ᠰᠢᠯᠢ ᠶᠢᠨ ᠬᠤᠲᠠ 2023 ᠣᠨ ᠳᠤ ᠨᠡᠶᠢᠭᠡᠮ ᠨᠡᠶᠢᠲᠡ ᠳᠤ ᠬᠠᠨᠳᠤᠭᠤᠯᠤᠨ ᠴᠡᠴᠡᠷᠯᠢᠭ ᠤᠨ ᠰᠤᠷᠭᠠᠨ ᠬᠥᠮᠦᠵᠢᠯ ᠤᠨ ᠭᠡᠷ᠎ᠡ ᠶᠢᠨ ᠳᠦᠷᠢᠮᠲᠦ ᠠᠵᠢᠯᠲᠠᠨ ᠢ ᠢᠯᠡ ᠪᠠᠷ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠵᠢᠴᠢ ᠰᠢᠨᠵᠢᠯᠡᠨ ᠪᠠᠶᠢᠴᠠᠭᠠᠭᠰᠠᠨ ᠠᠯᠪᠠᠨ ᠵᠠᠷ
ᠨᠡᠶᠢᠲᠡᠯᠡᠭᠰᠡᠨ ᠴᠠᠭ᠄
2023/8/2
ᠰᠢᠯᠢ ᠶᠢᠨ ᠬᠤᠲᠠ 2023 ᠣᠨ ᠳᠤ ᠨᠡᠶᠢᠭᠡᠮ ᠨᠡᠶᠢᠲᠡ ᠳᠤ ᠬᠠᠨᠳᠤᠭᠤᠯᠤᠨ ᠴᠡᠴᠡᠷᠯᠢᠭ ᠤᠨ ᠰᠤᠷᠭᠠᠨ ᠬᠥᠮᠦᠵᠢᠯ ᠤᠨ ᠭᠡᠷ᠎ᠡ ᠶᠢᠨ ᠳᠦᠷᠢᠮᠲᠦ ᠠᠵᠢᠯᠲᠠᠨ ᠢ ᠢᠯᠡ ᠪᠠᠷ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠵᠢᠴᠢ ᠰᠢᠨᠵᠢᠯᠡᠨ ᠪᠠᠶᠢᠴᠠᠭᠠᠭᠰᠠᠨ ᠠᠯᠪᠠᠨ ᠵᠠᠷ︽ᠰᠢᠯᠢ ᠶᠢᠨ ᠬᠤᠲᠠ ᠶᠢᠨ 2023 ᠣᠨ ᠳᠤ ᠨᠡᠶᠢᠭᠡᠮ ᠨᠡᠶᠢᠲᠡ ᠠᠴᠠ ᠴᠡᠴᠡᠷᠯᠢᠭ ᠤᠨ ᠰᠤᠷᠭᠠᠨ ᠬᠥᠮᠦᠵᠢᠯ ᠤᠨ ᠭᠡᠷ᠎ᠡ ᠶᠢᠨ ᠳᠦᠷᠢᠮᠲᠦ ᠠᠵᠢᠯᠲᠠᠨ ᠢ ᠢᠯᠡ ᠪᠠᠷ ᠡᠯᠰᠡᠨ ᠬᠡᠷᠡᠭᠯᠡᠬᠦ ᠲᠣᠪᠴᠢ ᠲᠦᠷᠢᠮ︾ ᠢ ᠦᠨᠳᠦᠰᠦᠯᠡᠪᠡᠯ᠂ ᠣᠳᠣᠬᠢ ᠱᠠᠲᠤᠨ ᠳᠤ 136 ᠰᠢᠯᠭᠠᠭᠤᠯᠤᠭᠴᠢ ᠶᠢᠨ ᠪᠡᠶ᠎ᠡ ᠶᠢᠨ ᠪᠠᠶᠢᠴᠠᠭᠠᠯᠲᠠ ᠶᠢ ᠨᠢᠭᠡᠨᠲᠡ ᠪᠡᠶᠡᠯᠡᠭᠦᠯᠵᠦ᠂ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠨᠢ ᠴᠥᠮ ᠬᠢᠷᠢ ᠲᠡᠩᠴᠡᠭᠰᠡᠨ ᠪᠠᠶᠢᠨ᠎ᠠ᠂ ᠡᠳᠦᠭᠡ ᠰᠢᠨᠵᠢᠯᠡᠨ ᠪᠠᠶᠢᠴᠠᠭᠠᠬᠤ ᠬᠠᠮᠢᠶ᠎ᠠ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄ᠨᠢᠭᠡ᠂ ᠰᠢᠨᠵᠢᠯᠡᠨ ᠪᠠᠶᠢᠴᠠᠭᠠᠬᠤ ᠴᠠᠭ᠂ ᠭᠠᠵᠠᠷᠴᠠᠭ᠄ 2023 ᠣᠨ ᠤ 8 ᠰᠠᠷ᠎ᠠ ᠶᠢᠨ 3 ᠤ ᠡᠳᠦᠷ ︵ᠭᠠᠷᠠᠭ ᠤᠨ ᠳᠥᠷᠪᠡᠨ︶ ᠤᠨ ᠦᠳᠡ ᠶᠢᠨ ᠬᠤᠶᠢᠨᠠᠬᠢ 14 ᠄ 30ᠭᠠᠵᠠᠷ᠄ ᠰᠢᠯᠢ ᠶᠢᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠲᠠᠪᠤᠳᠤᠭᠠᠷ ᠳᠠᠪᠬᠤᠷᠯᠢᠭ ᠤᠨ ᠪᠠᠷᠠᠭᠤᠨ ᠬᠤᠷᠠᠯ ᠤᠨ ᠬᠡᠷᠬᠤᠶᠠᠷ᠂ ᠪᠡᠯᠡᠳᠬᠡᠬᠦ ᠬᠠᠮᠢᠶ᠎ᠠ ᠪᠥᠬᠦᠶ ᠮᠠᠲ᠋ᠧᠷᠢᠶᠠᠯ1. ᠡᠷᠦᠬᠡ ᠠᠮᠠ ᠶᠢᠨ ᠳᠡᠪᠲᠡᠷ ︵ᠪᠤᠶᠤ ᠡᠷᠦᠬᠡ ᠠᠮᠠ ᠶᠢᠨ ᠭᠡᠷᠡᠴᠢ︶ ᠤᠨ ᠣᠭ ᠮᠠᠲ᠋ᠧᠷᠢᠶᠠᠯ ᠵᠢᠴᠢ ᠪᠠᠭᠤᠯᠭᠠᠪᠤᠷᠢ 2 ᠬᠤᠪᠢ᠃2.  ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠵᠢᠴᠢ ᠪᠠᠭᠤᠯᠭᠠᠪᠤᠷᠢ ᠶᠢ 2 ᠬᠤᠪᠢ  ᠃3. ᠰᠤᠷᠤᠯᠭ᠎ᠠ ᠲᠡᠭᠦᠰᠦᠭᠰᠡᠨ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠤᠨ ᠣᠭ ᠮᠠᠲ᠋ᠧᠷᠢᠶᠠᠯ ᠵᠢᠴᠢ ᠪᠠᠭᠤᠯᠭᠠᠪᠤᠷᠢ 2 ᠬᠤᠪᠢ᠃4. ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠡᠩᠰᠡᠯᠡᠯᠲᠡ ᠶᠢᠨ ᠬᠦᠰᠦᠨᠦᠭᠲᠦ ᠪᠤᠶᠤ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ 2 ᠬᠤᠪᠢ ︵ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠭᠴᠢᠳ ᠤᠨ ᠮᠡᠳᠡᠭᠡ ᠵᠠᠩᠭᠢ ᠶᠢᠨ ᠰᠦᠯᠵᠢᠶ᠎ᠡ http://www.chsi.com.cn ᠠᠴᠠ ᠪᠠᠭᠤᠯᠭᠠᠨ ᠠᠪᠴᠤ ᠳᠠᠷᠤᠮᠠᠯᠯᠠᠨ᠎ᠠ︶︔ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠳ ᠡᠷᠬᠡᠪᠰᠢ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠭᠰᠠᠳ ᠤᠨ ᠦᠶ᠋ᠯᠡᠴᠢᠯᠡᠭᠡᠨ ᠤ ᠲᠥᠪ ᠤᠨ ᠭᠠᠷᠭᠠᠭᠰᠠᠨ ︽ᠭᠠᠳᠠᠭᠠᠳᠤ ᠶᠢᠨ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠭᠡᠷᠡᠴᠢᠯᠡᠯ ᠤᠨ ᠪᠢᠴᠢᠭ︾ ᠤᠨ ᠣᠭ ᠮᠠᠲ᠋ᠧᠷᠢᠶᠠᠯ ᠵᠢᠴᠢ ᠪᠠᠭᠤᠯᠭᠠᠪᠤᠷᠢ ᠶᠢ 2 ᠬᠤᠪᠢ᠃5. ᠴᠡᠴᠡᠷᠯᠢᠭ ᠤᠨ ᠪᠠᠭᠰᠢ ᠶᠢᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠭᠰᠡᠳ ᠤᠨ ᠪᠠᠭᠰᠢ ᠶᠢᠨ ᠬᠢᠷᠢ ᠬᠡᠮ ᠤᠨ ᠦᠨᠡᠮᠯᠡᠯ ᠤᠨ ᠣᠭ ᠮᠠᠲ᠋ᠧᠷᠢᠶᠠᠯ ᠵᠢᠴᠢ ᠪᠠᠭᠤᠯᠭᠠᠪᠤᠷᠢ ᠨᠢ 2 ᠬᠤᠪᠢ᠃6. ᠴᠡᠴᠡᠷᠯᠢᠭ ᠤᠨ ᠪᠠᠭᠰᠢ ᠶᠢᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠭᠰᠡᠳ ᠤᠨ ᠨᠡᠶᠢᠳᠡᠮ ᠬᠡᠷᠡᠭᠯᠡᠬᠦ ᠬᠡᠯᠡᠨ ᠤ ᠵᠡᠷᠭᠡ ᠳᠡᠰ ᠤᠨ ᠦᠨᠡᠮᠯᠡᠯ ᠤᠨ ᠤᠭ ᠮᠠᠲ᠋ᠧᠷᠢᠶᠠᠯ ᠵᠢᠴᠢ ᠪᠠᠭᠤᠯᠭᠠᠪᠤᠷᠢ ᠶᠢ 2 ᠬᠤᠪᠢ᠃ᠭᠤᠷᠪᠠ᠂ ᠬᠠᠮᠢᠶ᠎ᠠ ᠪᠥᠬᠦᠶ ᠱᠠᠭᠠᠷᠳᠠᠯᠭ᠎ᠠ1. ᠰᠢᠨᠵᠢᠯᠡᠨ ᠪᠠᠶᠢᠴᠠᠭᠠᠬᠤ ᠭᠤᠭᠴᠤᠭ᠎ᠠ ᠳᠤ ᠤᠷᠤᠭᠰᠠᠨ ᠬᠥᠮᠦᠰ ᠲᠣᠭᠲᠠᠭᠰᠠᠨ ᠴᠠᠭ ᠲᠠᠭᠠᠨ ᠰᠢᠨᠵᠢᠯᠡᠨ ᠪᠠᠶᠢᠴᠠᠭᠠᠬᠤ ᠠᠵᠢᠯ ᠤᠨ ᠬᠤᠷᠠᠯ ᠳᠤ ᠣᠷᠣᠯᠴᠠᠬᠤ ᠶᠢᠨ ᠬᠠᠮᠲᠤ ᠠᠪᠴᠤ ᠪᠡᠯᠡᠳᠬᠡᠬᠦ ᠪᠡᠷ᠎ᠡ ᠱᠠᠭᠠᠷᠳᠠᠭᠰᠠᠨ ᠬᠠᠮᠢᠶ᠎ᠠ ᠪᠥᠬᠦᠶ ᠮᠠᠲ᠋ᠧᠷᠢᠶᠠᠯ ᠢᠶᠠᠨ ᠤᠷᠢᠳᠴᠢᠯᠠᠨ ᠪᠡᠯᠡᠳᠬᠡᠭᠡᠷᠡᠶ᠃2. ᠴᠠᠭ ᠲᠠᠭᠠᠨ ᠬᠤᠷᠠᠯ ᠳᠤ ᠣᠷᠣᠯᠴᠠᠭᠰᠠᠨ ᠥᠬᠡᠶ ᠰᠢᠯᠭᠠᠭᠤᠯᠤᠭᠴᠢ ᠶᠢ ᠬᠢᠷᠢ ᠬᠡᠮ ᠢᠶᠠᠨ ᠬᠠᠶᠠᠭᠰᠠᠨ ᠢᠶᠠᠷ ᠦᠵᠡᠵᠦ᠂ ᠬᠤᠭᠤᠰᠣᠨ ᠠᠵᠢᠯ ᠤᠨ ᠪᠠᠶᠢᠷᠢ ᠳᠤ ᠶᠡᠷᠦᠩᠬᠡᠶ ᠬᠢᠷᠢ ᠪᠦᠲᠦᠮᠵᠢ ᠶᠢᠨ ᠥᠨᠳᠥᠷ ᠠᠴᠠ ᠳᠣᠤᠷ᠎ᠠ ᠪᠣᠯᠬᠤ ᠲᠠᠰ ᠳᠠᠷᠠᠭᠠᠯᠠᠯ ᠢᠶᠠᠷ ᠳᠠᠷᠠᠭᠠᠯᠠᠨ ᠨᠥᠬᠦᠪᠥᠷᠢᠯᠡᠨ᠎ᠡ᠃ᠯᠠᠪᠯᠠᠬᠤ ᠤᠲᠠᠰᠤ᠄ 8212556ᠳᠠᠭᠠᠯᠳᠤᠭᠤᠯᠤᠯ᠄ ᠰᠢᠨᠵᠢᠯᠡᠨ ᠪᠠᠶᠢᠴᠠᠭᠠᠬᠤ ᠭᠤᠭᠴᠤᠭ᠎ᠠ ᠳᠤ ᠤᠷᠤᠭᠰᠠᠨ ᠬᠥᠮᠦᠰ ᠤᠨ ᠨᠡᠷᠡᠰ
ᠰᠢᠯᠢ ᠶᠢᠨ ᠬᠤᠲᠠ ᠴᠡᠴᠡᠷᠯᠢᠭ ᠤᠨ ᠰᠤᠷᠭᠠᠨ ᠬᠥᠮᠦᠵᠢᠯ ᠤᠨ ᠭᠡᠷ᠎ᠡ ᠶᠢᠨ ᠲᠦᠷᠢᠮᠲᠦ ᠠᠵᠢᠯᠲᠠᠨ ᠢᠯᠡ ᠪᠠᠷ ᠡᠯᠰᠡᠨ ᠬᠡᠷᠡᠭᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ2023 ᠣᠨ ᠤ 8 ᠰᠠᠷ᠎ᠠ ᠶᠢᠨ 1 ᠤ ᠡᠳᠦᠷᠰᠢᠯᠢ ᠶᠢᠨ ᠬᠤᠲᠠ 2023 ᠣᠨ ᠳᠤ ᠨᠡᠶᠢᠭᠡᠮ ᠨᠡᠶᠢᠲᠡ ᠳᠤ ᠬᠠᠨᠳᠤᠭᠤᠯᠤᠨ ᠴᠡᠴᠡᠷᠯᠢᠭ ᠤᠨ ᠰᠤᠷᠭᠠᠨ ᠬᠥᠮᠦᠵᠢᠯ ᠤᠨ ᠭᠡᠷ᠎ᠡ ᠶᠢᠨ ᠳᠦᠷᠢᠮᠲᠦ ᠠᠵᠢᠯᠲᠠᠨ ᠢ ᠢᠯᠡ ᠪᠠᠷ ᠡᠯᠰᠡᠨ ᠬᠡᠷᠡᠭᠯᠡᠬᠦ ᠰᠢᠨᠵᠢᠯᠡᠨ ᠪᠠᠶᠢᠴᠠᠭᠠᠬᠤ ᠱᠠᠲᠤᠨ ᠤ ᠳᠠᠷᠠᠭᠠᠯᠠᠨ ᠨᠥᠬᠦᠪᠥᠷᠢᠯᠡᠬᠦ ᠠᠯᠪᠠᠨ ᠵᠠᠷ︽ᠰᠢᠯᠢ ᠶᠢᠨ ᠬᠤᠲᠠ ᠶᠢᠨ 2023 ᠣᠨ ᠳᠤ ᠨᠡᠶᠢᠭᠡᠮ ᠨᠡᠶᠢᠲᠡ ᠠᠴᠠ ᠴᠡᠴᠡᠷᠯᠢᠭ ᠤᠨ ᠰᠤᠷᠭᠠᠨ ᠬᠥᠮᠦᠵᠢᠯ ᠤᠨ ᠭᠡᠷ᠎ᠡ ᠶᠢᠨ ᠳᠦᠷᠢᠮᠲᠦ ᠠᠵᠢᠯᠲᠠᠨ ᠢ ᠢᠯᠡ ᠪᠠᠷ ᠡᠯᠰᠡᠨ ᠬᠡᠷᠡᠭᠯᠡᠬᠦ ᠲᠣᠪᠴᠢ ᠲᠦᠷᠢᠮ︾ ︽ᠰᠢᠯᠢ ᠶᠢᠨ ᠬᠤᠲᠠ ᠶᠢᠨ 2023 ᠣᠨ ᠳᠤ ᠨᠡᠶᠢᠭᠡᠮ ᠨᠡᠶᠢᠲᠡ ᠠᠴᠠ ᠴᠡᠴᠡᠷᠯᠢᠭ ᠤᠨ ᠰᠤᠷᠭᠠᠨ ᠬᠥᠮᠦᠵᠢᠯ ᠤᠨ ᠭᠡᠷ᠎ᠡ ᠶᠢᠨ ᠳᠦᠷᠢᠮᠲᠦ ᠠᠵᠢᠯᠲᠠᠨ ᠢ ᠢᠯᠡ ᠪᠠᠷ ᠡᠯᠰᠡᠨ ᠬᠡᠷᠡᠭᠯᠡᠬᠦ ᠰᠤᠷᠭᠠᠭᠤᠯᠢ ᠶᠢᠨ ᠡᠮᠴᠢ ᠶᠢᠨ ᠠᠵᠢᠯ ᠤᠨ ᠪᠠᠶᠢᠷᠢ ᠶᠢᠨ ᠨᠥᠬᠦᠪᠥᠷᠢ ᠪᠠ ᠨᠡᠮᠡᠯᠲᠡ ᠰᠢᠯᠭᠠᠯᠲᠠ ᠶᠢᠨ ᠠᠯᠪᠠᠨ ᠵᠠᠷ︾ ᠢ ᠦᠨᠳᠦᠰᠦᠯᠡᠪᠡᠯ᠂ ᠰᠤᠷᠭᠠᠭᠤᠯᠢ ᠶᠢᠨ ᠡᠮᠴᠢ ᠶᠢᠨ ᠠᠵᠢᠯ ᠤᠨ ᠪᠠᠶᠢᠷᠢ ᠳᠤ ᠪᠢᠷ ᠤᠨ ᠰᠢᠯᠭᠠᠯᠲᠠ᠂ ᠨᠡᠮᠡᠯᠲᠡ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ ᠶᠢᠨ ᠭᠤᠭᠴᠤᠭ᠎ᠠ ᠪᠠᠷ ᠳᠡᠮᠵᠢᠨ ᠂ ᠨᠡᠶᠢᠲᠡ 16 ᠬᠥᠮᠦᠨ ᠬᠢᠨᠠᠨ ᠪᠠᠶᠢᠴᠠᠭᠠᠬᠤ ᠱᠠᠲᠤᠨ ᠳᠤ ᠣᠷᠣᠵᠤ᠂ ᠡᠭᠦᠨ ᠳᠤ 1 ᠬᠥᠮᠦᠨ ᠤ ᠬᠢᠨᠠᠨ ᠪᠠᠶᠢᠴᠠᠭᠠᠭᠳᠠᠬᠤ ᠡᠲᠡᠭᠡᠳ ᠨᠢ ᠬᠢᠷᠢ ᠬᠡᠮ ᠢᠶᠠᠨ ᠬᠠᠶᠠᠵᠤ᠂ ᠬᠤᠭᠤᠰᠣᠨ ᠠᠵᠢᠯ ᠤᠨ ᠪᠠᠶᠢᠷᠢ 1 ᠭᠠᠷᠤᠭᠰᠠᠨ ᠪᠠᠶᠢᠨ᠎ᠠ᠃ ᠡᠯᠰᠡᠨ ᠬᠡᠷᠡᠭᠯᠡᠬᠦ ᠠᠵᠢᠯ ᠤᠨ ᠲᠠᠰ ᠳᠠᠷᠠᠭᠠᠯᠠᠯ ᠪᠠ ᠱᠠᠭᠠᠷᠳᠠᠯᠭ᠎ᠠ ᠶᠣᠰᠣᠭᠠᠷ᠂ ᠰᠢᠯᠭᠠᠨ ᠪᠠᠶᠢᠴᠠᠭᠠᠬᠤ ᠱᠠᠲᠤᠨ ᠤ ᠠᠵᠢᠯᠲᠠᠨ ᠢ ᠨᠥᠬᠦᠪᠥᠷᠢᠯᠡᠬᠦ ᠴᠢᠬᠤᠯᠠᠲᠠᠶ᠂ ᠡᠳᠦᠭᠡ ᠬᠤᠯᠪᠣᠭᠳᠠᠯ ᠪᠥᠬᠦᠶ ᠵᠦᠶ᠋ᠯᠡᠰ ᠢ ᠳᠣᠤᠷᠠᠬᠢ ᠮᠡᠲᠦ ᠵᠠᠷᠯᠠᠶ᠎ᠠ᠄ᠰᠤᠷᠭᠠᠭᠤᠯᠢ ᠶᠢᠨ ᠡᠮᠴᠢ ᠶᠢᠨ ᠠᠵᠢᠯ ᠤᠨ ᠪᠠᠶᠢᠷᠢ ᠳᠤ ᠨᠡᠮᠡᠯᠲᠡ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠤᠷ᠎ᠠ ᠪᠣᠯᠬᠤ ᠲᠠᠰ ᠳᠠᠷᠠᠭᠠᠯᠠᠯ ᠢᠶᠠᠷ᠂ ᠳᠠᠷᠠᠭᠠᠯᠠᠨ ᠨᠥᠬᠦᠪᠥᠷᠢᠯᠡᠬᠦ 1 ᠬᠥᠮᠦᠨ ᠢ ᠠᠳᠠᠯᠢ ᠲᠤᠭ᠎ᠠ ᠪᠠᠷ ᠲᠣᠭᠲᠠᠭᠠᠵᠤ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ ᠬᠢᠯᠭᠡᠨ᠎ᠡ᠃ ᠪᠣᠳᠠᠲᠠᠶ ᠳᠠᠷᠠᠭᠠᠯᠠᠨ ᠨᠥᠬᠦᠪᠥᠷᠢᠯᠡᠬᠦ ᠬᠥᠮᠦᠰ ᠢ ᠳᠠᠭᠠᠯᠳᠤᠭᠤᠯᠤᠯ 1 ᠳᠤ ᠨᠠᠷᠢᠪᠴᠢᠯᠠᠨ ᠦᠵᠡᠭᠡᠷᠡᠶ᠃ᠳᠠᠷᠠᠭᠠᠯᠠᠨ ᠨᠥᠬᠦᠪᠥᠷᠢᠯᠡᠭᠴᠢ ᠶᠢᠨ ᠤᠲᠠᠰᠤᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠬᠠᠮᠲᠤ ᠰᠢᠯᠢ ᠶᠢᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠸᠢᠴᠠᠲ ᠤᠨ ᠣᠯᠠᠨ ᠨᠡᠶᠢᠲᠡ ᠶᠢᠨ ᠲᠠᠪᠴᠠᠩ ᠢ ᠠᠩᠬᠠᠷᠴᠤ᠂ ᠲᠠᠷᠠᠭᠠᠴᠢ ᠶᠢᠨ ᠠᠯᠪᠠᠨ ᠵᠠᠷ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠶᠢᠯᠠᠭᠠᠬᠤ ᠶᠢ ᠬᠦᠰᠡᠵᠦ ᠪᠠᠶᠢᠨ᠎ᠠ᠃ᠳᠠᠭᠠᠯᠳᠤᠭᠤᠯᠤᠯ 1᠄ ᠳᠠᠷᠠᠭᠠᠯᠠᠨ ᠨᠥᠬᠦᠪᠥᠷᠢᠯᠡᠬᠦ ᠬᠥᠮᠦᠰ ᠤᠨ ᠨᠡᠷᠡᠰ
ᠰᠢᠯᠢ ᠶᠢᠨ ᠬᠤᠲᠠ ᠴᠡᠴᠡᠷᠯᠢᠭ ᠤᠨ ᠰᠤᠷᠭᠠᠨ ᠬᠥᠮᠦᠵᠢᠯ ᠤᠨ ᠭᠡᠷ᠎ᠡ ᠶᠢᠨ ᠲᠦᠷᠢᠮᠲᠦ ᠠᠵᠢᠯᠲᠠᠨ ᠢᠯᠡ ᠪᠠᠷ ᠡᠯᠰᠡᠨ ᠬᠡᠷᠡᠭᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ2023 ᠣᠨ ᠤ 8 ᠰᠠᠷ᠎ᠠ ᠶᠢᠨ 1 ᠤ ᠡᠳᠦᠷ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号