ᠰᠢᠯᠢ ᠶᠢᠨ ᠬᠤᠲᠠ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠬᠤ ︵2023-2030 ᠣᠨ︶ | ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ | 2023 ᠣᠨ ᠤ 5 ᠰᠠᠷ᠎ᠠ | ᠭᠠᠷᠴᠠᠭ | ᠡᠮᠦᠨᠡᠬᠢ ᠦᠭᠡ | ᠨᠢᠭᠡᠳᠦᠭᠡᠷ ᠪᠦᠯᠦᠭ ᠠᠵᠢᠯ ᠤᠨ ᠰᠠᠭᠤᠷᠢ ᠪᠠ ᠪᠠᠶᠢᠳᠠᠯ ᠤᠨ ᠲᠤᠬᠠᠶ ᠵᠠᠳᠠᠯᠤᠯᠲᠠ | ᠨᠢᠭᠡᠳᠦᠭᠡᠷ ᠬᠡᠰᠡᠭ ᠪᠦᠲᠦᠭᠡᠨ ᠪᠠᠶᠢᠭᠤᠯᠤᠯᠲᠠ ᠶᠢᠨ ᠰᠠᠭᠤᠷᠢ | ᠬᠤᠶᠠᠳᠤᠭᠠᠷ ᠬᠡᠰᠡᠭ ᠣᠷᠣᠰᠢᠵᠤ ᠪᠠᠶᠢᠭ᠎ᠠ ᠠᠰᠠᠭᠤᠳᠠᠯ | ᠭᠤᠷᠪᠠᠳᠤᠭᠠᠷ ᠬᠡᠰᠡᠭ ᠠᠵᠠ ᠲᠣᠬᠢᠶᠠᠯ ᠪᠠ ᠥᠷᠢᠰᠥᠯᠳᠦᠭᠡᠨ | ᠬᠤᠶᠠᠳᠤᠭᠠᠷ ᠪᠦᠯᠦᠭ ᠲᠥᠯᠥᠪᠵᠢᠭᠦᠯᠭᠡ ᠶᠢᠨ ᠶᠡᠷᠦᠩᠬᠡᠶ ᠳᠦᠷᠢᠮ | ᠨᠢᠭᠡᠳᠦᠭᠡᠷ ᠬᠡᠰᠡᠭ ᠵᠢᠯᠣᠭᠤᠳᠬᠤ ᠦᠵᠡᠯ ᠰᠠᠨᠠᠭ᠎ᠠ | ᠬᠤᠶᠠᠳᠤᠭᠠᠷ ᠬᠡᠰᠡᠭ ᠲᠥᠯᠥᠪᠵᠢᠭᠦᠯᠭᠡ ᠶᠢᠨ ᠵᠠᠷᠴᠢᠮ | ᠭᠤᠷᠪᠠᠳᠤᠭᠠᠷ ᠬᠡᠰᠡᠭ ᠲᠥᠯᠥᠪᠵᠢᠭᠦᠯᠭᠡ ᠶᠢᠨ ᠬᠦᠷᠢᠶ᠎ᠡ ᠬᠡᠪᠴᠢᠶ᠎ᠡ | ᠳᠥᠷᠪᠡᠳᠦᠭᠡᠷ ᠬᠡᠰᠡᠭ ᠲᠥᠯᠥᠪᠵᠢᠭᠦᠯᠭᠡ ᠶᠢᠨ ᠬᠤᠭᠤᠴᠠᠭ᠎ᠠ | ᠲᠠᠪᠤᠳᠤᠭᠠᠷ ᠬᠡᠰᠡᠭ ᠲᠥᠯᠥᠪᠵᠢᠭᠦᠯᠭᠡ ᠶᠢᠨ ᠬᠠᠷᠠᠯᠲᠠ | ᠵᠢᠷᠭᠤᠳᠤᠭᠠᠷ ᠬᠡᠰᠡᠭ ᠪᠦᠲᠦᠭᠡᠨ ᠪᠠᠶᠢᠭᠤᠯᠤᠯᠲᠠ ᠶᠢᠨ ᠭᠦᠢᠴᠡᠳᠬᠡᠬᠦ ᠲᠤᠭ᠎ᠠ | ᠭᠤᠷᠪᠠᠳᠤᠭᠠᠷ ᠪᠦᠯᠦᠭ ᠲᠥᠯᠥᠪᠵᠢᠭᠦᠯᠭᠡ ᠶᠢᠨ ᠡᠭᠦᠷᠭᠡ ᠪᠠ ᠠᠷᠭ᠎ᠠ ᠬᠡᠮᠵᠢᠶ᠎ᠡ | ᠨᠢᠭᠡᠳᠦᠭᠡᠷ ᠬᠡᠰᠡᠭ ᠠᠮᠢ ᠠᠬᠤᠶ ᠶᠢᠨ ᠣᠷᠴᠢᠨ ᠨᠥᠬᠦᠴᠡᠯ ᠤᠨ ᠵᠠᠰᠠᠯᠲᠠ ᠶᠢ ᠲᠦᠯᠬᠢᠨ ᠠᠬᠢᠭᠤᠯᠵᠤ᠂ ᠠᠮᠢ | ᠠᠬᠤᠶ ᠶᠢᠨ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ | ᠬᠤᠶᠠᠳᠤᠭᠠᠷ ᠬᠡᠰᠡᠭ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠨ | ᠲᠦᠭᠰᠢᠭᠦᠷᠢ ᠶᠢ ᠬᠢᠵᠠᠭᠠᠷᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ | ᠭᠤᠷᠪᠠᠳᠤᠭᠠᠷ ᠬᠡᠰᠡᠭ ᠠᠮᠢ ᠠᠬᠤᠶ ᠶᠢᠨ ᠣᠷᠣᠨ ᠵᠠᠶ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠤᠮᠠᠷᠠᠲᠤ ᠬᠢᠯᠢ ᠶᠢᠨ | ᠠᠮᠢ ᠠᠬᠤᠶ ᠶᠢᠨ ᠬᠠᠯᠬᠠᠪᠴᠢ ᠶᠢ ᠪᠠᠬᠢᠵᠢᠭᠦᠯᠦᠨ᠎ᠡ᠃ | ᠳᠥᠷᠪᠡᠳᠦᠭᠡᠷ ᠬᠡᠰᠡᠭ ᠪᠦᠬᠦ ᠣᠷᠣᠨ ᠪᠦᠰᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠪᠣᠬᠢᠷᠲᠤᠯ | ᠦᠭᠡᠢ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠦᠨ᠎ᠡ᠃ | ᠲᠠᠪᠤᠳᠤᠭᠠᠷ ᠬᠡᠰᠡᠭ ᠪᠣᠬᠢᠷᠲᠤᠯ ᠦᠭᠡᠢ ᠠᠮᠢᠳᠤᠷᠠᠯ ᠤᠨ ᠰᠢᠰᠲ᠋ᠧᠮ ᠢ ᠪᠠᠶᠢᠭᠤᠯᠵᠤ᠂ ᠠᠷᠠᠳ ᠤᠨ ᠠᠮᠢᠳᠤᠷᠠᠯ ᠤᠨ | ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠦᠨ᠎ᠡ᠃ | ᠵᠢᠷᠭᠤᠳᠤᠭᠠᠷ ᠬᠡᠰᠡᠭ ᠪᠦᠬᠦ ᠠᠷᠠᠳ ᠢᠶᠠᠷ ᠢᠶᠠᠨ ᠣᠷᠣᠯᠴᠠᠵᠤ ᠬᠠᠮᠲᠤᠪᠠᠷ ᠪᠠᠶᠢᠭᠤᠯᠤᠨ ᠬᠠᠮᠲᠤᠪᠠᠷ ᠡᠳ᠋ᠯᠡᠵᠦ᠂ | ᠨᠤᠲᠤᠭ ᠪᠡᠯᠴᠢᠭᠡᠷ ᠤᠨ ᠤᠨᠴᠠᠯᠢᠭᠳᠤ ᠰᠣᠶᠣᠯ ᠢ ᠪᠤᠶᠢᠵᠢᠭᠤᠯᠤᠨ᠎ᠠ᠃ | ᠳᠥᠷᠪᠡᠳᠦᠭᠡᠷ ᠪᠦᠯᠦᠭ ᠭᠤᠣᠯᠳᠠᠯᠭ᠎ᠠ ᠲᠠᠢ ᠪᠠᠷᠢᠯᠭ᠎ᠠ ᠬᠢᠭᠡᠳ ᠦᠷ᠎ᠡ ᠠᠰᠢᠭ ᠤᠨ ᠵᠠᠳᠠᠯᠤᠯᠲᠠ ᠁᠃ | ᠨᠢᠭᠡᠳᠦᠭᠡᠷ ᠬᠡᠰᠡᠭ ᠪᠠᠷᠢᠯᠭ᠎ᠠ ᠶᠢᠨ ᠠᠭᠤᠯᠭ᠎ᠠ ᠬᠢᠭᠡᠳ ᠪᠡᠯᠡ ᠣᠷᠣᠭᠤᠯᠤᠯᠲᠠ ᠶᠢ ᠪᠠᠷᠤᠭᠯᠠᠨ ᠪᠣᠳᠣᠬᠤ᠃ | ᠬᠤᠶᠠᠳᠤᠭᠠᠷ ᠬᠡᠰᠡᠭ ᠦᠷ᠎ᠡ ᠠᠰᠢᠭ ᠤᠨ ᠵᠠᠳᠠᠯᠤᠯᠲᠠ᠃ | ᠲᠠᠪᠤᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ᠃ | ᠨᠢᠭᠡᠳᠦᠭᠡᠷ ᠬᠡᠰᠡᠭ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ | ᠬᠤᠶᠠᠳᠤᠭᠠᠷ ᠬᠡᠰᠡᠭ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠶᠢ | ᠴᠢᠩᠭᠠᠳᠬᠠᠨ᠎ᠠ᠃ | ᠭᠤᠷᠪᠠᠳᠤᠭᠠᠷ ᠬᠡᠰᠡᠭ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠡᠯᠡ ᠮᠥᠩᠭᠦᠨ ᠤ ᠪᠠᠲᠤᠯᠠᠭ᠎ᠠ ᠶᠢ | ᠴᠢᠩᠭᠠᠳᠬᠠᠨ᠎ᠠ᠃ | ᠳᠥᠷᠪᠡᠳᠦᠭᠡᠷ ᠬᠡᠰᠡᠭ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠴᠢᠩᠭᠠᠳᠬᠠᠵᠤ᠂ | ᠲᠧᠭᠨᠢᠭ ᠮᠡᠷᠭᠡᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ | ᠲᠠᠪᠤᠳᠤᠭᠠᠷ ᠬᠡᠰᠡᠭ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠨᠡᠶᠢᠭᠡᠮ ᠤᠨ ᠬᠢᠨ ᠤ ᠣᠷᠣᠯᠴᠠᠬᠤ ᠶᠢ ᠲᠦᠯᠬᠢᠨ | ᠠᠬᠢᠭᠤᠯᠤᠨ᠎ᠠ᠃ | ᠳᠠᠭᠠᠯᠳᠤᠭᠤᠯᠤᠯ ᠬᠦᠰᠦᠨᠦᠭᠲᠦ ᠰᠢᠯᠢ ᠶᠢᠨ ᠬᠤᠲᠠ ᠶᠢᠨ ᠤᠯᠤᠰ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠢᠨᠵᠧᠨᠧᠷᠢᠩ ᠤᠨ ᠬᠦᠰᠦᠨᠦᠭᠲᠦ᠃ | ᠡᠮᠦᠨᠡᠬᠢ ᠦᠭᠡ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ | ᠦᠷᠭᠦᠯᠵᠢᠯᠡᠨ ᠬᠦᠭᠵᠢᠬᠦ ᠳᠤ ᠬᠤᠯᠪᠣᠭᠳᠠᠬᠤ ᠦᠨᠳᠦᠰᠦᠨ ᠶᠡᠭᠡ ᠪᠤᠳᠤᠯᠭ᠎ᠠ ᠮᠥᠨ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠤᠷᠢᠳ | ᠡᠮᠦᠨ᠎ᠡ ᠪᠠᠶᠢᠭ᠎ᠠ ᠦᠭᠡᠶ ᠡᠷᠴᠢᠮ ᠢᠶᠠᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠳᠬᠤᠵᠤ᠂ ︽ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠳᠡᠭ ᠢ ᠦᠢᠯᠡᠳᠦᠯᠭᠡᠵᠢᠭᠦᠯᠵᠦ᠂ | ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠨᠢᠭᠡ ᠴᠤᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠯᠢ ᠤᠯᠠᠨ ᠦᠨᠳᠦᠰᠦᠨ ᠴᠢᠨᠠᠷᠲᠠᠢ᠂ | ᠡᠭᠦᠳᠦᠯᠲᠡ ᠶᠢᠨ ᠴᠢᠨᠠᠷᠲᠠᠢ᠂ ᠠᠯᠤᠰ ᠬᠡᠳᠤ ᠶᠢᠨ ᠴᠢᠨᠠᠷᠲᠠᠢ ᠠᠵᠢᠯ ᠢ ᠥᠷᠨᠢᠭᠦᠯᠵᠦ᠂ ᠮᠠᠨ ᠤ ᠤᠯᠤᠰ ᠤᠨ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠬᠦ | ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠢ ᠠᠬᠤᠢ ᠶᠢᠨ | ᠭᠠᠶᠢᠬᠠᠮᠰᠢᠭ ᠪᠠ ᠪᠣᠬᠢᠷᠲᠤᠯ ᠦᠭᠡᠢ ᠬᠥᠭᠵᠢᠯᠲᠡ ᠶᠢᠨ ᠭᠠᠶᠢᠬᠠᠮᠰᠢᠭ ᠢ ᠡᠭᠦᠳᠴᠦ᠂ ᠮᠠᠨ ᠤ ᠡᠬᠡ ᠤᠯᠤᠰ ᠤᠨ | ᠣᠭᠲᠠᠷᠭᠤᠢ ᠶᠢ ᠨᠡᠩ ᠴᠡᠯᠮᠡᠭ᠂ ᠠᠭᠤᠯᠠ ᠶᠢ ᠨᠡᠩ ᠨᠣᠭᠤᠭᠠᠨ᠂ ᠤᠰᠤ ᠶᠢ ᠨᠡᠩ ᠲᠤᠩᠭᠠᠯᠠᠭ ᠪᠣᠯᠭᠠᠨ᠎ᠠ᠃ | ᠰᠢᠯᠢ ᠶᠢᠨ ᠭᠤᠣᠯ ᠠᠶᠢᠮᠠᠭ ᠨᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ | ᠲᠤᠤᠱᠯᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ 2022 | ᠣᠨ ᠳᠤ ᠵᠢᠷᠭᠤᠳᠤᠭᠠᠷ ᠪᠦᠯᠦᠭ ︽ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠠᠶᠢᠮᠠᠭ︾ ᠭᠡᠬᠦ ᠴᠣᠯᠠ ᠶᠢ ᠢᠷᠠᠭᠤ ᠠᠯᠳᠠᠷᠲᠠᠢ ᠪᠠᠷ ᠬᠦᠷᠳᠡᠵᠡᠢ᠃ ᠰᠢᠯᠢ ᠶᠢᠨ ᠬᠤᠲᠠ ᠪᠣᠯ ᠰᠢᠯᠢ ᠶᠢᠨ | ᠭᠤᠤᠯ ᠠᠶᠢᠮᠠᠭ ᠤᠨ ᠵᠠᠬᠢᠷᠭ᠎ᠠ ᠶᠢᠨ ᠪᠠᠶᠢᠭ᠎ᠠ ᠭᠠᠵᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠳᠤᠮᠳᠠ ᠬᠡᠰᠡᠭ᠂ ᠨᠡᠶᠢᠰᠯᠡᠯ ᠪᠡᠭᠡᠵᠢᠩ ᠤᠨ ᠲᠥᠪ ᠬᠤᠶᠢᠲᠤ ᠬᠡᠰᠡᠭ ᠲᠤ ᠪᠠᠶᠢᠷᠢᠯᠠᠵᠤ᠂ ᠮᠥᠨ ᠴᠦ ᠪᠥᠬᠦ | ᠠᠶᠢᠮᠠᠭ ᠤᠨ ᠤᠯᠤᠰ ᠲᠥᠷᠥ᠂ ᠠᠵᠤ ᠠᠬᠤᠶ᠂ ᠰᠣᠶᠣᠯ᠂ ᠰᠤᠷᠭᠠᠨ ᠬᠥᠮᠦᠵᠢᠯ ᠪᠠ ᠵᠠᠮ ᠬᠠᠷᠢᠯᠴᠠᠭᠠᠨ ᠤ ᠲᠥᠪ | ᠪᠣᠯᠤᠨ᠎ᠠ᠃ ᠰᠢᠯᠢ ᠶᠢᠨ ᠭᠤᠣᠯ ᠲᠠᠯ᠎ᠠ ᠨᠤᠲᠤᠭ ᠤᠨ ᠳᠣᠲᠣᠷ᠎ᠠ ᠭᠠᠵᠠᠷ ᠲᠤ ᠪᠠᠶᠢᠷᠢᠯᠠᠵᠤ᠂ ᠴᠢᠨᠠᠷ ᠰᠠᠶᠢᠲᠠᠢ | ᠪᠠᠶᠢᠭᠠᠯᠢ ᠶᠢᠨ ᠪᠡᠯᠴᠢᠭᠡᠷ ᠤᠨ ᠲᠠᠯᠠᠪᠠᠢ ᠥᠷᠭᠡᠨ ᠠᠭᠤᠳᠠᠮ᠂ ᠪᠠᠶᠢᠭᠠᠯᠢ ᠶᠢᠨ ᠣᠷᠴᠢᠨ ᠲᠣᠭᠤᠷᠢᠨ ᠤ ᠨᠥᠬᠦᠴᠡᠯ | ᠳᠠᠪᠠᠭᠤᠯᠢᠭ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠪᠠᠶᠠᠯᠢᠭ᠂ ᠠᠵᠤ ᠠᠬᠤᠢ ᠶᠢᠨ | ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠃ ᠣᠶᠢᠷ᠎ᠠ ᠶᠢᠨ ᠬᠡᠳᠦᠨ ᠵᠢᠯ ᠳᠤ ᠰᠢᠯᠢ ᠶᠢᠨ ᠬᠤᠲᠠ ᠠᠮᠢ ᠠᠬᠤᠶ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠬᠢᠷᠲᠤᠯ ᠦᠭᠡᠶ ᠬᠥᠭᠵᠢᠯᠲᠡ᠂ ᠦᠢᠯᠡᠳᠪᠦᠷᠢᠯᠡᠯ᠂ ᠠᠮᠢᠳᠤᠷᠠᠯ᠂ ᠠᠮᠢ | ᠠᠬᠤᠶ ᠶᠢᠨ ᠬᠥᠭᠵᠢᠯᠲᠡ ᠶᠢᠨ ᠣᠷᠣᠨ ᠵᠠᠶ ᠶᠢ ᠨᠢᠭᠡᠳᠦᠯᠲᠡᠶ ᠲᠥᠯᠥᠪᠯᠡᠵᠦ᠂ ᠡᠬᠢ ᠪᠠᠶᠠᠯᠢᠭ ᠢ ᠠᠷᠪᠢᠯᠠᠬᠤ ᠪᠠ | ᠣᠷᠴᠢᠯᠳᠤᠭᠤᠯᠤᠨ ᠠᠰᠢᠭᠯᠠᠬᠤ ᠶᠢ ᠪᠦᠬᠦ ᠲᠠᠯ᠎ᠠ ᠪᠠᠷ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ | ᠬᠠᠮᠢᠶᠠᠷᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠮᠠᠷᠠᠲᠤ ᠶᠢᠨ ︽ᠨᠣᠭᠤᠭᠠᠨ ᠬᠤᠩᠬᠢᠯ︾ ᠢ | ᠪᠦᠷᠢᠯᠳᠦᠭᠦᠯᠬᠦ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ | ᠪᠠᠬᠢᠵᠢᠭᠦᠯᠬᠦ ᠳᠤ ᠭᠡᠷᠡᠯ ᠭᠢᠯᠪᠠᠭ᠎ᠠ ᠨᠡᠮᠡᠷᠢᠯᠡᠵᠦ᠂ ᠪᠦᠬᠦ ᠬᠤᠳᠠ ᠶᠢᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠪᠠᠷᠢᠮᠵᠢᠶ᠎ᠠ ᠳᠤ ᠬᠦᠷᠭᠡᠵᠦ ᠡᠭᠦᠳᠦᠨ ᠪᠠᠶᠢᠭᠤᠯᠬᠤ ᠳᠤ ᠪᠠᠲᠤ | ᠪᠠᠬᠢ ᠪᠠᠲᠤᠯᠠᠭ᠎ᠠ ᠬᠠᠩᠭᠠᠵᠠᠢ᠃ ᠰᠢᠯᠢ ᠶᠢᠨ ᠬᠤᠲᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠦᠷᠭᠦᠯᠵᠢᠯᠡᠨ ᠭᠦᠨᠵᠡᠭᠡᠶ ᠳᠥᠯᠭᠢᠨ ᠠᠬᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠠᠷᠪᠢᠲᠠᠶ ᠡᠷᠴᠢᠮᠯᠢᠭ | ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠳᠥᠯᠭᠢᠨ ᠠᠬᠢᠭᠤᠯᠬᠤ ᠶᠢᠨ ᠲᠤᠰᠠᠳᠠ᠂ | ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠬᠤ ᠶᠢ ᠳᠤᠷᠠᠳᠬᠤ ᠶᠢᠨ ᠬᠠᠮᠲᠤ ︽ᠰᠢᠯᠢ ᠶᠢᠨ ᠬᠤᠲᠠ ᠶᠢᠨ ᠤᠯᠤᠰ ᠤᠨ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠲᠥᠯᠥᠪᠵᠢᠭᠦᠯᠭᠡ︾ ᠶᠢ ᠰᠤᠳᠤᠯᠤᠨ | ᠲᠣᠭᠲᠠᠭᠠᠪᠠ᠃ | ᠨᠢᠭᠡᠳᠦᠭᠡᠷ ᠪᠦᠯᠦᠭ ᠡᠵᠢᠯ ᠤᠨ ᠰᠠᠭᠤᠷᠢ ᠬᠢᠭᠡᠳ ᠪᠠᠶᠢᠳᠠᠯ ᠤᠨ ᠵᠠᠳᠠᠯᠤᠯᠲᠠ | ᠨᠢᠭᠡᠳᠦᠭᠡᠷ ᠬᠡᠰᠡᠭ ᠪᠦᠲᠦᠭᠡᠨ ᠪᠠᠶᠢᠭᠤᠯᠤᠯᠲᠠ ᠶᠢᠨ ᠰᠠᠭᠤᠷᠢ | 1. ᠠᠮᠢ ᠠᠬᠤᠶ ᠶᠢᠨ ᠪᠠᠶᠢᠭᠤᠯᠤᠯ ᠤᠨ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ | ᠲᠦᠷᠢᠮ ᠪᠠ ᠲᠥᠰᠦᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠢᠢᠷ᠎ᠠ ᠶᠢᠨ ᠵᠢᠯ ᠠᠴᠠ᠂ ᠰᠢᠯᠢ ᠶᠢᠨ | ᠬᠤᠲᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠨᠢ ᠬᠠᠷᠠᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠪᠦᠬᠦᠯᠢ ᠴᠣᠭᠴᠠ ᠪᠠᠷ ᠨᠢᠭᠡᠳᠦᠯᠲᠡᠢ | ᠲᠥᠯᠥᠪᠵᠢᠭᠦᠯᠬᠦ ᠶᠢ ᠴᠢᠩᠭᠠᠳᠬᠠᠬᠤ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠵᠤ᠂ ︽ᠰᠢᠯᠢ ᠶᠢᠨ ᠬᠤᠲᠠ ᠶᠢᠨ | ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠶᠢ ᠬᠡᠷᠡᠭᠵᠢᠭᠦᠯᠬᠦ ᠲᠥᠰᠦᠯ︾᠂ ︽ᠰᠢᠯᠢ ᠶᠢᠨ ᠬᠤᠲᠠ ᠶᠢᠨ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠲᠥᠯᠥᠪᠯᠡᠭᠡ ᠶᠢ ᠬᠡᠷᠡᠭᠵᠢᠭᠦᠯᠬᠦ ᠲᠥᠰᠦᠯ︾᠂ ︽ᠰᠢᠯᠢ ᠶᠢᠨ | ᠬᠤᠲᠠ ᠶᠢᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ | ᠲᠥᠯᠥᠪᠯᠡᠭᠡ ᠶᠢ ᠬᠡᠷᠡᠭᠵᠢᠭᠦᠯᠬᠦ ᠲᠥᠰᠦᠯ︾ ︽ᠮᠠᠯᠵᠢᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ | ᠨᠥᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ︾ ︽ᠰᠢᠯᠢ ᠶᠢᠨ ᠬᠤᠲᠠ ᠶᠢᠨ | ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠬᠤ ᠶᠢ ᠬᠡᠷᠡᠭᠵᠢᠭᠦᠯᠬᠦ ᠲᠥᠰᠦᠯ︾ ᠵᠡᠷᠭᠡ ᠠᠯᠢ ᠣᠯᠠᠨ ᠲᠥᠰᠦᠯ ᠪᠣᠯᠤᠨ᠎ᠠ᠃ | ᠪᠠᠶᠢᠭᠤᠯᠤᠯ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠬᠥᠲᠥᠯᠦᠨ ᠳᠠᠭᠠᠭᠤᠯᠬᠤ | ᠦᠢᠯᠡᠳᠦᠯ ᠢ ᠳᠣᠪᠤᠶᠢᠯᠭᠠᠵᠤ᠂ ᠠᠵᠤ ᠦᠢᠯᠡᠰ ᠪᠠ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠵᠢᠴᠢ | ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠶᠢ ᠡᠵᠡᠮᠳᠡᠬᠦ ᠲᠦᠷᠢᠮ ᠢ ᠴᠢᠩᠭ᠎ᠠ | ᠬᠡᠷᠡᠭᠵᠢᠭᠦᠯᠵᠦ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ | ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠬᠠᠤᠯᠢ ᠶᠣᠰᠣᠭᠠᠷ ᠥᠷᠨᠢᠭᠦᠯᠦᠨ᠎ᠡ᠃ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠪᠠᠶᠢᠷᠢᠯᠠᠭᠤᠯᠤᠯᠲᠠ ᠶᠢᠨ ᠴᠢᠬᠤᠯᠠ ᠶᠡᠭᠡ ᠬᠠᠷᠠᠯᠲᠠ ᠡᠭᠦᠷᠭᠡ ᠶᠢ ᠪᠦᠲᠦᠮᠵᠢᠲᠡᠢ ᠥᠷᠨᠢᠭᠦᠯᠵᠦ᠂ ᠤᠳᠤᠷᠢᠳᠬᠤ | ᠺᠠᠳ᠋ᠷ ᠤᠨ ᠲᠤᠰᠢᠶᠠᠯ ᠠᠴᠠ ᠪᠠᠨ ᠰᠠᠯᠬᠤ ᠳᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢ ᠬᠢᠨᠠᠨ ᠪᠤᠳᠤᠬᠤ᠂ | ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠵᠡᠷᠭᠡ ᠲᠦᠷᠢᠮ ᠢ | ᠨᠠᠶᠢᠳᠠᠪᠤᠷᠢᠵᠢᠭᠤᠯᠵᠤ᠂ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾᠂ ︽ᠤᠢ ᠰᠢᠭᠤᠢ | ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ 2022 ᠣᠨ ᠳᠤ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠨᠠᠮ ᠵᠠᠰᠠᠭ ᠤᠨ ᠪᠣᠳᠠᠲᠤ ᠠᠮᠵᠢᠯᠲᠠ ᠶᠢ ᠬᠢᠨᠠᠨ | ᠰᠢᠯᠭᠠᠬᠤ ᠬᠠᠷᠢᠴᠠᠯ ᠢ 20% ᠲᠤ ᠬᠦᠷᠭᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠮᠡᠳᠡᠭᠡ ᠵᠠᠩᠭᠢ ᠶᠢ | ᠢᠯᠡ ᠪᠣᠯᠭᠠᠬᠤ ᠨᠤᠷᠮ᠎ᠠ ᠶᠢ 100% ᠲᠤ ᠬᠦᠷᠭᠡᠨ᠎ᠡ᠃ | ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠲᠠᠰᠤᠷᠠᠯᠲᠠ ᠥᠬᠡᠶ ᠴᠢᠩᠭᠠᠳᠬᠠᠨ᠎ᠠ᠃ ᠪᠥᠬᠦ | ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠴᠠᠭᠠᠯᠲᠠ ᠶᠢᠨ ᠠᠵᠢᠯ ᠢ ᠢᠳᠡᠪᠬᠢᠲᠡᠶ | ᠥᠷᠨᠢᠭᠦᠯᠵᠦ᠂ ᠣᠷᠴᠢᠨ ᠲᠣᠭᠤᠷᠢᠨ ᠤ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠰᠢᠰᠲ᠋ᠧᠮ ᠲᠠᠢ | ᠥᠷᠨᠢᠭᠦᠯᠦᠨ᠂ ︽ᠨᠢᠭᠡ ᠠᠵᠤ ᠠᠬᠤᠶᠢᠯᠠᠯ ᠨᠢᠭᠡ ᠲᠠᠩᠰᠠ ᠡᠪᠬᠡᠮᠡᠯ︾ ᠤᠨ ᠠᠵᠢᠯ ᠢ ᠥᠷᠨᠢᠭᠦᠯᠵᠦ᠂ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠬᠡ ᠲᠠᠩᠰᠠ ᠮᠠᠶ᠋ᠢᠭ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ | ᠪᠠᠶᠢᠭᠤᠯᠵᠤ᠂ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠬᠠᠰᠤᠬᠤ ᠲᠦᠷᠢᠮ ᠢ ᠬᠡᠷᠡᠭᠵᠢᠭᠦᠯᠦᠨ᠎ᠡ᠃ ᠲᠤᠤᠷᠴᠢᠯᠠᠭᠰᠠᠨ | ᠣᠷᠴᠢᠨ ᠠᠬᠤᠶ ᠶᠢᠨ ᠬᠢᠨᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ︽ᠰᠢᠯᠢ ᠶᠢᠨ ᠬᠤᠲᠠ ᠶᠢᠨ ᠣᠷᠴᠢᠨ | ᠠᠬᠤᠶ ᠶᠢᠨ ᠲᠤᠤᠷᠴᠢᠯᠠᠭᠰᠠᠨ ᠬᠢᠨᠠᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃ | 12369 ᠵᠠᠭᠠᠯᠳᠤᠯᠭ᠎ᠠ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠤᠶᠠᠳᠤᠭᠠᠷ ᠡᠭᠡᠯᠵᠢ ᠶᠢᠨ | ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠬᠤ ᠬᠤᠭᠤᠴᠠᠭᠠᠨ ᠳᠤ ᠲᠤᠰᠢᠶᠠᠨ | ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ 19 ᠬᠡᠷᠡᠭ ᠢ ᠨᠢᠭᠡᠨᠲᠡ ᠪᠦᠬᠦᠨ ᠢ ᠰᠢᠢᠳᠪᠦᠷᠢᠯᠡᠵᠦ | ᠳᠠᠭᠤᠰᠬᠠᠪᠠ᠃ | ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠮᠵᠢ ᠢᠯᠡᠷᠡᠬᠡᠢ᠃ 2016 ᠣᠨ ᠤ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ᠂ 2018 ᠣᠨ ᠤ ︽ᠡᠷᠬᠢᠨ ᠬᠠᠷᠠᠬᠤ︾ ᠵᠢᠴᠢ ᠨᠤᠲᠤᠭ | ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠢ ᠱᠠᠯᠠᠪᠳᠠᠭᠤᠯᠤᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠳᠤ ᠬᠤᠯᠪᠣᠭᠳᠠᠭᠰᠠᠨ 56 ᠵᠦᠢᠯ ᠤᠨ ᠠᠰᠠᠭᠤᠳᠠᠯ ᠪᠣᠯᠤᠨ | 2020 ᠣᠨ ᠤ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠳᠤ ᠬᠤᠯᠪᠣᠭᠳᠠᠭᠰᠠᠨ 8 ᠵᠦᠢᠯ ᠤᠨ ᠠᠰᠠᠭᠤᠳᠠᠯ ᠢ ᠪᠦᠬᠦᠨ ᠢ | ᠴᠡᠭᠴᠡᠯᠡᠨ ᠰᠠᠶᠢᠵᠢᠷᠠᠭᠤᠯᠪᠠ᠃ ᠢᠳᠡᠭᠡᠨ ᠤᠮᠳᠠᠭᠠᠨ ᠤ ᠱᠤᠤᠭᠢᠶᠠᠨ ᠤ ᠪᠣᠬᠢᠷᠲᠤᠯ᠂ ᠠᠮᠢᠳᠤᠷᠠᠯ ᠤᠨ ᠱᠤᠤᠭᠢᠶᠠᠨ ᠤ | ᠪᠣᠬᠢᠷᠲᠤᠯ᠂ ᠲᠤᠰᠤᠨ ᠤᠳᠤᠭ᠎ᠠ ᠶᠢᠨ ᠪᠣᠬᠢᠷᠲᠤᠯ ᠢ ᠵᠠᠰᠠᠬᠤ᠂ ᠨᠡᠭᠦᠷᠡᠰᠦ ᠰᠢᠲᠠᠭᠠᠬᠤ ᠭᠦᠸᠧᠯᠦ ᠶᠢᠨ ᠪᠣᠬᠢᠷᠲᠤᠯ ᠢ | ᠵᠠᠰᠠᠬᠤ᠂ ᠳᠡᠭᠳᠡᠮᠡᠯ ᠲᠣᠭᠤᠰᠣ ᠰᠢᠷᠣᠢ ᠶᠢᠨ ᠪᠣᠬᠢᠷᠲᠤᠯ ᠢ ᠵᠠᠰᠠᠬᠤ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ | ᠵᠠᠰᠠᠬᠤ᠂ ︽ᠲᠠᠷᠠᠬᠠᠢ ᠪᠤᠲᠠᠷᠬᠠᠢ ᠪᠣᠬᠢᠷᠲᠤᠯ︾ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠬᠤᠭ ᠨᠣᠪᠰᠢ ᠶᠢ | ᠰᠢᠢᠳᠪᠦᠷᠢᠯᠡᠬᠦ᠂ ᠵᠠᠳᠠᠭᠠᠢ ᠨᠡᠭᠦᠷᠡᠰᠦᠨ ᠠᠭᠤᠷᠬᠠᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠵᠡᠷᠭᠡ | ᠨᠢᠭᠡ ᠪᠦᠯᠦᠭ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠰᠠᠭᠤᠳᠠᠯ ᠢ ᠭᠡᠳᠡᠷᠬᠦ ᠰᠢᠬᠠᠮᠳᠠᠭᠤᠯᠤᠨ | ᠰᠢᠢᠳᠪᠦᠷᠢᠯᠡᠪᠡ᠃ 2022 ᠣᠨ ᠤ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ | ᠰᠠᠶᠢᠵᠢᠷᠠᠭᠤᠯᠬᠤ ᠠᠵᠢᠯ ᠢ ᠶᠠᠭ ᠴᠠᠭ ᠤᠨ ᠳᠠᠷᠠᠭᠠᠯᠠᠯ ᠢᠶᠠᠷ ᠪᠦᠲᠦᠮᠵᠢᠲᠡᠢ ᠠᠬᠢᠭᠤᠯᠵᠤ ᠪᠤᠢ᠃ | 2. ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢᠯᠡᠳᠲᠡ ᠰᠠᠶᠢᠵᠢᠷᠠᠪᠠ | ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠠᠬᠢᠭᠤᠯᠵᠤ᠂ ᠣᠷᠴᠢᠨ ᠲᠣᠭᠤᠷᠢᠨ ᠤ | ᠠᠭᠠᠷ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠰᠠᠶᠢᠵᠢᠷᠠᠭᠤᠯᠪᠠ᠃ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ | ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ | ᠦᠷᠭᠦᠯᠵᠢᠯᠡᠨ ᠶᠠᠪᠤᠭᠳᠠᠭᠤᠯᠵᠤ᠂ ᠬᠤᠲᠠ ᠪᠠᠯᠭᠠᠰᠤ ᠶᠢᠨ ᠲᠠᠷᠠᠬᠠᠶ ᠪᠤᠲᠠᠷᠬᠠᠶ ᠨᠡᠭᠦᠷᠡᠰᠦᠨ ᠤ ᠰᠢᠲᠠᠯᠲᠠ ᠶᠢᠨ | ᠵᠠᠰᠠᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ 2022 ᠣᠨ ᠤ ᠠᠭᠠᠷ ᠤᠨ ᠶᠠᠰᠤ ᠴᠢᠨᠠᠷ ᠤᠨ ᠰᠢᠯᠢᠳᠡᠭ | ᠰᠠᠶᠢᠨ ᠡᠳᠦᠷ ᠤᠨ ᠲᠤᠭ᠎ᠠ ᠶᠢᠨ ᠬᠠᠷᠢᠴᠠᠯ 99.2% ᠲᠤ ᠬᠦᠷᠴᠦ᠂ ᠵᠢᠵᠢᠭ ᠮᠥᠬᠦᠯᠢᠭᠲᠦ ᠪᠣᠳᠠᠰ ᠤᠨ ᠵᠢᠯ ᠤᠨ | ᠳᠤᠮᠳᠠᠴᠢ ᠥᠳᠬᠡᠴᠡ 9ug/ᠺᠦᠪ ᠮᠧᠲᠷ ᠳᠤ ᠬᠦᠷᠴᠦ᠂ ᠤᠯᠤᠰ ᠤᠨ ᠨᠢᠭᠡᠳᠦᠭᠡᠷ ᠳᠡᠰ ᠤᠨ ᠪᠠᠷᠢᠮᠵᠢᠶ᠎ᠠ ᠳᠤ | ᠲᠣᠭᠲᠠᠭᠤᠨ ᠢᠶᠠᠷ ᠬᠦᠷᠴᠦ᠂ ᠠᠭᠠᠷ ᠤᠨ ᠶᠠᠰᠤ ᠴᠢᠨᠠᠷ ᠪᠥᠬᠦ ᠣᠷᠣᠨ ᠤ ᠲᠡᠷᠢᠭᠦᠨ ᠳᠤ ᠣᠷᠣᠪᠠ᠃ | ᠬᠥᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠴᠢᠩᠭᠠᠳᠬᠠᠵᠤ᠂ ᠤᠰᠤᠨ ᠤ ᠣᠷᠴᠢᠨ | ᠲᠣᠭᠤᠷᠢᠨ ᠤ ᠶᠠᠰᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠦᠨ᠎ᠡ᠃ ᠤᠤᠭᠤᠬᠤ ᠤᠰᠤᠨ ᠤ ᠡᠬᠢ | ᠰᠤᠷᠪᠤᠯᠵᠢ ᠶᠢᠨ ᠣᠷᠣᠨ ᠢ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠲᠦᠯᠬᠢᠨ ᠠᠬᠢᠭᠤᠯᠪᠠ᠃ | ᠰᠢᠯᠢ ᠶᠢᠨ ᠬᠤᠲᠠ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠣᠷᠴᠢᠨ ᠲᠣᠭᠤᠷᠢᠨ ᠤ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ᠎ᠠ᠃ ᠭᠠᠭᠴᠠ ᠮᠣᠳᠣ | ᠂ ᠴᠠᠶᠢᠳᠠᠮ ᠤᠨ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ | ᠴᠢᠨᠠᠷ ᠢ ︽ᠭᠠᠵᠠᠷ ᠳᠣᠤᠷᠠᠬᠢ ᠤᠰᠤᠨ ᠤ ᠶᠠᠰᠤ ᠴᠢᠨᠠᠷ ᠤᠨ ᠪᠠᠷᠢᠮᠵᠢᠶ᠎ᠠ︾ ︵GB/T 14848 — 2017 | ︶ ᠶᠢᠨ ᠰᠢᠯᠭᠠᠨ ᠬᠢᠨᠠᠬᠤ ᠪᠠᠷᠢᠮᠵᠢᠶ᠎ᠠ ᠳᠤ ᠬᠦᠷᠦᠭᠦᠯᠵᠦ᠂ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100% ᠳᠤ | ᠬᠦᠷᠦᠭᠦᠯᠦᠨ᠎ᠡ᠃ ᠤᠯᠤᠰ ᠠᠴᠠ ᠡᠵᠡᠮᠳᠡᠵᠦ ᠪᠠᠶᠢᠭ᠎ᠠ ᠰᠢᠯᠢ ᠶᠢᠨ ᠭᠤᠤᠯ ᠤᠨ ᠣᠭᠲᠣᠯᠤᠭᠠᠰᠤ ᠶᠢᠨ ᠤᠰᠤᠨ ᠤ | ᠴᠢᠨᠠᠷ ᠨᠢ Ⅳ ᠲᠥᠷᠥᠯ ᠳᠤ ᠬᠦᠷᠴᠦ᠂ ᠬᠢᠨᠠᠨ ᠰᠢᠯᠭᠠᠬᠤ ᠬᠠᠷᠠᠯᠲᠠ ᠠᠴᠠ ᠳᠠᠪᠠᠭᠤᠯᠢᠭ ᠪᠠᠶᠢᠨ᠎ᠠ᠃ ᠪᠦᠬᠦ | ᠬᠤᠲᠠ ᠶᠢᠨ ᠳᠣᠲᠣᠷ᠎ᠠ ᠮᠠᠭᠤ V ᠲᠥᠷᠥᠯ ᠤᠨ ᠤᠰᠤᠨ ᠴᠣᠭᠴᠠ ᠪᠠ ᠬᠠᠷ᠎ᠠ ᠦᠮᠡᠬᠡᠶ ᠤᠰᠤᠨ ᠴᠣᠭᠴᠠ ᠪᠠᠶᠢᠬᠤ | ᠦᠭᠡᠶ᠃ | ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠯᠠᠪᠳᠠᠭᠤᠨ ᠢᠶᠠᠷ ᠥᠷᠨᠢᠭᠦᠯᠦᠨ᠎ᠡ᠃ ᠪᠥᠬᠦ ᠬᠤᠲᠠ ᠶᠢᠨ | ᠪᠠᠶᠢᠴᠠᠭᠠᠯᠲᠠ ᠳᠤ ᠣᠷᠣᠭᠤᠯᠤᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠪᠠ ᠬᠦᠨᠳᠦ ᠲᠡᠮᠦᠷᠯᠢᠭ | ᠭᠠᠳᠠᠭᠰᠢᠯᠠᠭᠤᠯᠬᠤ ᠳᠤ ᠬᠤᠯᠪᠣᠭᠳᠠᠭᠰᠠᠨ 1 ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠪᠠᠶᠢᠴᠠᠭᠠᠯᠲᠠ ᠶᠢ | ᠪᠡᠶᠡᠯᠡᠭᠦᠯᠵᠦ᠂ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠶᠢ ᠴᠢᠩᠭᠠᠳᠬᠠᠨ᠂ ᠪᠥᠬᠦ ᠬᠤᠲᠠ ᠶᠢᠨ ᠬᠥᠷᠥᠰᠥ ᠰᠢᠷᠣᠶ ᠶᠢᠨ ᠭᠤᠤᠯᠳᠠᠯᠭ᠎ᠠ ᠲᠠᠢ ᠬᠢᠨᠠᠨ ᠬᠠᠮᠢᠶᠠᠷᠬᠤ 4 | ᠨᠢᠭᠡᠴᠡ ᠴᠥᠮ ᠥᠪᠡᠰᠦᠪᠡᠨ ᠬᠢᠨᠠᠨ ᠬᠡᠮᠵᠢᠬᠦ ᠠᠵᠢᠯ ᠢ ᠪᠡᠶᠡᠯᠡᠭᠦᠯᠪᠡ᠃ ᠪᠣᠬᠢᠷᠲᠤᠭᠰᠠᠨ ᠲᠠᠷᠢᠶᠠᠨ ᠭᠠᠵᠠᠷ ᠪᠠᠶᠢᠬᠤ | ᠥᠬᠡᠶ᠂ ᠬᠥᠷᠥᠰᠥ ᠰᠢᠷᠣᠶ ᠶᠢᠨ ᠪᠣᠬᠢᠷᠲᠤᠯ ᠤᠨ ᠬᠡᠷᠡᠭ ᠭᠠᠷᠤᠭᠰᠠᠨ ᠥᠬᠡᠶ᠃ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠪᠠ᠃ | ᠬᠠᠷᠢᠶᠠᠲᠤ ᠣᠷᠣᠨ ᠤ ᠳᠣᠲᠣᠷᠠᠬᠢ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠤᠰᠬᠠᠶ | ᠵᠦᠢᠯ ᠤᠨ ᠪᠠᠶᠢᠴᠠᠭᠠᠯᠲᠠ ᠶᠢ ᠭᠦᠨᠵᠡᠭᠡᠶ ᠥᠷᠨᠢᠭᠦᠯᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠰᠠᠷ᠎ᠠ ᠪᠠᠷ ᠥᠷᠨᠢᠭᠦᠯᠦᠨ᠎ᠡ᠃ ᠴᠠᠬᠢᠯᠭᠠᠨ ᠤ ᠦᠢᠯᠡᠳᠪᠦᠷᠢ ᠶᠢᠨ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ | ᠡᠮᠴᠢᠯᠡᠭᠡᠨ ᠤ ᠬᠠᠶᠠᠭᠳᠠᠮᠠᠯ ᠪᠣᠳᠠᠰ᠂ ᠬᠠᠶᠠᠭᠳᠠᠮᠠᠯ ᠤᠰᠤ ᠶᠢ ᠬᠢᠨᠠᠨ ᠪᠠᠶᠢᠴᠠᠭᠠᠬᠤ ᠠᠵᠢᠯ ᠢ ᠦᠷᠭᠦᠯᠵᠢᠯᠡᠨ | ᠥᠷᠨᠢᠭᠦᠯᠵᠦ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠵᠢᠭᠰᠠᠭᠠᠨ | ᠪᠠᠶᠢᠴᠠᠭᠠᠬᠤ ᠠᠵᠢᠯᠯᠠᠭ᠎ᠠ ᠵᠢᠴᠢ ᠲᠦᠭᠰᠢᠭᠦᠷᠢ ᠶᠢ ᠦᠨᠡᠯᠡᠨ ᠵᠢᠱᠢᠬᠦ ᠶᠢ ᠥᠷᠨᠢᠭᠦᠯᠦᠨ᠎ᠡ᠃ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠰᠢᠢᠳᠪᠦᠷᠢᠯᠡᠵᠦ ᠠᠰᠢᠭᠯᠠᠬᠤ ᠨᠤᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠶᠤᠯᠲᠠᠶ | ᠬᠠᠶᠠᠭᠳᠠᠮᠠᠯ ᠪᠣᠳᠠᠰ ᠢ ᠠᠰᠢᠭᠯᠠᠵᠤ ᠰᠢᠢᠳᠪᠦᠷᠢᠯᠡᠬᠦ ᠨᠤᠷᠮ᠎ᠠ ᠶᠢ 100% ᠳᠤ ᠬᠦᠷᠭᠡᠨ᠎ᠡ᠃ | 3. ᠪᠠᠶᠢᠭᠠᠯᠢ ᠶᠢᠨ ᠠᠮᠢ ᠠᠬᠤᠶ ᠶᠢᠨ ᠣᠷᠣᠨ ᠵᠠᠶ ᠶᠢ ᠲᠠᠰᠣᠷᠠᠯᠲᠠ ᠣᠢᠭᠡᠢ ᠴᠢᠩᠭᠠᠳᠬᠠᠪᠠ | ᠠᠮᠢ ᠠᠬᠤᠶ ᠶᠢᠨ ᠣᠷᠣᠨ ᠵᠠᠶ ᠶᠢᠨ ᠬᠠᠮᠢᠶᠠᠷᠤᠯᠲᠠ ᠡᠵᠡᠮᠳᠡᠯ ᠢ ᠭᠦᠨᠵᠡᠭᠡᠶ ᠲᠦᠯᠬᠢᠨ ᠠᠬᠢᠭᠤᠯᠪᠠ᠃ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠵᠦ᠂ | ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠬᠤ ᠶᠢ ᠪᠡᠶᠡᠯᠡᠭᠦᠯᠵᠦ᠂ 47. | 5% ᠶᠢᠨ ᠤᠯᠤᠰ ᠤᠨ ᠨᠤᠲᠤᠭ ᠳᠡᠪᠢᠰᠬᠡᠷ ᠤᠨ ᠲᠠᠯᠠᠪᠠᠢ ᠶᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠳᠤ ᠬᠤᠪᠢᠶᠠᠷᠢᠯᠠᠨ ᠣᠷᠣᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠥᠲᠥᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠰᠢᠯᠢ ᠶᠢᠨ ᠭᠤᠤᠯ ᠤᠨ ᠨᠤᠭᠤ ᠭᠠᠵᠠᠷ ᠤᠨ ᠴᠡᠴᠡᠷᠯᠢᠭ ᠨᠢ | ᠪᠥᠬᠦ ᠠᠶᠢᠮᠠᠭ ᠤᠨ ᠠᠩᠬᠠᠳᠠᠭᠴᠢ ᠤᠯᠤᠰ ᠤᠨ ᠲᠠᠰ ᠤᠨ ᠨᠤᠭᠤ ᠭᠠᠵᠠᠷ ᠤᠨ ᠴᠡᠴᠡᠷᠯᠢᠭ ᠪᠣᠯᠵᠣ᠂ ᠰᠢᠯᠢ ᠶᠢᠨ | ᠭᠤᠤᠯ ᠤᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢ ᠤᠯᠤᠰ ᠤᠨ ᠭᠠᠵᠠᠷ | ᠰᠢᠨᠵᠢᠯᠡᠭᠡᠨ ᠤ ᠴᠡᠴᠡᠷᠯᠢᠭ ᠪᠣᠯᠭᠠᠨ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠪᠠᠶᠠᠨᠬᠦ᠋ᠷᠢᠶ᠎ᠡ ᠶᠢᠨ ᠮᠠᠯᠵᠢᠯ ᠤᠨ | ᠲᠠᠯᠠᠪᠠᠶ ᠪᠠ ᠮᠣᠳᠣᠨ ᠮᠠᠯᠵᠢᠯ ᠤᠨ ᠲᠠᠯᠠᠪᠠᠶ ᠶᠢᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠢ ᠴᠥᠮ | ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠨᠢᠭᠡᠳᠦᠭᠡᠷ ᠪᠦᠯᠦᠭ ᠤᠨ ᠲᠤᠷᠰᠢᠯᠲᠠ ᠶᠢᠨ | ᠴᠢᠬ ᠤᠨ ᠪᠥᠲᠥᠭᠡᠨ ᠪᠠᠶᠢᠭᠤᠯᠤᠯᠲᠠ ᠶᠢᠨ ᠨᠡᠷᠡᠰ ᠲᠤ ᠣᠷᠣᠭᠤᠯᠪᠠ᠃ | ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ ᠦᠷ᠎ᠡ ᠪᠦᠲᠦᠮᠵᠢ ᠢᠯᠡᠳᠲᠡ ᠪᠣᠯᠪᠠ᠃ ᠰᠢᠯᠢ ᠶᠢᠨ | ᠬᠤᠲᠠ ᠳᠤ ᠠᠰᠢᠭᠯᠠᠵᠤ ᠪᠣᠯᠬᠤ ᠴᠢᠨᠠᠷ ᠰᠠᠶᠢᠲᠠᠶ ᠪᠠᠶᠢᠭᠠᠯᠢ ᠶᠢᠨ ᠪᠡᠯᠴᠢᠭᠡᠷ ᠤᠨ ᠲᠠᠯᠠᠪᠠᠶ 2054 ᠲᠦᠮᠡᠨ ᠮᠥ | ᠪᠠᠶᠢᠵᠤ᠂ ︽ᠲᠠᠯ᠎ᠠ ᠨᠤᠲᠤᠭ ᠤᠨ ᠭᠡᠷᠡᠯᠲᠦ ᠰᠤᠪᠤᠳ︾ ᠭᠡᠰᠡᠨ ᠰᠠᠶᠢᠬᠠᠨ ᠠᠯᠳᠠᠷᠲᠠᠶ ᠶᠤᠮ᠃ ᠮᠠᠭᠤᠳᠠᠭᠰᠠᠨ | ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠠᠵᠢᠯ ᠢ ᠭᠦᠨᠵᠡᠭᠡᠶ ᠥᠷᠨᠢᠭᠦᠯᠵᠦ᠂ ᠨᠤᠲᠤᠭ ᠪᠡᠯᠴᠢᠭᠡᠷ ᠤᠨ | ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠤᠯᠠᠭᠠᠨ ᠱᠤᠭᠤᠮ ᠢᠶᠠᠷ | ᠬᠠᠮᠢᠶᠠᠷᠤᠨ ᠡᠵᠡᠮᠳᠡᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠵᠣ | ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ︽ᠰᠢᠯᠢ ᠶᠢᠨ ᠬᠤᠲᠠ ᠶᠢᠨ | ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ ᠵᠦᠢᠯᠡᠰ︾ 2021 ᠣᠨ ᠳᠤ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ︽ᠳᠤᠮᠳᠠᠳᠤ ᠤᠯᠤᠰ ᠤᠨ ᠠᠮᠢ ᠠᠬᠤᠢ ᠶᠢ ᠵᠠᠰᠠᠨ ᠰᠡᠷᠭᠦᠭᠡᠭᠰᠡᠨ | ᠨᠡᠶᠢᠲᠡᠯᠢᠭ ᠬᠡᠷᠡᠭ ᠤᠨ ᠵᠢᠱᠢᠶ᠎ᠡ︾ ᠳᠤ ᠠᠮᠵᠢᠯᠲᠠ ᠲᠠᠢ ᠪᠠᠷ ᠰᠣᠩᠭᠤᠭᠳᠠᠵᠤ᠂ ᠴᠤᠷ ᠤᠨ ᠭᠠᠭᠴᠠ ᠰᠣᠩᠭᠤᠨ | ᠣᠷᠣᠭᠤᠯᠤᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ ᠵᠦᠢᠯᠡᠰ ᠤᠨ ᠬᠤᠪᠢ ᠪᠠᠷ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠠᠴᠠ ᠳᠡᠯᠡᠬᠡᠢ ᠳ᠋ᠠᠬᠢᠨ ᠳᠤ ᠲᠠᠨᠢᠯᠴᠠᠭᠤᠯᠤᠭᠰᠠᠨ ᠨᠤᠲᠤᠭ ᠪᠡᠯᠴᠢᠭᠡᠷ ᠤᠨ ᠠᠮᠢ | ᠠᠬᠤᠢ ᠶᠢ ᠵᠠᠰᠠᠨ ᠰᠡᠷᠭᠦᠭᠡᠬᠦ ᠦᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃ | ᠠᠭᠤᠷᠬᠠᠶ ᠶᠢᠨ ᠠᠮᠢ ᠠᠬᠤᠶ ᠶᠢᠨ ᠣᠷᠴᠢᠨ ᠨᠥᠬᠦᠴᠡᠯ ᠶᠡᠷᠦᠩᠬᠡᠶ ᠳᠡᠭᠡᠨ ᠰᠠᠶᠢᠵᠢᠷᠠᠨ ᠬᠥᠭᠵᠢᠪᠡ᠃ ᠰᠢᠯᠢ ᠶᠢᠨ | ᠬᠤᠲᠠ ᠶᠢᠨ ᠠᠭᠤᠷᠬᠠᠶ ᠶᠢᠨ ᠭᠠᠷᠤᠯᠲᠠ ᠡᠯᠪᠡᠭ ᠪᠠᠶᠠᠯᠢᠭ ᠪᠠᠶᠢᠵᠤ᠂ ᠭᠤᠣᠯ ᠠᠭᠤᠷᠬᠠᠶ ᠶᠢᠨ ᠭᠠᠷᠤᠯᠲᠠ ᠨᠢ | ᠴᠢᠯᠠᠭᠤᠨ ᠲᠣᠰᠣ᠂ ᠨᠡᠭᠦᠷᠡᠰᠦ᠂ ᠭᠧᠷᠮᠠᠨ᠂ ᠮᠤᠯᠢᠪᠳᠧᠨ᠂ ᠾᠷᠣᠮ ᠵᠡᠷᠭᠡ 30 ᠭᠠᠷᠤᠶ ᠵᠦᠢᠯ ᠪᠤᠶ᠃ | ᠠᠭᠤᠷᠬᠠᠶ ᠶᠢᠨ ᠭᠠᠷᠤᠯᠲᠠ ᠶᠢ ᠨᠡᠭᠡᠭᠡᠨ ᠠᠰᠢᠭᠯᠠᠬᠤ ᠬᠠᠮᠢᠶᠠᠷᠤᠯᠲᠠ ᠵᠢᠴᠢ ᠠᠮᠢ ᠠᠬᠤᠶ ᠶᠢ ᠬᠠᠮᠠᠭᠠᠯᠠᠨ ᠰᠡᠷᠭᠦᠭᠡᠬᠦ | ᠠᠵᠢᠯ ᠢ ᠭᠦᠨᠵᠡᠭᠡᠶ ᠳᠥᠯᠭᠢᠨ ᠠᠬᠢᠭᠤᠯᠵᠤ᠂ 2022 ᠣᠨ ᠤ ᠡᠴᠦᠰ ᠪᠣᠯᠲᠠᠯ᠎ᠠ᠂ ᠪᠥᠬᠦ ᠬᠤᠲᠠ ᠳᠤ ᠨᠢᠭᠡᠨᠲᠡ 3 | ᠪᠣᠬᠢᠷᠲᠤᠯ ᠥᠬᠡᠶ ᠠᠭᠤᠷᠬᠠᠶ ᠶᠢ ᠪᠠᠶᠢᠭᠤᠯᠵᠤ ᠳᠠᠭᠤᠰᠬᠠᠪᠠ᠂ ᠡᠭᠦᠨ ᠳᠤ ᠤᠯᠤᠰ ᠤᠨ ᠲᠠᠰ ᠤᠨ 1 ᠠᠭᠤᠷᠬᠠᠶ᠂ | ᠥᠪᠡᠷᠲᠡᠭᠡᠨ ᠵᠠᠰᠠᠬᠤ ᠣᠷᠣᠨ ᠤ ᠲᠠᠰ ᠤᠨ 2 ᠠᠭᠤᠷᠬᠠᠶ ᠪᠠᠶᠢᠵᠤ᠂ ᠲᠡᠤᠬᠡᠨ ᠠᠴᠠ ᠦᠯᠡᠳᠡᠭᠳᠡᠵᠦ ᠢᠷᠡᠭᠰᠡᠨ | ᠬᠠᠶᠠᠭᠳᠠᠮᠠᠯ ᠨᠦᠬᠡ ᠮᠠᠯᠲᠠᠬᠤ ᠶᠢ ᠵᠠᠰᠠᠬᠤ ᠲᠥᠷᠥᠯ ᠵᠦᠢᠯ ᠳᠤ 2.5 ᠳ᠋ᠦᠩᠰᠢᠭᠤᠷ ᠲᠥᠭᠦᠷᠢᠭ ᠤᠨ ᠪᠠᠯᠠ ᠮᠥᠩᠭᠦ | ᠣᠷᠣᠭᠤᠯᠵᠤ᠂ ᠵᠠᠰᠠᠭᠰᠠᠨ ᠲᠠᠯᠠᠪᠠᠶ ᠨᠢ 24.3 ᠲᠡᠭᠰᠢ ᠳᠥᠷᠪᠡᠯᠵᠢᠨ ᠺᠢᠯᠣᠮᠧᠲᠷ ᠲᠤ ᠬᠥᠷᠪᠡ᠃ | 4. ᠪᠣᠬᠢᠷᠲᠤᠯ ᠦᠭᠡᠶ ᠠᠵᠤ ᠠᠬᠤᠶ ᠶᠢᠨ ᠬᠥᠭᠵᠢᠯᠲᠡ ᠶᠢᠨ ᠠᠯᠬᠤᠮ ᠪᠠᠲᠤ ᠪᠠᠬᠢ ᠪᠠᠶᠢᠨ᠎ᠠ | ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠥᠨᠳᠥᠷ ᠪᠦᠲᠦᠮᠵᠢᠲᠡᠶ ᠬᠥᠭᠵᠢᠪᠡ᠃ | ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ︵ᠠᠯᠠᠰᠢᠨ ᠬᠤᠨᠢ︶ ᠶᠢᠨ ᠠᠵᠤ | ᠦᠢᠯᠡᠰ ᠤᠨ ᠬᠦᠷᠢᠶᠡᠯᠡᠩ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠠᠮᠤᠷ ᠲᠦᠪᠰᠢᠨ ᠢ ᠪᠠᠶᠢᠴᠠᠭᠠᠨ ᠰᠢᠯᠭᠠᠬᠤ ᠲᠥᠪ ᠨᠢ ᠪᠥᠬᠦ ᠣᠷᠣᠨ ᠤ ᠠᠩᠬᠠᠳᠠᠭᠴᠢ | ᠥᠪᠡᠷᠲᠡᠭᠡᠨ ᠵᠠᠰᠠᠬᠤ ᠣᠷᠣᠨ ᠤ ᠵᠤᠷᠰᠢᠯ ᠤᠨ ᠬᠢᠨᠠᠨ ᠬᠡᠮᠵᠢᠬᠦ ᠡᠭᠦᠷᠭᠡ ᠶᠢ ᠡᠭᠦᠷᠭᠡᠯᠡᠭᠰᠡᠨ ᠰᠢᠶᠠᠨ ᠤ ᠱᠠᠲᠤᠨ ᠤ | ᠪᠠᠶᠢᠴᠠᠭᠠᠨ ᠰᠢᠯᠭᠠᠬᠤ ᠪᠠᠶᠢᠭᠤᠯᠤᠮᠵᠢ ᠪᠣᠯᠤᠭᠰᠠᠨ ᠪᠠᠶᠢᠨ᠎ᠠ᠃ ᠪᠥᠬᠦ ᠤᠯᠤᠰ ᠤᠨ ᠬᠥᠳᠡᠭᠡ ᠲᠣᠰᠬᠤᠨ ᠤ ᠨᠢᠭᠡᠳᠦᠭᠡᠷ | ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠬᠤᠰᠢᠭᠤᠴᠢ ᠣᠷᠣᠨ ᠢ ᠨᠡᠷ᠎ᠡ | ᠳᠤᠷᠠᠳᠴᠤ ᠡᠭᠦᠳᠦᠨ ᠪᠠᠶᠢᠭᠤᠯᠵᠤ᠂ ᠮᠣᠳᠣᠨ ᠮᠠᠯᠵᠢᠯ ᠤᠨ ᠲᠠᠯᠠᠪᠠᠶ᠂ ᠥᠪᠥᠷ ᠮᠣᠩᠭᠤᠯ ᠤᠨ ᠶᠡᠭᠡ | ᠰᠤᠷᠭᠠᠭᠤᠯᠢ ᠶᠢᠨ ᠪᠡᠯᠴᠢᠭᠡᠷ ᠤᠨ ᠰᠤᠳᠤᠯᠭᠠᠨ ᠤ ᠰᠠᠭᠤᠷᠢᠨ ᠭᠠᠵᠠᠷ ᠢᠶᠠᠷ ᠲᠤᠷᠰᠢᠯᠲᠠ ᠶᠢᠨ ᠣᠷᠣᠨ ᠪᠣᠯᠭᠠᠭᠰᠠᠨ | ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠭᠤᠤᠯ | ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠬᠠᠮᠲᠤ ᠰᠢᠨᠵᠢᠯᠡᠬᠦ ᠤᠬᠠᠭᠠᠨ ᠮᠡᠷᠭᠡᠵᠢᠯ ᠤᠨ | ᠶᠠᠮᠤᠨ ᠤ ᠮᠠᠭᠠᠳᠯᠠᠨ ᠲᠣᠭᠲᠠᠭᠠᠯᠲᠠ ᠶᠢ ᠳᠠᠮᠵᠢᠪᠠ᠃ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ | ᠠᠰᠢᠭᠯᠠᠬᠤ ᠨᠣᠷᠮ᠎ᠠ ᠪᠠ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠠᠭᠠᠰᠤᠨ ᠪᠣᠬᠢᠷᠲᠤᠯ ᠢ ᠰᠢᠢᠳᠪᠦᠷᠢᠯᠡᠬᠦ | ᠪᠡᠯᠡᠳᠬᠡᠮᠵᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠨᠣᠷᠮ᠎ᠠ ᠶᠢ ᠲᠣᠰ ᠲᠣᠰ 90% ᠪᠠ 100% ᠳᠤ | ᠬᠦᠷᠪᠡ᠃ | ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠠᠯᠬᠤᠴᠠ ᠶᠢ | ᠲᠦᠷᠭᠡᠳᠪᠡ᠃ ᠢᠯᠴᠢ ᠶᠢᠨ ᠴᠠᠬᠢᠯᠭᠠᠨ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠤᠨ ᠮᠠᠰᠢᠨ | ᠴᠣᠭᠴᠠᠯᠠᠪᠤᠷᠢ ᠨᠡᠶᠢᠳᠡ 680.6 ᠲᠦᠮᠡᠨ ᠺᠢᠯᠣᠸᠠᠲ ᠲᠤ ᠬᠦᠷᠴᠡᠶ᠃ ᠣᠨᠴᠠ ᠥᠨᠳᠥᠷ ᠬᠦᠴᠦᠳᠡᠯᠲᠦ ᠴᠠᠬᠢᠯᠭᠠᠨ | ᠬᠦᠷᠭᠡᠬᠦ ᠢᠨᠵᠧᠨᠧᠷᠢᠩ ᠡᠯᠪᠡᠭ ᠳᠡᠯᠪᠡᠭ ᠦᠷ᠎ᠡ ᠪᠦᠲᠦᠭᠡᠯ ᠤᠯᠪᠠ᠃ ᠲᠣᠨᠣᠭᠯᠠᠯ ᠦᠢᠯᠡᠳᠬᠦ ᠦᠢᠯᠡᠰ ᠤᠨ | ᠬᠥᠭᠵᠢᠯᠲᠡ ᠨᠢᠰᠬᠦ ᠮᠡᠲᠦ ᠲᠦᠷᠭᠡᠨ ᠬᠥᠭᠵᠢᠵᠦ᠂ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ᠂ ᠰᠤᠪᠤᠷᠭ᠎ᠠ ᠶᠢᠨ | ᠲᠦᠩᠰᠡ᠂ ᠨᠠᠪᠴᠢᠨ ᠤ ᠢᠯᠲᠠᠰᠤ ᠵᠡᠷᠭᠡ ᠭᠤᠣᠯ ᠴᠣᠭᠴᠠ ᠶᠢᠨ ᠤᠭᠰᠠᠷᠠᠭ᠎ᠠ ᠲᠤᠨᠤᠭ ᠢ ᠲᠤᠰ ᠣᠷᠣᠨ ᠳᠠᠭᠠᠨ | ᠦᠢᠯᠡᠳᠪᠦᠷᠢᠯᠡᠬᠦ ᠶᠢ ᠪᠡᠶᠡᠯᠡᠭᠦᠯᠵᠦ᠂ ᠤᠭᠰᠠᠷᠠᠭ᠎ᠠ ᠲᠤᠨᠤᠭ ᠤᠨ ᠦᠢᠯᠡᠳᠪᠦᠷᠢᠯᠡᠯ᠂ ᠦᠯᠢᠶᠡᠭᠦᠷ ᠮᠠᠰᠢᠨ ᠤ ᠶᠡᠷᠦᠩᠬᠡᠢ | ᠤᠭᠰᠠᠷᠠᠯᠲᠠ ᠠᠴᠠ ᠰᠡᠭᠦᠯᠴᠢ ᠶᠢᠨ ᠬᠤᠭᠤᠴᠠᠭᠠᠨ ᠤ ᠬᠠᠮᠠᠭᠠᠯᠠᠯᠲᠠ᠂ ᠠᠵᠢᠯᠯᠠᠭᠠᠨ ᠤ ᠬᠢᠨᠠᠨ ᠡᠵᠡᠮᠳᠡᠯ ᠢ ᠨᠡᠶᠢᠳᠡᠮ | ᠪᠦᠷᠬᠦᠬᠦᠯᠦᠭᠰᠡᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠣᠷᠣᠨ ᠨᠤᠲᠤᠭ ᠤᠨ ᠠᠵᠤ ᠠᠬᠤᠢ ᠶᠢᠨ | ᠬᠥᠭᠵᠢᠯᠲᠡ ᠶᠢ ᠳᠠᠶᠢᠴᠢᠯᠠᠬᠤ ᠴᠢᠬᠤᠯᠠ ᠠᠵᠤ ᠦᠢᠯᠡᠰ ᠤᠨ ᠨᠢᠭᠡ ᠪᠣᠯᠤᠭᠰᠠᠨ ᠪᠠᠶᠢᠨ᠎ᠠ᠃ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠠᠨᠳᠤᠰᠢ ᠮᠠᠰᠢ ᠰᠠᠶᠢᠨ᠃ ᠥᠨᠳᠥᠷ ᠴᠡᠭ ᠢᠶᠠᠷ ᠣᠷᠣᠨ ᠪᠠᠶᠢᠷᠢ | ᠲᠣᠭᠲᠠᠭᠠᠬᠤ᠂ ᠥᠨᠳᠥᠷ ᠪᠠᠷᠢᠮᠵᠢᠶ᠎ᠠ ᠪᠠᠷ ᠠᠷᠭ᠎ᠠ ᠤᠬᠠᠭᠠᠨ ᠰᠦᠪᠡᠭᠴᠢᠯᠡᠬᠦ᠂ ᠥᠨᠳᠥᠷ ᠦᠷ᠎ᠡ ᠪᠦᠲᠦᠮᠵᠢ ᠲᠠᠢ ᠪᠠᠷ | ᠠᠬᠢᠭᠤᠯᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠴᠠᠷᠠᠭᠠᠨ ᠤ ᠵᠢᠭᠤᠯᠴᠢᠯᠠᠯ ᠤᠨ | ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ︽ᠳᠤᠮᠳᠠᠳᠤ ᠤᠯᠤᠰ ᠤᠨ ᠠᠳᠣᠭᠤᠨ | ᠨᠡᠶᠢᠰᠯᠡᠯ︾ ᠶᠢᠨ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠡᠳᠦᠷ ᠢᠷᠡᠬᠦᠶ᠎ᠡ ᠴᠢᠩᠭᠠᠷᠠᠵᠤ᠂ ᠳᠤᠮᠳᠠᠳᠤ | ᠤᠯᠤᠰ ᠤᠨ ᠠᠳᠣᠭᠤᠨ ᠨᠡᠶᠢᠰᠯᠡᠯ ᠤᠨ ᠭᠤᠤᠯ ᠲᠣᠭᠤᠷᠢᠭ ᠤᠨ ᠰᠣᠶᠣᠯ ᠠᠮᠢ ᠠᠬᠤᠶ ᠶᠢᠨ ᠵᠢᠭᠤᠯᠴᠢᠯᠠᠯ ᠤᠨ | ᠦᠵᠡᠮᠵᠢ ᠶᠢᠨ ᠣᠷᠣᠨ ᠢ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠭᠠᠨ | ᠠᠮᠵᠢᠯᠲᠠ ᠲᠠᠢ ᠡᠭᠦᠳᠦᠨ ᠪᠠᠶᠢᠭᠤᠯᠵᠤ᠂ ︽ᠮᠣᠷᠢ︾ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠰᠣᠳᠣᠨ ᠮᠣᠷᠢᠨ ᠤ | ᠰᠣᠶᠣᠯ ᠢ ᠳᠡᠯᠭᠡᠨ ᠦᠵᠡᠭᠦᠯᠵᠦ᠂ ᠤᠨᠴᠠᠯᠢᠬᠳᠤ ᠮᠣᠷᠢᠨ ᠤ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ | ᠪᠤᠶᠢᠵᠢᠭᠤᠯᠤᠨ ᠮᠣᠷᠢᠨ ᠤ ᠰᠣᠶᠣᠯ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠥᠷᠨᠢᠭᠦᠯᠪᠡ᠃ | ᠵᠢᠭᠤᠯᠴᠢᠯᠠᠯ ᠤᠨ ᠢᠵᠢ ᠪᠥᠷᠢᠳᠦᠭᠦᠯᠬᠦ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ | ᠮᠣᠩᠭᠤᠯ ᠬᠤᠭᠤᠯᠠ ᠶᠢᠨ ᠨᠠᠢᠮᠠᠨ ᠵᠦᠢᠯ ᠲᠠᠰᠤᠷᠬᠠᠶ᠂ ᠦᠨᠳᠦᠰᠦᠲᠡᠨ ᠤ ᠬᠤᠪᠴᠠᠰᠤ ᠵᠠᠰᠠᠯ ᠪᠠ ᠭᠠᠷ ᠤᠷᠠᠯᠠᠯ ᠤᠨ | ᠪᠦᠲᠦᠭᠡᠭᠳᠡᠬᠦᠨ ᠵᠡᠷᠭᠡ ᠤᠨᠴᠠᠯᠢᠬᠳᠤ ᠵᠢᠭᠤᠯᠴᠢᠯᠠᠯ ᠤᠨ ᠲᠠᠸᠠᠷ ᠡᠳᠦᠷ ᠢᠷᠡᠬᠦᠶ᠎ᠡ ᠪᠠᠶᠠᠯᠢᠭᠵᠢᠵᠤ᠂ ︽ᠢᠳᠡᠬᠦ᠂ | ᠰᠠᠭᠤᠬᠤ᠂ ᠶᠠᠪᠤᠬᠤ᠂ ᠵᠢᠭᠤᠯᠴᠢᠯᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ︾ ᠢᠶᠠᠷ ᠭᠤᠤᠯ ᠪᠣᠯᠭᠠᠭᠰᠠᠨ ᠠᠵᠤ | ᠦᠢᠯᠡᠰ ᠤᠨ ᠰᠢᠰᠲ᠋ᠧᠮᠵᠢ ᠶᠢ ᠠᠩᠬ᠎ᠠ ᠠᠯᠬᠤᠮ ᠬᠡᠪᠴᠢᠶᠡᠵᠢᠭᠦᠯᠵᠦ᠂ ᠵᠢᠭᠤᠯᠴᠢᠯᠠᠯ ᠤᠨ ᠦᠢᠯᠡᠰ ᠢ | ᠲᠣᠭᠲᠠᠭᠤᠨ ᠢᠶᠠᠷ ᠬᠥᠭᠵᠢᠭᠦᠯᠬᠦ ᠰᠠᠶᠢᠨ ᠰᠠᠶᠢᠬᠠᠨ ᠬᠠᠨᠳᠣᠰᠢ ᠲᠠᠢ ᠪᠣᠯᠪᠠ᠃ | 5. ᠠᠮᠢ ᠠᠬᠤᠶ ᠬᠥᠮᠦᠰ ᠤᠨ ᠣᠷᠣᠰᠢᠬᠤ ᠣᠷᠴᠢᠨ ᠨᠥᠬᠦᠴᠡᠯ ᠲᠣᠭᠲᠠᠭᠤᠨ ᠢᠶᠠᠷ ᠰᠠᠶᠢᠵᠢᠷᠠᠪᠠ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠳᠠ ᠶᠢᠨ ᠪᠦᠳᠦᠭᠡᠨ | ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠰᠤ ᠬᠠᠩᠭᠠᠬᠤ ᠤᠰᠤ ᠵᠠᠯᠠᠬᠤ | ᠬᠤᠭᠤᠯᠠᠶ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠤᠰᠤ ᠬᠠᠩᠭᠠᠬᠤ | ᠲᠦᠭᠡᠮᠡᠯᠵᠢᠯᠲᠡ ᠶᠢᠨ ᠨᠤᠷᠮ᠎ᠠ ᠶᠢ 97.95% ᠪᠣᠯᠲᠠᠯ᠎ᠠ ᠨᠡᠮᠡᠭᠳᠡᠭᠦᠯᠪᠡ︔ ᠨᠣᠭᠤᠭᠠᠷᠠᠭᠤᠯᠬᠤ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ | ᠪᠦᠷᠬᠦᠴᠡ ᠶᠢᠨ ᠨᠣᠷᠮ᠎ᠠ 40% ᠬᠦᠷᠪᠡ᠃ ︽ᠵᠣᠷᠯᠣᠩ ᠤᠨ ᠬᠤᠪᠢᠰᠬᠠᠯ︾ ᠪᠣᠯᠤᠨ ᠪᠣᠬᠢᠷ ᠤᠰᠤ ᠬᠤᠭ | ᠨᠣᠪᠰᠢ ᠶᠢᠨ ᠵᠠᠰᠠᠯᠲᠠ ᠶᠢ ᠯᠠᠪᠳᠠᠭᠤᠨ ᠢᠶᠠᠷ ᠠᠬᠢᠭᠤᠯᠵᠤ᠂ ᠰᠢᠯᠢ ᠶᠢᠨ ᠬᠤᠲᠠ ᠨᠢ ᠪᠥᠬᠦ ᠣᠷᠣᠨ ᠤ ᠤᠯᠤᠰ ᠤᠨ | ᠠᠷᠢᠭᠤᠨ ᠴᠡᠪᠡᠷ ᠬᠤᠲᠠ ᠶᠢᠨ ᠢᠷᠠᠭᠤ ᠠᠯᠳᠠᠷ ᠢ ᠭᠥᠷᠳᠡᠭᠰᠡᠨ ᠠᠩᠬᠠᠳᠠᠭᠴᠢ ᠰᠢᠶᠠᠨ ᠤ ᠲᠠᠰ ᠤᠨ ᠬᠤᠲᠠ ᠪᠣᠯᠪᠠ᠃ | | ᠬᠥᠮᠦᠰ ᠤᠨ ᠣᠷᠣᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠢᠶᠠᠷ 2022 ᠣᠨ ᠳᠤ | ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ 100% ᠳᠤ ᠬᠦᠷᠴᠦ᠂ ᠪᠣᠬᠢᠷ ᠰᠢᠪᠠᠷ ᠢ | ᠪᠦᠬᠦᠨ ᠢ ᠬᠤᠤᠷ ᠥᠬᠡᠶ ᠪᠣᠯᠭᠠᠨ ᠰᠢᠢᠳᠪᠦᠷᠢᠯᠡᠬᠦ ᠶᠢ ᠪᠡᠶᠡᠯᠡᠭᠦᠯᠪᠡ᠃ ᠮᠠᠯᠵᠢᠬᠤ ᠣᠷᠣᠨ ᠤ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠠᠮᠵᠢᠯᠲᠠ ᠲᠠᠢ | ᠲᠡᠭᠦᠰᠬᠡᠵᠦ᠂ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠤᠷᠰᠢᠯᠲᠠ ᠶᠢᠨ ᠠᠵᠢᠯ ᠢ | ᠥᠷᠨᠢᠭᠦᠯᠵᠦ᠂ ᠠᠭᠤᠷᠬᠠᠢ ᠶᠢᠨ ᠬᠢᠮᠢ ᠶᠢᠨ ᠵᠤᠤᠬ᠎ᠠ ᠶᠢᠨ ᠬᠤᠭ ᠨᠣᠪᠰᠢ ᠶᠢ ᠰᠢᠢᠳᠪᠦᠷᠢᠯᠡᠬᠦ 4 ᠲᠥᠬᠦᠭᠡᠷᠦᠮᠵᠢ ᠶᠢ | ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠭᠦᠯᠦᠨ | ᠰᠢᠢᠳᠪᠦᠷᠢᠯᠡᠬᠦ ᠲᠣᠰᠬᠤᠨ ᠤ ᠡᠵᠡᠯᠡᠬᠦ ᠬᠠᠷᠢᠴᠠᠯ 86% ᠳᠤ ᠬᠦᠷᠪᠡ︔ 2124 ᠡᠷᠦᠬᠡ ᠶᠢᠨ ᠵᠣᠷᠯᠣᠩ ᠢ | ᠥᠭᠡᠷᠡᠴᠢᠯᠡᠬᠦ ᠶᠢ ᠪᠡᠶᠡᠯᠡᠭᠦᠯᠵᠦ᠂ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ 49% ᠳᠤ ᠬᠥᠷᠪᠡ | ︔ ᠮᠠᠯᠵᠢᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠲᠤᠰᠬᠠᠶ ᠵᠦᠢᠯ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠨ᠎ᠠ ᠃ | 6. ᠰᠣᠶᠣᠯ ᠵᠤᠭᠠᠴᠠᠯ ᠢ ᠠᠭᠤᠰᠤᠯᠴᠠᠭᠤᠯᠤᠨ ᠤᠷᠲᠤ ᠬᠤᠭᠤᠴᠠᠭᠠᠨ ᠤ ᠪᠦᠲᠦᠮᠵᠢᠲᠡᠢ ᠬᠥᠭᠵᠢᠯᠲᠡ ᠶᠢ ᠪᠤᠢ | ᠪᠣᠯᠭᠠᠪᠠ | ᠮᠣᠩᠭᠤᠯ ᠮᠣᠷᠢᠨ ᠤ ᠰᠣᠶᠣᠯ ᠥᠷᠭᠡᠨ ᠳᠡᠯᠭᠡᠷ ᠭᠦᠨ ᠭᠦᠨᠵᠡᠭᠡᠶ᠃ ᠰᠢᠯᠢ ᠶᠢᠨ ᠬᠤᠲᠠ ᠶᠢᠨ ᠬᠢᠨ ᠠᠳᠤᠭᠤᠨ ᠤ | ᠰᠣᠶᠣᠯ ᠵᠤᠭᠠᠴᠠᠯ᠂ ᠠᠳᠤᠭᠤᠨ ᠤ ᠬᠠᠮᠢᠶ᠎ᠠ ᠪᠦᠬᠦᠢ ᠠᠵᠤ ᠦᠢᠯᠡᠰ ᠢᠶᠠᠷ ᠠᠭᠤᠯᠭ᠎ᠠ ᠪᠣᠯᠭᠠᠭᠰᠠᠨ ᠴᠢᠳᠠᠪᠬᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠳᠤᠮᠳᠠᠳᠤ ᠤᠯᠤᠰ ᠤᠨ ᠠᠳᠣᠭᠤᠨ ᠨᠡᠶᠢᠰᠯᠡᠯ ᠤᠨ ᠭᠤᠣᠯ | ᠲᠣᠭᠤᠷᠢᠭ ᠤᠨ ᠰᠣᠶᠣᠯ ᠠᠮᠢ ᠠᠬᠤᠶ ᠶᠢᠨ ᠵᠤᠭᠠᠴᠠᠯ ᠤᠨ ᠣᠷᠣᠨ ᠢ ᠬᠦᠴᠦᠯᠡᠨ ᠪᠠᠶᠢᠭᠤᠯᠵᠤ᠂ ᠲᠣᠮᠣ ᠬᠡᠯᠪᠡᠷᠢ ᠶᠢᠨ | ᠮᠣᠷᠢᠨ ᠤ ᠰᠣᠶᠣᠯ ᠤᠨ ᠪᠦᠬᠦ ᠦᠵᠡᠮᠵᠢ ᠶᠢᠨ ᠮᠠᠶ᠋ᠢᠭ ᠤᠨ ᠲᠣᠭᠯᠠᠯᠲᠠ ︽ᠮᠣᠩᠭᠤᠯ ᠮᠣᠷᠢ︾ ᠶᠢᠨ ᠲᠣᠭᠯᠠᠯᠲᠠ ᠶᠢ | ᠪᠤᠶ ᠪᠣᠯᠭᠠᠵᠤ᠂ ᠰᠡᠯᠡᠭᠦᠴᠡᠯ ᠤᠨ ᠤᠨᠤᠭ᠎ᠠ᠂ ᠮᠣᠷᠢᠨ ᠮᠡᠷᠭᠡᠵᠢᠯ ᠤᠨ ᠲᠣᠭᠯᠠᠯᠲᠠ ᠵᠡᠷᠭᠡ ᠵᠤᠭᠠᠴᠠᠯ ᠤᠨ ᠲᠥᠷᠥᠯ | ᠵᠦᠢᠯ ᠢ ᠥᠷᠨᠢᠭᠦᠯᠵᠦ᠂ ᠡᠮᠡᠭᠡᠯ᠂ ᠲᠠᠰᠢᠭᠤᠷ᠂ ᠳᠥᠷᠥᠭᠡ ᠵᠡᠷᠭᠡ ᠠᠳᠤᠭᠤᠨ ᠤ ᠡᠯᠧᠮᠧᠨ᠋ᠲ ᠢᠶᠠᠷ ᠭᠤᠤᠯ ᠰᠡᠳᠦᠪ | ᠪᠣᠯᠭᠠᠭᠰᠠᠨ ᠵᠢᠭᠤᠯᠴᠢᠯᠠᠯ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠪᠠ ᠪᠣᠷᠣᠯᠠᠭᠤᠯᠬᠤ ᠶᠢ | ᠴᠢᠩᠭᠠᠳᠬᠠᠵᠤ᠂ ᠮᠣᠷᠢ ᠲᠡᠵᠢᠭᠡᠬᠦ᠂ ᠮᠣᠷᠢ ᠰᠤᠷᠭᠠᠬᠤ ᠤᠯᠠᠮᠵᠢᠯᠠᠯᠲᠤ ᠳᠠᠪᠠᠭᠤᠯᠢᠭ ᠲᠤ ᠲᠦᠰᠢᠭᠯᠡᠨ᠂ ᠳᠤᠮᠳᠠᠳᠤ | ᠤᠯᠤᠰ ᠤᠨ ᠮᠣᠷᠢᠨ ᠮᠡᠷᠭᠡᠵᠢᠯ ᠤᠨ ᠤᠷᠤᠯᠳᠤᠭᠠᠨ᠂ ︽ᠮᠣᠩᠭᠤᠯ ᠮᠣᠷᠢ︾ ᠶᠢᠨ ᠡᠵᠡᠷᠬᠡᠭᠯᠡᠯ ᠤᠨ ᠲᠡᠮᠡᠴᠡᠭᠡᠨ ᠵᠡᠷᠭᠡ | ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠠᠳᠤᠭᠤᠨ ᠤ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠲᠦᠷᠭᠡᠨ ᠬᠥᠭᠵᠢᠯᠲᠡ ᠶᠢ ᠳᠥᠯᠭᠢᠨ ᠠᠬᠢᠭᠤᠯᠵᠤ᠂ ︽ᠳᠤᠮᠳᠠᠳᠤ ᠤᠯᠤᠰ ᠤᠨ ᠠᠳᠤᠭᠤᠨ ᠤ ᠬᠤᠲᠠ︾ | ᠶᠢᠨ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠶᠢ ᠢᠳᠡᠭ ᠢᠳᠡᠭ ᠢᠶᠠᠷ ᠳᠡᠯᠡᠬᠡᠶᠢᠵᠢᠭᠦᠯᠬᠦ ᠪᠠ ᠰᠣᠳᠣᠨ | ᠪᠣᠯᠭᠠᠨ᠎ᠠ᠃ | ᠠᠮᠢ ᠠᠬᠤᠶ ᠶᠢᠨ ᠵᠢᠭᠤᠯᠴᠢᠯᠠᠯ ᠦᠳᠲᠡᠷ ᠲᠦᠷᠭᠡᠨ ᠬᠥᠭᠵᠢᠪᠡ᠃ ᠰᠢᠯᠢ ᠶᠢᠨ ᠬᠤᠲᠠ ᠨᠢ ᠪᠡᠭᠡᠵᠢᠩ ᠲᠢᠶᠠᠨᠵᠢᠨ | ᠾᠧᠪᠧᠢ ᠣᠷᠣᠨ ᠢ ᠲᠣᠭᠤᠷᠢᠭᠰᠠᠨ ᠤᠤᠯ ᠠᠮᠢ ᠠᠬᠤᠶ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠵᠣᠷᠢᠭᠰᠠᠨ | ᠭᠠᠵᠠᠷ ᠢ ᠭᠤᠤᠯᠳᠠᠯᠭ᠎ᠠ ᠲᠠᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠴᠠᠷᠠᠭᠠᠨ ᠤ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ ︽ᠭᠠᠯᠲᠤ | ᠠᠭᠤᠯᠠ ᠶᠢᠨ ᠬᠠᠶ᠋ᠢᠭ ᠤᠨ ᠭᠠᠶᠢᠬᠠᠮᠰᠢᠭᠲᠤ ᠦᠵᠡᠭᠳᠡᠯ︾ ᠪᠠ ︽ᠠᠩᠬᠠᠨ ᠤ ᠠᠮᠢ ᠠᠬᠤᠶ ᠶᠢᠨ ᠲᠠᠯ᠎ᠠ ᠨᠤᠲᠤᠭ︾ | ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠴᠠᠭ ᠦᠶ᠎ᠡ ᠶᠢᠨ ᠤᠷᠤᠰᠬᠠᠯ ᠲᠠᠢ ᠤᠶᠠᠯᠳᠤᠭᠤᠯᠬᠤ ᠶᠢ ᠲᠦᠯᠬᠢᠨ | ᠠᠬᠢᠭᠤᠯᠵᠤ᠂ ᠭᠠᠯᠲᠤ ᠠᠭᠤᠯᠠ ᠶᠢᠨ ᠳᠠᠭᠤᠤ ᠬᠥᠭᠵᠢᠮ ᠤᠨ ᠨᠠᠶᠢᠷ᠂ ᠪᠢᠰᠢᠯᠠᠭ ᠤᠨ ᠰᠣᠶᠣᠯ ᠤᠨ ᠨᠠᠶᠢᠷ᠂ ᠤᠳᠤᠨ | ᠣᠭᠲᠠᠷᠭᠤᠶ ᠳᠤ ᠬᠡᠭᠡᠷ᠎ᠡ ᠪᠠᠭᠤᠳᠠᠯᠯᠠᠬᠤ ᠵᠡᠷᠭᠡ ᠥᠪᠡᠷᠮᠢᠴᠡ ᠣᠨᠴᠠᠯᠢᠭ ᠲᠠᠢ ᠠᠵᠢᠯᠯᠠᠭ᠎ᠠ ᠶᠢ ᠥᠷᠨᠢᠭᠦᠯᠵᠦ᠂ ᠠᠷᠠᠳ | ᠤᠯᠠᠨ ᠤ ᠤᠯᠠᠨ ᠡᠰᠢᠵᠢᠭᠰᠡᠨ᠂ ᠥᠪᠡᠷᠮᠢᠴᠡ ᠣᠨᠴᠠᠯᠢᠭ ᠲᠠᠢ ᠰᠡᠯᠡᠭᠦᠴᠡᠨ ᠠᠮᠠᠷᠠᠬᠤ ᠬᠡᠷᠡᠭᠴᠡᠭᠡ ᠶᠢ ᠬᠠᠩᠭᠠᠪᠠ᠃ | 2022 ᠣᠨ ᠳᠤ᠂ ᠪᠦᠬᠦ ᠵᠢᠯ ᠳᠤ 200 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ ᠵᠤᠭᠠᠴᠠᠯ ᠤᠨ | ᠣᠷᠣᠯᠭ᠎ᠠ 23 ᠳ᠋ᠦᠩᠰᠢᠭᠤᠷ ᠲᠥᠭᠦᠷᠢᠭ ᠲᠤ ᠬᠦᠷᠴᠡᠢ᠃ | ᠬᠤᠶᠠᠳᠤᠭᠠᠷ ᠬᠡᠰᠡᠭ ᠣᠷᠣᠰᠢᠵᠤ ᠪᠠᠶᠢᠭ᠎ᠠ ᠠᠰᠠᠭᠤᠳᠠᠯ | 1. ᠠᠮᠢ ᠠᠬᠤᠶ ᠶᠢᠨ ᠳᠦᠷᠢᠮ ᠤᠨ ᠰᠢᠰᠲ᠋ᠧᠮ ᠢ ᠮᠥᠨ ᠬᠦ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ | ᠠᠮᠢ ᠠᠬᠤᠶ ᠶᠢᠨ ᠪᠦᠳᠦᠭᠡᠨ ᠪᠠᠶᠢᠭᠤᠯᠤᠯᠲᠠ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠵᠠᠷᠤᠯᠭ᠎ᠠ ᠶᠢᠨ ᠡᠵᠡᠯᠡᠬᠦ | ᠬᠡᠮᠵᠢᠶ᠎ᠡ ᠨᠡᠯᠢᠶᠡᠳ ᠳᠣᠣᠷ᠎ᠠ ᠪᠠᠶᠢᠵᠤ᠂ ᠴᠡᠭᠴᠡᠯᠡᠨ ᠵᠠᠰᠠᠬᠤ ᠵᠦᠢᠯᠡᠰ ᠪᠣᠯᠤᠨ ᠪᠡᠯᠡ ᠮᠥᠩᠭᠦ ᠶᠢᠨ | ᠣᠷᠣᠭᠤᠯᠤᠯᠲᠠ ᠶᠢᠨ ᠲᠠᠯ᠎ᠠ ᠪᠠᠷ ᠨᠡᠶᠢᠯᠡᠮᠡᠯ ᠬᠦᠴᠦᠨ ᠢ ᠪᠦᠷᠢᠯᠳᠦᠭᠦᠯᠬᠦ ᠳᠤ ᠪᠡᠷᠬᠡᠲᠡᠶ ᠪᠠᠶᠢᠨ᠎ᠠ᠃ ᠠᠮᠢ ᠠᠬᠤᠶ ᠶᠢᠨ | ᠣᠷᠴᠢᠨ ᠨᠥᠬᠦᠴᠡᠯ᠂ ᠲᠠᠷᠢᠶᠠᠯᠠᠩ ᠮᠠᠯ ᠠᠵᠤ ᠠᠬᠤᠶ᠂ ᠤᠢ ᠰᠢᠭᠤᠶ ᠡᠪᠡᠰᠦ ᠪᠡᠯᠴᠢᠭᠡᠷ᠂ ᠪᠠᠶᠢᠭᠠᠯᠢ ᠶᠢᠨ ᠡᠬᠢ | ᠪᠠᠶᠠᠯᠢᠭ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠨ | ᠬᠤᠭᠤᠷᠣᠨᠳᠣ ᠪᠠᠨ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠲᠣᠭᠲᠠᠴᠠ ᠪᠠ ᠨᠡᠶᠢᠯᠡᠮᠡᠯ ᠬᠦᠴᠦᠨ ᠬᠠᠷᠠᠬᠠᠨ | ᠪᠦᠷᠢᠯᠳᠦᠭᠡᠳᠦᠶ ᠪᠠᠶᠢᠨ᠎ᠠ᠃ ᠠᠮᠢ ᠠᠬᠤᠶ ᠶᠢᠨ ᠣᠷᠴᠢᠨ ᠨᠥᠬᠦᠴᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠦᠨᠳᠦ ᠨᠦᠰᠡᠷ ᠪᠠᠶᠢᠵᠤ᠂ ᠣᠷᠴᠢᠨ ᠠᠬᠤᠶ ᠶᠢᠨ ᠮᠡᠳᠡᠭᠡ ᠵᠠᠩᠭᠢ᠂ ᠣᠷᠴᠢᠨ ᠠᠬᠤᠶ ᠶᠢᠨ ᠤᠬᠠᠭᠤᠯᠭ᠎ᠠ ᠬᠥᠮᠦᠵᠢᠯ᠂ | ᠣᠷᠴᠢᠨ ᠠᠬᠤᠶ ᠶᠢᠨ ᠬᠢᠨᠠᠨ ᠡᠵᠡᠮᠳᠡᠯ ᠵᠡᠷᠭᠡ ᠪᠠᠶᠢᠭᠤᠯᠤᠮᠵᠢ ᠶᠢᠨ ᠲᠣᠬᠢᠷᠠᠭᠤᠯᠤᠯᠲᠠ ᠪᠦᠷᠢᠨ ᠪᠤᠰᠤ ᠪᠠᠶᠢᠵᠤ᠂ | ᠲᠤᠰᠬᠠᠶ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠠᠶᠢᠨ᠎ᠠ᠃ ᠬᠥᠳᠡᠭᠡ ᠲᠣᠰᠬᠤᠨ ᠤ ᠣᠷᠴᠢᠨ ᠲᠣᠭᠤᠷᠢᠨ ᠤ | ᠬᠠᠮᠠᠭᠠᠯᠠᠯᠲᠠ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠵᠠᠰᠠᠯᠲᠠ ᠶᠢᠨ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠬᠠᠷᠠᠬᠠᠨ ᠲᠡᠭᠦᠯᠳᠡᠷᠵᠢᠭᠡᠳᠦᠢ᠂ ᠪᠦᠬᠦ ᠨᠡᠶᠢᠭᠡᠮ ᠢᠶᠠᠷ ᠢᠶᠠᠨ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠳᠤ ᠬᠠᠮᠲᠤᠪᠠᠷ ᠣᠷᠣᠯᠴᠠᠬᠤ ᠲᠣᠭᠲᠠᠴᠠ ᠬᠠᠷᠠᠬᠠᠨ ᠲᠡᠭᠦᠯᠳᠡᠷᠵᠢᠭᠡᠳᠦᠢ᠂ ᠣᠷᠴᠢᠨ | ᠲᠣᠭᠤᠷᠢᠨ ᠤ ᠵᠠᠰᠠᠯᠲᠠ ᠶᠢᠨ ᠬᠠᠮᠵᠢᠯᠴᠠᠬᠤ ᠴᠢᠨᠠᠷ ᠢ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ | 2. ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠪᠡᠷᠬᠡ ᠬᠠᠲᠠᠭᠤᠵᠢᠯᠲᠠᠶ ᠪᠠᠶᠢᠨ᠎ᠠ | ᠠᠭᠠᠷ ᠮᠠᠨᠳᠠᠯ ᠤᠨ ᠣᠷᠴᠢᠨ ᠠᠬᠤᠶ ᠶᠢᠨ ᠴᠢᠨᠠᠷ ᠴᠢᠨᠰᠠᠭ᠎ᠠ ᠦᠷᠭᠦᠯᠵᠢᠯᠡᠨ ᠰᠠᠶᠢᠵᠢᠷᠠᠬᠤ ᠳᠤ ᠳᠠᠷᠤᠯᠲᠠ ᠣᠷᠣᠰᠢᠵᠤ | ᠪᠠᠶᠢᠨ᠎ᠠ᠃ ᠰᠢᠯᠢ ᠶᠢᠨ ᠬᠤᠲᠠ ᠶᠢᠨ ᠣᠽᠣᠨ ᠤ ᠡᠳᠦᠷ ᠤᠨ ᠬᠠᠮᠤᠭ ᠤᠨ ᠶᠡᠭᠡ 8 ᠴᠠᠭ ᠤᠨ ᠳᠤᠮᠳᠠᠴᠢ | ᠥᠳᠬᠡᠴᠡ ᠨᠢ ᠬᠡᠳᠦ᠋ᠢᠪᠡᠷ ᠪᠠᠷᠢᠮᠵᠢᠶ᠎ᠠ ᠳᠤ ᠬᠦᠷᠦᠭᠰᠡᠨ ᠪᠣᠯᠪᠠᠴᠤ 2015 ᠣᠨ ᠳᠤ 61ug/m3 | ᠪᠠᠶᠢᠭᠰᠠᠨ ᠠᠴᠠ ᠪᠠᠨ 2021 ᠣᠨ ᠳᠤ 93ug/m3 ᠪᠣᠯᠤᠨ ᠳᠡᠭᠡᠭᠰᠢᠯᠡᠵᠦ᠂ ᠣᠽᠣᠨ ᠤ ᠥᠳᠬᠡᠴᠡ ᠨᠢ | ᠦᠷᠭᠦᠯᠵᠢᠯᠡᠨ ᠳᠡᠭᠡᠭᠰᠢᠯᠡᠭᠰᠡᠨ ᠪᠠᠶᠢᠨ᠎ᠠ᠃ ᠲᠠᠷᠠᠬᠠᠶ ᠨᠡᠭᠦᠷᠡᠰᠦ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠥᠬᠡᠶ ᠪᠠᠷ ᠭᠠᠳᠠᠭᠰᠢᠯᠠᠭᠤᠯᠬᠤ ᠭᠦᠨᠵᠡᠭᠡᠶ | ᠵᠠᠰᠠᠯᠲᠠ ᠶᠢ ᠬᠠᠷᠠᠬᠠᠨ ᠪᠦᠷᠢᠮᠦᠰᠦᠨ ᠪᠣᠳᠠᠲᠠᠶᠢᠵᠢᠭᠤᠯᠤᠭᠠᠳᠤᠶ ᠪᠠᠶᠢᠵᠤ᠂ ᠬᠡᠰᠡᠭ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠲᠠᠯᠠᠪᠤᠷ ᠭᠠᠵᠠᠷ᠂ ᠵᠠᠮ ᠵᠢᠴᠢ ᠠᠭᠤᠷᠬᠠᠶ ᠶᠢᠨ ᠣᠷᠣᠨ ᠵᠡᠷᠭᠡ ᠨᠠᠷᠢᠨ ᠲᠣᠭᠤᠰᠣ᠂ ᠳᠡᠭᠳᠡᠮᠡᠯ | ᠲᠣᠭᠤᠰᠣᠨ ᠤ ᠪᠣᠬᠢᠷᠲᠤᠯ ᠤᠨ ᠠᠰᠠᠭᠤᠳᠠᠯ ᠢ ᠬᠢᠨᠠᠨ ᠬᠠᠮᠢᠶᠠᠷᠬᠤ ᠴᠢᠳᠠᠪᠤᠷᠢ ᠮᠥᠨ ᠬᠦ ᠬᠦᠷᠦᠯᠴᠡᠬᠦ ᠥᠬᠡᠶ ᠪᠠᠶᠢᠨ᠎ᠠ᠃ | | ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠡᠭᠦᠷᠭᠡ ᠮᠥᠨᠬᠦ ᠨᠡᠯᠢᠶᠡᠳ ᠬᠠᠲᠠᠭᠤ ᠪᠡᠷᠬᠡ | ᠪᠠᠶᠢᠭᠰᠠᠭᠠᠷ᠃ ᠰᠢᠯᠢ ᠶᠢᠨ ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠣᠬᠢᠷ ᠤᠰᠤ | ᠭᠠᠳᠠᠭᠰᠢᠯᠠᠭᠤᠯᠬᠤ ᠠᠮᠠ ᠶᠢ ᠬᠠᠷᠠᠬᠠᠨ ᠵᠠᠰᠠᠵᠤ ᠳᠠᠭᠤᠰᠬᠠᠭᠠᠳᠤᠶ ᠪᠠᠶᠢᠵᠤ᠂ ᠭᠤᠤᠯ ᠤᠷᠤᠭᠤ ᠪᠣᠬᠢᠷ ᠤᠰᠤ | ᠭᠠᠳᠠᠭᠰᠢᠯᠠᠭᠤᠯᠬᠤ ᠠᠮᠠ ᠶᠢ ᠪᠠᠶᠢᠷᠢᠯᠠᠭᠤᠯᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ | ᠪᠠᠶᠢᠨ᠎ᠠ᠃ ᠪᠥᠬᠦ ᠬᠤᠲᠠ ᠶᠢᠨ ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠠᠵᠤ ᠦᠢᠯᠡᠳᠪᠦᠷᠢ ᠶᠢᠨ ᠠᠵᠤ | ᠠᠬᠤᠶᠢᠯᠠᠯ ᠳᠤ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠥᠬᠦᠭᠡᠷᠦᠮᠵᠢ ᠶᠢ ᠪᠦᠬᠦᠨ ᠢ ᠤᠭᠰᠠᠷᠠᠭᠰᠠᠨ ᠥᠬᠡᠶ᠂ | ᠠᠵᠤ ᠠᠬᠤᠶᠢᠯᠠᠯ ᠤᠨ ᠪᠣᠬᠢᠷ ᠤᠰᠤ ᠭᠠᠳᠠᠭᠰᠢᠯᠠᠭᠤᠯᠬᠤ ᠶᠢ ᠬᠢᠨᠠᠨ ᠬᠠᠮᠢᠶᠠᠷᠬᠤ ᠳᠤ ᠪᠠᠰᠠ ᠳᠠᠯᠳᠠ ᠬᠡᠮ ᠣᠷᠣᠰᠢᠵᠤ | ᠪᠠᠶᠢᠨ᠎ᠠ᠃ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠬᠢᠷᠢ ᠬᠡᠮᠵᠢᠶ᠎ᠡ ᠶᠢ ᠮᠥᠨ ᠯᠡ ᠳᠡᠭᠡᠭᠰᠢᠯᠡᠭᠦᠯᠬᠦ ᠴᠢᠬᠤᠯᠠᠲᠠᠶ | ᠪᠠᠶᠢᠨ᠎ᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠨᠤᠨᠲᠠᠭ ᠨᠡᠭᠦᠷᠡᠰᠦᠨ ᠤ ᠦᠨᠡᠰᠦ᠂ | ᠨᠡᠭᠦᠷᠡᠰᠦᠨ ᠴᠢᠯᠠᠭᠤ ᠵᠡᠷᠭᠡ ᠶᠢᠨ ᠠᠰᠢᠭᠯᠠᠯᠲᠠ ᠶᠢᠨ ᠬᠡᠪᠴᠢᠶ᠎ᠡ ᠢᠪᠴᠤᠤ ᠪᠠᠶᠢᠨ᠎ᠠ᠃ | ᠬᠥᠷᠥᠰᠥ ᠰᠢᠷᠣᠶ᠂ ᠭᠠᠵᠠᠷ ᠳᠣᠣᠷᠠᠬᠢ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠨᠢᠮᠭᠡᠨ | ᠪᠠᠶᠢᠨ᠎ᠠ᠃ ᠬᠦᠨᠳᠦ ᠲᠡᠮᠦᠷᠯᠢᠭ ᠲᠤ ᠬᠤᠯᠪᠣᠭᠳᠠᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠮᠥᠨ ᠬᠦ | ᠴᠢᠬᠤᠯᠠᠴᠢᠯᠠᠬᠤ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠢ ᠬᠢᠨᠠᠨ ᠬᠡᠮᠵᠢᠵᠦ ᠬᠢᠨᠠᠨ ᠬᠠᠮᠢᠶᠠᠷᠬᠤ᠂ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃ | ᠲᠤᠰᠬᠠᠶ ᠮᠡᠷᠭᠡᠵᠢᠯ ᠤᠨ ᠠᠵᠢᠯᠲᠠᠨ ᠪᠠ ᠮᠡᠷᠭᠡᠵᠢᠯ ᠤᠨ ᠠᠷᠭ᠎ᠠ ᠪᠠᠷᠢᠯ ᠨᠡᠯᠢᠶᠡᠳ ᠳᠤᠲᠠᠮᠠᠭ ᠪᠠᠶᠢᠵᠤ᠂ ᠣᠷᠴᠢᠨ | ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠰᠠᠭᠤᠷᠢ ᠴᠢᠳᠠᠪᠤᠷᠢ ᠪᠠᠰᠠ ᠨᠡᠯᠢᠶᠡᠳ ᠪᠠᠭᠤᠷᠠᠶ ᠪᠠᠶᠢᠵᠤ᠂ ᠤᠯᠠᠮ ᠨᠢᠭᠡ | ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠠᠶᠤᠯ ᠲᠠᠢ ᠬᠠᠶᠠᠭᠳᠠᠮᠠᠯ ᠪᠣᠳᠠᠰ ᠤᠨ ᠲᠠᠯ᠎ᠠ ᠳᠤ ᠡᠮᠴᠢᠯᠡᠭᠡᠨ ᠤ | ᠬᠠᠶᠠᠭᠳᠠᠮᠠᠯ ᠪᠣᠳᠠᠰ ᠢ ᠪᠣᠶ ᠪᠣᠯᠭᠠᠬᠤ ᠨᠢᠭᠡᠴᠡ ᠶᠢᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠴᠢᠬᠤᠯᠠᠲᠠᠶ ᠪᠠᠶᠢᠨ᠎ᠠ᠃ | ᠣᠷᠴᠢᠨ ᠠᠬᠤᠶ ᠶᠢ ᠬᠢᠨᠠᠨ ᠬᠠᠮᠢᠶᠠᠷᠬᠤ ᠴᠢᠳᠠᠪᠤᠷᠢ ᠨᠡᠯᠢᠶᠡᠳ ᠪᠠᠭᠤᠷᠠᠶ ᠪᠠᠶᠢᠨ᠎ᠠ᠃ ᠪᠠᠶᠢᠭᠤᠯᠤᠮᠵᠢ ᠶᠢᠨ | ᠥᠭᠡᠷᠡᠴᠢᠯᠡᠯᠲᠡ ᠬᠢᠵᠦ᠂ ᠬᠢᠨᠠᠨ ᠬᠡᠮᠵᠢᠯᠲᠡ᠂ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠨᠢᠭᠡᠨᠲᠡ ᠬᠤᠪᠢᠶᠠᠷᠢᠯᠠᠨ | ᠭᠠᠷᠭᠠᠭᠰᠠᠨ ᠪᠠᠶᠢᠨ᠎ᠠ᠂ ᠭᠡᠪᠡᠴᠦ ᠬᠢᠨᠠᠨ ᠬᠡᠮᠵᠢᠯᠲᠡ ᠶᠢᠨ ᠬᠠᠤᠯᠢ ᠬᠡᠷᠡᠭᠵᠢᠭᠦᠯᠬᠦ ᠲᠥᠬᠦᠭᠡᠷᠦᠮᠵᠢ ᠳᠤᠲᠠᠭᠳᠠᠵᠤ᠂ | ᠵᠠᠷᠤᠳᠠᠯ ᠬᠦᠷᠦᠯᠴᠡᠬᠦ ᠥᠬᠡᠶ᠂ ᠠᠵᠢᠯᠲᠠᠨ ᠳᠤᠲᠠᠭᠳᠠᠵᠤ᠂ ᠣᠲᠣ ᠶᠢᠨ ᠪᠠᠶᠢᠭ᠎ᠠ ᠬᠢᠨᠠᠨ ᠬᠡᠮᠵᠢᠯᠲᠡ ᠵᠢᠴᠢ ᠬᠠᠤᠯᠢ | ᠬᠡᠷᠡᠭᠵᠢᠭᠦᠯᠬᠦ ᠴᠢᠳᠠᠪᠤᠷᠢ ᠶᠢ ᠴᠠᠭ ᠲᠤᠬᠠᠶ ᠳᠤᠨᠢ ᠨᠥᠬᠦᠪᠥᠷᠢᠯᠡᠵᠦ ᠳᠡᠶᠢᠯᠦᠭᠰᠡᠨ ᠥᠬᠡᠶ ᠠᠴᠠ ᠪᠣᠯᠵᠣ᠂ ᠬᠢᠨᠠᠨ | ᠬᠠᠮᠢᠶᠠᠷᠬᠤ ᠱᠠᠭᠠᠷᠳᠠᠯᠭ᠎ᠠ ᠶᠢ ᠬᠠᠩᠭᠠᠵᠤ ᠳᠡᠶᠢᠯᠬᠦ ᠥᠬᠡᠶ᠂ ᠬᠢᠨᠠᠨ ᠬᠠᠮᠢᠶᠠᠷᠬᠤ ᠰᠢᠰᠲ᠋ᠧᠮᠵᠢ ᠨᠡᠯᠢᠶᠡᠳ ᠪᠠᠭᠤᠷᠠᠶ | ᠪᠠᠶᠢᠵᠤ᠂ ᠬᠢᠨᠠᠨ ᠬᠡᠮᠵᠢᠯᠲᠡ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ | ᠴᠢᠬᠤᠯᠠᠲᠠᠶ ᠪᠠᠶᠢᠨ᠎ᠠ᠃ | 3. ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢ ᠴᠢᠩᠭᠠᠳᠬᠠᠬᠤ ᠴᠢᠬᠤᠯᠠᠲᠠᠶ ᠪᠠᠶᠢᠨ᠎ᠠ | ᠪᠦᠬᠦ ᠬᠤᠳᠠ ᠶᠢᠨ ᠶᠡᠬᠡᠩᠬᠢ ᠬᠡᠰᠡᠭ ᠨᠢ ᠣᠷᠴᠢᠨ ᠲᠣᠭᠤᠷᠢᠨ ᠮᠠᠭᠤᠲᠠᠢ ᠭᠠᠩ ᠬᠠᠭᠤᠷᠠᠢ ᠣᠷᠣᠨ ᠳᠤ ᠣᠷᠣᠰᠢᠵᠤ᠂ | ᠠᠮᠢ ᠠᠬᠤᠢ ᠶᠢᠨ ᠰᠢᠰᠲ᠋ᠧᠮ ᠤᠨ ᠰᠠᠭᠤᠷᠢ ᠬᠡᠪᠡᠷᠡᠭ᠂ ᠠᠮᠠᠷᠬᠠᠨ ᠡᠪᠳᠡᠭᠳᠡᠬᠦ ᠠᠴᠠ ᠪᠤᠯᠵᠤ ᠰᠡᠷᠭᠦᠭᠡᠬᠦ ᠳᠤ | ᠬᠦᠴᠢᠷᠲᠡᠢ︔ ᠨᠢᠭᠡᠨᠲᠡ ᠪᠠᠶᠢᠭᠤᠯᠤᠭᠰᠠᠨ ᠪᠠ ᠵᠠᠰᠠᠭᠰᠠᠨ ᠣᠶ ᠰᠢᠭᠤᠶ᠂ ᠨᠤᠲᠤᠭ ᠪᠡᠯᠴᠢᠭᠡᠷ ᠤᠨ ᠦᠷ᠎ᠡ ᠪᠦᠲᠦᠮᠵᠢ | ᠪᠠᠰᠠ ᠲᠣᠭᠲᠠᠭᠤᠨ ᠪᠤᠰᠤ ᠪᠠᠶᠢᠵᠤ᠂ ᠬᠤᠶᠠᠳᠠᠬᠢ ᠤᠳᠠᠭᠠᠨ ᠤ ᠮᠠᠭᠤᠵᠢᠷᠠᠬᠤ ᠲᠦᠭᠰᠢᠭᠦᠷᠢ ᠣᠷᠣᠰᠢᠵᠤ᠂ ᠦᠷ᠎ᠡ | ᠪᠦᠲᠦᠭᠡᠯ ᠢ ᠪᠠᠬᠢᠵᠢᠭᠦᠯᠬᠦ ᠨᠢ ᠪᠠᠴᠢᠮ ᠱᠠᠭᠠᠷᠳᠠᠵᠤ ᠪᠠᠶᠢᠨ᠎ᠠ︔ ᠪᠥᠬᠦ ᠬᠤᠲᠠ ᠶᠢᠨ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ᠂ ᠣᠷᠴᠢᠨ ᠲᠣᠭᠤᠷᠢᠨ ᠢ ᠵᠠᠰᠠᠬᠤ᠂ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠰᠢᠯᠭᠠᠨ ᠠᠪᠬᠤ ᠪᠣᠭᠤᠮᠲᠠ ᠶᠢ ᠡᠵᠡᠮᠳᠡᠬᠦ ᠵᠡᠷᠭᠡ ᠲᠠᠯ᠎ᠠ ᠪᠠᠷ | ᠮᠥᠨ ᠬᠦ ᠴᠢᠩᠭᠠᠳᠬᠠᠬᠤ ᠴᠢᠬᠤᠯᠠᠲᠠᠶ ᠪᠠᠶᠢᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ︾ ᠤᠨ ᠱᠠᠭᠠᠷᠳᠠᠯᠭ᠎ᠠ ᠶᠣᠰᠣᠭᠠᠷ ︽ | 2025 ᠣᠨ ᠪᠣᠯᠬᠤ ᠳᠤ᠂ ᠪᠥᠬᠦ ᠠᠭᠤᠷᠬᠠᠶ ᠶᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠠᠰ ᠤᠨ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠳᠤ ᠬᠦᠷᠦᠭᠦᠯᠬᠦ︾ ᠬᠠᠷᠠᠯᠲᠠ ᠳᠤ ᠮᠥᠨ ᠬᠦ | ᠵᠥᠷᠢᠶ᠎ᠡ ᠲᠠᠢ ᠪᠠᠶᠢᠨ᠎ᠠ᠃ | 4. ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠡᠭᠦᠷᠭᠡ ᠨᠡᠯᠢᠶᠡᠳ ᠬᠦᠨᠳᠦ ᠪᠠᠶᠢᠨ᠎ᠠ | ᠰᠢᠯᠢ ᠶᠢᠨ ᠬᠤᠲᠠ ᠶᠢᠨ ᠠᠵᠤ ᠦᠢᠯᠡᠰ ᠤᠨ ᠪᠦᠲᠦᠴᠡ ᠨᠢ ᠭᠤᠣᠯᠳᠠᠭᠤ ᠬᠦᠨᠳᠦ ᠠᠵᠣ ᠦᠢᠯᠡᠰ ᠪᠠᠶᠢᠵᠣ᠂ | ᠡᠨᠧᠷᠭᠢ ᠶᠢᠨ ᠪᠦᠲᠦᠴᠡ ᠨᠢ ᠭᠤᠣᠯᠳᠠᠭᠤ ᠨᠡᠭᠦᠷᠡᠰᠦ᠂ ᠡᠨᠧᠷᠭᠢ ᠶᠢᠨ ᠬᠡᠷᠡᠭᠯᠡᠭᠡᠨ ᠳᠤ ᠨᠡᠭᠦᠷᠡᠰᠦ ᠪᠠᠷ ᠭᠤᠣᠯᠯᠠᠵᠣ᠂ | ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠲᠠᠯ᠎ᠠ ᠪᠠᠷ ᠬᠦᠷᠦᠯᠴᠡᠬᠦ ᠥᠬᠡᠶ᠂ | ᠨᠡᠭᠦᠷᠠᠰᠦ ᠪᠠᠷ ᠭᠤᠣᠯᠯᠠᠭᠰᠠᠨ ᠤᠯᠠᠮᠵᠢᠯᠠᠯᠲᠤ ᠡᠨᠧᠷᠭᠢ ᠶᠢᠨ ᠢᠷᠡᠭᠡᠳᠦᠶ ᠨᠢ ᠨᠡᠯᠢᠶᠡᠳ ᠣᠷᠳᠣ ᠬᠤᠭᠤᠴᠠᠭᠠᠨ ᠳᠠᠬᠢ | ᠭᠤᠤᠯ ᠴᠣᠭᠴᠠ ᠶᠢᠨ ᠪᠠᠶᠢᠷᠢᠨ ᠳᠤ ᠪᠠᠶᠢᠵᠣ ᠦᠨᠳᠦᠰᠦᠨ ᠠᠴᠠ ᠨᠢ ᠬᠤᠪᠢᠷᠠᠭᠤᠯᠬᠤ ᠳᠤ ᠪᠡᠷᠬᠡ᠃ ᠠᠵᠤ | ᠦᠢᠯᠡᠰ ᠤᠨ ᠪᠦᠲᠦᠴᠡ ᠶᠢ ᠲᠣᠬᠢᠷᠠᠭᠤᠯᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠃ | 5. ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠨᠡᠯᠢᠶᠡᠳ ᠬᠦᠴᠢᠷᠲᠡᠶ ᠪᠠᠶᠢᠨ᠎ᠠ | ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠪᠦᠷᠢᠨ ᠪᠤᠰᠤ᠂ ᠠᠮᠢᠳᠤᠷᠠᠯ ᠤᠨ ᠪᠣᠬᠢᠷ ᠤᠰᠤ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ | ᠰᠢᠰᠲ᠋ᠧᠮᠵᠢ ᠲᠡᠭᠦᠯᠳᠡᠷ ᠪᠤᠰᠤ ᠪᠠᠶᠢᠵᠤ᠂ ᠣᠳᠣᠬᠠᠨ ᠳᠤ ᠪᠠᠭᠠᠰᠤᠨ ᠪᠣᠬᠢᠷᠲᠤᠯ ᠢ ᠬᠤᠷᠢᠶᠠᠨ ᠴᠤᠭᠯᠠᠭᠤᠯᠬᠤ ᠪᠠᠷ | ᠭᠤᠤᠯ ᠪᠣᠯᠭᠠᠭᠰᠠᠨ ᠠᠮᠢᠳᠤᠷᠠᠯ ᠤᠨ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠵᠤ ᠰᠢᠢᠳᠪᠦᠷᠢᠯᠡᠬᠦ ᠠᠷᠭ᠎ᠠ | ᠮᠠᠶ᠋ᠢᠭ ᠢ ᠠᠪᠴᠤ᠂ ᠡᠷᠦᠬᠡ ᠳᠤ ᠲᠦᠰᠢᠭᠯᠡᠨ ᠵᠣᠷᠯᠣᠩ ᠢ ᠥᠭᠡᠷᠡᠴᠢᠯᠡᠵᠦ᠂ ᠠᠮᠢᠳᠤᠷᠠᠯ ᠤᠨ ᠪᠣᠬᠢᠷ ᠤᠰᠤ ᠶᠢ | ᠵᠠᠰᠠᠬᠤ ᠨᠣᠷᠮ᠎ᠠ ᠪᠠᠷ ᠳᠣᠤᠷ᠎ᠠ ᠪᠠᠶᠢᠨ᠎ᠠ᠃ ᠣᠯᠠᠩᠬᠢ ᠭᠠᠴᠠᠭ᠎ᠠ ᠭᠠᠴᠠᠭ᠎ᠠ ᠬᠤᠭᠤᠷᠣᠨᠳᠣ ᠪᠠᠨ ᠨᠡᠯᠢᠶᠡᠳ ᠵᠠᠶᠢᠲᠠᠶ | ᠪᠠᠶᠢᠵᠤ᠂ ᠠᠮᠢᠳᠤᠷᠠᠯ ᠤᠨ ᠬᠤᠭ ᠨᠣᠪᠰᠢ ᠶᠢ ᠴᠠᠭ ᠲᠤᠬᠠᠶ ᠳᠤᠨᠢ ᠨᠢᠭᠡᠳᠦᠯᠲᠡᠶ ᠴᠤᠭᠯᠠᠭᠤᠯᠵᠤ᠂ ᠲᠥᠷᠥᠯ | ᠬᠤᠪᠢᠶᠠᠵᠤ᠂ ᠳᠠᠮᠵᠢᠭᠤᠯᠤᠨ ᠲᠡᠭᠡᠭᠡᠪᠦᠷᠢᠯᠡᠵᠦ᠂ ᠰᠢᠢᠳᠪᠦᠷᠢᠯᠡᠬᠦ ᠳᠤ ᠬᠦᠴᠢᠷᠲᠡᠶ ᠪᠠᠶᠢᠨ᠎ᠠ᠃ ᠲᠣᠰᠬᠤᠨ | ᠪᠠᠯᠭᠠᠰᠤ ᠶᠢᠨ ᠤᠤᠭᠤᠬᠤ ᠤᠰᠤᠨ ᠤ ᠠᠷᠢᠭᠤᠨ ᠴᠡᠪᠡᠷ ᠤᠨ ᠬᠢᠷᠢ ᠲᠡᠩᠴᠡᠭᠰᠡᠨ ᠨᠣᠷᠮ᠎ᠠ ᠵᠥᠪᠬᠡᠨ 66% ᠪᠠᠶᠢᠵᠤ | ᠂ ᠤᠤᠭᠤᠬᠤ ᠤᠰᠤᠨ ᠤ ᠪᠠᠷᠢᠮᠵᠢᠶ᠎ᠠ ᠳᠤ ᠬᠦᠷᠭᠡᠵᠦ ᠪᠠᠷᠢᠮᠵᠢᠶ᠎ᠠ ᠶᠢ ᠳᠡᠭᠡᠭᠰᠢᠯᠡᠭᠦᠯᠬᠦ ᠢᠨᠵᠧᠨᠧᠷᠢᠩ ᠵᠢᠴᠢ | ᠲᠠᠷᠠᠭᠠᠴᠢ ᠶᠢᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ | ᠪᠠᠶᠢᠨ᠎ᠠ᠃ | 6. ᠠᠮᠢ ᠠᠬᠤᠶ ᠶᠢᠨ ᠰᠣᠶᠣᠯ ᠢ ᠲᠦᠭᠡᠮᠡᠯᠵᠢᠭᠦᠯᠦᠨ ᠤᠯᠠᠮᠵᠢᠯᠠᠬᠤ ᠲᠠᠯ᠎ᠠ ᠪᠠᠷ ᠳᠤᠲᠠᠮᠠᠭ ᠪᠠᠶᠢᠨ᠎ᠠ | ᠤᠯᠠᠨ ᠲᠦᠮᠡᠨ ᠤ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠪᠠ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ | ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠤᠯᠠᠮᠵᠢᠯᠠᠯᠲᠤ ᠰᠣᠶᠣᠯ ᠤᠨ ᠠᠮᠢ ᠠᠬᠤᠶ ᠶᠢᠨ ᠠᠭᠤᠯᠤᠭᠳᠠᠬᠤᠨ ᠢ | ᠠᠭᠤᠳᠠᠯᠬᠤ ᠪᠠᠷ ᠬᠦᠷᠦᠯᠴᠡᠬᠦ ᠦᠭᠡᠢ᠂ ᠰᠤᠳᠤᠯᠭᠠᠨ ᠤ ᠪᠦᠯᠬᠦᠮ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ ᠢᠶᠠᠷ ᠳᠤᠲᠠᠮᠠᠭ ᠪᠠᠶᠢᠵᠤ᠂ ᠠᠮᠢ ᠠᠬᠤᠶ ᠶᠢᠨ ᠪᠣᠯᠪᠠᠰᠤᠨ ᠤ ᠣᠶᠢᠯᠠᠭᠠᠭᠳᠠᠬᠤᠨ ᠢ ᠪᠦᠬᠦ ᠲᠠᠯ᠎ᠠ ᠪᠠᠷ | ᠳᠡᠯᠭᠡᠷᠡᠭᠦᠯᠬᠦ ᠲᠠᠯ᠎ᠠ ᠪᠠᠷ ᠬᠦᠷᠦᠯᠴᠡᠬᠦ ᠦᠭᠡᠢ᠂ ᠠᠮᠢ ᠠᠬᠤᠶ ᠶᠢᠨ ᠰᠣᠶᠣᠯ ᠤᠨ ᠰᠠᠭᠤᠷᠢ ᠲᠥᠬᠦᠭᠡᠷᠦᠮᠵᠢ | ᠬᠦᠷᠦᠯᠴᠡᠬᠦ ᠦᠭᠡᠢ ᠪᠠᠶᠢᠨ᠎ᠠ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠲᠡᠭᠦᠯᠳᠡᠷᠵᠢᠭᠡᠳᠦᠶ | ᠪᠠᠶᠢᠵᠤ᠂ ᠰᠣᠶᠣᠯ᠂ ᠲᠡᠦᠬᠡ ᠶᠢᠨ ᠳᠤᠷᠠᠰᠬᠠᠯᠲᠤ ᠵᠦᠢᠯ᠂ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ | ᠬᠢᠭᠡᠳ ᠵᠢᠭᠤᠯᠴᠢᠯᠠᠯ ᠤᠨ ᠠᠭᠤᠰᠤᠯᠴᠠᠯ ᠢ ᠴᠢᠩᠭᠠᠳᠬᠠᠬᠤ ᠴᠢᠬᠤᠯᠠᠲᠠᠶ ᠪᠠᠶᠢᠵᠤ᠂ ᠤᠯᠠᠨ ᠶᠠᠩᠵᠤᠴᠢᠯᠠᠭᠰᠠᠨ᠂ | ᠤᠯᠠᠨ ᠲᠡᠰ ᠳᠠᠪᠬᠤᠷᠭ᠎ᠠ᠂ ᠤᠯᠠᠨ ᠲᠠᠯ᠎ᠠ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠬᠤ ᠶᠢᠨ ᠠᠷᠭ᠎ᠠ ᠦᠭᠡᠢ | ᠪᠠᠶᠢᠨ᠎ᠠ᠃ | ᠭᠤᠷᠪᠠᠳᠤᠭᠠᠷ ᠬᠡᠰᠡᠭ ᠠᠵᠠ ᠲᠣᠬᠢᠶᠠᠯ ᠬᠢᠭᠡᠳ ᠥᠷᠢᠰᠥᠯᠳᠦᠭᠡᠨ | 1. ᠲᠤᠯᠭᠠᠷᠠᠵᠤ ᠪᠠᠶᠢᠭ᠎ᠠ ᠠᠵᠠ ᠲᠣᠬᠢᠶᠠᠯ | ᠳᠣᠲᠣᠭᠠᠳᠤ ᠭᠠᠳᠠᠭᠠᠳᠤ ᠶᠢᠨ ᠨᠡᠬᠡᠬᠡᠯᠳᠡ ᠶᠢᠨ ᠰᠢᠨ᠎ᠡ ᠠᠵᠠ ᠲᠣᠬᠢᠶᠠᠯ ᠢ ᠪᠦᠬᠦ ᠲᠠᠯ᠎ᠠ ᠪᠠᠷ ᠥᠷᠭᠡᠳᠬᠡᠪᠡ᠃ | ᠤᠯᠤᠰ ᠤᠨ ︽ᠨᠢᠭᠡ ᠪᠦᠰᠡ ᠨᠢᠭᠡ ᠵᠠᠮ︾᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ | ᠪᠥᠲᠥᠭᠡᠨ ᠪᠠᠶᠢᠭᠤᠯᠤᠯᠲᠠ ᠶᠢᠨ ᠲᠠᠰᠤᠷᠠᠯᠲᠠ ᠥᠬᠡᠶ ᠠᠭᠢᠵᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ | ᠬᠥᠭᠵᠢᠬᠦ ᠪᠠᠶᠢᠯᠳᠤᠬᠤ ᠪᠣᠳᠣᠯᠭ᠎ᠠ ᠶᠢᠨ ᠭᠦᠨᠵᠡᠭᠡᠶᠢᠷᠡᠨ ᠬᠡᠷᠡᠭᠵᠢᠭᠦᠯᠦᠭᠳᠡᠬᠦ ᠶᠢ ᠳᠠᠭᠠᠯᠳᠤᠨ᠂ ᠣᠷᠣᠨ ᠪᠦᠰᠡ ᠶᠢᠨ | ᠠᠵᠤ ᠠᠬᠤᠶ ᠶᠢᠨ ᠪᠦᠲᠦᠴᠡ ᠳᠤ ᠭᠦᠨᠵᠡᠭᠡᠶ ᠲᠣᠬᠢᠷᠠᠭᠤᠯᠤᠯᠲᠠ ᠲᠤᠯᠭᠠᠷᠠᠵᠤ᠂ ᠳᠣᠲᠣᠭᠠᠳᠤ ᠭᠠᠳᠠᠭᠠᠳᠤ | ᠬᠤᠯᠪᠣᠭᠠᠯᠠᠨ ᠬᠥᠳᠡᠯᠦᠯᠴᠡᠭᠰᠡᠨ ᠨᠡᠭᠡᠭᠡᠯᠲᠡ ᠶᠢᠨ ᠪᠠᠶᠢᠷᠢᠰᠢᠯ ᠲᠦᠷᠭᠡᠨ ᠢᠶᠠᠷ ᠪᠦᠷᠢᠯᠳᠦᠪᠡ᠃ ᠥᠪᠡᠷᠲᠡᠭᠡᠨ ᠵᠠᠰᠠᠬᠤ | ᠣᠷᠣᠨ ᠠᠴᠠ ᠵᠡᠭᠦᠨ ᠬᠡᠰᠡᠭ ᠤᠨ ᠠᠶᠢᠮᠠᠭ ᠬᠤᠲᠠ ᠶᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠵᠤ᠂ | ᠤᠯᠤᠰ ᠤᠨ ᠰᠢᠨ᠎ᠡ ᠨᠢᠭᠡ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠰᠢᠯᠢ ᠶᠢᠨ ᠬᠤᠲᠠ ᠶᠢᠨ ᠳᠣᠲᠣᠭᠠᠳᠤ ᠭᠠᠳᠠᠭᠠᠳᠤ ᠶᠢᠨ | ᠨᠡᠭᠡᠭᠡᠯᠲᠡ ᠶᠢ ᠪᠥᠬᠦ ᠲᠠᠯ᠎ᠠ ᠪᠠᠷ ᠥᠷᠭᠡᠳᠬᠡᠬᠦ᠂ ᠣᠷᠣᠨ ᠤ ᠳᠣᠲᠣᠷ᠎ᠠ ᠭᠠᠳᠠᠨᠠᠬᠢ ᠠᠵᠤ ᠦᠢᠯᠡᠰ ᠤᠨ ᠬᠡᠯᠬᠢᠶ᠎ᠡ ᠶᠢᠨ | ᠥᠷᠲᠡᠭ ᠤᠨ ᠬᠡᠯᠬᠢᠶ᠎ᠡ ᠳᠤ ᠭᠦᠨᠵᠡᠭᠡᠶ ᠠᠭᠤᠰᠤᠯᠴᠠᠬᠤ ᠳᠤ ᠴᠢᠬᠤᠯᠠ ᠶᠡᠭᠡ ᠠᠵᠠ ᠲᠣᠬᠢᠶᠠᠯ ᠠᠪᠴᠢᠷᠠᠬᠤ ᠶᠢᠨ | ᠬᠠᠮᠲᠤ ᠪᠠᠰᠠ ᠠᠵᠤ ᠦᠢᠯᠡᠰ ᠤᠨ ᠰᠢᠯᠵᠢᠯᠲᠡ ᠶᠢ ᠵᠣᠯᠭᠠᠭᠤᠯᠬᠤ ᠪᠠ ᠴᠢᠬᠤᠯᠠ ᠬᠦᠴᠦᠨ ᠵᠦᠢᠯ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠳᠤ ᠣᠯᠳᠠᠬᠤᠶ᠎ᠠ ᠪᠡᠷᠬᠡ ᠠᠵᠠ ᠲᠣᠬᠢᠶᠠᠯ ᠬᠠᠩᠭᠠᠭᠰᠠᠨ ᠪᠠᠶᠢᠨ᠎ᠠ᠃ | ᠰᠢᠯᠢ ᠶᠢᠨ ᠬᠤᠲᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠡᠭᠦᠨᠰᠢ ᠤᠷᠤᠭᠰᠢᠯᠠᠵᠤ | ᠪᠠᠷᠠᠭᠤᠨᠰᠢ ᠵᠣᠷᠴᠢᠬᠤ︾ ︽ᠤᠮᠠᠷᠠᠰᠢ ᠨᠡᠭᠡᠭᠡᠵᠦ ᠡᠮᠦᠨᠡᠰᠢ ᠬᠤᠯᠪᠣᠭᠠᠯᠠᠬᠤ︾ ᠴᠢᠬᠤᠯᠠ ᠵᠠᠩᠭᠢᠯᠠᠭ᠎ᠠ ᠶᠢᠨ ᠴᠡᠭ | ᠪᠣᠯᠤᠭᠰᠠᠨ ᠤ ᠬᠤᠪᠢ ᠳᠤ᠂ ᠲᠥᠷᠥ ᠶᠢᠨ ᠪᠣᠳᠣᠯᠭ᠎ᠠ ᠶᠢ ᠵᠣᠯᠭᠠᠭᠤᠯᠬᠤ᠂ ᠲᠥᠷᠥᠯ ᠵᠦᠢᠯ ᠢ ᠵᠣᠯᠭᠠᠭᠤᠯᠬᠤ᠂ | ᠠᠵᠢᠯ ᠢ ᠵᠣᠯᠭᠠᠭᠤᠯᠬᠤ ᠶᠢ ᠴᠢᠩᠭᠠᠳᠬᠠᠵᠤ᠂ ᠪᠣᠬᠢᠷᠲᠤᠯ ᠥᠬᠡᠶ ᠪᠠ ᠴᠢᠨᠠᠷ ᠰᠠᠶᠢᠲᠠᠶ ᠬᠥᠭᠵᠢᠯᠲᠡ ᠳᠤ ᠬᠦᠴᠦ | ᠨᠡᠮᠡᠷᠢᠯᠡᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠵᠠ | ᠲᠣᠬᠢᠶᠠᠯ ᠬᠠᠩᠭᠠᠪᠠ᠃ | ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠬᠦ ᠶᠢᠨ ᠠᠪᠴᠢᠷᠠᠭᠰᠠᠨ ᠠᠵᠠ ᠲᠣᠬᠢᠶᠠᠯ | ᠃ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠲᠦᠪᠰᠢᠨ ᠤ ᠲᠠᠰᠤᠷᠠᠯᠲᠠ ᠦᠭᠡᠶ ᠳᠡᠭᠡᠭᠰᠢᠯᠡᠬᠦ ᠵᠢᠴᠢ | ᠬᠡᠷᠡᠭᠯᠡᠭᠡᠨ ᠤ ᠬᠡᠷᠡᠭᠴᠡᠭᠡᠨ ᠤ ᠬᠡᠪᠴᠢᠶ᠎ᠡ ᠶᠢᠨ ᠥᠷᠭᠡᠳᠬᠦ ᠪᠠ ᠪᠦᠲᠦᠴᠡ ᠶᠢᠨ ᠳᠡᠰ ᠳᠡᠪᠰᠢᠬᠦ ᠶᠢ ᠳᠠᠭᠠᠯᠳᠤᠨ᠂ | ᠳᠣᠲᠣᠭᠠᠳᠤ ᠬᠡᠷᠡᠭᠴᠡᠭᠡ ᠨᠢ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠭᠤᠣᠯ ᠬᠥᠳᠡᠯᠭᠡᠬᠦ ᠬᠦᠴᠦᠨ ᠪᠣᠯᠵᠤ᠂ | ᠠᠷᠠᠳ ᠤᠯᠠᠨ ᠤ ᠬᠡᠷᠡᠭᠯᠡᠭᠡᠨ ᠤ ᠴᠠᠭ ᠦᠶ᠎ᠡ ᠬᠦᠷᠴᠦ ᠢᠷᠡᠬᠦ ᠳᠤ᠂ ᠰᠠᠭᠤᠭᠠᠯᠢ ᠠᠷᠠᠳ ᠤᠨ ᠬᠡᠷᠡᠭᠯᠡᠭᠡ ᠣᠷᠣᠰᠢᠨ | ᠲᠣᠭᠲᠠᠨᠢᠬᠤ ᠬᠡᠯᠪᠡᠷᠢ ᠶᠢᠨ ᠬᠡᠷᠡᠭᠯᠡᠭᠡ ᠪᠠᠷ ᠭᠤᠣᠯ ᠪᠣᠯᠭᠠᠵᠤ ᠪᠠᠶᠢᠭᠰᠠᠨ ᠠᠴᠠ ᠪᠠᠨ ᠠᠯᠬᠤᠮ ᠠᠯᠬᠤᠮ ᠢᠶᠠᠷ | ᠬᠥᠭᠵᠢᠯᠲᠡ ᠶᠢᠨ ᠬᠡᠯᠪᠡᠷᠢ ᠶᠢᠨ ᠬᠦᠷᠲᠡᠭᠡᠯ ᠤᠨ ᠬᠡᠯᠪᠡᠷᠢ ᠶᠢᠨ ᠬᠡᠷᠡᠭᠯᠡᠭᠡ ᠪᠠᠷ ᠭᠤᠣᠯ ᠪᠣᠯᠭᠠᠬᠤ ᠲᠡᠰᠢ ᠰᠢᠯᠵᠢᠵᠦ᠂ | ᠰᠤᠷᠭᠠᠨ ᠬᠥᠮᠦᠵᠢᠯ᠂ ᠰᠣᠶᠣᠯ᠂ ᠡᠮ ᠡᠮᠨᠡᠯᠭᠡ᠂ ᠪᠡᠶ᠎ᠡ ᠶᠢᠨ ᠲᠠᠮᠢᠷ᠂ ᠵᠤᠭᠠᠴᠠᠯ ᠵᠡᠷᠭᠡ ᠬᠦᠷᠢᠶᠡᠨ ᠤ ᠬᠡᠷᠡᠭᠯᠡᠭᠡ | ᠲᠣᠭᠲᠠᠭᠤᠨ ᠢᠶᠠᠷ ᠨᠡᠮᠡᠭᠳᠡᠵᠦ᠂ 5G᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠳᠠ᠂ | ᠲᠤᠮᠤ ᠳ᠋ᠠᠶᠢᠲ᠋ᠠ ᠶᠢᠨ ᠲᠠᠪᠴᠠᠩ ᠢᠶᠠᠷ ᠲᠥᠯᠥᠭᠡᠯᠡᠭᠦᠯᠦᠭᠰᠡᠨ ᠮᠡᠳᠡᠭᠡ ᠵᠠᠩᠭᠢ ᠶᠢᠨ ᠬᠡᠷᠡᠭᠯᠡᠭᠡᠨ ᠤ ᠴᠢᠳᠠᠪᠤᠷᠢ | ᠲᠠᠰᠤᠷᠠᠯᠲᠠ ᠦᠭᠡᠢ ᠳᠡᠭᠡᠭᠰᠢᠯᠡᠵᠦ᠂ ᠰᠢᠯᠢ ᠶᠢᠨ ᠬᠤᠲᠠ ᠶᠢᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠳᠤ | ᠴᠢᠬᠤᠯᠠ ᠶᠡᠭᠡ ᠠᠵᠠ ᠲᠣᠬᠢᠶᠠᠯ ᠠᠪᠴᠢᠷᠠᠬᠤ ᠪᠣᠯᠤᠨ᠎ᠠ᠃ ᠠᠵᠤ ᠠᠬᠤᠶ ᠶᠢᠨ ᠨᠡᠮᠡᠭᠳᠡᠯ ᠢ ᠴᠢᠨᠠᠷ ᠰᠠᠶᠢᠲᠠᠶ | ᠬᠥᠭᠵᠢᠯᠲᠡ ᠳᠤ ᠰᠢᠯᠵᠢᠭᠦᠯᠬᠦ ᠵᠠᠩᠭᠢᠯᠠᠭ᠎ᠠ ᠶᠢᠨ ᠦᠶ᠎ᠡ ᠳᠤ᠂ ᠠᠵᠤ ᠠᠬᠤᠶ ᠶᠢᠨ ᠨᠡᠮᠡᠭᠳᠡᠯ ᠤᠨ ᠵᠣᠭᠰᠣᠴᠠ ᠪᠠᠨ | ᠤᠯᠤᠰ ᠤᠨ ᠳᠣᠲᠣᠭᠠᠳᠤ ᠶᠢᠨ ᠪᠣᠬᠢᠷᠲᠤᠯ ᠥᠬᠡᠶ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠥᠲᠥᠯᠦᠨ | ᠵᠢᠯᠣᠭᠤᠳᠬᠤ ᠳᠡᠭᠡᠷ᠎ᠡ ᠲᠠᠯᠪᠢᠵᠤ᠂ ᠣᠯᠠᠨ ᠶᠠᠩᠵᠤ ᠶᠢᠨ ᠳᠠᠮᠵᠢᠭᠤᠯᠬᠤ ᠲᠣᠭᠲᠠᠴᠠ ᠪᠠᠷ ᠳᠠᠮᠵᠢᠭᠤᠯᠤᠨ ᠪᠣᠬᠢᠷᠲᠤᠯ | ᠥᠬᠡᠶ ᠠᠮᠢᠳᠤᠷᠠᠯ ᠤᠨ ᠠᠷᠭ᠎ᠠ ᠮᠠᠶ᠋ᠢᠭ ᠤᠨ ᠪᠦᠷᠢᠯᠳᠦᠯ ᠢ ᠠᠬᠢᠭᠤᠯᠵᠤ᠂ ᠪᠣᠬᠢᠷᠲᠤᠯ ᠥᠬᠡᠶ ᠬᠡᠷᠡᠭᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠬᠡᠷᠡᠭᠯᠡᠭᠡᠨ ᠤ ᠪᠦᠲᠦᠴᠡ ᠶᠢᠨ ᠪᠣᠬᠢᠷᠲᠤᠯ ᠥᠬᠡᠶ ᠲᠠᠰ ᠳᠡᠪᠰᠢᠬᠦ ᠶᠢ ᠠᠬᠢᠭᠤᠯᠵᠤ᠂ | ᠰᠢᠯᠢ ᠶᠢᠨ ᠬᠤᠲᠠ ᠶᠢᠨ ︽ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ︾ ᠪᠠ ︽ᠠᠮᠢ ᠠᠬᠤᠶ ᠶᠢᠨ ᠣᠷᠴᠢᠨ | ᠨᠥᠬᠦᠴᠡᠯ ᠤᠨ ᠥᠨᠳᠥᠷ ᠬᠢᠷᠢ ᠲᠦᠪᠰᠢᠨ ᠲᠠᠢ ᠬᠠᠮᠠᠭᠠᠯᠠᠯᠲᠠ︾ ᠬᠤᠶᠠᠷ ᠢ ᠬᠠᠮᠲᠤ ᠳᠤᠨᠢ ᠭᠥᠷᠳᠡᠬᠦ ᠶᠢ | ᠪᠡᠶᠡᠯᠡᠭᠦᠯᠵᠦ ᠪᠣᠯᠤᠨ᠎ᠠ᠃ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ ᠠᠮᠢ ᠠᠬᠤᠶ ᠶᠢᠨ ᠬᠠᠮᠠᠭᠠᠯᠠᠯᠲᠠ ᠪᠠ ᠬᠥᠭᠵᠢᠯᠲᠡ ᠶᠢᠨ | ᠪᠠᠶᠢᠭᠤᠯᠤᠯᠲᠠ ᠳᠤ ᠰᠢᠨ᠎ᠡ ᠴᠢᠭᠯᠡᠯ ᠢ ᠵᠢᠭᠠᠵᠤ ᠥᠭᠪᠡ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠥᠪᠥᠷ ᠮᠣᠩᠭᠤᠯ ᠤᠨ | ᠬᠥᠭᠵᠢᠯᠲᠡ ᠳᠤ ᠲᠣᠳᠣᠷᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠳᠤᠷᠠᠳᠴᠤ᠂ ︽ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ | ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠡᠨᠡᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ | ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ︾᠃ ᠶᠡᠷᠦᠩᠬᠡᠶ ᠱᠦᠵᠢ ᠰᠢ ᠶᠢᠨ ᠫᠢᠩ ᠶᠠᠷᠢᠶ᠎ᠠ ᠲᠠᠯᠪᠢᠬᠤ ᠳᠠᠭᠠᠨ᠂ | ᠰᠢᠯᠢ ᠶᠢᠨ ᠬᠤᠲᠠ ᠶᠢᠨ ︽ᠤᠨᠴᠠᠯᠢᠬᠳᠤ ᠠᠵᠤ ᠦᠢᠯᠡᠰ ᠲᠥᠪᠯᠡᠷᠡᠭᠰᠡᠨ᠂ ᠬᠤᠲᠠ ᠶᠢᠨ ᠴᠢᠳᠠᠪᠬᠢ | ᠲᠡᠭᠦᠯᠳᠡᠷᠵᠢᠭᠰᠡᠨ᠂ ᠠᠮᠢ ᠠᠬᠤᠢ ᠶᠢᠨ ᠣᠷᠴᠢᠨ ᠲᠣᠭᠤᠷᠢᠨ ᠭᠤᠶᠢᠳᠠ ᠰᠠᠶᠢᠬᠠᠨ᠂ ᠰᠠᠭᠤᠷᠢᠰᠢᠬᠤ ᠳᠤ | ᠲᠣᠬᠢᠷᠠᠮᠵᠢᠲᠠᠢ᠂ ᠵᠤᠭᠠᠴᠠᠬᠤ ᠳᠤ ᠲᠣᠬᠢᠷᠠᠮᠵᠢᠲᠠᠢ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠳᠤᠮᠳᠠ ᠵᠡᠭᠦᠨ ᠬᠡᠰᠡᠭ ᠤᠨ ᠨᠡᠭᠡᠭᠡᠯᠲᠡᠲᠦ ᠬᠡᠯᠪᠡᠷᠢ ᠶᠢᠨ ᠲᠥᠪ ᠬᠤᠲᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ | ᠲᠣᠭᠲᠠᠭᠠᠯᠲᠠ ᠶᠢ ᠴᠢᠩᠭᠠᠳᠬᠠᠬᠤ ᠳᠤ ᠭᠤᠣᠯᠳᠠᠯᠭ᠎ᠠ ᠶᠢ ᠨᠢ ᠴᠢᠩᠭᠠᠷᠠᠭᠤᠯᠵᠤ᠂ ᠰᠢᠯᠢ ᠶᠢᠨ ᠬᠤᠲᠠ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠲᠦᠷᠭᠡᠨ ᠪᠠᠶᠢᠭᠤᠯᠬᠤ ᠳᠤ ᠰᠢᠨ᠎ᠡ ᠦᠵᠡᠯ ᠰᠠᠨᠠᠭ᠎ᠠ ᠬᠠᠩᠭᠠᠵᠤ᠂ ᠰᠢᠨ᠎ᠡ ᠴᠢᠭᠯᠡᠯ ᠢ | ᠲᠣᠳᠣᠷᠬᠠᠶᠢᠯᠠᠪᠠ᠃ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠠᠷᠠᠯᠲᠠ ᠠᠴᠠ ᠠᠪᠴᠢᠷᠠᠭᠰᠠᠨ ᠰᠢᠨ᠎ᠡ ᠠᠵᠠ ᠲᠣᠬᠢᠶᠠᠯ᠃ ᠮᠠᠨ ᠤ | ᠤᠯᠤᠰ ᠤᠨ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ | ᠨᠢᠭᠡᠴᠢ GDP ᠶᠢᠨ ᠡᠨᠧᠷᠭᠢ ᠶᠢᠨ ᠬᠤᠷᠣᠭᠳᠠᠯ ᠳᠣᠷᠣᠭᠰᠢᠯᠠᠵᠤ᠂ ᠡᠨᠧᠷᠭᠢ ᠶᠢᠨ ᠬᠡᠷᠡᠭᠯᠡᠭᠡᠨ ᠤ ᠪᠦᠲᠦᠴᠡ ᠶᠢᠨ | ᠲᠣᠬᠢᠷᠠᠭᠤᠯᠤᠯᠲᠠ ᠲᠦᠷᠭᠡᠳᠴᠦ᠂ ᠰᠢᠨ᠎ᠡ ᠡᠨᠧᠷᠭᠢ ᠶᠢᠨ ᠡᠵᠡᠯᠡᠬᠦ ᠬᠠᠷᠢᠴᠠᠯ ᠲᠠᠰᠤᠷᠠᠯᠲᠠ ᠦᠭᠡᠶ ᠳᠡᠭᠡᠭᠰᠢᠯᠡᠵᠦ᠂ | ᠴᠡᠪᠡᠷ ᠡᠨᠧᠷᠭᠢ ᠶᠢᠨ ᠰᠤᠷᠪᠤᠯᠵᠢ ᠶᠢᠨ ᠪᠡᠯᠡ ᠣᠷᠣᠭᠤᠯᠤᠯᠲᠠ ᠦᠷᠭᠦᠯᠵᠢᠯᠡᠨ ᠨᠡᠮᠡᠭᠳᠡᠵᠦ᠂ ᠠᠮᠢ ᠠᠬᠤᠶ ᠶᠢᠨ | ᠣᠷᠴᠢᠨ ᠲᠣᠭᠤᠷᠢᠨ ᠢ ᠬᠠᠮᠠᠭᠠᠯᠠᠵᠤ᠂ ᠠᠮᠢ ᠠᠬᠤᠶ ᠶᠢᠨ ᠪᠣᠯᠪᠠᠰᠤᠨ ᠢ ᠪᠠᠶᠢᠭᠤᠯᠬᠤ ᠪᠣᠯ ᠪᠦᠬᠦ ᠤᠯᠤᠰ ᠤᠨ | ᠡᠷᠬᠡᠪᠰᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠤᠯᠤᠰ ᠤᠨ ᠪᠣᠳᠣᠯᠭ᠎ᠠ ᠮᠥᠨ᠂ | ᠡᠨᠡ ᠨᠢ ᠠᠮᠢ ᠠᠬᠤᠶ ᠶᠢᠨ ᠡᠬᠢ ᠪᠠᠶᠠᠯᠢᠭ᠂ ᠪᠣᠬᠢᠷᠲᠤᠯ ᠥᠬᠡᠶ ᠥᠩᠭᠡ ᠦᠵᠡᠮᠵᠢ ᠶᠢᠨ ᠡᠬᠢ ᠪᠠᠶᠠᠯᠢᠭ ᠡᠯᠪᠡᠭ | ᠪᠣᠯᠬᠤ ᠰᠢᠯᠢ ᠶᠢᠨ ᠬᠤᠲᠠ ᠳᠤ ᠠᠪᠴᠤ ᠬᠡᠯᠡᠪᠡᠯ᠂ ᠨᠢᠭᠡᠨ ᠯᠤᠲᠤ ᠶᠡᠭᠡ ᠬᠥᠭᠵᠢᠯᠲᠡ ᠶᠢᠨ ᠠᠵᠠ ᠲᠣᠬᠢᠶᠠᠯ ᠪᠣᠯᠬᠤ | ᠪᠥᠭᠡᠳ ᠰᠢᠯᠢ ᠶᠢᠨ ᠬᠤᠲᠠ ᠶᠢᠨ ᠡᠬᠢ ᠪᠠᠶᠠᠯᠢᠭ ᠢ ᠠᠷᠪᠢᠯᠠᠬᠤ ᠪᠠ ᠣᠷᠴᠢᠯᠳᠤᠭᠤᠯᠤᠨ ᠠᠰᠢᠭᠯᠠᠬᠤ ᠶᠢ ᠪᠥᠬᠦ | ᠲᠠᠯ᠎ᠠ ᠪᠠᠷ ᠳᠥᠯᠭᠢᠨ ᠠᠬᠢᠭᠤᠯᠵᠤ᠂ ᠦᠢᠯᠡᠳᠪᠦᠷᠢᠯᠡᠯ ᠤᠨ ᠰᠢᠰᠲ᠋ᠧᠮ ᠪᠠ ᠠᠮᠢᠳᠤᠷᠠᠯ ᠤᠨ ᠰᠢᠰᠲ᠋ᠧᠮ ᠤᠨ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠬᠥᠭᠵᠢᠯᠲᠡ ᠶᠢ ᠪᠡᠶᠡᠯᠡᠭᠦᠯᠬᠦ ᠳᠤ ᠰᠢᠨ᠎ᠡ ᠳᠡᠭᠡᠭᠰᠢᠯᠡᠬᠦ | ᠣᠷᠣᠨ ᠵᠠᠶ ᠬᠠᠩᠭᠠᠵᠤ ᠥᠭᠬᠦ ᠪᠣᠯᠤᠨ᠎ᠠ᠃ | 2. ᠲᠤᠯᠭᠠᠷᠠᠵᠤ ᠪᠠᠶᠢᠭ᠎ᠠ ᠥᠷᠢᠰᠥᠯᠳᠦᠭᠡᠨ | ᠠᠵᠤ ᠦᠢᠯᠡᠰ ᠤᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠃ | ᠶᠡᠷᠦᠩᠬᠡᠶ ᠳᠤᠨᠢ ᠠᠪᠴᠤ ᠦᠵᠡᠪᠡᠯ᠂ ᠪᠥᠬᠦ ᠬᠤᠲᠠ ᠶᠢᠨ ᠠᠵᠤ ᠠᠬᠤᠶ ᠶᠢᠨ ᠪᠦᠲᠦᠴᠡ ᠶᠢᠨ ︽ᠳᠣᠤᠷ᠎ᠠ᠂ ᠪᠠᠭ᠎ᠠ᠂ | ᠲᠠᠷᠠᠬᠠᠶ︾ ᠪᠠᠶᠢᠳᠠᠯ ᠢ ᠪᠠᠰᠠ ᠦᠨᠳᠦᠰᠦᠨ ᠠᠴᠠ ᠨᠢ ᠬᠤᠪᠢᠷᠠᠭᠤᠯᠵᠤ ᠳᠡᠶᠢᠯᠦᠭᠡᠳᠦᠶ᠂ ᠠᠵᠤ ᠦᠢᠯᠡᠰ ᠤᠨ | ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠴᠢᠩᠭ᠎ᠠ ᠪᠢᠰᠢ᠂ ᠠᠵᠤ ᠠᠬᠤᠶ ᠶᠢᠨ ᠠᠵᠢᠯᠯᠠᠭᠠᠨ ᠤ ᠶᠡᠷᠦᠩᠬᠡᠶᠢᠯᠡᠭᠰᠡᠨ | ᠦᠷ᠎ᠡ ᠠᠰᠢᠭ ᠠᠨᠠᠶ ᠪᠠᠶᠢᠨ᠎ᠠ᠃ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠣᠬᠤᠷ᠂ ᠰᠢᠨ᠎ᠡ ᠪᠠᠷ | ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠪᠠᠷ ᠳᠤᠲᠠᠮᠠᠭ ᠪᠠᠶᠢᠵᠤ᠂ ᠨᠡᠭᠦᠷᠡᠰᠦᠨ ᠤ | ᠤᠯᠠᠮᠵᠢᠯᠠᠯᠲᠤ ᠡᠨᠧᠷᠭᠢ ᠶᠢᠨ ᠰᠤᠷᠪᠤᠯᠵᠢ ᠨᠢ ᠢᠷᠡᠭᠡᠳᠦᠶ ᠳᠤ ᠨᠡᠯᠢᠶᠡᠳ ᠤᠷᠳᠤ ᠬᠤᠭᠤᠴᠠᠭᠠᠨ ᠳᠤ ᠭᠤᠣᠯ | ᠴᠣᠭᠴᠠ ᠶᠢᠨ ᠪᠠᠶᠢᠷᠢ ᠰᠠᠭᠤᠷᠢ ᠶᠢ ᠦᠨᠳᠦᠰᠦᠨ ᠠᠴᠠ ᠨᠢ ᠬᠤᠪᠢᠷᠠᠭᠤᠯᠵᠤ ᠳᠡᠶᠢᠯᠬᠦ ᠦᠭᠡᠢ ᠶᠤᠮ᠃ ᠮᠠᠯ ᠠᠵᠤ | ᠠᠬᠤᠶ ᠶᠢᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠨᠡᠯᠢᠶᠡᠳ ᠳᠣᠤᠷ᠎ᠠ᠂ ᠮᠠᠯᠵᠢᠬᠤ ᠡᠷᠦᠬᠡ ᠶᠢᠨ ᠪᠠᠷᠢᠮᠵᠢᠶᠠᠵᠢᠭᠰᠠᠨ | ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠳᠣᠤᠷ᠎ᠠ᠂ ᠣᠲᠣ ᠦᠶ᠎ᠡ ᠶᠢᠨ ᠮᠠᠯ ᠠᠵᠤ ᠠᠬᠤᠶ ᠶᠢᠨ | ᠬᠥᠭᠵᠢᠯᠲᠡ ᠲᠦᠷᠭᠡᠨ ᠪᠤᠰᠤ ᠪᠠᠶᠢᠵᠤ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ | ᠬᠦᠨᠳᠦ ᠨᠣᠴᠢᠲᠠᠶ ᠬᠢᠵᠠᠭᠠᠷᠯᠠᠵᠤ ᠪᠠᠶᠢᠨ᠎ᠠ᠃ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠨᠡᠯᠢᠶᠡᠳ ᠪᠠᠭ᠎ᠠ ᠪᠠᠶᠢᠵᠤ᠂ | ᠬᠥᠭᠵᠢᠯᠲᠡ ᠶᠢᠨ ᠲᠡᠰ ᠳᠠᠪᠬᠤᠷᠭ᠎ᠠ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠡᠭᠦᠨ ᠠᠴᠠ ᠭᠠᠳᠠᠨ᠎ᠠ᠂ | ᠲᠣᠯᠣᠭᠠᠶᠢᠯᠠᠭᠴᠢ ᠠᠵᠤ ᠠᠬᠤᠶᠢᠯᠠᠯ ᠪᠠ ᠴᠢᠬᠤᠯᠠ ᠶᠡᠭᠡ ᠲᠥᠷᠥᠯ ᠵᠦᠢᠯ ᠤᠨ ᠳᠠᠶᠢᠴᠢᠯᠠᠯᠲᠠ ᠳᠤᠲᠠᠭᠳᠠᠵᠤ᠂ ᠠᠵᠤ | ᠠᠬᠤᠶ ᠶᠢᠨ ᠨᠡᠮᠡᠭᠳᠡᠯ ᠤᠨ ᠰᠡᠯᠭᠦᠬᠦ ᠬᠥᠳᠡᠯᠭᠡᠬᠦ ᠬᠦᠴᠦᠨ ᠪᠠ ᠲᠤᠯᠭᠠᠭᠤᠷᠢᠯᠠᠬᠤ ᠴᠢᠳᠠᠪᠤᠷᠢ ᠬᠦᠷᠦᠯᠴᠡᠬᠦ ᠥᠬᠡᠶ᠂ | ᠠᠵᠤ ᠦᠢᠯᠡᠰ ᠤᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠪᠠ ᠴᠢᠨᠠᠷ ᠰᠠᠶᠢᠲᠠᠶ ᠬᠥᠭᠵᠢᠯᠲᠡ ᠶᠢᠨ | ᠬᠦᠴᠢᠷᠳᠡᠯ ᠶᠡᠭᠡ ᠪᠠᠶᠢᠨ᠎ᠠ᠃ | ᠣᠷᠴᠢᠨ ᠠᠬᠤᠶ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠬᠠᠷᠢᠴᠠᠩᠭᠤᠶ ᠪᠠᠷ ᠬᠤᠴᠣᠷᠠᠩᠭᠤᠢ | ᠪᠠᠶᠢᠨ᠎ᠠ᠃ ᠰᠢᠯᠢ ᠶᠢᠨ ᠭᠤᠤᠯ ᠤᠨ ᠤᠰᠤᠨ ᠤ ᠴᠢᠨᠠᠷ ᠳᠣᠣᠷ᠎ᠠ ᠰᠠᠭᠤᠷᠢ ᠪᠠᠷᠢᠮᠵᠢᠶ᠎ᠠ ᠠᠴᠠ ᠬᠡᠲᠦᠷᠡᠵᠦ᠂ ᠰᠢᠯᠢ ᠶᠢᠨ | ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠣᠬᠢᠷ ᠤᠰᠤ ᠭᠠᠳᠠᠭᠰᠢᠯᠠᠭᠤᠯᠬᠤ ᠠᠮᠠ ᠶᠢ ᠬᠠᠷᠠᠬᠠᠨ | ᠵᠠᠰᠠᠵᠤ ᠳᠠᠭᠤᠰᠬᠠᠭᠠᠳᠤᠶ᠂ ᠪᠥᠬᠦ ᠬᠤᠲᠠ ᠶᠢᠨ ᠭᠤᠤᠯᠳᠠᠯᠭ᠎ᠠ ᠲᠠᠢ ᠪᠣᠬᠢᠷ ᠤᠰᠤ ᠭᠠᠳᠠᠭᠰᠢᠯᠠᠭᠤᠯᠬᠤ ᠠᠵᠤ | ᠦᠢᠯᠡᠳᠪᠦᠷᠢ ᠶᠢᠨ ᠠᠵᠤ ᠠᠬᠤᠶᠢᠯᠠᠯ ᠳᠤ ᠴᠥᠮ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠥᠬᠦᠭᠡᠷᠦᠮᠵᠢ | ᠤᠭᠰᠠᠷᠠᠭᠠᠳᠤᠶ᠂ ᠠᠵᠤ ᠠᠬᠤᠶᠢᠯᠠᠯ ᠤᠨ ᠪᠣᠬᠢᠷ ᠤᠰᠤ ᠭᠠᠳᠠᠭᠰᠢᠯᠠᠭᠤᠯᠬᠤ ᠶᠢ ᠬᠢᠨᠠᠨ ᠬᠠᠮᠢᠶᠠᠷᠬᠤ ᠲᠠᠯ᠎ᠠ ᠪᠠᠷ ᠪᠠᠰᠠ | ᠳᠠᠯᠳᠠ ᠬᠡᠮ ᠣᠷᠣᠰᠢᠵᠤ᠂ ᠭᠠᠭᠴᠠ ᠮᠣᠳᠣ ᠶᠢᠨ ᠤᠰᠤᠨ ᠰᠤᠷᠪᠤᠯᠵᠢ ᠶᠢᠨ ᠭᠠᠵᠠᠷ ᠤᠨ ᠵᠢᠷᠤᠮᠵᠢᠭᠰᠠᠨ ᠪᠥᠲᠥᠭᠡᠨ | ᠪᠠᠶᠢᠭᠤᠯᠤᠯᠲᠠ ᠮᠥᠨ ᠬᠦ ᠲᠡᠭᠦᠯᠳᠡᠷᠵᠢᠭᠡᠳᠦᠶ ᠪᠠᠶᠢᠨ᠎ᠠ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯ ᠢ ᠬᠠᠷᠠᠬᠠᠨ ᠲᠦᠯᠬᠢᠨ ᠠᠬᠢᠭᠤᠯᠬᠤ ᠴᠢᠬᠤᠯᠠᠲᠠᠶ ᠪᠠᠶᠢᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠠᠰᠢᠭᠯᠠᠬᠤ ᠬᠢᠷᠢ ᠬᠡᠮᠵᠢᠶ᠎ᠡ ᠶᠢ ᠮᠥᠨ ᠯᠡ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠶᠡᠷᠦᠩᠬᠡᠶᠢᠯᠡᠨ ᠠᠰᠢᠭᠯᠠᠬᠤ ᠳᠤ | ᠯᠤᠲᠤ ᠶᠡᠭᠡ ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ | ᠰᠠᠶᠢᠵᠢᠷᠠᠭᠤᠯᠬᠤ ᠳᠤ ᠬᠦᠴᠢᠷᠳᠡᠯ ᠶᠡᠭᠡ ᠪᠠᠶᠢᠵᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ᠂ | ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠲᠡᠭᠦᠯᠳᠡᠷ ᠪᠤᠰᠤ | ᠪᠠᠶᠢᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠥᠲᠥᠭᠡᠨ | ᠪᠠᠶᠢᠭᠤᠯᠤᠯᠲᠠ ᠬᠠᠷᠢᠴᠠᠩᠭᠤᠶ ᠪᠠᠭᠤᠷᠠᠶ ᠪᠠᠶᠢᠨ᠎ᠠ᠃ ᠡᠲᠡᠭᠡᠷ ᠬᠤᠴᠣᠷᠤᠩᠭᠤᠶ ᠣᠷᠴᠢᠨ ᠠᠬᠤᠶ ᠶᠢᠨ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠰᠠᠭᠤᠳᠠᠯ ᠨᠢ ᠰᠢᠯᠢ ᠶᠢᠨ ᠬᠤᠲᠠ ᠶᠢᠨ ᠠᠮᠢ ᠠᠬᠤᠶ ᠶᠢᠨ | ᠣᠷᠴᠢᠨ ᠨᠥᠬᠦᠴᠡᠯ ᠤᠨ ᠰᠠᠶᠢᠵᠢᠷᠠᠯᠲᠠ᠂ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠵᠣᠬᠢᠬᠤ ᠬᠡᠮᠵᠢᠶᠡᠨ ᠤ | ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ | ᠤᠯᠤᠰ ᠤᠨ ᠳᠣᠲᠣᠭᠠᠳᠤ ᠶᠢᠨ ᠬᠥᠭᠵᠢᠯᠲᠡ ᠶᠢᠨ ᠪᠠᠶᠢᠳᠠᠯ ᠪᠣᠳᠣᠯᠢᠶᠠᠨᠲᠠᠢ᠃ ᠤᠯᠤᠰ ᠤᠨ ᠳᠠᠪᠬᠤᠷᠭ᠎ᠠ ᠠᠴᠠ | ᠦᠵᠡᠪᠡᠯ᠂ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠨᠢ ᠶᠠᠭ | ᠬᠡᠪᠴᠢᠶᠡᠲᠦ ᠬᠤᠷᠳᠤᠴᠠ ᠶᠢᠨ ᠮᠠᠶ᠋ᠢᠭ ᠤᠨ ᠪᠦᠳᠦᠭᠦᠯᠢᠭ ᠨᠡᠮᠡᠭᠳᠡᠯ ᠠᠴᠠ ᠶᠠᠰᠤ ᠴᠢᠨᠠᠷ ᠦᠷ᠎ᠡ ᠠᠰᠢᠭ ᠤᠨ | ᠮᠠᠶ᠋ᠢᠭ ᠤᠨ ᠡᠷᠴᠢᠮᠯᠢᠭ ᠨᠡᠮᠡᠭᠳᠡᠯ ᠲᠡᠶᠢᠰᠢ ᠰᠢᠯᠵᠢᠵᠦ᠂ ᠠᠵᠤ ᠠᠬᠤᠶ ᠶᠢᠨ ᠪᠦᠲᠦᠴᠡ ᠨᠢ ᠶᠠᠭ ᠨᠡᠮᠡᠭᠳᠡᠯ ᠢ | ᠨᠡᠮᠡᠭᠳᠡᠭᠦᠯᠦᠨ ᠡᠨᠧᠷᠭᠢ ᠶᠢ ᠥᠷᠭᠡᠳᠬᠡᠬᠦ ᠪᠠᠷ ᠭᠤᠣᠯ ᠪᠣᠯᠭᠠᠵᠤ ᠪᠠᠶᠢᠭᠰᠠᠨ ᠠᠴᠠ ᠪᠠᠨ ᠬᠠᠳᠠᠭᠠᠯᠠᠯᠲᠠ ᠶᠢᠨ | ᠲᠣᠭᠢᠷᠠᠭᠤᠯᠣᠯᠳᠠ ᠬᠢᠬᠦ ᠲᠡᠶᠢᠰᠢ ᠰᠢᠯᠵᠢᠵᠦ᠂ ᠨᠡᠮᠡᠭᠳᠡᠯ ᠢ ᠨᠡᠮᠡᠭᠳᠡᠭᠦᠯᠦᠨ ᠰᠢᠯᠢᠳᠡᠭᠵᠢᠭᠦᠯᠬᠦ ᠶᠢ ᠵᠡᠷᠭᠡ ᠪᠠᠷ ᠬᠡᠷᠡᠭᠯᠡᠬᠦ | ᠲᠡᠶᠢᠰᠢ ᠰᠢᠯᠵᠢᠵᠦ᠂ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠭᠴᠢ ᠬᠦᠴᠦᠨ ᠶᠠᠭ ᠤᠯᠠᠮᠵᠢᠯᠠᠯᠲᠤ | ᠨᠡᠮᠡᠭᠳᠡᠯ ᠤᠨ ᠴᠡᠭ ᠠᠴᠠ ᠰᠢᠨ᠎ᠡ ᠨᠡᠮᠡᠭᠳᠡᠯ ᠤᠨ ᠴᠡᠭ ᠲᠡᠶᠢᠰᠢ ᠰᠢᠯᠵᠢᠵᠦ᠂ ︽ᠨᠡᠮᠡᠭᠳᠡᠯ ᠢ ᠲᠣᠭᠲᠠᠪᠤᠷᠢᠵᠢᠭᠤᠯᠵᠤ᠂ | ᠪᠦᠲᠦᠴᠡ ᠶᠢ ᠲᠣᠬᠢᠷᠠᠭᠤᠯᠬᠤ︾ ᠨᠢ ᠠᠵᠤ ᠠᠬᠤᠶ ᠶᠢᠨ ᠠᠵᠢᠯ ᠤᠨ ᠭᠤᠣᠯ ᠬᠦᠭ ᠠᠶᠠᠰ ᠪᠣᠯᠤᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠲᠠᠯ᠎ᠠ ᠠᠴᠠ ᠠᠪᠴᠤ ᠦᠵᠡᠪᠡᠯ᠂ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠤᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠠᠷᠢᠮᠵᠢᠶᠠᠯᠠᠬᠤ ᠳᠤ᠂ ᠠᠮᠢ ᠠᠬᠤᠢ ᠣᠷᠴᠢᠨ | ᠲᠣᠭᠤᠷᠢᠨ ᠤ ᠬᠦᠷᠢᠶᠡᠨ ᠤ ᠳᠤᠲᠠᠭᠤᠳᠠᠯ ᠮᠥᠨᠬᠦ ᠨᠡᠯᠢᠶᠡᠳ ᠲᠤᠪᠤᠶᠢᠮ᠎ᠠ ᠪᠠᠶᠢᠵᠤ᠂ ᠡᠨᠧᠷᠭᠢ ᠶᠢᠨ ᠬᠤᠷᠣᠭᠳᠠᠯ ᠤᠨ | ᠲᠦᠪᠰᠢᠨ ᠥᠨᠳᠥᠷ ᠪᠠᠶᠢᠵᠤ᠂ ᠪᠦᠲᠦᠴᠡ ᠶᠢᠨ ᠴᠢᠨᠠᠷᠲᠠᠢ ᠵᠥᠷᠢᠴᠡᠯ ᠮᠥᠨᠬᠦ ᠦᠨᠳᠦᠰᠦᠨ ᠠᠴᠠ ᠪᠠᠨ ᠬᠤᠪᠢᠷᠠᠭᠠᠳᠤᠢ | ᠪᠠᠶᠢᠭᠰᠠᠭᠠᠷ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠮᠥᠨᠬᠦ ᠨᠡᠯᠢᠶᠡᠳ ᠲᠤᠪᠤᠶᠢᠮ᠎ᠠ ᠪᠠᠶᠢᠭᠰᠠᠭᠠᠷ᠂ ᠠᠮᠢ | ᠠᠬᠤᠢ ᠶᠢᠨ ᠬᠠᠯᠬᠠᠪᠴᠢ ᠶᠢᠨ ᠬᠠᠮᠠᠭᠠᠯᠠᠯᠲᠠ ᠶᠢᠨ ᠴᠢᠳᠠᠪᠬᠢ ᠶᠢᠨ ᠰᠠᠭᠤᠷᠢ ᠨᠡᠯᠢᠶᠡᠳ ᠬᠡᠪᠡᠷᠡᠭ᠂ ᠠᠮᠢ ᠠᠬᠤᠢ | ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠮᠥᠨᠬᠦ ᠪᠦᠷᠢᠨ ᠲᠡᠭᠦᠯᠳᠡᠷ ᠪᠢᠰᠢ ᠪᠠᠶᠢᠭᠰᠠᠭᠠᠷ᠃ ᠡᠳᠡᠭᠡᠷ | ᠡᠭᠡᠳᠡᠷᠡᠭᠡᠨ ᠪᠤᠳᠤᠯᠢᠶᠠᠨᠲᠠᠶ ᠤᠯᠤᠰ ᠤᠨ ᠳᠣᠲᠣᠭᠠᠳᠤ ᠶᠢᠨ ᠪᠠᠶᠢᠳᠠᠯ ᠨᠢ ᠴᠥᠮ ᠰᠢᠯᠢ ᠶᠢᠨ ᠬᠤᠲᠠ ᠶᠢᠨ ᠠᠵᠤ | ᠠᠬᠤᠶ ᠨᠡᠶᠢᠭᠡᠮ ᠤᠨ ᠬᠥᠭᠵᠢᠯᠲᠡ ᠪᠠ ᠠᠮᠢ ᠠᠬᠤᠶ ᠣᠷᠴᠢᠨ ᠠᠬᠤᠶ ᠶᠢᠨ ᠬᠠᠮᠠᠭᠠᠯᠠᠯᠲᠠ ᠳᠤ ᠤᠷᠢᠳ ᠡᠮᠦᠨ᠎ᠡ | ᠪᠠᠶᠢᠭ᠎ᠠ ᠦᠭᠡᠢ ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ | ᠶᠡᠷᠦᠩᠬᠡᠶᠢᠯᠡᠨ ᠮᠠᠭᠠᠳᠯᠠᠬᠤ ᠳᠤ᠂ ᠬᠤᠶᠢᠰᠢᠳᠠ ᠶᠢᠨ ᠨᠢᠭᠡ ᠬᠤᠭᠤᠴᠠᠭᠠᠨ ᠳᠤ ᠰᠢᠯᠢ ᠶᠢᠨ ᠬᠤᠲᠠ ᠶᠢᠨ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠮᠥᠨ ᠬᠦ ᠶᠡᠭᠡ ᠦᠢᠯᠡᠰ ᠢ ᠪᠦᠲᠦᠭᠡᠵᠦ ᠪᠣᠯᠬᠤ ᠴᠢᠬᠤᠯᠠ ᠪᠠᠶᠢᠯᠳᠤᠬᠤ | ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ ᠪᠠᠶᠢᠨ᠎ᠠ᠂ ᠭᠡᠪᠡᠴᠦ ᠪᠠᠰᠠ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠡᠭᠦᠷᠭᠡ ᠬᠦᠨᠳᠦ᠂ ᠠᠮᠢ ᠠᠬᠤᠶ ᠶᠢᠨ ᠰᠢᠰᠲ᠋ᠧᠮ ᠤᠨ ᠪᠦᠬᠦᠯᠢ | ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠶ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ | ᠰᠢᠢᠳᠪᠦᠷᠢᠯᠡᠬᠦ ᠡᠭᠦᠷᠭᠡ ᠬᠠᠲᠠᠭᠤ ᠪᠡᠷᠬᠡ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ | ᠰᠠᠶᠢᠵᠢᠷᠠᠭᠤᠯᠬᠤ ᠬᠦᠴᠢᠷᠳᠡᠯ ᠶᠡᠭᠡ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠵᠡᠷᠭᠡ ᠡᠭᠦᠷᠭᠡ | ᠬᠠᠲᠠᠭᠤ ᠪᠡᠷᠬᠡ ᠵᠡᠷᠭᠡ ᠲᠠᠯ᠎ᠠ ᠶᠢᠨ ᠬᠠᠲᠠᠭᠤ ᠴᠢᠩᠭ᠎ᠠ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠰᠢᠨ᠎ᠡ ᠠᠵᠠ | ᠲᠣᠬᠢᠶᠠᠯ᠂ ᠰᠢᠨ᠎ᠡ ᠥᠷᠢᠰᠥᠯᠳᠦᠭᠡᠨ ᠤ ᠡᠮᠦᠨ᠎ᠡ᠂ ᠡᠷᠬᠡᠪᠰᠢ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ | ᠬᠤᠭᠤᠴᠠᠭᠠᠨ ᠤ ᠠᠭᠤᠯᠤᠭᠳᠠᠬᠤᠨ ᠤ ᠭᠦᠨᠵᠡᠭᠡᠢ ᠬᠤᠪᠢᠷᠠᠯᠲᠠ ᠵᠢᠴᠢ ᠬᠥᠭᠵᠢᠯᠲᠡ ᠶᠢᠨ ᠱᠠᠳᠤᠴᠢ ᠴᠢᠨᠠᠷᠲᠠᠢ | ᠣᠨᠴᠠᠯᠢᠭ ᠪᠣᠯᠤᠨ ᠰᠢᠨ᠎ᠡ ᠡᠭᠦᠷᠭᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠡᠯ᠎ᠡ ᠵᠦᠢᠯ ᠤᠨ | ᠥᠷᠢᠰᠥᠯᠳᠦᠭᠡᠨ ᠢ ᠢᠯᠠᠨ ᠳᠠᠪᠠᠵᠤ᠂ ᠪᠦᠬᠦ ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ | ᠬᠤᠶᠠᠳᠤᠭᠠᠷ ᠪᠦᠯᠦᠭ ᠲᠥ᠋ᠯᠥᠪᠵᠢᠭᠦᠯᠭᠡ ᠶᠢᠨ ᠶᠡᠷᠦᠩᠬᠡᠶ ᠲᠦᠷᠢᠮ | ᠨᠢᠭᠡᠳᠦᠭᠡᠷ ᠬᠡᠰᠡᠭ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠡᠯᠡᠰᠦ ᠶᠢ | ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ᠂ ᠠᠵᠤ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ᠂ ᠪᠣᠬᠢᠷᠲᠤᠯ ᠤᠨ ᠵᠠᠰᠠᠯᠲᠠ᠂ ᠠᠮᠢ ᠠᠬᠤᠶ ᠶᠢᠨ ᠬᠠᠮᠠᠭᠠᠯᠠᠯᠲᠠ ᠶᠢ ᠨᠢᠭᠡᠳᠦᠯᠲᠡᠶ | ᠲᠥᠯᠥᠪᠯᠡᠵᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠨ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ | ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ | ᠠᠮᠢ ᠠᠬᠤᠶ ᠶᠢ ᠲᠡᠷᠢᠭᠦᠨ ᠳᠤ ᠲᠠᠯᠪᠢᠬᠤ᠂ ᠠᠷᠪᠢᠲᠠᠶ ᠡᠷᠴᠢᠮᠯᠢᠭ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠤᠨ᠎ᠠ︾᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ | ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ | ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ︽ᠪᠠᠶᠠᠨ ᠴᠢᠨᠡᠭᠡᠯᠢᠭ ᠰᠢᠯᠢ ᠶᠢᠨ ᠬᠤᠲᠠ᠂ ᠪᠣᠯᠪᠠᠰᠤᠨ | ᠰᠢᠯᠢ ᠶᠢᠨ ᠬᠤᠲᠠ᠂ ᠡᠶ᠎ᠡ ᠵᠣᠬᠢᠴᠠᠯ ᠲᠠᠢ ᠰᠢᠯᠢ ᠶᠢᠨ ᠬᠤᠲᠠ᠂ ᠦᠵᠡᠰᠬᠦᠯᠡᠩᠲᠦ ᠰᠠᠶᠢᠬᠠᠨ ᠰᠢᠯᠢ ᠶᠢᠨ ᠬᠤᠲᠠ᠂ | ᠵᠣᠯ ᠵᠢᠷᠭᠠᠯᠲᠤ ᠰᠢᠯᠢ ᠶᠢᠨ ᠬᠤᠲᠠ ᠶᠢ ᠴᠢᠷᠮᠠᠶᠢᠨ ᠪᠦᠲᠦᠭᠡᠨ ᠪᠠᠶᠢᠭᠤᠯᠬᠤ︾ ᠬᠠᠷᠠᠯᠲᠠ ᠶᠢ ᠨᠠᠶᠢᠳᠠᠪᠤᠷᠢᠵᠢᠭᠤᠯᠵᠤ᠂ | ᠬᠦᠴᠦᠯᠡᠨ ᠠᠬᠢᠭᠤᠯᠬᠤ ᠲᠤᠯᠤᠭᠠᠨ ᠵᠦᠢᠯ ᠤᠨ ᠭᠤᠤᠯᠳᠠᠯᠭ᠎ᠠ ᠲᠠᠢ ᠠᠵᠢᠯ ᠤᠨ ᠨᠢᠭᠡ ᠪᠣᠯ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢ ᠡᠷᠡᠰ ᠭᠤᠶᠢᠪᠢᠰᠢ ᠥᠬᠡᠶ ᠴᠢᠩᠭᠠᠳᠬᠠᠵᠤ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠶ ᠶᠢᠨ ᠪᠠᠶᠢᠷᠢᠰᠢᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠠᠷᠠᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠭᠤᠯᠠ ᠤᠰᠤ ᠣᠶ | ᠲᠠᠷᠢᠶ᠎ᠠ ᠨᠠᠭᠤᠷ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ | ᠠᠶᠢᠮᠠᠭ ᠤᠨ ᠪᠣᠬᠢᠷᠲᠤᠯ ᠥᠬᠡᠶ ᠬᠥᠭᠵᠢᠯᠲᠡ ᠶᠢᠨ ᠵᠢᠱᠢᠶ᠎ᠡ ᠦᠵᠡᠭᠦᠯᠬᠦ ᠬᠤᠲᠠ ᠶᠢ ᠤᠯᠠᠮ ᠨᠢᠭᠡ ᠠᠯᠬᠤᠮ | ᠴᠣᠭᠴᠠᠯᠠᠨ ᠪᠠᠶᠢᠭᠤᠯᠬᠤ ᠶᠠᠪᠤᠳᠠᠯ ᠪᠣᠯᠤᠨ᠎ᠠ᠃ ᠰᠢᠯᠢ ᠶᠢᠨ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ | ᠵᠠᠰᠠᠯᠲᠠ ᠶᠢᠨ ᠰᠢᠰᠲ᠋ᠧᠮ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠪᠠ ᠠᠮᠢ | ᠠᠬᠤᠶ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠬᠦᠴᠦᠯᠡᠨ ᠴᠢᠩᠭᠠᠳᠬᠠᠵᠤ᠂ ᠠᠮᠢ ᠠᠬᠤᠶ ᠶᠢᠨ ᠳᠦᠷᠢᠮ᠂ ᠠᠮᠢ ᠠᠬᠤᠶ ᠶᠢᠨ ᠠᠮᠤᠷ ᠲᠦᠪᠰᠢᠨ᠂ ᠠᠮᠢ ᠠᠬᠤᠶ ᠶᠢᠨ | ᠣᠷᠣᠨ ᠵᠠᠶ᠂ ᠠᠮᠢ ᠠᠬᠤᠶ ᠶᠢᠨ ᠠᠵᠤ ᠠᠬᠤᠶ᠂ ᠠᠮᠢ ᠠᠬᠤᠶ ᠶᠢᠨ ᠠᠮᠢᠳᠤᠷᠠᠯ᠂ ᠠᠮᠢ ᠠᠬᠤᠶ ᠶᠢᠨ ᠰᠣᠶᠣᠯ ᠵᠡᠷᠭᠡ | ᠵᠢᠷᠭᠤᠭᠠᠨ ᠶᠡᠭᠡ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠯᠭᠠᠭᠤᠷᠢᠯᠠᠬᠤ ᠰᠢᠰᠲ᠋ᠧᠮ ᠢ ᠪᠠᠶᠢᠭᠤᠯᠵᠤ᠂ | ᠴᠢᠬᠤᠯᠠ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢᠨ ᠴᠢᠬᠤᠯᠠ ᠶᠡᠭᠡ ᠢᠨᠵᠧᠨᠧᠷᠢᠩ ᠢ ᠰᠢᠨᠵᠢᠯᠡᠬᠦ | ᠤᠬᠠᠭᠠᠨᠴᠢ ᠪᠠᠷ ᠪᠠᠶᠢᠷᠢᠰᠢᠭᠤᠯᠤᠨ ᠬᠡᠷᠡᠭᠵᠢᠭᠦᠯᠵᠦ᠂ ᠰᠢᠯᠢ ᠶᠢᠨ ᠬᠤᠲᠠ ᠶᠢᠨ ᠣᠳᠣᠬᠢᠴᠢᠯᠠᠬᠤ ᠪᠥᠲᠥᠭᠡᠨ | ᠪᠠᠶᠢᠭᠤᠯᠤᠯᠲᠠ ᠶᠢᠨ ᠪᠣᠬᠢᠷᠲᠤᠯ ᠥᠬᠡᠶ ᠠᠮᠢ ᠠᠬᠤᠶ ᠶᠢᠨ ᠬᠠᠯᠬᠠᠪᠴᠢ ᠶᠢ ᠪᠠᠬᠢᠵᠢᠭᠦᠯᠵᠦ᠂ ᠲᠤᠷᠰᠢᠯᠭ᠎ᠠ ᠪᠠᠨ | ᠳ᠋ᠦᠩᠨᠡᠨ᠂ ᠠᠮᠵᠢᠯᠲᠠ ᠪᠠᠨ ᠪᠠᠬᠢᠵᠢᠭᠦᠯᠵᠦ᠂ ᠬᠠᠷᠢᠭᠤᠴᠠᠯᠭ᠎ᠠ ᠪᠠᠨ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ | ᠬᠦᠴᠦᠲᠡᠶ ᠠᠳᠬᠤᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠵᠣᠷᠢᠭ ᠰᠠᠨᠠᠭ᠎ᠠ ᠪᠠᠷ ᠰᠢᠯᠢ ᠶᠢᠨ | ᠬᠤᠲᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠨᠠᠷ ᠰᠠᠶᠢᠲᠠᠶ ᠳᠥᠯᠭᠢᠨ ᠠᠬᠢᠭᠤᠯᠵᠤ᠂ | ᠤᠯᠤᠰ ᠤᠨ ᠠᠮᠢ ᠠᠬᠤᠶ ᠶᠢᠨ ᠪᠣᠯᠪᠠᠰᠤᠨ ᠤ ᠥᠨᠳᠦᠷᠯᠢᠭ ᠢ ᠴᠢᠷᠮᠠᠶᠢᠨ ᠡᠭᠦᠳᠦᠨ ᠪᠠᠶᠢᠭᠤᠯᠵᠤ᠂ ᠬᠥᠮᠦᠨ ᠬᠢᠭᠡᠳ | ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃ | ᠬᠤᠶᠠᠳᠤᠭᠠᠷ ᠬᠡᠰᠡᠭ ᠲᠥᠯᠥᠪᠵᠢᠭᠦᠯᠭᠡ ᠶᠢᠨ ᠵᠠᠷᠴᠢᠮ | ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠬᠥᠭᠵᠢᠭᠦᠯᠦᠨ᠎ᠡ᠃ ᠠᠮᠢ ᠠᠬᠤᠶ ᠶᠢᠨ ᠪᠣᠯᠪᠠᠰᠤᠨ ᠤ | ᠣᠶᠢᠯᠠᠭᠠᠭᠳᠠᠬᠤᠨ ᠢ ᠪᠠᠷᠢᠮᠳᠠᠯᠠᠵᠣ ᠪᠠᠶᠢᠭᠠᠯᠢ ᠶᠢ ᠬᠦᠨᠳᠦᠳᠬᠡᠨ᠂ ᠪᠠᠶᠢᠭᠠᠯᠢ ᠳᠤ ᠵᠣᠬᠢᠴᠠᠬᠤ᠂ ᠪᠠᠶᠢᠭᠠᠯᠢ ᠶᠢ | ᠬᠠᠮᠠᠭᠠᠯᠠᠬᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠢᠢᠯᠠᠭᠠᠭᠳᠠᠬᠤᠨ ᠢ ᠨᠡᠶᠢᠭᠡᠮ ᠤᠨ ᠪᠠᠶᠢᠭᠤᠯᠤᠯᠲᠠ | ᠪᠣᠯᠤᠨ ᠬᠥᠭᠵᠢᠯᠲᠡ ᠶᠢᠨ ᠲᠠᠯ᠎ᠠ ᠪᠦᠬᠦᠨ ᠳᠤ ᠠᠭᠤᠰᠤᠯᠴᠠᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢ ᠪᠣᠳᠠᠲᠠᠢ | ᠠᠳᠬᠤᠵᠤ᠂ ᠠᠮᠢ ᠠᠬᠤᠢ ᠶᠢᠨ ᠰᠡᠷᠭᠦᠭᠡᠯᠲᠡ ᠶᠢ ᠴᠢᠩᠭᠠᠳᠬᠠᠬᠤ ᠪᠠ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠣᠬᠢᠷᠲᠤᠯ ᠦᠭᠡᠢ ᠠᠵᠤ ᠦᠢᠯᠡᠰ ᠢ ᠶᠡᠬᠡᠪᠡᠷ ᠬᠥᠭᠵᠢᠭᠦᠯᠵᠦ᠂ | ᠪᠣᠬᠢᠷᠲᠤᠯ ᠦᠭᠡᠢ ᠦᠢᠯᠡᠳᠪᠦᠷᠢᠯᠡᠯ ᠢ ᠠᠬᠢᠭᠤᠯᠵᠤ᠂ ᠪᠣᠬᠢᠷᠲᠤᠯ ᠦᠭᠡᠢ ᠠᠮᠢ ᠠᠬᠤᠢ ᠶᠢ ᠴᠣᠭᠴᠠᠯᠠᠵᠤ᠂ ᠪᠣᠬᠢᠷᠲᠤᠯ | ᠦᠭᠡᠢ ᠠᠮᠢᠳᠤᠷᠠᠯ ᠢ ᠠᠬᠢᠭᠤᠯᠵᠤ᠂ ᠬᠥᠮᠦᠨ ᠪᠣᠯᠤᠨ ᠪᠠᠶᠢᠭᠠᠯᠢ ᠶᠢᠨ ᠬᠠᠷᠢᠯᠴᠠᠨ ᠵᠣᠬᠢᠴᠠᠩᠭᠤᠢ ᠪᠠᠶᠢᠬᠤ ᠪᠠ ᠥᠨᠢ | ᠡᠭᠦᠷᠢᠳᠡ ᠶᠢᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ | ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠭᠤᠣᠯᠳᠠᠯᠭ᠎ᠠ ᠶᠢ ᠲᠤᠪᠤᠶᠢᠯᠭᠠᠨ᠎ᠠ᠃ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠤᠢᠢᠷ᠎ᠠ ᠶᠢᠨ | ᠬᠤᠭᠤᠴᠠᠭ᠎ᠠ ᠬᠢᠭᠡᠳ ᠠᠯᠤᠰ ᠤᠨ ᠬᠤᠭᠤᠴᠠᠭ᠎ᠠ᠂ ᠬᠡᠰᠡᠭ ᠲᠠᠯ᠎ᠠ ᠬᠢᠭᠡᠳ ᠪᠥᠬᠦ ᠲᠠᠯ᠎ᠠ ᠶᠢᠨ ᠬᠠᠷᠢᠴᠠᠭ᠎ᠠ ᠶᠢ | ᠵᠣᠬᠢᠴᠠᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠵᠤ ᠠᠬᠤᠶ ᠶᠢᠨ ᠬᠥᠭᠵᠢᠯᠲᠡ᠂ ᠬᠤᠲᠠ | ᠪᠠᠯᠭᠠᠰᠤ ᠬᠢᠭᠡᠳ ᠲᠠᠷᠢᠶᠠᠯᠠᠬᠤ ᠮᠠᠯᠵᠢᠬᠤ ᠣᠷᠣᠨ ᠤ ᠬᠤᠭᠤᠷᠣᠨᠳᠣᠬᠢ ᠬᠠᠷᠢᠴᠠᠭ᠎ᠠ ᠶᠢ ᠲᠣᠬᠢᠲᠠᠶ ᠰᠠᠶᠢᠲᠤᠷ | ᠰᠢᠢᠳᠪᠦᠷᠢᠯᠡᠵᠦ᠂ ᠬᠥᠮᠦᠨ ᠤ ᠬᠦᠴᠦᠨ᠂ ᠪᠣᠳᠠᠰ ᠤᠨ ᠬᠦᠴᠦᠨ ᠪᠣᠯᠤᠨ ᠡᠳ᠋ ᠤᠨ ᠬᠦᠴᠦᠨ ᠢ ᠲᠥᠪᠯᠡᠷᠡᠭᠦᠯᠦᠨ᠂ | ᠭᠤᠣᠯᠳᠠᠯᠭ᠎ᠠ ᠲᠠᠢ ᠬᠦᠷᠢᠶ᠎ᠡ ᠪᠣᠯᠤᠨ ᠭᠤᠣᠯᠳᠠᠯᠭ᠎ᠠ ᠲᠠᠢ ᠣᠷᠣᠨ ᠪᠦᠰᠡ ᠶᠢ ᠰᠣᠩᠭᠤᠵᠤ ᠬᠦᠴᠦᠯᠡᠨ ᠰᠢᠪᠲᠤᠯᠵᠤ᠂ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠲᠥᠯᠬᠢᠨ ᠠᠬᠢᠭᠤᠯᠤᠨ᠎ᠠ᠃ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠎ᠠ᠃ | ᠣᠷᠣᠨ ᠪᠦᠰᠡ ᠶᠢᠨ ᠡᠯᠪᠡᠭ ᠮᠠᠯ ᠠᠵᠤ ᠠᠬᠤᠶ ᠶᠢᠨ ᠡᠬᠢ ᠪᠠᠶᠠᠯᠢᠭ᠂ ᠲᠠᠯ᠎ᠠ ᠨᠤᠲᠤᠭ ᠤᠨ ᠵᠢᠭᠤᠯᠴᠢᠯᠠᠯ ᠤᠨ ᠡᠬᠢ | ᠪᠠᠶᠠᠯᠢᠭ ᠵᠢᠴᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ ᠳᠠᠪᠠᠭᠤᠯᠢᠭ ᠲᠤ ᠰᠠᠭᠤᠷᠢᠯᠠᠨ᠂ ᠠᠮᠢ | ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ | ᠬᠤᠪᠢᠷᠠᠭᠤᠯᠤᠨ᠎ᠠ᠃ ᠣᠷᠣᠨ ᠪᠦᠰᠡ ᠶᠢᠨ ᠨᠡᠶᠢᠭᠡᠮ ᠤᠨ ᠬᠥᠭᠵᠢᠯᠲᠡ᠂ ᠠᠵᠤ ᠠᠬᠤᠶ ᠶᠢᠨ ᠬᠥᠭᠵᠢᠯᠲᠡ ᠶᠢᠨ | ᠣᠳᠣᠬᠢ ᠪᠠᠶᠢᠳᠠᠯ ᠵᠢᠴᠢ ᠡᠬᠢ ᠪᠠᠶᠠᠯᠢᠭ᠂ ᠠᠮᠢ ᠠᠬᠤᠶ᠂ ᠣᠷᠴᠢᠨ ᠠᠬᠤᠶ᠂ ᠣᠷᠣᠨ ᠪᠦᠰᠡ ᠶᠢᠨ ᠣᠨᠴᠠᠯᠢᠭ ᠲᠠᠢ | ᠨᠢᠭᠲᠠ ᠤᠶᠠᠯᠳᠤᠭᠤᠯᠤᠨ᠂ ᠵᠦᠢ ᠵᠣᠬᠢᠰᠲᠠᠶ ᠣᠷᠣᠨ ᠵᠠᠶ ᠶᠢᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ | ᠲᠥᠯᠥᠪᠯᠡᠵᠦ᠂ ᠬᠥᠮᠦᠨ ᠬᠢᠭᠡᠳ ᠪᠠᠶᠢᠭᠠᠯᠢ᠂ ᠬᠠᠮᠠᠭᠠᠯᠠᠯᠲᠠ ᠬᠢᠭᠡᠳ ᠬᠥᠭᠵᠢᠯᠲᠡ ᠶᠢ ᠵᠡᠷᠭᠡ ᠪᠠᠷ ᠴᠢᠬᠤᠯᠠᠴᠢᠯᠠᠬᠤ ᠶᠢ | ᠪᠡᠶᠡᠯᠡᠭᠦᠯᠦᠨ᠎ᠡ᠃ | ᠳᠦᠷᠢᠮ ᠤᠨ ᠲᠠᠯ᠎ᠠ ᠪᠠᠷ ᠰᠢᠨ᠎ᠡ ᠶᠢ ᠡᠭᠦᠳᠴᠦ ᠳᠤᠭᠠᠴᠠᠯᠠᠯᠲᠠ ᠣᠶᠤᠨᠴᠢᠯᠠᠯᠲᠠ ᠶᠢᠨ ᠴᠢᠳᠠᠪᠤᠷᠢ ᠲᠠᠢ ᠪᠣᠯᠭᠠᠨ᠎ᠠ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠶᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠦᠨᠳᠦᠰᠦᠨ ᠬᠥᠳᠡᠯᠭᠡᠬᠦ | ᠬᠦᠴᠦᠨ ᠪᠣᠯᠭᠠᠵᠤ᠂ ᠳᠤᠭᠠᠴᠠᠯᠠᠯᠲᠠ ᠪᠠᠷ ᠬᠦᠳᠦᠯᠦᠨ ᠳᠠᠭᠠᠭᠤᠯᠬᠤ᠂ ᠬᠥᠰᠢᠵᠦ ᠬᠥᠳᠡᠯᠭᠡᠬᠦ᠂ ᠴᠢᠳᠠᠪᠬᠢ ᠣᠯᠭᠤᠬᠤ | ᠦᠢᠯᠡᠳᠦᠯ ᠢ ᠲᠤᠪᠤᠶᠢᠯᠭᠠᠵᠦ᠂ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠠᠶᠢᠭᠤᠯᠤᠯᠲᠠ ᠶᠢᠨ ᠪᠦᠬᠦᠯᠢ | ᠴᠣᠭᠴᠠ ᠶᠢᠨ ᠤᠶᠤᠨ ᠤ ᠵᠠᠰᠠᠯᠲᠠ ᠶᠢᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠣᠷᠣᠨ ᠪᠦᠰᠡ ᠶᠢᠨ ᠠᠮᠢ | ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ᠃ | ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠪᠦᠬᠦ ᠠᠷᠠᠳ ᠢᠶᠠᠷ ᠢᠶᠠᠨ ᠬᠠᠮᠲᠤᠪᠠᠷ ᠪᠠᠶᠢᠭᠤᠯᠤᠨ᠎ᠠ᠃ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠵᠣᠬᠢᠶᠠᠨ ᠪᠠᠶᠢᠭᠤᠯᠵᠤ ᠵᠣᠬᠢᠴᠠᠭᠤᠯᠬᠤ᠂ ᠨᠢᠭᠡᠳᠦᠯᠲᠡᠶ ᠲᠥᠯᠥᠪᠵᠢᠭᠦᠯᠬᠦ ᠪᠠ | ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠢᠭᠤᠳ ᠤᠳᠤᠷᠢᠳᠤᠭᠰᠠᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠤᠭᠭᠠᠷ | ᠠᠳᠬᠤᠵᠤ ᠬᠠᠮᠲᠤᠪᠠᠷ ᠬᠠᠮᠢᠶᠠᠷᠬᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠳᠤᠷᠢᠳᠬᠤ ᠠᠵᠢᠯ ᠤᠨ | ᠲᠣᠭᠲᠠᠴᠠ ᠶᠢ ᠪᠠᠶᠢᠭᠤᠯᠵᠤ᠂ ᠪᠥᠲᠥᠭᠡᠨ ᠪᠠᠶᠢᠭᠤᠯᠬᠤ ᠡᠭᠦᠷᠭᠡ ᠶᠢ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠴᠠᠷᠠᠭ᠎ᠠ ᠳᠤ ᠨᠠᠶᠢᠳᠠᠪᠤᠷᠢᠵᠢᠭᠤᠯᠤᠨ᠂ ᠡᠯ᠎ᠡ ᠰᠠᠯᠠᠭ᠎ᠠ ᠮᠥᠴᠢᠷ ᠲᠤ | ᠨᠠᠶᠢᠳᠠᠪᠤᠷᠢᠵᠢᠭᠤᠯᠬᠤ ᠬᠡᠷᠡᠭᠲᠡᠶ᠃ ᠵᠠᠬ᠎ᠠ ᠳᠡᠯᠭᠡᠭᠦᠷ ᠤᠨ ᠲᠣᠭᠲᠠᠴᠠ ᠪᠠ ᠵᠠᠰᠠᠭ ᠵᠠᠬᠢᠷᠭᠠᠨ ᠤ ᠠᠷᠭ᠎ᠠ ᠪᠠᠷᠢᠯ ᠢ | ᠶᠡᠷᠦᠩᠬᠡᠶᠢᠯᠡᠨ ᠬᠡᠷᠡᠭᠯᠡᠵᠦ ᠪᠠᠶᠢᠭᠠᠳ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠤᠯᠠᠨ | ᠨᠡᠶᠢᠲᠡ ᠶᠢᠨ ᠣᠷᠣᠯᠴᠠᠯᠭ᠎ᠠ ᠶᠢ ᠲᠠᠶᠢᠴᠢᠯᠠᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠡᠯ᠎ᠡ ᠰᠠᠯᠠᠭ᠎ᠠ | ᠮᠥᠴᠢᠷ ᠠᠵᠢᠯ ᠬᠤᠪᠢᠶᠠᠷᠢᠯᠠᠨ ᠬᠠᠮᠵᠢᠯᠴᠠᠭᠰᠠᠨ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠭᠰᠠᠨ | ᠪᠠᠶᠢᠷᠢᠰᠢᠯ ᠢ ᠪᠤᠢ ᠪᠣᠯᠭᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠯᠠᠪᠳᠠᠭᠤᠨ | ᠪᠠᠲᠤᠲᠠᠶ᠂ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ | ᠭᠤᠷᠪᠠᠳᠤᠭᠠᠷ ᠬᠡᠰᠡᠭ ᠲᠥ᠋ᠯᠥᠪᠵᠢᠭᠦᠯᠭᠡ ᠶᠢᠨ ᠬᠡᠪᠴᠢᠶ᠎ᠡ | ᠰᠢᠯᠢ ᠶᠢᠨ ᠬᠤᠲᠠ ᠶᠢᠨ ᠪᠥᠬᠦ ᠵᠠᠰᠠᠭ ᠵᠠᠬᠢᠷᠭᠠᠨ ᠤ ᠬᠡᠪᠴᠢᠶᠡᠨ ᠳᠤ 8 ᠵᠡᠭᠡᠯᠢ ᠭᠤᠳᠤᠮᠵᠢ᠂ 1 ᠪᠠᠯᠭᠠᠰᠤ᠂ 3 | ᠰᠤᠮᠤ᠂ 6 ᠤᠯᠤᠰ ᠤᠨ ᠥᠮᠴᠢᠯᠡᠯᠲᠦ ᠮᠠᠯᠵᠢᠯ ᠤᠨ ᠲᠠᠯᠠᠪᠠᠶ ᠶᠢ ᠪᠠᠭᠲᠠᠭᠠᠵᠤ᠂ ᠶᠡᠷᠦᠩᠬᠡᠶ ᠲᠠᠯᠠᠪᠠᠶ ᠨᠢ 14778 | km2 ᠪᠣᠯᠤᠨ᠎ᠠ᠃ | ᠳᠥᠷᠪᠡᠳᠦᠭᠡᠷ ᠬᠡᠰᠡᠭ ᠲᠥ᠋ᠯᠥᠪᠵᠢᠭᠦᠯᠭᠡ ᠶᠢᠨ ᠬᠤᠭᠤᠴᠠᠭ᠎ᠠ | ᠲᠣᠰ ᠲᠥᠯᠥᠪᠵᠢᠭᠦᠯᠭᠡ ᠶᠢ 2022 ᠣᠨ ᠢᠶᠠᠷ ᠰᠠᠭᠤᠷᠢ ᠪᠠᠷᠢᠮᠵᠢᠶ᠎ᠠ ᠣᠨ ᠪᠣᠯᠭᠠᠵᠤ᠂ ᠲᠥᠯᠥᠪᠵᠢᠭᠦᠯᠭᠡ ᠶᠢᠨ | ᠬᠤᠭᠤᠴᠠᠭ᠎ᠠ ᠨᠢ 2023 — 2030 ᠣᠨ ᠪᠣᠯᠤᠨ᠎ᠠ᠃ ᠣᠶᠢᠷ᠎ᠠ ᠶᠢᠨ ᠬᠤᠭᠤᠴᠠᠭᠠᠨ ᠤ ᠲᠥᠯᠥᠪᠵᠢᠭᠦᠯᠭᠡ᠄ | 2023 — 2025 ᠣᠨ ᠪᠣᠯ ᠰᠢᠯᠢ ᠶᠢᠨ ᠬᠤᠲᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ | ᠪᠡᠷᠬᠡ ᠰᠡᠳᠦᠪ ᠢ ᠰᠢᠢᠳᠪᠦᠷᠢᠯᠡᠬᠦ ᠭᠤᠤᠯᠳᠠᠯᠭ᠎ᠠ ᠲᠠᠢ ᠱᠠᠲᠤ ᠪᠣᠯᠤᠨ᠎ᠠ︔ ᠲᠥᠯᠥᠪᠵᠢᠭᠦᠯᠭᠡ ᠶᠢᠨ ᠳᠤᠮᠳᠠ ᠪᠠ | ᠠᠯᠤᠰ ᠤᠨ ᠬᠤᠭᠤᠴᠠᠭ᠎ᠠ᠄ 2026 — 2030 ᠣᠨ ᠪᠣᠯ ᠰᠢᠯᠢ ᠶᠢᠨ ᠬᠤᠲᠠ ᠶᠢᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠬᠤᠭᠤᠴᠠᠭ᠎ᠠ ᠪᠣᠯᠤᠨ᠎ᠠ᠃ | ᠲᠠᠪᠤᠳᠤᠭᠠᠷ ᠬᠡᠰᠡᠭ ᠲᠥ᠋ᠯᠥᠪᠵᠢᠭᠦᠯᠭᠡ ᠶᠢᠨ ᠬᠠᠷᠠᠯᠲᠠ | 1. ᠶᠡᠷᠦᠩᠬᠡᠶ ᠬᠠᠷᠠᠯᠲᠠ | ᠰᠢᠯᠢ ᠶᠢᠨ ᠬᠤᠲᠠ ᠶᠢᠨ ᠡᠭᠦᠳᠦᠨ ᠪᠠᠶᠢᠭᠤᠯᠤᠭᠰᠠᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢᠨ ᠲᠣᠭᠤᠷᠢᠨ ᠳᠤ᠂ ᠰᠢᠯᠢ ᠶᠢᠨ ᠬᠤᠲᠠ ᠶᠢᠨ | ᠠᠮᠢ ᠠᠬᠤᠶ ᠶᠢᠨ ᠳᠦᠷᠢᠮ᠂ ᠠᠮᠢ ᠠᠬᠤᠶ ᠶᠢᠨ ᠠᠮᠤᠷ ᠲᠦᠪᠰᠢᠨ᠂ ᠠᠮᠢ ᠠᠬᠤᠶ ᠶᠢᠨ ᠣᠷᠣᠨ ᠵᠠᠶ᠂ ᠠᠮᠢ | ᠠᠬᠤᠶ ᠶᠢᠨ ᠠᠵᠤ ᠠᠬᠤᠶ᠂ ᠠᠮᠢ ᠠᠬᠤᠶ ᠶᠢᠨ ᠠᠮᠢᠳᠤᠷᠠᠯ᠂ ᠠᠮᠢ ᠠᠬᠤᠶ ᠶᠢᠨ ᠰᠣᠶᠣᠯ ᠵᠡᠷᠭᠡ ᠡᠯ᠎ᠡ ᠲᠠᠯ᠎ᠠ ᠶᠢᠨ | ᠡᠭᠦᠳᠦᠨ ᠪᠠᠶᠢᠭᠤᠯᠤᠭᠰᠠᠨ ᠳᠠᠪᠠᠭᠤᠯᠢᠭ ᠪᠠ ᠥᠷᠢᠰᠥᠯᠳᠦᠭᠡᠨ ᠢ ᠪᠦᠬᠦ ᠲᠠᠯ᠎ᠠ ᠪᠠᠷ ᠡᠮᠬᠢᠯᠡᠨ ᠳᠢᠭᠯᠡᠵᠦ᠂ | ᠭᠤᠣᠯᠳᠠᠯᠭ᠎ᠠ ᠲᠠᠢ ᠡᠭᠦᠷᠭᠡ ᠪᠣᠯᠤᠨ ᠭᠤᠣᠯᠳᠠᠯᠭ᠎ᠠ ᠲᠠᠢ ᠢᠨᠵᠧᠨᠧᠷᠢᠩ ᠤᠨ ᠪᠠᠶᠢᠷᠢᠯᠠᠭᠤᠯᠤᠯᠲᠠ ᠪᠠᠷ ᠳᠡᠮᠵᠢᠨ᠂ | ᠰᠢᠯᠢ ᠶᠢᠨ ᠬᠤᠲᠠ ᠶᠢᠨ ᠠᠮᠢ ᠠᠬᠤᠶ ᠶᠢᠨ ᠰᠢᠰᠲ᠋ᠧᠮ ᠤᠨ ᠴᠢᠳᠠᠮᠵᠢ ᠶᠢ ᠢᠯᠡᠳᠲᠡ ᠳᠡᠭᠡᠭᠰᠢᠯᠡᠭᠦᠯᠵᠦ᠂ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠴᠢᠳᠠᠪᠤᠷᠢ ᠶᠢ ᠢᠯᠡᠳᠲᠡ ᠴᠢᠩᠭᠠᠳᠬᠠᠵᠤ᠂ ᠠᠮᠢ ᠠᠬᠤᠶ ᠶᠢᠨ | ᠣᠷᠴᠢᠨ ᠲᠣᠭᠤᠷᠢᠨ ᠤ ᠲᠤᠯᠭᠠᠭᠤᠷᠢᠯᠠᠬᠤ ᠴᠢᠳᠠᠪᠤᠷᠢ ᠶᠢ ᠲᠦᠷᠭᠡᠨ ᠰᠠᠶᠢᠵᠢᠷᠠᠭᠤᠯᠵᠤ᠂ ᠬᠤᠲᠠ ᠬᠥᠳᠡᠭᠡ ᠶᠢᠨ | ᠣᠷᠣᠰᠢᠨ ᠰᠠᠭᠤᠬᠤ ᠣᠷᠴᠢᠨ ᠲᠣᠭᠤᠷᠢᠨ ᠢ ᠭᠤᠶᠢᠳᠠ ᠰᠠᠶᠢᠬᠠᠨ ᠪᠣᠯᠭᠠᠵᠤ᠂ ᠠᠮᠢ ᠠᠬᠤᠶ ᠶᠢᠨ ᠰᠣᠶᠣᠯ ᠢ | ᠴᠡᠴᠡᠭᠯᠡᠭᠦᠯᠦᠨ ᠬᠥᠭᠵᠢᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠣᠭᠲᠠᠴᠠ ᠶᠢ ᠪᠥᠬᠦ | ᠲᠠᠯ᠎ᠠ ᠪᠠᠷ ᠲᠡᠭᠦᠯᠳᠡᠷᠵᠢᠭᠦᠯᠦᠭᠰᠡᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠲᠠ ᠶᠢᠨ ᠰᠢᠨ᠎ᠡ | ᠪᠠᠶᠢᠷᠢᠰᠢᠯ ᠢ ᠪᠡᠶᠡᠯᠡᠭᠦᠯᠦᠨ᠎ᠡ᠃ ᠰᠢᠯᠢ ᠶᠢᠨ ᠬᠤᠲᠠ ᠶᠢᠨ ᠤᠯᠤᠰ ᠤᠨ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠰᠢᠯᠭᠠᠨ ᠬᠢᠨᠠᠬᠤ ᠱᠠᠭᠠᠷᠳᠠᠯᠭ᠎ᠠ ᠳᠤ ᠬᠦᠷᠦᠭᠦᠯᠬᠦ ᠶᠢ | ᠪᠡᠶᠡᠯᠡᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ᠂ ᠬᠥᠳᠡᠭᠡ ᠲᠣᠰᠬᠤᠨ ᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ | ᠯᠠᠪᠯᠠᠯᠲᠠ ᠪᠣᠯᠭᠠᠵᠤ ᠪᠣᠯᠬᠤ ᠪᠣᠬᠢᠷᠲᠤᠯ ᠥᠬᠡᠶ ᠬᠥᠭᠵᠢᠯᠲᠡ ᠶᠢᠨ ᠥᠯᠢᠭᠡᠷ ᠳᠠᠭᠤᠷᠢᠶᠠᠯ ᠢ ᠪᠣᠶ ᠪᠣᠯᠭᠠᠵᠤ᠂ ᠵᠢᠱᠢᠶ᠎ᠡ | ᠦᠵᠡᠭᠦᠯᠦᠨ ᠬᠥᠲᠥᠯᠦᠨ ᠳᠠᠭᠠᠭᠤᠯᠬᠤ ᠦᠢᠯᠡᠳᠦᠯ ᠦᠵᠡᠭᠦᠯᠬᠦ ᠬᠡᠷᠡᠭᠲᠡᠶ᠃ | 2. ᠱᠠᠳᠤ ᠦᠶ᠎ᠡ ᠶᠢᠨ ᠬᠠᠷᠠᠯᠲᠠ | ᠲᠥᠯᠥᠪᠵᠢᠭᠦᠯᠭᠡ ᠶᠢᠨ ᠣᠶᠢᠷ᠎ᠠ ᠶᠢᠨ ᠬᠤᠭᠤᠴᠠᠭ᠎ᠠ ︵2023 — 2025 ᠣᠨ︶᠄ | 2023 ᠣᠨ ᠳᠤ ᠤᠯᠤᠰ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠯᠭᠠᠨ ᠬᠢᠨᠠᠬᠤ ᠱᠠᠭᠠᠷᠳᠠᠯᠭ᠎ᠠ ᠳᠤ ᠪᠦᠬᠦ ᠲᠠᠯ᠎ᠠ ᠪᠠᠷ ᠬᠦᠷᠭᠡᠵᠦ᠂ ᠠᠮᠢ ᠠᠬᠤᠶ ᠶᠢᠨ ᠣᠷᠴᠢᠨ | ᠨᠥᠬᠦᠴᠡᠯ ᠤᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠬᠤ ᠶᠢ ᠪᠡᠶᠡᠯᠡᠭᠦᠯᠵᠦ᠂ ᠴᠢᠬᠤᠯᠠ ᠠᠮᠢ ᠠᠬᠤᠶ ᠶᠢᠨ | ᠰᠢᠰᠲ᠋ᠧᠮ ᠢ ᠪᠦᠲᠦᠮᠵᠢᠲᠡᠶ ᠪᠠᠷ ᠬᠠᠮᠠᠭᠠᠯᠠᠵᠤ᠂ ᠭᠤᠣᠯ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ | ᠬᠡᠮᠵᠢᠶ᠎ᠡ ᠶᠢ ᠶᠡᠭᠡ ᠪᠠᠷ ᠪᠠᠭᠠᠰᠬᠠᠵᠤ᠂ ᠲᠦᠮᠡᠨ ᠲᠥᠭᠦᠷᠢᠭ ᠤᠨ ᠦᠢᠯᠡᠳᠪᠦᠷᠢᠯᠡᠯ ᠤᠨ ᠶᠡᠷᠦᠩᠬᠡᠶ ᠦᠷᠳᠡᠭ ᠤᠨ | ᠡᠨᠧᠷᠭᠢ ᠶᠢᠨ ᠬᠤᠷᠣᠭᠳᠠᠯ ᠪᠠ ᠤᠰᠤᠨ ᠤ ᠬᠤᠷᠣᠭᠳᠠᠯ ᠢ ᠦᠷᠭᠦᠯᠵᠢᠯᠡᠨ ᠪᠠᠭᠤᠷᠠᠭᠤᠯᠵᠤ᠂ ᠠᠵᠤ ᠦᠢᠯᠡᠰ ᠤᠨ | ᠪᠦᠲᠦᠴᠡ ᠶᠢᠨ ᠲᠤᠬᠢᠷᠠᠭᠤᠯᠤᠯᠳᠠ ᠪᠠ ᠬᠥᠭᠵᠢᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠴᠢᠬᠤᠯᠠ ᠶᠡᠭᠡ | ᠠᠬᠢᠯᠳᠠ ᠲᠠᠢ ᠪᠣᠯᠭᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠬᠢᠭᠡᠳ ᠪᠣᠬᠢᠷᠲᠤᠯ ᠦᠭᠡᠢ | ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠤᠨ᠎ᠠ᠃ | 2025 ᠣᠨ ᠪᠣᠯᠬᠤ ᠳᠤ᠂ ᠣᠷᠣᠨ ᠵᠠᠢ ᠶᠢᠨ ᠨᠡᠭᠡᠭᠡᠨ ᠬᠥᠭᠵᠢᠭᠦᠯᠦᠯᠲᠡ ᠶᠢᠨ ᠪᠠᠶᠢᠷᠢᠰᠢᠯ ᠢ ᠨᠡᠩ | ᠰᠢᠯᠢᠳᠡᠭᠵᠢᠭᠦᠯᠵᠦ᠂ ᠪᠣᠬᠢᠷᠲᠤᠯ ᠦᠭᠡᠢ ᠣᠷᠴᠢᠯ ᠠᠵᠤ ᠠᠬᠤᠢ ᠶᠢᠨ ᠣᠨᠴᠠᠯᠢᠭ ᠢ ᠨᠡᠩ ᠲᠤᠪᠤᠶᠢᠮ᠎ᠠ ᠪᠣᠯᠭᠠᠵᠤ᠂ | ᠠᠮᠢ ᠠᠬᠤᠢ ᠶᠢᠨ ᠲᠦᠷᠢᠮ ᠢ ᠨᠡᠩ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠰᠠᠶᠢᠨ | ᠬᠥᠭᠵᠢᠯᠲᠡ ᠶᠢ ᠪᠡᠶᠡᠯᠡᠭᠦᠯᠵᠦ᠂ ᠬᠥᠮᠦᠨ ᠪᠣᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠠᠮᠢ ᠠᠬᠤᠢ ᠶᠢᠨ | ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠦᠬᠦ ᠨᠡᠶᠢᠭᠡᠮ ᠢᠶᠠᠷ ᠢᠶᠠᠨ ᠨᠡᠭᠦᠷᠡᠰᠦᠲᠥ᠋ᠷᠥᠭᠴᠢ | ᠪᠠᠭ᠎ᠠ᠂ ᠪᠣᠬᠢᠷᠲᠤᠯ ᠦᠭᠡᠢ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠬᠡᠯᠪᠡᠷᠢ᠂ | ᠬᠡᠷᠡᠭᠯᠡᠭᠡᠨ ᠤ ᠠᠷᠭ᠎ᠠ ᠬᠡᠯᠪᠡᠷᠢ ᠶᠢ ᠪᠦᠷᠢᠯᠳᠦᠭᠦᠯᠦᠨ᠎ᠡ᠃ | ᠪᠠᠬᠢᠵᠢᠭᠦᠯᠦᠨ ᠳᠡᠭᠡᠭᠰᠢᠯᠡᠭᠦᠯᠬᠦ ᠬᠤᠭᠤᠴᠠᠭ᠎ᠠ ︵2026 — 2030 ᠣᠨ︶᠄ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠲᠠ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠤᠯᠤᠰ ᠤᠨ ᠰᠢᠯᠭᠠᠨ ᠬᠢᠨᠠᠬᠤ ᠪᠠᠷᠢᠮᠵᠢᠶ᠎ᠠ ᠠᠴᠠ | ᠲᠠᠪᠠᠭᠤᠯᠢᠭ ᠪᠣᠯᠭᠠᠨ᠎ᠠ᠂᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠠᠵᠤ ᠦᠢᠯᠡᠰ ᠤᠨ ᠪᠠᠶᠢᠷᠢᠰᠢᠯ ᠪᠠ ᠣᠷᠣᠨ | ᠵᠠᠶ ᠶᠢᠨ ᠨᠡᠭᠡᠭᠡᠯᠲᠡ ᠶᠢᠨ ᠪᠠᠶᠢᠷᠢᠰᠢᠯ ᠢ ᠦᠨᠳᠦᠰᠦᠨ ᠳᠡᠭᠡᠨ ᠪᠠᠶᠢᠭᠤᠯᠵᠤ᠂ ᠭᠤᠣᠯᠳᠠᠯᠭ᠎ᠠ ᠲᠠᠢ ᠠᠮᠢ ᠠᠬᠤᠶ ᠶᠢ | ᠰᠡᠷᠭᠦᠭᠡᠬᠦ ᠪᠠ ᠬᠠᠮᠠᠭᠠᠯᠠᠵᠤ ᠪᠦᠲᠦᠭᠡᠨ ᠪᠠᠶᠢᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ ᠠᠮᠢ | ᠠᠬᠤᠶ ᠶᠢᠨ ᠣᠷᠣᠨ ᠵᠠᠶ ᠶᠢᠨ ᠪᠠᠶᠢᠷᠢᠰᠢᠯ ᠲᠣᠭᠲᠠᠭᠤᠨ ᠪᠠᠶᠢᠵᠤ᠂ ᠶᠠᠰᠤ ᠴᠢᠨᠠᠷ ᠦᠷᠭᠦᠯᠵᠢᠯᠡᠨ ᠳᠡᠭᠡᠭᠰᠢᠯᠡᠵᠦ᠂ | ᠪᠦᠬᠦ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠵᠤ᠂ | ᠣᠳᠣᠬᠢᠴᠢᠯᠠᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢ ᠪᠦᠬᠦ ᠲᠠᠯ᠎ᠠ ᠪᠠᠷ ᠪᠡᠶᠡᠯᠡᠭᠦᠯᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠳᠤ | ᠨᠥᠬᠦᠷᠰᠡᠭ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ | ᠬᠡᠯᠪᠡᠷᠢ ᠶᠢᠨ ᠰᠢᠰᠲ᠋ᠧᠮ ᠢ ᠪᠦᠬᠦ ᠲᠠᠯ᠎ᠠ ᠪᠠᠷ ᠪᠦᠷᠢᠯᠳᠦᠭᠦᠯᠵᠦ᠂ ᠠᠮᠢ ᠠᠬᠤᠢ ᠶᠢᠨ ᠪᠣᠯᠪᠠᠰᠤᠨ ᠤ ᠤᠢᠢᠯᠠᠭᠠᠭᠳᠠᠬᠤᠨ | ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠡᠯ᠎ᠡ ᠭᠤᠭᠴᠤᠭ᠎ᠠ ᠳᠤ ᠭᠦᠨᠵᠡᠭᠡᠶᠢᠷᠡᠵᠦ᠂ ᠤᠯᠤᠰ ᠤᠨ ᠠᠮᠢ | ᠠᠬᠤᠢ ᠶᠢᠨ ᠪᠣᠯᠪᠠᠰᠤᠨ ᠤ ᠦᠯᠢᠭᠡᠷ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠤᠨ ᠬᠠᠭᠤᠯᠪᠤᠷᠢᠯᠠᠵᠤ | ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠳ᠋ᠦᠩᠨᠡᠨ ᠪᠦᠷᠢᠯᠳᠦᠭᠦᠯᠪᠡ᠃ | ᠵᠢᠷᠭᠤᠳᠤᠭᠠᠷ ᠬᠡᠰᠡᠭ ᠪᠦ᠋ᠳᠦᠭᠡᠨ ᠪᠠᠶᠢᠭᠤᠯᠤᠯᠲᠠ ᠶᠢᠨ ᠭᠦᠢᠴᠡᠳᠬᠡᠬᠦ ᠲᠤᠭ᠎ᠠ | ︽ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠤ | ᠪᠠᠶᠢᠭᠤᠯᠤᠯᠲᠠ ᠶᠢᠨ ᠭᠦᠢᠴᠡᠳᠬᠡᠯ ᠲᠤᠭ᠎ᠠ ︵ᠵᠠᠰᠠᠪᠤᠷᠢ ᠣᠷᠣᠭᠤᠯᠤᠭᠰᠠᠨ ᠬᠡᠪᠯᠡᠯ︶︾ ︵ᠠᠮᠢ ᠠᠬᠤᠢ ᠣᠷᠴᠢᠨ | ᠲᠣᠭᠤᠷᠢᠨ ᠤ ᠶᠠᠮᠤᠨ ᠤ ᠠᠯᠪᠠᠨ ᠲᠢᠩᠬᠢᠮ ᠤᠨ ᠵᠠᠬᠢᠳᠠᠯ ︹ 2021 ︺ 353 ᠳ᠋ᠤᠭᠠᠷ ᠲᠣᠭᠠᠲᠤ︶ ᠶᠢ | ᠦᠨᠳᠦᠰᠦᠯᠡᠪᠡᠯ᠂ ᠰᠢᠯᠢ ᠶᠢᠨ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠯᠢ ᠶᠢᠨ ᠬᠤᠲᠠ ᠶᠢᠨ | ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠭᠦᠢᠴᠡᠳᠬᠡᠬᠦ | ᠲᠣᠭᠠᠨ ᠤ ᠰᠢᠰᠲ᠋ᠧᠮ ᠢ ᠪᠠᠶᠢᠭᠤᠯᠵᠤ᠂ ᠡᠭᠦᠨ ᠳᠤ ᠠᠮᠢ ᠠᠬᠤᠶ ᠶᠢᠨ ᠳᠦᠷᠢᠮ᠂ ᠠᠮᠢ ᠠᠬᠤᠶ ᠶᠢᠨ ᠠᠮᠤᠷ ᠲᠦᠪᠰᠢᠨ | ᠂ ᠠᠮᠢ ᠠᠬᠤᠶ ᠶᠢᠨ ᠣᠷᠣᠨ ᠵᠠᠶ᠂ ᠠᠮᠢ ᠠᠬᠤᠶ ᠶᠢᠨ ᠠᠵᠤ ᠠᠬᠤᠶ᠂ ᠠᠮᠢ ᠠᠬᠤᠶ ᠶᠢᠨ ᠠᠮᠢᠳᠤᠷᠠᠯ ᠪᠠ ᠠᠮᠢ | ᠠᠬᠤᠶ ᠶᠢᠨ ᠰᠣᠶᠣᠯ ᠵᠡᠷᠭᠡ ᠵᠢᠷᠭᠤᠭᠠᠨ ᠶᠡᠭᠡ ᠰᠢᠰᠲ᠋ᠧᠮ ᠪᠠᠭᠲᠠᠨ᠎ᠠ᠃ ᠬᠠᠷᠠᠯᠲᠠᠲᠤ ᠬᠠᠷᠢᠭᠤᠴᠠᠯᠭ᠎ᠠ ᠶᠢᠨ ᠰᠢᠰᠲ᠋ᠧᠮ | ᠪᠣᠯᠤᠨ ᠲᠦᠷᠢᠮ ᠤᠨ ᠪᠠᠶᠢᠭᠤᠯᠤᠯᠲᠠ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ ᠠᠮᠢ | ᠠᠬᠤᠶ ᠶᠢᠨ ᠰᠢᠰᠲ᠋ᠧᠮ ᠢ ᠬᠠᠮᠠᠭᠠᠯᠠᠬᠤ᠂ ᠠᠮᠢ ᠠᠬᠤᠶ ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠬᠦ᠂ | ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠡᠬᠢ ᠪᠠᠶᠠᠯᠢᠭ ᠢ ᠠᠷᠪᠢᠯᠠᠬᠤ ᠪᠠ ᠠᠰᠢᠭᠯᠠᠬᠤ᠂ ᠠᠵᠤ ᠦᠢᠯᠡᠰ ᠢ | ᠣᠷᠴᠢᠯᠳᠤᠭᠤᠯᠤᠨ ᠬᠥᠭᠵᠢᠭᠦᠯᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ | ᠠᠮᠢᠳᠤᠷᠠᠯ ᠤᠨ ᠠᠷᠭ᠎ᠠ ᠮᠠᠶ᠋ᠢᠭ ᠢ ᠪᠣᠬᠢᠷᠲᠤᠯ ᠥᠬᠡᠶ ᠪᠣᠯᠭᠠᠬᠤ ᠪᠠ ᠦᠵᠡᠯ ᠤᠬᠠᠮᠰᠠᠷ ᠢ ᠲᠦᠭᠡᠮᠡᠯᠵᠢᠭᠦᠯᠬᠦ ᠵᠡᠷᠭᠡ | 10 ᠲᠠᠯ᠎ᠠ ᠪᠠᠷ ᠨᠡᠶᠢᠲᠡ 35 ᠵᠦᠢᠯ ᠤᠨ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠳᠣᠭᠢᠷᠠᠭᠤᠯᠵᠤ᠂ ᠡᠭᠦᠨ ᠳᠤ | 19 ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ᠂ 16 ᠯᠠᠪᠯᠠᠯᠲᠠ ᠶᠢᠨ ᠴᠢᠨᠠᠷᠲᠠᠶ ᠭᠦᠢᠴᠡᠳᠬᠡᠯ ᠲᠤᠭ᠎ᠠ ᠪᠣᠶ᠃ | ᠦᠨᠡᠯᠡᠨ ᠵᠢᠱᠢᠬᠦ ᠪᠠᠷ ᠳᠠᠮᠵᠢᠭᠠᠳ᠂ 35 ᠵᠦᠢᠯ ᠤᠨ ᠭᠦᠢᠴᠡᠳᠬᠡᠯ ᠲᠤᠭ᠎ᠠ ᠶᠢᠨ ᠳᠣᠲᠣᠷ᠎ᠠ᠂ 2 ᠵᠦᠢᠯ ᠤᠨ | ᠭᠦᠢᠴᠡᠳᠬᠡᠯ ᠲᠤᠭ᠎ᠠ ᠨᠢ ᠬᠢᠨᠠᠨ ᠰᠢᠯᠭᠠᠬᠤ ᠱᠠᠭᠠᠷᠳᠠᠯᠭ᠎ᠠ ᠳᠤ ᠬᠠᠷᠠᠬᠠᠨ ᠭᠦᠷᠦᠭᠰᠡᠨ ᠥᠬᠡᠶ ︵ᠲᠣᠰᠬᠤᠨ | ᠪᠠᠯᠭᠠᠰᠤ ᠶᠢᠨ ᠤᠤᠭᠤᠬᠤ ᠤᠰᠤᠨ ᠤ ᠠᠷᠢᠭᠤᠨ ᠴᠡᠪᠡᠷ ᠤᠨ ᠬᠢᠷᠢ ᠲᠡᠩᠴᠡᠭᠰᠡᠨ ᠨᠣᠷᠮ᠎ᠠ᠂ ᠬᠥᠳᠡᠭᠡ ᠲᠣᠰᠬᠤᠨ ᠤ | ᠠᠮᠢᠳᠤᠷᠠᠯ ᠤᠨ ᠪᠣᠬᠢᠷ ᠤᠰᠤ ᠶᠢ ᠵᠠᠰᠠᠭᠰᠠᠨ ᠨᠣᠷᠮ᠎ᠠ︶᠃ | ᠭᠤᠷᠪᠠᠳᠤᠭᠠᠷ ᠪᠦᠯᠦᠭ ᠲᠥ᠋ᠯᠥᠪᠵᠢᠭᠦᠯᠭᠡ ᠶᠢᠨ ᠡᠭᠦᠷᠭᠡ ᠬᠢᠭᠡᠳ ᠠᠷᠭ᠎ᠠ ᠬᠡᠮᠵᠢᠶ᠎ᠡ | ᠨᠢᠭᠡᠳᠦᠭᠡᠷ ᠬᠡᠰᠡᠭ ᠠᠮᠢ ᠠᠬᠤᠶ ᠶᠢᠨ ᠣᠷᠴᠢᠨ ᠨᠥᠬᠦᠴᠡᠯ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠯᠬᠢᠨ | ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ | 1. ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ ᠲᠦᠷᠢᠮ ᠤᠨ ᠰᠢᠰᠲ᠋ᠧᠮ ᠢ ᠪᠠᠶᠢᠭᠤᠯᠤᠨ᠎ᠠ | ᠪᠦᠬᠦ ᠣᠷᠣᠨ ᠪᠦᠰᠡ ᠶᠢᠨ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠲᠣᠭᠲᠠᠴᠠ ᠶᠢ ᠪᠠᠶᠢᠭᠤᠯᠤᠨ᠎ᠠ᠃ | ᠨᠤᠲᠤᠭ ᠪᠡᠯᠴᠢᠭᠡᠷ ᠤᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠲᠦᠷᠢᠮ ᠢ ᠨᠠᠶᠢᠳᠠᠪᠤᠷᠢᠵᠢᠭᠤᠯᠤᠨ᠂ ᠮᠣᠳᠣ | ᠲᠠᠷᠢᠬᠤ ᠳᠤ ᠲᠣᠬᠢᠷᠠᠮᠵᠢ ᠦᠭᠡᠢ ᠬᠡᠭᠡᠷ᠎ᠡ ᠲᠠᠯ᠎ᠠ ᠶᠢᠨ ᠣᠷᠣᠨ ᠪᠠ ᠭᠠᠩ ᠬᠠᠭᠤᠷᠠᠶ ᠪᠣᠷᠣᠭᠠᠨ ᠪᠠᠭᠠᠲᠠᠶ ᠲᠠᠴᠢᠷ | ᠴᠦᠯ ᠤᠨ ᠬᠡᠭᠡᠷ᠎ᠡ ᠲᠠᠯ᠎ᠠ ᠶᠢᠨ ᠣᠷᠣᠨ ᠳᠤ ᠮᠣᠳᠣ ᠲᠠᠷᠢᠵᠤ ᠣᠶᠢᠵᠢᠭᠤᠯᠬᠤ ᠶᠢ ᠴᠢᠩᠭ᠎ᠠ ᠬᠢᠵᠠᠭᠠᠷᠯᠠᠵᠤ᠂ ᠠᠩᠬᠠᠨ ᠤ | ᠤᠷᠭᠤᠮᠠᠯ ᠤᠨ ᠬᠤᠴᠢᠯᠭ᠎ᠠ ᠶᠢ ᠡᠪᠳᠡᠬᠦ ᠶᠢ ᠰᠡᠷᠭᠡᠶᠢᠯᠡᠨ ᠵᠠᠰᠠᠨ᠎ᠠ᠃ ᠨᠤᠲᠤᠭ ᠪᠡᠯᠴᠢᠭᠡᠷ ᠤᠨ ᠣᠷᠣᠨ ᠤ | ᠡᠯᠡᠰᠦᠵᠢᠭᠰᠡᠨ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠤᠨ ᠰᠠᠯᠬᠢ ᠡᠯᠡᠰᠦᠨ ᠤ ᠡᠬᠢ ᠶᠢ ᠨᠠᠷᠢᠯᠢᠭ ᠣᠨᠣᠴᠠᠲᠠᠶ ᠪᠠᠷ ᠵᠠᠰᠠᠵᠤ᠂ ᠨᠤᠲᠤᠭ ᠪᠡᠯᠴᠢᠭᠡᠷ ᠤᠨ | ᠴᠢᠬᠤᠯᠠ ᠠᠮᠢ ᠠᠬᠤᠶ ᠶᠢᠨ ᠴᠢᠳᠠᠮᠵᠢᠳᠤ ᠣᠷᠣᠨ ᠤ ᠡᠵᠡᠮᠳᠡᠯ ᠤᠨ ᠱᠤᠭᠤᠮ ᠢ ᠴᠢᠩᠭ᠎ᠠ ᠰᠠᠬᠢᠨ᠎ᠠ᠃ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠥᠷᠢᠮ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠢᠮ᠂ ᠪᠡᠯᠴᠢᠭᠡᠷ | ᠬᠤᠪᠢᠶᠠᠨ ᠰᠡᠯᠭᠦᠨ ᠮᠠᠯᠵᠢᠬᠤ ᠲᠥᠷᠢᠮ᠂ ᠤᠯᠠᠷᠢᠯ ᠤᠨ ᠴᠢᠨᠠᠷᠲᠠᠶ ᠪᠡᠯᠴᠢᠭᠡᠷ ᠥᠨᠵᠢᠭᠦᠯᠬᠦ ᠲᠥᠷᠢᠮ ᠢ ᠴᠢᠩᠭ᠎ᠠ | ᠬᠡᠷᠡᠭᠵᠢᠭᠦᠯᠵᠦ᠂ ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠵᠤ᠂ ᠪᠡᠯᠴᠢᠭᠡᠷ ᠤᠨ ᠲᠠᠭᠠᠭᠠᠴᠠ ᠶᠢᠨ | ᠬᠡᠮᠵᠢᠶ᠎ᠡ ᠶᠢ ᠲᠣᠭᠲᠠᠭᠠᠬᠤ ᠬᠡᠷᠡᠭᠲᠡᠶ᠃ ᠣᠶ ᠰᠢᠭᠤᠶ ︵ᠡᠪᠡᠰᠦ︶ ᠶᠢᠨ ᠣᠷᠭᠤᠴᠠ ︵ᠡᠪᠡᠰᠦ ᠮᠣᠳᠣᠨ ᠤ ᠦᠨᠳᠦᠷ︶ | ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠵᠡᠷᠭᠡ ᠠᠮᠢ | ᠠᠬᠤᠶ ᠶᠢᠨ ᠡᠬᠢ ᠪᠠᠶᠠᠯᠢᠭ ᠤᠨ ᠲᠠᠷᠬᠠᠯᠲᠠ ᠶᠢᠨ ᠣᠨᠴᠠᠯᠢᠭ ᠪᠠ ᠬᠠᠮᠠᠭᠠᠯᠠᠨ ᠬᠥᠭᠵᠢᠭᠦᠯᠬᠦ ᠬᠡᠷᠡᠭᠴᠡᠭᠡ ᠶᠢ | ᠦᠨᠳᠦᠰᠦᠯᠡᠨ᠂ ᠠᠳᠠᠯᠢ ᠪᠤᠰᠤ ᠲᠠᠰ ᠤᠨ ᠣᠶ ᠰᠢᠭᠤᠶ ᠡᠪᠡᠰᠦᠨ ᠤ ᠣᠷᠭᠤᠴᠠ ︵ᠡᠪᠡᠰᠦ ᠮᠣᠳᠣᠨ ᠤ ᠦᠨᠳᠦᠷ︶ | ᠶᠢ ᠪᠦᠷᠢᠯᠳᠦᠭᠦᠯᠦᠨ᠎ᠡ᠃ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠮᠴᠢᠯᠡᠬᠦ ᠡᠷᠬᠡ ᠶᠢ ᠲᠡᠭᠦᠯᠳᠡᠷᠵᠢᠭᠦᠯᠦᠨ᠎ᠡ᠃ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠢ ᠥᠭᠴᠡᠭᠡ ᠶᠢᠨ ᠬᠦᠰᠦᠨᠦᠭᠲᠦ ᠶᠢ ᠲᠣᠭᠲᠠᠭᠠᠵᠤ᠂ | ᠤᠰᠤᠨ ᠤ ᠡᠬᠢ ᠪᠠᠶᠠᠯᠢᠭ᠂ ᠭᠠᠵᠠᠷ ᠰᠢᠷᠣᠶ ᠶᠢᠨ ᠡᠬᠢ ᠪᠠᠶᠠᠯᠢᠭ᠂ ᠣᠶ ᠰᠢᠭᠤᠶ ᠶᠢᠨ ᠡᠬᠢ ᠪᠠᠶᠠᠯᠢᠭ ᠵᠡᠷᠭᠡ ᠶᠢᠨ | ᠡᠳ᠋ ᠬᠥᠷᠥᠩᠭᠡ ᠪᠠ ᠥᠷᠢ ᠥᠭᠴᠡᠭᠡ ᠶᠢᠨ ᠲᠣᠭᠠᠴᠠᠭ᠎ᠠ ᠬᠢᠬᠦ ᠠᠷᠭ᠎ᠠ ᠶᠢ ᠪᠠᠶᠢᠭᠤᠯᠤᠨ᠂ ᠪᠣᠳᠠᠲᠤ ᠪᠣᠳᠠᠰ ᠤᠨ | ᠬᠡᠮᠵᠢᠶ᠎ᠡ ᠶᠢᠨ ᠲᠣᠭᠠᠴᠠᠭ᠎ᠠ ᠬᠢᠬᠦ ᠲᠠᠩᠰᠠᠨ ᠡᠷᠦᠬᠡ ᠶᠢ ᠪᠠᠶᠢᠭᠤᠯᠵᠤ᠂ ᠲᠥᠷᠥᠯ ᠬᠤᠪᠢᠶᠠᠬᠤ ᠪᠠᠷᠢᠮᠵᠢᠶ᠎ᠠ ᠪᠠ | ᠪᠦᠷᠢᠳᠬᠡᠬᠦ ᠵᠢᠷᠤᠮᠵᠢᠯ ᠢ ᠲᠣᠳᠣᠷᠬᠠᠶᠢᠯᠠᠨ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ | ᠬᠤᠪᠢᠷᠠᠯᠲᠠ ᠶᠢᠨ ᠪᠠᠶᠢᠳᠠᠯ ᠢ ᠲᠣᠭᠲᠠᠮᠠᠯ ᠪᠠᠶᠢᠭᠠᠯᠢ ᠶᠢᠨ ᠡᠬᠢ ᠪᠠᠶᠠᠯᠢᠭ ᠢ ᠬᠥᠳᠡᠯᠦᠩᠭᠦᠶ ᠪᠠᠷ ᠬᠢᠨᠠᠨ ᠬᠡᠮᠵᠢᠬᠦ | ᠲᠦᠷᠢᠮ ᠢ ᠪᠠᠶᠢᠭᠤᠯᠵᠤ᠂ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠷᠠᠯᠲᠠ ᠶᠢᠨ ᠪᠠᠶᠢᠳᠠᠯ ᠢ ᠴᠠᠭ | ᠠᠷᠠᠳ ᠨᠡᠶᠢᠲᠡ ᠶᠢᠨ ᠥᠮᠴᠢᠯᠡᠯ ᠤᠨ ᠡᠯ᠎ᠡ ᠲᠦᠷᠦᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢ | ᠬᠠᠮᠤᠷᠤᠭᠰᠠᠨ ᠦᠨ᠎ᠡ ᠲᠥᠯᠥᠪᠦᠷᠢ ᠲᠠᠢ ᠪᠠᠷ ᠰᠢᠯᠵᠢᠭᠦᠯᠦᠨ ᠥᠭᠬᠦ ᠲᠦᠷᠢᠮ ᠢ ᠪᠠᠶᠢᠭᠤᠯᠵᠤ᠂ ᠦᠨ᠎ᠡ ᠲᠥᠯᠥᠪᠦᠷᠢ | ᠦᠭᠡᠢ ᠪᠤᠶᠤ ᠳᠣᠣᠷ᠎ᠠ ᠦᠨ᠎ᠡ ᠪᠠᠷ ᠰᠢᠯᠵᠢᠭᠦᠯᠦᠨ ᠥᠭᠬᠦ ᠶᠢ ᠴᠢᠩᠭ᠎ᠠ ᠴᠠᠭᠠᠵᠠᠯᠠᠨ᠎ᠠ᠃ | ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠭᠦᠨᠵᠡᠭᠡᠢ | ᠨᠠᠶᠢᠳᠠᠪᠣᠷᠢᠵᠢᠭᠤᠯᠣᠨ᠎ᠠ᠃ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠶ ᠶᠢᠨ ᠣᠷᠣᠨ ᠵᠠᠶ ᠪᠣᠯ ᠰᠢᠯᠢ ᠶᠢᠨ | ᠬᠤᠲᠠ ᠶᠢᠨ ᠬᠥᠭᠵᠢᠯᠲᠡ ᠶᠢᠨ ᠰᠠᠭᠤᠷᠢ ᠨᠥᠬᠦᠴᠡᠯ ᠮᠥᠨ᠂ ᠥᠮᠴᠢᠯᠡᠭᠴᠢ ᠨᠢ ᠬᠡᠨ ᠪᠠᠶᠢᠭᠰᠠᠨ ᠴᠤ ᠬᠠᠮᠢᠶ᠎ᠠ ᠥᠬᠡᠶ | ᠂ ᠰᠢᠯᠢᠳᠡᠭᠵᠢᠭᠦᠯᠦᠨ ᠨᠡᠭᠡᠭᠡᠨ ᠠᠰᠢᠭᠯᠠᠬᠤ ᠣᠷᠣᠨ ᠪᠦᠰᠡ ᠪᠤᠶᠤ ᠬᠢᠵᠠᠭᠠᠷ ᠲᠠᠢ ᠪᠠᠷ ᠨᠡᠭᠡᠭᠡᠨ ᠠᠰᠢᠭᠯᠠᠬᠤ ᠣᠷᠣᠨ | ᠪᠦᠰᠡ ᠭᠡᠰᠡᠨ ᠥᠬᠡᠶ ᠴᠥᠮ ᠬᠡᠷᠡᠭᠴᠡᠭᠡ ᠶᠢᠨ ᠵᠠᠬᠢᠷᠤᠨ ᠬᠠᠮᠢᠶᠠᠷᠤᠯᠲᠠ ᠶᠢ ᠵᠢᠷᠤᠮᠯᠠᠨ ᠨᠡᠭᠡᠭᠡᠨ ᠠᠰᠢᠭᠯᠠᠬᠤ ᠬᠡᠷᠡᠭᠲᠡᠶ | ᠂ ᠭᠠᠵᠠᠷ ᠰᠢᠷᠣᠶ ᠶᠢᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠥᠬᠡᠶ᠃ ︽ᠠᠭᠤᠯᠠ ᠤᠰᠤ ᠣᠢ | ᠲᠠᠷᠢᠶ᠎ᠠ ᠨᠠᠭᠤᠷ ᠡᠪᠡᠰᠦ ᠡᠯᠡᠰᠦ︾ ᠪᠣᠯ ᠨᠢᠭᠡᠨ ᠠᠮᠢ ᠨᠠᠰᠤᠨ ᠤ ᠬᠠᠮᠲᠤ ᠶᠢᠨ ᠴᠣᠭᠴᠠ ᠮᠥᠨ ᠭᠡᠬᠦ ᠵᠠᠷᠴᠢᠮ | ᠶᠣᠰᠣᠭᠠᠷ᠂ ᠪᠥᠬᠦ ᠬᠤᠲᠠ ᠶᠢᠨ ᠭᠠᠵᠠᠷ ᠰᠢᠷᠣᠶ ᠶᠢᠨ ᠣᠷᠣᠨ ᠵᠠᠶ ᠶᠢ ᠬᠠᠮᠤᠷᠤᠭᠰᠠᠨ ᠬᠡᠷᠡᠭᠯᠡᠯᠲᠡ ᠶᠢᠨ ᠵᠠᠬᠢᠷᠤᠨ | ᠬᠠᠮᠢᠶᠠᠷᠬᠤ ᠲᠦᠷᠢᠮ ᠢ ᠪᠠᠶᠢᠭᠤᠯᠵᠤ᠂ ᠲᠠᠷᠢᠶᠠᠨ ᠭᠠᠵᠠᠷ ᠲᠤ ᠬᠡᠷᠡᠭᠯᠡᠯᠲᠡ ᠶᠢᠨ ᠴᠢᠩᠭ᠎ᠠ ᠵᠠᠬᠢᠷᠤᠨ ᠬᠠᠮᠢᠶᠠᠷᠤᠯᠲᠠ ᠶᠢ | ᠬᠡᠷᠡᠭᠵᠢᠭᠦᠯᠬᠦ ᠪᠠᠷ ᠪᠠᠷᠠᠬᠤ ᠥᠬᠡᠶ᠂ ᠪᠠᠶᠢᠭᠠᠯᠢ ᠶᠢᠨ ᠡᠪᠡᠰᠦᠲᠦ ᠭᠠᠵᠠᠷ᠂ ᠣᠶᠢᠲᠤ ᠭᠠᠵᠠᠷ᠂ ᠭᠤᠤᠯ ᠮᠥᠷᠡᠨ᠂ | ᠨᠠᠭᠤᠷ ᠴᠥᠭᠦᠷᠥᠮ᠂ ᠴᠢᠭᠢᠭᠯᠢᠭ ᠭᠠᠵᠠᠷ ᠵᠡᠷᠭᠡ ᠠᠮᠢ ᠠᠬᠤᠶ ᠶᠢᠨ ᠣᠷᠣᠨ ᠵᠠᠶ ᠳᠤ ᠴᠤ ᠬᠡᠷᠡᠭᠯᠡᠯᠲᠡ ᠶᠢᠨ ᠵᠠᠬᠢᠷᠤᠨ | ᠬᠠᠮᠢᠶᠠᠷᠤᠯᠲᠠ ᠶᠢ ᠬᠡᠷᠡᠭᠵᠢᠭᠦᠯᠵᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ | ᠴᠢᠩᠭ᠎ᠠ ᠬᠢᠵᠠᠭᠠᠷᠯᠠᠵᠤ᠂ ᠪᠥᠬᠦ ᠬᠤᠲᠠ ᠶᠢᠨ ᠠᠮᠢ ᠠᠬᠤᠶ ᠶᠢᠨ ᠣᠷᠣᠨ ᠵᠠᠶ ᠶᠢᠨ ᠲᠠᠯᠠᠪᠠᠶ ᠶᠢ ᠪᠠᠭᠠᠰᠬᠠᠬᠤ ᠥᠬᠡᠶ | ᠪᠠᠶᠢᠬᠤ ᠶᠢ ᠦᠨᠡᠨ ᠬᠦ ᠪᠠᠲᠤᠯᠠᠨ᠎ᠠ᠃ | ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠠᠰᠢᠭᠯᠠᠵᠤ ᠬᠠᠮᠠᠭᠠᠯᠠᠬᠤ ᠲᠦᠷᠢᠮ ᠢ ᠪᠠᠶᠢᠭᠤᠯᠤᠨ᠎ᠠ᠃ ᠪᠡᠶᠡᠴᠢ | ᠴᠣᠭᠴᠠ ᠶᠢᠨ ᠴᠢᠳᠠᠮᠵᠢᠳᠤ ᠣᠷᠣᠨ ᠤ ᠪᠠᠶᠢᠷᠢ ᠲᠣᠭᠲᠠᠭᠠᠯᠲᠠ ᠶᠢ ᠴᠢᠩᠭ᠎ᠠ ᠵᠢᠷᠤᠮᠯᠠᠨ ᠬᠥᠭᠵᠢᠯᠲᠡ ᠶᠢ ᠲᠦᠯᠬᠢᠨ | ᠠᠬᠢᠭᠤᠯᠵᠤ᠂ ᠡᠬᠢ ᠪᠠᠶᠠᠯᠢᠭ ᠢ ᠠᠷᠪᠢᠯᠠᠬᠤ ᠪᠠ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠶᠢ | ᠴᠢᠩᠭᠠᠳᠬᠠᠵᠤ᠂ ᠡᠬᠢ ᠪᠠᠶᠠᠯᠢᠭ ᠢ ᠠᠷᠪᠢᠯᠠᠬᠤ᠂ ᠣᠷᠴᠢᠨ ᠠᠬᠤᠶ ᠳᠤ ᠨᠥᠬᠦᠷᠰᠡᠭ ᠦᠢᠯᠡᠳᠪᠦᠷᠢᠯᠡᠯ ᠤᠨ ᠠᠷᠭ᠎ᠠ | ᠮᠠᠶ᠋ᠢᠭ ᠪᠠ ᠬᠡᠷᠡᠭᠯᠡᠭᠡᠨ ᠤ ᠵᠠᠭᠪᠤᠷ ᠢ ᠪᠤᠢ ᠪᠣᠯᠭᠠᠨ᠎ᠠ᠃ ᠬᠤᠲᠠ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠵᠢᠴᠢ ᠲᠤᠰᠠᠭᠠᠷ ᠦᠢᠯᠡᠳᠪᠦᠷᠢ ᠠᠭᠤᠷᠬᠠᠶ ᠶᠢᠨ ᠣᠷᠣᠨ ᠤ ᠲᠥᠯᠥᠪᠵᠢᠭᠦᠯᠭᠡ ᠶᠢᠨ ᠪᠥᠳᠥᠭᠡᠨ | ᠪᠠᠶᠢᠭᠤᠯᠤᠯᠲᠠ ᠨᠢ ᠣᠷᠴᠢᠯ ᠠᠵᠤ ᠠᠬᠤᠶ ᠶᠢᠨ ᠤᠨᠤᠯᠵᠢᠬᠤᠨ ᠢ ᠵᠢᠷᠤᠮᠯᠠᠨ᠂ ᠡᠬᠢ ᠪᠠᠶᠠᠯᠢᠭ ᠤᠨ ᠠᠰᠢᠭᠯᠠᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠶᠢ ᠴᠢᠩᠭᠠᠳᠬᠠᠵᠤ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ | ᠦᠨᠡᠨᠬᠦ ᠪᠠᠲᠤᠯᠠᠬᠤ ᠬᠡᠷᠡᠭᠲᠡᠶ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ | ᠠᠮᠢ ᠠᠬᠤᠶ ᠶᠢ ᠲᠡᠷᠢᠭᠦᠨ ᠳᠤ ᠲᠠᠯᠪᠢᠬᠤ᠂ ᠴᠢᠩᠭ᠎ᠠ ᠬᠠᠮᠢᠶᠠᠷᠤᠨ ᠡᠵᠡᠮᠳᠡᠬᠦ᠂ ᠱᠠᠩᠨᠠᠵᠤ ᠲᠣᠷᠭᠠᠬᠤ ᠶᠢ ᠵᠡᠷᠭᠡ ᠪᠠᠷ | ᠴᠢᠬᠤᠯᠠᠴᠢᠯᠠᠬᠤ ᠵᠠᠷᠴᠢᠮ ᠢ ᠵᠢᠷᠤᠮᠯᠠᠨ᠂ ᠪᠡᠶᠡᠴᠢ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠦᠯᠦ | ᠨᠡᠶᠢᠴᠡᠬᠦ ᠡᠯ᠎ᠡ ᠲᠦᠷᠦᠯ ᠤᠨ ᠨᠡᠭᠡᠭᠡᠨ ᠬᠥᠭᠵᠢᠭᠦᠯᠬᠦ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠬᠡᠷᠡᠭᠴᠡᠭᠡ ᠶᠢ | ᠳᠤᠷ᠎ᠠ ᠪᠠᠷ ᠢᠶᠠᠨ ᠬᠤᠪᠢᠷᠠᠭᠤᠯᠬᠤ ᠶᠢ ᠴᠢᠩᠭ᠎ᠠ ᠴᠠᠭᠠᠵᠠᠯᠠᠨ᠎ᠠ᠃ ᠭᠤᠣᠯᠯᠠᠬᠤ ᠠᠮᠢ ᠠᠬᠤᠶ ᠶᠢᠨ ᠴᠢᠳᠠᠮᠵᠢ ᠶᠢᠨ | ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠵᠥᠷᠢᠶᠡᠲᠦ ᠬᠠᠮᠢᠶᠠᠷᠤᠯᠲᠠ ᠶᠢ ᠬᠡᠷᠡᠭᠵᠢᠭᠦᠯᠵᠦ᠂ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠠᠮᠢ ᠠᠬᠤᠶ ᠶᠢᠨ ᠴᠢᠳᠠᠮᠵᠢ ᠶᠢ ᠪᠠᠭᠤᠷᠠᠭᠤᠯᠬᠤ ᠦᠭᠡᠢ᠂ ᠲᠠᠯᠠᠪᠠᠢ ᠶᠢ | ᠪᠠᠭᠠᠰᠬᠠᠬᠤ ᠦᠭᠡᠢ᠂ ᠰᠢᠨᠵᠢ ᠴᠢᠨᠠᠷ ᠢ ᠬᠤᠪᠢᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ | ᠡᠬᠢ ᠪᠠᠶᠠᠯᠢᠭ ᠤᠨ ᠶᠡᠷᠦᠩᠬᠡᠶ ᠬᠡᠮᠵᠢᠶᠡᠨ ᠤ ᠬᠠᠮᠢᠶᠠᠷᠤᠯᠲᠠ ᠶᠢᠨ ᠠᠷᠪᠢᠯᠠᠨ ᠭᠠᠮᠨᠠᠬᠤ ᠲᠦᠷᠢᠮ ᠢ ᠪᠠᠶᠢᠭᠤᠯᠣᠨ᠎ᠠ᠃ | ᠡᠬᠢ ᠪᠠᠶᠠᠯᠢᠭ ᠤᠨ ᠬᠤᠷᠣᠭᠳᠠᠯ ᠤᠨ ᠳᠡᠭᠡᠳᠦ ᠬᠢᠵᠠᠭᠠᠷ ᠢ ᠵᠦᠢ ᠵᠣᠬᠢᠰᠲᠠᠶ ᠲᠣᠭᠲᠠᠭᠠᠵᠤ᠂ ᠡᠨᠧᠷᠭᠢ ᠶᠢᠨ ᠰᠤᠷᠪᠤᠯᠵᠢ | ᠂ ᠤᠰᠤ᠂ ᠭᠠᠵᠠᠷ ᠰᠢᠷᠣᠶ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠡᠬᠢ ᠪᠠᠶᠠᠯᠢᠭ ᠤᠨ ᠬᠠᠮᠢᠶᠠᠷᠤᠯᠲᠠ | ᠡᠵᠡᠮᠳᠡᠯ ᠢ ᠴᠢᠩᠭᠠᠳᠬᠠᠨ᠎ᠠ᠃ ᠡᠨᠧᠷᠭᠢ ᠶᠢᠨ ᠰᠤᠷᠪᠤᠯᠵᠢ ᠶᠢᠨ ᠬᠤᠷᠣᠭᠳᠠᠯ ᠤᠨ ᠡᠷᠴᠢᠮ ᠤᠨ ᠬᠢᠵᠠᠭᠠᠷᠯᠠᠯ ᠢ | ᠴᠢᠩᠭᠠᠷᠠᠭᠤᠯᠵᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠶ ᠤᠰᠤᠨ ᠤ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠡᠵᠡᠮᠳᠡᠬᠦ᠂ ᠤᠰᠤ ᠬᠡᠷᠡᠭᠯᠡᠬᠦ ᠦᠷ᠎ᠡ ᠪᠦᠲᠦᠮᠵᠢ ᠶᠢ ᠡᠵᠡᠮᠳᠡᠬᠦ᠂ ᠤᠰᠤᠨ ᠤ ᠴᠢᠳᠠᠮᠵᠢᠳᠣ ᠣᠷᠣᠨ ᠳᠤ | ᠪᠣᠬᠢᠷᠳᠣᠭᠤᠯᠬᠤ ᠶᠢ ᠬᠢᠵᠠᠭᠠᠷᠯᠠᠬᠤ ᠭᠤᠷᠪᠠᠨ ᠵᠤᠷᠪᠤᠰ ᠤᠯᠠᠭᠠᠨ ᠱᠤᠭᠤᠮ ᠤᠨ ᠬᠠᠮᠢᠶᠠᠷᠤᠯᠲᠠ ᠶᠢ ᠦᠷᠭᠦᠯᠵᠢᠯᠡᠨ | ᠬᠡᠷᠡᠭᠵᠢᠭᠦᠯᠦᠨ᠎ᠡ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ᠂ ᠡᠭᠦᠷᠢᠳᠡ ᠶᠢᠨ ᠬᠠᠮᠠᠭᠠᠯᠠᠯᠲᠠ ᠶᠢ ᠴᠢᠩᠭ᠎ᠠ | ᠬᠡᠷᠡᠭᠵᠢᠭᠦᠯᠵᠦ᠂ ᠰᠢᠨ᠎ᠡ ᠪᠠᠷ ᠨᠡᠮᠡᠭᠳᠡᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠠᠷᠢᠶᠠᠨ ᠭᠠᠵᠠᠷ ᠢ | ᠡᠵᠡᠯᠡᠨ ᠬᠡᠷᠡᠭᠯᠡᠬᠦ ᠬᠡᠪᠴᠢᠶ᠎ᠡ ᠳᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠦᠨ᠂ ᠲᠠᠷᠢᠶᠠᠨ ᠭᠠᠵᠠᠷ ᠢ | ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ | ᠲᠤᠭ᠎ᠠ ᠬᠡᠮᠵᠢᠶ᠎ᠡ ᠶᠢ ᠪᠠᠭᠤᠷᠠᠭᠤᠯᠬᠤ ᠥᠬᠡᠶ᠂ ᠶᠠᠰᠤ ᠴᠢᠨᠠᠷ ᠢ ᠪᠠᠭᠤᠷᠠᠭᠤᠯᠬᠤ ᠥᠬᠡᠶ ᠪᠠᠶᠢᠬᠤ ᠶᠢ ᠦᠨᠡᠨ ᠬᠦ | ᠪᠠᠲᠤᠯᠠᠨ᠎ᠠ᠃ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ ᠢ ᠪᠦᠷᠢᠨᠰᠢᠬᠦᠯᠵᠤ᠂ ᠨᠤᠲᠤᠭ ᠪᠡᠯᠴᠢᠭᠡᠷ ᠢ | ᠳᠠᠭᠠᠭᠠᠴᠢᠯᠠᠨ ᠡᠵᠡᠩᠨᠡᠬᠦ ᠲᠦᠷᠢᠮ ᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠵᠦ᠂ ᠦᠨᠳᠦᠰᠦᠨ ᠨᠤᠲᠤᠭ | ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠲᠤᠰᠠᠯᠠᠵᠤ ᠱᠠᠩᠨᠠᠬᠤ ᠲᠣᠭᠲᠠᠴᠠ ᠶᠢ ᠪᠦᠷᠢᠨᠰᠢᠬᠦᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ | ᠮᠠᠯᠵᠢᠬᠤ ᠶᠢ ᠵᠣᠭᠰᠣᠭᠠᠬᠤ᠂ ᠲᠣᠭᠤᠷᠢᠭ ᠬᠤᠪᠢᠶᠠᠨ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠵᠡᠷᠭᠡ ᠲᠦᠷᠢᠮ ᠢ ᠬᠡᠷᠡᠭᠵᠢᠭᠦᠯᠦᠨ᠎ᠡ᠃ ᠡᠯᠡᠰᠦᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠴᠠᠭᠠᠵᠠᠯᠠᠬᠤ | ᠬᠠᠮᠠᠭᠠᠯᠠᠯᠲᠠ ᠶᠢᠨ ᠲᠦᠷᠢᠮ ᠢ ᠪᠠᠶᠢᠭᠤᠯᠵᠤ᠂ ᠲᠦᠷ ᠴᠠᠭ ᠵᠠᠰᠠᠬᠤ ᠨᠥᠬᠦᠴᠡᠯ ᠢ ᠪᠦᠷᠢᠯᠳᠦᠭᠦᠯᠦᠭᠡᠳᠦᠶ | ᠵᠠᠯᠭᠠᠯᠳᠤᠭᠰᠠᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠡᠯᠡᠰᠦᠵᠢᠭᠰᠡᠨ ᠭᠠᠵᠠᠷ ᠰᠢᠷᠣᠶ ᠶᠢᠨ ᠪᠢᠲᠡᠭᠦᠮᠵᠢᠯᠡᠨ | ᠴᠠᠭᠠᠵᠠᠯᠠᠬᠤ ᠬᠠᠮᠠᠭᠠᠯᠠᠯᠲᠠ ᠶᠢᠨ ᠣᠷᠣᠨ ᠪᠣᠯᠭᠠᠨ ᠬᠤᠪᠢᠶᠠᠷᠢᠯᠠᠨ᠎ᠠ᠃ | ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢᠨ ᠲᠦᠷᠢᠮ ᠤᠨ ᠰᠢᠰᠲ᠋ᠧᠮ ᠢ ᠴᠢᠩᠭᠠᠷᠠᠭᠤᠯᠣᠨ᠎ᠠ᠃ ᠣᠷᠴᠢᠨ | ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢ ᠬᠢᠨᠠᠨ ᠪᠠᠶᠢᠴᠠᠭᠠᠬᠤ᠂ ᠪᠣᠬᠢᠷᠲᠤᠯ ᠭᠠᠳᠠᠭᠰᠢᠯᠠᠭᠤᠯᠬᠤ | ᠵᠥᠪᠰᠢᠶᠡᠷᠡᠯ ᠤᠨ ᠦᠨᠡᠮᠯᠡᠯ ᠢ ᠳᠠᠩᠰᠠᠯᠠᠬᠤ᠂ ᠪᠣᠬᠢᠷᠲᠤᠯ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ᠂ ︽ | ᠭᠤᠷᠪᠠ ᠶᠢ ᠬᠠᠮᠲᠤ ᠳᠤᠨᠢ ᠬᠢᠬᠦ︾ ᠰᠢᠯᠭᠠᠨ ᠠᠪᠬᠤ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ | ᠨᠠᠶᠢᠳᠠᠪᠤᠷᠢᠵᠢᠭᠤᠯᠵᠤ᠂ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ ᠤᠨ ᠣᠷᠴᠢᠨ ᠲᠣᠭᠤᠷᠢᠨ ᠢ ᠵᠠᠰᠠᠬᠤ | ᠬᠠᠷᠢᠭᠤᠴᠠᠯᠭ᠎ᠠ ᠶᠢ ᠲᠣᠭᠲᠠᠪᠤᠷᠢᠵᠢᠭᠤᠯᠤᠨ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠪᠠᠷᠢᠮᠵᠢᠶ᠎ᠠ ᠶᠢ | ᠬᠡᠷᠡᠭᠵᠢᠭᠦᠯᠬᠦ ᠬᠦᠴᠦᠨ ᠢ ᠴᠢᠩᠭᠠᠷᠠᠭᠤᠯᠵᠤ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ︽ᠭᠤᠤᠯᠳᠠᠯᠭ᠎ᠠ ᠲᠠᠢ | ᠪᠣᠬᠢᠷᠲᠤᠯ ᠭᠠᠳᠠᠭᠰᠢᠯᠠᠭᠤᠯᠬᠤ ᠨᠢᠭᠡᠴᠡ ᠶᠢᠨ ᠨᠡᠷᠡᠰ ᠤᠨ ᠵᠢᠭᠰᠠᠭᠠᠯᠲᠠ︾ ᠶᠢ ᠲᠣᠭᠲᠠᠮᠠᠯ ᠬᠤᠭᠤᠴᠠᠭ᠎ᠠ ᠲᠠᠢ ᠪᠠᠷ | ᠰᠢᠨᠡᠳᠬᠡᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠥᠪᠡᠷ ᠢᠶᠠᠨ ᠬᠢᠨᠠᠨ ᠬᠡᠮᠵᠢᠬᠦ ᠵᠢᠴᠢ ᠦᠷ᠎ᠡ | ᠳ᠋ᠦᠩ ᠢᠶᠠᠨ ᠢᠯᠡ ᠪᠣᠯᠭᠠᠬᠤ ᠶᠢ ᠴᠢᠩᠭ᠎ᠠ ᠥᠷᠨᠢᠭᠦᠯᠵᠦ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ | ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ ᠢ ᠴᠠᠭ ᠲᠤᠬᠠᠶ ᠳᠤᠨᠢ ᠰᠦᠯᠵᠢᠶᠡᠨ ᠳᠡᠭᠡᠷᠡᠬᠢ | ᠬᠢᠨᠠᠨ ᠡᠵᠡᠮᠳᠡᠬᠦ ᠲᠣᠤᠷ ᠰᠦᠯᠵᠢᠶᠡᠨ ᠤ ᠲᠠᠪᠴᠠᠩ ᠳᠤ ᠣᠷᠣᠭᠤᠯᠵᠤ᠂ ᠰᠦᠯᠵᠢᠶᠡᠨ ᠳᠡᠭᠡᠷᠡᠬᠢ ᠬᠢᠨᠠᠨ ᠬᠡᠮᠵᠢᠬᠦ | ᠲᠥᠬᠦᠭᠡᠷᠦᠮᠵᠢ ᠶᠢᠨ ᠤᠭᠰᠠᠷᠠᠯᠲᠠ ᠪᠠ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ | ᠲᠣᠭᠲᠠᠮᠠᠯ ᠢᠷᠡᠯᠲᠡ ᠶᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢᠨ ᠬᠢᠨᠠᠯᠲᠠ ᠬᠠᠮᠢᠶᠠᠷᠤᠯᠲᠠ ᠶᠢ ᠪᠥᠬᠦ | ᠲᠠᠯ᠎ᠠ ᠪᠠᠷ ᠴᠢᠩᠭᠠᠷᠠᠭᠤᠯᠵᠤ᠂ ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ ᠢ ᠰᠢᠮᠳᠠᠭᠤᠯᠵᠤ | ᠪᠠᠶᠢᠭᠠᠳ ᠬᠢᠨᠠᠨ ᠬᠡᠮᠵᠢᠬᠦ ᠲᠥᠬᠦᠭᠡᠷᠦᠮᠵᠢ ᠤᠭᠰᠠᠷᠠᠭᠤᠯᠤᠨ ᠬᠡᠷᠡᠭᠯᠡᠭᠦᠯᠬᠦ ᠶᠢᠨ ᠬᠠᠮᠲᠤ ᠬᠡᠪ ᠤᠨ ᠠᠵᠢᠯᠯᠠᠭᠠᠨ ᠢ | ᠦᠨᠡᠨᠬᠦ ᠪᠠᠲᠤᠯᠠᠵᠤ᠂ ᠵᠠᠰᠠᠭᠰᠠᠨ ᠦᠷ᠎ᠡ ᠪᠦᠲᠦᠮᠵᠢ ᠪᠠ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠠᠭᠤᠷᠮᠠᠭ ᠢᠶᠠᠷ | ᠵᠣᠬᠢᠶᠠᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ | 2. ᠶᠠᠪᠤᠴᠠ ᠶᠢ ᠴᠢᠩᠭ᠎ᠠ ᠬᠠᠮᠢᠶᠠᠷᠬᠤ ᠳᠦᠷᠢᠮ ᠤᠨ ᠰᠢᠰᠲ᠋ᠧᠮ ᠢ ᠪᠠᠶᠢᠭᠤᠯᠤᠨ᠎ᠠ | ᠡᠬᠢ ᠪᠠᠶᠠᠯᠢᠭ ᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ | ᠰᠢᠯᠢ ᠶᠢᠨ ᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ᠂ ᠡᠨᠧᠷᠭᠢ ᠶᠢᠨ | ᠬᠤᠷᠣᠭᠳᠠᠭᠤᠯᠤᠯ ᠶᠡᠬᠡᠲᠡᠶ ᠬᠦᠨᠳᠦ ᠠᠵᠤ ᠦᠢᠯᠡᠳᠪᠦᠷᠢ ᠪᠠᠷ ᠭᠤᠤᠯ ᠪᠣᠯᠭᠠᠭᠰᠠᠨ ᠮᠥᠷᠲᠡᠭᠡᠨ ᠲᠥᠪᠯᠡᠷᠡᠯ ᠤᠨ | ᠬᠡᠮᠵᠢᠶ᠎ᠡ ᠪᠠᠷ ᠥᠨᠳᠥᠷ ᠪᠠᠶᠢᠳᠠᠭ ᠪᠣᠯᠬᠤᠷ ᠡᠷᠬᠡᠪᠰᠢ ᠪᠠᠶᠢᠭᠠᠯᠢ ᠶᠢᠨ ᠡᠬᠢ ᠪᠠᠶᠠᠯᠢᠭ ᠵᠢᠴᠢ ᠲᠡᠭᠦᠨ ᠤ ᠦᠢᠯᠡᠳᠬᠦᠨ ᠤ | ᠦᠨ᠎ᠡ ᠬᠠᠩᠰᠢ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ᠂ ᠡᠬᠢ | ᠪᠠᠶᠠᠯᠢᠭ ᠤᠨ ᠬᠤᠮᠰᠠᠳᠠᠯ ᠤᠨ ᠬᠡᠮᠵᠢᠶ᠎ᠡ᠂ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠥᠪᠡᠷ ᠤᠨ | ᠥᠷᠲᠡᠭ ᠪᠠ ᠵᠠᠰᠠᠨ ᠰᠡᠷᠭᠦᠭᠡᠭᠰᠡᠨ ᠦᠷ᠎ᠡ ᠠᠰᠢᠭ ᠢ ᠪᠥᠬᠦ ᠲᠠᠯ᠎ᠠ ᠪᠠᠷ ᠲᠤᠰᠬᠠᠬᠤ ᠬᠡᠷᠡᠭᠲᠡᠶ᠃ ᠭᠠᠶᠢᠯᠢ | ᠲᠠᠲᠠᠪᠤᠷᠢ ᠶᠢᠨ ᠬᠦᠰᠢᠬᠦᠷᠭᠡ ᠪᠠᠷ ᠳᠠᠮᠵᠢᠭᠤᠯᠤᠨ ᠵᠦᠢ ᠵᠤᠬᠢᠰ ᠦᠭᠡᠢ ᠬᠡᠷᠡᠭᠴᠡᠭᠡ ᠶᠢ ᠬᠢᠵᠠᠭᠠᠷᠯᠠᠬᠤ ᠶᠢᠨ | ᠵᠡᠷᠭᠡᠴᠡᠭᠡᠪᠡᠷ ᠠᠯᠪᠠᠳᠠᠯᠭ᠎ᠠ ᠶᠢᠨ ᠴᠢᠨᠠᠷᠲᠠᠶ ᠭᠠᠶᠢᠯᠢ ᠲᠠᠲᠠᠪᠤᠷᠢ ᠶᠢᠨ ᠲᠣᠭᠲᠠᠴᠠ ᠪᠠᠷ ᠳᠠᠮᠵᠢᠭᠤᠯᠤᠨ ᠡᠬᠢ ᠪᠠᠶᠠᠯᠢᠭ ᠢ | ᠨᠡᠭᠡᠭᠡᠨ ᠠᠰᠢᠭᠯᠠᠬᠤ ᠥᠪᠡᠷ ᠤᠨ ᠦᠷᠳᠡᠭ ᠢ ᠳᠡᠭᠡᠭᠰᠢᠯᠡᠭᠦᠯᠵᠦ᠂ ᠠᠷᠪᠢᠯᠠᠨ ᠭᠠᠮᠨᠠᠬᠤ ᠶᠢ ᠠᠬᠢᠭᠤᠯᠤᠨ᠎ᠠ᠃ ᠭᠠᠶᠢᠯᠢ | ᠲᠠᠲᠠᠪᠤᠷᠢᠯᠠᠵᠤ ᠰᠦᠢᠳᠬᠡᠯ ᠢ ᠢᠯᠭᠠᠷᠠᠭᠤᠯᠤᠨ ᠲᠢᠭᠯᠡᠵᠦ᠂ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ ᠶᠢ | ᠬᠡᠷᠡᠭᠵᠢᠭᠦᠯᠵᠦ᠂ ᠡᠬᠢ ᠪᠠᠶᠠᠯᠢᠭ ᠤᠨ ᠭᠠᠶᠢᠯᠢ ᠶᠢ ᠠᠯᠬᠤᠮ ᠠᠯᠬᠤᠮ ᠢᠶᠠᠷ ᠪᠠᠶᠢᠭᠠᠯᠢ ᠶᠢᠨ ᠡᠯ᠎ᠡ ᠵᠦᠢᠯ ᠤᠨ ᠠᠮᠢ | ᠠᠬᠤᠶ ᠶᠢᠨ ᠣᠷᠣᠨ ᠵᠠᠶ ᠶᠢ ᠡᠵᠡᠯᠡᠨ ᠬᠡᠷᠡᠭᠯᠡᠬᠦ ᠳᠤ ᠥᠷᠭᠡᠳᠬᠡᠨ᠎ᠡ᠃ | ᠰᠢᠨᠵᠢᠯᠡᠬᠦ ᠤᠬᠠᠭᠠᠨᠴᠢ ᠠᠮᠢ ᠠᠬᠤᠶ ᠶᠢᠨ ᠨᠥᠬᠦᠪᠥᠷᠢ ᠶᠢᠨ ᠲᠦᠷᠢᠮ ᠤᠨ ᠰᠢᠰᠲ᠋ᠧᠮ ᠢ ᠨᠠᠶᠢᠳᠠᠪᠤᠷᠢᠵᠢᠭᠤᠯᠤᠨ᠎ᠠ᠃ | ᠣᠷᠳᠣ ᠬᠤᠭᠤᠴᠠᠭᠠᠨ ᠤ ᠪᠦᠲᠦᠮᠵᠢᠲᠡᠶ ᠬᠥᠳᠡᠯᠦᠩᠭᠦᠶ ᠲᠣᠬᠢᠷᠠᠭᠤᠯᠤᠯᠲᠠ ᠬᠢᠭᠰᠡᠨ ᠠᠮᠢ ᠠᠬᠤᠶ ᠶᠢᠨ ᠨᠥᠬᠦᠪᠥᠷᠢᠯᠡᠬᠦ | ᠲᠣᠭᠲᠠᠴᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠵᠤ᠂ ᠵᠠᠰᠠᠭ ᠤᠨ ᠣᠷᠳᠣᠨ ᠤ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠥᠭᠬᠦ᠂ ᠠᠮᠢ ᠠᠬᠤᠶ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢᠨ ᠭᠤᠤᠯᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠵᠠᠬ᠎ᠠ ᠳᠡᠯᠭᠡᠭᠦᠷ ᠤᠨ ᠠᠵᠤ | ᠠᠬᠤᠶ ᠶᠢᠨ ᠬᠦᠴᠦᠨ ᠢ ᠭᠦᠢᠴᠡᠳ ᠲᠠᠶᠢᠴᠢᠯᠠᠨ ᠬᠡᠷᠡᠭᠯᠡᠵᠦ ᠪᠠᠶᠢᠭᠠᠳ ᠤᠯᠠᠨ ᠡᠰᠢᠲᠦ ᠨᠥᠬᠦᠪᠥᠷᠢᠯᠡᠬᠦ ᠠᠷᠭ᠎ᠠ ᠵᠠᠮ ᠢ | ᠨᠡᠭᠡᠭᠡᠨ᠎ᠡ᠃ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠬᠤᠯᠪᠣᠭᠳᠠᠯ ᠪᠦᠬᠦᠢ ᠬᠠᠤᠯᠢ | ᠲᠣᠭᠲᠠᠭᠠᠯᠲᠠ ᠶᠢ ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ | ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ᠃ | ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠨ ᠨᠢᠭᠡᠳᠦᠯᠲᠡᠶ ᠲᠥᠯᠥᠪᠯᠡᠬᠦ ᠲᠣᠭᠲᠠᠴᠠ ᠪᠠ ᠠᠮᠢ ᠠᠬᠤᠶ ᠶᠢᠨ | ᠨᠥᠬᠦᠪᠥᠷᠢ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠠᠵᠢᠯ ᠢ | ᠡᠮᠬᠢ ᠵᠢᠷᠤᠮ ᠲᠠᠢ ᠳᠥᠯᠭᠢᠨ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ | ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠠᠮᠢ ᠠᠬᠤᠶ ᠶᠢᠨ | ᠨᠥᠬᠦᠪᠥᠷᠢ ᠶᠢᠨ ᠬᠡᠪᠴᠢᠶ᠎ᠡ ᠵᠢᠴᠢ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠠᠮᠢ | ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢ ᠦᠨᠡᠯᠡᠨ ᠵᠢᠱᠢᠬᠦ ᠵᠢᠷᠤᠮᠵᠢᠯ ᠢ ᠲᠣᠳᠣᠷᠬᠠᠶᠢᠯᠠᠨ᠂ ᠰᠢᠨᠵᠢᠯᠡᠬᠦ | ᠤᠬᠠᠭᠠᠨᠴᠢ ᠵᠦᠶ ᠵᠣᠬᠢᠰᠲᠠᠶ ᠠᠮᠢ ᠠᠬᠤᠶ ᠶᠢᠨ ᠨᠥᠬᠦᠪᠥᠷᠢ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠨ᠎ᠠ᠃ | | ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠲᠦᠷᠢᠮ ᠢ ᠴᠢᠩᠭ᠎ᠠ ᠲᠥᠯᠥᠪᠵᠢᠭᠦᠯᠦᠨ᠎ᠡ᠃ ᠣᠷᠴᠢᠨ | ᠲᠣᠭᠤᠷᠢᠨ ᠤ ᠨᠥᠯᠥᠭᠡᠯᠡᠯ ᠢ ᠦᠨᠡᠯᠡᠬᠦ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠢ ᠡᠬᠢ ᠡᠭᠦᠰᠦᠯ ᠠᠴᠠ ᠨᠢ | ᠤᠷᠢᠳᠴᠢᠯᠠᠨ ᠰᠡᠷᠭᠡᠶᠢᠯᠡᠬᠦ ᠰᠢᠰᠲ᠋ᠧᠮ ᠢ ᠲᠠᠰᠤᠷᠠᠯᠲᠠ ᠦᠭᠡᠶ ᠲᠡᠭᠦᠯᠳᠡᠷᠵᠢᠭᠦᠯᠵᠦ᠂ ᠰᠢᠯᠢ ᠶᠢᠨ ᠭᠤᠤᠯ ᠤᠨ ᠠᠵᠤ | ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠰᠢᠯᠢ ᠶᠢᠨ ᠭᠤᠤᠯ᠂ ᠢᠯᠴᠢ ᠶᠢᠨ ᠬᠦᠴᠦᠨ᠂ ᠴᠠᠬᠢᠯᠭᠠᠨ | ᠬᠦᠴᠦᠨ ᠵᠡᠷᠭᠡ ᠳᠤ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠬᠠᠤᠯᠢ | ᠶᠣᠰᠣᠭᠠᠷ ᠥᠷᠨᠢᠭᠦᠯᠵᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠬᠠᠮᠢᠶ᠎ᠠ ᠪᠥᠬᠦᠶ ᠲᠥᠯᠥᠪᠵᠢᠭᠦᠯᠭᠡ ᠪᠠ ᠣᠷᠣᠨ | ᠪᠦᠰᠡ ᠶᠢᠨ ᠪᠥᠲᠥᠭᠡᠨ ᠪᠠᠶᠢᠭᠤᠯᠤᠯᠲᠠ᠂ ᠨᠡᠭᠡᠭᠡᠨ ᠠᠰᠢᠭᠯᠠᠬᠤ ᠲᠥᠯᠥᠪᠵᠢᠭᠦᠯᠭᠡ ᠵᠢᠴᠢ ᠠᠵᠤ ᠦᠢᠯᠡᠳᠪᠦᠷᠢ᠂ | ᠲᠠᠷᠢᠶᠠᠯᠠᠩ᠂ ᠣᠶ ᠰᠢᠭᠤᠶ᠂ ᠡᠨᠧᠷᠭᠢ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠬᠤᠲᠠ ᠶᠢᠨ ᠪᠥᠲᠥᠭᠡᠨ | ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠨᠡᠭᠡᠭᠡᠯᠲᠡ ᠶᠢᠨ ᠬᠠᠮᠢᠶ᠎ᠠ ᠪᠥᠬᠦᠶ ᠲᠤᠰᠬᠠᠶ ᠵᠦᠢᠯ ᠤᠨ | ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠶᠢ ᠶᠡᠬᠡᠪᠡᠷ ᠠᠬᠢᠭᠤᠯᠤᠨ᠎ᠠ᠃ ᠲᠥᠯᠥᠪᠵᠢᠭᠦᠯᠭᠡ ᠶᠢᠨ | ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠪᠠ ᠲᠥᠷᠥᠯ ᠵᠦᠢᠯ ᠤᠨ ᠣᠷᠴᠢᠨ ᠲᠣᠭᠤᠷᠢᠨ ᠳᠤ | ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠴᠢᠬᠤᠯᠠ | ᠶᠡᠭᠡ ᠠᠵᠤ ᠠᠬᠤᠶ᠂ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ | ᠨᠥᠯᠥᠭᠡᠯᠡᠯ ᠤᠨ ᠵᠠᠳᠠᠯᠤᠯᠲᠠ ᠪᠠ ᠴᠢᠬᠤᠯᠠ ᠶᠡᠭᠡ ᠠᠮᠢ ᠠᠬᠤᠶ ᠶᠢᠨ ᠣᠷᠴᠢᠨ ᠲᠣᠭᠤᠷᠢᠨ ᠤ ᠲᠥᠷᠥ ᠶᠢᠨ | ᠪᠣᠳᠣᠯᠭ᠎ᠠ ᠶᠢᠨ ᠨᠡᠶᠢᠭᠡᠮ ᠤᠨ ᠠᠵᠤ ᠠᠬᠤᠢ ᠶᠢᠨ ᠨᠥᠯᠥᠭᠡᠯᠡᠯ ᠤᠨ ᠵᠠᠳᠠᠯᠤᠯᠲᠠ ᠬᠢᠨ᠎ᠡ᠃ | ᠬᠥᠳᠡᠭᠡ ᠲᠣᠰᠬᠤᠨ ᠤ ᠣᠷᠴᠢᠨ ᠠᠬᠤᠶ ᠶᠢ ᠵᠠᠰᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ᠃ | ᠪᠣᠬᠢᠷᠲᠤᠯ ᠥᠬᠡᠶ ᠠᠮᠢ ᠠᠬᠤᠶ ᠪᠠᠷ ᠤᠳᠤᠷᠢᠳᠤᠮᠵᠢ ᠪᠣᠯᠭᠠᠭᠰᠠᠨ ᠲᠠᠷᠢᠶᠠᠯᠠᠩ ᠤᠨ ᠨᠥᠬᠦᠪᠥᠷᠢ ᠶᠢᠨ ᠲᠦᠷᠢᠮ ᠢ | ᠪᠠᠶᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ | ᠬᠢᠮᠢ ᠶᠢᠨ ᠪᠣᠷᠲᠣᠭᠤᠷ ᠲᠠᠷᠢᠶᠠᠨ ᠡᠮ ᠤᠨ ᠰᠦᠯᠢᠶᠣᠣ ᠪᠦᠷᠬᠦᠭᠦᠯ ᠤᠨ ᠬᠡᠮᠵᠢᠶ᠎ᠡ ᠶᠢ ᠪᠠᠭᠠᠰᠬᠠᠬᠤ᠂ ᠮᠠᠯ ᠵᠢᠭᠦᠷᠲᠡᠨ ᠢ | ᠲᠡᠵᠢᠭᠡᠨ ᠦᠷᠡᠵᠢᠭᠦᠯᠬᠦ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ ᠪᠠ ᠬᠤᠤᠷ ᠥᠬᠡᠶ ᠪᠣᠯᠭᠠᠬᠤ | ᠲᠦᠷᠢᠮ ᠢ ᠲᠡᠭᠦᠯᠳᠡᠷᠵᠢᠭᠦᠯᠵᠦ᠂ ᠵᠣᠷᠯᠣᠩ ᠤᠨ ᠬᠤᠪᠢᠰᠬᠠᠯ ᠤᠨ ᠶᠠᠪᠤᠭᠳᠠᠬᠤ ᠶᠢ ᠤᠯᠠᠮ ᠨᠢᠭᠡ ᠠᠯᠬᠤᠮ | ᠠᠬᠢᠭᠤᠯᠤᠨ᠎ᠠ᠃ ᠡᠯ᠎ᠡ ᠵᠦᠢᠯ ᠤᠨ ᠬᠡᠯᠪᠡᠷᠢ ᠶᠢᠨ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ᠂ ᠬᠥᠳᠡᠭᠡ | ᠲᠣᠰᠬᠤᠨ ᠤ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ | ᠪᠤᠶᠢᠵᠢᠭᠤᠯᠤᠨ ᠬᠥᠭᠵᠢᠭᠦᠯᠵᠦ᠂ ᠡᠳ᠋ ᠤᠨ ᠵᠠᠰᠠᠭ᠂ ᠭᠠᠴᠠᠭᠠᠨ ᠤ ᠬᠠᠮᠲᠤ ᠨᠡᠶᠢᠲᠡ ᠠᠴᠠ ᠨᠥᠬᠦᠪᠥᠷᠢ ᠥᠭᠬᠦ᠂ | ᠰᠠᠭᠤᠭᠠᠯᠢ ᠡᠷᠦᠬᠡ ᠰᠦᠢᠳᠬᠡᠯ ᠲᠤᠰᠢᠶᠠᠬᠤ᠂ ᠨᠡᠶᠢᠭᠡᠮ ᠤᠨ ᠬᠦᠷᠦᠩᠭᠡ ᠣᠷᠣᠯᠴᠠᠭᠰᠠᠨ ᠡᠵᠡᠩᠨᠡᠯᠲᠡ ᠶᠢᠨ | ᠣᠷᠣᠭᠤᠯᠤᠯᠲᠠ ᠶᠢᠨ ᠲᠣᠭᠲᠠᠴᠠ ᠶᠢ ᠠᠪᠴᠤ᠂ ᠬᠥᠳᠡᠭᠡ ᠲᠣᠰᠬᠤᠨ ᠤ ᠣᠷᠴᠢᠨ ᠠᠬᠤᠶ ᠶᠢᠨ ᠪᠣᠬᠢᠷᠲᠤᠯ ᠢ | ᠰᠡᠷᠭᠡᠶᠢᠯᠡᠨ ᠵᠠᠰᠠᠨ᠎ᠠ᠃ | ᠣᠷᠴᠢᠨ ᠠᠬᠤᠶ ᠶᠢᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠢᠯᠡ ᠪᠣᠯᠭᠠᠬᠤ ᠳᠦᠷᠢᠮ ᠢ ᠲᠡᠭᠦᠯᠳᠡᠷᠵᠢᠭᠦᠯᠦᠨ᠎ᠡ᠃ | ᠣᠷᠴᠢᠨ ᠠᠬᠤᠶ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ | ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠷᠠᠭᠤᠯᠤᠨ᠎ᠠ᠃ ᠪᠣᠬᠢᠷᠲᠤᠯ ᠢ ᠶᠡᠷᠦᠩᠬᠡᠶᠢᠯᠡᠨ ᠵᠠᠰᠠᠬᠤ ᠣᠷᠣᠨ ᠪᠦᠰᠡ ᠶᠢᠨ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠴᠢᠬᠤᠯᠠ ᠶᠡᠭᠡ ᠠᠵᠢᠯᠯᠠᠭ᠎ᠠ᠂ ᠠᠭᠠᠷ | ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠪᠠᠲᠤᠯᠠᠬᠤ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ | ᠲᠥᠰᠦᠯ ᠢ ᠲᠣᠭᠲᠠᠭᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ | ᠲᠣᠭᠲᠠᠮᠠᠯ ᠬᠤᠷᠠᠯ᠂ ᠠᠬᠢᠴᠠ ᠶᠢᠨ ᠮᠡᠳᠡᠭᠡ ᠵᠠᠩᠭᠢ ᠶᠢ ᠮᠡᠳᠡᠭᠡᠯᠡᠬᠦ ᠵᠡᠷᠭᠡ ᠲᠦᠷᠢᠮ ᠢ ᠪᠠᠶᠢᠭᠤᠯᠤᠨ᠎ᠠ᠃ ᠣᠷᠴᠢᠨ | ᠠᠬᠤᠶ ᠶᠢᠨ ᠵᠠᠰᠠᠭ ᠵᠠᠬᠢᠷᠭᠠᠨ ᠤ ᠵᠥᠪᠰᠢᠶᠡᠷᠡᠯ᠂ ᠣᠷᠴᠢᠨ ᠠᠬᠤᠶ ᠶᠢᠨ ᠶᠠᠰᠤ ᠴᠢᠨᠠᠷ᠂ ᠬᠠᠤᠯᠢ ᠶᠢ ᠵᠥᠷᠢᠴᠡᠨ | ᠪᠣᠬᠢᠷᠲᠤᠯ ᠪᠣᠳᠠᠰ ᠭᠠᠳᠠᠭᠰᠢᠯᠠᠭᠤᠯᠬᠤ᠂ ᠠᠵᠢᠯ ᠲᠥᠷᠥᠯ ᠢ ᠴᠡᠭᠴᠡᠯᠡᠨ ᠵᠠᠰᠠᠬᠤ᠂ ᠣᠷᠴᠢᠨ ᠠᠬᠤᠶ ᠶᠢᠨ | ᠭᠡᠨᠡᠳᠲᠡ ᠶᠢᠨ ᠬᠦᠨᠳᠦ ᠶᠡᠭᠡ ᠣᠨᠴᠠ ᠶᠡᠭᠡ ᠬᠡᠷᠡᠭ ᠢ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠵᠤ᠂ ᠠᠷᠠᠳ | ᠣᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠭᠦᠢᠴᠡᠳ ᠪᠠᠲᠤᠯᠠᠵᠤ᠂ | ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠠᠮᠢ ᠠᠬᠤᠶ ᠶᠢᠨ ᠣᠷᠴᠢᠨ ᠨᠥᠬᠦᠴᠡᠯ ᠤᠨ | ᠬᠠᠮᠠᠭᠠᠯᠠᠯᠲᠠ ᠶᠢ ᠣᠶᠢᠯᠠᠭᠠᠬᠤ᠂ ᠳᠡᠮᠵᠢᠬᠦ ᠪᠠ ᠲᠡᠭᠦᠨ ᠳᠤ ᠣᠷᠣᠯᠴᠠᠭᠤᠯᠤᠨ᠎ᠠ᠃ ᠪᠣᠬᠢᠷᠲᠤᠯ ᠶᠡᠬᠡᠲᠡᠶ ᠠᠵᠤ | ᠠᠬᠤᠶᠢᠯᠠᠯ ᠤᠨ ᠣᠷᠴᠢᠨ ᠠᠬᠤᠶ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠴᠢᠩᠭᠠᠷᠠᠭᠤᠯᠵᠤ᠂ ᠠᠵᠤ | ᠠᠬᠤᠶᠢᠯᠠᠯ ᠤᠨ ᠪᠣᠬᠢᠷᠲᠤᠯ ᠤᠨ ᠡᠬᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠨ᠎ᠠ᠃ | ᠬᠢᠨᠠᠯᠲᠠ ᠲᠠᠯᠪᠢᠬᠤ᠂ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠢᠯᠡ ᠪᠣᠯᠭᠠᠬᠤ | ᠶᠣᠰᠣᠲᠠᠶ ᠪᠠᠶᠢᠲᠠᠯ᠎ᠠ ᠢᠯᠡ ᠪᠣᠯᠭᠠᠭᠰᠠᠨ ᠥᠬᠡᠶ᠂ ᠬᠤᠳᠠᠯ ᠬᠠᠭᠤᠷᠮᠠᠭ ᠪᠠ ᠦᠨᠡᠨ ᠪᠣᠳᠠᠲᠠᠶ ᠪᠤᠰᠤ ᠣᠷᠴᠢᠨ | ᠲᠣᠭᠤᠷᠢᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠪᠠᠯ᠂ ᠬᠢᠨᠠᠨ ᠪᠠᠶᠢᠴᠠᠭᠠᠬᠤ ᠰᠠᠯᠠᠭ᠎ᠠ ᠮᠥᠴᠢᠷ ᠠᠴᠠ ᠵᠠᠰᠠᠭ | ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︔ ᠤᠢᠢᠯᠠ ᠪᠠᠶᠢᠳᠠᠯ ᠨᠢ ᠬᠦᠨᠳᠦ ᠨᠣᠴᠢᠲᠠᠶ᠂ ᠬᠦᠨᠳᠦ ᠨᠣᠴᠢᠲᠠᠶ | ᠤᠷᠰᠢᠭ ᠲᠠᠲᠠᠭᠰᠠᠨ ᠪᠠᠶᠢᠪᠠᠯ᠂ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | 3. ᠦᠷ᠎ᠡ ᠤᠷᠰᠢᠭ ᠢ ᠴᠢᠩᠭ᠎ᠠ ᠰᠢᠳᠬᠡᠬᠦ ᠲᠦᠷᠢᠮ ᠤᠨ ᠰᠢᠰᠲ᠋ᠧᠮ ᠢ ᠪᠠᠶᠢᠭᠤᠯᠬᠤ ᠬᠡᠷᠡᠭᠲᠡᠶ | ᠠᠮᠢ ᠠᠬᠤᠶ ᠶᠢᠨ ᠣᠷᠴᠢᠨ ᠨᠥᠬᠦᠴᠡᠯ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ | ᠳᠦᠷᠢᠮ ᠢ ᠲᠡᠭᠦᠯᠳᠡᠷᠵᠢᠭᠦᠯᠦᠨ᠎ᠡ᠃ ᠠᠮᠢ ᠠᠬᠤᠶ ᠶᠢᠨ ᠣᠷᠴᠢᠨ ᠨᠥᠬᠦᠴᠡᠯ ᠤᠨ ᠲᠥᠯᠥᠪᠦᠷᠢ ᠶᠢᠨ ᠲᠦᠷᠢᠮ ᠢ | ᠲᠡᠭᠦᠯᠳᠡᠷᠵᠢᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ ᠢ ᠬᠤᠬᠢᠷᠠᠭᠤᠯᠬᠤ ᠠᠵᠢᠯ ᠤᠨ ᠢᠵᠢ ᠪᠦᠷᠢᠳᠦᠭᠦᠯᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ ᠲᠥᠯᠥᠪᠦᠷᠢ ᠶᠢ ᠦᠨᠡᠯᠡᠨ ᠵᠢᠱᠢᠬᠦ | ᠠᠷᠭ᠎ᠠ ᠪᠠ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠯᠢ ᠶᠢᠨ ᠬᠤᠲᠠ ᠶᠢᠨ ᠠᠮᠢ ᠠᠬᠤᠶ ᠶᠢᠨ ᠣᠷᠴᠢᠨ | ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠠᠵᠢᠯ ᠳᠤ ᠬᠤᠯᠪᠣᠭᠳᠠᠬᠤ ᠡᠯ᠎ᠡ ᠰᠠᠯᠠᠭ᠎ᠠ | ᠮᠥᠴᠢᠷ ᠤᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠠᠮᠢ ᠠᠬᠤᠶ ᠶᠢᠨ ᠣᠷᠴᠢᠨ | ᠲᠣᠭᠤᠷᠢᠨ ᠤ ᠬᠤᠬᠢᠷᠠᠯ ᠢ ᠬᠢᠨᠠᠨ ᠲᠣᠭᠲᠠᠭᠠᠵᠤ ᠦᠨᠡᠯᠡᠨ ᠵᠢᠱᠢᠬᠦ᠂ ᠬᠤᠬᠢᠷᠠᠯ ᠢ ᠵᠥᠪᠳᠡᠬᠦ᠂ ᠵᠠᠷᠭᠤᠯᠳᠤᠬᠤ᠂ | ᠲᠥᠯᠥᠪᠦᠷᠢ ᠥᠭᠬᠦ᠂ ᠬᠠᠤᠯᠢ ᠴᠠᠭᠠᠵᠠ ᠶᠢ ᠵᠣᠯᠭᠠᠭᠤᠯᠬᠤ᠂ ᠪᠡᠯᠡ ᠮᠥᠩᠭᠦ ᠪᠠ ᠠᠮᠢ ᠠᠬᠤᠶ ᠶᠢᠨ ᠣᠷᠴᠢᠨ | ᠲᠣᠭᠤᠷᠢᠨ ᠤ ᠬᠤᠬᠢᠷᠠᠯ ᠢ ᠵᠠᠰᠠᠨ ᠰᠡᠷᠭᠦᠭᠡᠬᠦ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠬᠤ | ᠠᠵᠢᠯ ᠤᠨ ᠢᠵᠢ ᠪᠦᠷᠢᠳᠦᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠥᠯᠥᠪᠦᠷᠢ ᠶᠢᠨ ᠡᠷᠬᠡᠲᠦ | ᠬᠥᠮᠦᠨ ᠤ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠲᠥᠯᠥᠪᠦᠷᠢ ᠶᠢᠨ ᠬᠠᠷᠢᠭᠤᠴᠠᠯᠭ᠎ᠠ ᠶᠢᠨ | ᠬᠡᠪᠴᠢᠶ᠎ᠡ᠂ ᠲᠥᠯᠥᠪᠦᠷᠢ ᠶᠢᠨ ᠠᠷᠭ᠎ᠠ ᠮᠠᠶ᠋ᠢᠭ ᠪᠠ ᠵᠠᠰᠠᠨ ᠰᠡᠷᠭᠦᠭᠡᠬᠦ ᠠᠷᠭ᠎ᠠ ᠵᠠᠮ᠂ ᠵᠥᠪᠳᠡᠯᠴᠡᠬᠦ ᠪᠠ ᠵᠠᠷᠭᠤᠯᠳᠤᠬᠤ | ᠱᠠᠭᠠᠷᠳᠠᠯᠭ᠎ᠠ᠂ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ᠂ ᠵᠠᠰᠠᠨ ᠰᠡᠷᠭᠦᠭᠡᠬᠦ ᠪᠠ ᠦᠷ᠎ᠡ ᠳ᠋ᠦᠩ ᠢ ᠦᠨᠡᠯᠡᠨ | ᠵᠢᠱᠢᠬᠦ ᠵᠡᠷᠭᠡ ᠠᠭᠤᠯᠭ᠎ᠠ ᠶᠢ ᠰᠢᠰᠲ᠋ᠧᠮ ᠲᠠᠢ ᠲᠣᠭᠲᠠᠭᠠᠨ᠎ᠠ᠃ ᠠᠮᠢ ᠠᠬᠤᠢ ᠶᠢᠨ ᠣᠷᠴᠢᠨ ᠲᠣᠭᠤᠷᠢᠨ ᠢ | ᠬᠤᠬᠢᠷᠠᠭᠤᠯᠤᠭᠰᠠᠨ ᠬᠠᠷᠢᠭᠤᠴᠠᠯᠭ᠎ᠠ ᠲᠠᠢ ᠬᠥᠮᠦᠨ ᠢᠶᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠵᠦ᠂ | ᠬᠤᠬᠢᠷᠠᠯ ᠳᠤ ᠤᠴᠠᠷᠠᠭᠰᠠᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠨ᠎ᠡ᠃ ᠵᠥᠪᠳᠡᠯᠴᠡᠬᠦ | ᠵᠢᠷᠤᠮ ᠤᠨ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠪᠠᠶᠢᠭᠤᠯᠵᠤ᠂ ᠨᠡᠶᠢᠲᠡ ᠶᠢᠨ ᠡᠷᠬᠡ ᠶᠢᠨ ᠰᠢᠨᠵᠢ | ᠴᠢᠨᠠᠷ ᠲᠠᠢ ᠲᠥᠯᠥᠪᠦᠷᠢ ᠶᠢᠨ ᠪᠡᠶᠡᠴᠢ ᠴᠣᠭᠴᠠ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠲᠥᠯᠥᠪᠦᠷᠢ | ᠥᠭᠭᠦᠭᠰᠡᠨ ᠪᠠ ᠵᠠᠰᠠᠨ ᠰᠡᠷᠭᠦᠭᠡᠭᠰᠡᠨ ᠦᠷ᠎ᠡ ᠪᠦᠲᠦᠮᠵᠢ ᠶᠢ ᠮᠥᠷᠳᠡᠭᠰᠡᠨ ᠤ ᠳᠠᠷᠠᠭᠠᠬᠢ ᠦᠨᠡᠯᠡᠨ ᠵᠢᠱᠢᠬᠦ | ᠲᠣᠭᠲᠠᠴᠠ ᠶᠢ ᠪᠠᠶᠢᠭᠤᠯᠵᠤ᠂ ᠪᠠᠶᠢᠴᠠᠭᠠᠬᠤ ᠪᠠᠶᠢᠭᠤᠯᠭ᠎ᠠ ᠶᠢᠨ ᠲᠥᠯᠥᠪᠦᠷᠢ ᠶᠢᠨ ᠡᠷᠬᠡᠲᠦ ᠬᠥᠮᠦᠨ ᠳᠤ ᠲᠠᠯᠪᠢᠬᠤ | ᠬᠢᠨᠠᠯᠲᠠ ᠶᠢ ᠴᠢᠩᠭᠠᠳᠬᠠᠨ᠎ᠠ᠃ | ᠶᠡᠷᠦᠩᠬᠡᠶᠢᠯᠡᠭᠰᠡᠨ ᠵᠠᠰᠠᠭ ᠤᠨ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠲᠦᠷᠢᠮ ᠢ ᠲᠡᠭᠦᠯᠳᠡᠷᠵᠢᠭᠦᠯᠦᠨ᠎ᠡ᠃ ᠠᠮᠢ | ᠠᠬᠤᠶ ᠶᠢᠨ ᠪᠣᠯᠪᠠᠰᠤᠨ ᠤ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠵᠦ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠶ ᠶᠢᠨ ᠣᠷᠴᠢᠨ | ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ | ᠬᠡᠷᠡᠭᠵᠢᠭᠦᠯᠬᠦ︶︾ ᠢ ᠴᠢᠩᠭ᠎ᠠ ᠬᠡᠷᠡᠭᠵᠢᠭᠦᠯᠵᠦ᠂ ︽ᠰᠢᠯᠢ ᠶᠢᠨ ᠬᠤᠲᠠ ᠶᠢᠨ ᠠᠮᠢ ᠠᠬᠤᠶ ᠶᠢᠨ ᠣᠷᠴᠢᠨ | ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠵᠢᠭᠦᠯᠬᠦ ᠠᠷᠭ᠎ᠠ︾ ᠵᠢᠴᠢ ᠨᠠᠷᠢᠨ | ᠲᠦᠷᠢᠮ ᠢ ᠨᠠᠶᠢᠷᠠᠭᠤᠯᠤᠨ ᠪᠢᠴᠢᠬᠦ ᠶᠢ ᠠᠬᠢᠭᠤᠯᠵᠤ᠂ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ | ᠡᠳ᠋ ᠬᠥᠷᠥᠩᠭᠡ ᠶᠢ ᠬᠢᠨᠠᠨ ᠪᠤᠳᠤᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠣᠷᠴᠢᠨ ᠲᠣᠭᠤᠷᠢᠨ ᠤ ᠶᠠᠰᠤ | ᠴᠢᠨᠠᠷ ᠢ ᠰᠠᠶᠢᠵᠢᠷᠠᠭᠤᠯᠬᠤ ᠪᠠᠷ ᠭᠤᠤᠯ ᠪᠣᠯᠭᠠᠭᠰᠠᠨ ᠬᠠᠷᠠᠯᠲᠠ ᠶᠢᠨ ᠰᠢᠰᠲ᠋ᠧᠮᠵᠢ ᠪᠠ ᠬᠢᠨᠠᠨ ᠰᠢᠯᠭᠠᠬᠤ | ᠰᠢᠰᠲ᠋ᠧᠮᠵᠢ ᠶᠢ ᠲᠣᠭᠲᠠᠭᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠪᠣᠬᠢᠷᠲᠤᠯ ᠥᠬᠡᠶ | ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠴᠢᠩᠭᠠᠳᠬᠠᠬᠤ ᠬᠡᠷᠡᠭᠲᠡᠶ᠃ ᠬᠢᠨᠠᠨ ᠰᠢᠯᠭᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠪᠣᠬᠢᠷᠲᠤᠯ ᠦᠭᠡᠢ ᠬᠥᠭᠵᠢᠯᠲᠡ ᠪᠠ ᠠᠮᠢ ᠠᠬᠤᠢ ᠶᠢᠨ ᠪᠣᠯᠪᠠᠰᠤᠨ ᠢ ᠨᠠᠮ ᠵᠠᠰᠠᠭ ᠤᠨ | ᠤᠳᠤᠷᠢᠳᠬᠤ ᠺᠠᠳ᠋ᠷ ᠤᠨ ᠵᠠᠰᠠᠭ ᠤᠨ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠬᠤ ᠶᠢ | ᠲᠤᠪᠤᠶᠢᠯᠭᠠᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠬᠦ ᠰᠢᠰᠲ᠋ᠧᠮ ᠳᠠᠬᠢ ᠡᠬᠢ | ᠪᠠᠶᠠᠯᠢᠭ ᠤᠨ ᠬᠤᠷᠣᠭᠳᠠᠭᠤᠯᠤᠯ᠂ ᠣᠷᠴᠢᠨ ᠠᠬᠤᠶ ᠶᠢᠨ ᠬᠤᠬᠢᠷᠠᠭᠤᠯᠤᠯ᠂ ᠠᠮᠢ ᠠᠬᠤᠶ ᠶᠢᠨ ᠦᠷ᠎ᠡ ᠠᠰᠢᠭ | ᠵᠡᠷᠭᠡ ᠶᠢᠨ ᠭᠦᠢᠴᠡᠳᠬᠡᠬᠦ ᠲᠤᠭ᠎ᠠ ᠶᠢᠨ ᠡᠵᠡᠯᠡᠬᠦᠨ ᠢ ᠨᠡᠮᠡᠭᠳᠡᠭᠦᠯᠵᠦ᠂ ︽ᠪᠣᠬᠢᠷᠲᠤᠯ ᠦᠭᠡᠢ ᠠᠵᠢᠯ ᠤᠨ ᠪᠦᠲᠦᠮᠵᠢ︾ | ᠶᠢᠨ ᠬᠥᠮᠦᠨ ᠬᠡᠷᠡᠭᠯᠡᠬᠦ ᠤᠳᠤᠷᠢᠳᠤᠮᠵᠢ ᠶᠢᠨ ᠬᠢᠨᠠᠨ ᠰᠢᠯᠭᠠᠬᠤ ᠲᠣᠭᠲᠠᠴᠠ ᠶᠢ ᠪᠤᠢ ᠪᠣᠯᠭᠠᠨ᠎ᠠ᠃ | ᠣᠷᠴᠢᠨ ᠠᠬᠤᠶ ᠶᠢᠨ ᠬᠤᠬᠢᠷᠠᠯ ᠢ ᠨᠠᠰᠤᠨ ᠲᠤᠷᠰᠢᠳᠠ ᠨᠡᠬᠡᠮᠵᠢᠯᠡᠬᠦ ᠲᠦᠷᠢᠮ ᠢ ᠴᠢᠩᠭᠠᠳᠬᠠᠨ᠎ᠠ᠃ ᠪᠥᠬᠦ | ᠬᠤᠲᠠ ᠶᠢᠨ ᠤᠰᠤᠨ ᠤ ᠡᠬᠢ ᠪᠠᠶᠠᠯᠢᠭ᠂ ᠣᠷᠴᠢᠨ ᠲᠣᠭᠤᠷᠢᠨ ᠤ ᠪᠠᠶᠢᠳᠠᠯ᠂ ᠣᠶᠢᠲᠤ ᠭᠠᠵᠠᠷ᠂ ᠨᠡᠭᠦᠷᠡᠰᠦᠨ ᠤ | ᠡᠬᠢ ᠪᠠᠶᠠᠯᠢᠭ ᠢ ᠨᠡᠭᠡᠭᠡᠨ ᠠᠰᠢᠭᠯᠠᠬᠤ ᠬᠦᠴᠦᠯᠡᠴᠡ ᠵᠡᠷᠭᠡ ᠳᠤ ᠶᠡᠷᠦᠩᠬᠡᠶᠢᠯᠡᠭᠰᠡᠨ ᠦᠨᠡᠯᠡᠯᠲᠡ ᠬᠢᠵᠦ᠂ | ᠤᠳᠤᠷᠢᠳᠬᠤ ᠺᠠᠳ᠋ᠷ ᠲᠤᠰᠢᠶᠠᠯ ᠠᠴᠠ ᠪᠠᠨ ᠰᠠᠯᠬᠤ ᠦᠶ᠎ᠡ ᠳᠤ ᠪᠠᠶᠢᠭᠠᠯᠢ ᠶᠢᠨ ᠡᠬᠢ ᠪᠠᠶᠠᠯᠢᠭ ᠲᠤ ᠬᠢᠨᠠᠨ ᠪᠤᠳᠤᠯᠲᠠ | ᠬᠢᠨ᠎ᠠ᠃ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠱᠠᠭᠠᠷᠳᠠᠯᠭ᠎ᠠ ᠠᠴᠠ ᠵᠥᠷᠢᠴᠡᠵᠦ᠂ ᠡᠬᠢ ᠪᠠᠶᠠᠯᠢᠭ ᠣᠷᠴᠢᠨ ᠠᠬᠤᠶ ᠶᠢᠨ ᠠᠮᠢ ᠠᠬᠤᠶ ᠶᠢ ᠬᠦᠨᠳᠦ ᠨᠣᠴᠢᠲᠠᠶ | ᠡᠪᠳᠡᠭᠰᠡᠨ ᠶᠠᠪᠤᠳᠠᠯ ᠢᠲ᠋ᠠᠩᠰᠠᠨ ᠳᠤ ᠲᠡᠮᠳᠡᠭᠯᠡᠵᠦ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠶᠢ | ᠬᠡᠷᠡᠭᠵᠢᠭᠦᠯᠦᠨ᠎ᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠠᠬᠢᠭᠤᠯᠤᠭᠰᠠᠨ ᠢᠶᠠᠷ ᠠᠨᠠᠢ | ᠬᠥᠮᠦᠰ ᠢ ᠴᠠᠭ ᠲᠤᠬᠠᠢ ᠳᠤᠨᠢ ᠰᠡᠷᠡᠮᠵᠢᠯᠡᠭᠦᠯᠦᠨ ᠢᠳᠬᠠᠵᠤ ᠶᠠᠷᠢᠯᠴᠠᠨ᠎ᠠ︔ ᠡᠬᠢ ᠪᠠᠶᠠᠯᠢᠭ ᠪᠠ ᠠᠮᠢ ᠠᠬᠤᠶ ᠶᠢᠨ | ᠣᠷᠴᠢᠨ ᠨᠥᠬᠦᠴᠡᠯ ᠢ ᠬᠠᠶᠢᠬᠤᠷᠤᠯ ᠦᠭᠡᠢ ᠪᠠᠷ ᠰᠣᠬᠤᠷ ᠪᠠᠯᠠᠶ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠭᠠᠳ | ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠬᠤᠯᠪᠣᠭᠳᠠᠯ ᠪᠦᠬᠦᠢ ᠬᠥᠮᠦᠰ ᠤᠨ ᠤᠳᠤᠷᠢᠳᠬᠤ | ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ︔ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ᠂ | ᠴᠢᠩᠭ᠎ᠠ ᠬᠢᠨᠠᠨ ᠬᠠᠮᠢᠶᠠᠷᠤᠭᠰᠠᠨ ᠦᠭᠡᠢ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠪᠠᠶᠢᠪᠠᠯ᠂ | ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠬᠤᠯᠪᠣᠭᠳᠠᠯ ᠪᠦᠬᠦᠢ ᠬᠥᠮᠦᠰ ᠤᠨ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠠᠮᠢ ᠠᠬᠤᠶ ᠶᠢᠨ ᠠᠵᠤ ᠠᠬᠤᠶ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠲᠣᠭᠲᠠᠴᠠ ᠶᠢ ᠬᠡᠷᠡᠭᠵᠢᠭᠦᠯᠦᠨ᠎ᠡ᠃ | ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠣᠷᠴᠢᠨ | ᠲᠣᠭᠤᠷᠢᠨ ᠤ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠬᠠᠮᠢᠶᠠᠷᠤᠯᠲᠠ ᠶᠢ ᠠᠵᠤ ᠠᠬᠤᠶᠢᠴᠢᠯᠠᠭᠰᠠᠨ ᠵᠠᠭᠪᠤᠷ | ᠳᠠᠰᠢ ᠬᠤᠪᠢᠷᠠᠭᠤᠯᠬᠤ ᠶᠢ ᠰᠦᠪᠡᠭᠴᠢᠯᠡᠨ ᠠᠬᠢᠭᠤᠯᠵᠤ᠂ ᠠᠰᠢᠭ ᠣᠯᠵᠠᠪᠤᠷᠢ ᠲᠠᠢ ᠪᠣᠬᠢᠷ ᠤᠰᠤ ᠪᠠ ᠬᠤᠭ | ᠨᠣᠪᠰᠢ ᠶᠢ ᠰᠢᠢᠳᠪᠦᠷᠢᠯᠡᠬᠦ ᠳᠤ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ | ᠪᠠᠯᠠ ᠣᠷᠣᠭᠤᠯᠤᠯᠲᠠ ᠪᠠ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠬᠠᠷᠢᠯᠴᠠᠨ ᠤᠶᠠᠯᠳᠤᠭᠤᠯᠤᠭᠰᠠᠨ | ᠣᠷᠣᠭᠤᠯᠤᠯᠲᠠ ᠶᠢᠨ ᠲᠣᠭᠲᠠᠴᠠ ᠶᠢ ᠬᠡᠷᠡᠭᠵᠢᠭᠦᠯᠦᠨ᠎ᠡ᠃ ᠪᠣᠬᠢᠷᠲᠤᠯ ᠭᠠᠳᠠᠭᠰᠢᠯᠠᠭᠤᠯᠬᠤ ᠨᠢᠭᠡᠴᠡ ᠶᠢᠨ ᠭᠤᠷᠪᠠᠳᠠᠬᠢ | ᠡᠲᠡᠭᠡᠳ ᠤᠨ ᠵᠠᠰᠠᠬᠤ ᠨᠢᠭᠡᠴᠡ ᠳᠤ ᠨᠠᠶᠢᠳᠠᠵᠤ ᠪᠣᠬᠢᠷᠲᠤᠯ ᠢ ᠵᠠᠰᠠᠬᠤ ᠠᠵᠢᠯ ᠥᠷᠨᠢᠭᠦᠯᠬᠦ ᠶᠢ ᠵᠣᠷᠢᠭᠵᠢᠭᠤᠯᠵᠤ᠂ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠪᠣᠬᠢᠷᠲᠤᠯ ᠢ ᠭᠤᠷᠪᠠᠳᠠᠬᠢ | ᠡᠲᠡᠭᠡᠳ ᠠᠴᠠ ᠵᠠᠰᠠᠬᠤ ᠲᠤᠷᠰᠢᠯᠲᠠ ᠪᠠ ᠵᠢᠵᠢᠭ ᠬᠤᠲᠠ ᠪᠠᠯᠭᠠᠰᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠲᠤᠷᠰᠢᠯᠲᠠ ᠶᠢ ᠬᠡᠷᠡᠭᠵᠢᠭᠦᠯᠦᠨ᠎ᠡ᠃ ᠠᠵᠤ | ᠦᠢᠯᠡᠳᠪᠦᠷᠢ ᠶᠢᠨ ᠪᠣᠬᠢᠷᠲᠤᠯ ᠲᠠᠢ ᠭᠠᠵᠠᠷ ᠰᠢᠷᠣᠶ ᠶᠢ ᠠᠰᠢᠭᠯᠠᠬᠤ ᠪᠠ ᠠᠮᠤᠷ ᠲᠦᠪᠰᠢᠨ ᠤ ᠬᠠᠮᠢᠶᠠᠷᠤᠨ ᠡᠵᠡᠮᠳᠡᠬᠦ | ᠬᠡᠮᠵᠢᠶ᠎ᠡ ᠶᠢ ᠲᠣᠭᠲᠠᠭᠠᠨ ᠴᠢᠩᠭᠠᠳᠬᠠᠵᠤ᠂ ᠠᠵᠤ ᠠᠬᠤᠶᠢᠯᠠᠯ ᠤᠨ ︽ᠣᠷᠴᠢᠨ ᠲᠣᠭᠤᠷᠢᠨ ᠢ ᠰᠡᠷᠭᠦᠭᠡᠬᠦ + ᠨᠡᠭᠡᠭᠡᠨ | ᠬᠥᠭᠵᠢᠭᠦᠯᠵᠦ ᠪᠥᠲᠥᠭᠡᠨ ᠪᠠᠶᠢᠭᠤᠯᠬᠤ︾ ᠶᠢᠨ ᠵᠠᠭᠪᠤᠷ ᠢ ᠬᠡᠷᠡᠭᠯᠡᠨ᠂ ᠠᠵᠤ ᠦᠢᠯᠡᠳᠪᠦᠷᠢ ᠶᠢᠨ ᠪᠣᠬᠢᠷᠲᠤᠯ ᠲᠠᠢ | ᠭᠠᠵᠠᠷ ᠰᠢᠷᠣᠶ ᠶᠢ ᠨᠡᠭᠡᠭᠡᠨ ᠠᠰᠢᠭᠯᠠᠬᠤ ᠶᠢ ᠥᠷᠨᠢᠭᠦᠯᠬᠦ ᠶᠢ ᠵᠣᠷᠢᠭᠵᠢᠭᠤᠯᠤᠨ᠎ᠠ᠃ ᠠᠮᠢ ᠠᠬᠤᠶ ᠶᠢᠨ ᠣᠷᠴᠢᠨ | ᠲᠣᠭᠤᠷᠢᠨ ᠤ ᠵᠠᠰᠠᠯᠲᠠ ᠶᠢᠨ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠠᠵᠢᠯ | ᠲᠥᠷᠥᠯ ᠤᠨ ᠨᠡᠶᠢᠭᠡᠮᠯᠢᠭ᠂ ᠠᠵᠤ ᠦᠢᠯᠡᠰ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠪᠠᠯᠠ ᠮᠥᠩᠭᠦ᠂ | ᠴᠢᠳᠠᠪᠤᠷᠢᠲᠠᠨ᠂ ᠮᠡᠷᠭᠡᠵᠢᠯ ᠤᠨ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠳᠤ ᠢᠳᠡᠪᠬᠢᠲᠡᠶ | ᠣᠷᠣᠯᠴᠠᠬᠤ ᠶᠢ ᠳᠡᠮᠵᠢᠵᠦ᠂ ᠠᠮᠢ ᠠᠬᠤᠶ ᠶᠢᠨ ᠣᠷᠴᠢᠨ ᠲᠣᠭᠤᠷᠢᠨ ᠤ ᠪᠣᠬᠢᠷᠲᠤᠯ ᠤᠨ ᠭᠤᠷᠪᠠᠳᠠᠬᠢ ᠡᠲᠡᠭᠡᠳ ᠤᠨ | ᠵᠠᠰᠠᠯᠲᠠ ᠶᠢᠨ ᠵᠢᠷᠤᠮᠵᠢᠭᠤᠨ ᠬᠥᠭᠵᠢᠯᠲᠡ ᠶᠢ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠨ | ᠬᠡᠮᠵᠢᠯᠲᠡ ᠶᠢᠨ ᠭᠤᠷᠪᠠᠳᠠᠬᠢ ᠡᠲᠡᠭᠡᠳ ᠤᠨ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠠᠵᠤ | ᠠᠬᠤᠶᠢᠯᠠᠯ ᠤᠨ ᠥᠪᠡᠰᠦᠪᠡᠨ ᠬᠢᠨᠠᠨ ᠬᠡᠮᠵᠢᠬᠦ ᠲᠣᠭᠲᠠᠴᠠ ᠪᠠᠶᠢᠭᠤᠯᠣᠨ ᠲᠡᠭᠦᠯᠳᠡᠷᠵᠢᠭᠦᠯᠦᠨ᠎ᠡ᠃ | ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠪᠣᠬᠢᠷᠲᠤᠯ ᠦᠭᠡᠢ ᠰᠢᠨ᠎ᠡ ᠶᠢ ᠡᠭᠦᠳᠬᠦ ᠰᠢᠰᠲ᠋ᠧᠮ ᠢ | ᠪᠠᠶᠢᠭᠤᠯᠤᠨ᠎ᠠ᠃ ᠪᠣᠬᠢᠷᠲᠤᠯ ᠭᠠᠳᠠᠭᠰᠢᠯᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠬᠦ᠂ ᠪᠣᠬᠢᠷᠲᠤᠯ | ᠭᠠᠳᠠᠭᠰᠢᠯᠠᠭᠤᠯᠤᠭᠴᠢ ᠶᠢᠨ ᠬᠠᠷᠢᠭᠤᠴᠠᠯᠭ᠎ᠠ ᠶᠢ ᠴᠢᠩᠭᠠᠳᠬᠠᠬᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ | ᠢᠲᠡᠭᠡᠮᠵᠢ ᠶᠢᠨ ᠦᠨᠡᠯᠡᠯᠲᠡ ᠵᠡᠷᠭᠡ ᠲᠦᠷᠢᠮ ᠲᠣᠭᠲᠠᠭᠠᠯ ᠢ ᠪᠦᠷᠢᠨᠰᠢᠬᠦᠯᠬᠦ ᠪᠠᠷ ᠳᠠᠮᠵᠢᠭᠤᠯᠤᠨ᠂ ᠠᠵᠤ | ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠥᠲᠥᠯᠥᠨ ᠵᠢᠯᠣᠭᠤᠳᠴᠤ᠂ ᠪᠣᠬᠢᠷᠲᠤᠯ ᠦᠭᠡᠢ | ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠢ ᠠᠵᠤ ᠦᠢᠯᠡᠰ ᠢ | ᠬᠥᠭᠵᠢᠭᠦᠯᠬᠦ ᠶᠢ ᠵᠣᠷᠢᠭᠵᠢᠭᠤᠯᠵᠤ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠠᠵᠤ ᠦᠢᠯᠡᠰ᠂ | ᠠᠷᠢᠭᠤᠨ ᠴᠡᠪᠡᠷ ᠦᠢᠯᠡᠳᠪᠦᠷᠢᠯᠡᠯ ᠤᠨ ᠠᠵᠤ ᠦᠢᠯᠡᠰ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ | ᠦᠢᠯᠡᠰ ᠢ ᠪᠤᠵᠠᠭᠠᠶᠢᠷᠠᠭᠤᠯᠤᠨ᠎ᠠ᠃ ᠡᠳ᠋ ᠤᠨ ᠵᠠᠰᠠᠭ ᠤᠨ ᠪᠠᠯᠠ ᠮᠥᠩᠭᠦ ᠳᠠᠬᠢ ᠪᠣᠬᠢᠷᠲᠤᠯ ᠥᠬᠡᠶ ᠰᠢᠨᠵᠢᠯᠡᠬᠦ | ᠤᠬᠠᠭᠠᠨ ᠮᠡᠷᠭᠡᠵᠢᠯ ᠤᠨ ᠵᠠᠷᠤᠯᠭ᠎ᠠ ᠶᠢᠨ ᠬᠤᠪᠢ ᠶᠢᠨ ᠵᠢᠩ ᠢ ᠨᠡᠮᠡᠭᠳᠡᠭᠦᠯᠬᠦ ᠪᠠᠷ ᠳᠠᠮᠵᠢᠭᠤᠯᠤᠨ᠂ ᠴᠢᠬᠤᠯᠠ ᠶᠡᠭᠡ | ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠦᠢᠯ ᠢ ᠪᠠᠶᠢᠭᠤᠯᠵᠤ᠂ ᠨᠢᠭᠡ ᠪᠦᠯᠦᠭ ᠡᠨᠧᠷᠭᠢ ᠶᠢᠨ ᠲᠥᠷᠥᠯ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠠᠴᠢᠶᠠᠯᠠᠪᠤᠷᠢ ᠪᠠ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠦᠷᠢᠶᠡᠨ ᠳᠠᠬᠢ ᠵᠠᠩᠭᠢᠯᠠᠭ᠎ᠠ ᠶᠢᠨ ᠨᠡᠶᠢᠲᠡᠴᠢ ᠴᠢᠨᠠᠷᠲᠠᠶ ᠮᠡᠷᠭᠡᠵᠢᠯ ᠤᠨ ᠰᠤᠳᠤᠯᠤᠨ ᠨᠡᠭᠡᠭᠡᠬᠦ ᠪᠠ ᠵᠢᠱᠢᠶ᠎ᠡ | ᠦᠵᠡᠭᠦᠯᠬᠦ ᠶᠢ ᠴᠢᠩᠭᠠᠳᠬᠠᠨ᠂ ᠪᠣᠬᠢᠷᠲᠤᠯ ᠥᠬᠡᠶ ᠪᠦᠲᠦᠭᠡᠭᠳᠡᠬᠦᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ | ᠬᠤᠪᠢ ᠶᠢᠨ ᠵᠢᠩ ᠢ ᠨᠡᠮᠡᠭᠳᠡᠭᠦᠯᠬᠦ ᠵᠡᠷᠭᠡ ᠪᠠᠷ ᠳᠠᠮᠵᠢᠭᠤᠯᠤᠨ ᠪᠣᠬᠢᠷᠲᠤᠯ ᠥᠬᠡᠶᠰ᠊ ᠵᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠡᠭᠦᠳᠦᠯᠲᠡ ᠶᠢ ᠠᠬᠢᠭᠤᠯᠣᠨ᠎ᠠ᠃ | ᠬᠤᠶᠠᠳᠤᠭᠠᠷ ᠬᠡᠰᠡᠭ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠨ | ᠲᠦᠭᠰᠢᠭᠦᠷᠢ ᠶᠢ ᠬᠢᠵᠠᠭᠠᠷᠯᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠪᠦᠬᠦ ᠲᠠᠯ᠎ᠠ ᠪᠠᠷ | ᠲᠡᠭᠡᠭᠰᠢᠯᠡᠭᠦᠯᠦᠨ᠎ᠡ᠃ | 1. ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠦᠨ᠎ᠡ | ︽ᠭᠤᠷᠪᠠᠨ ᠵᠦᠢᠯ ᠤᠨ ᠤᠰᠤ︾ ᠶᠢ ᠨᠢᠭᠡᠳᠦᠯᠲᠡᠶ ᠲᠥᠯᠥᠪᠯᠡᠨ ᠬᠠᠮᠢᠶᠠᠷᠬᠤ ᠶᠢ ᠴᠢᠩᠭᠠᠳᠬᠠᠨ᠎ᠠ᠃ ᠤᠰᠤᠨ ᠤ ᠡᠬᠢ | ᠪᠠᠶᠠᠯᠢᠭ ᠢ ᠠᠷᠪᠢᠯᠠᠬᠤ᠂ ᠤᠰᠤᠨ ᠤ ᠠᠮᠢ ᠠᠬᠤᠶ ᠶᠢ ᠬᠠᠮᠠᠭᠠᠯᠠᠬᠤ ᠪᠠ ᠤᠰᠤᠨ ᠤ ᠣᠷᠴᠢᠨ ᠲᠣᠭᠤᠷᠢᠨ ᠢ | ᠵᠠᠰᠠᠬᠤ ᠶᠢ ᠨᠢᠭᠡᠳᠦᠯᠲᠡᠶ ᠲᠥᠯᠥᠪᠯᠡᠵᠦ᠂ ᠠᠮᠢ ᠠᠬᠤᠶ ᠶᠢᠨ ᠤᠷᠤᠰᠴᠠ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠰᠤᠨ ᠤ ᠡᠬᠢ ᠪᠠᠶᠠᠯᠢᠭ ᠪᠠ ᠤᠰᠤᠨ ᠤ ᠣᠷᠴᠢᠨ ᠲᠣᠭᠤᠷᠢᠨ ᠤ ᠬᠢᠨᠠᠨ | ᠬᠡᠮᠵᠢᠯᠲᠡ ᠶᠢᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠠᠬᠢᠭᠤᠯᠵᠤ᠂ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ︽ᠭᠤᠣᠯ ᠮᠥᠷᠡᠨ | ᠨᠠᠭᠤᠷ ᠴᠥᠭᠦᠷᠥᠮ ᠤᠨ ᠳᠦᠷᠪᠡᠨ ᠰᠠᠮᠠᠭᠤᠷᠠᠯ ᠢ ᠴᠡᠪᠡᠷᠯᠡᠬᠦ ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠶᠢᠨ | ᠬᠠᠮᠲᠤ ᠭᠤᠣᠯ ᠮᠥᠷᠡᠨ ᠤ ᠤᠰᠤᠨ ᠰᠢᠰᠲ᠋ᠧᠮ ᠤᠨ ᠤᠰᠤᠨ ᠤ ᠴᠢᠨᠠᠷ ᠢ ᠬᠢᠵᠠᠭᠠᠷᠯᠠᠵᠤ᠂ ᠭᠤᠣᠯ ᠮᠥᠷᠡᠨ ᠨᠠᠭᠤᠷ | ᠴᠥᠭᠦᠷᠥᠮ ᠤᠨ ᠤᠰᠤᠨ ᠣᠷᠣᠨ ᠤ ᠡᠷᠭᠢ ᠶᠢᠨ ᠱᠤᠭᠤᠮ ᠢ ᠡᠵᠡᠯᠡᠬᠦ ᠵᠡᠷᠭᠡ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠭᠤᠣᠯ ᠮᠥᠷᠡᠨ ᠨᠠᠭᠤᠷ ᠴᠥᠭᠦᠷᠥᠮ ᠢ ᠠᠮᠤᠷᠵᠢᠭᠤᠯᠤᠨ | ᠲᠡᠩᠬᠡᠷᠡᠭᠦᠯᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠩᠨᠠᠬᠤ ᠶᠢ ᠴᠠᠭᠠᠵᠠᠯᠠᠬᠤ᠂ | ᠠᠩᠨᠠᠬᠤ ᠶᠢ ᠬᠢᠵᠠᠭᠠᠷᠯᠠᠬᠤ ᠣᠷᠣᠨ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠭᠤᠣᠯᠳᠠᠯᠭ᠎ᠠ ᠲᠠᠢ | ᠤᠰᠤᠨ ᠣᠷᠣᠨ ᠳᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠳᠦᠷᠢᠮ ᠢ ᠬᠡᠷᠡᠭᠵᠢᠭᠦᠯᠵᠦ᠂ ᠤᠰᠤᠨ ᠤ | ᠠᠮᠢᠳᠤ ᠪᠣᠳᠠᠰ ᠢ ᠦᠷᠡᠵᠢᠭᠦᠯᠦᠨ ᠲᠠᠯᠪᠢᠵᠤ ᠶᠠᠪᠤᠭᠤᠯᠬᠤ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠦᠨ᠎ᠡ᠃ | ᠰᠢᠯᠢ ᠶᠢᠨ ᠭᠤᠣᠯ ᠤᠨ ᠤᠰᠤᠨ ᠤ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢᠨ ᠪᠠᠲᠣᠯᠭ᠎ᠠ ᠶᠢ ᠴᠢᠩᠭᠠᠳᠬᠠᠨ᠎ᠠ | ᠃ ᠰᠢᠯᠢ ᠶᠢᠨ ᠭᠤᠤᠯ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠬᠤ ᠬᠠᠷᠠᠯᠲᠠ ᠶᠢ ᠵᠦᠶ ᠵᠣᠬᠢᠰᠲᠠᠶ | ᠲᠣᠭᠲᠠᠭᠠᠵᠤ᠂ ᠰᠢᠯᠢ ᠶᠢᠨ ᠭᠤᠤᠯ ᠤᠨ ᠤᠰᠤᠨ ᠤ ᠬᠡᠮᠵᠢᠶ᠎ᠡ ᠪᠠᠭᠠᠰᠬᠤ᠂ ᠠᠮᠢ ᠠᠬᠤᠶ ᠮᠠᠭᠤᠳᠠᠬᠤ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠰᠢᠯᠢ ᠶᠢᠨ ᠭᠤᠤᠯ ᠤᠨ ᠵᠠᠮ ᠳᠠᠭᠠᠤ ᠶᠢᠨ ᠦᠢᠯᠡᠳᠪᠦᠷᠢ ᠠᠭᠤᠷᠬᠠᠶ ᠶᠢᠨ ᠠᠵᠤ | ᠠᠬᠤᠶᠢᠯᠠᠯ ᠤᠨ ᠪᠣᠬᠢᠷᠲᠤᠯ ᠪᠣᠳᠠᠰ ᠢ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠶᠢ ᠲᠠᠰᠤ ᠵᠣᠭᠰᠣᠭᠠᠵᠤ᠂ | ᠬᠥᠳᠡᠭᠡ ᠲᠣᠰᠬᠤᠨ ᠤ ᠪᠣᠬᠢᠷ ᠤᠰᠤ ᠶᠢ ᠬᠤᠷᠢᠶᠠᠨ ᠴᠤᠭᠯᠠᠭᠤᠯᠬᠤ ᠪᠠ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠠᠵᠤ ᠦᠢᠯᠡᠳᠪᠦᠷᠢ᠂ ᠠᠮᠢ ᠠᠬᠤᠶ ᠶᠢᠨ | ᠡᠭᠡᠭᠦᠯᠦᠨ ᠬᠡᠷᠡᠭᠯᠡᠬᠦ ᠤᠰᠤᠨ ᠤ ᠬᠠᠷᠢᠴᠠᠯ ᠢ ᠳᠡᠭᠡᠭᠰᠢᠯᠡᠭᠦᠯᠵᠦ᠂ ᠤᠰᠤ ᠠᠷᠪᠢᠯᠠᠬᠤ ᠲᠠᠷᠢᠶᠠᠯᠠᠩ ᠢ ᠳᠡᠯᠭᠡᠷᠡᠭᠦᠯᠦᠨ᠎ᠡ᠃ | ᠪᠣᠬᠢᠷᠲᠤᠯ ᠢ ᠵᠠᠰᠠᠬᠤ᠂ ᠡᠷᠭᠢᠯᠳᠦᠭᠦᠯᠦᠨ ᠠᠰᠢᠭᠯᠠᠬᠤ᠂ ᠠᠮᠢ ᠠᠬᠤᠶ ᠶᠢᠨ ᠬᠠᠮᠠᠭᠠᠯᠠᠯᠲᠠ ᠶᠢ ᠣᠷᠭᠠᠨᠢᠭ ᠢᠶᠠᠷ | ᠤᠶᠠᠯᠳᠤᠭᠤᠯᠤᠭᠰᠠᠨ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠰᠢᠰᠲ᠋ᠧᠮᠵᠢ ᠶᠢ ᠪᠠᠶᠢᠭᠤᠯᠬᠤ ᠶᠢ | ᠠᠬᠢᠭᠤᠯᠵᠤ᠂ ᠬᠥᠮᠦᠨ ᠤ ᠬᠦᠴᠦ ᠪᠠᠷ ᠨᠤᠭᠤ ᠭᠠᠵᠠᠷ ᠢ ᠪᠥᠲᠥᠭᠡᠨ ᠪᠠᠶᠢᠭᠤᠯᠬᠤ ᠪᠠᠷ ᠳᠡᠮᠵᠢᠨ᠂ ᠰᠢᠯᠢ ᠶᠢᠨ | ᠭᠤᠤᠯ ᠢ ᠰᠢᠯᠢ ᠶᠢᠨ ᠬᠤᠲᠠ ᠶᠢᠨ ᠤᠰᠤᠨ ᠴᠥᠭᠦᠷᠥᠮ ᠳᠤ ᠣᠷᠣᠭᠤᠯᠬᠤ ᠠᠴᠠ ᠡᠮᠦᠨ᠎ᠡ ᠤᠤᠯ ᠤᠨ ᠭᠤᠤᠯ | ᠮᠥᠷᠡᠨ ᠤ ᠶᠢᠰᠦᠨ ᠮᠤᠷᠤᠶ ᠦᠵᠡᠮᠵᠢ ᠶᠢ ᠰᠡᠷᠭᠦᠭᠡᠨ᠎ᠡ᠃ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ | ᠳᠣᠤᠷᠠᠳᠤ ᠤᠷᠤᠰᠬᠠᠯ ᠵᠡᠷᠭᠡ ᠵᠠᠩᠭᠢᠯᠠᠭ᠎ᠠ ᠶᠢᠨ ᠴᠡᠭ ᠲᠤ᠂ ᠵᠣᠬᠢᠶᠠᠮᠠᠯ ᠨᠤᠭᠤ ᠭᠠᠵᠠᠷ ᠤᠨ ᠤᠰᠤᠨ ᠤ ᠴᠢᠨᠠᠷ ᠢ | ᠴᠡᠪᠡᠷᠰᠢᠭᠦᠯᠬᠦ ᠵᠡᠷᠭᠡ ᠠᠮᠢ ᠠᠬᠤᠶ ᠶᠢᠨ ᠪᠡᠯᠡᠳᠬᠡᠮᠵᠢ ᠶᠢ ᠲᠤᠷᠰᠢᠨ ᠪᠠᠶᠢᠭᠤᠯᠤᠨ᠎ᠠ᠃ ᠰᠢᠢᠳᠪᠦᠷᠢᠯᠡᠭᠰᠡᠨ ᠨᠢ | ᠪᠠᠷᠢᠮᠵᠢᠶ᠎ᠠ ᠳᠤ ᠬᠦᠷᠦᠭᠰᠡᠨ ᠰᠡᠭᠦᠯᠴᠢ ᠶᠢᠨ ᠤᠰᠤ ᠶᠢ ᠤᠯᠠᠮ ᠨᠢᠭᠡ ᠠᠯᠬᠤᠮ ᠴᠡᠪᠡᠷᠰᠢᠭᠦᠯᠦᠨ | ᠰᠠᠶᠢᠵᠢᠷᠠᠭᠤᠯᠤᠭᠰᠠᠨ ᠤ ᠳᠠᠷᠠᠭ᠎ᠠ᠂ ᠳᠠᠬᠢᠯᠲᠠ ᠤᠰᠤ ᠪᠣᠯᠭᠠᠨ ᠡᠷᠭᠢᠯᠳᠦᠭᠦᠯᠦᠨ ᠠᠰᠢᠭᠯᠠᠵᠤ᠂ ᠤᠰᠤᠨ ᠤ ᠡᠬᠢ | ᠪᠠᠶᠠᠯᠢᠭ ᠢ ᠳᠣᠭᠢᠷᠠᠭᠤᠯᠬᠤ ᠬᠠᠮᠢᠶᠠᠷᠤᠯᠲᠠ ᠶᠢᠨ ᠰᠢᠰᠲ᠋ᠧᠮᠵᠢ ᠳᠤ ᠣᠷᠣᠭᠤᠯᠤᠨ᠎ᠠ᠃ | ᠠᠮᠢ ᠠᠬᠤᠶ ᠶᠢᠨ ᠤᠷᠤᠰᠴᠠ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠤᠰᠤᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠤᠬᠠᠶ ᠶᠢᠨ ᠭᠠᠵᠠᠷ ᠤᠨ ᠤᠰᠤ᠂ ᠡᠩ ᠤᠨ | ᠪᠤᠰᠤ ᠤᠰᠤ ᠶᠢ ᠰᠠᠶᠢᠲᠤᠷ ᠬᠡᠷᠡᠭᠯᠡᠨ᠂ ᠠᠵᠤ ᠦᠢᠯᠡᠳᠪᠦᠷᠢ᠂ ᠲᠠᠷᠢᠶᠠᠯᠠᠩ᠂ ᠬᠤᠲᠠ ᠪᠠᠯᠭᠠᠰᠤ ᠶᠢᠨ ᠤᠰᠤ | ᠠᠷᠪᠢᠯᠠᠬᠤ ᠶᠢ ᠴᠢᠩᠭᠠᠷᠠᠭᠤᠯᠵᠤ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠬᠦᠴᠦᠯᠡᠴᠡ ᠶᠢ | ᠪᠠᠭᠤᠷᠠᠭᠤᠯᠤᠨ᠂ ᠮᠠᠯᠲᠠᠬᠤ ᠨᠥᠬᠦᠪᠥᠷᠢᠯᠡᠬᠦ ᠶᠢᠨ ᠲᠡᠩᠴᠡᠭᠦᠷᠢ ᠶᠢ ᠢᠳᠡᠭ ᠢᠳᠡᠭ ᠢᠶᠠᠷ ᠪᠡᠶᠡᠯᠡᠭᠦᠯᠦᠨ᠎ᠡ᠃ ᠤᠰᠤ | ᠲᠠᠲᠠᠬᠤ ᠬᠡᠷᠡᠭᠴᠡᠭᠡ ᠶᠢ ᠴᠢᠩᠭ᠎ᠠ ᠵᠢᠷᠤᠮᠯᠠᠨ᠂ ᠳᠠᠬᠢᠯᠲᠠ ᠤᠰᠤ ᠶᠢ ᠭᠦᠢᠴᠡᠳ ᠲᠣᠬᠢᠷᠠᠭᠤᠯᠵᠤ᠂ ᠭᠠᠵᠠᠷ ᠳᠣᠣᠷᠠᠬᠢ | ᠤᠰᠤ ᠶᠢ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ᠃ ᠬᠤᠲᠠ ᠪᠠᠯᠭᠠᠰᠤ ᠶᠢᠨ ᠠᠮᠢᠳᠤᠷᠠᠯ᠂ ᠨᠣᠭᠤᠭᠠᠷᠠᠭᠤᠯᠤᠯᠲᠠ᠂ | ᠤᠰᠤᠨ ᠤ ᠦᠵᠡᠮᠵᠢ ᠵᠢᠴᠢ ᠭᠤᠷᠪᠠᠳᠤᠭᠠᠷ ᠠᠵᠤ ᠦᠢᠯᠡᠰ ᠤᠨ ᠤᠰᠤ ᠠᠷᠪᠢᠯᠠᠬᠤ ᠥᠭᠡᠷᠡᠴᠢᠯᠡᠯᠲᠡ ᠶᠢ | ᠠᠬᠢᠭᠤᠯᠤᠨ᠎ᠠ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠤᠰᠤ ᠠᠷᠪᠢᠯᠠᠬᠤ ᠬᠡᠯᠪᠡᠷᠢ ᠶᠢᠨ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠦᠨ᠎ᠡ᠃ ᠤᠨᠢᠨ ᠳᠡᠭᠡᠷ᠎ᠡ ᠨᠢ ᠥᠨᠳᠥᠷ ᠪᠦᠲᠦᠮᠵᠢᠲᠡᠶ ᠤᠰᠤ ᠠᠷᠪᠢᠯᠠᠬᠤ | ᠤᠰᠤᠯᠠᠯᠲᠠ ᠶᠢ ᠶᠡᠬᠡᠪᠡᠷ ᠲᠦᠯᠬᠢᠨ ᠠᠬᠢᠭᠤᠯᠵᠤ᠂ ᠪᠣᠷᠣᠭᠠᠨ ᠤ ᠤᠰᠤ ᠶᠢ ᠡᠭᠡᠭᠦᠯᠦᠨ ᠬᠤᠷᠢᠶᠠᠵᠤ ᠠᠰᠢᠭᠯᠠᠬᠤ ᠶᠢ | ᠴᠢᠬᠤᠯᠠᠴᠢᠯᠠᠵᠤ᠂ ᠳᠠᠬᠢᠯᠳᠠ ᠤᠰᠤ ᠪᠠᠷ ᠤᠰᠤᠯᠠᠬᠤ ᠶᠢ ᠰᠠᠨᠠᠭᠠᠴᠢᠯᠠᠨ᠎ᠠ᠃ ᠠᠵᠤ ᠦᠢᠯᠡᠳᠪᠦᠷᠢ ᠶᠢᠨ ᠤᠰᠤ | ᠲᠠᠲᠠᠵᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠬᠡᠷᠡᠭᠯᠡᠬᠦ ᠤᠰᠤᠨ ᠤ ᠣᠷᠴᠢᠯ | ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠲᠠᠬᠢᠯᠳᠠ ᠤᠰᠤ ᠵᠡᠷᠭᠡ ᠬᠡᠪ ᠤᠨ ᠪᠤᠰᠤ ᠤᠰᠤᠨ ᠤ ᠡᠬᠢ | ᠪᠠᠶᠠᠯᠢᠭ ᠤᠨ ᠠᠰᠢᠭᠯᠠᠯᠲᠠ ᠶᠢ ᠴᠢᠩᠭᠠᠳᠬᠠᠨ᠎ᠠ᠃ | ᠤᠰᠤ ᠠᠷᠪᠢᠯᠠᠬᠤ ᠬᠡᠯᠪᠡᠷᠢ ᠶᠢᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠠᠶᠢᠭᠤᠯᠤᠨ᠎ᠠ᠃ ᠤᠰᠤ ᠪᠠᠷ | ᠬᠤᠲᠠ ᠶᠢ ᠲᠣᠭᠲᠠᠭᠠᠬᠤ᠂ ᠭᠠᠵᠠᠷ ᠰᠢᠷᠣᠶ ᠶᠢ ᠲᠣᠭᠲᠠᠭᠠᠬᠤ᠂ ᠬᠥᠮᠦᠨ ᠢ ᠲᠣᠭᠲᠠᠭᠠᠬᠤ᠂ ᠭᠠᠷᠤᠯᠲᠠ ᠶᠢ | ᠲᠣᠭᠲᠠᠭᠠᠬᠤ ᠶᠢ ᠢᠮᠠᠭᠲᠠ ᠪᠠᠷᠢᠮᠲᠠᠯᠠᠵᠤ᠂ ᠤᠯᠤᠰ ᠤᠨ ᠤᠰᠤ ᠠᠷᠪᠢᠯᠠᠬᠤ ᠠᠵᠢᠯᠯᠠᠭ᠎ᠠ᠂ ᠬᠤᠲᠠ ᠶᠢ ᠡᠭᠦᠳᠦᠨ | ᠪᠠᠶᠢᠭᠤᠯᠬᠤ ᠶᠢ ᠭᠦᠨᠵᠡᠭᠡᠶ ᠠᠬᠢᠭᠤᠯᠬᠤ ᠪᠠᠷ ᠭᠠᠷᠳᠠᠴᠠ ᠪᠣᠯᠭᠠᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ | ᠴᠢᠩᠭ᠎ᠠ ᠬᠠᠮᠢᠶᠠᠷᠤᠯᠲᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠬᠥᠳᠡᠭᠡ | ᠲᠣᠰᠬᠤᠨ ᠤ ᠤᠰᠤ ᠠᠷᠪᠢᠯᠠᠬᠤ ᠶᠢ ᠴᠢᠩᠭᠠᠳᠬᠠᠵᠤ᠂ ᠲᠠᠷᠢᠮᠠᠯ ᠤᠨ ᠪᠦᠲᠦᠴᠡ ᠶᠢ ᠲᠣᠬᠢᠷᠠᠭᠤᠯᠤᠨ᠂ ᠤᠰᠤ | ᠠᠷᠪᠢᠯᠠᠬᠤ ᠲᠠᠷᠢᠶᠠᠯᠠᠩ ᠢ ᠬᠥᠭᠵᠢᠭᠦᠯᠵᠦ᠂ ᠤᠰᠤᠨ ᠠᠰᠢᠭᠯᠠᠯᠲᠠ ᠶᠢᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠂ ᠤᠰᠤᠯᠠᠬᠤ ᠪᠠ ᠤᠰᠤ ᠵᠠᠯᠠᠬᠤ ᠰᠤᠪᠠᠭ ᠤᠨ ᠰᠢᠰᠲ᠋ᠧᠮ ᠢ ᠳᠣᠲᠣᠷᠯᠠᠨ | ᠴᠣᠭᠴᠠᠯᠠᠬᠤ᠂ ᠪᠠᠷᠢᠯᠭ᠎ᠠ ᠶᠢ ᠢᠵᠢ ᠪᠦᠷᠢᠳᠦᠭᠦᠯᠦᠨ ᠥᠭᠡᠷᠡᠴᠢᠯᠡᠬᠦ ᠶᠢ ᠬᠡᠷᠡᠭᠵᠢᠭᠦᠯᠵᠦ᠂ ᠶᠡᠭᠡ ᠤᠰᠤ ᠪᠠᠷ ᠨᠡᠯᠦᠩᠬᠡᠶ | ᠤᠰᠤᠯᠠᠬᠤ ᠪᠠ ᠤᠰᠤ ᠵᠠᠯᠠᠨ ᠤᠰᠤᠯᠠᠬᠤ ᠠᠴᠠ ᠵᠠᠶᠢᠯᠠᠰᠬᠢᠨ᠎ᠡ᠃ ᠬᠦᠷᠢᠶᠡᠯᠡᠩ ᠲᠣᠭᠤᠷᠢᠭ ᠪᠣᠯᠤᠨ ᠠᠭᠤᠷᠬᠠᠶ ᠶᠢᠨ | ᠣᠷᠣᠨ ᠤ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠡᠷᠭᠢᠯᠳᠦᠭᠦᠯᠦᠨ ᠪᠤᠴᠠᠭᠠᠨ ᠬᠡᠷᠡᠭᠯᠡᠬᠦ ᠶᠢ ᠲᠦᠷᠭᠡᠳᠬᠡᠨ | ᠳᠡᠭᠡᠭᠰᠢᠯᠡᠭᠦᠯᠦᠨ᠎ᠡ᠃ ᠤᠰᠤ ᠶᠡᠭᠡ ᠬᠤᠷᠣᠭᠳᠠᠭᠤᠯᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢ ᠡᠷᠡᠰ | ᠬᠤᠷᠢᠭᠯᠠᠵᠤ᠂ ᠲᠡᠷᠭᠡ ᠤᠬᠢᠶᠠᠬᠤ᠂ ᠪᠡᠶ᠎ᠡ ᠤᠬᠢᠶᠠᠬᠤ᠂ ᠢᠳᠡᠭᠡᠨ ᠤᠮᠳᠠᠭᠠᠨ ᠵᠡᠷᠭᠡ ᠤᠰᠤ ᠶᠡᠭᠡ ᠬᠤᠷᠣᠭᠳᠠᠭᠤᠯᠬᠤ | ᠠᠵᠢᠯ ᠲᠥᠷᠥᠯ ᠤᠨ ᠤᠰᠤ ᠬᠡᠷᠡᠭᠯᠡᠬᠦ ᠬᠡᠮᠵᠢᠶ᠎ᠡ ᠶᠢᠨ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ | ᠴᠡᠴᠡᠷᠯᠢᠭ ᠤᠨ ᠨᠣᠭᠤᠭᠠᠷᠠᠭᠤᠯᠤᠯᠲᠠ᠂ ᠠᠵᠤ ᠠᠬᠤᠶᠢᠯᠠᠯ ᠤᠨ ᠦᠢᠯᠡᠳᠪᠦᠷᠢᠯᠡᠯ ᠵᠡᠷᠭᠡ ᠠᠵᠢᠯ ᠲᠥᠷᠥᠯ ᠤᠨ | ᠳᠠᠬᠢᠯᠲᠠ ᠤᠰᠤᠨ ᠤ ᠬᠡᠷᠡᠭᠯᠡᠯᠲᠡ ᠶᠢᠨ ᠬᠡᠪᠴᠢᠶ᠎ᠡ ᠶᠢ ᠥᠷᠭᠡᠳᠬᠡᠵᠦ᠂ ᠲᠠᠷᠢᠶᠠᠯᠠᠩ ᠮᠠᠯ ᠠᠵᠤ ᠠᠬᠤᠶ᠂ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠳᠦᠭᠦᠯᠢᠭ ᠤᠰᠤ ᠬᠡᠷᠡᠭᠯᠡᠬᠦ ᠦᠢᠯᠡ ᠠᠵᠢᠯᠯᠠᠭ᠎ᠠ ᠶᠢ ᠡᠷᠡᠰ | ᠬᠤᠷᠢᠭᠯᠠᠬᠤ ᠬᠡᠷᠡᠭᠲᠡᠶ᠃ ᠤᠰᠤ ᠠᠷᠪᠢᠯᠠᠬᠤ ᠤᠬᠠᠭᠤᠯᠭ᠎ᠠ ᠪᠠ ᠤᠰᠤ ᠠᠷᠪᠢᠯᠠᠬᠤ ᠪᠠᠭᠠᠵᠢ ᠬᠡᠷᠡᠭᠰᠡᠯ ᠢ ᠤᠭᠰᠠᠷᠠᠵᠤ | ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠠᠷᠠᠳ ᠨᠡᠶᠢᠲᠡ ᠶᠢᠨ ᠤᠰᠤ ᠠᠷᠪᠢᠯᠠᠬᠤ ᠦᠵᠡᠯ ᠤᠬᠠᠮᠰᠠᠷ ᠢ | ᠳᠡᠭᠡᠭᠰᠢᠯᠡᠭᠦᠯᠦᠨ᠂ ᠤᠰᠤ ᠠᠷᠪᠢᠯᠠᠬᠤ ᠬᠡᠯᠪᠡᠷᠢ ᠶᠢᠨ ᠬᠤᠳᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠤᠨ᠎ᠠ᠃ | ᠤᠰᠤᠨ ᠤ ᠡᠬᠢ ᠰᠤᠷᠪᠤᠯᠵᠢ ᠶᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠭᠠᠭᠴᠠ ᠮᠣᠳᠣ ᠶᠢᠨ ᠬᠤᠲᠠ | ᠪᠠᠯᠭᠠᠰᠤ ᠶᠢᠨ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ᠂ ᠴᠠᠶᠢᠳᠠᠮ ᠤᠨ | ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ︽ᠨᠢᠭᠡ ᠢᠷᠡᠯᠲᠡ ᠨᠢᠭᠡ ᠲᠠᠰ | ︾ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠤᠨ᠎ᠠ᠃ | ᠪᠠᠶᠢᠭᠠᠯᠢ ᠶᠢᠨ ᠠᠬᠤᠶ ᠪᠠᠶᠢᠳᠠᠯ ᠤᠨ ᠬᠡᠮᠵᠢᠭᠳᠡᠯ ᠢᠶᠠᠷ ᠥᠨᠳᠥᠷ ᠠᠴᠠ ᠪᠣᠯᠤᠭᠰᠠᠨ ᠰᠢᠯᠢ ᠶᠢᠨ ᠬᠤᠲᠠ ᠶᠢᠨ ᠭᠠᠭᠴᠠ | ᠮᠣᠳᠣ ᠶᠢᠨ ᠤᠰᠤᠨ ᠰᠤᠷᠪᠤᠯᠵᠢ ᠶᠢᠨ ᠭᠠᠵᠠᠷ ᠳᠣᠤᠷᠠᠬᠢ ᠲᠡᠮᠦᠷ᠂ ᠮᠠᠩᠭᠠᠨ ᠪᠠᠷᠢᠮᠵᠢᠶ᠎ᠠ ᠠᠴᠠ ᠬᠡᠲᠦᠷᠡᠭᠰᠡᠨ | ᠠᠰᠠᠭᠤᠳᠠᠯ ᠳᠤ᠂ ᠤᠰᠤ ᠬᠠᠩᠭᠠᠬᠤ ᠦᠢᠯᠡᠳᠪᠦᠷᠢ ᠳᠤ ᠵᠣᠬᠢᠬᠤ ᠤᠰᠤ ᠴᠡᠪᠡᠷᠰᠢᠭᠦᠯᠬᠦ ᠪᠡᠯᠡᠳᠬᠡᠮᠵᠢ ᠶᠢ ᠢᠵᠢ | ᠪᠥᠷᠢᠳᠦᠭᠦᠯᠵᠦ᠂ ᠤᠰᠤ ᠬᠠᠩᠭᠠᠬᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠬᠤ | ᠬᠡᠷᠡᠭᠲᠡᠶ᠃ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠢ ᠵᠢᠷᠤᠮᠵᠢᠭᠤᠯᠬᠤ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ︽ᠵᠠᠭᠠᠭᠯᠠᠨ ᠲᠣᠭᠲᠠᠭᠠᠬᠤ᠂ ᠪᠠᠷᠢᠮᠵᠢᠶ᠎ᠠ ᠲᠣᠭᠲᠠᠭᠠᠬᠤ᠂ ᠵᠠᠰᠠᠬᠤ︾ ᠭᠤᠷᠪᠠᠨ ᠵᠦᠢᠯ ᠤᠨ | ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ | ᠣᠷᠴᠢᠨ ᠲᠣᠭᠤᠷᠢᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 2025-2030 ᠣᠨ ᠳᠤ᠂ ᠭᠠᠭᠴᠠ ᠮᠣᠳᠣ ᠶᠢᠨ ᠤᠰᠤᠨ ᠰᠤᠷᠪᠤᠯᠵᠢ ᠶᠢᠨ ᠭᠠᠵᠠᠷ ᠳᠣᠤᠷᠠᠬᠢ ᠲᠡᠮᠦᠷ᠂ | ᠮᠠᠩᠭᠠᠨ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠢ ᠪᠦᠲᠦᠮᠵᠢᠲᠡᠢ ᠵᠠᠰᠠᠵᠤ᠂ ᠤᠰᠤᠨ ᠤ ᠴᠢᠨᠠᠷ ᠢ ᠦᠷᠭᠦᠯᠵᠢᠯᠡᠨ | ᠰᠠᠶᠢᠵᠢᠷᠠᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | ᠰᠢᠯᠢ ᠶᠢᠨ ᠬᠤᠲᠠ ᠶᠢᠨ ᠪᠠᠶᠠᠨᠪᠤᠯᠠᠭ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤ ᠲᠠᠲᠠᠬᠤ ᠵᠢᠴᠢ ᠤᠰᠤ | ᠳᠠᠮᠵᠢᠭᠤᠯᠬᠤ ᠢᠨᠵᠧᠨᠧᠷᠢᠩ ᠪᠣᠯᠤᠨ ᠤᠰᠤ ᠴᠡᠪᠡᠷᠰᠢᠭᠦᠯᠬᠦ ᠵᠢᠴᠢ ᠤᠰᠤ ᠲᠦᠭᠡᠭᠡᠬᠦ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠤᠤᠭᠤᠬᠤ ᠤᠰᠤᠨ ᠤ ᠠᠷᠢᠭᠤᠨ ᠴᠡᠪᠡᠷ ᠤᠨ ᠬᠢᠷᠢ ᠲᠡᠩᠴᠡᠭᠦ ᠨᠣᠷᠮ᠎ᠠ ᠶᠢ | ᠳᠡᠭᠡᠭᠰᠢᠯᠡᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠭᠠᠵᠠᠷ ᠳᠣᠣᠷᠠᠬᠢ ᠤᠰᠤᠨ ᠤ ᠬᠡᠯᠪᠡᠷᠢ ᠶᠢᠨ ᠤᠤᠭᠤᠬᠤ | ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠷᠠᠭᠤᠯᠤᠨ᠂ ᠲᠠᠷᠢᠶᠠᠯᠠᠬᠤ ᠮᠠᠯᠵᠢᠬᠤ ᠣᠷᠣᠨ ᠤ | ᠤᠤᠭᠤᠬᠤ ᠤᠰᠤᠨ ᠤ ᠴᠢᠨᠠᠷ ᠢ ᠬᠢᠨᠠᠨ ᠬᠡᠮᠵᠢᠬᠦ ᠶᠢ ᠴᠢᠩᠭᠠᠳᠬᠠᠨ᠂ ᠲᠠᠷᠢᠶᠠᠯᠠᠬᠤ ᠮᠠᠯᠵᠢᠬᠤ ᠣᠷᠣᠨ ᠤ ᠭᠠᠵᠠᠷ | ᠳᠣᠣᠷᠠᠬᠢ ᠤᠰᠤᠨ ᠤ ᠬᠡᠯᠪᠡᠷᠢ ᠶᠢᠨ ᠤᠤᠭᠤᠬᠤ ᠤᠰᠤᠨ ᠤ ᠡᠬᠢ ᠶᠢᠨ ᠣᠷᠴᠢᠨ ᠲᠣᠭᠤᠷᠢᠨ ᠤ ᠠᠶᠤᠯ ᠦᠭᠡᠢ ᠶᠢᠨ | ᠲᠦᠭᠰᠢᠭᠦᠷᠢ ᠶᠢᠨ ᠡᠬᠢ ᠰᠤᠷᠪᠤᠯᠵᠢ ᠶᠢ ᠵᠢᠭᠰᠠᠭᠠᠨ ᠪᠠᠶᠢᠴᠠᠭᠠᠬᠤ ᠶᠢ ᠥᠷᠨᠢᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠴᠢᠨ ᠲᠣᠭᠤᠷᠢᠨ ᠤ ᠪᠠᠶᠢᠳᠠᠯ ᠢ ᠴᠠᠭ ᠲᠤᠬᠠᠶ ᠳᠤᠨᠢ | ᠡᠵᠡᠮᠰᠢᠵᠦ᠂ ᠤᠰᠤᠨ ᠤ ᠡᠬᠢ ᠰᠤᠷᠪᠤᠯᠵᠢ ᠶᠢᠨ ᠪᠣᠬᠢᠷᠲᠤᠯ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ ᠤ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠵᠤ᠂ ᠤᠰᠤᠨ ᠤ | ᠪᠣᠬᠢᠷᠲᠤᠯ ᠤᠨ ᠡ᠊ᠨᠳᠡᠯ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠲᠥᠰᠦᠯ ᠢ | ᠴᠢᠩᠭᠠᠷᠠᠭᠤᠯᠤᠨ᠎ᠠ᠃ 2025 ᠣᠨ ᠪᠣᠯᠬᠤ ᠳᠤ᠂ ᠲᠣᠰᠬᠤᠨ ᠪᠠᠯᠭᠠᠰᠤ ᠶᠢᠨ ᠤᠤᠭᠤᠬᠤ ᠤᠰᠤᠨ ᠤ ᠠᠷᠢᠭᠤᠨ | ᠴᠡᠪᠡᠷ ᠤᠨ ᠬᠢᠷᠢ ᠲᠡᠩᠴᠡᠭᠦ ᠨᠣᠷᠮ᠎ᠠ ᠶᠢ 100% ᠳᠤ ᠬᠦᠷᠦᠭᠦᠯᠦᠨ᠎ᠡ᠃ | 2. ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠪᠤᠷᠢᠵᠢᠭᠤᠯᠤᠨ ᠰᠢᠯᠢᠳᠡᠭᠵᠢᠭᠦᠯᠦᠨ᠎ᠡ | ᠨᠡᠭᠦᠷᠡᠰᠦ ᠲᠦᠯᠡᠬᠦ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠭᠦᠨᠵᠡᠭᠡᠶ ᠴᠢᠩᠭᠠᠳᠬᠠᠨ᠎ᠠ᠃ ︽ᠴᠠᠬᠢᠯᠭᠠᠨ | ᠳᠣᠭᠢᠷᠠᠪᠠᠯ ᠴᠠᠬᠢᠯᠭᠠᠨ ᠢ ᠬᠡᠷᠡᠭᠯᠡᠵᠦ᠂ ᠬᠡᠶ ᠳᠣᠭᠢᠷᠠᠪᠠᠯ ᠬᠡᠶ ᠶᠢ ᠬᠡᠷᠡᠭᠯᠡᠵᠦ᠂ ᠨᠡᠭᠦᠷᠡᠰᠦ ᠳᠣᠭᠢᠷᠠᠪᠠᠯ ᠨᠡᠭᠦᠷᠡᠰᠦ ᠶᠢ | ᠬᠡᠷᠡᠭᠯᠡᠵᠦ᠂ ᠢᠯᠴᠢ ᠳᠣᠭᠢᠷᠠᠪᠠᠯ ᠢᠯᠴᠢ ᠶᠢ ᠬᠡᠷᠡᠭᠯᠡᠬᠦ︾ ᠵᠠᠷᠴᠢᠮ ᠶᠣᠰᠣᠭᠠᠷ᠂ ᠠᠷᠢᠭᠤᠨ ᠴᠡᠪᠡᠷ ᠳᠤᠯᠠᠭᠠᠯᠠᠭ᠎ᠠ ᠶᠢᠨ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠰᠤᠯᠠ ᠨᠡᠭᠦᠷᠡᠰᠦ ᠶᠢ ᠴᠡᠪᠡᠷᠰᠢᠭᠦᠯᠦᠨ ᠵᠠᠰᠠᠬᠤ ᠠᠵᠢᠯ ᠢ | ᠦᠷᠭᠦᠯᠵᠢᠯᠡᠨ ᠥᠷᠨᠢᠭᠦᠯᠵᠦ᠂ 2023 ᠵᠢᠯ ᠤᠨ ᠡᠮᠦᠨ᠎ᠡ ᠰᠢᠯᠢ ᠶᠢᠨ ᠭᠤᠤᠯ ᠵᠡᠭᠡᠯᠢ ᠪᠠ ᠡᠷᠳᠡᠨᠢ ᠵᠠᠮ ᠤᠨ ᠭᠤᠤᠯ | ᠵᠡᠭᠡᠯᠢ ᠪᠠᠷ ᠭᠤᠤᠯ ᠲᠣᠭᠤᠷᠢᠭ ᠪᠣᠯᠭᠠᠭᠰᠠᠨ ᠪᠥᠬᠦ ᠬᠤᠲᠠ ᠶᠢᠨ 11.4 ᠲᠡᠭᠰᠢ ᠳᠥᠷᠪᠡᠯᠵᠢᠨ ᠺᠢᠯᠣᠮᠧᠲᠷ ᠤᠨ | ᠪᠣᠬᠢᠷᠲᠤᠯ ᠶᠡᠬᠡᠲᠡᠶ ᠰᠢᠲᠠᠭᠠᠯᠭ᠎ᠠ ᠶᠢᠨ ᠰᠢᠲᠠᠭᠠᠯᠭ᠎ᠠ ᠶᠢ ᠴᠠᠭᠠᠵᠠᠯᠠᠬᠤ ᠣᠷᠣᠨ ᠤ ᠰᠤᠯᠠ ᠨᠡᠭᠦᠷᠡᠰᠦ ᠶᠢ ᠴᠡᠪᠡᠷᠯᠡᠬᠦ ᠶᠢ | ᠪᠡᠶᠡᠯᠡᠭᠦᠯᠦᠨ᠎ᠡ᠃ ᠲᠠᠷᠠᠬᠠᠶ ᠨᠡᠭᠦᠷᠡᠰᠦᠨ ᠤ ᠰᠢᠲᠠᠯᠲᠠ ᠶᠢ ᠵᠠᠰᠠᠬᠤ ᠪᠠ ᠨᠡᠭᠦᠷᠡᠰᠦ ᠰᠢᠲᠠᠭᠠᠬᠤ ᠭᠦᠸᠧᠯᠦ ᠶᠢ | ᠴᠡᠪᠡᠷᠰᠢᠭᠦᠯᠬᠦ ᠥᠭᠡᠷᠡᠴᠢᠯᠡᠯᠲᠡ ᠶᠢ ᠦᠷᠭᠦᠯᠵᠢᠯᠡᠨ ᠲᠥᠯᠬᠢᠨ ᠠᠬᠢᠭᠤᠯᠵᠤ᠂ ᠳᠥᠭᠦᠮ ᠪᠦᠳᠦᠭᠦᠯᠢᠭ ᠣᠷᠣᠨ | ᠰᠠᠭᠤᠴᠠᠳᠤ ᠲᠣᠭᠤᠷᠢᠭ ᠢ ᠥᠭᠡᠷᠡᠴᠢᠯᠡᠬᠦ᠂ ᠲᠥᠪᠯᠡᠷᠡᠭᠦᠯᠦᠨ ᠢᠯᠴᠢ ᠬᠠᠩᠭᠠᠬᠤ ᠶᠢ ᠶᠠᠪᠤᠭᠳᠠᠭᠤᠯᠵᠤ᠂ ᠰᠢᠲᠠᠮᠠᠬᠠᠶ | ᠬᠡᠢ ᠶᠢᠨ ᠭᠤᠣᠯᠴᠢᠯᠠᠨ ᠬᠠᠮᠢᠶᠠᠷᠬᠤ ᠲᠣᠣᠷ ᠰᠠᠯᠪᠤᠷᠢ ᠱᠤᠭᠤᠮ ᠬᠢᠭᠡᠳ ᠲᠠᠭᠠᠯᠳᠠ ᠪᠡᠯᠡᠳᠬᠡᠮᠵᠢ ᠶᠢ ᠰᠢᠨ᠎ᠡ ᠪᠠᠷ | ᠪᠠᠶᠢᠭᠤᠯᠤᠨ᠎ᠠ᠃ ᠨᠡᠷᠡᠨ ᠤ ᠡᠨᠧᠷᠭᠢ + ᠰᠠᠯᠬᠢᠨ ᠤ ᠡᠨᠧᠷᠭᠢ ᠶᠢᠨ ᠣᠯᠠᠨ ᠡᠨᠧᠷᠭᠢ ᠪᠠᠷ ᠬᠠᠷᠢᠯᠴᠠᠨ ᠨᠥᠬᠦᠪᠥᠷᠢᠯᠡᠵᠦ | ᠠᠷᠢᠭᠤᠨ ᠴᠡᠪᠡᠷ ᠢᠶᠠᠷ ᠳᠤᠯᠠᠭᠠᠯᠠᠬᠤ ᠶᠢ ᠵᠣᠷᠢᠭᠵᠢᠭᠤᠯᠤᠨ᠂ ᠨᠡᠭᠦᠷᠡᠰᠦ ᠰᠢᠲᠠᠭᠠᠬᠤ ᠢᠯᠴᠢ ᠶᠢᠨ ᠢᠷᠡᠯᠲᠡ ᠶᠢ | ᠴᠡᠪᠡᠷᠰᠢᠭᠦᠯᠦᠨ ᠥᠭᠡᠷᠡᠴᠢᠯᠡᠬᠦ ᠶᠢ ᠠᠬᠢᠭᠤᠯᠤᠨ᠎ᠠ᠃ 2025 ᠣᠨ ᠪᠣᠯᠬᠤ ᠳᠤ᠂ ᠪᠥᠬᠦ ᠬᠤᠲᠠ ᠶᠢᠨ ᠬᠤᠲᠠ | ᠪᠠᠯᠭᠠᠰᠤᠨ ᠤ ᠠᠷᠢᠭᠤᠨ ᠴᠡᠪᠡᠷ ᠳᠤᠯᠠᠭᠠᠯᠠᠭ᠎ᠠ ᠶᠢᠨ ᠨᠣᠷᠮ᠎ᠠ ᠶᠢ 93% ᠠᠴᠠ ᠳᠡᠭᠡᠭᠰᠢ ᠳᠤ ᠬᠦᠷᠦᠭᠦᠯᠦᠨ᠎ᠡ᠃ | ᠭᠤᠤᠯᠳᠠᠯᠭ᠎ᠠ ᠲᠠᠢ ᠠᠵᠢᠯ ᠲᠥᠷᠥᠯ ᠤᠨ VOCs ᠪᠠ NOx ᠬᠠᠮᠵᠢᠯᠴᠠᠨ ᠵᠠᠰᠠᠬᠤ ᠶᠢ ᠠᠬᠢᠭᠤᠯᠤᠨ᠎ᠠ᠃ | VOCs ᠶᠢᠨ ᠭᠤᠤᠯᠳᠠᠯᠭ᠎ᠠ ᠲᠠᠢ ᠠᠵᠢᠯ ᠲᠥᠷᠥᠯ ᠪᠠ ᠭᠠᠳᠠᠭᠰᠢᠯᠠᠭᠤᠯᠬᠤ ᠠᠵᠤ ᠠᠬᠤᠶᠢᠯᠠᠯ ᠢ ᠡᠵᠡᠮᠳᠡᠬᠦ ᠶᠢ | ᠨᠠᠷᠢᠯᠢᠭ ᠣᠨᠣᠴᠠᠲᠠᠶ ᠪᠠᠷ ᠲᠣᠭᠲᠠᠭᠠᠵᠤ᠂ VOCs᠂ NOx ᠭᠠᠳᠠᠭᠰᠢᠯᠠᠭᠤᠯᠬᠤ ᠬᠡᠮᠵᠢᠶ᠎ᠡ ᠶᠢ ᠬᠠᠮᠲᠣ ᠳᠤᠨᠢ | ᠪᠠᠭᠠᠰᠬᠠᠬᠤ ᠶᠢ ᠴᠢᠩᠭᠠᠳᠬᠠᠨ᠎ᠠ᠃ ᠵᠡᠰ ᠴᠠᠶᠢᠷ ᠵᠢᠴᠢ ᠴᠠᠭᠠᠨ ᠲᠤᠭᠤᠯᠭ᠎ᠠ ᠶᠢᠨ ᠲᠡᠮᠦᠷᠯᠢᠭ ᠪᠣᠯᠪᠠᠰᠤᠷᠠᠭᠤᠯᠬᠤ ᠵᠡᠷᠭᠡ | ᠠᠵᠢᠯ ᠲᠥᠷᠥᠯ ᠤᠨ ᠡᠬᠢ ᠡᠭᠦᠰᠦᠯ᠂ ᠶᠠᠪᠤᠴᠠ ᠪᠠ ᠲᠡᠭᠦᠰᠬᠡᠯ ᠦᠵᠦᠭᠦᠷ ᠤᠨ VOCs ᠶᠢᠨ ᠪᠥᠬᠦ ᠶᠠᠪᠤᠴᠠ ᠶᠢᠨ | ᠡᠵᠡᠮᠳᠡᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ VOCs ᠭᠠᠳᠠᠭᠰᠢᠯᠠᠭᠤᠯᠬᠤ | ᠶᠡᠷᠦᠩᠬᠡᠶ ᠬᠡᠮᠵᠢᠶ᠎ᠡ ᠶᠢ ᠡᠵᠡᠮᠳᠡᠬᠦ ᠶᠢ ᠬᠡᠷᠡᠭᠵᠢᠭᠦᠯᠦᠨ᠎ᠡ᠃ ᠴᠢᠶ᠋ᠢᠦ᠂ ᠨᠡᠭᠦᠷᠡᠰᠦᠨ ᠲᠤᠰᠤ ᠵᠢᠴᠢ ᠲᠦᠭᠦᠬᠡᠶ ᠲᠤᠰᠤ | ᠵᠡᠷᠭᠡ ᠲᠤᠰᠤᠨ ᠤ ᠵᠦᠢᠯ ᠢ ᠬᠠᠳᠠᠭᠠᠯᠠᠵᠤ ᠵᠥᠭᠡᠭᠡᠪᠦᠷᠢᠯᠡᠬᠦ ᠪᠦᠬᠦ ᠶᠠᠪᠤᠴᠠ ᠶᠢᠨ ᠳᠡᠭᠳᠡᠮᠡᠬᠡᠶ ᠴᠢᠨᠠᠷᠲᠠᠶ ᠣᠷᠭᠠᠨᠢᠭ | ᠪᠣᠳᠠᠰ ᠤᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠶᠢ ᠴᠢᠩᠭᠠᠳᠬᠠᠨ᠎ᠠ᠃ VOCs ᠭᠤᠤᠯᠳᠠᠯᠭ᠎ᠠ ᠲᠠᠢ | ᠭᠠᠳᠠᠭᠰᠢᠯᠠᠭᠤᠯᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ VOCs | ᠭᠤᠤᠯᠳᠠᠯᠭ᠎ᠠ ᠲᠠᠢ ᠭᠠᠳᠠᠭᠰᠢᠯᠠᠭᠤᠯᠬᠤ ᠠᠵᠤ ᠠᠬᠤᠶᠢᠯᠠᠯ ᠤᠨ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ | ᠲᠣᠭᠲᠠᠭᠠᠬᠤ︾ ᠶᠢᠨ ᠲᠦᠷᠢᠮ ᠢ ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠰᠢᠰᠲ᠋ᠧᠮ ᠤᠨ | ᠪᠠᠶᠢᠭᠤᠯᠤᠯᠲᠠ ᠶᠢ ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠷᠢᠭᠤᠨ ᠴᠡᠪᠡᠷ | ᠦᠢᠯᠡᠳᠪᠦᠷᠢᠯᠡᠯ ᠢ ᠭᠦᠨᠵᠡᠭᠡᠶᠢᠷᠡᠭᠦᠯᠵᠦ᠂ ᠡᠬᠢ ᠪᠠᠶᠠᠯᠢᠭ ᠪᠠ ᠡᠨᠧᠷᠭᠢ ᠶᠢᠨ ᠰᠤᠷᠪᠤᠯᠵᠢ ᠶᠢᠨ ᠬᠤᠷᠣᠭᠳᠠᠯ ᠢ | ᠬᠢᠵᠠᠭᠠᠷᠯᠠᠵᠤ᠂ ᠬᠠᠶᠠᠭᠳᠠᠮᠠᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠨ᠎ᠠ᠃ | ᠡᠯ᠎ᠡ ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠴᠠᠶᠢᠶ᠋ᠢᠦ | ᠲᠣᠰᠣᠨ ᠤ ᠪᠠᠷᠠᠭᠠᠨ ᠤ ᠲᠡᠷᠭᠡ ᠪᠣᠯᠤᠨ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠤᠨ ᠰᠡᠭᠦᠯ ᠤᠨ | ᠬᠡᠶ ᠶᠢᠨ ᠭᠠᠳᠠᠭᠰᠢᠯᠠᠭᠤᠯᠤᠯᠲᠠ ᠶᠢ ᠬᠢᠨᠠᠨ ᠬᠠᠮᠢᠶᠠᠷᠬᠤ ᠠᠵᠢᠯ ᠢ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ | ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠠᠶᠠᠯᠠᠬᠤ ᠶᠢ ᠬᠢᠵᠠᠭᠠᠷᠯᠠᠬᠤ ᠣᠷᠣᠨ ᠪᠦᠰᠡ᠂ ᠵᠠᠮ ᠬᠠᠷᠢᠯᠴᠠᠭᠠᠨ ᠤ | ᠪᠤᠰᠤ ᠰᠢᠯᠵᠢᠮᠡᠯ ᠮᠠᠰᠢᠨ ᠮᠧᠬᠠᠨᠢᠭ ᠤᠨ ᠭᠠᠳᠠᠭᠰᠢᠯᠠᠭᠤᠯᠤᠯᠲᠠ ᠶᠡᠬᠡᠲᠡᠶ ᠬᠡᠷᠡᠭᠯᠡᠬᠦ ᠶᠢ ᠴᠠᠭᠠᠵᠠᠯᠠᠬᠤ ᠣᠷᠣᠨ ᠤ | ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠃ ᠰᠢᠨ᠎ᠡ ᠪᠠᠷ ᠦᠢᠯᠡᠳᠪᠦᠷᠢᠯᠡᠬᠦ ᠮᠠᠰᠢᠨᠲᠤ ᠲᠡᠷᠭᠡ᠂ | ᠬᠥᠳᠡᠯᠭᠡᠭᠦᠷ ᠮᠠᠰᠢᠨ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠤᠨ ᠬᠢᠨᠠᠯᠲᠠ ᠪᠠᠶᠢᠴᠠᠭᠠᠯᠲᠠ ᠶᠢ | ᠥᠷᠨᠢᠭᠦᠯᠦᠨ᠎ᠡ᠃ ᠴᠠᠶᠢᠶ᠋ᠢᠦ ᠲᠣᠰᠣᠨ ᠤ ᠮᠠᠰᠢᠨ ᠲᠡᠷᠭᠡ ᠶᠢᠨ ᠵᠠᠮ ᠤᠨ ᠪᠠᠶᠢᠴᠠᠭᠠᠯᠲᠠ ᠪᠠ ᠵᠠᠮ ᠤᠨ | ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠡᠷᠦᠬᠡ ᠳᠤ ᠣᠷᠣᠵᠤ ᠬᠢᠨᠠᠯᠲᠠ ᠲᠠᠯᠪᠢᠵᠤ ᠰᠤᠭᠤᠴᠢᠨ ᠬᠡᠮᠵᠢᠬᠦ ᠶᠢ | ᠴᠢᠩᠭᠠᠷᠠᠭᠤᠯᠤᠨ᠂ ᠰᠤᠭᠤᠴᠢᠨ ᠬᠡᠮᠵᠢᠬᠦ ᠳᠤ ᠬᠢᠷᠢ ᠲᠡᠩᠴᠡᠭᠰᠡᠨ ᠨᠣᠷᠮ᠎ᠠ ᠶᠢ 90% ᠠᠴᠠ ᠳᠡᠭᠡᠭᠰᠢ ᠳᠤ | ᠬᠦᠷᠦᠭᠦᠯᠦᠨ᠎ᠡ᠃ ᠬᠤᠲᠠ ᠶᠢᠨ ᠭᠤᠤᠯ ᠪᠣᠯᠬᠤ ᠣᠷᠣᠵᠤ ᠭᠠᠷᠬᠤ ᠭᠠᠵᠠᠷ ᠲᠤ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠪᠠᠶᠢᠴᠠᠭᠠᠬᠤ ᠥᠷᠲᠡᠭᠡ ᠪᠠᠶᠢᠭᠤᠯᠵᠤ᠂ ᠬᠢᠷᠢ ᠲᠡᠩᠴᠡᠭᠦ ᠥᠬᠡᠶ ᠲᠡᠷᠭᠡ ᠬᠥᠰᠬᠡ ᠶᠢ ᠲᠤᠰᠬᠠᠶ | ᠵᠦᠢᠯ ᠢᠶᠠᠷ ᠴᠡᠭᠴᠡᠯᠡᠨ ᠵᠠᠰᠠᠬᠤ ᠪᠠ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠢ ᠲᠤᠰᠬᠠᠶ ᠵᠦᠢᠯ ᠢᠶᠠᠷ | ᠴᠡᠭᠴᠡᠯᠡᠨ ᠵᠠᠰᠠᠬᠤ ᠶᠢ ᠥᠷᠨᠢᠭᠦᠯᠦᠨ᠎ᠡ᠃ ᠪᠦᠬᠦ ᠬᠤᠳᠠ ᠳᠤ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ᠰᠢᠨ᠎ᠡ | ᠡᠨᠧᠷᠭᠢ ᠶᠢᠨ ᠮᠠᠰᠢᠨᠲᠤ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠵᠡᠷᠭᠡ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ | ᠵᠠᠮ ᠲᠡᠭᠡᠭᠡᠪᠦᠷᠢ ᠶᠢᠨ ᠪᠦᠲᠦᠴᠡ ᠶᠢ ᠦᠨᠡᠨ ᠬᠦ ᠰᠢᠯᠢᠳᠡᠭᠵᠢᠭᠦᠯᠵᠦ᠂ ᠮᠠᠰᠢᠨᠲᠤ ᠲᠡᠷᠭᠡᠨ ᠤ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠶᠢ ᠶᠡᠭᠡ ᠪᠠᠷ ᠪᠠᠭᠠᠰᠬᠠᠨ᠎ᠠ᠃ | ᠠᠭᠤᠷᠬᠠᠶ ᠶᠢᠨ ᠲᠣᠭᠤᠰᠣ ᠰᠢᠷᠣᠶ ᠶᠢᠨ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠨ᠎ᠠ᠃ ᠠᠭᠤᠷᠬᠠᠶ ᠶᠢᠨ ᠳᠡᠭᠳᠡᠮᠡᠯ | ᠲᠣᠭᠤᠰᠣ ᠰᠢᠷᠣᠶ ᠶᠢ ᠵᠠᠰᠠᠬᠤ ᠶᠢ ᠴᠢᠩᠭᠠᠳᠬᠠᠵᠤ᠂ ᠰᠢᠯᠢ ᠶᠢᠨ ᠬᠤᠲᠠ ᠶᠢᠨ ᠮᠧᠩ ᠨᠧᠩ ᠱᠧᠩ ᠯᠢ ᠪᠠᠷᠠᠭᠤᠨ | ᠭᠤᠷᠪᠠᠳᠤᠭᠠᠷ ᠵᠠᠳᠠᠭᠠᠶ ᠨᠡᠭᠦᠷᠡᠰᠦᠨ ᠠᠭᠤᠷᠬᠠᠶ᠂ ᠰᠢᠯᠢ ᠶᠢᠨ ᠬᠤᠲᠠ ᠶᠢᠨ ᠱᠧᠨ ᠬᠤᠸᠠ ᠱᠧᠩ ᠯᠢ ᠨᠢᠭᠡᠳᠦᠭᠡᠷ | ᠵᠠᠳᠠᠭᠠᠶ ᠠᠭᠤᠷᠬᠠᠶ ᠵᠡᠷᠭᠡ ᠳᠡᠭᠳᠡᠮᠡᠯ ᠲᠣᠭᠤᠰᠣ ᠰᠢᠷᠣᠶ ᠶᠢᠨ ᠪᠣᠬᠢᠷᠲᠤᠯ ᠢ ᠵᠠᠰᠠᠬᠤ ᠶᠢ ᠤᠯᠠᠮ ᠨᠢᠭᠡ ᠠᠯᠬᠤᠮ | ᠴᠢᠩᠭᠠᠳᠬᠠᠵᠤ᠂ ᠨᠤᠨᠲᠠᠭ ᠬᠡᠯᠪᠡᠷᠢ ᠶᠢᠨ ᠪᠣᠳᠠᠰ ᠤᠨ ᠮᠠᠲ᠋ᠧᠷᠢᠶᠠᠯ ᠤᠨ ᠣᠪᠣᠭᠠᠯᠠᠬᠤ ᠲᠠᠯᠠᠪᠠᠶ ᠶᠢ ᠪᠦᠬᠦᠨ ᠢ | ᠪᠢᠲᠡᠭᠦᠮᠵᠢᠯᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠦᠷᠢᠨᠰᠢᠬᠦᠯᠵᠦ᠂ ᠦᠢᠯᠡᠳᠪᠦᠷᠢᠯᠡᠬᠦ᠂ ᠠᠴᠢᠶᠠᠯᠠᠵᠤ | ᠪᠠᠭᠤᠯᠭᠠᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠡᠷᠭᠡ ᠲᠠᠯ᠎ᠠ ᠪᠠᠷ ᠪᠥᠬᠦ ᠲᠠᠯ᠎ᠠ ᠪᠠᠷ ᠬᠢᠨᠠᠨ ᠬᠠᠮᠢᠶᠠᠷᠴᠤ᠂ ᠪᠣᠬᠢᠷᠲᠤᠯ | ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ | ᠪᠠᠷᠢᠯᠭ᠎ᠠ ᠪᠠᠷᠢᠬᠤ ᠵᠠᠮ ᠤᠨ ᠪᠣᠬᠢᠷᠲᠤᠯ ᠢ ᠵᠠᠰᠠᠬᠤ ᠶᠢ ᠴᠢᠩᠭᠠᠷᠠᠭᠤᠯᠤᠨ᠎ᠠ᠃ ᠪᠠᠷᠢᠯᠭ᠎ᠠ ᠶᠢᠨ ᠠᠵᠢᠯ ᠤᠨ ᠳᠡᠭᠳᠡᠮᠡᠯ | ᠲᠣᠭᠤᠰᠣ ᠶᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠵᠢᠷᠤᠮᠵᠢᠭᠤᠯᠤᠨ᠂ ᠡᠳᠦᠷ ᠲᠤᠳᠤᠮ ᠤᠨ ᠲᠣᠭᠤᠷᠢᠨ | ᠪᠠᠶᠢᠴᠠᠭᠠᠬᠤ᠂ ᠨᠡᠪᠲᠡᠷᠡᠭᠦᠯᠬᠦ᠂ ᠪᠣᠯᠵᠣᠨ ᠶᠠᠷᠢᠯᠴᠠᠬᠤ᠂ ᠢᠲᠡᠭᠡᠮᠵᠢ ᠶᠢᠨ ᠦᠨᠡᠯᠡᠯᠲᠡ ᠬᠢᠬᠦ ᠵᠡᠷᠭᠡ ᠲᠥᠷᠢᠮ ᠢ | ᠪᠠᠶᠢᠭᠤᠯᠤᠨ ᠪᠥᠷᠢᠨᠰᠢᠬᠦᠯᠵᠤ᠂ ᠪᠥᠳᠥᠭᠡᠨ ᠪᠠᠶᠢᠭᠤᠯᠬᠤ ᠨᠢᠭᠡᠴᠡ ᠶᠢᠨ ᠲᠡᠷᠢᠭᠦᠨ ᠴᠢᠬᠤᠯᠠ ᠬᠠᠷᠢᠭᠤᠴᠠᠯᠭ᠎ᠠ ᠪᠣᠯᠤᠨ | ᠪᠠᠷᠢᠯᠭ᠎ᠠ ᠶᠢᠨ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠶ᠃ ᠪᠠᠷᠢᠯᠭ᠎ᠠ | ᠪᠠᠷᠢᠬᠤ ᠭᠠᠵᠠᠷ ᠪᠠ ᠱᠤᠭᠤᠮ ᠤᠨ ᠴᠢᠨᠠᠷᠲᠠᠶ ᠪᠠᠷᠢᠯᠭ᠎ᠠ ᠶᠢᠨ ᠬᠠᠮᠢᠶᠠᠷᠤᠯᠲᠠ ᠶᠢᠨ ᠣᠨ ᠤ ᠨᠠᠷᠢᠨ ᠬᠠᠭᠤᠳᠠᠰᠤ ᠶᠢ | ᠬᠥᠳᠡᠯᠦᠩᠭᠦᠶ ᠪᠠᠷ ᠰᠢᠨᠡᠳᠬᠡᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠤᠨ᠂ | ᠪᠠᠷᠢᠯᠭ᠎ᠠ ᠶᠢᠨ ᠭᠠᠵᠠᠷ ᠤᠨ ᠡᠷᠬᠢᠨ ᠲᠣᠭᠤᠷᠢᠨ ᠢᠶᠠᠷ ᠬᠦᠷᠢᠶᠡᠯᠡᠨ ᠬᠠᠰᠢᠬᠤ᠂ ᠪᠣᠳᠠᠰ ᠤᠨ ᠮᠠᠲ᠋ᠧᠷᠢᠶᠠᠯ ᠢ ᠣᠪᠣᠭᠠᠯᠠᠨ | ᠲᠠᠯᠪᠢᠵᠤ ᠪᠦᠷᠬᠦᠭᠦᠯᠬᠦ᠂ ᠰᠢᠷᠣᠶ ᠮᠠᠯᠲᠠᠵᠤ ᠨᠦᠢᠲᠠᠨ ᠢᠶᠠᠷ ᠠᠵᠢᠯᠯᠠᠬᠤ᠂ ᠵᠠᠮ ᠤᠨ ᠭᠠᠳᠠᠷᠭᠤ ᠶᠢ ᠬᠠᠲᠠᠭᠤᠷᠠᠭᠤᠯᠬᠤ᠂ | ᠣᠷᠣᠵᠤ ᠭᠠᠷᠬᠤ ᠲᠡᠷᠭᠡ ᠬᠥᠰᠬᠡ ᠶᠢ ᠤᠬᠢᠶᠠᠵᠤ ᠴᠡᠪᠡᠷᠯᠡᠬᠦ᠂ ᠬᠤᠭ ᠰᠢᠷᠣᠶ ᠶᠢᠨ ᠲᠡᠷᠭᠡ ᠬᠥᠰᠬᠡ ᠶᠢ ᠨᠢᠭᠲᠠ | ᠪᠢᠲᠡᠭᠦᠮᠵᠢᠯᠡᠨ ᠲᠡᠭᠡᠭᠡᠪᠦᠷᠢᠯᠡᠬᠦ ︽ᠵᠢᠷᠭᠤᠭᠠᠨ ᠵᠠᠭᠤᠨ ᠤ ᠵᠠᠭᠤ︾ ᠶᠢ ᠨᠠᠶᠢᠳᠠᠪᠤᠷᠢᠵᠢᠭᠤᠯᠤᠨ᠎ᠠ᠃ ᠪᠠᠷᠢᠯᠭ᠎ᠠ ᠶᠢᠨ | ᠭᠠᠵᠠᠷ ᠤᠨ ᠬᠤᠭ ᠲᠣᠭᠤᠰᠣ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠪᠠ ᠬᠠᠷᠠᠭᠠᠨ ᠳᠠᠪᠲᠠᠮᠵᠢ ᠪᠠᠷ ᠬᠢᠨᠠᠨ | ᠡᠵᠡᠮᠳᠡᠬᠦ ᠲᠥᠬᠦᠭᠡᠷᠦᠮᠵᠢ ᠶᠢ ᠤᠭᠰᠠᠷᠠᠬᠤ᠂ ᠰᠦᠯᠵᠢᠶᠡᠵᠢᠭᠦᠯᠬᠦ ᠶᠢ ᠠᠬᠢᠭᠤᠯᠤᠨ᠎ᠠ᠃ ᠵᠠᠮ ᠴᠡᠪᠡᠷᠯᠡᠵᠦ | ᠠᠷᠢᠯᠭᠠᠬᠤ ᠮᠠᠰᠢᠨᠴᠢᠯᠠᠭᠰᠠᠨ ᠠᠵᠢᠯ ᠤᠨ ᠡᠷᠴᠢᠮ ᠢ ᠴᠢᠩᠭᠠᠷᠠᠭᠤᠯᠵᠤ᠂ ᠴᠡᠪᠡᠷᠯᠡᠵᠦ ᠠᠷᠢᠯᠭᠠᠬᠤ᠂ ᠤᠰᠤ ᠰᠦᠷᠴᠢᠬᠦ | ᠰᠠᠭᠤᠷᠢᠨ ᠳᠡᠭᠡᠷ᠎ᠡ᠂ ᠬᠤᠲᠠ ᠶᠢᠨ ᠲᠣᠭᠤᠷᠢᠭ ᠤᠨ ᠵᠠᠮ ᠴᠡᠪᠡᠷᠯᠡᠵᠦ ᠠᠷᠢᠯᠭᠠᠬᠤ ᠶᠢᠨ ᠤᠳᠠᠭ᠎ᠠ ᠳᠠᠷᠠᠭ᠎ᠠ ᠶᠢ | ᠴᠢᠩᠭᠠᠳᠬᠠᠬᠤ ᠬᠡᠷᠡᠭᠲᠡᠶ᠃ ᠪᠠᠷᠢᠯᠭ᠎ᠠ ᠶᠢᠨ ᠠᠵᠢᠯ ᠤᠨ ᠬᠤᠭ ᠲᠣᠭᠤᠰᠣ ᠶᠢ ᠵᠠᠰᠠᠬᠤ ᠠᠵᠢᠯ ᠢ ᠴᠢᠩᠭᠠᠳᠬᠠᠵᠤ᠂ | ᠡᠯ᠎ᠡ ᠲᠦᠷᠦᠯ ᠤᠨ ᠪᠠᠷᠢᠯᠭ᠎ᠠ ᠶᠢᠨ ᠭᠠᠵᠠᠷ ᠲᠤ ︽ᠵᠢᠷᠭᠤᠭᠠᠨ ᠵᠠᠭᠤᠨ ᠤ ᠵᠠᠭᠤ︾ ᠶᠢᠨ ᠪᠣᠬᠢᠷᠲᠤᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ ᠲᠤ | ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠥᠬᠦᠭᠡᠷᠦᠮᠵᠢ ᠶᠢ ᠪᠦᠬᠦᠨ ᠢ ᠨᠡᠮᠡᠨ ᠤᠭᠰᠠᠷᠠᠵᠤ᠂ ᠪᠠᠶᠢᠭᠤᠯᠵᠤ ᠪᠠᠶᠢᠭ᠎ᠠ | ᠪᠠᠷᠢᠯᠭ᠎ᠠ ᠶᠢᠨ ᠭᠠᠵᠠᠷ ᠤᠨ ᠳᠣᠲᠣᠷᠠᠬᠢ ᠰᠢᠯᠵᠢᠮᠡᠯ ᠣᠰᠣ ᠰᠦᠷᠴᠢᠨ ᠲᠣᠭᠤᠰᠣ ᠪᠠᠭᠤᠷᠠᠭᠤᠯᠬᠤ ᠪᠡᠯᠡᠳᠬᠡᠮᠵᠢ ᠶᠢᠨ | ᠠᠵᠢᠯᠯᠠᠬᠤ ᠤᠳᠠᠭ᠎ᠠ ᠶᠢ ᠨᠡᠮᠡᠭᠳᠡᠭᠦᠯᠬᠦ ᠬᠡᠷᠡᠭᠲᠡᠶ᠃ ᠵᠠᠮ ᠴᠡᠪᠡᠷᠯᠡᠵᠦ ᠠᠷᠢᠯᠭᠠᠬᠤ ᠮᠠᠰᠢᠨᠴᠢᠯᠠᠭᠰᠠᠨ ᠠᠵᠢᠯ ᠤᠨ | ᠡᠷᠴᠢᠮ ᠢ ᠴᠢᠩᠭᠠᠷᠠᠭᠤᠯᠵᠤ᠂ ᠴᠡᠪᠡᠷᠯᠡᠵᠦ ᠠᠷᠢᠯᠭᠠᠬᠤ᠂ ᠤᠰᠤ ᠰᠦᠷᠴᠢᠬᠦ ᠰᠠᠭᠤᠷᠢᠨ ᠳᠡᠭᠡᠷ᠎ᠡ᠂ ᠬᠤᠲᠠ ᠶᠢᠨ | ᠲᠣᠭᠤᠷᠢᠭ ᠤᠨ ᠵᠠᠮ ᠴᠡᠪᠡᠷᠯᠡᠵᠦ ᠠᠷᠢᠯᠭᠠᠬᠤ ᠶᠢᠨ ᠤᠳᠠᠭ᠎ᠠ ᠳᠠᠷᠠᠭ᠎ᠠ ᠶᠢ ᠴᠢᠩᠭᠠᠳᠬᠠᠬᠤ ᠬᠡᠷᠡᠭᠲᠡᠶ᠃ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠡᠷᠴᠢᠮ ᠢ ᠴᠢᠩᠭᠠᠳᠬᠠᠨ᠎ᠠ᠃ | ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠬᠢᠭᠡᠳ ᠴᠠᠭ ᠠᠭᠤᠷ ᠤᠨ ᠰᠠᠯᠠᠭ᠎ᠠ ᠮᠥᠴᠢᠷ ᠤᠨ | ᠬᠠᠮᠲᠤᠷᠠᠯᠴᠠᠭ᠎ᠠ ᠶᠢ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠶᠠᠪᠤᠴᠠ ᠶᠢᠨ ᠬᠠᠨᠳᠤᠰᠢ ᠶᠢᠨ | ᠵᠠᠳᠠᠯᠤᠯᠲᠠ ᠶᠢ ᠰᠠᠶᠢᠲᠤᠷ ᠬᠢᠵᠦ᠂ ᠵᠥᠪᠳᠡᠯᠴᠡᠨ ᠰᠤᠳᠤᠯᠤᠨ ᠮᠠᠭᠠᠳᠯᠠᠬᠤ ᠲᠣᠭᠲᠠᠴᠠ ᠶᠢ ᠲᠡᠭᠦᠯᠳᠡᠷᠵᠢᠭᠦᠯᠦᠨ᠂ | ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠬᠦᠨᠳᠦ ᠵᠢᠴᠢ ᠬᠦᠨᠳᠦ ᠪᠣᠬᠢᠷᠲᠤᠯ ᠲᠠᠢ ᠴᠠᠭ | ᠠᠭᠤᠷ ᠤᠨ ᠣᠷᠣᠨ ᠪᠦᠰᠡ ᠶᠢᠨ ᠬᠠᠮᠲᠤᠷᠠᠨ ᠰᠡᠷᠡᠮᠵᠢᠯᠡᠭᠦᠯᠬᠦ ᠶᠢ ᠨᠠᠶᠢᠳᠠᠪᠤᠷᠢᠵᠢᠭᠤᠯᠤᠨ᠂ ᠬᠢᠨᠠᠨ ᠬᠡᠮᠵᠢᠵᠦ | ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ ᠣᠷᠴᠢᠨ ᠲᠣᠭᠤᠷᠢᠨ ᠤ ᠠᠭᠠᠷ ᠤᠨ | ᠶᠠᠰᠤ ᠴᠢᠨᠠᠷ ᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ 7 | — 10 ᠡᠳᠦᠷ ᠤᠨ ᠤᠷᠢᠳᠴᠢᠯᠠᠭᠰᠠᠨ ᠮᠡᠳᠡᠭᠡ ᠪᠠᠷ ᠬᠦᠨᠳᠦ ᠪᠣᠬᠢᠷᠲᠤᠯ ᠲᠠᠢ ᠴᠠᠭ ᠠᠭᠤᠷ ᠤᠨ | ᠭᠤᠤᠯᠳᠠᠯᠭ᠎ᠠ ᠲᠠᠢ ᠠᠵᠢᠯ ᠲᠥᠷᠥᠯ ᠤᠨ ᠠᠵᠢᠯ ᠤᠨ ᠠᠮᠵᠢᠯᠲᠠ ᠪᠦᠲᠦᠮᠵᠢ ᠶᠢᠨ ᠲᠠᠰ ᠬᠤᠪᠢᠶᠠᠬᠤ ᠠᠵᠢᠯ ᠢ | ᠰᠠᠶᠢᠲᠤᠷ ᠬᠢᠬᠦ ᠶᠢ ᠪᠡᠶᠡᠯᠡᠭᠦᠯᠵᠦ᠂ ᠡᠯ᠎ᠡ ᠠᠵᠤ ᠠᠬᠤᠶᠢᠯᠠᠯ ᠤᠳ ︽ᠨᠢᠭᠡ ᠦᠢᠯᠡᠳᠪᠦᠷᠢ ᠳᠤ ᠨᠢᠭᠡ ᠠᠷᠭ᠎ᠠ | ᠪᠣᠳᠣᠯᠭ᠎ᠠ︾ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠵᠤ ᠠᠬᠤᠶᠢᠯᠠᠯ ᠤᠨ ᠬᠠᠮᠢᠶᠠᠷᠤᠯᠲᠠ ᠪᠠ ᠣᠷᠭᠢᠯ ᠦᠶ᠎ᠡ ᠶᠢ ᠵᠥᠷᠢᠭᠦᠯᠦᠨ ᠦᠢᠯᠡᠳᠪᠦᠷᠢᠯᠡᠬᠦ | ᠲᠦᠷᠢᠮ ᠤᠨ ᠬᠢᠵᠠᠭᠠᠷᠯᠠᠯ ᠢ ᠴᠢᠩᠭᠠᠷᠠᠭᠤᠯᠤᠨ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠱᠣᠣᠭᠢᠶᠠ ᠳᠠᠭᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠬᠠᠮᠢᠶᠠᠷᠤᠯᠲᠠ ᠶᠢ ᠲᠠᠰᠤᠷᠠᠯᠲᠠ ᠥᠬᠡᠶ | ᠴᠢᠩᠭᠠᠳᠬᠠᠨ᠎ᠠ᠃ ᠰᠢᠯᠢ ᠶᠢᠨ ᠬᠤᠲᠠ ᠶᠢᠨ ᠱᠣᠣᠭᠢᠶᠠ ᠳᠠᠭᠤᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢ | ᠴᠢᠩᠭᠠᠷᠠᠭᠤᠯᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠡᠷᠬᠢᠨ ᠲᠣᠭᠤᠷᠢᠨ᠂ ᠴᠡᠴᠡᠷᠯᠢᠭ ᠤᠨ ᠳᠣᠲᠣᠨ᠎ᠠ | ᠭᠠᠳᠠᠨ᠎ᠠ᠂ ᠡᠮᠴᠢᠯᠡᠭᠡᠨ ᠤ ᠲᠣᠭᠤᠷᠢᠭ ᠤᠨ ᠣᠶᠢᠷ᠎ᠠ ᠬᠠᠪᠢ᠂ ᠠᠯᠪᠠᠯᠠᠬᠤ ᠠᠰᠠᠷ ᠤᠨ ᠠᠯᠪᠠᠯᠠᠬᠤ ᠲᠣᠭᠤᠷᠢᠭ᠂ | ᠰᠣᠶᠣᠯ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠤᠯ ᠤᠨ ᠲᠣᠭᠤᠷᠢᠭ ᠪᠠ ᠪᠠᠶᠢᠭᠤᠯᠭ᠎ᠠ ᠶᠢᠨ ᠠᠯᠪᠠᠯᠠᠬᠤ | ᠴᠢᠬ ᠵᠡᠷᠭᠡ ᠱᠤᠤᠭᠢᠶᠠᠨ ᠳᠤ ᠰᠡᠷᠭᠡᠭ ᠪᠠᠷᠢᠯᠭ᠎ᠠ ᠲᠥᠪᠯᠡᠷᠡᠭᠰᠡᠨ ᠣᠷᠣᠨ ᠪᠦᠰᠡ ᠳᠤ ᠲᠠᠭᠤ ᠬᠠᠯᠬᠠᠯᠠᠬᠤ | ᠬᠠᠯᠬᠠᠪᠴᠢ ᠶᠢ ᠠᠯᠬᠤᠮ ᠠᠯᠬᠤᠮ ᠢᠶᠠᠷ ᠢᠵᠢ ᠪᠥᠷᠢᠳᠦᠭᠦᠯᠦᠨ ᠪᠠᠶᠢᠭᠤᠯᠵᠤ᠂ ᠲᠠᠭᠤ ᠬᠠᠯᠬᠠᠯᠠᠬᠤ ᠬᠠᠯᠬᠠᠪᠴᠢ ᠶᠢ | ᠠᠯᠬᠤᠮ ᠠᠯᠬᠤᠮ ᠢᠶᠠᠷ ᠢᠵᠢ ᠪᠥᠷᠢᠳᠦᠭᠦᠯᠦᠨ ᠪᠠᠶᠢᠭᠤᠯᠵᠤ᠂ ᠲᠠᠭᠤ ᠭᠠᠷᠬᠤ ᠶᠢ ᠴᠠᠭᠠᠵᠠᠯᠠᠬᠤ᠂ ᠶᠠᠪᠤᠬᠤ ᠶᠢ | ᠬᠢᠵᠠᠭᠠᠷᠯᠠᠬᠤ᠂ ᠬᠤᠷᠳᠤᠴᠠ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠪᠠᠷᠢᠯᠭ᠎ᠠ ᠶᠢᠨ ᠠᠵᠢᠯ ᠤᠨ ᠱᠤᠤᠭᠢᠶᠠᠨ ᠤ ᠬᠠᠮᠢᠶᠠᠷᠤᠯᠲᠠ ᠶᠢ ᠴᠢᠩᠭᠠᠳᠬᠠᠨ᠂ ᠬᠤᠳᠠ ᠶᠢᠨ ᠪᠠᠷᠢᠯᠭ᠎ᠠ ᠶᠢᠨ ᠠᠵᠢᠯ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠯᠪᠠᠨ ᠵᠠᠷ ᠤᠨ ᠲᠥᠷᠢᠮ ᠢ ᠬᠡᠷᠡᠭᠵᠢᠭᠦᠯᠵᠦ᠂ ᠱᠤᠤᠭᠢᠶᠠᠨ ᠤ ᠠᠦ᠋ᠲ᠋ᠣ᠋ | ᠪᠠᠶᠢᠴᠠᠭᠠᠨ ᠬᠡᠮᠵᠢᠬᠦ ᠰᠢᠰᠲ᠋ᠧᠮ ᠤᠨ ᠪᠠᠷᠢᠯᠭ᠎ᠠ ᠶᠢᠨ ᠠᠵᠢᠯ ᠳᠤ ᠴᠠᠭ ᠲᠤᠬᠠᠶ ᠳᠤᠨᠢ ᠬᠢᠨᠠᠯᠲᠠ ᠲᠠᠯᠪᠢᠬᠤ ᠶᠢ | ᠲᠥᠯᠬᠢᠨ ᠠᠬᠢᠭᠤᠯᠤᠨ᠎ᠠ᠃ ᠨᠠᠮ ᠰᠡᠯᠡᠭᠦᠨ ᠲᠣᠭᠤᠷᠢᠭ ᠪᠠᠶᠢᠭᠤᠯᠬᠤ ᠶᠢ ᠵᠣᠷᠢᠭᠵᠢᠭᠤᠯᠤᠨ᠎ᠠ᠃ | 3. ᠬᠥᠷᠥᠰᠥ ᠰᠢᠷᠣᠶ ᠪᠠ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ | ᠬᠥᠷᠥᠰᠥ ᠰᠢᠷᠣᠶ ᠶᠢᠨ ᠠᠮᠢ ᠠᠬᠤᠶ ᠶᠢᠨ ᠣᠷᠴᠢᠨ ᠨᠥᠬᠦᠴᠡᠯ ᠤᠨ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ | ᠰᠡᠷᠭᠡᠶᠢᠯᠡᠨ ᠡᠵᠡᠮᠳᠡᠬᠦ ᠠᠵᠢᠯ ᠢ ᠪᠠᠲᠣᠲᠠᠢ ᠲᠦᠯᠬᠢᠨ ᠠᠬᠢᠭᠤᠯᠣᠨ᠎ᠠ᠃ ᠬᠥᠷᠥᠰᠥ ᠰᠢᠷᠣᠶ ᠶᠢᠨ ᠠᠮᠢ ᠠᠬᠤᠶ ᠶᠢᠨ | ᠣᠷᠴᠢᠨ ᠲᠣᠭᠤᠷᠢᠨ ᠤ ᠲᠦᠭᠰᠢᠭᠦᠷᠢ ᠶᠢ ᠣᠷᠣᠨ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ | ᠬᠠᠮᠢᠶᠠᠷᠤᠨ ᠡᠵᠡᠮᠳᠡᠬᠦ ᠣᠷᠣᠨ ᠢᠶᠠᠷ ᠵᠠᠭᠠᠭᠯᠠᠨ ᠲᠣᠭᠲᠠᠭᠠᠭᠰᠠᠨ ᠴᠢᠩᠭ᠎ᠠ ᠬᠠᠮᠢᠶᠠᠷᠤᠨ ᠡᠵᠡᠮᠳᠡᠬᠦ ᠲᠥᠷᠥᠯ ᠪᠠ ᠠᠮᠤᠷ | ᠲᠦᠪᠰᠢᠨ ᠢᠶᠠᠷ ᠠᠰᠢᠭᠯᠠᠬᠤ ᠲᠥᠷᠥᠯ ᠤᠨ ᠲᠠᠷᠢᠶᠠᠯᠠᠩ ᠳᠤ ᠬᠡᠷᠡᠭᠯᠡᠬᠦ ᠭᠠᠵᠠᠷ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠣᠪᠣᠭᠠᠯᠠᠨ ᠲᠠᠯᠪᠢᠬᠤ ᠪᠤᠶᠤ ᠪᠤᠯᠠᠬᠤ ᠳᠤ ᠬᠡᠷᠡᠭᠯᠡᠵᠦ ᠥᠩᠭᠡᠷᠡᠭᠰᠡᠨ ᠬᠡᠰᠡᠭ ᠭᠠᠵᠠᠷ᠂ ᠲᠦᠭᠰᠢᠭᠦᠷᠢ ᠶᠢ | ᠰᠢᠭᠰᠢᠨ ᠪᠠᠶᠢᠴᠠᠭᠠᠵᠤ ᠲᠣᠭᠲᠠᠭᠠᠭᠰᠠᠨ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠨ ᠬᠡᠰᠡᠭ ᠭᠠᠵᠠᠷ ᠢ ᠳᠡᠭᠡᠳᠦ | ᠬᠡᠮᠵᠢᠶ᠎ᠡ ᠪᠠᠷ ᠠᠩᠬᠠᠷᠴᠤ᠂ ᠪᠠᠶᠢᠴᠠᠭᠠᠨ ᠦᠨᠡᠯᠡᠬᠦ ᠶᠢᠨ ᠬᠠᠮᠲᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ | ᠰᠡᠷᠭᠦᠭᠡᠭᠰᠡᠨ ᠦᠷ᠎ᠡ ᠪᠦᠲᠦᠮᠵᠢ ᠳᠤ ᠦᠨᠡᠯᠡᠨ ᠵᠢᠱᠢᠯᠲᠡ ᠬᠢᠨ᠎ᠠ᠃ ᠡᠩ ᠲᠡᠷᠢᠭᠦᠨ ᠳᠤ ᠬᠠᠮᠠᠭᠠᠯᠠᠬᠤ ᠲᠦᠷᠦᠯ ᠢᠶᠠᠷ | ᠵᠠᠭᠠᠭᠯᠠᠨ ᠲᠣᠭᠲᠠᠭᠠᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠢ ᠴᠢᠩᠭ᠎ᠠ ᠬᠠᠮᠠᠭᠠᠯᠠᠵᠤ᠂ ᠲᠠᠯᠠᠪᠠᠢ ᠶᠢ ᠨᠢ ᠪᠠᠭᠠᠰᠬᠠᠬᠤ | ᠦᠭᠡᠢ᠂ ᠶᠠᠰᠤ ᠴᠢᠨᠠᠷ ᠢ ᠨᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠡᠩ ᠤᠨ ᠬᠠᠮᠢᠶᠠᠷᠤᠨ | ᠡᠵᠡᠮᠳᠡᠬᠦ ᠣᠷᠣᠨ ᠢᠶᠠᠷ ᠬᠤᠪᠢᠶᠠᠷᠢᠯᠠᠭᠰᠠᠨ ᠪᠤᠰᠤᠳ ᠣᠷᠣᠨ ᠪᠦᠰᠡ ᠳᠤ᠂ ᠣᠷᠣᠨ ᠪᠦᠰᠡ ᠶᠢᠨ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠨᠳᠦᠰᠦᠨ ᠱᠠᠭᠠᠷᠳᠠᠯᠭ᠎ᠠ ᠶᠢ ᠬᠡᠷᠡᠭᠵᠢᠭᠦᠯᠦᠨ᠎ᠡ᠃ ᠰᠢᠯᠢ ᠶᠢᠨ | ᠬᠤᠲᠠ ᠶᠢᠨ ᠯᠦ ᠳ᠋ᠢ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠦᠨᠳᠦ ᠲᠡᠮᠦᠷᠯᠢᠭ ᠤᠨ ᠪᠣᠬᠢᠷᠲᠤᠯ | ᠪᠣᠳᠠᠰ ᠭᠠᠳᠠᠭᠰᠢᠯᠠᠭᠤᠯᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ | ᠭᠤᠤᠯᠳᠠᠯᠭ᠎ᠠ ᠲᠠᠢ ᠬᠦᠨᠳᠦ ᠲᠡᠮᠦᠷᠯᠢᠭ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ | ᠵᠥᠪᠰᠢᠶᠡᠷᠡᠯ ᠢ ᠴᠢᠩᠳᠠᠯᠠᠨ᠎ᠠ᠃ | ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ | ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠡᠮᠬᠢ ᠵᠢᠷᠤᠮ ᠲᠠᠢ ᠪᠠᠷ ᠬᠡᠷᠡᠭᠵᠢᠭᠦᠯᠦᠨ᠎ᠡ᠃ ᠬᠥᠷᠥᠰᠥ ᠰᠢᠷᠣᠶ ᠶᠢᠨ | ᠣᠷᠴᠢᠨ ᠲᠣᠭᠤᠷᠢᠨ ᠤ ᠪᠠᠶᠢᠳᠠᠯ ᠢ ᠪᠠᠶᠢᠴᠠᠭᠠᠨ ᠦᠨᠡᠯᠡᠬᠦ ᠲᠦᠷᠢᠮ ᠢ ᠪᠠᠶᠢᠭᠤᠯᠤᠨ᠎ᠠ᠂ ᠵᠢᠱᠢᠶᠡᠯᠡᠪᠡᠯ ᠰᠢᠯᠢ ᠶᠢᠨ | ᠬᠤᠲᠠ ᠳᠤ ᠣᠷᠣᠰᠢᠵᠤ ᠪᠠᠶᠢᠭ᠎ᠠ ᠪᠣᠬᠢᠷᠲᠤᠯ ᠲᠠᠢ ᠭᠠᠵᠠᠷ ᠢ ᠥᠪᠡᠷᠲᠡᠭᠡᠨ ᠵᠠᠰᠠᠬᠤ ᠣᠷᠣᠨ ᠤ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠳᠡᠭᠡᠳᠦ ᠱᠠᠲᠤᠨ ᠤ ᠱᠠᠭᠠᠷᠳᠠᠯᠭ᠎ᠠ | ᠶᠣᠰᠣᠭᠠᠷ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ ᠤᠨ ᠵᠢᠭᠰᠠᠭᠠᠯᠲᠠ ᠶᠢᠨ ᠲᠦᠷᠢᠮ ᠢ | ᠪᠠᠶᠢᠭᠤᠯᠵᠤ᠂ ᠪᠣᠬᠢᠷᠲᠤᠯ ᠲᠠᠢ ᠭᠠᠵᠠᠷ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ | ᠴᠢᠩᠭᠠᠳᠬᠠᠨ᠎ᠠ᠃ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠭᠠᠵᠠᠷ ᠢ ᠣᠷᠣᠨ ᠰᠠᠭᠤᠴᠠ᠂ ᠤᠯᠠᠨ | ᠨᠡᠶᠢᠲᠡ ᠶᠢᠨ ᠬᠠᠮᠢᠶᠠᠷᠤᠯᠲᠠ ᠪᠠ ᠤᠯᠠᠨ ᠨᠡᠶᠢᠲᠡ ᠶᠢᠨ ᠦᠢᠯᠡᠴᠢᠯᠡᠭᠡ ᠳᠤ ᠬᠡᠷᠡᠭᠯᠡᠬᠦ ᠭᠠᠵᠠᠷ ᠪᠣᠯᠭᠠᠵᠤ ᠪᠣᠯᠬᠤ ᠦᠭᠡᠢ | ᠃ ᠭᠠᠵᠠᠷ ᠬᠡᠷᠡᠭᠯᠡᠬᠦ ᠶᠢ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠴᠢᠩᠳᠠᠯᠠᠵᠤ᠂ ᠭᠠᠵᠠᠷ ᠰᠢᠷᠣᠶ ᠶᠢᠨ | ᠬᠡᠷᠡᠭᠯᠡᠯᠲᠡ ᠶᠢ ᠵᠦᠢ ᠵᠣᠬᠢᠰᠲᠠᠶ ᠪᠠᠷ ᠲᠥᠯᠥᠪᠵᠢᠭᠦᠯᠦᠨ᠂ ᠨᠡᠭᠡᠭᠡᠨ ᠠᠰᠢᠭᠯᠠᠬᠤ ᠪᠠ ᠬᠡᠷᠡᠭᠯᠡᠬᠦ ᠴᠠᠭ ᠤᠨ | ᠳᠠᠷᠠᠭᠠᠯᠠᠯ ᠢ ᠵᠦᠢ ᠵᠣᠬᠢᠰᠲᠠᠶ ᠪᠠᠷ ᠲᠣᠭᠲᠠᠭᠠᠨ᠎ᠠ᠃ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠳᠠ | ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠠᠮᠢ ᠠᠬᠤᠶ ᠶᠢᠨ ᠣᠷᠴᠢᠨ ᠨᠥᠬᠦᠴᠡᠯ ᠵᠡᠷᠭᠡ ᠰᠠᠯᠠᠭ᠎ᠠ ᠮᠥᠴᠢᠷ ᠤᠨ | ᠮᠡᠳᠡᠭᠡ ᠵᠠᠩᠭᠢ ᠨᠡᠪᠲᠡᠷᠡᠯᠴᠡᠬᠦ ᠲᠣᠭᠲᠠᠴᠠ ᠶᠢ ᠴᠢᠩᠭᠠᠳᠬᠠᠵᠤ᠂ ᠬᠤᠯᠪᠣᠯᠳᠤᠭᠰᠠᠨ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠪᠣᠬᠢᠷᠲᠤᠭᠤᠯᠤᠭᠠᠳᠤᠶ ᠭᠠᠵᠠᠷ ᠰᠢᠷᠣᠶ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ | ᠰᠢᠨ᠎ᠡ ᠪᠠᠷ ᠨᠡᠮᠡᠭᠳᠡᠬᠦ ᠬᠥᠷᠥᠰᠥ ᠰᠢᠷᠣᠶ ᠶᠢᠨ ᠪᠣᠬᠢᠷᠲᠤᠯ ᠢ ᠴᠢᠩᠭ᠎ᠠ ᠬᠢᠵᠠᠭᠠᠷᠯᠠᠨ᠎ᠠ᠃ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠦᠷᠦᠯ ᠢᠯᠭᠠᠯ ᠤᠨ ᠨᠢᠭᠡᠴᠢ ᠶᠢᠨ ᠬᠠᠮᠢᠶᠠᠷᠤᠯᠲᠠ ᠪᠠ ᠠᠶᠤᠯᠭᠦᠶ | ᠠᠰᠢᠭᠯᠠᠯᠲᠠ ᠶᠢ ᠬᠡᠷᠡᠭᠵᠢᠭᠦᠯᠦᠨ᠎ᠡ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠨᠥᠭᠡᠴᠡᠯᠡᠬᠦ ᠣᠷᠣᠨ ᠤ | ᠡᠩ ᠲᠡᠷᠢᠭᠦᠨ ᠳᠤ ᠬᠠᠮᠠᠭᠠᠯᠠᠬᠤ ᠲᠥᠷᠥᠯ ᠤᠨ ᠲᠠᠷᠢᠶᠠᠨ ᠭᠠᠵᠠᠷ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ | ᠲᠠᠯᠠᠪᠠᠶ ᠶᠢ ᠪᠠᠭᠠᠰᠬᠠᠬᠤ ᠥᠬᠡᠶ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠪᠠᠭᠤᠷᠠᠭᠤᠯᠬᠤ | ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠮᠠᠯ ᠤᠨ ᠨᠠᠵᠠᠭᠠᠶ ᠲᠠᠯ᠎ᠠ ᠶᠢᠨ | ᠲᠣᠳᠣᠷᠬᠠᠶ ᠬᠠᠭᠤᠳᠠᠰᠤ ᠶᠢ ᠪᠠᠶᠢᠭᠤᠯᠵᠤ᠂ ᠲᠦᠷᠦᠯ ᠤᠨ ᠲᠠᠷᠢᠶᠠᠨ ᠭᠠᠵᠠᠷ ᠢ ᠴᠢᠩᠭ᠎ᠠ ᠬᠠᠮᠢᠶᠠᠷᠤᠨ ᠡᠵᠡᠮᠳᠡᠬᠦ᠂ | ᠣᠨᠴᠠ ᠲᠣᠭᠲᠠᠭᠠᠭᠰᠠᠨ ᠲᠠᠷᠢᠶᠠᠯᠠᠩ ᠤᠨ ᠪᠦᠲᠦᠭᠡᠭᠳᠡᠬᠦᠨ ᠢ ᠵᠠᠭᠠᠭᠯᠠᠨ ᠲᠣᠭᠲᠠᠭᠠᠬᠤ ᠳᠤ ᠴᠢᠭᠯᠡᠭᠦᠯᠦᠨ ᠴᠢᠩᠭ᠎ᠠ | ᠬᠠᠮᠢᠶᠠᠷᠤᠨ ᠡᠵᠡᠮᠳᠡᠬᠦ ᠣᠷᠣᠨ ᠪᠦᠰᠡ ᠶᠢ ᠲᠣᠭᠲᠠᠭᠠᠵᠤ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠢ ᠴᠢᠩᠭ᠎ᠠ | ᠲᠠᠷᠢᠵᠤ᠂ ᠲᠠᠷᠢᠮᠠᠯ ᠤᠨ ᠪᠦᠲᠦᠴᠡ ᠶᠢ ᠲᠣᠬᠢᠷᠠᠭᠤᠯᠬᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ | ᠪᠡᠯᠴᠢᠭᠡᠷ ᠢ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠠᠪᠬᠤ ᠶᠢ ᠵᠣᠷᠢᠭᠵᠢᠭᠤᠯᠵᠤ᠂ ᠲᠡᠭᠦᠨ ᠤ ᠠᠶᠤᠯᠭᠦᠶ | ᠠᠰᠢᠭᠯᠠᠯᠲᠠ ᠶᠢ ᠦᠨᠡᠨ ᠬᠦ ᠪᠠᠲᠤᠯᠠᠨ᠎ᠠ᠃ | ᠬᠥᠷᠥᠰᠥ ᠰᠢᠷᠣᠶ ᠪᠠ ᠭᠠᠵᠠᠷ ᠳᠣᠣᠷᠠᠬᠢ ᠤᠰᠤᠨ ᠤ ᠪᠣᠬᠢᠷᠲᠤᠯ ᠤᠨ ᠡᠬᠢ ᠰᠤᠷᠪᠤᠯᠵᠢ ᠶᠢ ᠬᠠᠮᠵᠢᠯᠴᠠᠨ ᠰᠡᠷᠭᠡᠶᠢᠯᠡᠨ | ᠡᠵᠡᠮᠳᠡᠬᠦ ᠶᠢ ᠴᠢᠩᠭᠠᠳᠬᠠᠨ᠎ᠠ᠃ ᠲᠠᠷᠢᠶᠠᠯᠠᠩ ᠤᠨ ᠤᠰᠤᠯᠠᠯᠲᠠ ᠶᠢᠨ ᠤᠰᠤ ᠲᠠᠲᠠᠬᠤ ᠤᠰᠤᠨ ᠤ ᠡᠬᠢ | ᠰᠤᠷᠪᠤᠯᠵᠢ ᠶᠢ ᠨᠢᠭᠡᠳᠦᠯᠲᠡᠶ ᠲᠥᠯᠥᠪᠵᠢᠭᠦᠯᠵᠦ᠂ ᠬᠢᠨᠠᠨ ᠬᠡᠮᠵᠢᠵᠦ ᠦᠨᠡᠯᠡᠨ ᠵᠢᠱᠢᠬᠦ ᠶᠢ ᠴᠢᠩᠭᠠᠳᠬᠠᠵᠤ᠂ | ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠤᠨ ᠭᠠᠵᠠᠷ ᠳᠣᠣᠷᠠᠬᠢ ᠤᠰᠤᠨ ᠤ ᠴᠢᠨᠠᠷ ᠲᠤ ᠦᠵᠡᠭᠦᠯᠬᠦ ᠨᠥᠯᠥᠭᠡ ᠶᠢ | ᠪᠠᠭᠠᠰᠬᠠᠨ᠎ᠠ᠃ ᠭᠠᠵᠠᠷ ᠳᠡᠭᠡᠷᠡᠬᠢ ᠤᠰᠤ᠂ ᠬᠥᠷᠥᠰᠥ ᠰᠢᠷᠣᠶ᠂ ᠭᠠᠵᠠᠷ ᠳᠣᠣᠷᠠᠬᠢ ᠤᠰᠤᠨ ᠤ ᠪᠣᠬᠢᠷᠲᠤᠯ ᠢ | ᠬᠠᠮᠵᠢᠯᠴᠠᠨ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠦᠨ᠎ᠡ᠃ ᠪᠣᠬᠢᠷ ᠤᠰᠤᠨ ᠤ ᠬᠤᠭᠤᠯᠠᠶ ᠲᠣᠤᠷ ᠤᠨ | ᠭᠤᠭᠤᠵᠢᠭᠰᠠᠨ ᠬᠤᠬᠢᠷᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠣᠬᠢᠷ ᠤᠰᠤ ᠬᠦᠨᠳᠦ ᠨᠡᠪᠴᠢᠵᠦ | ᠭᠤᠭᠤᠵᠢᠭᠰᠠᠨ ᠣᠷᠣᠨ ᠪᠦᠰᠡ ᠶᠢᠨ ᠤᠰᠤ ᠲᠠᠲᠠᠷᠠᠭᠤᠯᠬᠤ ᠬᠤᠭᠤᠯᠠᠶ ᠶᠢ ᠪᠥᠬᠦ ᠲᠠᠯ᠎ᠠ ᠪᠠᠷ ᠴᠡᠭᠴᠡᠯᠡᠵᠦ᠂ ᠪᠣᠬᠢᠷ | ᠤᠰᠤ ᠶᠢᠨ ᠬᠤᠭᠤᠯᠠᠶ ᠲᠣᠤᠷ ᠶᠢᠨ ᠭᠠᠵᠠᠷ ᠳᠣᠤᠷ᠎ᠠ ᠭᠤᠭᠤᠵᠢᠵᠣ ᠨᠡᠪᠴᠢᠬᠦ ᠶᠢ ᠪᠠᠭᠠᠰᠬᠠᠨ᠎ᠠ᠃ ᠬᠥᠷᠥᠰᠥ | ᠰᠢᠷᠣᠶ ᠶᠢᠨ ᠪᠠᠶᠢᠳᠠᠯ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠪᠠ ᠭᠠᠵᠠᠷ ᠳᠣᠤᠷᠠᠬᠢ ᠤᠰᠤᠨ ᠤ ︽ᠬᠤᠶᠠᠷ | ᠢᠷᠡᠯᠲᠡ ᠲᠠᠢ︾ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠭᠦᠢᠴᠡᠳ ᠠᠰᠢᠭᠯᠠᠨ᠂ ᠭᠠᠵᠠᠷ ᠳᠣᠤᠷᠠᠬᠢ | ᠤᠰᠤᠨ ᠤ ᠣᠷᠴᠢᠨ ᠲᠣᠭᠤᠷᠢᠨ ᠤ ᠠᠮᠤᠷ ᠲᠦᠪᠰᠢᠨ ᠢ ᠨᠥᠯᠥᠭᠡᠯᠡᠬᠦ ᠪᠣᠬᠢᠷᠲᠤᠯ ᠤᠨ ᠲᠠᠯᠠᠪᠤᠷ ᠤᠨ ᠬᠥᠷᠥᠰᠥ | ᠰᠢᠷᠣᠶ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ ᠴᠢᠩᠭᠠᠳᠬᠠᠵᠤ᠂ ᠭᠠᠵᠠᠷ ᠳᠣᠤᠷᠠᠬᠢ ᠤᠰᠤᠨ ᠤ ᠬᠢᠨᠠᠨ | ᠬᠡᠮᠵᠢᠯᠲᠡ ᠳᠤ ᠠᠵᠤ ᠦᠢᠯᠡᠳᠪᠦᠷᠢ ᠶᠢᠨ ᠰᠢᠨ᠎ᠡ ᠪᠠᠷ ᠨᠡᠮᠡᠭᠳᠡᠭᠰᠡᠨ ᠭᠠᠵᠠᠷ ᠳᠣᠣᠷᠠᠬᠢ ᠤᠰᠤ ᠶᠢ ᠲᠠᠲᠠᠵᠤ | ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠳᠠᠬᠢᠯᠳᠠ ᠤᠰᠤ ᠪᠠᠷ ᠤᠰᠤᠯᠠᠬᠤ ᠠᠵᠢᠯ ᠢ ᠵᠦᠢ ᠵᠣᠬᠢᠰᠲᠠᠶ ᠥᠷᠨᠢᠭᠦᠯᠦᠨ᠎ᠡ᠃ | ᠬᠥᠷᠥᠰᠥ ᠰᠢᠷᠣᠶ — ᠭᠠᠵᠠᠷ ᠳᠣᠤᠷᠠᠬᠢ ᠤᠰᠤᠨ ᠤ ᠪᠣᠬᠢᠷᠲᠤᠯ ᠢ ᠬᠠᠮᠵᠢᠯᠴᠠᠨ ᠰᠡᠷᠭᠡᠶᠢᠯᠡᠨ ᠵᠠᠰᠠᠬᠤ ᠶᠢ | ᠥᠷᠨᠢᠭᠦᠯᠦᠨ᠎ᠡ᠃ ᠬᠥᠷᠥᠰᠥ ᠰᠢᠷᠣᠶ᠂ ᠭᠠᠵᠠᠷ ᠳᠣᠤᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠣᠷᠴᠢᠨ ᠲᠣᠭᠤᠷᠢᠨ ᠤ | ᠬᠢᠨᠠᠯᠲᠠ ᠬᠠᠮᠢᠶᠠᠷᠤᠯᠲᠠ ᠶᠢᠨ ᠲᠣᠤᠷ ᠢ ᠭᠦᠢᠴᠡᠳ ᠠᠰᠢᠭᠯᠠᠨ᠂ ᠬᠥᠷᠥᠰᠥ ᠰᠢᠷᠣᠶ ᠪᠠ ᠭᠠᠵᠠᠷ ᠳᠣᠤᠷᠠᠬᠢ ᠤᠰᠤᠨ ᠤ | ᠣᠷᠴᠢᠨ ᠲᠣᠭᠤᠷᠢᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ | ᠴᠢᠩᠭᠠᠳᠬᠠᠨ᠎ᠠ᠃ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠶᠢ ᠬᠢᠨᠠᠨ ᠬᠡᠮᠵᠢᠵᠦ | ᠰᠡᠷᠡᠮᠵᠢᠯᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠭᠠᠵᠠᠷ ᠳᠣᠣᠷᠠᠬᠢ | ᠤᠰᠤ ᠶᠢ ᠨᠡᠭᠡᠭᠡᠨ ᠮᠠᠯᠲᠠᠬᠤ ᠣᠷᠣᠨ ᠳᠤ ᠤᠰᠤᠨ ᠲᠦᠪᠰᠢᠨ ᠬᠢᠭᠡᠳ ᠤᠰᠤᠨ ᠤ ᠬᠡᠮᠵᠢᠶ᠎ᠡ ᠶᠢ ᠬᠤᠣᠰ ᠢᠶᠠᠷ | ᠡᠵᠡᠮᠳᠡᠬᠦ ᠬᠠᠮᠢᠶᠠᠷᠤᠯᠲᠠ ᠶᠢ ᠬᠡᠷᠡᠭᠵᠢᠭᠦᠯᠵᠦ᠂ ᠭᠠᠵᠠᠷ ᠳᠣᠣᠷᠠᠬᠢ ᠤᠰᠤᠨ ᠤ ᠬᠡᠷᠡᠭᠴᠡᠭᠡ ᠶᠢ ᠬᠠᠮᠢᠶᠠᠷᠤᠨ | ᠡᠵᠡᠮᠳᠡᠬᠦ ᠶᠢ ᠬᠡᠷᠡᠭᠵᠢᠭᠦᠯᠦᠨ᠂ ᠤᠰᠤᠯᠠᠯᠲᠠ ᠶᠢᠨ ᠠᠷᠭ᠎ᠠ ᠮᠠᠶ᠋ᠢ ᠪᠣᠯᠤᠨ ᠤᠰᠤ ᠬᠡᠷᠡᠭᠯᠡᠬᠦ ᠤᠷᠠᠨ ᠳᠠᠷᠬ᠎ᠠ ᠶᠢ | ᠰᠢᠯᠢᠳᠡᠭᠵᠢᠭᠦᠯᠵᠦ᠂ ᠬᠡᠪ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ ᠨᠡᠮᠡᠭᠳᠡᠭᠦᠯᠦᠨ᠂ | ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢ ᠪᠠᠭᠠᠰᠬᠠᠨ᠎ᠠ᠃ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠨᠠᠷᠢᠯᠢᠭ ᠣᠨᠣᠴᠠᠲᠠᠶ ᠪᠠᠷ ᠬᠠᠮᠢᠶᠠᠷᠬᠤ ᠪᠠ ᠡᠬᠢ ᠡᠭᠦᠰᠦᠯ ᠠᠴᠠ ᠨᠢ | ᠬᠡᠮᠵᠢᠶ᠎ᠡ ᠶᠢ ᠪᠠᠭᠠᠰᠬᠠᠬᠤ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠪᠦᠷᠢᠯᠳᠦᠬᠦᠨ ᠢ ᠬᠡᠮᠵᠢᠨ ᠲᠣᠭᠲᠠᠭᠠᠬᠤ ᠪᠠ ᠲᠠᠰ ᠬᠤᠪᠢᠶᠠᠨ ᠴᠢᠨᠠᠷ ᠬᠤᠪᠢᠶᠠᠬᠤ ᠰᠤᠳᠤᠯᠭᠠᠨ ᠢ | ᠢᠳᠡᠪᠬᠢᠲᠡᠶ ᠥᠷᠨᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ ᠬᠠᠮᠢᠶᠠᠷᠤᠯᠲᠠ ᠶᠢᠨ | ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠲᠤ ᠨᠢᠭᠡᠳᠦᠯᠲᠡᠶ | ᠰᠢᠰᠲ᠋ᠧᠮᠵᠢᠭᠦᠯᠦᠨ ᠬᠠᠮᠢᠶᠠᠷᠬᠤ᠂ ᠲᠥᠪᠯᠡᠷᠡᠭᠦᠯᠦᠨ ᠰᠢᠢᠳᠪᠦᠷᠢᠯᠡᠬᠦ ᠶᠢ ᠬᠡᠷᠡᠭᠵᠢᠭᠦᠯᠵᠦ᠂ ᠨᠤᠨᠲᠠᠭ ᠨᠡᠭᠦᠷᠡᠰᠦᠨ ᠤ | ᠦᠨᠡᠰᠦ᠂ ᠬᠦᠬᠦᠷ ᠥᠬᠡᠶᠢᠳᠡᠭᠦᠯᠦᠭᠰᠡᠨ ᠵᠤᠭᠠᠩ᠂ ᠨᠡᠭᠦᠷᠡᠰᠦᠨ ᠴᠢᠯᠠᠭᠤ᠂ ᠲᠡᠮᠦᠷᠯᠢᠭ ᠤᠨ ᠬᠦᠳᠡᠷ ᠤᠨ ᠰᠢᠭᠠᠷᠤ | ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠨᠠᠷᠢᠯᠢᠭ ᠣᠨᠣᠴᠠᠲᠠᠶ ᠬᠠᠮᠢᠶᠠᠷᠤᠯᠲᠠ ᠶᠢ | ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠢ ᠪᠣᠯᠭᠠᠬᠤ ᠠᠵᠤ | ᠠᠬᠤᠶᠢᠯᠠᠯ ᠤᠨ ᠤᠷᠠᠨ ᠮᠡᠷᠭᠡᠰᠢᠯ ᠤᠨ ᠮᠡᠷᠭᠡᠵᠢᠯ ᠢ ᠰᠢᠯᠢᠳᠡᠭᠵᠢᠭᠦᠯᠵᠦ᠂ ᠡᠨᠧᠷᠭᠢ ᠶᠢᠨ ᠬᠤᠷᠣᠭᠳᠠᠯ ᠪᠠ ᠲᠦᠭᠦᠬᠡᠶ | ᠮᠠᠲ᠋ᠧᠷᠢᠶᠠᠯ ᠤᠨ ᠬᠤᠷᠣᠭᠳᠠᠯ ᠢ ᠪᠠᠭᠠᠰᠬᠠᠨ᠂ ᠠᠵᠤ ᠠᠬᠤᠶᠢᠯᠠᠯ ᠤᠨ ᠳᠣᠲᠣᠭᠠᠳᠤ ᠭᠠᠳᠠᠭᠠᠳᠤ ᠶᠢᠨ | ᠣᠷᠴᠢᠯᠳᠤᠭᠤᠯᠤᠨ ᠬᠡᠷᠡᠭᠯᠡᠬᠦ ᠪᠠ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠪᠤᠢ ᠪᠣᠯᠬᠤ ᠶᠢ ᠡᠬᠢ ᠰᠤᠷᠪᠤᠯᠵᠢ ᠠᠴᠠ ᠨᠢ ᠪᠠᠭᠠᠰᠬᠠᠨ᠎ᠠ᠃ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠤᠨᠲᠠᠭ | ᠨᠡᠭᠦᠷᠡᠰᠦᠨ ᠤ ᠦᠨᠡᠰᠦ᠂ ᠨᠡᠭᠦᠷᠡᠰᠦᠨ ᠴᠢᠯᠠᠭᠤ᠂ ᠬᠦᠬᠦᠷ ᠥᠬᠡᠶᠢᠳᠡᠭᠦᠯᠦᠭᠰᠡᠨ ᠵᠤᠭᠠᠩ ᠵᠡᠷᠭᠡ ᠶᠡᠭᠡ ᠬᠡᠮᠵᠢᠶᠡᠨ ᠤ | ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ | ᠠᠵᠢᠯ ᠲᠥᠷᠥᠯ ᠢ ᠬᠥᠭᠵᠢᠭᠦᠯᠵᠦ᠂ ᠡᠬᠢ ᠪᠠᠶᠠᠯᠢᠭᠵᠢᠭᠤᠯᠤᠨ ᠠᠰᠢᠭᠯᠠᠬᠤ ᠠᠷᠭ᠎ᠠ ᠵᠠᠮ ᠢ ᠥᠷᠭᠡᠳᠬᠡᠨ᠂ ᠬᠡᠲᠦ | ᠨᠠᠷᠢᠯᠢᠭ ᠨᠤᠨᠲᠠᠭ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠣᠨᠣᠭᠯᠠᠭᠠᠰᠤ᠂ ᠨᠤᠨᠲᠠᠭ ᠨᠡᠭᠦᠷᠡᠰᠦᠨ ᠤ ᠦᠨᠡᠰᠦᠨ | ᠲᠣᠭᠤᠰᠬ᠎ᠠ᠂ ᠰᠢᠲᠠᠭᠠᠨ ᠪᠠᠷᠢᠯᠳᠤᠭᠤᠯᠤᠭᠰᠠᠨ ᠨᠤᠨᠲᠠᠭ ᠨᠡᠭᠦᠷᠡᠰᠦᠨ ᠤ ᠦᠨᠡᠰᠦᠨ ᠸᠠᠭᠠᠷ ᠤᠨ ᠮᠥᠬᠦᠯᠢᠭ ᠵᠡᠷᠭᠡ | ᠰᠢᠨ᠎ᠡ ᠬᠡᠯᠪᠡᠷᠢ ᠶᠢᠨ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ | ᠳᠡᠯᠭᠡᠷᠡᠭᠦᠯᠦᠨ ᠪᠥᠲᠥᠭᠡᠨ ᠪᠠᠶᠢᠭᠤᠯᠵᠤ᠂ ᠲᠡᠮᠦᠷᠯᠢᠭ ᠤᠨ ᠠᠭᠤᠷᠬᠠᠶ ᠶᠢ ᠮᠠᠯᠲᠠᠵᠤ ᠰᠣᠩᠭᠤᠬᠤ ᠪᠠ ᠭᠠᠯ ᠤᠨ | ᠬᠦᠴᠦᠨ ᠢᠶᠠᠷ ᠴᠠᠬᠢᠯᠭᠠᠨ ᠭᠠᠷᠭᠠᠬᠤ ᠠᠵᠢᠯ ᠲᠥᠷᠥᠯ ᠠᠴᠠ ᠪᠣᠶ ᠪᠣᠯᠤᠭᠰᠠᠨ ᠨᠤᠨᠲᠠᠭ ᠨᠡᠭᠦᠷᠡᠰᠦᠨ ᠤ ᠦᠨᠡᠰᠦ᠂ | ᠪᠤᠰᠤᠳ ᠬᠠᠶᠠᠭᠳᠠᠮᠠᠯ ᠪᠣᠳᠠᠰ ᠵᠢᠴᠢ ᠦᠯᠡᠳᠡᠭᠳᠡᠯ ᠬᠦᠳᠡᠷ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠲᠡᠤᠬᠡ ᠶᠢᠨ ᠦᠯᠡᠳᠡᠭᠳᠡᠯ ᠤᠨ ᠬᠠᠳᠠᠭᠠᠯᠠᠭᠳᠠᠴᠠ ᠶᠢᠨ ᠬᠡᠮᠵᠢᠶ᠎ᠡ ᠶᠢ ᠭᠤᠤᠯᠳᠠᠯᠭ᠎ᠠ ᠲᠠᠢ ᠰᠢᠢᠳᠪᠦᠷᠢᠯᠡᠨ᠎ᠡ᠃ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠶᠢᠨ ᠲᠤᠬᠢᠷᠠᠭᠤᠯᠤᠯᠳᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠶᠢ ᠵᠦᠢ ᠵᠣᠬᠢᠰᠲᠠᠶ ᠪᠠᠶᠢᠷᠢᠰᠢᠭᠤᠯᠤᠨ᠎ᠠ᠃ | ᠰᠢᠯᠢ ᠶᠢᠨ ᠬᠤᠲᠠ ᠶᠢᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ | ᠶᠡᠷᠦᠩᠬᠡᠶᠢᠯᠡᠭᠰᠡᠨ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠲᠥᠷᠥᠯ ᠵᠦᠢᠯ ᠢ ᠠᠬᠢᠭᠤᠯᠵᠤ᠂ ᠰᠢᠯᠢ ᠶᠢᠨ | ᠬᠤᠲᠠ ᠳᠤ ᠵᠠᠭᠤᠨ ᠲᠦᠮᠡᠨ ᠲᠣᠨ ᠤ ᠲᠠᠰ ᠤᠨ ᠨᠤᠨᠲᠠᠭ ᠨᠡᠭᠦᠷᠡᠰᠦᠨ ᠤ ᠦᠨᠡᠰᠦ᠂ ᠬᠦᠬᠦᠷ ᠥᠬᠡᠶᠢᠳᠡᠭᠦᠯᠦᠭᠰᠡᠨ | ᠵᠤᠭᠠᠩ᠂ ᠬᠠᠶᠠᠭᠳᠠᠮᠠᠯ ᠰᠢᠭᠠᠷᠤ ᠬᠠᠶᠠᠭᠳᠠᠮᠠᠯ ᠡᠳ᠋ ᠵᠡᠷᠭᠡ ᠶᠢ ᠶᠡᠷᠦᠩᠬᠡᠶᠢᠯᠡᠨ ᠠᠰᠢᠭᠯᠠᠬᠤ ᠣᠷᠴᠢᠯ ᠠᠵᠤ | ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠳᠡᠭᠡᠳᠦ ᠲᠠᠰ ᠤᠨ ᠪᠠᠷᠢᠯᠭ᠎ᠠ ᠶᠢᠨ ᠮᠠᠲ᠋ᠧᠷᠢᠶᠠᠯ᠂ ᠳᠡᠭᠡᠳᠦ ᠲᠠᠰ ᠤᠨ | ᠪᠣᠭᠤᠳᠠᠯᠯᠠᠬᠤ ᠮᠠᠲ᠋ᠧᠷᠢᠶᠠᠯ᠂ ᠲᠠᠷᠢᠶᠠᠯᠠᠩ ᠤᠨ ᠪᠣᠷᠲᠣᠭᠤᠷ ᠵᠡᠷᠭᠡ ᠶᠢᠨ ᠨᠡᠮᠡᠯᠲᠡ ᠥᠷᠲᠡᠭ ᠢᠶᠠᠷ ᠥᠨᠳᠥᠷ᠂ ᠵᠠᠬ᠎ᠠ | ᠳᠡᠯᠭᠡᠭᠦᠷ ᠤᠨ ᠳᠠᠯᠳᠠ ᠬᠦᠴᠦᠨ ᠢᠶᠠᠷ ᠶᠡᠭᠡ ᠵᠡᠷᠭᠡ ᠰᠢᠨ᠎ᠡ ᠪᠠᠷ ᠬᠥᠭᠵᠢᠭᠰᠡᠨ ᠬᠦᠷᠢᠶ᠎ᠡ ᠴᠠᠷᠠᠭ᠎ᠠ ᠶᠢ ᠢᠳᠡᠪᠬᠢᠲᠡᠶ ᠪᠠᠷ | ᠥᠷᠭᠡᠳᠬᠡᠨ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠦᠢᠯᠡᠳᠦᠯ ᠲᠠᠢ ᠠᠵᠤ ᠦᠢᠯᠡᠳᠪᠦᠷᠢ ᠶᠢᠨ ᠶᠡᠭᠡ | ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠡᠳ᠋ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠰᠠᠭᠤᠷᠢᠨ | ᠭᠠᠵᠠᠷ ᠢ ᠪᠥᠲᠥᠭᠡᠨ ᠪᠠᠶᠢᠭᠤᠯᠤᠨ᠎ᠠ᠃ | 4 ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠨ᠎ᠠ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠤᠷᠬᠢᠯ ᠳᠤᠨᠢ ᠬᠦᠷᠭᠡᠬᠦ ᠠᠵᠢᠯᠯᠠᠭ᠎ᠠ ᠶᠢ ᠥᠷᠨᠢᠭᠦᠯᠦᠨ᠎ᠡ᠃ | ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠬᠠᠷᠠᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠰᠢᠯᠢ ᠶᠢᠨ | ᠬᠤᠲᠠ ᠶᠢᠨ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠠᠵᠢᠯ ᠤᠨ ᠲᠥᠯᠥᠪᠯᠡᠭᠡ ᠶᠢ ᠲᠣᠭᠲᠠᠭᠠᠨ᠎ᠠ᠃ ᠨᠢᠭᠡᠴᠢ | ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠤᠨ ᠡᠨᠧᠷᠭᠢ ᠶᠢᠨ ᠬᠤᠷᠣᠭᠳᠠᠯ ᠤᠨ ᠬᠠᠷᠠᠯᠲᠠ ᠶᠢᠨ | ᠬᠢᠵᠠᠭᠠᠷᠯᠠᠯ ᠢ ᠬᠡᠷᠡᠭᠵᠢᠭᠦᠯᠦᠨ᠎ᠡ᠃ ᠨᠡᠭᠦᠷᠡᠰᠦ ᠴᠠᠬᠢᠯᠭᠠᠨ᠂ ᠪᠠᠷᠢᠯᠭ᠎ᠠ ᠶᠢᠨ ᠮᠠᠲ᠋ᠧᠷᠢᠶᠠᠯ᠂ ᠢᠯᠴᠢ ᠶᠢᠨ ᠴᠠᠬᠢᠯᠭᠠᠨ ᠤ | ᠠᠵᠢᠯ ᠲᠥᠷᠥᠯ ᠤᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ | ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠰᠢᠯᠢ ᠶᠢᠨ ᠬᠤᠲᠠ ᠶᠢᠨ ᠴᠠᠬᠢᠯᠭᠠᠨ ᠭᠠᠷᠭᠠᠬᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠱᠧᠨ ᠬᠤᠸᠠ ᠶᠢᠨ ᠴᠠᠬᠢᠯᠭᠠᠨ ᠤ ᠱᠧᠩ ᠯᠢ ᠡᠨᠧᠷᠭᠢ ᠶᠢᠨ ᠬᠢᠵᠠᠭᠠᠷᠲᠤ ᠺᠣᠮᠫᠠᠨᠢ ᠵᠡᠷᠭᠡ | ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠡᠮᠬᠢ | ᠵᠢᠷᠤᠮ ᠲᠠᠢ ᠠᠬᠢᠭᠤᠯᠵᠤ᠂ ᠡᠨᠧᠷᠭᠢ ᠠᠷᠪᠢᠯᠠᠬᠤ᠂ ᠤᠰᠤ ᠠᠷᠪᠢᠯᠠᠬᠤ᠂ ᠮᠠᠲ᠋ᠧᠷᠢᠶᠠᠯ ᠠᠷᠪᠢᠯᠠᠬᠤ ᠵᠡᠷᠭᠡ ᠲᠡᠷᠢᠭᠦᠨ ᠤ | ᠮᠡᠷᠭᠡᠵᠢᠯ᠂ ᠲᠥᠬᠦᠭᠡᠷᠦᠮᠵᠢ ᠪᠠ ᠦᠢᠯᠡᠳᠬᠦᠨ ᠤ ᠬᠡᠷᠡᠭᠯᠡᠯᠲᠡ ᠶᠢ ᠵᠣᠷᠢᠭᠵᠢᠭᠤᠯᠤᠨ ᠳᠡᠮᠵᠢᠨ᠎ᠡ᠃ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠦᠷᠦᠯ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠬᠤᠷᠢᠶᠠᠨ ᠴᠤᠭᠯᠠᠭᠤᠯᠬᠤ᠂ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ ᠵᠢᠱᠢᠶ᠎ᠡ ᠦᠵᠡᠭᠦᠯᠬᠦ ᠢᠨᠵᠧᠨᠧᠷᠢᠩ | ᠥᠷᠨᠢᠭᠦᠯᠬᠦ ᠶᠢ ᠲᠦᠯᠬᠢᠨ ᠠᠬᠢᠭᠤᠯᠤᠨ᠎ᠠ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠠᠮ ᠬᠠᠷᠢᠯᠴᠠᠭ᠎ᠠ ᠶᠢ | ᠶᠡᠬᠡᠪᠡᠷ ᠬᠥᠭᠵᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠲᠣᠨᠣᠭᠯᠠᠯ ᠤᠨ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠤᠨ᠎ᠠ︔ ᠪᠣᠬᠢᠷᠲᠤᠯ ᠦᠭᠡᠢ ᠥᠨᠳᠥᠷ ᠪᠦᠲᠦᠮᠵᠢᠲᠡᠢ | ᠵᠠᠮ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠤᠨ᠎ᠠ︔ ᠴᠠᠬᠢᠯᠭᠠᠨ ᠴᠡᠨᠡᠭᠯᠡᠬᠦ ᠱᠣᠩ᠂ ᠴᠠᠬᠢᠯᠭᠠᠨ ᠥᠷᠲᠡᠭᠡ ᠰᠣᠯᠢᠬᠤ᠂ | ᠬᠡᠶ ᠨᠡᠮᠡᠬᠦ ᠥᠷᠲᠡᠭᠡ᠂ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠪᠣᠬᠢᠷᠲᠤᠯ ᠥᠬᠡᠶ ᠵᠠᠮ ᠬᠠᠷᠢᠯᠴᠠᠭᠠᠨ ᠤ ᠰᠠᠭᠤᠷᠢ | ᠪᠡᠯᠡᠳᠬᠡᠮᠵᠢ ᠶᠢ ᠲᠦᠷᠭᠡᠳᠬᠡᠨ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ | ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠠᠷᠭ᠎ᠠ ᠬᠦᠯᠡᠮᠵᠢ ᠶᠢᠨ ᠬᠡᠢ ᠪᠡᠶᠡᠲᠦ ᠶᠢᠨ | ᠭᠠᠳᠠᠭᠰᠢᠯᠠᠭᠤᠯᠤᠯᠲᠠ ᠶᠢ ᠪᠠᠭᠠᠰᠬᠠᠬᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠢᠭᠡᠳ ᠠᠭᠠᠷ | ᠮᠠᠨᠳᠠᠯ ᠤᠨ ᠪᠣᠬᠢᠷᠲᠤᠯ ᠪᠣᠳᠠᠰ ᠢ ᠰᠡᠷᠭᠡᠶᠢᠯᠡᠨ ᠵᠠᠰᠠᠬᠤ ᠠᠵᠢᠯ ᠤᠨ ᠠᠭᠤᠰᠤᠯᠴᠠᠯ ᠢ ᠠᠬᠢᠭᠤᠯᠤᠨ᠎ᠠ᠃ ᠠᠭᠠᠷ | ᠮᠠᠨᠳᠠᠯ ᠤᠨ ᠪᠣᠬᠢᠷᠲᠤᠯ ᠪᠣᠳᠠᠰ ᠪᠣᠯᠤᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢᠨ ᠬᠠᠮᠵᠢᠯᠴᠠᠬᠤ | ᠦᠢᠯᠡᠳᠦᠯ ᠪᠣᠯᠤᠨ ᠢᠵᠢᠯ ᠰᠤᠷᠪᠤᠯᠵᠢᠲᠤ ᠴᠢᠨᠠᠷ ᠢ ᠪᠣᠳᠣᠯᠬᠢᠯᠠᠵᠤ᠂ ᠬᠦᠯᠡᠮᠵᠢ ᠶᠢᠨ ᠬᠡᠢ ᠪᠡᠶᠡᠲᠦ ᠬᠢᠭᠡᠳ ᠠᠭᠠᠷ | ᠮᠠᠨᠳᠠᠯ ᠤᠨ ᠪᠣᠬᠢᠷᠲᠤᠯ ᠪᠣᠳᠠᠰ ᠢ ᠵᠣᠬᠢᠴᠠᠯᠳᠤᠭᠤᠯᠤᠨ ᠡᠵᠡᠮᠳᠡᠬᠦ ᠶᠢ ᠴᠢᠩᠭᠠᠳᠬᠠᠵᠤ᠂ ᠪᠦᠬᠦ ᠬᠤᠳᠠ ᠶᠢᠨ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠬᠢᠵᠠᠭᠠᠷᠯᠠᠬᠤ ᠲᠥᠰᠦᠯ ᠲᠠᠢ ᠤᠶᠠᠯᠳᠤᠭᠤᠯᠤᠨ᠂ | ᠦᠢᠯᠡᠳᠪᠦᠷᠢᠯᠡᠯ ᠤᠨ ᠭᠠᠳᠠᠭᠰᠢᠯᠠᠭᠤᠯᠤᠯᠲᠠ ᠶᠢᠨ ᠦᠵᠦᠭᠦᠷ ᠤᠨ ᠡᠨᠧᠷᠭᠢ ᠠᠷᠪᠢᠯᠠᠵᠤ ᠦᠷ᠎ᠡ ᠠᠰᠢᠭ ᠢ | ᠨᠡᠮᠡᠭᠳᠡᠭᠦᠯᠬᠦ ᠶᠢ ᠬᠠᠮᠢᠶᠠᠷᠤᠨ ᠡᠵᠡᠮᠳᠡᠬᠦ ᠪᠠ ᠦᠢᠯᠡᠳᠪᠦᠷᠢᠯᠡᠯ ᠤᠨ ᠶᠠᠪᠤᠴᠠ ᠳᠠᠬᠢ ᠠᠷᠢᠭᠤᠨ ᠴᠡᠪᠡᠷ | ᠦᠢᠯᠡᠳᠪᠦᠷᠢᠯᠡᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠶᠢᠨ ᠬᠠᠮᠲᠤ ᠠᠭᠠᠷ ᠤᠨ ᠶᠠᠰᠤ ᠴᠢᠨᠠᠷ ᠢ | ᠰᠠᠶᠢᠵᠢᠷᠠᠭᠤᠯᠬᠤ ᠪᠠ ᠬᠦᠯᠡᠮᠵᠢ ᠶᠢᠨ ᠬᠡᠢ ᠪᠡᠶᠡᠲᠦ ᠶᠢ ᠡᠵᠡᠮᠳᠡᠬᠦ ᠶᠢ ᠬᠠᠮᠵᠢᠯᠴᠠᠭᠤᠯᠬᠤ ᠲᠦᠷᠢᠮ ᠤᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠡᠨᠧᠷᠭᠢ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠪᠣᠯᠤᠨ ᠬᠦᠯᠡᠮᠵᠢ ᠶᠢᠨ ᠬᠡᠢ ᠪᠡᠶᠡᠲᠦ ᠶᠢᠨ | ᠭᠠᠳᠠᠭᠰᠢᠯᠠᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠡᠨᠧᠷᠭᠢ | ᠠᠷᠪᠢᠯᠠᠵᠤ ᠬᠤᠷᠣᠭᠳᠠᠯ ᠢ ᠪᠠᠭᠠᠰᠬᠠᠬᠤ ᠬᠥᠭᠵᠢᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ ᠪᠣᠬᠢᠷᠲᠤᠯ | ᠦᠭᠡᠶ ᠪᠠᠷ ᠬᠡᠯᠪᠡᠷᠢ ᠪᠠᠨ ᠬᠤᠪᠢᠷᠠᠭᠤᠯᠬᠤ ᠪᠠ ᠪᠣᠬᠢᠷᠲᠤᠯ ᠦᠭᠡᠶ ᠪᠠᠷ ᠦᠢᠯᠡᠳᠬᠦ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠥᠲᠥᠯᠥᠨ | ᠵᠢᠯᠣᠭᠤᠳᠴᠤ ᠠᠷᠢᠭᠤᠨ ᠴᠡᠪᠡᠷ ᠦᠢᠯᠡᠳᠪᠦᠷᠢᠯᠡᠯ ᠤᠨ ᠮᠡᠷᠭᠡᠵᠢᠯ ᠤᠨ ᠦᠭᠡᠷᠴᠢᠯᠡᠯᠲᠡ ᠬᠢᠵᠦ᠂ ᠴᠠᠬᠢᠯᠭᠠᠨ ᠬᠦᠴᠦᠨ᠂ | ᠬᠢᠮᠢ ᠶᠢᠨ ᠠᠵᠤ ᠦᠢᠯᠡᠳᠪᠦᠷᠢ ᠵᠡᠷᠭᠡ ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠬᠡᠮᠵᠢᠶ᠎ᠡ ᠶᠡᠬᠡᠲᠡᠶ ᠠᠵᠢᠯ ᠲᠦᠷᠦᠯ ᠤᠨ ᠠᠵᠤ ᠠᠬᠤᠶᠢᠯᠠᠯ ᠤᠨ ᠠᠷᠢᠭᠤᠨ ᠴᠡᠪᠡᠷ | ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠢ ᠲᠦᠯᠬᠢᠨ ᠠᠬᠢᠭᠤᠯᠬᠤ ᠳᠤ ᠴᠢᠭᠯᠡᠭᠦᠯᠦᠨ᠂ | ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠠᠵᠤ ᠦᠢᠯᠡᠰ ᠢ ᠬᠥᠭᠵᠢᠭᠦᠯᠵᠦ᠂ ᠡᠨᠧᠷᠭᠢ ᠠᠷᠪᠢᠯᠠᠵᠤ | ᠣᠷᠴᠢᠨ ᠠᠬᠤᠶ ᠶᠢ ᠬᠠᠮᠠᠭᠠᠯᠠᠬᠤ ᠲᠣᠨᠣᠭᠯᠠᠯ ᠦᠢᠯᠡᠳᠬᠦ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ | ᠦᠢᠯᠡᠳᠬᠦᠨ ᠤ ᠦᠢᠯᠡᠳᠪᠦᠷᠢᠯᠡᠯ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠦᠢᠯᠡᠴᠢᠯᠡᠭᠡ ᠵᠡᠷᠭᠡ | ᠬᠦᠷᠢᠶ᠎ᠡ ᠶᠢ ᠢᠳᠡᠪᠬᠢᠲᠡᠶ ᠪᠠᠷ ᠪᠠᠶᠢᠷᠢᠯᠠᠭᠤᠯᠵᠤ᠂ ᠤᠯᠠᠨ ᠠᠷᠭ᠎ᠠ ᠬᠡᠮᠵᠢᠶ᠎ᠡ ᠤᠯᠠᠨ ᠠᠷᠭ᠎ᠠ ᠵᠠᠮ ᠢᠶᠠᠷ ᠪᠦᠬᠦ ᠣᠷᠣᠨ | ᠪᠦᠰᠡ ᠶᠢᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠶᠢ ᠨᠠᠶᠢᠳᠠᠪᠤᠷᠢᠵᠢᠭᠤᠯᠤᠨ᠎ᠠ᠃ | | ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠭᠤᠯᠠ ᠤᠰᠤ | ᠣᠶ ᠲᠠᠷᠢᠶ᠎ᠠ ᠨᠠᠭᠤᠷ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ | ᠱᠠᠭᠠᠷᠳᠠᠯᠭ᠎ᠠ ᠶᠣᠰᠣᠭᠠᠷ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠵᠡᠷᠭᠡ ᠪᠠᠶᠢᠭᠠᠯᠢ ᠶᠢᠨ ᠣᠷᠣᠨ ᠵᠠᠶ ᠶᠢᠨ | ᠨᠡᠭᠦᠷᠡᠰᠦᠲᠥ᠋ᠷᠥᠭᠴᠢ ᠶᠢ ᠬᠤᠷᠠᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠮᠢ ᠠᠬᠤᠶ ᠶᠢᠨ | ᠬᠠᠮᠠᠭᠠᠯᠠᠯᠲᠠ ᠶᠢᠨ ᠪᠦᠰᠡ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠰᠤᠷᠪᠤᠯᠵᠢ ᠶᠢ ᠵᠠᠰᠠᠬᠤ᠂ | ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ᠂ ᠤᠢ ᠰᠢᠭᠤᠶ ᠶᠢ ᠠᠷᠠᠴᠢᠯᠠᠨ ᠪᠤᠶᠢᠵᠢᠭᠤᠯᠬᠤ᠂ | ᠠᠭᠤᠷᠬᠠᠶ ᠶᠢ ᠨᠣᠭᠤᠭᠠᠷᠠᠭᠤᠯᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠵᠡᠷᠭᠡ ᠤᠢ ᠰᠢᠭᠤᠶ ᠶᠢᠨ | ᠢᠨᠵᠧᠨᠧᠷᠢᠩ ᠢ ᠲᠦᠯᠬᠢᠨ ᠠᠬᠢᠭᠤᠯᠤᠨ᠎ᠠ᠃ ᠲᠠᠷᠢᠶᠠᠨ ᠭᠠᠵᠠᠷ ᠢ ᠪᠤᠶᠢᠵᠢᠭᠤᠯᠬᠤ ᠪᠠ ᠨᠡᠭᠦᠷᠡᠰᠦᠲᠥ᠋ᠷᠥᠭᠴᠢ ᠶᠢ | ᠬᠤᠷᠠᠭᠤᠯᠬᠤ ᠴᠢᠳᠠᠪᠤᠷᠢ ᠶᠢ ᠴᠢᠩᠭᠠᠷᠠᠭᠤᠯᠤᠨ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠳ ᠢ ᠵᠣᠷᠢᠭᠵᠢᠭᠤᠯᠤᠨ | ᠬᠥᠲᠥᠯᠦᠨ ᠵᠢᠯᠣᠭᠤᠳᠴᠤ ᠪᠠᠶᠢᠭᠠᠳ ᠣᠯᠠᠨ ᠠᠷᠭ᠎ᠠ ᠬᠡᠮᠵᠢᠶ᠎ᠡ ᠠᠪᠴᠤ ᠲᠠᠷᠢᠶᠠᠨ ᠭᠠᠵᠠᠷ ᠤᠨ ᠬᠥᠷᠥᠰᠥ ᠰᠢᠷᠣᠶ ᠶᠢ | ᠰᠠᠶᠢᠵᠢᠷᠠᠭᠤᠯᠵᠤ᠂ ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠣᠷᠭᠠᠨᠢᠭ ᠨᠡᠭᠦᠷᠡᠰᠦᠲᠥ᠋ᠷᠥᠭᠴᠢ ᠶᠢᠨ | ᠬᠠᠳᠠᠭᠠᠯᠠᠭᠳᠠᠴᠠ ᠶᠢ ᠳᠡᠭᠡᠭᠰᠢᠯᠡᠭᠦᠯᠦᠨ᠂ ᠮᠠᠯ ᠵᠢᠭᠦᠷᠲᠡᠨ ᠤ ᠪᠠᠭᠠᠰᠤ ᠰᠢᠭᠡᠰᠦ᠂ ᠰᠢᠭᠡᠭ ᠪᠣᠷᠲᠣᠭᠤᠷ ᠵᠡᠷᠭᠡ ᠶᠢ | ᠲᠠᠷᠢᠶᠠᠨ ᠭᠠᠵᠠᠷ ᠤᠨ ᠣᠷᠭᠠᠨᠢᠭ ᠪᠣᠷᠲᠣᠭᠤᠷ ᠪᠣᠯᠭᠠᠨ ᠬᠡᠷᠡᠭᠯᠡᠬᠦ ᠶᠢ ᠠᠬᠢᠭᠤᠯᠵᠤ᠂ ᠡᠰᠢ ᠰᠦᠷᠡᠯ ᠢ ᠲᠠᠷᠢᠶᠠᠨ | ᠭᠠᠵᠠᠷ ᠲᠤ ᠪᠤᠴᠠᠭᠠᠬᠤ᠂ ᠣᠯᠠᠨ ᠵᠦᠢᠯ ᠤᠨ ᠨᠣᠭᠤᠭᠠᠨ ᠪᠣᠷᠲᠣᠭᠤᠷ ᠣᠷᠣᠭᠤᠯᠬᠤ ᠵᠡᠷᠭᠡ ᠠᠷᠭ᠎ᠠ ᠮᠠᠶ᠋ᠢᠭ ᠢ | ᠰᠦᠪᠡᠭᠴᠢᠯᠡᠵᠦ᠂ ᠣᠯᠠᠨ ᠠᠷᠭ᠎ᠠ ᠵᠠᠮ ᠢᠶᠠᠷ ᠲᠠᠷᠢᠮᠠᠯ ᠤᠨ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ | ᠴᠢᠳᠠᠪᠤᠷᠢ ᠶᠢ ᠨᠡᠮᠡᠭᠳᠡᠭᠦᠯᠦᠨ᠎ᠡ᠃ | ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠴᠢᠳᠠᠮᠵᠢ ᠪᠠ | ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠬᠤᠲᠠ ᠶᠢᠨ ᠰᠠᠭᠤᠷᠢ ᠲᠥᠬᠦᠭᠡᠷᠦᠮᠵᠢ᠂ ᠲᠠᠷᠢᠶᠠᠯᠠᠩ ᠮᠠᠯ ᠠᠵᠤ | ᠠᠬᠤᠶ᠂ ᠣᠶ ᠰᠢᠭᠤᠶ᠂ ᠨᠤᠲᠤᠭ ᠪᠡᠯᠴᠢᠭᠡᠷ᠂ ᠤᠰᠤᠨ ᠤ ᠡᠬᠢ ᠪᠠᠶᠠᠯᠢᠭ ᠤᠨ ᠠᠭᠤᠷ ᠠᠮᠢᠰᠬᠤᠯ ᠤᠨ | ᠬᠤᠪᠢᠷᠠᠯᠲᠠ ᠳᠤ ᠵᠣᠬᠢᠴᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠷᠴᠢᠮᠵᠢᠭᠦᠯᠦᠭᠰᠡᠨ᠂ | ᠤᠶᠤᠨᠴᠢᠯᠠᠭᠰᠠᠨ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠬᠡᠯᠪᠡᠷᠢ ᠶᠢᠨ | ᠬᠤᠳᠠ ᠪᠠᠯᠭᠠᠰᠤᠵᠢᠯᠳᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠤᠰᠤ ᠬᠠᠩᠭᠠᠬᠤ ᠤᠰᠤ ᠵᠠᠯᠠᠬᠤ᠂ ᠵᠠᠮ | ᠬᠠᠷᠢᠯᠴᠠᠭ᠎ᠠ᠂ ᠡᠨᠧᠷᠭᠢ ᠶᠢᠨ ᠰᠤᠷᠪᠤᠯᠵᠢ᠂ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠵᠡᠷᠭᠡ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠤᠲᠠ | ᠪᠠᠯᠭᠠᠰᠤᠨ ᠤ ᠠᠮᠢ ᠨᠠᠰᠤᠨ ᠤ ᠱᠤᠭᠤᠮ ᠤᠨ ᠰᠢᠰᠲ᠋ᠧᠮ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠪᠠ ᠭᠠᠮᠰᠢᠭ ᠢ ᠡᠰᠡᠷᠭᠦᠴᠡᠬᠦ ᠲᠡᠰ ᠢ ᠳᠡᠭᠡᠭᠰᠢᠯᠡᠭᠦᠯᠵᠦ᠂ ᠬᠤᠲᠠ ᠪᠠᠯᠭᠠᠰᠤᠨ ᠤ | ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠠᠭᠤᠷ ᠠᠮᠢᠰᠬᠤᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠬᠠᠮᠠᠭᠠᠯᠠᠬᠤ | ᠪᠠᠷᠢᠮᠵᠢᠶ᠎ᠠ ᠶᠢ ᠳᠡᠭᠡᠭᠰᠢᠯᠡᠭᠦᠯᠦᠨ ᠰᠠᠶᠢᠵᠢᠷᠠᠭᠤᠯᠵᠤ᠂ ᠬᠤᠲᠠ ᠪᠠᠯᠭᠠᠰᠤᠨ ᠤ ᠦᠶᠡᠷ ᠢ ᠰᠡᠷᠭᠡᠶᠢᠯᠡᠵᠦ ᠤᠰᠤᠲᠤᠯ ᠢ | ᠵᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠬᠡᠲᠦ ᠠᠭᠤᠷ ᠠᠮᠢᠰᠬᠤᠯ ᠤᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠴᠢᠳᠠᠪᠤᠷᠢ ᠶᠢ ᠴᠢᠩᠭᠠᠷᠠᠭᠤᠯᠵᠤ᠂ ᠭᠠᠮᠰᠢᠭ ᠠᠴᠠ ᠵᠠᠶᠢᠯᠠᠬᠤ ᠪᠡᠯᠡᠳᠬᠡᠮᠵᠢ ᠪᠠ ᠲᠠᠯᠠᠪᠤᠷ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠤᠰᠬᠠᠶᠢᠵᠢᠭᠰᠠᠨ᠂ ᠠᠵᠢᠯ ᠮᠡᠷᠭᠡᠵᠢᠭᠰᠡᠨ ᠭᠠᠮᠰᠢᠭ ᠠᠴᠠ ᠠᠪᠤᠷᠠᠨ | ᠲᠤᠰᠠᠯᠠᠬᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠭᠤᠷ ᠠᠮᠢᠰᠬᠤᠯ ᠤᠨ ᠭᠠᠮᠰᠢᠭ ᠢ ᠬᠢᠨᠠᠨ | ᠬᠡᠮᠵᠢᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠭᠤᠷ ᠠᠮᠢᠰᠬᠤᠯ ᠤᠨ ᠭᠠᠮᠰᠢᠭ ᠢ | ᠤᠷᠢᠳᠴᠢᠯᠠᠨ ᠰᠡᠷᠡᠮᠵᠢᠯᠡᠭᠦᠯᠵᠦ ᠪᠠᠴᠢᠮ ᠪᠠᠶᠢᠳᠠᠯ ᠢ ᠠᠷᠭᠠᠴᠠᠬᠤ᠂ ᠲᠦᠷᠭᠡᠨ ᠲᠤᠰᠬᠠᠬᠤ ᠪᠠ ᠰᠢᠢᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ | 5. ᠠᠮᠢ ᠠᠬᠤᠶ ᠶᠢᠨ ᠣᠷᠴᠢᠨ ᠨᠥᠬᠦᠴᠡᠯ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠴᠢᠩᠳᠠᠯᠠᠨ᠎ᠠ | ᠣᠷᠴᠢᠨ ᠠᠬᠤᠶ ᠶᠢᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ | ᠰᠢᠰᠲ᠋ᠧᠮ ᠢ ᠪᠦᠷᠢᠨᠰᠢᠭᠦᠯᠦᠨ᠎ᠡ᠃ ᠣᠷᠴᠢᠨ ᠲᠣᠭᠤᠷᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠵᠢᠴᠢ | ᠰᠢᠯᠢ ᠶᠢᠨ ᠬᠤᠲᠠ ᠯᠤᠭ᠎ᠠ ᠬᠠᠷᠢᠯᠴᠠᠨ ᠵᠣᠬᠢᠴᠠᠯᠳᠤᠭᠰᠠᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠰᠢᠰᠲ᠋ᠧᠮᠵᠢ ᠶᠢ ᠬᠠᠶᠢᠨ ᠰᠦᠪᠡᠭᠴᠢᠯᠡᠵᠦ᠂ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ | ᠴᠢᠩᠭᠠᠷᠠᠭᠤᠯᠤᠨ᠎ᠠ᠃ ᠠᠮᠢ ᠠᠬᠤᠶ ᠶᠢᠨ ᠣᠷᠴᠢᠨ ᠨᠥᠬᠦᠴᠡᠯ ᠤᠨ ᠠᠶᠤᠯ ᠲᠦᠭᠰᠢᠭᠦᠷᠢ ᠶᠢ ᠬᠥᠳᠡᠯᠦᠩᠭᠦᠶ ᠪᠠᠷ | ᠦᠨᠡᠯᠡᠬᠦ ᠪᠠ ᠬᠠᠮᠢᠶᠠᠷᠤᠨ ᠡᠵᠡᠮᠳᠡᠬᠦ ᠲᠣᠭᠲᠠᠴᠠ ᠵᠢᠴᠢ ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠢ ᠠᠷᠭᠠᠴᠠᠬᠤ | ᠠᠵᠢᠯ ᠤᠨ ᠲᠣᠭᠲᠠᠴᠠ ᠶᠢ ᠪᠦᠷᠢᠨᠰᠢᠬᠦᠯᠦᠨ᠎ᠠ᠃ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢ ᠶᠢᠨ ᠬᠤᠲᠠ ᠶᠢᠨ ᠭᠠᠭᠴᠠ ᠮᠣᠳᠣ ᠶᠢᠨ ᠤᠰᠤᠨ | ᠰᠤᠷᠪᠤᠯᠵᠢ ᠶᠢᠨ ᠣᠷᠣᠨ ᠤ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠢᠩᠭᠠᠷᠠᠭᠤᠯᠤᠨ᠎ᠠ | ᠃ ᠠᠵᠤ ᠠᠬᠤᠶᠢᠯᠠᠯ ᠤᠨ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠡᠯᠧᠺᠲᠷᠤᠨᠴᠢᠯᠠᠨ ᠳᠠᠩᠰᠠᠯᠠᠬᠤ ᠶᠢ ᠬᠡᠷᠡᠭᠵᠢᠭᠦᠯᠵᠦ᠂ ᠲᠦᠭᠰᠢᠭᠦᠷᠢ ᠳᠤ ᠬᠤᠯᠪᠣᠭᠳᠠᠭᠰᠠᠨ ᠠᠵᠤ ᠠᠬᠤᠶᠢᠯᠠᠯ ᠢ | ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠠᠶᠤᠯᠲᠠᠶ | ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠵᠠᠮ ᠢᠶᠠᠷ ᠭᠤᠤᠯᠳᠠᠯᠭ᠎ᠠ ᠪᠣᠯᠭᠠᠵᠤ᠂ ᠣᠷᠴᠢᠨ ᠲᠣᠭᠤᠷᠢᠨ ᠤ | ᠲᠦᠭᠰᠢᠭᠦᠷᠢ ᠶᠢ ᠦᠨᠡᠯᠡᠨ ᠵᠢᠱᠢᠬᠦ ᠪᠠ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠬᠦ ᠶᠢ ᠴᠢᠩᠭᠠᠳᠬᠠᠨ᠎ᠠ᠃ ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢ ᠵᠠᠰᠠᠨ ᠨᠠᠶᠢᠷᠠᠭᠤᠯᠬᠤ ᠠᠵᠢᠯ ᠢ ᠪᠡᠶᠡᠯᠡᠭᠦᠯᠵᠦ᠂ ᠣᠷᠴᠢᠨ ᠠᠬᠤᠶ ᠶᠢᠨ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠪᠠ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠣᠷᠴᠢᠨ ᠠᠬᠤᠶ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠡᠩᠨᠡᠭᠡ᠂ ᠪᠠᠴᠢᠮ ᠪᠠᠶᠢᠳᠠᠯ ᠢ ᠠᠷᠭᠠᠴᠠᠬᠤ | ᠠᠪᠤᠷᠠᠨ ᠲᠤᠰᠠᠯᠠᠬᠤ ᠡᠩᠨᠡᠭᠡ᠂ ᠬᠡᠷ ᠪᠦᠯᠢ ᠶᠢᠨ ᠬᠥᠮᠥᠷᠭᠡ ᠶᠢᠨ ᠪᠠᠶᠢᠭᠤᠯᠤᠯᠲᠠ ᠶᠢ ᠠᠬᠢᠭᠤᠯᠤᠨ᠂ ᠪᠠᠴᠢᠮ | ᠪᠠᠶᠢᠳᠠᠯ ᠢ ᠠᠷᠭᠠᠴᠠᠬᠤ ᠬᠢᠨᠠᠨ ᠬᠡᠮᠵᠢᠬᠦ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ | ᠪᠠᠴᠢᠮ ᠪᠠᠶᠢᠳᠠᠯ ᠢ ᠠᠷᠭᠠᠴᠠᠬᠤ ᠬᠢᠨᠠᠨ ᠬᠡᠮᠵᠢᠬᠦ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠪᠣᠳᠠᠲᠤ ᠪᠠᠶᠢᠯᠳᠤᠭᠠᠨ ᠤ ᠴᠢᠳᠠᠪᠤᠷᠢ ᠪᠠᠨ ᠨᠡᠮᠡᠭᠳᠡᠭᠦᠯᠦᠨ᠎ᠡ᠃ ᠣᠷᠴᠢᠨ ᠲᠣᠭᠤᠷᠢᠨ ᠤ ᠪᠠᠴᠢᠮ ᠪᠠᠶᠢᠳᠠᠯ ᠢ | ᠠᠷᠭᠠᠴᠠᠬᠤ ᠡᠳ᠋ ᠪᠠᠷᠠᠭ᠎ᠠ ᠶᠢᠨ ᠪᠠᠲᠤᠯᠠᠭ᠎ᠠ ᠶᠢᠨ ᠳᠦᠷᠢᠮ ᠵᠢᠴᠢ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ | ᠲᠣᠬᠢᠷᠠᠭᠤᠯᠬᠤ ᠠᠵᠢᠯ ᠤᠨ ᠪᠠᠶᠢᠭᠤᠯᠣᠯ ᠪᠠᠶᠢᠭᠤᠯᠣᠨ ᠲᠡᠭᠦᠯᠳᠡᠷᠵᠢᠭᠦᠯᠦᠨ᠎ᠡ᠃ ᠣᠷᠴᠢᠨ ᠲᠣᠭᠤᠷᠢᠨ ᠤ ᠪᠠᠴᠢᠮ | ᠪᠠᠶᠢᠳᠠᠯ ᠢ ᠠᠷᠭᠠᠴᠠᠬᠤ ᠶᠢ ᠳᠠᠭᠠᠵᠤ ᠬᠢᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠪᠠᠴᠢᠮ | ᠪᠠᠶᠢᠳᠠᠯ ᠢ ᠠᠷᠭᠠᠴᠠᠬᠤ ᠶᠢ ᠳᠠᠭᠠᠵᠤ ᠬᠢᠬᠦ ᠴᠤᠪᠤᠷᠠᠯ ᠢ ᠵᠢᠷᠤᠮᠵᠢᠭᠤᠯᠤᠨ᠂ ᠣᠷᠴᠢᠨ ᠲᠣᠭᠤᠷᠢᠨ ᠤ ᠲᠦᠭᠰᠢᠭᠦᠷᠢ ᠶᠢ | ᠬᠢᠨᠠᠨ ᠡᠵᠡᠮᠳᠡᠬᠦ ᠪᠠ ᠪᠣᠬᠢᠷᠲᠤᠯ ᠢ ᠡᠵᠡᠮᠳᠡᠬᠦ ᠶᠢ ᠴᠢᠩᠭᠠᠳᠬᠠᠵᠤ᠂ ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠢ | ᠴᠠᠭ ᠲᠤᠬᠠᠢ ᠳᠤᠨᠢ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠨ᠎ᠡ᠃ | ᠠᠶᠤᠯᠲᠠᠶ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠠᠶᠤᠯᠲᠠᠶ ᠬᠠᠶᠠᠭᠳᠠᠮᠠᠯ ᠪᠣᠳᠠᠰ ᠤᠨ ᠪᠥᠬᠦ ᠶᠠᠪᠤᠴᠠ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠵᠦ᠂ ᠠᠶᠤᠯᠲᠠᠶ ᠬᠠᠶᠠᠭᠳᠠᠮᠠᠯ ᠪᠣᠳᠠᠰ ᠢ ᠬᠠᠤᠯᠢ ᠪᠤᠰᠤ ᠪᠠᠷ ᠰᠢᠯᠵᠢᠭᠦᠯᠬᠦ᠂ ᠴᠢᠳᠬᠤᠬᠤ᠂ ᠰᠢᠢᠳᠪᠦᠷᠢᠯᠡᠬᠦ | ᠵᠡᠷᠭᠡ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠡᠮᠴᠢᠯᠡᠭᠡᠨ ᠤ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠳᠣᠲᠣᠭᠠᠳᠤ ᠳᠠᠭᠠᠨ | ᠴᠤᠭᠯᠠᠭᠤᠯᠬᠤ ᠪᠠ ᠬᠠᠳᠠᠭᠠᠯᠠᠬᠤ ᠶᠢ ᠵᠢᠷᠤᠮᠵᠢᠭᠤᠯᠤᠨ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠴᠤᠭᠯᠠᠭᠤᠯᠵᠤ | ᠲᠡᠭᠡᠭᠡᠪᠦᠷᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠷᠢᠶᠠᠪᠠᠰᠤ ᠵᠣᠬᠢᠬᠤ | ᠭᠠᠵᠠᠷ ᠪᠦᠬᠦᠨ ᠢ ᠬᠤᠷᠢᠶᠠᠬᠤ ᠶᠢ ᠪᠡᠶᠡᠯᠡᠭᠦᠯᠦᠨ᠎ᠡ᠃ ᠠᠶᠤᠯᠲᠠᠶ ᠬᠠᠶᠠᠭᠳᠠᠮᠠᠯ ᠪᠣᠳᠠᠰ ᠤᠨ ᠡᠬᠡ ᠲᠠᠩᠰᠠ ᠶᠢᠨ | ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠨ ᠲᠦᠷᠢᠮ ᠢ | ᠴᠢᠩᠭ᠎ᠠ ᠬᠡᠷᠡᠭᠵᠢᠭᠦᠯᠦᠨ᠂ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠡᠳᠦᠷ ᠲᠤᠲᠤᠮ ᠤᠨ | ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ᠃ ᠠᠶᠤᠯᠲᠠᠶ ᠬᠠᠶᠠᠭᠳᠠᠮᠠᠯ ᠪᠣᠳᠠᠰ ᠭᠠᠷᠭᠠᠬᠤ ᠨᠢᠭᠡᠴᠡ ᠶᠢᠨ ᠬᠢᠨᠠᠯᠲᠠ | ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠶᠤᠯᠲᠠᠶ ᠬᠠᠶᠠᠭᠳᠠᠮᠠᠯ ᠪᠣᠳᠠᠰ ᠤᠨ | ᠬᠠᠮᠢᠶᠠᠷᠤᠯᠲᠠ ᠶᠢᠨ ᠤᠬᠠᠭᠤᠯᠭ᠎ᠠ ᠶᠢᠨ ᠠᠵᠢᠯ ᠢ ᠴᠢᠩᠭᠠᠷᠠᠭᠤᠯᠤᠨ᠂ ᠣᠷᠴᠢᠨ ᠲᠣᠭᠤᠷᠢᠨ ᠤ ᠠᠮᠤᠷ ᠲᠦᠪᠰᠢᠨ ᠢ | ᠦᠨᠡᠨᠬᠦ ᠪᠠᠲᠤᠯᠠᠬᠤ ᠬᠡᠷᠡᠭᠲᠡᠶ᠃ ᠬᠢᠵᠢᠭ ᠡᠭᠦᠰᠭᠡᠬᠦ ᠡᠮᠴᠢᠯᠡᠭᠡᠨ ᠤ ᠬᠠᠶᠠᠭᠳᠠᠮᠠᠯ ᠪᠣᠳᠠᠰ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠪᠠ ᠪᠡᠯᠡᠳᠬᠡᠮᠵᠢ ᠶᠢ ᠨᠥᠭᠡᠴᠡᠯᠡᠬᠦ ᠪᠠ ᠪᠥᠲᠥᠭᠡᠨ ᠪᠠᠶᠢᠭᠤᠯᠬᠤ ᠠᠵᠢᠯ ᠢ | ᠰᠠᠶᠢᠲᠤᠷ ᠬᠢᠬᠦ ᠬᠡᠷᠡᠭᠲᠡᠶ᠃ | ᠰᠠᠴᠤᠷᠠᠭ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠰᠠᠴᠤᠷᠠᠭ ᠤᠨ ᠠᠮᠤᠷ ᠲᠦᠪᠰᠢᠨ ᠤ | ᠵᠥᠪᠰᠢᠶᠡᠷᠡᠯ ᠤᠨ ᠦᠨᠡᠮᠯᠡᠯ ᠢ ᠨᠢᠭᠡᠨᠲᠡ ᠣᠯᠭᠤᠭᠰᠠᠨ ᠨᠢᠭᠡᠴᠡ ᠳᠤ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ | ᠪᠠᠶᠢᠴᠠᠭᠠᠵᠤ᠂ ᠬᠠᠶᠠᠭᠳᠠᠮᠠᠯ ᠰᠠᠴᠤᠷᠠᠭ ᠡᠭᠦᠰᠭᠡᠭᠴᠢ ᠶᠢ ᠰᠤᠯᠠ ᠪᠠᠶᠢᠯᠭᠠᠬᠤ᠂ ᠡᠭᠡᠭᠦᠯᠦᠨ ᠬᠤᠷᠢᠶᠠᠬᠤ ᠪᠠ ᠣᠨᠳᠣᠤ | ᠭᠠᠵᠠᠷ ᠲᠤ ᠬᠠᠳᠠᠭᠠᠯᠠᠬᠤ ᠶᠢ ᠵᠢᠷᠤᠮᠵᠢᠭᠤᠯᠤᠨ᠎ᠠ᠃ ᠰᠠᠴᠤᠷᠠᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ | ᠥᠷᠨᠢᠭᠦᠯᠦᠨ᠎ᠡ᠃ ᠰᠠᠴᠤᠷᠠᠭ ᠡᠭᠦᠰᠭᠡᠭᠴᠢ ᠶᠢᠨ ᠪᠦᠬᠦ ᠶᠠᠪᠤᠴᠠ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠴᠥᠮ᠎ᠡ ᠶᠢᠨ ᠪᠠ ᠰᠠᠴᠤᠷᠠᠭ ᠤᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠳᠤ ᠲᠦᠷᠭᠡᠪᠴᠢᠯᠡᠨ ᠵᠠᠰᠠᠪᠤᠷᠢ ᠣᠷᠣᠭᠤᠯᠵᠤ᠂ ᠰᠠᠴᠤᠷᠠᠭ ᠤᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠦᠨ᠎ᠡ᠃ ᠴᠠᠬᠢᠯᠭᠠᠨ ᠰᠣᠷᠢᠨᠵᠢᠨ ᠤ ᠰᠠᠴᠤᠷᠠᠯᠲᠠ ᠶᠢᠨ ᠪᠣᠬᠢᠷᠲᠤᠯ ᠢ ᠪᠦᠲᠦᠮᠵᠢᠲᠡᠶ ᠪᠠᠷ ᠬᠢᠵᠠᠭᠠᠷᠯᠠᠵᠤ᠂ | ᠴᠠᠬᠢᠯᠭᠠᠨ ᠰᠣᠷᠢᠨᠵᠢᠨ ᠤ ᠰᠠᠴᠤᠷᠠᠯᠲᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠲᠤ | ᠣᠷᠴᠢᠨ ᠠᠬᠤᠶ ᠶᠢᠨ ᠨᠥᠯᠥᠭᠡᠯᠡᠯ ᠢ ᠦᠨᠡᠯᠡᠬᠦ ᠪᠠ ︽ᠭᠤᠷᠪᠠ ᠶᠢ ᠬᠠᠮᠲᠤ ᠳᠤᠨᠢ ᠬᠢᠬᠦ︾ ᠲᠦᠷᠢᠮ ᠢ ᠴᠢᠩᠭ᠎ᠠ | ᠬᠡᠷᠡᠭᠵᠢᠭᠦᠯᠦᠨ᠎ᠡ᠃ ᠴᠠᠬᠢᠯᠭᠠᠨ ᠰᠣᠷᠢᠨᠵᠢᠨ ᠰᠠᠴᠤᠷᠠᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠵᠤ᠂ ︽ᠪᠣᠬᠢᠷᠲᠤᠯ ᠥᠬᠡᠶ ᠰᠠᠭᠤᠷᠢ ᠥᠷᠲᠡᠭᠡ︾ ︽ᠪᠣᠬᠢᠷᠲᠤᠯ ᠥᠬᠡᠶ | ᠬᠦᠴᠦᠳᠡᠯ ᠥᠭᠡᠷᠡᠴᠢᠯᠡᠬᠦ ᠥᠷᠲᠡᠭᠡ︾ ᠶᠢᠨ ᠪᠥᠲᠥᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠳᠡᠯᠭᠡᠷᠡᠭᠦᠯᠦᠨ᠎ᠡ | ᠃ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠰᠡᠷᠭᠡᠭ ᠲᠣᠭᠤᠷᠢᠭ ᠲᠤ ᠴᠠᠬᠢᠯᠭᠠᠨ ᠰᠣᠷᠢᠨᠵᠢᠨ | ᠰᠠᠴᠤᠷᠠᠯᠲᠠ ᠶᠢᠨ ᠠᠦ᠋ᠲ᠋ᠣ᠋ ᠪᠠᠶᠢᠴᠠᠭᠠᠨ ᠬᠡᠮᠵᠢᠬᠦ ᠰᠢᠰᠲ᠋ᠧᠮ ᠢ ᠪᠠᠶᠢᠭᠤᠯᠵᠤ᠂ ᠴᠠᠭ ᠲᠤᠬᠠᠶ ᠳᠤᠨᠢ ᠲᠤᠭ᠎ᠠ | ᠪᠠᠷᠢᠮᠲᠠ ᠶᠢ ᠢᠯᠡ ᠪᠣᠯᠭᠠᠨ᠎ᠠ᠃ | ᠭᠤᠣᠯᠳᠠᠯᠭ᠎ᠠ ᠲᠠᠢ ᠣᠷᠣᠨ ᠪᠦᠰᠡ ᠶᠢᠨ ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠨ᠎ᠠ᠃ ᠬᠦᠨᠳᠦ ᠲᠡᠮᠦᠷᠯᠢᠭ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ | ᠲᠣᠭᠤᠷᠢᠨ ᠳᠤ ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ ᠰᠢᠨ᠎ᠡ ᠪᠠᠷ ᠪᠠᠶᠢᠭᠤᠯᠤᠭᠰᠠᠨ ᠬᠦᠨᠳᠦ ᠲᠡᠮᠦᠷᠯᠢᠭ | ᠭᠠᠳᠠᠭᠰᠢᠯᠠᠭᠤᠯᠬᠤ ᠠᠵᠤ ᠠᠬᠤᠶᠢᠯᠠᠯ ᠤᠨ ᠠᠷᠢᠭᠤᠨ ᠴᠡᠪᠡᠷ ᠦᠢᠯᠡᠳᠪᠦᠷᠢᠯᠡᠬᠦ ᠬᠠᠮᠢᠶ᠎ᠠ ᠪᠥᠬᠦᠢ ᠭᠦᠢᠴᠡᠳᠬᠡᠬᠦ | ᠲᠤᠭ᠎ᠠ ᠶᠢ ᠡᠷᠬᠡᠪᠰᠢ ᠳᠡᠯᠡᠬᠡᠶ ᠶᠢᠨ ᠲᠡᠷᠢᠭᠦᠨ ᠤ ᠬᠢᠷᠢ ᠬᠡᠮᠵᠢᠶ᠎ᠡ ᠪᠣᠯᠤᠨ ᠣᠨᠴᠣᠭᠤᠶ ᠭᠠᠳᠠᠭᠰᠢᠯᠠᠭᠤᠯᠬᠤ ᠬᠢᠵᠠᠭᠠᠷ | ᠥᠷᠳᠡᠭ ᠳᠤ ᠬᠦᠷᠦᠭᠦᠯᠬᠦ ᠬᠡᠷᠡᠭᠲᠡᠶ᠃ ᠬᠦᠨᠳᠦ ᠠᠵᠤ ᠠᠬᠤᠶᠢᠯᠠᠯ ᠬᠢᠭᠡᠳ ᠬᠦᠨᠳᠦ ᠲᠡᠮᠦᠷᠯᠢᠭ ᠤᠨ ᠲᠡᠦᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠲᠠᠢ ᠭᠠᠵᠠᠷ ᠣᠷᠣᠨ ᠤ ᠣᠷᠴᠢᠨ ᠠᠬᠤᠶ ᠶᠢᠨ ᠶᠠᠰᠤ ᠴᠢᠨᠠᠷ ᠤᠨ ᠬᠢᠨᠠᠨ | ᠬᠡᠮᠵᠢᠯᠲᠡ ᠶᠢ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠦᠷᠦᠯ ᠤᠨ | ᠬᠦᠨᠳᠦ ᠲᠡᠮᠦᠷᠯᠢᠭ ᠤᠨ ᠪᠣᠬᠢᠷᠲᠤᠯ ᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ᠃ | ᠬᠠᠷ᠎ᠠ ᠲᠤᠭᠤᠯᠭ᠎ᠠ᠂ ᠮᠥᠩᠭᠦᠨ ᠤᠰᠤ᠂ ᠺᠠᠳ᠋ᠮᠢ᠂ ᠾᠷᠣᠮ᠂ ᠠᠷᠰᠧᠨ ᠵᠡᠷᠭᠡ ᠬᠦᠨᠳᠦ ᠲᠡᠮᠦᠷᠯᠢᠭ ᠤᠨ ᠪᠣᠬᠢᠷᠲᠤᠯ | ᠪᠣᠳᠠᠰ ᠲᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠭᠤᠣᠯ ᠮᠥᠷᠡᠨ ᠤ ᠤᠰᠤᠨ ᠴᠥᠭᠦᠷᠥᠮ᠂ | ᠤᠰᠤᠨ ᠰᠤᠷᠪᠤᠯᠵᠢ ᠶᠢᠨ ᠭᠠᠵᠠᠷ᠂ ᠲᠠᠷᠢᠶᠠᠨ ᠭᠠᠵᠠᠷ ᠵᠡᠷᠭᠡ ᠣᠷᠴᠢᠨ ᠠᠬᠤᠶ ᠶᠢᠨ ᠰᠡᠷᠭᠡᠭ ᠣᠷᠣᠨ ᠤ ᠡᠷᠬᠢᠨ | ᠲᠣᠭᠤᠷᠢᠨ ᠤ ᠬᠦᠨᠳᠦ ᠲᠡᠮᠦᠷᠯᠢᠭ ᠲᠤ ᠬᠤᠯᠪᠣᠭᠳᠠᠬᠤ ᠠᠵᠤ ᠠᠬᠤᠶᠢᠯᠠᠯ ᠤᠨ ᠪᠣᠬᠢᠷᠲᠤᠯ ᠢ ᠵᠠᠰᠠᠬᠤ ᠠᠵᠢᠯ ᠢ | ᠭᠦᠨᠵᠡᠭᠡᠶ ᠲᠦᠯᠬᠢᠨ ᠠᠬᠢᠭᠤᠯᠤᠨ᠎ᠠ᠃ | ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠠᠵᠢᠯ ᠢ ᠴᠢᠩᠭᠠᠳᠬᠠᠨ᠎ᠠ᠃ ᠳᠣᠲᠣᠭᠠᠳᠤ | ᠰᠢᠭᠦᠷᠡᠯ ᠤᠨ ᠬᠠᠷᠰᠢᠯᠠᠬᠤ ᠪᠣᠳᠠᠰ᠂ ᠨᠢᠶᠠᠨ ᠳᠠᠷᠤᠭᠴᠢ᠂ ᠪᠦᠷᠢᠨ ᠹᠯᠣᠷᠲᠤ ᠨᠢᠭᠡᠳᠪᠦᠷᠢ ᠵᠡᠷᠭᠡ ᠬᠤᠤᠷ | ᠬᠥᠨᠥᠭᠡᠯ ᠲᠠᠢ ᠬᠢᠮᠢ ᠶᠢᠨ ᠪᠣᠳᠠᠰ ᠢᠶᠠᠷ ᠪᠠᠶᠢᠴᠠᠭᠠᠭᠳᠠᠬᠤ ᠡᠲᠡᠭᠡᠳ ᠢᠶᠠᠨ ᠪᠣᠯᠭᠠᠵᠤ᠂ ᠬᠤᠤᠷ ᠬᠥᠨᠥᠭᠡᠯ ᠲᠠᠢ | ᠬᠢᠮᠢ ᠶᠢᠨ ᠪᠣᠳᠠᠰ ᠤᠨ ᠣᠷᠴᠢᠨ ᠲᠣᠭᠤᠷᠢᠨ ᠢ ᠪᠠᠶᠢᠴᠠᠭᠠᠨ ᠰᠢᠨᠵᠢᠬᠦ ᠪᠠ ᠣᠷᠴᠢᠨ ᠲᠣᠭᠤᠷᠢᠨ ᠤ ᠲᠦᠭᠰᠢᠭᠦᠷᠢ ᠶᠢ | ᠦᠨᠡᠯᠡᠨ ᠵᠢᠱᠢᠬᠦ ᠶᠢ ᠥᠷᠨᠢᠭᠦᠯᠦᠨ᠎ᠡ᠃ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ | ᠳᠡᠩᠰᠡᠯᠡᠯᠲᠡ ᠶᠢ ᠴᠢᠩᠭᠠᠳᠬᠠᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ︽ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠣᠭᠤᠳᠬᠤ | ᠭᠠᠷᠴᠠᠭ︾ ᠲᠠᠬᠢ ᠬᠤᠤᠷ ᠬᠥᠨᠥᠭᠡᠯ ᠲᠠᠢ ᠬᠢᠮᠢ ᠶᠢᠨ ᠪᠣᠳᠠᠰ ᠢ ᠰᠢᠭᠰᠢᠭᠳᠡᠭᠦᠯᠬᠦ ᠪᠠ ᠬᠢᠵᠠᠭᠠᠷᠯᠠᠬᠤ ᠠᠷᠭ᠎ᠠ | ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠣᠷᠣᠯᠠᠬᠤ ᠡᠳ᠋ ᠪᠠ ᠣᠷᠣᠯᠠᠬᠤ | ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠷᠠᠭᠤᠯᠤᠨ᠎ᠠ᠃ ᠦᠢᠯᠡᠳᠬᠦᠨ ᠤ ᠶᠠᠰᠤ ᠴᠢᠨᠠᠷ ᠤᠨ ᠪᠠᠷᠢᠮᠵᠢᠶ᠎ᠠ ᠳᠠᠬᠢ | ᠬᠤᠣᠷ ᠲᠠᠢ ᠬᠥᠨᠥᠭᠡᠯ ᠲᠠᠢ ᠬᠢᠮᠢ ᠶᠢᠨ ᠪᠣᠳᠠᠰ ᠤᠨ ᠠᠭᠤᠯᠤᠭᠳᠠᠴᠠ ᠶᠢᠨ ᠬᠢᠵᠠᠭᠠᠷ ᠬᠡᠮᠵᠢᠭᠳᠡᠯ ᠢ ᠴᠢᠩᠭ᠎ᠠ | ᠬᠡᠷᠡᠭᠵᠢᠭᠦᠯᠦᠨ᠎ᠡ᠃ ᠬᠤᠣᠷ ᠲᠠᠢ ᠬᠥᠨᠥᠭᠡᠯ ᠲᠠᠢ ᠬᠢᠮᠢ ᠶᠢᠨ ᠪᠣᠳᠠᠰ ᠢ ᠬᠡᠷᠡᠭᠯᠡᠭᠰᠡᠨ ᠪᠤᠶᠤ ᠦᠢᠯᠡᠳᠪᠦᠷᠢᠯᠡᠬᠦ | ᠶᠠᠪᠤᠴᠠ ᠳᠤ ᠰᠢᠨ᠎ᠡ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠠᠵᠤ ᠠᠬᠤᠶᠢᠯᠠᠯ ᠳᠤ ᠠᠷᠢᠭᠤᠨ ᠴᠡᠪᠡᠷ | ᠦᠢᠯᠡᠳᠪᠦᠷᠢᠯᠡᠯ ᠤᠨ ᠠᠯᠪᠠᠳᠠᠯᠭ᠎ᠠ ᠶᠢᠨ ᠴᠢᠨᠠᠷᠲᠠᠶ ᠬᠢᠨᠠᠨ ᠬᠠᠷᠭᠤᠭᠤᠯᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | | ᠭᠤᠷᠪᠠᠳᠤᠭᠠᠷ ᠬᠡᠰᠡᠭ ᠠᠮᠢ ᠠᠬᠤᠶ ᠶᠢᠨ ᠣᠷᠣᠨ ᠵᠠᠶ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠤᠮᠠᠷᠠᠲᠤ | ᠬᠢᠯᠢ ᠶᠢᠨ ᠠᠮᠢ ᠠᠬᠤᠶ ᠶᠢᠨ ᠬᠠᠯᠬᠠᠪᠴᠢ ᠶᠢ ᠪᠠᠬᠢᠵᠢᠭᠦᠯᠦᠨ᠎ᠡ | 1. ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠰᠢᠨᠵᠢᠯᠡᠬᠦ | ᠤᠬᠠᠭᠠᠨᠴᠢ ᠪᠠᠷ ᠬᠠᠮᠢᠶᠠᠷᠣᠨ ᠡᠵᠡᠮᠳᠡᠨ᠎ᠡ᠃ | ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠨ᠎ᠠ᠃ ︽ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠪᠠᠶᠢᠭᠠᠯᠢ ᠶᠢᠨ ᠡᠬᠢ | ᠪᠠᠶᠠᠯᠢᠭ ᠤᠨ ᠶᠠᠮᠤᠨ ᠠᠮᠢ ᠠᠬᠤᠶ ᠶᠢᠨ ᠣᠷᠴᠢᠨ ᠨᠥᠬᠦᠴᠡᠯ ᠤᠨ ᠶᠠᠮᠤᠨ ᠤᠯᠤᠰ ᠤᠨ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ ︵ᠲᠤᠷᠰᠢᠨ ᠬᠡᠷᠡᠭᠵᠢᠭᠦᠯᠬᠦ︶ ᠪᠠᠶᠢᠭᠠᠯᠢ ᠶᠢᠨ ᠡᠬᠢ ᠪᠠᠶᠠᠯᠢᠭ ᠤᠨ ᠶᠠᠮᠣᠨ | ᠲᠠᠷᠬᠠᠭᠠᠭᠰᠠᠨ ﹇2022﹈ 142 ᠳ᠋ᠤᠭᠠᠷ ᠲᠣᠭᠠᠲᠤ︶ ᠪᠠ ︽ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠤᠨ ᠳᠣᠲᠣᠷ᠎ᠠ ᠬᠢᠵᠠᠭᠠᠷᠲᠠᠢ ᠲᠣᠭᠠᠨ ᠤ ᠬᠥᠮᠦᠨ ᠤ ᠠᠵᠢᠯᠯᠠᠭ᠎ᠠ ᠶᠢ ᠵᠥᠪᠰᠢᠶᠡᠷᠡᠬᠦ ᠶᠢ ᠮᠠᠭᠠᠳᠯᠠᠨ | ᠲᠣᠭᠲᠠᠭᠠᠬᠤ ᠪᠠ ᠤᠯᠤᠰ ᠤᠨ ᠴᠢᠬᠤᠯᠠ ᠶᠡᠭᠡ ᠵᠦᠢᠯᠡᠰ ᠤᠨ ᠡᠵᠡᠯᠡᠨ ᠬᠡᠷᠡᠭᠯᠡᠬᠦ ᠬᠤᠯᠪᠣᠭᠳᠠᠯ ᠪᠦᠬᠦᠢ ᠵᠦᠢᠯᠡᠰ ᠤᠨ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠲᠢᠩᠬᠢᠮ ᠥᠪᠡᠷᠲᠡᠭᠡᠨ ᠵᠠᠰᠠᠬᠤ | ᠣᠷᠣᠨ ᠤ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ ︵ᠲᠤᠷᠰᠢᠨ ᠬᠡᠷᠡᠭᠵᠢᠭᠦᠯᠬᠦ︶ ︵ | ᠥᠪᠥᠷ ᠪᠠᠶᠢᠭᠠᠯᠢ ᠶᠢᠨ ᠡᠬᠢ ᠪᠠᠶᠠᠯᠢᠭ ᠤᠨ ᠲᠠᠩᠬᠢᠮ ᠲᠠᠷᠬᠠᠭᠠᠭᠰᠠᠨ ﹇2023﹈ 7 ᠳ᠋ᠤᠭᠠᠷ ᠲᠣᠭᠠᠲᠤ︶︾ | ᠪᠢᠴᠢᠭ ᠮᠠᠲ᠋ᠧᠷᠢᠶᠠᠯ ᠵᠢᠴᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠬᠢᠭᠡᠳ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠣᠷᠣᠨ ᠪᠠᠶᠢᠷᠢ ᠶᠢᠨ | ᠬᠠᠷᠢᠴᠠᠭ᠎ᠠ ᠪᠠ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠢ ᠡᠵᠡᠯᠡᠨ ᠬᠡᠷᠡᠭᠯᠡᠬᠦ ᠳᠤ ᠵᠥᠪᠰᠢᠶᠡᠷᠡᠨ ᠣᠷᠣᠭᠤᠯᠬᠤ ᠨᠥᠬᠦᠴᠡᠯ ᠳᠤ ᠨᠡᠶᠢᠴᠡᠬᠦ ᠡᠰᠡᠬᠦ ᠶᠢ ᠴᠢᠩᠭ᠎ᠠ ᠬᠢᠨᠠᠨ | ᠪᠠᠶᠢᠴᠠᠭᠠᠨ᠎ᠠ᠃ 2021 ᠣᠨ ᠳᠤ ᠰᠢᠯᠢ ᠶᠢᠨ ᠬᠤᠲᠠ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠤᠨ ᠲᠠᠯᠠᠪᠠᠶ ᠨᠢ 7019.9 km2 ᠪᠠᠶᠢᠵᠤ᠂ 2025 ᠣᠨ ᠪᠣᠯᠬᠤ ᠳᠤ᠂ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠠᠮᠢ ᠠᠬᠤᠶ ᠶᠢᠨ ᠴᠢᠳᠠᠮᠵᠢ ᠶᠢ ᠪᠠᠭᠤᠷᠠᠭᠤᠯᠬᠤ ᠥᠬᠡᠶ᠂ ᠲᠠᠯᠠᠪᠠᠶ ᠶᠢ | ᠪᠠᠭᠠᠰᠬᠠᠬᠤ ᠥᠬᠡᠶ᠂ ᠰᠢᠨᠵᠢ ᠴᠢᠨᠠᠷ ᠢ ᠬᠤᠪᠢᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠬᠦ ᠶᠢ ᠰᠢᠯᠢᠳᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ᠂ ᠠᠶᠢᠮᠠᠭ ᠠᠴᠠ ᠰᠢᠯᠢ ᠶᠢᠨ ᠬᠤᠲᠠ ᠶᠢᠨ ᠭᠤᠤᠯ ᠴᠣᠭᠴᠠ ᠶᠢᠨ ᠴᠢᠳᠠᠮᠵᠢᠳᠤ | ᠣᠷᠣᠨ ᠤ ᠪᠠᠶᠢᠷᠢ ᠲᠣᠭᠲᠠᠭᠠᠯᠲᠠ ᠶᠢ ᠦᠨᠳᠦᠰᠦᠯᠡᠨ᠂ ︽ᠭᠤᠷᠪᠠᠨ ᠣᠷᠣᠨ ᠭᠤᠷᠪᠠᠨ ᠱᠤᠭᠤᠮ︾ ᠢᠶᠠᠷ ᠠᠵᠤ | ᠠᠬᠤᠶ ᠶᠢᠨ ᠪᠦᠲᠦᠴᠡ ᠶᠢ ᠳᠣᠭᠢᠷᠠᠭᠤᠯᠬᠤ᠂ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠬᠦ᠂ ᠬᠤᠲᠠ | ᠪᠠᠯᠭᠠᠰᠤᠵᠢᠯᠲᠠ ᠶᠢ ᠳᠥᠯᠭᠢᠨ ᠠᠬᠢᠭᠤᠯᠬᠤ ᠳᠤ ᠳᠠᠪᠠᠵᠤ ᠪᠣᠯᠤᠰᠢ ᠥᠬᠡᠶ ᠤᠯᠠᠭᠠᠨ ᠱᠤᠭᠤᠮ ᠪᠣᠯᠭᠠᠬᠤ ᠶᠢ | ᠪᠠᠷᠢᠮᠲᠠᠯᠠᠵᠤ᠂ ᠠᠮᠢ ᠠᠬᠤᠶ ᠶᠢᠨ ᠴᠢᠳᠠᠮᠵᠢᠳᠤ ᠣᠷᠣᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠭᠤᠤᠯ ᠭᠠᠷᠤᠯᠲᠠ ᠶᠢᠨ ᠣᠷᠣᠨ᠂ ᠬᠤᠲᠠ ᠪᠠᠯᠭᠠᠰᠤᠵᠢᠯᠲᠠ ᠶᠢᠨ ᠭᠠᠵᠠᠷ ᠣᠷᠣᠨ ᠵᠡᠷᠭᠡ | ᠭᠤᠷᠪᠠᠨ ᠶᠡᠭᠡ ᠣᠷᠣᠨ ᠵᠠᠶ ᠶᠢᠨ ᠪᠠᠶᠢᠷᠢᠰᠢᠯ ᠢ ᠪᠥᠬᠦ ᠲᠠᠯ᠎ᠠ ᠪᠠᠷ ᠲᠣᠳᠣᠷᠬᠠᠶᠢᠯᠠᠨ᠎ᠠ᠃ ᠲᠠᠷᠢᠶᠠᠯᠠᠩ ᠤᠨ | ᠦᠢᠯᠡᠳᠪᠦᠷᠢᠯᠡᠯ ᠤᠨ ᠣᠷᠣᠨ ᠵᠠᠶ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠣᠷᠣᠨ ᠵᠠᠶ᠂ ᠠᠮᠢ | ᠠᠬᠤᠶ ᠶᠢᠨ ᠬᠠᠮᠠᠭᠠᠯᠠᠯᠲᠠ ᠶᠢᠨ ᠣᠷᠣᠨ ᠵᠠᠶ ᠶᠢ ᠵᠣᠬᠢᠴᠠᠯᠳᠤᠭᠤᠯᠤᠨ ᠨᠢᠭᠡᠳᠬᠡᠭᠰᠡᠨ ᠣᠷᠣᠨ ᠵᠠᠶ ᠶᠢᠨ | ᠲᠥᠯᠥᠪᠵᠢᠭᠦᠯᠭᠡ ᠶᠢᠨ ᠬᠠᠮᠢᠶᠠᠷᠤᠨ ᠡᠵᠡᠮᠳᠡᠬᠦ ᠰᠢᠰᠲ᠋ᠧᠮ ᠢ ᠪᠠᠶᠢᠭᠤᠯᠤᠨ᠎ᠠ᠃ ᠬᠠᠮᠠᠭᠠᠯᠠᠯᠲᠠ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ | ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢ ᠰᠦᠯᠵᠢᠶᠡᠨ ᠳᠤ ᠬᠤᠯᠪᠣᠬᠤ ᠬᠠᠲᠠᠭᠤ | ᠬᠢᠵᠠᠭᠠᠷᠯᠠᠯ ᠤᠨ ᠨᠥᠬᠦᠴᠡᠯ ᠢ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠬᠡᠯᠪᠡᠷᠢ ᠪᠠ | ᠠᠮᠢᠳᠤᠷᠠᠯ ᠤᠨ ᠠᠷᠭ᠎ᠠ ᠬᠡᠯᠪᠡᠷᠢ ᠶᠢ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠦᠨ᠎ᠡ᠃ ᠠᠮᠢ ᠠᠬᠤᠶ᠂ ᠦᠢᠯᠡᠳᠪᠦᠷᠢᠯᠡᠯ᠂ ᠠᠮᠢᠳᠤᠷᠠᠯ ᠭᠤᠷᠪᠠᠨ ᠲᠥᠷᠥᠯ ᠤᠨ ᠣᠷᠣᠨ ᠵᠠᠶ ᠶᠢᠨ | ᠪᠠᠶᠢᠷᠢᠰᠢᠯ ᠳᠤ ᠰᠠᠭᠤᠷᠢᠯᠠᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠬᠤ᠂ ᠠᠮᠢ ᠠᠬᠤᠶ ᠶᠢᠨ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠲᠠᠰᠤᠷᠠᠯᠲᠠ ᠥᠬᠡᠶ | ᠠᠬᠢᠭᠤᠯᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠪᠠᠲᠤ ᠪᠠᠬᠢ ᠪᠣᠯᠭᠠᠨ᠎ᠠ᠃ | ︽ᠭᠤᠷᠪᠠᠨ ᠱᠤᠭᠤᠮ ᠨᠢᠭᠡ ᠲᠠᠩᠰᠠ︾ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ | ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠤᠷᠢᠳᠠᠪᠠᠷ ᠬᠠᠮᠠᠭᠠᠯᠠᠬᠤ 9 | ᠨᠢᠭᠡᠴᠢ ᠳᠤ ᠴᠢᠭᠯᠡᠭᠦᠯᠦᠨ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠲᠡᠷᠢᠭᠦᠨ ᠳᠤ | ᠲᠠᠯᠪᠢᠬᠤ ᠪᠠᠷ ᠵᠠᠷᠴᠢᠮ ᠪᠣᠯᠭᠠᠵᠤ᠂ ᠶᠡᠭᠡ ᠬᠡᠪᠴᠢᠶ᠎ᠡ ᠲᠠᠢ᠂ ᠥᠨᠳᠥᠷ ᠬᠦᠴᠦᠯᠡᠴᠡ ᠲᠠᠢ ᠠᠵᠤ ᠦᠢᠯᠡᠳᠪᠦᠷᠢ ᠶᠢᠨ | ᠨᠡᠭᠡᠭᠡᠨ ᠬᠥᠭᠵᠢᠭᠦᠯᠦᠯᠲᠡ ᠪᠠ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠬᠠᠤᠯᠢ ᠶᠣᠰᠣᠭᠠᠷ ᠴᠠᠭᠠᠵᠠᠯᠠᠬᠤ | ᠪᠤᠶᠤ ᠬᠢᠵᠠᠭᠠᠷᠯᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠴᠢᠳᠠᠮᠵᠢ ᠶᠢ ᠪᠠᠭᠤᠷᠠᠭᠤᠯᠬᠤ ᠦᠭᠡᠢ ᠪᠠᠶᠢᠬᠤ ᠶᠢ | ᠦᠨᠡᠨ ᠬᠦ ᠪᠠᠲᠤᠯᠠᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ ᠪᠠᠭᠠᠰᠬᠠᠬᠤ | ᠦᠭᠡᠶ ᠪᠠᠶᠢᠬᠤ ᠶᠢ ᠪᠠᠲᠤᠯᠠᠵᠤ᠂ ᠰᠢᠨᠵᠢ ᠴᠢᠨᠠᠷ ᠨᠢ ᠬᠤᠪᠢᠷᠠᠬᠤ ᠦᠭᠡᠶ᠂ ᠴᠢᠳᠠᠮᠵᠢ ᠶᠢ ᠪᠠᠭᠤᠷᠠᠭᠤᠯᠬᠤ ᠥᠬᠡᠶ | ᠪᠠᠶᠢᠵᠤ᠂ ᠠᠮᠢ ᠠᠬᠤᠶ ᠶᠢᠨ ᠪᠠᠶᠢᠳᠠᠯ ᠪᠠ ᠬᠥᠮᠦᠨ ᠲᠥᠷᠥᠯᠬᠢᠲᠡᠨ ᠤ ᠠᠵᠢᠯᠯᠠᠭ᠎ᠠ ᠵᠡᠷᠭᠡ ᠰᠠᠭᠤᠷᠢ ᠶᠢ ᠴᠠᠭ | ᠲᠤᠬᠠᠶ ᠳᠤᠨᠢ ᠬᠢᠨᠠᠨ ᠡᠵᠡᠮᠳᠡᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠠᠮᠢ ᠠᠬᠤᠶ ᠶᠢᠨ | ᠴᠢᠳᠠᠮᠵᠢ ᠶᠢᠨ ᠪᠠᠶᠢᠳᠠᠯ ᠵᠢᠴᠢ ᠬᠥᠳᠡᠯᠦᠩᠭᠦᠶ ᠬᠤᠪᠢᠷᠠᠯᠲᠠ ᠶᠢ ᠴᠠᠭ ᠲᠤᠬᠠᠶ ᠳᠤᠨᠢ ᠡᠵᠡᠮᠰᠢᠨ᠂ ᠪᠠᠶᠢᠴᠠᠭᠠᠯᠲᠠ ᠶᠢᠨ | ᠦᠷ᠎ᠡ ᠳ᠋ᠦᠩ ᠢ ᠴᠠᠭ ᠲᠤᠬᠠᠶ ᠳᠤᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠠᠷᠢᠭᠤ ᠲᠤᠰᠬᠠᠵᠤ᠂ ᠠᠮᠢ | ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠦᠨᠡᠯᠡᠨ | ᠵᠢᠱᠢᠵᠦ ᠬᠢᠨᠠᠨ ᠰᠢᠯᠭᠠᠬᠤ ᠠᠵᠢᠯ ᠢ ᠥᠷᠨᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ | ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠬᠦ ᠪᠠ ᠬᠠᠤᠯᠢ | ᠶᠣᠰᠣᠭᠠᠷ ᠰᠢᠢᠳᠬᠡᠨ᠎ᠡ᠃ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ 9 ᠨᠢᠭᠡᠴᠡ ᠳᠤ ᠴᠢᠭᠯᠡᠭᠦᠯᠦᠨ᠂ ᠲᠣᠰ ᠭᠤᠤᠯ | ᠪᠣᠯᠬᠤ ᠣᠷᠣᠨ ᠪᠦᠰᠡ ᠶᠢᠨ ᠲᠣᠭᠤᠷᠢᠨ ᠳᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠷᠭᠠᠴᠠᠬᠤ ᠪᠣᠳᠣᠯᠭ᠎ᠠ ᠶᠢ ᠲᠣᠭᠲᠠᠭᠠᠵᠤ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠥᠷᠨᠢᠭᠦᠯᠵᠦ᠂ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠬᠤ ᠴᠢᠬᠤᠯᠠᠲᠠᠶ᠃ | ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠤᠷ᠎ᠠ᠂ | ᠤᠯᠤᠰ ᠤᠨ ᠴᠢᠬᠤᠯᠠ ᠶᠡᠭᠡ ᠲᠥᠷᠥᠯ ᠵᠦᠢᠯ ᠠᠴᠠ ᠭᠠᠳᠠᠨ᠎ᠠ᠂ ᠵᠥᠪᠬᠡᠨ ᠠᠮᠢ ᠠᠬᠤᠶ ᠶᠢᠨ ᠴᠢᠳᠠᠮᠵᠢ ᠳᠤ ᠡᠪᠳᠡᠯᠡᠭᠡ | ᠤᠴᠠᠷᠠᠭᠤᠯᠬᠤ ᠥᠬᠡᠶ ᠬᠢᠵᠠᠭᠠᠷᠲᠤ ᠵᠣᠷᠢᠭᠤᠳᠠ ᠶᠢᠨ ᠠᠵᠢᠯᠯᠠᠭ᠎ᠠ ᠬᠢᠬᠦ ᠶᠢ ᠵᠥᠪᠰᠢᠶᠡᠷᠡᠵᠦ᠂ ᠲᠡᠭᠦᠨ ᠤ ᠭᠤᠤᠯᠯᠠᠬᠤ | ᠴᠢᠳᠠᠮᠵᠢ ᠶᠢᠨ ᠪᠠᠶᠢᠷᠢ ᠲᠣᠭᠲᠠᠭᠠᠯᠲᠠ ᠯᠤᠭ᠎ᠠ ᠥᠯᠥ ᠨᠡᠶᠢᠴᠡᠬᠦ ᠨᠡᠭᠡᠭᠡᠨ ᠠᠰᠢᠭᠯᠠᠬᠤ ᠠᠵᠢᠯᠯᠠᠭ᠎ᠠ ᠥᠷᠨᠢᠭᠦᠯᠬᠦ ᠶᠢ | ᠴᠢᠩᠭ᠎ᠠ ᠴᠠᠭᠠᠵᠠᠯᠠᠨ᠎ᠠ᠃ ᠡᠩ ᠤᠨ ᠬᠠᠮᠢᠶᠠᠷᠤᠨ ᠡᠵᠡᠮᠳᠡᠬᠦ 1 ᠨᠢᠭᠡᠴᠡ ᠳᠤ ᠴᠢᠭᠯᠡᠭᠦᠯᠦᠨ᠂ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠨᠳᠦᠰᠦᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ | 2. ᠠᠮᠢ ᠠᠬᠤᠶ ᠶᠢᠨ ᠠᠮᠤᠷ ᠲᠦᠪᠰᠢᠨ ᠤ ᠪᠠᠶᠢᠷᠢᠰᠢᠯ ᠢ ᠰᠢᠯᠢᠳᠡᠭᠵᠢᠭᠦᠯᠦᠨ᠎ᠡ᠃ | ᠤᠯᠤᠰ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ | ᠣᠷᠣᠨ ᠪᠦᠰᠡ ᠶᠢᠨ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠭᠤᠷᠪᠠᠨ ᠱᠤᠭᠤᠮ ᠨᠢᠭᠡ ᠲᠠᠩᠰᠠ︾ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ | ᠪᠠᠶᠢᠭᠠᠯᠢ ᠶᠢᠨ ᠤᠰᠤᠨ ᠰᠢᠰᠲ᠋ᠧᠮ᠂ ᠪᠠᠶᠢᠭᠠᠯᠢ ᠶᠢᠨ ᠠᠭᠤᠯᠠᠨ ᠴᠣᠭᠴᠠ᠂ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠪᠠ ᠴᠢᠬᠤᠯᠠ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠬᠠᠮᠠᠭᠠᠯᠠᠵᠤ᠂ | ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ | ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠨᠢᠭᠡ ᠪᠦᠰᠡ᠂ ᠭᠤᠷᠪᠠᠨ ᠣᠷᠣᠨ᠂ | ᠤᠯᠠᠨ ᠴᠡᠭ︾ ᠤᠨ ᠰᠠᠴᠤᠷᠠᠭ ᠬᠡᠯᠪᠡᠷᠢᠲᠦ ᠣᠷᠣᠨ ᠪᠦᠰᠡ ᠶᠢᠨ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠯ ᠢ | ᠪᠠᠶᠢᠭᠤᠯᠤᠨ᠎ᠠ᠃ | ︽ᠨᠢᠭᠡ ᠪᠦᠰᠡ︾ ᠶᠢᠨ ᠰᠢᠯᠢ ᠶᠢᠨ ᠭᠤᠤᠯ ᠤᠨ ᠠᠮᠢ ᠠᠬᠤᠶ ᠶᠢᠨ ᠦᠵᠡᠮᠵᠢ ᠶᠢᠨ ᠪᠦᠰᠡ᠃ ᠰᠢᠯᠢ ᠶᠢᠨ ᠭᠤᠤᠯ | ᠪᠣᠯ ᠰᠢᠯᠢ ᠶᠢᠨ ᠬᠤᠲᠠ ᠶᠢᠨ ᠴᠢᠬᠤᠯᠠ ᠤᠰᠤᠨ ᠰᠢᠰᠲ᠋ᠧᠮ ᠤᠨ ᠠᠮᠢ ᠠᠬᠤᠶ ᠶᠢᠨ ᠪᠦᠰᠡ ᠪᠠᠶᠢᠵᠤ᠂ ᠤᠰᠤᠨ ᠤ | ᠡᠷᠭᠢ ᠶᠢᠨ ᠨᠣᠭᠤᠭᠠᠨ ᠬᠥᠷᠥᠰᠥ ᠶᠢ ᠰᠡᠷᠭᠦᠭᠡᠬᠦ ᠪᠠᠷ ᠳᠡᠮᠵᠢᠨ᠂ ᠠᠮᠢ ᠠᠬᠤᠶ ᠶᠢᠨ ᠰᠡᠷᠭᠦᠭᠡᠯᠲᠡ ᠪᠠ | ᠬᠠᠮᠠᠭᠠᠯᠠᠯᠲᠠ ᠶᠢ ᠳᠣᠪᠤᠶᠢᠯᠭᠠᠵᠤ᠂ ᠬᠤᠲᠠ ᠶᠢᠨ ᠠᠮᠢ ᠠᠬᠤᠶ ᠶᠢᠨ ᠣᠷᠣᠨ ᠵᠠᠶ ᠶᠢ ᠥᠷᠭᠡᠳᠬᠡᠨ᠎ᠡ᠃ | ︽ᠭᠤᠷᠪᠠᠨ ᠣᠷᠣᠨ︾ ᠭᠡᠳᠡᠭ ᠨᠢ ᠳᠠᠷᠤᠶ ᠤᠮᠠᠷᠠᠲᠤ ᠬᠡᠰᠡᠭ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠣᠶᠢᠵᠢᠭᠤᠯᠬᠤ ᠣᠷᠣᠨ ᠳᠤ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ᠂ ᠮᠠᠭᠤᠳᠠᠭᠰᠠᠨ | ᠪᠡᠯᠴᠢᠭᠡᠷ ᠢ ᠰᠡᠷᠭᠦᠭᠡᠬᠦ᠂ ᠮᠠᠯ ᠠᠵᠤ ᠠᠬᠤᠶ ᠶᠢᠨ ᠬᠠᠮᠠᠭᠠᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ | ᠠᠬᠢᠭᠤᠯᠤᠨ᠎ᠠ︔ ᠳᠤᠮᠳᠠ ᠬᠡᠰᠡᠭ ᠤᠨ ᠨᠤᠲᠤᠭ ᠪᠡᠯᠴᠢᠭᠡᠷ ᠤᠨ ᠠᠮᠢ ᠠᠬᠤᠢ ᠶᠢ ᠡᠵᠡᠮᠳᠡᠨ ᠰᠡᠷᠭᠦᠭᠡᠬᠦ ᠣᠷᠣᠨ ᠳᠤ | ᠭᠤᠣᠯᠳᠠᠭᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠨᠤᠭᠤ ᠭᠠᠵᠠᠷ ᠤᠨ ᠴᠡᠴᠡᠷᠯᠢᠭ᠂ ᠤᠰᠤᠨ ᠴᠥᠭᠦᠷᠥᠮ᠂ | ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠵᠡᠷᠭᠡ | ᠴᠢᠬᠤᠯᠠ ᠠᠮᠢ ᠠᠬᠤᠢ ᠶᠢᠨ ᠡᠯᠧᠮᠧᠨ᠋ᠲ ᠢ ᠪᠠᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ᠂ ᠰᠡᠯᠭᠦᠨ ᠮᠠᠯᠵᠢᠬᠤ᠂ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ ᠢ | ᠭᠤᠣᠯᠳᠠᠯᠭ᠎ᠠ ᠲᠠᠢ ᠠᠬᠢᠭᠤᠯᠤᠨ᠎ᠠ︔ ᠡᠮᠦᠨᠡᠲᠦ ᠬᠡᠰᠡᠭ ᠤᠨ ᠡᠯᠡᠰᠦᠷᠬᠡᠭᠵᠢᠯ ᠢ ᠰᠡᠷᠭᠦᠭᠡᠬᠦ ᠣᠷᠣᠨ ᠳᠤ ᠲᠣᠭᠲᠠᠭᠤᠨ | ᠠᠮᠢ ᠠᠬᠤᠶ ᠶᠢᠨ ᠬᠠᠮᠠᠭᠠᠯᠠᠯᠲᠠ ᠶᠢᠨ ᠰᠢᠰᠲ᠋ᠧᠮ ᠪᠠ ᠤᠢ ᠰᠢᠭᠤᠶ ᠶᠢᠨ ᠡᠯᠡᠰᠦᠨ ᠤ ᠠᠵᠤ ᠦᠢᠯᠡᠰ ᠤᠨ ᠰᠢᠰᠲ᠋ᠧᠮ ᠢ | ᠪᠠᠶᠢᠭᠤᠯᠤᠨ᠎ᠠ᠃ ᠤᠮᠠᠷᠠᠲᠤ ᠳᠤᠮᠳᠠᠳᠤ ᠡᠮᠦᠨᠡᠲᠦ ᠶᠢᠨ ᠭᠤᠷᠪᠠᠨ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠣᠷᠣᠨ ᠳᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠴᠢᠭᠢᠭᠯᠢᠭ ᠭᠠᠵᠠᠷ ᠤᠨ ᠴᠡᠴᠡᠷᠯᠢᠭ᠂ | ᠤᠰᠤᠨ ᠴᠥᠭᠦᠷᠥᠮ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠴᠢᠬᠤᠯᠠ ᠠᠮᠢ ᠠᠬᠤᠶ ᠶᠢᠨ | ᠬᠠᠮᠠᠭᠠᠯᠠᠯᠲᠠ ᠶᠢᠨ ᠬᠦᠴᠦᠨ ᠵᠦᠢᠯ ᠢ ᠪᠠᠭᠲᠠᠭᠠᠵᠤ᠂ ᠭᠠᠵᠠᠷ ᠣᠷᠣᠨ ᠤ ᠤᠰᠤᠨ ᠤ ᠡᠬᠢ ᠰᠤᠷᠪᠤᠯᠵᠢ ᠶᠢᠨ ᠠᠮᠢ | ᠠᠬᠤᠶ ᠶᠢᠨ ᠬᠠᠳᠠᠭᠠᠯᠠᠯᠲᠠ ᠶᠢ ᠪᠠᠳᠠᠷᠠᠭᠤᠯᠬᠤ᠂ ᠠᠮᠢ ᠠᠬᠤᠶ ᠶᠢᠨ ᠬᠠᠯᠬᠠᠪᠴᠢ ᠶᠢ ᠪᠠᠶᠢᠭᠤᠯᠬᠤ ᠦᠢᠯᠡᠳᠦᠯ ᠢ | ᠪᠠᠳᠠᠷᠠᠭᠤᠯᠬᠤ ᠭᠤᠤᠯ ᠣᠷᠣᠨ ᠪᠦᠰᠡ ᠪᠣᠯᠤᠨ᠎ᠠ᠃ | ︽ᠣᠯᠠᠨ ᠴᠡᠭ︾ ᠣᠲᠣ ᠶᠢᠨ ᠪᠠᠶᠢᠭ᠎ᠠ ᠪᠠᠯᠭᠠᠰᠤ ᠰᠤᠮᠤ ᠶᠢᠨ ᠮᠠᠯᠵᠢᠯ ᠤᠨ ᠲᠠᠯᠠᠪᠠᠶ ᠲᠠᠢ ᠤᠶᠠᠯᠳᠤᠭᠤᠯᠤᠨ ᠣᠯᠠᠨ | ᠭᠤᠤᠯᠳᠠᠯᠭ᠎ᠠ ᠲᠠᠢ ᠵᠢᠵᠢᠭ ᠪᠠᠯᠭᠠᠰᠤ ᠵᠢᠴᠢ ᠪᠥᠬᠦ ᠬᠤᠲᠠ ᠶᠢ ᠬᠠᠮᠤᠷᠤᠭᠰᠠᠨ ᠣᠯᠠᠨ ᠠᠮᠢ ᠠᠬᠤᠶ ᠶᠢᠨ ᠣᠷᠣᠨ | ᠵᠠᠶ ᠶᠢᠨ ᠵᠠᠩᠭᠢᠯᠠᠭ᠎ᠠ ᠶᠢᠨ ᠴᠡᠭ ᠢ ᠪᠣᠶ ᠪᠣᠯᠭᠠᠨ᠎ᠠ᠃ ᠪᠠᠶᠢᠭᠠᠯᠢ ᠶᠢᠨ ᠴᠡᠴᠡᠷᠯᠢᠭ ᠤᠨ ᠵᠠᠩᠭᠢᠯᠠᠭ᠎ᠠ ᠶᠢᠨ ᠴᠡᠭ᠂ | ᠴᠠᠬᠤᠯᠠᠶ ᠶᠢᠨ ᠬᠠᠮᠠᠭᠠᠯᠠᠯᠲᠠ ᠶᠢᠨ ᠣᠷᠣᠨ᠂ ᠬᠤᠲᠠ ᠶᠢᠨ ᠴᠡᠴᠡᠷᠯᠢᠭ ᠤᠨ ᠵᠠᠩᠭᠢᠯᠠᠭ᠎ᠠ ᠶᠢᠨ ᠴᠡᠭ᠂ ᠠᠭᠤᠷᠬᠠᠶ ᠶᠢᠨ | ᠠᠮᠢ ᠠᠬᠤᠶ ᠶᠢ ᠰᠡᠷᠭᠦᠭᠡᠬᠦ ᠵᠠᠩᠭᠢᠯᠠᠭ᠎ᠠ ᠶᠢᠨ ᠴᠡᠭ᠂ ᠴᠢᠬᠤᠯᠠ ᠴᠢᠭᠢᠭᠯᠢᠭ ᠭᠠᠵᠠᠷ᠂ ᠭᠠᠵᠠᠷ ᠰᠢᠨᠵᠢᠯᠡᠭᠡᠨ ᠤ | ᠴᠡᠴᠡᠷᠯᠢᠭ ᠵᠡᠷᠭᠡ ᠶᠢ ᠪᠠᠭᠲᠠᠭᠠᠵᠤ᠂ ᠣᠯᠠᠨ ᠡᠰᠢᠲᠦ ᠠᠮᠢᠵᠢᠷᠠᠯ ᠤᠨ ᠬᠦᠴᠦᠨ ᠲᠠᠢ ᠪᠣᠬᠢᠷᠲᠤᠯ ᠥᠬᠡᠶ ᠬᠤᠲᠠ ᠶᠢᠨ | ᠣᠷᠣᠨ ᠵᠠᠶ ᠶᠢ ᠪᠣᠶ ᠪᠣᠯᠭᠠᠨ᠎ᠠ᠃ | 3. ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠡᠯᠡᠰᠦ ᠶᠢ ᠨᠢᠭᠡ ᠴᠣᠠᠠᠴᠠᠵᠢᠭᠤᠯᠥᠨ ᠵᠠᠰᠠᠬᠤ ᠬᠢᠭᠡᠳ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠣᠭᠲᠠᠴᠠ ᠶᠢ ᠰᠢᠰᠲ᠋ᠧᠮ ᠲᠠᠢ ᠪᠠᠷ ᠬᠠᠮᠠᠭᠠᠯᠠᠨ | ᠲᠡᠭᠦᠯᠳᠡᠷᠵᠢᠭᠦᠯᠬᠦ ᠶᠢ ᠨᠢᠭᠡᠳᠦᠯᠲᠡᠶ ᠲᠥᠯᠥᠪᠯᠡᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠶᠠᠪᠤᠴᠠ ᠶᠢ ᠬᠠᠮᠢᠶᠠᠷᠬᠤ᠂ ᠬᠤᠬᠢᠷᠠᠯ ᠢ ᠲᠦᠯᠦᠬᠦ᠂ | ᠬᠠᠷᠢᠭᠤᠴᠠᠯᠭ᠎ᠠ ᠨᠡᠬᠡᠮᠵᠢᠯᠡᠬᠦ ᠡᠯ᠎ᠡ ᠵᠠᠩᠭᠢᠯᠠᠭ᠎ᠠ ᠶᠢ ᠴᠢᠩᠭ᠎ᠠ ᠠᠳᠬᠤᠨ᠎ᠠ᠃ ᠬᠥᠮᠦᠨ᠂ ᠮᠠᠯ᠂ ᠡᠪᠡᠰᠦ ᠡᠶ᠎ᠡ | ᠵᠣᠬᠢᠴᠠᠯ ᠲᠠᠢ ᠪᠠᠷ ᠬᠠᠮᠲᠤ ᠣᠷᠣᠰᠢᠬᠤ ᠣᠨᠣᠯᠵᠢᠬᠤᠨ ᠢ ᠵᠢᠷᠤᠮᠯᠠᠨ᠂ ᠦᠨᠳᠦᠰᠦᠨ ᠨᠤᠲᠤᠭ ᠪᠡᠯᠴᠢᠭᠡᠷ ᠢ | ᠬᠠᠮᠠᠭᠠᠯᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ | ᠴᠢᠩᠭ᠎ᠠ ᠬᠡᠷᠡᠭᠵᠢᠭᠦᠯᠵᠦ᠂ ᠪᠡᠯᠴᠢᠭᠡᠷᠯᠡᠭᠦᠯᠬᠦ ᠭᠠᠵᠠᠷ ᠪᠠ ᠬᠠᠳᠤᠯᠠᠩ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ | ᠡᠭᠡᠯᠵᠢᠯᠡᠨ ᠰᠣᠯᠢᠵᠤ᠂ ᠮᠠᠯ ᠰᠦᠷᠦᠭ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠪᠡᠯᠴᠢᠭᠡᠷ ᠤᠨ | ᠪᠠᠭᠲᠠᠭᠠᠮᠵᠢ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠬᠢᠨᠠᠨ ᠪᠠᠶᠢᠴᠠᠭᠠᠵᠤ ᠬᠢᠨᠠᠨ ᠬᠠᠮᠢᠶᠠᠷᠬᠤ ᠶᠢ | ᠴᠢᠩᠭᠠᠷᠠᠭᠤᠯᠤᠨ᠂ ᠨᠤᠲᠤᠭ ᠪᠡᠯᠴᠢᠭᠡᠷ ᠤᠨ ᠮᠠᠭᠤᠳᠠᠬᠤ ᠶᠢ ᠰᠡᠷᠭᠡᠶᠢᠯᠡᠨ᠎ᠡ᠃ ᠨᠤᠲᠤᠭ ᠪᠡᠯᠴᠢᠭᠡᠷ ᠤᠨ | ᠦᠢᠯᠡᠳᠪᠦᠷᠢᠯᠡᠯ ᠪᠠ ᠠᠮᠢ ᠠᠬᠤᠶ ᠶᠢᠨ ᠴᠢᠳᠠᠮᠵᠢ ᠶᠢ ᠨᠢᠭᠡᠳᠦᠯᠲᠡᠶ ᠲᠥᠯᠥᠪᠯᠡᠵᠦ᠂ ᠥᠨᠳᠥᠷ ᠤᠨᠠᠯᠲᠠ ᠲᠠᠢ ᠲᠡᠵᠢᠭᠡᠯ | ᠪᠣᠷᠳᠤᠭ᠎ᠠ ᠶᠢᠨ ᠭᠠᠵᠠᠷ᠂ ᠲᠣᠣᠷ ᠬᠦᠷᠢᠶ᠎ᠡ ᠵᠡᠷᠭᠡ ᠵᠦᠢᠯᠡᠰ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠵᠦᠢ | ᠵᠣᠬᠢᠰᠲᠠᠶ ᠪᠠᠷ ᠲᠣᠬᠢᠷᠠᠭᠤᠯᠵᠤ᠂ ᠨᠤᠲᠤᠭ ᠪᠡᠯᠴᠢᠭᠡᠷ ᠢ ᠵᠦᠢ ᠵᠤᠬᠢᠰ ᠤᠢᠭᠡᠢ ᠠᠰᠢᠭᠯᠠᠬᠤ ᠶᠢ ᠰᠡᠷᠭᠡᠶᠢᠯᠡᠨ | ᠬᠤᠷᠢᠭᠯᠠᠨ᠎ᠠ᠃ ᠮᠠᠯ ᠠᠵᠤ ᠠᠬᠤᠶ ᠶᠢᠨ ᠡᠵᠡᠩᠨᠡᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠲᠦᠷᠭᠡᠳᠬᠡᠵᠦ | ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠴᠢᠨᠠᠷ ᠰᠠᠶᠢᠲᠠᠶ ᠪᠣᠬᠢᠷᠲᠤᠯ ᠥᠬᠡᠶ᠂ ᠳᠤᠲᠠᠭᠤ ᠲᠡᠵᠢᠭᠡᠵᠦ | ᠨᠠᠷᠢᠯᠢᠭ ᠠᠷᠠᠴᠢᠯᠠᠬᠤ ᠣᠲᠣ ᠦᠶ᠎ᠡ ᠶᠢᠨ ᠮᠠᠯ ᠠᠵᠤ ᠠᠬᠤᠶ ᠶᠢᠨ ᠰᠢᠨ᠎ᠡ ᠵᠠᠮ ᠢᠶᠠᠷ ᠵᠠᠮᠨᠠᠨ᠎ᠠ᠃ ᠨᠤᠲᠤᠭ | ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠨᠥᠬᠦᠪᠥᠷᠢ ᠥᠭᠴᠦ | ᠱᠠᠩᠨᠠᠬᠤ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠎ᠠ᠃ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠨ᠎ᠠ᠃ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠥᠨᠵᠢᠭᠦᠯᠬᠦ᠂ ᠰᠡᠯᠭᠦᠨ ᠮᠠᠯᠵᠢᠬᠤ | ᠲᠥᠷᠢᠮ ᠢ ᠦᠷᠭᠦᠯᠵᠢᠯᠡᠨ ᠲᠥᠯᠬᠢᠨ ᠠᠬᠢᠭᠤᠯᠵᠤ᠂ ᠬᠠᠮᠠᠭᠠᠯᠠᠯᠲᠠ ᠶᠢᠨ ᠣᠷᠣᠨ ᠤ ᠭᠤᠣᠯ ᠣᠷᠣᠨ᠂ ᠤᠰᠤᠨ | ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ᠂ ᠰᠠᠭᠠᠳ ᠥᠭᠡᠢ ᠨᠡᠪᠲᠡᠷᠡᠬᠦ ᠵᠠᠮ ᠵᠡᠷᠭᠡ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠬᠦᠷᠢᠶᠡᠯᠡᠨ ᠪᠢᠲᠡᠭᠦᠮᠵᠢᠯᠡᠬᠦ ᠬᠠᠮᠢᠶᠠᠷᠤᠯᠲᠠ ᠶᠢ ᠢᠳᠡᠪᠬᠢᠲᠡᠶ ᠪᠠᠷ | ᠲᠥᠯᠬᠢᠨ ᠠᠬᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠤᠯᠤᠰ ᠤᠨ ᠴᠡᠴᠡᠷᠯᠢᠭ ᠢᠶᠠᠷ ᠭᠤᠤᠯ ᠴᠣᠭᠴᠠ | ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠮᠣᠳᠣᠨ | ᠮᠠᠯᠵᠢᠯ ᠤᠨ ᠲᠠᠯᠠᠪᠠᠶ ᠶᠢᠨ ᠲᠤᠷᠰᠢᠯᠲᠠ ᠶᠢᠨ ᠴᠢᠬ ᠢ ᠤᠯᠤᠰ ᠤᠨ ᠲᠠᠰ ᠤᠨ ᠲᠠᠯ᠎ᠠ ᠨᠤᠲᠤᠭ ᠤᠨ ᠴᠡᠴᠡᠷᠯᠢᠭ ᠢ | ᠠᠮᠵᠢᠯᠲᠠ ᠲᠠᠢ ᠡᠭᠦᠳᠦᠨ ᠪᠠᠶᠢᠭᠤᠯᠬᠤ ᠶᠢ ᠠᠬᠢᠭᠤᠯᠵᠤ᠂ ᠪᠠᠶ᠋ᠨᠬᠦ᠋ᠷᠢᠶᠡ ᠶᠢᠨ ᠮᠠᠯᠵᠢᠯ ᠤᠨ ᠲᠠᠯᠠᠪᠠᠶ ᠶᠢ ᠤᠯᠤᠰ ᠤᠨ | ᠲᠠᠰ ᠤᠨ ᠲᠠᠯ᠎ᠠ ᠨᠤᠲᠤᠭ ᠤᠨ ᠴᠡᠴᠡᠷᠯᠢᠭ ᠪᠣᠯᠭᠠᠨ ᠡᠭᠦᠳᠦᠨ ᠪᠠᠶᠢᠭᠤᠯᠬᠤ ᠪᠠᠷ ᠲᠡᠮᠡᠴᠡᠨ᠎ᠡ᠃ ᠪᠠᠶᠢᠭᠠᠯᠢ ᠶᠢᠨ | ᠨᠤᠲᠤᠭ ᠪᠡᠯᠴᠢᠭᠡᠷ ᠤᠨ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠪᠤᠯᠠᠭᠠᠨ ᠰᠤᠮᠤ ᠶᠢᠨ | ᠡᠷᠳᠡᠨᠢᠨᠲᠠᠯᠠ ᠭᠠᠴᠠᠭ᠎ᠠ ᠪᠠ ᠮᠣᠳᠣᠨ ᠮᠠᠯᠵᠢᠯ ᠤᠨ ᠲᠠᠯᠠᠪᠠᠶ ᠶᠢᠨ ᠬᠤᠶᠠᠳᠤᠭᠠᠷ ᠬᠤᠪᠢᠶᠠᠷᠢ ᠲᠠᠯᠠᠪᠠᠶ ᠶᠢᠨ | ᠮᠠᠭᠤᠳᠠᠭᠰᠠᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠨᠤᠲᠤᠭ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠶᠡᠷᠦᠩᠬᠡᠶᠢᠯᠡᠭᠰᠡᠨ ᠪᠦᠷᠬᠦᠴᠡ ᠶᠢ ᠲᠣᠭᠲᠠᠭᠤᠨ ᠢᠶᠠᠷ | ᠳᠡᠭᠡᠭᠰᠢᠯᠡᠭᠦᠯᠦᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠢ ᠨᠡᠮᠡᠭᠳᠡᠭᠦᠯᠬᠦ | ᠪᠠ ᠠᠮᠢ ᠠᠬᠤᠶ ᠶᠢᠨ ᠰᠢᠰᠲ᠋ᠧᠮ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ | ᠤᠢ ᠰᠢᠭᠤᠶ ᠶᠢᠨ ᠡᠬᠢ ᠪᠠᠶᠠᠯᠢᠭ ᠢ ᠪᠤᠶᠢᠵᠢᠭᠤᠯᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠩᠳᠠᠯᠠᠨ᠎ᠠ᠃ ᠣᠶ | ᠰᠢᠭᠤᠶ ᠶᠢᠨ ᠠᠮᠢ ᠠᠬᠤᠶ ᠶᠢᠨ ᠬᠠᠯᠬᠠᠪᠴᠢ ᠶᠢ ᠵᠠᠰᠠᠵᠤ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ᠂ ᠭᠤᠣᠯᠳᠠᠯᠭ᠎ᠠ ᠲᠠᠢ ᠨᠡᠶᠢᠲᠡ ᠶᠢᠨ ᠠᠰᠠᠷᠠᠮᠵᠢ ᠶᠢᠨ ᠣᠶ᠂ ᠭᠤᠣᠯ ᠮᠥᠷᠡᠨ ᠤ ᠬᠤᠶᠠᠷ | ᠡᠷᠭᠢ ᠶᠢᠨ ᠨᠣᠭᠤᠭᠠᠷᠠᠭᠤᠯᠤᠯᠲᠠ ᠶᠢᠨ ᠪᠦᠰᠡ᠂ ᠳᠡᠰ ᠤᠨ ᠵᠠᠰᠠᠮᠠᠯ ᠵᠠᠮ ᠤᠨ ᠬᠤᠶᠠᠷ ᠡᠷᠭᠢ ᠶᠢᠨ | ᠨᠣᠭᠤᠭᠠᠷᠠᠭᠤᠯᠤᠯᠲᠠ ᠶᠢᠨ ᠪᠦᠰᠡ ᠪᠠᠷ ᠬᠡᠷᠡᠭᠵᠢᠭᠦᠯᠬᠦ ᠭᠤᠣᠯᠳᠠᠯᠭ᠎ᠠ ᠪᠣᠯᠭᠠᠵᠤ᠂ ᠠᠮᠢ ᠠᠬᠤᠶ ᠶᠢᠨ ᠰᠢᠰᠲ᠋ᠧᠮ ᠢ | ᠰᠡᠷᠭᠦᠭᠡᠨ ᠵᠠᠰᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ᠂ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ᠂ ᠪᠠᠶᠢᠭᠠᠯᠢ ᠶᠢᠨ ᠣᠶ ᠶᠢ ᠬᠠᠮᠠᠭᠠᠯᠠᠬᠤ᠂ ᠲᠠᠷᠢᠶᠠᠯᠠᠬᠤ ᠶᠢ | ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ᠂ ᠴᠢᠭᠢᠭᠯᠢᠭ ᠭᠠᠵᠠᠷ ᠢ ᠬᠠᠮᠠᠭᠠᠯᠠᠬᠤ᠂ ᠬᠡᠭᠡᠷ᠎ᠡ ᠶᠢᠨ | ᠠᠮᠢᠲᠠᠨ ᠤᠷᠭᠤᠮᠠᠯ ᠢ ᠬᠠᠮᠠᠭᠠᠯᠠᠬᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠢᠴᠢ ᠭᠤᠤᠯᠳᠠᠯᠭ᠎ᠠ ᠲᠠᠢ ᠣᠷᠣᠨ | ᠪᠦᠰᠡ ᠶᠢ ᠨᠣᠭᠤᠭᠠᠷᠠᠭᠤᠯᠬᠤ ᠵᠡᠷᠭᠡ ᠣᠶ ᠰᠢᠭᠤᠶ ᠶᠢᠨ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠨᠠᠷ ᠰᠠᠶᠢᠲᠠᠶ ᠣᠶ ᠰᠢᠭᠤᠶ ᠶᠢᠨ ᠠᠮᠢ ᠠᠬᠤᠶ ᠶᠢᠨ ᠬᠠᠯᠬᠠᠪᠴᠢ ᠶᠢ | ᠪᠠᠶᠢᠭᠤᠯᠤᠨ᠎ᠠ᠃ ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ | ᠭᠠᠵᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠢᠳᠡᠪᠬᠢᠲᠡᠶ ᠪᠠᠷ ᠪᠠᠶᠢᠭᠤᠯᠵᠤ᠂ ᠥᠪᠥᠷ ᠮᠣᠩᠭᠤᠯ ᠤᠨ ᠰᠢᠯᠢ ᠶᠢᠨ | ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠥᠪᠥᠷ ᠮᠣᠩᠭᠤᠯ ᠤᠨ ᠰᠢᠯᠢ ᠶᠢᠨ ᠭᠤᠤᠯ ᠤᠨ ᠲᠠᠯ᠎ᠠ | ᠨᠤᠲᠤᠭ ᠤᠨ ᠭᠠᠯᠲᠤ ᠠᠭᠤᠯᠠ ᠶᠢᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ ᠤᠢ ᠰᠢᠭᠤᠶ ᠶᠢ ᠠᠷᠠᠴᠢᠯᠠᠨ ᠪᠤᠶᠢᠵᠢᠭᠤᠯᠬᠤ᠂ ᠮᠠᠭᠤᠳᠠᠭᠰᠠᠨ ᠤᠢ ᠰᠢᠭᠤᠶ ᠶᠢ | ᠵᠠᠰᠠᠨ ᠰᠡᠷᠭᠦᠭᠡᠬᠦ᠂ ᠪᠤᠳᠠ ᠮᠣᠳᠣᠨ ᠤ ᠤᠢ ᠶᠢ ᠲᠡᠭᠰᠢ ᠭᠤᠤᠷᠰᠤ ᠪᠠᠷ ᠪᠤᠶᠢᠵᠢᠭᠤᠯᠬᠤ᠂ ᠤᠢ ᠰᠢᠭᠤᠶ ᠶᠢᠨ ᠭᠠᠯ ᠢ | ᠰᠡᠷᠭᠡᠶᠢᠯᠡᠬᠦ ᠪᠠ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠣᠶᠢᠵᠢᠭᠤᠯᠤᠯᠲᠠ ᠶᠢᠨ ᠡᠳᠡᠭᠡᠷᠡᠯᠲᠡ ᠶᠢᠨ ᠨᠤᠷᠮ᠎ᠠ ᠪᠠ ᠬᠠᠳᠠᠭᠠᠯᠠᠯᠲᠠ ᠶᠢᠨ | ᠨᠤᠷᠮ᠎ᠠ ᠶᠢ ᠳᠡᠭᠡᠭᠰᠢᠯᠡᠭᠦᠯᠵᠦ᠂ ᠤᠢ ᠰᠢᠭᠤᠶ ᠶᠢᠨ ᠠᠮᠢ ᠠᠬᠤᠶ ᠶᠢᠨ ᠰᠢᠰᠲ᠋ᠧᠮ ᠤᠨ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠬᠤ ᠪᠠ ᠠᠮᠢ ᠠᠬᠤᠶ ᠶᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠣᠶᠢᠲᠤ | ᠭᠠᠵᠠᠷ ᠤᠨ ᠡᠬᠢ ᠪᠠᠶᠠᠯᠢᠭ ᠢ ᠲᠥᠯᠥᠪᠦᠷᠢ ᠲᠠᠢ ᠪᠠᠷ ᠬᠡᠷᠡᠭᠯᠡᠬᠦ ᠲᠤᠷᠰᠢᠯᠲᠠ᠂ ᠣᠶ ᠰᠢᠭᠤᠶ ᠶᠢᠨ | ᠨᠡᠭᠦᠷᠡᠰᠦᠲᠥ᠋ᠷᠥᠭᠴᠢ ᠶᠢ ᠬᠤᠷᠠᠭᠤᠯᠤᠨ ᠠᠷᠠᠯᠵᠢᠶᠠᠯᠠᠬᠤ ᠲᠤᠷᠰᠢᠯᠲᠠ ᠶᠢ ᠥᠷᠨᠢᠭᠦᠯᠵᠦ᠂ ᠣᠶ ᠰᠢᠭᠤᠶ ︵ᠡᠪᠡᠰᠦ︶ | ᠶᠢᠨ ᠣᠷᠳᠣ ᠬᠤᠭᠤᠴᠠᠭ᠎ᠠ ᠶᠢᠨ ᠲᠦᠷᠢᠮ ᠢ ᠬᠡᠷᠡᠭᠵᠢᠭᠦᠯᠦᠨ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ 6.5 ᠲᠦᠮᠡᠨ ᠮᠥ ᠣᠶ ᠰᠢᠭᠤᠶ ᠶᠢᠨ ᠠᠮᠢ ᠠᠬᠤᠶ ᠶᠢᠨ ᠲᠥᠷᠥᠯ | ᠵᠦᠢᠯ ᠢ ᠲᠥᠯᠥᠪᠵᠢᠭᠦᠯᠦᠨ ᠪᠡᠶᠡᠯᠡᠭᠦᠯᠵᠦ᠂ 3 ᠲᠦᠮᠡᠨ ᠮᠥ ᠣᠶ ᠰᠢᠭᠤᠶ ᠶᠢ ᠠᠷᠠᠴᠢᠯᠠᠨ ᠪᠤᠶᠢᠵᠢᠭᠤᠯᠤᠨ᠎ᠠ᠃ | ᠬᠥᠷᠥᠰᠥ ᠰᠢᠷᠣᠶ ᠶᠢᠨ ᠢᠳᠡᠭᠳᠡᠯ ᠪᠠ ᠰᠠᠯᠬᠢ ᠡᠯᠡᠰᠦᠨ ᠤ ᠡᠬᠢ ᠶᠢ ᠵᠠᠰᠠᠬᠤ ᠠᠵᠢᠯ ᠢ ᠴᠢᠩᠭᠠᠳᠬᠠᠨ᠎ᠠ᠃ ᠰᠢᠯᠢ ᠶᠢᠨ | ᠬᠤᠲᠠ ᠶᠢᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠠᠯᠬᠢ ᠶᠢ ᠬᠠᠯᠬᠠᠯᠠᠵᠤ ᠡᠯᠡᠰᠦ ᠶᠢ | ᠲᠣᠭᠲᠠᠪᠤᠷᠢᠵᠢᠭᠤᠯᠬᠤ ᠴᠢᠬᠤᠯᠠ ᠣᠷᠣᠨ ᠳᠤ ᠰᠠᠭᠤᠷᠢᠯᠠᠨ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ | ᠵᠠᠰᠠᠬᠤ ᠶᠢ ᠦᠷᠭᠦᠯᠵᠢᠯᠡᠨ ᠬᠡᠷᠡᠭᠵᠢᠭᠦᠯᠵᠦ᠂ ᠠᠭᠤᠯᠠ ᠳᠠᠭᠠᠤ ᠶᠢᠨ ᠭᠤᠤᠯ ᠤᠨ ᠰᠤᠪᠠᠭ᠂ ᠡᠯᠡᠰᠦᠨ ᠬᠤᠩᠭᠢᠯ ᠢ | ᠴᠡᠭᠴᠡᠯᠡᠨ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠤᠯ ᠮᠥᠷᠡᠨ᠂ ᠠᠭᠤᠷᠬᠠᠶ ᠶᠢᠨ ᠭᠤᠤ ᠶᠢᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠲᠦᠷᠭᠡᠳᠬᠡᠨ᠎ᠡ᠃ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ | ᠠᠵᠢᠯ ᠢ ᠥᠷᠨᠢᠭᠦᠯᠵᠦ᠂ ᠬᠥᠷᠥᠰᠥ ᠰᠢᠷᠣᠶ ᠶᠢᠨ ᠡᠯᠡᠰᠦᠷᠬᠡᠭᠵᠢᠯ ᠢ ᠰᠠᠶᠢᠵᠢᠷᠠᠭᠤᠯᠤᠨ᠎ᠠ᠃ ᠬᠠᠭᠤᠯᠪᠤᠷᠢᠯᠠᠨ | ᠳᠡᠯᠭᠡᠷᠡᠭᠦᠯᠵᠦ ᠪᠣᠯᠬᠤ ᠡᠯᠡᠰᠦ ᠶᠢ ᠵᠠᠰᠠᠬᠤ ᠵᠠᠭᠪᠤᠷ ᠢ ᠬᠠᠶᠢᠨ ᠰᠦᠪᠡᠭᠴᠢᠯᠡᠵᠦ᠂ ᠡᠯᠡᠰᠦᠵᠢᠭᠰᠡᠨ ᠭᠠᠵᠠᠷ ᠰᠢᠷᠣᠶ ᠶᠢ | ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠵᠠᠰᠠᠵᠤ ᠪᠣᠯᠬᠤ ᠡᠯᠡᠰᠦᠵᠢᠭᠰᠡᠨ ᠭᠠᠵᠠᠷ ᠰᠢᠷᠣᠶ ᠶᠢ ᠲᠥᠪᠯᠡᠷᠡᠭᠦᠯᠦᠨ | ᠵᠠᠰᠠᠵᠤ᠂ ᠨᠢᠭᠡᠨᠲᠡ ᠵᠠᠰᠠᠭᠰᠠᠨ ᠡᠯᠡᠰᠦᠵᠢᠭᠰᠡᠨ ᠭᠠᠵᠠᠷ ᠰᠢᠷᠣᠶ ᠶᠢᠨ ᠬᠠᠮᠠᠭᠠᠯᠠᠯᠲᠠ ᠶᠢ ᠴᠢᠩᠭᠠᠳᠬᠠᠵᠤ᠂ ᠴᠦᠯ ᠤᠨ | ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠪᠠ ᠰᠡᠷᠭᠦᠭᠡᠯᠲᠡ ᠶᠢ ᠠᠬᠢᠭᠤᠯᠤᠨ᠎ᠠ᠃ ᠭᠠᠵᠠᠷ ᠰᠢᠷᠣᠶ ᠶᠢᠨ | ᠡᠯᠡᠰᠦᠷᠬᠡᠭᠵᠢᠯ ᠢᠶᠠᠷ ᠬᠦᠨᠳᠦ ᠨᠣᠴᠢᠲᠠᠶ ᠲᠠᠷᠢᠶᠠᠯᠠᠬᠤ ᠣᠷᠣᠨ ᠪᠣᠯᠤᠨ ᠲᠠᠷᠢᠶᠠᠯᠠᠩ ᠮᠠᠯ ᠠᠵᠤ ᠠᠬᠤᠶ | ᠰᠣᠯᠪᠢᠴᠠᠭᠰᠠᠨ ᠣᠷᠣᠨ ᠳᠤ ᠰᠢᠰᠲ᠋ᠧᠮ ᠲᠠᠢ ᠵᠠᠰᠠᠯᠲᠠ ᠶᠢ ᠥᠷᠨᠢᠭᠦᠯᠵᠦ᠂ ᠡᠯᠡᠰᠦᠷᠬᠡᠭ ᠣᠷᠣᠨ ᠤ ᠤᠷᠭᠤᠮᠠᠯ ᠤᠨ | ᠬᠤᠴᠢᠯᠭ᠎ᠠ ᠶᠢ ᠰᠡᠷᠭᠦᠭᠡᠬᠦ ᠪᠠ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠳᠤ ᠠᠰᠢᠭᠲᠠᠶ | ᠨᠥᠬᠦᠴᠡᠯ ᠢ ᠪᠤᠢ ᠪᠣᠯᠭᠠᠵᠤ ᠥᠭᠭᠦᠨ᠎ᠡ᠃ | ᠭᠤᠣᠯ ᠨᠠᠭᠤᠷ ᠴᠢᠭᠢᠭᠯᠢᠭ ᠭᠠᠵᠠᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠢ ᠥᠷᠨᠢᠭᠦᠯᠦᠨ᠎ᠡ | ᠃ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ᠂ ᠰᠢᠯᠢ ᠶᠢᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠣᠷᠣᠨ ᠵᠠᠢ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠣᠷᠴᠢᠨ ᠲᠣᠭᠤᠷᠢᠨ ᠤ ᠪᠣᠬᠢᠷᠲᠤᠯ ᠢ | ᠵᠣᠬᠢᠴᠠᠭᠤᠯᠣᠨ ᠰᠢᠢᠳᠪᠦᠷᠢᠯᠡᠨ᠎ᠡ︔ ᠰᠢᠯᠢ ᠶᠢᠨ ᠭᠤᠣᠯ ᠤᠨ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢ | ᠨᠢᠭᠡᠳᠦᠯᠲᠡᠢ ᠲᠥᠯᠥᠪᠵᠢᠭᠦᠯᠵᠦ᠂ ᠵᠠᠮ ᠳᠠᠭᠠᠤ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ | ᠰᠡᠷᠭᠦᠭᠡᠯᠲᠡ ᠶᠢ ᠴᠢᠩᠭᠠᠳᠬᠠᠵᠤ᠂ ᠰᠢᠯᠢ ᠶᠢᠨ ᠭᠤᠣᠯ ᠤᠨ ᠤᠰᠤᠨ ᠴᠥᠭᠦᠷᠥᠮ ᠤᠨ ᠣᠷᠴᠢᠨ ᠲᠣᠭᠤᠷᠢᠨ ᠤ ᠠᠮᠤᠷ | ᠲᠦᠪᠰᠢᠨ ᠢ ᠪᠠᠲᠣᠯᠠᠨ᠎ᠠ︔ ᠰᠢᠯᠢ ᠶᠢᠨ ᠭᠤᠤᠯ ᠤᠨ ᠤᠰᠤᠨ ᠰᠢᠨᠵᠢᠯᠡᠭᠡᠨ ᠤ ᠬᠢᠨᠠᠨ ᠬᠡᠮᠵᠢᠬᠦ ᠥᠷᠲᠡᠭᠡ ᠶᠢᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠰᠢᠯᠢ ᠶᠢᠨ ᠭᠤᠤᠯ ᠤᠨ ᠶᠡᠷᠦᠩᠬᠡᠶᠢᠯᠡᠨ ᠵᠠᠰᠠᠬᠤ | ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠭᠦᠯᠦᠨ᠎ᠡ︔ ᠨᠠᠭᠤᠷ ᠤᠨ ᠤᠰᠤᠨ ᠤ ᠴᠢᠨᠠᠷ ᠮᠠᠭᠤᠳᠠᠬᠤ ᠶᠢ | ᠠᠭᠠᠵᠢᠮ ᠢᠶᠠᠷ ᠬᠤᠷᠢᠭᠯᠠᠵᠤ᠂ ᠤᠰᠤᠨ ᠰᠢᠰᠲ᠋ᠧᠮ ᠤᠨ ᠠᠮᠢ ᠠᠬᠤᠶ ᠶᠢᠨ ᠬᠠᠮᠠᠭᠠᠯᠠᠯᠲᠠ ᠶᠢᠨ ᠰᠢᠰᠲ᠋ᠧᠮ᠂ ᠠᠮᠢᠳᠤ | ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠪᠠ ᠨᠡᠭᠦᠳᠡᠯ ᠤᠨ ᠰᠢᠪᠠᠭᠤᠳ ᠤᠨ ᠵᠣᠭᠰᠣᠵᠤ ᠨᠡᠭᠦᠳᠡᠯᠯᠡᠬᠦ | ᠵᠠᠮ ᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠪᠠ | ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ᠂ ᠡᠯᠡᠰᠦᠨ ᠤ ᠡᠬᠢ ᠰᠤᠷᠪᠤᠯᠵᠢ ᠶᠢ ᠵᠠᠰᠠᠬᠤ ᠪᠠ ᠪᠣᠬᠢᠷᠲᠤᠯ ᠤᠨ ᠡᠬᠢ | ᠰᠤᠷᠪᠤᠯᠵᠢ ᠶᠢ ᠰᠡᠷᠭᠡᠶᠢᠯᠡᠨ ᠵᠠᠰᠠᠬᠤ᠂ ᠴᠢᠭᠢᠭᠯᠢᠭ ᠭᠠᠵᠠᠷ ᠬᠢᠭᠡᠳ ᠤᠰᠤᠨ ᠤ ᠠᠮᠢ ᠠᠬᠤᠶ ᠤᠰᠤᠨ ᠤ ᠣᠷᠴᠢᠨ | ᠠᠬᠤᠶ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠰᠢᠯᠢ ᠶᠢᠨ ᠭᠤᠣᠯ ᠤᠨ ᠰᠠᠪᠠ ᠭᠠᠵᠠᠷ ᠢ | ᠶᠡᠷᠦᠩᠬᠡᠶᠢᠯᠡᠨ ᠵᠠᠰᠠᠬᠤ ᠶᠢ ᠲᠦᠷᠭᠡᠪᠴᠢᠯᠡᠨ ᠠᠬᠢᠭᠤᠯᠵᠤ᠂ ᠳᠤᠮᠳᠠ ᠵᠢᠵᠢᠭ ᠭᠤᠣᠯ ᠮᠥᠷᠡᠨ ᠪᠠ ᠰᠠᠭᠠᠯᠢ ᠶᠢᠨ | ᠦᠨᠢᠶᠡᠨ ᠤ ᠲᠠᠯᠠᠪᠠᠢ ᠶᠢᠨ ᠭᠤᠣᠯ ᠢ ᠵᠠᠰᠠᠬᠤ ᠠᠵᠢᠯ ᠢ ᠰᠠᠶᠢᠲᠤᠷ ᠠᠳᠬᠤᠵᠤ᠂ ᠤᠰᠤᠨ ᠰᠢᠰᠲ᠋ᠧᠮ ᠤᠨ ᠰᠠᠯᠪᠤᠷᠢ | ᠤᠷᠤᠰᠬᠠᠯ ᠤᠨ ᠤᠰᠤᠨ ᠤ ᠴᠢᠨᠠᠷ ᠪᠠ ᠨᠠᠭᠤᠷ ᠴᠥᠭᠦᠷᠥᠮ ᠴᠢᠭᠢᠭᠯᠢᠭ ᠭᠠᠵᠠᠷ ᠤᠨ ᠠᠮᠢ ᠠᠬᠤᠶ ᠶᠢᠨ ᠴᠢᠳᠠᠮᠵᠢ ᠶᠢ | ᠳᠡᠭᠡᠭᠰᠢᠯᠡᠭᠦᠯᠵᠦ᠂ ᠠᠶᠤᠯᠭᠦᠶ ᠠᠮᠢ ᠠᠬᠤᠶ ᠶᠢᠨ ᠤᠰᠤᠨ ᠰᠢᠰᠲ᠋ᠧᠮ ᠢ ᠪᠠᠶᠢᠭᠤᠯᠤᠨ᠎ᠠ᠃ | 4. ᠠᠭᠤᠷᠬᠠᠶ ᠶᠢᠨ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ | ᠠᠭᠤᠷᠬᠠᠶ ᠶᠢᠨ ᠠᠮᠢ ᠠᠬᠤᠶ ᠶᠢᠨ ᠣᠷᠴᠢᠨ ᠨᠥᠬᠦᠴᠡᠯ ᠢ ᠵᠠᠰᠠᠨ ᠰᠡᠷᠭᠦᠭᠡᠬᠦ ᠪᠠ ᠵᠠᠰᠠᠬᠤ ᠠᠵᠢᠯ ᠢ ᠴᠢᠩᠭᠠᠳᠬᠠᠨ᠎ᠠ᠃ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠪᠠ ᠮᠠᠯᠲᠠᠵᠤ ᠰᠣᠩᠭᠤᠬᠤ ᠶᠠᠪᠤᠴᠠ ᠳᠠᠬᠢ | ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠡᠮᠬᠢ ᠵᠠᠮᠪᠠᠷᠠᠭ᠎ᠠ ᠥᠬᠡᠶ ᠪᠠᠷ | ᠪᠦᠳᠦᠭᠦᠯᠢᠭ ᠮᠠᠯᠲᠠᠬᠤ ᠶᠢ ᠴᠢᠩᠭ᠎ᠠ ᠴᠠᠭᠠᠵᠠᠯᠠᠨ᠎ᠠ᠃ ᠰᠢᠯᠢ ᠶᠢᠨ ᠬᠤᠲᠠ ᠶᠢᠨ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ ᠤ ᠬᠠᠮᠠᠭᠠᠯᠠᠯᠲᠠ ᠳᠤ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ᠂ ᠰᠡᠷᠭᠡᠶᠢᠯᠡᠨ ᠵᠠᠰᠠᠬᠤ ᠶᠢ | ᠤᠶᠠᠯᠳᠤᠭᠤᠯᠬᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠬᠦ᠂ ᠶᠡᠷᠦᠩᠬᠡᠶᠢᠯᠡᠨ ᠵᠠᠰᠠᠬᠤ ᠪᠠ ᠬᠡᠨ ᠨᠡᠭᠡᠭᠡᠨ ᠬᠥᠭᠵᠢᠭᠦᠯᠪᠡᠯ ᠬᠡᠨ ᠬᠠᠮᠠᠭᠠᠯᠠᠬᠤ᠂ | ᠬᠡᠨ ᠡᠪᠳᠡᠪᠡᠯ ᠬᠡᠨ ᠵᠠᠰᠠᠬᠤ᠂ ᠬᠡᠨ ᠪᠠᠯᠠ ᠣᠷᠣᠭᠤᠯᠪᠠᠯ ᠬᠡᠨ ᠠᠰᠢᠭ ᠭᠥᠷᠳᠡᠬᠦ ᠵᠠᠷᠴᠢᠮ ᠢ ᠪᠠᠷᠢᠮᠲᠠᠯᠠᠨ᠎ᠠ᠃ | ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠵᠤ᠂ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ︾ ᠤᠢᠢᠯᠠᠭᠠᠭᠳᠠᠬᠤᠨ ᠢ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠦᠬᠦ ᠶᠠᠪᠤᠴᠠ ᠳᠤ ᠲᠤᠤᠱᠯᠠᠭᠤᠯᠵᠤ᠂ | ᠭᠠᠵᠠᠷ ᠤᠨ ᠣᠷᠴᠢᠨ ᠲᠣᠭᠤᠷᠢᠨ ᠢ ᠵᠠᠰᠠᠬᠤ ᠪᠠ ᠪᠣᠬᠢᠷᠲᠤᠯ ᠦᠭᠡᠢ ᠠᠭᠤᠷᠬᠠᠢ ᠶᠢᠨ ᠪᠦᠳᠤᠬᠡᠨ ᠪᠠᠶᠢᠭᠤᠯᠤᠯᠲᠠ ᠶᠢᠨ | ᠠᠵᠢᠯ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ | ᠪᠣᠬᠢᠷᠲᠤᠯ ᠥᠬᠡᠶ ᠠᠭᠤᠷᠬᠠᠶ ᠶᠢ ᠨᠡᠶᠢᠳᠡᠮ ᠪᠦᠷᠬᠦᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ︽ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠣᠨᠣᠯᠵᠢᠬᠤᠨ ᠢ ᠪᠠᠷᠢᠮᠲᠠᠯᠠᠨ᠂ ᠪᠣᠬᠢᠷᠲᠤᠯ | ᠥᠬᠡᠶ ᠠᠭᠤᠷᠬᠠᠶ ᠶᠢᠨ ᠱᠠᠭᠠᠷᠳᠠᠯᠭ᠎ᠠ ᠶᠣᠰᠣᠭᠠᠷ ᠪᠥᠲᠥᠭᠡᠨ ᠪᠠᠶᠢᠭᠤᠯᠤᠯᠲᠠ ᠪᠠ ᠬᠢᠨᠠᠯᠲᠠ ᠬᠠᠮᠢᠶᠠᠷᠤᠯᠲᠠ ᠬᠢᠵᠦ᠂ | ᠬᠡᠪ ᠤᠨ ᠡᠵᠡᠩᠨᠡᠯᠲᠡ ᠶᠢᠨ ᠬᠤᠭᠤᠴᠠᠭᠠᠨ ᠳᠤ ᠪᠠᠶᠢᠭ᠎ᠠ ᠠᠭᠤᠷᠬᠠᠶ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠠᠭᠤᠷᠬᠠᠶ ᠶᠢᠨ ᠠᠵᠤ ᠠᠬᠤᠶᠢᠯᠠᠯ ᠤᠨ ᠮᠡᠷᠭᠡᠵᠢᠯ ᠤᠨ | ᠥᠭᠡᠷᠡᠴᠢᠯᠡᠯᠲᠡ ᠶᠢ ᠲᠦᠷᠭᠡᠳᠬᠡᠵᠦ᠂ ᠠᠭᠤᠷᠬᠠᠶ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠣᠬᠢᠷᠲᠤᠯ | ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠲᠦᠷᠭᠡᠬᠡᠨ ᠬᠦᠷᠦᠭᠦᠯᠦᠨ᠎ᠡ᠃ ᠨᠡᠭᠡᠭᠡᠨ | ᠠᠰᠢᠭᠯᠠᠬᠤ ᠠᠷᠭ᠎ᠠ ᠮᠠᠶ᠋ᠢᠭ ᠢ ᠲᠠᠰᠤᠷᠠᠯᠳᠠ ᠥᠭᠡᠢ ᠬᠠᠯᠠᠨ ᠰᠠᠶᠢᠵᠢᠷᠠᠭᠤᠯᠵᠤ᠂ ᠨᠡᠭᠡᠭᠡᠨ ᠠᠰᠢᠭᠯᠠᠬᠤ ᠬᠢᠷᠢ | ᠬᠡᠮᠵᠢᠶ᠎ᠡ ᠪᠠᠨ ᠳᠡᠭᠡᠭᠰᠢᠯᠡᠭᠦᠯᠦᠨ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ | ᠠᠬᠢᠭᠤᠯᠵᠤ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠦᠢ ᠵᠣᠬᠢᠰᠲᠠᠶ | ᠨᠡᠭᠡᠭᠡᠨ ᠬᠥᠭᠵᠢᠭᠦᠯᠬᠦ᠂ ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠠᠶᠤᠯ ᠥᠭᠡᠢ | ᠦᠢᠯᠡᠳᠪᠦᠷᠢᠯᠡᠬᠦ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠪᠣᠯᠤᠨ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ | ᠪᠠᠶᠢᠬᠤ ᠶᠢ ᠪᠠᠲᠤᠯᠠᠵᠤ᠂ ᠪᠣᠬᠢᠷᠲᠤᠯ ᠥᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢᠨ ᠠᠵᠢᠯ ᠳᠤ ᠰᠠᠶᠢᠨ | ᠰᠠᠶᠢᠬᠠᠨ ᠣᠷᠴᠢᠨ ᠠᠬᠤᠶ ᠶᠢ ᠪᠤᠢ ᠪᠣᠯᠭᠠᠬᠤ ᠬᠡᠷᠡᠭᠲᠡᠶ᠃ 2025 ᠣᠨ ᠤ ᠵᠢᠯ ᠤᠨ ᠰᠡᠭᠦᠯᠴᠢ ᠠᠴᠠ ᠡᠮᠦᠨ᠎ᠡ | ᠪᠥᠬᠦ ᠬᠤᠲᠠ ᠶᠢᠨ ᠪᠣᠶ ᠪᠥᠬᠦᠶ ᠬᠤᠭᠤᠴᠠᠭᠠᠨ ᠳᠤ ᠦᠢᠯᠡᠳᠪᠦᠷᠢᠯᠡᠵᠦ ᠪᠠᠶᠢᠭ᠎ᠠ ᠠᠭᠤᠷᠬᠠᠶ ᠶᠢ ᠥᠪᠡᠷᠲᠡᠭᠡᠨ ᠵᠠᠰᠠᠬᠤ | ᠣᠷᠣᠨ ᠤ ᠲᠠᠰ ᠠᠴᠠ ᠳᠡᠭᠡᠭᠰᠢᠬᠢ ᠪᠣᠬᠢᠷᠲᠤᠯ ᠥᠬᠡᠶ ᠠᠭᠤᠷᠬᠠᠶ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ | | 5. ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ | ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ︽ᠤᠯᠤᠰ ᠤᠨ | ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠳᠠᠨ ᠤ ᠨᠡᠷᠡᠰ ᠤᠨ ᠵᠢᠭᠰᠠᠭᠠᠯᠲᠠ︾ ᠪᠠ ︽ᠤᠯᠤᠰ ᠤᠨ | ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠤᠷᠭᠤᠮᠠᠯ ᠤᠨ ᠨᠡᠷᠡᠰ ᠤᠨ ᠵᠢᠭᠰᠠᠭᠠᠯᠲᠠ︾ ᠳᠤ ᠤᠷᠤᠭᠰᠠᠨ | ᠤᠯᠤᠰ ᠤᠨ ᠨᠢᠭᠡᠳᠦᠭᠡᠷ᠂ ᠬᠤᠶᠠᠳᠤᠭᠠᠷ ᠳᠡᠰ ᠤᠨ ᠬᠡᠭᠡᠷ᠎ᠡ ᠶᠢᠨ ᠠᠮᠢᠳᠠᠨ ᠤᠷᠭᠤᠮᠠᠯ ᠢ ᠬᠠᠤᠯᠢ ᠶᠣᠰᠣᠭᠠᠷ | ᠬᠠᠮᠠᠭᠠᠯᠠᠨ᠎ᠠ᠃ ᠬᠡᠭᠡᠷ᠎ᠡ ᠶᠢᠨ ᠠᠮᠢᠳᠤ ᠪᠣᠳᠠᠰ ᠤᠨ ᠲᠦᠷᠦᠯ ᠤᠨ ᠡᠬᠢ ᠪᠠᠶᠠᠯᠢᠭ ᠢ ᠴᠤᠭᠯᠠᠭᠤᠯᠬᠤ᠂ ᠬᠠᠳᠠᠭᠠᠯᠠᠬᠤ ᠶᠢ | ᠴᠢᠩᠭᠠᠳᠬᠠᠵᠤ᠂ ᠲᠦᠷᠦᠯ ᠵᠦᠢᠯ ᠤᠨ ᠡᠬᠢ ᠪᠠᠶᠠᠯᠢᠭ ᠢ ᠬᠠᠳᠠᠭᠠᠯᠠᠬᠤ ᠰᠢᠰᠲ᠋ᠧᠮ ᠢ ᠪᠦᠷᠢᠨᠰᠢᠬᠦᠯᠵᠦ᠂ ᠴᠢᠬᠤᠯᠠ | ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠦᠨᠡᠯᠡᠨ | ᠵᠢᠱᠢᠬᠦ ᠶᠢ ᠥᠷᠨᠢᠭᠦᠯᠦᠨ᠎ᠡ᠃ ᠰᠢᠯᠢ ᠶᠢᠨ ᠭᠤᠣᠯ ᠤᠨ ᠲᠠᠯ᠎ᠠ ᠨᠤᠲᠤᠭ ᠤᠨ ᠤᠯᠤᠰ ᠤᠨ ᠳᠡᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠭᠠᠵᠠᠷ | ᠰᠢᠨᠵᠢᠯᠡᠭᠡᠨ ᠤ ᠴᠡᠴᠡᠷᠯᠢᠭ᠂ ᠥᠪᠥᠷ ᠮᠣᠩᠭᠤᠯ ᠤᠨ ᠰᠢᠯᠢ ᠶᠢᠨ ᠭᠤᠣᠯ ᠤᠨ ᠤᠯᠤᠰ ᠤᠨ ᠨᠤᠭᠤ ᠭᠠᠵᠠᠷ ᠤᠨ | ᠴᠡᠴᠡᠷᠯᠢᠭ ᠪᠠ ᠥᠪᠥᠷ ᠮᠣᠩᠭᠤᠯ ᠤᠨ ᠪᠠᠶ᠋ᠨᠬᠦ᠋ᠷᠢᠶᠡ ᠤ ᠴᠠᠬᠤᠯᠠᠶ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠠᠮᠠᠭᠠᠯᠠᠯᠲᠠ ᠶᠢ ᠴᠢᠩᠭᠠᠳᠬᠠᠨ᠎ᠠ᠃ ᠳᠡᠯᠡᠬᠡᠶ ᠶᠢᠨ ᠮᠥᠬᠦᠬᠦ ᠰᠢᠬᠠᠭᠰᠠᠨ ᠠᠮᠢᠲᠠᠨ ᠤ ᠲᠥᠷᠥᠯ ᠤᠨ ᠴᠠᠬᠤᠯᠠᠶ ᠵᠢᠴᠢ | ᠬᠠᠮᠠᠭᠠᠯᠠᠯᠲᠠ ᠶᠢᠨ ᠣᠷᠣᠨ ᠳᠤ ᠣᠷᠣᠰᠢᠨ ᠠᠮᠢᠳᠤᠷᠠᠵᠤ ᠪᠠᠶᠢᠭ᠎ᠠ ᠬᠤᠪᠣᠷ ᠴᠤᠬᠠᠭ ᠮᠥᠬᠦᠬᠦ ᠰᠢᠬᠠᠭᠰᠠᠨ | ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢ ᠦᠷᠭᠦᠯᠵᠢᠯᠡᠨ ᠰᠠᠶᠢᠲᠤᠷ ᠬᠢᠵᠦ᠂ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠳᠠᠬᠢ ᠴᠢᠭᠢᠭᠯᠢᠭ ᠭᠠᠵᠠᠷ᠂ ᠨᠤᠲᠤᠭ ᠪᠡᠯᠴᠢᠭᠡᠷ᠂ ᠣᠶ ᠰᠢᠭᠤᠶ ᠶᠢᠨ ᠬᠠᠮ ᠠᠮᠢ ᠠᠬᠤᠶ ᠶᠢᠨ ᠰᠢᠰᠲ᠋ᠧᠮ ᠤᠨ | ᠪᠦᠷᠢᠨ ᠪᠦᠲᠦᠨ ᠴᠢᠨᠠᠷ ᠢ ᠳᠡᠭᠡᠭᠰᠢᠯᠡᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠬᠡᠭᠡᠷ᠎ᠡ ᠶᠢᠨ | ᠠᠮᠢᠲᠠᠨ ᠤᠷᠭᠤᠮᠠᠯ ᠤᠨ ᠳᠦᠷᠰᠦ ᠶᠢᠨ ᠬᠠᠯᠳᠠᠯᠭ᠎ᠠ ᠳᠤ ᠤᠴᠠᠷᠠᠬᠤ ᠥᠬᠡᠶ ᠪᠠᠶᠢᠬᠤ ᠶᠢ ᠦᠨᠡᠨᠬᠦ ᠪᠠᠲᠤᠯᠠᠵᠤ᠂ | ᠳᠦᠷᠰᠦ ᠶᠢᠨ ᠣᠯᠠᠨ ᠶᠠᠩᠵᠤᠲᠤ ᠴᠢᠨᠠᠷ ᠢ ᠪᠠᠲᠤᠯᠠᠨ᠂ ᠠᠮᠢ ᠠᠬᠤᠶ ᠶᠢᠨ ᠰᠢᠰᠲ᠋ᠧᠮ᠂ ᠠᠮᠢᠳᠤ ᠪᠣᠳᠠᠰ ᠤᠨ ᠳᠦᠷᠰᠦ | ᠪᠠ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ | ᠠᠮᠢᠳᠤ ᠪᠣᠳᠠᠰ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ | ᠲᠡᠭᠦᠯᠳᠡᠷᠵᠢᠭᠦᠯᠦᠨ᠎ᠡ᠃ ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠳᠦᠷᠰᠦ ᠶᠢ ᠬᠠᠮᠢᠶᠠᠷᠤᠨ | ᠡᠵᠡᠮᠳᠡᠬᠦ ᠶᠢ ᠴᠢᠩᠭᠠᠳᠬᠠᠵᠤ᠂ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ ᠭᠠᠳᠠᠨ᠎ᠠ ᠠᠴᠠ ᠣᠷᠣᠵᠤ ᠢᠷᠡᠭᠰᠡᠨ | ᠠᠮᠢᠳᠤ ᠪᠣᠳᠠᠰ ᠤᠨ ᠳᠦᠷᠰᠦ ᠶᠢ ᠪᠠᠶᠢᠴᠠᠭᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠦᠨᠡᠯᠡᠨ | ᠵᠢᠱᠢᠬᠦ ᠶᠢ ᠦᠷᠭᠦᠯᠵᠢᠯᠡᠨ ᠥᠷᠨᠢᠭᠦᠯᠵᠦ᠂ ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠳᠦᠷᠰᠦ ᠶᠢᠨ | ᠨᠡᠷᠡᠰ ᠤᠨ ᠵᠢᠭᠰᠠᠭᠠᠯᠲᠠ ᠶᠢ ᠪᠠᠶᠢᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠮᠢᠳᠤ ᠪᠣᠳᠠᠰ ᠤᠨ | ᠣᠯᠠᠨ ᠶᠠᠩᠵᠤᠲᠤ ᠴᠢᠨᠠᠷ ᠢ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠣᠷᠣᠨ ᠵᠡᠷᠭᠡ ᠭᠤᠤᠯᠳᠠᠯᠭ᠎ᠠ ᠲᠠᠢ ᠣᠷᠣᠨ | ᠪᠦᠰᠡ ᠶᠢᠨ ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ ᠳᠦᠷᠰᠦ ᠶᠢ ᠰᠡᠷᠭᠡᠶᠢᠯᠡᠨ ᠡᠵᠡᠮᠳᠡᠬᠦ ᠠᠵᠢᠯ ᠳᠤ | ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠭᠠᠳᠠᠨ᠎ᠠ ᠠᠴᠠ ᠣᠷᠣᠵᠤ | ᠢᠷᠡᠭᠰᠡᠨ ᠪᠣᠳᠠᠰ ᠤᠨ ᠳᠦᠷᠰᠦ ᠶᠢ ᠣᠷᠳᠣ ᠬᠤᠭᠤᠴᠠᠭ᠎ᠠ ᠪᠠᠷ ᠦᠨᠡᠯᠡᠨ ᠵᠢᠱᠢᠬᠦ ᠶᠢ ᠦᠷᠨᠢᠭᠦᠯᠦᠨ᠎ᠡ᠃ ᠠᠮᠢᠳᠤ | ᠪᠣᠳᠠᠰ ᠤᠨ ᠮᠡᠷᠭᠡᠵᠢᠯ ᠤᠨ ᠣᠷᠴᠢᠨ ᠲᠣᠭᠤᠷᠢᠨ ᠤ ᠠᠶᠤᠯ ᠥᠭᠡᠢ ᠶᠢᠨ ᠲᠦᠭᠰᠢᠭᠦᠷᠢ ᠶᠢ ᠦᠨᠡᠯᠡᠬᠦ᠂ ᠪᠠᠶᠢᠴᠠᠭᠠᠨ | ᠬᠡᠮᠵᠢᠬᠦ᠂ ᠬᠢᠨᠠᠨ ᠬᠡᠮᠵᠢᠬᠦ᠂ ᠰᠡᠷᠡᠮᠵᠢᠯᠡᠭᠦᠯᠬᠦ ᠪᠠ ᠠᠶᠤᠯ ᠥᠭᠡᠢ ᠶᠢᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ | ᠪᠥᠷᠢᠨᠰᠢᠬᠦᠯᠥᠨ᠎ᠡ᠃ ᠮᠠᠯ ᠠᠵᠤ ᠠᠬᠤᠶ ᠪᠣᠯᠤᠨ ᠣᠶ ᠰᠢᠭᠤᠶ ᠶᠢᠨ ᠦᠢᠯᠡᠰ ᠤᠨ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠤᠲᠤᠭ ᠪᠡᠯᠴᠢᠭᠡᠷ ᠤᠨ ᠬᠤᠷᠣᠬᠠᠶ ᠬᠤᠯᠤᠭᠠᠨ᠎ᠠ ᠶᠢᠨ ᠬᠥᠨᠥᠭᠡᠯ᠂ | ᠠᠮᠢᠲᠠᠨ ᠤ ᠬᠢᠵᠢᠭ ᠡᠪᠡᠳᠴᠢᠨ ᠬᠢᠭᠡᠳ ᠨᠤᠲᠤᠭ ᠪᠡᠯᠴᠢᠭᠡᠷ ᠤᠨ ᠣᠶ ᠰᠢᠭᠤᠶ ᠶᠢᠨ ᠭᠠᠯ ᠤᠨ ᠭᠠᠮᠰᠢᠭ ᠵᠡᠷᠭᠡ ᠭᠠᠶ | ᠭᠠᠮᠰᠢᠭ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠦᠨ᠎ᠡ᠃ ︽ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ ᠶᠢ ᠣᠯᠠᠨ ᠲᠠᠯ᠎ᠠ ᠪᠠᠷ ᠥᠷᠨᠢᠭᠦᠯᠬᠦ ᠪᠠᠷ ᠳᠠᠮᠵᠢᠭᠤᠯᠤᠨ᠂ ᠪᠥᠬᠦ ᠠᠷᠠᠳ ᠤᠨ ᠠᠮᠢᠳᠤ | ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠦᠵᠡᠯ ᠤᠬᠠᠮᠰᠠᠷ ᠢ ᠦᠨᠳᠦᠰᠦᠨ ᠠᠴᠠ ᠨᠢ | ᠳᠡᠭᠡᠭᠰᠢᠯᠡᠭᠦᠯᠦᠨ᠎ᠡ᠃ ᠣᠯᠠᠨ ᠲᠠᠯ᠎ᠠ ᠪᠠᠷ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠮᠡᠳᠡᠯᠭᠡ ᠶᠢ | ᠤᠬᠠᠭᠤᠯᠵᠤ᠂ ᠰᠦᠯᠵᠢᠶ᠎ᠡ ᠵᠡᠷᠭᠡ ᠤᠬᠠᠭᠤᠯᠭ᠎ᠠ ᠶᠢᠨ ᠵᠠᠭᠤᠴᠢᠯᠠᠭᠤᠷ᠂ ᠵᠠᠷ ᠤᠨ ᠫᠠᠶᠢᠰᠠ ᠵᠡᠷᠭᠡ ᠤᠬᠠᠭᠤᠯᠭ᠎ᠠ ᠶᠢᠨ | ᠵᠢᠭᠰᠠᠭᠠᠯ ᠤᠨ ᠭᠠᠵᠠᠷ ᠢ ᠶᠡᠷᠦᠩᠬᠡᠶᠢᠯᠡᠨ ᠬᠡᠷᠡᠭᠯᠡᠵᠦ᠂ ︽5.22︾ ᠤᠨ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠤᠨ ᠡᠳᠦᠷ᠂ ᠳᠡᠯᠡᠬᠡᠶ ᠶᠢᠨ ᠣᠷᠴᠢᠨ ᠠᠬᠤᠶ ᠶᠢᠨ ᠡᠳᠦᠷ ᠵᠡᠷᠭᠡ ᠭᠤᠤᠯ ᠰᠡᠳᠦᠪᠲᠦ ᠤᠬᠠᠭᠤᠯᠭ᠎ᠠ ᠶᠢᠨ | ᠡᠳᠦᠷ ᠲᠠᠢ ᠤᠶᠠᠯᠳᠤᠭᠤᠯᠤᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ | ᠠᠭᠤᠯᠭ᠎ᠠ ᠶᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠬᠤᠲᠠ ᠶᠢᠨ ᠠᠷᠠᠳ ᠤᠨ ᠠᠮᠢᠳᠤ ᠪᠣᠳᠠᠰ ᠤᠨ ᠣᠯᠠᠨ | ᠶᠠᠩᠵᠤᠲᠤ ᠴᠢᠨᠠᠷ ᠢ ᠬᠠᠮᠠᠭᠠᠯᠠᠬᠤ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠠᠮᠢᠳᠤ ᠪᠣᠳᠠᠰ ᠤᠨ ᠣᠯᠠᠨ | ᠶᠠᠩᠵᠤᠲᠤ ᠴᠢᠨᠠᠷ ᠢ ᠤᠬᠠᠮᠰᠠᠷ ᠠᠴᠠ ᠪᠠᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ᠳᠥᠷᠪᠡᠳᠦᠭᠡᠷ ᠬᠡᠰᠡᠭ ᠪᠦᠬᠦ ᠣᠷᠣᠨ ᠪᠦᠰᠡ ᠶᠢᠨ ᠰᠢᠯᠢᠳᠡᠭᠵᠢᠨ ᠳᠡᠰ ᠳᠡᠪᠰᠢᠬᠦ ᠶᠢ ᠲᠦᠯᠬᠢᠨ ᠠᠬᠢᠭᠤᠯᠵᠤ᠂ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠠᠬᠤᠶ ᠶᠢ ᠴᠢᠨᠠᠷ ᠰᠠᠶᠢᠲᠠᠶ | ᠬᠥᠭᠵᠢᠭᠦᠯᠦᠨ᠎ᠡ | 1. ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ | ᠪᠣᠬᠢᠷᠲᠤᠯ ᠦᠭᠡᠢ ᠲᠠᠷᠢᠶᠠᠯᠠᠩ ᠢ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠭᠦᠯᠦᠨ᠎ᠡ᠃ ᠪᠡᠯᠡᠳᠭᠡᠮᠵᠢᠳᠤ | ᠲᠠᠷᠢᠶᠠᠯᠠᠩ᠂ ᠠᠮᠢ ᠠᠬᠤᠶ ᠶᠢᠨ ᠲᠠᠷᠢᠶᠠᠯᠠᠩ᠂ ᠰᠡᠯᠡᠭᠦᠴᠡᠯ ᠵᠤᠭᠠᠴᠠᠯ ᠤᠨ ᠲᠠᠷᠢᠶᠠᠯᠠᠩ ᠢᠶᠠᠷ ᠰᠢᠪᠲᠤᠯᠤᠯᠲᠠ ᠶᠢᠨ | ᠴᠡᠭ ᠪᠣᠯᠭᠠᠬᠤ ᠶᠢ ᠪᠠᠷᠢᠮᠲᠠᠯᠠᠵᠤ᠂ ᠤᠳᠤ ᠶᠢᠨ ᠪᠠᠶᠢᠭ᠎ᠠ ᠦᠷ᠎ᠡ ᠠᠰᠢᠭ ᠢᠶᠠᠷ ᠳᠣᠣᠷ᠎ᠠ ᠵᠢᠴᠢ ᠰᠤᠯᠠ ᠪᠠᠶᠢᠬᠤ | ᠲᠠᠷᠢᠶᠠᠯᠠᠩ ᠤᠨ ᠪᠡᠯᠡᠳᠭᠡᠮᠵᠢᠳᠤ ᠬᠦᠯᠡᠮᠵᠢ ᠶᠢ ᠠᠮᠢᠳᠤᠯᠢᠭ ᠪᠣᠯᠭᠠᠵᠤ᠂ ᠰᠢᠯᠢᠳᠡᠭ ᠰᠢᠨ᠎ᠡ ᠢᠳᠡᠰᠢᠨ ᠨᠣᠭᠤᠭ᠎ᠠ᠂ | ᠭᠤᠸ᠎ᠠ ᠵᠢᠮᠢᠰ ᠤᠨ ᠲᠦᠷᠦᠯ ᠵᠦᠢᠯ ᠢ ᠣᠷᠣᠭᠤᠯᠤᠨ ᠠᠪᠴᠢᠷᠠᠬᠤ ᠪᠠᠷ ᠲᠥᠯᠥᠪᠵᠢᠭᠦᠯᠵᠦ᠂ ᠳᠡᠭᠡᠳᠦ ᠲᠡᠰ ᠤᠨ | ᠤᠳᠤ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠵᠢᠵᠢᠭ ᠲᠣᠭᠤᠷᠢᠭ ᠢ ᠲᠥᠪᠯᠡᠷᠡᠭᠦᠯᠦᠨ ᠬᠥᠭᠵᠢᠭᠦᠯᠦᠨ᠎ᠡ᠃ | ᠮᠣᠩᠭᠤᠯ ᠬᠢᠲᠠᠳ ᠡᠮ ᠤᠨ ᠮᠠᠲ᠋ᠧᠷᠢᠶᠠᠯ᠂ ᠲᠠᠯ᠎ᠠ ᠨᠤᠲᠤᠭ ᠤᠨ ᠮᠥᠭᠦ᠂ ᠲᠥᠮᠥᠰᠥ ᠵᠡᠷᠭᠡ ᠤᠨᠴᠠᠯᠢᠬᠳᠤ | ᠲᠠᠷᠢᠮᠠᠯ ᠤᠨ ᠠᠵᠤ ᠦᠢᠯᠡᠰ ᠢ ᠵᠣᠬᠢᠬᠤ ᠬᠡᠮᠵᠢᠶ᠎ᠡ ᠪᠠᠷ ᠬᠥᠭᠵᠢᠭᠦᠯᠵᠦ᠂ ᠪᠠᠶᠠᠨᠬᠦ᠋ᠷᠢᠶ᠎ᠡ ᠮᠠᠯᠵᠢᠯ ᠤᠨ ᠲᠠᠯᠠᠪᠠᠶ ᠶᠢᠨ | ᠣᠳᠣᠬᠢᠴᠢᠯᠠᠭᠰᠠᠨ ᠲᠠᠷᠢᠮᠠᠯ ᠤᠨ ᠬᠦᠷᠢᠶᠡᠯᠡᠩ ᠤᠨ ᠣᠷᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠢᠳᠡᠪᠬᠢᠲᠡᠶ ᠠᠬᠢᠭᠤᠯᠵᠤ᠂ ᠬᠥᠲᠥᠴᠢ ᠠᠵᠤ ᠠᠬᠤᠶᠢᠯᠠᠯ ᠢ ᠲᠡᠳᠬᠦᠨ ᠤᠨᠴᠠᠯᠢᠬᠳᠤ ᠲᠠᠷᠢᠮᠠᠯ ᠤᠨ ᠰᠠᠭᠤᠷᠢᠨ | ᠭᠠᠵᠠᠷ ᠤᠨ ᠬᠥᠭᠵᠢᠨ ᠪᠤᠵᠠᠭᠠᠶᠢᠷᠠᠬᠤ ᠶᠢ ᠳᠠᠶᠢᠴᠢᠯᠠᠨ᠎ᠠ᠃ ᠥᠪᠡᠷᠲᠡᠭᠡᠨ ᠵᠠᠰᠠᠬᠤ ᠣᠷᠣᠨ ᠤ ᠴᠠᠭᠠᠨ ᠢᠳᠡᠭᠡᠨ ᠤ | ᠦᠢᠯᠡᠰ ᠢ ᠬᠥᠭᠵᠢᠭᠦᠯᠬᠦ ᠪᠠ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠬᠥᠭᠵᠢᠭᠦᠯᠬᠦ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠳᠣᠭᠢᠷᠠᠭᠤᠯᠤᠨ ᠰᠦ ᠮᠢᠬ᠎ᠠ ᠶᠢ ᠵᠡᠷᠭᠡᠪᠡᠷ ᠬᠡᠷᠡᠭᠯᠡᠬᠦ ᠰᠢᠮᠧᠨ᠋ᠲ᠋ᠠᠷ ᠦᠬᠡᠷ ᠪᠣᠯᠤᠨ ᠬᠤᠯᠠᠨᠳ᠋ ᠤᠨ ᠦᠬᠡᠷ᠂ | ᠵᠢᠤᠸᠠᠨ ᠱᠠᠨ ᠦᠬᠡᠷ ᠢ ᠬᠥᠭᠵᠢᠭᠦᠯᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ | ᠠᠬᠢᠭᠤᠯᠤᠨ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠲᠠᠰ ᠳᠡᠪᠰᠢᠬᠦ ᠶᠢ ᠳᠡᠮᠵᠢᠵᠦ᠂ ᠶᠧᠦ ᠷᠠᠨ | ᠮᠠᠯ ᠠᠵᠤ ᠠᠬᠤᠶ ᠵᠡᠷᠭᠡ ᠬᠥᠲᠥᠴᠢ ᠠᠵᠤ ᠠᠬᠤᠶᠢᠯᠠᠯ ᠢ ᠳᠡᠮᠵᠢᠵᠦ᠂ ᠰᠢᠨ᠎ᠡ ᠶᠢ ᠡᠭᠦᠳᠬᠦ ᠣᠷᠣᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠤᠨ᠂ ᠣᠯᠠᠨ ᠡᠰᠢᠲᠦ ᠴᠢᠨᠠᠷ ᠰᠠᠶᠢᠲᠠᠶ ᠳᠡᠭᠡᠳᠦ ᠲᠠᠰ ᠤᠨ ᠴᠠᠭᠠᠨ ᠢᠳᠡᠭᠡᠨ ᠢ ᠨᠡᠭᠡᠭᠡᠨ | ᠬᠥᠭᠵᠢᠭᠦᠯᠵᠦ᠂ ᠤᠯᠤᠰ ᠤᠨ ᠳᠣᠲᠣᠭᠠᠳᠤ ᠶᠢᠨ ᠴᠢᠬᠤᠯᠠ ᠳᠡᠭᠡᠳᠦ ᠲᠠᠰ ᠤᠨ ᠴᠠᠭᠠᠨ ᠢᠳᠡᠭᠡᠨ ᠤ ᠦᠢᠯᠡᠰ ᠤᠨ | ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠮᠣᠷᠢ᠂ ᠦᠬᠡᠷ᠂ ᠬᠤᠨᠢ᠂ ᠲᠡᠮᠡᠭᠡᠨ ᠤ ᠰᠦ᠂ | ᠮᠢᠬ᠎ᠠ᠂ ᠨᠣᠣᠯᠣᠭᠤᠷ᠂ ᠨᠣᠣᠰᠣ᠂ ᠠᠷᠠᠰᠤ᠂ ᠴᠤᠯᠤ᠂ ᠶᠠᠰᠤ᠂ ᠴᠢᠰᠤ᠂ ᠳᠤᠭᠤᠶᠢᠯᠠᠪᠤᠷᠢ ᠵᠡᠷᠭᠡ ᠮᠠᠯ ᠤᠨ ᠠᠰᠢᠭ | ᠰᠢᠮ᠎ᠡ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠮᠠᠯ ᠤᠨ ᠠᠰᠢᠭ ᠰᠢᠮ᠎ᠡ ᠡᠳ᠋ᠰᠢᠭᠦᠯᠬᠦ ᠦᠢᠯᠡᠰ ᠢ ᠶᠡᠬᠡᠪᠡᠷ | ᠬᠥᠭᠵᠢᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ | ᠪᠣᠷᠣᠯᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠡᠭᠡᠵᠢᠩ ᠳᠤ ᠲᠠᠷᠢᠶᠠᠯᠠᠩ ᠤᠨ ᠣᠨᠴᠠ | ᠭᠠᠷᠤᠯᠲᠠ ᠶᠢᠨ ᠲᠤᠰᠬᠠᠶ ᠳᠡᠯᠭᠡᠭᠦᠷ ᠭᠠᠷᠭᠠᠬᠤ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠬᠤᠳᠠᠯᠳᠤᠭ᠎ᠠ ᠬᠡᠲᠦ | ᠳᠡᠯᠭᠡᠭᠦᠷ ᠤᠨ ᠲᠤᠰᠬᠠᠶ ᠯᠠᠩᠭᠦᠶ ᠭᠠᠷᠭᠠᠵᠤ᠂ ᠰᠢᠯᠢ ᠶᠢᠨ ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠪᠡᠭᠡᠵᠢᠩ ᠤᠨ ᠵᠠᠬ᠎ᠠ ᠳᠡᠯᠭᠡᠭᠦᠷ ᠯᠦᠭᠡ ᠦᠢᠯᠡᠳᠪᠦᠷᠢᠯᠡᠵᠦ ᠪᠣᠷᠣᠯᠠᠭᠤᠯᠬᠤ ᠶᠢ ᠵᠣᠯᠭᠠᠭᠤᠯᠬᠤ ᠶᠢ | ᠪᠦᠲᠦᠮᠵᠢᠲᠡᠶ ᠳᠥᠯᠭᠢᠨ ᠠᠬᠢᠭᠤᠯᠤᠨ᠎ᠠ᠃ ᠰᠢᠯᠢ ᠶᠢᠨ ᠬᠤᠲᠠ ᠶᠢᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ | ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠪᠡᠭᠡᠵᠢᠩ ᠲᠢᠶᠠᠨᠵᠢᠨ ᠾᠧᠪᠧᠢ ᠶᠢᠨ ᠪᠣᠬᠢᠷᠲᠤᠯ ᠥᠬᠡᠶ ᠴᠢᠨᠠᠷ | ᠰᠠᠶᠢᠲᠠᠶ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠢᠭᠤᠳ ᠬᠠᠩᠭᠠᠵᠤ ᠰᠢᠭᠤᠳ ᠣᠷᠣᠭᠤᠯᠬᠤ ᠶᠢ | ᠪᠠᠲᠤᠯᠠᠬᠤ ᠰᠠᠭᠤᠷᠢᠨ ᠭᠠᠵᠠᠷ ᠢ ᠪᠣᠶ ᠪᠣᠯᠭᠠᠨ᠎ᠠ᠃ | ᠲᠠᠷᠢᠶᠠᠯᠠᠩ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠷᠠᠭᠤᠯᠤᠨ᠎ᠠ᠃ ᠬᠢᠮᠢ ᠶᠢᠨ ᠪᠤᠷᠳᠤᠭᠤᠷ ᠲᠠᠷᠢᠶᠠᠨ | ᠡᠮ ᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠵᠦ᠂ ᠬᠢᠮᠢ ᠶᠢᠨ ᠪᠤᠷᠳᠤᠭᠤᠷ ᠲᠠᠷᠢᠶᠠᠨ ᠡᠮ ᠤᠨ | ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠥᠷᠨᠢᠭᠦᠯᠵᠦ᠂ ᠪᠤᠷᠳᠤᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ | ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ᠂ ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ᠂ ᠰᠦᠯᠢᠶᠣᠣ | ᠪᠦᠷᠬᠦᠪᠴᠢ ᠶᠢ ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠭᠦᠯᠬᠦ ︽ᠲᠦᠷᠪᠡ ᠶᠢ ᠬᠢᠵᠠᠭᠠᠷᠯᠠᠬᠤ ᠠᠵᠢᠯᠯᠠᠭ᠎ᠠ︾ ᠶᠢ | ᠪᠦᠬᠦ ᠲᠠᠯ᠎ᠠ ᠪᠠᠷ ᠥᠷᠨᠢᠭᠦᠯᠵᠦ᠂ ᠲᠠᠷᠢᠶᠠᠨ ᠡᠮ᠂ ᠬᠢᠮᠢ ᠶᠢᠨ ᠪᠤᠷᠳᠤᠭᠤᠷ᠂ ᠲᠠᠷᠢᠶᠠᠯᠠᠩ ᠤᠨ ᠰᠦᠯᠢᠶᠣᠣ | ᠪᠦᠷᠬᠦᠪᠴᠢ ᠶᠢᠨ ᠣᠷᠣᠭᠤᠯᠤᠯᠲᠠ ᠶᠢᠨ ᠬᠡᠮᠵᠢᠶ᠎ᠡ ᠶᠢᠨ ︽ᠰᠥᠭᠡᠷᠭᠦ ᠨᠡᠮᠡᠭᠳᠡᠯ︾ ᠢ ᠪᠡᠶᠡᠯᠡᠭᠦᠯᠦᠨ᠎ᠡ᠃ ᠬᠢᠮᠢ ᠶᠢᠨ | ᠪᠤᠷᠳᠤᠭᠤᠷ ᠲᠠᠷᠢᠶᠠᠨ ᠡᠮ ᠤᠨ ᠬᠡᠷᠡᠭᠯᠡᠯᠲᠡ ᠶᠢᠨ ᠬᠡᠮᠵᠢᠶ᠎ᠡ ᠶᠢ ᠪᠠᠶᠢᠴᠠᠭᠠᠨ ᠪᠦᠷᠢᠳᠬᠡᠬᠦ ᠲᠦᠷᠢᠮ ᠢ | ᠲᠡᠭᠦᠯᠳᠡᠷᠵᠢᠭᠦᠯᠦᠨ᠎ᠡ᠃ ᠠᠮᠢᠳᠤ ᠪᠣᠳᠠᠰ ᠤᠨ ᠲᠠᠷᠢᠶᠠᠨ ᠡᠮ᠂ ᠣᠷᠴᠢᠨ ᠠᠬᠤᠶ ᠨᠥᠬᠦᠷᠰᠡᠭ ᠬᠡᠯᠪᠡᠷᠢ ᠶᠢᠨ ᠲᠠᠷᠢᠶᠠᠨ | ᠡᠮ ᠢ ᠬᠡᠷᠡᠭᠯᠡᠬᠦ ᠶᠢ ᠲᠦᠯᠬᠢᠨ ᠠᠬᠢᠭᠤᠯᠵᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠲᠤᠰᠬᠠᠶᠢᠵᠢᠭᠤᠯᠤᠨ | ᠨᠢᠭᠡᠳᠦᠯᠲᠡᠶ ᠰᠡᠷᠭᠡᠶᠢᠯᠡᠨ ᠡᠵᠡᠮᠳᠡᠬᠦ ᠪᠠ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠶᠢ ᠠᠭᠤᠰᠤᠯᠴᠠᠭᠤᠯᠬᠤ ᠶᠢ | ᠲᠦᠯᠬᠢᠨ ᠠᠬᠢᠭᠤᠯᠵᠤ᠂ ᠲᠠᠷᠢᠶᠠᠨ ᠡᠮ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠣᠷᠭᠠᠨᠢᠭ ᠣᠷᠴᠢᠨ ᠠᠬᠤᠶ ᠶᠢ ᠬᠠᠮᠠᠭᠠᠯᠠᠬᠤ ᠲᠠᠷᠢᠶᠠᠨ ᠡᠮ ᠢᠶᠠᠷ ᠣᠷᠣᠯᠠᠭᠤᠯᠬᠤ ᠶᠢ ᠵᠣᠷᠢᠭᠵᠢᠭᠤᠯᠵᠤ᠂ ᠬᠥᠷᠥᠰᠥ | ᠰᠢᠷᠣᠶ ᠶᠢ ᠬᠡᠮᠵᠢᠨ ᠨᠠᠶᠢᠷᠠᠯᠭ᠎ᠠ ᠬᠢᠵᠦ ᠪᠣᠷᠲᠣᠭᠤᠷ ᠣᠷᠣᠭᠤᠯᠬᠤ᠂ ᠤᠰᠤ ᠪᠣᠷᠲᠣᠭᠤᠷ ᠢ ᠨᠢᠭᠡ ᠴᠣᠠᠠᠴᠠᠵᠢᠭᠤᠯᠬᠤ | ᠮᠡᠷᠭᠡᠵᠢᠯ ᠵᠡᠷᠭᠡ ᠢᠨᠵᠧᠨᠧᠷᠢᠩ ᠢ ᠬᠡᠷᠡᠭᠵᠢᠭᠦᠯᠦᠨ᠂ ᠪᠣᠬᠢᠷᠲᠤᠯ ᠥᠬᠡᠶ ᠡᠷᠡᠭᠦᠯ ᠢᠶᠠᠷ ᠲᠡᠵᠢᠭᠡᠨ ᠦᠷᠡᠵᠢᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠢ ᠬᠡᠮᠵᠢᠶ᠎ᠡ ᠶᠢ ᠬᠢᠵᠠᠭᠠᠷᠯᠠᠨ ᠬᠡᠷᠡᠭᠯᠡᠬᠦ ᠶᠢ | ᠵᠢᠷᠤᠮᠵᠢᠭᠤᠯᠤᠨ᠂ ᠮᠠᠯ ᠳᠤ ᠬᠡᠷᠡᠭᠯᠡᠬᠦ ᠪᠠᠺᠲ᠋ᠧᠷᠢ ᠡᠰᠡᠷᠭᠦᠴᠡᠬᠦ ᠡᠮ ᠢ ᠬᠡᠮᠵᠢᠶ᠎ᠡ ᠪᠠᠭᠠᠰᠬᠠᠨ ᠬᠡᠷᠡᠭᠯᠡᠨ᠎ᠡ᠃ ᠲᠠᠷᠢᠶᠠᠨ | ᠡᠮ᠂ ᠬᠢᠮᠢ ᠶᠢᠨ ᠪᠣᠷᠲᠣᠭᠤᠷ ᠤᠨ ᠠᠰᠢᠭᠯᠠᠯᠲᠠ ᠶᠢᠨ ᠨᠣᠷᠮ᠎ᠠ ᠶᠢᠨ ᠪᠦᠷᠢᠳᠬᠡᠯ ᠢ ᠳᠥᠯᠭᠢᠨ ᠠᠬᠢᠭᠤᠯᠵᠤ᠂ 2025 | ᠣᠨ ᠪᠣᠯᠬᠤ ᠳᠤ᠂ ᠪᠥᠬᠦ ᠬᠤᠲᠠ ᠶᠢᠨ ᠲᠠᠷᠢᠶᠠᠨ ᠡᠮ᠂ ᠬᠢᠮᠢ ᠶᠢᠨ ᠪᠣᠷᠲᠣᠭᠤᠷ ᠤᠨ ᠠᠰᠢᠭᠯᠠᠯᠲᠠ ᠶᠢᠨ ᠨᠣᠷᠮ᠎ᠠ ᠶᠢ | ᠴᠥᠮ 43% ᠠᠴᠠ ᠳᠡᠭᠡᠭᠰᠢ ᠪᠣᠯᠭᠠᠨ᠎ᠠ᠃ | ᠲᠠᠷᠢᠶᠠᠯᠠᠩ ᠤᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠳᠡᠭᠡᠭᠰᠢᠯᠡᠭᠦᠯᠦᠨ᠎ᠡ᠃ ᠡᠰᠢ ᠰᠦᠷᠡᠯ ᠢ | ᠶᠡᠷᠦᠩᠬᠡᠶᠢᠯᠡᠨ ᠠᠰᠢᠭᠯᠠᠬᠤ ᠶᠢ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ᠂ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠬᠤ ᠶᠢᠨ ᠨᠢᠭᠡ ᠵᠦᠢᠯ ᠤᠨ ᠴᠢᠬᠤᠯᠠ ᠡᠭᠦᠷᠭᠡ ᠪᠣᠯᠭᠠᠵᠤ᠂ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ | ᠲᠡᠳᠬᠦᠬᠦ ᠪᠠᠨ ᠴᠢᠩᠭᠠᠷᠠᠭᠤᠯᠤᠨ᠂ ᠲᠣᠭᠲᠠᠴᠠ ᠶᠢᠨ ᠰᠢᠨ᠎ᠡ ᠶᠢ ᠡᠭᠦᠳᠴᠦ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠯᠡᠨ᠂ ᠡᠰᠢ ᠰᠦᠷᠡᠯ ᠢ ᠮᠠᠰᠢᠨᠴᠢᠯᠠᠨ ᠲᠠᠷᠢᠶᠠᠨ ᠭᠠᠵᠠᠷ ᠲᠤ ᠪᠤᠴᠠᠭᠠᠬᠤ ᠶᠢ ᠶᠡᠬᠡᠪᠡᠷ ᠠᠬᠢᠭᠤᠯᠵᠤ᠂ | ᠶᠡᠷᠦᠩᠬᠡᠶᠢᠯᠡᠨ ᠠᠰᠢᠭᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠪᠠᠶᠢᠭᠤᠯᠵᠤ᠂ | ᠡᠰᠢ ᠰᠦᠷᠡᠯ ᠢ ᠵᠠᠳᠠᠭᠠᠶ ᠰᠢᠲᠠᠭᠠᠬᠤ᠂ ᠬᠠᠶᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ᠃ | ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠡᠰᠢ ᠰᠦᠷᠡᠯ ᠢ ᠲᠠᠷᠢᠶᠠᠨ ᠳᠤ ᠣᠷᠣᠭᠤᠯᠬᠤ ᠪᠠ ᠨᠣᠭᠤᠭᠠᠨ | ᠪᠣᠷᠳᠣᠭᠤᠷ ᠲᠠᠷᠢᠬᠤ ᠵᠡᠷᠭᠡ ᠮᠡᠷᠭᠡᠵᠢᠯ ᠤᠨ ᠠᠷᠭ᠎ᠠ ᠬᠡᠮᠵᠢᠶ᠎ᠡ ᠶᠢ ᠳᠡᠯᠭᠡᠷᠡᠭᠦᠯᠵᠦ᠂ ᠲᠠᠷᠢᠶᠠᠨ ᠭᠠᠵᠠᠷ ᠤᠨ ᠡᠭᠡᠯᠵᠢᠯᠡᠨ | ᠲᠠᠷᠢᠬᠤ ᠪᠠᠶᠢᠩᠭᠤᠵᠢᠯᠲᠠ ᠶᠢ ᠲᠦᠯᠬᠢᠨ ᠠᠬᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠪᠠ ᠠᠮᠤ ᠪᠤᠳᠠᠭᠠᠨ ᠤ | ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠤᠵᠠᠭᠠᠨ ᠤ ᠬᠡᠮᠵᠢᠶ᠎ᠡ ᠨᠢ 0.01 ᠮᠢᠯᠢᠮᠧᠲᠷ ᠠᠴᠠ ᠳᠡᠭᠡᠭᠰᠢ | ᠪᠠᠶᠢᠬᠤ ᠰᠦᠯᠢᠶᠣᠣ ᠪᠦᠷᠬᠦᠪᠴᠢ ᠶᠢ ᠵᠢᠯᠣᠭᠤᠳᠤᠨ ᠳᠡᠯᠭᠡᠷᠡᠭᠦᠯᠵᠦ᠂ ᠠᠮᠢᠳᠤ ᠪᠣᠳᠠᠰ ᠪᠠᠷ ᠵᠠᠳᠠᠷᠠᠭᠤᠯᠬᠤ | ᠪᠦᠷᠬᠦᠪᠴᠢ ᠶᠢᠨ ᠲᠦᠷᠦᠯ ᠵᠦᠢᠯ ᠢ ᠲᠦᠭᠡᠮᠡᠯᠵᠢᠭᠦᠯᠦᠨ ᠳᠡᠯᠭᠡᠷᠡᠭᠦᠯᠵᠦ᠂ ᠰᠦᠯᠢᠶᠣᠣ ᠪᠦᠷᠬᠦᠪᠴᠢ ᠶᠢᠨ ᠬᠡᠷᠡᠭᠯᠡᠯᠲᠡ | ᠪᠠ ᠦᠯᠡᠳᠡᠭᠳᠡᠯ ᠪᠦᠷᠬᠦᠪᠴᠢ ᠶᠢᠨ ᠪᠣᠬᠢᠷᠲᠤᠯ ᠤᠨ ᠰᠠᠭᠤᠷᠢ ᠲᠤᠭ᠎ᠠ ᠪᠠᠷᠢᠮᠲᠠ ᠶᠢ ᠪᠦᠷᠢᠳᠬᠡᠬᠦ ᠠᠵᠢᠯ ᠢ | ᠴᠢᠩᠭᠠᠳᠬᠠᠵᠤ᠂ ᠲᠠᠷᠢᠶᠠᠨ ᠭᠠᠵᠠᠷ ᠤᠨ ᠦᠯᠡᠳᠡᠭᠳᠡᠯ ᠰᠦᠯᠢᠶᠣᠣ ᠪᠦᠷᠬᠦᠪᠴᠢ ᠶᠢᠨ ᠪᠣᠬᠢᠷᠲᠤᠯ ᠢ ᠬᠢᠨᠠᠨ ᠬᠡᠮᠵᠢᠬᠦ | ᠲᠣᠣᠷ ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠦᠯᠡᠳᠡᠭᠳᠡᠯ | ᠪᠦᠷᠬᠦᠪᠴᠢ ᠶᠢ ᠬᠢᠨᠠᠨ ᠬᠡᠮᠵᠢᠬᠦ ᠪᠠ ᠪᠠᠶᠢᠴᠠᠭᠠᠬᠤ ᠴᠡᠭ ᠢ ᠪᠠᠶᠢᠭᠤᠯᠤᠨ᠎ᠠ᠃ ᠰᠠᠭᠤᠷᠢ ᠲᠤᠭ᠎ᠠ ᠨᠢ ᠲᠣᠳᠣᠷᠬᠠᠶ᠂ | ᠰᠢᠯᠭᠠᠨ ᠬᠢᠨᠠᠵᠤ ᠪᠣᠯᠬᠤ ᠲᠤᠭ᠎ᠠ ᠪᠠᠷᠢᠮᠲᠠ ᠶᠢᠨ ᠪᠦᠷᠢᠳᠬᠡᠯ ᠤᠨ ᠲᠠᠪᠴᠠᠩ ᠢ ᠪᠠᠶᠢᠭᠤᠯᠵᠤ ᠮᠠᠯ ᠵᠢᠭᠦᠷᠲᠡᠨ ᠤ | ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢ ᠥᠭᠡᠷᠡᠴᠢᠯᠡᠨ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ | ᠠᠬᠤᠶ ᠶᠢᠨ ︽ᠳᠠᠷᠢᠵᠤ ᠲᠡᠵᠢᠭᠡᠬᠦ ᠨᠡᠮᠡᠬᠦ︾ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠬᠥᠭᠵᠢᠯᠲᠡ ᠶᠢ ᠳᠥᠯᠭᠢᠨ | ᠠᠬᠢᠭᠤᠯᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠳᠥᠯᠭᠢᠨ | ᠠᠬᠢᠭᠤᠯᠤᠨ᠎ᠠ᠃ 2025 ᠣᠨ ᠪᠣᠯᠬᠤ ᠳᠤ᠂ ᠣᠯᠠᠨ ᠡᠬᠢᠲᠦ ᠪᠣᠬᠢᠷᠲᠤᠯ ᠢ ᠵᠠᠰᠠᠬᠤ ᠠᠵᠢᠯ ᠢ ᠪᠥᠬᠦ ᠲᠠᠯ᠎ᠠ ᠪᠠᠷ | ᠴᠢᠩᠭᠠᠳᠬᠠᠵᠤ᠂ ᠡᠰᠢ ᠰᠦᠷᠡᠯ ᠢ ᠬᠤᠷᠢᠶᠠᠨ ᠴᠤᠭᠯᠠᠭᠤᠯᠬᠤ ᠨᠣᠷᠮ᠎ᠠ᠂ ᠶᠡᠷᠦᠩᠬᠡᠶᠢᠯᠡᠨ ᠠᠰᠢᠭᠯᠠᠬᠤ ᠨᠣᠷᠮ᠎ᠠ ᠶᠢ | ᠲᠣᠰ ᠲᠣᠰ 95% ᠪᠠ 90% ᠳᠤ ᠬᠦᠷᠦᠭᠦᠯᠵᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ | ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 81% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠲᠣᠰ | ᠤᠯᠠᠷᠢᠯ ᠤᠨ ᠲᠠᠷᠢᠶᠠᠯᠠᠩ ᠤᠨ ᠪᠦᠷᠬᠦᠪᠴᠢ ᠶᠢᠨ ᠵᠦᠢᠯ ᠢ 85% ᠠᠴᠠ ᠳᠡᠭᠡᠭᠰᠢᠬᠢ ᠶᠢ ᠬᠤᠷᠢᠶᠠᠨ ᠠᠪᠬᠤ ᠶᠢ | ᠪᠡᠶᠡᠯᠡᠭᠦᠯᠬᠦ ᠪᠠᠷ ᠴᠢᠷᠮᠠᠶᠢᠨ᠎ᠠ᠃ | ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠨ᠎ᠠ᠃ ᠭᠠᠵᠠᠷ ᠰᠢᠷᠣᠶ ᠶᠢᠨ ᠬᠡᠷᠡᠭᠯᠡᠯᠲᠡ ᠶᠢᠨ ᠵᠠᠬᠢᠷᠤᠨ | ᠬᠠᠮᠢᠶᠠᠷᠤᠯᠲᠠ ᠶᠢ ᠴᠢᠩᠳᠠᠯᠠᠵᠤ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠬᠠᠮᠤᠭ ᠤᠨ ᠴᠢᠩᠭ᠎ᠠ | ᠲᠦᠷᠢᠮ ᠢ ᠬᠡᠷᠡᠭᠵᠢᠭᠦᠯᠦᠨ᠎ᠡ᠃ ᠡᠬᠢ ᠰᠤᠷᠪᠤᠯᠵᠢ ᠶᠢ ᠨᠡᠭᠡᠭᠡᠬᠦ ᠪᠠ ᠵᠠᠷᠤᠯᠭ᠎ᠠ ᠶᠢ ᠠᠷᠪᠢᠯᠠᠬᠤ ᠶᠢ ᠵᠡᠷᠭᠡᠪᠡᠷ | ᠴᠢᠬᠤᠯᠠᠴᠢᠯᠠᠬᠤ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠬᠢᠭᠡᠳ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠭᠠᠵᠠᠷ ᠰᠢᠷᠣᠶ ᠶᠢᠨ ᠡᠬᠢ ᠪᠠᠶᠠᠯᠢᠭ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ | ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠪᠤᠶᠢᠵᠢᠭᠤᠯᠤᠨ ᠣᠷᠣᠭᠤᠯᠵᠤ ᠢᠷᠡᠨ᠂ ᠣᠷᠴᠢᠯ ᠠᠵᠤ ᠠᠬᠤᠶ ᠶᠢ | ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠤᠲᠠ ᠠᠴᠠ ᠤᠬᠤᠷᠢᠨ | ᠬᠦᠷᠢᠶᠡᠯᠡᠩ ᠳᠤ ᠣᠷᠣᠬᠤ ᠶᠢ ᠠᠬᠢᠭᠤᠯᠤᠨ᠂ ᠬᠦᠷᠢᠶᠡᠯᠡᠩ ᠲᠣᠭᠤᠷᠢᠭ ᠤᠨ ᠤᠷᠴᠢᠯᠵᠢᠭᠤᠯᠬᠤ ᠥᠭᠡᠷᠡᠴᠢᠯᠡᠯᠲᠡ ᠶᠢ | ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠠᠬᠢᠭᠤᠯᠤᠨ᠂ ᠠᠵᠤ ᠦᠢᠯᠡᠰ ᠤᠨ | ᠬᠤᠯᠪᠣᠭᠳᠠᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠡᠬᠢ ᠪᠠᠶᠠᠯᠢᠭ ᠢ ᠤᠷᠴᠢᠯᠵᠢᠭᠤᠯᠤᠨ ᠠᠰᠢᠭᠯᠠᠬᠤ᠂ ᠠᠵᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠬᠦ ᠶᠢ ᠠᠬᠢᠭᠤᠯᠤᠨ᠎ᠠ᠃ ᠭᠠᠵᠠᠷ ᠰᠢᠷᠣᠶ ᠶᠢ ᠠᠷᠪᠢᠲᠠᠶ | ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 2. ᠠᠵᠤ ᠦᠢᠯᠡᠳᠪᠦᠷᠢ ᠶᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ | ᠬᠤᠪᠢᠷᠠᠭᠤᠯᠤᠯᠲᠠ ᠶᠢ ᠠᠬᠢᠭᠤᠯᠤᠨ᠎ᠠ | ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠢ ᠶᠢᠨ ᠠᠵᠤ ᠦᠢᠯᠡᠰ ᠶᠢ ᠶᠡᠬᠡᠪᠡᠷ ᠬᠦᠭᠵᠢᠭᠦᠯᠦᠨ᠎ᠡ᠃ | ᠠᠵᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ | ᠣᠷᠣᠨ ᠢ ᠪᠥᠲᠥᠭᠡᠨ ᠪᠠᠶᠢᠭᠤᠯᠬᠤ ᠶᠢᠨ ᠲᠣᠭᠤᠷᠢᠨ ᠳᠤ᠂ ᠪᠣᠬᠢᠷᠲᠤᠯ ᠥᠬᠡᠶ ᠴᠠᠬᠢᠯᠭᠠᠨ ᠢ ᠭᠠᠳᠠᠭᠰᠢ ᠭᠠᠷᠭᠠᠬᠤ᠂ | ᠢᠯᠴᠢ ᠶᠢᠨ ᠴᠠᠬᠢᠯᠭᠠᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠤᠶᠤᠨᠲᠤ ᠠᠭᠤᠷᠬᠠᠶ᠂ | ᠤᠰᠤᠲᠥ᠋ᠷᠥᠭᠴᠢ ᠡᠨᠧᠷᠭᠢ ᠬᠠᠳᠠᠭᠠᠯᠠᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠣᠯᠠᠨ ᠵᠦᠢᠯ ᠤᠨ ᠡᠨᠧᠷᠭᠢ ᠶᠢ | ᠵᠣᠬᠢᠴᠠᠭᠤᠯᠤᠨ ᠬᠠᠷᠢᠯᠴᠠᠨ ᠨᠥᠬᠦᠪᠥᠷᠢᠯᠡᠬᠦ᠂ ᠶᠡᠷᠦᠩᠬᠡᠶᠢᠯᠡᠨ ᠠᠰᠢᠭᠯᠠᠬᠤ᠂ ᠡᠷᠴᠢᠮᠯᠢᠭ ᠪᠥᠭᠡᠳ ᠥᠨᠳᠥᠷ ᠦᠷ᠎ᠡ | ᠪᠦᠲᠦᠮᠵᠢᠲᠡᠶ ᠡᠨᠧᠷᠭᠢ ᠬᠠᠩᠭᠠᠬᠤ ᠠᠷᠭ᠎ᠠ ᠮᠠᠶ᠋ᠢᠭ ᠢ ᠪᠣᠶ ᠪᠣᠯᠭᠠᠬᠤ ᠶᠢ ᠠᠬᠢᠭᠤᠯᠤᠨ᠂ ᠣᠲᠣ ᠦᠶ᠎ᠡ ᠶᠢᠨ | ᠡᠨᠧᠷᠭᠢ ᠶᠢᠨ ᠠᠵᠤ ᠠᠬᠤᠶ ᠬᠢᠭᠡᠳ ᠠᠮᠢ ᠠᠬᠤᠶ ᠶᠢᠨ ᠬᠠᠮᠠᠭᠠᠯᠠᠯᠲᠠ ᠶᠢᠨ ᠬᠠᠮᠵᠢᠯᠴᠠᠨ ᠬᠥᠭᠵᠢᠬᠦ ᠪᠠᠶᠢᠷᠢᠰᠢᠯ ᠢ | ᠪᠠᠶᠢᠭᠤᠯᠤᠨ᠎ᠠ᠃ ᠰᠢᠯᠢ ᠶᠢᠨ ᠬᠤᠲᠠ ᠶᠢᠨ ᠰᠠᠯᠬᠢᠨ ᠤ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠪᠠ ᠴᠠᠬᠢᠯᠭᠠᠨ | ᠲᠣᠣᠷ ᠤᠨ ᠨᠥᠬᠦᠴᠡᠯ ᠳᠤ ᠲᠦᠰᠢᠭᠯᠡᠨ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ | ᠲᠤᠷᠰᠢᠯᠲᠠ ᠶᠢᠨ ᠴᠢᠬ ᠤᠨ ᠵᠢᠱᠢᠶ᠎ᠡ ᠦᠵᠡᠭᠦᠯᠬᠦ ᠠᠵᠢᠯ ᠢ ᠰᠦᠪᠡᠭᠴᠢᠯᠡᠨ ᠥᠷᠨᠢᠭᠦᠯᠵᠦ᠂ ᠰᠢᠯᠢ ᠶᠢᠨ ᠬᠤᠲᠠ ᠶᠢᠨ | ᠠᠷᠢᠭᠤᠨ ᠴᠡᠪᠡᠷ ᠡᠨᠧᠷᠭᠢ ᠶᠢᠨ ᠦᠢᠯᠡᠳᠪᠦᠷᠢᠯᠡᠯ ᠢ ᠨᠥᠬᠦᠪᠥᠷᠢᠯᠡᠵᠦ᠂ ᠪᠣᠬᠢᠷᠲᠤᠯ ᠥᠬᠡᠶ ᠰᠢᠨ᠎ᠡ ᠡᠨᠧᠷᠭᠢ ᠶᠢ | ᠶᠡᠬᠡᠪᠡᠷ ᠬᠥᠭᠵᠢᠭᠦᠯᠦᠨ᠂ ᠣᠨᠴᠠ ᠥᠨᠳᠥᠷ ᠬᠦᠴᠦᠳᠡᠯᠲᠦ ᠴᠠᠬᠢᠯᠭᠠᠨ᠂ ᠤᠶᠤᠨᠲᠤ ᠴᠠᠬᠢᠯᠭᠠᠨ ᠲᠣᠤᠷ᠂ ᠪᠢᠴᠢᠯ | ᠴᠠᠬᠢᠯᠭᠠᠨ ᠲᠣᠤᠷ᠂ ᠲᠠᠷᠬᠠᠮᠠᠯ ᠮᠠᠶ᠋ᠢᠭ ᠤᠨ ᠡᠨᠧᠷᠭᠢ ᠶᠢᠨ ᠠᠰᠢᠭᠯᠠᠯᠲᠠ᠂ ᠰᠢᠨ᠎ᠡ ᠮᠠᠶ᠋ᠢᠭ ᠤᠨ ᠡᠨᠧᠷᠭᠢ ᠬᠠᠳᠠᠭᠠᠯᠠᠬᠤ | ᠵᠡᠷᠭᠡ ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ | ᠡᠨᠧᠷᠭᠢ ᠵᠢᠴᠢ ᠢᠵᠢ ᠪᠥᠷᠢᠳᠦᠭᠦᠯᠦᠨ ᠬᠦᠷᠭᠡᠬᠦ ᠢᠨᠵᠧᠨᠧᠷᠢᠩ ᠢ ᠬᠦᠴᠦᠯᠡᠨ ᠠᠬᠢᠭᠤᠯᠵᠤ᠂ ᠪᠡᠭᠡᠵᠢᠩ᠂ ᠲᠢᠶᠠᠨᠵᠢᠨ᠂ | ᠾᠧᠪᠸᠢ᠂ ᠵᠢᠶᠠᠩᠰᠦ ᠵᠡᠷᠭᠡ ᠭᠠᠵᠠᠷ ᠲᠤ ᠠᠷᠢᠭᠤᠨ ᠴᠡᠪᠡᠷ ᠴᠠᠬᠢᠯᠭᠠᠨ ᠬᠦᠴᠦᠨ ᠢ ᠡᠮᠬᠢ ᠵᠢᠷᠤᠮ ᠲᠠᠢ ᠪᠠᠷ | ᠬᠦᠷᠭᠡᠨ᠎ᠡ᠃ ᠠᠭᠤᠷᠬᠠᠶ ᠶᠢᠨ ᠣᠷᠣᠨ ᠤ ᠮᠠᠯᠲᠠᠵᠤ ᠬᠥᠨᠳᠡᠶᠢᠷᠡᠭᠦᠯᠦᠭᠰᠡᠨ ᠣᠷᠣᠨ ᠵᠢᠴᠢ ᠰᠢᠷᠣᠶ ᠭᠠᠳᠠᠭᠰᠢᠯᠠᠭᠤᠯᠬᠤ | ᠲᠠᠯᠠᠪᠠᠶ ᠶᠢ ᠭᠦᠢᠴᠡᠳ ᠠᠰᠢᠭᠯᠠᠨ᠂ ︽ᠬᠡᠷᠡᠯ ᠢᠶᠠᠷ ᠭᠠᠴᠢᠭ ᠢ ᠵᠠᠰᠠᠬᠤ︾ ᠠᠵᠤ ᠦᠢᠯᠡᠰ ᠢ ᠶᠡᠬᠡᠪᠡᠷ ᠬᠥᠭᠵᠢᠭᠦᠯᠵᠦ | ᠂ ᠬᠡᠷᠡᠯ ᠢᠶᠠᠷ ᠴᠠᠬᠢᠯᠭᠠᠨ ᠭᠠᠷᠭᠠᠬᠤ ᠪᠠ ᠠᠮᠢ ᠠᠬᠤᠶ ᠶᠢ ᠰᠡᠷᠭᠦᠭᠡᠨ ᠵᠠᠰᠠᠬᠤ ᠶᠢ ᠣᠷᠭᠠᠨᠢᠭ ᠢᠶᠠᠷ | ᠠᠭᠤᠰᠤᠯᠴᠠᠭᠤᠯᠬᠤ ᠶᠢ ᠠᠬᠢᠭᠤᠯᠤᠨ᠂ ᠰᠢᠷᠣᠶ ᠭᠠᠳᠠᠭᠰᠢᠯᠠᠭᠤᠯᠬᠤ ᠲᠠᠯᠠᠪᠠᠶ ᠳᠤ ᠬᠡᠷᠡᠯ ᠢᠶᠠᠷ ᠴᠠᠬᠢᠯᠭᠠᠨ ᠭᠠᠷᠭᠠᠬᠤ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠣᠮᠣ ᠬᠡᠯᠪᠡᠷᠢ ᠶᠢᠨ ᠬᠡᠷᠡᠯ ᠢᠶᠠᠷ ᠴᠠᠬᠢᠯᠭᠠᠨ | ᠭᠠᠷᠭᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠰᠢᠯᠢ ᠶᠢᠨ ᠬᠤᠲᠠ ᠶᠢᠨ ᠬᠤᠭ ᠨᠣᠪᠰᠢ ᠶᠢ | ᠰᠢᠲᠠᠭᠠᠵᠤ ᠴᠠᠬᠢᠯᠭᠠᠨ ᠭᠠᠷᠭᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠪᠠᠶᠢᠭᠤᠯᠵᠤ᠂ | ᠬᠤᠭ ᠨᠣᠪᠰᠢ ᠶᠢ ᠰᠢᠢᠳᠪᠦᠷᠢᠯᠡᠬᠦ ᠳᠤ ᠬᠤᠤᠷ ᠥᠬᠡᠶ ᠪᠣᠯᠭᠠᠬᠤ᠂ ᠬᠡᠮᠵᠢᠶ᠎ᠡ ᠶᠢ ᠪᠠᠭᠠᠰᠬᠠᠬᠤ᠂ ᠡᠬᠢ | ᠪᠠᠶᠠᠯᠢᠭᠵᠢᠭᠤᠯᠬᠤ ᠶᠢ ᠪᠡᠶᠡᠯᠡᠭᠦᠯᠦᠨ᠂ ᠪᠣᠬᠢᠷᠲᠤᠯ ᠥᠬᠡᠶ ᠠᠮᠢᠳᠤ ᠪᠣᠳᠠᠰ ᠤᠨ ᠮᠠᠰ ᠤᠨ ᠡᠨᠧᠷᠭᠢ ᠶᠢ ᠨᠡᠭᠡᠭᠡᠨ | ᠠᠰᠢᠭᠯᠠᠬᠤ ᠶᠢ ᠠᠬᠢᠭᠤᠯᠤᠨ᠎ᠠ᠃ | ᠵᠢᠷᠭᠠᠯᠠᠩᠲᠣ ᠶᠢᠨ ᠨᠡᠭᠦᠷᠡᠰᠦᠨ ᠳᠠᠪᠬᠤᠷᠭ᠎ᠠ ᠶᠢᠨ ᠬᠡᠢ ᠶᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠢᠳᠡᠪᠬᠢᠲᠡᠶ | ᠠᠬᠢᠭᠤᠯᠵᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠳᠣᠣᠷ᠎ᠠ ᠳᠡᠰ ᠤᠨ ᠨᠡᠭᠦᠷᠡᠰᠦᠨ ᠳᠠᠪᠬᠤᠷᠭ᠎ᠠ ᠶᠢᠨ | ᠬᠡᠢ ᠶᠢᠨ ᠠᠭᠤᠷᠬᠠᠢ ᠶᠢ ᠪᠠᠶᠢᠭᠤᠯᠵᠤ᠂ ᠨᠡᠭᠦᠷᠡᠰᠦᠨ ᠳᠠᠪᠬᠤᠷᠭ᠎ᠠ ᠶᠢᠨ ᠬᠡᠢ ᠶᠢᠨ ︽ᠦᠢᠯᠡᠳᠪᠦᠷᠢᠯᠡᠬᠦ ᠬᠠᠩᠭᠠᠬᠤ | ᠪᠣᠷᠣᠯᠠᠭᠤᠯᠬᠤ ᠶᠢ ᠨᠢᠭᠡ ᠴᠤᠬᠴᠠᠵᠢᠭᠤᠯᠤᠭᠰᠠᠨ︾ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ | 2025 ᠣᠨ ᠪᠣᠯᠬᠤ ᠳᠤ᠂ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ 334 | ᠲᠦᠮᠡᠨ ᠺᠢᠯᠣᠸᠠᠲ ᠲᠤ ᠬᠦᠷᠭᠡᠵᠦ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ 19 | ᠲᠦᠮᠡᠨ ᠺᠢᠯᠣᠸᠠᠲ ᠲᠤ ᠬᠦᠷᠭᠡᠵᠦ᠂ ᠰᠢᠨ᠎ᠡ ᠡᠨᠧᠷᠭᠢ ᠶᠢᠨ ᠵᠢᠯ ᠤᠨ ᠴᠠᠬᠢᠯᠭᠠᠨ ᠭᠠᠷᠭᠠᠯᠲᠠ ᠶᠢ 98.2 | ᠳ᠋ᠦᠩᠰᠢᠭᠤᠷ ᠭᠷᠠᠳᠦ᠋ᠰ ᠲᠤ ᠬᠦᠷᠭᠡᠨ᠎ᠡ᠃ | ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ᠎ᠠ᠃ ᠰᠢᠯᠢ ᠶᠢᠨ | ᠬᠤᠲᠠ ᠶᠢᠨ ᠬᠦᠷᠡᠩ ᠨᠡᠭᠦᠷᠡᠰᠦ ᠪᠠᠷ ᠡᠯᠪᠡᠭ ᠳᠡᠯᠪᠡᠭ ᠭᠧᠷᠮᠠᠨ ᠤ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠲᠤ ᠲᠦᠰᠢᠭᠯᠡᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ | ᠭᠧᠷᠮᠠᠨ ᠤ ᠳᠥᠷᠪᠡᠴᠢ ᠢᠰᠦᠯ᠂ ᠭᠧᠷᠮᠠᠨ ᠤ ᠬᠤᠶᠠᠷᠴᠢ ᠢᠰᠦᠯ ᠵᠡᠷᠭᠡ ᠳᠤᠮᠳᠠ ᠤᠷᠤᠰᠬᠠᠯ ᠤᠨ ᠴᠡᠪᠡᠷᠰᠢᠭᠦᠯᠬᠦ᠂ | ᠭᠦᠨᠵᠡᠭᠡᠶ ᠡᠳ᠋ᠰᠢᠭᠦᠯᠬᠦ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠣᠷᠭᠠᠨᠢᠭ ᠭᠧᠷᠮᠠᠨ᠂ ᠳᠡᠭᠡᠳᠦ ᠴᠡᠪᠡᠷ ᠭᠧᠷᠮᠠᠨ | ᠵᠡᠷᠭᠡ ᠳᠣᠤᠷᠠᠳᠤ ᠤᠷᠤᠰᠬᠠᠯ ᠤᠨ ᠦᠢᠯᠡᠳᠬᠦᠨ ᠢ ᠰᠦᠪᠡᠭᠴᠢᠯᠡᠨ ᠬᠥᠭᠵᠢᠭᠦᠯᠵᠦ᠂ ᠭᠧᠷᠮᠠᠨ ᠤ ᠠᠵᠤ ᠦᠢᠯᠡᠰ ᠤᠨ | ᠦᠢᠯᠡᠳᠪᠦᠷᠢᠯᠡᠵᠦ ᠡᠳ᠋ᠰᠢᠭᠦᠯᠦᠨ ᠬᠠᠩᠭᠠᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠴᠠᠬᠢᠯᠭᠠᠨ | ᠬᠦᠴᠦᠨ ᠤ ᠥᠪᠡᠷ ᠤᠨ ᠥᠷᠲᠡᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠯᠠᠨ ᠲᠠᠯᠠᠰᠲᠤ ᠴᠠᠬᠢᠭᠤᠷ ᠤᠨ | ᠲᠡᠪᠬᠡ ᠴᠢᠳᠬᠤᠬᠤ ᠵᠢᠴᠢ ᠳᠣᠤᠷᠠᠳᠤ ᠤᠷᠤᠰᠬᠠᠯ ᠤᠨ ᠪᠣᠬᠢᠷᠲᠤᠯ ᠥᠬᠡᠶ ᠡᠨᠧᠷᠭᠢ ᠠᠴᠢᠶᠠᠯᠠᠬᠤ ᠠᠵᠤ ᠦᠢᠯᠡᠰ ᠤᠨ | ᠲᠥᠪᠯᠡᠷᠡᠯ ᠢ ᠬᠥᠲᠥᠯᠦᠨ ᠵᠢᠯᠣᠭᠤᠳᠴᠤ᠂ ᠴᠠᠬᠢᠯᠭᠠᠨ ᠬᠦᠴᠦᠨ ᠤ ᠡᠬᠢ ᠪᠠᠶᠠᠯᠢᠭ ᠢ ᠲᠤᠬᠠᠶ ᠶᠢᠨ ᠭᠠᠵᠠᠷ ᠲᠤᠨᠢ | ᠰᠢᠩᠭᠡᠭᠡᠬᠦ ᠶᠢ ᠠᠬᠢᠭᠤᠯᠤᠨ᠂ ᠪᠣᠬᠢᠷᠲᠤᠯ ᠥᠬᠡᠶ ᠴᠡᠪᠡᠷ ᠡᠨᠧᠷᠭᠢ ᠶᠢᠨ ︽ᠬᠤᠲᠣᠭᠤᠷ ᠭᠠᠵᠠᠷ ᠤᠨ ᠦᠢᠯᠡᠳᠦᠯ︾ ᠢ | ᠪᠣᠶ ᠪᠣᠯᠭᠠᠵᠤ᠂ ᠰᠢᠯᠢ ᠶᠢᠨ ᠬᠤᠲᠠ ᠶᠢᠨ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠬᠡᠪᠴᠢᠶᠡᠵᠢᠨ | ᠬᠥᠭᠵᠢᠬᠦ ᠶᠢ ᠳᠠᠶᠢᠴᠢᠯᠠᠨ᠎ᠠ᠃ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠢᠯᠡᠳᠬᠦᠨ ᠤ ᠲᠥᠷᠥᠯ ᠵᠦᠢᠯ ᠳᠤ ᠰᠢᠨ᠎ᠡ ᠶᠢ ᠡᠭᠦᠳᠴᠦ᠂ | ᠬᠤᠰᠢᠭᠤᠷᠠᠯ ᠰᠢᠨ᠎ᠡ ᠮᠠᠲ᠋ᠧᠷᠢᠶᠠᠯ ᠤᠨ ᠦᠢᠯᠡᠳᠬᠦᠨ ᠢ ᠰᠦᠪᠡᠭᠴᠢᠯᠡᠨ ᠬᠥᠭᠵᠢᠭᠦᠯᠵᠦ᠂ ᠨᠡᠭᠦᠷᠡᠰᠦ ᠪᠠᠷ ᠰᠠᠭᠤᠷᠢ | ᠪᠣᠯᠭᠠᠭᠰᠠᠨ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠠᠵᠤ ᠦᠢᠯᠡᠰ ᠢ ᠬᠡᠯᠪᠡᠷᠢ ᠪᠠᠨ ᠬᠤᠪᠢᠷᠠᠭᠤᠯᠤᠨ | ᠪᠤᠶᠢᠵᠢᠭᠤᠯᠬᠤ ᠶᠢ ᠲᠦᠷᠭᠡᠳᠬᠡᠨ᠂ ᠬᠦᠷᠢᠶᠡᠯᠡᠩ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠶᠢᠨ ᠰᠢᠨ᠎ᠡ | ᠨᠡᠮᠡᠭᠳᠡᠯ ᠤᠨ ᠴᠡᠭ ᠢ ᠪᠣᠶ ᠪᠣᠯᠭᠠᠨ᠎ᠠ᠃ | ᠳᠡᠭᠡᠳᠦ ᠲᠡᠰ ᠤᠨ ᠲᠣᠨᠣᠭᠯᠠᠯ ᠦᠢᠯᠡᠳᠬᠦ ᠠᠵᠤ ᠦᠢᠯᠡᠰ ᠢ ᠯᠠᠪᠳᠠᠭᠤᠨ ᠢᠶᠠᠷ ᠬᠥᠭᠵᠢᠭᠦᠯᠦᠨ᠎ᠡ᠃ ᠰᠢᠨ᠎ᠡ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠠᠴᠠ ᠡᠭᠦᠰᠦᠭᠰᠡᠨ ᠲᠣᠨᠤᠭ ᠲᠥᠬᠦᠭᠡᠷᠦᠮᠵᠢ ᠦᠢᠯᠡᠳᠬᠦ ᠬᠡᠷᠡᠭᠴᠡᠭᠡ | ᠱᠠᠭᠠᠷᠳᠠᠯᠭ᠎ᠠ ᠶᠢᠨ ᠲᠣᠭᠤᠷᠢᠨ ᠳᠤ᠂ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠵᠥᠭᠡᠯᠡᠨ | ᠦᠢᠯᠡᠳᠪᠦᠷᠢᠯᠡᠯ ᠤᠨ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠳᠥᠯᠭᠢᠨ ᠠᠬᠢᠭᠤᠯᠵᠤ᠂ ᠰᠠᠯᠬᠢᠨ ᠬᠦᠴᠦᠨ ᠤ ᠮᠠᠰᠢᠨ ᠤ ᠪᠦᠬᠦᠯᠢ ᠮᠠᠰᠢᠨ᠂ ᠨᠡᠷᠡᠨ ᠡᠨᠧᠷᠭᠢ ᠶᠢᠨ ᠲᠣᠨᠣᠭᠯᠠᠭᠠᠰᠤ᠂ | ᠭᠤᠤᠯ ᠰᠡᠯᠪᠢᠭ ᠲᠣᠨᠤᠭ ᠦᠢᠯᠡᠳᠬᠦ᠂ ᠡᠵᠡᠮᠰᠢᠭᠦᠷ ᠤᠨ ᠰᠥᠷᠬᠦ ᠬᠤᠪᠢᠷᠠᠭᠠᠭᠤᠷ ᠵᠡᠷᠭᠡ ᠦᠢᠯᠡᠳᠬᠦ ᠦᠢᠯᠡᠰ ᠢ | ᠬᠥᠭᠵᠢᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠭᠤᠤᠯᠯᠠᠬᠤ ᠲᠣᠨᠤᠭ ᠲᠥᠬᠦᠭᠡᠷᠦᠮᠵᠢ | ᠦᠢᠯᠡᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠯᠬᠢᠨ ᠬᠦᠴᠦᠨ ᠤ ᠮᠠᠰᠢᠨ ᠤ ᠰᠠᠯᠬᠢᠨ ᠳᠡᠯᠪᠢ ᠶᠢ ᠦᠢᠯᠡᠳᠬᠦ | ᠠᠵᠤ ᠠᠬᠤᠶᠢᠯᠠᠯ ᠤᠨ ᠰᠠᠯᠬᠢᠨ ᠬᠦᠴᠦᠨ ᠤ ᠴᠠᠬᠢᠯᠭᠠᠨ ᠤ ᠳᠡᠯᠪᠢ ᠶᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠳᠠᠬᠢᠨ | ᠠᠰᠢᠭᠯᠠᠬᠤ ᠲᠥᠷᠥᠯ ᠵᠦᠢᠯ ᠢ ᠲᠤᠷᠰᠢᠨ ᠬᠡᠷᠡᠭᠵᠢᠭᠦᠯᠬᠦ ᠶᠢ ᠵᠣᠷᠢᠭᠵᠢᠭᠤᠯᠵᠤ᠂ ᠬᠠᠯᠠᠭᠳᠠᠭᠰᠠᠨ ᠳᠡᠯᠪᠢ ᠶᠢᠨ ᠨᠡᠮᠡᠯᠲᠡ | ᠥᠷᠲᠡᠭ ᠢ ᠳᠡᠭᠡᠭᠰᠢᠯᠡᠭᠦᠯᠦᠨ᠎ᠡ᠃ ᠮᠠᠯ ᠠᠵᠤ ᠠᠬᠤᠶ ᠶᠢᠨ ᠮᠠᠰᠢᠨ ᠦᠢᠯᠡᠳᠬᠦ ᠠᠵᠤ ᠠᠬᠤᠶᠢᠯᠠᠯ ᠢ ᠣᠷᠣᠭᠤᠯᠵᠤ | ᠢᠷᠡᠬᠦ ᠶᠢ ᠲᠦᠷᠭᠡᠳᠬᠡᠨ᠂ ᠬᠠᠮᠲᠤ ᠶᠢᠨ ᠠᠵᠤ ᠠᠬᠤᠶ ᠶᠢᠨ ᠬᠤᠷᠰᠢᠶ᠎ᠠ ᠶᠢᠨ ᠮᠠᠯ ᠠᠵᠤ ᠠᠬᠤᠶ ᠶᠢᠨ ᠮᠠᠰᠢᠨ ᠤ ᠢᠵᠢ | ᠪᠦᠷᠢᠨ ᠲᠤᠨᠤᠭ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠲᠦᠷᠦᠯ ᠵᠦᠢᠯ ᠢ ᠬᠡᠷᠡᠭᠵᠢᠭᠦᠯᠬᠦ ᠶᠢ ᠲᠦᠯᠬᠢᠨ | ᠠᠬᠢᠭᠤᠯᠵᠤ᠂ ᠮᠠᠯ ᠠᠵᠤ ᠠᠬᠤᠶ ᠶᠢᠨ ᠮᠠᠰᠢᠨ ᠤ ᠲᠤᠨᠤᠭ ᠲᠥᠬᠦᠭᠡᠷᠦᠮᠵᠢ ᠶᠢᠨ ᠴᠢᠳᠠᠪᠤᠷᠢ ᠪᠣᠯᠤᠨ ᠮᠠᠯ ᠠᠵᠤ | ᠠᠬᠤᠶ ᠶᠢᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠯᠢ ᠶᠢᠨ ᠬᠤᠲᠠ ᠶᠢᠨ ᠴᠠᠬᠢᠯᠭᠠᠨ | ᠬᠦᠴᠦᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ | ᠦᠢᠯᠡᠳᠪᠦᠷᠢᠯᠡᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠤᠶᠢᠵᠢᠭᠤᠯᠤᠨ᠂ ᠰᠢᠨ᠎ᠡ ᠡᠨᠧᠷᠭᠢ ᠶᠢᠨ ᠮᠠᠰᠢᠨ | ᠲᠡᠷᠭᠡ ᠶᠢ ᠪᠦᠬᠦᠯᠢ ᠲᠡᠷᠭᠡ ᠪᠠᠷ ᠤᠭᠰᠠᠷᠠᠬᠤ᠂ ᠰᠢᠨ᠎ᠡ ᠡᠨᠧᠷᠭᠢ ᠶᠢᠨ ᠳ᠋ᠢᠶᠠᠨ ᡂᠢ ᠵᠢᠴᠢ ᠪᠤᠰᠤᠳ ᠢᠵᠢ | ᠪᠥᠷᠢᠳᠦᠭᠦᠯᠬᠦ ᠰᠡᠯᠪᠢᠭ ᠲᠣᠨᠤᠭ ᠤᠨ ᠠᠵᠤ ᠦᠢᠯᠡᠰ ᠢ ᠰᠦᠪᠡᠭᠴᠢᠯᠡᠨ ᠬᠥᠭᠵᠢᠭᠦᠯᠦᠨ᠎ᠡ᠃ 2025 ᠣᠨ | ᠪᠣᠯᠬᠤ ᠳᠤ᠂ ᠲᠣᠨᠣᠭᠯᠠᠯ ᠦᠢᠯᠡᠳᠬᠦ ᠦᠢᠯᠡᠳᠬᠦᠨ ᠤ ᠦᠷᠳᠡᠭ ᠢ 70 ᠳ᠋ᠦᠩᠰᠢᠭᠤᠷ ᠲᠥᠭᠦᠷᠢᠭ ᠲᠤ ᠬᠦᠷᠭᠡᠵᠦ᠂ | 1900 ᠰᠠᠤᠷᠢ ᠰᠠᠯᠬᠢᠨ ᠬᠦᠴᠦᠨ ᠤ ᠮᠠᠰᠢᠨ ᠤ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠯᠳᠦᠭᠦᠯᠦᠨ᠎ᠡ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠠᠵᠤ | ᠦᠢᠯᠡᠳᠪᠦᠷᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ | ᠢᠨᠵᠧᠨᠧᠷᠢᠩ ᠢ ᠬᠡᠷᠡᠭᠵᠢᠭᠦᠯᠵᠦ᠂ ᠵᠠᠬ᠎ᠠ ᠳᠤ ᠣᠷᠣᠬᠤ ᠳᠤ ᠪᠣᠬᠢᠷᠲᠤᠯ ᠦᠭᠡᠢ ᠵᠥᠪᠰᠢᠶᠡᠷᠡᠯ ᠤᠨ ᠪᠠᠷᠢᠮᠵᠢᠶ᠎ᠠ ᠶᠢ | ᠳᠡᠭᠡᠭᠰᠢᠯᠡᠭᠦᠯᠵᠦ᠂ ᠬᠢᠵᠠᠭᠠᠷᠯᠠᠬᠤ ᠲᠦᠷᠦᠯ ᠤᠨ ᠦᠢᠯᠡᠳᠪᠦᠷᠢᠯᠡᠬᠦ ᠴᠢᠳᠠᠪᠤᠷᠢ ᠶᠢ ᠭᠡᠭᠡᠭᠳᠡᠭᠦᠯᠬᠦ ᠡᠷᠴᠢᠮ ᠢ | ᠴᠢᠩᠭᠠᠷᠠᠭᠤᠯᠵᠤ᠂ ᠠᠵᠤ ᠠᠬᠤᠶᠢᠯᠠᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢ ᠬᠡᠳᠡᠷᠬᠦ ᠰᠢᠬᠠᠮᠳᠠᠭᠤᠯᠤᠨ᠎ᠠ᠃ ᠡᠨᠧᠷᠭᠢ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ | ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ | ᠭᠤᠤᠯᠳᠠᠯᠭ᠎ᠠ ᠲᠠᠢ ᠠᠵᠢᠯ ᠲᠥᠷᠥᠯ ᠪᠠ ᠴᠢᠬᠤᠯᠠ ᠬᠦᠷᠢᠶ᠎ᠡ ᠴᠠᠷᠠᠭ᠎ᠠ ᠳᠤ᠂ ᠠᠷᠢᠭᠤᠨ ᠴᠡᠪᠡᠷ ᠦᠢᠯᠡᠳᠪᠦᠷᠢᠯᠡᠯ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠪᠣᠬᠢᠷᠲᠤᠯ ᠥᠬᠡᠶ ᠠᠵᠤ ᠦᠢᠯᠡᠰ᠂ ᠪᠣᠬᠢᠷᠲᠤᠯ ᠥᠬᠡᠶ ᠠᠵᠤ | ᠠᠬᠤᠶᠢᠯᠠᠯ ᠤᠨ ᠪᠣᠬᠢᠷᠲᠤᠯ ᠥᠬᠡᠶ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠠᠬᠢᠭᠤᠯᠵᠤ᠂ ᠪᠣᠬᠢᠷᠲᠤᠯ ᠥᠬᠡᠶ | ᠪᠠᠷᠢᠯᠭ᠎ᠠ ᠶᠢ ᠳᠡᠯᠭᠡᠷᠡᠭᠦᠯᠦᠨ᠎ᠡ᠃ ᠤᠤᠯ ᠤᠨ ᠬᠠᠳᠠᠭᠠᠯᠠᠵᠤ ᠪᠠᠶᠢᠭᠰᠠᠨ ᠪᠣᠬᠢᠷᠲᠤᠯ ᠦᠭᠡᠶ ᠠᠵᠤ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠵᠦ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ | ᠬᠦᠷᠢᠶᠡᠯᠡᠩ᠂ ᠤᠲᠤᠭ᠎ᠠ ᠬᠡᠢ ᠶᠢᠨ ᠬᠦᠬᠦᠷ ᠥᠬᠡᠶᠢᠳᠡᠭᠦᠯᠦᠭᠰᠡᠨ ᠵᠤᠭᠠᠩ ᠢ ᠶᠡᠷᠦᠩᠬᠡᠶᠢᠯᠡᠨ ᠠᠰᠢᠭᠯᠠᠬᠤ᠂ ᠬᠤᠭ | ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ᠂ ᠰᠢᠷᠣᠢ ᠭᠠᠳᠠᠭᠰᠢᠯᠠᠭᠤᠯᠬᠤ ᠲᠠᠯᠠᠪᠠᠢ ᠳᠤ ᠭᠡᠷᠡᠯ ᠢᠶᠠᠷ ᠴᠠᠬᠢᠯᠭᠠᠨ | ᠭᠠᠷᠭᠠᠬᠤ ᠵᠡᠷᠭᠡ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ᠎ᠡ᠃ ︽ | ᠨᠡᠭᠦᠷᠡᠰᠦ - ᠴᠠᠬᠢᠯᠭᠠᠨ - ᠲᠡᠮᠦᠷᠯᠢᠭ︾ ︽ᠨᠡᠭᠦᠷᠡᠰᠦ ᠴᠠᠬᠢᠯᠭᠠᠨ - ᠰᠢᠨ᠎ᠡ ᠮᠠᠲ᠋ᠧᠷᠢᠶᠠᠯ︾ ᠤᠨ ᠪᠣᠬᠢᠷᠲᠤᠯ ᠦᠭᠡᠶ | ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠨᠡᠭᠦᠷᠡᠰᠦ᠂ ᠴᠠᠬᠢᠯᠭᠠᠨ ᠬᠦᠴᠦᠨ᠂ ᠰᠢᠨ᠎ᠡ ᠡᠨᠧᠷᠭᠢ᠂ ᠳᠠᠬᠢᠨ | ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠣᠯᠠᠨ ᠡᠰᠢᠲᠦ ᠲᠤᠯᠭᠠᠭᠤᠷᠢᠯᠠᠯ ᠪᠦᠬᠦᠢ ᠣᠷᠴᠢᠯ ᠠᠵᠤ | ᠠᠬᠤᠶ ᠶᠢᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠵᠦ᠂ ᠵᠠᠭᠤᠨ ᠲᠦᠮᠡᠨ ᠲᠣᠨ ᠤ ᠲᠠᠰ ᠤᠨ ᠨᠤᠨᠲᠠᠭ | ᠨᠡᠭᠦᠷᠡᠰᠦᠨ ᠤ ᠦᠨᠡᠰᠦ᠂ ᠬᠦᠬᠦᠷ ᠥᠬᠡᠶᠢᠳᠡᠭᠦᠯᠦᠭᠰᠡᠨ ᠵᠤᠭᠠᠩ᠂ ᠬᠠᠶᠠᠭᠳᠠᠮᠠᠯ ᠰᠢᠭᠠᠷᠤ ᠬᠠᠶᠠᠭᠳᠠᠮᠠᠯ ᠡᠳ᠋ ᠵᠡᠷᠭᠡ ᠶᠢ | ᠶᠡᠷᠦᠩᠬᠡᠶᠢᠯᠡᠨ ᠠᠰᠢᠭᠯᠠᠬᠤ ᠣᠷᠴᠢᠯ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠳᠡᠭᠡᠳᠦ ᠲᠠᠰ ᠤᠨ | ᠪᠠᠷᠢᠯᠭ᠎ᠠ ᠶᠢᠨ ᠮᠠᠲ᠋ᠧᠷᠢᠶᠠᠯ᠂ ᠳᠡᠭᠡᠳᠦ ᠲᠠᠰ ᠤᠨ ᠪᠣᠭᠤᠳᠠᠯᠯᠠᠬᠤ ᠮᠠᠲ᠋ᠧᠷᠢᠶᠠᠯ᠂ ᠲᠠᠷᠢᠶᠠᠯᠠᠩ ᠤᠨ ᠪᠣᠷᠲᠣᠭᠤᠷ ᠵᠡᠷᠭᠡ | ᠥᠨᠳᠥᠷ ᠨᠡᠮᠡᠯᠲᠡ ᠥᠷᠲᠡᠭ ᠪᠥᠬᠦᠶ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢᠶᠠᠷ ᠶᠡᠭᠡ ᠵᠡᠷᠭᠡ ᠰᠢᠨ᠎ᠡ ᠪᠠᠷ ᠪᠣᠶ | ᠪᠣᠯᠤᠭᠰᠠᠨ ᠠᠵᠤ ᠦᠢᠯᠡᠰ ᠢ ᠢᠳᠡᠪᠬᠢᠲᠡᠶ ᠪᠠᠷ ᠥᠷᠭᠡᠳᠬᠡᠨ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ | ᠦᠢᠯᠡᠳᠦᠯ ᠲᠠᠢ ᠠᠵᠤ ᠦᠢᠯᠡᠳᠪᠦᠷᠢ ᠶᠢᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠡᠳ᠋ ᠢ ᠶᠡᠷᠦᠩᠬᠡᠶᠢᠯᠡᠨ | ᠠᠰᠢᠭᠯᠠᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ 2025 ᠣᠨ ᠪᠣᠯᠬᠤ ᠳᠤ᠂ ᠵᠢᠯ ᠪᠦᠷᠢ | ᠳᠤᠮᠳᠠᠴᠢ ᠪᠠᠷ 340 ᠲᠦᠮᠡᠨ ᠲᠣᠨ ᠨᠤᠨᠲᠠᠭ ᠨᠡᠭᠦᠷᠡᠰᠦᠨ ᠤ ᠦᠨᠡᠰᠦ᠂ 104 ᠲᠦᠮᠡᠨ ᠲᠣᠨ ᠬᠦᠬᠦᠷ | ᠥᠬᠡᠶᠢᠳᠡᠭᠦᠯᠦᠭᠰᠡᠨ ᠵᠤᠭᠠᠩ ᠢ ᠰᠢᠩᠭᠡᠭᠡᠨ ᠠᠪᠬᠤ ᠶᠢ ᠪᠡᠶᠡᠯᠡᠭᠦᠯᠵᠦ᠂ ᠶᠡᠷᠦᠩᠬᠡᠶᠢᠯᠡᠨ ᠠᠰᠢᠭᠯᠠᠬᠤ ᠨᠣᠷᠮ᠎ᠠ ᠶᠢ | 90% ᠠᠴᠠ ᠳᠡᠭᠡᠭᠰᠢ ᠪᠠᠶᠢᠯᠭᠠᠨ᠎ᠠ᠃ | 3. ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ | ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠰᠢᠨ᠎ᠡ ᠶᠢ ᠡᠭᠦᠳᠴᠦ ᠶᠠᠰᠤ ᠴᠢᠨᠠᠷ ᠢ ᠲᠡᠭᠡᠭᠰᠢᠯᠡᠭᠦᠯᠬᠦ ᠶᠢ | ᠠᠬᠢᠭᠤᠯᠣᠨ᠎ᠠ᠃ ᠬᠤᠳᠠᠯᠳᠤᠭ᠎ᠠ ᠠᠷᠠᠯᠵᠢᠶ᠎ᠠ ᠶᠢᠨ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ | ᠬᠦᠴᠦᠷᠬᠡᠭᠵᠢᠭᠦᠯᠬᠦ ᠶᠢᠨ ᠲᠣᠭᠤᠷᠢᠨ ᠳᠤ᠂ ᠡᠷᠳᠡᠨᠢ ᠵᠠᠮ ᠤᠨ ᠶᠡᠷᠦᠩᠬᠡᠶᠢᠯᠡᠭᠰᠡᠨ ᠴᠢᠨᠠᠷᠲᠠᠶ ᠬᠤᠳᠠᠯᠳᠤᠭᠠᠨ ᠤ | ᠴᠢᠳᠠᠮᠵᠢᠳᠣ ᠣᠷᠣᠨ ᠢᠶᠠᠷ ᠬᠤᠲᠠ ᠶᠢᠨ ᠬᠤᠳᠠᠯᠳᠤᠭ᠎ᠠ ᠠᠷᠠᠯᠵᠢᠶ᠎ᠠ ᠶᠢᠨ ᠬᠥᠭᠵᠢᠯᠲᠡ ᠶᠢᠨ ᠲᠡᠩᠭᠡᠯᠢᠭ ᠪᠣᠯᠭᠠᠵᠤ᠂ | ᠨᠢᠭᠡ ᠥᠷᠲᠡᠭᠡᠨ ᠤ ᠮᠠᠶ᠋ᠢᠭ ᠤᠨ ᠬᠤᠲᠠ ᠶᠢᠨ ᠬᠤᠳᠠᠯᠳᠤᠭ᠎ᠠ ᠠᠷᠠᠯᠵᠢᠶ᠎ᠠ ᠶᠢᠨ ᠭᠤᠤᠯ ᠲᠣᠭᠤᠷᠢᠭ ᠢ ᠪᠠᠶᠢᠭᠤᠯᠤᠨ᠎ᠠ᠃ | ᠴᠠᠬᠠᠷ ᠤᠨᠴᠠᠯᠢᠭᠳᠤ ᠡᠯᠧᠺᠲᠷᠣᠨ ᠬᠤᠳᠠᠯᠳᠤᠭᠠᠨ ᠤ ᠵᠡᠭᠡᠯᠢ᠂ ᠬᠠᠴᠢᠨ ᠴᠢᠯᠠᠭᠤᠲᠤ ᠮᠠᠨᠤ ᠡᠷᠲᠡᠨ ᠤ ᠡᠳ᠋ ᠤᠨ | ᠬᠤᠲᠠ ᠪᠠ ᠦᠨᠳᠦᠰᠦᠲᠡᠨ ᠤ ᠵᠠᠩ ᠦᠢᠯᠡ ᠶᠢᠨ ᠬᠤᠪᠴᠠᠰᠤ ᠵᠠᠰᠠᠯ ᠤᠨ ᠵᠡᠭᠡᠯᠢ ᠲᠣᠭᠤᠷᠢᠭ ᠲᠤ ᠲᠦᠰᠢᠭᠯᠡᠨ᠂ | ᠬᠤᠳᠠᠯᠳᠤᠭᠠᠨ ᠤ ᠭᠤᠤᠯ ᠲᠣᠭᠤᠷᠢᠭ ᠤᠨ ︽ᠨᠢᠭᠡ ᠲᠡᠩᠭᠡᠯᠢᠭ ᠭᠤᠷᠪᠠᠨ ᠵᠡᠭᠡᠯᠢ ᠲᠣᠭᠤᠷᠢᠭ︾ ᠤᠨ | ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠎ᠠ᠃ ᠳ᠋ᠧ ᠺᠧ ᠯᠦᠩ᠂ ᠬᠤᠸᠠ ᠷᠦᠨ ᠸᠠᠨ ᠵᠢᠶᠠ᠂ ᠸᠧᠢ ᠳ᠋ᠥᠸᠧ ᠯᠢ | ᠵᠡᠷᠭᠡ ᠭᠤᠷᠪᠠᠨ ᠲᠣᠮᠣ ᠬᠡᠲᠦ ᠳᠡᠯᠭᠡᠭᠦᠷ ᠢᠶᠠᠷ ᠭᠤᠤᠯ ᠪᠣᠯᠭᠠᠵᠤ᠂ ᠰᠢᠯᠢ ᠶᠢᠨ ᠬᠤᠲᠠ ᠶᠢᠨ ᠪᠣᠬᠢᠷᠲᠤᠯ ᠥᠬᠡᠶ ᠴᠢᠨᠠᠷ | ᠰᠠᠶᠢᠲᠠᠶ ᠦᠬᠡᠷ ᠬᠤᠨᠢᠨ ᠮᠢᠬ᠎ᠠ᠂ ᠴᠠᠭᠠᠨ ᠢᠳᠡᠭᠡᠨ ᠤ ᠵᠦᠢᠯ ᠪᠠ ᠦᠨᠳᠦᠰᠦᠲᠡᠨ ᠤ ᠭᠠᠷ ᠤᠷᠠᠯᠠᠯ ᠤᠨ | ᠪᠦᠲᠦᠭᠡᠭᠳᠡᠬᠦᠨ ᠵᠡᠷᠭᠡ ᠣᠷᠣᠨ ᠨᠤᠲᠤᠭ ᠤᠨ ᠤᠨᠴᠠᠯᠢᠭᠳᠤ ᠪᠦᠲᠦᠭᠡᠭᠳᠡᠬᠦᠨ ᠤ ᠴᠢᠨᠠᠷ ᠰᠠᠶᠢᠲᠠᠶ ᠦᠨ᠎ᠡ ᠬᠠᠩᠰᠢ ᠶᠢ | ᠪᠡᠶᠡᠯᠡᠭᠦᠯᠬᠦ ᠶᠢ ᠠᠬᠢᠭᠤᠯᠤᠨ᠎ᠠ᠃ | ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ | ᠨᠡᠮᠡᠭᠳᠡᠭᠦᠯᠬᠦ ᠬᠦᠭᠵᠢᠯᠲᠡ ᠶᠢ ᠠᠬᠢᠭᠤᠯᠣᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠭᠦᠢᠯᠭᠡᠭᠡᠨ ᠤ ︽ᠬᠠᠮᠤᠭ ᠤᠨ ᠣᠶᠢᠷᠠᠯᠴᠠᠭ᠎ᠠ ᠨᠢᠭᠡ ᠺᠢᠯᠣᠮᠧᠲᠷ︾ ᠲᠤ ᠠᠩᠬᠠᠷᠤᠯ ᠢᠶᠠᠨ ᠲᠥᠪᠯᠡᠷᠡᠭᠦᠯᠵᠦ᠂ | ᠭᠠᠷᠤᠯᠲᠠ ᠶᠢᠨ ᠣᠷᠣᠨ ᠤ ᠲᠥᠪᠯᠡᠷᠡᠭᠦᠯᠦᠨ ᠳᠣᠭᠢᠷᠠᠭᠤᠯᠬᠤ ᠲᠥᠪ᠂ ᠬᠦᠢᠲᠡᠨ ᠬᠥᠮᠥᠷᠭᠡ ᠵᠡᠷᠭᠡ ᠲᠠᠸᠠᠷᠴᠢᠯᠠᠨ | ᠰᠢᠢᠳᠪᠦᠷᠢᠯᠡᠬᠦ ᠪᠡᠯᠡᠳᠬᠡᠮᠵᠢ ᠠᠴᠠ ᠭᠠᠷᠳᠠᠵᠤ᠂ ᠰᠢᠯᠢ ᠶᠢᠨ ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ | ᠲᠠᠯ᠎ᠠ ᠪᠠᠷ ᠡᠬᠢᠯᠡᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠷᠠᠭᠠᠨ ᠤ ᠭᠦᠢᠯᠭᠡᠭᠡᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠲᠤ ᠲᠦᠰᠢᠭᠯᠡᠨ᠂ ᠮᠠᠨ ᠤ ᠬᠤᠲᠠ ᠶᠢᠨ ᠡᠯᠧᠺᠲᠷᠣᠨ | ᠬᠤᠳᠠᠯᠳᠤᠭ᠎ᠠ ᠬᠢᠭᠡᠳ ᠪᠠᠷᠠᠭᠠᠨ ᠤ ᠭᠦᠢᠯᠭᠡᠭᠡᠨ ᠤ ᠠᠭᠤᠰᠤᠯᠴᠠᠨ ᠬᠦᠭᠵᠢᠬᠦ ᠶᠢ ᠠᠬᠢᠭᠤᠯᠣᠨ᠎ᠠ᠃ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠦᠢᠯᠡᠳᠬᠦᠨ ᠢ ᠴᠤᠭᠯᠠᠭᠤᠯᠬᠤ᠂ ᠢᠯᠭᠠᠬᠤ᠂ ᠡᠳ᠋ᠰᠢᠭᠦᠯᠬᠦ᠂ ᠬᠦᠢᠲᠡᠨ ᠬᠦᠮᠦᠷᠭᠡᠯᠡᠬᠦ | ᠂ ᠪᠣᠭᠤᠳᠠᠯᠯᠠᠬᠤ᠂ ᠬᠢᠨᠠᠨ ᠬᠡᠮᠵᠢᠵᠦ ᠭᠡᠷᠡᠴᠢᠯᠡᠬᠦ ᠵᠡᠷᠭᠡ ᠠᠵᠤ ᠦᠢᠯᠡᠰ ᠤᠨ ᠬᠡᠯᠬᠢᠶᠡᠨ ᠤ ᠦᠢᠯᠡᠴᠢᠯᠡᠭᠡᠨ ᠤ ᠡᠬᠢ | ᠪᠠᠶᠠᠯᠢᠭ ᠵᠢᠴᠢ ᠱᠦᠨ ᠹᠧᠩ᠂ ᠵᠢᠩ ᠳ᠋ᠦᠩ᠂ ᠰᠢᠤᠳᠠᠨ᠂ ᠪᠠᠢ ᠱᠢ᠂ ᠰᠠᠨ ᠲᠣᠩ ᠢ ᠳ᠋ᠠ ᠵᠡᠷᠭᠡ ᠲᠦᠷᠭᠡᠨ | ᠬᠦᠷᠭᠡᠬᠦ ᠪᠠᠷᠠᠭᠠᠨ ᠤ ᠭᠦᠢᠯᠭᠡᠭᠡᠨ ᠤ ᠡᠬᠢ ᠪᠠᠶᠠᠯᠢᠭ ᠢ ᠬᠤᠷᠠᠮᠳᠤᠭᠤᠯᠵᠤ᠂ ᠨᠢᠭᠡ ᠥᠷᠲᠡᠭᠡᠨ ᠤ ᠮᠠᠶ᠋ᠢᠭ ᠤᠨ | ᠪᠦᠯᠦᠭᠵᠢᠯ ᠤᠨ ᠦᠢᠯᠡᠴᠢᠯᠡᠭᠡᠨ ᠢ ᠪᠡᠶᠡᠯᠡᠭᠦᠯᠦᠨ᠎ᠡ᠃ ᠱᠦᠨ ᠹᠧᠩ᠂ ᠰᠢᠦᠳᠠᠨ ᠵᠡᠷᠭᠡ ᠬᠦᠢᠲᠡᠨ ᠢᠶᠠᠷ ᠲᠡᠭᠡᠭᠡᠪᠦᠷᠢᠯᠡᠬᠦ | ᠴᠢᠳᠠᠪᠤᠷᠢ ᠲᠠᠢ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢᠶᠠᠷ ᠲᠦᠰᠢᠭ ᠪᠣᠯᠭᠠᠵᠤ᠂ ᠦᠬᠡᠷ | ᠬᠤᠨᠢᠨ ᠮᠢᠬ᠎ᠠ ᠵᠡᠷᠭᠡ ᠨᠠᠷᠠᠲᠤ ᠰᠢᠯᠢᠳᠡᠭ ᠣᠨᠴᠠ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠪᠣᠷᠣᠯᠠᠭᠤᠯᠬᠤ | ᠲᠤᠬᠠᠶᠢᠯᠠᠭᠰᠠᠨ ᠠᠵᠢᠯ ᠢᠶᠠᠨ ᠢᠳᠡᠪᠬᠢᠲᠡᠶ ᠪᠠᠷ ᠥᠷᠭᠡᠳᠬᠡᠬᠦ ᠶᠢ ᠵᠣᠷᠢᠭᠵᠢᠭᠤᠯᠤᠨ ᠳᠡᠮᠵᠢᠵᠦ᠂ ᠡᠯᠧᠺᠲᠷᠣᠨ | ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠭᠦᠨᠵᠡᠭᠡᠶ ᠠᠭᠤᠰᠤᠯᠴᠠᠬᠤ ᠶᠢ ᠬᠥᠲᠥᠯᠦᠨ ᠵᠢᠯᠣᠭᠤᠳᠴᠤ᠂ | ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠢ ᠲᠦᠷᠭᠡᠳᠬᠡᠨ ᠬᠥᠭᠵᠢᠭᠦᠯᠵᠦ᠂ ᠤᠶᠤᠨᠲᠤ ᠪᠠᠷᠠᠭᠠᠨ ᠤ | ᠭᠦᠢᠯᠭᠡᠭᠡᠨ ᠢ ᠬᠥᠭᠵᠢᠭᠦᠯᠬᠦ ᠶᠢ ᠵᠣᠷᠢᠭᠵᠢᠭᠤᠯᠤᠨ᠂ ᠪᠠᠷᠢᠮᠵᠢᠶᠠᠵᠢᠭᠰᠠᠨ᠂ ᠮᠡᠳᠡᠭᠡ ᠵᠠᠩᠭᠢᠵᠢᠭᠰᠠᠨ᠂ | ᠰᠦᠯᠵᠢᠶᠡᠵᠢᠭᠰᠡᠨ᠂ ᠡᠷᠴᠢᠮᠵᠢᠭᠰᠡᠨ᠂ ᠣᠶᠤᠨᠴᠢᠯᠠᠭᠰᠠᠨ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠰᠢᠯᠢ ᠶᠢᠨ ᠬᠤᠲᠠ ᠶᠢᠨ ᠣᠨᠴᠠᠯᠢᠠᠠᠳᠣ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠴᠢᠨᠠᠷ ᠰᠠᠶᠢᠨ ᠦᠨ᠎ᠡ ᠬᠠᠩᠰᠢ ᠰᠠᠶᠢᠨ ᠪᠣᠯᠬᠤ ᠶᠢ ᠪᠡᠶᠡᠯᠡᠭᠦᠯᠬᠦ ᠶᠢ | ᠠᠬᠢᠭᠤᠯᠤᠨ᠎ᠠ᠃ | ᠬᠠᠮ ᠦᠵᠡᠰᠬᠦᠯᠡᠩ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ | ᠬᠥᠭᠵᠢᠯᠲᠡ ᠶᠢ ᠲᠦᠯᠬᠢᠨ ᠠᠬᠢᠭᠤᠯᠤᠨ᠎ᠠ᠃ ᠨᠠᠷᠠᠲᠤ ᠲᠥᠷᠥᠯ ᠲᠡᠮᠳᠡᠭᠲᠦ ᠶᠢᠨ ᠬᠠᠮ ᠦᠵᠡᠰᠬᠦᠯᠡᠩ ᠢ | ᠢᠳᠡᠪᠬᠢᠲᠡᠶ ᠪᠠᠷ ᠪᠤᠶᠢᠵᠢᠭᠤᠯᠵᠤ᠂ ᠪᠡᠭᠡᠵᠢᠩ ᠲᠢᠶᠠᠨᠵᠢᠨ ᠾᠧᠪᠸᠢ ᠶᠢᠨ ᠬᠤᠲᠠ ᠶᠢᠨ ᠲᠣᠭᠤᠷᠢᠭ ᠤᠨ | ᠪᠠᠷᠢᠮᠵᠢᠶ᠎ᠠ ᠲᠠᠢ ᠬᠠᠷᠭᠤᠭᠤᠯᠵᠤ᠂ ᠭᠥᠯᠢᠶᠡᠨ ᠠᠪᠬᠤ ᠴᠢᠳᠠᠪᠤᠷᠢ ᠪᠠ ᠢᠵᠢ ᠪᠥᠷᠢᠳᠦᠭᠦᠯᠬᠦ ᠰᠠᠭᠤᠷᠢ ᠪᠡᠯᠡᠳᠬᠡᠮᠵᠢ ᠶᠢ | ᠳᠡᠭᠡᠭᠰᠢᠯᠡᠭᠦᠯᠦᠨ᠂ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠠᠩ ᠣᠯᠠᠨ | ᠲᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠬᠤᠷᠠᠯ᠂ ᠴᠤᠭᠯᠠᠭᠠᠨ ᠦᠵᠡᠰᠬᠦᠯᠡᠩ ᠪᠠ ᠪᠡᠶ᠎ᠡ ᠶᠢᠨ ᠲᠠᠮᠢᠷ ᠤᠨ | ᠤᠷᠤᠯᠳᠤᠭᠠᠨ ᠢ ᠰᠢᠯᠢ ᠶᠢᠨ ᠬᠤᠲᠠ ᠳᠤ ᠡᠷᠭᠢᠯᠡᠬᠦ ᠪᠠᠷ ᠴᠢᠷᠮᠠᠶᠢᠨ᠎ᠠ᠃ ᠰᠢᠨ᠎ᠡ ᠨᠢᠭᠡ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠤᠨ ᠬᠤᠷᠠᠯ ᠦᠵᠡᠰᠬᠦᠯᠡᠩ ᠤᠨ ᠬᠦᠷᠢᠶᠡᠨ ᠳᠠᠬᠢ ᠤᠯᠠᠷᠢᠭᠤᠯᠤᠨ ᠬᠡᠷᠡᠭᠯᠡᠬᠦ ᠶᠢ ᠠᠬᠢᠭᠤᠯᠵᠤ᠂ | ︽ᠡᠭᠦᠯᠡᠨ ᠳᠡᠭᠡᠷᠡᠬᠢ ᠬᠤᠷᠠᠯ ᠦᠵᠡᠰᠬᠦᠯᠡᠩ︾ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠠᠶᠢᠨ | ᠰᠦᠪᠡᠭᠴᠢᠯᠡᠨ᠎ᠡ᠃ ᠬᠠᠮ ᠦᠵᠡᠰᠬᠦᠯᠡᠩ ᠤᠨ ᠲᠥᠪ ᠤᠨ ᠵᠠᠬ᠎ᠠ ᠳᠡᠯᠭᠡᠭᠦᠷᠴᠢᠯᠡᠭᠰᠡᠨ ᠳᠤᠮᠳᠠᠳᠤ ᠮᠣᠩᠭᠤᠯ | ᠣᠷᠣᠰ ᠤᠨ ᠣᠯᠠᠨ ᠤᠯᠤᠰ ᠤᠨ ᠵᠢᠵᠢᠭ ᠲᠠᠸᠠᠷ ᠤᠨ ᠦᠵᠡᠭᠦᠯᠦᠯᠭᠡ᠂ ᠲᠣᠮᠣ ᠬᠡᠯᠪᠡᠷᠢ ᠶᠢᠨ ᠮᠠᠰᠢᠨ ᠲᠡᠷᠭᠡᠨ ᠤ | ᠦᠵᠡᠰᠬᠦᠯᠡᠩ ᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠶᠡᠬᠡᠪᠡᠷ ᠳᠡᠮᠵᠢᠵᠦ᠂ ᠠᠵᠤ | ᠠᠬᠤᠶᠢᠯᠠᠯ ᠤᠨ ᠬᠠᠮ ᠦᠵᠡᠰᠬᠦᠯᠡᠩ ᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ | ᠵᠣᠷᠢᠭᠵᠢᠭᠤᠯᠤᠨ᠎ᠠ᠃ | ᠲᠠᠪᠤᠳᠤᠭᠠᠷ ᠬᠡᠰᠡᠭ ᠪᠣᠬᠢᠷᠲᠤᠯ ᠦᠭᠡᠢ ᠠᠮᠢᠳᠤᠷᠠᠯ ᠤᠨ ᠰᠢᠰᠲ᠋ᠧᠮ ᠢ ᠪᠠᠶᠢᠭᠤᠯᠵᠤ᠂ ᠠᠷᠠᠳ ᠤᠨ | ᠠᠮᠢᠳᠤᠷᠠᠯ ᠤᠨ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠦᠨ᠎ᠡ | 1. ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ | ᠬᠤᠳᠠ ᠬᠥᠳᠡᠭᠡ ᠶᠢᠨ ᠬᠤᠭ ᠨᠣᠪᠰᠢ ᠶᠢ ᠲᠦᠷᠦᠯ ᠬᠤᠪᠢᠶᠠᠨ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ ᠬᠥᠮᠦᠨ | ᠠᠮᠠ ᠨᠡᠯᠢᠶᠡᠳ ᠲᠥᠪᠯᠡᠷᠡᠭᠰᠡᠨ ᠬᠤᠲᠠ ᠶᠢᠨ ᠲᠣᠭᠤᠷᠢᠭ ᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠰᠢᠢᠳᠪᠦᠷᠢᠯᠡᠬᠦ ᠶᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠥᠷᠥᠯ ᠬᠤᠪᠢᠶᠠᠬᠤ ᠶᠢ | ᠵᠦᠶ ᠵᠣᠬᠢᠰᠲᠠᠶ ᠲᠣᠭᠲᠠᠭᠠᠨ᠂ ᠲᠥᠷᠥᠯ ᠬᠤᠪᠢᠶᠠᠬᠤ ᠲᠡᠮᠳᠡᠭ ᠢ ᠲᠣᠳᠣᠷᠬᠠᠶ ᠪᠠᠶᠢᠷᠢᠯᠠᠭᠤᠯᠵᠤ᠂ ᠰᠠᠭᠤᠭᠠᠯᠢ | ᠠᠷᠠᠳ ᠤᠨ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠲᠥᠷᠥᠯ ᠬᠤᠪᠢᠶᠠᠨ ᠬᠠᠶᠠᠬᠤ ᠳᠤ ᠲᠥᠬᠦᠮ ᠦᠵᠡᠭᠦᠯᠦᠨ᠎ᠡ᠃ | ᠠᠮᠢᠳᠤᠷᠠᠯ ᠤᠨ ᠬᠤᠭ ᠨᠣᠪᠰᠢ ᠬᠢᠭᠡᠳ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠶᠢᠨ ︽ᠬᠤᠶᠠᠷ ᠲᠣᠤᠷ | ᠰᠦᠯᠵᠢᠶ᠎ᠡ ᠶᠢ ᠨᠡᠶᠢᠯᠡᠭᠦᠯᠬᠦ︾ ᠶᠢ ᠤᠯᠠᠮ ᠨᠢᠭᠡ ᠠᠯᠬᠤᠮ ᠰᠦᠪᠡᠭᠴᠢᠯᠡᠨ ᠠᠬᠢᠭᠤᠯᠵᠤ᠂ ᠠᠮᠢᠳᠤᠷᠠᠯ ᠤᠨ ᠬᠤᠭ | ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠳᠠᠮᠵᠢᠭᠤᠯᠤᠨ ᠲᠡᠭᠡᠭᠡᠪᠦᠷᠢᠯᠡᠬᠦ ᠪᠦᠷᠢᠨ ᠲᠡᠭᠦᠯᠳᠡᠷ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠲᠥᠷᠥᠯ ᠬᠤᠪᠢᠶᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠲᠤᠰᠬᠠᠶ | ᠬᠡᠷᠡᠭᠯᠡᠬᠦ ᠬᠤᠷᠢᠶᠠᠵᠤ ᠲᠡᠭᠡᠭᠡᠪᠦᠷᠢᠯᠡᠬᠦ ᠲᠡᠷᠭᠡ ᠬᠥᠰᠬᠡ ᠶᠢ ᠳᠣᠭᠢᠷᠠᠭᠤᠯᠤᠨ᠂ ᠲᠥᠷᠥᠯ ᠬᠤᠪᠢᠶᠠᠨ ᠲᠠᠯᠪᠢᠬᠤ | ᠦᠵᠦᠭᠦᠷ ᠪᠠ ᠲᠥᠷᠥᠯ ᠬᠤᠪᠢᠶᠠᠬᠤ ᠦᠵᠦᠭᠦᠷ ᠢ ᠪᠦᠲᠦᠮᠵᠢᠲᠡᠶ ᠵᠣᠯᠭᠠᠭᠤᠯᠬᠤ ᠬᠡᠷᠡᠭᠲᠡᠶ᠃ ᠡᠭᠦᠨ ᠤ ᠬᠠᠮᠲᠤ | ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠲᠦᠷᠢᠮ ᠤᠨ ᠰᠢᠰᠲ᠋ᠧᠮ ᠪᠠ ᠲᠦᠷᠦᠯ ᠬᠤᠪᠢᠶᠠᠨ ᠲᠠᠯᠪᠢᠬᠤ | ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠦᠷᠦᠯ | ᠬᠤᠪᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ᠃ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠦᠷᠢᠯᠡᠬᠦ | ᠠᠵᠢᠯ ᠢ ᠴᠢᠩᠭᠠᠳᠬᠠᠨ᠎ᠠ᠃ ᠬᠥᠳᠡᠭᠡ ᠲᠣᠰᠬᠤᠨ ᠤ ᠬᠤᠭ ᠨᠣᠪᠰᠢ ᠶᠢ ᠲᠦᠷᠦᠯ ᠬᠤᠪᠢᠶᠠᠬᠤ ᠪᠠ ᠡᠬᠢ | ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢ ᠥᠷᠨᠢᠭᠦᠯᠦᠨ᠎ᠡ᠃ ᠰᠢᠶᠠᠨ ᠤ ᠬᠡᠪᠴᠢᠶᠡᠨ ᠤ ᠮᠠᠯᠵᠢᠬᠤ ᠲᠠᠷᠢᠶᠠᠯᠠᠬᠤ | ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠣᠰᠣᠭᠠᠷ᠂ ᠠᠵᠤ ᠠᠬᠤᠶ ᠶᠢᠨ ᠬᠥᠭᠵᠢᠯᠲᠡ᠂ ᠭᠠᠵᠠᠷ | ᠰᠢᠷᠣᠶ ᠶᠢᠨ ᠠᠰᠢᠭᠯᠠᠯᠲᠠ ᠵᠢᠴᠢ ᠠᠮᠢ ᠠᠬᠤᠶ ᠶᠢᠨ ᠣᠷᠴᠢᠨ ᠲᠣᠭᠤᠷᠢᠨ ᠤ ᠨᠥᠯᠥᠭᠡᠯᠡᠯ ᠪᠠ ᠲᠣᠰᠬᠤᠨ ᠤ | ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠶᠡᠷᠦᠩᠬᠡᠶᠢᠯᠡᠨ ᠪᠣᠳᠣᠯᠬᠢᠯᠠᠵᠤ᠂ ᠪᠥᠬᠦ ᠬᠡᠪᠴᠢᠶᠡᠨ ᠤ ᠬᠤᠭ ᠨᠣᠪᠰᠢ ᠶᠢ | ᠰᠢᠢᠳᠪᠦᠷᠢᠯᠡᠬᠦ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠎ᠠ᠃ ᠬᠤᠭ ᠨᠣᠪᠰᠢ ᠶᠢ ᠲᠥᠷᠥᠯ | ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠴᠢᠬ ᠤᠨ ᠦᠷ᠎ᠡ ᠪᠦᠲᠦᠭᠡᠯ ᠢ | ᠪᠠᠬᠢᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭ ᠪᠠ ᠮᠠᠯᠴᠢᠨ ᠲᠠᠷᠢᠶᠠᠴᠢᠨ ᠤ ᠵᠠᠩ ᠳᠠᠳᠬᠠᠯ ᠳᠤ | ᠨᠡᠶᠢᠴᠡᠬᠦ᠂ ᠳᠥᠭᠦᠮ ᠳᠥᠲᠡ ᠪᠥᠭᠡᠳ ᠶᠠᠪᠤᠭᠳᠠᠭᠤᠰᠢᠲᠠᠶ ᠲᠥᠷᠥᠯ ᠬᠤᠪᠢᠶᠠᠨ ᠰᠢᠢᠳᠪᠦᠷᠢᠯᠡᠬᠦ ᠵᠠᠭᠪᠤᠷ ᠢ | ᠢᠳᠡᠪᠬᠢᠲᠡᠶ ᠪᠠᠷ ᠳᠡᠯᠭᠡᠷᠡᠭᠦᠯᠦᠨ᠎ᠡ᠃ ᠬᠤᠭ ᠨᠣᠪᠰᠢ ᠶᠢ ᠲᠦᠷᠦᠯ ᠬᠤᠪᠢᠶᠠᠨ ᠲᠠᠯᠪᠢᠬᠤ᠂ ᠲᠦᠷᠦᠯ ᠬᠤᠪᠢᠶᠠᠨ | ᠴᠤᠭᠯᠠᠭᠤᠯᠬᠤ᠂ ᠲᠦᠷᠦᠯ ᠬᠤᠪᠢᠶᠠᠨ ᠲᠡᠭᠡᠭᠡᠪᠦᠷᠢᠯᠡᠬᠦ᠂ ᠲᠦᠷᠦᠯ ᠬᠤᠪᠢᠶᠠᠨ ᠰᠢᠢᠳᠪᠦᠷᠢᠯᠡᠬᠦ ᠰᠢᠰᠲ᠋ᠧᠮ ᠢ | ᠲᠦᠷᠭᠡᠪᠴᠢᠯᠡᠨ ᠪᠠᠶᠢᠭᠤᠯᠤᠨ᠎ᠠ᠃ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠰᠢᠩᠭᠡᠭᠡᠬᠦ ᠠᠷᠭ᠎ᠠ ᠮᠠᠶ᠋ᠢᠭ ᠢ | ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠪᠠᠷᠢᠯᠭ᠎ᠠ ᠶᠢᠨ ᠬᠤᠭ ᠨᠣᠪᠰᠢ᠂ ᠨᠡᠭᠦᠷᠡᠰᠦᠨ ᠰᠢᠭᠠᠷᠤ ᠶᠢᠨ ᠦᠨᠡᠰᠦ | ᠵᠡᠷᠭᠡ ᠶᠢ ᠭᠠᠴᠠᠭ᠎ᠠ ᠲᠣᠰᠬᠤᠨ ᠤ ᠳᠣᠲᠣᠷᠠᠬᠢ ᠵᠠᠮ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠶᠢ | ᠵᠣᠷᠢᠭᠵᠢᠭᠤᠯᠤᠨ᠎ᠠ᠃ ᠡᠭᠦᠨ ᠢ ᠵᠡᠷᠭᠡᠴᠡᠪᠡᠷ ᠰᠦᠯᠢᠶᠥᠦ ᠪᠣᠬᠢᠷᠲᠤᠯ ᠢ ᠵᠠᠰᠠᠬᠤ᠂ ᠲᠠᠷᠢᠶᠠᠯᠠᠩ ᠤᠨ ᠰᠦᠯᠢᠶᠥᠦ | ᠪᠦᠷᠬᠦᠪᠴᠢ ᠪᠣᠯᠣᠨ ᠲᠠᠷᠢᠶᠠᠨ ᠡᠮ ᠤᠨ ᠪᠣᠭᠤᠳᠠᠯ ᠤᠨ ᠡᠳ᠋ ᠢ ᠡᠭᠡᠭᠦᠯᠦᠨ ᠬᠤᠷᠢᠶᠠᠬᠤ ᠵᠡᠷᠭᠡ ᠪᠠᠷ ᠭᠠᠷᠳᠠᠨ ᠬᠢᠬᠦ | ᠴᠢᠭ᠋ ᠪᠣᠯᠭᠠᠵᠤ᠂ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠪᠣᠯᠣᠨ ᠳᠠᠬᠢᠯᠲᠠ ᠡᠬᠢ | ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ | ᠬᠤᠭ ᠨᠣᠪᠰᠢ ᠶᠢᠨ ᠪᠡᠯᠡᠳᠬᠡᠮᠵᠢ ᠲᠥᠬᠦᠭᠡᠷᠦᠮᠵᠢ ᠶᠢ ᠲᠡᠭᠡᠭᠡᠪᠦᠷᠢᠯᠡᠨ ᠪᠠᠲᠤᠯᠠᠬᠤ ᠪᠦᠷᠢᠨ ᠲᠡᠭᠦᠯᠳᠡᠷ ᠲᠦᠷᠢᠮ ᠢ | ᠪᠠᠶᠢᠭᠤᠯᠤᠨ᠎ᠠ᠃ ᠣᠲᠣ ᠶᠢᠨ ᠪᠠᠶᠢᠭ᠎ᠠ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠶᠢ ᠲᠠᠰ ᠳᠡᠪᠰᠢᠭᠦᠯᠦᠨ | ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ | ᠬᠤᠷᠢᠶᠠᠨ ᠲᠡᠭᠡᠭᠡᠪᠦᠷᠢᠯᠡᠬᠦ ᠰᠢᠰᠲ᠋ᠧᠮᠵᠢ ᠶᠢ ᠪᠦᠷᠢᠨᠰᠢᠬᠦᠯᠵᠦ᠂ ᠠᠵᠢᠯᠯᠠᠭᠠᠨ ᠢ ᠬᠠᠮᠠᠭᠠᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠬᠡᠮᠵᠢᠶ᠎ᠡ ᠯᠦᠭᠡ ᠲᠣᠬᠢᠷᠠᠯᠴᠠᠭᠰᠠᠨ | ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠰᠢᠢᠳᠪᠦᠷᠢᠯᠡᠬᠦ ᠪᠡᠯᠡᠳᠬᠡᠮᠵᠢ ᠶᠢ ᠪᠥᠲᠥᠭᠡᠨ ᠪᠠᠶᠢᠭᠤᠯᠵᠤ᠂ ᠰᠢᠲᠠᠭᠠᠵᠤ | ᠴᠠᠬᠢᠯᠭᠠᠨ ᠭᠠᠷᠭᠠᠬᠤ᠂ ᠢᠯᠴᠢ ᠴᠠᠬᠢᠯᠭᠠᠨ ᠢ ᠵᠡᠷᠭᠡᠪᠡᠷ ᠦᠢᠯᠡᠳᠪᠦᠷᠢᠯᠡᠬᠦ᠂ ᠢᠯᠴᠢ ᠬᠠᠩᠭᠠᠬᠤ ᠪᠠᠷ ᠭᠤᠤᠯ | ᠪᠣᠯᠭᠠᠭᠰᠠᠨ ᠬᠤᠭ ᠨᠣᠪᠰᠢ ᠶᠢ ᠰᠢᠢᠳᠪᠦᠷᠢᠯᠡᠬᠦ ᠠᠷᠭ᠎ᠠ ᠮᠠᠶ᠋ᠢᠭ ᠢ ᠢᠳᠡᠪᠬᠢᠲᠡᠶ ᠪᠠᠷ ᠬᠥᠭᠵᠢᠭᠦᠯᠦᠨ᠂ ᠤᠤᠯ ᠤᠨ | ᠠᠮᠢᠳᠤᠷᠠᠯ ᠤᠨ ᠬᠤᠭ ᠨᠣᠪᠰᠢ ᠶᠢ ᠪᠤᠯᠠᠬᠤ ᠶᠢ ᠪᠠᠭᠠᠰᠬᠠᠨ᠎ᠠ᠃ 2024 ᠣᠨ ᠤ ᠡᠴᠦᠰ ᠪᠣᠯᠬᠤ ᠳᠤ᠂ ᠬᠤᠭ | ᠨᠣᠪᠰᠢ ᠶᠢ ᠰᠢᠲᠠᠭᠠᠵᠤ ᠰᠢᠢᠳᠪᠦᠷᠢᠯᠡᠬᠦ ᠪᠡᠯᠡᠳᠬᠡᠮᠵᠢ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠤᠨ᠎ᠠ᠃ | 2. ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠲᠡᠭᠦᠯᠳᠡᠷᠵᠢᠭᠦᠯᠬᠦ ᠬᠡᠷᠡᠭᠲᠡᠶ | ᠬᠤᠳᠠ ᠪᠠᠯᠭᠠᠰᠤᠨ ᠤ ᠠᠮᠢᠳᠤᠷᠠᠯ ᠤᠨ ᠪᠤᠵᠠᠷ ᠤᠰᠤ ᠶᠢ ᠰᠢᠢᠳᠪᠦᠷᠢᠯᠡᠬᠦ ᠠᠵᠢᠯ ᠢ ᠠᠬᠢᠭᠤᠯᠣᠨ᠎ᠠ᠃ ᠬᠤᠲᠠ | ᠪᠠᠯᠭᠠᠰᠤ ᠶᠢᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠬᠤᠭᠤᠯᠠᠶ ᠶᠢᠨ ᠲᠣᠤᠷ ᠤᠨ ᠪᠥᠲᠥᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠠᠭᠤᠴᠢᠨ ᠬᠤᠲᠠ ᠶᠢᠨ ᠲᠣᠭᠤᠷᠢᠭ᠂ ᠬᠤᠲᠠ ᠶᠢᠨ ᠳᠤᠮᠳᠠᠬᠢ | ᠲᠣᠰᠬᠤᠨ ᠪᠠ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠪᠣᠬᠢᠷ ᠤᠰᠤᠨ ᠤ ᠤᠷᠤᠰᠬᠠᠯ ᠢ ᠲᠠᠰᠤᠯᠬᠤ᠂ | ᠬᠤᠷᠢᠶᠠᠨ ᠴᠤᠭᠯᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠰᠢᠯᠢ ᠶᠢᠨ ᠬᠤᠲᠠ ᠶᠢᠨ ᠪᠠᠶᠢᠭᠤᠯᠤᠭᠰᠠᠨ | ᠲᠣᠭᠤᠷᠢᠭ ᠤᠨ ᠪᠣᠬᠢᠷ ᠤᠰᠤ ᠶᠢ ᠪᠦᠬᠦᠨ ᠢ ᠬᠤᠷᠢᠶᠠᠨ ᠴᠤᠭᠯᠠᠭᠤᠯᠬᠤ᠂ ᠪᠦᠬᠦᠨ ᠢ ᠰᠢᠢᠳᠪᠦᠷᠢᠯᠡᠬᠦ ᠶᠢ | ᠦᠷᠭᠦᠯᠵᠢᠯᠡᠨ ᠪᠠᠬᠢᠵᠢᠭᠦᠯᠵᠦ᠂ ᠬᠤᠲᠠ ᠪᠠᠯᠭᠠᠰᠤ ᠶᠢᠨ ᠪᠣᠬᠢᠷ ᠤᠰᠤ ᠶᠢ ᠬᠤᠷᠢᠶᠠᠨ ᠳᠠᠮᠵᠢᠭᠤᠯᠬᠤ ᠬᠤᠭᠤᠯᠠᠶ ᠶᠢ | ᠪᠦᠬᠦᠨ ᠢ ᠬᠠᠮᠤᠷᠬᠤ ᠪᠥᠲᠥᠭᠡᠨ ᠪᠠᠶᠢᠭᠤᠯᠤᠯᠲᠠ ᠶᠢᠨ ᠰᠢᠰᠲ᠋ᠧᠮᠵᠢ ᠶᠢ ᠪᠡᠶᠡᠯᠡᠭᠦᠯᠵᠦ᠂ ᠰᠢᠯᠢ ᠶᠢᠨ ᠬᠤᠲᠠ ᠶᠢᠨ | ᠪᠠᠶᠢᠭᠤᠯᠤᠭᠰᠠᠨ ᠲᠣᠭᠤᠷᠢᠭ ᠤᠨ ᠪᠣᠬᠢᠷ ᠦᠨᠦᠷ ᠥᠬᠡᠶ ᠤᠰᠤᠨ ᠴᠣᠭᠴᠠ ᠶᠢ ᠪᠠᠲᠤᠯᠠᠨ᠎ᠠ᠃ 2025 ᠣᠨ | ᠪᠣᠯᠬᠤ ᠳᠤ᠂ ᠬᠤᠲᠠ ᠶᠢᠨ ᠪᠠᠶᠢᠭᠤᠯᠤᠭᠰᠠᠨ ᠲᠣᠭᠤᠷᠢᠭ ᠲᠤ ᠪᠣᠬᠢᠷ ᠤᠰᠤᠨ ᠤ ᠬᠤᠭᠤᠯᠠᠶ ᠶᠢᠨ ᠲᠣᠤᠷ ᠢ ᠪᠦᠬᠦᠨ ᠢ | ᠪᠦᠷᠬᠦᠭᠦᠯᠵᠦ᠂ ᠪᠣᠬᠢᠷ ᠤᠰᠤ ᠶᠢ ᠪᠦᠬᠦᠨ ᠢ ᠴᠤᠭᠯᠠᠭᠤᠯᠵᠤ᠂ ᠪᠦᠬᠦᠨ ᠢ ᠰᠢᠢᠳᠪᠦᠷᠢᠯᠡᠬᠦ ᠶᠢ ᠪᠡᠶᠡᠯᠡᠭᠦᠯᠦᠨ᠎ᠡ᠃ | ᠬᠤᠲᠠ ᠪᠠᠯᠭᠠᠰᠤᠨ ᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ | ᠂ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠤᠨ ᠬᠤᠷᠠᠭᠰᠠᠨ ᠢ ᠴᠡᠪᠡᠷᠯᠡᠬᠦ᠂ ᠯᠠᠶᠢᠳᠠᠬᠤ ᠠᠵᠢᠯ ᠢ ᠪᠡᠶᠡᠯᠡᠭᠦᠯᠵᠦ | ᠂ ᠪᠣᠷᠣᠭᠠᠨ ᠤ ᠤᠰᠤ ᠪᠣᠬᠢᠷᠲᠤᠯ ᠢ ᠰᠠᠯᠭᠠᠬᠤ ᠰᠢᠰᠲ᠋ᠧᠮ ᠢ ᠰᠠᠶᠢᠵᠢᠷᠠᠭᠤᠯᠬᠤ ᠠᠬᠢᠴᠠ ᠶᠢ ᠴᠢᠩᠭᠠᠷᠠᠭᠤᠯᠤᠨ᠎ᠠ︔ | ᠪᠣᠷᠣᠭᠠᠨ ᠤ ᠤᠰᠤᠨ ᠤ ᠰᠢᠰᠲ᠋ᠧᠮ ᠢ ᠰᠢᠨ᠎ᠡ ᠪᠠᠷ ᠪᠠᠶᠢᠭᠤᠯᠵᠤ᠂ ᠪᠣᠷᠣᠭᠠᠨ ᠤ ᠤᠰᠤ᠂ ᠪᠣᠬᠢᠷ ᠤᠰᠤ ᠶᠢ ᠰᠠᠯᠭᠠᠬᠤ | ᠲᠦᠷᠢᠮ ᠢ ᠪᠦᠬᠦᠨ ᠢ ᠬᠡᠷᠡᠭᠵᠢᠭᠦᠯᠵᠦ᠂ ᠰᠢᠯᠢ ᠶᠢᠨ ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠠᠵᠢᠯᠯᠠᠭᠠᠨ ᠤ ᠬᠠᠮᠢᠶᠠᠷᠤᠯᠲᠠ ᠪᠠ ᠪᠠᠷᠢᠮᠵᠢᠶ᠎ᠠ ᠳᠤ ᠬᠦᠷᠦᠭᠦᠯᠦᠨ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ | ᠮᠠᠯᠵᠢᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠶᠡᠬᠡᠪᠡᠷ ᠲᠦᠯᠬᠢᠨ ᠠᠬᠢᠭᠤᠯᠤᠨ᠎ᠠ᠃ ᠰᠤᠮᠤ | ᠰᠢᠶᠠᠩ ᠪᠠᠯᠭᠠᠰᠤ ᠪᠠᠷ ᠨᠢᠭᠡᠴᠢ ᠪᠣᠯᠭᠠᠨ᠂ ᠪᠥᠬᠦ ᠴᠠᠷᠠᠭᠠᠨ ᠤ ᠪᠣᠬᠢᠷ ᠤᠰᠤ ᠶᠢ ᠵᠠᠰᠠᠬᠤ ᠪᠡᠯᠡᠳᠬᠡᠮᠵᠢ ᠶᠢ ᠵᠦᠶ | ᠵᠣᠬᠢᠰᠲᠠᠶ ᠪᠠᠶᠢᠷᠢᠰᠢᠭᠤᠯᠵᠤ᠂ ᠬᠥᠮᠦᠨ ᠠᠮᠠ ᠨᠢᠭᠲᠠᠷᠠᠭᠰᠠᠨ ᠭᠠᠵᠠᠷ ᠣᠷᠣᠨ᠂ ᠣᠷᠴᠢᠨ ᠲᠣᠭᠤᠷᠢᠨ ᠳᠤ ᠰᠡᠷᠭᠡᠭ | ᠭᠠᠵᠠᠷ ᠣᠷᠣᠨ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠵᠡᠷᠭᠡ ᠮᠠᠯᠵᠢᠬᠤ ᠣᠷᠣᠨ ᠤ ᠪᠣᠬᠢᠷ | ᠤᠰᠤ ᠶᠢ ᠵᠠᠰᠠᠬᠤ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠨ᠎ᠡ᠃ ᠬᠤᠲᠠ ᠪᠠᠯᠭᠠᠰᠤ ᠶᠢᠨ ᠠᠮᠢᠳᠤᠷᠠᠯ ᠤᠨ | ᠪᠡᠯᠡᠳᠬᠡᠯ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠲᠣᠰᠬᠤᠨ ᠪᠠᠯᠭᠠᠰᠤ ᠵᠢᠴᠢ ᠰᠤᠮᠤ ᠰᠢᠶᠠᠩ ᠪᠠᠯᠭᠠᠰᠤ᠂ | ᠭᠠᠴᠠᠭ᠎ᠠ ᠲᠣᠰᠬᠤᠨ᠂ ᠲᠠᠷᠠᠬᠠᠶ ᠪᠤᠲᠠᠷᠬᠠᠶ ᠮᠠᠯᠵᠢᠬᠤ ᠡᠷᠦᠬᠡ ᠶᠢᠨ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ | ᠪᠦᠯᠦᠭ ᠤᠳᠠᠭ᠎ᠠ ᠬᠤᠪᠢᠶᠠᠨ ᠠᠬᠢᠭᠤᠯᠵᠤ᠂ ᠪᠣᠬᠢᠷ ᠤᠰᠤ ᠶᠢ ᠰᠢᠢᠳᠪᠦᠷᠢᠯᠡᠬᠦ ᠵᠠᠭᠪᠤᠷ ᠢ ᠰᠢᠨᠵᠢᠯᠡᠬᠦ ᠤᠬᠠᠭᠠᠨᠴᠢ ᠪᠠᠷ | ᠰᠣᠩᠭᠤᠬᠤ ᠬᠡᠷᠡᠭᠲᠡᠶ᠃ ᠬᠤᠲᠠ ᠪᠠᠯᠭᠠᠰᠤ ᠶᠢᠨ ᠪᠣᠬᠢᠷ ᠤᠰᠤᠨ ᠤ ᠬᠤᠭᠤᠯᠠᠶ ᠶᠢᠨ ᠲᠣᠤᠷ ᠢ ᠡᠷᠬᠢᠨ ᠲᠣᠭᠤᠷᠢᠨ | ᠳᠠᠰᠢ ᠤᠷᠲᠤᠳᠬᠠᠬᠤ ᠶᠢ ᠠᠬᠢᠭᠤᠯᠵᠤ᠂ ᠬᠤᠲᠠ᠂ ᠪᠠᠯᠭᠠᠰᠤ ᠶᠢᠨ ᠣᠶᠢᠷ᠎ᠠ ᠲᠡᠭᠦᠷᠭᠡ ᠶᠢᠨ ᠰᠤᠮᠤ ᠰᠢᠶᠠᠩ ᠪᠠᠯᠭᠠᠰᠤ | ᠂ ᠠᠮᠢᠳᠤᠷᠠᠯ ᠤᠨ ᠪᠣᠬᠢᠷ ᠤᠰᠤ ᠶᠢ ᠣᠶᠢᠷ᠎ᠠ ᠬᠠᠪᠢ ᠳᠤᠨᠢ ᠬᠤᠲᠠ ᠳᠤ ᠣᠷᠣᠭᠤᠯᠵᠤ᠂ ᠬᠤᠲᠠ ᠪᠠᠯᠭᠠᠰᠤ ᠶᠢᠨ ᠪᠣᠬᠢᠷ | ᠤᠰᠤ ᠶᠢ ᠬᠤᠷᠢᠶᠠᠨ ᠴᠤᠭᠯᠠᠭᠤᠯᠬᠤ ᠬᠤᠭᠤᠯᠠᠶ ᠶᠢᠨ ᠲᠣᠤᠷ ᠢ ᠲᠥᠪᠯᠡᠷᠡᠭᠦᠯᠦᠨ ᠨᠢᠭᠡᠳᠦᠯᠲᠡᠶ ᠰᠢᠢᠳᠪᠦᠷᠢᠯᠡᠨ᠎ᠡ︔ | ᠬᠥᠮᠦᠨ ᠠᠮᠠ ᠨᠢᠭᠲᠠᠷᠠᠭᠰᠠᠨ᠂ ᠪᠣᠬᠢᠷ ᠤᠰᠤᠨ ᠤ ᠭᠠᠳᠠᠭᠰᠢᠯᠠᠭᠤᠯᠤᠯᠲᠠ ᠬᠠᠷᠢᠴᠠᠩᠭᠤᠶ ᠪᠠᠷ ᠲᠥᠪᠯᠡᠷᠡᠭᠰᠡᠨ ᠰᠤᠮᠤ | ᠰᠢᠶᠠᠩ ᠪᠠᠯᠭᠠᠰᠤ ᠳᠤ ᠲᠥᠪᠯᠡᠷᠡᠭᠦᠯᠦᠨ ᠰᠢᠢᠳᠪᠦᠷᠢᠯᠡᠬᠦ ᠠᠷᠭ᠎ᠠ ᠮᠠᠶ᠋ᠢᠭ ᠢᠶᠠᠷ ᠰᠢᠢᠳᠪᠦᠷᠢᠯᠡᠬᠦ ᠶᠢ ᠵᠣᠷᠢᠭᠵᠢᠭᠤᠯᠤᠨ᠎ᠠ︔ | ᠪᠠᠶᠢᠷᠢᠰᠢᠭᠤᠯᠤᠯ ᠨᠢ ᠲᠠᠷᠠᠬᠠᠶ ᠪᠤᠲᠠᠷᠬᠠᠶ᠂ ᠬᠥᠮᠦᠨ ᠠᠮᠠ ᠶᠢᠨ ᠬᠡᠪᠴᠢᠶ᠎ᠡ ᠪᠠᠷ ᠨᠡᠯᠢᠶᠡᠳ ᠪᠠᠭ᠎ᠠ᠂ ᠪᠣᠬᠢᠷ ᠤᠰᠤ ᠶᠢ | ᠲᠥᠪᠯᠡᠷᠡᠭᠦᠯᠦᠨ ᠴᠤᠭᠯᠠᠭᠤᠯᠬᠤ ᠳᠤ ᠬᠢᠯᠪᠠᠷ ᠪᠤᠰᠤ᠂ ᠣᠷᠣᠰᠢᠵᠤ ᠪᠠᠶᠢᠭ᠎ᠠ ᠣᠷᠣᠨ ᠪᠠᠶᠢᠷᠢ ᠨᠢ ᠣᠷᠴᠢᠨ | ᠲᠣᠭᠤᠷᠢᠨ ᠳᠤ ᠰᠡᠷᠭᠡᠭ ᠪᠤᠰᠤ ᠭᠠᠴᠠᠭ᠎ᠠ ᠲᠣᠰᠬᠤᠨ᠂ ᠲᠠᠷᠠᠬᠠᠶ ᠪᠤᠲᠠᠷᠬᠠᠶ ᠮᠠᠯᠵᠢᠬᠤ ᠡᠷᠦᠬᠡ ᠳᠤ ᠴᠢᠭᠯᠡᠭᠦᠯᠦᠨ᠂ | ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠢᠨᠵᠧᠨᠧᠷᠢᠩ ᠲᠠᠢ ᠡᠩ ᠲᠡᠷᠢᠭᠦᠨ ᠳᠤ | ᠤᠶᠠᠯᠳᠤᠭᠤᠯᠵᠤ᠂ ᠡᠷᠦᠬᠡ ᠬᠤᠪᠢᠶᠠᠬᠤ ᠮᠠᠶ᠋ᠢᠭ᠂ ᠵᠠᠯᠭᠠᠭ᠎ᠠ ᠡᠷᠦᠬᠡ ᠶᠢᠨ ᠮᠠᠶ᠋ᠢᠭ ᠤᠨ ᠠᠷᠭ᠎ᠠ ᠪᠠᠷ ᠳᠠᠮᠵᠢᠭᠤᠯᠤᠨ᠂ | ᠤᠭᠰᠠᠷᠠᠮᠠᠯ ᠮᠠᠶ᠋ᠢᠭ ᠤᠨ ᠲᠥᠬᠦᠮ ᠰᠢᠢᠳᠪᠦᠷᠢᠯᠡᠬᠦ ᠮᠡᠷᠭᠡᠵᠢᠯ ᠢ ᠬᠡᠷᠡᠭᠯᠡᠨ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ | ᠬᠡᠷᠡᠭᠲᠡᠶ᠃ ᠥᠪᠡᠷ ᠤᠨ ᠦᠷᠳᠡᠭ ᠢᠶᠠᠷ ᠳᠣᠣᠷ᠎ᠠ᠂ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠬᠠᠮᠠᠭᠠᠯᠠᠬᠤ ᠳᠤ | ᠬᠢᠯᠪᠠᠷ᠂ ᠦᠷ᠎ᠡ ᠠᠰᠢᠭ ᠢᠶᠠᠷ ᠥᠨᠳᠥᠷ ᠪᠣᠬᠢᠷ ᠤᠰᠤ ᠶᠢ ᠰᠢᠢᠳᠪᠦᠷᠢᠯᠡᠬᠦ ᠮᠡᠷᠭᠡᠵᠢᠯ ᠢ ᠢᠳᠡᠪᠬᠢᠲᠡᠶ ᠪᠠᠷ | ᠳᠡᠯᠭᠡᠷᠡᠭᠦᠯᠦᠨ᠎ᠡ᠃ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ︽ᠵᠣᠷᠯᠣᠩ ᠤᠨ ᠬᠤᠪᠢᠰᠬᠠᠯ︾ ᠢ ᠬᠡᠷᠡᠭᠵᠢᠭᠦᠯᠦᠨ᠎ᠡ᠃ ᠮᠠᠯᠵᠢᠬᠤ | ᠲᠠᠷᠢᠶᠠᠯᠠᠬᠤ ᠣᠷᠣᠨ ᠤ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢ ᠬᠥᠲᠥᠯᠦᠨ ᠵᠢᠯᠣᠭᠤᠳᠴᠤ ᠪᠠᠶᠢᠭᠠᠳ | ᠬᠤᠤᠷ ᠥᠬᠡᠶ ᠠᠷᠢᠭᠤᠨ ᠴᠡᠪᠡᠷ ᠵᠣᠷᠯᠣᠩ ᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠣᠲᠣ ᠶᠢᠨ ᠪᠠᠶᠢᠭ᠎ᠠ ᠣᠷᠣᠨ ᠰᠠᠭᠤᠴᠠ ᠶᠢᠨ ᠡᠷᠦᠬᠡ ᠶᠢᠨ ᠵᠣᠷᠯᠣᠩ ᠤᠨ | ᠥᠭᠡᠷᠡᠴᠢᠯᠡᠯᠲᠡ ᠶᠢ ᠬᠥᠮᠦᠨ ᠠᠮᠠ ᠶᠢᠨ ᠬᠡᠪᠴᠢᠶ᠎ᠡ ᠪᠠᠷ ᠨᠡᠯᠢᠶᠡᠳ ᠶᠡᠭᠡ ᠮᠠᠯᠵᠢᠬᠤ ᠣᠷᠣᠨ ᠳᠤ ᠤᠯᠠᠨ ᠨᠡᠶᠢᠲᠡ ᠶᠢᠨ | ᠵᠣᠷᠯᠣᠩ ᠢ ᠢᠵᠢ ᠪᠦᠷᠢᠳᠦᠭᠦᠯᠦᠨ ᠪᠠᠶᠢᠭᠤᠯᠤᠨ᠎ᠠ᠃ ᠵᠣᠷᠯᠣᠩ ᠢ ᠥᠭᠡᠷᠡᠴᠢᠯᠡᠬᠦ ᠬᠢᠭᠡᠳ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠨ᠎ᠠ᠃ | ᠵᠢᠭᠤᠯᠴᠢᠯᠠᠯ ᠤᠨ ᠬᠥᠭᠵᠢᠯᠲᠡ ᠶᠢᠨ ᠨᠥᠬᠦᠴᠡᠯ ᠢ ᠪᠦᠷᠢᠳᠦᠭᠦᠯᠦᠭᠰᠡᠨ ᠮᠠᠯᠵᠢᠬᠤ ᠲᠠᠷᠢᠶᠠᠯᠠᠬᠤ ᠣᠷᠣᠨ ᠳᠤ | ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠪᠠᠯᠠ ᠮᠥᠩᠭᠦ ᠪᠠᠷ ᠨᠥᠬᠦᠪᠥᠷᠢᠯᠡᠬᠦ᠂ ᠪᠠᠷᠢᠮᠵᠢᠶ᠎ᠠ ᠪᠠᠷ | ᠵᠢᠷᠤᠮᠵᠢᠭᠤᠯᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ︽ᠵᠢᠭᠤᠯᠴᠢᠯᠠᠯ ᠤᠨ ᠵᠣᠷᠯᠣᠩ ᠤᠨ ᠬᠤᠪᠢᠰᠬᠠᠯ︾ ᠢ | ᠠᠬᠢᠭᠤᠯᠵᠤ᠂ ᠳᠡᠭᠡᠳᠦ ᠱᠠᠲᠤᠨ ᠤ ᠲᠣᠭᠲᠠᠭᠠᠭᠰᠠᠨ ᠬᠠᠷᠠᠯᠲᠠᠲᠤ ᠡᠭᠦᠷᠭᠡ ᠶᠢ ᠦᠷᠭᠦᠯᠵᠢᠯᠡᠨ ᠪᠡᠶᠡᠯᠡᠭᠦᠯᠦᠨ᠎ᠡ᠃ | ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ | ᠨᠡᠶᠢᠲᠡ ᠶᠢᠨ ᠵᠣᠷᠯᠣᠩ ᠤᠨ ᠪᠡᠯᠡᠳᠬᠡᠮᠵᠢ᠂ ᠢᠯᠭᠠᠬᠤ ᠲᠡᠮᠳᠡᠭ ᠤᠨ ᠵᠢᠯᠣᠭᠤᠳᠤᠮᠵᠢ ᠵᠡᠷᠭᠡ ᠶᠢ ᠨᠢᠭᠡ ᠨᠢᠭᠡ ᠪᠠᠷ | ᠵᠢᠭᠰᠠᠭᠠᠨ ᠪᠠᠶᠢᠴᠠᠭᠠᠵᠤ᠂ ᠰᠡᠯᠪᠢᠨ ᠵᠠᠰᠠᠵᠤ ᠥᠭᠡᠷᠡᠴᠢᠯᠡᠨ᠎ᠡ᠃ | 3. ᠪᠣᠬᠢᠷᠲᠤᠯ ᠥᠬᠡᠶ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠎ᠠ | ᠪᠣᠬᠢᠷᠲᠤᠯ ᠥᠬᠡᠶ ᠪᠠᠷᠢᠯᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠵᠠᠰᠠᠭ ᠤᠨ ᠣᠷᠳᠣᠨ ᠠᠴᠠ | ᠪᠠᠯᠠ ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠪᠠᠷᠢᠯᠭ᠎ᠠ᠂ ᠮᠠᠯᠵᠢᠬᠤ ᠲᠠᠷᠢᠶᠠᠯᠠᠬᠤ | ᠣᠷᠣᠨ ᠤ ᠡᠯ᠎ᠡ ᠲᠥᠷᠥᠯ ᠤᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ | ᠵᠦᠢᠯ ᠳᠤ ᠪᠣᠬᠢᠷᠲᠤᠯ ᠥᠬᠡᠶ ᠡᠨᠧᠷᠭᠢ ᠠᠷᠪᠢᠯᠠᠬᠤ ᠮᠡᠷᠭᠡᠵᠢᠯ ᠢ ᠰᠣᠩᠭᠤᠨ ᠬᠡᠷᠡᠭᠯᠡᠬᠦ ᠶᠢ ᠵᠣᠷᠢᠭᠵᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠠᠷᠢᠯᠭ᠎ᠠ ᠶᠢ ︽ᠮᠠᠯᠵᠢᠬᠤ ᠲᠠᠷᠢᠶᠠᠯᠠᠬᠤ ᠣᠷᠣᠨ ᠤ | ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ᠶᠣᠰᠣᠭᠠᠷ | ᠵᠢᠷᠤᠵᠤ ᠲᠥᠯᠥᠪᠯᠡᠬᠦ ᠪᠠ ᠪᠠᠶᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠪᠠᠷᠢᠯᠭ᠎ᠠ ᠶᠢᠨ ᠡᠨᠧᠷᠭᠢ ᠶᠢᠨ | ᠬᠡᠷᠡᠭᠴᠡᠭᠡ ᠱᠠᠭᠠᠷᠳᠠᠯᠭ᠎ᠠ ᠶᠢ ᠪᠠᠭᠤᠷᠠᠭᠤᠯᠤᠨ᠂ ᠬᠡᠷ ᠳᠣᠲᠣᠷᠠᠬᠢ ᠬᠠᠯᠠᠭᠤᠨ ᠲᠠᠭᠠᠯᠠᠮᠵᠢᠲᠠᠶ ᠣᠷᠴᠢᠨ ᠲᠣᠭᠤᠷᠢᠨ ᠢ | ᠳᠡᠭᠡᠭᠰᠢᠯᠡᠭᠦᠯᠦᠨ᠎ᠡ᠃ ᠪᠣᠬᠢᠷᠲᠤᠯ ᠥᠬᠡᠶ ᠪᠠᠷᠢᠯᠭ᠎ᠠ ᠶᠢᠨ ᠦᠨᠡᠯᠡᠵᠦ ᠢᠯᠭᠠᠬᠤ ᠲᠡᠮᠳᠡᠭ ᠤᠨ ᠲᠦᠷᠢᠮ ᠢ ᠤᠯᠠᠮ ᠨᠢᠭᠡ | ᠠᠯᠬᠤᠮ ᠳᠣᠭᠢᠷᠠᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠭᠤᠤᠯᠯᠠᠬᠤ ᠦᠢᠯᠡᠳᠦᠯ ᠢ ᠨᠠᠩ ᠰᠠᠶᠢᠲᠤᠷ | ᠪᠠᠳᠠᠷᠠᠭᠤᠯᠤᠨ᠂ ᠪᠣᠬᠢᠷᠲᠤᠯ ᠥᠬᠡᠶ ᠪᠠᠷᠢᠯᠭ᠎ᠠ ᠶᠢᠨ ᠢᠯᠭᠠᠬᠤ ᠲᠡᠮᠳᠡᠭ ᠵᠢᠴᠢ ᠬᠠᠮᠢᠶ᠎ᠠ ᠪᠥᠬᠦᠶ ᠮᠡᠳᠡᠭᠡ ᠵᠠᠩᠭᠢ ᠶᠢ | ᠬᠠᠤᠯᠢ ᠶᠣᠰᠣᠭᠠᠷ ᠢᠯᠡ ᠪᠣᠯᠭᠠᠵᠤ᠂ ᠪᠣᠬᠢᠷᠲᠤᠯ ᠥᠬᠡᠶ ᠪᠠᠷᠢᠯᠭ᠎ᠠ ᠶᠢᠨ ᠦᠨᠡᠯᠡᠵᠦ ᠢᠯᠭᠠᠬᠤ ᠲᠡᠮᠳᠡᠭ ᠤᠨ ᠲᠥᠷᠥᠯ | ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠢᠲᠡᠭᠡᠮᠵᠢ ᠶᠢᠨ ᠮᠡᠳᠡᠭᠡ ᠵᠠᠩᠭᠢ ᠳᠤ ᠰᠠᠭᠤᠷᠢᠯᠠᠭᠰᠠᠨ ᠭᠤᠷᠪᠠᠳᠠᠬᠢ | ᠡᠲᠡᠭᠡᠳ ᠤᠨ ᠦᠨᠡᠯᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠬᠡᠷᠡᠭᠲᠡᠶ᠃ ᠪᠣᠬᠢᠷᠲᠤᠯ | ᠥᠬᠡᠶ ᠪᠠᠷᠢᠯᠭ᠎ᠠ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠵᠠᠰᠠᠭ ᠤᠨ ᠣᠷᠳᠣᠨ ᠠᠴᠠ ᠪᠠᠯᠠ | ᠣᠷᠣᠭᠤᠯᠤᠭᠰᠠᠨ ᠪᠤᠶᠤ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠭᠰᠡᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠵᠢᠴᠢ ᠪᠠᠷᠢᠯᠭ᠎ᠠ ᠶᠢᠨ ᠲᠠᠯᠠᠪᠠᠶ ᠨᠢ 2 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ | ᠣᠯᠠᠨ ᠨᠡᠶᠢᠲᠡ ᠶᠢᠨ ᠪᠠᠷᠢᠯᠭ᠎ᠠ᠂ 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠷᠣᠨ ᠰᠠᠭᠤᠴᠠ ᠶᠢᠨ | ᠵᠢᠵᠢᠭ ᠲᠣᠭᠤᠷᠢᠭ ᠲᠤ ᠭᠡᠷᠡᠴᠢᠯᠡᠯ ᠣᠯᠤᠭᠰᠠᠨ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠢ | ᠤᠷᠢᠳᠠᠪᠠᠷ ᠬᠡᠷᠡᠭᠯᠡᠬᠦ ᠶᠢ ᠠᠬᠢᠭᠤᠯᠵᠤ᠂ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠪᠣᠬᠢᠷᠲᠤᠯ ᠥᠬᠡᠶ | ᠪᠠᠷᠢᠯᠭ᠎ᠠ ᠶᠢᠨ ᠬᠠᠷᠢᠴᠠᠯ ᠢ ᠳᠡᠭᠡᠭᠰᠢᠯᠡᠭᠦᠯᠦᠨ᠎ᠡ᠃ ᠪᠣᠬᠢᠷᠲᠤᠯ ᠥᠬᠡᠶ ᠠᠮᠢ ᠠᠬᠤᠶ ᠶᠢᠨ ᠵᠢᠵᠢᠭ ᠲᠣᠭᠤᠷᠢᠭ ᠢ | ᠪᠥᠲᠥᠭᠡᠨ ᠪᠠᠶᠢᠭᠤᠯᠬᠤ ᠲᠤᠷᠰᠢᠯᠲᠠ ᠶᠢ ᠢᠳᠡᠪᠬᠢᠲᠡᠶ ᠥᠷᠨᠢᠭᠦᠯᠦᠨ᠎ᠡ᠃ 2025 ᠣᠨ ᠪᠣᠯᠬᠤ ᠳᠤ᠂ ᠬᠤᠲᠠ | ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠪᠣᠬᠢᠷᠲᠤᠯ ᠥᠬᠡᠶ ᠪᠠᠷᠢᠯᠭ᠎ᠠ ᠶᠢᠨ ᠬᠠᠷᠢᠴᠠᠯ ᠢ 50% ᠳᠤ | ᠬᠦᠷᠦᠭᠦᠯᠦᠨ᠎ᠡ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ | ᠳᠡᠯᠭᠡᠷᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢᠨ ᠠᠩᠭᠢᠯᠠᠯ ᠢ ᠬᠤᠭ ᠨᠣᠪᠰᠢ ᠶᠢ ᠲᠥᠷᠥᠯ ᠬᠤᠪᠢᠶᠠᠨ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠵᠦᠭᠯᠡᠭᠦᠷ ᠢ ᠲᠣᠭᠲᠠᠭᠠᠨ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠵᠢᠱᠢᠶ᠎ᠡ ᠦᠵᠡᠭᠦᠯᠵᠦ | ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠨ ᠬᠤᠪᠢ | ᠲᠣᠭᠲᠠᠭᠠᠬᠤ ᠴᠢᠩᠭ᠎ᠠ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠶ᠃ ᠰᠤᠷᠭᠠᠭᠤᠯᠢ᠂ ᠬᠡᠷ ᠪᠦᠯᠢ᠂ ᠨᠡᠶᠢᠭᠡᠮ | ᠲᠣᠭᠤᠷᠢᠭ ᠤᠨ ᠬᠠᠷᠢᠯᠴᠠᠨ ᠦᠢᠯᠡᠳᠦᠯᠴᠡᠵᠦ ᠦᠢᠯᠡᠳᠦᠯᠭᠡᠵᠢᠭᠦᠯᠬᠦ ᠠᠵᠢᠯᠯᠠᠭ᠎ᠠ ᠶᠢ ᠠᠬᠢᠭᠤᠯᠵᠤ᠂ ᠰᠠᠭᠤᠭᠠᠯᠢ | ᠠᠷᠠᠳ ᠤᠨ ᠲᠣᠭᠤᠷᠢᠭ ᠤᠨ ︽ᠣᠷᠣᠨ ᠲᠣᠭᠤᠷᠢᠭ ᠤᠨ ᠬᠡᠯᠬᠢᠶᠡᠰᠦ + ᠬᠤᠭ ᠨᠣᠪᠰᠢ ᠶᠢ ᠲᠥᠷᠥᠯ ᠬᠤᠪᠢᠶᠠᠨ | ᠣᠯᠠᠨ ᠲᠠᠯ᠎ᠠ ᠪᠠᠷ ᠬᠠᠮᠲᠤᠷᠠᠨ ᠬᠥᠳᠡᠯᠦᠯᠴᠡᠬᠦ︾ ᠵᠠᠭᠪᠤᠷ ᠤᠨ ᠲᠤᠷᠰᠢᠯᠲᠠ ᠶᠢ ᠥᠷᠨᠢᠭᠦᠯᠵᠦ᠂ ᠪᠣᠬᠢᠷᠲᠤᠯ ᠥᠬᠡᠶ | ᠥᠮᠴᠢᠲᠡᠨ ᠤ ᠰᠢᠰᠲ᠋ᠧᠮᠵᠢ ᠶᠢ ᠪᠣᠶ ᠪᠣᠯᠭᠠᠵᠤ᠂ ᠰᠢᠯᠢ ᠶᠢᠨ ᠬᠤᠲᠠ ᠶᠢᠨ ᠤᠨᠴᠠᠯᠢᠬᠳᠤ ᠬᠤᠭ ᠨᠣᠪᠰᠢ ᠶᠢ ᠲᠥᠷᠥᠯ | ᠬᠤᠪᠢᠶᠠᠬᠤ ᠰᠢᠰᠲ᠋ᠧᠮᠵᠢ ᠶᠢ ᠪᠣᠶ ᠪᠣᠯᠭᠠᠨ᠎ᠠ᠃ ᠰᠠᠭᠤᠭᠠᠯᠢ ᠠᠷᠠᠳ ᠤᠨ ᠪᠣᠬᠢᠷᠲᠤᠯ ᠦᠭᠡᠢ ᠶᠠᠪᠤᠵᠤ ᠰᠠᠭᠤᠬᠤ ᠶᠢ | ᠵᠣᠷᠢᠭᠵᠢᠭᠤᠯᠤᠨ᠎ᠠ᠃ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠥᠭᠵᠢᠭᠦᠯᠵᠦ᠂ ᠤᠯᠠᠨ ᠨᠡᠶᠢᠲᠡ ᠶᠢᠨ | ᠵᠠᠮ ᠬᠠᠷᠢᠯᠴᠠᠭᠠᠨ ᠤ ᠤᠷᠢᠳᠠᠪᠠᠷ ᠶᠠᠪᠤᠭᠤᠯᠬᠤ ᠲᠡᠷᠭᠡᠨ ᠵᠠᠮ ᠢ ᠨᠡᠮᠡᠭᠳᠡᠭᠦᠯᠵᠦ᠂ 2025 ᠣᠨ ᠪᠣᠯᠬᠤ ᠳᠤ᠂ ᠤᠯᠠᠨ | ᠨᠡᠶᠢᠲᠡ ᠶᠢᠨ ᠵᠠᠮ ᠬᠠᠷᠢᠯᠴᠠᠭᠠᠨ ᠤ ᠭᠠᠳᠠᠭᠰᠢ ᠭᠠᠷᠬᠤ ᠶᠢ ᠬᠤᠪᠢᠶᠠᠨ ᠡᠭᠦᠷᠭᠡᠯᠡᠬᠦ ᠨᠤᠷᠮ᠎ᠠ ᠶᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠶᠠᠪᠤᠵᠤ ᠰᠠᠭᠤᠬᠤ ᠳᠤ ᠣᠯᠠᠨ ᠨᠡᠶᠢᠲᠡ ᠶᠢᠨ ᠵᠠᠮ ᠬᠠᠷᠢᠯᠴᠠᠭ᠎ᠠ᠂ | ᠶᠠᠪᠠᠭᠠᠨ ᠶᠠᠪᠤᠬᠤ ᠪᠠ ᠳᠤᠭᠤᠶ ᠲᠡᠷᠭᠡ ᠵᠡᠷᠭᠡ ᠪᠣᠬᠢᠷᠲᠤᠯ ᠥᠬᠡᠶ ᠶᠠᠪᠤᠵᠤ ᠰᠠᠭᠤᠬᠤ ᠠᠷᠭ᠎ᠠ ᠮᠠᠶ᠋ᠢᠭ ᠢ ᠤᠷᠢᠳᠠᠪᠠᠷ | ᠰᠣᠩᠭᠤᠬᠤ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ᠶᠠᠪᠠᠭᠠᠨ ᠶᠠᠪᠤᠬᠤ ᠪᠠ ᠳᠤᠭᠤᠶ ᠲᠡᠷᠭᠡ ᠵᠡᠷᠭᠡ | ᠤᠳᠠᠭᠠᠨ ᠶᠠᠪᠤᠬᠤ ᠵᠠᠮ ᠬᠠᠷᠢᠯᠴᠠᠭᠠᠨ ᠤ ᠰᠢᠰᠲ᠋ᠧᠮ᠂ ᠰᠠᠭᠠᠳ ᠥᠬᠡᠶ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠰᠦᠯᠵᠢᠶ᠎ᠡ ᠵᠡᠷᠭᠡ ᠣᠯᠠᠨ ᠨᠡᠶᠢᠲᠡ ᠶᠢᠨ ᠵᠠᠭᠤᠴᠢᠯᠠᠭᠤᠷ ᠢᠶᠠᠷ | ᠳᠠᠮᠵᠢᠭᠤᠯᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠷᠡᠭᠯᠡᠭᠡᠨ ᠤ ᠤᠬᠠᠭᠤᠯᠭ᠎ᠠ ᠶᠢ | ᠥᠷᠨᠢᠭᠦᠯᠵᠦ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠷᠡᠭᠯᠡᠭᠡᠨ ᠤ ᠮᠡᠳᠡᠯᠭᠡ ᠶᠢ | ᠲᠦᠭᠡᠮᠡᠯᠵᠢᠭᠦᠯᠦᠨ᠂ ᠦᠯᠡᠭᠦᠳᠡᠯ ᠬᠡᠷᠡᠭᠯᠡᠭᠡ ᠪᠠ ᠠᠲᠠᠭᠠᠷᠬᠠᠨ ᠠᠳᠠᠯᠢᠳᠬᠠᠬᠤ ᠬᠡᠷᠡᠭᠯᠡᠭᠡ ᠶᠢ ᠡᠷᠡᠰ ᠡᠰᠡᠷᠭᠦᠴᠡᠵᠦ᠂ | ᠣᠯᠠᠨ ᠨᠡᠶᠢᠲᠡ ᠶᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠷᠡᠭᠯᠡᠭᠡ ᠬᠢᠬᠦ ᠶᠢ | ᠰᠢᠨᠵᠢᠯᠡᠬᠦ ᠤᠬᠠᠭᠠᠨᠴᠢ ᠪᠠᠷ ᠵᠢᠯᠣᠭᠤᠳᠤᠨ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠡᠷᠡᠭᠯᠡᠭᠡᠨ ᠤ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠡᠷᠡᠭᠯᠡᠭᠡ ᠶᠢ ᠬᠡᠷᠡᠭᠯᠡᠭᠴᠢ ᠨᠢᠭᠡᠪᠦᠷᠢ ᠶᠢᠨ ᠤᠬᠠᠮᠰᠠᠷᠲᠤ ᠠᠵᠢᠯᠯᠠᠭ᠎ᠠ ᠪᠣᠯᠭᠠᠨ᠎ᠠ᠃ | ᠵᠠᠰᠠᠭ ᠤᠨ ᠣᠷᠳᠣᠨ ᠤ ᠪᠣᠬᠢᠷᠲᠤᠯ ᠥᠬᠡᠶ ᠬᠤᠳᠠᠯᠳᠤᠨ ᠠᠪᠬᠤ ᠬᠠᠷᠢᠴᠠᠯ ᠲᠣᠭᠲᠠᠭᠤᠨ ᠢᠶᠠᠷ ᠳᠡᠭᠡᠭᠰᠢᠯᠡᠪᠡ᠃ | ᠣᠷᠴᠢᠨ ᠲᠣᠭᠤᠷᠢᠨ ᠤ ᠲᠡᠮᠳᠡᠭ ᠲᠠᠢ ᠪᠦᠲᠦᠭᠡᠭᠳᠡᠬᠦᠨ᠂ ᠪᠣᠬᠢᠷᠲᠤᠯ ᠥᠬᠡᠶ ᠪᠦᠲᠦᠭᠡᠭᠳᠡᠬᠦᠨ ᠤ ᠭᠡᠷᠡᠴᠢᠯᠡᠯ ᠤᠨ | ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠣᠬᠢᠷᠲᠤᠯ ᠥᠬᠡᠶ ᠬᠡᠷᠡᠭᠯᠡᠭᠡᠨ ᠤ ᠵᠠᠬ᠎ᠠ ᠳᠡᠯᠭᠡᠭᠦᠷ ᠢ ᠥᠷᠭᠡᠳᠬᠡᠨ᠎ᠡ᠃ | ᠪᠣᠬᠢᠷᠲᠤᠯ ᠥᠬᠡᠶ ᠪᠦᠲᠦᠭᠡᠭᠳᠡᠬᠦᠨ ᠤ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠲᠦᠷᠢᠮ ᠢ ᠢᠳᠡᠪᠬᠢᠲᠡᠶ | ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠳᠤᠮᠳᠠᠬᠢ ᠡᠷᠭᠢᠯᠳᠦᠭᠦᠯᠦᠨ ᠬᠡᠷᠡᠭᠯᠡᠵᠦ ᠪᠣᠯᠬᠤ | ᠪᠦᠲᠦᠭᠡᠭᠳᠡᠬᠦᠨ᠂ ᠳᠠᠬᠢᠯᠲᠠ ᠪᠦᠲᠦᠭᠡᠭᠳᠡᠬᠦᠨ ᠵᠢᠴᠢ ᠡᠨᠧᠷᠭᠢ ᠠᠷᠪᠢᠯᠠᠬᠤ᠂ ᠤᠰᠤ ᠠᠷᠪᠢᠯᠠᠬᠤ᠂ ᠪᠣᠬᠢᠷᠲᠤᠯ ᠥᠬᠡᠶ | ᠪᠦᠲᠦᠭᠡᠭᠳᠡᠬᠦᠨ ᠤ ᠬᠠᠷᠢᠴᠠᠯ ᠢ ᠳᠡᠭᠡᠭᠰᠢᠯᠡᠭᠦᠯᠵᠦ᠂ 2025 ᠣᠨ ᠪᠣᠯᠬᠤ ᠳᠤ᠂ ᠵᠠᠰᠠᠭ ᠤᠨ ᠣᠷᠳᠣᠨ ᠤ ᠪᠣᠬᠢᠷᠲᠤᠯ | ᠥᠬᠡᠶ ᠬᠤᠳᠠᠯᠳᠤᠨ ᠠᠪᠠᠨ᠋ᠥ ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | ᠵᠢᠷᠭᠤᠳᠤᠭᠠᠷ ᠬᠡᠰᠡᠭ ᠪᠦᠬᠦ ᠠᠷᠠᠳ ᠢᠶᠠᠷ ᠢᠶᠠᠨ ᠣᠷᠣᠯᠴᠠᠵᠤ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ | ᠨᠤᠲᠤᠭ ᠪᠡᠯᠴᠢᠭᠡᠷ ᠤᠨ ᠤᠨᠴᠠᠯᠢᠭᠳᠤ ᠰᠣᠶᠣᠯ ᠢ ᠪᠤᠶᠢᠵᠢᠭᠤᠯᠤᠨ᠎ᠠ | 1. ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠬᠤ ᠬᠡᠷᠡᠭᠲᠡᠶ | ᠤᠯᠠᠮᠵᠢᠯᠠᠯᠲᠤ ᠠᠮᠢ ᠠᠬᠤᠶ ᠶᠢᠨ ᠰᠣᠶᠣᠯ ᠤᠨ ᠨᠠᠷᠠᠲᠤ ᠲᠡᠮᠳᠡᠭ ᠢ ᠪᠣᠶ ᠪᠣᠯᠭᠠᠨ᠎ᠠ᠃ ᠰᠢᠯᠢ ᠶᠢᠨ ᠬᠤᠲᠠ ᠶᠢᠨ | ᠰᠢᠯᠢᠳᠡᠭ ᠦᠨᠳᠦᠰᠦᠲᠡᠨ ᠤ ᠲᠡᠦᠬᠡ ᠰᠣᠶᠣᠯ ᠤᠨ ᠰᠠᠭᠤᠷᠢ ᠶᠢ ᠠᠰᠢᠭᠯᠠᠵᠤ᠂ ᠮᠥᠰᠥ ᠴᠠᠰᠤᠨ ᠤ ᠰᠣᠶᠣᠯ ᠤᠨ | ᠭᠤᠤᠯ ᠰᠡᠳᠦᠪᠲᠦ ᠠᠵᠢᠯᠯᠠᠭ᠎ᠠ᠂ ᠵᠤᠨ ᠤ ᠤᠯᠠᠷᠢᠯ ᠤᠨ ᠰᠣᠶᠣᠯ ᠤᠨ ᠭᠤᠤᠯ ᠰᠡᠳᠦᠪᠲᠦ ᠠᠵᠢᠯᠯᠠᠭ᠎ᠠ᠂ ᠮᠣᠷᠢᠨ | ᠮᠡᠷᠭᠡᠵᠢᠯ ᠤᠨ ᠰᠣᠶᠣᠯ ᠤᠨ ᠭᠤᠤᠯ ᠰᠡᠳᠦᠪᠲᠦ ᠠᠵᠢᠯᠯᠠᠭ᠎ᠠ᠂ ᠵᠢᠭᠤᠯᠴᠢᠯᠠᠯ ᠤᠨ ᠰᠣᠶᠣᠯ ᠤᠨ ᠭᠤᠤᠯ ᠰᠡᠳᠦᠪᠲᠦ | ᠠᠵᠢᠯᠯᠠᠭ᠎ᠠ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠭᠤᠤᠯ ᠰᠡᠳᠦᠪᠲᠦ ᠠᠵᠢᠯᠯᠠᠭ᠎ᠠ ᠶᠢ ᠭᠦᠨᠵᠡᠭᠡᠶ ᠪᠣᠶ | ᠪᠣᠯᠭᠠᠵᠤ᠂ ᠵᠢᠭᠤᠯᠴᠢᠯᠠᠯ ᠤᠨ ᠬᠥᠭᠵᠢᠯᠲᠡᠶ ᠤᠯᠠᠷᠢᠯ ᠳᠤ ︽ᠰᠠᠷ᠎ᠠ ᠪᠦᠷᠢ ᠭᠤᠤᠯ ᠰᠡᠳᠦᠪ ᠲᠠᠢ᠂ ᠭᠠᠷᠠᠭ ᠪᠦᠷᠢ | ᠠᠵᠢᠯᠯᠠᠭ᠎ᠠ ᠲᠠᠢ᠂ ᠡᠳᠦᠷ ᠪᠦᠷᠢ ᠲᠣᠭᠯᠠᠯᠲᠠ ᠲᠠᠢ︾ ᠪᠠᠶᠢᠬᠤ ᠶᠢ ᠪᠡᠶᠡᠯᠡᠭᠦᠯᠵᠦ᠂ ᠣᠯᠠᠨ ᠲᠦᠮᠡᠨ ᠤ ᠣᠶᠤᠨ ᠤ | ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠵᠢᠭᠤᠯᠴᠢᠯᠠᠯ ᠤᠨ ᠬᠥᠮᠦᠰ ᠤᠨ ᠬᠦᠷᠢᠶᠡᠯᠡᠯ ᠢ | ᠲᠥᠪᠯᠡᠷᠡᠭᠦᠯᠵᠦ᠂ ᠭᠠᠳᠠᠭᠠᠳᠤ ᠤᠬᠠᠭᠤᠯᠭ᠎ᠠ ᠶᠢ ᠥᠷᠭᠡᠳᠬᠡᠨ᠎ᠡ᠃ | ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ ᠤ ᠳᠤᠮᠳᠠ ᠣᠴᠢᠨ᠎ᠠ︾ ᠭᠡᠬᠦ ᠭᠤᠤᠯ | ᠰᠡᠳᠦᠪᠲᠦ ᠠᠷᠠᠳ ᠲᠤ ᠠᠰᠢᠭ ᠬᠦᠷᠲᠡᠭᠡᠬᠦ ᠵᠠᠭᠤᠨ ᠲᠠᠯᠠᠪᠤᠷ ᠲᠣᠭᠯᠠᠯᠲᠠ ᠶᠢ ᠭᠦᠨᠵᠡᠭᠡᠶ ᠥᠷᠨᠢᠭᠦᠯᠵᠦ᠂ | ᠤᠯᠠᠭᠠᠨᠮᠥ᠋ᠴᠢᠷ ᠤᠨ ᠭᠡᠰᠢᠭᠦᠳ ᠦᠨᠳᠦᠰᠦᠨ ᠱᠠᠲᠤᠨ ᠳᠤ ᠭᠦᠨᠵᠡᠭᠡᠶᠢᠷᠡᠨ ᠰᠤᠷᠲᠠᠯ ᠴᠤᠭᠯᠠᠭᠤᠯᠤᠨ ᠵᠣᠬᠢᠶᠠᠨ | ᠪᠦᠲᠦᠭᠡᠬᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠲᠣᠬᠤᠨᠢᠭᠤᠯᠬᠤ ᠲᠣᠭᠯᠠᠯᠲᠠ ᠥᠷᠨᠢᠭᠦᠯᠵᠦ᠂ | ᠰᠣᠶᠣᠯ ᠢ ᠦᠨᠳᠦᠰᠦᠨ ᠱᠠᠲᠤᠨ ᠳᠤ ᠪᠠᠭᠤᠯᠭᠠᠬᠤ ᠶᠢ ᠪᠠᠶᠢᠩᠭᠤᠵᠢᠭᠤᠯᠬᠤ ᠶᠢ ᠪᠡᠶᠡᠯᠡᠭᠦᠯᠪᠡ᠃ ᠤᠯᠠᠭᠠᠨᠮᠥ᠋ᠴᠢᠷ ᠤᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ︽ᠭᠤᠷᠪᠠᠨ ᠵᠦᠢᠯ ᠤᠨ ᠲᠦᠷᠢᠮ︾ ᠤᠨ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠰᠢᠯᠢᠳᠡᠭ | ᠤᠯᠠᠭᠠᠨᠮᠥ᠋ᠴᠢᠷ︾ ᠢ ᠴᠢᠷᠮᠠᠶᠢᠨ ᠡᠭᠦᠳᠬᠦ ᠬᠡᠷᠡᠭᠲᠡᠶ᠃ ᠵᠠᠭᠤᠨ ᠭᠠᠵᠠᠷ ᠤᠨ ᠮᠣᠷᠢᠨ ᠵᠠᠮ᠂ ᠪᠠᠶ᠋ᠨᠬᠦ᠋ᠷᠢᠶᠡ ᠤ ᠲᠠᠯ᠎ᠠ | ᠨᠤᠲᠤᠭ ᠤᠨ ᠭᠠᠯᠲᠤ ᠠᠭᠤᠯᠠ ᠶᠢᠨ ᠵᠢᠭᠤᠯᠴᠢᠯᠠᠯ ᠤᠨ ᠲᠥᠷᠥᠯ ᠵᠦᠢᠯ ᠵᠡᠷᠭᠡ ᠭᠤᠤᠯᠳᠠᠯᠭ᠎ᠠ ᠲᠠᠢ ᠵᠢᠭᠤᠯᠴᠢᠯᠠᠯ ᠤᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠠᠰ ᠪᠠ ᠬᠢᠷᠢ ᠬᠡᠮᠵᠢᠶ᠎ᠡ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠰᠣᠶᠣᠯ ᠢ ᠤᠯᠠᠮᠵᠢᠯᠠᠨ ᠬᠥᠭᠵᠢᠭᠦᠯᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠰᠢᠯᠢ ᠶᠢᠨ ᠬᠤᠲᠠ ᠰᠢᠯᠢᠳᠡᠭ | ᠤᠯᠠᠮᠵᠢᠯᠠᠯᠲᠤ ᠰᠣᠶᠣᠯ᠂ ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠪᠠᠳᠠᠷᠠᠭᠤᠯᠵᠤ᠂ ᠰᠣᠶᠣᠯ ᠢᠶᠠᠷ | ᠬᠥᠮᠦᠨ ᠢ ᠭᠡᠶᠢᠭᠦᠯᠵᠦ᠂ ᠰᠣᠶᠣᠯ ᠢᠶᠠᠷ ᠬᠥᠮᠦᠨ ᠢ ᠬᠥᠮᠦᠵᠢᠭᠦᠯᠵᠦ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ | ᠠᠬᠢᠭᠤᠯᠵᠤ᠂ ᠢᠷᠡᠭᠡᠳᠦᠶ ᠳᠤ ᠬᠠᠨᠳᠤᠭᠤᠯᠤᠭᠰᠠᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ᠃ ᠫᠦᠳᠦ᠋ᠩ · | ᠰᠢᠯᠢ ᠶᠢᠨ ᠭᠤᠣᠯ ᠠᠶᠢᠮᠠᠭ ᠤᠨ ᠰᠣᠶᠣᠯ ᠤᠨ ᠬᠠᠤᠯᠢ ᠬᠡᠷᠡᠭᠵᠢᠭᠦᠯᠦᠯᠲᠡ ᠶᠢᠨ ᠠᠯᠤᠰ ᠠᠴᠠ ᠵᠢᠭᠠᠬᠤ ᠰᠤᠷᠭᠠᠨ | ᠬᠥᠮᠦᠵᠢᠯ ᠤᠨ ᠯᠠᠪᠯᠠᠯᠭ᠎ᠠ ᠰᠣᠯᠢᠯᠴᠠᠭᠠᠨ ᠤ ᠲᠠᠪᠴᠠᠩ ᠢᠶᠠᠷ ᠲᠤᠷᠰᠢᠯᠲᠠ ᠶᠢᠨ ᠴᠡᠭ ᠪᠣᠯᠭᠠᠵᠤ᠂ ︽ᠨᠢᠭᠡ ᠪᠦᠰᠡ | ᠨᠢᠭᠡ ᠵᠠᠮ︾ ᠤᠨ ᠪᠠᠶᠢᠯᠳᠤᠬᠤ ᠪᠣᠳᠣᠯᠭ᠎ᠠ ᠳᠤ ᠲᠦᠰᠢᠭᠯᠡᠨ᠂ ᠦᠨᠳᠦᠰᠦᠲᠡᠨ ᠤ ᠳᠠᠪᠠᠭᠤᠯᠢᠭ ᠢ ᠪᠠᠳᠠᠷᠠᠭᠤᠯᠵᠤ᠂ | ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ | ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠂ ᠴᠤᠤᠳᠤᠤ᠂ ᠬᠦᠮᠡᠶ᠂ ᠣᠷᠳᠣ ᠠᠶᠠᠯᠭᠤ᠂ ᠦᠨᠳᠦᠰᠦᠲᠡᠨ ᠤ | ᠬᠤᠪᠴᠠᠰᠤ ᠵᠠᠰᠠᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ ᠦᠵᠡᠭᠦᠯᠦᠯᠭᠡ ᠶᠢᠨ | ᠠᠵᠢᠯᠯᠠᠭ᠎ᠠ ᠶᠢ ᠥᠷᠨᠢᠭᠦᠯᠵᠦ᠂ ᠮᠣᠷᠢᠨ ᠨᠢᠷᠤᠭᠤᠨ ᠳᠡᠭᠡᠷᠡᠬᠢ ᠤᠯᠠᠭᠠᠨᠮᠥ᠋ᠴᠢᠷ ᠤᠨ ᠲᠣᠭᠤᠷᠢᠨ ᠵᠤᠭᠠᠴᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠬᠢᠨ ᠲᠣᠭᠤᠷᠢᠨ ᠤ ᠤᠯᠤᠰ ᠪᠠ ︽ᠨᠢᠭᠡ ᠪᠦᠰᠡ ᠨᠢᠭᠡ | ᠵᠠᠮ︾ ᠳᠠᠭᠠᠤ ᠶᠢᠨ ᠤᠯᠤᠰ ᠯᠤᠭ᠎ᠠ ᠶᠢᠨ ᠰᠣᠶᠣᠯ ᠤᠨ ᠰᠣᠯᠢᠯᠴᠠᠭ᠎ᠠ ᠶᠢ ᠴᠢᠩᠭᠠᠳᠬᠠᠨ᠎ᠠ᠃ | 2. ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ | ᠤᠳᠤᠷᠢᠳᠬᠤ ᠺᠠᠳ᠋ᠷᠴᠤᠳ ᠤᠨ ᠠᠮᠢ ᠠᠬᠤᠶ ᠶᠢᠨ ᠪᠣᠯᠪᠠᠰᠤᠨ ᠤ ᠰᠢ ᠶᠢᠨ ᠫᠢᠩ ᠤ ᠠᠮᠢ ᠠᠬᠤᠶ ᠶᠢᠨ ᠪᠣᠯᠪᠠᠰᠤᠨ ᠤ | ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠴᠢᠬᠤᠯᠠ | ᠠᠭᠤᠯᠭ᠎ᠠ ᠳᠤ ᠣᠷᠣᠭᠤᠯᠵᠤ᠂ ᠬᠠᠮᠢᠶ᠎ᠠ ᠪᠥᠬᠦᠢ ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠤᠨ ᠬᠠᠮᠢᠶ᠎ᠠ ᠪᠥᠬᠦᠢ | ᠭᠠᠵᠠᠷ ᠣᠷᠣᠨ ᠳᠤ ᠣᠴᠢᠭᠤᠯᠤᠨ ᠲᠣᠭᠤᠷᠢᠨ ᠦᠵᠡᠭᠦᠯᠵᠦ ᠰᠤᠷᠤᠯᠴᠠᠭᠤᠯᠬᠤ᠂ ᠲᠤᠷᠰᠢᠯᠭ᠎ᠠ ᠪᠠᠨ ᠰᠣᠯᠢᠯᠴᠠᠭᠤᠯᠬᠤ | ᠪᠠ ᠣᠷᠣᠨ ᠪᠦᠰᠡ ᠶᠢᠨ ᠬᠠᠮᠲᠤᠷᠠᠯᠴᠠᠭ᠎ᠠ ᠬᠢᠯᠭᠡᠬᠦ ᠬᠡᠷᠡᠭᠲᠡᠶ᠃ ᠡᠭᠦᠨ ᠤ ᠬᠠᠮᠲᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠠᠭᠤᠯᠭ᠎ᠠ ᠶᠢ ᠨᠠᠮ ᠵᠠᠰᠠᠭ ᠤᠨ ᠺᠠᠳ᠋ᠷ ᠤᠨ ᠬᠥᠮᠦᠵᠢᠯ ᠪᠣᠯᠪᠠᠰᠤᠷᠠᠯ᠂ ᠰᠢᠯᠭᠠᠯᠲᠠ᠂ | ᠥᠷᠢᠰᠥᠯᠳᠦᠭᠡᠨ ᠳᠡᠪᠰᠢᠬᠦ ᠰᠢᠰᠲ᠋ᠧᠮ ᠳᠤ ᠣᠷᠣᠭᠤᠯᠵᠤ᠂ ᠨᠠᠮ ᠵᠠᠰᠠᠭ ᠤᠨ ᠺᠠᠳ᠋ᠷ ᠪᠣᠯᠤᠨ ᠠᠯᠪᠠᠳᠠᠨ ᠤ ᠲᠤᠰᠢᠶᠠᠯ | ᠬᠠᠷᠢᠭᠤᠴᠠᠬᠤ ᠪᠣᠯᠪᠠᠰᠤᠷᠠᠯ ᠳᠤ ᠠᠭᠤᠰᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠵᠠᠰᠠᠭ ᠤᠨ ᠠᠵᠢᠯ ᠤᠨ | ᠠᠮᠵᠢᠯᠲᠠ ᠶᠢᠨ ᠬᠥᠭᠡᠭᠡᠴᠡᠯᠳᠦᠯ ᠢ ᠦᠢᠯᠡᠳᠦᠯᠭᠡ ᠶᠢᠨ ᠰᠢᠨᠵᠢᠯᠡᠬᠦ ᠤᠬᠠᠭᠠᠨᠴᠢ ᠬᠥᠭᠵᠢᠯᠲᠡ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠳᠣᠲᠣᠭᠠᠳᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ᠃ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠢ | ᠴᠢᠩᠭᠠᠳᠬᠠᠨ᠎ᠠ᠃ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠪᠠ ᠪᠣᠬᠢᠷᠲᠤᠯ ᠦᠭᠡᠢ | ᠬᠥᠭᠵᠢᠯᠲᠡ ᠶᠢᠨ ᠤᠬᠠᠮᠰᠠᠷ ᠢ ᠬᠥᠮᠦᠵᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭ᠎ᠠ ᠨᠢ | ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠪᠠ ᠠᠵᠤ ᠠᠬᠤᠢ ᠶᠢᠨ ᠬᠥᠭᠵᠢᠯᠲᠡ ᠲᠠᠢ ᠨᠢᠭᠲᠠ | ᠬᠠᠷᠢᠴᠠᠭ᠎ᠠ ᠲᠠᠢ᠂ ᠠᠵᠤ ᠠᠬᠤᠶᠢᠯᠠᠯ ᠤᠨ ᠣᠷᠴᠢᠨ ᠠᠬᠤᠶ ᠶᠢᠨ ᠬᠠᠮᠠᠭᠠᠯᠠᠯᠲᠠ ᠪᠠ ᠪᠣᠬᠢᠷᠲᠤᠯ ᠥᠬᠡᠶ | ᠬᠥᠭᠵᠢᠯᠲᠡ ᠶᠢᠨ ᠤᠬᠠᠮᠰᠠᠷ ᠢ ᠬᠥᠮᠦᠵᠢᠭᠦᠯᠬᠦ ᠨᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ᠃ ᠠᠵᠤ ᠠᠬᠤᠶᠢᠯᠠᠯ ᠤᠳ ᠠᠮᠢ ᠠᠬᠤᠶ ᠶᠢᠨ ᠰᠣᠶᠣᠯ ᠢ ᠠᠵᠤ ᠠᠬᠤᠶᠢᠯᠠᠯ ᠤᠨ | ᠰᠣᠶᠣᠯ ᠤᠨ ᠬᠤᠪᠢ ᠪᠠᠷ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭ᠎ᠠ ᠳᠤ ᠠᠭᠤᠰᠬᠠᠨ ᠣᠷᠣᠭᠤᠯᠵᠤ᠂ | ᠪᠣᠬᠢᠷᠲᠤᠯ ᠥᠬᠡᠶ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠠᠵᠢᠯᠲᠠᠨ | ᠺᠠᠳ᠋ᠷᠴᠤᠳ ᠤᠨ ᠡᠳᠦᠷ ᠲᠤᠲᠤᠮ ᠤᠨ ᠦᠢᠯᠡ ᠠᠵᠢᠯᠯᠠᠭᠠᠨ ᠤ ᠪᠠᠷᠢᠮᠵᠢᠶ᠎ᠠ ᠪᠣᠯᠭᠠᠬᠤ ᠬᠡᠷᠡᠭᠲᠡᠶ᠃ ︽ᠠᠮᠢ | ᠠᠬᠤᠶ ᠶᠢᠨ ᠪᠣᠯᠪᠠᠰᠤᠨ ᠤ ᠮᠡᠳᠡᠯᠭᠡ ᠶᠢᠨ ᠯᠠᠪᠯᠠᠯᠭ᠎ᠠ ᠶᠢᠨ ᠲᠠᠶᠢᠯᠤᠮᠵᠢ︾ ︽ᠠᠵᠤ ᠠᠬᠤᠶᠢᠯᠠᠯ ᠤᠨ ᠣᠷᠴᠢᠨ | ᠲᠣᠭᠤᠷᠢᠨ ᠤ ᠬᠠᠷᠢᠭᠤᠴᠠᠯᠭ᠎ᠠ ᠶᠢᠨ ᠪᠣᠯᠪᠠᠰᠤᠷᠠᠭᠤᠯᠤᠯ︾ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ | ᠴᠠᠭᠠᠵᠠ ᠬᠠᠤᠯᠢ ᠲᠣᠭᠲᠠᠭᠠᠯ ᠢ ᠠᠵᠤ ᠠᠬᠤᠶᠢᠯᠠᠯ ᠳᠤ ᠣᠷᠣᠭᠤᠯᠬᠤ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠵᠥᠪ | ᠪᠤᠷᠤᠭᠤ ᠨᠡᠶᠢᠲᠡᠯᠢᠭ ᠬᠡᠷᠡᠭ ᠤᠨ ᠵᠢᠱᠢᠶ᠎ᠡ ᠶᠢ ᠬᠡᠷᠡᠭᠯᠡᠨ ᠵᠢᠱᠢᠶ᠎ᠡ ᠦᠵᠡᠭᠦᠯᠬᠦ ᠪᠠ ᠰᠡᠷᠡᠮᠵᠢᠯᠡᠭᠦᠯᠬᠦ ᠬᠥᠮᠦᠵᠢᠯ ᠬᠢᠵᠦ᠂ | ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠠᠮᠢ ᠠᠬᠤᠶ ᠶᠢᠨ ᠪᠣᠯᠪᠠᠰᠤᠨ ᠤ ᠮᠡᠳᠡᠯᠭᠡ ᠶᠢᠨ | ᠤᠬᠠᠭᠤᠯᠭ᠎ᠠ ᠶᠢ ᠠᠵᠤ ᠠᠬᠤᠶᠢᠯᠠᠯ ᠳᠤ ᠲᠤᠤᠱᠯᠠᠭᠤᠯᠤᠨ᠎ᠠ᠃ ᠤᠯᠤᠰ ᠪᠠ ᠲᠣᠰ ᠬᠤᠲᠠ ᠶᠢᠨ ᠪᠣᠬᠢᠷᠲᠤᠯ ᠪᠣᠳᠠᠰ | ᠭᠠᠳᠠᠭᠰᠢᠯᠠᠭᠤᠯᠬᠤ ᠶᠢ ᠭᠤᠤᠯᠳᠠᠯᠭ᠎ᠠ ᠲᠠᠢ ᠬᠢᠨᠠᠨ ᠡᠵᠡᠮᠳᠡᠬᠦ ᠠᠵᠤ ᠠᠬᠤᠶᠢᠯᠠᠯ ᠳᠤ ᠣᠷᠣᠭᠤᠯᠤᠭᠰᠠᠨ ᠠᠵᠤ | ᠠᠬᠤᠶᠢᠯᠠᠯ ᠤᠨ ᠬᠠᠷᠢᠭᠤᠴᠠᠯᠭᠠᠲᠠᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠠᠵᠢᠯᠲᠠᠨ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢᠨ ᠠᠵᠢᠯᠯᠠᠭᠴᠢ ᠳᠤ ᠣᠷᠴᠢᠨ ᠲᠣᠭᠤᠷᠢᠨ ᠤ ᠬᠥᠮᠦᠵᠢᠯ | ᠪᠣᠯᠪᠠᠰᠤᠷᠠᠭᠤᠯᠤᠯ ᠢ ᠥᠷᠨᠢᠭᠦᠯᠦᠨ᠎ᠡ᠃ | ᠪᠦᠬᠦ ᠨᠡᠶᠢᠭᠡᠮ ᠤᠨ ᠠᠮᠢ ᠠᠬᠤᠶ ᠶᠢᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠦᠨ᠎ᠡ᠃ ᠭᠤᠣᠯ ᠰᠡᠳᠦᠪᠲᠦ | ᠪᠠᠶᠠᠷ ᠤᠨ ᠡᠳᠦᠷ ᠢ ᠠᠰᠢᠭᠯᠠᠨ᠂ ᠠᠮᠢ ᠠᠬᠤᠢ ᠶᠢᠨ ᠪᠣᠯᠪᠠᠰᠤᠨ ᠤ ᠬᠥᠮᠦᠵᠢᠯ ᠤᠨ ᠰᠠᠭᠤᠷᠢᠨ ᠳᠤ ᠠᠮᠢ ᠠᠬᠤᠢ ᠶᠢᠨ | ᠪᠣᠯᠪᠠᠰᠤᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠡᠯ᠎ᠡ ᠲᠦᠷᠦᠯ ᠤᠨ ᠠᠴᠢᠶᠠᠯᠠᠪᠤᠷᠢ ᠶᠢ ᠠᠰᠢᠭᠯᠠᠨ | ᠬᠤᠯᠪᠣᠭᠳᠠᠯ ᠪᠦᠬᠦᠢ ᠤᠬᠠᠭᠤᠯᠭ᠎ᠠ ᠶᠢᠨ ᠤᠷᠢᠶ᠎ᠠ ᠯᠣᠽᠦ᠋ᠩ ᠢ ᠡᠯᠭᠦᠵᠦ ᠨᠡᠪᠲᠡᠷᠡᠭᠦᠯᠦᠨ᠂ ᠣᠷᠴᠢᠨ ᠲᠣᠭᠤᠷᠢᠨ ᠤ | ᠰᠣᠨᠢᠨ ᠮᠡᠳᠡᠭᠡᠨ ᠤ ᠭᠤᠣᠯ ᠤᠷᠤᠰᠬᠠᠯ ᠤᠨ ᠠᠷᠭ᠎ᠠ ᠵᠠᠮ ᠤᠨ ᠳᠠᠮᠵᠢᠭᠤᠯᠭ᠎ᠠ ᠶᠢᠨ ᠨᠥᠯᠥᠭᠡ ᠶᠢᠨ ᠴᠢᠳᠠᠪᠤᠷᠢ ᠶᠢ | ᠨᠡᠮᠡᠭᠳᠡᠭᠦᠯᠵᠦ᠂ ᠰᠢᠨ᠎ᠡ ᠪᠠᠷ ᠮᠠᠨᠳᠤᠭᠰᠠᠨ ᠵᠠᠭᠤᠴᠢᠯᠠᠭᠤᠷ ᠤᠨ ᠣᠷᠴᠢᠨ ᠲᠣᠭᠤᠷᠢᠨ ᠤ ᠬᠠᠮᠠᠭᠠᠯᠠᠯᠲᠠ ᠳᠤ | ᠦᠢᠯᠡᠴᠢᠯᠡᠬᠦ ᠶᠢ ᠭᠦᠢᠴᠡᠳ ᠡᠵᠡᠮᠳᠡᠬᠦ ᠴᠢᠳᠠᠪᠤᠷᠢ ᠶᠢ ᠨᠡᠮᠡᠭᠳᠡᠭᠦᠯᠦᠨ᠎ᠡ᠃ ︽ᠠᠮᠢ ᠠᠬᠤᠶ ᠶᠢᠨ ᠪᠣᠯᠪᠠᠰᠤᠨ ᠤ | ᠤᠬᠠᠭᠤᠯᠭ᠎ᠠ ᠶᠢᠨ ᠭᠠᠷᠠᠭ︾ ︽ᠵᠢᠷᠭᠤᠳᠤᠭᠠᠷ ᠲᠠᠪᠤᠨ ᠵᠢᠯ ᠤᠨ ᠣᠷᠴᠢᠨ ᠠᠬᠤᠶ ᠶᠢᠨ ᠡᠳᠦᠷ︾ ︽ᠳᠡᠯᠡᠬᠡᠶ ᠶᠢᠨ | ᠪᠥᠮᠪᠥᠷᠴᠡᠭ ᠤᠨ ᠡᠳᠦᠷ︾ ︽ᠳᠡᠯᠡᠬᠡᠶ ᠶᠢᠨ ᠤᠰᠤᠨ ᠤ ᠡᠳᠦᠷ︾ ︽ᠭᠤᠣᠯ ᠤᠨ ᠳᠠᠷᠤᠭ᠎ᠠ ᠶᠢᠨ ᠳᠦᠷᠢᠮ︾ ︽ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ︾ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ︽ᠨᠡᠶᠢᠭᠡᠮ ᠲᠣᠭᠤᠷᠢᠭ ᠲᠤ ᠣᠷᠣᠬᠤ᠂ ᠰᠤᠷᠭᠠᠭᠤᠯᠢ ᠳᠤ ᠣᠷᠣᠬᠤ᠂ ᠠᠵᠤ ᠠᠬᠤᠶᠢᠯᠠᠯ ᠳᠤ | ᠣᠷᠣᠬᠤ᠂ ᠪᠠᠶᠢᠭᠤᠯᠭ᠎ᠠ ᠳᠤ ᠣᠷᠣᠬᠤ᠂ ᠬᠤᠳᠠᠯᠳᠤᠭᠠᠨ ᠤ ᠲᠠᠯᠠᠪᠤᠷ ᠲᠤ ᠣᠷᠣᠬᠤ᠂ ᠵᠣᠴᠢᠳ ᠤᠨ ᠪᠠᠭᠤᠳᠠᠯ ︵ | ᠪᠠᠭᠤᠳᠠᠯ︶ ᠳᠤ ᠣᠷᠣᠬᠤ᠂ ᠪᠠᠷᠢᠯᠭ᠎ᠠ ᠶᠢᠨ ᠭᠠᠵᠠᠷ ᠲᠤ ᠣᠷᠣᠬᠤ᠂ ᠦᠢᠯᠡᠴᠢᠯᠡᠭᠡ ᠶᠢᠨ ᠲᠠᠩᠬᠢᠮ ᠳᠤ ᠣᠷᠣᠬᠤ᠂ | ᠦᠵᠡᠮᠵᠢ ᠶᠢᠨ ᠣᠷᠣᠨ ᠳᠤ ᠣᠷᠣᠬᠤ᠂ ᠬᠡᠷ ᠪᠦᠯᠢ ᠳᠤ ᠣᠷᠣᠬᠤ︾ ᠭᠡᠬᠦ ᠠᠷᠪᠠ ᠳᠤ ᠤᠬᠠᠭᠤᠯᠭ᠎ᠠ ᠶᠢ | ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ | ᠰᠢᠨ᠎ᠡ ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠤᠬᠠᠭᠤᠯᠵᠤ᠂ ᠡᠬᠢ ᠪᠠᠶᠠᠯᠢᠭ | ᠣᠷᠴᠢᠨ ᠲᠣᠭᠤᠷᠢᠨ ᠤ ᠤᠯᠤᠰ ᠤᠨ ᠪᠠᠶᠢᠳᠠᠯ᠂ ᠬᠠᠤᠯᠢ ᠴᠠᠭᠠᠵᠠ ᠬᠠᠤᠯᠢ ᠲᠣᠭᠲᠠᠭᠠᠯ᠂ ᠰᠢᠨᠵᠢᠯᠡᠬᠦ ᠤᠬᠠᠭᠠᠨ ᠤ | ᠮᠡᠳᠡᠯᠭᠡ ᠶᠢ ᠲᠦᠭᠡᠮᠡᠯᠵᠢᠭᠦᠯᠦᠨ᠂ ᠠᠷᠠᠳ ᠢᠷᠭᠡᠳ ᠤᠨ ᠠᠮᠢ ᠠᠬᠤᠶ ᠶᠢᠨ ᠪᠣᠯᠪᠠᠰᠤᠨ ᠤ ᠦᠵᠡᠯ ᠤᠬᠠᠮᠰᠠᠷ ᠢ | ᠬᠥᠲᠥᠯᠦᠨ ᠵᠢᠯᠣᠭᠤᠳᠬᠤ ᠪᠠ ᠬᠥᠮᠦᠵᠢᠭᠦᠯᠦᠨ᠎ᠡ᠃ | 3. ᠠᠮᠢ ᠠᠬᠤᠢ ᠶᠢᠨ ᠪᠣᠯᠪᠠᠰᠤᠨ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ | ᠪᠦᠬᠦ ᠠᠷᠠᠳ ᠢ ᠬᠦᠮᠦᠵᠢᠭᠦᠯᠵᠦ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢ ᠴᠢᠩᠭᠠᠷᠠᠭᠤᠯᠤᠨ᠎ᠠ᠃ ᠨᠡᠶᠢᠭᠡᠮ | ᠲᠣᠭᠤᠷᠢᠭ ᠲᠤ ᠣᠷᠴᠢᠨ ᠠᠬᠤᠶ ᠶᠢᠨ ᠬᠠᠮᠠᠭᠠᠯᠠᠯᠲᠠ ᠶᠢᠨ ᠤᠬᠠᠭᠤᠯᠭ᠎ᠠ ᠶᠢᠨ ᠪᠤᠯᠤᠩ ᠭᠠᠷᠭᠠᠵᠤ᠂ ᠣᠷᠴᠢᠨ | ᠠᠬᠤᠶ ᠶᠢᠨ ᠬᠠᠮᠠᠭᠠᠯᠠᠯᠲᠠ ᠶᠢᠨ ᠤᠬᠠᠭᠤᠯᠭ᠎ᠠ ᠶᠢᠨ ᠬᠢᠨᠠᠯᠲᠠ ᠲᠠᠯᠪᠢᠬᠤ ᠦᠷᠳᠡᠭᠡ᠂ ᠣᠷᠴᠢᠨ ᠠᠬᠤᠶ ᠶᠢᠨ | ᠬᠠᠮᠠᠭᠠᠯᠠᠯᠲᠠ ᠶᠢᠨ ᠤᠬᠠᠭᠤᠯᠭ᠎ᠠ ᠶᠢᠨ ᠵᠢᠷᠤᠭ ᠢ ᠠᠰᠠᠷ ᠤᠨ ᠭᠤᠳᠤᠮᠵᠢᠨ ᠳᠤ ᠣᠷᠣᠭᠤᠯᠬᠤ᠂ ᠣᠷᠴᠢᠨ ᠠᠬᠤᠶ ᠶᠢᠨ | ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠬᠦ ᠵᠡᠷᠭᠡ ᠶᠢ ᠪᠠᠶᠢᠭᠤᠯᠵᠤ᠂ ᠰᠠᠭᠤᠭᠠᠯᠢ ᠠᠷᠠᠳ ᠢ | ᠴᠥᠮ ᠣᠷᠴᠢᠨ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠠᠮᠢᠳᠤᠷᠠᠯ ᠢᠶᠠᠷ ᠠᠬᠤᠶ ᠪᠠᠶᠢᠳᠠᠯ ᠪᠠ ᠠᠭᠤᠯᠭ᠎ᠠ | ᠪᠣᠯᠭᠠᠨ ᠠᠮᠢ ᠠᠬᠤᠶ ᠶᠢᠨ ᠰᠣᠶᠣᠯ ᠤᠨ ᠤᠬᠠᠭᠤᠯᠭ᠎ᠠ ᠥᠷᠨᠢᠭᠦᠯᠦᠨ᠎ᠡ᠃ ᠲᠣᠬᠢᠷᠠᠮᠵᠢᠲᠠᠶ ᠬᠡᠷᠡᠭᠯᠡᠭᠡ᠂ ᠠᠮᠢ | ᠠᠬᠤᠶ ᠶᠢᠨ ᠬᠥᠮᠦᠰ ᠤᠨ ᠣᠷᠣᠰᠢᠨ ᠰᠠᠭᠤᠬᠤ᠂ ᠰᠡᠯᠡᠭᠦᠴᠡᠯ ᠤᠨ ᠰᠣᠶᠣᠯ ᠵᠡᠷᠭᠡ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠥᠷᠭᠡᠨ ᠢᠶᠠᠷ | ᠤᠬᠠᠭᠤᠯᠵᠤ᠂ ᠠᠮᠢ ᠠᠬᠤᠶ ᠶᠢᠨ ᠪᠣᠯᠪᠠᠰᠤᠨ ᠤ ᠣᠶᠢᠯᠠᠭᠠᠭᠳᠠᠬᠤᠨ ᠢ ᠲᠣᠬᠢᠷᠠᠮᠵᠢᠲᠠᠶ ᠬᠡᠷᠡᠭᠯᠡᠭᠡ᠂ ᠠᠮᠢᠳᠤᠷᠠᠯ᠂ | ᠣᠷᠣᠨ ᠰᠠᠭᠤᠴᠠ ᠵᠡᠷᠭᠡ ᠠᠳᠠᠯᠢ ᠪᠤᠰᠤ ᠳᠠᠪᠬᠤᠷᠭ᠎ᠠ ᠳᠤ ᠨᠡᠪᠴᠢᠭᠦᠯᠵᠦ᠂ ᠬᠥᠮᠦᠨ ᠬᠢᠭᠡᠳ ᠪᠠᠶᠢᠭᠠᠯᠢ ᠡᠶ᠎ᠡ | ᠵᠣᠬᠢᠴᠠᠯ ᠲᠠᠢ ᠪᠠᠷ ᠣᠷᠣᠰᠢᠭᠰᠠᠨ ᠲᠣᠬᠢᠷᠠᠮᠵᠢᠲᠠᠶ ᠬᠡᠷᠡᠭᠯᠡᠭᠡᠨ ᠤ ᠠᠷᠭ᠎ᠠ ᠮᠠᠶ᠋ᠢᠭ᠂ ᠦᠢᠯᠡᠳᠪᠦᠷᠢᠯᠡᠯ ᠤᠨ ᠠᠷᠭ᠎ᠠ | ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠨ᠎ᠠ᠃ | ᠳᠥᠷᠪᠡᠳᠦᠭᠡᠷ ᠪᠦᠯᠦᠭ ᠭᠤᠣᠯᠳᠠᠯᠭ᠎ᠠ ᠲᠠᠢ ᠪᠠᠷᠢᠯᠭ᠎ᠠ ᠬᠢᠭᠡᠳ ᠦᠷ᠎ᠡ ᠠᠰᠢᠭ ᠤᠨ ᠵᠠᠳᠠᠯᠤᠯᠲᠠ | ᠨᠢᠭᠡᠳᠦᠭᠡᠷ ᠬᠡᠰᠡᠭ ᠪᠠᠷᠢᠯᠭ᠎ᠠ ᠶᠢᠨ ᠠᠭᠤᠯᠭ᠎ᠠ ᠬᠢᠭᠡᠳ ᠪᠡᠯᠡ ᠣᠷᠣᠭᠤᠯᠤᠯᠲᠠ ᠶᠢ ᠪᠠᠷᠤᠭᠯᠠᠨ ᠪᠤᠳᠤᠬᠤ | ᠰᠢᠯᠢ ᠶᠢᠨ ᠬᠤᠲᠠ ᠶᠢᠨ ᠨᠡᠶᠢᠭᠡᠮ᠂ ᠠᠵᠤ ᠠᠬᠤᠶ ᠪᠠ ᠠᠮᠢ ᠠᠬᠤᠶ ᠶᠢᠨ ᠣᠷᠴᠢᠨ ᠲᠣᠭᠤᠷᠢᠨ ᠤ ᠣᠳᠣᠬᠢ | ᠪᠠᠶᠢᠳᠠᠯ ᠢ ᠦᠨᠳᠦᠰᠦᠯᠡᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠤ | ᠰᠢᠯᠭᠠᠨ ᠬᠢᠨᠠᠵᠤ ᠠᠪᠬᠤ ᠪᠠᠷᠢᠮᠵᠢᠶ᠎ᠠ ᠲᠠᠢ ᠬᠠᠷᠢᠴᠠᠭᠤᠯᠵᠤ᠂ ᠰᠢᠯᠢ ᠶᠢᠨ ᠬᠤᠲᠠ ᠶᠢᠨ ᠠᠮᠢ ᠠᠬᠤᠶ ᠶᠢᠨ | ᠪᠣᠯᠪᠠᠰᠤᠨ ᠢ ᠡᠭᠦᠳᠦᠨ ᠪᠠᠶᠢᠭᠤᠯᠬᠤ ᠶᠠᠪᠤᠴᠠ ᠳᠠᠬᠢ ᠠᠰᠠᠭᠤᠳᠠᠯ ᠪᠠ ᠵᠥᠷᠢᠶ᠎ᠡ ᠶᠢ ᠡᠷᠢᠵᠦ᠂ ᠠᠮᠢ ᠠᠬᠤᠢ ᠶᠢᠨ | ᠠᠮᠤᠷ ᠲᠦᠪᠰᠢᠨ᠂ ᠠᠮᠢ ᠠᠬᠤᠢ ᠶᠢᠨ ᠣᠷᠣᠨ ᠵᠠᠢ᠂ ᠠᠮᠢ ᠠᠬᠤᠢ ᠶᠢᠨ ᠠᠵᠤ ᠠᠬᠤᠢ᠂ ᠠᠮᠢ ᠠᠬᠤᠢ ᠶᠢᠨ | ᠬᠥᠮᠥᠰ ᠤᠨ ᠣᠷᠣᠰᠢᠨ ᠰᠠᠭᠤᠬᠤ ᠵᠢᠴᠢ ᠠᠮᠢ ᠠᠬᠤᠢ ᠶᠢᠨ ᠰᠣᠶᠣᠯ ᠵᠡᠷᠭᠡ ᠲᠠᠪᠤᠨ ᠶᠡᠭᠡ ᠰᠢᠰᠲ᠋ᠧᠮ ᠤᠨ | ᠪᠠᠶᠢᠭᠤᠯᠤᠯᠲᠠ ᠶᠢᠨ ᠬᠡᠷᠡᠭᠴᠡᠭᠡ ᠠᠴᠠ ᠡᠭᠦᠰᠴᠦ᠂ 20 ᠭᠤᠣᠯᠳᠠᠯᠭ᠎ᠠ ᠲᠠᠢ ᠢᠨᠵᠧᠨᠧᠷᠢᠩ ᠤᠨ ᠵᠦᠢᠯᠡᠰ ᠢ | ᠳᠤᠷᠠᠳᠤᠨ ᠭᠠᠷᠭᠠᠵᠤ᠂ ᠵᠢᠱᠢᠯᠲᠡ ᠪᠠᠷ ᠶᠡᠷᠦᠩᠬᠡᠢ ᠪᠡᠯᠡ ᠣᠷᠣᠭᠤᠯᠤᠯᠲᠠ ᠨᠢ 32.57 ᠳ᠋ᠦᠩᠰᠢᠭᠤᠷ | ᠲᠥᠭᠦᠷᠢᠭ ᠲᠤ ᠬᠦᠷᠴᠡᠢ᠃ ᠡᠭᠦᠨ ᠳᠤ ᠠᠮᠢ ᠠᠬᠤᠶ ᠶᠢᠨ ᠠᠮᠤᠷ ᠲᠦᠪᠰᠢᠨ ᠤ ᠪᠠᠯᠠ ᠣᠷᠣᠭᠤᠯᠤᠯᠲᠠ ᠪᠠᠷᠤᠭ 7. | 89 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠪᠠᠯᠠ ᠣᠷᠣᠭᠤᠯᠤᠯᠲᠠ ᠶᠢᠨ 24.22% ᠢ ᠡᠵᠡᠯᠡᠪᠡ︔ ᠠᠮᠢ | ᠠᠬᠤᠢ ᠶᠢᠨ ᠣᠷᠣᠨ ᠵᠠᠢ ᠶᠢᠨ ᠪᠡᠯᠡ ᠣᠷᠣᠭᠤᠯᠤᠯᠲᠠ ᠪᠠᠷᠤᠭ 0.66 ᠳ᠋ᠦᠩᠰᠢᠭᠤᠷ ᠲᠥᠭᠦᠷᠢᠭ ᠲᠤ ᠬᠦᠷᠴᠦ᠂ | ᠶᠡᠷᠦᠩᠬᠡᠢ ᠪᠡᠯᠡ ᠣᠷᠣᠭᠤᠯᠤᠯᠲᠠ ᠶᠢᠨ 2.02% ᠢ ᠡᠵᠡᠯᠡᠪᠡ︔ ᠠᠮᠢ ᠠᠬᠤᠶ ᠶᠢᠨ ᠠᠵᠤ ᠠᠬᠤᠶ ᠶᠢᠨ ᠪᠠᠯᠠ | ᠣᠷᠣᠭᠤᠯᠤᠯᠲᠠ ᠪᠠᠷᠤᠭ 12.02 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠪᠠᠯᠠ ᠣᠷᠣᠭᠤᠯᠤᠯᠲᠠ ᠶᠢᠨ 36. | 91% ᠶᠢ ᠡᠵᠡᠯᠡᠪᠡ︔ ᠠᠮᠢ ᠠᠬᠤᠶ ᠶᠢᠨ ᠠᠮᠢᠳᠤᠷᠠᠯ ᠤᠨ ᠪᠠᠯᠠ ᠣᠷᠣᠭᠤᠯᠤᠯᠲᠠ ᠪᠠᠷᠤᠭ 11.48 ᠳ᠋ᠦᠩᠰᠢᠭᠤᠷ | ᠲᠥᠭᠦᠷᠢᠭ ᠲᠤ ᠬᠦᠷᠴᠦ᠂ ᠪᠥᠬᠦ ᠪᠠᠯᠠ ᠣᠷᠣᠭᠤᠯᠤᠯᠲᠠ ᠶᠢᠨ 35.25% ᠶᠢ ᠡᠵᠡᠯᠡᠪᠡ︔ ᠠᠮᠢ ᠠᠬᠤᠶ ᠶᠢᠨ | ᠰᠣᠶᠣᠯ ᠤᠨ ᠪᠠᠯᠠ ᠣᠷᠣᠭᠤᠯᠤᠯᠲᠠ ᠪᠠᠷᠤᠭ 0.52 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠪᠠᠯᠠ | ᠣᠷᠣᠭᠤᠯᠤᠯᠲᠠ ᠶᠢᠨ 1.59% ᠶᠢ ᠡᠵᠡᠯᠡᠪᠡ᠃ ᠪᠡᠯᠡ ᠮᠥᠩᠭᠦ ᠶᠢᠨ ᠢᠷᠡᠯᠲᠡ ᠨᠢ ᠭᠤᠣᠯᠳᠠᠭᠤ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠪᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠭᠡᠬᠦ ᠬᠤᠶᠠᠷ ᠵᠦᠢᠯ ᠤᠨ | ᠬᠡᠯᠪᠡᠷᠢ ᠪᠣᠯᠤᠨ᠎ᠠ᠃ | ᠬᠤᠶᠠᠳᠤᠭᠠᠷ ᠬᠡᠰᠡᠭ ᠦᠷ᠎ᠡ ᠠᠰᠢᠭ ᠤᠨ ᠵᠠᠳᠠᠯᠤᠯᠲᠠ | 1. ᠣᠷᠴᠢᠨ ᠲᠣᠭᠤᠷᠢᠨ ᠤ ᠦᠷ᠎ᠡ ᠠᠰᠢᠭ | ᠲᠥᠯᠥᠪᠵᠢᠭᠦᠯᠭᠡ ᠶᠢ ᠬᠡᠷᠡᠭᠵᠢᠭᠦᠯᠬᠦ ᠪᠠᠷ ᠳᠡᠮᠵᠢᠨ᠂ ᠰᠢᠯᠢ ᠶᠢᠨ ᠬᠤᠲᠠ ᠶᠢᠨ ᠤᠰᠤᠨ ᠤ ᠣᠷᠴᠢᠨ ᠲᠣᠭᠤᠷᠢᠨ᠂ | ᠠᠭᠠᠷ ᠮᠠᠨᠳᠠᠯ ᠤᠨ ᠣᠷᠴᠢᠨ ᠲᠣᠭᠤᠷᠢᠨ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠵᠢᠴᠢ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠰᠢᠩᠭᠡᠭᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠪᠦᠬᠦ ᠲᠠᠯ᠎ᠠ ᠪᠠᠷ ᠲᠥᠯᠥᠪᠵᠢᠭᠦᠯᠵᠦ᠂ | ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ | ᠵᠡᠷᠭᠡᠪᠡᠷ ᠵᠠᠰᠠᠵᠤ᠂ ᠪᠦᠬᠦ ᠲᠠᠯ᠎ᠠ ᠪᠠᠷ ᠵᠠᠰᠠᠵᠤ᠂ ᠠᠯᠤᠰ ᠬᠡᠳᠦ ᠳᠤ ᠰᠠᠭᠤᠷᠢᠯᠠᠵᠤ᠂ ᠲᠤᠬᠠᠶ ᠶᠢᠨ ᠭᠠᠵᠠᠷ ᠤᠨ | ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ ᠬᠡᠷᠡᠭᠵᠢᠭᠦᠯᠵᠦ | ᠪᠣᠯᠬᠤᠶᠢᠴᠠ ᠪᠦᠲᠦᠭᠡᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠰᠢᠲᠠᠮᠠᠬᠠᠶ ᠬᠡᠶ ᠶᠢᠨ ᠭᠦᠸᠧᠯᠦ ᠶᠢ | ᠥᠭᠡᠷᠡᠴᠢᠯᠡᠨ ᠰᠢᠭᠰᠢᠭᠳᠡᠭᠦᠯᠬᠦ᠂ ᠰᠢᠯᠢ ᠶᠢᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢ ᠰᠡᠷᠭᠦᠭᠡᠨ ᠵᠠᠰᠠᠬᠤ᠂ | ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠬᠢᠨᠠᠨ ᠬᠡᠮᠵᠢᠵᠦ ᠬᠢᠨᠠᠨ ᠬᠠᠮᠢᠶᠠᠷᠬᠤ᠂ ᠨᠤᠨᠲᠠᠭ ᠨᠡᠭᠦᠷᠡᠰᠦᠨ ᠤ | ᠦᠨᠡᠰᠦ ᠶᠢ ᠶᠡᠷᠦᠩᠬᠡᠶᠢᠯᠡᠨ ᠠᠰᠢᠭᠯᠠᠬᠤ ᠵᠡᠷᠭᠡ ᠢᠨᠵᠧᠨᠧᠷᠢᠩ ᠤᠨ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ | ᠪᠥᠲᠥᠭᠡᠨ ᠪᠠᠶᠢᠭᠤᠯᠵᠤ᠂ ᠠᠮᠢ ᠠᠬᠤᠶ ᠶᠢᠨ ᠣᠷᠣᠨ ᠵᠠᠶ ᠶᠢ ᠪᠦᠲᠦᠮᠵᠢᠲᠡᠶ ᠬᠠᠮᠠᠭᠠᠯᠠᠨ ᠵᠠᠰᠠᠵᠤ᠂ | ᠦᠢᠯᠡᠳᠪᠦᠷᠢᠯᠡᠯ ᠤᠨ ᠣᠷᠣᠨ ᠵᠠᠶ ᠶᠢ ᠵᠦᠶ ᠵᠣᠬᠢᠰᠲᠠᠶ ᠪᠥᠭᠡᠳ ᠪᠦᠲᠦᠮᠵᠢᠲᠡᠶ ᠳᠡᠭᠡᠭᠰᠢᠯᠡᠭᠦᠯᠵᠦ᠂ ᠠᠮᠢᠳᠤᠷᠠᠯ ᠤᠨ | ᠣᠷᠣᠨ ᠵᠠᠶ ᠶᠢ ᠦᠷᠭᠦᠯᠵᠢᠯᠡᠨ ᠢᠯᠡᠳᠲᠡ ᠰᠠᠶᠢᠵᠢᠷᠠᠭᠤᠯᠤᠨ᠎ᠠ᠃ ᠵᠦᠢ ᠵᠣᠬᠢᠰᠲᠠᠶ ᠠᠮᠢ ᠠᠬᠤᠶ ᠶᠢᠨ ᠪᠠᠶᠢᠷᠢᠰᠢᠯ ᠪᠠ | ᠡᠷᠡᠭᠦᠯ ᠠᠮᠢ ᠠᠬᠤᠶ ᠶᠢᠨ ᠰᠢᠰᠲ᠋ᠧᠮ ᠨᠢ ᠣᠷᠣᠨ ᠪᠦᠰᠡ ᠶᠢᠨ ᠠᠮᠢ ᠠᠬᠤᠶ ᠶᠢᠨ ᠰᠢᠰᠲ᠋ᠧᠮ ᠤᠨ ᠤᠯᠠᠨ ᠶᠠᠩᠵᠤᠲᠤ | ᠴᠢᠨᠠᠷ ᠪᠠ ᠲᠣᠭᠲᠠᠪᠤᠷᠢᠲᠤ ᠴᠢᠨᠠᠷ ᠢ ᠬᠠᠮᠠᠭᠠᠯᠠᠬᠤ᠂ ᠪᠠᠶᠢᠭᠠᠯᠢ ᠶᠢᠨ ᠭᠠᠮᠰᠢᠭ ᠢ ᠪᠠᠭᠠᠰᠬᠠᠬᠤ᠂ ᠠᠮᠢᠳᠤ ᠪᠣᠳᠠᠰ ᠤᠨ | ᠤᠯᠠᠨ ᠶᠠᠩᠵᠤᠲᠤ ᠴᠢᠨᠠᠷ ᠢ ᠪᠠᠲᠤᠯᠠᠬᠤ᠂ ᠠᠵᠤ ᠠᠬᠤᠶ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ | ᠴᠢᠬᠤᠯᠠ ᠠᠮᠢ ᠠᠬᠤᠶ ᠶᠢᠨ ᠣᠷᠴᠢᠨ ᠨᠥᠬᠦᠴᠡᠯ ᠤᠨ ᠲᠤᠯᠭᠠᠭᠤᠷᠢᠯᠠᠬᠤ ᠦᠢᠯᠡᠳᠦᠯ ᠦᠵᠡᠭᠦᠯᠳᠡᠭ᠃ | 2. ᠠᠵᠤ ᠠᠬᠤᠶ ᠶᠢᠨ ᠦᠷ᠎ᠡ ᠠᠰᠢᠭ | ᠲᠥᠯᠥᠪᠵᠢᠭᠦᠯᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠠᠮᠢ ᠠᠬᠤᠶ ᠶᠢᠨ ᠠᠵᠤ ᠦᠢᠯᠡᠰ ᠤᠨ ᠬᠥᠭᠵᠢᠯᠲᠡ ᠵᠢᠴᠢ | ᠭᠤᠣᠯᠳᠠᠯᠭ᠎ᠠ ᠲᠠᠢ ᠵᠦᠢᠯᠡᠰ ᠤᠨ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠣᠷᠣᠨ ᠨᠤᠲᠤᠭ ᠤᠨ ᠠᠵᠤ ᠦᠢᠯᠡᠳᠪᠦᠷᠢ᠂ ᠲᠠᠷᠢᠶᠠᠯᠠᠩ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠢ ᠲᠠᠶᠢᠴᠢᠯᠠᠵᠤ | ᠂ ᠨᠡᠶᠢᠭᠡᠮ ᠳᠤ ᠨᠡᠩ ᠤᠯᠠᠨ ᠠᠵᠢᠯ ᠣᠯᠭᠤᠬᠤ ᠲᠣᠬᠢᠶᠠᠯ ᠢ ᠪᠤᠢ ᠪᠣᠯᠭᠠᠵᠤ ᠥᠭᠬᠦ ᠬᠡᠷᠡᠭᠲᠡᠶ︔ ᠠᠵᠤ ᠦᠢᠯᠡᠰ ᠤᠨ | ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ᠂ ᠠᠷᠢᠭᠤᠨ ᠴᠡᠪᠡᠷ ᠦᠢᠯᠡᠳᠪᠦᠷᠢᠯᠡᠯ᠂ ᠡᠬᠢ | ᠪᠠᠶᠠᠯᠢᠭ ᠢ ᠠᠷᠪᠢᠯᠠᠨ ᠠᠰᠢᠭᠯᠠᠬᠤ ᠪᠠ ᠠᠵᠤ ᠦᠢᠯᠡᠰ ᠢ ᠣᠷᠴᠢᠯᠳᠤᠭᠤᠯᠤᠨ ᠬᠥᠭᠵᠢᠭᠦᠯᠬᠦ ᠶᠢ ᠠᠬᠢᠭᠤᠯᠵᠤ᠂ | ᠥᠨᠳᠥᠷ ᠪᠦᠲᠦᠮᠵᠢᠲᠡᠶ ᠬᠤᠷᠣᠭᠳᠠᠭᠤᠯᠤᠯ ᠪᠠᠭ᠎ᠠ ᠲᠠᠢ ᠪᠣᠬᠢᠷᠲᠤᠯ ᠢ ᠪᠠᠭᠠᠰᠬᠠᠬᠤ ᠡᠬᠢ ᠪᠠᠶᠠᠯᠢᠭ ᠢ ᠠᠰᠢᠭᠯᠠᠬᠤ | ᠠᠷᠭ᠎ᠠ ᠮᠠᠶ᠋ᠢᠭ ᠢ ᠪᠤᠢ ᠪᠣᠯᠭᠠᠵᠤ᠂ ᠠᠵᠤ ᠠᠬᠤᠶ ᠶᠢᠨ ᠠᠮᠢᠵᠢᠷᠠᠯ ᠤᠨ ᠬᠦᠴᠦᠨ ᠪᠠ ᠶᠡᠷᠦᠩᠬᠡᠶᠢᠯᠡᠭᠰᠡᠨ | ᠥᠷᠢᠰᠥᠯᠳᠦᠬᠦ ᠬᠦᠴᠦᠨ ᠢ ᠢᠯᠡᠳᠲᠡ ᠳᠡᠭᠡᠭᠰᠢᠯᠡᠭᠦᠯᠵᠦ᠂ ᠣᠷᠣᠨ ᠨᠤᠲᠤᠭ ᠤᠨ ᠠᠵᠤ ᠠᠬᠤᠶ ᠶᠢᠨ ᠳᠡᠭᠡᠳᠦ | ᠬᠤᠷᠳᠤᠴᠠ ᠲᠠᠢ᠂ ᠥᠨᠳᠥᠷ ᠪᠦᠲᠦᠮᠵᠢᠲᠡᠶ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠷᠭᠦᠯᠵᠢᠯᠡᠬᠦ | ᠬᠥᠭᠵᠢᠯᠲᠡ ᠶᠢᠨ ᠵᠠᠮ ᠢᠶᠠᠷ ᠵᠠᠮᠨᠠᠬᠤ ᠳᠤ ᠠᠰᠢᠭᠲᠠᠶ ᠪᠣᠯᠭᠠᠨ᠎ᠠ︔ ᠣᠷᠴᠢᠨ ᠠᠬᠤᠶ ᠶᠢᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠵᠦᠢᠯᠡᠰ ᠤᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠵᠤ᠂ | ᠬᠤᠳᠠ ᠶᠢᠨ ᠴᠢᠨᠠᠷ ᠳᠡᠰ ᠪᠠ ᠲᠦᠷᠢ ᠲᠥᠷᠬᠦ ᠶᠢ ᠪᠦᠬᠦᠯᠢ ᠴᠣᠭᠴᠠ ᠠᠴᠠ ᠨᠢ ᠳᠡᠭᠡᠭᠰᠢᠯᠡᠭᠦᠯᠵᠦ᠂ ᠭᠠᠳᠠᠭᠠᠳᠤ ᠶᠢᠨ | ᠪᠡᠯᠡ ᠮᠥᠩᠭᠦ ᠪᠠ ᠠᠷᠠᠳ ᠤᠨ ᠬᠦᠷᠦᠩᠭᠡ ᠶᠢ ᠲᠠᠲᠠᠬᠤ ᠳᠤ ᠣᠷᠴᠢᠨ ᠠᠬᠤᠶ ᠶᠢᠨ ᠰᠠᠭᠤᠷᠢ ᠶᠢ ᠬᠠᠩᠭᠠᠵᠤ᠂ ᠲᠠᠮ | ᠠᠵᠤ ᠠᠬᠤᠶ ᠶᠢᠨ ᠦᠷ᠎ᠡ ᠠᠰᠢᠭ ᠢ ᠠᠯᠬᠤᠮ ᠠᠯᠬᠤᠮ ᠢᠶᠠᠷ ᠪᠤᠢ ᠪᠣᠯᠭᠠᠪᠠ᠃ | 3. ᠨᠡᠶᠢᠭᠡᠮ ᠤᠨ ᠦᠷ᠎ᠡ ᠠᠰᠢᠭ | ᠲᠥᠯᠥᠪᠵᠢᠭᠦᠯᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠠᠮᠢ ᠠᠬᠤᠶ ᠶᠢᠨ ᠪᠣᠯᠪᠠᠰᠤᠨ ᠤ ᠲᠦᠷᠢᠮ ᠤᠨ | ᠥᠭᠡᠷᠡᠴᠢᠯᠡᠯᠲᠡ ᠶᠢᠨ ᠲᠠᠰᠤᠷᠠᠯᠳᠠ ᠦᠭᠡᠢ ᠭᠦᠨᠵᠡᠭᠡᠶᠢᠷᠡᠬᠦ ᠶᠢ ᠲᠦᠯᠬᠢᠨ ᠠᠬᠢᠭᠤᠯᠵᠤ᠂ ᠤᠷᠮᠠᠰᠢᠭᠤᠯᠬᠤ ᠪᠠ | ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠭᠰᠠᠨ ᠲᠦᠷᠢᠮ ᠤᠨ ᠰᠢᠰᠲ᠋ᠧᠮ᠂ ᠵᠠᠰᠠᠭ ᠤᠨ ᠣᠷᠳᠣᠨ᠂ ᠠᠵᠤ | ᠠᠬᠤᠶᠢᠯᠠᠯ᠂ ᠤᠯᠠᠨ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠵᠠᠰᠠᠯᠲᠠ ᠶᠢᠨ ᠰᠢᠰᠲ᠋ᠧᠮ ᠢ ᠪᠦᠷᠢᠯᠳᠦᠭᠦᠯᠦᠨ᠎ᠡ︔ | ᠠᠮᠢ ᠠᠬᠤᠶ ᠶᠢᠨ ᠰᠣᠶᠣᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠠᠮᠵᠢᠯᠠᠯᠲᠤ ᠰᠣᠶᠣᠯ ᠪᠣᠯᠤᠨ ᠤᠳᠤ | ᠦᠶ᠎ᠡ ᠶᠢᠨ ᠠᠮᠢ ᠠᠬᠤᠶ ᠶᠢᠨ ᠪᠣᠯᠪᠠᠰᠤᠨ ᠤ ᠣᠷᠭᠠᠨᠢᠭ ᠤᠶᠠᠯᠳᠤᠯ ᠢ ᠪᠦᠲᠦᠮᠵᠢᠲᠡᠶ ᠪᠠᠷ ᠲᠦᠯᠬᠢᠨ ᠠᠬᠢᠭᠤᠯᠵᠤ᠂ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠴᠢᠨᠠᠷ ᠤᠨ ᠲᠤᠬᠠᠶ ᠨᠡᠶᠢᠭᠡᠮ ᠳᠠᠶᠠᠭᠠᠷ ᠤᠨ | ᠲᠠᠨᠢᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠤᠯᠠᠮᠵᠢᠯᠠᠯᠲᠤ | ᠠᠮᠢᠳᠤᠷᠠᠯ ᠤᠨ ᠠᠷᠭ᠎ᠠ ᠮᠠᠶ᠋ᠢᠭ ᠪᠣᠯᠤᠨ ᠦᠷᠳᠡᠭ ᠤᠨ ᠦᠵᠡᠯᠲᠡ ᠶᠢ ᠣᠷᠴᠢᠨ ᠠᠬᠤᠶ ᠨᠥᠬᠦᠷᠰᠡᠭ᠂ ᠡᠬᠢ ᠪᠠᠶᠠᠯᠢᠭ | ᠥᠨᠳᠥᠷ ᠪᠦᠲᠦᠮᠵᠢᠲᠡᠶ᠂ ᠨᠡᠶᠢᠭᠡᠮ ᠡᠶ᠎ᠡ ᠵᠣᠬᠢᠴᠠᠯ ᠲᠠᠢ ᠠᠮᠢ ᠠᠬᠤᠶ ᠶᠢᠨ ᠰᠣᠶᠣᠯ ᠤᠨ ᠬᠡᠯᠪᠡᠷᠢ ᠲᠡᠶᠢᠰᠢ | ᠬᠤᠪᠢᠷᠠᠭᠤᠯᠬᠤ᠂ ᠠᠮᠢ ᠠᠬᠤᠶ ᠶᠢᠨ ᠪᠣᠯᠪᠠᠰᠤᠨ ᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠨᠡᠩ ᠭᠦᠨ | ᠰᠠᠭᠤᠭᠳᠠᠭᠤᠯᠬᠤ ᠬᠡᠷᠡᠭᠲᠡᠶ︔ ᠠᠮᠢ ᠠᠬᠤᠶ ᠶᠢᠨ ᠠᠮᠢᠳᠤᠷᠠᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠬᠤᠳᠠ ᠬᠥᠳᠡᠭᠡ ᠶᠢᠨ ᠡᠯ᠎ᠡ ᠲᠦᠷᠦᠯ ᠤᠨ ᠰᠠᠭᠤᠷᠢ ᠲᠥᠬᠦᠭᠡᠷᠦᠮᠵᠢ ᠶᠢᠨ ᠲᠡᠭᠦᠯᠳᠡᠷᠵᠢᠯᠲᠡ ᠶᠢ ᠴᠢᠩᠭᠠᠳᠬᠠᠵᠤ᠂ | ᠬᠤᠳᠠ ᠬᠥᠳᠡᠭᠡ ᠶᠢᠨ ᠣᠷᠴᠢᠨ ᠠᠬᠤᠶ ᠶᠢᠨ ᠳᠦᠷᠰᠦ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ | ᠬᠥᠮᠦᠨ ᠬᠢᠭᠡᠳ ᠪᠠᠶᠢᠭᠠᠯᠢ᠂ ᠬᠥᠮᠦᠨ ᠬᠢᠭᠡᠳ ᠬᠥᠮᠦᠨ ᠤ ᠬᠤᠭᠤᠷᠣᠨᠳᠣᠬᠢ ᠡᠶ᠎ᠡ ᠵᠣᠬᠢᠴᠠᠯ ᠲᠠᠢ ᠪᠠᠷ ᠬᠠᠮᠲᠤ | ᠣᠷᠣᠰᠢᠬᠤ ᠠᠭᠤᠷ ᠠᠮᠢᠰᠬᠤᠯ ᠢ ᠪᠤᠢ ᠪᠣᠯᠭᠠᠬᠤ ᠪᠣᠯᠤᠨ᠎ᠠ᠃ | ᠲᠠᠪᠤᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ | ᠨᠢᠭᠡᠳᠦᠭᠡᠷ ᠬᠡᠰᠡᠭ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ | ︽ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠲᠥᠯᠥᠪᠯᠡᠬᠦ᠂ ᠠᠶᠢᠮᠠᠭ ᠬᠤᠲᠠ ᠪᠠᠷ ᠭᠤᠤᠯᠯᠠᠭᠤᠯᠬᠤ᠂ | ᠬᠤᠲᠠ ᠶᠢᠨ ᠬᠡᠪᠴᠢᠶᠡᠨ ᠳᠤ ᠬᠡᠷᠡᠭᠵᠢᠭᠦᠯᠬᠦ᠂ ᠨᠡᠶᠢᠭᠡᠮ ᠢᠶᠠᠷ ᠢᠶᠠᠨ ᠣᠷᠣᠯᠴᠠᠬᠤ︾ ᠶᠡᠷᠦᠩᠬᠡᠶ ᠰᠡᠳᠬᠢᠮᠵᠢ ᠶᠢᠨ | ᠶᠣᠰᠣᠭᠠᠷ᠂ ᠲᠣᠳᠣᠷᠬᠠᠶ ᠪᠥᠭᠡᠳ ᠲᠣᠳᠣᠷᠬᠠᠶ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ | ᠬᠦᠴᠦ ᠪᠠᠨ ᠬᠠᠮᠲᠤᠳᠬᠠᠨ ᠠᠬᠢᠭᠤᠯᠬᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠠᠮᠢ ᠠᠬᠤᠶ ᠶᠢᠨ | ᠵᠢᠱᠢᠶ᠎ᠡ ᠦᠵᠡᠭᠦᠯᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠤᠳᠤᠷᠢᠳᠬᠤ ᠶᠢ | ᠴᠢᠩᠭᠠᠳᠬᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠬᠤ | ᠪᠠ ᠵᠥᠪᠳᠡᠯᠴᠡᠬᠦ ᠲᠦᠷᠢᠮ ᠢ ᠬᠡᠷᠡᠭᠵᠢᠭᠦᠯᠵᠦ᠂ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ | ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠶᠢᠨ ᠬᠠᠮᠲᠤ᠂ ᠴᠢᠬᠤᠯᠠ ᠶᠡᠭᠡ ᠵᠦᠢᠯᠡᠰ ᠢ ᠨᠢᠭᠡᠳᠦᠯᠲᠡᠶ | ᠪᠠᠶᠢᠷᠢᠯᠠᠭᠤᠯᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠨ᠎ᠠ᠃ ᠰᠢᠯᠢ ᠶᠢᠨ ᠬᠤᠲᠠ ᠶᠢᠨ | ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠨᠢ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠪᠥᠬᠦ ᠶᠠᠪᠤᠴᠠ ᠳᠤ | ᠮᠥᠷᠳᠡᠨ ᠰᠢᠮᠳᠠᠭᠤᠯᠤᠨ ᠪᠠᠶᠢᠴᠠᠭᠠᠬᠤ ᠶᠢ ᠬᠡᠷᠡᠭᠵᠢᠭᠦᠯᠵᠦ᠂ ᠠᠵᠢᠯ ᠢᠶᠠᠨ ᠠᠬᠢᠭᠤᠯᠤᠭᠰᠠᠨ ᠪᠠᠶᠢᠳᠠᠯ ᠪᠠ ᠣᠷᠣᠰᠢᠵᠤ | ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠵᠠᠳᠠᠯᠬᠤ ᠬᠡᠷᠡᠭᠲᠡᠶ᠃ | ᠬᠤᠶᠠᠳᠤᠭᠠᠷ ᠬᠡᠰᠡᠭ ᠲᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠶᠢ | ᠴᠢᠩᠭᠠᠳᠬᠠᠨ᠎ᠠ | ᠣᠳᠣ ᠶᠢᠨ ᠬᠡᠷᠡᠭᠵᠢᠭᠦᠯᠵᠦ ᠪᠠᠶᠢᠭ᠎ᠠ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠠᠭᠤᠷᠢᠨ | ᠳᠡᠭᠡᠷ᠎ᠡ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠰᠠᠯᠠᠭ᠎ᠠ ᠮᠥᠴᠢᠷ | ᠠᠯᠤᠰᠯᠠᠭᠰᠠᠨ ᠠᠵᠢᠯ ᠲᠥᠷᠥᠯ ᠠᠯᠤᠰᠯᠠᠭᠰᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠪᠠ | ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠤᠨ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠵᠠᠬ᠎ᠠ ᠳᠡᠯᠭᠡᠭᠦᠷ ᠢᠶᠠᠷ ᠠᠬᠢᠭᠤᠯᠤᠭᠰᠠᠨ᠂ ᠣᠯᠠᠨ | ᠨᠡᠶᠢᠲᠡ ᠪᠠᠷ ᠢᠶᠠᠨ ᠣᠷᠣᠯᠴᠠᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠲᠣᠭᠲᠠᠴᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ | ᠠᠮᠵᠢᠯᠲᠠ ᠶᠢ ᠬᠢᠨᠠᠨ ᠰᠢᠯᠭᠠᠬᠤ ᠲᠦᠷᠢᠮ ᠪᠠ ᠤᠳᠤᠷᠢᠳᠬᠤ ᠺᠠᠳ᠋ᠷ ᠤᠨ ᠣᠷᠴᠢᠨ ᠲᠣᠭᠤᠷᠢᠨ ᠤ ᠬᠠᠷᠢᠭᠤᠴᠠᠯᠭ᠎ᠠ ᠶᠢ | ᠨᠡᠬᠡᠮᠵᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠵᠠᠰᠠᠭ ᠤᠨ | ᠣᠷᠳᠣᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠯᠤᠰ ᠤᠨ ᠲᠥᠯᠥᠪᠵᠢᠭᠦᠯᠭᠡ ᠪᠠ ᠣᠨ ᠤ | ᠲᠥᠯᠥᠪᠯᠡᠭᠡ ᠳᠤ ᠣᠷᠣᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠣᠨ ᠤ ᠲᠥᠯᠥᠪᠯᠡᠭᠡ ᠶᠢ | ᠲᠣᠭᠲᠠᠭᠠᠨ ᠬᠡᠷᠡᠭᠵᠢᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠡᠭᠦᠷᠭᠡ ᠶᠢ ᠰᠠᠯᠭᠠᠨ | ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠳ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠲᠤᠰ | ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ | ᠵᠦᠢᠯ ᠤᠨ ᠢᠨᠵᠧᠨᠧᠷᠢᠩ ᠪᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠨ᠎ᠠ᠃ | ᠭᠤᠷᠪᠠᠳᠤᠭᠠᠷ ᠬᠡᠰᠡᠭ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠡᠯᠡ ᠮᠥᠩᠭᠦᠨ ᠤ ᠪᠠᠲᠤᠯᠠᠭ᠎ᠠ ᠶᠢ | ᠴᠢᠩᠭᠠᠳᠬᠠᠨ᠎ᠠ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠰᠬᠠᠶ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠠᠷᠤᠯᠭ᠎ᠠ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠤᠨ | ᠤᠷᠢᠳ ᠢᠶᠠᠷ ᠲᠣᠬᠢᠷᠠᠭᠤᠯᠬᠤ ᠵᠦᠢᠯᠡᠰ ᠪᠣᠯᠭᠠᠵᠤ᠂ ᠤᠯᠠᠨ ᠲᠠᠯ᠎ᠠ ᠠᠴᠠ ᠪᠡᠯᠡ ᠴᠤᠭᠯᠠᠭᠤᠯᠬᠤ ᠪᠠᠷ ᠳᠠᠮᠵᠢᠭᠤᠯᠤᠨ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠦᠷᠢᠶᠡᠨ ᠳᠠᠬᠢ ᠬᠡᠪ ᠤᠨ ᠣᠷᠣᠭᠤᠯᠤᠯᠲᠠ ᠶᠢ ᠪᠠᠲᠤᠯᠠᠬᠤ ᠶᠢ | ᠦᠨᠡᠨ ᠬᠦ ᠪᠠᠲᠤᠯᠠᠨ᠎ᠠ᠃ ︽ᠵᠠᠰᠠᠭ ᠤᠨ ᠣᠷᠳᠣᠨ ᠭᠤᠤᠯᠯᠠᠨ ᠤᠳᠤᠷᠢᠳᠬᠤ᠂ ᠨᠡᠶᠢᠭᠡᠮ ᠨᠡᠶᠢᠲᠡ ᠪᠠᠷ ᠢᠶᠠᠨ | ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ︾ ᠵᠠᠷᠴᠢᠮ ᠶᠣᠰᠣᠭᠠᠷ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠪᠠᠯᠠ ᠮᠥᠩᠭᠦ ᠴᠤᠭᠯᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠯᠠ | ᠣᠷᠣᠭᠤᠯᠤᠯᠲᠠ ᠶᠢᠨ ᠭᠤᠤᠯ ᠴᠣᠭᠴᠠ ᠶᠢᠨ ᠣᠯᠠᠨ ᠡᠰᠢᠵᠢᠬᠦ ᠶᠢ ᠪᠡᠶᠡᠯᠡᠭᠦᠯᠦᠨ᠎ᠡ᠃ ᠨᠡᠶᠢᠭᠡᠮ ᠤᠨ ᠬᠥᠷᠥᠩᠭᠡ ᠶᠢᠨ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠳᠠᠯᠭ᠎ᠠ ᠲᠠᠢ ᠢᠨᠵᠧᠨᠧᠷᠢᠩ ᠤᠨ ᠬᠠᠮᠢᠶ᠎ᠠ ᠪᠥᠬᠦᠶ | ᠠᠭᠤᠯᠭ᠎ᠠ ᠳᠤ ᠣᠷᠣᠯᠴᠠᠬᠤ ᠶᠢ ᠵᠣᠷᠢᠭᠵᠢᠭᠤᠯᠵᠤ᠂ PPP᠂ EOD ᠵᠡᠷᠭᠡ ᠵᠠᠭᠪᠤᠷ ᠢ ᠣᠷᠣᠭᠤᠯᠤᠨ᠎ᠠ᠃ ᠠᠮᠢ | ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠠᠮᠢ ᠠᠬᠤᠶ ᠶᠢᠨ ᠠᠵᠤ ᠦᠢᠯᠡᠰ ᠤᠨ ᠬᠥᠭᠵᠢᠯᠲᠡ ᠵᠡᠷᠭᠡ | ᠵᠦᠢᠯᠡᠰ ᠤᠨ ᠲᠥᠬᠦᠭᠡᠷᠦᠮᠵᠢ ᠶᠢᠨ ᠪᠡᠯᠡ ᠳᠤᠬᠢᠷᠠᠭᠤᠯᠭ᠎ᠠ ᠬᠢᠬᠦ᠂ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ | ᠲᠠᠷᠬᠠᠭᠠᠬᠤ ᠪᠠ ᠵᠠᠬ᠎ᠠ ᠳᠡᠯᠭᠡᠭᠦᠷ ᠲᠤ ᠭᠠᠷᠴᠤ ᠪᠡᠯᠡ ᠳᠤᠬᠢᠷᠠᠭᠤᠯᠭ᠎ᠠ ᠬᠢᠬᠦ ᠵᠡᠷᠭᠡ ᠶᠢ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠵᠦᠶ ᠶᠣᠰᠣᠨ ᠤ ᠢᠲᠡᠭᠡᠮᠵᠢᠲᠦ ᠵᠢᠭᠡᠯᠡᠯᠭᠡ ᠲᠠᠯᠪᠢᠬᠤ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ | ᠳᠡᠮᠵᠢᠵᠦ᠂ ᠨᠡᠶᠢᠭᠡᠮ ᠪᠠ ᠠᠷᠠᠳ ᠤᠨ ᠳᠤᠮᠳᠠᠬᠢ ᠬᠥᠷᠥᠩᠭᠡ᠂ ᠭᠠᠳᠠᠨ᠎ᠠ ᠠᠴᠠ ᠢᠷᠡᠭᠰᠡᠨ ᠬᠥᠷᠥᠩᠭᠡ ᠪᠠ ᠮᠥᠩᠭᠦᠨ | ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢ ᠬᠥᠲᠥᠯᠦᠨ ᠵᠢᠯᠣᠭᠤᠳᠴᠤ ᠪᠠᠶᠢᠭᠠᠳ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠳᠤ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠶ ᠶᠣᠰᠣᠨ ᠤ | ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠵᠣᠷᠢᠭᠵᠢᠭᠤᠯᠵᠤ᠂ ᠪᠠᠯᠠ ᠮᠥᠩᠭᠦ ᠴᠤᠭᠯᠠᠭᠤᠯᠬᠤ ᠶᠢ ᠭᠤᠤᠯᠳᠠᠭᠤ ᠠᠮᠢ | ᠠᠬᠤᠶ ᠶᠢ ᠰᠡᠷᠭᠦᠭᠡᠬᠦ᠂ ᠪᠣᠬᠢᠷᠲᠤᠯ ᠢ ᠵᠠᠰᠠᠬᠤ᠂ ᠪᠣᠬᠢᠷᠲᠤᠯ ᠥᠬᠡᠶ ᠠᠵᠤ ᠦᠢᠯᠡᠰ ᠢ ᠬᠥᠭᠵᠢᠭᠦᠯᠬᠦ ᠵᠡᠷᠭᠡ ᠬᠦᠷᠢᠶ᠎ᠡ | ᠴᠠᠷᠠᠭ᠎ᠠ ᠶᠢ ᠳᠡᠮᠵᠢᠬᠦ ᠳᠤ ᠬᠡᠷᠡᠭᠯᠡᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠵᠠᠬ᠎ᠠ ᠳᠡᠯᠭᠡᠭᠦᠷᠴᠢᠯᠡᠬᠦ᠂ ᠠᠵᠤ ᠦᠶᠢᠯᠡᠰᠵᠢᠭᠦᠯᠬᠦ ᠠᠬᠢᠴᠠ ᠶᠢ ᠠᠬᠢᠭᠤᠯᠵᠤ | ᠂ ᠠᠮᠢ ᠠᠬᠤᠶ ᠶᠢᠨ ᠬᠠᠮᠠᠭᠠᠯᠠᠯᠲᠠ ᠶᠢᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠲᠣᠭᠲᠠᠴᠠ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠳᠥᠷᠪᠡᠳᠦᠭᠡᠷ ᠬᠡᠰᠡᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ | ᠮᠡᠷᠭᠡᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠳᠠᠬᠢ ᠣᠷᠣᠭᠤᠯᠤᠯᠲᠠ ᠪᠠᠨ | ᠨᠡᠮᠡᠭᠳᠡᠭᠦᠯᠵᠦ᠂ ᠰᠢᠨ᠎ᠡ ᠮᠡᠷᠭᠡᠵᠢᠯ᠂ ᠰᠢᠨ᠎ᠡ ᠤᠷᠠᠯᠠᠯ ᠢ ᠨᠡᠭᠡᠭᠡᠨ ᠬᠥᠭᠵᠢᠭᠦᠯᠬᠦ ᠪᠠ ᠣᠷᠣᠭᠤᠯᠤᠨ ᠠᠪᠴᠢᠷᠠᠵᠤ᠂ | ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠦᠷᠢᠮ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ | ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠬᠥᠲᠥᠯᠦᠨ ᠵᠢᠯᠣᠭᠤᠳᠴᠤ᠂ ᠰᠢᠯᠢ ᠶᠢᠨ ᠬᠤᠲᠠ ᠶᠢᠨ | ᠠᠮᠢ ᠠᠬᠤᠶ ᠶᠢᠨ ᠵᠢᠱᠢᠶ᠎ᠡ ᠦᠵᠡᠭᠦᠯᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠪᠠ | ᠳᠠᠪᠰᠢᠯᠲᠠ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ | ᠲᠦᠷᠭᠡᠪᠴᠢᠯᠡᠨ ᠪᠤᠶᠢᠵᠢᠭᠤᠯᠵᠤ᠂ ᠠᠵᠤ ᠠᠬᠤᠶᠢᠯᠠᠯ ᠢᠶᠠᠷ ᠣᠷᠣᠭᠤᠯᠤᠯᠲᠠ ᠶᠢᠨ ᠪᠡᠶᠡᠴᠢ ᠴᠣᠭᠴᠠ ᠪᠣᠯᠭᠠᠭᠰᠠᠨ᠂ | ᠵᠠᠰᠠᠭ ᠤᠨ ᠣᠷᠳᠣᠨ ᠤ ᠲᠦᠷᠦ ᠶᠢᠨ ᠪᠤᠳᠤᠯᠭ᠎ᠠ ᠪᠠᠷ ᠬᠥᠲᠥᠯᠥᠨ ᠵᠢᠯᠣᠭᠤᠳᠤᠭᠰᠠᠨ᠂ ᠰᠢᠨᠵᠢᠯᠡᠬᠦ ᠤᠬᠠᠭᠠᠨ | ᠮᠡᠷᠭᠡᠵᠢᠯ ᠬᠢᠭᠡᠳ ᠵᠠᠬ᠎ᠠ ᠳᠡᠯᠭᠡᠭᠦᠷ ᠢ ᠨᠢᠭᠲᠠ ᠤᠶᠠᠯᠳᠤᠭᠤᠯᠤᠭᠰᠠᠨ ᠤᠷᠮᠠᠰᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠨ ᠡᠰᠢᠴᠢᠯᠡᠭᠰᠡᠨ ᠣᠷᠣᠭᠤᠯᠤᠯᠲᠠ ᠶᠢᠨ ᠪᠠᠶᠢᠷᠢᠰᠢᠯ ᠢ | ᠪᠤᠢ ᠪᠣᠯᠭᠠᠨ᠎ᠠ᠃ ᠳᠡᠭᠡᠳᠦ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠢ ᠬᠥᠬᠢᠭᠦᠯᠦᠨ ᠱᠠᠩᠨᠠᠬᠤ ᠡᠷᠴᠢᠮ ᠢᠶᠠᠨ ᠴᠢᠩᠭᠠᠷᠠᠭᠤᠯᠵᠤ᠂ ᠠᠭᠤᠵᠢᠭᠤ ᠲᠠᠯᠪᠢᠭᠤ ᠰᠢᠨᠵᠢᠯᠡᠬᠦ | ᠤᠬᠠᠭᠠᠨ ᠤ ᠰᠤᠳᠤᠯᠭᠠᠨ ᠤ ᠣᠷᠴᠢᠨ ᠨᠥᠬᠦᠴᠡᠯ ᠢ ᠪᠤᠢ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠪᠣᠭᠤᠮᠲᠠ ᠰᠢᠪᠲᠣᠯᠬᠤ ᠶᠢ ᠵᠣᠷᠢᠭᠵᠢᠭᠤᠯᠣᠨ᠎ᠠ᠃ | ᠲᠠᠪᠤᠳᠤᠭᠠᠷ ᠬᠡᠰᠡᠭ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠨᠡᠶᠢᠭᠡᠮ ᠤᠨ ᠬᠢᠨ ᠤ ᠵᠠᠭᠤᠴᠢᠯᠠᠭᠤᠷ ᠤᠨ | ᠬᠠᠮᠵᠢᠯᠴᠠᠭ᠎ᠠ ᠳᠤ ᠣᠷᠣᠯᠴᠠᠬᠤ ᠶᠢ ᠠᠬᠢᠭᠤᠯᠵᠤ᠂ ᠠᠭᠤᠰᠤᠯᠴᠠᠭᠰᠠᠨ ᠰᠡᠳᠬᠢᠬᠦᠶ ᠪᠠᠷ ᠤᠯᠠᠮᠵᠢᠯᠠᠨ ᠲᠠᠷᠬᠠᠭᠠᠬᠤ | ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠤᠯᠠᠨ ᠵᠦᠢᠯ ᠤᠨ ᠤᠯᠠᠮᠵᠢᠯᠠᠨ ᠲᠠᠷᠬᠠᠭᠠᠬᠤ ᠠᠷᠭ᠎ᠠ ᠬᠡᠯᠪᠡᠷᠢ ᠪᠠᠷ | ᠳᠠᠮᠵᠢᠭᠤᠯᠤᠨ ᠰᠣᠨᠢᠨ ᠮᠡᠳᠡᠭᠡᠨ ᠤ ᠦᠭᠡ ᠬᠡᠯᠡ ᠶᠢ ᠠᠮᠢᠳᠤᠷᠠᠭᠤᠯᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠢᠳᠡᠪᠬᠢ ᠬᠦᠴᠦᠨ ᠢ ᠤᠯᠠᠮᠵᠢᠯᠠᠵᠤ᠂ ᠪᠦᠬᠦ ᠬᠤᠳᠠ ᠶᠢᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠠᠵᠢᠯᠯᠠᠭ᠎ᠠ ᠵᠢᠴᠢ ᠠᠮᠢ ᠠᠬᠤᠢ ᠶᠢ ᠡᠭᠦᠳᠦᠨ ᠪᠠᠶᠢᠭᠤᠯᠤᠭᠰᠠᠨ ᠠᠮᠵᠢᠯᠲᠠ ᠪᠦᠲᠦᠮᠵᠢ ᠶᠢ ᠴᠠᠭ | ᠲᠤᠬᠠᠢ ᠳᠤᠨᠢ ᠮᠡᠳᠡᠭᠡᠯᠡᠵᠦ᠂ ᠥᠷᠭᠡᠨ ᠤᠯᠠᠨ ᠺᠠᠳ᠋ᠷ ᠪᠠ ᠤᠯᠠᠨ ᠲᠦᠮᠡᠨ ᠤ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠬᠥᠭᠵᠢᠭᠡᠵᠦ᠂ ᠪᠦᠬᠦ ᠠᠷᠠᠳ ᠢᠶᠠᠷ ᠢᠶᠠᠨ ᠣᠷᠣᠯᠴᠠᠬᠤ ᠤᠬᠠᠮᠰᠠᠷ ᠢ | ᠳᠡᠭᠡᠭᠰᠢᠯᠡᠭᠦᠯᠵᠦ᠂ ᠪᠦᠬᠦ ᠨᠡᠶᠢᠭᠡᠮ ᠳᠤ ᠠᠮᠢ ᠠᠬᠤᠢ ᠶᠢᠨ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ ᠰᠠᠶᠢᠨ | ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ ᠠᠮᠢ ᠠᠬᠤᠶ ᠶᠢᠨ ᠪᠣᠯᠪᠠᠰᠤᠨ ᠤ ᠬᠠᠤᠯᠢ ᠴᠠᠭᠠᠵᠠ ᠬᠠᠤᠯᠢ | ᠲᠣᠭᠲᠠᠭᠠᠯ ᠢ ᠲᠦᠭᠡᠮᠡᠯᠵᠢᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠠᠶᠢᠲᠤᠷ ᠮᠡᠳᠡᠭᠡᠯᠡᠵᠦ᠂ ᠣᠷᠴᠢᠨ | ᠠᠬᠤᠶ ᠶᠢᠨ ᠬᠠᠤᠯᠢ ᠶᠢ ᠵᠥᠷᠢᠴᠡᠭᠰᠡᠨ ᠡᠯ᠎ᠡ ᠲᠦᠷᠦᠯ ᠤᠨ ᠠᠵᠢᠯᠯᠠᠭ᠎ᠠ ᠳᠤ ᠰᠠᠶᠢᠲᠤᠷ ᠬᠢᠨᠠᠯᠲᠠ ᠲᠠᠯᠪᠢᠵᠤ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠰᠠᠶᠢᠨ ᠰᠠᠶᠢᠬᠠᠨ ᠨᠡᠶᠢᠭᠡᠮ ᠤᠨ ᠬᠡᠪ | ᠰᠤᠷᠲᠠᠯ ᠢ ᠪᠤᠢ ᠪᠣᠯᠭᠠᠵᠤ᠂ ᠨᠡᠶᠢᠭᠡᠮ ᠳᠠᠶᠠᠭᠠᠷ ᠤᠨ ᠠᠷᠪᠢᠯᠠᠨ ᠭᠠᠮᠨᠠᠬᠤ ᠤᠬᠠᠮᠰᠠᠷ᠂ ᠣᠷᠴᠢᠨ ᠠᠬᠤᠶ ᠶᠢ | ᠬᠠᠮᠠᠭᠠᠯᠠᠬᠤ ᠤᠬᠠᠮᠰᠠᠷ᠂ ᠠᠮᠢ ᠠᠬᠤᠶ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠴᠢᠩᠭᠠᠳᠬᠠᠵᠤ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠤ ᠠᠮᠢ ᠠᠬᠤᠢ ᠶᠢᠨ | ᠣᠷᠴᠢᠨ ᠲᠣᠭᠤᠷᠢᠨ ᠢ ᠡᠪᠳᠡᠭᠰᠡᠨ ᠡᠯ᠎ᠡ ᠲᠦᠷᠦᠯ ᠤᠨ ᠠᠰᠠᠭᠤᠳᠠᠯ᠂ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ | ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠬᠦ ᠶᠢ ᠵᠣᠷᠢᠭᠵᠢᠭᠤᠯᠵᠤ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠶᠢᠭᠡᠮ ᠤᠨ ᠬᠢᠨᠠᠯᠲᠠ ᠬᠠᠮᠢᠶᠠᠷᠣᠯᠲᠠ ᠶᠢ ᠴᠢᠩᠭᠠᠳᠬᠠᠨ᠎ᠠ᠃ | | |