︽  ᠰᠢᠯᠢ ᠶᠢᠨ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠵᠠᠷᠤᠳᠠᠯ ᠤᠨ ᠪᠠᠲᠤᠯᠠᠭ᠎ᠠ ᠶᠢᠨ ᠠᠵᠢᠯ ᠤᠨ ᠲᠥᠰᠥᠯ ︵ᠲᠤᠷᠰᠢᠨ ᠬᠡᠷᠡᠭᠵᠢᠭᠦᠯᠬᠦ︶︾ ᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/9/15
︽ ᠰᠢᠯᠢ ᠶᠢᠨ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠵᠠᠷᠤᠳᠠᠯ ᠤᠨ ᠪᠠᠲᠤᠯᠠᠭ᠎ᠠ ᠶᠢᠨ ᠠᠵᠢᠯ ᠤᠨ ᠲᠥᠰᠥᠯ ︵ᠲᠤᠷᠰᠢᠨ ᠬᠡᠷᠡᠭᠵᠢᠭᠦᠯᠬᠦ︶︾  ᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄︽ ᠰᠢᠯᠢ ᠶᠢᠨ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠵᠠᠷᠤᠳᠠᠯ ᠢ ᠪᠠᠲᠤᠯᠠᠬᠤ ᠠᠵᠢᠯ ᠤᠨ ᠲᠥᠰᠥᠯ ︵ᠲᠤᠷᠰᠢᠨ ᠬᠡᠷᠡᠭᠵᠢᠭᠦᠯᠬᠦ︶︾᠎ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠶ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠣᠬᠤᠬᠤ ᠪᠣᠯᠪᠠᠣ᠃ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                                                                                 2023 ᠣᠨ ᠤ 9 ᠰᠠᠷ᠎ᠠ ᠶᠢᠨ 5 ᠰᠢᠯᠢ ᠶᠢᠨ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠵᠠᠷᠤᠳᠠᠯ ᠢ ᠪᠠᠲᠤᠯᠠᠬᠤ ᠠᠵᠢᠯ ᠤᠨ ᠲᠥᠰᠥᠯ         ︵ᠲᠤᠷᠰᠢᠨ ᠬᠡᠷᠡᠭᠵᠢᠭᠦᠯᠬᠦ︶︽ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠤᠷᠰᠢᠯᠲᠠ ᠶᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠰᠠᠨᠠᠯ︾ ︽ᠰᠢᠯᠢ ᠶᠢᠨ ᠭᠤᠣᠯ ᠠᠶᠢᠮᠠᠭ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠵᠠᠷᠤᠳᠠᠯ ᠤᠨ ᠪᠠᠲᠤᠯᠠᠭ᠎ᠠ ᠶᠢᠨ ᠠᠵᠢᠯ ᠤᠨ ᠰᠠᠨᠠᠯ︾᠎ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠬᠦ ᠶᠢ ᠠᠬᠢᠭᠤᠯᠬᠤ ᠶᠢᠨ ᠲᠤᠰᠠᠳᠠ᠂ ᠡᠳᠦᠭᠡ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ᠨᠢᠭᠡ᠂᠂ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠪᠠ ︽ᠫᠦᠵᠢᠶᠠᠩ ᠤᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠬᠦ ᠪᠠᠷ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠵᠠᠷᠤᠳᠠᠯ ᠤᠨ ᠪᠠᠲᠤᠯᠠᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠪᠠᠷ ᠳᠡᠮᠵᠢᠨ᠂ ᠦᠨᠳᠦᠰᠦᠨ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠶᠢᠨ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠠᠵᠢᠯ ᠤᠨ ᠥᠨᠳᠥᠷ ᠪᠦᠲᠦᠮᠵᠢᠲᠡᠶ ᠠᠵᠢᠯᠯᠠᠭᠠᠨ ᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠪᠥᠬᠦ ᠬᠤᠲᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠤᠨ ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠦᠨ᠎ᠡ᠃ᠬᠤᠶᠠᠷ᠂ ᠠᠵᠢᠯ ᠤᠨ ᠬᠠᠷᠠᠯᠲᠠ︽ᠹᠧᠩᠴᠢᠶᠤᠤ ᠶᠢᠨ ᠲᠤᠷᠰᠢᠯᠭ᠎ᠠ︾ ᠪᠣᠯᠣᠨ ︽ᠫᠦᠵᠢᠶᠠᠩ ᠤᠨ ᠲᠤᠷᠰᠢᠯᠭ᠎ᠠ︾᠎ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠪᠠᠨ ᠵᠣᠬᠢᠴᠠᠭᠤᠯᠬᠤ᠂ ᠡᠷᠬᠡ ᠠᠰᠢᠭ ᠢᠶᠠᠨ ᠪᠠᠲᠤᠯᠠᠬᠤ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠴᠣᠩᠬᠤ ᠶᠢ ᠤᠷᠤᠭᠰᠢ ᠰᠢᠯᠵᠢᠭᠦᠯᠬᠦ᠂ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠪᠡᠶᠡᠯᠡᠭᠦᠯᠵᠦ᠂ ︽ᠣᠯᠠᠨ ᠲᠦᠮᠡᠨ ᠤ ᠰᠣᠷᠪᠣᠯᠵᠢᠯᠠᠭ᠎ᠠ ᠶᠢ ᠬᠦᠯᠢᠶᠡᠬᠦ︾᠎ ᠶᠢ ︽ᠣᠯᠠᠨ ᠲᠦᠮᠡᠨ ᠢ ᠣᠷᠣᠯᠠᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ︽ᠰᠠᠨᠠᠭᠠᠴᠢᠯᠠᠭ᠎ᠠ ᠠᠴᠠ ᠪᠠᠨ ᠵᠥᠷᠢᠴᠡᠯ ᠢ ᠰᠢᠢᠳᠪᠦᠷᠢᠯᠡᠬᠦ︾᠎ ᠶᠢ ︽ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠢᠳᠪᠦᠷᠢᠯᠡᠬᠦ︾ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠠᠩᠬ᠎ᠠ ᠤᠳᠠᠭᠠᠨ ᠤ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠴᠠᠭ ᠲᠤᠬᠠᠢ ᠎ ᠳᠤᠨᠢ ᠪᠦᠲᠦᠮᠵᠢᠲᠡᠶ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠣᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ᠥᠪᠡᠷ ᠤᠨ ᠥᠷᠲᠡᠭ ᠪᠠ ᠰᠤᠷᠪᠤᠯᠵᠢᠯᠠᠬᠤ ᠲᠤᠭ᠎ᠠ ᠬᠡᠮᠵᠢᠶ᠎ᠡ ᠶᠢ ᠡᠬᠢ ᠰᠤᠷᠪᠤᠯᠵᠢ ᠠᠴᠠ ᠨᠢ ᠪᠠᠭᠠᠰᠬᠠᠵᠤ᠂ ︽ᠪᠠᠭ᠎ᠠ ᠶᠠᠪᠤᠳᠠᠯ ᠢ ᠨᠡᠶᠢᠭᠡᠮ ᠲᠣᠭᠤᠷᠢᠭ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠭᠠᠷᠭᠠᠬᠤ ᠦᠭᠡᠢ᠂ ᠬᠤᠲᠠ ᠲᠣᠳᠣᠷ᠎ᠠ ᠪᠠᠨ ᠡᠶᠡᠳᠡᠭᠦᠯᠦᠨ ᠰᠢᠢᠳᠪᠦᠷᠢᠯᠡᠬᠦ︾ ᠰᠠᠶᠢᠨ ᠰᠠᠶᠢᠬᠠᠨ ᠤᠳᠤᠷᠢᠳᠤᠮᠵᠢ ᠶᠢ ᠪᠤᠶ ᠪᠣᠯᠭᠠᠨ᠎ᠠ᠃ᠭᠤᠷᠪᠠ᠂  ᠂ ᠵᠠᠷᠤᠳᠠᠯ  ᠎ ᠤᠨ ᠬᠡᠷᠡᠭᠯᠡᠬᠦ ᠬᠡᠪᠴᠢᠶ᠎ᠡ ᠪᠠ ᠪᠠᠷᠢᠮᠵᠢᠶ᠎ᠠᠲᠣᠰ ᠲᠤᠷᠰᠢᠨ ᠬᠡᠷᠡᠭᠵᠢᠭᠦᠯᠬᠦ ᠲᠥᠰᠥᠯ ᠳᠠᠬᠢ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠵᠦᠢᠯᠡᠰ ᠭᠡᠳᠡᠭ ᠨᠢ ᠠᠷᠠᠳ ᠤᠨ ᠠᠮᠢᠳᠤᠷᠠᠯ ᠤᠨ ᠲᠥᠷᠥᠯ ᠤᠨ ᠠᠩᠬᠠᠨ ᠤ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠵᠢᠭᠠᠵᠤ ᠪᠠᠶᠢᠨ᠎ᠠ᠂ ᠡᠭᠦᠨ ᠳᠤ ᠰᠤᠷᠪᠤᠯᠵᠢᠯᠠᠬᠤ ᠠᠴᠠ ᠡᠮᠦᠨᠡᠬᠢ ᠵᠦᠢᠯᠡᠰ ᠪᠠ ᠠᠩᠬᠠᠨ ᠤ ᠵᠠᠬᠢᠳᠠᠯ ᠠᠩᠬᠠᠨ ᠤ ᠰᠣᠷᠪᠤᠯᠵᠢᠯᠠᠭ᠎ᠠ ︵ᠰᠦᠯᠵᠢᠶ᠎ᠡ︶᠎ ᠶᠢᠨ ᠵᠦᠢᠯᠡᠰ ᠪᠠᠭᠲᠠᠨ᠎ᠠ᠂ ᠡᠩ ᠤᠨ ᠪᠠᠶᠢᠳᠠᠯ ᠳᠤ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠰᠠᠨᠠᠯ ᠰᠠᠨᠠᠭᠤᠯᠭ᠎ᠠ ᠶᠢᠨ ᠲᠥᠷᠥᠯ ᠤᠨ ᠠᠰᠠᠭᠤᠳᠠᠯ ᠪᠠᠭᠲᠠᠬᠤ ᠦᠭᠡᠢ᠂ ᠦᠨᠳᠦᠰᠦᠨ ᠱᠠᠲᠤᠨ ᠤ ᠵᠠᠰᠠᠯᠲᠠ ᠪᠠ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠵᠦᠢᠯᠡᠰ ᠢ ᠲᠡᠭᠦᠨ ᠤ ᠳᠣᠲᠣᠷ᠎ᠠ ᠪᠤᠳᠤᠵᠤ ᠣᠷᠣᠭᠤᠯᠬᠤ ᠦᠭᠡᠢ᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠵᠠᠷᠤᠳᠠᠯ ᠢ ᠭᠤᠣᠯᠳᠠᠭᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠶᠢᠨ ᠱᠠᠩᠨᠠᠯ ᠨᠥᠬᠦᠪᠦᠷᠢ ᠶᠢᠨ ᠵᠠᠷᠤᠯᠭ᠎ᠠ ᠳᠤ ᠬᠡᠷᠡᠭᠯᠡᠨ᠎ᠡ᠃ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠶᠢ ᠱᠠᠩᠨᠠᠵᠤ ᠨᠥᠬᠦᠪᠦᠷᠢᠯᠡᠬᠦ ᠳᠤ ︽ᠨᠢᠭᠡ ᠬᠡᠷᠡᠭ ᠲᠤ ᠨᠢᠭᠡ ᠶᠢ ᠨᠥᠬᠦᠪᠦᠷᠢᠯᠡᠬᠦ︾ ᠪᠠ ︽ᠬᠡᠨ ᠣᠷᠣᠯᠠᠨ ᠭᠦᠢᠴᠡᠳᠬᠡᠪᠡᠯ ᠬᠡᠨ ᠢ ᠱᠠᠩᠨᠠᠵᠤ ᠨᠥᠬᠦᠪᠦᠷᠢᠯᠡᠬᠦ︾ ᠵᠠᠷᠴᠢᠮ ᠢ ᠪᠠᠷᠢᠮᠲᠠᠯᠠᠵᠤ᠂ ᠠᠳᠠᠯᠢ ᠨᠢᠭᠡᠨ ᠵᠦᠢᠯᠡᠰ ᠲᠤ ᠨᠢᠭᠡ ᠯᠡ ᠤᠳᠠᠭ᠎ᠠ ᠱᠠᠩᠨᠠᠵᠤ ᠨᠥᠬᠦᠪᠦᠷᠢᠯᠡᠨ᠎ᠡ᠃ ᠱᠠᠩᠨᠠᠵᠤ ᠨᠥᠬᠦᠪᠦᠷᠢᠯᠡᠬᠦ ᠡᠲᠡᠭᠡᠳ ᠨᠢ ᠡᠯ᠎ᠡ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠲᠣᠭᠲᠠᠭᠠᠭᠰᠠᠨ ᠪᠥᠭᠡᠳ ᠰᠢᠯᠢ ᠶᠢᠨ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠳᠠᠩᠰᠠᠯᠠᠭᠤᠯᠤᠭᠰᠠᠨ ᠣᠷᠣᠯᠠᠨ ᠭᠦᠢᠴᠡᠳᠭᠡᠭᠴᠢ ᠪᠣᠯᠣᠨ᠎ᠠ᠃ ᠣᠷᠣᠯᠠᠨ ᠭᠦᠢᠴᠡᠳᠭᠡᠭᠴᠢ ᠨᠢ ᠠᠵᠢᠯ ᠳᠤ ᠪᠠᠶᠢᠭ᠎ᠠ ᠵᠠᠰᠠᠭ ᠵᠠᠬᠢᠷᠭᠠᠨ ᠤ ᠣᠷᠣᠨ ᠲᠤᠭ᠎ᠠ ᠲᠠᠢ ᠠᠵᠢᠯᠳᠠᠨ ᠪᠠ ᠪᠦᠷᠢᠨ ᠲᠣᠭᠠᠴᠠᠳᠣ ᠬᠥᠯᠦᠰᠦ ᠣᠯᠭᠤᠮᠵᠢ ᠲᠠᠢ ᠠᠵᠢᠯ ᠦᠢᠯᠡᠰ ᠤᠨ ᠨᠢᠭᠡᠴᠡ ᠶᠢᠨ ᠣᠷᠣᠨ ᠲᠤᠭ᠎ᠠ ᠲᠠᠢ ᠠᠵᠢᠯᠲᠠᠨ ᠳᠤ ᠲᠣᠰ ᠲᠥᠰᠥᠯ ᠢ ᠬᠡᠷᠡᠭᠯᠡᠬᠦ ᠦᠭᠡᠢ᠃︵ᠭᠤᠷᠪᠠ︶ ᠶᠠᠪᠤᠳᠠᠯ ᠤᠨ ᠡᠷᠬᠡ ᠨᠢ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠎ ᠲᠤ ᠪᠠᠶᠢᠬᠤ ᠵᠦᠢᠯᠡᠰ ᠢ ᠬᠤᠲᠠ ᠶᠢᠨ ᠱᠠᠲᠤᠨ ᠤ ᠣᠷᠣᠯᠠᠨ ᠭᠦᠢᠴᠡᠳᠭᠡᠭᠴᠢ ᠠᠴᠠ ᠪᠤᠶᠤ ᠰᠤᠮᠤ ᠪᠠᠯᠭᠠᠰᠤ ᠲᠠᠯᠠᠪᠠᠶ ᠵᠡᠭᠡᠯᠢ ᠭᠤᠳᠤᠮᠵᠢ ᠶᠢᠨ ᠱᠠᠲᠤᠨ ᠤ ᠣᠷᠣᠯᠠᠨ ᠭᠦᠢᠴᠡᠳᠭᠡᠭᠴᠢ ᠠᠴᠠ ᠣᠷᠣᠯᠠᠨ ᠭᠦᠢᠴᠡᠳᠬᠡᠨ᠎ᠡ᠃  ᠶᠠᠪᠤᠳᠠᠯ ᠤᠨ ᠡᠷᠬᠡ ᠎ ᠨᠢ ᠰᠤᠮᠤ ᠪᠠᠯᠭᠠᠰᠤ ᠲᠠᠯᠠᠪᠠᠢ ᠵᠡᠭᠡᠯᠢ ᠭᠤᠳᠤᠮᠵᠢ ᠳᠤ ᠪᠠᠶᠢᠬᠤ ᠬᠡᠷᠡᠭ ᠶᠠᠪᠤᠳᠠᠯ  ᠎ ᠢ ᠲᠤᠰ ᠱᠠᠲᠤᠨ ᠤ ᠣᠷᠣᠯᠠᠨ ᠭᠦᠢᠴᠡᠳᠭᠡᠭᠴᠢ ᠪᠤᠶᠤ ᠰᠤᠮᠤ ᠪᠠᠯᠭᠠᠰᠤ ᠲᠠᠯᠠᠪᠠᠢ ᠵᠡᠭᠡᠯᠢ ᠭᠤᠳᠤᠮᠵᠢ ᠶᠢᠨ ᠬᠠᠷᠢᠶ᠎ᠠ ᠪᠦᠬᠦᠢ ᠭᠠᠴᠠᠭ᠎ᠠ᠂ ᠨᠡᠶᠢᠭᠡᠮ ᠲᠣᠭᠤᠷᠢᠭ᠂ ᠬᠤᠪᠢᠶᠠᠷᠢ ᠲᠠᠯᠠᠪᠠᠢ ᠶᠢᠨ ᠣᠷᠣᠯᠠᠨ ᠭᠦᠢᠴᠡᠳᠭᠡᠭᠴᠢ ᠣᠷᠣᠯᠠᠨ ᠭᠦᠢᠴᠡᠳᠬᠡᠨ᠎ᠡ᠃  ᠶᠠᠪᠤᠳᠠᠯ ᠤᠨ ᠡᠷᠬᠡ ᠨᠢ ᠭᠠᠴᠠᠭ᠎ᠠ᠂ ᠨᠡᠶᠢᠭᠡᠮ ᠲᠣᠭᠤᠷᠢᠭ᠂ ᠬᠤᠪᠢᠶᠠᠷᠢ ᠲᠠᠯᠠᠪᠠᠶ ᠳᠤ ᠪᠠᠶᠢᠬᠤ ᠵᠦᠢᠯᠡᠰ ᠢ ᠲᠣᠰ ᠱᠠᠲᠤᠨ ᠤ ᠣᠷᠣᠯᠠᠨ ᠭᠦᠢᠴᠡᠳᠭᠡᠭᠴᠢ ᠠᠴᠠ ᠣᠷᠣᠯᠠᠨ ᠭᠦᠢᠴᠡᠳᠬᠡᠨ᠎ᠡ᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠰᠡᠨ ᠱᠠᠩᠨᠠᠯ ᠨᠥᠬᠦᠪᠦᠷᠢ ᠶᠢᠨ ᠵᠠᠷᠤᠳᠠᠯ ᠢ ᠵᠥᠪᠬᠡᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠭᠰᠡᠨ ᠬᠡᠷᠡᠭ ᠲᠤ ᠬᠠᠨᠳᠤᠭᠤᠯᠤᠨ ᠲᠠᠷᠬᠠᠭᠠᠨ᠎ᠠ᠃ ᠡᠯ᠎ᠡ ᠱᠠᠲᠤᠨ ᠤ ᠣᠷᠣᠯᠠᠨ ᠭᠦᠢᠴᠡᠳᠭᠡᠭᠴᠢ ᠶᠢᠨ ᠣᠷᠣᠯᠠᠨ ᠭᠦᠢᠴᠡᠳᠬᠡᠬᠦ ᠵᠦᠢᠯᠡᠰ ᠢ ᠭᠦᠢᠴᠡᠳᠬᠡᠬᠦ ᠲᠠᠰ ᠳᠠᠷᠠᠭᠠᠯᠠᠯ ᠨᠢ ᠵᠢᠷᠤᠮᠵᠢᠯ ᠲᠠᠢ᠂ ᠲᠠᠩᠰᠠ ᠡᠪᠬᠡᠮᠡᠯ ᠨᠢ ᠪᠦᠷᠢᠨ ᠭᠦᠢᠴᠡᠳ ᠪᠥᠭᠡᠳ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠨᠢᠭᠡᠨᠲᠡ ᠡᠶᠡᠳᠡᠭᠦᠯᠦᠭᠰᠡᠨ ᠪᠠᠶᠢᠪᠠᠯ᠂ ᠬᠤᠪᠢ ᠬᠥᠮᠥᠨ ᠤ ᠰᠣᠷᠪᠤᠯᠵᠢᠯᠠᠭ᠎ᠠ ᠨᠢᠭᠡᠪᠦᠷᠢ ᠳᠤ 100 ᠲᠥᠭᠦᠷᠢᠭ ᠤᠨ ᠱᠠᠩᠨᠠᠯ ᠤᠨ ᠨᠥᠬᠦᠪᠦᠷᠢ ᠣᠯᠭᠤᠵᠤ᠂  ᠣᠯᠠᠨ ᠨᠡᠶᠢᠲᠡ ᠶᠢᠨ ᠰᠣᠷᠪᠤᠯᠵᠢᠯᠠᠭ᠎ᠠ ︵5 ᠬᠥᠮᠥᠨ ᠵᠢᠴᠢ 5 ᠬᠥᠮᠥᠨ ᠠᠴᠠ ᠳᠡᠭᠡᠭᠰᠢ︶ ᠨᠢᠭᠡᠪᠦᠷᠢ ᠳᠤ 300 ᠲᠥᠭᠦᠷᠢᠭ ᠤᠨ ᠱᠠᠩᠨᠠᠯ ᠤᠨ ᠨᠥᠬᠦᠪᠦᠷᠢ ᠣᠯᠭᠤᠨ᠎ᠠ᠃ᠳᠥᠷᠪᠡ᠂ ᠵᠠᠷᠤᠳᠠᠯ ᠤᠨ ᠢᠷᠡᠯᠲᠡ ᠵᠢᠴᠢ ᠬᠠᠮᠢᠶᠠᠷᠤᠯᠲᠠ ᠶᠢᠨ ᠠᠷᠭ᠎ᠠ︵ᠨᠢᠭᠡ︶ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠰᠡᠨ ᠱᠠᠩᠨᠠᠯ ᠨᠥᠬᠦᠪᠦᠷᠢ ᠶᠢᠨ ᠵᠠᠷᠤᠳᠠᠯ ᠢ ᠠᠶᠢᠮᠠᠭ ᠤᠨ ᠡᠳ᠋ ᠤᠨ ᠵᠠᠰᠠᠭ  ᠎ ᠠᠴᠠ 36 ᠲᠦᠮᠡᠨ ᠲᠥᠭᠦᠷᠢᠭ  ᠪᠠᠭᠤᠯᠭᠠᠵᠣ᠂ ᠬᠤᠲᠠ ᠶᠢᠨ ᠡᠳ᠋ ᠤᠨ ᠵᠠᠰᠠᠭ  ᠎ ᠠᠴᠠ ᠨᠢᠭᠡᠳᠦᠯᠲᠡᠢ ᠲᠥᠯᠥᠪᠯᠡᠨ 18 ᠲᠦᠮᠡᠨ ᠲᠥᠭᠦᠷᠢᠭ ᠤᠨ ᠨᠥᠬᠦᠪᠦᠷᠢ ᠪᠠᠭᠤᠯᠭᠠᠪᠠ᠃ ᠡᠯ᠎ᠡ ᠬᠤᠲᠠ ᠶᠢᠨ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠲᠥᠪ ᠤᠨ ᠵᠢᠯ ᠤᠨ ᠲᠥᠰᠥᠪ ᠤᠨ ᠲᠤᠭ᠎ᠠ ᠨᠢ 2 ᠲᠦᠮᠡᠨ ᠲᠥᠭᠦᠷᠢᠭ  ᠃ ᠡᠯ᠎ᠡ ᠰᠤᠮᠤ ᠪᠠᠯᠭᠠᠰᠤ ᠲᠠᠯᠠᠪᠠᠶ ᠵᠡᠭᠡᠯᠢ ᠭᠤᠳᠤᠮᠵᠢ ᠶᠢ ᠬᠥᠮᠥᠨ ᠠᠮᠠ ᠶᠢᠨ ᠡᠯᠧᠮᠧᠨ᠋ᠲ ᠎ ᠶᠢᠨ ᠠᠷᠭ᠎ᠠ ᠪᠠᠷ ᠪᠣᠳᠣᠪᠠᠯ᠂ ᠵᠠᠷᠴᠢᠮ ᠳᠡᠭᠡᠷ᠎ᠡ ᠪᠠᠨ ᠲᠦᠮᠡᠨ ᠬᠥᠮᠥᠨ ᠳᠤ ᠵᠢᠯ ᠪᠦᠷᠢ 1 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠵᠤ᠂ ᠲᠦᠮᠡᠨ ᠬᠥᠮᠥᠨ ᠬᠦᠷᠬᠦ ᠦᠭᠡᠢ ᠶᠢ ᠨᠢ ᠲᠦᠮᠡᠨ ᠬᠥᠮᠥᠨ ᠢᠶᠠᠷ ᠪᠤᠳᠤᠨ᠎ᠠ᠃ ︵2022 ᠣᠨ ᠤ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ ᠶᠢᠨ ᠪᠦᠷᠢᠳᠬᠡᠯ ᠤᠨ ᠲᠤᠭ᠎ᠠ ᠪᠠᠷᠢᠮᠲᠠ ᠪᠠᠷ ᠯᠠᠪᠯᠠᠯᠲᠠ ᠪᠣᠯᠭᠠᠵᠤ ᠳᠥᠷᠪᠡ ᠶᠢ ᠬᠠᠶᠠᠵᠤ ᠲᠠᠪᠤ ᠶᠢ  ᠲᠡᠪᠰᠢᠭᠦᠯᠬᠦ ᠠᠷᠭ᠎ᠠ ᠪᠠᠷ ᠪᠤᠳᠤᠨ᠎ᠠ︶︵ᠬᠤᠶᠠᠷ︶ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠰᠡᠨ ᠤ ᠱᠠᠩᠨᠠᠯ ᠨᠥᠬᠦᠪᠦᠷᠢ ᠶᠢᠨ ᠵᠠᠷᠤᠳᠠᠯ ᠳᠤ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ  ᠶᠢ ᠬᠡᠷᠡᠭᠵᠢᠭᠦᠯᠵᠦ᠂ ᠦᠯᠡᠳᠡᠭᠡᠨ ᠠᠪᠴᠤ ᠨᠡᠭᠦᠯᠭᠡᠨ ᠬᠡᠷᠡᠭᠯᠡᠵᠦ ᠪᠣᠯᠬᠤ ᠦᠭᠡᠢ᠂ ᠲᠣᠭᠲᠠᠭᠰᠠᠨ ᠬᠡᠷᠡᠭᠴᠡᠭᠡ  ᠶᠢ ᠴᠢᠩᠭ᠎ᠠ ᠵᠢᠷᠤᠮᠯᠠᠨ ᠬᠡᠷᠡᠭᠯᠡᠵᠦ᠂ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃︵ᠭᠤᠷᠪᠠ︶ ᠡᠯ᠎ᠡ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠥᠪ᠂ ᠥᠷᠲᠡᠭᠡ ᠨᠢ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠱᠠᠩᠨᠠᠵᠤ ᠲᠤᠰᠠᠯᠠᠬᠤ ᠵᠠᠷᠤᠳᠠᠯ ᠢ ᠠᠩᠬ᠎ᠠ ᠬᠢᠨᠠᠬᠤ᠂ ᠬᠢᠨᠠᠨ ᠬᠠᠷᠭᠤᠭᠤᠯᠬᠤ᠂ ᠲᠣᠭᠲᠠᠭᠠᠬᠤ᠂ ᠣᠯᠭᠤᠬᠤ  ᠶᠢ ᠱᠠᠲᠤ ᠳᠠᠷᠠᠭᠠᠯᠠᠨ ᠬᠢᠨᠠᠨ ᠬᠠᠷᠭᠤᠭᠤᠯᠬᠤ ᠳᠦᠷᠢᠮ ᠢ ᠪᠠᠶᠢᠭᠤᠯᠵᠤ ᠂ ᠬᠢᠨᠠᠨ ᠬᠠᠷᠭᠤᠭᠤᠯᠬᠤ ᠪᠠᠶᠢᠭᠤᠯᠤᠮᠵᠢ  ᠶᠢ ᠲᠥᠪ᠂ ᠥᠷᠲᠡᠭᠡᠨ ᠤ ᠬᠠᠷᠢᠶ᠎ᠠ ᠵᠠᠰᠠᠭ ᠵᠠᠬᠢᠷᠭᠠᠨ ᠤ ᠨᠢᠭᠡᠴᠡ ᠳᠤ ᠪᠠᠶᠢᠷᠢᠯᠠᠭᠤᠯᠵᠤ᠂ ᠵᠠᠷᠴᠢᠮ ᠳᠡᠭᠡᠷ᠎ᠡ ᠪᠠᠨ ᠮᠡᠳᠡᠭᠦᠯᠬᠦ ᠶᠢᠨ ᠳᠠᠭᠠᠤ ᠬᠢᠨᠠᠵᠤ᠂ ᠵᠢᠯ ᠤᠨ ᠡᠴᠦᠰ ᠲᠤ ᠱᠠᠩᠨᠠᠵᠤ ᠲᠤᠰᠠᠯᠠᠬᠤ ᠪᠡᠯᠡ ᠮᠥᠩᠭᠦ  ᠶᠢ ᠨᠢᠭᠡᠳᠦᠯᠲᠡᠢ ᠣᠯᠭᠤᠨ᠎ᠠ᠃ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠬᠡᠷᠡᠭ ᠤᠨ ᠡᠪᠬᠡᠮᠡᠯ ᠢ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠪᠠᠶᠢᠭᠤᠯᠤᠮᠵᠢ ᠨᠤᠭᠤᠳ ᠥᠪᠡᠷᠲᠡᠭᠡᠨ ᠬᠠᠳᠠᠭᠠᠯᠠᠨ ᠬᠠᠮᠢᠶᠠᠷᠤᠨ᠎ᠠ᠃︵ᠳᠥᠷᠪᠡ︶ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ  ᠱᠠᠩᠨᠠᠯ ᠨᠥᠬᠦᠪᠦᠷᠢ ᠶᠢᠨ ᠵᠠᠷᠤᠳᠠᠯ ᠢ ᠠᠶᠢᠮᠠᠭ ᠤᠨ ᠡᠳ᠋ ᠤᠨ ᠵᠠᠰᠠᠭ ᠢᠶᠠᠷ ᠳᠠᠮᠵᠢᠭᠤᠯᠤᠨ ᠬᠤᠲᠠ ᠶᠢᠨ ᠡᠳ᠋ ᠤᠨ ᠵᠠᠰᠠᠭ ᠲᠤ ᠰᠢᠯᠵᠢᠭᠦᠯᠦᠨ ᠥᠭᠴᠦ᠂ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ ᠠᠯᠪᠠᠨ ᠭᠡᠷ ᠠᠴᠠ ᠡᠯ᠎ᠡ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠥᠪ᠂ ᠥᠷᠲᠡᠭᠡ ᠶᠢᠨ ᠬᠠᠷᠢᠶ᠎ᠠ ᠪᠦᠬᠦᠢ ᠵᠠᠰᠠᠭ ᠵᠠᠬᠢᠷᠭᠠᠨ ᠤ ᠨᠢᠭᠡᠴᠡ ᠳᠤ ᠨᠢᠭᠡᠳᠦᠯᠲᠡᠢ ᠬᠤᠪᠢᠶᠠᠷᠢᠯᠠᠨ ᠲᠠᠷᠬᠠᠭᠠᠨ᠎ᠠ᠃︵ᠲᠠᠪᠤ︶ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠱᠠᠩᠨᠠᠵᠤ ᠨᠥᠬᠦᠪᠦᠷᠢᠯᠡᠬᠦ ᠵᠠᠷᠤᠳᠠᠯ ᠢ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠵᠠᠷᠤᠳᠠᠯ ᠤᠨ ᠬᠡᠷᠡᠭᠯᠡᠯᠲᠡ ᠶᠢᠨ ᠵᠢᠷᠤᠮᠵᠢᠯ ᠢ ᠦᠨᠡᠨ ᠬᠦ ᠪᠠᠲᠤᠯᠠᠬᠤ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠪᠠᠶᠢᠭᠤᠯᠤᠮᠵᠢ ᠨᠤᠭᠤᠳ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠬᠡᠷᠡᠭ ᠢ ᠮᠡᠳᠡᠭᠦᠯᠬᠦ ᠦᠶ᠎ᠡ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ  ᠶᠢ ᠴᠢᠩᠭ᠎ᠠ ᠴᠠᠭᠠᠵᠠᠯᠠᠵᠤ᠂ ᠨᠢᠭᠡ ᠬᠡᠷᠡᠭ ᠲᠤ ᠬᠡᠷᠡᠭ ᠢ ᠢᠯᠡᠭᠦᠦ ᠮᠡᠳᠡᠭᠦᠯᠦᠭᠰᠡᠨ᠂ ᠬᠤᠳᠠᠯ ᠢᠶᠠᠷ ᠮᠡᠳᠡᠭᠦᠯᠦᠭᠰᠡᠨ᠂ ᠱᠠᠩᠨᠠᠯ ᠤᠨ ᠪᠡᠯᠡ ᠮᠥᠩᠭᠦ ᠶᠢ ᠮᠡᠬᠡᠯᠡᠨ ᠠᠪᠤᠭᠰᠠᠨ ᠪᠠᠶᠢᠪᠠᠯ ᠲᠣᠰ ᠮᠥᠩᠭᠦ ᠶᠢ ᠨᠡᠬᠡᠮᠵᠢᠯᠡᠨ ᠠᠪᠴᠢᠷᠠᠬᠤ ᠠᠴᠠ ᠭᠠᠳᠠᠨ᠎ᠠ᠂ ᠵᠠᠷᠤᠳᠠᠯ ᠢ ᠬᠡᠷᠡᠭᠯᠡᠬᠦ ᠶᠠᠪᠤᠴᠠ ᠳᠤ ᠭᠠᠷᠤᠭᠰᠠᠨ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠴᠠᠭ ᠲᠤᠬᠠᠢ ᠳᠤᠨᠢ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃︵ᠵᠢᠷᠭᠤᠭ᠎ᠠ︶ ᠲᠤᠰ ᠲᠥᠰᠥᠯ ᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠬᠦ ᠬᠤᠭᠤᠴᠠᠭ᠎ᠠ ᠎ ᠨᠢ ᠨᠢᠭᠡ ᠵᠢᠯ ᠪᠣᠯᠣᠨ᠎ᠠ᠂ ᠲᠣᠰ ᠬᠤᠭᠤᠴᠠᠭᠠᠨ ᠳᠤ  ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠡᠷᠪᠡ ᠰᠢᠨ᠎ᠡ ᠲᠦᠷᠦ ᠶᠢᠨ ᠪᠣᠳᠣᠯᠭ᠎ᠠ ᠶᠢᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠬᠡᠷᠡᠭᠵᠢᠭᠦᠯᠦᠨ᠎ᠡ᠃ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                 2023 ᠣᠨ ᠤ 9 ᠰᠠᠷ᠎ᠠ 
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号