠨᠢᠯᠲᠡ ᠶᠢ ᠪᠣᠶ ᠪᠣᠯᠭᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠬᠢᠨᠠᠯᠲᠠ ᠶᠢ ᠤᠷᠤᠭᠰᠢᠲᠠᠶ ᠥᠩᠭᠡᠷᠡᠭᠡᠬᠦ ᠳᠤ ᠰᠠᠶᠢᠨ ᠰᠠᠭᠤᠷᠢ ᠲᠠᠯᠪᠢᠬᠤ ᠬᠡᠷᠡᠭᠲᠡᠶ᠃︵ᠭᠤᠷᠪᠠ︶ ᠬᠠᠮᠲᠤᠷᠠᠨ ᠬᠠᠤᠯᠢ ᠬᠡᠷᠡᠭᠵᠢᠭᠦᠯᠬᠦ ᠶᠢ ᠬᠢᠨᠠᠨ ᠵᠢᠯᠣᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠨᠢᠭᠡᠴᠡ ᠨᠦᠭᠦᠳ ᠳᠠᠬᠢᠨ ᠬᠢᠨᠠᠬᠤ ᠠᠵᠢᠯ ᠤᠨ ᠵᠢᠯᠣᠭᠤᠳᠣᠯᠭ᠎ᠠ ᠪᠠ ᠪᠠᠶᠢᠴᠠᠭᠠᠯᠲᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠬᠠᠷᠠᠯᠲᠠ ᠶᠢᠨ ᠱᠠᠭᠠᠷᠳᠠᠯᠭ᠎ᠠ ᠲᠠᠢ ᠬᠢᠨᠠᠮᠠᠭᠠᠶ ᠬᠠᠷᠢᠴᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ᠂ ᠬᠢᠨᠠᠨ ᠰᠢᠯᠭᠠᠬᠤ᠂ ᠮᠡᠳᠡᠭᠡᠯᠡᠬᠦ ᠲᠦᠷᠢᠮ ᠢ ᠨᠠᠶᠢᠳᠠᠪᠤᠷᠢᠵᠢᠭᠤᠯᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠲᠤᠰᠬᠠᠶ ᠴᠡᠭᠴᠡᠯᠡᠨ ᠵᠠᠰᠠᠵᠤ᠂ ︽ᠴᠢᠩᠭ᠎ᠠ ᠬᠠᠮᠢᠶᠠᠷᠴᠤ ᠬᠦᠨᠳᠦ ᠪᠠᠷ ᠲᠣᠷᠭᠠᠬᠤ︾᠎ ᠶᠢ ᠪᠠᠷᠢᠮᠲᠠᠯᠠᠬᠤ ᠬᠡᠷᠡᠭᠲᠡᠶ᠃ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠨᠢ ᠬᠤᠲᠠ ᠶᠢᠨ ᠲᠣᠭᠤᠷᠢᠭ ᠤᠨ ᠴᠢᠬᠤᠯᠠ ᠣᠷᠣᠨ ᠪᠦᠰᠡ ᠶᠢᠨ ᠡᠳᠦᠷ ᠲᠤᠲᠤᠮ ᠤᠨ ᠨᠡᠭᠦᠳᠡᠯ ᠲᠣᠭᠤᠷᠢᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠣᠯᠠᠨ ᠠᠵᠢᠯ ᠲᠥᠷᠥᠯ᠂ ᠬᠦᠷᠢᠶ᠎ᠡ ᠴᠠᠷᠠᠭ᠎ᠠ ᠠᠯᠤᠰᠯᠠᠭᠰᠠᠨ ᠠᠰᠠᠭᠤᠳᠠᠯ ᠳᠤ ᠬᠤᠯᠪᠣᠭᠳᠠᠪᠠᠯ᠂ ᠡᠯ᠎ᠡ ᠨᠢᠭᠡᠴᠡ ᠶᠢᠨ ᠬᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠨᠢᠭᠲᠠ ᠬᠠᠮᠵᠢᠯᠴᠠᠨ᠂ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠰᠣᠨᠢᠨ ᠮᠡᠳᠡᠭᠡᠨ ᠤ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠ ᠶᠢᠨ ᠠᠷᠠᠳ ᠤᠯᠠᠨ ᠤ ᠰᠠᠨᠠᠯ ᠢ ᠥᠷᠭᠡᠨ ᠢᠶᠠᠷ ᠰᠣᠨᠣᠰᠴᠤ᠂ ᠤᠯᠠᠨ ᠲᠦᠮᠡᠨ ᠤ ᠵᠠᠭᠠᠯᠳᠤᠬᠤ ᠪᠠ ᠬᠢᠨᠠᠯᠲᠠ ᠲᠠᠯᠪᠢᠬᠤ ᠳᠤ ᠣᠷᠣᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠵᠢᠯ ᠳᠠᠭᠠᠨ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ᠂ ᠵᠠᠰᠠᠯᠲᠠ ᠶᠢᠨ ᠦᠷ᠎ᠡ ᠪᠦᠲᠦᠮᠵᠢ ᠪᠠᠷ ᠰᠠᠶᠢᠨ ᠨᠢᠭᠡᠴᠡ ᠶᠢ ᠵᠠᠷᠯᠠᠨ ᠮᠡᠳᠡᠭᠳᠡᠨ᠎ᠡ︔ ᠠᠵᠢᠯ ᠤᠨ ᠳᠤᠮᠳᠠ ᠣᠷᠣᠰᠢᠵᠤ ᠪᠠᠶᠢᠭ᠎ᠠ ᠬᠠᠮᠢᠶᠠᠷᠤᠯᠲᠠ ᠨᠢ ᠡᠮᠬᠢ ᠵᠠᠮᠪᠠᠷᠠᠭ᠎ᠠ ᠥᠬᠡᠶ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠠᠵᠢᠯ ᠤᠨ ᠦᠷ᠎ᠡ ᠪᠦᠲᠦᠮᠵᠢ ᠪᠠᠷ ᠳᠣᠤᠷ᠎ᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠲᠡᠪᠴᠢᠭᠰᠡᠨ ᠪᠠᠶᠢᠪᠠᠯ᠂ ᠬᠠᠮᠢᠶ᠎ᠠ ᠪᠥᠬᠦᠶ ᠨᠢᠭᠡᠴᠡ ᠪᠣᠯᠤᠨ ᠬᠤᠪᠢ ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠳᠠᠬᠢᠨ ᠬᠢᠨᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠭᠠᠷᠠᠭ ᠤᠨ ᠲᠣᠬᠢᠷᠠᠭᠤᠯᠤᠯᠲᠠ ᠬᠢᠬᠦ ᠶᠢᠨ ᠬᠠᠮᠲᠤ ᠡᠯ᠎ᠡ ᠨᠢᠭᠡᠴᠡ ᠶᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠨ᠎ᠠ᠃ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠲᠤᠰᠬᠠᠶ ᠬᠥᠮᠦᠨ ᠲᠣᠬᠢᠷᠠᠭᠤᠯᠵᠤ ᠡᠨᠡᠬᠦ ᠠᠵᠢᠯ ᠢ ᠬᠠᠷᠢᠭᠤᠴᠠᠭᠤᠯᠬᠤ ᠶᠢᠨ ᠬᠠᠮᠲᠤ ᠬᠠᠷᠢᠯᠴᠠᠬᠤ ᠬᠥᠮᠦᠨ ᠢᠶᠠᠨ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠺᠣᠮᠢᠰ ᠤᠨ ᠠᠯᠪᠠᠨ ᠬᠡᠷ ᠲᠤ ᠮᠡᠳᠡᠭᠦᠯᠦᠨ ᠬᠦᠷᠭᠡᠬᠦ ᠬᠡᠷᠡᠭᠲᠡᠶ᠂ ᠡᠯᠧᠺᠲᠷᠣᠨ ᠰᠢᠤᠳᠠᠨ ᠤ ᠬᠠᠶᠢᠷᠴᠠᠭ᠄ wscsfszb@126.com
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号