6 ᠰᠠᠷ᠎ᠠ ᠶᠢᠨ 23 ᠤ ᠡᠳᠦᠷ ᠂ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠳᠤ ᠲᠡᠪᠰᠢᠬᠦ ᠣᠯᠣᠰ ᠤᠨ | ᠨᠢᠭᠡᠳᠦᠯᠲᠠᠢ ᠰᠢᠯᠭᠠᠯᠲᠠ ᠶᠢᠨ ᠬᠤᠪᠢ ᠶᠢ ᠦᠵᠡᠵᠦ ᠪᠣᠯᠣᠨ᠎ᠠ | 6 ᠰᠠᠷ᠎ᠠ ᠶᠢᠨ 9 ᠤ ᠡᠳᠦᠷ᠂ ᠬᠡᠰᠡᠭ ᠰᠢᠯᠭᠠᠭᠤᠯᠤᠭᠴᠢ ᠶᠢᠨ ᠣᠷᠣᠯᠴᠠᠭᠰᠠᠨ ᠶᠡᠭᠡ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ ᠶᠢᠨ ᠬᠢᠴᠢᠶᠡᠯ ᠲᠥᠷᠥᠯ ᠤᠨ ᠮᠣᠩᠭᠤᠯ ᠬᠡᠯᠡ ︵ᠬᠥᠬᠡ︶᠂ ᠮᠣᠩᠭᠤᠯ ᠬᠡᠯᠡ ︵ | ᠬᠥᠬᠡᠭᠴᠢᠨ︶ ᠳᠠᠭᠤᠰᠬᠤ ᠶᠢ ᠳᠠᠭᠠᠯᠳᠤᠨ᠂ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠶᠡᠭᠡ ᠳᠡᠭᠡᠳᠦ ᠰᠤᠷᠭᠠᠭᠤᠯᠢ ᠳᠤ ᠲᠡᠪᠰᠢᠬᠦ ᠣᠯᠣᠰ ᠤᠨ ᠨᠢᠭᠡᠳᠦᠯᠲᠠᠢ ᠰᠢᠯᠭᠠᠯᠲᠠ ᠲᠡᠭᠦᠰᠦᠯ᠎ᠡ ᠃ | ᠵᠠᠯᠭᠠᠭᠠᠳ ᠰᠢᠯᠭᠠᠭᠤᠯᠤᠭᠴᠢᠳ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠬᠦ ᠶᠢ ᠬᠦᠯᠢᠶᠡᠨ᠎ᠡ᠃ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ 6 ᠰᠠᠷ᠎ᠠ ᠶᠢᠨ 9 ᠤ ᠡᠳᠦᠷ ᠠᠴᠠ ᠡᠬᠢᠯᠡᠨ ᠰᠦᠯᠵᠢᠶᠡᠨ ᠳᠡᠭᠡᠷ᠎ᠡ | ᠰᠢᠯᠭᠠᠯᠲᠠ ᠦᠵᠡᠨ᠎ᠡ᠂ ᠬᠢᠷᠢ ᠪᠦᠲᠦᠮᠵᠢ ᠶᠢ 6 ᠰᠠᠷ᠎ᠠ ᠶᠢᠨ 23 ᠤ ᠡᠳᠦᠷ ᠨᠡᠶᠢᠲᠡᠯᠡᠨ᠎ᠡ᠂ ᠰᠢᠯᠭᠠᠭᠤᠯᠤᠭᠴᠢ ᠥᠪᠥᠷ | ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠤ ᠭᠠᠷᠴᠤ ᠰᠦᠢᠳᠬᠡᠯ | ᠲᠣᠰᠢᠶᠠᠬᠤ ᠦᠭᠡᠢ ᠪᠠᠷ ᠬᠤᠪᠢ ᠪᠠᠨ ᠡᠷᠢᠵᠦ ᠪᠣᠯᠣᠨ᠎ᠠ᠃ | ᠰᠢᠯᠭᠠᠭᠤᠯᠤᠭᠴᠢ ᠳᠤ ᠰᠠᠨᠠᠭᠤᠯᠬᠤ ᠨᠢ᠂ ᠵᠤᠷᠰᠢᠯ ᠶᠣᠰᠣᠭᠠᠷ᠂ ᠬᠤᠪᠢ ᠪᠠᠨ ᠦᠵᠡᠭᠰᠡᠨ ᠤ ᠳᠠᠷᠠᠭ᠎ᠠ ᠥᠪᠥᠷ | ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠭᠠᠷᠴᠤ ᠲᠠᠭᠯᠠᠵᠤ ᠪᠣᠯᠬᠤ | ᠶᠡᠭᠡ ᠳᠡᠭᠡᠳᠦ ᠰᠤᠷᠭᠠᠭᠤᠯᠢ ᠶᠢᠨ ᠨᠡᠷᠡᠰ ᠢ ᠦᠵᠡᠵᠦ᠂ ᠥᠪᠡᠷ ᠤᠨ ᠶᠡᠭᠡ ᠳᠡᠭᠡᠳᠦ ᠰᠤᠷᠭᠠᠭᠤᠯᠢ ᠳᠤ ᠡᠯᠰᠡᠬᠦ | ᠰᠢᠯᠭᠠᠯᠲᠠ ᠶᠢᠨ ᠬᠢᠷᠢ ᠪᠦᠲᠦᠮᠵᠢ ᠪᠠᠨ ᠦᠨᠳᠦᠰᠦᠯᠡᠨ ᠰᠠᠨᠠᠭᠠᠨ ᠳᠤ ᠳᠠᠭᠠᠷᠠᠭᠰᠠᠨ ᠶᠡᠭᠡ ᠳᠡᠭᠡᠳᠦ ᠰᠤᠷᠭᠠᠭᠤᠯᠢ ᠪᠠ | ᠲᠤᠰᠬᠠᠢ ᠮᠡᠷᠭᠡᠵᠢᠯ ᠢᠶᠠᠨ ᠰᠣᠩᠭᠤᠬᠤ ᠶᠢᠨ ᠬᠠᠮᠲᠤ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠶᠠᠪᠤᠴᠠ ᠶᠢ | ᠤᠷᠢᠳᠴᠢᠯᠠᠨ ᠣᠶᠢᠯᠠᠭᠠᠵᠤ ᠪᠣᠯᠣᠨ᠎ᠠ ᠃ 6 ᠰᠠᠷ᠎ᠠ ᠶᠢᠨ 23 ᠤ ᠡᠳᠦᠷ ᠠᠴᠠ 26 ᠤ ᠡᠳᠦᠷ ᠪᠣᠯᠲᠠᠯ᠎ᠠ᠂ | ᠰᠢᠯᠭᠠᠭᠤᠯᠤᠭᠴᠢ ᠰᠢᠯᠭᠠᠯᠲᠠ ᠶᠢᠨ ᠬᠤᠪᠢ ᠪᠠᠨ ᠳᠠᠬᠢᠨ ᠪᠠᠶᠢᠴᠠᠭᠠᠯᠭᠠᠬᠤ ᠪᠠᠷ ᠡᠷᠡᠮᠡᠯᠵᠡᠵᠦ ᠪᠣᠯᠣᠨ᠎ᠠ᠃ 6 | ᠰᠠᠷ᠎ᠠ ᠶᠢᠨ 25 ᠤ ᠡᠳᠦᠷ ᠠᠴᠠ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠣᠷᠣᠭᠴᠢ | ᠡᠯᠰᠡᠬᠦ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠶᠢ ᠨᠡᠶᠢᠳᠡᠯᠡᠨ᠎ᠡ᠃ | ᠰᠢᠯᠭᠠᠭᠤᠯᠤᠭᠴᠢ ᠶᠢᠨ ᠦᠢᠯᠡᠴᠢᠯᠡᠭᠡ ᠵᠢᠴᠢ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠰᠠᠶᠢᠨ ᠳᠤᠷ᠎ᠠ ᠶᠢᠨ | ᠲᠠᠪᠴᠠᠩ ᠤᠨ ᠰᠦᠯᠵᠢᠶᠡᠨ ᠤ ᠬᠠᠶ᠋ᠢᠭ᠄ | https://www1.nm.zsks.cn/kscx/ | ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠲᠤᠰᠬᠠᠢ ᠪᠤᠯᠤᠩ ᠤᠨ ᠬᠠᠶ᠋ᠢᠭ᠄ | https://www.nm.zsks.cn/23gkwb/ |