︽ᠰᠢᠯᠢ ᠶᠢᠨ ᠬᠤᠲᠠ ᠶᠢᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠰᠦᠯ ︵ᠲᠤᠷᠰᠢᠨ ᠬᠡᠷᠡᠭᠵᠢᠭᠦᠯᠬᠦ︶︾᠎ ᠢ ᠳᠠᠷᠤᠮᠠᠯᠯᠠᠨ ᠶᠠᠪᠤᠭᠤᠯᠬᠤ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/5/23
 ︽ᠰᠢᠯᠢ ᠶᠢᠨ ᠬᠤᠲᠠ ᠶᠢᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠰᠦᠯ ︵ᠲᠤᠷᠰᠢᠨ ᠬᠡᠷᠡᠭᠵᠢᠭᠦᠯᠬᠦ︶︾᠎ ᠢ ᠳᠠᠷᠤᠮᠠᠯᠯᠠᠨ ᠶᠠᠪᠤᠭᠤᠯᠬᠤ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠬᠡᠷ ᠲᠤ᠄ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠡᠳᠦᠭᠡ ︽ᠰᠢᠯᠢ ᠶᠢᠨ ᠬᠤᠲᠠ ᠶᠢᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠰᠦᠯ ︵ᠲᠤᠷᠰᠢᠨ ᠬᠡᠷᠡᠭᠵᠢᠭᠦᠯᠬᠦ︶︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃ᠰᠢᠯᠢᠩᠬᠤᠲᠠ ᠶᠢᠨ ᠠᠷᠠᠳ ᠤᠨ ᠵᠠᠰᠠᠭ ᠤᠨ ᠣᠷᠳᠣᠨ2023 ᠣᠨ ᠤ 5 ᠰᠠᠷ᠎ᠠ ᠶᠢᠨ 23ᠰᠢᠯᠢᠩᠬᠤᠲᠠ ᠶᠢᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠰᠦᠯ ︵ᠲᠤᠷᠰᠢᠨ ᠬᠡᠷᠡᠭᠵᠢᠭᠦᠯᠬᠦ︶ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠤᠯᠠᠮ ᠨᠢᠭᠡ ᠠᠯᠬᠤᠮ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠥᠷᠭᠡᠨ ᠣᠯᠠᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠦᠲᠦᠮᠵᠢᠲᠡᠶ ᠪᠠᠲᠤᠯᠠᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠰᠦᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠠᠯᠪᠠᠨ ᠲᠠᠷᠬᠠᠭᠠᠭᠰᠠᠨ ︹ 2020 ︺ 49 ᠳ᠋ᠦᠭᠡᠷ ᠲᠣᠭᠠᠲᠤ︶ ᠪᠣᠯᠤᠨ ︽ᠰᠢᠯᠢ ᠶᠢᠨ ᠭᠤᠤᠯ ᠠᠶᠢᠮᠠᠭ ᠤᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠰᠦᠯ ︵ᠲᠤᠷᠰᠢᠨ ᠬᠡᠷᠡᠭᠵᠢᠭᠦᠯᠬᠦ︶︾ ︵ᠰᠢᠯᠢ ᠶᠢᠨ ᠭᠤᠤᠯ ᠵᠠᠬᠢᠷᠭ᠎ᠠ ᠠᠯᠪᠠᠨ ᠲᠠᠷᠬᠠᠭᠠᠭᠰᠠᠨ ︹ 2023 ︺ 31 ᠳ᠋ᠦᠭᠡᠷ ᠲᠣᠭᠠᠲᠤ︶᠎ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃ᠨᠢᠭᠡ᠂ ᠦᠨᠳᠦᠰᠦᠨ ᠪᠠᠶᠢᠳᠠᠯᠣᠶᠢᠷ᠎ᠠ ᠶᠢᠨ ᠵᠢᠯ ᠳᠤ᠂ ᠮᠠᠨ ᠤ ᠬᠤᠲᠠ ᠳᠤ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠣᠯᠠᠨ ᠡᠭᠦᠰᠬᠦ ᠪᠠᠶᠢᠳᠠᠯ ᠢᠯᠡᠷᠡᠵᠦ᠂ ᠡᠪᠡᠳᠴᠢᠲᠡᠨ ᠤ ᠬᠦᠨᠳᠦ ᠨᠣᠴᠢᠲᠠᠶ ᠬᠡᠮᠵᠢᠶ᠎ᠡ ᠤᠯᠠᠮ ᠢᠶᠠᠷ ᠬᠦᠨᠳᠦᠷᠡᠵᠦ ᠪᠠᠶᠢᠨ᠎ᠠ᠃ ᠣᠳᠣᠬᠠᠨ ᠤ ᠰᠤᠳᠤᠯᠭᠠᠨ ᠠᠴᠠ ᠦᠵᠡᠪᠡᠯ᠂ ᠴᠡᠴᠡᠭ ᠤᠨ ᠲᠣᠭᠤᠰᠣᠨ ᠤ ᠬᠠᠷᠰᠢᠯ ᠪᠣᠯ ᠤᠯᠠᠷᠢᠯ ᠤᠨ ᠴᠢᠨᠠᠷᠲᠠᠶ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠪᠠ ᠬᠢᠷᠬᠢᠷ᠎ᠡ ᠶᠢ ᠡᠭᠦᠰᠭᠡᠬᠦ ᠭᠤᠤᠯ ᠰᠢᠯᠲᠠᠭᠠᠨ ᠮᠥᠨ᠃ ᠬᠢᠨᠠᠨ ᠬᠡᠮᠵᠢᠯᠲᠡ ᠳᠤ ᠢᠯᠡᠷᠡᠭᠦᠯᠦᠭᠰᠡᠨ ᠢᠶᠠᠷ᠂ ᠮᠠᠨ ᠤ ᠬᠤᠲᠠ ᠶᠢᠨ ᠬᠠᠪᠤᠷ ᠤᠨ ᠤᠯᠠᠷᠢᠯ ᠤᠨ ᠴᠡᠴᠡᠭ ᠤᠨ ᠲᠣᠭᠤᠰᠣ ᠪᠣᠯ ᠭᠤᠤᠯᠳᠠᠭᠤ ᠬᠠᠶᠢᠯᠠᠰᠤᠨ ᠮᠣᠳᠣ᠂ ᠤᠯᠢᠶᠠᠰᠤᠨ ᠮᠣᠳᠣ᠂ ᠤᠳᠠ ᠮᠣᠳᠣ ᠪᠠᠶᠢᠵᠤ᠂ ᠡᠪᠡᠳᠴᠢᠯᠡᠬᠦ ᠬᠡᠮᠵᠢᠶ᠎ᠡ ᠨᠢ ᠨᠡᠯᠢᠶᠡᠳ ᠬᠥᠩᠭᠡᠨ᠂ ᠬᠥᠮᠦᠨ ᠠᠮᠠ ᠨᠢ ᠬᠠᠷᠢᠴᠠᠩᠭᠤᠶ ᠪᠠᠷ ᠨᠡᠯᠢᠶᠡᠳ ᠴᠥᠭᠡᠨ ᠪᠠᠶᠢᠳᠠᠭ᠃ ᠵᠤᠨ ᠨᠠᠮᠤᠷ ᠤᠨ ᠤᠯᠠᠷᠢᠯ ᠤᠨ ᠴᠡᠴᠡᠭ ᠤᠨ ᠲᠣᠭᠤᠰᠣ ᠪᠣᠯ ᠭᠤᠣᠯᠳᠠᠭᠤ ᠰᠢᠷᠠᠯᠵᠢ ᠶᠢᠨ ᠲᠦᠷᠦᠯ᠂ ᠠᠭᠰᠢᠷᠠᠭ᠎ᠠ ᠶᠢᠨ ᠢᠵᠠᠭᠤᠷ᠂ ᠵᠦᠷᠭᠡᠶ ᠶᠢᠨ ᠢᠵᠠᠭᠤᠷ᠂ ᠦᠶᠡᠲᠦ ᠤᠷᠭᠤᠮᠠᠯ ᠤᠨ ᠢᠵᠠᠭᠤᠷ ᠤᠨ ᠡᠪᠡᠳᠴᠢᠨ ᠡᠭᠦᠰᠬᠦ ᠬᠡᠮᠵᠢᠶ᠎ᠡ ᠨᠢ ᠨᠡᠯᠢᠶᠡᠳ ᠬᠦᠨᠳᠦ᠂ ᠬᠥᠮᠦᠨ ᠤ ᠲᠤᠭ᠎ᠠ ᠨᠢ ᠶᠡᠭᠡ᠂ ᠠᠮᠠᠷᠬᠠᠨ ᠬᠠᠷᠰᠢᠮᠠᠲᠠᠭᠠᠶ ᠴᠢᠨᠠᠷᠲᠠᠶ ᠬᠢᠷᠬᠢᠷ᠎ᠡ ᠪᠤᠶᠤ ᠬᠠᠷᠰᠢᠮᠠᠲᠠᠭᠠᠶ ᠴᠢᠨᠠᠷᠲᠠᠶ ᠨᠡᠶᠢᠯᠡᠮᠡᠯ ᠪᠦᠷᠬᠦᠪᠴᠢ ᠶᠢᠨ ᠦᠷᠪᠢᠰᠦᠯ ᠳᠠᠭᠠᠯᠳᠤᠳᠠᠭ᠃ ᠡᠭᠦᠨ ᠳᠤ ᠰᠢᠷᠠᠯᠵᠢ ᠶᠢᠨ ᠲᠥᠷᠥᠯ ᠤᠨ ᠤᠷᠭᠤᠮᠠᠯ ᠤᠨ ᠴᠡᠴᠡᠭ ᠤᠨ ᠲᠣᠭᠤᠰᠣᠨ ᠤ ᠬᠠᠷᠰᠢᠯ ᠬᠠᠮᠤᠭ ᠬᠦᠨᠳᠦ ᠨᠣᠴᠢᠲᠠᠶ ᠪᠠᠶᠢᠵᠤ᠂ ᠵᠢᠯ ᠪᠦᠷᠢ ᠶᠢᠨ 7 ᠰᠠᠷ᠎ᠠ ᠠᠴᠠ 8 ᠰᠠᠷ᠎ᠠ ᠪᠣᠯ ᠰᠢᠷᠠᠯᠵᠢ ᠶᠢᠨ ᠲᠥᠷᠥᠯ ᠤᠨ ᠴᠡᠴᠡᠭ ᠤᠨ ᠲᠣᠭᠤᠰᠣᠨ ᠤ ᠲᠠᠷᠬᠠᠬᠤ ᠭᠤᠣᠯ ᠤᠯᠠᠷᠢᠯ ᠪᠣᠯᠤᠨ᠎ᠠ᠃ᠠᠵᠢᠯ ᠤᠨ ᠬᠠᠷᠠᠯᠲᠠᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠣᠯᠠᠨ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠤᠨ ᠲᠣᠭᠲᠠᠴᠠ ᠪᠠ ᠨᠡᠶᠢᠭᠡᠮ ᠤᠨ ᠠᠭᠤᠷ ᠠᠮᠢᠰᠬᠤᠯ ᠢ ᠪᠠᠶᠢᠭᠤᠯᠤᠨ᠎ᠠ᠃ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠲᠠᠯ᠎ᠠ ᠪᠠᠷ᠂ ᠬᠠᠷᠰᠢᠮᠠᠲᠠᠭᠠᠶ ᠶᠢᠨ ᠣᠭ ᠨᠣᠲ ᠤᠨ ᠪᠠᠶᠢᠴᠠᠭᠠᠯᠲᠠ ᠪᠠ ᠵᠠᠳᠠᠯᠤᠯᠲᠠ ᠰᠤᠳᠤᠯᠭᠠᠨ ᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠦᠨ᠎ᠡ︔ ᠠᠮᠢ ᠠᠬᠤᠶ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠠᠷᠰᠢᠮᠠᠲᠠᠭᠠᠶ ᠡᠬᠢ ᠶᠢᠨ ᠥᠳᠬᠡᠴᠡ ᠶᠢ ᠪᠠᠭᠤᠷᠠᠭᠤᠯᠤᠨ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠤᠨ ᠤᠯᠠᠷᠢᠯ ᠤᠨ ᠴᠢᠨᠠᠷᠲᠠᠶ ᠥᠨᠳᠥᠷ ᠢᠯᠡᠷᠡᠭᠦᠯᠦᠯᠲᠡ ᠶᠢᠨ ᠪᠠᠶᠢᠳᠠᠯ ᠢ ᠨᠠᠮᠳᠠᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠡᠮᠨᠡᠨ ᠵᠠᠰᠠᠬᠤ ᠲᠠᠯ᠎ᠠ ᠪᠠᠷ᠂ ᠬᠢᠲᠠᠳ ᠮᠣᠩᠭᠤᠯ ᠧᠦ᠋ᠷᠣᠫᠠ ᠡᠮᠨᠡᠯᠭᠡ ᠶᠢᠨ ᠡᠯ᠎ᠡ ᠲᠥᠷᠥᠯ ᠤᠨ ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠡᠮᠴᠢᠯᠡᠭᠡᠨ ᠤ ᠰᠤᠳᠤᠯᠭᠠᠨ ᠢ ᠥᠷᠨᠢᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠡᠪᠡᠳᠴᠢᠨ ᠥᠬᠡᠶ ᠡᠪᠡᠳᠴᠢᠨ ᠢ ᠵᠠᠰᠠᠬᠤ ᠣᠨᠴᠠᠯᠢᠭ ᠢ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠳᠤ ᠬᠡᠷᠡᠭᠯᠡᠨ᠎ᠡ᠃ ᠣᠯᠠᠨ ᠲᠦᠮᠡᠨ ᠤ ᠣᠷᠣᠯᠴᠠᠬᠤ ᠲᠠᠯ᠎ᠠ ᠪᠠᠷ᠂ ᠡᠪᠡᠳᠴᠢᠨ ᠡᠮᠭᠡᠭ ᠤᠨ ᠣᠯᠠᠨ ᠨᠡᠶᠢᠲᠡ ᠳᠤ ᠮᠡᠳᠡᠷᠡᠭᠳᠡᠬᠦ ᠬᠡᠮᠵᠢᠶ᠎ᠡ ᠶᠢ ᠳᠥᠯᠭᠢᠨ ᠠᠬᠢᠭᠤᠯᠵᠤ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠲᠠᠢ ᠡᠪᠡᠳᠴᠢᠲᠡᠨ ᠳᠤ ᠰᠢᠨᠵᠢᠯᠡᠬᠦ ᠤᠬᠠᠭᠠᠨᠴᠢ ᠤᠷᠢᠳᠴᠢᠯᠠᠨ ᠰᠡᠷᠭᠡᠶᠢᠯᠡᠬᠦ ᠮᠡᠳᠡᠭᠡ ᠵᠠᠩᠭᠢ ᠶᠢ ᠲᠦᠭᠡᠮᠡᠯᠵᠢᠭᠦᠯᠵᠦ᠂ ᠣᠯᠠᠨ ᠲᠦᠮᠡᠨ ᠤ ᠲᠣᠰ ᠪᠡᠶ᠎ᠡ ᠶᠢᠨ ᠡᠭᠡᠯᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ︵ᠨᠢᠭᠡ︶ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠨ᠎ᠡ᠃ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠨᠢ ᠤᠤᠯ ᠤᠨ ᠠᠵᠢᠯ ᠤᠨ ᠰᠠᠭᠤᠷᠢ ᠪᠠᠨ ᠦᠨᠳᠦᠰᠦᠯᠡᠨ᠂ ᠪᠡᠭᠡᠵᠢᠩ᠂ ᠬᠥᠬᠡᠬᠤᠲᠠ ᠵᠡᠷᠭᠡ ᠡᠯ᠎ᠡ ᠲᠣᠮᠣ ᠡᠮᠨᠡᠯᠭᠡ ᠶᠢᠨ ᠬᠤᠷᠢᠶ᠎ᠠ ᠶᠢᠨ ᠮᠠᠨ ᠤ ᠬᠤᠲᠠ ᠳᠤ ᠥᠷᠨᠢᠭᠦᠯᠦᠭᠰᠡᠨ ᠬᠦᠨᠳᠦ ᠶᠡᠭᠡ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠤᠨ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠶ᠋ᠯ ᠳᠤ ᠦᠷᠭᠦᠯᠵᠢᠯᠡᠨ ᠢᠳᠡᠪᠬᠢᠲᠡᠶ ᠣᠷᠣᠯᠴᠠᠨ᠎ᠠ᠃ ᠡᠯ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠤᠨ ᠦᠷᠭᠦᠯᠵᠢᠯᠡᠨ ᠰᠤᠳᠤᠯᠬᠤ ᠪᠠᠷ ᠳᠠᠮᠵᠢᠭᠤᠯᠤᠨ᠂ ᠮᠠᠨ ᠤ ᠬᠤᠲᠠ ᠶᠢᠨ ᠠᠭᠠᠷ ᠳᠠᠮᠵᠢᠭᠤᠯᠬᠤ ᠰᠣᠷᠭᠤᠭ ᠴᠡᠴᠡᠭ ᠤᠨ ᠲᠣᠭᠤᠰᠣᠨ ᠤ ᠳᠦᠷᠰᠦ ᠶᠢᠨ ᠪᠦᠷᠢᠯᠳᠦᠯ᠂ ᠲᠠᠷᠬᠠᠯᠲᠠ ᠶᠢᠨ ᠣᠨᠴᠠᠯᠢᠭ᠂ ᠬᠡᠶᠢᠰᠦᠨ ᠰᠠᠷᠨᠢᠬᠤ ᠵᠢᠮ᠎ᠡ ᠶᠣᠰᠣ ᠵᠢᠴᠢ ᠴᠠᠭ ᠠᠭᠤᠷ ᠤᠨ ᠬᠦᠴᠦᠨ ᠵᠦᠶ᠋ᠯ ᠤᠨ ᠬᠤᠭᠤᠷᠣᠨᠳᠣᠬᠢ ᠬᠠᠷᠢᠴᠠᠭ᠎ᠠ ᠶᠢ ᠣᠨᠣᠪᠴᠢᠲᠠᠶ ᠡᠵᠡᠮᠰᠢᠨ᠎ᠡ᠃ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠪᠣᠯᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠲᠤᠰᠬᠠᠶ ᠰᠠᠯᠠᠭᠠᠨ ᠤ ᠡᠭᠦᠳᠡᠨ ᠡᠮᠨᠡᠯᠭᠡ ᠳᠤ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢᠶᠠᠷ ᠡᠮᠨᠡᠭᠦᠯᠦᠭᠰᠡᠨ ᠡᠪᠡᠳᠴᠢᠲᠡᠨ ᠢ ᠬᠢᠨᠠᠨ ᠬᠡᠮᠵᠢᠵᠦ᠂ ᠡᠷᠡᠭᠦᠯ ᠮᠡᠨᠳᠦ ᠶᠢᠨ ᠪᠠᠶᠢᠴᠠᠭᠠᠯᠲᠠ ᠶᠢ ᠥᠷᠨᠢᠭᠦᠯᠵᠦ᠂ ᠳᠡᠩᠰᠡᠯᠡᠨ ᠲᠡᠮᠳᠡᠭᠯᠡᠵᠦ᠂ ᠲᠤᠰᠬᠠᠶ ᠳᠡᠪᠲᠡᠷ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠵᠦ ᠲᠤᠭ᠎ᠠ ᠪᠠᠷᠢᠮᠲᠠ ᠶᠢᠨ ᠵᠠᠳᠠᠯᠤᠯᠲᠠ ᠬᠢᠯᠭᠡᠵᠦ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠵᠠᠳᠠᠯᠤᠭᠰᠠᠨ ᠲᠤᠭ᠎ᠠ ᠪᠠᠷᠢᠮᠲᠠ ᠪᠠᠨ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠬᠠᠷᠢᠭᠤ ᠲᠤᠰᠬᠠᠵᠤ᠂ ᠪᠥᠬᠦ ᠬᠤᠲᠠ ᠶᠢᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠲᠥᠰᠦᠯ ᠢ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠬᠡᠷᠡᠭᠲᠡᠶ᠃︵ᠬᠤᠶᠠᠷ︶ ᠡᠷᠡᠭᠦᠯ ᠮᠡᠨᠳᠦ ᠶᠢᠨ ᠪᠠᠶᠢᠴᠠᠭᠠᠯᠲᠠ᠃ ᠡᠯ᠎ᠡ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠤᠭᠤᠳ ᠲᠣᠰ ᠬᠠᠷᠢᠶ᠎ᠠ ᠣᠷᠣᠨ ᠤ ᠪᠠᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠳᠤ ᠨᠡᠷᠪᠡᠭᠳᠡᠭᠰᠡᠨ ᠪᠠᠶᠢᠳᠠᠯ ᠢ ᠲᠣᠳᠣᠷᠬᠠᠶ ᠣᠶᠢᠯᠠᠭᠠᠵᠤ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠤᠨ ᠦᠨᠳᠦᠰᠦᠨ ᠪᠠᠶᠢᠳᠠᠯ ᠢ ᠴᠤᠭᠯᠠᠭᠤᠯᠬᠤ ᠶᠢᠨ ᠬᠠᠮᠲᠤ ᠡᠬᠡ ᠲᠠᠩᠰᠠ ᠪᠠᠶᠢᠭᠤᠯᠵᠤ᠂ ᠵᠢᠯ ᠪᠦᠷᠢ ᠨᠢᠭᠡ ᠤᠳᠠᠭ᠎ᠠ ᠳᠠᠭᠠᠵᠤ ᠰᠤᠷᠪᠤᠯᠵᠢᠯᠠᠬᠤ ᠶᠢ ᠥᠷᠨᠢᠭᠦᠯᠵᠦ᠂ ᠥᠷᠭᠡᠨ ᠣᠯᠠᠨ ᠬᠠᠮᠠᠷ ᠤᠨ ᠦᠷᠪᠢᠰᠦᠯ ᠲᠠᠢ ᠡᠪᠡᠳᠴᠢᠲᠡᠨ ᠤ ᠲᠣᠰ ᠪᠡᠶ᠎ᠡ ᠶᠢᠨ ᠡᠷᠡᠭᠦᠯ ᠮᠡᠨᠳᠦ ᠶᠢ ᠴᠢᠬᠤᠯᠠᠴᠢᠯᠠᠬᠤ ᠶᠢ ᠳᠡᠭᠡᠭᠰᠢᠯᠡᠭᠦᠯᠦᠨ᠎ᠡ᠃ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠥᠯᠢᠭᠡᠷ ᠠᠪᠴᠤ ᠰᠢᠯᠵᠢᠭᠦᠯᠬᠦ ᠲᠥᠰᠦᠯ ᠢ ᠬᠠᠷᠢᠭᠤᠴᠠᠨ ᠲᠣᠭᠲᠠᠭᠠᠵᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠥᠷᠨᠢᠭᠦᠯᠦᠨ᠂ ᠮᠠᠨ ᠤ ᠬᠤᠲᠠ ᠶᠢᠨ ᠬᠠᠷᠰᠢᠬᠤ ᠴᠢᠨᠠᠷᠲᠠᠶ ᠬᠠᠮᠠᠷ ᠤᠨ ᠦᠷᠪᠢᠰᠦᠯ ᠲᠠᠢ ᠡᠪᠡᠳᠴᠢᠲᠡᠨ ᠤ ᠡᠪᠡᠳᠴᠢᠯᠡᠬᠦ ᠰᠢᠯᠲᠠᠭᠠᠨ᠂ ᠡᠪᠡᠳᠴᠢᠨ ᠤ ᠪᠠᠶᠢᠳᠠᠯ ᠤᠨ ᠬᠦᠨᠳᠦ ᠬᠥᠩᠭᠡᠨ ᠢ ᠨᠥᠯᠥᠭᠡᠯᠡᠬᠦ ᠬᠦᠴᠦᠨ ᠵᠦᠶ᠋ᠯ ᠵᠢᠴᠢ ᠡᠪᠡᠳᠴᠢᠲᠡᠨ ᠤ ᠪᠤᠴᠠᠵᠤ ᠢᠷᠡᠭᠰᠡᠨ ᠪᠠᠶᠢᠳᠠᠯ ᠵᠡᠷᠭᠡ ︽ᠰᠠᠭᠤᠷᠢ ᠲᠤᠭ᠎ᠠ︾᠎ ᠶᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠨ᠎ᠠ᠃︵ᠭᠤᠷᠪᠠ︶ ᠬᠠᠷᠰᠢᠯ ᠡᠭᠦᠰᠭᠡᠭᠴᠢ ᠶᠢ ᠠᠷᠢᠯᠭᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠬᠤᠳᠠ ᠶᠢᠨ ᠵᠠᠰᠠᠭ ᠤᠨ ᠣᠷᠳᠣᠨ ᠠᠴᠠ ᠡᠯ᠎ᠡ ᠪᠠᠶᠢᠭᠤᠯᠤᠯᠭ᠎ᠠ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠷᠢᠭᠤᠴᠠᠯᠭᠠᠲᠤ ᠵᠠᠮ ᠤᠨ ᠬᠡᠰᠡᠭ ᠲᠤ ᠰᠢᠷᠠᠯᠵᠢ ᠡᠪᠡᠰᠦ ᠠᠷᠢᠯᠭᠠᠬᠤ ᠠᠵᠢᠯᠯᠠᠭ᠎ᠠ ᠶᠢ ᠥᠷᠨᠢᠭᠦᠯᠵᠦ᠂ ᠬᠤᠳᠠ ᠶᠢᠨ ᠲᠣᠭᠤᠷᠢᠭ ᠤᠨ ᠳᠣᠲᠣᠷᠠᠬᠢ ᠴᠡᠴᠡᠷᠯᠢᠭ᠂ ᠠᠭᠤᠳᠠᠮ ᠲᠠᠯᠠᠪᠠᠢ᠂ ᠨᠣᠭᠤᠭᠠᠨ ᠬᠥᠷᠥᠰᠥ᠂ ᠣᠷᠣᠨ ᠰᠠᠭᠤᠴᠠ ᠶᠢᠨ ᠲᠣᠭᠤᠷᠢᠭ ᠲᠠᠬᠢ ᠰᠢᠷᠠᠯᠵᠢ ᠶᠢᠨ ᠲᠦᠷᠦᠯ ᠤᠨ ᠤᠷᠭᠤᠮᠠᠯ ᠢ ᠠᠯᠬᠤᠮ ᠠᠯᠬᠤᠮ ᠢᠶᠠᠷ ᠴᠡᠪᠡᠷᠯᠡᠨ ᠠᠷᠢᠯᠭᠠᠨ᠎ᠠ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠴᠡᠴᠡᠭ ᠤᠨ ᠲᠣᠭᠤᠰᠣᠨ ᠤ ᠰᠣᠷᠭᠤᠭᠵᠢᠭᠤᠯᠬᠤ ᠤᠷᠭᠤᠮᠠᠯ ᠤᠨ ᠠᠮᠢᠳᠤᠷᠠᠯ ᠤᠨ ᠭᠡᠮ ᠤᠨ ᠣᠨᠴᠠᠯᠢᠭ ᠢ ᠦᠨᠳᠦᠰᠦᠯᠡᠨ ᠬᠤᠲᠠ ᠶᠢᠨ ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠳᠣᠲᠣᠷᠠᠬᠢ ᠰᠢᠷᠠᠯᠵᠢ ᠶᠢᠨ ᠲᠥᠷᠥᠯ ᠵᠡᠷᠭᠡ ᠰᠣᠷᠭᠤᠭᠵᠢᠭᠤᠯᠬᠤ ᠤᠷᠭᠤᠮᠠᠯ ᠢ ᠵᠦᠶ ᠵᠣᠬᠢᠰᠲᠠᠶ ᠪᠠᠷ ᠬᠠᠶᠢᠴᠢᠯᠠᠨ ᠴᠡᠪᠡᠷᠯᠡᠵᠦ᠂ ᠣᠲᠣ ᠶᠢᠨ ᠪᠠᠶᠢᠭ᠎ᠠ ᠴᠡᠴᠡᠭ ᠤᠨ ᠲᠣᠭᠤᠰᠣᠨ ᠤ ᠰᠣᠷᠭᠤᠭᠵᠢᠭᠤᠯᠬᠤ ᠤᠷᠭᠤᠮᠠᠯ ᠤᠨ ᠬᠥᠨᠥᠭᠡᠯ ᠢ ᠪᠠᠭᠠᠰᠬᠠᠨ᠎ᠠ᠃ ᠨᠣᠭᠤᠭᠠᠷᠠᠭᠤᠯᠬᠤ ᠪᠥᠳᠥᠭᠡᠨ ᠪᠠᠶᠢᠭᠤᠯᠤᠯᠲᠠ ᠬᠢᠬᠦ ᠟ ᠲᠡᠭᠡᠨ ᠠᠮᠠᠷᠬᠠᠨ ᠬᠠᠷᠰᠢᠬᠤ ᠤᠷᠭᠤᠮᠠᠯ ᠤᠨ ᠲᠥᠷᠥᠯ ᠵᠦᠢᠯ ᠢ ᠬᠡᠷᠡᠭᠯᠡᠬᠦ ᠠᠴᠠ ᠵᠠᠶᠢᠯᠠᠰᠬᠢᠵᠦ᠂ ᠰᠢᠷᠠᠯᠵᠢ ᠶᠢᠨ ᠲᠥᠷᠥᠯ ᠵᠦᠢᠯ᠂ ᠵᠦᠷᠭᠡ ᠡᠪᠡᠰᠦ ᠵᠡᠷᠭᠡ ᠤᠷᠭᠤᠮᠠᠯ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠰᠢᠨ᠎ᠡ ᠪᠠᠷ ᠨᠡᠮᠡᠭᠳᠡᠭᠦᠯᠬᠦ ᠨᠣᠭᠤᠭᠠᠷᠠᠭᠤᠯᠤᠯᠲᠠ ᠳᠤ ᠠᠯᠢ ᠴᠢᠳᠠᠬᠤ ᠪᠠᠷ ᠬᠠᠶᠢᠯᠠᠰᠤ᠂ ᠤᠯᠢᠶᠠᠰᠤ᠂ ᠤᠳᠠ ᠮᠣᠳᠣᠨ ᠤ ᠨᠣᠭᠤᠭᠠᠷᠠᠭᠤᠯᠤᠯᠲᠠ ᠶᠢᠨ ᠮᠣᠳᠣᠨ ᠤ ᠲᠥᠷᠥᠯ ᠵᠦᠢᠯ ᠢ ᠰᠣᠩᠭᠤᠬᠤ ᠥᠭᠡᠢ᠂ ᠡᠶ᠎ᠡ ᠵᠣᠬᠢᠴᠠᠯ ᠲᠠᠢ ᠨᠥᠬᠦᠷᠰᠡᠭ ᠬᠤᠳᠠ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠰᠢᠷᠠᠯᠵᠢ ᠶᠢᠨ ᠲᠥᠷᠥᠯ ᠤᠨ ᠤᠷᠭᠤᠮᠠᠯ ᠢ ᠵᠠᠰᠠᠬᠤ ᠪᠠ ᠰᠠᠶᠢᠵᠢᠷᠠᠭᠤᠯᠬᠤ ᠲᠤᠬᠠᠶ ᠰᠤᠳᠤᠯᠭᠠᠨ ᠥᠷᠨᠢᠭᠦᠯᠵᠦ᠂ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ ᠪᠠ ᠠᠵᠢᠯᠯᠠᠭᠠᠨ ᠤ ᠵᠢᠷᠤᠭ ᠲᠥᠯᠥᠪᠯᠡᠭᠡ ᠶᠢᠨ ᠪᠣᠭᠤᠮᠲᠠ ᠶᠢ ᠴᠢᠩᠭ᠎ᠠ ᠠᠳᠬᠤᠵᠤ᠂ ᠭᠠᠵᠠᠷ ᠣᠷᠣᠨ ᠤ ᠠᠮᠢ ᠠᠬᠤᠶ ᠶᠢ ᠰᠡᠷᠭᠦᠭᠡᠬᠦ ᠮᠡᠷᠭᠡᠵᠢᠯ ᠤᠨ ᠵᠢᠯᠣᠭᠤᠳᠣᠯᠭ᠎ᠠ ᠪᠠ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠶᠢ ᠰᠡᠷᠭᠦᠭᠡᠬᠦ ᠶᠠᠪᠤᠴᠠ ᠳᠤ ᠰᠢᠷᠠᠯᠵᠢ ᠶᠢᠨ ᠲᠥᠷᠥᠯ ᠤᠨ ᠤᠷᠭᠤᠮᠠᠯ ᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠣᠶᠢᠵᠢᠭᠤᠯᠤᠯᠲᠠ ᠶᠢ ᠠᠷᠠᠴᠢᠯᠠᠨ ᠪᠤᠶᠢᠵᠢᠭᠤᠯᠵᠤ ᠬᠠᠮᠢᠶᠠᠷᠤᠨ ᠬᠠᠮᠠᠭᠠᠯᠠᠬᠤ ᠠᠵᠢᠯ ᠤᠨ ᠳᠤᠮᠳᠠ᠂ ᠵᠠᠰᠠᠮᠠᠯ ᠵᠠᠮ ᠳᠠᠭᠠᠤ᠂ ᠬᠤᠲᠠ ᠶᠢᠨ ᠡᠷᠬᠢᠨ ᠲᠣᠭᠤᠷᠢᠨ᠂ ᠦᠶ᠋ᠯᠡᠳᠪᠦᠷᠢ ᠠᠭᠤᠷᠬᠠᠶ ᠶᠢᠨ ᠬᠦᠷᠢᠶᠡᠯᠡᠩ ᠲᠣᠭᠤᠷᠢᠭ᠂ ᠰᠤᠮᠤ ᠪᠠᠯᠭᠠᠰᠤ ᠲᠠᠯᠠᠪᠠᠶ ᠳᠤ ᠬᠠᠮᠲᠤ ᠳᠤᠨᠢ ᠣᠷᠣᠨ ᠪᠦᠰᠡ ᠠᠯᠤᠰᠯᠠᠭᠰᠠᠨ ᠰᠢᠷᠠᠯᠵᠢ ᠶᠢᠨ ᠲᠥᠷᠥᠯ ᠤᠨ ᠵᠠᠰᠠᠯᠲᠠ ᠶᠢ ᠥᠷᠨᠢᠭᠦᠯᠵᠦ᠂ ᠡᠷᠬᠢᠨ ᠲᠣᠭᠤᠷᠢᠨ ᠤ ᠬᠤᠰᠢᠭᠤ ᠰᠢᠶᠠᠨ ᠤ ᠣᠶ ᠰᠢᠭᠤᠶ ᠡᠪᠡᠰᠦᠨ ᠤ ᠰᠠᠯᠠᠭ᠎ᠠ ᠮᠥᠴᠢᠷ ᠲᠠᠢ ᠬᠠᠮᠲᠤᠷᠠᠨ ᠣᠷᠣᠨ ᠪᠦᠰᠡ ᠠᠯᠤᠰᠯᠠᠨ ᠰᠢᠷᠠᠯᠵᠢ ᠡᠪᠡᠰᠦ ᠶᠢ ᠴᠡᠪᠡᠷᠯᠡᠨ ᠠᠷᠢᠯᠭᠠᠨ᠎ᠠ᠃︵ᠳᠥᠷᠪᠡ︶ ᠰᠢᠨᠵᠢᠯᠡᠬᠦ ᠤᠬᠠᠭᠠᠨᠴᠢ ᠪᠠᠷ ᠡᠮᠨᠡᠨ ᠵᠠᠰᠠᠬᠤ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠭᠦᠨᠵᠡᠭᠡᠶ ᠰᠤᠳᠤᠯᠵᠤ᠂ ᠠᠶᠢᠮᠠᠭ ᠤᠨ ᠲᠠᠰ ᠤᠨ ᠬᠤᠶᠠᠷ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠳᠤ ᠲᠦᠰᠢᠭᠯᠡᠨ᠂ ᠮᠠᠨ ᠤ ᠬᠤᠲᠠ ᠶᠢᠨ ᠬᠠᠷᠰᠢᠬᠤ ᠴᠢᠨᠠᠷᠲᠠᠶ ᠬᠠᠮᠠᠷ ᠤᠨ ᠦᠷᠪᠢᠰᠦᠯ ᠲᠠᠢ ᠡᠪᠡᠳᠴᠢᠲᠡᠨ ᠢ ᠣᠨᠣᠰᠢᠯᠠᠨ ᠡᠮᠨᠡᠬᠦ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠳᠤ ᠲᠤᠰᠬᠠᠶ ᠰᠠᠯᠠᠭᠠᠨ ᠤ ᠡᠭᠦᠳᠡᠨ ᠡᠮᠨᠡᠯᠭᠡ ︵ᠰᠠᠯᠠᠭ᠎ᠠ ᠲᠠᠰᠤᠭ︶ ᠳᠣᠭᠢᠷᠠᠭᠤᠯᠤᠨ᠎ᠠ᠃ ᠵᠢᠷᠤᠮᠵᠢᠭᠰᠠᠨ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠨ ᠡᠮᠨᠡᠨ ᠵᠠᠰᠠᠬᠤ ᠶᠢ ᠥᠷᠨᠢᠭᠦᠯᠵᠦ᠂ ᠮᠠᠨ ᠤ ᠬᠤᠲᠠ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠡᠮᠨᠡᠨ ᠵᠠᠰᠠᠬᠤ ᠳᠤᠮᠳᠠᠬᠢ ᠣᠨᠴᠠᠯᠢᠭᠲᠤ ᠳᠠᠪᠠᠭᠤᠯᠢᠭ ᠢ ᠢᠳᠡᠪᠬᠢᠲᠡᠶ ᠪᠠᠳᠠᠷᠠᠭᠤᠯᠤᠨ᠂ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠡᠮᠨᠡᠨ ᠵᠠᠰᠠᠬᠤ ᠰᠡᠳᠦᠪ ᠤᠨ ᠰᠤᠳᠤᠯᠭᠠᠨ ᠢ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ ᠤᠨ ᠬᠢᠲᠠᠳ ᠡᠮᠨᠡᠯᠭᠡ ᠶᠢᠨ ︵ᠮᠣᠩᠭᠤᠯ ᠡᠮᠨᠡᠯᠭᠡ︶᠎ ᠶᠢᠨ ᠣᠷᠳᠣᠨ ᠨᠢ ᠬᠦᠰᠡᠯ ᠰᠠᠨᠠᠭ᠎ᠠ ᠲᠠᠢ ᠰᠠᠭᠤᠭᠠᠯᠢ ᠠᠷᠠᠳ ᠲᠤ ᠬᠢᠲᠠᠳ ᠡᠮ ᠡᠮᠨᠡᠯᠭᠡ ᠶᠢᠨ ︵ᠮᠣᠩᠭᠤᠯ ᠡᠮ ᠡᠮᠨᠡᠯᠭᠡ︶᠎ ᠶᠢᠨ ᠭᠡᠷ᠎ᠡ ᠲᠣᠭᠲᠠᠭᠰᠠᠨ ᠦᠶ᠋ᠯᠡᠴᠢᠯᠡᠭᠡᠨ ᠤ ᠪᠣᠭᠤᠳᠠᠯ ᠬᠠᠩᠭᠠᠵᠤ᠂ ᠦᠨᠡᠨᠬᠦ ᠡᠮᠴᠢᠯᠡᠭᠡᠨ ᠤ ᠦᠷ᠎ᠡ ᠪᠦᠲᠦᠮᠵᠢ ᠲᠠᠢ ᠬᠢᠲᠠᠳ ᠡᠮᠨᠡᠯᠭᠡ ᠶᠢᠨ ︵ᠮᠣᠩᠭᠤᠯ ᠡᠮᠨᠡᠯᠭᠡ︶᠎ ᠶᠢᠨ ᠳᠣᠭᠢᠷᠠᠬᠤ ᠮᠡᠷᠭᠡᠵᠢᠯ ᠤᠨ ᠳᠣᠲᠣᠷ᠎ᠠ ᠠᠴᠠ ᠨᠢᠭᠡ ᠪᠦᠯᠦᠭ ᠶᠡᠬᠡᠪᠡᠷ ᠳᠡᠮᠵᠢᠵᠦ ᠤᠬᠠᠭᠤᠯᠬᠤ ᠪᠠ ᠳᠡᠯᠭᠡᠷᠡᠭᠦᠯᠦᠨ ᠬᠡᠷᠡᠭᠯᠡᠬᠦ ᠶᠢ ᠰᠢᠯᠢᠨ ᠰᠣᠩᠭᠤᠨ᠎ᠠ᠃ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠨᠢ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠤ ᠵᠦᠶ᠋ᠯ ᠤᠨ ᠬᠡᠪᠴᠢᠶᠡᠨ ᠳᠤ ᠣᠷᠣᠭᠤᠯᠵᠤ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠤ ᠡᠮᠴᠢᠯᠡᠭᠡᠨ ᠤ ᠳᠠᠭᠠᠳᠬᠠᠯ ᠤᠨ ᠣᠯᠭᠤᠮᠵᠢ ᠶᠢ ᠭᠥᠷᠳᠡᠵᠦ᠂ ᠡᠮᠴᠢᠯᠡᠭᠡᠨ ᠤ ᠡᠮᠨᠡᠯᠭᠡ ᠳᠤ ᠰᠠᠭᠤᠬᠤ ᠨᠥᠬᠦᠴᠡᠯ ᠳᠤ ᠨᠡᠶᠢᠴᠡᠭᠰᠡᠨ ᠪᠠᠶᠢᠪᠠᠯ ᠡᠮᠨᠡᠯᠭᠡ ᠳᠤ ᠰᠠᠭᠤᠬᠤ ᠡᠮᠴᠢᠯᠡᠭᠡᠨ ᠤ ᠰᠤᠷᠬᠤ ᠨᠠᠰᠤᠨ ᠠᠴᠠ ᠡᠮᠦᠨᠡᠬᠢ ᠬᠡᠤᠬᠡᠳ᠂ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠬᠠᠷᠰᠢᠬᠤ ᠴᠢᠨᠠᠷᠲᠠᠶ ᠬᠠᠮᠠᠷ ᠤᠨ ᠦᠷᠪᠢᠰᠦᠯ ᠲᠠᠢ ᠡᠪᠡᠳᠴᠢᠲᠡᠨ ᠢ ᠵᠣᠬᠢᠴᠠᠭᠤᠯᠤᠨ ᠬᠤᠳᠠᠯᠳᠤᠭᠠᠨ ᠤ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠬᠡᠷ ᠤᠨ ᠠᠬᠠᠮᠠᠳ ᠤᠨ ᠣᠨᠣᠰᠢᠯᠠᠨ ᠡᠮᠨᠡᠬᠦ ᠳᠠᠷᠤᠭᠠᠰᠤ ᠶᠢ ᠬᠥᠩᠭᠡᠷᠡᠭᠦᠯᠦᠨ᠎ᠡ᠃︵ᠲᠠᠪᠤ︶ ᠴᠢᠳᠠᠪᠤᠷᠢ ᠶᠢᠨ ᠪᠠᠶᠢᠭᠤᠯᠤᠯᠲᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ ᠤᠨ ᠵᠠᠯᠠᠭᠤ ᠭᠤᠤᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠤᠨ ᠲᠤᠰᠬᠠᠶ ᠰᠠᠯᠠᠭᠠᠨ ᠤ ᠡᠭᠦᠳᠡᠨ ᠡᠮᠨᠡᠯᠭᠡ ᠳᠤ ᠳᠠᠪᠲᠠᠨ ᠪᠣᠯᠪᠠᠰᠤᠷᠠᠭᠤᠯᠵᠤ ᠰᠤᠷᠤᠯᠴᠠᠭᠤᠯᠵᠤ᠂ ᠲᠤᠰᠬᠠᠶ ᠮᠡᠷᠭᠡᠵᠢᠯ ᠤᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠣᠨᠣᠰᠢᠯᠠᠨ ᠡᠮᠨᠡᠬᠦ ᠱᠠᠲᠤᠯᠵᠢᠨ ᠡᠩᠨᠡᠭᠡ ᠶᠢ ᠬᠥᠮᠦᠵᠢᠭᠦᠯᠦᠨ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ ᠤᠨ ᠶᠡᠷᠦᠩᠬᠡᠶ ᠰᠠᠯᠠᠭᠠᠨ ᠤ ᠡᠮᠴᠢ ᠶᠢ ᠪᠣᠯᠪᠠᠰᠤᠷᠠᠭᠤᠯᠵᠤ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠣᠨᠣᠰᠢᠯᠠᠨ ᠡᠮᠨᠡᠬᠦ ᠮᠡᠷᠭᠡᠵᠢᠯ ᠢ ᠡᠵᠡᠮᠰᠢᠭᠦᠯᠵᠦ᠂ ᠠᠶᠢᠮᠠᠭ ᠤᠨ ᠱᠠᠲᠤᠨ ᠤ ᠡᠮᠴᠢᠯᠡᠭᠡᠨ ᠤ ᠪᠠᠶᠢᠭᠤᠯᠤᠮᠵᠢ᠂ ᠬᠤᠲᠠ ᠶᠢᠨ ᠱᠠᠲᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ ᠤᠨ ᠬᠤᠶᠠᠷ ᠱᠠᠲᠤᠨ ᠤ ᠰᠡᠷᠭᠡᠶᠢᠯᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠣᠰ ᠲᠥᠰᠦᠯ ᠢ ᠬᠠᠮᠲᠤᠪᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠥᠷᠨᠢᠭᠦᠯᠵᠦ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠬᠡᠷᠡᠭᠴᠡᠭᠡ ᠶᠢ ᠦᠨᠳᠦᠰᠦᠯᠡᠨ᠂ ᠳᠡᠭᠡᠳᠦ ᠱᠠᠲᠤᠨ ᠠᠴᠠ ᠢᠳᠡᠪᠬᠢᠲᠡᠶ ᠪᠠᠷ ᠪᠠᠯᠠ ᠮᠥᠩᠭᠦᠨ ᠤ ᠳᠡᠮᠵᠢᠯᠭᠡ ᠣᠯᠵᠤ᠂ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠰᠢᠯᠢ ᠶᠢᠨ ᠭᠤᠤᠯ ᠬᠤᠲᠠ ᠶᠢᠨ ᠬᠤᠪᠢᠶᠠᠷᠢ ᠲᠣᠪᠴᠢᠶ᠎ᠠ ᠨᠢ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠪᠠ ᠦᠨᠡᠯᠡᠨ ᠵᠢᠱᠢᠬᠦ ᠶᠢ ᠴᠢᠩᠭᠠᠳᠬᠠᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠢ ᠨᠥᠯᠥᠭᠡᠯᠡᠬᠦ ᠠᠰᠠᠭᠤᠳᠠᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠣᠷᠴᠢᠨ ᠲᠣᠭᠤᠷᠢᠨ ᠤ ᠮᠡᠳᠡᠭᠡ︵ᠵᠢᠷᠭᠤᠭ᠎ᠠ︶ ᠡᠷᠡᠭᠦᠯ ᠮᠡᠨᠳᠦ ᠶᠢᠨ ᠬᠥᠮᠦᠵᠢᠯ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠤᠮᠤ ᠪᠠᠯᠭᠠᠰᠤ ᠲᠠᠯᠠᠪᠤᠷ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠡᠯᠭᠦᠭᠡ ᠪᠢᠴᠢᠭᠡᠰᠦ ᠡᠯᠭᠦᠬᠦ᠂ ᠨᠡᠶᠢᠲᠡ ᠶᠢᠨ ᠳ᠋ᠤᠭᠠᠷ ᠲᠠᠷᠬᠠᠭᠠᠬᠤ᠂ ᠲᠠᠭᠤ ᠴᠡᠴᠡᠷᠡᠭᠦᠯᠬᠦ ᠵᠡᠷᠭᠡ ᠣᠯᠠᠨ ᠵᠦᠶ᠋ᠯ ᠤᠨ ᠵᠠᠭᠤᠴᠢᠯᠠᠭᠤᠷ ᠤᠨ ᠤᠬᠠᠭᠤᠯᠭ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠤᠬᠠᠭᠤᠯᠭ᠎ᠠ ᠮᠡᠳᠡᠭᠡᠯᠡᠯ ᠢ ᠰᠠᠶᠢᠲᠤᠷ ᠬᠢᠵᠦ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠣᠯᠠᠨ ᠲᠦᠮᠡᠨ ᠤ ᠤᠬᠠᠮᠰᠠᠷᠲᠤ ᠴᠢᠨᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠴᠡᠴᠡᠭ ᠤᠨ ᠲᠣᠭᠤᠰᠣᠨ ᠤ ᠥᠳᠬᠡᠴᠡ ᠥᠨᠳᠥᠷ ᠦᠶ᠎ᠡ ᠳᠤ ᠲᠦᠷ ᠴᠠᠭ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ ᠦᠭᠡᠢ ᠪᠠᠶᠢᠵᠤ᠂ ᠴᠡᠴᠡᠭ ᠤᠨ ᠲᠣᠭᠤᠰᠣᠨ ᠤ ᠥᠷᠥᠭᠡᠨ ᠳᠤ ᠣᠷᠣᠬᠤ ᠲᠣᠬᠢᠶᠠᠯᠳᠤᠮᠵᠢ ᠶᠢ ᠪᠠᠭᠠᠰᠬᠠᠵᠤ᠂ ᠭᠠᠳᠠᠭᠰᠢ ᠭᠠᠷᠬᠤ ᠳᠠᠭᠠᠨ ᠴᠢᠳᠠᠬᠤ ᠶᠢᠨ ᠳᠣᠲᠣᠷ᠎ᠠ ᠠᠮᠠᠪᠴᠢ᠂ ᠨᠢᠳᠦᠨ ᠤ ᠪᠦᠲᠡᠭᠡᠯᠭᠡ ᠵᠡᠭᠦᠵᠦ᠂ ᠴᠡᠴᠡᠭ ᠤᠨ ᠲᠣᠭᠤᠰᠣᠨ ᠤ ᠰᠡᠳᠦᠯᠲᠡ ᠥᠭᠬᠦ ᠪᠠ ᠰᠣᠷᠣᠵᠤ ᠣᠷᠣᠭᠤᠯᠬᠤ ᠶᠢ ᠪᠠᠭᠠᠰᠬᠠᠨ᠎ᠠ᠃ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠣᠷᠳᠣ ᠬᠤᠭᠤᠴᠠᠭ᠎ᠠ ᠪᠠᠷ ᠬᠡᠷᠡᠭᠵᠢᠭᠦᠯᠵᠦ᠂ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠢᠯᠣᠭᠤᠳᠬᠤ ᠶᠢᠨ ᠬᠠᠮᠲᠤ ᠥᠷᠨᠢᠭᠦᠯᠵᠦ᠂ ᠣᠯᠠᠨ ᠲᠦᠮᠡᠨ ᠤ ᠬᠠᠷᠰᠢᠬᠤ ᠶᠢ ᠰᠡᠷᠭᠡᠶᠢᠯᠡᠬᠦ ᠡᠰᠡᠷᠭᠦᠴᠡᠬᠦ ᠬᠦᠴᠦᠨ ᠢ ᠴᠢᠩᠭᠠᠷᠠᠭᠤᠯᠤᠨ᠂ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ᠳᠥᠷᠪᠡ᠂ ᠬᠡᠷᠡᠭᠵᠢᠭᠦᠯᠬᠦ ᠶᠢ ᠪᠠᠲᠤᠯᠠᠬᠤ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠠᠵᠢᠯ ᠪᠣᠯ ᠣᠯᠠᠨ ᠰᠠᠯᠠᠭ᠎ᠠ ᠮᠥᠴᠢᠷ ᠲᠤ ᠬᠤᠯᠪᠣᠭᠳᠠᠬᠤ ᠰᠢᠰᠲ᠋ᠧᠮᠲᠦ ᠢᠨᠵᠧᠨᠧᠷᠢᠩ ᠮᠥᠨ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠣᠭᠳᠠᠯ ᠤᠨ ᠲᠤᠬᠠᠶ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠶᠢ ᠡᠷᠡᠭᠦᠯ ᠮᠡᠨᠳᠦ ᠰᠢᠯᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠭᠤᠯᠭ᠎ᠠ ᠪᠣᠯᠭᠠᠵᠤ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠤᠨ ᠲᠤᠰᠬᠠᠶ ᠰᠡᠳᠦᠪᠲᠦ ᠰᠤᠳᠤᠯᠭᠠᠨ ᠢ ᠤᠯᠠᠮ ᠨᠢᠭᠡ ᠠᠯᠬᠤᠮ ᠥᠷᠨᠢᠭᠦᠯᠵᠦ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠡᠯ᠎ᠡ ᠵᠦᠶ᠋ᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠳᠥᠯᠭᠢᠨ ᠠᠬᠢᠭᠤᠯᠬᠤ ᠬᠡᠷᠡᠭᠲᠡᠶ᠃ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠰᠡᠷᠭᠡᠶᠢᠯᠡᠨ ᠵᠠᠰᠠᠬᠤ ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠳᠣᠭᠢᠷᠠᠭᠤᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠴᠢᠩᠭ᠎ᠠ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠠᠵᠢᠯ ᠢᠶᠠᠨ ᠬᠤᠪᠢᠶᠠᠷᠢᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠪᠣᠳᠠᠲᠠᠢ ᠦᠷ᠎ᠡ ᠪᠦᠲᠦᠮᠵᠢ ᠲᠠᠢ ᠪᠣᠯᠭᠠᠪᠠ᠃︵ᠬᠤᠶᠠᠷ︶ ᠨᠢᠭᠲᠠ ᠬᠠᠮᠵᠢᠯᠴᠠᠨ ᠬᠠᠮᠵᠢᠯᠴᠠᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠨᠢᠭᠲᠠ ᠬᠠᠮᠵᠢᠯᠴᠠᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠤᠨ ᠬᠠᠮᠤᠭ ᠤᠨ ᠰᠢᠨ᠎ᠡ ᠰᠤᠳᠤᠯᠤᠯ ᠲᠠᠢ ᠤᠶᠠᠯᠳᠤᠭᠤᠯᠤᠨ᠂ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠪᠠᠨ ᠴᠠᠭ ᠲᠤᠬᠠᠶ ᠳᠤᠨᠢ ᠳᠣᠭᠢᠷᠠᠭᠤᠯᠵᠤ᠂ ᠠᠵᠢᠯ ᠤᠨ ᠲᠥᠰᠦᠯ ᠢᠶᠠᠨ ᠠᠯᠬᠤᠮ ᠠᠯᠬᠤᠮ ᠢᠶᠠᠷ ᠰᠦᠪᠡᠭᠴᠢᠯᠡᠨ ᠲᠡᠭᠦᠯᠳᠡᠷᠵᠢᠭᠦᠯᠵᠦ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠲᠤᠰᠬᠠᠶ ᠰᠡᠳᠦᠪ ᠢᠶᠠᠷ ᠰᠡᠷᠭᠡᠶᠢᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃︵ᠭᠤᠷᠪᠠ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠵᠠᠭᠤᠴᠢᠯᠠᠭᠤᠷ ᠢ ᠭᠦᠶ᠋ᠴᠡᠳ ᠠᠰᠢᠭᠯᠠᠨ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠬᠢᠬᠦ᠂ ᠠᠯᠪᠠᠨ ᠵᠢᠷᠤᠮ ᠤᠨ ᠡᠮᠴᠢᠯᠡᠭᠡ ᠬᠢᠬᠦ ᠵᠡᠷᠭᠡ ᠠᠷᠭ᠎ᠠ ᠮᠠᠶ᠋ᠢᠭ ᠢ ᠠᠪᠴᠤ᠂ ᠲᠣᠮᠣ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ ᠡᠷᠭᠢᠯᠡᠵᠦ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠰᠡᠷᠭᠡᠶᠢᠯᠡᠨ ᠬᠠᠮᠠᠭᠠᠯᠠᠬᠤ ᠣᠯᠠᠨ ᠲᠦᠮᠡᠨ ᠤ ᠮᠡᠳᠡᠯᠭᠡ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠥᠷᠭᠡᠨ ᠣᠯᠠᠨ ᠡᠪᠡᠳᠴᠢᠲᠡᠨ ᠳᠤ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠤᠨ ᠡᠭᠦᠰᠬᠦ ᠰᠢᠯᠲᠠᠭᠠᠨ ᠢ ᠵᠥᠪ ᠲᠠᠨᠢᠭᠤᠯᠵᠤ᠂ ᠬᠤᠯᠪᠣᠭᠳᠠᠯ ᠪᠥᠬᠦᠶ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠮᠡᠳᠡᠭᠦᠯᠬᠦ ᠬᠡᠷᠡᠭᠲᠡᠶ᠃ ᠡᠪᠡᠳᠴᠢᠲᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠴᠢᠩᠭᠠᠳᠬᠠᠵᠤ᠂ ᠥᠪᠡᠷ ᠤᠨ ᠪᠡᠶ᠎ᠡ ᠶᠢᠨ ᠡᠭᠡᠯᠢᠯᠡᠭᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠦᠨ᠂ ᠵᠥᠪ ᠢᠶᠠᠷ ᠲᠠᠨᠢᠬᠤ ᠶᠢᠨ ᠬᠠᠮᠲᠤ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号