ᠠᠮᠵᠢᠯᠳᠡ ᠤᠯᠬᠤ ᠳᠤ ᠠᠷᠭ᠎ᠠ ᠰᠦᠪᠡᠭᠴᠢᠯᠡᠵᠦ ᠵᠤᠷᠢᠬᠳᠠᠢ ᠬᠢᠬᠦ ᠨᠢ ᠴᠢᠬᠤᠯᠠ
ᠨᠡᠶᠢᠲᠡᠯᠡᠭᠰᠡᠨ ᠴᠠᠭ᠄
2023/8/31
ᠠᠮᠵᠢᠯᠳᠡ ᠤᠯᠬᠤ ᠳᠤ ᠠᠷᠭ᠎ᠠ ᠰᠦᠪᠡᠭᠴᠢᠯᠡᠵᠦ ᠵᠤᠷᠢᠬᠳᠠᠢ ᠬᠢᠬᠦ ᠨᠢ ᠴᠢᠬᠤᠯᠠᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠪᠤᠯᠠᠭᠠᠠᠳᠤᠬᠤᠢ ᠰᠤᠮᠤᠨ ᠤ ᠬᠦᠨᠨᠠᠭᠤᠷ ᠭᠠᠴᠠᠭᠠᠨ ᠤ ᠮᠠᠯᠴᠢᠨ ᠵᠠᠯᠠᠭᠤ ᠳᠦᠭᠦᠷᠡᠩᠪᠢᠯᠢᠭ ᠴᠠᠬᠠᠷ ᠬᠤᠨᠢ ᠪᠠᠨ ᠦᠪᠡᠷᠲᠡᠭᠡᠨ ᠡᠳ᠋ᠰᠢᠬᠦᠯᠦᠨ ᠪᠤᠯᠪᠠᠰᠤᠷᠠᠭᠤᠯᠵᠦ᠂ ᠭᠡᠳᠡᠰᠦ ᠲᠤᠲᠤᠷ ᠢ ᠨᠢ ᠪᠤᠯᠭᠤᠵᠦ ᠬᠤᠳᠠᠯᠳᠤᠬᠤ ᠪᠠ ᠶᠠᠰᠦ ᠮᠢᠬ᠎ᠠ ᠶᠢ ᠨᠢ ᠰᠠᠯᠭᠠᠵᠦ ᠬᠡᠰᠡᠭᠯᠡᠨ ᠤᠭᠤᠲᠠᠯᠠᠵᠦ ᠬᠤᠳᠠᠯᠳᠤᠬᠤ ᠬᠤᠶᠠᠷ ᠵᠦᠢᠯ ᠤᠨ ᠬᠡᠯᠪᠡᠷᠢ ᠪᠠᠷ ᠪᠦᠲᠦᠭᠡᠭᠳᠡᠬᠦᠨ ᠢᠶᠠᠨ ᠵᠠᠬ᠎ᠠ ᠳᠤ ᠭᠠᠷᠭᠠᠵᠦ ᠬᠤᠳᠠᠯᠳᠤᠭᠠᠳ ᠬᠡᠷᠡᠭᠯᠡᠭᠴᠢᠳ ᠤᠨ ᠲᠠᠭᠠᠰᠢᠶᠠᠯ ᠢ ᠶᠡᠬᠡᠳᠡ ᠤᠯᠤᠬᠰᠠᠨ ᠢᠶᠠᠷ ᠪᠠᠷᠠᠬᠤ ᠦᠬᠡᠢ ᠮᠠᠯ ᠤᠨ ᠦᠨ᠎ᠠ ᠬᠠᠩᠰᠢ ᠪᠠᠭᠤᠷᠠᠬᠰᠠᠨ ᠪᠠᠶᠢᠳᠠᠯ ᠳᠤ ᠴᠦ ᠤᠷᠤᠯᠭ᠎ᠠ ᠶᠢᠨ ᠨᠡᠮᠡᠭᠳᠡᠯ ᠢᠶᠠᠨ ᠪᠠᠲᠤᠯᠠᠵᠦ ᠴᠢᠳᠠᠵᠠᠢ᠃ ᠬᠤᠨᠢ ᠪᠠᠨ ᠦᠪᠡᠷᠲᠡᠭᠡᠨ ᠡᠳ᠋ᠰᠢᠭᠦᠯᠵᠦ ᠪᠤᠯᠪᠠᠰᠤᠷᠠᠭᠤᠯᠬᠤ ᠶᠠᠪᠤᠴᠠ ᠳᠤ ᠬᠦᠳᠡᠯᠮᠦᠷᠢ ᠬᠦᠴᠦ ᠢᠯᠡᠬᠦᠦ ᠱᠠᠭᠠᠷᠳᠠᠬᠳᠠᠵᠦ᠂ ᠬᠦᠯᠦᠰᠦ ᠤᠯᠭᠤᠮᠵᠢ ᠶᠢᠨ ᠠᠰᠠᠭᠤᠳᠠᠯ ᠲᠤᠯᠭᠠᠷᠠᠳᠠᠭ ᠴᠦ ᠬᠤᠨᠢᠨ ᠤ ᠪᠠᠨ ᠳᠤᠯᠤᠭᠠᠢ ᠰᠢᠬᠢᠷ᠎ᠠ ᠢᠢ ᠬᠤᠳᠠᠯᠳᠤᠪᠠᠯ ᠡᠨᠡ ᠬᠦ ᠠᠰᠠᠭᠤᠳᠠᠯ ᠢᠶᠠᠨ ᠮᠦᠨ ᠲᠤᠬᠢᠲᠠᠢ ᠰᠢᠢᠳᠪᠦᠷᠢᠯᠡᠴᠢᠬᠡᠳᠡᠭ ᠠᠴᠠ ᠠᠵᠦ ᠠᠬᠤᠢ ᠶᠢᠨ ᠳᠠᠷᠤᠭᠠᠰᠦ ᠪᠤᠯᠳᠠᠭ ᠦᠬᠡᠢ᠃ ᠬᠠᠷᠢᠨ ᠬᠤᠨᠢ ᠪᠠᠨ ᠢᠩᠭᠢᠵᠦ ᠦᠪᠡᠷᠲᠡᠭᠡᠨ ᠡᠳ᠋ᠰᠢᠬᠦᠯᠦᠨ ᠪᠤᠯᠪᠠᠰᠤᠷᠠᠭᠤᠯᠵᠦ ᠪᠦᠲᠦᠭᠡᠭᠳᠡᠬᠦᠨ ᠤ ᠬᠡᠯᠪᠡᠷᠢ ᠪᠠᠷ ᠪᠤᠷᠤᠯᠠᠭᠤᠯᠪᠠᠯ ᠰᠢᠭᠤᠳ ᠬᠤᠳᠠᠯᠳᠤᠬᠰᠠᠨ ᠢ ᠪᠤᠳᠤᠪᠠᠯ 300 ᠰᠢᠬᠠᠮ ᠲᠦᠭᠦᠷᠢᠭ ᠢᠯᠡᠬᠦᠦ ᠤᠯᠳᠠᠭ ᠪᠠᠶᠢᠨ᠎ᠠ᠃ᠡᠨᠡ ᠪᠤᠯ ᠠᠵᠢᠬᠴᠢ ᠬᠢᠷᠠᠬᠠᠢ ᠮᠠᠯᠴᠢᠳ ᠤᠨ ᠮᠠᠨᠢ ᠵᠠᠬ᠎ᠠ ᠳᠡᠯᠭᠡᠭᠦᠷ ᠤᠨ ᠪᠠᠶᠢᠳᠠᠯ ᠢ ᠠᠵᠢᠵᠦ ᠠᠰᠢᠭ ᠤᠷᠤᠯᠭ᠎ᠠ ᠪᠠᠨ ᠨᠡᠮᠡᠭᠳᠡᠬᠦᠯᠬᠦ ᠲᠠᠯ᠎ᠠ ᠪᠠᠷ ᠬᠢᠭᠰᠡᠨ ᠵᠤᠷᠢᠬᠳᠠᠢ ᠰᠦᠪᠡᠭᠴᠢᠯᠡᠯᠲᠡ ᠲᠤᠷᠰᠢᠴᠠ ᠪᠤᠯᠬᠤ ᠶᠤᠮ᠃ ᠵᠠᠬ᠎ᠠ ᠳᠡᠯᠭᠡᠭᠦᠷ ᠤᠨ ᠠᠵᠦ ᠠᠬᠤᠢ ᠬᠦᠭᠵᠢᠶᠡᠨ ᠲᠠᠢ ᠪᠤᠯᠤᠬᠰᠠᠨ ᠰᠢᠨ᠎ᠡ ᠡᠷᠢᠨ ᠴᠠᠭ ᠲᠤ ᠪᠢᠳᠡ ᠮᠠᠯ ᠤᠨ ᠠᠰᠢᠭ ᠰᠢᠮ᠎ᠡ ᠪᠠᠨ ᠭᠠᠳᠠᠬᠰᠢ ᠪᠤᠷᠤᠯᠠᠭᠤᠯᠬᠤ᠂ ᠤᠬᠠᠭᠤᠯᠤᠨ ᠲᠠᠨᠢᠯᠴᠠᠭᠤᠯᠬᠤ ᠰᠢᠨ᠎ᠡ ᠠᠷᠭ᠎ᠠ ᠵᠠᠮ ᠢ ᠲᠠᠰᠤᠷᠠᠯᠲᠠ ᠦᠬᠡᠢ ᠰᠦᠪᠡᠭᠴᠢᠯᠠᠵᠦ᠂ ᠮᠦᠨ ᠲᠡᠬᠦᠨ ᠢ ᠪᠠᠨ ᠦᠢᠯᠡᠳᠦᠯᠭᠡᠵᠢᠬᠦᠯᠵᠦ᠂ ᠤᠷᠤᠨ ᠨᠤᠲᠤᠭ ᠤᠨ ᠤᠨᠴᠠᠯᠢᠬᠲᠦ ᠴᠡᠪᠡᠷ ᠪᠠᠶᠢᠭᠠᠯᠢᠯᠢᠭ ᠪᠦᠲᠦᠭᠡᠭᠳᠡᠬᠦᠨ ᠤ ᠨᠦᠯᠦᠭᠡᠯᠡᠬᠦ ᠬᠦᠴᠦᠨ ᠪᠠ ᠨᠡᠷ᠎ᠡ ᠠᠯᠳᠠᠷᠰᠢᠯ ᠢ ᠳᠡᠭᠡᠭᠰᠢᠯᠡᠭᠦᠯᠵᠦ ᠴᠢᠳᠠᠳᠠᠭ ᠯᠡ ᠶᠤᠮ ᠪᠤᠯ ᠠᠰᠢᠭ ᠤᠷᠤᠯᠭ᠎ᠠ ᠶᠢᠨ ᠨᠡᠮᠡᠭᠳᠡᠯ ᠢᠶᠠᠨ ᠪᠠᠲᠤᠯᠠᠵᠦ ᠴᠢᠳᠠᠬᠤ ᠨᠢ ᠯᠠᠪᠳᠠᠢ ᠶᠤᠮ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号