ᠡᠷᠦᠬᠡ ᠳᠤ ᠬᠦᠷᠴᠦ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠦᠨ ᠨᠠᠰᠤᠲᠠᠶᠢᠴᠤᠳ ᠤᠨ ︽ᠴᠠᠯᠢᠩ ᠤᠨ ᠵᠣᠪᠠᠨᠢᠯ︾ ᠤᠨ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/4/25
ᠡᠷᠦᠬᠡ ᠳᠤ ᠬᠦᠷᠴᠦ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠦᠨ ᠨᠠᠰᠤᠲᠠᠶᠢᠴᠤᠳ ᠤᠨ ︽ᠴᠠᠯᠢᠩ ᠤᠨ ᠵᠣᠪᠠᠨᠢᠯ︾ ᠤᠨ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠨ᠎ᠡ2023 ᠣᠨ ᠤ 4 ᠰᠠᠷ᠎ᠠ ᠶᠢᠨ 11 ᠤ ᠡᠳᠦᠷ᠂ ᠰᠢᠯᠢ ᠶᠢᠨ ᠬᠤᠲᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠥᠪᠥᠷ ᠮᠣᠩᠭᠤᠯ ᠤᠨ ᠷᠦᠢ ᡁᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠸᠠᠩ ᠵᠢᠶᠠᠨ ᠬᠤᠸᠠ ᠬᠠᠤᠯᠢᠴᠢ ᠶᠢ ᠳᠠᠭᠠᠭᠤᠯᠤᠨ ᠰᠦᠨ ᠣᠪᠣᠭᠲᠤ ᠶᠢᠨ ᠭᠡᠷ ᠲᠤ ᠬᠦᠷᠴᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠭᠠᠷ ᠭᠦᠢᠴᠡᠳᠬᠡᠯ ᠬᠢᠵᠦ᠂ ᠲᠡᠳᠡᠨ ᠢ ᠬᠠᠪᠰᠤᠷᠤᠨ ᠬᠥᠳᠡᠯᠮᠦᠷᠢ ᠶᠢᠨ ᠬᠥᠯᠥᠰᠦ ᠣᠯᠭᠤᠮᠵᠢ ᠶᠢ ᠨᠢ  ᠨᠡᠬᠡᠮᠵᠢᠯᠡᠪᠡ  ᠃ ᠰᠦᠨ ᠣᠪᠣᠭᠲᠤ ᠡᠨᠡ ᠵᠢᠯ 66 ᠨᠠᠰᠤᠲᠠᠢ᠂ 2019 ᠣᠨ   ᠠᠴᠠ 2021 ᠣᠨ ᠤ ᠬᠤᠭᠤᠷᠣᠨᠳᠤ ᠨᠢᠭᠡᠨ ᠠᠳᠠᠯ ᠠᠬᠤᠢ ᠶᠢᠨ ᠺᠣᠮᠫᠠᠨᠢ ᠳᠤ ᠬᠥᠯᠥᠰᠦᠯᠡᠭᠳᠡᠨ ᠠᠮᠤᠷ ᠢ ᠬᠠᠮᠠᠭᠠᠯᠠᠬᠤ ᠠᠵᠢᠯ ᠬᠢᠵᠦ ᠪᠠᠶᠢᠪᠠ᠃ 2021 ᠣᠨ ᠤ 8 ᠰᠠᠷ᠎ᠠ ᠳᠤ᠂  ᠰᠦᠨ ᠣᠪᠣᠭᠲᠤ ᠶᠢᠨ ᠪᠡᠶ᠎ᠡ ᠮᠠᠬᠠᠪᠤᠳ ᠤᠨ ᠰᠢᠯᠲᠠᠭᠠᠨ ᠠᠴᠠ ᠠᠳᠠᠯ ᠠᠬᠤᠢ ᠶᠢᠨ ᠺᠣᠮᠫᠠᠨᠢ ᠲᠡᠭᠦᠨ ᠢ ᠠᠵᠢᠯ ᠠᠴᠠ ᠨᠢ ᠵᠣᠭᠰᠣᠭᠠᠵᠤ᠂ ᠬᠤᠶᠠᠷ ᠲᠦᠮᠡ ᠭᠠᠷᠤᠢ ᠲᠥᠭᠦᠷᠢᠭ ᠤᠨ ᠴᠠᠯᠢᠩ ᠢ   ᠨᠢ  ᠥᠭᠭᠦᠭᠰᠡᠨ ᠦᠭᠡᠢ᠂ ᠰᠦᠨ ᠣᠪᠣᠭᠲᠤ ᠤᠯᠠᠨ ᠤᠳᠠᠭ᠎ᠠ  ᠨᠡᠭᠡᠬᠦ ᠳᠤ ᠠᠳᠠᠯ ᠠᠬᠤᠢ ᠶᠢᠨ ᠺᠣᠮᠫᠠᠨᠢ ᠤᠷᠢᠳ ᠬᠤᠵᠢᠳ 8000 ᠭᠠᠷᠤᠢ ᠲᠥᠭᠦᠷᠢᠭ ᠥᠭᠴᠦ᠂ ᠦᠯᠡᠳᠡᠭᠰᠡᠨ ᠲᠦᠮᠡ ᠭᠠᠷᠤᠢ ᠲᠥᠭᠦᠷᠢᠭ ᠤᠨ ᠴᠠᠯᠢᠩ ᠢ ᠨᠢ ᠤᠳᠤ ᠪᠣᠯᠲᠠᠯ᠎ᠠ ᠥᠭᠭᠦᠭᠰᠡᠨ ᠦᠭᠡᠢ᠃ ᠠᠪᠤ ᠶᠢᠨ ᠢᠶᠠᠨ ᠴᠠᠯᠢᠩ ᠢ ᠬᠠᠪᠰᠣᠷᠣᠨ ᠣᠯᠵᠣ ᠥᠭᠬᠦ ᠶᠢᠨ ᠲᠥᠯᠥᠭᠡ᠂ ᠰᠦᠨ ᠣᠪᠣᠭᠲᠤ ᠶᠢᠨ ᠥᠬᠢᠨ ᠨᠢ  ᠰᠢᠯᠢ ᠶᠢᠨ ᠬᠤᠲᠠ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ  ᠲᠤ ᠣᠳᠠᠰᠣ ᠠᠪᠴᠣ ᠠᠰᠠᠭᠤᠨ ᠯᠠᠪᠯᠠᠭᠰᠠᠨ ᠳᠤ᠂ ᠠᠵᠢᠯᠲᠠᠨ ᠠᠴᠠ ᠲᠡᠳᠡᠨ ᠤ ᠦᠨᠳᠦᠰᠦᠨ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠠᠳᠠᠯ ᠠᠬᠤᠢ ᠶᠢᠨ ᠺᠣᠮᠫᠠᠨᠢ ᠲᠠᠢ ᠴᠠᠭ ᠲᠤᠬᠠᠢ ᠳᠤᠨᠢ ᠬᠠᠷᠢᠯᠴᠠᠵᠤ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠳᠤ ᠤᠯᠠᠨ ᠤᠳᠠᠭ᠎ᠠ ᠡᠶᠡᠳᠡᠭᠦᠯᠭᠡ ᠬᠢᠭᠰᠡᠨ ᠪᠣᠯᠪᠠᠴᠤ ᠠᠳᠠᠯ ᠠᠬᠤᠢ ᠶᠢᠨ ᠺᠣᠮᠫᠠᠨᠢ ᠨᠢ ᠰᠦᠨ ᠣᠪᠣᠭᠲᠤ  ᠳᠤ ᠥᠷᠢᠲᠦᠵᠦ ᠪᠠᠶᠢᠭ᠎ᠠ ᠦᠯᠡᠳᠡᠭᠰᠡᠨ ᠴᠠᠯᠢᠩ ᠢ ᠥᠭᠭᠦᠭᠰᠡᠨ ᠦᠭᠡᠢ᠂ ᠰᠦᠨ ᠣᠪᠣᠭᠲᠤ ᠵᠠᠷᠭᠤ ᠪᠠᠷ ᠳᠠᠮᠵᠢᠭᠤᠯᠤᠨ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠪᠠᠷ ᠲᠣᠭᠲᠠᠪᠠ᠃       ᠰᠢᠯᠢ ᠶᠢᠨ ᠬᠤᠲᠠ ᠶᠢᠨ ᠣᠯᠠᠨ ᠨᠡᠶᠢᠲᠡ   ᠶᠢᠨ ᠬᠠᠤᠯᠢ ᠴᠠᠭᠠᠵᠠ   ᠶᠢᠨ ᠦᠢᠯᠡᠴᠢᠯᠡᠭᠡᠨ ᠤ ᠲᠥᠪ ᠰᠦᠨ ᠣᠪᠣᠭᠲᠤ   ᠶᠢᠨ ᠭᠤᠶᠤᠴᠢᠯᠠᠯ   ᠢ ᠳᠤᠰᠤᠭᠰᠠᠨ ᠤ ᠳᠠᠷᠠᠭ᠎ᠠ᠂ ᠰᠦᠨ ᠣᠪᠣᠭᠲᠤ ᠬᠦᠨᠳᠦ ᠡᠪᠡᠳᠴᠢᠨ ᠳᠤ ᠨᠡᠷᠪᠡᠭᠳᠡᠵᠦ᠂ ᠭᠤᠶᠤᠴᠢᠯᠠᠯ ᠤᠨ ᠭᠠᠷ ᠭᠦᠢᠴᠡᠳᠬᠡᠯ   ᠢ ᠭᠦᠢᠴᠡᠳᠬᠡᠬᠦ ᠪᠠᠷ ᠢᠷᠡᠵᠦ ᠴᠢᠳᠠᠬᠤ ᠦᠭᠡᠢ   ᠶᠢ ᠮᠡᠳᠡᠭᠡᠳ᠂ ᠲᠡᠭᠦᠨ ᠳᠤ ᠬᠠᠤᠯᠢ ᠴᠠᠭᠠᠵᠠ   ᠶᠢᠨ ᠲᠤᠰᠠᠯᠠᠮᠵᠢ ᠬᠠᠩᠭᠠᠬᠤ ᠪᠠᠷ ᠲᠣᠭᠲᠠᠪᠠ᠃ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠤᠰᠠᠯᠠᠮᠵᠢ ᠭᠥᠷᠳᠡᠬᠦ ᠣᠯᠠᠨ ᠲᠦᠮᠡᠨ ᠳᠤ ᠤᠯᠠᠮ ᠨᠢᠭᠡ ᠠᠯᠬᠤᠮ ᠲᠥᠬᠦᠮ ᠦᠵᠡᠭᠦᠯᠬᠦ ᠶᠢᠨ ᠲᠥᠯᠥᠭᠡ᠂  ᠲᠡᠷᠡ ᠳᠠᠷᠤᠢ  ᠳᠤᠨᠢ  ᠲᠤᠰᠠᠯᠠᠬᠤ ᠬᠠᠤᠯᠢᠴᠢ ᠶᠢ ᠵᠢᠭᠠᠨ ᠲᠣᠮᠢᠯᠠᠭᠰᠠᠨ ᠪᠥᠭᠡᠳ ᠬᠠᠮᠲᠤ ᠪᠠᠷ ᠭᠡᠷ ᠲᠤᠨᠢ ᠬᠦᠷᠴᠦ᠂ ᠤᠷᠢᠳᠴᠢᠯᠠᠨ ᠨᠡᠪᠲᠡᠷᠡᠯᠴᠡᠬᠦ ᠪᠠᠷ ᠳᠠᠮᠵᠢᠭᠤᠯᠤᠨ ᠵᠠᠭᠠᠯᠳᠤᠯᠭ᠎ᠠ ᠶᠢᠨ ᠪᠢᠴᠢᠭ ᠢ ᠣᠷᠣᠯᠠᠨ ᠪᠢᠴᠢᠵᠦ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ᠂ ᠭᠥᠯᠢᠶᠡᠨ ᠠᠪᠴᠤ ᠰᠢᠢᠳᠪᠦᠷᠢᠯᠡᠬᠦ ᠵᠢᠴᠢ ᠨᠠᠶᠢᠳᠠᠯᠭ᠎ᠠ ᠶᠢᠨ ᠠᠵᠢᠯ ᠢ ᠬᠠᠮᠤᠭ ᠤᠨ ᠣᠬᠤᠷ ᠬᠤᠭᠤᠴᠠᠭᠠᠨ ᠳᠤ ᠪᠡᠶᠡᠯᠡᠭᠦᠯᠵᠦ᠂ ᠲᠤᠬᠠᠢ ᠶᠢᠨ ᠲᠠᠯᠠᠪᠤᠷ ᠲᠤ ᠬᠢᠨᠠᠨ ᠬᠠᠷᠭᠤᠭᠤᠯᠬᠤ ᠬᠦᠰᠦᠨᠦᠭᠲᠦ ᠶᠢ ᠲᠠᠭᠯᠠᠪᠠ᠃ ᠲᠤᠰᠠᠯᠠᠮᠵᠢ ᠭᠥᠷᠳᠡᠭᠰᠡᠨ ᠣᠯᠠᠨ ᠲᠦᠮᠡᠨ ᠢᠯᠡᠷᠬᠡᠶᠢᠯᠡᠬᠦ ᠳᠡᠭᠡᠨ᠂ ︽ᠬᠠᠤᠯᠢ ᠴᠠᠭᠠᠵᠠ ᠶᠢᠨ ᠦᠢᠯᠡᠴᠢᠯᠡᠭᠡ ᠡᠶᠢᠮᠦ ᠪᠦᠷᠢᠨ ᠭᠦᠢᠴᠡᠳ᠂ ᠦᠷ᠎ᠡ ᠪᠦᠲᠦᠮᠵᠢ ᠡᠶᠢᠮᠦ ᠥᠨᠳᠥᠷ ᠪᠠᠶᠢᠬᠤ ᠶᠢ ᠪᠤᠳᠤᠵᠤ ᠣᠯᠣᠭᠰᠠᠨ ᠦᠭᠡᠢ᠂ ᠲᠠ ᠨᠠᠷ ᠤᠨ ᠭᠡᠷ ᠲᠤ ᠢᠷᠡᠵᠦ ᠦᠢᠯᠡᠴᠢᠯᠡᠭᠰᠡᠨ ᠳᠤ ᠮᠠᠰᠢ ᠲᠠᠯᠠᠷᠬᠠᠵᠤ ᠪᠠᠶᠢᠨ᠎ᠠ︾ ᠭᠡᠪᠡ᠃ ᠲᠠᠷᠠᠭᠠᠴᠢ ᠶᠢᠨ ᠠᠯᠬᠤᠮ ᠳᠤ᠂  ᠲᠣᠰᠠᠯᠠᠭᠴᠢ ᠬᠠᠤᠯᠢᠴᠢ  ᠴᠠᠯᠢᠩ ᠢ ᠳ᠋ᠦᠩᠨᠡᠨ ᠪᠤᠳᠤᠭᠰᠠᠨ ᠬᠠᠭᠤᠳᠠᠰᠤ᠂ ᠲᠤᠬᠠᠢ ᠶᠢᠨ ᠬᠥᠮᠥᠨ ᠤ ᠬᠠᠩᠭᠠᠭᠰᠠᠨ ᠭᠡᠷᠡᠴᠢ ᠪᠠᠷᠢᠮᠲᠠ ᠶᠢ ᠦᠨᠳᠦᠰᠦᠯᠡᠨ᠂ ᠰᠢᠭᠦᠬᠦ ᠬᠤᠷᠢᠶ᠎ᠠ ᠳᠤ ᠵᠠᠷᠭᠤ  ᠬᠢᠬᠦ ᠪᠠᠷ ᠭᠤᠶᠤᠴᠢᠯᠠᠵᠤ᠂ ᠲᠤᠰᠠᠯᠠᠮᠵᠢ ᠬᠦᠷᠲᠡᠭᠴᠢ ᠶᠢ  ᠬᠠᠪᠰᠤᠷᠤᠨ  ᠬᠥᠳᠡᠯᠮᠦᠷᠢ ᠶᠢᠨ ᠬᠥᠯᠥᠰᠦ ᠣᠯᠭᠤᠮᠵᠢ ᠶᠢ ᠨᠢ ᠡᠷᠲᠡᠬᠡᠨ ᠨᠡᠬᠡᠮᠵᠢᠯᠡᠨ ᠣᠯᠬᠤ ᠶᠢ ᠦᠨᠡᠨ ᠬᠦ ᠪᠠᠲᠤᠯᠠᠨ᠎ᠠ᠃ ᠰᠢᠯᠢ ᠶᠢᠨ ᠬᠤᠲᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠨᠠᠰᠤᠲᠠᠶᠢᠴᠤᠳ᠂ ᠪᠠᠭᠤᠷᠠᠢ᠂ ᠡᠪᠡᠳᠴᠢᠲᠡᠨ᠂ ᠵᠡᠮᠳᠡᠭ ᠵᠡᠷᠭᠡ ᠣᠨᠴᠠᠭᠠᠶ ᠪᠠᠶᠢᠳᠠᠯ ᠲᠠᠢ ᠣᠯᠠᠨ ᠲᠦᠮᠡᠨ ᠳᠤ ︽ᠰᠠᠭᠠᠳ ᠦᠭᠡᠢ ᠨᠡᠪᠲᠡᠷᠡᠬᠦ ᠵᠠᠮ︾ ᠪᠠ ︽ᠭᠡᠷ ᠲᠤᠨᠢ ᠣᠴᠢᠵᠤ ᠦᠢᠯᠡᠴᠢᠯᠡᠬᠦ︾ ᠵᠠᠮ ᠢ ᠨᠡᠭᠡᠭᠡᠨ ᠥᠭᠴᠦ᠂ ᠤᠷᠢᠳ ᠢᠶᠠᠷ ᠬᠦᠯᠢᠶᠡᠨ ᠠᠪᠴᠤ ᠰᠢᠢᠳᠪᠦᠷᠢᠯᠡᠬᠦ᠂ ᠤᠷᠢᠳ ᠢᠶᠠᠷ ᠬᠢᠨᠠᠨ ᠪᠠᠶᠢᠴᠠᠭᠠᠬᠤ᠂ ᠤᠷᠢᠳ ᠢᠶᠠᠷ ᠵᠢᠭᠠᠨ ᠲᠣᠮᠢᠯᠠᠬᠤ ︽ᠭᠤᠷᠪᠠᠨ ᠰᠢᠯᠢᠳᠡᠭ︾ ᠤᠨ ᠦᠢᠯᠡᠴᠢᠯᠡᠭᠡ ᠶᠢ ᠬᠡᠷᠡᠭᠵᠢᠭᠦᠯᠵᠦ᠂ ᠬᠦᠴᠢᠷᠳᠡᠯ ᠲᠠᠢ ᠤᠯᠠᠨ ᠲᠦᠮᠡᠨ ᠳᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂  ᠲᠣᠳᠣᠨᠣᠰᠤᠭ ᠢ ᠭᠦᠨᠵᠡᠭᠡᠢ ᠮᠡᠳᠡᠷᠡᠭᠦᠯᠦᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号