ᠲᠠᠪᠤᠨ ᠶᠡᠭᠡ ᠡᠭᠦᠷᠭᠡ ᠶᠢ ᠪᠡᠶᠡᠯᠡᠭᠦᠯᠦᠨ ᠠᠮᠵᠢᠯᠲᠠ ᠪᠦᠲᠦᠮᠵᠢ ᠭᠠᠷᠭᠠᠬᠤ ᠶᠢ ᠠᠬᠢᠭᠤᠯᠤᠶ᠎ᠠ | ᠰᠢᠯᠢ ᠶᠢᠨ ᠬᠤᠲᠠ ᠬᠠᠪᠤᠷ ᠤᠨ ᠰᠠᠶᠢᠬᠠᠨ ᠳᠤ ᠲᠣᠬᠢᠷᠠᠭᠤᠯᠣᠨ ᠲᠠᠷᠢᠶᠠᠯᠠᠭ᠎ᠠ ᠶᠢ ᠡᠬᠢᠯᠡᠭᠦᠯᠦᠯ᠎ᠡ | ᠵᠢᠯ ᠤᠨ ᠥᠩᠭᠡ ᠬᠠᠪᠣᠷ ᠲᠠᠭᠠᠨ ᠭᠡᠳᠡᠭ ᠢᠶᠠᠷ ᠰᠢᠯᠢ ᠶᠢᠨ ᠬᠤᠲᠠ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠦᠢᠯᠡᠳᠪᠦᠷᠢᠯᠡᠯ ᠤᠨ ᠬᠠᠯᠠᠭᠤᠨ ᠥᠷᠨᠢᠯᠲᠡ ᠪᠦᠬᠦ ᠲᠠᠯ᠎ᠠ ᠪᠠᠷ ᠡᠬᠢᠯᠡᠵᠦ᠂ ᠲᠠᠷᠢᠶᠠᠨ ᠭᠠᠵᠠᠷ ᠲᠤ ᠬᠠᠪᠤᠷ ᠤᠨ | ᠲᠠᠷᠢᠶᠠᠯᠠᠭ᠎ᠠ ᠶᠢᠨ ᠵᠢᠷᠤᠭ ᠤᠳ ᠠᠯᠭᠤᠷᠬᠠᠨ ᠢᠶᠠᠷ ᠳᠡᠯᠭᠡᠭᠳᠡᠪᠡ᠃ ᠴᠠᠭ ᠠᠭᠤᠷ ᠤᠨ ᠤᠯᠠᠮ ᠢᠶᠠᠷ ᠰᠠᠶᠢᠵᠢᠷᠠᠬᠤ ᠶᠢ | ᠳᠠᠭᠠᠯᠳᠤᠨ᠂ ᠪᠠᠶᠠᠨᠰᠢᠯᠢ ᠮᠠᠯᠵᠢᠯ ᠤᠨ ᠲᠠᠯᠠᠪᠠᠢ ᠲᠠᠷᠢᠶᠠᠨ ᠠᠵᠢᠯ ᠢᠶᠠᠨ ᠡᠬᠢᠯᠡᠭᠦᠯᠵᠦ᠂ ᠭᠠᠵᠠᠷ ᠪᠣᠯᠭᠠᠨ ᠳᠤ ᠬᠦᠷ | ᠬᠥᠭᠵᠢᠶᠡᠨ ᠲᠠᠢ ᠬᠠᠪᠤᠷ ᠤᠨ ᠲᠠᠷᠢᠶᠠᠯᠠᠭ᠎ᠠ ᠶᠢᠨ ᠪᠠᠶᠢᠳᠠᠯ ᠢᠯᠡᠷᠡᠪᠡ᠃ ᠲᠠᠷᠢᠶᠠᠴᠢᠳ ᠦᠷ᠎ᠡ ᠰᠠᠴᠤᠬᠤ ᠮᠠᠰᠢᠨ | ᠢᠶᠠᠨ ᠵᠢᠯᠣᠭᠤᠳᠤᠨ ᠲᠠᠷᠢᠶᠠᠨ ᠭᠠᠵᠠᠷ ᠢᠶᠠᠷ ᠨᠠᠭᠠᠰᠢ ᠴᠠᠭᠠᠰᠢ ᠰᠦᠯᠵᠢᠯᠳᠦᠵᠦ᠂ ᠪᠣᠷᠳᠣᠭᠤᠷ ᠣᠷᠣᠭᠤᠯᠬᠤ᠂ ᠦᠷ᠎ᠡ | ᠲᠠᠷᠢᠬᠤ᠂ ᠰᠢᠷᠣᠢ ᠣᠷᠪᠠᠭᠤᠯᠬᠤ ᠵᠡᠷᠭᠡ ᠠᠵᠢᠯ ᠤᠨ ᠳᠡᠰ ᠳᠠᠷᠠᠭ᠎ᠠ ᠨᠤᠭᠤᠳ ᠡᠮᠬᠢ ᠵᠢᠷᠤᠮ ᠲᠠᠢ ᠶᠠᠪᠤᠭᠳᠠᠵᠤ᠂ | ᠦᠷ᠎ᠡ ᠰᠠᠴᠤᠬᠤ ᠮᠠᠰᠢᠨ ᠤ ᠬᠦᠷᠴᠢᠭᠢᠨᠡᠬᠦ ᠲᠠᠭᠤᠨ ᠢ ᠳᠠᠭᠠᠯᠳᠤᠨ᠂ ᠨᠢᠭᠡ ᠨᠢᠭᠡ ᠮᠥᠬᠦᠯᠢᠭ ᠪᠤᠭᠤᠳᠠᠢ ᠶᠢᠨ ᠦᠷ᠎ᠡ | ᠪᠣᠯᠣᠨ ᠴᠢᠨᠠᠷ ᠰᠠᠶᠢᠲᠠᠢ ᠪᠣᠷᠳᠣᠭᠤᠷ ᠬᠥᠷᠥᠰᠥᠨ ᠳᠤ ᠲᠠᠷᠢᠭᠳᠠᠨ ᠣᠷᠣᠯ᠎ᠠ᠃ | ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ | ᠲᠥᠯᠥᠭᠡ᠂ ᠪᠠᠶᠠᠨᠰᠢᠯᠢ ᠮᠠᠯᠵᠢᠯ ᠤᠨ ᠲᠠᠯᠠᠪᠠᠶ ᠡᠷᠲᠡ ᠠᠴᠠ ᠲᠥᠯᠦᠪᠯᠡᠨ ᠲᠣᠬᠢᠷᠠᠭᠤᠯᠵᠤ᠂ ᠡᠷᠲᠡ ᠠᠴᠠ ᠬᠥᠳᠡᠯᠦᠨ | ᠂ ᠦᠢᠯᠡᠳᠪᠦᠷᠢᠯᠡᠯ ᠡᠵᠡᠩᠨᠡᠯᠲᠡ ᠶᠢᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠲᠠᠷᠢᠮᠠᠯ ᠤᠨ | ᠪᠦᠲᠦᠴᠡ ᠶᠢᠨ ᠲᠣᠬᠢᠷᠠᠭᠤᠯᠤᠯᠲᠠ ᠶᠢ ᠵᠦᠢ ᠵᠣᠬᠢᠰᠲᠠᠢ ᠲᠣᠬᠢᠷᠠᠭᠤᠯᠤᠨ᠂ ᠠᠵᠢᠯᠲᠠᠳ ᠢ ᠵᠣᠬᠢᠶᠠᠨ ᠪᠠᠶᠢᠭᠤᠯᠤᠨ | ᠬᠠᠪᠤᠷ ᠤᠨ ᠲᠠᠷᠢᠶᠠᠯᠠᠭ᠎ᠠ ᠳᠤ ᠬᠡᠷᠡᠭᠯᠡᠬᠦ ᠲᠷᠠᠺᠲ᠋ᠣᠷ᠂ ᠦᠷ᠎ᠡ ᠰᠠᠴᠤᠬᠤ ᠮᠠᠰᠢᠨ ᠵᠡᠷᠭᠡ ᠲᠠᠷᠢᠶᠠᠯᠠᠩ ᠤᠨ ᠮᠠᠰᠢᠨ | ᠪᠠᠭᠠᠵᠢ ᠶᠢ ᠪᠥᠬᠦ ᠲᠠᠯ᠎ᠠ ᠪᠠᠷ ᠪᠠᠶᠢᠴᠠᠭᠠᠨ ᠵᠠᠰᠠᠬᠤ᠂ ᠲᠤᠷᠰᠢᠨ ᠲᠣᠬᠢᠷᠠᠭᠤᠯᠬᠤ ᠪᠠ ᠠᠷᠠᠴᠢᠯᠠᠨ ᠬᠠᠮᠠᠭᠠᠯᠠᠵᠤ᠂ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠰᠠᠶᠢᠲᠤᠷ ᠬᠢᠵᠦ᠂ | ᠪᠥᠬᠦ ᠵᠢᠯ ᠤᠨ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠡᠯᠪᠡᠭ ᠬᠤᠷᠢᠶᠠᠯᠲᠠ ᠣᠯᠬᠤ ᠳᠤ ᠪᠠᠲᠤ ᠪᠠᠬᠢ | ᠰᠠᠭᠤᠷᠢ ᠶᠢ ᠲᠠᠯᠪᠢᠭᠰᠠᠨ ᠪᠠᠶᠢᠨ᠎ᠠ᠃ | ᠪᠠᠶᠠᠨᠰᠢᠯᠢ ᠮᠠᠯᠵᠢᠯ ᠤᠨ ᠲᠠᠯᠠᠪᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠤᠨ ᠡᠭᠦᠷᠭᠡ ᠶᠢ ᠦᠨᠡᠨᠬᠦ ᠡᠭᠦᠷᠭᠡᠯᠡᠪᠡ᠃ ᠲᠠᠷᠢᠶᠠᠨ ᠭᠠᠵᠠᠷ ᠲᠤ ᠠᠵᠢᠯᠯᠠᠬᠤ ᠶᠠᠪᠤᠴᠠ ᠳᠤ | ᠵᠤᠷᠪᠤᠰᠯᠠᠨ ᠳᠠᠷᠢᠬᠤ᠂ ᠰᠡᠯᠡᠭᠦᠴᠡᠨ ᠨᠣᠭᠤᠭᠠᠷᠠᠭᠤᠯᠬᠤ ᠵᠡᠷᠭᠡ ᠲᠠᠷᠢᠶᠠᠯᠠᠬᠤ ᠠᠷᠭ᠎ᠠ ᠬᠡᠮᠵᠢᠶ᠎ᠡ ᠶᠢ ᠪᠠᠷᠢᠮᠲᠠᠯᠠᠵᠤ᠂ | ᠡᠯᠡᠰᠦ ᠰᠠᠯᠬᠢ ᠶᠡᠭᠡ ᠠᠴᠠ ᠪᠣᠯᠵᠤ ᠲᠠᠷᠢᠶᠠᠨ ᠭᠠᠵᠠᠷ ᠤᠨ ᠡᠯᠡᠰᠦᠷᠬᠡᠭᠵᠢᠬᠦ ᠶᠢ ᠰᠡᠷᠭᠡᠶᠢᠯᠡᠬᠦ ᠮᠥᠷᠲᠡᠭᠡᠨ ᠲᠠᠷᠢᠶᠠᠨ | ᠭᠠᠵᠠᠷ ᠤᠨ ᠰᠢᠮ᠎ᠡ ᠶᠢ ᠳᠡᠭᠡᠭᠰᠢᠯᠡᠭᠦᠯᠵᠦ᠂ ᠮᠠᠯᠵᠢᠯ ᠤᠨ ᠲᠠᠯᠠᠪᠠᠶ ᠶᠢᠨ ᠦᠷᠭᠦᠯᠵᠢᠯᠡᠨ ᠬᠥᠭᠵᠢᠬᠦ ᠳᠤ ᠰᠠᠶᠢᠨ | ᠰᠠᠭᠤᠷᠢ ᠲᠠᠯᠪᠢᠵᠤ ᠥᠭᠪᠡ᠃ ᠡᠭᠦᠨ ᠤ ᠬᠠᠮᠲᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠶᠡᠭᠡ ᠪᠠᠷ | ᠬᠥᠭᠵᠢᠭᠦᠯᠵᠦ᠂ ᠳᠤᠰᠤᠯᠭᠠᠨ ᠤᠰᠤᠯᠠᠬᠤ ᠤᠰᠤᠯᠠᠯᠲᠠ ᠶᠢᠨ ᠵᠠᠭᠪᠤᠷ ᠢ ᠬᠡᠷᠡᠭᠯᠡᠨ᠂ ᠤᠰᠤ ᠶᠢ ᠠᠷᠪᠢᠯᠠᠵᠤ᠂ | ᠰᠦᠷᠴᠢᠨ ᠤᠰᠤᠯᠠᠬᠤ ᠤᠰᠤᠯᠠᠯᠲᠠ ᠲᠠᠢ ᠬᠠᠷᠢᠴᠠᠭᠤᠯᠪᠠᠯ ᠤᠰᠤ ᠬᠡᠷᠡᠭᠯᠡᠬᠦ ᠬᠡᠮᠵᠢᠶ᠎ᠡ ᠶᠢ 30% ᠣᠷᠴᠢᠮ ᠢᠶᠠᠷ | ᠪᠠᠭᠠᠰᠬᠠᠵᠤ᠂ ᠤᠰᠤᠯᠠᠯᠲᠠ ᠶᠢᠨ ᠤᠰᠤ ᠬᠡᠷᠡᠭᠯᠡᠬᠦ ᠨᠣᠷᠮ᠎ᠠ ᠶᠢ ᠨᠡᠮᠡᠭᠳᠡᠭᠦᠯᠵᠡᠢ᠃ ᠡᠨᠡ ᠵᠢᠯ᠂ ᠮᠠᠯᠵᠢᠯ ᠤᠨ | ᠲᠠᠯᠠᠪᠠᠶ ᠳᠤ ᠪᠠᠰᠠ 2 ᠲᠣᠮᠣ ᠮᠣᠷᠢᠨ ᠬᠦᠴᠦᠨ ᠤ ᠲᠷᠠᠺᠲ᠋ᠣᠷ ᠵᠢᠴᠢ ᠢᠵᠢ ᠪᠦᠷᠢᠳᠦᠭᠰᠡᠨ ᠲᠣᠮᠣ ᠬᠡᠯᠪᠡᠷᠢ ᠶᠢᠨ ᠠᠮᠤ | ᠪᠤᠳᠠᠭ᠎ᠠ ᠳᠠᠷᠢᠬᠤ ᠮᠠᠰᠢᠨ ᠬᠤᠳᠠᠯᠳᠤᠨ ᠠᠪᠴᠤ᠂ ᠨᠠᠷᠬᠠᠳᠠᠬᠤ᠂ ᠳᠠᠷᠢᠬᠤ᠂ ᠲᠠᠷᠣᠬᠤ ᠵᠡᠷᠭᠡ ᠣᠯᠠᠨ ᠵᠦᠢᠯ ᠤᠨ | ᠠᠵᠢᠯ ᠤᠨ ᠳᠠᠷᠠᠭᠠᠯᠠᠯ ᠢ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠪᠣᠯᠭᠠᠨ ᠬᠤᠪᠢᠷᠠᠭᠤᠯᠵᠤ᠂ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠡᠨᠧᠷᠭᠢ ᠶᠢᠨ ᠬᠤᠷᠣᠭᠳᠠᠯ ᠢ ᠪᠠᠭᠠᠰᠬᠠᠬᠤ ᠪᠠᠷ ᠪᠠᠷᠠᠬᠤ ᠦᠭᠡᠢ ᠪᠠᠰᠠ ᠲᠠᠷᠢᠶᠠᠨ | ᠭᠠᠵᠠᠷ ᠤᠨ ᠴᠢᠭᠢᠭ ᠤᠨ ᠪᠠᠶᠢᠳᠠᠯ ᠢ ᠪᠠᠲᠤᠯᠠᠵᠤ ᠴᠢᠳᠠᠪᠠ᠃ | ᠣᠶᠢᠯᠠᠭᠠᠭᠰᠠᠨ ᠢᠶᠠᠷ᠂ ᠪᠠᠶᠠᠨᠰᠢᠯᠢ ᠮᠠᠯᠵᠢᠯ ᠤᠨ ᠲᠠᠯᠠᠪᠠᠶ 2023 ᠣᠨ ᠳᠤ 9.6 ᠲᠦᠮᠡᠨ ᠮᠦ ᠲᠠᠷᠢᠶ᠎ᠠ | ᠳᠠᠷᠢᠬᠤ ᠪᠠᠷ ᠲᠥᠯᠥᠪᠯᠡᠵᠦ ᠪᠣᠶ᠃ ᠡᠭᠦᠨ ᠳᠤ᠂ ᠪᠤᠭᠤᠳᠠᠢ 2 ᠲᠦᠮᠡᠨ ᠮᠦ᠂ ᠶᠤᠤᠮᠠᠢ 2 ᠲᠦᠮᠡᠨ ᠮᠦ᠂ | ᠨᠣᠬᠠᠢ ᠶᠢᠨ ᠬᠤᠰᠢᠭᠤ ᠶᠢᠨ ᠡᠪᠡᠰᠦ 3 ᠲᠦᠮᠡᠨ ᠮᠦ᠂ ᠨᠣᠭᠤᠭᠠᠨᠲ᠋ᠠᠷᠤᠰᠢ ᠶᠢᠨ ᠡᠷᠳᠡᠨᠢ ᠰᠢᠰᠢ 0.3 ᠲᠦᠮᠡᠨ ᠮᠦ | ᠂ ᠲᠥᠮᠥᠰᠥ 1.1 ᠲᠦᠮᠡᠨ ᠮᠦ᠂ ᠰᠢᠬᠢᠷ ᠯᠤᠤᠪᠠᠩ 0.4 ᠲᠦᠮᠡᠨ ᠮᠦ᠂ ᠪᠣᠷᠣ ᠴᠠᠷᠭᠠᠰᠤ ᠶᠢᠨ ᠡᠪᠡᠰᠦ 0.8 | ᠲᠦᠮᠡᠨ ᠮᠦ ᠪᠣᠯᠣᠨ᠎ᠠ ᠃ ᠳᠠᠷᠠᠭᠠᠴᠢ ᠶᠢᠨ ᠠᠯᠬᠤᠮ ᠳᠤ᠂ ᠮᠠᠯᠵᠢᠯ ᠤᠨ ᠲᠠᠯᠠᠪᠠᠶ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ᠂ ᠲᠥᠮᠥᠰᠥ᠂ ᠪᠤᠭᠤᠳᠠᠢ᠂ ᠶᠤᠤᠮᠠᠢ ᠵᠡᠷᠭᠡ ᠠᠮᠤ ᠪᠤᠳᠠᠭ᠎ᠠ ᠲᠠᠷᠢᠬᠤ ᠲᠠᠯᠠᠪᠠᠢ ᠶᠢ | ᠥᠷᠭᠡᠳᠬᠡᠬᠦ ᠶᠢᠨ ᠬᠠᠮᠲᠤ᠂ ᠮᠠᠯᠵᠢᠯ ᠤᠨ ᠲᠠᠯᠠᠪᠠᠢ ᠶᠢᠨ ᠲᠠᠷᠢᠶᠠᠨ ᠭᠠᠵᠠᠷ ᠤᠨ ᠪᠣᠬᠢᠷᠲᠤᠯ ᠦᠭᠡᠢ ᠳᠠᠪᠠᠭᠤᠯᠢᠭ ᠢ | ᠭᠦᠢᠴᠡᠳ ᠠᠰᠢᠭᠯᠠᠵᠤ᠂ ᠲᠥᠮᠥᠰᠥ᠂ ᠶᠤᠤᠮᠠᠢ᠂ ᠨᠣᠬᠠᠢ ᠶᠢᠨ ᠬᠤᠰᠢᠭᠤ ᠶᠢᠨ ᠦᠷ᠎ᠡ ᠶᠢ ᠦᠷᠡᠵᠢᠭᠦᠯᠦᠨ | ᠪᠣᠶᠢᠵᠢᠭᠤᠯᠬᠤ ᠶᠢ ᠥᠷᠭᠡᠳᠬᠡᠬᠦ ᠶᠢᠨ ᠬᠠᠮᠲᠤ ᠦᠷ᠎ᠡ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠵᠤ᠂ | ᠦᠷ᠎ᠡ ᠦᠷᠡᠵᠢᠭᠦᠯᠦᠨ ᠪᠣᠶᠢᠵᠢᠭᠤᠯᠬᠤ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠦᠷ᠎ᠡ ᠶᠢᠨ | ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | | |