ᠪᠥᠬᠦ ᠠᠶᠢᠮᠠᠭ ᠤᠨ ᠠᠩᠬᠠᠳᠤᠭᠠᠷ ᠬᠤᠭᠤᠴᠠᠭᠠᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠶᠢᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠭᠦᠶ᠋ᠴᠡᠳᠬᠡᠬᠦ ᠴᠢᠳᠠᠪᠤᠷᠢ ᠶᠢᠨ ᠪᠣᠯᠪᠠᠰᠤᠷᠠᠯ ᠤᠨ ᠠᠩᠭᠢ ᠰᠢᠯᠢ ᠶᠢᠨ ᠬᠤᠲᠠ ᠳᠤ ᠶᠠᠪᠤᠭᠳᠠᠭᠰᠠᠨ ᠪᠥᠭᠡᠳᠲᠤᠬᠠᠶ ᠶᠢᠨ ᠲᠠᠯᠠᠪᠤᠷ ᠲᠤ ᠲᠣᠭᠤᠷᠢᠨ ᠦ᠊
ᠨᠡᠶᠢᠲᠡᠯᠡᠭᠰᠡᠨ ᠴᠠᠭ᠄
2023/8/4
ᠪᠥᠬᠦ ᠠᠶᠢᠮᠠᠭ ᠤᠨ ᠠᠩᠬᠠᠳᠤᠭᠠᠷ ᠬᠤᠭᠤᠴᠠᠭᠠᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠶᠢᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠭᠦᠶ᠋ᠴᠡᠳᠬᠡᠬᠦ ᠴᠢᠳᠠᠪᠤᠷᠢ ᠶᠢᠨ ᠪᠣᠯᠪᠠᠰᠤᠷᠠᠯ ᠤᠨ ᠠᠩᠭᠢ ᠰᠢᠯᠢ ᠶᠢᠨ ᠬᠤᠲᠠ ᠳᠤ ᠶᠠᠪᠤᠭᠳᠠᠭᠰᠠᠨ ᠪᠥᠭᠡᠳᠲᠤᠬᠠᠶ ᠶᠢᠨ ᠲᠠᠯᠠᠪᠤᠷ ᠲᠤ ᠲᠣᠭᠤᠷᠢᠨ ᠦᠵᠡᠪᠡ      8 ᠳ᠋ᠤᠭᠠᠷ ᠰᠠᠷ᠎ᠠ ᠶᠢᠨ 3 ᠤ ᠡᠳᠦᠷ᠂ ᠪᠥᠬᠦ ᠠᠶᠢᠮᠠᠭ ᠤᠨ ᠠᠩᠬᠠᠳᠤᠭᠠᠷ ᠬᠤᠭᠤᠴᠠᠭᠠᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠶᠢᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠩᠭᠢ ᠰᠢᠯᠢ ᠶᠢᠨ ᠬᠤᠲᠠ ᠳᠤ ᠶᠠᠪᠤᠭᠳᠠᠭᠰᠠᠨ ᠪᠥᠭᠡᠳ ᠲᠣᠭᠤᠷᠢᠨ ᠦᠵᠡᠵᠦ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠣᠤ ᠬᠠᠶ ᠰᠢᠤᠢ ᠣᠷᠣᠯᠴᠠᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠭᠦᠸᠧ ᠵᠸᠣ ᠪᠠᠷ᠎ᠠ ᠪᠣᠯᠵᠣ ᠲᠣᠭᠤᠷᠢᠨ ᠦᠵᠡᠪᠡ᠃
     ᠬᠤᠷᠠᠯ ᠳᠤ ᠣᠷᠣᠯᠴᠠᠭᠰᠠᠳ ᠴᠢᠭᠤᠯᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠰᠢᠯᠢᠨ ᠨᠡᠶᠢᠭᠡᠮ ᠲᠣᠭᠤᠷᠢᠭ ᠤᠨ ᠭᠡᠰᠢᠭᠦᠳ ᠤᠨ ᠠᠵᠢᠯᠯᠠᠬᠤ ᠲᠠᠰᠤᠭ ᠲᠤ ᠬᠦᠷᠴᠦ᠂ ᠤᠯᠤᠰ ᠲᠦᠷᠦ ᠶᠢᠨ ᠵᠥᠪᠯᠡᠯᠭᠡᠨ ᠳᠤ ᠪᠠᠶᠢᠴᠠᠭᠠᠨ ᠰᠤᠳᠤᠯᠤᠯᠲᠠ ᠬᠢᠵᠦ ᠵᠥᠪᠳᠡᠯᠴᠡᠭᠡᠳ ᠦᠨᠳᠦᠰᠦᠨ ᠱᠠᠲᠤᠨ ᠳᠤ ᠠᠵᠢᠯ ᠢᠶᠠᠨ ᠤᠷᠲᠤᠳᠬᠠᠬᠤ ᠶᠢᠨ ᠬᠠᠮᠲᠤ ︽ᠪᠢᠴᠢᠭ ᠤᠨ ᠰᠤᠷᠪᠤᠯᠵᠢᠲᠤ ᠤᠯᠤᠰ ᠲᠦᠷᠦ ᠶᠢᠨ ᠵᠥᠪᠯᠡᠯᠭᠡᠨ᠂ ᠰᠢᠯᠢᠨ ᠣᠩᠰᠢᠭᠤ︾ ᠭᠡᠰᠢᠭᠦᠳ ᠤᠨ ᠨᠣᠮ ᠤᠩᠰᠢᠬᠤ ᠠᠵᠢᠯᠯᠠᠭ᠎ᠠ ᠳᠤ ᠣᠷᠣᠯᠴᠠᠪᠠ᠃
     ᠬᠤᠷᠠᠯ ᠳᠤ ᠣᠷᠣᠯᠴᠠᠭᠰᠠᠳ ᠤᠢᠢᠷ᠎ᠠ ᠶᠢᠨ ᠵᠢᠯ ᠤᠨ ᠲᠤᠷᠰᠢᠬᠢ ᠮᠠᠨ ᠤ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠰᠠᠶᠢᠨ ᠲᠤᠷᠰᠢᠯᠭ᠎ᠠ ᠠᠷᠭ᠎ᠠ ᠬᠢᠳᠡᠯ ᠢᠶᠠᠨ ᠬᠠᠷᠢᠯᠴᠠᠨ ᠰᠤᠷᠤᠯᠴᠠᠵᠥ ᠬᠠᠷᠢᠯᠴᠠᠨ ᠲᠤᠯᠢ ᠪᠣᠯᠭᠠᠵᠤ᠂ ᠬᠠᠮᠲᠤᠪᠠᠷ ᠳᠡᠭᠡᠭᠰᠢᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠵᠥᠪᠳᠡᠯᠴᠡᠭᠡ ᠶᠢ ᠦᠨᠳᠦᠰᠦᠨ ᠱᠠᠳᠤ ᠲᠡᠰᠢ ᠥᠷᠭᠡᠵᠢᠭᠦᠯᠦᠨ ᠥᠷᠭᠡᠳᠬᠡᠬᠦ ᠶᠢ ᠲᠠᠰᠤᠷᠠᠯᠲᠠ ᠦᠭᠡᠢ ᠠᠬᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号