ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠲᠣᠰ ᠪᠠᠶᠢᠭᠤᠯᠭ᠎ᠠ ᠶᠢᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠦᠢᠯᠡᠴᠢᠯᠡᠭᠡ ᠶᠢ ᠭᠥᠷᠳᠡᠬᠦ ᠳᠤ ᠲᠥᠬᠦᠮ | ᠦᠵᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠲᠣᠰ ᠵᠦᠭᠯᠡᠭᠦᠷ ᠢ | ᠨᠠᠶᠢᠷᠠᠭᠤᠯᠤᠨ ᠵᠣᠬᠢᠶᠠᠨ᠎ᠠ᠃ ᠲᠤᠰ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ | ᠦᠢᠯᠡᠴᠢᠯᠡᠭᠡ ᠶᠢ ᠣᠯᠬᠤ ᠴᠢᠬᠤᠯᠠᠲᠠᠢ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ | ᠪᠠᠶᠢᠭᠤᠯᠤᠯᠲᠠ ᠠᠴᠠ ᠲᠤᠰ ︽ᠵᠦᠭᠯᠡᠭᠦᠷ︾ ᠢ ᠤᠩᠰᠢᠬᠤ ᠶᠢ ᠰᠠᠨᠠᠭᠤᠯᠵᠤ ᠪᠠᠶᠢᠨ᠎ᠠ᠃ | ᠨᠢᠭᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ | ︵ᠨᠢᠭᠡ︶ ᠢᠯᠡ ᠪᠣᠯᠭᠠᠬᠤ ᠬᠡᠪᠴᠢᠶ᠎ᠡ | ︽ᠳᠦᠷᠢᠮ︾ ᠤᠨ ᠭᠤᠷᠪᠠᠳᠤᠭᠠᠷ ᠪᠦᠯᠦᠭ ᠤᠨ ᠲᠣᠭᠲᠠᠭᠠᠯ ᠢ ᠦᠨᠳᠦᠰᠦᠯᠡᠪᠡᠯ᠂ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠢ᠃ | ︵ᠬᠤᠶᠠᠷ︶ ᠢᠯᠡ ᠪᠣᠯᠭᠠᠬᠤ ᠠᠷᠭ᠎ᠠ ᠵᠠᠮ | 1. ᠵᠠᠰᠠᠭ ᠤᠨ ᠣᠷᠳᠣᠨ ᠤ ᠰᠦᠯᠵᠢᠶ᠎ᠡ᠄ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ | ︵ᠰᠦᠯᠵᠢᠶᠡᠨ ᠤ ᠬᠠᠶ᠋ᠢᠭ᠄ http://www.xilinhaote.gov.cn︶︔ | 2. ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠄ ︽ᠰᠢᠯᠢ ᠶᠢᠨ ᠬᠤᠲᠠ ᠶᠢᠨ ᠴᠣᠬᠠᠭᠤᠯᠠ ᠰᠣᠮᠤ ᠶᠢᠨ | ᠠᠷᠠᠳ ᠤᠨ ᠵᠠᠰᠠᠭ ᠤᠨ ᠣᠷᠳᠣᠨ︾ ᠸᠢᠴᠠᠲ ᠤᠨ ᠨᠡᠶᠢᠲᠡ ᠶᠢᠨ ᠳ᠋ᠤᠭᠠᠷ︔ | 3. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ᠄ ᠰᠢᠯᠢ ᠶᠢᠨ ᠬᠤᠲᠠ ᠶᠢᠨ ᠴᠣᠬᠠᠭᠤᠯᠠ | ᠰᠤᠮᠤ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠬᠠᠶ᠋ᠢᠭ᠄ ᠰᠢᠯᠢ ᠶᠢᠨ ᠬᠤᠲᠠ ᠶᠢᠨ | ᠴᠣᠬᠠᠭᠤᠯᠠ ᠰᠤᠮᠤ ᠶᠢᠨ ᠬᠦᠲᠦᠯ ᠣᠰᠣ ᠶᠢᠨ ᠰᠠᠭᠤᠭᠠᠯᠢ ᠠᠷᠠᠳ ᠤᠨ ᠵᠥᠪᠯᠡᠯ ᠤᠨ ᠵᠠᠰᠠᠭ ᠤᠨ ᠣᠷᠳᠣᠨ ᠤ ᠲᠣᠮᠣ | ᠠᠰᠠᠷ︔ ᠬᠠᠷᠢᠯᠴᠠᠬᠤ ᠠᠷᠭ᠎ᠠ᠄ 0479 - 2770085︔ ᠪᠠᠶᠢᠴᠠᠭᠠᠨ ᠯᠠᠪᠯᠠᠬᠤ ᠳᠤ ᠦᠢᠯᠡᠴᠢᠯᠡᠬᠦ ᠴᠠᠭ᠄ | ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ | ᠡᠳᠦᠷ ᠠᠴᠠ ᠭᠠᠳᠠᠨ᠎ᠠ︶ ᠤ ᠦᠳᠡ ᠶᠢᠨ ᠡᠮᠦᠨ᠎ᠡ᠄ 8᠄ 30 - 12᠄ 00 ᠦᠳᠡ ᠶᠢᠨ ᠬᠤᠶᠢᠨ᠎ᠠ᠄ 14᠄ 30 | - 17᠄ 30︶᠃ | ︵ᠭᠤᠷᠪᠠ︶ ᠢᠯᠡ ᠪᠣᠯᠭᠠᠬᠤ ᠴᠠᠭ ᠤᠨ ᠬᠢᠵᠠᠭᠠᠷ | ︽ᠳᠦᠷᠢᠮ︾ ᠤᠨ ᠲᠣᠭᠲᠠᠭᠠᠯ ᠢ ᠦᠨᠳᠦᠰᠦᠯᠡᠪᠡᠯ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ | ᠪᠠᠭᠲᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠲᠤᠰ ᠪᠠᠶᠢᠭᠤᠯᠭ᠎ᠠ ᠲᠤᠰ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠪᠤᠶ ᠪᠣᠯᠭᠠᠭᠰᠠᠨ ᠪᠤᠶᠤ ᠬᠤᠪᠢᠷᠠᠭᠤᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ | ᠳᠣᠲᠣᠷ᠎ᠠ ᠢᠯᠡ ᠪᠣᠯᠭᠠᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠬᠤᠭᠤᠴᠠᠭ᠎ᠠ ᠶᠢᠨ ᠲᠤᠬᠠᠢ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ | ᠵᠢᠷᠤᠮᠯᠠᠨ᠎ᠠ᠃ | ᠬᠤᠶᠠᠷ᠂ ᠭᠤᠶᠤᠴᠢᠯᠠᠯ ᠢᠶᠠᠷ ᠢᠯᠡ ᠪᠣᠯᠭᠠᠬᠤ | ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ ︽ | ᠭᠤᠶᠤᠴᠢᠯᠠᠭᠴᠢ︾ ᠭᠡᠵᠦ ᠲᠣᠪᠴᠢᠯᠠᠨ᠎ᠠ︶ ᠲᠤᠰ ᠵᠢᠭᠠᠯᠲᠠ ᠶᠢ ᠦᠨᠳᠦᠰᠦᠯᠡᠨ᠂ ᠲᠤᠰ ᠪᠠᠶᠢᠭᠤᠯᠭ᠎ᠠ ᠶᠢᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠵᠤ ᠪᠣᠯᠣᠨ᠎ᠠ᠃ | ︵ᠨᠢᠭᠡ︶ ᠭᠤᠶᠤᠴᠢᠯᠠᠬᠤ ᠶᠢ ᠬᠦᠯᠢᠶᠡᠨ ᠠᠪᠬᠤ ᠠᠷᠭ᠎ᠠ ᠵᠠᠮ | 1. ᠨᠢᠭᠤᠷᠳᠠᠨ ᠲᠤᠰᠢᠶᠠᠬᠤ | ᠬᠠᠶ᠋ᠢᠭ᠄ ᠰᠢᠯᠢ ᠶᠢᠨ ᠬᠤᠲᠠ ᠶᠢᠨ ᠴᠣᠬᠠᠭᠤᠯᠠ ᠰᠤᠮᠤ ᠶᠢᠨ ᠬᠦᠲᠦᠯ ᠣᠰᠣ ᠶᠢᠨ ᠰᠠᠭᠤᠭᠠᠯᠢ ᠠᠷᠠᠳ ᠤᠨ | ᠵᠥᠪᠯᠡᠯ ᠤᠨ ᠵᠠᠰᠠᠭ ᠤᠨ ᠣᠷᠳᠣᠨ ᠤ ᠲᠣᠮᠣ ᠠᠰᠠᠷ | ᠠᠵᠢᠯᠯᠠᠬᠤ ᠴᠠᠭ᠄ ᠠᠵᠢᠯ ᠤᠨ ᠡᠳᠦᠷ 8᠄ 30 - 12᠄ 00᠂ 14᠄ 30 - 17᠄ 30 | ᠬᠠᠷᠢᠯᠴᠠᠬᠤ ᠤᠲᠠᠰᠤ᠄ 0479 - 2770085 | 2. ᠰᠢᠤᠳᠠᠨ ᠢᠶᠠᠷ ᠢᠯᠡᠭᠡᠬᠦ | ᠬᠦᠯᠢᠶᠡᠨ ᠠᠪᠤᠭᠴᠢ᠄ ᠰᠢᠯᠢ ᠶᠢᠨ ᠬᠤᠲᠠ ᠶᠢᠨ ᠴᠣᠬᠠᠭᠤᠯᠠ ᠰᠣᠮᠤ ᠶᠢᠨ ᠠᠷᠠᠳ ᠤᠨ ᠵᠠᠰᠠᠭ ᠤᠨ ᠣᠷᠳᠣᠨ | ᠬᠠᠶ᠋ᠢᠭ᠄ ᠰᠢᠯᠢ ᠶᠢᠨ ᠬᠤᠲᠠ ᠶᠢᠨ ᠴᠣᠬᠠᠭᠤᠯᠠ ᠰᠤᠮᠤ ᠶᠢᠨ ᠬᠦᠲᠦᠯ ᠣᠰᠣ ᠶᠢᠨ ᠰᠠᠭᠤᠭᠠᠯᠢ ᠠᠷᠠᠳ ᠤᠨ | ᠵᠥᠪᠯᠡᠯ ᠤᠨ ᠵᠠᠰᠠᠭ ᠤᠨ ᠣᠷᠳᠣᠨ ᠤ ᠲᠣᠮᠣ ᠠᠰᠠᠷ | ᠰᠢᠤᠳᠠᠨ ᠳ᠋ᠤᠭᠠᠷ᠄ 026000 | ᠪᠤᠰᠤᠳ ᠵᠦᠢᠯ᠄ ᠵᠠᠬᠢᠳᠠᠯ ᠤᠨ ᠳᠤᠭᠲᠤᠢ ᠳᠡᠭᠡᠷ᠎ᠡ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠭᠤᠶᠤᠴᠢᠯᠠᠯ︾ ᠭᠡᠰᠡᠨ ᠦᠰᠦᠭ ᠢ ᠪᠢᠴᠢᠭᠡᠷᠡᠢ᠃ | 3. ᠰᠦᠯᠵᠢᠶ᠎ᠡ ᠪᠠᠷ ᠲᠤᠰᠢᠶᠠᠬᠤ | ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ︽ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠭᠤᠶᠤᠴᠢᠯᠠᠯ ᠢᠶᠠᠷ ᠢᠯᠡ ᠪᠣᠯᠭᠠᠬᠤ ᠰᠢᠰᠲ᠋ᠧᠮ︾ ︵http://www.xilinhaote.gov. | cn︶ ᠳᠤ ᠭᠠᠷᠴᠤ ᠭᠤᠶᠤᠴᠢᠯᠠᠯ ᠢᠶᠠᠨ ᠳᠡᠪᠰᠢᠭᠦᠯᠦᠭᠡᠷᠡᠢ᠃ | ︵ᠬᠤᠶᠠᠷ︶ ᠠᠩᠬᠠᠷᠬᠤ ᠵᠦᠢᠯ | 1. ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠪᠠᠷ ᠭᠤᠶᠤᠴᠢᠯᠠᠬᠤ ᠳᠤ᠂ ︽ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠬᠤ ᠬᠡᠷᠡᠭᠲᠡᠢ᠂ ᠭᠤᠶᠤᠴᠢᠯᠠᠯ ᠤᠨ | ᠬᠦᠰᠦᠨᠦᠭᠲᠦ ᠶᠢ ᠰᠢᠯᠢ ᠶᠢᠨ ᠭᠤᠣᠯ ᠤᠨ ᠪᠠᠶᠢᠭᠠᠯᠢ ᠶᠢᠨ ᠡᠬᠢ ᠪᠠᠶᠠᠯᠢᠭ ᠠᠴᠠ ︽ᠵᠠᠰᠠᠭ ᠤᠨ ᠶᠠᠪᠤᠳᠠᠯ ᠢ ᠢᠯᠡ | ᠪᠣᠯᠭᠠᠬᠤ︾ ᠪᠤᠯᠤᠩ ︵http://www.xlgl.gov.cn/xmxxgk/xsbgt/ysqgk/︶ ᠲᠤ | ᠪᠠᠭᠤᠯᠭᠠᠨ ᠠᠪᠴᠤ ᠪᠣᠯᠣᠨ᠎ᠠ᠃ | 2. ᠭᠤᠶᠤᠴᠢᠯᠠᠯ ᠤᠨ ᠬᠦᠰᠦᠨᠦᠭᠲᠦ ᠳᠤ ᠭᠤᠶᠤᠴᠢᠯᠠᠭᠴᠢ ᠶᠢᠨ ᠣᠪᠣᠭ ᠨᠡᠷ᠎ᠡ ᠪᠤᠶᠤ ᠨᠡᠷᠡᠶᠢᠳᠦᠯ᠂ ᠬᠠᠷᠢᠯᠴᠠᠬᠤ | ᠠᠷᠭ᠎ᠠ ᠮᠠᠶ᠋ᠢᠭ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠠᠷᠭ᠎ᠠ ᠮᠠᠶ᠋ᠢᠭ ᠵᠢᠴᠢ ᠠᠴᠢᠶᠠᠯᠠᠪᠤᠷᠢ ᠶᠢᠨ | ᠬᠡᠯᠪᠡᠷᠢ ᠶᠢ ᠣᠨᠣᠪᠴᠢᠲᠠᠶ ᠲᠣᠳᠣᠷᠬᠠᠢ ᠪᠢᠴᠢᠬᠦ ᠬᠡᠷᠡᠭᠲᠡᠢ᠃ ᠬᠡᠷᠡᠭᠰᠡᠬᠦ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ | ᠠᠭᠤᠯᠭ᠎ᠠ ᠶᠢᠨ ᠲᠣᠭᠠᠴᠢᠯᠲᠠ ᠶᠢ ᠲᠣᠳᠣᠷᠬᠠᠢ ᠪᠠᠶᠢᠯᠠᠭᠠᠵᠣ᠂ ᠬᠡᠷᠡᠭᠰᠡᠬᠦ ᠵᠠᠰᠠᠭ ᠤᠨ ᠣᠷᠳᠣᠨ ᠤ ᠮᠡᠳᠡᠭᠡ | ᠵᠠᠩᠭᠢ ᠶᠢᠨ ᠪᠢᠴᠢᠭ ᠮᠠᠲ᠋ᠧᠷᠢᠶᠠᠯ ᠤᠨ ᠭᠠᠷᠴᠠᠭ᠂ ᠪᠢᠴᠢᠭ ᠤᠨ ᠳ᠋ᠤᠭᠠᠷ᠂ ᠪᠢᠴᠢᠭ ᠮᠠᠲ᠋ᠧᠷᠢᠶᠠᠯ ᠶᠠᠪᠤᠭᠤᠯᠬᠤ ᠴᠠᠭ | ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠠᠶᠢᠴᠠᠭᠠᠨ ᠯᠠᠪᠯᠠᠬᠤ ᠳᠤ ᠳᠥᠭᠦᠮ ᠪᠠᠶᠢᠬᠤ ᠪᠣᠰᠣᠳ ᠣᠨᠴᠠᠯᠢᠭ ᠤᠨ | ᠲᠦᠷᠰᠦᠯᠡᠯ ᠨᠢ ᠨᠠᠷᠢᠨ ᠲᠣᠳᠣᠷᠬᠠᠢ ᠪᠠᠶᠢᠬᠤ ᠶᠢ ᠰᠠᠨᠠᠭᠤᠯᠣᠶ᠎ᠠ᠃ | 3. ᠨᠢᠭᠤᠷ ᠳᠡᠭᠡᠷ᠎ᠡ ᠨᠢ ᠭᠤᠶᠤᠴᠢᠯᠠᠪᠠᠯ᠂ ᠬᠦᠴᠦᠨ ᠪᠦᠬᠦᠢ ᠪᠡᠶ᠎ᠡ ᠶᠢᠨ ᠭᠡᠷᠡᠴᠢ ᠦᠨᠡᠮᠯᠡᠯ ᠢᠶᠠᠨ ᠭᠠᠷᠭᠠᠵᠤ | ᠦᠵᠡᠭᠦᠯᠬᠦ ᠬᠡᠷᠡᠭᠲᠡᠢ᠃ ᠰᠢᠤᠳᠠᠨ ᠢᠶᠠᠷ ᠳᠠᠮᠵᠢᠭᠤᠯᠤᠨ ᠭᠤᠶᠤᠴᠢᠯᠠᠯ ᠳᠡᠪᠰᠢᠭᠦᠯᠬᠦ ᠳᠤ ᠬᠦᠷᠪᠡᠯ᠂ ᠭᠤᠶᠤᠴᠢᠯᠠᠯ ᠤᠨ | ᠬᠦᠰᠦᠨᠦᠭᠲᠦ ᠶᠢ ᠳᠠᠭᠠᠯᠳᠤᠭᠤᠯᠤᠨ ᠬᠦᠴᠦᠨ ᠪᠦᠬᠦᠢ ᠪᠡᠶ᠎ᠡ ᠶᠢᠨ ᠭᠡᠷᠡᠴᠢ ᠦᠨᠡᠮᠯᠡᠯ ᠤᠨ ᠪᠠᠭᠤᠯᠭᠠᠪᠤᠷᠢ ᠶᠢ | ᠳᠠᠭᠠᠯᠳᠤᠭᠤᠯᠬᠤ ᠬᠡᠷᠡᠭᠲᠡᠢ᠃ ᠰᠦᠯᠵᠢᠶᠡᠨ ᠳᠡᠭᠡᠷ᠎ᠡ ᠭᠤᠶᠤᠴᠢᠯᠠᠭᠰᠠᠨ ᠪᠠᠶᠢᠪᠠᠯ᠂ ᠬᠦᠴᠦᠨ ᠪᠦᠬᠦᠢ ᠪᠡᠶ᠎ᠡ ᠶᠢᠨ | ᠦᠨᠡᠮᠯᠡᠯ ᠤᠨ ᠰᠢᠷᠪᠢᠯᠲᠡ ᠶᠢᠨ ᠮᠠᠲ᠋ᠧᠷᠢᠶᠠᠯ ᠪᠤᠶᠤ ᠬᠡᠷᠡᠯ ᠵᠢᠷᠤᠭ ᠢ ᠳᠡᠭᠡᠭᠰᠢ ᠳᠠᠮᠵᠢᠭᠤᠯᠬᠤ ᠬᠡᠷᠡᠭᠲᠡᠢ᠃ | 4. ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠠᠭᠤᠯᠭ᠎ᠠ ᠨᠢ ᠲᠣᠳᠣᠷᠬᠠᠢ | ᠦᠭᠡᠢ ᠪᠠᠶᠢᠪᠠᠯ᠂ ᠲᠣᠰ ᠪᠠᠶᠢᠭᠤᠯᠭ᠎ᠠ ᠠᠴᠠ ᠵᠢᠭᠠᠨ ᠵᠢᠯᠤᠭᠤᠳᠬᠤ ᠪᠠ ᠲᠠᠶᠢᠯᠪᠤᠷᠢᠯᠠᠨ ᠲᠣᠳᠣᠷᠬᠠᠶᠢᠯᠠᠬᠤ ᠶᠢᠨ | ᠬᠠᠮᠲᠤ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ | ᠭᠤᠶᠤᠴᠢᠯᠠᠭᠴᠢ ᠳᠤ ᠨᠥᠬᠦᠪᠦᠷᠢᠯᠡᠨ ᠵᠠᠯᠠᠷᠠᠭᠤᠯᠬᠤ ᠶᠢ ᠨᠢᠭᠡ ᠯᠡ ᠤᠳᠠᠭ᠎ᠠ ᠳᠤ ᠮᠡᠳᠡᠭᠳᠡᠵᠦ᠂ ᠨᠥᠬᠦᠪᠦᠷᠢᠯᠡᠨ | ᠵᠠᠯᠠᠷᠠᠭᠤᠯᠬᠤ ᠴᠢᠬᠤᠯᠠᠲᠠᠢ ᠵᠦᠢᠯᠡᠰ ᠪᠠ ᠵᠦᠢ ᠵᠣᠬᠢᠰᠲᠠᠢ ᠨᠥᠬᠦᠪᠦᠷᠢᠯᠡᠨ ᠵᠠᠯᠠᠷᠠᠭᠤᠯᠬᠤ ᠬᠤᠭᠤᠴᠠᠭ᠎ᠠ ᠶᠢ | ᠲᠣᠳᠣᠷᠬᠠᠶᠢᠯᠠᠨ᠎ᠠ᠃ ᠨᠥᠬᠦᠪᠦᠷᠢᠯᠡᠨ ᠵᠠᠯᠠᠷᠠᠭᠤᠯᠬᠤ ᠭᠤᠶᠤᠴᠢᠯᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠪᠤᠶᠤ | ᠨᠥᠬᠦᠪᠦᠷᠢᠯᠡᠨ ᠵᠠᠯᠠᠷᠠᠭᠤᠯᠤᠭᠰᠠᠨ ᠤ ᠳᠠᠷᠠᠭ᠎ᠠ ᠮᠥᠨ ᠯᠡ ᠣᠨᠴᠠ ᠲᠣᠭᠲᠠᠭᠰᠠᠨ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠵᠢᠭᠠᠬᠤ ᠶᠢᠨ ᠠᠷᠭ᠎ᠠ ᠦᠭᠡᠢ ᠪᠠᠶᠢᠪᠠᠯ᠂ ᠲᠤᠰ ᠪᠠᠶᠢᠭᠤᠯᠭ᠎ᠠ ᠪᠠᠶᠢᠳᠠᠯ ᠢ ᠦᠵᠡᠵᠦ ᠭᠤᠶᠤᠴᠢᠯᠠᠭᠴᠢ ᠲᠠᠢ | ᠨᠡᠪᠲᠡᠷᠡᠯᠴᠡᠵᠦ᠂ ᠮᠥᠨ ᠲᠣᠭᠲᠠᠭᠠᠬᠤ ᠶᠢᠨ ᠠᠷᠭ᠎ᠠ ᠦᠭᠡᠢ ᠪᠠᠶᠢᠪᠠᠯ᠂ ᠲᠤᠰ ᠪᠠᠶᠢᠭᠤᠯᠭ᠎ᠠ ᠠᠴᠠ | ᠭᠤᠶᠤᠴᠢᠯᠠᠭᠴᠢ ᠶᠢᠨ ᠭᠤᠶᠤᠴᠢᠯᠠᠭᠰᠠᠨ ᠠᠭᠤᠯᠭ᠎ᠠ ᠨᠢ ᠲᠣᠳᠣᠷᠬᠠᠢ ᠦᠭᠡᠢ᠂ ᠲᠤᠰ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠬᠦ ᠶᠢᠨ ᠠᠷᠭ᠎ᠠ ᠦᠭᠡᠢ ᠭᠡᠵᠦ ᠪᠢᠴᠢᠭ ᠢᠶᠠᠷ ᠮᠡᠳᠡᠭᠳᠡᠨ᠎ᠡ᠃ | ᠭᠤᠶᠤᠴᠢᠯᠠᠭᠴᠢ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ ᠨᠥᠬᠦᠪᠦᠷᠢᠯᠡᠨ | ᠵᠠᠯᠠᠷᠠᠭᠤᠯᠬᠤ ᠦᠭᠡᠢ ᠪᠣᠯ ᠭᠤᠶᠤᠴᠢᠯᠠᠬᠤ ᠪᠠᠨ ᠪᠣᠯᠢᠭᠰᠠᠨ ᠢᠶᠠᠷ ᠦᠵᠡᠵᠦ᠂ ᠲᠤᠰ ᠪᠠᠶᠢᠭᠤᠯᠭ᠎ᠠ ᠲᠤᠰ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠳᠠᠭᠢᠵᠤ ᠰᠢᠢᠳᠪᠦᠷᠢᠯᠡᠬᠦ ᠦᠭᠡᠢ᠃ | 5. ᠭᠤᠶᠤᠴᠢᠯᠠᠯ ᠢ ᠢᠯᠡ ᠪᠣᠯᠭᠠᠬᠤ ᠠᠷᠭ᠎ᠠ ᠵᠠᠮ ᠢᠶᠠᠷ ᠪᠣᠯ ᠵᠥᠪᠬᠡᠨ ᠭᠤᠶᠤᠴᠢᠯᠠᠭᠴᠢ ᠶᠢᠨ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠣᠯᠬᠤ ᠳᠤ ᠬᠢᠵᠠᠭᠠᠷᠯᠠᠭᠳᠠᠨ᠎ᠠ᠂ ᠵᠠᠬᠢᠳᠠᠯ ᠰᠣᠷᠪᠤᠯᠵᠢᠯᠠᠭ᠎ᠠ᠂ ᠢᠯᠡᠴᠢᠯᠡᠨ ᠮᠡᠳᠡᠭᠦᠯᠦᠯᠲᠡ᠂ | ᠵᠠᠭᠠᠯᠳᠤᠯᠭ᠎ᠠ ᠵᠡᠷᠭᠡ ᠭᠤᠮᠣᠳᠠᠯ ᠱᠠᠭᠠᠷᠳᠠᠯᠭ᠎ᠠ ᠶᠢ ᠬᠠᠤᠯᠢ ᠳᠤ ᠲᠣᠭᠲᠠᠭᠠᠭᠰᠠᠨ ᠪᠤᠰᠤᠳ ᠠᠷᠭ᠎ᠠ ᠵᠠᠮ ᠢᠶᠠᠷ | ᠶᠠᠪᠤᠭᠳᠠᠭᠤᠯᠬᠤ ᠪᠠᠷ ᠭᠤᠶᠤᠴᠢᠯᠠᠨ᠎ᠠ᠃ | ︵ᠭᠤᠷᠪᠠ︶ ᠭᠤᠶᠤᠴᠢᠯᠠᠯ ᠢ ᠣᠯᠣᠭᠰᠠᠨ ᠴᠠᠭ ᠢ ᠲᠣᠭᠲᠠᠭᠠᠬᠤ | ᠭᠤᠶᠤᠴᠢᠯᠠᠭᠴᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠨᠢᠭᠤᠷᠲᠠᠨ | ᠲᠤᠰᠢᠶᠠᠭᠰᠠᠨ ᠪᠠᠶᠢᠪᠠᠯ᠂ ᠳᠡᠪᠰᠢᠭᠦᠯᠦᠭᠰᠡᠨ ᠡᠳᠦᠷ ᠢ ᠭᠤᠶᠤᠴᠢᠯᠠᠯ ᠢ ᠣᠯᠣᠭᠰᠠᠨ ᠡᠳᠦᠷ ᠢᠶᠠᠷ ᠪᠤᠳᠤᠨ᠎ᠠ᠃ | ᠭᠤᠶᠤᠴᠢᠯᠠᠭᠴᠢ ᠰᠢᠤᠳᠠᠨ ᠢᠶᠠᠷ ᠶᠠᠪᠤᠭᠤᠯᠬᠤ ᠬᠡᠯᠪᠡᠷᠢ ᠪᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠭᠤᠶᠤᠴᠢᠯᠠᠯ ᠳᠡᠪᠰᠢᠭᠦᠯᠦᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠷ ᠤᠨ ᠦᠰᠦᠭ | ᠵᠢᠷᠤᠵᠤ ᠬᠤᠷᠢᠶᠠᠨ ᠠᠪᠤᠭᠰᠠᠨ ᠡᠳᠦᠷ ᠢ ᠭᠤᠶᠤᠴᠢᠯᠠᠯ ᠢ ᠬᠤᠷᠢᠶᠠᠨ ᠣᠯᠣᠭᠰᠠᠨ ᠡᠳᠦᠷ ᠢᠶᠠᠷ ᠪᠤᠳᠤᠨ᠎ᠠ᠃ ᠡᠩ ᠤᠨ | ᠵᠠᠬᠢᠳᠠᠯ ᠵᠡᠷᠭᠡ ᠭᠠᠷ ᠤᠨ ᠥᠰᠥᠭ ᠵᠢᠷᠤᠵᠤ ᠬᠤᠷᠢᠶᠠᠨ ᠠᠪᠬᠤ ᠴᠢᠬᠤᠯᠠ ᠦᠭᠡᠢ ᠰᠢᠤᠳᠠᠨ ᠢᠶᠠᠷ ᠢᠯᠡᠭᠡᠬᠦ ᠠᠷᠭ᠎ᠠ | ᠮᠠᠶ᠋ᠢᠭ ᠢᠶᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠳᠡᠪᠰᠢᠭᠦᠯᠦᠭᠰᠡᠨ ᠪᠠᠶᠢᠪᠠᠯ | ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠨᠢ ᠭᠤᠶᠤᠴᠢᠯᠠᠯ ᠢ | ᠣᠯᠣᠭᠰᠠᠨ ᠲᠤᠬᠠᠢ ᠶᠢᠨ ᠡᠳᠦᠷ ᠲᠤᠨᠢ ᠭᠤᠶᠤᠴᠢᠯᠠᠭᠴᠢ ᠯᠤᠭ᠎ᠠ ᠨᠤᠲᠠᠯᠠᠨ ᠵᠥᠪᠰᠢᠶᠡᠷᠡᠵᠦ᠂ ᠨᠤᠲᠠᠯᠠᠨ | ᠵᠥᠪᠰᠢᠶᠡᠷᠡᠭᠰᠡᠨ ᠡᠳᠦᠷ ᠢ ᠭᠤᠶᠤᠴᠢᠯᠠᠯ ᠢ ᠣᠯᠣᠭᠰᠠᠨ ᠡᠳᠦᠷ ᠢᠶᠠᠷ ᠪᠤᠳᠤᠨ᠎ᠠ︔ ᠭᠤᠶᠤᠴᠢᠯᠠᠭᠴᠢ ᠢᠨᠲ᠋ᠧᠷ | ᠰᠦᠯᠵᠢᠶᠡᠨ ᠤ ᠠᠷᠭ᠎ᠠ ᠵᠠᠮ ᠢᠶᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ | ᠳᠡᠪᠰᠢᠭᠦᠯᠦᠭᠰᠡᠨ ᠪᠠᠶᠢᠪᠠᠯ᠂ ᠬᠤᠶᠠᠷ ᠲᠠᠯ᠎ᠠ ᠪᠠᠷ ᠢᠶᠠᠨ ᠨᠤᠲᠠᠯᠠᠭᠰᠠᠨ ᠡᠳᠦᠷ ᠢ ᠭᠤᠶᠤᠴᠢᠯᠠᠯ ᠢ ᠣᠯᠣᠭᠰᠠᠨ | ᠡᠳᠦᠷ ᠢᠶᠠᠷ ᠪᠤᠳᠤᠨ᠎ᠠ᠃ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠬᠦ ᠬᠤᠭᠤᠴᠠᠭ᠎ᠠ ᠶᠢ | ᠭᠤᠶᠤᠴᠢᠯᠠᠯ ᠢ ᠣᠯᠣᠭᠰᠠᠨ ᠡᠳᠦᠷ ᠤᠨ ᠳᠠᠷᠠᠭ᠎ᠠ ᠡᠳᠦᠷ ᠠᠴᠠ ᠡᠬᠢᠯᠡᠵᠦ ᠪᠣᠳᠣᠨ᠎ᠠ᠃ | ︵ᠳᠥᠷᠪᠡ︶ ᠬᠠᠷᠢᠭᠤᠯᠲᠠ ᠥᠭᠬᠦ ᠬᠤᠭᠤᠴᠠᠭ᠎ᠠ | ︽ᠳᠦᠷᠢᠮ︾ ᠤᠨ ᠲᠣᠭᠲᠠᠭᠠᠯ ᠢ ᠦᠨᠳᠦᠰᠦᠯᠡᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠤᠬᠠᠢ ᠶᠢᠨ ᠲᠠᠯᠠᠪᠤᠷ ᠲᠤ | ᠬᠠᠷᠢᠭᠤᠯᠲᠠ ᠥᠭᠴᠦ ᠳᠡᠶᠢᠯᠬᠦ ᠦᠭᠡᠢ ᠪᠠᠶᠢᠪᠠᠯ᠂ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 20 | ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠬᠦ ᠬᠡᠷᠡᠭᠲᠡᠢ᠂ ᠬᠠᠷᠢᠭᠤᠯᠲᠠ ᠥᠭᠬᠦ ᠬᠤᠭᠤᠴᠠᠭ᠎ᠠ ᠶᠢ | ᠤᠷᠲᠤᠳᠬᠠᠬᠤ ᠴᠢᠬᠤᠯᠠᠲᠠᠢ ᠪᠠᠶᠢᠪᠠᠯ᠂ ᠤᠷᠲᠤᠳᠬᠠᠬᠤ ᠬᠤᠭᠤᠴᠠᠭ᠎ᠠ ᠶᠢ ᠬᠠᠮᠤᠭ ᠤᠨ ᠤᠷᠳᠤ ᠳᠠᠭᠠᠨ 20 | ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠷᠪᠠᠳᠠᠭᠢ | ᠡᠲᠡᠭᠡᠳ ᠪᠠ ᠪᠤᠰᠤᠳ ᠪᠠᠶᠢᠭᠤᠯᠭ᠎ᠠ ᠶᠢᠨ ᠰᠠᠨᠠᠯ ᠢ ᠬᠤᠷᠢᠶᠠᠬᠤ ᠳᠤ ᠬᠡᠷᠡᠭᠰᠡᠬᠦ ᠴᠠᠭ ᠢ ᠳᠡᠭᠡᠷ᠎ᠡ ᠳᠤᠷᠠᠳᠤᠭᠰᠠᠨ | ᠲᠣᠭᠲᠠᠭᠠᠯ ᠤᠨ ᠬᠤᠭᠤᠴᠠᠭᠠᠨ ᠳᠤ ᠪᠤᠳᠤᠵᠤ ᠣᠷᠣᠭᠤᠯᠬᠤ ᠦᠭᠡᠢ᠃ | ᠬᠡᠷᠪᠡ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠬᠤᠷᠢᠶᠠᠬᠤ ᠪᠠᠶᠢᠳᠠᠯ ᠳᠤ ᠬᠤᠯᠪᠣᠭᠳᠠᠪᠠᠯ᠂ ᠬᠠᠷᠢᠭᠤᠯᠲᠠ ᠥᠭᠬᠦ | ᠬᠤᠭᠤᠴᠠᠭ᠎ᠠ ᠶᠢ ︽︿ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ | ᠰᠢᠢᠳᠪᠦᠷᠢᠯᠡᠬᠦ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠶᠢᠨ ᠶᠠᠪᠣᠳᠠᠯ ᠤᠨ ᠬᠤᠷᠢᠶ᠎ᠠ ᠶᠢᠨ ᠠᠯᠪᠠᠨ | ᠲᠠᠩᠬᠢᠮ ᠤᠨ ᠵᠠᠬᠢᠳᠠᠯ ﹇2020﹈ 109 ᠳ᠋ᠦ᠋ᠭᠡᠷ ᠲᠣᠭᠠᠲᠤ︶ ᠤᠨ ᠵᠢᠷᠭᠤᠳᠤᠭᠠᠷ ᠵᠦᠢᠯ ᠤᠨ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ | ︵ᠲᠠᠪᠤ︶ ᠰᠦᠢᠳᠬᠡᠯ ᠬᠤᠷᠢᠶᠠᠬᠤ ᠪᠠᠷᠢᠮᠵᠢᠶ᠎ᠠ | ︽︿ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ | ᠰᠦᠢᠳᠬᠡᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠶᠢᠨ ᠶᠠᠪᠣᠳᠠᠯ ᠤᠨ ᠬᠤᠷᠢᠶ᠎ᠠ ᠶᠢᠨ ᠠᠯᠪᠠᠨ ᠲᠠᠩᠬᠢᠮ ᠤᠨ | ᠵᠠᠬᠢᠳᠠᠯ ﹇2020﹈ 109 ᠳ᠋ᠦ᠋ᠭᠡᠷ ᠲᠣᠭᠠᠲᠤ︶᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠮᠡᠳᠡᠭᠡ ᠵᠠᠩᠭᠢ ᠶᠢ ᠰᠢᠢᠳᠪᠦᠷᠢᠯᠡᠬᠦ ᠰᠦᠢᠳᠬᠡᠯ ᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠬᠤᠯᠪᠣᠭᠳᠠᠯ | ᠪᠦᠬᠦᠢ ᠵᠦᠢᠯᠡᠰ ᠢ ᠲᠣᠳᠣᠷᠬᠠᠶᠢᠯᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠮᠡᠳᠡᠭᠳᠡᠯ︾ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ﹇2021﹈ | 785 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠪᠣᠳᠠᠲᠠᠢ | ᠰᠦᠢᠳᠬᠡᠯ ᠬᠤᠷᠢᠶᠠᠬᠤ ᠪᠠᠷᠢᠮᠵᠢᠶ᠎ᠠ ᠨᠢ ᠳᠣᠣᠷᠠᠬᠢ ᠮᠡᠲᠦ᠄ | ᠲᠣᠭᠲᠣᠢ ᠢᠶᠠᠷ ᠪᠤᠳᠤᠵᠤ ᠬᠤᠷᠢᠶᠠᠬᠤ ᠳᠤ ᠳᠣᠣᠷᠠᠬᠢ ᠮᠡᠲᠦ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠬᠡᠷᠡᠭᠵᠢᠭᠦᠯᠦᠨ᠎ᠡ᠄ | 1. ᠠᠳᠠᠯᠢ ᠨᠢᠭᠡᠨ ᠭᠤᠶᠤᠴᠢᠯᠠᠭᠴᠢ ᠨᠢᠭᠡ ᠰᠠᠷ᠎ᠠ ᠶᠢᠨ ᠳᠣᠲᠣᠷ᠎ᠠ ᠨᠡᠶᠢᠳᠡ 10 ᠬᠤᠪᠢ ᠠᠴᠠ ᠳᠣᠭᠤᠭᠰᠢ ︵10 | ᠬᠤᠪᠢ ᠶᠢ ᠪᠠᠭᠲᠠᠭᠠᠨ᠎ᠠ︶ ᠭᠤᠶᠤᠴᠢᠯᠠᠭᠰᠠᠨ ᠪᠠᠶᠢᠪᠠᠯ᠂ ᠰᠦᠢᠳᠬᠡᠯ ᠬᠤᠷᠢᠶᠠᠬᠤ ᠦᠭᠡᠢ᠃ | 2. ᠠᠳᠠᠯᠢ ᠨᠢᠭᠡᠨ ᠭᠤᠶᠤᠴᠢᠯᠠᠭᠴᠢ ᠶᠢᠨ ᠨᠢᠭᠡ ᠰᠠᠷ᠎ᠠ ᠶᠢᠨ ᠳᠣᠲᠣᠷ᠎ᠠ ᠨᠡᠶᠢᠲᠡ 11 - 30 ᠬᠤᠪᠢ ︵30 | ᠬᠤᠪᠢ ᠶᠢ ᠪᠠᠭᠲᠠᠭᠠᠨ᠎ᠠ︶ ᠭᠤᠶᠤᠴᠢᠯᠠᠭᠰᠠᠨ ᠬᠡᠰᠡᠭ᠄ 100 ᠲᠥᠭᠦᠷᠢᠭ\ ᠬᠤᠪᠢ᠃ | 3. ᠠᠳᠠᠯᠢ ᠨᠢᠭᠡᠨ ᠭᠤᠶᠤᠴᠢᠯᠠᠭᠴᠢ ᠶᠢᠨ ᠨᠢᠭᠡ ᠰᠠᠷ᠎ᠠ ᠶᠢᠨ ᠳᠣᠲᠣᠷ᠎ᠠ ᠨᠡᠶᠢᠲᠡ 31 ᠬᠤᠪᠢ ᠠᠴᠠ ᠳᠡᠭᠡᠭᠰᠢ | ᠭᠤᠶᠤᠴᠢᠯᠠᠭᠰᠠᠨ ᠬᠡᠰᠡᠭ᠄ 10 ᠬᠤᠪᠢ ᠶᠢ ᠨᠢᠭᠡ ᠲᠠᠩᠰᠠ ᠪᠣᠯᠭᠠᠵᠤ᠂ ᠨᠢᠭᠡ ᠲᠠᠩᠰᠠ ᠨᠡᠮᠡᠬᠦ ᠪᠦᠷᠢ ᠰᠦᠢᠳᠬᠡᠯ | ᠬᠤᠷᠢᠶᠠᠬᠤ ᠪᠠᠷᠢᠮᠵᠢᠶ᠎ᠠ ᠶᠢ 100 ᠲᠥᠭᠦᠷᠢᠭ\ ᠬᠤᠪᠢ ᠪᠠᠷ ᠳᠡᠭᠡᠭᠰᠢᠯᠡᠭᠦᠯᠦᠨ᠎ᠡ᠃ | ᠲᠤᠭ᠎ᠠ ᠬᠡᠮᠵᠢᠶ᠎ᠡ ᠪᠠᠷ ᠪᠤᠳᠤᠵᠤ ᠬᠤᠷᠢᠶᠠᠬᠤ ᠳᠤ ᠳᠣᠣᠷ᠎ᠠ ᠵᠢᠭᠰᠠᠭᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠬᠡᠷᠡᠭᠵᠢᠭᠦᠯᠦᠨ᠎ᠡ᠄ | 1. 30 ᠨᠢᠭᠤᠷ ᠠᠴᠠ ᠳᠣᠷᠣᠭᠰᠢ ︵30 ᠨᠢᠭᠤᠷ ᠢ ᠪᠠᠭᠲᠠᠭᠠᠨ᠎ᠠ︶ ᠪᠣᠯ ᠰᠦᠢᠳᠬᠡᠯ ᠬᠤᠷᠢᠶᠠᠬᠤ ᠦᠭᠡᠢ᠃ | 2. 31-100 ᠨᠢᠭᠤᠷ ︵100 ᠨᠢᠭᠤᠷ ᠪᠠᠭᠲᠠᠭᠠᠨ᠎ᠠ︶ ᠤᠨ ᠬᠡᠰᠡᠭ᠄ 10 ᠲᠥᠭᠦᠷᠢᠭ\ ᠨᠢᠭᠤᠷ᠃ | 3. 101-200 ᠳ᠋ᠤᠭᠠᠷ ᠨᠢᠭᠤᠷ ︵200 ᠳ᠋ᠤᠭᠠᠷ ᠨᠢᠭᠤᠷ ᠢ ᠪᠠᠭᠲᠠᠭᠠᠨ᠎ᠠ︶ ᠤᠨ ᠬᠡᠰᠡᠭ᠄ 20 ᠲᠥᠭᠦᠷᠢᠭ\ | ᠨᠢᠭᠤᠷ᠃ | 4. 201 ᠨᠢᠭᠤᠷ ᠠᠴᠠ ᠳᠡᠭᠡᠭᠰᠢᠬᠢ ᠬᠡᠰᠡᠭ᠄ 40 ᠲᠥᠭᠦᠷᠢᠭ\ ᠨᠢᠭᠤᠷ᠃ | ᠭᠤᠷᠪᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠶᠢᠨ ᠪᠠᠶᠢᠳᠠᠯ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠄ ᠰᠢᠯᠢ ᠶᠢᠨ ᠬᠤᠲᠠ ᠶᠢᠨ ᠴᠣᠬᠠᠭᠤᠯᠠ ᠰᠣᠮᠤ ᠶᠢᠨ ᠠᠷᠠᠳ ᠤᠨ ᠵᠠᠰᠠᠭ | ᠤᠨ ᠣᠷᠳᠣᠨ | ᠠᠵᠢᠯᠯᠠᠬᠤ ᠬᠠᠶ᠋ᠢᠭ᠄ ᠰᠢᠯᠢ ᠶᠢᠨ ᠬᠤᠲᠠ ᠶᠢᠨ ᠴᠣᠬᠠᠭᠤᠯᠠ ᠰᠤᠮᠤ ᠶᠢᠨ ᠬᠦᠲᠦᠯᠠᠣᠰᠣ ᠶᠢᠨ ᠰᠠᠭᠤᠭᠠᠯᠢ ᠠᠷᠠᠳ ᠤᠨ | ᠵᠥᠪᠯᠡᠯ ᠤᠨ ᠵᠠᠰᠠᠭ ᠤᠨ ᠣᠷᠳᠣᠨ ᠤ ᠲᠣᠮᠣ ᠠᠰᠠᠷ | ᠠᠵᠢᠯᠯᠠᠬᠤ ᠴᠠᠭ᠄ ᠠᠵᠢᠯ ᠤᠨ ᠡᠳᠦᠷ 8᠄ 30 - 12᠄ 00᠂ 14᠄ 30 - 17᠄ 30 | ᠬᠠᠷᠢᠯᠴᠠᠬᠤ ᠤᠲᠠᠰᠤ᠄ 0479-2770085 | ᠰᠢᠤᠳᠠᠨ ᠬᠠᠶᠢᠷᠴᠠᠭ᠄ chaokewulasumu@163.com | ᠳᠥᠷᠪᠡ᠂ ᠬᠢᠨᠠᠯᠲᠠ ᠲᠠᠯᠪᠢᠬᠤ ᠪᠠ ᠲᠡᠳᠬᠦᠮᠵᠢ ᠦᠵᠡᠭᠦᠯᠬᠦ | ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ | ᠪᠠᠶᠢᠭᠤᠯᠭ᠎ᠠ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠤᠮᠳᠠ ᠲᠡᠭᠦᠨ ᠤ | ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠳᠡᠭᠡᠷ᠎ᠡ ᠨᠢᠭᠡ ᠱᠠᠲᠤᠨ ᠤ ᠵᠠᠰᠠᠭ | ᠵᠠᠬᠢᠷᠭᠠᠨ ᠤ ᠪᠠᠶᠢᠭᠤᠯᠭ᠎ᠠ ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠵᠤ᠂ ᠢᠯᠡᠴᠢᠯᠡᠨ ᠮᠡᠳᠡᠭᠦᠯᠵᠦ ᠪᠣᠯᠣᠨ᠎ᠠ᠂ ᠪᠠᠰᠠ ᠬᠠᠤᠯᠢ ᠶᠣᠰᠣᠭᠠᠷ | ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠣᠨ᠎ᠠ᠃ | |