︽ᠪᠥᠬᠦ ᠬᠤᠲᠠ ᠶᠢᠨ ᠬᠡᠪᠴᠢᠶᠡᠨ ᠳᠤ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ | ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ | ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ᠡᠯ᠎ᠡ ᠰᠤᠮᠤ ᠪᠠᠯᠭᠠᠰᠤᠨ ᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ | ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠪᠠ ︽ᠳᠥᠷᠪᠡᠨ ᠤᠰᠤ | ᠳᠥᠷᠪᠡᠨ ᠶᠢ ᠲᠣᠭᠲᠠᠭᠠᠬᠤ︾ ᠵᠠᠷᠴᠢᠮ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠰᠢ ᠶᠢᠨ ᠫᠢᠩ ᠶᠡᠷᠦᠩᠬᠡᠶ ᠱᠦᠵᠢ ᠶᠢᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ | ᠲᠡᠩᠴᠡᠭᠦᠷᠢᠲᠡᠶ ᠪᠠᠶᠢᠯᠭᠠᠬᠤ᠂ ᠰᠢᠰᠲ᠋ᠧᠮᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠰᠢᠨ᠎ᠡ ᠴᠠᠭ ᠦᠶ᠎ᠡ ᠶᠢᠨ | ᠤᠰᠤ ᠵᠠᠰᠠᠬᠤ ᠰᠡᠳᠬᠢᠴᠡ ᠶᠢ ᠢᠳᠡᠪᠬᠢᠲᠡᠶ ᠦᠢᠯᠡᠳᠦᠯᠭᠡᠵᠢᠭᠦᠯᠵᠦ᠂ ᠪᠥᠬᠦ ᠬᠤᠳᠠ ᠶᠢᠨ ᠤᠰᠤ ᠲᠠᠲᠠᠵᠤ ᠬᠡᠷᠡᠭᠯᠡᠬᠦ | ᠡᠮᠬᠢ ᠳᠢᠭᠯᠢᠮ ᠢ ᠵᠢᠷᠤᠮᠵᠢᠭᠤᠯᠤᠨ᠂ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠰ | ᠡᠳᠦᠷ ᠠᠴᠠ ᠡᠬᠢᠯᠡᠨ᠂ ᠪᠥᠬᠦ ᠬᠤᠳᠠ ᠶᠢᠨ ᠬᠡᠪᠴᠢᠶᠡᠨ ᠳᠤ ᠣᠰᠣᠨ ᠰᠣᠷᠪᠣᠯᠵᠢ ᠶᠢ ᠦᠪᠡᠷᠲᠡᠭᠡᠨ ᠪᠡᠯᠡᠳᠬᠡᠬᠦ ᠶᠢᠨ | ᠬᠠᠮᠲᠤ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠬᠦ ᠪᠠᠷ ᠲᠣᠭᠲᠠᠵᠤ᠂ ᠬᠡᠷᠡᠭᠵᠢᠭᠦᠯᠬᠦ ᠲᠥᠰᠦᠯ ᠢ ᠣᠨᠴᠣᠭᠤᠶᠢᠯᠠᠨ | ᠳᠣᠣᠷᠠᠬᠢ ᠮᠡᠲᠦ ᠲᠣᠭᠲᠠᠭᠠᠪᠠ᠃ | ᠨᠢᠭᠡ᠂ ᠵᠢᠭᠰᠠᠭᠠᠨ ᠪᠠᠶᠢᠴᠠᠭᠠᠭᠳᠠᠬᠤ ᠡᠲᠡᠭᠡᠳ | ᠪᠥᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠣᠶ ᠪᠥᠬᠦᠶ ᠥᠪᠡᠷᠲᠡᠭᠡᠨ ᠪᠡᠯᠡᠳᠬᠡᠭᠰᠡᠨ ᠤᠰᠤᠨ | ᠰᠤᠷᠪᠤᠯᠵᠢ ᠶᠢᠨ ᠬᠤᠳᠳᠤᠭ᠂ ᠡᠭᠦᠨ ᠳᠤ ᠬᠤᠪᠢ ᠬᠥᠮᠦᠨ᠂ ᠬᠠᠮᠲᠤ ᠨᠡᠶᠢᠲᠡ᠂ ᠠᠵᠤ ᠠᠬᠤᠶᠢᠯᠠᠯ᠂ ᠵᠠᠰᠠᠭ | ᠵᠠᠬᠢᠷᠭ᠎ᠠ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ᠂ ᠦᠢᠯᠡᠳᠪᠦᠷᠢᠯᠡᠯ | ᠂ ᠨᠣᠭᠤᠭᠠᠷᠠᠭᠤᠯᠤᠯᠲᠠ᠂ ᠲᠡᠵᠢᠭᠡᠨ ᠦᠷᠡᠵᠢᠭᠦᠯᠬᠦ᠂ ᠲᠠᠷᠢᠶᠠᠯᠠᠩ᠂ ᠭᠠᠯ ᠤᠨᠲᠠᠷᠠᠭᠠᠬᠤ᠂ ᠢᠯᠴᠢ ᠬᠠᠩᠭᠠᠬᠤ᠂ ᠤᠰᠤ | ᠵᠠᠯᠠᠬᠤ ᠵᠡᠷᠭᠡ ᠡᠯ᠎ᠡ ᠵᠦᠢᠯ ᠤᠨ ᠬᠡᠷᠡᠭᠴᠡᠭᠡᠨ ᠳᠤ ᠬᠡᠷᠡᠭᠯᠡᠬᠦ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ | ᠬᠤᠳᠳᠤᠭ ᠪᠠᠭᠲᠠᠨ᠎ᠠ᠃ | ᠬᠤᠶᠠᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | 1. ᠤᠰᠤᠨ ᠠᠰᠢᠭᠯᠠᠯᠲᠠ ᠶᠢᠨ ᠲᠣᠪᠴᠢᠶ᠎ᠠ᠄ ᠣᠰᠣᠨ ᠰᠣᠷᠪᠣᠯᠵᠢ ᠶᠢ ᠦᠪᠡᠷᠲᠡᠭᠡᠨ ᠪᠡᠯᠡᠳᠬᠡᠬᠦ ᠶᠢᠨ ᠬᠠᠮᠲᠤ | ᠵᠢᠭᠰᠠᠭᠠᠨ ᠪᠠᠶᠢᠴᠠᠭᠠᠬᠤ ᠠᠵᠢᠯ ᠢ ᠪᠦᠬᠦᠯᠢ ᠴᠣᠭᠴᠠ ᠪᠠᠷ ᠨᠢ ᠬᠠᠷᠢᠭᠤᠴᠠᠵᠤ᠂ ᠵᠢᠭᠰᠠᠭᠠᠨ ᠪᠠᠶᠢᠴᠠᠭᠠᠬᠤ | ᠬᠦᠰᠦᠨᠦᠭᠲᠦ ᠶᠢ ᠲᠣᠭᠲᠠᠭᠠᠨ᠂ ᠡᠯ᠎ᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠤᠰᠤᠨ ᠤ | ᠡᠬᠢ ᠰᠤᠷᠪᠤᠯᠵᠢ ᠶᠢᠨ ᠬᠤᠳᠳᠤᠭ ᠤᠨ ᠤᠰᠤ ᠬᠡᠷᠡᠭᠯᠡᠬᠦ ᠰᠢᠨᠵᠢ ᠴᠢᠨᠠᠷ ᠪᠠ ᠤᠰᠤ ᠬᠡᠷᠡᠭᠯᠡᠬᠦ ᠬᠡᠪᠴᠢᠶ᠎ᠡ ᠶᠢ | ᠦᠨᠳᠦᠰᠦᠯᠡᠨ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠲᠥᠰᠦᠯ ᠢ ᠲᠣᠭᠲᠠᠭᠠᠨ᠎ᠠ᠃ | 2. ᠠᠷᠠᠳ ᠤᠨ ᠵᠡᠪᠰᠡᠭᠲᠦ ᠬᠦᠴᠦᠨ ᠤ ᠬᠡᠯᠲᠡᠰ᠄ ᠰᠢᠯᠢ ᠶᠢᠨ ᠭᠤᠣᠯ ᠳᠤ ᠰᠠᠭᠤᠭ᠎ᠠ ᠡᠯ᠎ᠡ ᠴᠡᠷᠢᠭ ᠠᠩᠬᠢ ᠶᠢᠨ | ᠥᠪᠡᠷ ᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ᠃ | 3. ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠄ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ | ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ | ᠲᠣᠭᠤᠷᠢᠭ᠂ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠥᠪᠡᠷ ᠲᠡᠭᠡᠨ | ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ᠃ | 4. ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠭᠤᠤᠯᠴᠢᠯᠠᠨ ᠬᠠᠮᠢᠶᠠᠷᠴᠤ ᠪᠥᠬᠦᠶ ᠠᠵᠤ ᠠᠬᠤᠶᠢᠯᠠᠯ᠂ ᠠᠮᠤ | ᠲᠣᠰᠣᠨ ᠤ ᠪᠡᠯᠡᠳᠬᠡᠮᠵᠢ᠂ ᠲᠡᠮᠦᠷ ᠵᠠᠮ ᠤᠨ ᠥᠷᠲᠡᠭᠡ ᠴᠢᠬ ᠤᠨ ᠥᠪᠡᠷ ᠲᠡᠭᠡᠨ ᠪᠡᠯᠡᠳᠬᠡᠭᠰᠡᠨ ᠤᠰᠤᠨ | ᠰᠤᠷᠪᠤᠯᠵᠢ ᠶᠢᠨ ᠬᠤᠳᠳᠤᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ᠃ | 5. ᠰᠤᠷᠭᠠᠨ ᠬᠥᠮᠦᠵᠢᠯ ᠤᠨ ᠲᠣᠪᠴᠢᠶ᠎ᠠ᠄ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ | ᠰᠤᠷᠭᠠᠭᠤᠯᠢ᠂ ᠬᠡᠤᠬᠡᠳ ᠤᠨ ᠴᠡᠴᠡᠷᠯᠢᠭ ᠵᠡᠷᠭᠡ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠥᠪᠡᠷ ᠲᠡᠭᠡᠨ | ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ᠃ | 6. ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠠᠵᠤ ᠦᠢᠯᠡᠳᠪᠦᠷᠢ ᠶᠢᠨ ᠠᠵᠤ ᠠᠬᠤᠶᠢᠯᠠᠯ᠂ | ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠥᠪᠯᠡᠷᠡᠭᠰᠡᠨ | ᠣᠷᠣᠨ ᠤ ᠥᠪᠡᠷ ᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠵᠢᠭᠰᠠᠭᠠᠨ ᠪᠠᠶᠢᠴᠠᠭᠠᠬᠤ ᠶᠢ | ᠬᠠᠷᠢᠭᠤᠴᠠᠨ᠎ᠠ᠃ | 7. ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠡᠯ᠎ᠡ ᠲᠣᠮᠢᠯᠠᠭᠰᠠᠨ ᠰᠠᠯᠪᠤᠷᠢ᠂ ᠲᠦᠷ ᠬᠤᠷᠢᠬᠤ ᠭᠠᠵᠠᠷ᠂ ᠰᠠᠬᠢᠨ | ᠬᠤᠷᠢᠬᠤ ᠭᠠᠵᠠᠷ᠂ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠵᠡᠷᠭᠡ ᠳᠣᠲᠣᠭᠠᠳᠤ ᠶᠢ ᠬᠠᠮᠠᠭᠠᠯᠠᠬᠤ | ᠪᠡᠯᠡᠳᠬᠡᠮᠵᠢ ᠶᠢᠨ ᠥᠪᠡᠷ ᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠵᠢᠭᠰᠠᠭᠠᠨ ᠪᠠᠶᠢᠴᠠᠭᠠᠬᠤ ᠶᠢ | ᠬᠠᠷᠢᠭᠤᠴᠠᠨ᠎ᠠ᠃ | 8. ᠠᠷᠠᠳ ᠤᠨ ᠶᠠᠪᠤᠳᠠᠯ ᠤᠨ ᠲᠣᠪᠴᠢᠶ᠎ᠠ᠄ ᠣᠷᠣᠰᠢᠭᠤᠯᠭ᠎ᠠ ᠶᠢᠨ ᠭᠠᠵᠠᠷ᠂ ᠦᠬᠦᠳᠡᠯ ᠬᠠᠶᠢᠯᠠᠭᠤᠯᠬᠤ ᠭᠠᠵᠠᠷ᠂ | ᠨᠡᠶᠢᠲᠡ ᠶᠢᠨ ᠪᠤᠩᠬᠤᠨ᠂ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ᠂ ᠨᠠᠰᠤᠲᠠᠨ ᠢ ᠠᠰᠠᠷᠠᠬᠤ | ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ ᠵᠡᠷᠭᠡ ᠠᠷᠠᠳ ᠤᠨ ᠶᠠᠪᠤᠳᠠᠯ ᠤᠨ ᠪᠡᠯᠡᠳᠬᠡᠮᠵᠢ ᠶᠢᠨ ᠥᠪᠡᠷᠲᠡᠭᠡᠨ | ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ᠃ | 9. ᠬᠠᠤᠯᠢ ᠴᠠᠭᠠᠵᠠ ᠶᠢᠨ ᠲᠣᠪᠴᠢᠶ᠎ᠠ᠄ ᠭᠢᠨᠳᠠᠨ᠂ ᠬᠤᠤᠷ ᠲᠠᠲᠠᠬᠤ ᠶᠢ ᠵᠣᠭᠰᠣᠭᠠᠬᠤ ᠭᠠᠵᠠᠷ᠂ ᠡᠯ᠎ᠡ ᠬᠠᠤᠯᠢ | ᠴᠠᠭᠠᠵᠠ ᠶᠢᠨ ᠭᠠᠵᠠᠷ ᠵᠡᠷᠭᠡ ᠬᠠᠤᠯᠢ ᠴᠠᠭᠠᠵᠠ ᠶᠢᠨ ᠪᠡᠯᠡᠳᠬᠡᠮᠵᠢ ᠶᠢᠨ ᠥᠪᠡᠷᠲᠡᠭᠡᠨ ᠪᠡᠯᠡᠳᠬᠡᠭᠰᠡᠨ ᠤᠰᠤᠨ | ᠰᠤᠷᠪᠤᠯᠵᠢ ᠶᠢᠨ ᠬᠤᠳᠳᠤᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ᠃ | 10. ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠠᠭᠤᠷᠬᠠᠶ ᠶᠢᠨ ᠠᠵᠤ ᠠᠬᠤᠶᠢᠯᠠᠯ᠂ ᠡᠯ᠎ᠡ ᠤᠯᠤᠰ ᠤᠨ | ᠭᠠᠵᠠᠷ ᠰᠢᠷᠣᠶ ᠶᠢᠨ ᠬᠠᠮᠢᠶᠠᠷᠤᠯᠲᠠ ᠶᠢᠨ ᠭᠠᠵᠠᠷ ᠤᠨ ᠥᠪᠡᠷ ᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ | ᠬᠤᠳᠳᠤᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ᠃ | 11. ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ ᠬᠤᠲᠠ ᠶᠢᠨ | ᠲᠥᠪᠯᠡᠷᠡᠭᠦᠯᠦᠨ ᠤᠰᠤ ᠬᠠᠩᠭᠠᠬᠤ᠂ ᠢᠯᠴᠢ ᠰᠣᠯᠢᠯᠴᠠᠬᠤ ᠥᠷᠲᠡᠭᠡ᠂ ᠰᠢᠩᠭᠡᠨᠵᠢᠮᠡᠯ ᠬᠡᠶ ᠶᠢᠨ ᠥᠷᠲᠡᠭᠡ᠂ ᠬᠡᠶ | ᠨᠡᠮᠡᠬᠦ ᠥᠷᠲᠡᠭᠡ᠂ ᠴᠡᠴᠡᠷᠯᠢᠭ ᠤᠨ ᠨᠣᠭᠤᠭᠠᠷᠠᠭᠤᠯᠤᠯᠲᠠ᠂ ᠵᠢᠵᠢᠭ ᠲᠣᠭᠤᠷᠢᠭ ᠵᠢᠴᠢ ᠨᠢᠭᠡᠴᠡ ᠶᠢᠨ | ᠨᠣᠭᠤᠭᠠᠷᠠᠭᠤᠯᠤᠯᠲᠠ᠂ ᠬᠤᠲᠠ ᠶᠢᠨ ᠶᠠᠪᠤᠳᠠᠯ ᠤᠨ ᠢᠨᠵᠧᠨᠧᠷᠢᠩ᠂ ᠬᠤᠲᠠ ᠶᠢᠨ ᠶᠠᠪᠤᠳᠠᠯ ᠤᠨ ᠪᠡᠯᠡᠳᠬᠡᠮᠵᠢ᠂ | ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯ᠂ ᠬᠤᠭ ᠨᠣᠪᠰᠢ ᠰᠢᠢᠳᠪᠦᠷᠢᠯᠡᠬᠦ ᠪᠡᠯᠡᠳᠬᠡᠮᠵᠢ᠂ ᠪᠠᠷᠢᠯᠭ᠎ᠠ ᠶᠢᠨ | ᠠᠵᠢᠯ ᠤᠨ ᠭᠠᠵᠠᠷ ᠵᠡᠷᠭᠡ ᠳᠤ ᠬᠡᠷᠡᠭᠯᠡᠬᠦ ᠬᠡᠷᠡᠭᠴᠡᠭᠡᠨ ᠤ ᠥᠪᠡᠷᠲᠡᠭᠡᠨ ᠪᠡᠯᠡᠳᠬᠡᠭᠰᠡᠨ ᠤᠰᠤᠨ ᠤ ᠰᠤᠷᠪᠤᠯᠵᠢ ᠶᠢᠨ | ᠬᠤᠳᠳᠤᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ᠃ | 12. ᠵᠠᠮ ᠬᠠᠷᠢᠯᠴᠠᠭᠠᠨ ᠤ ᠲᠣᠪᠴᠢᠶ᠎ᠠ᠄ ᠰᠦᠢᠳᠬᠡᠯ ᠬᠤᠷᠢᠶᠠᠬᠤ ᠥᠷᠲᠡᠭᠡ᠂ ᠦᠢᠯᠡᠴᠢᠯᠡᠭᠡᠨ ᠤ ᠲᠣᠭᠤᠷᠢᠭ᠂ ᠵᠠᠮ | ᠠᠷᠠᠴᠢᠯᠠᠬᠤ ᠬᠡᠰᠡᠭ᠂ ᠵᠠᠰᠠᠮᠠᠯ ᠵᠠᠮ ᠤᠨ ᠥᠷᠲᠡᠭᠡ ᠴᠢᠬ᠂ ᠵᠠᠰᠠᠮᠠᠯ ᠵᠠᠮ ᠤᠨ ᠪᠠᠶᠢᠴᠠᠭᠠᠬᠤ ᠥᠷᠲᠡᠭᠡ᠂ | ᠵᠢᠯᠣᠭᠤᠴᠢ ᠶᠢᠨ ᠰᠤᠷᠭᠠᠭᠤᠯᠢ᠂ ᠲᠡᠷᠭᠡ ᠬᠥᠰᠬᠡ ᠰᠢᠯᠭᠠᠨ ᠪᠠᠶᠢᠴᠠᠭᠠᠬᠤ ᠲᠥᠪ ᠵᠡᠷᠭᠡ ᠵᠠᠮ ᠬᠠᠷᠢᠯᠴᠠᠭᠠᠨ ᠤ | ᠪᠡᠯᠡᠳᠬᠡᠮᠵᠢ ᠶᠢᠨ ᠥᠪᠡᠷ ᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠵᠢᠭᠰᠠᠭᠠᠨ ᠪᠠᠶᠢᠴᠠᠭᠠᠬᠤ ᠶᠢ | ᠬᠠᠷᠢᠭᠤᠴᠠᠨ᠎ᠠ᠃ | 13. ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠄ ᠮᠢᠬ᠎ᠠ ᠢᠳᠡᠭᠡᠨ ᠢ ᠡᠳ᠋ᠰᠢᠭᠦᠯᠬᠦ᠂ ᠠᠮᠢᠳᠤ ᠮᠠᠯ ᠤᠨ | ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠳᠤ ᠬᠡᠷᠡᠭᠯᠡᠬᠦ ᠥᠪᠡᠷ ᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ | ᠬᠤᠳᠳᠤᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ᠃ | 14. ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ ᠲᠣᠰᠣ ᠨᠡᠮᠡᠬᠦ ᠥᠷᠲᠡᠭᠡ᠂ 4S ᠳᠡᠯᠭᠡᠭᠦᠷ᠂ ᠲᠣᠰᠣᠨ ᠤ | ᠬᠥᠮᠥᠷᠭᠡ᠂ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ ᠵᠡᠷᠭᠡ ᠳᠤ ᠬᠡᠷᠡᠭᠯᠡᠬᠦ ᠥᠪᠡᠷ ᠲᠡᠭᠡᠨ | ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ᠃ | 15. ᠰᠣᠶᠣᠯ ᠵᠢᠭᠤᠯᠴᠢᠯᠠᠯ ᠤᠨ ᠲᠣᠪᠴᠢᠶ᠎ᠠ᠄ ᠠᠳᠣᠭᠤᠨ ᠨᠡᠶᠢᠰᠯᠡᠯ᠂ ᠷᠠᠳᠢᠣ᠋ ᠲᠧᠯᠸᠢᠰ ᠤᠨ ᠰᠠᠴᠤᠷᠠᠭᠤᠯᠬᠤ | ᠲᠠᠪᠴᠠᠩ᠂ ᠵᠢᠭᠤᠯᠴᠢᠯᠠᠯ ᠤᠨ ᠴᠢᠬ ᠵᠡᠷᠭᠡ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠪᠡᠯᠡᠳᠬᠡᠮᠵᠢ ᠶᠢᠨ | ᠥᠪᠡᠷ ᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ᠃ | 16. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠡᠯ᠎ᠡ ᠡᠮᠨᠡᠯᠭᠡ ᠶᠢᠨ ᠬᠤᠷᠢᠶ᠎ᠠ᠂ ᠡᠷᠡᠭᠦᠯ ᠬᠠᠮᠠᠭᠠᠯᠠᠯ ᠤᠨ | ᠬᠤᠷᠢᠶ᠎ᠠ ᠵᠡᠷᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠪᠡᠷ ᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ | ᠬᠤᠳᠳᠤᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ᠃ | 17. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠲᠡᠷᠭᠡ ᠤᠬᠢᠶᠠᠬᠤ᠂ ᠪᠡᠶ᠎ᠡ ᠤᠬᠢᠶᠠᠬᠤ᠂ | ᠢᠳᠡᠭᠡᠨ ᠤᠮᠳᠠᠭᠠᠨ᠂ ᠪᠠᠭᠤᠳᠠᠯ ᠵᠡᠷᠭᠡ ᠳᠤ ᠬᠡᠷᠡᠭᠯᠡᠬᠦ ᠥᠪᠡᠷ ᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ | ᠬᠤᠳᠳᠤᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ᠃ | 18. ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠄ ᠣᠶ ᠰᠢᠭᠤᠶ ᠶᠢᠨ ᠤᠰᠤᠯᠠᠯᠲᠠ᠂ ᠡᠪᠡᠰᠦᠨ ᠤ ᠦᠢᠯᠡᠰ ᠤᠨ | ᠤᠰᠤᠯᠠᠯᠲᠠ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠣᠶ ᠰᠢᠭᠤᠶ ᠨᠤᠲᠤᠭ ᠪᠡᠯᠴᠢᠭᠡᠷ ᠤᠨ ᠬᠠᠮᠢᠶᠠᠷᠤᠯᠲᠠ | ᠵᠢᠴᠢ ᠰᠤᠳᠤᠯᠭᠠᠨ ᠤ ᠪᠡᠯᠡᠳᠬᠡᠮᠵᠢ ᠵᠡᠷᠭᠡ ᠳᠤ ᠬᠡᠷᠡᠭᠯᠡᠬᠦ ᠳᠤ ᠬᠡᠷᠡᠭᠯᠡᠬᠦ ᠥᠪᠡᠷᠲᠡᠭᠡᠨ ᠪᠡᠯᠡᠳᠬᠡᠭᠰᠡᠨ ᠤᠰᠤᠨ | ᠰᠤᠷᠪᠤᠯᠵᠢ ᠶᠢᠨ ᠬᠤᠳᠳᠤᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ᠃ | 19. ᠰᠢᠯᠢ ᠶᠢᠨ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ᠄ ᠬᠦᠴᠦᠳᠡᠯ ᠥᠭᠡᠷᠡᠴᠢᠯᠡᠬᠦ ᠥᠷᠲᠡᠭᠡ᠂ ᠭᠦᠶᠦᠳᠡᠯ | ᠰᠣᠯᠢᠬᠤ ᠥᠷᠲᠡᠭᠡ᠂ ᠴᠠᠬᠢᠯᠭᠠᠨ ᠬᠠᠩᠭᠠᠬᠤ ᠭᠠᠵᠠᠷ ᠵᠡᠷᠭᠡ ᠴᠠᠬᠢᠯᠭᠠᠨ ᠬᠦᠴᠦᠨ ᠤ ᠪᠡᠯᠡᠳᠬᠡᠮᠵᠢ ᠶᠢᠨ | ᠬᠡᠷᠡᠭᠯᠡᠭᠡᠨ ᠳᠤ ᠬᠡᠷᠡᠭᠯᠡᠬᠦ ᠥᠪᠡᠷ ᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠵᠢᠭᠰᠠᠭᠠᠨ | ᠪᠠᠶᠢᠴᠠᠭᠠᠬᠤ ᠶᠢ ᠬᠠᠷᠢᠭᠤᠴᠠᠨ᠎ᠠ᠃ | 20. ᠡᠯ᠎ᠡ ᠰᠤᠮᠤ ᠪᠠᠯᠭᠠᠰᠤ ᠶᠢᠨ ᠲᠠᠯᠠᠪᠠᠶ᠄ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠮᠢᠳᠤᠷᠠᠯ᠂ ᠮᠠᠯ | ᠵᠢᠭᠦᠷᠲᠡᠨ ᠢ ᠲᠡᠵᠢᠭᠡᠨ ᠦᠷᠡᠵᠢᠭᠦᠯᠬᠦ᠂ ᠲᠠᠷᠢᠶᠠᠯᠠᠩ ᠤᠨ ᠤᠰᠤᠯᠠᠯᠲᠠ᠂ ᠨᠣᠭᠤᠭᠠᠷᠠᠭᠤᠯᠤᠯᠲᠠ᠂ ᠲᠥᠪᠯᠡᠷᠡᠭᠦᠯᠦᠨ | ᠤᠰᠤ ᠬᠠᠩᠭᠠᠬᠤ᠂ ᠵᠢᠵᠢᠭ ᠬᠡᠯᠪᠡᠷᠢ ᠶᠢᠨ ᠡᠳ᠋ᠰᠢᠭᠦᠯᠬᠦ ᠦᠢᠯᠡᠰ᠂ ᠬᠡᠷ ᠪᠦᠯᠢ ᠶᠢᠨ ᠦᠢᠯᠡᠳᠬᠡᠯ ᠵᠡᠷᠭᠡ ᠳᠤ ᠬᠡᠷᠡᠭᠯᠡᠬᠦ | ᠥᠪᠡᠷ ᠲᠡᠭᠡᠨ ᠪᠡᠯᠡᠳᠬᠡᠭᠰᠡᠨ ᠤᠰᠤᠨ ᠤ ᠰᠤᠷᠪᠤᠯᠵᠢ ᠶᠢᠨ ᠬᠤᠳᠳᠤᠭ ᠢ ᠵᠢᠭᠰᠠᠭᠠᠨ ᠪᠠᠶᠢᠴᠠᠭᠠᠬᠤ ᠶᠢ | ᠬᠠᠷᠢᠭᠤᠴᠠᠬᠤ ᠶᠢᠨ ᠬᠠᠮᠲᠤ᠂ ᠭᠠᠴᠠᠭ᠎ᠠ᠂ ᠬᠤᠪᠢᠶᠠᠷᠢ ᠲᠠᠯᠠᠪᠠᠶ᠂ ᠰᠠᠭᠤᠭᠠᠯᠢ ᠠᠷᠠᠳ ᠤᠨ ᠵᠥᠪᠯᠡᠯ ᠶᠣᠰᠣᠭᠠᠷ ᠲᠣᠰ | ᠲᠣᠰ ᠪᠦᠷᠢᠳᠬᠡᠨ᠎ᠡ᠃ | 21. ᠢᠳᠡᠰᠢᠨ ᠨᠣᠭᠤᠭ᠎ᠠ ᠶᠢᠨ ᠲᠠᠷᠢᠶᠠᠯᠠᠩ ᠤᠨ ᠲᠠᠯᠠᠪᠠᠢ᠄ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠬᠢᠭᠡᠳ | ᠪᠤᠰᠤᠳ ᠬᠠᠷᠢᠶ᠎ᠠ ᠣᠷᠣᠨ ᠤ ᠥᠪᠡᠷ ᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠵᠢᠭᠰᠠᠭᠠᠨ | ᠪᠠᠶᠢᠴᠠᠭᠠᠬᠤ ᠶᠢ ᠬᠠᠷᠢᠭᠤᠴᠠᠨ᠎ᠠ᠃ | 22. ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠠᠮᠢᠳᠤᠷᠠᠯ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠲᠠᠷᠢᠶᠠᠯᠠᠩ ᠤᠨ ᠤᠰᠤᠯᠠᠯᠲᠠ᠂ ᠨᠣᠭᠤᠭᠠᠷᠠᠭᠤᠯᠤᠯᠲᠠ᠂ | ᠲᠥᠪᠯᠡᠷᠡᠭᠦᠯᠦᠨ ᠤᠰᠤ ᠬᠠᠩᠭᠠᠬᠤ᠂ ᠵᠢᠵᠢᠭ ᠬᠡᠯᠪᠡᠷᠢ ᠶᠢᠨ ᠡᠳ᠋ᠰᠢᠭᠦᠯᠬᠦ ᠦᠢᠯᠡᠰ᠂ ᠬᠡᠷ ᠪᠦᠯᠢ ᠶᠢᠨ ᠦᠢᠯᠡᠳᠬᠡᠯ ᠤᠨ | ᠭᠠᠵᠠᠷ ᠵᠡᠷᠭᠡ ᠳᠤ ᠬᠡᠷᠡᠭᠯᠡᠬᠦ ᠬᠡᠷᠡᠭᠴᠡᠭᠡ ᠶᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠬᠤ ᠶᠢᠨ ᠬᠠᠮᠲᠤ ᠨᠡᠶᠢᠭᠡᠮ | ᠲᠣᠭᠤᠷᠢᠭ ᠤᠨ ᠶᠣᠰᠣᠭᠠᠷ ᠲᠣᠰ ᠲᠣᠰ ᠲᠤᠨᠢ ᠪᠦᠷᠢᠳᠬᠡᠨ᠎ᠡ᠃ | ᠡᠯ᠎ᠡ ᠰᠠᠯᠠᠭ᠎ᠠ ᠮᠥᠴᠢᠷ ᠤᠨ ᠵᠢᠭᠰᠠᠭᠠᠨ ᠪᠠᠶᠢᠴᠠᠭᠠᠭᠰᠠᠨ ᠥᠪᠡᠷ ᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ | ᠬᠤᠳᠳᠤᠭ ᠲᠤ ᠳᠠᠪᠬᠤᠷᠳᠠᠭᠰᠠᠨ ᠬᠡᠰᠡᠭ ᠪᠠᠶᠢᠪᠠᠯ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ | ᠬᠤᠷᠢᠶᠠᠩᠭᠤᠶᠢᠯᠠᠭᠰᠠᠨ ᠤ ᠳᠠᠷᠠᠭ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠡᠮᠬᠢᠯᠡᠨ ᠳᠢᠭᠯᠡᠵᠦ | ᠭᠠᠷᠭᠠᠬᠤ ᠬᠡᠷᠡᠭᠲᠡᠶ᠃ | ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ | 2023 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ 9 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ | ᠵᠢᠭᠰᠠᠭᠠᠨ ᠪᠠᠶᠢᠴᠠᠭᠠᠬᠤ ᠱᠠᠲᠤ ᠦᠶ᠎ᠡ ᠪᠣᠯᠤᠨ᠎ᠠ᠂ ᠡᠯ᠎ᠡ ᠰᠤᠮᠤ ᠪᠠᠯᠭᠠᠰᠤ ᠶᠢᠨ ᠲᠠᠯᠠᠪᠠᠶ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠲᠣᠰ | ᠬᠤᠭᠤᠴᠠᠭᠠᠨ ᠳᠤ ᠥᠪᠡᠷ ᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠬᠤ ᠠᠵᠢᠯ ᠢ ᠪᠡᠶᠡᠯᠡᠭᠦᠯᠬᠦ ᠬᠡᠷᠡᠭᠲᠡᠶ᠃ | 2023 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 20 ᠤ ᠡᠳᠦᠷ ᠪᠣᠯᠲᠠᠯᠠᠬᠢ | ᠲᠤᠭ᠎ᠠ ᠪᠦᠷᠢᠳᠬᠡᠯ ᠤᠨ ᠱᠠᠲᠤ ᠦᠶ᠎ᠡ ᠪᠣᠯᠤᠨ᠎ᠠ᠂ ᠡᠯ᠎ᠡ ᠰᠤᠮᠤ ᠪᠠᠯᠭᠠᠰᠤᠨ ᠤ ᠲᠠᠯᠠᠪᠠᠶ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠲᠣᠰ | ᠬᠤᠭᠤᠴᠠᠭᠠᠨ ᠳᠤ ᠨᠢᠭᠡᠳᠦᠯᠲᠡᠶ ᠬᠦᠰᠦᠨᠦᠭᠲᠦ ᠶᠢᠨ ᠶᠣᠰᠣᠭᠠᠷ ᠤᠰᠤᠨ ᠤ ᠡᠬᠢ ᠰᠤᠷᠪᠤᠯᠵᠢ ᠶᠢᠨ ᠬᠤᠳᠳᠤᠭ ᠤᠨ | ᠡᠬᠡ ᠲᠠᠩᠰᠠ ᠪᠠᠶᠢᠭᠤᠯᠬᠤ ᠠᠵᠢᠯ ᠢ ᠪᠡᠶᠡᠯᠡᠭᠦᠯᠵᠦ᠂ ᠡᠬᠡ ᠲᠠᠩᠰᠠ ᠶᠢᠨ ᠴᠠᠭᠠᠰᠤᠨ ᠬᠡᠪᠯᠡᠯ ᠢ ᠭᠤᠤᠯ | ᠤᠳᠤᠷᠢᠳᠤᠯᠭ᠎ᠠ ᠪᠠᠷ ᠭᠠᠷ ᠤᠨ ᠥᠰᠥᠭ ᠵᠢᠷᠤᠭᠤᠯᠬᠤ ᠶᠢᠨ ᠬᠠᠮᠲᠤ ᠲᠠᠮᠠᠭ᠎ᠠ ᠳᠠᠷᠤᠭᠤᠯᠵᠤ᠂ 10 ᠳ᠋ᠤᠭᠠᠷ | ᠰᠠᠷ᠎ᠠ ᠶᠢᠨ 20 ᠤ ᠡᠳᠦᠷ ᠠᠴᠠ ᠡᠮᠦᠨ᠎ᠡ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ 301 ᠠᠯᠪᠠᠨ | ᠬᠡᠷ ᠲᠤ ᠬᠦᠷᠭᠡᠵᠦ᠂ ᠡᠯᠧᠺᠲᠷᠣᠨ ᠬᠡᠪᠯᠡᠯ ᠢ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠰᠢᠤᠳᠠᠨ ᠤ | ᠬᠠᠶᠢᠷᠴᠠᠭ ᠲᠤ ᠬᠤᠷᠢᠶᠠᠩᠭᠤᠶᠢᠯᠠᠨ ᠬᠦᠷᠭᠡᠬᠦ ᠬᠡᠷᠡᠭᠲᠡᠶ᠃ | ᠬᠠᠷᠢᠯᠴᠠᠬᠤ ᠬᠥᠮᠦᠨ᠄ ᠯᠢ ᡁᠢ ᠭᠠᠩ ᠬᠠᠷᠢᠯᠴᠠᠬᠤ ᠤᠲᠠᠰᠤ᠄ 8212466 | ᠰᠢᠦᠳᠠᠨ ᠤ ᠬᠠᠶᠢᠷᠴᠠᠭ᠄ lsjbgs8212466@163.com᠃ | ᠲᠦᠷᠪᠡ᠂ ᠤᠳᠤᠷᠢᠳᠬᠤ ᠪᠠᠶᠢᠭᠤᠯᠤᠮᠵᠢ | ᠤᠰᠤᠨ ᠤ ᠡᠬᠢ ᠰᠤᠷᠪᠤᠯᠵᠢ ᠶᠢ ᠥᠪᠡᠰᠦᠪᠡᠨ ᠪᠡᠯᠡᠳᠬᠡᠬᠦ ᠶᠢᠨ ᠬᠠᠮᠲᠤ ᠵᠢᠭᠰᠠᠭᠠᠨ ᠪᠠᠶᠢᠴᠠᠭᠠᠬᠤ ᠠᠵᠢᠯ ᠤᠨ | ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠰᠢᠯᠢ ᠶᠢᠨ ᠬᠤᠲᠠ ᠶᠢᠨ ᠤᠰᠤᠨ ᠤ ᠡᠬᠢ ᠰᠤᠷᠪᠤᠯᠵᠢ ᠶᠢ | ᠥᠪᠡᠰᠦᠪᠡᠨ ᠪᠡᠯᠡᠳᠬᠡᠬᠦ ᠶᠢᠨ ᠬᠠᠮᠲᠤ ᠵᠢᠭᠰᠠᠭᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠢ | ᠣᠨᠴᠣᠭᠤᠶᠢᠯᠠᠨ ᠪᠠᠶᠢᠭᠤᠯᠪᠠ᠃ ᠪᠦᠷᠢᠯᠳᠦᠯ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠲᠣᠯᠭᠠᠭᠤᠷᠢ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠬᠡᠷᠡᠯᠴᠣᠭᠲᠣ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ | ᠣᠷᠲᠦᠨᠠᠰᠣᠨ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠪᠦᠷᠢᠯᠳᠦᠬᠦᠨ᠄ ᠡᠯ᠎ᠡ ᠰᠤᠮᠤ ᠪᠠᠯᠭᠠᠰᠤᠨ ᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠬᠤᠳᠠ ᠶᠢᠨ ᠤᠰᠤᠨ ᠠᠰᠢᠭᠯᠠᠯᠲᠠ ᠶᠢᠨ | ᠲᠣᠪᠴᠢᠶ᠎ᠠ ᠳᠤ ᠲᠤᠬᠢᠷᠠᠭᠤᠯᠤᠨ᠎ᠠ᠂ ᠠᠯᠪᠠᠨ ᠭᠡᠷ ᠤᠨ ᠡᠷᠬᠢᠯᠡᠭᠴᠢ᠄ ᠬᠤᠳᠠ ᠶᠢᠨ ᠤᠰᠤᠨ ᠠᠰᠢᠭᠯᠠᠯᠲᠠ ᠶᠢᠨ | ᠲᠣᠪᠴᠢᠶ᠎ᠠ ᠶᠢᠨ ᠳᠠᠷᠤᠭ᠎ᠠ ᠤᠷᠳᠤᠨᠠᠰᠤᠨ ︵ᠬᠠᠪᠰᠤᠷᠭᠠᠨ ᠬᠠᠷᠢᠭᠤᠴᠠᠨ᠎ᠠ︶᠃ | ᠲᠠᠪᠤ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠲᠤᠰ ᠤᠳᠠᠭᠠᠨ ᠤ ᠥᠪᠡᠷ ᠲᠡᠭᠡᠨ ᠪᠡᠯᠡᠳᠬᠡᠭᠰᠡᠨ ᠤᠰᠤᠨ | ᠰᠤᠷᠪᠤᠯᠵᠢ ᠶᠢᠨ ᠬᠤᠳᠳᠤᠭ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠶᠠᠪᠤᠳᠠᠯ ᠢ ᠴᠢᠬᠤᠯᠠ | ᠪᠠᠶᠢᠷᠢᠨ ᠳᠤ ᠲᠠᠯᠪᠢᠵᠤ᠂ ᠭᠤᠣᠯ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠢᠨᠠᠮᠠᠭᠠᠶ | ᠪᠠᠶᠢᠷᠢᠯᠠᠭᠤᠯᠤᠨ᠂ ᠨᠠᠷᠢᠨ ᠨᠢᠭᠲᠠ ᠲᠣᠬᠢᠷᠠᠭᠤᠯᠵᠤ᠂ ᠱᠠᠳᠤ ᠱᠠᠳᠤ ᠪᠠᠷ ᠨᠠᠶᠢᠳᠠᠪᠤᠷᠢᠵᠢᠭᠤᠯᠤᠨ᠂ ᠥᠪᠡᠷ ᠲᠡᠭᠡᠨ | ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ | ᠪᠠᠶᠢᠭᠤᠯᠤᠯᠲᠠ ᠲᠠᠢ ᠠᠯᠬᠤᠮ ᠲᠠᠷᠠᠭ᠎ᠠ ᠲᠠᠢ ᠤᠷᠤᠭᠰᠢᠲᠠᠶ ᠶᠠᠪᠤᠭᠳᠠᠭᠤᠯᠬᠤ ᠢ ᠪᠠᠲᠤᠯᠠᠬᠤ ᠬᠡᠷᠡᠭᠲᠡᠶ᠃ | ︵ᠬᠤᠶᠠᠷ︶ ᠬᠡᠷᠪᠡ ᠮᠡᠳᠡᠭᠦᠯᠬᠦ ᠥᠭᠡᠢ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ ᠪᠤᠶᠤ ᠥᠪᠡᠷ ᠲᠡᠭᠡᠨ | ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠤᠨ ᠵᠢᠭᠰᠠᠭᠠᠨ ᠪᠠᠶᠢᠴᠠᠭᠠᠬᠤ ᠠᠵᠢᠯ ᠤᠨ ᠬᠡᠪ ᠤᠨ ᠶᠣᠰᠣᠭᠠᠷ | ᠶᠠᠪᠤᠭᠳᠠᠬᠤ ᠶᠢ ᠬᠠᠷᠰᠢᠯᠠᠭᠰᠠᠨ ᠨᠢᠭᠡᠴᠡ ︵ᠬᠤᠪᠢ ᠬᠥᠮᠦᠨ︶ ᠪᠠᠶᠢᠬᠤ ᠶᠢ ᠣᠯᠵᠤ ᠮᠡᠳᠡᠪᠡᠯ᠂ ᠬᠠᠮᠢᠶ᠎ᠠ ᠪᠥᠬᠦᠢ | ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃ | ︵ᠭᠤᠷᠪᠠ︶ ᠵᠢᠭᠰᠠᠭᠠᠨ ᠪᠠᠶᠢᠴᠠᠭᠠᠵᠤ ᠬᠤᠷᠢᠶᠠᠩᠭᠤᠶᠢᠯᠠᠭᠰᠠᠨ ᠤ ᠳᠠᠷᠠᠭᠠᠬᠢ ᠥᠪᠡᠷᠲᠡᠭᠡᠨ ᠪᠡᠯᠡᠳᠬᠡᠭᠰᠡᠨ ᠤᠰᠤᠨ | ᠰᠤᠷᠪᠤᠯᠵᠢ ᠶᠢᠨ ᠬᠤᠳᠳᠤᠭ ᠲᠤ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠰᠢᠨᠵᠢ ᠴᠢᠨᠠᠷ ᠢ | ᠲᠣᠭᠲᠠᠭᠠᠬᠤ ᠶᠢ ᠬᠠᠷᠢᠭᠤᠴᠠᠨ᠎ᠠ᠂ ᠲᠣᠭᠲᠠᠭᠠᠯ ᠶᠣᠰᠣᠭᠠᠷ ᠪᠢᠲᠡᠭᠦᠮᠵᠢᠯᠡᠭᠰᠡᠨ ᠥᠪᠡᠷᠲᠡᠭᠡᠨ ᠪᠡᠯᠡᠳᠬᠡᠭᠰᠡᠨ ᠤᠰᠤᠨ | ᠰᠤᠷᠪᠤᠯᠵᠢ ᠶᠢᠨ ᠬᠤᠳᠳᠤᠭ ᠲᠤ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠳᠤᠷ᠎ᠠ ᠪᠠᠷ ᠢᠶᠠᠨ ᠪᠢᠲᠡᠭᠦᠮᠵᠢ ᠶᠢ | ᠵᠠᠳᠠᠯᠵᠤ ᠡᠬᠢᠯᠡᠨ ᠬᠡᠷᠡᠭᠯᠡᠵᠦ ᠪᠣᠯᠬᠤ ᠥᠬᠡᠶ᠂ ᠡᠰᠡ ᠲᠡᠭᠡᠪᠡᠯ ᠨᠢᠭᠡᠴᠡ ᠶᠢᠨ ᠬᠠᠷᠢᠭᠤᠴᠠᠯᠭᠠᠲᠠᠨ ᠪᠠ ᠬᠤᠯᠪᠣᠭᠳᠠᠯ | ᠪᠥᠬᠦᠶ ᠬᠥᠮᠦᠰ ᠤᠨ ᠬᠠᠤᠯᠢ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ︔ ᠤᠰᠤ ᠲᠠᠲᠠᠬᠤ ᠵᠥᠪᠰᠢᠶᠡᠷᠡᠯ ᠤᠨ ᠭᠠᠷᠳᠠᠮ | ᠭᠦᠢᠴᠡᠳᠬᠡᠬᠦ ᠴᠢᠬᠤᠯᠠ ᠲᠠᠢ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠬᠤᠳᠠ ᠶᠢᠨ | ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠠᠷᠢᠭᠤᠴᠠᠵᠤ ᠪᠠᠶᠢᠭᠠᠳ ᠬᠠᠮᠢᠶ᠎ᠠ ᠪᠥᠬᠦᠢ ᠨᠢᠭᠡᠴᠡ ᠪᠤᠶᠤ ᠤᠰᠤ | ᠬᠡᠷᠡᠭᠯᠡᠬᠦ ᠡᠷᠥᠭᠡ ᠳᠤ ᠮᠡᠳᠡᠭᠳᠡᠵᠦ ᠴᠠᠭ ᠲᠤᠬᠠᠶ ᠳᠤᠨᠢ ᠭᠦᠢᠴᠡᠳᠬᠡᠯᠭᠡᠨ᠎ᠡ᠃ | |