ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ  ᠭᠠᠯ ᠤᠨᠲᠠᠷᠠᠭᠠᠬᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠣᠷᠣᠯᠠᠨ ᠲᠤᠭᠤᠷᠪᠢᠭᠰᠠᠨ ᠨᠣᠣᠷᠠᠭ︶︾ ᠶᠢᠨ ᠰᠠᠨᠠᠯ ᠰᠠᠨᠠᠭᠤᠯᠭ᠎ᠠ ᠶᠢᠨ ᠬᠠᠷᠢᠭᠤᠯᠲᠠ
ᠨᠡᠶᠢᠲᠡᠯᠡᠭᠰᠡᠨ ᠴᠠᠭ᠄
2023/5/26
 ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ  ᠭᠠᠯ ᠤᠨᠲᠠᠷᠠᠭᠠᠬᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠣᠷᠣᠯᠠᠨ ᠲᠤᠭᠤᠷᠪᠢᠭᠰᠠᠨ ᠨᠣᠣᠷᠠᠭ︶︾ ᠶᠢᠨ ᠰᠠᠨᠠᠯ ᠰᠠᠨᠠᠭᠤᠯᠭ᠎ᠠ ᠶᠢᠨ ᠬᠠᠷᠢᠭᠤᠯᠲᠠᠠᠶᠢᠮᠠᠭ   ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ᠲᠠᠨ ᠤ ᠲᠣᠪᠴᠢᠶ᠎ᠠ ᠶᠢᠨ ᠳᠠᠮᠵᠢᠭᠤᠯᠤᠨ ᠲᠠᠷᠬᠠᠭᠠᠭᠰᠠᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠣᠷᠣᠯᠠᠨ ᠲᠤᠭᠤᠷᠪᠢᠭᠰᠠᠨ ᠨᠣᠣᠷᠠᠭ︶﹀ ᠳᠤ ᠵᠠᠰᠠᠪᠤᠷᠢ ᠣᠷᠣᠭᠤᠯᠬᠤ ᠰᠠᠨᠠᠯ ᠢ ᠬᠤᠷᠢᠶᠠᠬᠤ ᠲᠤᠬᠠᠢ ᠵᠠᠬᠢᠳᠠᠯ︾ ᠢ ᠨᠢᠭᠡᠨᠲᠡ ᠬᠤᠷᠢᠶᠠᠨ ᠣᠶᠢᠯᠠᠭᠠᠪᠠ᠂ ᠰᠣᠳᠣᠯᠣᠯᠲᠠ ᠪᠠᠷ ᠳᠡᠮᠵᠢᠨ᠂ ᠮᠠᠨ ᠤ ᠬᠤᠲᠠ ᠶᠢᠨ ᠣᠷᠣᠯᠠᠨ ᠲᠤᠭᠤᠷᠪᠢᠭᠰᠠᠨ ᠨᠣᠣᠷᠠᠭ ᠲᠤ ᠵᠠᠰᠠᠪᠤᠷᠢ ᠣᠷᠣᠭᠤᠯᠬᠤ ᠰᠠᠨᠠᠭᠤᠯᠭ᠎ᠠ ᠨᠢ ᠳᠣᠣᠷᠠᠬᠢ ᠮᠡᠲᠦ᠄︵ᠨᠢᠭᠡ︶ ᠲᠠᠪᠤᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠢ ᠵᠠᠰᠠᠭ   ᠤᠨ ᠣᠷᠳᠣᠨ ᠤ ᠲᠤᠰᠬᠠᠢ ᠲᠤᠰᠢᠶᠠᠯ   ᠤᠨ ᠭᠠᠯ ᠤᠨᠲᠠᠷᠠᠭᠠᠬᠤ ᠡᠩᠨᠡᠭᠡᠨ ᠤ ᠲᠥᠷᠥ ᠶᠢᠨ ᠪᠣᠳᠣᠯᠭ᠎ᠠ ᠲᠣᠭᠲᠠᠭᠠᠬᠤ᠂ ᠨᠢᠭᠡᠳᠦᠯᠲᠡᠢ ᠲᠥᠯᠥᠪᠵᠢᠭᠦᠯᠬᠦ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠠᠷᠢᠭᠤᠴᠠᠨ᠎ᠠ᠃ ᠠᠶᠢᠮᠠᠭ ᠬᠤᠳᠠ᠂ ᠬᠤᠰᠢᠭᠤ ᠰᠢᠶᠠᠨ ᠤ ᠱᠠᠲᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠤᠭᠤᠳ ᠲᠤᠰ ᠱᠠᠲᠤᠨ ᠤ ᠠᠷᠠᠳ ᠤᠨ ᠵᠠᠰᠠᠭ   ᠤᠨ ᠣᠷᠳᠣᠨ ᠤ ᠪᠠᠶᠢᠭᠤᠯᠤᠭᠰᠠᠨ ᠵᠠᠰᠠᠭ ᠤ ᠣᠷᠳᠣᠨ ᠤ ᠲᠤᠰᠬᠠᠢ ᠲᠤᠰᠢᠶᠠᠯ ᠤᠨ ᠭᠠᠯ ᠤᠨᠲᠠᠷᠠᠭᠠᠬᠤ ᠡᠩᠨᠡᠭᠡᠨ   ᠤ ᠬᠠᠮᠢᠶᠠᠷᠤᠯᠲᠠ ᠶᠢᠨ ᠠᠵᠢᠯ   ᠢ ᠬᠠᠷᠢᠭᠤᠴᠠᠬᠤ ᠶᠢᠨ ᠬᠠᠮᠲᠤ ᠰᠤᠮᠤ ᠰᠢᠶᠠᠩ ᠪᠠᠯᠭᠠᠰᠤ ︵ᠲᠠᠯᠠᠪᠠᠢ︶ ᠶᠢᠨ ᠠᠷᠠᠳ ᠤᠨ ᠵᠠᠰᠠᠭ   ᠤᠨ ᠣᠷᠳᠣᠨ ᠤ ᠪᠠᠶᠢᠭᠤᠯᠤᠭᠰᠠᠨ ᠵᠠᠰᠠᠭ   ᠤᠨ ᠣᠷᠳᠣᠨ ᠤ ᠲᠤᠰᠬᠠᠢ ᠲᠤᠰᠢᠶᠠᠯ ᠤᠨ ᠭᠠᠯ ᠤᠨᠲᠠᠷᠠᠭᠠᠬᠤ ᠠᠩᠭᠢ ᠶᠢᠨ ᠲᠤᠬᠠᠶᠢᠯᠠᠭᠰᠠᠨ ᠠᠵᠢᠯ   ᠤᠨ ᠵᠢᠯᠤᠭᠤᠳᠬᠤ ᠠᠵᠢᠯ   ᠢ ᠬᠠᠷᠢᠭᠤᠴᠠᠨ᠎ᠠ᠃ᠰᠠᠨᠠᠭᠤᠯᠭ᠎ᠠ᠄      1᠂ ᠵᠠᠰᠠᠭ   ᠤᠨ ᠣᠷᠳᠣᠨ ᠤ ᠲᠤᠰᠬᠠᠢ ᠲᠤᠰᠢᠶᠠᠯ ᠤᠨ ᠭᠠᠯ ᠤᠨᠲᠠᠷᠠᠭᠠᠬᠤ ᠡᠩᠨᠡᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ᠂ ᠨᠢᠭᠡᠳᠦᠯᠲᠡᠢ ᠲᠥᠯᠥᠪᠵᠢᠭᠦᠯᠬᠦ ᠶᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠲᠥᠷᠥ ᠶᠢᠨ ᠪᠣᠳᠣᠯᠭ᠎ᠠ᠂ ᠲᠥᠯᠦᠪᠵᠢᠭᠦᠯᠭᠡ ᠪᠠᠷ ᠯᠠᠪᠯᠠᠯᠲᠠ ᠪᠣᠯᠭᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠵᠤ ᠬᠡᠷᠡᠭᠵᠢᠭᠦᠯᠦᠨ᠎ᠡ᠃     2᠂ ᠵᠠᠰᠠᠭ ᠤᠨ ᠣᠷᠳᠣᠨ   ᠤ ᠲᠤᠰᠬᠠᠢ ᠲᠤᠰᠢᠶᠠᠯ   ᠤᠨ ᠭᠠᠯ ᠤᠨᠲᠠᠷᠠᠭᠠᠬᠤ ᠡᠩᠨᠡᠭᠡᠨ ᠤ ᠬᠠᠮᠢᠶᠠᠷᠤᠯᠲᠠ ᠶᠢ ᠬᠠᠷᠢᠶ᠎ᠠ ᠭᠠᠵᠠᠷ ᠤᠨ ᠪᠠᠴᠢᠮ ᠪᠠᠶᠢᠳᠠᠯ   ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ᠎ᠠ︔᡾ᠲᠤᠰ ᠱᠠᠲᠤᠨ ᠤ  ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠲᠤᠬᠠᠶᠢᠯᠠᠭᠰᠠᠨ ᠠᠵᠢᠯ   ᠤᠨ ᠵᠢᠯᠣᠭᠤᠳᠤᠯᠭ᠎ᠠ ᠬᠢᠭᠡᠳ ᠠᠵᠢᠯᠲᠠᠨ   ᠤ ᠪᠣᠯᠪᠠᠰᠤᠷᠠᠭᠤᠯᠤᠯ ᠢ ᠬᠠᠷᠢᠭᠤᠴᠠᠨ᠎ᠠ᠃︵ᠬᠤᠶᠠᠷ︶ ᠶᠢᠰᠦᠳᠦᠭᠡᠷ ᠵᠦᠢᠯ ᠤᠨ ᠳᠥᠷᠪᠡᠳᠦᠭᠡᠷ ᠵᠤᠷᠪᠤᠰ᠄ ᠰᠤᠮᠤ ᠰᠢᠶᠠᠩ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠭᠰᠠᠨ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ᠂ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠨᠢ ᠤᠯᠤᠰ ᠤᠨ ᠪᠠᠷᠢᠮᠵᠢᠶ᠎ᠠ ᠶᠢᠨ ︽ᠰᠢᠶᠠᠩ ᠪᠠᠯᠭᠠᠰᠤ ᠶᠢᠨ ᠭᠠᠯ ᠤᠨᠲᠠᠷᠠᠭᠠᠬᠤ ᠠᠩᠭᠢ ︵GB/T35547-2017︶ ︾ ᠶᠢᠨ ᠳᠣᠲᠣᠷᠠᠬᠢ ᠵᠣᠬᠢᠬᠤ ᠬᠡᠷᠡᠭᠴᠡᠭᠡ ᠱᠠᠭᠠᠷᠳᠠᠯᠭ᠎ᠠ ᠶᠢᠨ ᠲᠥᠷᠥᠯ ᠢᠯᠭᠠᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃ ᠰᠤᠮᠤ ᠰᠢᠶᠠᠩ ᠪᠠᠯᠭᠠᠰᠤ ︵ᠲᠠᠯᠠᠪᠠᠢ︶ ᠶᠢᠨ ᠭᠠᠯ ᠤᠨᠲᠠᠷᠠᠭᠠᠬᠤ ᠠᠩᠭᠢ   ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠨᠢ ᠡᠷᠬᠡᠪᠰᠢ ᠠᠶᠤᠯ ᠦᠭᠡᠢ ᠪᠥᠭᠡᠳ ᠪᠣᠳᠠᠲᠤ ᠬᠡᠷᠡᠭᠴᠡᠭᠡ ᠲᠠᠢ᠂  ᠠᠵᠣ ᠠᠬᠤᠢ ᠶᠢᠨ ᠲᠠᠯ᠎ᠠ ᠪᠠᠷ ᠵᠣᠬᠢᠰᠲᠠᠢ ᠪᠥᠭᠡᠳ  ᠵᠢᠵᠢᠭᠦᠷᠯᠡᠬᠦ ᠳᠤ ᠠᠰᠢᠭᠲᠠᠢ᠂ ᠠᠮᠢᠳᠤᠷᠠᠯ   ᠳᠤ ᠲᠦᠬᠦᠮ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠃ᠰᠠᠨᠠᠭᠤᠯᠭ᠎ᠠ᠄ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠶᠢᠨ ᠬᠠᠷᠢᠶᠠᠲᠤ ᠬᠥᠮᠥᠨ ᠠᠮᠠ᠂ ᠲᠠᠯᠠᠪᠠᠶ ᠵᠢᠴᠢ ᠲᠤᠬᠠᠢ ᠶᠢᠨ ᠭᠠᠵᠠᠷ ᠤᠨ ᠭᠠᠯ ᠤᠨ ᠠᠶᠤᠯ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠬᠡᠷᠡᠭᠴᠡᠭᠡ ᠶᠣᠰᠣᠭᠠᠷ ᠪᠦᠲᠦᠭᠡᠨ ᠪᠠᠶᠢᠭᠤᠯᠬᠤ ᠬᠡᠷᠡᠭᠲᠡᠢ᠃       ︵ᠭᠤᠷᠪᠠ︶ ᠠᠷᠪᠠᠨ ᠬᠤᠶᠠᠳᠤᠭᠠᠷ ᠵᠦᠢᠯ᠄ ᠡᠯ᠎ᠡ ᠭᠠᠵᠠᠷ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠤᠭᠤᠳ ᠬᠠᠷᠢᠴᠠᠩᠭᠤᠢ ᠪᠠᠶᠢᠭᠤᠯᠤᠮᠵᠢ ᠪᠠᠶᠢᠭᠤᠯᠬᠤ ᠪᠤᠶᠤ ᠲᠣᠳᠣᠷᠬᠠᠶᠢᠯᠠᠵᠤ᠂ ᠲᠤᠰᠬᠠᠢ ᠬᠥᠮᠥᠨ ᠲᠣᠬᠢᠷᠠᠭᠤᠯᠵᠤ  ᠵᠠᠰᠠᠭ ᠤᠨ ᠣᠷᠳᠣᠨ ᠤ ᠲᠤᠰᠬᠠᠢ ᠲᠤᠰᠢᠶᠠᠯ   ᠤᠨ ᠭᠠᠯ ᠤᠨᠲᠠᠷᠠᠭᠠᠬᠤ ᠡᠩᠨᠡᠭᠡᠨ ᠤ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠢᠯᠣᠭᠤᠳᠤᠯᠭ᠎ᠠ ᠶᠢ ᠬᠠᠷᠢᠴᠠᠭᠤᠯᠬᠤ ᠶᠢᠨ ᠬᠠᠮᠲᠤ ᠲᠡᠭᠦᠨ ᠢ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡᠨ ᠤ ᠬᠠᠮᠢᠶᠠᠷᠤᠯᠲᠠ ᠶᠢᠨ ᠪᠣᠯᠪᠠᠰᠤᠷᠠᠯ᢭ ᠤᠨ ᠡᠭᠦᠷᠭᠡ ᠭᠦᠢᠴᠡᠳᠬᠡᠬᠦ ᠰᠢᠰᠲ᠋ᠧᠮ ᠳᠤ ᠣᠷᠣᠭᠤᠯᠵᠤ᠂ ᠨᠢᠭᠡᠳᠦᠯᠲᠡᠢ ᠬᠠᠮᠢᠶᠠᠷᠬᠤ ᠪᠠ ᠲᠣᠬᠢᠷᠠᠭᠤᠯᠤᠨ ᠵᠢᠯᠤᠭᠤᠳᠬᠤ ᠬᠡᠷᠡᠭᠲᠡᠢ᠃ ᠬᠤᠲᠠ᠂ ᠰᠢᠶᠠᠨ ᠤ  ᠪᠠᠶᠢᠭᠤᠯᠤᠭᠰᠠᠨ ᠲᠣᠭᠤᠷᠢᠭ ᠲᠠᠬᠢ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠭᠡᠰᠢᠭᠦᠳ ᠢ ᠲᠤᠰᠠᠭᠠᠷ ᠨᠢ ᠠᠩᠭᠢᠯᠠᠨ ᠪᠠᠶᠢᠭᠤᠯᠪᠠᠯ ᠵᠣᠬᠢᠨ᠎ᠠ᠃ᠰᠠᠨᠠᠭᠤᠯᠭ᠎ᠠ᠄1. ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠡᠩᠨᠡᠭᠡ ᠶᠢᠨ ᠬᠠᠮᠢᠶᠠᠷᠤᠯᠲᠠ ᠶᠢ ᠬᠠᠷᠢᠶ᠎ᠠ ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ᠎ᠠ︔ ᠲᠤᠰ ᠱᠠᠲᠤᠨ ᠤ  ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠤᠭᠤᠳ ᠲᠤᠬᠠᠶᠢᠯᠠᠭᠰᠠᠨ ᠠᠵᠢᠯ   ᠤᠨ ᠵᠢᠯᠣᠭᠤᠳᠤᠯᠭ᠎ᠠ ᠬᠢᠭᠡᠳ ᠠᠵᠢᠯᠲᠠᠨ   ᠤ ᠪᠣᠯᠪᠠᠰᠤᠷᠠᠭᠤᠯᠤᠯ   ᠢ ᠬᠠᠷᠢᠭᠤᠴᠠᠨ᠎ᠠ᠃      2᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠤᠭᠤᠳ ᠬᠠᠷᠢᠶ᠎ᠠ ᠣᠷᠣᠨ ᠤ ᠢᠶᠠᠨ ᠰᠢᠶᠠᠩ ᠪᠠᠯᠭᠠᠰᠤ ᠶᠢᠨ ᠲᠤᠰᠬᠠᠢ ᠲᠤᠰᠢᠶᠠᠯ   ᠤᠨ ᠭᠠᠯ ᠤᠨᠲᠠᠷᠠᠭᠠᠬᠤ ᠠᠩᠭᠢ᠂ ᠠᠵᠤ ᠠᠬᠤᠶᠢᠯᠠᠯ ᠤᠨ ᠲᠤᠰᠬᠠᠢ ᠲᠤᠰᠢᠶᠠᠯ   ᠤᠨ ᠭᠠᠯ ᠤᠨᠲᠠᠷᠠᠭᠠᠬᠤ ᠠᠩᠭᠢ ᠪᠣᠯᠣᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ ᠶᠢᠨ ᠠᠵᠢᠯᠲᠠᠨ   ᠢ ᠲᠤᠬᠠᠶᠢᠯᠠᠭᠰᠠᠨ ᠠᠵᠢᠯ   ᠤᠨ ᠬᠠᠮᠢᠶᠠᠷᠤᠯᠲᠠ ᠬᠢᠭᠡᠳ ᠵᠢᠯᠣᠭᠤᠳᠤᠯᠭ᠎ᠠ ᠳᠤ ᠱᠠᠲᠤ ᠳᠠᠷᠠᠭᠠᠯᠠᠨ ᠣᠷᠣᠭᠤᠯᠬᠤ ᠶᠢ ᠬᠠᠷᠢᠭᠤᠴᠠᠨ᠎ᠠ᠃                                                                                                          2023 ᠣᠨ ᠤ 5 ᠰᠠᠷ᠎ᠠ ᠶᠢᠨ 25
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号