︽ᠰᠢᠯᠢ ᠶᠢᠨ ᠬᠤᠲᠠ ᠶᠢᠨ ᠢᠳᠡᠭᠡᠨ ᠤᠮᠳᠠᠭᠠᠨ ᠵᠡᠷᠭᠡ ᠡᠵᠡᠩᠨᠡᠯᠲᠡ ᠶᠢᠨ ᠨᠢᠭᠡᠴᠡ ᠪᠠ ᠰᠠᠭᠤᠭᠠᠯᠢ ᠠᠷᠠᠳ ᠤᠨ | ᠲᠣᠭᠤᠷᠢᠭ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠰᠢᠯᠢ ᠶᠢᠨ ᠬᠤᠲᠠ ᠶᠢᠨ ᠵᠠᠰᠠᠭ ᠤᠨ ᠣᠷᠳᠣᠨ ᠤ | ᠠᠯᠪᠠᠨ ᠬᠡᠷ ᠤᠨ ᠮᠡᠳᠡᠭᠳᠡᠯ | ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠬᠦ | ᠣᠷᠣᠨ᠂ ᠪᠦᠬᠦ ᠠᠶᠢᠮᠠᠭ ᠤᠨ ᠬᠤᠲᠠ ᠪᠠᠯᠭᠠᠰᠤᠨ ᠤ ᠰᠢᠲᠠᠮᠠᠬᠠᠶ ᠬᠡᠢ ᠶᠢᠨ ᠠᠮᠤᠷ ᠲᠦᠪᠰᠢᠨ ᠤ ᠳᠠᠯᠳᠠ ᠬᠡᠮ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ | ᠮᠡᠳᠡᠬᠦ ᠮᠠᠨ ᠤ ᠬᠤᠲᠠ ᠶᠢᠨ ᠢᠳᠡᠭᠡᠨ ᠤᠮᠳᠠᠭᠠᠨ ᠵᠡᠷᠭᠡ ᠡᠵᠡᠩᠨᠡᠯᠲᠡ ᠶᠢᠨ ᠨᠢᠭᠡᠴᠡ ᠪᠣᠯᠤᠨ ᠰᠠᠭᠤᠭᠠᠯᠢ ᠠᠷᠠᠳ ᠤᠨ | ᠲᠣᠭᠤᠷᠢᠭ ᠤᠨ ᠰᠢᠲᠠᠮᠠᠬᠠᠶ ᠬᠡᠢ ᠶᠢᠨ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ | ᠰᠡᠷᠭᠡᠶᠢᠯᠡᠨ ᠠᠷᠢᠯᠭᠠᠵᠤ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ | ᠨᠢᠩᠰᠢᠶᠠ ᠶᠢᠨ ᠢᠷᠭᠠᠶ ᠶᠢᠨ ᠰᠢᠲᠠᠮᠠᠬᠠᠶ ᠬᠡᠶ ᠶᠢᠨ ᠳᠡᠯᠪᠡᠷᠡᠯᠲᠡ ᠶᠢᠨ ᠠᠳᠡᠯ ᠤᠨ ᠭᠦᠨᠵᠡᠭᠡᠶ ᠰᠤᠷᠭᠠᠮᠵᠢ ᠶᠢ ᠦᠨᠡᠨᠬᠦ | ᠭᠥᠯᠢᠶᠡᠨ ᠠᠪᠴᠤ ᠣᠳᠣᠬᠠᠨ ᠤ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ | ᠬᠢᠬᠦ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠴᠢᠮ | ᠮᠡᠳᠡᠭᠳᠡᠯ︾ ︵ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠭᠡᠷ | ᠲᠠᠷᠬᠠᠭᠠᠭᠰᠠᠨ ᠴᠠᠬᠢᠯᠭᠠᠨ ᠮᠡᠳᠡᠭᠡ ︹ 2023 ︺ 21 ᠳ᠋ᠦ᠋ᠭᠡᠷ ᠲᠣᠭᠠᠲᠤ︶ ᠪᠠ ︽ᠰᠢᠯᠢ ᠶᠢᠨ ᠭᠤᠤᠯ | ᠠᠶᠢᠮᠠᠭ ᠤᠨ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠥᠰᠦᠯ︾ ︵ᠰᠢᠯᠢ ᠶᠢᠨ ᠬᠤᠲᠠ ᠶᠢᠨ ᠠᠶᠤᠯᠭᠦᠶ | ᠦᠢᠯᠡᠳᠪᠦᠷᠢᠯᠡᠯ ᠤᠨ ᠺᠣᠮᠢᠰ ᠤᠨ ᠠᠯᠪᠠᠨ ᠭᠡᠷ ᠲᠠᠷᠬᠠᠭᠠᠭᠰᠠᠨ ︹ 2023 ︺ 35 ᠳ᠋ᠤᠭᠠᠷ ᠲᠣᠭᠠᠲᠤ︶᠂ ᠪᠥᠬᠦ | ᠬᠤᠲᠠ ᠶᠢᠨ ᠬᠡᠪᠴᠢᠶᠡᠨ ᠳᠤ ᠢᠳᠡᠭᠡᠨ ᠤᠮᠳᠠᠭᠠᠨ ᠵᠡᠷᠭᠡ ᠡᠵᠡᠩᠨᠡᠯᠲᠡ ᠶᠢᠨ ᠨᠢᠭᠡᠴᠡ ᠪᠠ ᠰᠠᠭᠤᠭᠠᠯᠢ ᠠᠷᠠᠳ ᠤᠨ | ᠲᠣᠭᠤᠷᠢᠭ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠠᠵᠢᠯ ᠢ ᠥᠷᠨᠢᠭᠦᠯᠬᠦ ᠪᠠᠷ ᠲᠣᠭᠲᠠᠵᠤ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ | ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ | ᠵᠠᠰᠠᠬᠤ ᠶᠢ ᠪᠠᠷᠢᠮᠲᠠᠯᠠᠵᠤ᠂ ᠠᠶᠤᠯᠭᠦᠶ ᠦᠢᠯᠡᠳᠪᠦᠷᠢᠯᠡᠯ ᠤᠨ ︽ᠠᠷᠪᠠᠨ ᠲᠠᠪᠤᠨ ᠵᠦᠢᠯ ᠤᠨ ᠬᠠᠲᠠᠭᠤ ᠠᠷᠭ᠎ᠠ | ᠬᠡᠮᠵᠢᠶ᠎ᠡ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ | ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠦᠨᠳᠦ | ᠶᠡᠭᠡ ᠶᠠᠪᠤᠳᠠᠯ ᠢ ᠬᠤᠷᠢᠭᠯᠠᠬᠤ᠂ ᠨᠡᠯᠢᠶᠡᠳ ᠶᠡᠭᠡ ᠬᠡᠮᠵᠢᠶ᠎ᠡ ᠶᠢ ᠪᠠᠭᠤᠷᠠᠭᠤᠯᠬᠤ᠂ ᠶᠡᠷᠦᠩᠬᠡᠶ ᠬᠡᠮᠵᠢᠶ᠎ᠡ ᠶᠢ ᠪᠠᠭᠠᠰᠬᠠᠬᠤ | ︾ ᠪᠠᠷ ᠬᠠᠷᠠᠯᠲᠠ ᠪᠣᠯᠭᠠᠵᠤ᠂ ᠬᠤᠲᠠ ᠪᠠᠯᠭᠠᠰᠤ ᠶᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠰᠢᠲᠠᠮᠠᠬᠠᠶ ᠬᠡᠶ ᠬᠠᠩᠭᠠᠬᠤ | ᠲᠠᠯ᠎ᠠ ᠪᠠ ᠰᠢᠲᠠᠮᠠᠬᠠᠶ ᠬᠡᠶ ᠬᠡᠷᠡᠭᠯᠡᠬᠦ ᠲᠠᠯ᠎ᠠ ᠶᠢᠨ ᠭᠤᠤᠯᠳᠠᠯᠭ᠎ᠠ ᠲᠠᠢ ᠪᠡᠯᠡᠳᠬᠡᠮᠵᠢ᠂ ᠭᠤᠤᠯᠳᠠᠯᠭ᠎ᠠ ᠲᠠᠢ ᠣᠷᠣᠨ | ᠪᠠᠶᠢᠷᠢ᠂ ᠭᠤᠤᠯᠳᠠᠯᠭ᠎ᠠ ᠲᠠᠢ ᠡᠲᠡᠭᠡᠳ ᠲᠤ ᠠᠩᠬᠠᠷᠤᠯ ᠢᠶᠠᠨ ᠲᠥᠪᠯᠡᠷᠡᠭᠦᠯᠦᠨ ᠬᠦᠨᠳᠦ ᠶᠡᠭᠡ ᠠᠳᠡᠯ ᠤᠨ ᠳᠠᠯᠳᠠ | ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠶᠤᠯ ᠥᠬᠡᠶ ᠦᠢᠯᠡᠳᠪᠦᠷᠢᠯᠡᠯ ᠤᠨ | ᠬᠦᠨᠳᠦ ᠶᠡᠭᠡ ᠣᠨᠴᠠ ᠶᠡᠭᠡ ᠠᠳᠡᠯ ᠢ ᠡᠷᠡᠰ ᠬᠤᠷᠢᠭᠯᠠᠨ ᠵᠣᠭᠰᠣᠭᠠᠵᠤ᠂ ᠠᠶᠤᠯ ᠥᠬᠡᠶ ᠦᠢᠯᠡᠳᠪᠦᠷᠢᠯᠡᠯ ᠤᠨ | ᠡᠩ ᠤᠨ ᠪᠠ ᠨᠡᠯᠢᠶᠡᠳ ᠶᠡᠭᠡ ᠠᠳᠡᠯ ᠢ ᠬᠤᠷᠢᠭᠯᠠᠨ ᠵᠣᠭᠰᠣᠭᠠᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠴᠠᠭ | 2023 ᠣᠨ ᠤ 6 ᠰᠠᠷ᠎ᠠ ᠶᠢᠨ 25 ᠤ ᠡᠳᠦᠷ — 7 ᠰᠠᠷ᠎ᠠ ᠶᠢᠨ 30 ᠤ ᠡᠳᠦᠷ ᠪᠣᠯᠲᠠᠯ᠎ᠠ | ︵ᠬᠤᠶᠠᠷ︶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠪᠴᠢᠶ᠎ᠡ | ᠪᠥᠬᠦ ᠬᠤᠲᠠ ᠶᠢᠨ ᠬᠡᠪᠴᠢᠶᠡᠨ ᠳᠤ ᠢᠳᠡᠭᠡᠨ ᠤᠮᠳᠠᠭᠠᠨ᠂ ᠪᠠᠭᠤᠳᠠᠯ ︵ᠢᠳᠡᠭᠡᠨ ᠤᠮᠳᠠᠭᠠᠨ ᠤ ᠦᠢᠯᠡᠴᠢᠯᠡᠭᠡ | ᠪᠠᠭᠲᠠᠨ᠎ᠠ︶᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠳᠠᠭᠤᠤ ᠬᠥᠭᠵᠢᠮᠲᠦ ᠰᠢᠷᠠᠮᠠᠯ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ᠂ ᠰᠤᠷᠭᠠᠭᠤᠯᠢ ᠶᠢᠨ ᠬᠤᠭᠤᠯᠠᠨ ᠬᠡᠷ᠂ ᠡᠮᠨᠡᠯᠭᠡ ᠶᠢᠨ ᠬᠤᠷᠢᠶᠠᠨ ᠤ ᠬᠤᠭᠤᠯᠠᠨ ᠬᠡᠷ᠂ | ᠬᠤᠳᠠᠯᠳᠤᠭᠠᠨ ᠤ ᠣᠷᠣᠨ ᠰᠠᠭᠤᠴᠠ ᠶᠢᠨ ᠬᠤᠯᠢᠮᠠᠭ ᠴᠣᠭᠴᠠ᠂ ᠰᠠᠭᠤᠭᠠᠯᠢ ᠠᠷᠠᠳ ᠤᠨ ᠵᠢᠵᠢᠭ ᠲᠣᠭᠤᠷᠢᠭ ᠤᠨ | ᠰᠢᠲᠠᠮᠠᠬᠠᠶ ᠬᠡᠶ ᠶᠢᠨ ᠬᠡᠷᠡᠭᠯᠡᠭᠴᠢ ᠵᠢᠴᠢ ᠰᠢᠲᠠᠮᠠᠬᠠᠶ ᠬᠡᠶ ᠶᠢᠨ ᠡᠵᠡᠩᠨᠡᠯᠲᠡ ᠶᠢᠨ ᠠᠵᠤ ᠠᠬᠤᠶᠢᠯᠠᠯ ᠢ ᠪᠠᠭᠲᠠᠭᠠᠭᠰᠠᠨ | ᠪᠥᠬᠦ ᠬᠤᠲᠠ ᠶᠢᠨ ᠬᠡᠪᠴᠢᠶᠡᠨ ᠳᠠᠬᠢ ᠰᠢᠲᠠᠮᠠᠬᠠᠶ ᠬᠡᠶ ᠬᠡᠷᠡᠭᠯᠡᠬᠦ ᠢᠳᠡᠭᠡᠨ ᠤᠮᠳᠠᠭᠠᠨ ᠵᠡᠷᠭᠡ ᠲᠠᠯᠠᠪᠤᠷ ᠭᠠᠵᠠᠷ ᠲᠤ | ᠪᠥᠬᠦ ᠲᠠᠯ᠎ᠠ ᠪᠠᠷ ᠨᠡᠶᠢᠳᠡᠮ ᠪᠠᠶᠢᠴᠠᠭᠠᠯᠲᠠ ᠬᠢᠵᠦ ᠲᠠᠩᠰᠠ ᠡᠪᠬᠡᠮᠡᠯ ᠪᠠᠶᠢᠭᠤᠯᠤᠨ᠂ ᠳᠠᠯᠳᠠ ᠬᠡᠮ ᠢ ᠵᠢᠭᠰᠠᠭᠠᠨ | ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢᠲᠠᠮᠠᠬᠠᠶ ᠬᠡᠶ ᠶᠢᠨ | ᠬᠡᠷᠡᠭᠯᠡᠯᠲᠡ ᠶᠢᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠨ᠎ᠠ᠃ | ︵ᠭᠤᠷᠪᠠ︶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠭᠤᠯᠭ᠎ᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠥᠬᠡᠶ ᠦᠢᠯᠡᠳᠪᠦᠷᠢᠯᠡᠯ ᠤᠨ ᠬᠠᠤᠯᠢ︾ ︽ | ᠰᠢᠲᠠᠮᠠᠬᠠᠶ ᠬᠡᠶ ᠶᠢᠨ ᠢᠨᠵᠧᠨᠧᠷᠢᠩ ᠤᠨ ᠲᠥᠷᠥᠯ ᠵᠦᠢᠯ ᠤᠨ ᠵᠢᠷᠤᠮᠵᠢᠯ︾ ︵GB55009 — 2021︶ | ᠵᠢᠴᠢ ᠯᠣᠩᠬᠤᠨ ᠳᠤ ᠰᠠᠪᠠᠯᠠᠭᠰᠠᠨ ᠰᠢᠩᠭᠡᠵᠢᠮᠠᠯ ᠬᠡᠶ ᠶᠢ ᠠᠮᠤᠷ ᠲᠦᠪᠰᠢᠨ ᠢᠶᠠᠷ ᠬᠡᠷᠡᠭᠯᠡᠬᠦ ᠲᠤᠬᠠᠶ ᠤᠯᠤᠰ᠂ | ᠥᠪᠡᠷᠲᠡᠭᠡᠨ ᠵᠠᠰᠠᠬᠤ ᠣᠷᠣᠨ ᠤ ᠪᠤᠰᠤᠳ ᠬᠠᠮᠢᠶ᠎ᠠ ᠪᠥᠬᠦᠶ ᠲᠣᠭᠲᠠᠭᠠᠯ ᠪᠠ ᠪᠠᠷᠢᠮᠵᠢᠶ᠎ᠠ ᠶᠢ ᠦᠨᠳᠦᠰᠦᠯᠡᠨ᠂ | ᠰᠢᠲᠠᠮᠠᠬᠠᠶ ᠬᠡᠶ ᠬᠡᠷᠡᠭᠯᠡᠬᠦ ᠢᠳᠡᠭᠡᠨ ᠤᠮᠳᠠᠭᠠᠨ ᠵᠡᠷᠭᠡ ᠡᠵᠡᠩᠨᠡᠯᠲᠡ ᠶᠢᠨ ᠲᠠᠯᠠᠪᠤᠷ ᠭᠠᠵᠠᠷ ᠵᠢᠴᠢ ᠰᠠᠭᠤᠭᠠᠯᠢ | ᠠᠷᠠᠳ ᠤᠨ ᠲᠣᠭᠤᠷᠢᠭ ᠤᠨ ︽ᠵᠢᠷᠭᠤᠭᠠᠨ ᠨᠢᠭᠡ︾ ᠶᠢᠨ ᠲᠠᠯ᠎ᠠ ᠶᠢᠨ ᠪᠠᠶᠢᠳᠠᠯ ᠢ ᠭᠤᠤᠯᠳᠠᠯᠭ᠎ᠠ ᠲᠠᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠨ᠎ᠠ᠄ | 1 ᠨᠢᠭᠡ ᠢᠵᠢ ᠪᠦᠷᠢᠨ ᠲᠥᠷᠢᠮ᠃ ᠰᠢᠲᠠᠮᠠᠬᠠᠶ ᠬᠡᠶ ᠶᠢ ᠠᠮᠤᠷ ᠲᠦᠪᠰᠢᠨ ᠢᠶᠠᠷ ᠬᠡᠷᠡᠭᠯᠡᠬᠦ ᠬᠠᠷᠢᠭᠤᠴᠠᠯᠭ᠎ᠠ ᠶᠢᠨ | ᠲᠦᠷᠢᠮ᠂ ᠰᠢᠲᠠᠮᠠᠬᠠᠶ ᠬᠡᠶ ᠶᠢ ᠬᠡᠷᠡᠭᠯᠡᠬᠦ ᠠᠵᠢᠯᠯᠠᠭᠠᠨ ᠤ ᠲᠦᠷᠢᠮ ᠵᠡᠷᠭᠡ ᠲᠦᠷᠢᠮ ᠲᠣᠭᠲᠠᠭᠠᠯ ᠢ ᠪᠠᠶᠢᠭᠤᠯᠤᠨ | ᠪᠦᠷᠢᠨᠰᠢᠬᠦᠯᠬᠦ ᠪᠠ ᠨᠠᠶᠢᠳᠠᠪᠤᠷᠢᠵᠢᠭᠤᠯᠤᠭᠰᠠᠨ ᠡᠰᠡᠬᠦ ︵ᠬᠡᠪᠴᠢᠶ᠎ᠡ ᠪᠠᠷ ᠨᠡᠯᠢᠶᠡᠳ ᠶᠡᠭᠡ ᠢᠳᠡᠭᠡᠨ ᠤᠮᠳᠠᠭᠠᠨ ᠤ | ᠰᠢᠲᠠᠮᠠᠬᠠᠶ ᠬᠡᠶ ᠶᠢ ᠬᠡᠷᠡᠭᠯᠡᠬᠦ ᠲᠠᠯᠠᠪᠠᠶ ᠶᠢᠨ ᠬᠡᠷᠡᠭᠴᠡᠭᠡ ᠪᠥᠬᠦᠶ ᠰᠢᠲᠠᠮᠠᠬᠠᠶ ᠬᠡᠶ ᠶᠢ ᠠᠮᠤᠷ ᠲᠦᠪᠰᠢᠨ ᠢᠶᠠᠷ ᠬᠡᠷᠡᠭᠯᠡᠬᠦ | ᠬᠠᠮᠢᠶ᠎ᠠ ᠪᠥᠬᠦᠶ ᠲᠦᠷᠢᠮ ᠢ ᠲᠣᠭᠲᠠᠭᠠᠬᠤ ᠶᠢᠨ ᠬᠠᠮᠲᠤ ᠲᠣᠭᠤᠷᠢᠨ ᠪᠠᠶᠢᠴᠠᠭᠠᠬᠤ᠂ ᠳᠡᠩᠰᠡᠯᠡᠨ ᠲᠡᠮᠳᠡᠭᠯᠡᠬᠦ | ᠲᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ︶᠂ ᠰᠢᠲᠠᠮᠠᠬᠠᠶ ᠬᠡᠶ ᠶᠢᠨ ᠪᠡᠯᠡᠳᠬᠡᠮᠵᠢ ᠲᠥᠬᠦᠭᠡᠷᠦᠮᠵᠢ ᠶᠢ | ᠲᠤᠰᠬᠠᠶ ᠬᠥᠮᠦᠨ ᠬᠠᠷᠢᠭᠤᠴᠠᠨ ᠬᠠᠮᠢᠶᠠᠷᠴᠤ ᠬᠠᠮᠠᠭᠠᠯᠠᠭᠰᠠᠨ ᠡᠰᠡᠬᠦ︔ | 2 ᠨᠢᠭᠡ ᠪᠤᠯᠤᠳ ᠯᠣᠩᠬᠤ᠃ ᠬᠤᠭᠤᠴᠠᠭ᠎ᠠ ᠠᠴᠠ ᠬᠡᠲᠦᠷᠡᠭᠰᠡᠨ ᠪᠠᠶᠢᠴᠠᠭᠠᠭᠰᠠᠨ ᠥᠬᠡᠶ ᠬᠡᠶ ᠶᠢᠨ ᠯᠣᠩᠬᠤ᠂ | ᠬᠠᠶᠠᠭᠳᠠᠮᠠᠯ ᠬᠡᠶ ᠶᠢᠨ ᠯᠣᠩᠬᠤ ᠪᠤᠶᠤ ᠢᠷᠡᠯᠲᠡ ᠨᠢ ᠲᠣᠳᠣᠷᠬᠠᠶ ᠥᠬᠡᠶ ᠬᠡᠶ ᠶᠢᠨ ᠯᠣᠩᠬᠤ ᠶᠢ ᠬᠡᠷᠡᠭᠯᠡᠭᠰᠡᠨ ᠪᠠᠶᠢᠳᠠᠯ | ᠣᠷᠣᠰᠢᠵᠤ ᠪᠠᠶᠢᠬᠤ ᠡᠰᠡᠬᠦ᠂ ᠭᠠᠵᠠᠷ ᠳᠣᠤᠷᠠᠬᠢ ᠥᠷᠥᠭᠡ᠂ ᠬᠠᠭᠠᠰ ᠭᠠᠵᠠᠷ ᠳᠣᠤᠷᠠᠬᠢ ᠥᠷᠥᠭᠡᠨ ᠳᠤ ᠰᠢᠲᠠᠮᠠᠬᠠᠶ | ᠬᠡᠶ ᠶᠢᠨ ᠪᠠᠭᠠᠵᠢ ᠶᠢ ᠬᠠᠳᠠᠭᠠᠯᠠᠵᠤ ᠬᠡᠷᠡᠭᠯᠡᠭᠰᠡᠨ ᠡᠰᠡᠬᠦ᠂ ᠬᠡᠶ ᠶᠢᠨ ᠯᠣᠩᠬᠤ ︵ᠪᠡᠯᠡᠳᠬᠡᠯ ᠬᠡᠶ ᠶᠢᠨ ᠯᠣᠩᠬᠤ | ᠪᠠᠭᠲᠠᠨ᠎ᠠ︶ ᠶᠢ ᠬᠠᠳᠠᠭᠠᠯᠠᠵᠤ ᠲᠠᠯᠪᠢᠭᠰᠠᠨ ᠭᠠᠵᠠᠷ ᠨᠢ ᠠᠶᠤᠯ ᠥᠬᠡᠶ ᠬᠠᠳᠠᠭᠠᠯᠠᠬᠤ ᠪᠠᠷᠢᠮᠵᠢᠶ᠎ᠠ ᠳᠤ ᠨᠡᠶᠢᠴᠡᠬᠦ ᠡᠰᠡᠬᠦ | ︔ | 3 ᠨᠢᠭᠡ ᠵᠥᠭᠡᠯᠡᠨ ᠬᠤᠭᠤᠯᠠᠶ᠃ ᠰᠢᠲᠠᠮᠠᠬᠠᠶ ᠬᠡᠶ ᠶᠢᠨ ᠵᠥᠭᠡᠯᠡᠨ ᠬᠤᠭᠤᠯᠠᠶ ᠶᠢᠨ ᠵᠠᠯᠭᠠᠭᠠᠰᠤ ᠶᠢᠨ ᠠᠷᠭ᠎ᠠ | ᠮᠠᠶ᠋ᠢᠭ ᠨᠢ ᠵᠥᠪ ᠪᠠᠶᠢᠬᠤ ᠡᠰᠡᠬᠦ᠂ ᠵᠠᠯᠭᠠᠭᠠᠰᠤ ᠨᠢ ᠨᠢᠭᠲᠠ ᠴᠢᠩᠭ᠎ᠠ ᠪᠠᠶᠢᠬᠤ ᠡᠰᠡᠬᠦ᠂ ᠬᠡᠷᠡᠭᠯᠡᠬᠦ ᠬᠤᠭᠤᠴᠠᠭ᠎ᠠ ᠠᠴᠠ | ᠬᠡᠲᠦᠷᠡᠭᠰᠡᠨ ᠡᠰᠡᠬᠦ᠂ ᠬᠠᠭᠤᠴᠢᠷᠠᠬᠤ ᠪᠠ ᠬᠢᠷᠢ ᠲᠡᠩᠴᠡᠭᠦ ᠥᠬᠡᠶ ᠵᠡᠷᠭᠡ ᠠᠮᠤᠷ ᠲᠦᠪᠰᠢᠨ ᠤ ᠳᠠᠯᠳᠠ ᠬᠡᠮ | ᠣᠷᠣᠰᠢᠵᠤ ᠪᠠᠶᠢᠬᠤ ᠡᠰᠡᠬᠦ᠂ ᠰᠢᠲᠠᠮᠠᠬᠠᠶ ᠬᠡᠶ ᠶᠢᠨ ᠰᠢᠲᠠᠭᠠᠭᠤᠷ ᠤᠨ ᠵᠠᠯᠭᠠᠭᠠᠰᠤ ᠶᠢᠨ ᠵᠠᠯᠭᠠᠭᠠᠰᠤ ᠶᠢᠨ ᠵᠥᠭᠡᠯᠡᠨ | ᠬᠤᠭᠤᠯᠠᠶ ᠶᠢᠨ ᠣᠷᠳᠣ ᠨᠢ ᠪᠠᠷᠢᠮᠵᠢᠶ᠎ᠠ ᠠᠴᠠ ᠬᠡᠲᠦᠷᠡᠭᠰᠡᠨ ᠡᠰᠡᠬᠦ᠂ ᠬᠡᠷᠡᠮ ᠢ ᠨᠡᠪᠲᠡᠯᠦᠨ ᠥᠩᠭᠡᠷᠡᠬᠦ ᠵᠡᠷᠭᠡ | ᠦᠵᠡᠭᠳᠡᠯ ᠣᠷᠣᠰᠢᠵᠤ ᠪᠠᠶᠢᠬᠤ ᠡᠰᠡᠬᠦ︔ | 4 ᠲᠦᠭᠰᠢᠭᠦᠷᠢ ᠮᠡᠳᠡᠭᠡᠯᠡᠬᠦ ᠨᠢᠭᠡᠨ ᠢᠵᠢ ᠠᠦ᠋ᠲ᠋ᠣ᠋ ᠲᠣᠨᠣᠭᠯᠠᠯ᠃ ᠰᠢᠲᠠᠮᠠᠬᠠᠶ ᠬᠡᠶ ᠶᠢᠨ ᠭᠤᠭᠤᠵᠢᠯᠲᠠ ᠶᠢ | ᠪᠠᠶᠢᠴᠠᠭᠠᠨ ᠬᠡᠮᠵᠢᠬᠦ ᠲᠦᠭᠰᠢᠭᠦᠷᠢ ᠮᠡᠳᠡᠭᠡᠯᠡᠬᠦ ᠮᠠᠰᠢᠨ ᠤᠭᠰᠠᠷᠠᠭᠰᠠᠨ ᠡᠰᠡᠬᠦ᠂ ᠰᠢᠲᠠᠮᠠᠬᠠᠶ ᠬᠡᠶ ᠶᠢᠨ | ᠭᠤᠭᠤᠵᠢᠯᠲᠠ ᠶᠢᠨ ᠲᠦᠭᠰᠢᠭᠦᠷᠢ ᠮᠡᠳᠡᠭᠡᠯᠡᠬᠦ ᠮᠠᠰᠢᠨ ᠢ ᠬᠡᠪ ᠤᠨ ᠪᠠᠶᠢᠳᠠᠯ ᠢᠶᠠᠷ ᠬᠡᠷᠡᠭᠯᠡᠵᠦ ᠪᠣᠯᠬᠤ ᠡᠰᠡᠬᠦ ︵ | ᠰᠠᠭᠤᠭᠠᠯᠢ ᠠᠷᠠᠳ ᠤᠨ ᠬᠡᠷᠡᠭᠯᠡᠭᠴᠢ ᠶᠢ ᠪᠠᠭᠲᠠᠭᠠᠬᠤ ᠥᠬᠡᠶ︶︔ | 5 ᠨᠢᠭᠡ ᠢᠵᠢ ᠰᠢᠲᠠᠮᠠᠬᠠᠶ ᠭᠡᠢ ᠶᠢᠨ ᠪᠠᠭᠠᠵᠢ᠃ ᠭᠠᠯ ᠤᠨᠲᠠᠷᠠᠭᠠᠬᠤ ᠥᠬᠡᠶ ᠬᠠᠮᠠᠭᠠᠯᠠᠯᠲᠠ ᠶᠢᠨ ᠲᠥᠬᠦᠭᠡᠷᠦᠮᠵᠢ | ᠪᠠ 3C ᠭᠡᠷᠡᠴᠢᠯᠡᠯ ᠥᠬᠡᠶ ᠰᠢᠲᠠᠮᠠᠬᠠᠶ ᠬᠡᠶ ᠶᠢᠨ ᠪᠠᠭᠠᠵᠢ ᠶᠢ ᠬᠡᠷᠡᠭᠯᠡᠭᠰᠡᠨ ᠡᠰᠡᠬᠦ᠂ ᠰᠢᠲᠠᠮᠠᠬᠠᠶ ᠬᠡᠶ ᠶᠢᠨ | ᠪᠠᠭᠠᠵᠢ ᠨᠢ ᠬᠡᠷᠡᠭᠯᠡᠬᠦ ᠶᠢ ᠵᠥᠪᠰᠢᠶᠡᠷᠡᠭᠰᠡᠨ ᠬᠤᠭᠤᠴᠠᠭ᠎ᠠ ᠠᠴᠠ ᠬᠡᠲᠦᠷᠡᠭᠰᠡᠨ ᠡᠰᠡᠬᠦ︔ | 6 ᠨᠢᠭᠡ ᠵᠤᠷᠪᠤᠰ ᠬᠤᠭᠤᠯᠠᠶ᠃ ᠰᠢᠲᠠᠮᠠᠬᠠᠶ ᠬᠡᠶ ᠶᠢᠨ ᠳᠣᠲᠣᠷ᠎ᠠ ᠭᠠᠳᠠᠨᠠᠬᠢ ᠳᠠᠮᠵᠢᠭᠤᠯᠬᠤ ᠬᠤᠭᠤᠯᠠᠶ ᠶᠢᠨ | ᠣᠷᠣᠭᠤᠯᠬᠤ ᠬᠤᠭᠤᠯᠠᠶ ᠳᠤ ᠴᠠᠪᠠ ᠭᠠᠷᠬᠤ᠂ ᠢᠳᠡᠭᠳᠡᠬᠦ ᠦᠵᠡᠭᠳᠡᠯ ᠣᠷᠣᠰᠢᠵᠤ ᠪᠠᠶᠢᠬᠤ ᠡᠰᠡᠬᠦ᠂ ᠰᠢᠲᠠᠮᠠᠬᠠᠶ | ᠬᠡᠶ ᠶᠢᠨ ᠬᠤᠭᠤᠯᠠᠶ ᠪᠠᠷ ᠥᠩᠭᠡᠷᠡᠬᠦ ᠥᠷᠥᠭᠡᠨ ᠳᠤ ᠢᠯᠡ ᠭᠠᠯ ᠬᠡᠷᠡᠭᠯᠡᠭᠰᠡᠨ ᠡᠰᠡᠬᠦ᠂ ᠨᠣᠴᠣᠮᠠᠲᠠᠭᠠᠶ ᠳᠡᠯᠪᠡᠷᠡᠮᠡᠲᠡᠭᠡᠶ | ᠪᠣᠳᠠᠰ ᠢ ᠬᠠᠳᠠᠭᠠᠯᠠᠵᠤ ᠪᠠᠶᠢᠬᠤ ᠡᠰᠡᠬᠦ᠂ ᠰᠢᠲᠠᠮᠠᠬᠠᠶ ᠬᠡᠶ ᠶᠢᠨ ᠬᠤᠭᠤᠯᠠᠶ ᠶᠢᠨ ᠵᠠᠯᠭᠠᠭᠠᠰᠤ ᠳᠤ ᠢᠳᠡᠭᠳᠡᠬᠦ᠂ | ᠰᠤᠯᠠᠷᠠᠬᠤ ᠠᠴᠠ ᠪᠣᠯᠤᠭᠰᠠᠨ ᠨᠡᠪᠴᠢᠬᠦ ᠦᠵᠡᠭᠳᠡᠯ ᠣᠷᠣᠰᠢᠵᠤ ᠪᠠᠶᠢᠬᠤ ᠡᠰᠡᠬᠦ᠂ ᠪᠣᠰᠤᠭ᠎ᠠ ᠬᠤᠭᠤᠯᠠᠶ ᠪᠣᠯᠤᠨ | ᠭᠠᠵᠠᠷ ᠤᠨ ᠭᠠᠳᠠᠷᠭᠤ ᠶᠢᠨ ᠬᠦᠷᠦᠯᠴᠡᠬᠦ ᠬᠡᠰᠡᠭ ᠲᠤ ᠢᠳᠡᠭᠳᠡᠬᠦ ᠦᠵᠡᠭᠳᠡᠯ ᠣᠷᠣᠰᠢᠵᠤ ᠪᠠᠶᠢᠬᠤ ᠡᠰᠡᠬᠦ︔ | 7 ᠪᠤᠰᠤᠳ ᠲᠠᠯ᠎ᠠ᠃ ᠰᠢᠲᠠᠮᠠᠬᠠᠶ ᠬᠡᠶ ᠶᠢ ᠬᠡᠷᠡᠭᠯᠡᠬᠦ ᠬᠠᠮᠢᠶᠠᠷᠤᠯᠲᠠ ᠪᠠ ᠬᠡᠷᠡᠭᠯᠡᠯᠲᠡ ᠶᠢᠨ ᠠᠰᠠᠭᠤᠳᠠᠯ ᠤᠨ | ᠪᠤᠰᠤᠳ ᠳᠠᠯᠳᠠ ᠬᠡᠮ ᠣᠷᠣᠰᠢᠵᠤ ᠪᠠᠶᠢᠬᠤ ᠡᠰᠡᠬᠦ᠃ | ︵ᠲᠥᠷᠪᠡ︶ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠠᠴᠠ ᠪᠦᠷᠢᠯᠳᠦᠬᠦᠨ ᠨᠢᠭᠡᠴᠡ ᠵᠢᠴᠢ ᠬᠠᠮᠢᠶ᠎ᠠ ᠪᠥᠬᠦᠶ ᠠᠵᠢᠯ | ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠲᠤᠰᠬᠠᠶ | ᠮᠡᠷᠭᠡᠵᠢᠯ ᠤᠨ ᠠᠵᠢᠯᠲᠠᠨ ᠢ ᠲᠠᠲᠠᠵᠤ 4 ᠠᠵᠢᠯᠯᠠᠬᠤ ᠳᠤᠭᠤᠶᠢᠯᠠᠩ ᠪᠠᠶᠢᠭᠤᠯᠵᠤ᠂ ᠰᠢᠲᠠᠮᠠᠬᠠᠶ ᠬᠡᠶ ᠬᠡᠷᠡᠭᠯᠡᠵᠦ | ᠪᠠᠶᠢᠭ᠎ᠠ ᠢᠳᠡᠭᠡᠨ ᠤᠮᠳᠠᠭᠠᠨ ᠵᠡᠷᠭᠡ ᠡᠵᠡᠩᠨᠡᠯᠲᠡ ᠶᠢᠨ ᠨᠢᠭᠡᠴᠡ ᠪᠣᠯᠤᠨ ᠰᠠᠭᠤᠭᠠᠯᠢ ᠠᠷᠠᠳ ᠤᠨ ᠲᠣᠭᠤᠷᠢᠭ ᠲᠤ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠦᠨ᠎ᠡ᠃ | 1. ᠢᠳᠡᠭᠡᠨ ᠤᠮᠳᠠᠭᠠᠨ᠂ ᠵᠣᠴᠢᠳ ᠤᠨ ᠪᠠᠭᠤᠳᠠᠯ ︵ᠢᠳᠡᠭᠡᠨ ᠤᠮᠳᠠᠭᠠᠨ ᠤ ᠦᠢᠯᠡᠴᠢᠯᠡᠭᠡ ᠪᠠᠭᠲᠠᠨ᠎ᠠ︶᠂ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠳᠠᠭᠤᠤ ᠬᠥᠭᠵᠢᠮᠲᠦ ᠰᠢᠷᠠᠮᠠᠯ᠂ ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ ᠤᠨ ᠬᠦᠷᠢᠶ᠎ᠡ ᠴᠠᠷᠠᠭ᠎ᠠ᠄ ᠰᠦᠨ ᠶᠦᠩ ᠸᠧᠨ ᠳᠡᠳ᠋ ᠬᠤᠲᠠ ᠶᠢᠨ ᠳᠠᠷᠤᠭ᠎ᠠ ᠲᠦᠷᠦᠭᠦᠯᠡᠨ | ᠨᠢᠭᠡᠳᠦᠯᠲᠡᠶ ᠲᠥᠯᠥᠪᠯᠡᠵᠦ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠣᠳᠠᠲᠠᠶ ᠪᠠᠷ ᠲᠦᠷᠦᠭᠦᠯᠡᠨ᠂ ᠰᠣᠶᠣᠯ | ᠲᠠᠮᠢᠷ᠂ ᠪᠠᠴᠢᠮ ᠪᠠᠶᠢᠳᠠᠯ ᠢ ᠠᠷᠭᠠᠴᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ | ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠯ ᠤᠨᠲᠠᠷᠠᠭᠠᠬᠤ᠂ ᠳᠣᠲᠣᠭᠠᠳᠤ ᠶᠢ ᠬᠠᠮᠠᠭᠠᠯᠠᠬᠤ ᠵᠡᠷᠭᠡ 6 | ᠰᠠᠯᠠᠭ᠎ᠠ ᠮᠥᠴᠢᠷ ᠤᠨ ᠠᠵᠢᠯᠲᠠᠨ ᠢ ᠵᠣᠬᠢᠶᠠᠨ ᠪᠠᠶᠢᠭᠤᠯᠤᠨ ᠬᠠᠮᠲᠤᠪᠠᠷ ᠣᠷᠣᠯᠴᠠᠭᠤᠯᠤᠨ᠎ᠠ︔ | 2. ᠰᠤᠷᠭᠠᠭᠤᠯᠢ ᠶᠢᠨ ᠬᠤᠭᠤᠯᠠᠨ ᠬᠡᠷ᠄ ᠳᠡᠳ᠋ ᠬᠤᠲᠠ ᠶᠢᠨ ᠳᠠᠷᠤᠭ᠎ᠠ ᠮᠦᠩᠭᠦᠨ ᠲᠦᠷᠦᠭᠦᠯᠡᠨ ᠨᠢᠭᠡᠳᠦᠯᠲᠡᠶ | ᠲᠥᠯᠥᠪᠯᠡᠵᠦ᠂ ᠰᠤᠷᠭᠠᠨ ᠬᠥᠮᠦᠵᠢᠯ ᠤᠨ ᠲᠣᠪᠴᠢᠶ᠎ᠠ ᠪᠣᠳᠠᠲᠠᠶ ᠪᠠᠷ ᠲᠦᠷᠦᠭᠦᠯᠡᠨ᠂ ᠪᠠᠴᠢᠮ ᠪᠠᠶᠢᠳᠠᠯ ᠢ ᠠᠷᠭᠠᠴᠠᠬᠤ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠭᠠᠯ ᠤᠨᠲᠠᠷᠠᠭᠠᠬᠤ ᠵᠡᠷᠭᠡ 4 ᠰᠠᠯᠠᠭ᠎ᠠ ᠮᠥᠴᠢᠷ ᠤᠨ ᠠᠵᠢᠯᠲᠠᠨ ᠢ ᠵᠣᠬᠢᠶᠠᠨ ᠪᠠᠶᠢᠭᠤᠯᠤᠨ | ᠬᠠᠮᠲᠤᠪᠠᠷ ᠣᠷᠣᠯᠴᠠᠭᠤᠯᠤᠨ᠎ᠠ︔ | 3. ᠡᠮᠨᠡᠯᠭᠡ ᠶᠢᠨ ᠬᠤᠷᠢᠶ᠎ᠠ ᠶᠢᠨ ᠬᠤᠭᠤᠯᠠᠨ ᠬᠡᠷ᠄ ᠬᠤᠲᠠ ᠶᠢᠨ ᠳᠡᠳ᠋ ᠳᠠᠷᠤᠭ᠎ᠠ ᠶᠠᠩ ᠵᠧᠨ ᠲᠦᠷᠦᠭᠦᠯᠡᠨ | ᠨᠢᠭᠡᠳᠦᠯᠲᠡᠶ ᠲᠥᠯᠥᠪᠯᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠳᠠᠲᠠᠶ ᠪᠠᠷ ᠲᠦᠷᠦᠭᠦᠯᠡᠨ᠂ ᠪᠠᠴᠢᠮ | ᠪᠠᠶᠢᠳᠠᠯ ᠢ ᠠᠷᠭᠠᠴᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠯ ᠤᠨᠲᠠᠷᠠᠭᠠᠬᠤ ᠵᠡᠷᠭᠡ 4 ᠰᠠᠯᠠᠭ᠎ᠠ ᠮᠥᠴᠢᠷ ᠤᠨ ᠠᠵᠢᠯᠲᠠᠨ ᠢ | ᠵᠣᠬᠢᠶᠠᠨ ᠪᠠᠶᠢᠭᠤᠯᠤᠨ ᠬᠠᠮᠲᠤᠪᠠᠷ ᠣᠷᠣᠯᠴᠠᠭᠤᠯᠤᠨ᠎ᠠ︔ | 4. ᠬᠤᠳᠠᠯᠳᠤᠭ᠎ᠠ ᠪᠠ ᠣᠷᠣᠨ ᠰᠠᠭᠤᠴᠠ ᠶᠢᠨ ᠬᠤᠯᠢᠮᠠᠭ ᠴᠣᠭᠴᠠ᠂ ᠰᠠᠭᠤᠭᠠᠯᠢ ᠠᠷᠠᠳ ᠤᠨ ᠲᠣᠭᠤᠷᠢᠭ ︵ | ᠮᠠᠯᠵᠢᠬᠤ ᠣᠷᠣᠨ︶ ᠤᠨ ᠰᠢᠲᠠᠮᠠᠬᠠᠶ ᠬᠡᠶ ᠬᠡᠷᠡᠭᠯᠡᠬᠦ ᠡᠷᠦᠬᠡ ᠶᠢᠨ ᠬᠦᠷᠢᠶ᠎ᠡ ᠴᠠᠷᠠᠭ᠎ᠠ᠄ ᠬᠤᠲᠠ ᠶᠢᠨ ᠳᠡᠳ᠋ ᠳᠠᠷᠤᠭ᠎ᠠ | ᠶᠠᠩ ᠵᠧᠨ ᠲᠦᠷᠦᠭᠦᠯᠡᠨ ᠨᠢᠭᠡᠳᠦᠯᠲᠡᠶ ᠲᠥᠯᠥᠪᠯᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠪᠣᠳᠠᠲᠠᠶ ᠪᠠᠷ ᠲᠦᠷᠦᠭᠦᠯᠡᠨ᠂ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ | 2 ᠰᠠᠯᠠᠭ᠎ᠠ ᠮᠥᠴᠢᠷ ᠵᠢᠴᠢ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠤᠮᠤ ᠪᠠᠯᠭᠠᠰᠤ ︵ᠲᠠᠯᠠᠪᠠᠶ︶ | ᠶᠢᠨ ᠬᠥᠮᠦᠰ ᠢ ᠵᠣᠬᠢᠶᠠᠨ ᠪᠠᠶᠢᠭᠤᠯᠤᠨ ᠬᠠᠮᠲᠤᠪᠠᠷ ᠣᠷᠣᠯᠴᠠᠭᠤᠯᠤᠨ᠎ᠠ᠃ | ︵ᠲᠠᠪᠤ︶ ᠬᠠᠮᠲᠤᠷᠠᠨ ᠬᠢᠨᠠᠨ ᠬᠠᠮᠢᠶᠠᠷᠬᠤ ᠶᠢ ᠴᠢᠩᠭᠠᠷᠠᠭᠤᠯᠬᠤ ᠬᠡᠷᠡᠭᠲᠡᠶ | ᠲᠥᠪᠯᠡᠷᠡᠭᠦᠯᠦᠨ ᠵᠢᠭᠰᠠᠭᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠡᠯ᠎ᠡ ᠬᠠᠷᠢᠭᠤᠴᠠᠯᠭᠠᠲᠤ ᠨᠢᠭᠡᠴᠡ | ᠬᠠᠮᠢᠶᠠᠷᠤᠯᠲᠠ ᠶᠢᠨ ᠰᠢᠰᠲ᠋ᠧᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠬᠠᠷᠢᠶ᠎ᠠ ᠣᠷᠣᠨ ᠤ ᠬᠠᠮᠢᠶᠠᠷᠤᠯᠲᠠ᠂ ᠰᠠᠯᠠᠭ᠎ᠠ ᠮᠥᠴᠢᠷ ᠤᠨ ᠬᠠᠮᠵᠢᠯᠴᠠᠭ᠎ᠠ᠂ ᠳᠡᠭᠡᠳᠦ | ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠯᠳᠦᠭᠦᠯᠵᠦ᠂ | ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠬᠠᠤᠯᠢ ᠶᠣᠰᠣᠭᠠᠷ ᠭᠦᠶ᠋ᠴᠡᠳᠬᠡᠵᠦ᠂ | ᠰᠢᠲᠠᠮᠠᠬᠠᠶ ᠬᠡᠶ ᠶᠢᠨ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠰᠢᠲᠠᠮᠠᠬᠠᠶ ᠬᠡᠶ ᠶᠢᠨ ᠡᠵᠡᠩᠨᠡᠯᠲᠡ ᠶᠢᠨ ᠠᠵᠤ | ᠠᠬᠤᠶᠢᠯᠠᠯ ᠤᠨ ᠲᠡᠭᠡᠭᠡᠪᠦᠷᠢᠯᠡᠬᠦ᠂ ᠬᠠᠳᠠᠭᠠᠯᠠᠬᠤ᠂ ᠪᠣᠷᠣᠯᠠᠭᠤᠯᠬᠤ ᠵᠡᠷᠭᠡ ᠡᠯ᠎ᠡ ᠭᠤᠭᠴᠤᠭ᠎ᠠ ᠳᠠᠬᠢ ᠠᠶᠤᠯ | ᠥᠬᠡᠶ ᠶᠢᠨ ᠪᠠᠶᠢᠴᠠᠭᠠᠯᠲᠠ ᠶᠢ ᠴᠢᠩᠭᠠᠳᠬᠠᠨ᠂ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠪᠡᠯᠡᠳᠬᠡᠮᠵᠢ ᠵᠢᠴᠢ | ᠠᠶᠤᠯ ᠥᠬᠡᠶ ᠪᠠᠷ ᠠᠵᠢᠯᠯᠠᠬᠤ ᠶᠢᠨ ᠤᠴᠢᠷ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠰᠠᠶᠢᠲᠤᠷ ᠬᠢᠵᠦ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠰᠢᠲᠠᠮᠠᠬᠠᠶ ᠬᠡᠶ ᠶᠢᠨ | ᠬᠢᠨᠠᠯᠲᠠ ᠪᠠᠶᠢᠴᠠᠭᠠᠯᠲᠠ ᠶᠢᠨ ᠠᠵᠢᠯ ᠤᠨ ᠵᠢᠷᠤᠮᠵᠢᠯᠲᠠ᠂ ᠳᠦᠷᠢᠮᠵᠢᠯᠲᠡ᠂ ᠪᠠᠶᠢᠩᠭᠤᠵᠢᠯᠲᠠ ᠶᠢ ᠠᠬᠢᠭᠤᠯᠬᠤ | ᠬᠡᠷᠡᠭᠲᠡᠶ᠃ | ᠭᠤᠷᠪᠠ᠂ ᠠᠵᠢᠯ ᠤᠨ ᠠᠯᠬᠤᠮ ᠳᠠᠷᠠᠭ᠎ᠠ | ︵ᠨᠢᠭᠡ︶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠱᠠᠲᠤ ᠦᠶ᠎ᠡ ︵6 ᠳ᠋ᠤᠭᠠᠷ ᠰᠠᠷ᠎ᠠ ᠶᠢᠨ 25 ᠤ ᠡᠳᠦᠷ | — 7 ᠳ᠋ᠤᠭᠠᠷ ᠰᠠᠷ᠎ᠠ ᠶᠢᠨ 15 ᠤ ᠡᠳᠦᠷ︶᠃ ᠢᠳᠡᠭᠡᠨ ᠤᠮᠳᠠᠭᠠᠨ ᠵᠡᠷᠭᠡ ᠡᠵᠡᠩᠨᠡᠯᠲᠡ ᠶᠢᠨ ᠨᠢᠭᠡᠴᠡ ᠪᠣᠯᠤᠨ | ᠰᠠᠭᠤᠭᠠᠯᠢ ᠠᠷᠠᠳ ᠤᠨ ᠲᠣᠭᠤᠷᠢᠭ ᠤᠨ ᠦᠨᠳᠦᠰᠦᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠳᠠᠯᠳᠠ | ᠬᠡᠮ ᠢ ᠪᠦᠬᠦ ᠲᠠᠯ᠎ᠠ ᠪᠠᠷ ᠣᠶᠢᠯᠠᠭᠠᠵᠤ᠂ ᠲᠤᠭ᠎ᠠ ᠪᠦᠷᠢᠳᠬᠡᠯ᠂ ᠪᠠᠶᠢᠳᠠᠯ ᠲᠣᠳᠣᠷᠬᠠᠢ᠂ ᠰᠣᠬᠤᠷ ᠪᠠᠯᠠᠢ ᠭᠠᠵᠠᠷ | ᠦᠭᠡᠢ᠂ ᠣᠷᠬᠢᠭᠳᠠᠭᠤᠯᠬᠤ ᠦᠭᠡᠢ ᠪᠠᠶᠢᠬᠤ ᠶᠢ ᠡᠴᠦᠰ ᠲᠤᠨᠢ ᠲᠤᠯᠲᠠᠯ᠎ᠠ ᠬᠢᠵᠦ᠂ ᠨᠠᠷᠢᠨ ᠳᠠᠩᠰᠠ ᠡᠬᠡ ᠳᠠᠩᠰᠠ | ᠪᠠᠶᠢᠭᠤᠯᠵᠤ᠂ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠪᠡᠶᠡᠯᠡᠭᠦᠯᠬᠦ ᠴᠠᠭ ᠬᠤᠭᠤᠴᠠᠭ᠎ᠠ ᠶᠢ | ᠲᠣᠭᠲᠠᠭᠠᠵᠤ᠂ ᠢᠯᠡᠷᠡᠭᠦᠯᠦᠭᠰᠡᠨ ᠠᠰᠠᠭᠤᠳᠠᠯ ᠪᠠ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ | ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ | ᠣᠷᠣᠰᠢᠵᠤ ᠪᠠᠶᠢᠪᠠᠯ᠂ ᠳᠠᠷᠦ᠋ᠢᠬᠠᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠴᠤ᠂ ᠮᠥᠷᠳᠡᠨ | ᠴᠡᠭᠴᠡᠯᠡᠨ ᠵᠠᠰᠠᠵᠤ᠂ ᠪᠣᠢ ᠪᠦᠬᠦᠢ ᠠᠰᠠᠭᠤᠳᠠᠯ ᠢ ᠴᠥᠮ ᠪᠣᠳᠠᠲᠠᠢ ᠳᠤ ᠬᠦᠷᠲᠡᠯ᠎ᠡ ᠬᠠᠯᠠᠨ ᠰᠠᠶᠢᠵᠢᠷᠠᠭᠤᠯᠬᠤ ᠶᠢ | ᠪᠠᠲᠤᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠡᠵᠡᠩᠨᠡᠯᠲᠡ ᠶᠢᠨ ᠨᠢᠭᠡᠴᠡ ᠶᠢ ᠬᠠᠮᠢᠶ᠎ᠠ | ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | | ︵ᠬᠤᠶᠠᠷ︶ ᠰᠤᠭᠤᠴᠢᠨ ᠪᠠᠶᠢᠴᠠᠭᠠᠬᠤ ᠱᠠᠲᠤ ᠦᠶ᠎ᠡ ︵7 ᠳ᠋ᠤᠭᠠᠷ ᠰᠠᠷ᠎ᠠ ᠶᠢᠨ 16 ᠤ ᠡᠳᠦᠷ — 7 ᠳ᠋ᠤᠭᠠᠷ | ᠰᠠᠷ᠎ᠠ ᠶᠢᠨ 25 ᠤ ᠡᠳᠦᠷ︶᠃ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠤᠷᠢᠵᠤ ᠪᠠᠶᠢᠴᠠᠭᠠᠯᠭᠠᠬᠤ᠂ ᠠᠵᠢᠯ | ᠲᠥᠷᠥᠯ ᠤᠨ ᠪᠠᠶᠢᠴᠠᠭᠠᠯᠲᠠ ᠬᠢᠯᠭᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠯ᠎ᠡ ᠲᠤᠰᠬᠠᠶ ᠠᠵᠢᠯ ᠤᠨ | ᠳᠤᠭᠤᠶᠢᠯᠠᠩ ᠤᠨ ᠥᠪᠡᠷ ᠢᠶᠠᠨ ᠪᠠᠶᠢᠴᠠᠭᠠᠵᠤ ᠵᠢᠭᠰᠠᠭᠠᠨ ᠪᠠᠶᠢᠴᠠᠭᠠᠭᠰᠠᠨ ᠪᠠᠶᠢᠳᠠᠯ ᠳᠤ ᠲᠤᠬᠠᠶ ᠶᠢᠨ ᠭᠠᠵᠠᠷ ᠲᠤᠨᠢ | ᠪᠠᠶᠢᠴᠠᠭᠠᠯᠲᠠ ᠬᠢᠵᠦ ᠰᠤᠭᠤᠴᠢᠨ ᠪᠠᠶᠢᠴᠠᠭᠠᠬᠤ ᠪᠠ ᠵᠢᠯᠣᠭᠤᠳᠣᠯᠭ᠎ᠠ ᠬᠢᠵᠦ᠂ ᠠᠰᠠᠭᠤᠳᠠᠯ ᠢ ᠢᠯᠡᠷᠡᠭᠦᠯᠪᠡᠯ | ᠬᠠᠮᠲᠤ ᠳᠤᠨᠢ ᠡᠬᠡ ᠲᠠᠩᠰᠠᠨ ᠳᠤ ᠣᠷᠣᠭᠤᠯᠤᠨ ᠴᠡᠭᠴᠡᠯᠡᠨ ᠰᠠᠶᠢᠵᠢᠷᠠᠭᠤᠯᠬᠤ ᠶᠢ ᠳᠥᠯᠭᠢᠨ ᠠᠬᠢᠭᠤᠯᠤᠨ᠎ᠠ᠃ | ᠥᠪᠡᠷ ᠢᠶᠠᠨ ᠪᠠᠶᠢᠴᠠᠭᠠᠵᠤ ᠵᠢᠭᠰᠠᠭᠠᠨ ᠪᠠᠶᠢᠴᠠᠭᠠᠭᠰᠠᠨ ᠨᠢ ᠪᠣᠳᠠᠲᠠᠶᠢᠵᠢᠭᠰᠠᠨ ᠥᠬᠡᠶ᠂ ᠲᠦᠢᠯᠪᠤᠷᠢᠲᠠᠶ ᠴᠡᠭᠴᠡᠯᠡᠨ | ᠰᠠᠶᠢᠵᠢᠷᠠᠭᠤᠯᠤᠭᠰᠠᠨ ᠥᠬᠡᠶ ᠶᠢ ᠮᠥᠷᠳᠡᠨ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ | ︵ᠭᠤᠷᠪᠠ︶ ᠳ᠋ᠦᠩᠨᠡᠨ ᠳᠡᠭᠡᠭᠰᠢᠯᠡᠭᠦᠯᠬᠦ ᠱᠠᠲᠤ ᠦᠶ᠎ᠡ ︵7 ᠳ᠋ᠤᠭᠠᠷ ᠰᠠᠷ᠎ᠠ ᠶᠢᠨ 26 ᠤ ᠡᠳᠦᠷ — 7 ᠳ᠋ᠤᠭᠠᠷ | ᠰᠠᠷ᠎ᠠ ᠶᠢᠨ 30 ᠤ ᠡᠳᠦᠷ︶᠃ ᠡᠯ᠎ᠡ ᠲᠤᠰᠬᠠᠶ ᠠᠵᠢᠯ ᠤᠨ ᠳᠤᠭᠤᠶᠢᠯᠠᠩ ᠨᠢ᠂ ᠲᠤᠰᠬᠠᠶ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠢᠯᠡᠷᠡᠭᠦᠯᠦᠭᠰᠡᠨ ᠲᠣᠪᠤᠶᠢᠮ᠎ᠠ | ᠠᠰᠠᠭᠤᠳᠠᠯ ᠪᠠ ᠨᠡᠶᠢᠲᠡᠴᠢ ᠴᠢᠨᠠᠷᠲᠠᠶ ᠠᠰᠠᠭᠤᠳᠠᠯ ᠢ ᠭᠦᠨᠵᠡᠭᠡᠶ ᠵᠠᠳᠠᠯᠵᠤ᠂ ᠵᠦᠢᠯ ᠳᠠᠷᠠᠭᠠᠯᠠᠨ ᠵᠠᠳᠠᠯᠤᠨ ᠰᠤᠳᠤᠯᠤᠨ | ᠮᠠᠭᠠᠳᠯᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢ ᠳᠥᠯᠭᠢᠨ | ᠠᠬᠢᠭᠤᠯᠤᠨ᠎ᠠ᠃ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠦᠷ᠎ᠡ ᠪᠦᠲᠦᠮᠵᠢ ᠶᠢ | ᠪᠠᠲᠤᠳᠬᠠᠬᠤ ᠶᠢ ᠰᠠᠶᠢᠲᠤᠷ ᠠᠳᠬᠤᠵᠤ᠂ ᠴᠠᠭ ᠲᠤᠬᠠᠶ ᠳᠤᠨᠢ ︽ᠡᠷᠬᠢᠨ ᠬᠠᠷᠠᠬᠤ︾ ᠶᠢ ᠥᠷᠨᠢᠭᠦᠯᠵᠦ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠥᠬᠦ ᠲᠠᠯ᠎ᠠ ᠪᠠᠷ ᠪᠠᠶᠢᠴᠠᠭᠠᠨ ᠳᠤᠲᠠᠭᠳᠠᠯ ᠢ | ᠨᠥᠬᠦᠪᠥᠷᠢᠯᠡᠵᠦ᠂ ᠲᠦᠷᠢᠮ ᠲᠣᠭᠲᠠᠴᠠ ᠶᠢ ᠪᠦᠷᠢᠨᠰᠢᠬᠦᠯᠦᠨ᠂ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ | ᠲᠠᠰᠤᠷᠠᠯᠲᠠ ᠥᠬᠡᠶ ᠪᠠᠬᠢᠵᠢᠭᠦᠯᠦᠨ᠎ᠡ᠃ | ᠳᠥᠷᠪᠡ᠂ ᠠᠵᠢᠯ ᠤᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ | ᠨᠢᠭᠡᠴᠡ ᠨᠦᠭᠦᠳ ᠲᠤᠰ ᠤᠳᠠᠭᠠᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠲᠤᠰᠬᠠᠶ ᠬᠥᠮᠦᠨ ᠵᠢᠭᠠᠨ ᠲᠣᠭᠲᠠᠭᠠᠵᠤ ᠬᠠᠷᠢᠭᠤᠴᠠᠭᠤᠯᠤᠨ᠂ ᠵᠢᠭᠰᠠᠭᠠᠨ ᠪᠠᠶᠢᠴᠠᠭᠠᠭᠠᠳ | ᠢᠯᠡᠷᠡᠭᠦᠯᠦᠭᠰᠡᠨ ᠠᠰᠠᠭᠤᠳᠠᠯ ᠤᠨ ᠳᠠᠯᠳᠠ ᠬᠡᠮ ᠳᠤ ᠡᠬᠡ ᠲᠠᠩᠰᠠ ᠶᠢᠨ ᠨᠠᠷᠢᠨ ᠬᠠᠭᠤᠳᠠᠰᠤ ᠪᠠᠶᠢᠭᠤᠯᠵᠤ᠂ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠴᠠᠭ | ᠬᠤᠭᠤᠴᠠᠭ᠎ᠠ ᠶᠢ ᠲᠣᠳᠣᠷᠬᠠᠶᠢᠯᠠᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ | ᠬᠦᠨᠳᠦ ᠶᠡᠭᠡ ᠠᠰᠠᠭᠤᠳᠠᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶᠢᠵᠢᠭᠤᠯᠬᠤ ᠶᠢ | ᠦᠨᠡᠨᠬᠦ ᠪᠠᠲᠤᠯᠠᠵᠤ᠂ ᠡᠯ᠎ᠡ ᠲᠥᠷᠥᠯ ᠤᠨ ᠠᠰᠠᠭᠤᠳᠠᠯ ᠤᠨ ᠳᠠᠯᠳᠠ ᠬᠡᠮ ᠢ ᠲᠦᠢᠯᠪᠤᠷᠢᠲᠠᠶ ᠴᠡᠭᠴᠡᠯᠡᠨ | ᠰᠠᠶᠢᠵᠢᠷᠠᠭᠤᠯᠵᠤ᠂ ᠪᠢᠲᠡᠭᠦᠦ ᠴᠠᠭᠠᠷᠢᠭ ᠢᠶᠠᠷ ᠳ᠋ᠤᠭᠠᠷ ᠢ ᠨᠢ ᠬᠠᠰᠤᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ | ᠠᠳᠡᠯ ᠭᠠᠷᠬᠤ ᠠᠴᠠ ᠡᠷᠡᠰ ᠵᠠᠶᠢᠯᠠᠰᠬᠢᠬᠦ ᠬᠡᠷᠡᠭᠲᠡᠶ᠃ | ︵ᠬᠤᠶᠠᠷ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠵᠡᠩᠨᠡᠯᠲᠡ ᠶᠢᠨ ᠨᠢᠭᠡᠴᠡ ᠶᠢᠨ | ᠠᠶᠤᠯᠭᠦᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ | ᠂ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠠᠵᠢᠯᠲᠠᠨ ᠤ ᠠᠶᠤᠯᠭᠦᠶ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠪᠣᠯᠤᠨ ᠠᠶᠤᠯᠭᠦᠶ ᠦᠢᠯᠡᠳᠪᠦᠷᠢᠯᠡᠯ ᠤᠨ ᠳᠦᠷᠢᠮ ᠲᠣᠭᠲᠠᠭᠠᠯ ᠢ | ᠪᠠᠶᠢᠭᠤᠯᠤᠨ ᠲᠡᠭᠦᠯᠳᠡᠷᠵᠢᠭᠦᠯᠵᠦ᠂ ᠠᠶᠤᠯ ᠥᠭᠡᠢ ᠦᠢᠯᠡᠳᠪᠦᠷᠢᠯᠡᠯ ᠤᠨ ᠪᠡᠯᠡ ᠮᠥᠩᠭᠦ᠂ ᠡᠳ᠋ ᠪᠠᠷᠠᠭ᠎ᠠ᠂ ᠮᠡᠷᠭᠡᠵᠢᠯ᠂ | ᠠᠵᠢᠯᠳᠠᠨ ᠤ ᠣᠷᠣᠭᠤᠯᠤᠯᠲᠠ ᠶᠢ ᠪᠠᠲᠤᠯᠠᠬᠤ ᠡᠷᠴᠢᠮ ᠢᠶᠠᠨ ᠨᠡᠮᠡᠭᠳᠡᠭᠦᠯᠦᠨ᠂ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠲᠣᠭᠲᠠᠴᠠ ᠶᠢ ᠪᠥᠷᠢᠨᠰᠢᠬᠦᠯᠵᠤ᠂ ᠠᠵᠢᠯᠯᠠᠵᠤ ᠪᠠᠶᠢᠭ᠎ᠠ ᠬᠥᠮᠦᠰ ᠤᠨ ᠠᠶᠤᠯ ᠥᠭᠡᠢ | ᠦᠢᠯᠡᠳᠪᠦᠷᠢᠯᠡᠯ ᠤᠨ ᠬᠥᠮᠦᠵᠢᠯ ᠪᠠ ᠪᠣᠯᠪᠠᠰᠤᠷᠠᠭᠤᠯᠤᠯ ᠢ ᠴᠢᠩᠭᠠᠳᠬᠠᠨ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠶᠤᠯ ᠥᠭᠡᠢ ᠦᠢᠯᠡᠳᠪᠦᠷᠢᠯᠡᠯ ᠤᠨ ᠬᠠᠤᠯᠢ︾ ᠪᠣᠯᠤᠨ ᠪᠤᠰᠤᠳ ᠬᠠᠤᠯᠢ ᠴᠠᠭᠠᠵᠠ᠂ ᠬᠠᠤᠯᠢ | ᠲᠣᠭᠲᠠᠭᠠᠯ ᠳᠤ ᠲᠣᠭᠲᠠᠭᠠᠭᠰᠠᠨ ᠠᠶᠤᠯ ᠥᠭᠡᠢ ᠦᠢᠯᠡᠳᠪᠦᠷᠢᠯᠡᠯ ᠤᠨ ᠬᠤᠯᠪᠣᠭᠳᠠᠯ ᠪᠥᠬᠦᠢ ᠡᠭᠦᠷᠭᠡ ᠶᠢ | ᠭᠦᠢᠴᠡᠳᠬᠡᠬᠦ ᠬᠡᠷᠡᠭᠲᠡᠶ᠃ | ︵ᠭᠤᠷᠪᠠ︶ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠨ᠎ᠠ᠃ ᠡᠯ᠎ᠡ ᠰᠠᠯᠠᠭ᠎ᠠ ᠮᠥᠴᠢᠷ | ᠨᠢᠭᠡᠴᠡ ᠶᠢᠨ ᠬᠢᠨ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠬᠤᠲᠠ ᠪᠠᠯᠭᠠᠰᠤᠨ ᠤ ᠰᠢᠲᠠᠮᠠᠬᠠᠶ ᠬᠡᠢ ᠶᠢᠨ ᠠᠮᠤᠷ | ᠲᠦᠪᠰᠢᠨ ᠤ ᠠᠳᠡᠯ ᠤᠨ ᠰᠤᠷᠭᠠᠮᠵᠢ ᠶᠢ ᠭᠦᠨᠵᠡᠭᠡᠶ ᠬᠦᠯᠢᠶᠡᠨ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ | ᠮᠡᠳᠡᠬᠦ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠶᠤᠯ ᠥᠬᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠠᠷ᠎ᠠ ᠪᠦᠷᠢ | ᠠᠳᠠᠭ ᠲᠠᠭᠠᠨ ᠨᠢᠭᠡ ᠤᠳᠠᠭ᠎ᠠ ᠣᠯᠠᠨ ᠰᠠᠯᠠᠭ᠎ᠠ ᠮᠥᠴᠢᠷ ᠬᠠᠮᠲᠤᠷᠠᠨ ᠲᠤᠰᠬᠠᠶ ᠵᠦᠢᠯ ᠤᠨ ᠪᠠᠶᠢᠴᠠᠭᠠᠯᠲᠠ ᠬᠢᠵᠦ᠂ | ᠬᠠᠮᠢᠶ᠎ᠠ ᠪᠥᠬᠦᠶ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠤᠷᠢᠭ᠎ᠠ ᠱᠤᠭᠤᠮ ᠤᠨ ᠰᠡᠳᠬᠢᠬᠦᠶ ᠶᠢ ᠨᠢ | ᠴᠢᠩᠭᠠᠷᠠᠭᠤᠯᠤᠨ᠂ ᠠᠶᠤᠯ ᠥᠬᠡᠶ ᠦᠢᠯᠡᠳᠪᠦᠷᠢᠯᠡᠯ ᠤᠨ ᠲᠦᠷᠢᠮ ᠲᠣᠭᠲᠠᠭᠠᠯ ᠪᠠ ᠠᠵᠢᠯᠯᠠᠬᠤ ᠲᠦᠷᠢᠮ ᠢ | ᠪᠦᠷᠢᠨᠰᠢᠬᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠣᠯᠪᠠᠰᠤᠷᠠᠭᠤᠯᠤᠯ ᠬᠥᠮᠦᠵᠢᠯ ᠢ ᠴᠢᠩᠭᠠᠳᠬᠠᠨ᠂ | ᠠᠶᠤᠯ ᠲᠦᠭᠰᠢᠭᠦᠷᠢ ᠶᠢᠨ ᠳᠠᠯᠳᠠ ᠬᠡᠮ ᠢ ᠥᠪᠡᠰᠦᠪᠡᠨ ᠪᠠᠶᠢᠴᠠᠭᠠᠵᠤ ᠴᠡᠭᠴᠡᠯᠡᠨ ᠵᠠᠰᠠᠬᠤ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠠᠶᠤᠯ ᠥᠬᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ | ︵ᠳᠥᠷᠪᠡ︶ ᠤᠬᠠᠭᠤᠯᠭ᠎ᠠ ᠬᠥᠮᠦᠵᠢᠯ ᠢ ᠴᠢᠩᠭᠠᠷᠠᠭᠤᠯᠤᠨ᠎ᠠ᠃ ᠬᠠᠮ ᠵᠠᠭᠤᠴᠢᠯᠠᠭᠤᠷ᠂ ᠸᠢᠴᠠᠲ ᠤᠨ ᠪᠦᠯᠦᠭᠯᠡᠯ᠂ | ᠸᠢᠴᠠᠲ ᠤᠨ ᠨᠡᠶᠢᠲᠡ ᠶᠢᠨ ᠳ᠋ᠤᠭᠠᠷ᠂ ᠵᠠᠰᠠᠭ ᠤᠨ ᠶᠠᠪᠤᠳᠠᠯ ᠤᠨ ᠰᠦᠯᠵᠢᠶ᠎ᠡ ᠵᠡᠷᠭᠡ ᠲᠠᠪᠴᠠᠩ ᠢᠶᠠᠷ ᠳᠠᠮᠵᠢᠭᠤᠯᠤᠨ᠂ | ᠨᠡᠶᠢᠭᠡᠮ ᠨᠡᠶᠢᠲᠡ ᠳᠤ ᠪᠠᠶᠢᠩᠭᠤᠵᠢᠭᠤᠯᠤᠭᠰᠠᠨ ᠠᠮᠤᠷ ᠲᠦᠪᠰᠢᠨ ᠤ ᠤᠬᠠᠭᠤᠯᠭ᠎ᠠ ᠪᠠ ᠰᠡᠷᠡᠮᠵᠢᠯᠡᠭᠦᠯᠬᠦ ᠬᠥᠮᠦᠵᠢᠯ ᠢ | ᠢᠳᠡᠪᠬᠢᠲᠡᠶ ᠥᠷᠨᠢᠭᠦᠯᠵᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠪᠠᠶᠢᠴᠠᠭᠠᠯᠲᠠ ᠪᠠ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠦᠨᠳᠦᠰᠦᠨ ᠮᠡᠳᠡᠯᠭᠡ ᠶᠢ ᠲᠦᠭᠡᠮᠡᠯᠵᠢᠭᠦᠯᠦᠨ᠂ ᠥᠷᠭᠡᠨ ᠣᠯᠠᠨ ᠡᠵᠡᠩᠨᠡᠯᠲᠡ ᠶᠢᠨ | ᠥᠮᠴᠢᠲᠡᠨ ᠢ ᠬᠥᠲᠥᠯᠦᠨ ᠵᠢᠯᠣᠭᠤᠳᠴᠤ ᠪᠠᠶᠢᠭᠠᠳ ᠰᠢᠲᠠᠮᠠᠬᠠᠶ ᠬᠡᠶ ᠶᠢᠨ ᠪᠡᠯᠡᠳᠬᠡᠮᠵᠢ ᠶᠢ ᠤᠬᠠᠮᠰᠠᠷ ᠠᠴᠠ ᠪᠠᠨ | ᠬᠠᠮᠠᠭᠠᠯᠠᠵᠤ᠂ ᠬᠢᠷᠢ ᠲᠡᠩᠴᠡᠭᠰᠡᠨ ᠬᠡᠶ ᠶᠢᠨ ᠯᠣᠩᠬᠤ᠂ ᠵᠥᠭᠡᠯᠡᠨ ᠬᠤᠭᠤᠯᠠᠶ᠂ ᠰᠢᠲᠠᠮᠠᠬᠠᠶ ᠬᠡᠶ ᠶᠢᠨ ᠵᠤᠤᠬ᠎ᠠ᠂ | ᠳᠠᠷᠤᠯᠲᠠ ᠪᠠᠭᠤᠷᠠᠭᠤᠯᠬᠤ ᠨᠡᠭᠡᠯᠡᠬᠡᠶ ᠵᠡᠷᠭᠡ ᠶᠢ ᠬᠡᠷᠡᠭᠯᠡᠨ᠂ ᠰᠢᠲᠠᠮᠠᠬᠠᠶ ᠬᠡᠶ ᠶᠢ ᠬᠡᠷᠡᠭᠯᠡᠬᠦ ᠵᠠᠩᠭᠢᠯᠠᠭ᠎ᠠ ᠶᠢᠨ ᠠᠮᠤᠷ | ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠨᠡᠪᠲᠡᠷᠡᠭᠦᠯᠦᠨ᠂ ᠨᠡᠶᠢᠭᠡᠮ | ᠨᠡᠶᠢᠲᠡ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠢᠶᠠᠷ ᠬᠡᠷᠡᠭᠯᠡᠬᠦ ᠳᠤ ᠬᠢᠨᠠᠯᠲᠠ ᠲᠠᠯᠪᠢᠬᠤ ᠶᠢ ᠵᠣᠷᠢᠭᠵᠢᠭᠤᠯᠵᠤ᠂ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ | ᠢᠯᠡᠴᠢᠯᠡᠵᠦ᠂ ᠨᠡᠶᠢᠭᠡᠮ ᠳᠠᠶᠠᠭᠠᠷ ᠲᠤ ᠯᠣᠩᠬᠤᠨ ᠳᠤ ᠰᠠᠪᠠᠯᠠᠭᠰᠠᠨ ᠰᠢᠩᠭᠡᠵᠢᠮᠠᠯ ᠬᠡᠶ ᠶᠢ ᠠᠮᠤᠷ ᠲᠦᠪᠰᠢᠨ ᠢᠶᠠᠷ | ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | ᠲᠦᠷᠦᠭᠦᠯᠡᠨ ᠬᠢᠬᠦ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠲᠤᠰᠬᠠᠶ ᠬᠥᠮᠦᠨ ᠵᠢᠭᠠᠨ ᠲᠣᠭᠲᠠᠭᠠᠵᠤ | ᠬᠠᠷᠢᠭᠤᠴᠠᠭᠤᠯᠬᠤ ᠬᠡᠷᠡᠭᠲᠡᠶ᠂ ᠭᠠᠷᠠᠭ ᠪᠦᠷᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠢ | ᠬᠤᠷᠢᠶᠠᠩᠭᠤᠶᠢᠯᠠᠵᠤ᠂ ︽ᠰᠢᠯᠢ ᠶᠢᠨ ᠬᠤᠲᠠ ᠶᠢᠨ ᠢᠳᠡᠭᠡᠨ ᠤᠮᠳᠠᠭᠠᠨ ᠵᠡᠷᠭᠡ ᠡᠵᠡᠩᠨᠡᠯᠲᠡ ᠶᠢᠨ ᠨᠢᠭᠡᠴᠡ ᠪᠠ | ᠰᠠᠭᠤᠭᠠᠯᠢ ᠠᠷᠠᠳ ᠤᠨ ᠲᠣᠭᠤᠷᠢᠭ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠬᠤᠷᠢᠶᠠᠩᠭᠤᠶ ᠡᠬᠡ ᠲᠠᠩᠰᠠ︾ ︽ᠰᠢᠯᠢ ᠶᠢᠨ ᠬᠤᠲᠠ ᠶᠢᠨ ᠢᠳᠡᠭᠡᠨ ᠤᠮᠳᠠᠭᠠᠨ | ᠵᠡᠷᠭᠡ ᠡᠵᠡᠩᠨᠡᠯᠲᠡ ᠶᠢᠨ ᠨᠢᠭᠡᠴᠡ ᠪᠠ ᠰᠠᠭᠤᠭᠠᠯᠢ ᠠᠷᠠᠳ ᠤᠨ ᠲᠣᠭᠤᠷᠢᠭ ᠤᠨ ᠰᠢᠲᠠᠮᠠᠬᠠᠶ ᠬᠡᠶ ᠶᠢᠨ ᠠᠮᠤᠷ | ᠲᠦᠪᠰᠢᠨ ᠤ ᠬᠡᠮ ᠰᠣᠭᠤᠭ ᠢ ᠡᠷᠦᠬᠡ ᠳᠤ ᠣᠷᠣᠵᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠰᠠᠭᠤᠳᠠᠯ ᠤᠨ | ᠬᠡᠮ ᠰᠣᠭᠤᠭ ᠢ ᠴᠡᠭᠴᠡᠯᠡᠨ ᠵᠠᠰᠠᠬᠤ ᠡᠬᠡ ᠲᠠᠩᠰᠠ︾ ᠶᠢ ᠲᠠᠭᠯᠠᠵᠤ᠂ ᠭᠠᠷᠠᠭ ᠪᠦᠷᠢ ᠶᠢᠨ ᠳᠥᠷᠪᠡᠨ ᠤ ᠦᠳᠡ ᠶᠢᠨ | ᠡᠮᠦᠨᠡᠬᠢ 11᠄ 00 ᠴᠠᠭ ᠲᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠢᠯᠴᠢ ᠬᠠᠩᠭᠠᠬᠤ ᠰᠢᠲᠠᠮᠠᠬᠠᠶ ᠬᠡᠶ ᠶᠢᠨ ᠪᠠᠲᠤᠯᠠᠭ᠎ᠠ ᠶᠢᠨ ᠲᠥᠪ ᠲᠤ | ᠮᠡᠳᠡᠭᠦᠯᠵᠦ ᠬᠤᠷᠢᠶᠠᠩᠭᠤᠶᠢᠯᠠᠭᠰᠠᠨ ᠤ ᠳᠠᠷᠠᠭ᠎ᠠ ᠬᠤᠲᠠ ᠶᠢᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠲᠤ | ᠬᠠᠭᠤᠯᠤᠨ ᠬᠦᠷᠭᠡᠨ᠎ᠡ᠃ | |