ᠰᠢᠯᠢ ᠶᠢᠨ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠢ ᠡᠪᠳᠡᠬᠦ ᠲᠤᠰᠬᠠᠶ ᠠᠵᠢᠯᠯᠠᠭ᠎ᠠ ᠳᠤ ᠴᠣᠬᠢᠯᠲᠠ | ᠥᠭᠬᠦ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠰᠢᠯᠢ ᠶᠢᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ︽ᠰᠢᠯᠢ ᠶᠢᠨ ᠭᠤᠤᠯ ᠠᠶᠢᠮᠠᠭ ᠤᠨ ᠣᠶ ᠰᠢᠭᠤᠶ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ | ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ | ᠂ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ | ᠣᠶ ᠰᠢᠭᠤᠶ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠤᠰᠠᠳᠠ᠂ ᠲᠣᠰ | ᠲᠥᠰᠦᠯ ᠢ ᠲᠣᠭᠲᠠᠭᠠᠪᠠ᠃ | ᠨᠢᠭᠡ᠂ ᠭᠤᠤᠯ ᠬᠠᠷᠠᠯᠲᠠ | ᠣᠶ ᠰᠢᠭᠤᠶ ᠡᠪᠡᠰᠦ ᠪᠡᠯᠴᠢᠭᠡᠷ ᠲᠤ ᠴᠣᠬᠢᠯᠲᠠ ᠥᠭᠬᠦ ᠲᠤᠰᠬᠠᠶ ᠠᠵᠢᠯᠯᠠᠭ᠎ᠠ ᠨᠢ ᠪᠥᠬᠦ ᠠᠶᠢᠮᠠᠭ ᠤᠨ ᠨᠤᠲᠤᠭ | ᠪᠡᠯᠴᠢᠭᠡᠷ ᠤᠨ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢᠨ ᠠᠮᠵᠢᠯᠲᠠ ᠲᠠᠢ ᠲᠤᠷᠰᠢᠯᠭ᠎ᠠ ᠪᠠᠷ ᠭᠦᠢᠴᠡᠳ ᠲᠣᠯᠢ ᠪᠣᠯᠭᠠᠵᠤ᠂ | ᠤᠯᠤᠰ ᠤᠨ ᠣᠶ ᠰᠢᠭᠤᠶ ᠶᠢᠨ ᠰᠢᠮᠳᠠᠭᠤᠯᠤᠨ ᠪᠠᠶᠢᠴᠠᠭᠠᠯᠲᠠ ᠪᠠ ᠨᠤᠲᠤᠭ ᠪᠡᠯᠴᠢᠭᠡᠷ ᠤᠨ ᠬᠤᠪᠢᠷᠠᠯᠲᠠ ᠶᠢᠨ | ᠵᠢᠷᠤᠭ ᠢ ᠬᠠᠷᠭᠤᠭᠤᠯᠤᠨ ᠪᠠᠶᠢᠴᠠᠭᠠᠨ ᠰᠢᠢᠳᠪᠦᠷᠢᠯᠡᠬᠦ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠢ | ᠤᠶᠠᠯᠳᠤᠭᠤᠯᠤᠨ᠂ ᠣᠶ ᠰᠢᠭᠤᠶ ᠡᠪᠡᠰᠦ ᠪᠡᠯᠴᠢᠭᠡᠷ ᠲᠤ ᠬᠤᠬᠢᠷᠠᠯ ᠤᠴᠠᠷᠠᠭᠤᠯᠤᠭᠰᠠᠨ ᠠᠰᠠᠭᠤᠳᠠᠯ ᠳᠤ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ᠃ ᠪᠣᠳᠠᠲᠠᠶ ᠡᠭᠦᠷᠭᠡ ᠳᠤ ᠳᠣᠣᠷᠠᠬᠢ ᠲᠠᠪᠤᠨ ᠲᠠᠯ᠎ᠠ ᠪᠠᠭᠲᠠᠨ᠎ᠠ᠃ | ︵ᠨᠢᠭᠡ︶ ᠣᠶ ᠰᠢᠭᠤᠶ ᠡᠪᠡᠰᠦ ᠪᠡᠯᠴᠢᠭᠡᠷ ᠢ ᠡᠪᠳᠡᠬᠦ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ | ᠴᠣᠬᠢᠯᠲᠠ ᠥᠭᠭᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠤᠯᠤᠰ ᠠᠴᠠ ᠪᠠᠭᠤᠯᠭᠠᠭᠰᠠᠨ ᠳᠠᠭᠠᠭᠤᠯᠢ ᠤᠳᠤᠨ ᠤ ᠠᠯᠤᠰ | ᠰᠡᠷᠡᠯ ᠤᠨ ᠮᠠᠭᠠᠳᠯᠠᠯᠲᠠ ᠶᠢᠨ ᠵᠢᠷᠤᠭ᠂ ᠣᠷᠣᠨ ᠨᠤᠲᠤᠭ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ᠂ | ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠤᠰᠬᠠᠯ᠂ ᠤᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠵᠡᠷᠭᠡ ᠪᠠᠷ ᠭᠤᠣᠯ | ᠰᠦᠪᠡᠭᠴᠢ ᠪᠣᠯᠭᠠᠵᠤ᠂ ᠪᠦᠬᠦ ᠲᠠᠯ᠎ᠠ ᠪᠠᠷ ᠥᠪᠡᠷ ᠢ ᠪᠠᠨ ᠪᠠᠶᠢᠴᠠᠭᠠᠬᠤ ᠶᠢ ᠥᠷᠨᠢᠭᠦᠯᠵᠦ᠂ 2022 ᠣᠨ ᠠᠴᠠ | ᠨᠠᠰᠢᠬᠢ ᠡᠯ᠎ᠡ ᠲᠦᠷᠦᠯ ᠤᠨ ᠤᠢ ᠮᠣᠳᠣ ᠡᠪᠡᠰᠦ ᠪᠡᠯᠴᠢᠭᠡᠷ ᠢ ᠰᠦᠢᠳᠬᠡᠬᠦ ᠠᠰᠠᠭᠤᠳᠠᠯ ᠢ ᠴᠢᠩᠭ᠎ᠠ ᠪᠥᠭᠡᠳ | ᠲᠦᠷᠭᠡᠨ ᠪᠠᠶᠢᠴᠠᠭᠠᠨ ᠰᠢᠢᠳᠪᠦᠷᠢᠯᠡᠵᠦ᠂ ᠬᠠᠤᠯᠢ ᠠᠴᠠ ᠵᠥᠷᠢᠴᠡᠭᠰᠡᠨ ᠭᠤᠣᠯ ᠴᠣᠭᠴᠠ ᠶᠢᠨ ᠬᠠᠷᠢᠭᠤᠴᠠᠯᠭᠠᠲᠠᠨ ᠪᠠ | ᠬᠡᠷᠡᠭ ᠲᠤ ᠬᠤᠯᠪᠣᠭᠳᠠᠭᠰᠠᠨ ᠠᠯᠪᠠᠨ ᠲᠤᠰᠢᠶᠠᠯᠲᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠤᠢ ᠮᠣᠳᠣ | ᠡᠪᠡᠰᠦ ᠪᠡᠯᠴᠢᠭᠡᠷ ᠢ ᠰᠦᠢᠳᠬᠡᠬᠦ ᠬᠦᠨᠳᠦ ᠶᠡᠭᠡ ᠣᠨᠴᠠ ᠶᠡᠭᠡ ᠬᠡᠷᠡᠭ ᠡᠭᠦᠰᠬᠦ ᠶᠢ ᠡᠷᠡᠰ ᠬᠤᠷᠢᠭᠯᠠᠨ᠎ᠠ᠃ ᠴᠢᠬᠤᠯᠠ | ᠶᠡᠭᠡ ᠠᠰᠠᠭᠤᠳᠠᠯ ᠳᠤ ᠬᠤᠯᠪᠣᠭᠳᠠᠭᠰᠠᠨ ᠢ ᠨᠢ ᠤᠷᠤᠬᠰᠢ ᠨᠡᠬᠡᠮᠵᠢᠯᠡᠬᠦ ᠬᠡᠷᠡᠭᠲᠡᠢ᠃ | ︵ᠬᠤᠶᠠᠷ︶ ᠲᠦᠷ ᠴᠠᠭ ᠡᠵᠡᠯᠡᠨ ᠬᠡᠷᠡᠭᠯᠡᠬᠦ ᠵᠢᠴᠢ ᠠᠭᠤᠷᠬᠠᠶ ᠶᠢᠨ ᠠᠵᠤ ᠠᠬᠤᠶᠢᠯᠠᠯ ᠤᠨ ᠬᠠᠣᠯᠢ ᠪᠣᠰᠣ ᠪᠠᠷ | ᠡᠵᠡᠯᠡᠬᠦ ᠠᠰᠠᠭᠤᠳᠠᠯ ᠢ ᠪᠥᠬᠦ ᠲᠠᠯ᠎ᠠ ᠪᠠᠷ ᠢᠯᠭᠠᠷᠠᠭᠤᠯᠤᠨ ᠴᠡᠭᠴᠡᠯᠡᠨ᠎ᠡ᠃ 2018 ᠣᠨ ᠠᠴᠠ ᠨᠠᠰᠢᠬᠢ | ᠵᠥᠪᠰᠢᠶᠡᠷᠡᠯ ᠢᠶᠠᠷ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠦᠷ ᠴᠠᠭ ᠡᠵᠡᠯᠡᠨ | ᠬᠡᠷᠡᠭᠯᠡᠭᠰᠡᠨ ᠣᠶᠢᠲᠤ ᠭᠠᠵᠠᠷ ᠡᠪᠡᠰᠦᠲᠦ ᠭᠠᠵᠠᠷ ᠤᠨ ᠬᠤᠭᠤᠴᠠᠭ᠎ᠠ ᠲᠣᠯᠵᠣ ᠪᠤᠴᠠᠭᠠᠬᠤ᠂ ᠣᠶ ᠰᠢᠭᠤᠶ ᠡᠪᠡᠰᠦ | ᠪᠡᠯᠴᠢᠭᠡᠷ ᠤᠨ ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠬᠦ ᠵᠢᠴᠢ ᠣᠶ ᠰᠢᠭᠤᠶ ᠡᠪᠡᠰᠦ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢᠨ ᠪᠠᠶᠢᠳᠠᠯ ᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠨ᠎ᠠ᠃ 2021 ᠣᠨ ᠠᠴᠠ | ᠨᠠᠰᠢᠬᠢ ᠡᠯ᠎ᠡ ᠲᠥᠷᠥᠯ ᠤᠨ ᠠᠭᠤᠷᠬᠠᠶ ᠶᠢᠨ ᠠᠵᠤ ᠠᠬᠤᠶᠢᠯᠠᠯ ᠤᠨ ᠣᠶᠢᠲᠤ ᠭᠠᠵᠠᠷ ᠡᠪᠡᠰᠦᠲᠦ ᠭᠠᠵᠠᠷ ᠢ ᠬᠠᠤᠯᠢ | ᠲᠣᠭᠲᠠᠭᠠᠯ ᠠᠴᠠ ᠵᠥᠷᠢᠴᠡᠨ ᠡᠪᠳᠡᠭᠰᠡᠨ ᠪᠠᠶᠢᠳᠠᠯ ᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠭᠰᠠᠨ᠂ | ᠣᠶ ᠰᠢᠭᠤᠶ ᠡᠪᠡᠰᠦ ᠪᠡᠯᠴᠢᠭᠡᠷ ᠤᠨ ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠭᠰᠡᠨ ᠵᠢᠴᠢ ᠤᠷᠭᠤᠮᠠᠯ ᠤᠨ | ᠬᠤᠴᠢᠯᠭ᠎ᠠ ᠶᠢ ᠰᠡᠷᠭᠦᠭᠡᠭᠰᠡᠨ ᠪᠠᠶᠢᠳᠠᠯ ᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠨ᠎ᠠ᠃ | ︵ᠭᠤᠷᠪᠠ︶ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ ᠪᠥᠬᠦ ᠲᠠᠯ᠎ᠠ ᠪᠠᠷ ᠬᠤᠷᠢᠶᠠᠨ ᠠᠪᠤᠨ᠎ᠠ᠃ | ᠵᠠᠭᠤᠴᠢᠯᠠᠭᠤᠷ ᠢᠶᠠᠷ ᠢᠯᠡᠴᠢᠯᠡᠬᠦ᠂ ᠰᠡᠷᠡᠮᠵᠢᠯᠡᠭᠦᠯᠦᠨ ᠪᠣᠯᠵᠣᠨ ᠶᠠᠷᠢᠯᠴᠠᠬᠤ᠂ ᠠᠯᠪᠠᠳᠠᠯᠭ᠎ᠠ ᠪᠠᠷ ᠬᠡᠷᠡᠭᠵᠢᠭᠦᠯᠬᠦ ᠵᠡᠷᠭᠡ | ᠶᠡᠷᠦᠩᠬᠡᠶᠢᠯᠡᠭᠰᠡᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠡᠪᠳᠡᠭᠳᠡᠭᠰᠡᠨ ᠣᠶᠢᠲᠤ ᠭᠠᠵᠠᠷ ᠪᠠ ᠡᠪᠡᠰᠦᠲᠦ | ᠭᠠᠵᠠᠷ ᠤᠨ ᠡᠬᠢ ᠪᠠᠶᠠᠯᠢᠭ ᠢ ᠬᠠᠤᠯᠢ ᠲᠣᠭᠲᠠᠭᠠᠯ ᠶᠣᠰᠣᠭᠠᠷ ᠬᠤᠷᠢᠶᠠᠨ ᠠᠪᠬᠤ ᠶᠢ ᠠᠬᠢᠭᠤᠯᠤᠨ᠎ᠠ᠃ ᠤᠯᠤᠰ ᠤᠨ | ᠭᠠᠵᠠᠷ ᠰᠢᠷᠣᠶ ᠶᠢ ᠨᠣᠭᠤᠭᠠᠷᠠᠭᠤᠯᠬᠤ ᠵᠡᠷᠭᠡ ᠬᠠᠮᠢᠶ᠎ᠠ ᠪᠥᠬᠦᠶ ᠪᠠᠷᠢᠮᠵᠢᠶ᠎ᠠ ᠪᠠ ᠲᠣᠭᠲᠠᠭᠠᠯ ᠢ ᠴᠢᠩᠭ᠎ᠠ ᠵᠢᠷᠤᠮᠯᠠᠨ᠂ | ᠴᠡᠭᠴᠡᠯᠡᠨ ᠰᠠᠶᠢᠵᠢᠷᠠᠭᠤᠯᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠠᠷᠢᠭᠤᠴᠠᠯᠭᠠᠲᠤ ᠨᠢᠭᠡᠴᠡ᠂ | ᠬᠠᠷᠢᠭᠤᠴᠠᠯᠭᠠᠲᠤ ᠬᠥᠮᠦᠨ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠨᠢᠭᠡᠳᠦᠭᠡᠷ ᠣᠶᠢᠵᠢᠭᠤᠯᠬᠤ ︵ | ᠡᠪᠡᠰᠦ ᠳᠠᠷᠢᠬᠤ︶ ᠤᠯᠠᠷᠢᠯ ᠳᠤ ᠣᠶ ᠰᠢᠭᠤᠶ ᠡᠪᠡᠰᠦ ᠪᠡᠯᠴᠢᠭᠡᠷ ᠤᠨ ᠦᠢᠯᠡᠳᠪᠦᠷᠢᠯᠡᠯ ᠤᠨ ᠨᠥᠬᠦᠴᠡᠯ ᠪᠠ ᠣᠶ | ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠬᠡᠷᠡᠭᠲᠡᠶ᠃ | ︵ᠳᠥᠷᠪᠡ︶ ᠬᠠᠤᠯᠢ ᠲᠣᠭᠲᠠᠭᠠᠯ ᠠᠴᠠ ᠵᠥᠷᠢᠴᠡᠭᠰᠡᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ | ᠢᠯᠭᠠᠷᠠᠭᠤᠯᠤᠨ ᠵᠠᠯᠠᠷᠠᠭᠤᠯᠤᠨ᠎ᠠ᠃ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠨᠡᠶᠢᠲᠡᠯᠡᠭᠰᠡᠨ ᠣᠶ ᠰᠢᠭᠤᠶ ᠡᠪᠡᠰᠦ ᠪᠡᠯᠴᠢᠭᠡᠷ ᠲᠤ ᠬᠤᠯᠪᠣᠭᠳᠠᠭᠰᠠᠨ ᠪᠢᠴᠢᠭ ᠮᠠᠲ᠋ᠧᠷᠢᠶᠠᠯ ᠢ ᠪᠥᠬᠦ | ᠲᠠᠯ᠎ᠠ ᠪᠠᠷ ᠡᠮᠬᠢᠯᠡᠨ ᠳᠢᠭᠯᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠭᠤᠯᠭ᠎ᠠ ᠶᠢ ᠡᠷᠡᠰ ᠵᠠᠯᠠᠷᠠᠭᠤᠯᠤᠨ᠂ | ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠳᠡᠭᠡᠳᠦ ᠪᠠᠶᠢᠷᠢ ᠶᠢᠨ | ᠬᠠᠤᠯᠢ ᠯᠤᠭ᠎ᠠ ᠨᠢᠭᠡᠳᠦᠯᠲᠡᠶ ᠪᠠᠶᠢᠯᠭᠠᠬᠤ ᠶᠢ ᠦᠨᠡᠨᠬᠦ ᠪᠠᠲᠤᠯᠠᠵᠤ᠂ ᠬᠡᠯᠪᠠᠶᠢᠬᠦ ᠥᠬᠡᠶ᠂ ᠬᠤᠪᠢᠷᠠᠭᠤᠯᠬᠤ ᠥᠬᠡᠶ᠂ | ᠵᠦᠷᠢᠴᠡᠬᠦ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ | ︵ᠲᠠᠪᠤ︶ ᠲᠤᠰᠬᠠᠶ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠨ᠎ᠡ᠃ ᠲᠤᠰᠬᠠᠶ ᠠᠵᠢᠯᠯᠠᠭ᠎ᠠ ᠶᠢᠨ ᠦᠷ᠎ᠡ | ᠪᠦᠲᠦᠮᠵᠢ ᠶᠢ ᠬᠢᠨᠠᠮᠠᠭᠠᠶ ᠦᠨᠡᠯᠡᠨ ᠵᠢᠱᠢᠵᠦ ᠳ᠋ᠦᠩᠨᠡᠨ᠂ ᠠᠰᠠᠭᠤᠳᠠᠯ ᠢ ᠪᠠᠶᠢᠴᠠᠭᠠᠨ ᠰᠢᠢᠳᠪᠦᠷᠢᠯᠡᠭᠰᠡᠨ᠂ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠰᠢᠮᠳᠠᠭᠤᠯᠤᠨ ᠪᠠᠶᠢᠴᠠᠭᠠᠵᠤ | ᠰᠢᠯᠭᠠᠨ ᠬᠢᠨᠠᠬᠤ ᠴᠢᠬᠤᠯᠠ ᠠᠭᠤᠯᠭ᠎ᠠ ᠳᠤ ᠣᠷᠣᠭᠤᠯᠵᠤ᠂ ᠣᠶ ᠰᠢᠭᠤᠶ ᠡᠪᠡᠰᠦᠨ ᠤ ᠡᠬᠢ ᠪᠠᠶᠠᠯᠢᠭ ᠤᠨ | ᠬᠠᠮᠠᠭᠠᠯᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠬᠤ ᠬᠡᠷᠡᠭᠲᠡᠶ᠃ | ᠬᠤᠶᠠᠷ᠂ ᠭᠤᠣᠯ ᠠᠷᠭ᠎ᠠ ᠬᠡᠮᠵᠢᠶ᠎ᠡ | ︵ᠨᠢᠭᠡ︶ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠥᠨᠴᠥᠭ ᠪᠤᠯᠤᠩ ᠦᠯᠡᠳᠡᠭᠡᠬᠦ ᠥᠬᠡᠶ | ᠨᠢᠭᠡ ᠳᠤ 2018 ᠣᠨ ᠠᠴᠠ ᠨᠠᠰᠢ ᠵᠥᠪᠰᠢᠶᠡᠷᠡᠭᠰᠡᠨ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠲᠦᠷ ᠴᠠᠭ ᠡᠵᠡᠯᠡᠨ ᠬᠡᠷᠡᠭᠯᠡᠭᠰᠡᠨ ᠣᠶᠢᠲᠤ ᠭᠠᠵᠠᠷ ᠡᠪᠡᠰᠦᠲᠦ ᠭᠠᠵᠠᠷ ᠤᠨ ᠬᠤᠭᠤᠴᠠᠭ᠎ᠠ ᠨᠢ ᠲᠣᠯᠵᠣ | ᠪᠤᠴᠠᠭᠠᠬᠤ᠂ ᠣᠶ ᠰᠢᠭᠤᠶ ᠡᠪᠡᠰᠦ ᠪᠡᠯᠴᠢᠭᠡᠷ ᠤᠨ ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠬᠦ ᠪᠠ ᠣᠶ ᠰᠢᠭᠤᠶ | ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠨ ᠲᠣᠳᠣᠷᠬᠠᠶᠢᠯᠠᠨ᠎ᠠ᠃ | | ᠬᠤᠶᠠᠷ ᠲᠤ 2021 ᠣᠨ ᠠᠴᠠ ᠨᠠᠰᠢᠬᠢ ᠡᠯ᠎ᠡ ᠲᠥᠷᠥᠯ ᠤᠨ ᠠᠭᠤᠷᠬᠠᠶ ᠶᠢᠨ ᠠᠵᠤ ᠠᠬᠤᠶᠢᠯᠠᠯ ᠤᠨ ᠬᠠᠤᠯᠢ | ᠲᠣᠭᠲᠠᠭᠠᠯ ᠠᠴᠠ ᠵᠥᠷᠢᠴᠡᠨ ᠣᠶᠢᠲᠤ ᠭᠠᠵᠠᠷ ᠡᠪᠡᠰᠦᠲᠦ ᠭᠠᠵᠠᠷ ᠢ ᠡᠵᠡᠯᠡᠨ ᠬᠡᠷᠡᠭᠯᠡᠵᠦ ᠰᠡᠷᠭᠦᠭᠡᠨ ᠵᠠᠰᠠᠭᠰᠠᠨ | ᠡᠰᠡᠬᠦ ᠶᠢ ᠪᠥᠬᠦ ᠲᠠᠯ᠎ᠠ ᠪᠠᠷ ᠪᠠᠶᠢᠴᠠᠭᠠᠨ ᠳᠣᠲᠣᠯᠠᠨ᠎ᠠ᠃ | ᠭᠤᠷᠪᠠ ᠳᠤ᠂ 2022 ᠣᠨ ᠠᠴᠠ ᠨᠠᠰᠢ ᠡᠭᠦᠰᠦᠭᠰᠡᠨ ᠵᠥᠪᠰᠢᠶᠡᠷᠡᠯ ᠦᠭᠡᠢ ᠪᠠᠷ ᠤᠷᠢᠳᠠᠪᠠᠷ ᠡᠵᠡᠯᠡᠬᠦ᠂ | ᠬᠡᠪᠴᠢᠶ᠎ᠡ ᠠᠴᠠ ᠬᠡᠲᠦᠷᠡᠭᠦᠯᠦᠨ ᠡᠵᠡᠯᠡᠨ ᠬᠡᠷᠡᠭᠯᠡᠬᠦ᠂ ᠣᠨᠳᠣᠣ ᠭᠠᠵᠠᠷ ᠲᠤ ᠡᠵᠡᠯᠡᠨ ᠬᠡᠷᠡᠭᠯᠡᠬᠦ ᠶᠢᠨ ᠬᠠᠮᠲᠤ ᠣᠶᠢᠲᠤ | ᠭᠠᠵᠠᠷ ᠡᠪᠡᠰᠦᠲᠦ ᠭᠠᠵᠠᠷ ᠢ ᠡᠪᠳᠡᠨ ᠰᠦᠢᠳᠬᠡᠬᠦ᠂ ᠣᠶᠢᠲᠤ ᠭᠠᠵᠠᠷ ᠡᠪᠡᠰᠦᠲᠦ ᠭᠠᠵᠠᠷ ᠢ ᠬᠠᠤᠯᠢ ᠪᠤᠰᠤ ᠪᠠᠷ | ᠬᠠᠭᠠᠯᠪᠤᠷᠢᠯᠠᠬᠤ᠂ ᠤᠢ ᠮᠣᠳᠣ ᠶᠢ ᠳᠤᠷ᠎ᠠ ᠪᠠᠷ ᠢᠶᠠᠨ ᠣᠭᠲᠣᠯᠵᠤ ᠬᠤᠯᠠᠭᠠᠶᠢᠯᠠᠨ ᠣᠭᠲᠣᠯᠤᠭᠰᠠᠨ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠦᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠨ᠎ᠠ᠃ | ᠲᠦᠷᠪᠡ ᠳᠤ᠂ ᠤᠯᠤᠰ ᠤᠨ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠠᠴᠠ ᠪᠠᠭᠤᠯᠭᠠᠭᠰᠠᠨ 2022 | ᠣᠨ ᠤ ᠬᠤᠶᠠᠳᠤᠭᠠᠷ ᠬᠤᠭᠤᠴᠠᠭ᠎ᠠ ᠪᠠ 2023 ᠣᠨ ᠤ ᠡᠯ᠎ᠡ ᠬᠤᠭᠤᠴᠠᠭᠠᠨ ᠳᠤ ᠬᠦᠷᠭᠡᠭᠰᠡᠨ ᠰᠡᠵᠢᠭᠯᠡᠯᠲᠡᠢ | ᠵᠢᠷᠤᠭ ᠤᠨ ᠲᠣᠯᠪᠤ ᠶᠢ ᠥᠪᠡᠷ ᠢᠶᠠᠨ ᠪᠠᠶᠢᠴᠠᠭᠠᠬᠤ ᠪᠠᠷ ᠲᠠᠮᠵᠢᠨ ᠬᠠᠤᠯᠢ ᠠᠴᠠ ᠵᠥᠷᠢᠴᠡᠭᠰᠡᠨ ᠵᠢᠷᠤᠭ ᠤᠨ ᠲᠣᠯᠪᠤ ᠳᠤ | ᠲᠣᠭᠠᠴᠠᠭᠳᠠᠬᠤ ᠶᠢ ᠨᠤᠲᠠᠯᠠᠨ ᠲᠣᠭᠲᠠᠭᠠᠵᠤ ᠪᠦᠬᠦ ᠲᠠᠯ᠎ᠠ ᠶᠢᠨ ᠪᠠᠶᠢᠴᠠᠭᠠᠯᠲᠠ ᠬᠢᠨ᠎ᠠ᠃ | ︵ᠬᠤᠶᠠᠷ︶ ᠬᠠᠤᠯᠢ ᠲᠣᠭᠲᠠᠭᠠᠯ ᠶᠣᠰᠣᠭᠠᠷ᠂ ᠲᠥᠪ ᠴᠢᠩᠭ᠎ᠠ ᠪᠠᠷ ᠴᠡᠭᠴᠡᠯᠡᠨ ᠰᠠᠶᠢᠵᠢᠷᠠᠭᠤᠯᠤᠨ᠎ᠠ | ᠪᠠᠶᠢᠴᠠᠭᠠᠬᠤ ᠶᠢᠨ ᠵᠡᠷᠭᠡ ᠳᠤ ᠥᠭᠡᠷᠡᠴᠢᠯᠡᠬᠦ᠂ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ | ᠥᠭᠡᠷᠡᠴᠢᠯᠡᠬᠦ ᠱᠠᠭᠠᠷᠳᠠᠯᠭ᠎ᠠ ᠶᠣᠰᠣᠭᠠᠷ ᠲᠣᠭᠲᠠᠭᠠᠯ ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ | ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠴᠠᠭ ᠲᠤᠬᠠᠶ ᠳᠤᠨᠢ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠶ᠃ ᠬᠡᠷᠡᠭ ᠢ ᠪᠠᠶᠢᠴᠠᠭᠠᠨ | ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ᠂ ᠬᠠᠤᠯᠢ ᠠᠴᠠ ᠵᠥᠷᠢᠴᠡᠭᠰᠡᠨ ᠪᠠᠷᠢᠯᠭ᠎ᠠ᠂ ᠪᠠᠷᠢᠯᠭ᠎ᠠ ᠶᠢᠨ ᠡᠳ᠋ ᠢ | ᠨᠤᠷᠠᠭᠠᠬᠤ ᠶᠣᠰᠣᠲᠠᠶ ᠶᠢ ᠨᠢ ᠬᠠᠤᠯᠢ ᠶᠣᠰᠣᠭᠠᠷ ᠨᠤᠷᠠᠭᠠᠵᠤ ᠳᠠᠭᠤᠰᠬᠠᠨ᠂ ᠨᠥᠬᠦᠵᠦ ᠭᠦᠢᠴᠡᠳᠬᠡᠬᠦ | ᠶᠣᠰᠣᠲᠠᠶ ᠶᠢ ᠨᠢ ᠨᠥᠬᠦᠵᠦ ᠭᠦᠢᠴᠡᠳᠬᠡᠬᠦ ᠭᠠᠷᠳᠠᠮ ᠢ ᠨᠢ ᠪᠣᠳᠠᠲᠠᠶᠢᠵᠢᠭᠤᠯᠵᠤ᠂ ᠤᠷᠭᠤᠮᠠᠯ ᠤᠨ ᠬᠤᠴᠢᠯᠭ᠎ᠠ ᠶᠢ | ᠰᠡᠷᠭᠦᠭᠡᠬᠦ ᠶᠣᠰᠣᠲᠠᠶ ᠶᠢ ᠨᠢ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠬᠡᠷᠡᠭᠲᠡᠶ᠃ ᠤᠷᠭᠤᠮᠠᠯ ᠤᠨ ᠬᠤᠴᠢᠯᠭ᠎ᠠ ᠶᠢ | ᠰᠡᠷᠭᠦᠭᠡᠬᠦ ᠳᠤ ︽ᠬᠡᠨ ᠡᠪᠳᠡᠭᠰᠡᠨ ᠪᠣᠯ ᠲᠡᠷᠡ ᠬᠠᠷᠢᠭᠤᠴᠠᠭᠰᠠᠨ ᠪᠣᠯ ᠲᠡᠷᠡ ᠵᠠᠰᠠᠬᠤ︾ ᠵᠠᠷᠴᠢᠮ ᠶᠣᠰᠣᠭᠠᠷ᠂ | ᠢᠷᠭᠡᠨ ᠤ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ ᠪᠠ ᠠᠮᠢ ᠠᠬᠤᠶ ᠶᠢᠨ ᠣᠷᠴᠢᠨ ᠲᠣᠭᠤᠷᠢᠨ ᠢ | ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠠᠷᠭ᠎ᠠ ᠮᠠᠶ᠋ᠢᠭ ᠢᠶᠠᠷ ᠳᠡᠮᠵᠢᠨ᠂ ᠬᠠᠤᠯᠢ ᠠᠴᠠ ᠵᠥᠷᠢᠴᠡᠭᠰᠡᠨ | ᠬᠠᠷᠢᠭᠤᠴᠠᠯᠭ᠎ᠠ ᠲᠠᠢ ᠬᠥᠮᠦᠨ ᠤ ᠬᠠᠷᠢᠭᠤᠴᠠᠯᠭ᠎ᠠ ᠶᠢ ᠨᠡᠬᠡᠮᠵᠢᠯᠡᠵᠦ᠂ ᠣᠶᠢᠲᠤ ᠭᠠᠵᠠᠷ ᠡᠪᠡᠰᠦᠲᠦ ᠭᠠᠵᠠᠷ ᠢ ᠡᠪᠳᠡᠵᠦ | ᠰᠦᠢᠳᠬᠡᠭᠰᠡᠨ ᠠᠮᠢ ᠠᠬᠤᠶ ᠶᠢ ᠵᠠᠰᠠᠨ ᠰᠡᠷᠭᠦᠭᠡᠬᠦ ᠶᠢ ᠬᠤᠭᠤᠴᠠᠭ᠎ᠠ ᠬᠢᠵᠠᠭᠠᠷᠯᠠᠨ ᠪᠡᠶᠡᠯᠡᠭᠦᠯᠦᠨ᠎ᠡ᠃ | ᠬᠠᠷᠢᠭᠤᠴᠠᠯᠭ᠎ᠠ ᠶᠢᠨ ᠭᠤᠤᠯ ᠴᠣᠭᠴᠠ ᠥᠬᠡᠶ ᠪᠣᠯ᠂ ᠬᠤᠲᠠ ᠶᠢᠨ ᠵᠠᠰᠠᠭ ᠤᠨ ᠣᠷᠳᠣᠨ ᠠᠴᠠ ᠬᠠᠮᠢᠶ᠎ᠠ ᠪᠥᠬᠦᠶ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠤᠷᠭᠤᠮᠠᠯ ᠤᠨ ᠪᠦᠷᠬᠦᠴᠡ ᠶᠢ ᠰᠡᠷᠭᠦᠭᠡᠬᠦ ᠶᠢ ᠬᠠᠷᠢᠭᠤᠴᠠᠨ᠎ᠠ︔ ᠣᠬᠤᠷ | ᠬᠤᠭᠤᠴᠠᠭᠠᠨ ᠳᠤ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠪᠡᠶᠡᠯᠡᠭᠦᠯᠬᠦ ᠶᠢᠨ ᠠᠷᠭ᠎ᠠ ᠥᠬᠡᠶ ᠪᠠᠶᠢᠪᠠᠯ᠂ ᠠᠮᠢ | ᠠᠬᠤᠶ ᠶᠢ ᠰᠡᠷᠭᠦᠭᠡᠨ ᠵᠠᠰᠠᠬᠤ ᠲᠥᠰᠦᠯ ᠢ ᠲᠣᠭᠲᠠᠭᠠᠵᠤ᠂ ᠬᠠᠮᠢᠶ᠎ᠠ ᠪᠥᠬᠦᠶ ᠪᠠᠷᠢᠮᠵᠢᠶ᠎ᠠ ᠶᠢ ᠴᠢᠩᠭ᠎ᠠ ᠵᠢᠷᠤᠮᠯᠠᠨ ᠠᠮᠢ | ᠠᠬᠤᠶ ᠶᠢ ᠰᠡᠷᠭᠦᠭᠡᠨ ᠵᠠᠰᠠᠬᠤ ᠠᠵᠢᠯ ᠢ ᠥᠷᠨᠢᠭᠦᠯᠵᠦ᠂ ᠰᠡᠷᠭᠦᠭᠡᠨ ᠵᠠᠰᠠᠬᠤ ᠦᠷ᠎ᠡ ᠪᠦᠲᠦᠮᠵᠢ ᠶᠢ ᠦᠨᠡᠨᠬᠦ | ᠪᠠᠲᠤᠯᠠᠨ᠎ᠠ᠃ ︽ᠭᠤᠷᠪᠠ ᠶᠢ ᠪᠣᠳᠠᠲᠠᠶᠢᠵᠢᠭᠤᠯᠬᠤ︾ ᠶᠢᠨ ᠴᠡᠭᠴᠡᠯᠡᠨ ᠰᠢᠢᠳᠪᠦᠷᠢᠯᠡᠬᠦ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠶᠢᠨ ᠬᠠᠮᠲᠤ᠂ 2022 ᠣᠨ ᠤ ᠬᠤᠶᠠᠳᠤᠭᠠᠷ ᠬᠤᠭᠤᠴᠠᠭ᠎ᠠ ᠪᠠ 2023 ᠣᠨ ᠤ ᠡᠯ᠎ᠡ | ᠬᠤᠭᠤᠴᠠᠭᠠᠨ ᠤ ᠰᠡᠵᠢᠭᠯᠡᠯᠲᠡᠶ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠮᠡᠳᠡᠭᠡ | ᠵᠠᠩᠭᠢ ᠶᠢ ︽ᠣᠶ ᠰᠢᠭᠤᠶ ᠶᠢᠨ ᠰᠢᠮᠳᠠᠭᠤᠯᠤᠨ ᠪᠠᠶᠢᠴᠠᠭᠠᠯᠲᠠ ᠵᠢᠴᠢ ᠣᠶ ᠰᠢᠭᠤᠶ ᠶᠢᠨ ᠶᠠᠪᠤᠳᠠᠯ ᠤᠨ ᠬᠠᠤᠯᠢ | ᠬᠡᠷᠡᠭᠵᠢᠭᠦᠯᠬᠦ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ︾ ᠪᠠ ︽ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ︾ ᠳᠤ ᠪᠥᠬᠦ ᠲᠠᠯ᠎ᠠ ᠪᠠᠷ᠂ ᠣᠨᠣᠪᠴᠢᠲᠠᠶ ᠣᠷᠣᠭᠤᠯᠬᠤ | ᠬᠡᠷᠡᠭᠲᠡᠶ᠃ ᠲᠦᠷ ᠴᠠᠭ ᠡᠵᠡᠯᠡᠨ ᠬᠡᠷᠡᠭᠯᠡᠭᠰᠡᠨ ᠵᠢᠴᠢ ᠠᠭᠤᠷᠬᠠᠶ ᠶᠢᠨ ᠠᠵᠤ ᠠᠬᠤᠶᠢᠯᠠᠯ ᠤᠨ ᠬᠠᠤᠯᠢ ᠪᠤᠰᠤ ᠪᠠᠷ | ᠡᠵᠡᠯᠡᠨ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ︽ᠵᠢᠭᠰᠠᠭᠠᠨ ᠪᠠᠶᠢᠴᠠᠭᠠᠵᠤ ᠬᠠᠷᠭᠤᠭᠤᠯᠤᠨ | ᠪᠠᠶᠢᠴᠠᠭᠠᠭᠠᠳ ᠢᠯᠡᠷᠡᠭᠦᠯᠦᠭᠰᠡᠨ ᠣᠶ ᠰᠢᠭᠤᠶ ᠡᠪᠡᠰᠦ ᠪᠡᠯᠴᠢᠭᠡᠷ ᠢ ᠡᠪᠳᠡᠭᠰᠡᠨ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠵᠤ ᠰᠢᠢᠳᠪᠦᠷᠢᠯᠡᠭᠰᠡᠨ ᠡᠬᠡ ᠲᠠᠩᠰᠠ︾ ᠶᠢᠨ ᠴᠡᠭᠴᠡᠯᠡᠨ ᠵᠠᠰᠠᠭᠰᠠᠨ ᠦᠷ᠎ᠡ ᠳ᠋ᠦᠩ ᠤᠨ | ᠬᠦᠰᠦᠨᠦᠭ ᠲᠤ ᠲᠠᠭᠯᠠᠨ ᠪᠢᠴᠢᠨ᠎ᠡ᠃ | ︵ᠭᠤᠷᠪᠠ︶ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠢᠯᠭᠠᠷᠠᠭᠤᠯᠤᠨ ᠵᠠᠯᠠᠷᠠᠭᠤᠯᠬᠤ ᠲᠥᠷᠥ ᠶᠢᠨ ᠪᠣᠳᠣᠯᠭ᠎ᠠ | ᠨᠡᠶᠢᠲᠡᠯᠡᠨ ᠬᠡᠷᠡᠭᠵᠢᠭᠦᠯᠦᠭᠰᠡᠨ ᠣᠶ ᠰᠢᠭᠤᠶ ᠡᠪᠡᠰᠦ ᠪᠡᠯᠴᠢᠭᠡᠷ ᠲᠤ ᠬᠤᠯᠪᠣᠭᠳᠠᠬᠤ ᠲᠥᠷᠥ ᠶᠢᠨ ᠪᠣᠳᠣᠯᠭ᠎ᠠ᠂ | ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠨ ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠭᠠᠳ | ᠢᠯᠡᠷᠡᠭᠦᠯᠦᠭᠰᠡᠨ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ᠂ ᠪᠢᠴᠢᠭ ᠮᠠᠲ᠋ᠧᠷᠢᠶᠠᠯ ᠨᠢ ᠳᠡᠭᠡᠳᠦ | ᠪᠠᠶᠢᠷᠢ ᠶᠢᠨ ᠬᠠᠤᠯᠢ ᠲᠠᠢ ᠨᠢᠭᠡᠳᠦᠯ ᠥᠬᠡᠶ ᠪᠠᠶᠢᠪᠠᠯ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠭᠤᠯᠭ᠎ᠠ ᠶᠢ ᠡᠷᠡᠰ | ᠵᠠᠯᠠᠷᠠᠭᠤᠯᠵᠤ᠂ ᠬᠦᠴᠦᠨ ᠥᠬᠡᠶ ᠪᠣᠯᠭᠠᠬᠤ ᠶᠣᠰᠣᠲᠠᠶ ᠶᠢ ᠨᠢ ᠳᠠᠷᠦ᠋ᠢᠬᠠᠨ ᠬᠦᠴᠦᠨ ᠥᠬᠡᠶ ᠪᠣᠯᠭᠠᠬᠤ ᠶᠢᠨ ᠬᠠᠮᠲᠤ | ᠬᠠᠤᠯᠢ ᠲᠣᠭᠲᠠᠭᠠᠯ ᠠᠴᠠ ᠵᠥᠷᠢᠴᠡᠭᠰᠡᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠡᠬᠡ ᠲᠠᠩᠰᠠ ᠶᠢ | ᠪᠠᠶᠢᠭᠤᠯᠬᠤ ᠬᠡᠷᠡᠭᠲᠡᠶ᠃ | ︵ᠲᠥᠷᠪᠡ︶ ᠲᠠᠩᠰᠠ ᠡᠪᠬᠡᠮᠡᠯ ᠢ ᠪᠥᠷᠢᠨᠰᠢᠬᠦᠯᠵᠤ᠂ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ | ︽ᠨᠢᠭᠡ ᠶᠠᠪᠣᠳᠠᠯ ᠨᠢᠭᠡ ᠬᠡᠷᠡᠭ ᠨᠢᠭᠡ ᠲᠠᠩᠰᠠ︾ ᠤᠨ ᠶᠣᠰᠣᠭᠠᠷ ᠬᠢᠨᠠᠨ ᠬᠠᠷᠭᠤᠭᠤᠯᠬᠤ ᠠᠰᠠᠭᠤᠳᠠᠯ ᠤᠨ ᠨᠠᠷᠢᠨ | ᠬᠠᠭᠤᠳᠠᠰᠤ ᠪᠠ ᠵᠢᠷᠤᠭ ᠤᠨ ᠲᠣᠯᠪᠤ ᠶᠢ ᠬᠢᠨᠠᠨ ᠬᠠᠷᠭᠤᠭᠤᠯᠬᠤ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠡᠬᠡ ᠲᠠᠩᠰᠠ | ᠪᠠ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃ ᠲᠠᠩᠰᠠ ᠡᠪᠬᠡᠮᠡᠯ ᠳᠤ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠣᠶᠢᠲᠤ | ᠭᠠᠵᠠᠷ ᠡᠪᠡᠰᠦᠲᠦ ᠭᠠᠵᠠᠷ ᠤᠨ ᠭᠠᠷᠳᠠᠮ ᠢ ᠨᠥᠬᠦᠵᠦ ᠭᠦᠢᠴᠡᠳᠬᠡᠬᠦ᠂ ᠬᠠᠤᠯᠢ ᠲᠣᠭᠲᠠᠭᠠᠯ ᠠᠴᠠ ᠵᠥᠷᠢᠴᠡᠭᠰᠡᠨ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠢᠯᠭᠠᠷᠠᠭᠤᠯᠤᠨ ᠵᠠᠯᠠᠷᠠᠭᠤᠯᠬᠤ ᠵᠡᠷᠭᠡ ᠬᠠᠮᠢᠶ᠎ᠠ ᠪᠥᠬᠦᠶ | ᠮᠠᠲ᠋ᠧᠷᠢᠶᠠᠯ ᠵᠢᠴᠢ ᠡᠬᠡ ᠲᠠᠩᠰᠠ᠂ ᠲᠤᠭ᠎ᠠ ᠪᠠᠷᠢᠮᠲᠠ ᠶᠢᠨ ᠬᠥᠮᠥᠷᠭᠡ ᠵᠡᠷᠭᠡ ᠶᠢ ᠪᠠᠭᠲᠠᠭᠠᠨ᠎ᠠ᠃ | ᠭᠤᠷᠪᠠ᠂ ᠠᠵᠢᠯ ᠤᠨ ᠠᠯᠬᠤᠮ ᠳᠠᠷᠠᠭ᠎ᠠ ᠪᠠ ᠱᠠᠲᠤ ᠦᠶ᠎ᠡ ᠶᠢᠨ ᠡᠭᠦᠷᠭᠡ | ︵ᠨᠢᠭᠡ︶ ᠪᠡᠯᠡᠳᠬᠡᠨ ᠪᠠᠶᠢᠷᠢᠯᠠᠭᠤᠯᠬᠤ ᠱᠠᠳᠤ ᠦᠶ᠎ᠡ ︵7 ᠳ᠋ᠣᠭᠠᠷ ᠰᠠᠷ᠎ᠠ ᠶᠢᠨ ᠡᠬᠢᠨ︶ | 1. ︽ᠰᠢᠯᠢ ᠶᠢᠨ ᠭᠤᠤᠯ ᠠᠶᠢᠮᠠᠭ ᠤᠨ ᠣᠶ ᠰᠢᠭᠤᠶ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ | ᠥᠭᠬᠦ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︵ᠰᠢᠯᠢ ᠶᠢᠨ ᠬᠤᠲᠠ ᠶᠢᠨ ᠣᠢ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ ᠶᠢᠨ︹ 2023 ︺ 201 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽ | ᠰᠢᠯᠢ ᠶᠢᠨ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠲᠤᠰᠬᠠᠶ ᠠᠵᠢᠯᠯᠠᠭ᠎ᠠ ᠶᠢ | ᠪᠠᠶᠢᠷᠢᠯᠠᠭᠤᠯᠤᠨ ᠥᠷᠨᠢᠭᠦᠯᠦᠨ᠎ᠡ᠃ | 2. ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ | ᠤᠲᠠᠰᠤ ᠶᠢ ᠨᠡᠶᠢᠭᠡᠮ ᠳᠤ ᠨᠡᠶᠢᠲᠡᠯᠡᠨ᠎ᠡ᠄ 0479 — 8114506 | ︵ᠬᠤᠶᠠᠷ︶ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠱᠠᠲᠤ ︵7 ᠳ᠋ᠤᠭᠠᠷ ᠰᠠᠷ᠎ᠠ ᠶᠢᠨ ᠳᠤᠮᠳᠠᠴᠢ | — 9 ᠳ᠋ᠦ᠋ᠭᠡᠷ ᠰᠠᠷ᠎ᠠ ᠶᠢᠨ ᠰᠡᠭᠦᠯᠴᠢ︶ | 1. ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ᠂ ᠣᠯᠠᠨ ᠲᠦᠮᠡᠨ ᠤ ᠢᠯᠡᠴᠢᠯᠡᠨ ᠮᠡᠳᠡᠭᠦᠯᠦᠯᠲᠡ᠂ | ᠵᠠᠭᠤᠴᠢᠯᠠᠭᠤᠷ ᠤᠨ ᠢᠯᠡᠴᠢᠯᠡᠨ ᠮᠡᠳᠡᠭᠦᠯᠦᠯᠲᠡ ᠵᠡᠷᠭᠡ ᠰᠦᠪᠡᠭᠴᠢ ᠶᠢ ᠦᠨᠳᠦᠰᠦᠯᠡᠵᠦ᠂ ᠤᠯᠤᠰ ᠤᠨ ᠣᠶ ᠰᠢᠭᠤᠶ | ᠡᠪᠡᠰᠦ ᠪᠡᠯᠴᠢᠭᠡᠷ ᠤᠨ ᠲᠣᠪᠴᠢᠶ᠎ᠠ ᠶᠢᠨ 2022 ᠣᠨ ᠤ ᠬᠤᠶᠠᠳᠤᠭᠠᠷ ᠬᠤᠭᠤᠴᠠᠭ᠎ᠠ᠂ 2023 ᠣᠨ ᠤ ᠡᠯ᠎ᠡ | ᠬᠤᠭᠤᠴᠠᠭᠠᠨ ᠳᠤ ᠬᠦᠷᠭᠡᠭᠰᠡᠨ ᠰᠡᠵᠢᠭᠲᠡᠶ ᠵᠢᠷᠤᠭ ᠳᠦᠷᠰᠦ ᠶᠢᠨ ᠲᠤᠬᠠᠶ ᠶᠢᠨ ᠭᠠᠵᠠᠷ ᠤᠨ ᠥᠪᠡᠷᠲᠡᠭᠡᠨ | ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠲᠠᠢ ᠤᠶᠠᠯᠳᠤᠭᠤᠯᠤᠨ᠂ ᠥᠪᠡᠷᠲᠡᠭᠡᠨ ᠪᠠᠶᠢᠴᠠᠭᠠᠭᠰᠠᠨ ᠦᠷ᠎ᠡ | ᠪᠦᠲᠦᠭᠡᠯ ᠤᠨ ᠸᠧᠺᠲ᠋ᠣᠷᠴᠢᠯᠠᠭᠰᠠᠨ ᠲᠤᠭ᠎ᠠ ᠪᠠᠷᠢᠮᠲᠠ ᠶᠢ ᠪᠣᠶ ᠪᠣᠯᠭᠠᠵᠤ᠂ ᠬᠠᠤᠯᠢ ᠠᠴᠠ ᠵᠥᠷᠢᠴᠡᠭᠰᠡᠨ ᠢᠶᠠᠷ | ᠨᠤᠲᠠᠯᠠᠭᠳᠠᠭᠰᠠᠨ ᠠᠰᠠᠭᠤᠳᠠᠯ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠡᠷᠡ ᠳᠠᠷᠤᠶ ᠳᠤᠨᠢ | ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠨ᠂ ᠬᠡᠷᠡᠭ ᠲᠤ ᠬᠤᠯᠪᠣᠭᠳᠠᠭᠰᠠᠨ ᠣᠶᠢᠲᠤ ᠭᠠᠵᠠᠷ ᠡᠪᠡᠰᠦᠲᠦ | ᠭᠠᠵᠠᠷ ᠢ ᠬᠤᠷᠢᠶᠠᠪᠠᠰᠤ ᠵᠣᠬᠢᠬᠤ ᠶᠢ ᠨᠢ ᠴᠥᠮ ᠬᠤᠷᠢᠶᠠᠵᠤ᠂ ᠤᠷᠭᠤᠮᠠᠯ ᠤᠨ ᠬᠤᠴᠢᠯᠭ᠎ᠠ ᠶᠢ ᠴᠠᠭ ᠲᠤᠬᠠᠶ ᠳᠤᠨᠢ | ᠰᠡᠷᠭᠦᠭᠡᠵᠦ᠂ ᠣᠶᠢᠲᠤ ᠭᠠᠵᠠᠷ ᠡᠪᠡᠰᠦᠲᠦ ᠭᠠᠵᠠᠷ ᠢ ᠦᠨᠡᠨᠬᠦ ᠬᠡᠷᠡᠭᠯᠡᠬᠦ ᠴᠢᠬᠤᠯᠠ ᠲᠠᠢ ᠪᠣᠯ᠂ ᠬᠠᠤᠯᠢ ᠲᠣᠭᠲᠠᠭᠠᠯ | ᠶᠣᠰᠣᠭᠠᠷ ᠪᠠᠶᠢᠴᠠᠭᠠᠨ ᠰᠢᠢᠳᠪᠦᠷᠢᠯᠡᠵᠦ ᠪᠣᠳᠠᠲᠠᠶᠢᠵᠢᠭᠤᠯᠤᠭᠰᠠᠨ ᠤ ᠳᠠᠷᠠᠭ᠎ᠠ ᠬᠠᠮᠢᠶ᠎ᠠ ᠪᠥᠬᠦᠶ ᠭᠠᠷᠳᠠᠮ ᠢ ᠨᠥᠬᠦᠵᠦ | ᠭᠦᠢᠴᠡᠳᠬᠡᠨ᠎ᠡ᠃ | 2. ᠥᠪᠡᠷ ᠲᠡᠭᠡᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠤᠨ ᠦᠨᠳᠦᠰᠦᠨ ᠪᠠᠶᠢᠳᠠᠯ᠂ ᠪᠠᠶᠢᠴᠠᠭᠠᠨ | ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠮᠡᠳᠡᠭᠡ ᠵᠠᠩᠭᠢ ᠶᠢ ︽ᠣᠶ ᠰᠢᠭᠤᠶ ᠶᠢᠨ | ᠰᠢᠮᠳᠠᠭᠤᠯᠤᠨ ᠪᠠᠶᠢᠴᠠᠭᠠᠬᠤ ᠵᠢᠴᠢ ᠣᠶ ᠰᠢᠭᠤᠶ ᠶᠢᠨ ᠶᠠᠪᠤᠳᠠᠯ ᠤᠨ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠰᠢᠰᠲ᠋ᠧᠮ︾ ᠪᠠ ︽ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ | ᠲᠠᠪᠴᠠᠩ ᠳᠤ ᠪᠥᠬᠦ ᠲᠠᠯ᠎ᠠ ᠪᠠᠷ ᠣᠨᠣᠪᠴᠢᠲᠠᠶ ᠣᠷᠣᠭᠤᠯᠬᠤ ᠬᠡᠷᠡᠭᠲᠡᠶ᠃ | ︵ᠭᠤᠷᠪᠠ︶ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ︵8 — 10 ᠳ᠋ᠤᠭᠠᠷ ᠰᠠᠷ᠎ᠠ︶ | ᠲᠥᠪᠯᠡᠷᠡᠭᠦᠯᠦᠨ ᠴᠡᠭᠴᠡᠯᠡᠨ ᠵᠠᠰᠠᠬᠤ ᠪᠠ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ ᠵᠡᠷᠭᠡ ᠪᠠᠷ | ᠲᠦᠯᠬᠢᠨ ᠠᠬᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠵᠦ ᠴᠡᠭᠴᠡᠯᠡᠨ ᠵᠠᠰᠠᠨ᠎ᠠ᠃ ᠬᠠᠮᠤᠭ ᠤᠨ ᠰᠢᠨ᠎ᠡ ᠬᠦᠷᠭᠡᠭᠰᠡᠨ ᠰᠡᠵᠢᠭᠲᠡᠶ ᠵᠢᠷᠤᠭ ᠤᠨ ᠲᠣᠯᠪᠤ ᠵᠡᠷᠭᠡ | ᠰᠦᠪᠡᠭᠴᠢ ᠶᠢ ᠦᠨᠳᠦᠰᠦᠯᠡᠨ ᠳᠤᠲᠠᠭᠳᠠᠯ ᠢ ᠪᠠᠶᠢᠴᠠᠭᠠᠵᠤ ᠳᠤᠲᠠᠭᠳᠠᠯ ᠢ ᠨᠥᠬᠦᠪᠥᠷᠢᠯᠡᠨ᠎ᠡ᠃ ᠢᠯᠠᠩᠭᠤᠶ᠎ᠠ | ᠬᠡᠷᠡᠭ ᠤᠨ ᠪᠠᠶᠢᠳᠠᠯ ᠨᠢ ᠬᠦᠨᠳᠦ ᠨᠣᠴᠢᠲᠠᠶ᠂ ᠰᠢᠨᠵᠢ ᠴᠢᠨᠠᠷ ᠨᠢ ᠬᠠᠷ᠎ᠠ ᠬᠤᠣᠷᠲᠠᠢ᠂ ᠥᠰᠢᠯᠳᠦᠨ ᠬᠡᠷᠡᠭ | ᠦᠢᠯᠡᠳᠦᠭᠰᠡᠨ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠥᠨᠳᠥᠷ᠂ ᠪᠠᠶᠢᠴᠠᠭᠠᠨ ᠰᠢᠢᠳᠪᠦᠷᠢᠯᠡᠬᠦ ᠳᠤ ᠬᠦᠴᠢᠷ | ᠶᠡᠬᠡᠲᠡᠶ ᠤᠢ ᠰᠢᠭᠤᠶ ᠡᠪᠡᠰᠦ ᠪᠡᠯᠴᠢᠭᠡᠷ ᠢ ᠡᠪᠳᠡᠭᠰᠡᠨ ᠠᠰᠠᠭᠤᠳᠠᠯ ᠳᠤ ᠴᠢᠭᠯᠡᠭᠦᠯᠦᠨ ᠭᠤᠣᠯᠳᠠᠯᠭ᠎ᠠ ᠲᠠᠢ ᠪᠠᠷ | ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠶ᠃ | ᠬᠠᠤᠯᠢ ᠲᠣᠭᠲᠠᠭᠠᠯ ᠶᠣᠰᠣᠭᠠᠷ᠂ ᠲᠥᠷᠥᠯ ᠬᠤᠪᠢᠶᠠᠨ ᠰᠢᠢᠳᠪᠦᠷᠢᠯᠡᠬᠦ ᠶᠢ ᠪᠠᠷᠢᠮᠲᠠᠯᠠᠵᠤ᠂ ᠲᠥᠷᠥ ᠶᠢᠨ | ᠪᠣᠳᠣᠯᠭ᠎ᠠ ᠶᠢᠨ ᠵᠠᠭᠠᠭ ᠬᠢᠵᠠᠭᠠᠷ ᠢ ᠡᠵᠡᠮᠳᠡᠨ᠂ ᠦᠨᠡᠨ ᠠᠴᠠ ᠵᠥᠪ ᠢ ᠡᠷᠢᠵᠦ ᠴᠡᠭᠴᠡᠯᠡᠨ ᠵᠠᠰᠠᠬᠤ ᠶᠢ ᠰᠠᠶᠢᠲᠤᠷ | ᠠᠳᠬᠤᠨ᠎ᠠ᠃ ᠣᠶᠢᠲᠤ ᠭᠠᠵᠠᠷ ᠡᠪᠡᠰᠦᠲᠦ ᠭᠠᠵᠠᠷ ᠢ ᠬᠠᠤᠯᠢ ᠪᠤᠰᠤ ᠪᠠᠷ ᠡᠵᠡᠯᠡᠭᠰᠡᠨ ᠪᠠ ᠡᠪᠳᠡᠭᠰᠡᠨ᠂ ᠣᠶ ᠰᠢᠭᠤᠶ | ᠡᠪᠡᠰᠦ ᠪᠡᠯᠴᠢᠭᠡᠷ ᠢ ᠡᠪᠳᠡᠵᠦ ᠠᠲᠠᠷ ᠬᠠᠭᠠᠯᠪᠤᠷᠢᠯᠠᠭᠰᠠᠨ᠂ ᠣᠶ ᠮᠣᠳᠣ ᠶᠢ ᠳᠤᠷ᠎ᠠ ᠪᠠᠷ ᠢᠶᠠᠨ ᠣᠭᠲᠣᠯᠵᠤ | ᠳᠤᠷ᠎ᠠ ᠪᠠᠷ ᠢᠶᠠᠨ ᠡᠪᠳᠡᠭᠰᠡᠨ ᠵᠡᠷᠭᠡ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠤᠷᠭᠤᠮᠠᠯ ᠤᠨ | ᠬᠤᠴᠢᠯᠭ᠎ᠠ ᠶᠢ ᠰᠡᠷᠭᠦᠭᠡᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠪᠣᠳᠠᠲᠠᠶᠢᠵᠢᠭᠤᠯᠬᠤ ᠬᠡᠷᠡᠭᠲᠡᠶ᠃ | ᠬᠠᠷᠭᠤᠭᠤᠯᠤᠨ ᠪᠠᠶᠢᠴᠠᠭᠠᠬᠤ ᠪᠠ ᠬᠡᠷᠡᠭ ᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠵᠠᠰᠠᠬᠤ ᠶᠠᠪᠤᠴᠠ ᠳᠤ᠂ | ᠬᠠᠷᠢᠯᠴᠠᠨ ᠲᠦᠯᠬᠢᠯᠴᠡᠬᠦ᠂ ᠬᠠᠷᠢᠭᠤᠴᠠᠯᠭ᠎ᠠ ᠥᠬᠡᠶ᠂ ᠠᠵᠢᠯ ᠬᠢᠬᠦ ᠥᠬᠡᠶ᠂ ᠬᠠᠷᠢᠭᠤᠴᠠᠯᠭ᠎ᠠ ᠡᠭᠦᠷᠭᠡᠯᠡᠬᠦ ᠥᠬᠡᠶ᠂ | ᠠᠵᠢᠯ ᠳᠠᠭᠠᠨ ᠨᠠᠵᠠᠭᠠᠶ ᠪᠠᠷ ᠠᠷᠭᠠᠴᠠᠬᠤ᠂ ᠣᠯᠵᠤ ᠮᠡᠳᠡᠬᠦ ᠶᠣᠰᠣᠲᠠᠶ ᠠᠰᠠᠭᠤᠳᠠᠯ ᠢ ᠣᠯᠵᠤ ᠮᠡᠳᠡᠭᠰᠡᠨ ᠥᠬᠡᠶ᠂ | ᠣᠯᠵᠤ ᠮᠡᠳᠡᠭᠰᠡᠨ ᠠᠰᠠᠭᠤᠳᠠᠯ ᠢ ᠳᠡᠭᠡᠭᠰᠢ ᠮᠡᠳᠡᠭᠦᠯᠬᠦ ᠥᠬᠡᠶ ᠪᠤᠶᠤ ᠵᠣᠷᠢᠭᠤᠳᠠ ᠨᠢᠭᠤᠵᠤ ᠳᠠᠷᠤᠭᠠᠳ ᠮᠡᠳᠡᠭᠦᠯᠬᠦ | ᠥᠬᠡᠶ ᠪᠠᠶᠢᠪᠠᠯ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠰᠢᠢᠳᠪᠦᠷᠢᠯᠡᠬᠦ | ᠬᠡᠷᠡᠭᠲᠡᠶ᠃ ᠠᠵᠢᠯ ᠢᠶᠠᠨ ᠬᠦᠴᠦᠲᠡᠶ ᠠᠬᠢᠭᠤᠯᠤᠭᠰᠠᠨ ᠥᠬᠡᠶ᠂ ᠰᠡᠷᠡᠮᠵᠢᠯᠡᠭᠦᠯᠦᠨ ᠪᠣᠯᠵᠣᠨ ᠶᠠᠷᠢᠯᠴᠠᠭᠰᠠᠨ᠂ | ᠠᠰᠠᠭᠤᠳᠠᠯ ᠬᠦᠨᠳᠦ ᠨᠣᠴᠢᠲᠠᠶ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ᠂ ᠠᠵᠢᠯ ᠥᠯᠥ | ᠬᠢᠭᠰᠡᠨ ᠰᠠᠯᠠᠭ᠎ᠠ ᠮᠥᠴᠢᠷ ᠪᠠ ᠨᠡᠶᠢᠲᠡᠯᠢᠭ ᠠᠰᠠᠭᠤᠳᠠᠯ ᠢ ᠢᠯᠡ ᠪᠠᠷ ᠵᠠᠷᠯᠠᠨ ᠮᠡᠳᠡᠭᠳᠡᠵᠦ᠂ ᠴᠠᠭ ᠲᠤᠨᠢ | ᠳᠣᠭᠢᠷᠠᠭᠤᠯᠤᠨ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠣᠢ | ᠰᠢᠭᠤᠢ ᠶᠢᠨ ᠳᠠᠷᠤᠭ᠎ᠠ ᠳᠤ ᠰᠠᠨᠠᠭᠤᠯᠤᠮᠵᠢ ᠶᠢᠨ ᠵᠠᠬᠢᠳᠠᠯ ᠶᠠᠪᠤᠭᠤᠯᠬᠤ ᠬᠡᠷᠡᠭᠲᠡᠶ᠃ | ︵ᠳᠥᠷᠪᠡ︶ ᠳ᠋ᠦᠩᠨᠡᠵᠦ ᠦᠨᠡᠯᠡᠨ ᠵᠢᠱᠢᠬᠦ ᠱᠠᠲᠤ ᠦᠶ᠎ᠡ ︵11 ᠳ᠋ᠦ᠋ᠭᠡᠷ ᠰᠠᠷ᠎ᠠ︶ | ᠲᠤᠰᠬᠠᠶ ᠠᠵᠢᠯᠯᠠᠭ᠎ᠠ ᠶᠢ ᠪᠥᠬᠦ ᠲᠠᠯ᠎ᠠ ᠪᠠᠷ ᠳ᠋ᠦᠩᠨᠡᠬᠦ ᠶᠢᠨ ᠬᠠᠮᠲᠤ ᠵᠥᠪᠰᠢᠶᠡᠷᠡᠯ ᠥᠬᠡᠶ ᠪᠠᠷ ᠤᠷᠢᠳᠠᠪᠠᠷ ᠡᠵᠡᠯᠡᠬᠦ᠂ | ᠬᠡᠪᠴᠢᠶ᠎ᠡ ᠠᠴᠠ ᠬᠡᠲᠦᠷᠡᠭᠦᠯᠦᠨ ᠡᠵᠡᠯᠡᠨ ᠬᠡᠷᠡᠭᠯᠡᠬᠦ᠂ ᠣᠨᠳᠣᠤ ᠭᠠᠵᠠᠷ ᠲᠤ ᠡᠵᠡᠯᠡᠨ ᠬᠡᠷᠡᠭᠯᠡᠬᠦ ᠶᠢᠨ ᠬᠠᠮᠲᠤ ᠣᠶᠢᠲᠤ | ᠭᠠᠵᠠᠷ ᠡᠪᠡᠰᠦᠲᠦ ᠭᠠᠵᠠᠷ ᠢ ᠡᠪᠳᠡᠨ ᠰᠦᠢᠳᠬᠡᠬᠦ᠂ ᠣᠶᠢᠲᠤ ᠭᠠᠵᠠᠷ ᠡᠪᠡᠰᠦᠲᠦ ᠭᠠᠵᠠᠷ ᠢ ᠬᠠᠤᠯᠢ ᠪᠤᠰᠤ ᠪᠠᠷ | ᠬᠠᠭᠠᠯᠪᠤᠷᠢᠯᠠᠬᠤ᠂ ᠣᠶ ᠮᠣᠳᠣ ᠶᠢ ᠳᠤᠷ᠎ᠠ ᠪᠠᠷ ᠢᠶᠠᠨ ᠣᠭᠲᠣᠯᠬᠤ ᠪᠠ ᠬᠤᠯᠠᠭᠠᠶᠢᠯᠠᠨ ᠣᠭᠲᠣᠯᠬᠤ ᠵᠡᠷᠭᠡ | ᠠᠰᠠᠭᠤᠳᠠᠯ ᠳᠤ ᠴᠢᠭᠯᠡᠭᠦᠯᠦᠨ᠂ ᠣᠶᠢᠲᠤ ᠭᠠᠵᠠᠷ ᠡᠪᠡᠰᠦᠲᠦ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢᠨ | ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠣᠶᠢᠲᠤ ᠭᠠᠵᠠᠷ ᠡᠪᠡᠰᠦᠲᠦ ᠭᠠᠵᠠᠷ ᠤᠨ ᠬᠠᠮᠠᠭᠠᠯᠠᠯᠲᠠ | ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ | ᠬᠡᠷᠡᠭᠲᠡᠶ᠃ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠲᠣᠰ ᠵᠢᠯ ᠤᠨ ᠣᠶ ᠰᠢᠭᠤᠶ ᠶᠢᠨ ᠳᠠᠷᠤᠭ᠎ᠠ ᠶᠢᠨ | ᠲᠦᠷᠢᠮ ᠤᠨ ᠬᠢᠨᠠᠨ ᠰᠢᠯᠭᠠᠵᠤ ᠦᠨᠡᠯᠡᠬᠦ ᠴᠢᠬᠤᠯᠠ ᠠᠭᠤᠯᠭ᠎ᠠ ᠪᠣᠯᠭᠠᠵᠤ᠂ ᠬᠢᠨᠠᠨ ᠰᠢᠯᠭᠠᠭᠰᠠᠨ ᠪᠠᠶᠢᠳᠠᠯ ᠢᠶᠠᠨ | ᠬᠤᠲᠠ ᠶᠢᠨ ᠶᠡᠷᠦᠩᠬᠡᠶ ᠣᠶ ᠰᠢᠭᠤᠶ ᠶᠢᠨ ᠳᠠᠷᠤᠭ᠎ᠠ ᠳᠤ ᠬᠠᠷᠢᠭᠤ ᠮᠡᠳᠡᠭᠦᠯᠬᠦ ᠶᠢᠨ ᠬᠠᠮᠲᠤ ᠡᠯ᠎ᠡ ᠱᠠᠲᠤᠨ ᠤ ᠣᠶ | ᠰᠢᠭᠤᠶ ᠶᠢᠨ ᠳᠠᠷᠤᠭ᠎ᠠ ᠳᠤ ᠬᠠᠷᠢᠭᠤ ᠲᠤᠰᠬᠠᠬᠤ ᠪᠣᠯᠤᠨ᠎ᠠ᠃ | ᠳᠥᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠵᠢᠴᠢ ᠠᠵᠢᠯ ᠤᠨ ᠱᠠᠭᠠᠷᠳᠠᠯᠭ᠎ᠠ | ︵ᠨᠢᠭᠡ︶ ᠬᠤᠲᠠ ᠶᠢᠨ ᠵᠠᠰᠠᠭ ᠤᠨ ᠣᠷᠳᠣᠨ ᠠᠴᠠ ᠬᠤᠪᠢᠳᠠᠨ ᠬᠠᠮᠢᠶᠠᠷᠴᠤ ᠪᠥᠬᠦᠶ ᠳᠡᠳ᠋ ᠬᠤᠲᠠ ᠶᠢᠨ | ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ | ᠡᠷᠬᠢᠯᠡᠭᠴᠢ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠢᠶᠠᠷ ᠪᠦᠷᠢᠯᠳᠦᠬᠦᠨ ᠪᠣᠯᠭᠠᠭᠰᠠᠨ ᠪᠥᠬᠦ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠢ ᠡᠪᠳᠡᠬᠦ | ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ ︵ | ᠪᠣᠳᠠᠲᠠᠶ ᠶᠢ ᠳᠠᠭᠠᠯᠳᠤᠭᠤᠯᠤᠯ ᠳᠤ ᠦᠵᠡ︶᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠲᠠ ᠶᠢᠨ ᠣᠶ | ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ | ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠬᠦᠬᠡᠪᠠᠷᠰ ᠬᠠᠪᠰᠤᠷᠭᠠᠨ ᠬᠠᠷᠢᠭᠤᠴᠠᠨ᠎ᠠ᠃ ᠡᠯ᠎ᠡ ᠪᠦᠷᠢᠯᠳᠦᠬᠦᠨ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠡᠯ᠎ᠡ ᠵᠦᠢᠯ ᠤᠨ | ᠠᠵᠢᠯ ᠢ ᠰᠠᠶᠢᠲᠤᠷ ᠠᠳᠬᠤᠨ᠎ᠠ᠃ | ︵ᠬᠤᠶᠠᠷ︶ ᠳᠤᠭᠤᠶᠢᠯᠠᠩ ᠬᠤᠪᠢᠶᠠᠬᠤ ᠵᠢᠴᠢ ᠡᠭᠦᠷᠭᠡ ᠬᠠᠷᠢᠭᠤᠴᠠᠯᠭ᠎ᠠ | 1. ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠄ ᠠᠵᠢᠯᠯᠠᠬᠤ ᠳᠤᠭᠤᠶᠢᠯᠠᠩ ᠤᠨ ᠲᠤᠭ᠎ᠠ ᠪᠠᠷᠢᠮᠲᠠ ᠶᠢ | ᠬᠤᠷᠢᠶᠠᠩᠭᠤᠶᠢᠯᠠᠬᠤ᠂ ᠵᠠᠳᠠᠯᠬᠤ᠂ ᠮᠡᠳᠡᠭᠦᠯᠦᠨ ᠬᠦᠷᠭᠡᠬᠦ᠂ ᠠᠬᠢᠴᠠ ᠶᠢ ᠮᠡᠳᠡᠭᠦᠯᠦᠨ ᠬᠦᠷᠭᠡᠬᠦ᠂ ᠶᠡᠷᠦᠩᠬᠡᠶᠢᠯᠡᠭᠰᠡᠨ | ᠮᠠᠲ᠋ᠧᠷᠢᠶᠠᠯ ᠤᠨ ᠡᠬᠡ ᠨᠣᠤᠷᠠᠭ ᠢ ᠲᠤᠭᠤᠷᠪᠢᠬᠤ᠂ ᠳᠡᠭᠡᠳᠦ ᠱᠠᠲᠤ ᠶᠢ ᠵᠣᠯᠭᠠᠭᠤᠯᠬᠤ᠂ ᠨᠢᠭᠡ ᠬᠡᠷᠡᠭ ᠤᠨ ᠨᠢᠭᠡ | ᠲᠠᠩᠰᠠ ᠡᠪᠬᠡᠮᠡᠯ ᠪᠠᠶᠢᠭᠤᠯᠬᠤ ᠵᠡᠷᠭᠡ ᠠᠵᠢᠯ ᠢ ᠬᠠᠷᠢᠭᠤᠴᠠᠨ᠎ᠠ︔ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠵᠤ | ᠤᠢ ᠰᠢᠭᠤᠶ ᠶᠢᠨ ᠳᠠᠷᠤᠭ᠎ᠠ ᠶᠢᠨ ᠳᠦᠷᠢᠮ ᠤᠨ ᠬᠢᠨᠠᠨ ᠰᠢᠯᠭᠠᠯᠲᠠ ᠳᠤ ᠣᠷᠣᠭᠤᠯᠬᠤ ᠶᠢ ᠬᠠᠷᠢᠭᠤᠴᠠᠵᠤ᠂ ᠴᠢᠬᠤᠯᠠ | ᠶᠡᠭᠡ ᠠᠰᠠᠭᠤᠳᠠᠯ ᠢ ᠨᠡᠪᠲᠡᠷᠡᠭᠦᠯᠦᠨ᠎ᠡ᠃ | ᠳᠤᠭᠤᠶᠢᠯᠠᠩ ᠤᠨ ᠳᠠᠷᠤᠭ᠎ᠠ᠄ ᠬᠡᠷᠡᠯᠴᠣᠭᠲᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ | ᠳᠡᠳ᠋ ᠳᠤᠭᠤᠶᠢᠯᠠᠩ ᠤᠨ ᠳᠠᠷᠤᠭ᠎ᠠ᠄ ᠬᠥᠬᠡᠬᠤᠲᠠ ᠶᠢᠨ ᠣᠶ ᠰᠢᠭᠤᠶ ᠶᠢᠨ ᠡᠪᠡᠰᠦ ᠪᠡᠯᠴᠢᠭᠡᠷ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠪᠦᠷᠢᠯᠳᠦᠬᠦᠨ᠄ ᠵᠠᠩ ᠷᠦ᠂ ᠵᠠᠩ ᠵᠢᠶᠠᠨ ᠵᠢᠶᠦ᠋ᠨ᠂ ᠵᠠᠩ ᠺᠧ᠂ ᠨᠠᠰᠤᠨ᠂ ᠦᠷᠡᠲ᠋ᠠᠨᠠ᠂ ᠨᠠᠷᠠᠰᠤ ᠵᠡᠷᠭᠡ | ᠬᠤᠯᠪᠣᠭᠠᠴᠢᠨ᠄ ᠵᠠᠩ ᠷᠦ ︵ᠤᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠡᠯᠡᠰᠦ ᠶᠢ ᠵᠠᠰᠠᠵᠤ | ᠣᠶᠢᠵᠢᠭᠤᠯᠬᠤ ᠲᠠᠰᠤᠭ ᠤᠨ ᠬᠠᠷᠢᠭᠤᠴᠠᠯᠭᠠᠲᠠᠨ᠂ 15247999511︶᠃ | 2. ᠵᠢᠭᠰᠠᠭᠠᠨ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠳᠤᠭᠤᠶᠢᠯᠠᠩ᠄ 2018 ᠣᠨ ᠠᠴᠠ ᠨᠠᠰᠢᠬᠢ | ᠵᠥᠪᠰᠢᠶᠡᠷᠡᠯ ᠢᠶᠠᠷ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠦᠷ ᠴᠠᠭ ᠡᠵᠡᠯᠡᠨ | ᠬᠡᠷᠡᠭᠯᠡᠭᠰᠡᠨ ᠣᠶᠢᠲᠤ ᠭᠠᠵᠠᠷ ᠡᠪᠡᠰᠦᠲᠦ ᠭᠠᠵᠠᠷ ᠤᠨ ᠬᠤᠭᠤᠴᠠᠭ᠎ᠠ ᠲᠣᠯᠵᠣ ᠪᠤᠴᠠᠭᠠᠬᠤ᠂ ᠣᠶ ᠰᠢᠭᠤᠶ ᠡᠪᠡᠰᠦ | ᠪᠡᠯᠴᠢᠭᠡᠷ ᠤᠨ ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠬᠦ ᠵᠢᠴᠢ ᠣᠶ ᠰᠢᠭᠤᠶ ᠡᠪᠡᠰᠦ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢᠨ ᠪᠠᠶᠢᠳᠠᠯ ᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠨ᠎ᠠ︔ 2021 ᠣᠨ ᠠᠴᠠ | ᠨᠠᠰᠢᠬᠢ ᠡᠯ᠎ᠡ ᠲᠥᠷᠥᠯ ᠤᠨ ᠠᠭᠤᠷᠬᠠᠶ ᠶᠢᠨ ᠠᠵᠤ ᠠᠬᠤᠶᠢᠯᠠᠯ ᠤᠨ ᠣᠶᠢᠲᠤ ᠭᠠᠵᠠᠷ ᠡᠪᠡᠰᠦᠲᠦ ᠭᠠᠵᠠᠷ ᠢ ᠬᠠᠤᠯᠢ | ᠲᠣᠭᠲᠠᠭᠠᠯ ᠠᠴᠠ ᠵᠥᠷᠢᠴᠡᠨ ᠡᠪᠳᠡᠭᠰᠡᠨ ᠪᠠᠶᠢᠳᠠᠯ ᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠭᠰᠠᠨ᠂ | ᠣᠶ ᠰᠢᠭᠤᠶ ᠡᠪᠡᠰᠦ ᠪᠡᠯᠴᠢᠭᠡᠷ ᠤᠨ ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠭᠰᠡᠨ ᠵᠢᠴᠢ ᠤᠷᠭᠤᠮᠠᠯ ᠤᠨ | ᠬᠤᠴᠢᠯᠭ᠎ᠠ ᠶᠢ ᠰᠡᠷᠭᠦᠭᠡᠭᠰᠡᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠨ᠎ᠠ︔ ᠤᠯᠤᠰ ᠤᠨ ᠣᠶ ᠰᠢᠭᠤᠶ ᠡᠪᠡᠰᠦ | ᠪᠡᠯᠴᠢᠭᠡᠷ ᠤᠨ ᠲᠣᠪᠴᠢᠶ᠎ᠠ ᠠᠴᠠ ᠪᠠᠭᠤᠯᠭᠠᠭᠰᠠᠨ 2022 ᠣᠨ ᠤ ᠬᠤᠶᠠᠳᠤᠭᠠᠷ ᠬᠤᠭᠤᠴᠠᠭ᠎ᠠ ᠪᠠ 2023 ᠣᠨ ᠤ | ᠡᠯ᠎ᠡ ᠬᠤᠭᠤᠴᠠᠭᠠᠨ ᠳᠤ ᠬᠦᠷᠭᠡᠭᠰᠡᠨ ᠰᠡᠵᠢᠭᠯᠡᠯᠲᠡᠶ ᠵᠢᠷᠤᠭ ᠤᠨ ᠲᠣᠯᠪᠤ ᠶᠢ ᠪᠥᠬᠦ ᠲᠠᠯ᠎ᠠ ᠪᠠᠷ ᠬᠠᠷᠭᠤᠭᠤᠯᠤᠨ | ᠪᠠᠶᠢᠴᠠᠭᠠᠨ᠎ᠠ︔ ︽ᠣᠶ ᠰᠢᠭᠤᠶ ᠶᠢᠨ ᠰᠢᠮᠳᠠᠭᠤᠯᠤᠨ ᠪᠠᠶᠢᠴᠠᠭᠠᠯᠲᠠ ᠵᠢᠴᠢ ᠣᠶ ᠰᠢᠭᠤᠶ ᠶᠢᠨ ᠶᠠᠪᠤᠳᠠᠯ ᠤᠨ ᠬᠠᠤᠯᠢ | ᠬᠡᠷᠡᠭᠵᠢᠭᠦᠯᠦᠯᠲᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ︾ ︽ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ︾ ᠳᠤ ᠳᠡᠭᠡᠷᠡᠬᠢ ᠥᠪᠡᠰᠦᠪᠡᠨ ᠪᠠᠶᠢᠴᠠᠭᠠᠭᠰᠠᠨ ᠲᠤᠭ᠎ᠠ | ᠪᠠᠷᠢᠮᠲᠠ ᠶᠢ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠬᠡᠷᠡᠭᠲᠡᠶ︔ ᠵᠢᠭᠰᠠᠭᠠᠨ ᠪᠠᠶᠢᠴᠠᠭᠠᠵᠤ ᠬᠠᠷᠭᠤᠭᠤᠯᠤᠨ | ᠪᠠᠶᠢᠴᠠᠭᠠᠵᠤ ᠭᠠᠷᠭᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠶ ᠣᠶ ᠰᠢᠭᠤᠶ ᠶᠢ ᠡᠪᠳᠡᠵᠦ | ᠰᠦᠢᠳᠬᠡᠭᠰᠡᠨ ᠲᠥᠰᠦᠯ ᠤᠨ ᠮᠠᠲ᠋ᠧᠷᠢᠶᠠᠯ ᠢ ᠠᠰᠠᠭᠤᠳᠠᠯ ᠤᠨ ᠡᠬᠡ ᠲᠠᠩᠰᠠ ᠶᠢ ᠪᠠᠶᠢᠭᠤᠯᠤᠨ ᠶᠡᠷᠦᠩᠬᠡᠶᠢᠯᠡᠨ | ᠵᠣᠬᠢᠴᠠᠭᠤᠯᠬᠤ ᠳᠤᠭᠤᠶᠢᠯᠠᠩ ᠳᠤ ᠮᠡᠳᠡᠭᠦᠯᠵᠦ ᠬᠤᠷᠢᠶᠠᠩᠭᠤᠶᠢᠯᠠᠭᠤᠯᠤᠨ᠎ᠠ᠃ | ᠳᠤᠭᠤᠶᠢᠯᠠᠩ ᠤᠨ ᠳᠠᠷᠤᠭ᠎ᠠ᠄ ᠠᠯᠲᠠᠨᠪᠠᠭᠠᠨ᠎ᠠ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ | ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠴᠢᠣ ᠸᠧᠨ ᠬᠤᠤ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ | ᠳᠡᠳ᠋ ᠳᠠᠷᠤᠭ᠎ᠠ | ᠵᠠᠩ ᠴᠦᠨ ᠫᠧᠩ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ | ᠪᠦᠷᠢᠯᠳᠦᠬᠦᠨ᠄ ᠰᠢᠨᠡᠪᠢᠯᠢᠭ᠂ ᠬᠠᠰᠪᠠᠭᠠᠲᠤᠷ᠂ ᠠᠭᠤᠯᠠ᠂ ᠰᠡᠩᠭᠡ᠂ ᠯᠢᠦ ᡁᠢ ᠪᠢᠨ᠂ ᠶᠢᠨ ᠴᠢ᠂ ᠵᠠᠩ ᠶᠠ ᠯᠢᠩ᠂ | ᠨᠢᠦ ᠴᠦᠨ ᠭᠤᠸᠠᠩ ᠨᠠᠷ | ᠬᠤᠯᠪᠣᠭᠠᠴᠢᠨ᠄ ᠯᠢᠦ ᡁᠢ ᠪᠢᠨ ︵ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠤᠯᠢ ᠲᠦᠷᠢᠮ ᠤᠨ | ᠬᠢᠨᠠᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ᠂ 13337096789︶᠃ | 3. ᠬᠠᠤᠯᠢ ᠲᠦᠷᠢᠮ ᠤᠨ ᠰᠢᠮᠳᠠᠭᠤᠯᠤᠨ ᠵᠢᠯᠣᠭᠤᠳᠬᠤ ᠳᠤᠭᠤᠶᠢᠯᠠᠩ᠄ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠳᠤ ᠬᠢᠨᠠᠯᠲᠠ ᠲᠠᠯᠪᠢᠬᠤ ᠶᠢ | ᠬᠠᠷᠢᠭᠤᠴᠠᠵᠤ᠂ ᠨᠤᠲᠤᠭ ᠪᠡᠯᠴᠢᠭᠡᠷ ᠤᠨ ᠣᠶᠢᠲᠤ ᠭᠠᠵᠠᠷ ᠤᠨ ᠠᠰᠠᠭᠤᠳᠠᠯ ᠢ ᠬᠢᠨᠠᠨ ᠬᠠᠷᠭᠤᠭᠤᠯᠵᠤ ᠰᠤᠳᠤᠯᠤᠨ | ᠮᠠᠭᠠᠳᠯᠠᠵᠤ᠂ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠶᠢ ᠵᠢᠯᠣᠭᠤᠳᠬᠤ᠂ ᠰᠢᠮᠳᠠᠭᠤᠯᠤᠨ | ᠵᠢᠯᠣᠭᠤᠳᠬᠤ᠂ ᠳᠣᠭᠢᠷᠠᠭᠤᠯᠬᠤ ᠶᠢ ᠬᠠᠷᠢᠭᠤᠴᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ | ᠬᠠᠮᠵᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠯᠦᠭᠡ ᠵᠣᠯᠭᠠᠭᠤᠯᠤᠨ᠎ᠠ︔ ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠤᠨ ᠰᠦᠪᠡᠭᠴᠢ ᠡᠬᠡ ᠳᠠᠩᠰᠠ ᠪᠠᠶᠢᠭᠤᠯᠬᠤ᠂ ᠪᠠᠶᠢᠴᠠᠭᠠᠨ ᠰᠢᠢᠳᠪᠦᠷᠢᠯᠡᠵᠦ ᠰᠢᠪᠠᠳᠠᠨ | ᠰᠢᠢᠳᠪᠦᠷᠢᠯᠡᠬᠦ ᠶᠢ ᠬᠠᠷᠢᠭᠤᠴᠠᠨ᠎ᠠ︔ ᠬᠠᠤᠯᠢ ᠬᠡᠷᠡᠭᠵᠢᠭᠦᠯᠬᠦ ᠠᠬᠢᠴᠠ ᠶᠢ ᠡᠵᠡᠮᠰᠢᠨ᠂ ᠲᠤᠭ᠎ᠠ ᠪᠠᠷᠢᠮᠲᠠ ᠶᠢ | ᠬᠠᠮᠲᠤ ᠳᠤᠨᠢ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠳᠤ ᠮᠡᠳᠡᠭᠦᠯᠵᠦ ᠬᠤᠷᠢᠶᠠᠩᠭᠤᠶᠢᠯᠠᠭᠤᠯᠤᠨ᠎ᠠ︔ ᠬᠠᠤᠯᠢ | ᠴᠠᠭᠠᠵᠠ ᠬᠠᠤᠯᠢ ᠲᠣᠭᠲᠠᠭᠠᠯ ᠯᠤᠭ᠎ᠠ ᠬᠠᠷᠰᠢᠯᠳᠤᠬᠤ ᠪᠢᠴᠢᠭ ᠮᠠᠲ᠋ᠧᠷᠢᠶᠠᠯ᠂ ᠲᠥᠷᠥ ᠶᠢᠨ ᠪᠣᠳᠣᠯᠭ᠎ᠠ ᠶᠢ ᠡᠮᠬᠢᠯᠡᠨ | ᠢᠯᠭᠠᠷᠠᠭᠤᠯᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠡᠯ᠎ᠡ ᠰᠤᠮᠤ ᠪᠠᠯᠭᠠᠰᠤ ᠶᠢᠨ ᠲᠠᠯᠠᠪᠠᠶ ᠶᠢ | ᠵᠢᠯᠣᠭᠤᠳᠤᠨ ᠬᠢᠨᠠᠨ ᠵᠢᠯᠣᠭᠤᠳᠴᠤ ᠪᠠᠶᠢᠭᠠᠳ ᠢᠯᠭᠠᠷᠠᠭᠤᠯᠤᠨ ᠵᠠᠯᠠᠷᠠᠭᠤᠯᠬᠤ ᠵᠡᠷᠭᠡ ᠠᠵᠢᠯ ᠢ ᠥᠷᠨᠢᠭᠦᠯᠬᠦ ᠬᠡᠷᠡᠭᠲᠡᠶ᠃ | | ᠳᠤᠭᠤᠶᠢᠯᠠᠩ ᠤᠨ ᠳᠠᠷᠤᠭ᠎ᠠ᠄ ᠠᠯᠲᠠᠨᠪᠠᠭᠠᠨ᠎ᠠ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ | ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠵᠠᠩ ᠴᠦᠨ ᠫᠧᠩ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ | ᠪᠦᠷᠢᠯᠳᠦᠬᠦᠨ᠄ ᠰᠢᠨᠡᠪᠢᠯᠢᠭ᠂ ᠬᠠᠰᠪᠠᠭᠠᠲᠤᠷ᠂ ᠠᠭᠤᠯᠠ᠂ ᠰᠡᠩᠭᠡ᠂ ᠯᠢᠦ ᡁᠢ ᠪᠢᠨ᠂ ᠶᠢᠨ ᠴᠢ᠂ ᠵᠠᠩ ᠶᠠ ᠯᠢᠩ᠂ | ᠨᠢᠤ ᠴᠦᠨ ᠭᠤᠸᠠᠩ ᠨᠠᠷ | ᠬᠤᠯᠪᠣᠭᠠᠴᠢᠨ᠄ ᠯᠢᠦ ᡁᠢ ᠪᠢᠨ ︵ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠤᠯᠢ ᠲᠦᠷᠢᠮ ᠤᠨ | ᠬᠢᠨᠠᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ᠂ 13337096789︶᠃ | 4. ᠭᠠᠷᠳᠠᠮ ᠢ ᠨᠥᠬᠦᠵᠦ ᠭᠦᠢᠴᠡᠳᠬᠡᠬᠦ ᠳᠤᠭᠤᠶᠢᠯᠠᠩ᠄ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠᠬᠢ | ᠨᠤᠲᠤᠭ ᠪᠡᠯᠴᠢᠭᠡᠷ᠂ ᠣᠶᠢᠲᠤ ᠭᠠᠵᠠᠷ ᠤᠨ ᠬᠠᠮᠢᠶ᠎ᠠ ᠪᠥᠬᠦᠶ ᠭᠠᠷᠳᠠᠮ ᠢ ᠨᠥᠬᠦᠵᠦ ᠭᠦᠢᠴᠡᠳᠬᠡᠬᠦ᠂ ᠵᠣᠬᠢᠴᠠᠭᠤᠯᠬᠤ᠂ | ᠠᠬᠢᠭᠤᠯᠬᠤ ᠠᠵᠢᠯ ᠢ ᠬᠠᠷᠢᠭᠤᠴᠠᠨ ᠪᠡᠶᠡᠯᠡᠭᠦᠯᠦᠨ᠎ᠡ︔ ᠨᠥᠬᠦᠵᠦ ᠭᠦᠢᠴᠡᠳᠬᠡᠬᠦ ᠭᠠᠷᠳᠠᠮ ᠤᠨ ᠲᠥᠷᠥᠯ ᠵᠦᠢᠯ ᠤᠨ | ᠴᠣᠬᠤᠯᠠᠪᠤᠷᠢ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠵᠠᠷᠤᠳᠠᠯ ᠰᠦᠢᠳᠬᠡᠯ ᠤᠨ ᠫᠢᠶᠣᠣ ᠪᠠᠷᠢᠮᠲᠠ ᠶᠢ | ᠡᠮᠬᠢᠯᠡᠨ ᠲᠢᠭᠯᠡᠬᠦ ᠂ ᠨᠢᠭᠡ ᠬᠡᠷᠡᠭ ᠤᠨ ᠨᠢᠭᠡ ᠡᠪᠬᠡᠮᠡᠯ ᠭᠠᠷᠭᠠᠬᠤ ᠶᠢᠨ ᠬᠠᠮᠲᠤ ᠴᠠᠭ ᠲᠤᠬᠠᠶ ᠳᠤᠨᠢ ᠶᠡᠷᠦᠩᠬᠡᠶᠢᠯᠡᠨ | ᠵᠣᠬᠢᠴᠠᠭᠤᠯᠬᠤ ᠳᠤᠭᠤᠶᠢᠯᠠᠩ ᠳᠤ ᠮᠡᠳᠡᠭᠦᠯᠬᠦ ᠬᠡᠷᠡᠭᠲᠡᠶ᠃ | ᠳᠤᠭᠤᠶᠢᠯᠠᠩ ᠤᠨ ᠳᠠᠷᠤᠭ᠎ᠠ᠄ ᠴᠢᠦ ᠸᠧᠨ ᠬᠤᠤ ᠤᠢ ᠰᠢᠭᠤᠶ ᠶᠢᠨ ᠡᠪᠡᠰᠦ ᠪᠡᠯᠴᠢᠭᠡᠷ ᠤᠨ ᠲᠣᠪᠴᠢᠶ᠎ᠠ ᠶᠢᠨ | ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠭᠡᠭᠡᠨᠬᠦᠦ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠣᠶ ᠰᠢᠭᠤᠶ | ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠠᠰᠤᠭ ᠤᠨ ᠬᠠᠷᠢᠭᠤᠴᠠᠯᠭᠠᠲᠠᠨ | ᠪᠦᠷᠢᠯᠳᠦᠬᠦᠨ᠄ ᠸᠠᠩ ᠸᠧᠶ᠂ ᠳ᠋ᠦ᠋ ᠸᠤᠨ ᠰᠢᠤᠸᠠᠨ ᠨᠠᠷ | ᠬᠤᠯᠪᠣᠭᠠᠴᠢᠨ᠄ ᠭᠡᠭᠡᠨᠬᠦᠦ ︵ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠣᠶ ᠰᠢᠭᠤᠶ ᠪᠠ ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠲᠠᠰᠤᠭ ᠤᠨ ᠬᠠᠷᠢᠭᠤᠴᠠᠯᠭᠠᠲᠠᠨ᠂ 13337096789︶᠃ | 5. ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ ᠰᠢᠯᠭᠠᠨ ᠠᠪᠬᠤ ᠳᠤᠭᠤᠶᠢᠯᠠᠩ᠄ ᠴᠡᠭᠴᠡᠯᠡᠨ ᠰᠠᠶᠢᠵᠢᠷᠠᠭᠤᠯᠬᠤ | ᠠᠵᠢᠯ ᠤᠨ ᠳᠤᠮᠳᠠ᠂ ᠤᠷᠭᠤᠮᠠᠯ ᠤᠨ ᠬᠤᠴᠢᠯᠭ᠎ᠠ ᠶᠢ ᠨᠤᠷᠠᠭᠠᠵᠤ ᠰᠡᠷᠭᠦᠭᠡᠬᠦ ᠲᠥᠷᠥᠯ ᠵᠦᠢᠯ ᠤᠨ ᠤᠷᠭᠤᠮᠠᠯ ᠤᠨ | ᠬᠤᠴᠢᠯᠭ᠎ᠠ ᠶᠢ ᠰᠡᠷᠭᠦᠭᠡᠭᠰᠡᠨ ᠪᠠᠶᠢᠳᠠᠯ ᠢ ᠰᠢᠯᠭᠠᠨ ᠠᠪᠬᠤ ᠠᠵᠢᠯ ᠢ ᠬᠠᠷᠢᠭᠤᠴᠠᠨ᠎ᠠ︔ ᠰᠢᠯᠭᠠᠨ ᠬᠤᠷᠢᠶᠠᠵᠤ | ᠪᠠᠲᠤᠯᠠᠭᠰᠠᠨ ᠲᠥᠷᠥᠯ ᠵᠦᠢᠯ ᠳᠤ ᠨᠢᠭᠡ ᠬᠡᠷᠡᠭ ᠤᠨ ᠨᠢᠭᠡ ᠲᠠᠩᠰᠠ ᠡᠪᠬᠡᠮᠡᠯ ᠪᠠᠶᠢᠭᠤᠯᠬᠤ ᠶᠢ ᠬᠠᠷᠢᠭᠤᠴᠠᠬᠤ ᠶᠢᠨ | ᠬᠠᠮᠲᠤ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠳᠤ ᠡᠮᠬᠢᠯᠡᠨ ᠮᠡᠳᠡᠭᠦᠯᠵᠦ᠂ ᠲᠠᠩᠰᠠ ᠡᠪᠬᠡᠮᠡᠯ ᠤᠨ | ᠠᠭᠤᠯᠭ᠎ᠠ ᠳᠤ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠰᠦᠯ᠂ ᠲᠤᠬᠠᠶ ᠶᠢᠨ ᠲᠠᠯᠠᠪᠤᠷ ᠲᠤ ᠰᠢᠯᠭᠠᠨ | ᠠᠪᠤᠭᠰᠠᠨ ᠮᠡᠳᠡᠭᠦᠯᠦᠯᠲᠡ ᠵᠢᠴᠢ ᠬᠡᠷᠡᠯ ᠵᠢᠷᠤᠭ ᠤᠨ ᠮᠠᠲ᠋ᠧᠷᠢᠶᠠᠯ ᠢ ᠪᠠᠭᠲᠠᠭᠠᠨ᠎ᠠ᠃ | ᠳᠤᠭᠤᠶᠢᠯᠠᠩ ᠤᠨ ᠳᠠᠷᠤᠭ᠎ᠠ᠄ ᠡᠩᠬᠡᠨᠠᠰᠣᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠴᠤ | ᠬᠠᠮᠠᠭᠠᠯᠠᠬᠤ ᠲᠥᠪ ᠤᠨ ᠡᠷᠬᠢᠯᠡᠭᠴᠢ | ᠳᠤᠭᠤᠶᠢᠯᠠᠩ ᠤᠨ ᠳᠡᠳ᠋ ᠳᠠᠷᠤᠭ᠎ᠠ᠄ ᠰᠠᠴᠢᠷ ᠨᠤᠲᠤᠭ ᠪᠡᠯᠴᠢᠭᠡᠷ ᠤᠨ ᠠᠵᠢᠯ ᠤᠨ ᠦᠷᠲᠡᠭᠡ ᠶᠢᠨ ᠳᠠᠷᠤᠭ᠎ᠠ | ᠴᠢᠶᠣᠤ ᠵᠢᠶᠦ᠋ᠨ ᠣᠢ ᠰᠢᠭᠤᠶ ᠶᠢᠨ ᠠᠵᠢᠯ ᠤᠨ ᠦᠷᠲᠡᠭᠡ ᠶᠢᠨ ᠳᠠᠷᠤᠭ᠎ᠠ | ᠪᠦᠷᠢᠯᠳᠦᠬᠦᠨ᠄ ᠾᠧ ᠹᠧᠩ᠂ ᠯᠢ ᠶᠠᠩ᠂ ᠯᠢ ᠶᠠ ᠷᠦᠩ᠂ ᠤᠶᠤᠨᠴᠡᠴᠡᠭ᠂ ᠮᠥᠸᠧ ᠵᠢᠶᠦ᠋ᠨ᠂ ᠭᠤᠤ ᠯᠢ ᠵᠢᠶᠦ᠋ᠨ | ᠂ ᠯᠢᠦ ᠬᠤᠩ ᠪᠥᠸᠧ᠂ ᠬᠠᠰᠬᠦᠦ ᠨᠠᠷ | ᠬᠤᠯᠪᠣᠭᠠᠴᠢᠨ᠄ ᠾᠧ ᠹᠧᠩ ︵ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠬᠠᠮᠠᠭᠠᠯᠠᠵᠤ ᠬᠢᠨᠠᠯᠲᠠ | ᠲᠠᠯᠪᠢᠬᠤ ᠲᠠᠰᠤᠭ ᠤᠨ ᠬᠠᠷᠢᠭᠤᠴᠠᠯᠭᠠᠲᠠᠨ᠂ 13614898884︶᠃ | ︵ᠭᠤᠷᠪᠠ︶ ᠠᠵᠢᠯ ᠤᠨ ᠱᠠᠭᠠᠷᠳᠠᠯᠭ᠎ᠠ | 1. ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠤᠨ᠎ᠠ᠃ | ᠡᠯ᠎ᠡ ᠰᠤᠮᠤ ᠪᠠᠯᠭᠠᠰᠤᠨ ᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠭᠤᠣᠯ ᠴᠣᠭᠴᠠ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ ᠬᠠᠤᠯᠢ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ | ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ᠂ ᠬᠦᠯᠢᠶᠡᠬᠦ ᠥᠬᠡᠶ ᠲᠦᠰᠢᠭᠯᠡᠬᠦ ᠥᠬᠡᠶ ᠪᠠᠶᠢᠵᠤ᠂ ᠣᠶ ᠰᠢᠭᠤᠶ ᠡᠪᠡᠰᠦ | ᠪᠡᠯᠴᠢᠭᠡᠷ ᠢ ᠰᠦᠢᠳᠬᠡᠭᠰᠡᠨ ᠠᠰᠠᠭᠤᠳᠠᠯ ᠢ ᠪᠥᠬᠦ ᠲᠠᠯ᠎ᠠ ᠪᠠᠷ᠂ ᠲᠦᠢᠯᠪᠤᠷᠢᠲᠠᠶ ᠤᠶᠢᠯᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠬᠡᠷᠡᠭᠲᠡᠶ᠂ ᠡᠭᠦᠨ ᠳᠤ ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ | ᠪᠠᠭᠤᠯᠭᠠᠭᠰᠠᠨ ᠡᠯ᠎ᠡ ᠬᠤᠭᠤᠴᠠᠭᠠᠨ ᠤ ᠰᠡᠵᠢᠭᠯᠡᠯᠲᠡᠶ ᠵᠢᠷᠤᠭ ᠢᠶᠠᠷ ᠬᠢᠵᠠᠭᠠᠷᠯᠠᠵᠤ ᠪᠣᠯᠬᠤ ᠥᠬᠡᠶ᠂ ︽ᠵᠢᠭᠰᠠᠭᠠᠨ | ᠪᠠᠶᠢᠴᠠᠭᠠᠵᠤ ᠬᠠᠷᠭᠤᠭᠤᠯᠤᠨ ᠪᠠᠶᠢᠴᠠᠭᠠᠭᠠᠳ ᠢᠯᠡᠷᠡᠭᠦᠯᠦᠭᠰᠡᠨ ᠣᠶ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠰᠢᠢᠳᠪᠦᠷᠢᠯᠡᠬᠦ ᠡᠬᠡ ᠲᠠᠩᠰᠠ︾ ᠶᠢ ᠬᠢᠨᠠᠮᠠᠭᠠᠶ ᠲᠠᠭᠯᠠᠵᠤ᠂ | 2023 ᠣᠨ ᠤ 7 ᠰᠠᠷ᠎ᠠ ᠶᠢᠨ 10 ᠤ ᠡᠳᠦᠷ ᠠᠴᠠ ᠡᠮᠦᠨ᠎ᠡ ᠵᠢᠭᠰᠠᠭᠠᠨ ᠪᠠᠶᠢᠴᠠᠭᠠᠵᠤ ᠬᠠᠷᠭᠤᠭᠤᠯᠤᠨ | ᠪᠠᠶᠢᠴᠠᠭᠠᠬᠤ ᠳᠤᠭᠤᠶᠢᠯᠠᠩ ᠳᠤ ᠬᠦᠷᠭᠡᠵᠦ ᠬᠢᠨᠠᠨ ᠬᠠᠷᠭᠤᠭᠤᠯᠤᠭᠤᠯᠬᠤ ᠬᠡᠷᠡᠭᠲᠡᠶ᠃ ᠤᠢ ᠰᠢᠭᠤᠢ ᠶᠢᠨ | ᠳᠠᠷᠤᠭ᠎ᠠ ᠶᠢᠨ ᠳᠦᠷᠢᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠳᠤᠬᠢᠷᠠᠭᠤᠯᠤᠨ | ᠲᠤᠰᠬᠠᠢ ᠠᠵᠢᠯᠯᠠᠭ᠎ᠠ ᠶᠢ ᠴᠢᠨᠠᠷ ᠰᠠᠶᠢᠲᠠᠢ ᠠᠬᠢᠭᠤᠯᠵᠤ᠂ ᠲᠤᠰᠬᠠᠢ ᠠᠵᠢᠯᠯᠠᠭ᠎ᠠ ᠶᠢᠨ ᠴᠢᠨᠠᠷ ᠰᠠᠶᠢᠲᠠᠢ ᠪᠡᠶᠡᠯᠡᠭᠳᠡᠬᠦ ᠶᠢ | ᠪᠠᠲᠤᠯᠠᠬᠤ ᠬᠡᠷᠡᠭᠲᠡᠢ᠃ ᠨᠢᠭᠡ ᠬᠤᠯᠪᠣᠭᠠᠴᠢᠨ ᠲᠣᠳᠣᠷᠬᠠᠶᠢᠯᠠᠵᠤ᠂ ᠲᠤᠰᠬᠠᠶ ᠠᠵᠢᠯᠯᠠᠭ᠎ᠠ ᠶᠢᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠲᠠᠢ ᠵᠣᠯᠭᠠᠭᠤᠯᠤᠨ ᠬᠠᠷᠢᠯᠴᠠᠬᠤ ᠶᠢ ᠬᠠᠷᠢᠭᠤᠴᠠᠭᠤᠯᠵᠤ᠂ ᠰᠠᠷ᠎ᠠ ᠪᠦᠷᠢ ᠶᠢᠨ 20 | ᠡᠳᠦᠷ ᠲᠤ ᠲᠤᠰᠬᠠᠶ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢᠶᠠᠨ ᠳᠡᠭᠡᠭᠰᠢ ᠮᠡᠳᠡᠭᠦᠯᠬᠦ ᠬᠡᠷᠡᠭᠲᠡᠶ᠃ | 2. ᠭᠤᠤᠯᠳᠠᠯᠭ᠎ᠠ ᠲᠠᠢ ᠣᠷᠣᠨ ᠬᠤᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠴᠠᠲᠠᠶ ᠪᠠᠷ | ᠴᠣᠬᠢᠯᠲᠠ ᠥᠭᠭᠦᠨ᠎ᠡ᠃ ᠠᠰᠠᠭᠤᠳᠠᠯ ᠤᠯᠠᠨ ᠡᠭᠦᠰᠬᠦ᠂ ᠦᠷᠭᠦᠯᠵᠢ ᠡᠭᠦᠰᠳᠡᠭ ᠭᠤᠣᠯᠳᠠᠯᠭ᠎ᠠ ᠲᠠᠢ ᠣᠷᠣᠨ | ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢ ᠬᠦᠨᠳᠦ ᠨᠣᠴᠢᠲᠠᠢ ᠡᠪᠳᠡᠭᠰᠡᠨ᠂ ᠢᠷᠮᠡᠭᠯᠡᠭᠰᠡᠨ᠂ | ᠵᠣᠬᠢᠴᠠᠭᠤᠯᠤᠭᠰᠠᠨ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠩᠬᠠᠷᠤᠯ ᠢ ᠲᠠᠲᠠᠭᠰᠠᠨ᠂ ᠤᠯᠠᠨ ᠲᠦᠮᠡᠨ ᠤ ᠲᠤᠰᠬᠠᠯ | ᠴᠢᠩᠭ᠎ᠠ ᠪᠠᠶᠢᠭ᠎ᠠ ᠤᠢ ᠰᠢᠭᠤᠢ ᠡᠪᠡᠰᠦ ᠪᠡᠯᠴᠢᠭᠡᠷ ᠢ ᠰᠦᠢᠳᠬᠡᠭᠰᠡᠨ ᠠᠰᠠᠭᠤᠳᠠᠯ ᠳᠤ ᠡᠷᠡᠰ ᠴᠢᠩᠭ᠎ᠠ ᠣᠪᠣᠷ᠂ | ᠬᠦᠴᠦᠲᠡᠢ ᠠᠷᠭ᠎ᠠ ᠬᠡᠮᠵᠢᠶ᠎ᠡ ᠪᠠᠷ ᠦᠨᠡᠨᠬᠦ ᠠᠳᠬᠤᠨ ᠦᠨᠡᠨᠬᠦ ᠬᠠᠮᠢᠶᠠᠷᠴᠤ᠂ ᠴᠢᠩᠭ᠎ᠠ ᠠᠳᠬᠤᠨ ᠴᠢᠩᠭ᠎ᠠ | ᠬᠠᠮᠢᠶᠠᠷᠴᠤ᠂ ᠵᠣᠷᠢᠭᠲᠠᠢ ᠪᠠᠷ ᠰᠡᠯᠡᠮ᠎ᠡ ᠪᠠᠨ ᠳᠡᠯᠭᠡᠵᠦ᠂ ᠨᠡᠶᠢᠲᠡᠯᠢᠭ ᠵᠢᠱᠢᠶ᠎ᠡ ᠶᠢ ᠬᠦᠴᠦᠲᠡᠢ ᠠᠳᠬᠤᠵᠤ᠂ ᠬᠠᠤᠯᠢ | ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠰᠦᠷᠳᠡᠭᠦᠯᠬᠦ ᠰᠦᠷ ᠬᠦᠴᠦᠲᠦ ᠪᠠᠶᠢᠳᠠᠯ ᠢ ᠪᠤᠢ ᠪᠣᠯᠭᠠᠵᠤ᠂ ᠠᠮᠢ | ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠦᠨᠡᠨᠬᠦ ᠶᠠᠪᠤᠭᠳᠠᠭᠤᠰᠢᠲᠠᠶ | ᠲᠥᠰᠦᠯ ᠲᠣᠭᠲᠠᠭᠠᠵᠤ᠂ ᠲᠥᠷᠥᠯ ᠬᠤᠪᠢᠶᠠᠨ ᠯᠠᠪᠳᠠᠭᠤᠨ ᠢᠶᠠᠷ ᠰᠢᠢᠳᠪᠦᠷᠢᠯᠡᠵᠦ᠂ ᠵᠠᠰᠠᠭ ᠵᠠᠬᠢᠷᠭᠠᠨ ᠤ ᠰᠢᠳᠬᠡᠯ | ᠲᠣᠷᠭᠠᠭᠤᠯᠢ ᠳᠤ ᠬᠠᠷᠢᠶᠠᠯᠠᠭᠳᠠᠬᠤ ᠬᠡᠷᠡᠭ ᠢ ᠲᠦᠷᠭᠡᠨ ᠰᠢᠢᠳᠪᠦᠷᠢᠯᠡᠵᠦ ᠲᠦᠷᠭᠡᠨ ᠳᠠᠭᠤᠰᠬᠠᠵᠤ᠂ ᠶᠠᠯ᠎ᠠ ᠬᠢᠭᠰᠡᠨ | ᠰᠡᠵᠢᠭᠯᠡᠯᠲᠡᠶ ᠪᠠᠶᠢᠪᠠᠯ ᠴᠠᠭ ᠲᠤᠬᠠᠶ ᠳᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ | ᠰᠢᠢᠳᠪᠦᠷᠢᠯᠡᠭᠦᠯᠵᠦ᠂ ᠬᠦᠨᠳᠦ ᠶᠡᠭᠡ ᠨᠡᠶᠢᠲᠡᠯᠢᠭ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠴᠢᠩᠭ᠎ᠠ ᠠᠳᠬᠤᠬᠤ | ᠬᠡᠷᠡᠭᠲᠡᠶ᠃ ᠠᠰᠠᠭᠤᠳᠠᠯ ᠤᠨ ᠨᠠᠷᠢᠨ ᠲᠠᠩᠰᠠ ᠶᠢ ᠴᠢᠩᠭ᠎ᠠ ᠠᠩᠬᠠᠷᠴᠤ᠂ ᠠᠰᠠᠭᠤᠳᠠᠯ ᠢ ᠨᠢᠭᠡᠳ ᠨᠢᠭᠡ ᠪᠠᠷ | ᠴᠡᠭᠴᠡᠯᠡᠨ ᠵᠠᠰᠠᠬᠤ ᠬᠠᠷᠢᠭᠤᠴᠠᠯᠭᠠᠲᠠᠨ᠂ ᠴᠠᠭ ᠤᠨ ᠬᠦᠰᠦᠨᠦᠭᠲᠦ ᠶᠢ ᠲᠣᠳᠣᠷᠬᠠᠶᠢᠯᠠᠵᠤ᠂ ᠲᠤᠰᠬᠠᠢ ᠠᠵᠢᠯᠯᠠᠭ᠎ᠠ ᠶᠢ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | 3. ᠬᠦᠴᠦ ᠪᠠᠨ ᠬᠠᠮᠲᠤᠳᠬᠠᠨ ᠬᠠᠮᠵᠢᠯᠴᠠᠬᠤ ᠶᠢ ᠴᠢᠩᠭᠠᠳᠬᠠᠵᠤ᠂ ᠴᠡᠭᠴᠡᠯᠡᠨ ᠵᠠᠰᠠᠬᠤ ᠦᠷ᠎ᠡ ᠪᠦᠲᠦᠮᠵᠢ ᠶᠢ | ᠦᠨᠡᠨᠬᠦ ᠪᠠᠲᠤᠯᠠᠬᠤ ᠬᠡᠷᠡᠭᠲᠡᠶ᠃ ᠲᠡᠷᠡ ᠳᠠᠷᠤᠢ ᠳᠤᠨᠢ ᠲᠤᠰ ᠱᠠᠲᠤᠨ ᠤ ᠤᠢ ᠰᠢᠭᠤᠢ ᠶᠢᠨ ᠳᠠᠷᠤᠭ᠎ᠠ ᠳᠤ ᠲᠤᠰᠬᠠᠢ | ᠠᠵᠢᠯᠯᠠᠭ᠎ᠠ ᠶᠢᠨ ᠪᠠᠶᠢᠷᠢᠯᠠᠭᠤᠯᠤᠯᠲᠠ ᠪᠠᠨ ᠬᠠᠷᠢᠭᠤ ᠮᠡᠳᠡᠭᠦᠯᠵᠦ᠂ ᠳᠡᠮᠵᠢᠯᠭᠡ ᠤᠯᠬᠤ ᠪᠠᠷ ᠴᠢᠷᠮᠠᠶᠢᠬᠤ ᠬᠡᠷᠡᠭᠲᠡᠢ᠃ | ᠬᠠᠤᠯᠢ ᠬᠡᠷᠡᠭᠵᠢᠭᠦᠯᠬᠦ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ | ᠰᠢᠭᠦᠬᠦ ᠬᠤᠷᠢᠶ᠎ᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠬᠥᠳᠡᠭᠡ ᠠᠵᠤ | ᠠᠬᠤᠢ ᠬᠥᠳᠡᠭᠡ ᠲᠣᠰᠬᠤᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠡᠷᠭᠡ ᠰᠠᠯᠠᠭ᠎ᠠ | ᠮᠥᠴᠢᠷ ᠯᠦᠭᠡ ᠶᠢᠨ ᠤᠯᠤᠯᠴᠠᠭ᠎ᠠ ᠬᠠᠷᠢᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠳᠡᠮᠵᠢᠯᠭᠡ | ᠤᠯᠬᠤ ᠪᠠᠷ ᠴᠢᠷᠮᠠᠶᠢᠵᠤ᠂ ᠬᠠᠮᠲᠤᠷᠠᠨ ᠬᠠᠤᠯᠢ ᠬᠡᠷᠡᠭᠵᠢᠭᠦᠯᠵᠦ᠂ ᠬᠠᠮᠲᠤᠷᠠᠨ ᠬᠡᠷᠡᠭ ᠰᠢᠢᠳᠪᠦᠷᠢᠯᠡᠵᠦ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠵᠣᠯᠭᠠᠯᠴᠠᠭ᠎ᠠ ᠶᠢ | ᠴᠢᠩᠭᠠᠳᠬᠠᠬᠤ ᠬᠡᠷᠡᠭᠲᠡᠢ︔ ︽ᠨᠠᠮ ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠢ ᠶᠢᠨ ᠣᠷᠴᠢᠨ ᠲᠣᠭᠤᠷᠢᠨ ᠢ | ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠱᠠᠭᠠᠷᠳᠠᠯᠭ᠎ᠠ | ᠶᠣᠰᠣᠭᠠᠷ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠣᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ | ᠰᠠᠯᠠᠭ᠎ᠠ ᠮᠥᠴᠢᠷ ᠲᠤ ᠬᠠᠮᠢᠶ᠎ᠠ ᠪᠦᠬᠦᠢ ᠰᠦᠪᠡᠭᠴᠢ ᠶᠢ ᠰᠢᠯᠵᠢᠭᠦᠯᠦᠨ ᠲᠤᠰᠢᠶᠠᠬᠤ ᠬᠡᠷᠡᠭᠲᠡᠢ︔ ᠬᠡᠷᠡᠭ ᠢ ᠪᠠᠶᠢᠴᠠᠭᠠᠨ | ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠬᠡᠷᠡᠭ ᠢ | ᠬᠥᠳᠡᠯᠦᠩᠭᠦᠶ ᠪᠠᠷ ᠬᠦᠴᠦᠨ ᠥᠬᠡᠶ ᠪᠣᠯᠭᠠᠬᠤ ᠠᠵᠢᠯ ᠢ ᠦᠷᠭᠦᠯᠵᠢᠯᠡᠨ ᠵᠣᠬᠢᠶᠠᠨ ᠪᠠᠶᠢᠭᠤᠯᠬᠤ ᠬᠡᠷᠡᠭᠲᠡᠶ᠃ | 4. ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠦᠷᠢᠨᠰᠢᠬᠦᠯᠦᠨ᠎ᠠ᠃ ᠣᠶᠢᠷ᠎ᠠ ᠶᠢᠨ ᠵᠢᠯ ᠤᠨ ᠣᠶ ᠰᠢᠭᠤᠶ ᠡᠪᠡᠰᠦ ᠪᠡᠯᠴᠢᠭᠡᠷ ᠢ ᠦᠭᠡᠶᠢᠬᠢᠭᠰᠡᠨ | ᠠᠰᠠᠭᠤᠳᠠᠯ ᠤᠨ ᠡᠭᠦᠰᠦᠭᠰᠡᠨ ᠵᠢᠮ᠎ᠡ ᠶᠣᠰᠣ ᠪᠠ ᠣᠨᠴᠠᠯᠢᠭ ᠢ ᠭᠦᠢᠴᠡᠳ ᠰᠤᠳᠤᠯᠤᠨ ᠮᠠᠭᠠᠳᠯᠠᠵᠤ᠂ | ᠠᠰᠠᠭᠤᠳᠠᠯ ᠤᠨ ᠡᠭᠦᠰᠦᠭᠰᠡᠨ ᠭᠦᠨ ᠲᠠᠰ ᠳᠠᠪᠬᠤᠷᠭ᠎ᠠ ᠶᠢᠨ ᠰᠢᠯᠲᠠᠭᠠᠨ ᠢ ᠭᠦᠨᠵᠡᠭᠡᠶ ᠵᠠᠳᠠᠯᠤᠨ ᠰᠢᠨᠵᠢᠯᠡᠵᠦ᠂ | ᠳᠤᠲᠠᠭᠳᠠᠯ ᠢ ᠨᠠᠷᠢᠨ ᠬᠢᠨᠠᠮᠠᠭᠠᠶ ᠡᠷᠢᠵᠦ᠂ ᠲᠤᠷᠰᠢᠯᠭ᠎ᠠ ᠪᠠᠨ ᠳ᠋ᠦᠩᠨᠡᠨ᠂ ᠨᠢᠭᠡ ᠠᠴᠠ ᠵᠦᠢᠴᠢᠯᠡᠵᠦ ᠨᠦᠬᠦᠭᠡ ᠶᠢ | ᠮᠡᠳᠡᠵᠦ᠂ ᠨᠢᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠨᠢᠭᠡ ᠲᠥᠷᠥᠯ ᠤᠨ ᠲᠦᠭᠰᠢᠭᠦᠷᠢ ᠶᠢ ᠠᠷᠢᠯᠭᠠᠨ᠂ | ᠨᠢᠭᠡ ᠵᠦᠢᠯ ᠤᠨ ᠲᠦᠷᠢᠮ ᠢ ᠲᠡᠭᠦᠯᠳᠡᠷᠵᠢᠭᠦᠯᠦᠨ᠂ ᠨᠢᠭᠡ ᠪᠦᠯᠦᠭ ᠳᠤᠲᠠᠭᠳᠠᠯ ᠢ ᠬᠤᠷᠢᠭᠯᠠᠵᠤ᠂ ᠲᠦᠷᠢᠮ ᠢᠶᠠᠷ ᠣᠶ | ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠦᠨᠡᠨᠬᠦ ᠬᠠᠮᠠᠭᠠᠯᠠᠬᠤ ᠬᠡᠷᠡᠭᠲᠡᠶ᠃ | 5. ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠨ᠎ᠠ᠃ ᠥᠷᠭᠡᠨ ᠳᠡᠯᠭᠡᠷᠡᠩᠭᠦᠶ ᠪᠠᠷ ᠤᠬᠠᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠳᠤ ᠤᠢ ᠰᠢᠭᠤᠶ | ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠬᠦ ᠶᠢᠨ ᠴᠢᠬᠤᠯᠠ | ᠴᠢᠨᠠᠷ ᠢ ᠭᠦᠢᠴᠡᠳ ᠲᠠᠨᠢᠭᠤᠯᠵᠤ᠂ ᠲᠤᠰᠬᠠᠶ ᠠᠵᠢᠯᠯᠠᠭ᠎ᠠ ᠶᠢ ᠤᠬᠠᠮᠰᠠᠷ ᠠᠴᠠ ᠪᠠᠨ ᠳᠡᠮᠵᠢᠬᠦ ᠪᠠ ᠲᠡᠭᠦᠨ ᠳᠤ | ᠬᠠᠮᠵᠢᠯᠴᠠᠬᠤ ᠬᠡᠷᠡᠭᠲᠡᠶ᠃ ᠢᠯᠡ ᠲᠣᠳᠣ ᠪᠠᠶᠢᠬᠤ ᠶᠢ ᠪᠠᠷᠢᠮᠲᠠᠯᠠᠵᠤ᠂ ᠨᠡᠶᠢᠭᠡᠮ ᠨᠡᠶᠢᠲᠡ ᠳᠤ ᠲᠤᠰᠬᠠᠶ ᠴᠡᠭᠴᠡᠯᠡᠨ | ᠵᠠᠰᠠᠬᠤ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠰᠦᠯᠵᠢᠶᠡᠨ ᠥᠷᠲᠡᠭᠡ᠂ | ᠵᠠᠬᠢᠳᠠᠯ ᠤᠨ ᠬᠠᠶᠢᠷᠴᠠᠭ ᠢ ᠨᠡᠶᠢᠲᠡᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠬᠦ ᠠᠷᠭ᠎ᠠ ᠵᠠᠮ ᠢ | ᠰᠠᠭᠠᠳ ᠥᠬᠡᠶ ᠨᠡᠪᠲᠡᠷᠡᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ | ᠃ ᠣᠶ ᠰᠢᠭᠤᠶ ᠡᠪᠡᠰᠦ ᠪᠡᠯᠴᠢᠭᠡᠷ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠵᠦ᠂ ᠬᠠᠤᠯᠢ ᠶᠢ ᠰᠤᠷᠤᠯᠴᠠᠬᠤ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ | ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ |