2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ | ᠲᠣᠬᠢᠷᠠᠭᠤᠯᠤᠯᠲᠠ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠠᠩᠬᠠᠨ ᠤ ᠵᠢᠯ ᠮᠥᠨ᠃ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ | ᠦᠢᠯᠡᠴᠢᠯᠡᠬᠦ ᠪᠠ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ | ᠨᠢᠭᠡᠳᠦᠯᠲᠡᠢ ᠲᠥᠯᠥᠪᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ | ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ | ᠶᠡᠬᠡᠪᠡᠷ ᠬᠥᠪᠴᠢᠯᠡᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠨᠡᠮᠡᠭᠳᠡᠯ ᠢ | ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ | ᠲᠣᠭᠲᠠᠪᠤᠷᠢᠵᠢᠭᠤᠯᠬᠤ ᠠᠵᠢᠯ ᠢ ᠲᠣᠪᠣᠶᠢᠮ᠎ᠠ ᠰᠠᠶᠢᠲᠤᠷ ᠬᠢᠵᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠤᠭᠰᠠᠨ ᠰᠠᠭᠤᠷᠢᠨ ᠳᠡᠭᠡᠷ᠎ᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠲᠦᠷᠭᠡᠨ ᠤᠷᠤᠭᠰᠢᠯᠠᠭᠤᠯᠵᠤ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠢᠯᠢᠳᠡᠭ ᠢᠶᠠᠷ ᠤᠷᠤᠭᠰᠢᠯᠠᠭᠤᠯᠵᠤ᠂ ︽ᠲᠠᠪᠤᠨ ᠶᠡᠭᠡ ᠡᠭᠦᠷᠭᠡ︾ ᠶᠢ | ᠲᠡᠷᠡ ᠬᠡᠪ ᠢᠶᠠᠷ ᠨᠢ ᠡᠷᠡᠰ ᠪᠡᠶᠡᠯᠡᠭᠦᠯᠵᠦ᠂ ︽ᠲᠤᠯᠤᠭᠠᠨ ᠲᠠᠶᠠᠭᠳᠠᠬᠤ︾ ᠪᠠ ︽ᠲᠦᠷᠪᠡᠨ ᠴᠢᠬᠤᠯᠠ ᠶᠡᠭᠡ | ᠵᠠᠷᠴᠢᠮ︾ ᠢ ᠬᠢᠨᠠᠮᠠᠭᠠᠢ ᠨᠠᠶᠢᠳᠠᠪᠤᠷᠢᠵᠢᠭᠤᠯᠤᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ | ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ | ᠨᠡᠮᠡᠭᠳᠡᠭᠦᠯᠬᠦ ᠶᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠰᠢᠯᠢ ᠶᠢᠨ ᠬᠤᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠣᠷᠣᠰᠢᠵᠤ ᠪᠠᠶᠢᠭ᠎ᠠ ᠱᠠᠲᠤ ᠦᠶ᠎ᠡ ᠶᠢᠨ ᠴᠢᠨᠠᠷᠲᠠᠢ ᠣᠨᠴᠠᠯᠢᠭ ᠠᠴᠠ ᠡᠭᠦᠰᠴᠦ᠂ 2023 ᠣᠨ ᠤ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠠᠩᠬ᠎ᠠ ᠠᠯᠬᠤᠮ ᠳᠤᠷᠠᠳᠴᠠᠢ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ ᠨᠡᠮᠡᠭᠳᠡᠭᠦᠯᠬᠦ ᠪᠠᠷ ᠲᠥᠯᠥᠪᠯᠡᠨ᠎ᠡ᠃ | ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6% ᠣᠷᠴᠢᠮ ᠨᠡᠮᠡᠭᠳᠡᠭᠦᠯᠬᠦ ᠪᠠᠷ | ᠲᠥᠯᠥᠪᠯᠡᠵᠦ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 6.9% ᠣᠷᠴᠢᠮ | ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ 3% ᠠᠴᠠ ᠳᠡᠭᠡᠭᠰᠢ ᠨᠡᠮᠡᠭᠳᠡᠭᠦᠯᠬᠦ ᠪᠠᠷ ᠵᠢᠱᠢᠵᠦ᠂ | ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ | ᠳᠤᠮᠳᠠᠴᠢ ᠣᠷᠣᠯᠭ᠎ᠠ ᠶᠢ 6% ᠠᠴᠠ ᠳᠡᠭᠡᠭᠰᠢ ᠨᠡᠮᠡᠭᠳᠡᠭᠦᠯᠬᠦ ᠪᠠᠷ ᠵᠢᠱᠢᠵᠦ ᠪᠠᠶᠢᠨ᠎ᠠ᠃ | ︵ᠨᠢᠭᠡ︶ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠴᠢᠩᠭᠠᠳᠬᠠᠨ᠎ᠠ᠃ ︽ᠲᠤᠭ᠎ᠠ | ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢ ᠨᠡᠮᠡᠭᠳᠡᠭᠦᠯᠬᠦ︾ ᠶᠢ ᠵᠡᠷᠭᠡᠪᠡᠷ | ᠬᠦᠴᠦᠯᠡᠬᠦ ᠶᠢ ᠪᠠᠷᠢᠮᠲᠠᠯᠠᠵᠤ᠂ ᠲᠥᠷᠥᠯ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ | ᠲᠥᠷᠥᠯ ᠲᠡᠮᠳᠡᠭᠲᠦ ᠶᠢ ᠡᠭᠦᠳᠬᠦ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ᠂ ᠪᠥᠬᠦ ᠥᠷᠲᠡᠭ ᠤᠨ ᠬᠡᠯᠬᠢᠶ᠎ᠡ ᠶᠢ ᠣᠷᠳᠣ | ᠪᠥᠭᠡᠳ ᠰᠢᠯᠢᠳᠡᠭ ᠪᠥᠭᠡᠳ ᠬᠦᠴᠦᠷᠬᠡᠭᠵᠢᠭᠦᠯᠦᠨ᠎ᠡ᠃ ᠮᠠᠯ ᠤᠨ ᠡᠭᠦᠯᠳᠡᠷ ᠤᠨ ᠪᠦᠲᠦᠴᠡ ᠶᠢ ᠦᠷᠭᠦᠯᠵᠢᠯᠡᠨ | ᠰᠢᠯᠢᠳᠡᠭᠵᠢᠭᠦᠯᠦᠨ᠎ᠡ᠃ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠵᠦ᠂ | ᠰᠠᠶᠢᠨ ᠡᠭᠦᠯᠳᠡᠷ ᠤᠨ ᠮᠢᠬᠠᠨ ᠤ ᠦᠬᠡᠷ ᠢ 500 ᠣᠷᠣᠭᠤᠯᠤᠨ ᠠᠪᠴᠢᠷᠠᠵᠤ᠂ 6.3 ᠲᠦᠮᠡᠨ ᠦᠬᠡᠷ ᠢ | ᠥᠭᠡᠷᠡᠴᠢᠯᠡᠨ ᠰᠠᠶᠢᠵᠢᠷᠠᠭᠤᠯᠵᠤ᠂ 2 ᠮᠢᠬᠠᠨ ᠤ ᠦᠬᠡᠷ ᠤᠨ ᠭᠤᠣᠯ ᠰᠦᠷᠦᠭ ᠢ ᠰᠢᠨ᠎ᠡ ᠪᠠᠷ ᠪᠠᠶᠢᠭᠤᠯᠪᠠ᠃ | ᠠᠯᠠᠰᠢᠨ ᠬᠤᠨᠢᠨ ᠤ ᠭᠤᠣᠯᠯᠠᠬᠤ ᠰᠦᠷᠦᠭᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠤᠮᠠᠷᠠᠲᠤ ᠬᠡᠰᠡᠭ ᠤᠨ | ᠥᠪᠡᠰᠦᠪᠡᠨ ᠦᠷᠡᠵᠢᠭᠦᠯᠵᠦ ᠥᠪᠡᠰᠦᠪᠡᠨ ᠪᠣᠶᠢᠵᠢᠭᠤᠯᠬᠤ᠂ ᠡᠮᠦᠨᠡᠲᠦ ᠬᠡᠰᠡᠭ ᠤᠨ ᠲᠥᠪᠯᠡᠷᠡᠭᠦᠯᠦᠨ ᠬᠠᠰᠢᠶᠠᠯᠠᠨ | ᠲᠡᠵᠢᠭᠡᠨ ᠦᠷᠡᠵᠢᠭᠦᠯᠬᠦ ᠪᠠᠶᠢᠷᠢᠰᠢᠯ ᠢ ᠪᠣᠶ ᠪᠣᠯᠭᠠᠵᠤ᠂ 78 ᠭᠤᠣᠯᠯᠠᠬᠤ ᠰᠦᠷᠦᠭᠵᠢᠯ ᠢ ᠰᠢᠨ᠎ᠡ ᠪᠠᠷ ᠪᠠᠶᠢᠭᠤᠯᠵᠤ᠂ | 9 ᠲᠦᠮᠡᠨ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠰᠢᠨ᠎ᠡ ᠪᠠᠷ ᠨᠡᠮᠡᠭᠳᠡᠭᠦᠯᠦᠨ᠎ᠡ᠃ ᠬᠤᠨᠢ ᠪᠡᠯᠴᠢᠭᠡᠷᠯᠡᠭᠦᠯᠦᠨ | ᠲᠡᠵᠢᠭᠡᠬᠦ ᠠᠵᠤ ᠦᠢᠯᠡᠰ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ 65 ᠲᠦᠮᠡᠨ ᠬᠤᠨᠢ | ᠪᠡᠯᠴᠢᠭᠡᠷᠯᠡᠭᠦᠯᠦᠨ ᠲᠡᠵᠢᠭᠡᠨ᠎ᠡ᠃ ᠰᠦ ᠶᠢᠨ ᠢᠷᠡᠯᠲᠡ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ᠃ | ᠰᠠᠭᠠᠯᠢ ᠶᠢᠨ ᠢᠷᠡᠯᠲᠡ ᠲᠠᠢ ᠮᠠᠯ ᠤᠨ ᠡᠭᠦᠯᠳᠡᠷ ᠢ ᠪᠡᠶ᠎ᠡ ᠪᠠᠨ ᠳᠠᠭᠠᠭᠠᠵᠤ ᠦᠷᠡᠵᠢᠭᠦᠯᠦᠨ ᠪᠣᠶᠢᠵᠢᠭᠤᠯᠬᠤ | ᠴᠢᠳᠠᠪᠤᠷᠢ ᠶᠢ ᠳᠡᠭᠡᠭᠰᠢᠯᠡᠭᠦᠯᠵᠦ᠂ ᠴᠠᠭᠠᠨ ᠢᠳᠡᠭᠡᠨ ᠤ ᠵᠢᠵᠢᠭ ᠦᠢᠯᠡᠳᠬᠡᠯ ᠢ ᠲᠡᠳᠬᠦᠨ ᠳᠡᠮᠵᠢᠵᠦ᠂ ᠲᠡᠮᠡᠭᠡᠨ ᠰᠦ | ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠂ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢ | 1 ᠰᠢᠨ᠎ᠡ ᠪᠠᠷ ᠪᠠᠶᠢᠭᠤᠯᠵᠤ᠂ 0.21 ᠲᠦᠮᠡᠨ ᠰᠠᠭᠠᠯᠢ ᠶᠢᠨ ᠦᠨᠢᠶ᠎ᠡ ᠣᠷᠣᠭᠤᠯᠤᠨ ᠠᠪᠴᠢᠷᠠᠵᠤ᠂ 1.55 | ᠲᠦᠮᠡᠨ ᠰᠠᠭᠠᠯᠢ ᠶᠢᠨ ᠦᠨᠢᠶ᠎ᠡ ᠶᠢ ᠲᠡᠵᠢᠭᠡᠵᠦ᠂ ᠰᠠᠭᠠᠯᠢ ᠶᠢᠨ ᠲᠥᠷᠥᠯ ᠤᠨ ᠭᠠᠷᠤᠯᠲᠠ ᠶᠢ 8.64 ᠲᠦᠮᠡᠨ | ᠲᠣᠨ ᠳᠤ ᠲᠣᠭᠲᠠᠪᠤᠷᠢᠵᠢᠭᠤᠯᠤᠨ᠎ᠠ᠃ ᠠᠳᠤᠭᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠮᠣᠩᠭᠤᠯ | ᠮᠣᠷᠢ᠂ ᠰᠢᠯᠢ ᠶᠢᠨ ᠭᠤᠣᠯ ᠤᠨ ᠠᠳᠤᠭᠤᠨ ᠤ ᠡᠭᠦᠯᠳᠡᠷ ᠤᠨ ᠬᠠᠮᠠᠭᠠᠯᠠᠯᠲᠠ ᠶᠢ ᠰᠠᠶᠢᠲᠤᠷ ᠬᠢᠵᠦ᠂ ᠠᠳᠤᠭᠤᠨ ᠤ | ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠶᠢ ᠠᠬᠢᠭᠤᠯᠤᠨ᠂ ᠠᠳᠤᠭᠤᠨ ᠤ ᠪᠦᠲᠦᠭᠡᠭᠳᠡᠬᠦᠨ ᠢ ᠦᠢᠯᠡᠳᠪᠦᠷᠢᠯᠡᠵᠦ | ᠡᠳ᠋ᠰᠢᠭᠦᠯᠬᠦ ᠵᠡᠷᠭᠡ ᠠᠵᠤ ᠦᠢᠯᠡᠰ ᠢ ᠪᠤᠵᠠᠭᠠᠶᠢᠷᠠᠭᠤᠯᠵᠤ᠂ ᠠᠳᠤᠭᠤᠨ ᠤ ᠠᠵᠤ ᠦᠢᠯᠡᠰ ᠤᠨ ᠠᠵᠤ ᠠᠬᠤᠶᠢᠯᠠᠯ ᠤᠨ | ᠪᠣᠷᠣᠯᠠᠭᠤᠯᠬᠤ ᠳᠤ ᠲᠣᠬᠢᠷᠠᠬᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠠᠬᠢᠭᠤᠯᠤᠨ᠂ ᠪᠣᠷᠤᠯᠠᠭᠤᠯᠭ᠎ᠠ ᠶᠢᠨ | ᠵᠠᠮ ᠮᠥᠷ ᠢ ᠰᠠᠭᠠᠳ ᠦᠭᠡᠢ ᠨᠠᠪᠲᠠᠷᠡᠭᠦᠯᠵᠦ᠂ ︽ᠳᠤᠮᠳᠠᠳᠤ ᠤᠯᠤᠰ ᠤᠨ ᠠᠳᠤᠭᠤᠨ ᠤ ᠬᠤᠲᠠ︾ ᠶᠢᠨ | ᠣᠨᠴᠠᠯᠢᠭᠲᠤ ᠠᠳᠤᠭᠤᠨ ᠤ ᠠᠵᠤ ᠦᠢᠯᠡᠰ ᠤᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ ᠲᠠᠷᠢᠮᠠᠯ ᠤᠨ ᠦᠢᠯᠡᠰ ᠤᠨ | ᠬᠥᠭᠵᠢᠯᠲᠡ ᠶᠢ ᠲᠣᠭᠲᠠᠪᠤᠷᠢᠵᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ | ᠪᠠᠲᠤ ᠰᠠᠬᠢᠵᠤ᠂ ᠲᠠᠷᠢᠮᠠᠯ ᠤᠨ ᠲᠠᠷᠢᠮᠠᠯ ᠤᠨ ᠲᠠᠯᠠᠪᠠᠶ ᠶᠢᠨ ᠲᠣᠭᠲᠠᠭᠤᠨ ᠪᠠᠶᠢᠬᠤ ᠶᠢ ᠪᠠᠲᠤᠯᠠᠨ᠂ 0.8 ᠲᠦᠮᠡᠨ ᠮᠦ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠪᠡᠯᠡᠳᠭᠡᠮᠵᠢᠳᠤ ᠢᠳᠡᠰᠢᠨ ᠨᠣᠭᠤᠭ᠎ᠠ ᠳᠠᠷᠢᠬᠤ | ᠠᠵᠤ ᠦᠢᠯᠡᠰ ᠢ ᠯᠠᠪᠳᠠᠭᠤᠨ ᠢᠶᠠᠷ ᠠᠬᠢᠭᠤᠯᠤᠨ᠎ᠠ᠃ | ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠶᠢᠨ ᠯᠠᠪᠳᠠᠭᠤᠨ ᠢᠶᠠᠷ ᠬᠥᠭᠵᠢᠬᠦ ᠶᠢ ᠪᠠᠲᠤᠯᠠᠨ᠎ᠠ᠃ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠪᠠ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ | ᠰᠣᠯᠢᠭᠳᠠᠯ ᠢ ᠲᠦᠷᠭᠡᠪᠴᠢᠯᠡᠨ ᠠᠬᠢᠭᠤᠯᠵᠤ᠂ ᠠᠵᠤ ᠦᠢᠯᠡᠳᠪᠦᠷᠢ ᠶᠢᠨ ᠰᠢᠨ᠎ᠡ ᠨᠡᠮᠡᠭᠳᠡᠯ ᠤᠨ ᠴᠡᠭ ᠢ | ᠢᠳᠡᠪᠬᠢᠲᠡᠢ ᠪᠠᠷ ᠪᠣᠶᠢᠵᠢᠭᠤᠯᠤᠨ᠎ᠠ᠃ ᠤᠯᠠᠮᠵᠢᠯᠠᠯᠲᠤ ᠡᠨᠧᠷᠭᠢ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠳ᠋ᠠ | ᠲᠠᠩ ᠤᠨ ᠵᠡᠭᠦᠨ ᠬᠡᠰᠡᠭ ᠤᠨ ᠬᠤᠶᠠᠳᠤᠭᠠᠷ ᠠᠭᠤᠷᠬᠠᠢ ᠶᠢᠨ ᠠᠵᠢᠯ ᠢᠶᠠᠨ ᠰᠡᠷᠭᠦᠭᠡᠵᠦ ᠭᠠᠷᠤᠯᠲᠠ ᠪᠠᠨ ᠰᠡᠷᠭᠦᠭᠡᠬᠦ ᠶᠢ | ᠠᠬᠢᠭᠤᠯᠵᠤ᠂ ᠪᠥᠬᠦ ᠬᠤᠲᠠ ᠶᠢᠨ ᠨᠡᠭᠦᠷᠡᠰᠦᠨ ᠤ ᠭᠠᠷᠤᠯᠲᠠ ᠶᠢ 5200 ᠲᠦᠮᠡᠨ ᠲᠣᠨ ᠠᠴᠠ ᠳᠡᠭᠡᠭᠰᠢ ᠳᠤ | ᠲᠣᠭᠲᠠᠪᠤᠷᠢᠵᠢᠭᠤᠯᠬᠤ ᠶᠢ ᠪᠠᠲᠤᠯᠠᠨ᠎ᠠ᠃ ᠬᠤᠸᠠᠪᠧᠢ ᠶᠢᠨ ᠴᠢᠯᠠᠭᠤᠨ ᠲᠣᠰᠣᠨ ᠤ ᠠᠢ ᠰᠠᠪᠠ ᠶᠢᠨ ᠡᠷᠢᠶᠡᠨ | ᠬᠤᠪᠢᠶᠠᠷᠢ ᠺᠣᠮᠫᠠᠨᠢ ᠶᠢᠨ ᠪᠥᠬᠦ ᠲᠠᠯ᠎ᠠ ᠶᠢᠨ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠲᠠᠩ | ᠬᠤᠳᠳᠤᠭ ᠤᠨ ᠲᠦᠭᠦᠬᠡᠢ ᠴᠢᠯᠠᠭᠤᠨ ᠲᠣᠰᠣᠨ ᠤ ᠭᠠᠷᠤᠯᠲᠠ ᠶᠢ ᠳᠡᠭᠡᠭᠰᠢᠯᠡᠭᠦᠯᠦᠨ᠎ᠡ᠃ ᠵᠢᠷᠭᠠᠯᠠᠩᠲᠣ ᠶᠢᠨ | ᠨᠡᠭᠦᠷᠡᠰᠦᠨ ᠳᠠᠪᠬᠤᠷᠭ᠎ᠠ ᠶᠢᠨ ᠬᠡᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠤᠯᠤᠰ ᠤᠨ ᠳᠣᠲᠣᠭᠠᠳᠤ ᠶᠢᠨ ᠠᠩᠬᠠᠳᠠᠭᠴᠢ ᠳᠣᠣᠷ᠎ᠠ ᠲᠠᠰ ᠤᠨ ᠨᠡᠭᠦᠷᠡᠰᠦᠨ ᠳᠠᠪᠬᠤᠷᠭ᠎ᠠ ᠶᠢᠨ ᠬᠡᠢ ᠶᠢᠨ | ᠠᠭᠤᠷᠬᠠᠢ ᠶᠢ ᠪᠠᠶᠢᠭᠤᠯᠤᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠪᠤᠵᠠᠭᠠᠶᠢᠷᠠᠭᠤᠯᠤᠨ᠎ᠠ᠃ | ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠬᠥᠭᠵᠢᠯᠲᠡ ᠶᠢ ᠵᠣᠷᠢᠭᠵᠢᠭᠤᠯᠬᠤ ᠠᠵᠠ | ᠲᠣᠬᠢᠶᠠᠯ ᠢ ᠠᠮᠵᠢᠵᠤ᠂ ᠲᠠᠢ ᠹᠦ᠋ ᠶᠢᠨ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᡁᠢ | ᠶᠤᠸᠠᠢ 20 ᠰᠠᠶ᠎ᠠ ᠸᠠᠲ ᠤᠨ ᠰᠠᠯᠬᠢᠨ ᠬᠦᠴᠦᠨ ᠤ ᠴᠠᠬᠢᠯᠭᠠᠨ᠂ ᠱᠧᠩ ᠯᠢ ᠡᠨᠧᠷᠭᠢ ᠶᠢᠨ ᠵᠠᠳᠠᠭᠠᠢ ᠰᠢᠷᠣᠢ | ᠭᠠᠳᠠᠭᠰᠢᠯᠠᠭᠤᠯᠬᠤ ᠲᠠᠯᠠᠪᠠᠶ ᠶᠢᠨ ᠬᠡᠷᠡᠯ ᠸᠣᠯᠲ ᠵᠡᠷᠭᠡ 3 ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ | ᠴᠠᠬᠢᠯᠭᠠᠨ ᠭᠠᠷᠭᠠᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 117.6 ᠲᠦᠮᠡᠨ | ᠺᠢᠯᠣᠸᠠᠲ ᠰᠢᠨ᠎ᠡ ᠪᠠᠷ ᠨᠡᠮᠡᠭᠳᠡᠭᠦᠯᠵᠦ᠂ ᠪᠥᠬᠦ ᠠᠶᠢᠮᠠᠭ᠂ ᠪᠥᠬᠦ ᠣᠷᠣᠨ᠂ ᠪᠥᠬᠦ ᠤᠯᠤᠰ ᠲᠤ ᠦᠢᠯᠡᠴᠢᠯᠡᠬᠦ ᠴᠡᠪᠡᠷ | ᠡᠨᠧᠷᠭᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠴᠣᠭᠴᠠᠯᠠᠨ | ᠪᠠᠶᠢᠭᠤᠯᠤᠨ᠎ᠠ᠃ ᠲᠣᠨᠣᠭᠯᠠᠯ ᠦᠢᠯᠡᠳᠬᠦ ᠦᠢᠯᠡᠰ ᠢ ᠬᠦᠴᠦᠷᠬᠡᠭᠵᠢᠭᠦᠯᠦᠨ᠎ᠡ᠃ ᠠᠯᠤᠰ ᠬᠡᠲᠦ ᠶᠢᠨ ᠰᠠᠯᠬᠢᠨ | ᠬᠦᠴᠦᠨ ᠤ ᠨᠥᠭᠡᠴᠡ ᠶᠢ ᠨᠢᠭᠡ ᠴᠣᠭᠴᠠᠵᠢᠭᠤᠯᠬᠤ ᠳᠡᠭᠡᠳᠦ ᠲᠠᠰ ᠤᠨ ᠶᠡᠷᠦᠩᠬᠡᠢ ᠤᠭᠰᠠᠷᠠᠯᠲᠠ ᠶᠢᠨ ᠰᠠᠭᠤᠷᠢᠨ | ᠭᠠᠵᠠᠷ᠂ ᠬᠤᠯᠪᠤᠭᠠᠯᠠᠨ ᠬᠥᠳᠡᠯᠦᠯᠴᠡᠭᠰᠡᠨ ᠲᠢᠶᠠᠨ ᠢ ᠡᠨᠧᠷᠭᠢ ᠬᠠᠳᠠᠭᠠᠯᠠᠬᠤ ᠳ᠋ᠢᠶᠠᠨ ᡂᠢ ᠤᠭᠰᠠᠷᠠᠬᠤ᠂ ᠲᠠᠢ ᠹᠦ᠋ | ᠬᠠᠮᠲᠤ ᠪᠠᠷ ᠡᠳ᠋ᠯᠡᠬᠦ ᠡᠨᠧᠷᠭᠢ ᠬᠠᠳᠠᠭᠠᠯᠠᠬᠤ ᠥᠷᠲᠡᠭᠡ᠂ ᠲᠢᠶᠠᠨ ᠱᠦᠨ ᠰᠠᠯᠬᠢᠨ ᠡᠨᠧᠷᠭᠢ ᠶᠢᠨ ᠰᠤᠪᠤᠷᠭ᠎ᠠ ᠶᠢᠨ | ᠲᠦᠩᠰᠡ ᠶᠢ ᠦᠢᠯᠡᠳᠬᠦ ᠲᠡᠭᠡᠭᠡᠪᠦᠷᠢᠯᠡᠨ ᠪᠠᠲᠤᠯᠠᠬᠤ ᠪᠣᠷᠣᠯᠠᠭᠤᠯᠬᠤ ᠶᠢ ᠨᠢᠭᠡ ᠴᠣᠭᠴᠠᠵᠢᠭᠤᠯᠬᠤ 4 ᠲᠥᠷᠥᠯ | ᠵᠦᠢᠯ ᠢ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠵᠥᠩ ᠼᠠᠢ᠂ ᠮᠢᠩ ᠶᠠᠩ ᠨᠠᠪᠴᠢᠨ ᠢᠯᠲᠠᠰᠤ | ᠦᠢᠯᠡᠳᠪᠦᠷᠢᠯᠡᠬᠦ ᠠᠵᠤ ᠠᠬᠤᠶᠢᠯᠠᠯ ᠤᠨ ᠲᠠᠰ ᠳᠡᠪᠰᠢᠬᠦ ᠶᠢ ᠳᠡᠮᠵᠢᠵᠦ᠂ ᠤᠮᠠᠷᠠᠲᠤ ᠣᠷᠣᠨ ᠤ ᠬᠠᠮᠤᠭ ᠤᠨ ᠲᠣᠮᠣ | ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠦᠢᠯᠡᠰ ᠤᠨ ᠰᠠᠭᠤᠷᠢᠨ ᠭᠠᠵᠠᠷ ᠢ ᠪᠥᠬᠦ | ᠬᠦᠴᠦᠨ ᠢᠶᠠᠷ ᠢᠶᠠᠨ ᠪᠠᠶᠢᠭᠤᠯᠤᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠬᠤ ︽ᠰᠢᠨ᠎ᠡ ᠡᠨᠧᠷᠭᠢ + ᠲᠣᠨᠤᠭ ᠲᠥᠬᠦᠭᠡᠷᠦᠮᠵᠢ + ᠨᠥᠭᠡᠴᠡ ᠡᠨᠧᠷᠭᠢ + ᠠᠵᠢᠯᠯᠠᠭᠤᠯᠵᠤ | ᠪᠠᠲᠤᠯᠠᠬᠤ︾ ᠬᠥᠭᠵᠢᠯᠲᠡ ᠶᠢᠨ ᠵᠠᠭᠪᠤᠷ ᠢ ᠬᠡᠷᠡᠭᠵᠢᠭᠦᠯᠵᠦ᠂ ᠲᠠᠢ ᠹᠦ᠋ ᠡᠨᠧᠷᠭᠢ ᠶᠢᠨ ᠣᠶᠤᠨᠴᠢ ᠠᠵᠢᠯᠯᠠᠭᠤᠯᠵᠤ | ᠪᠠᠲᠤᠯᠠᠬᠤ ᠬᠦᠷᠢᠶᠡᠯᠡᠩ ᠲᠣᠭᠤᠷᠢᠭ᠂ ᠪᠡᠭᠡᠵᠢᠩ ᠤᠨ ᠡᠨᠧᠷᠭᠢ ᠶᠢᠨ ᠪᠣᠬᠢᠷᠲᠤᠯ ᠦᠭᠡᠢ ᠴᠠᠬᠢᠯᠭᠠᠨ ᠤ ᠡᠵᠡᠮᠳᠡᠯ ᠤᠨ | ᠲᠥᠪ ᠤᠨ ᠲᠥᠷᠥᠯ ᠵᠦᠢᠯ ᠤᠨ ᠪᠥᠬᠦ ᠲᠠᠯ᠎ᠠ ᠶᠢᠨ ᠡᠵᠡᠩᠨᠡᠯᠲᠡ ᠶᠢ ᠠᠬᠢᠭᠤᠯᠵᠤ᠂ ᠮᠢᠩ ᠶᠠᠩ ᠨᠠᠪᠴᠢᠨ | ᠢᠯᠲᠠᠰᠤ ᠶᠢᠨ ᠰᠢᠨ᠎ᠡ ᠡᠨᠧᠷᠭᠢ ᠶᠢᠨ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠤ ᠲᠥᠷᠥᠯ ᠵᠦᠢᠯ ᠢ | ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠪᠥᠬᠦ ᠠᠶᠢᠮᠠᠭ ᠤᠨ ᠰᠢᠨ᠎ᠡ ᠡᠨᠧᠷᠭᠢ ᠶᠢᠨ | ᠠᠵᠢᠯᠯᠠᠭᠤᠯᠵᠤ ᠪᠠᠲᠤᠯᠠᠬᠤ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠨᠤᠨᠳᠠᠭ ᠨᠡᠭᠦᠷᠡᠰᠦᠨ ᠤ ᠦᠨᠡᠰᠦ᠂ ᠬᠦᠬᠦᠷ | ᠦᠭᠡᠶᠢᠳᠡᠭᠦᠯᠦᠭᠰᠡᠨ ᠵᠤᠭᠠᠩ᠂ ᠨᠡᠭᠦᠷᠡᠰᠦᠨ ᠴᠢᠯᠠᠭᠤ ᠵᠡᠷᠭᠡ ᠨᠡᠭᠦᠷᠡᠰᠦ ᠴᠠᠬᠢᠯᠭᠠᠨ ᠤ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠨᠠᠷᠢᠯᠢᠭ ᠣᠨᠣᠴᠠᠲᠠᠢ ᠬᠠᠮᠢᠶᠠᠷᠬᠤ ᠪᠠ ᠱᠠᠲᠤ ᠦᠶ᠎ᠡ ᠪᠠᠷ ᠠᠰᠢᠭᠯᠠᠬᠤ ᠶᠢ ᠥᠷᠨᠢᠭᠦᠯᠵᠦ᠂ ᠳᠡᠭᠡᠳᠦ | ᠲᠡᠰ ᠤᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠰᠢᠨ᠎ᠡ ᠪᠠᠷ ᠬᠥᠭᠵᠢᠭᠰᠡᠨ ᠬᠦᠷᠢᠶ᠎ᠡ ᠶᠢ ᠢᠳᠡᠪᠬᠢᠲᠡᠢ ᠪᠠᠷ ᠨᠡᠭᠡᠭᠡᠵᠦ᠂ 4 | ᠰᠠᠭᠤᠷᠢ ᠴᠠᠬᠢᠯᠭᠠᠨ ᠦᠢᠯᠡᠳᠪᠦᠷᠢ ᠶᠢᠨ ᠲᠣᠭᠤᠷᠢᠨ ᠳᠤ ᠨᠡᠭᠦᠷᠡᠰᠦ ᠴᠠᠬᠢᠯᠭᠠᠨ ᠤ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠵᠤ᠂ ᠵᠢᠶᠠ ᠫᠧᠩ᠂ | ᠵᠦᠩ ᠴᠧᠨ ᠨᠣᠭᠤᠭᠠᠨ ᠡᠨᠧᠷᠭᠢ ᠵᠡᠷᠭᠡ ᠠᠵᠤ ᠠᠬᠤᠶᠢᠯᠠᠯ ᠤᠨ ᠠᠭᠤᠷᠰᠢᠭᠤᠯᠤᠨ ᠳᠠᠷᠤᠰᠢᠭᠤᠯᠤᠭᠰᠠᠨ ᠪᠧᠲ᠋ᠤᠨ | ᠦᠢᠯᠡᠳᠬᠦᠨ᠂ ᠪᠠᠷᠢᠯᠭ᠎ᠠ ᠶᠢᠨ ᠵᠤᠭᠠᠩ ᠤᠨ ᠨᠤᠨᠳᠠᠭ᠂ ᠬᠥᠩᠭᠡᠨ ᠴᠢᠨᠠᠷ ᠤᠨ ᠶᠠᠰᠤᠨ ᠮᠠᠲ᠋ᠧᠷᠢᠶᠠᠯ ᠵᠡᠷᠭᠡ ᠪᠣᠬᠢᠷᠲᠤᠯ | ᠦᠭᠡᠢ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠬᠦ ᠶᠢ ᠡᠭᠦᠰᠭᠡᠨ ᠪᠠᠶᠢᠭᠤᠯᠬᠤ ᠶᠢ ᠲᠡᠮᠵᠢᠨ᠎ᠡ᠃ ᠡᠨᠧᠷᠭᠢ ᠶᠢᠨ | ᠬᠤᠷᠣᠭᠳᠠᠭᠤᠯᠤᠯ ᠶᠡᠬᠡᠲᠡᠢ ᠠᠵᠤ ᠦᠢᠯᠡᠰ ᠢ ᠴᠢᠩᠭ᠎ᠠ ᠬᠢᠵᠠᠭᠠᠷᠯᠠᠨ᠎ᠠ᠃ ᠰᠢᠨ᠎ᠡ ᠪᠠᠷ ᠪᠠᠶᠢᠭᠤᠯᠬᠤ ᠵᠦᠢᠯᠡᠰ ᠤᠨ | ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠭᠤᠯᠤᠯ ᠢ ᠡᠷᠬᠡᠪᠰᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ | ᠬᠦᠷᠭᠡᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠠᠷᠢᠭᠤᠨ ᠴᠡᠪᠡᠷ ᠦᠢᠯᠡᠳᠪᠦᠷᠢᠯᠡᠯ ᠪᠠ ᠡᠨᠧᠷᠭᠢ ᠠᠷᠪᠢᠯᠠᠬᠤ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠴᠤᠷᠤᠩᠭᠤᠢ ᠮᠡᠷᠭᠡᠵᠢᠯ᠂ ᠤᠷᠠᠯᠠᠯ ᠪᠠ ᠲᠥᠬᠦᠭᠡᠷᠦᠮᠵᠢ ᠶᠢ | ᠲᠦᠷᠭᠡᠪᠴᠢᠯᠡᠨ ᠭᠡᠭᠡᠭᠳᠡᠭᠦᠯᠵᠦ᠂ ᠪᠦᠬᠦ ᠬᠤᠳᠠ ᠶᠢᠨ ᠲᠣᠭᠲᠠᠭᠠᠯ ᠢ ᠵᠥᠷᠢᠴᠡᠨ ︽ᠡᠨᠧᠷᠭᠢ ᠶᠢᠨ ᠬᠤᠷᠣᠭᠳᠠᠭᠤᠯᠤᠯ | ᠶᠡᠬᠡᠲᠡᠢ᠂ ᠪᠣᠬᠢᠷᠲᠤᠭᠤᠯᠤᠯ ᠶᠡᠬᠡᠲᠡᠢ︾ ᠦᠵᠡᠭᠳᠡᠯ ᠣᠷᠣᠰᠢᠬᠤ ᠦᠭᠡᠢ ᠪᠠᠶᠢᠬᠤ ᠶᠢ ᠦᠷᠭᠦᠯᠵᠢᠯᠡᠨ ᠪᠠᠲᠣᠯᠠᠨ᠎ᠠ᠃ | ︵ᠭᠤᠷᠪᠠ︶ ᠦᠢᠯᠡᠴᠢᠯᠡᠭᠡᠨ ᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠠᠯᠬᠤᠴᠠ ᠶᠢ ᠲᠦᠷᠭᠡᠳᠬᠡᠨ᠎ᠡ᠃ | ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠬᠤᠪᠢᠰᠤᠯᠲᠠ ᠶᠢᠨ ᠲᠠᠯᠳᠠ ᠬᠦᠴᠦᠨ ᠢ ᠠᠭᠤᠳᠠᠯᠵᠤ᠂ ᠰᠢᠨ᠎ᠡ ᠪᠠᠷ | ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠥᠷᠨᠢᠩᠭᠦᠢ ᠬᠥᠭᠵᠢᠬᠦ ᠶᠢ ᠲᠡᠳᠬᠦᠨ ᠲᠡᠮᠵᠢᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠨ᠎ᠠ᠃ ᠰᠣᠶᠣᠯ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠲᠦᠯᠬᠢᠨ ᠠᠬᠢᠭᠤᠯᠣᠨ᠎ᠠ᠃ ᠰᠣᠶᠣᠯ ᠤᠨ ᠵᠢᠭᠤᠯᠴᠢᠯᠠᠯ ᠤᠨ ᠡᠬᠢ | ᠪᠠᠶᠠᠯᠢᠭ ᠢ ᠭᠦᠢᠴᠡᠳ ᠠᠭᠤᠳᠠᠯᠵᠤ᠂ ᠰᠣᠶᠣᠯ ᠤᠨ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ | ᠲᠦᠷᠭᠡᠳᠬᠡᠨ᠂ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠥᠬᠦ ᠴᠠᠷᠠᠭᠠᠨ ᠤ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ | ᠠᠯᠬᠤᠮ ᠪᠠᠬᠢᠵᠢᠭᠦᠯᠦᠨ᠎ᠡ᠃ ︽ᠰᠢᠯᠢ ᠶᠢᠨ ᠬᠤᠲᠠ ᠶᠢᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ | ᠬᠥᠭᠵᠢᠯᠲᠡ ᠶᠢᠨ ᠲᠥᠯᠦᠪᠵᠢᠭᠦᠯᠭᠡ︾ ︽ᠰᠢᠯᠢ ᠶᠢᠨ ᠬᠤᠲᠠ ᠶᠢᠨ ᠰᠢᠯᠢ ᠶᠢᠨ ᠭᠤᠣᠯ ᠤᠨ ᠲᠠᠯ᠎ᠠ ᠨᠤᠲᠤᠭ ᠤᠨ | ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢᠨ ᠵᠢᠭᠤᠯᠴᠢᠯᠠᠯ ᠤᠨ ᠲᠤᠰᠬᠠᠢ | ᠵᠦᠢᠯ ᠤᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ | ᠦᠢᠯᠡᠰ ᠤᠨ ᠰᠢᠰᠲ᠋ᠧᠮᠵᠢ ᠶᠢ ᠲᠠᠰᠤᠷᠠᠯᠲᠠ ᠦᠭᠡᠢ ᠪᠦᠷᠢᠨᠰᠢᠭᠦᠯᠦᠨ᠎ᠡ᠃ ᠡᠮᠦᠨ᠎ᠡ ᠠᠭᠤᠯᠠ ᠶᠢᠨ ᠪᠡᠶ᠎ᠡ ᠶᠢᠨ | ᠲᠠᠮᠢᠷ ᠤᠨ ᠴᠡᠴᠡᠷᠯᠢᠭ᠂ ᠪᠠᠶᠠᠨᠬᠦ᠋ᠷᠢᠶ᠎ᠡ ᠶᠢᠨ ᠵᠢᠭᠤᠯᠴᠢᠯᠠᠯ ᠤᠨ ᠵᠠᠰᠠᠮᠠᠯ ᠵᠠᠮ᠂ ᠣᠶᠤᠨᠲᠤ ᠰᠣᠶᠣᠯ ᠵᠢᠭᠤᠯᠴᠢᠯᠠᠯ ᠤᠨ | ᠡᠭᠦᠯᠡᠨ ᠪᠣᠳᠣᠯᠲᠠ ᠶᠢᠨ ᠲᠠᠪᠴᠠᠩ ᠵᠡᠷᠭᠡ 5 ᠲᠥᠷᠥᠯ ᠵᠦᠢᠯ ᠢ ᠪᠡᠶᠡᠯᠡᠭᠦᠯᠵᠦ᠂ ᠯᠢᠦ ᠯᠠᠨ ᠤ ᠨᠡᠭᠡᠭᠡᠨ | ᠬᠥᠭᠵᠢᠭᠦᠯᠦᠯᠲᠡ᠂ ᠪᠠᠶᠠᠨᠬᠦ᠋ᠷᠢᠶ᠎ᠡ ᠶᠢᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠵᠢᠭᠤᠯᠴᠢᠯᠠᠯ ᠤᠨ ᠦᠵᠡᠮᠵᠢ ᠶᠢᠨ | ᠣᠷᠣᠨ ᠵᠡᠷᠭᠡ 2 ᠲᠥᠷᠥᠯ ᠵᠦᠢᠯ ᠢ ᠬᠡᠷᠡᠭᠵᠢᠭᠦᠯᠵᠦ᠂ ᠵᠢᠭᠤᠯᠴᠢᠯᠠᠯ ᠤᠨ ᠪᠦᠲᠦᠮᠵᠢᠲᠡᠶ ᠬᠠᠩᠭᠠᠯᠭ᠎ᠠ᠂ ᠴᠢᠨᠠᠷ | ᠰᠠᠶᠢᠲᠠᠢ ᠬᠠᠩᠭᠠᠯᠭ᠎ᠠ᠂ ᠬᠠᠷᠢᠮᠠᠬᠠᠢ ᠬᠠᠩᠭᠠᠯᠭ᠎ᠠ ᠶᠢ ᠨᠠᠩ ᠪᠠᠶᠠᠯᠢᠭᠵᠢᠭᠤᠯᠬᠤ ᠶᠢ ᠠᠬᠢᠭᠤᠯᠤᠨ᠎ᠠ᠃ ᠠᠷᠪᠠᠳᠤᠭᠠᠷ | ᠬᠤᠭᠤᠴᠠᠭᠠᠨ ᠤ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠤᠷᠤᠯᠳᠤᠭᠠᠨ᠂ ᠨᠠᠢᠮᠠᠳᠤᠭᠠᠷ ᠬᠤᠭᠤᠴᠠᠭᠠᠨ ᠤ | ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠤᠷᠤᠯᠳᠤᠭᠠᠨ᠂ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ | ︾ ᠤᠨ ᠭᠤᠣᠯ ᠰᠡᠳᠦᠪᠲᠦ ᠠᠵᠢᠯᠯᠠᠭ᠎ᠠ ᠵᠢᠴᠢ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠰᠢᠨ᠎ᠡ ᠶᠢ ᠡᠭᠦᠳᠬᠦ | ᠪᠠᠶᠠᠷ ᠵᠡᠷᠭᠡ ᠤᠷᠤᠯᠳᠤᠭᠠᠨ ᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠵᠦ᠂ ︽ᠳᠤᠮᠳᠠᠳᠤ | ᠤᠯᠤᠰ ᠤᠨ ᠠᠳᠣᠭᠤᠨ ᠨᠡᠶᠢᠰᠯᠡᠯ︾ ᠤᠨ ᠨᠡᠷᠡᠳᠤ ᠲᠡᠮᠳᠡᠭ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ | ᠲᠦᠯᠬᠢᠨ ᠠᠬᠢᠭᠤᠯᠤᠨ᠎ᠠ᠃ ᠬᠡᠷᠡᠭᠯᠡᠭᠡᠨ ᠤ ᠪᠦᠲᠦᠴᠡ ᠶᠢᠨ ᠲᠡᠰ ᠳᠡᠪᠰᠢᠬᠦ ᠬᠠᠨᠳᠤᠰᠢ ᠪᠠ ᠠᠳᠠᠯᠢ ᠪᠤᠰᠤ | ᠬᠥᠮᠥᠰ ᠤᠨ ᠪᠣᠳᠠᠲᠤ ᠬᠡᠷᠡᠭᠴᠡᠭᠡ ᠳᠤ ᠵᠣᠬᠢᠴᠠᠭᠤᠯᠤᠨ᠂ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ | ᠰᠢᠨ᠎ᠡ ᠵᠠᠭᠪᠤᠷ ᠢ ᠢᠳᠡᠪᠬᠢᠲᠡᠢ ᠪᠠᠷ ᠪᠣᠶᠢᠵᠢᠭᠤᠯᠵᠤ᠂ ᠬᠡᠷᠡᠭᠯᠡᠭᠡᠨ ᠤ ᠬᠡᠪᠴᠢᠶ᠎ᠡ ᠶᠢ ᠲᠠᠰᠤᠷᠠᠯᠳᠠ ᠦᠭᠡᠢ | ᠥᠷᠭᠡᠳᠬᠡᠨ᠎ᠡ᠃ ︽ᠢᠨᠲ᠋ᠧᠷ ᠰᠦᠯᠵᠢᠶ᠎ᠡ + ᠬᠡᠷᠡᠭᠯᠡᠭᠡ︾ ᠶᠢᠨ ᠠᠮᠢ ᠠᠬᠤᠢ ᠶᠢᠨ ᠰᠢᠰᠲ᠋ᠧᠮ ᠢ ᠲᠡᠭᠦᠯᠳᠡᠷᠵᠢᠭᠦᠯᠵᠦ | ᠂ ᠰᠢᠭᠤᠳ ᠨᠡᠪᠲᠡᠷᠡᠭᠦᠯᠬᠦ ᠠᠵᠤ ᠠᠬᠤᠢ ᠶᠢ ᠲᠡᠮᠵᠢᠨ ᠬᠥᠭᠵᠢᠭᠦᠯᠵᠦ᠂ ᠰᠦᠯᠵᠢᠶ᠎ᠡ ᠪᠠᠷ ᠵᠢᠵᠢᠭᠯᠡᠨ ᠬᠤᠳᠠᠯᠳᠤᠬᠤ ᠶᠢ | ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠵᠡᠷᠭᠡ | ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶᠢᠯᠠᠯ ᠤᠨ | ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠᠨ ᠲᠦᠷᠭᠡᠳᠬᠡᠬᠦ ᠶᠢ ᠳᠡᠮᠵᠢᠵᠦ᠂ ᠸᠢᠴᠠᠲ᠂ | ᠰᠦᠯᠵᠢᠶᠡᠨ ᠳᠡᠭᠡᠷᠡᠬᠢ ᠬᠤᠳᠠᠯᠳᠤᠭᠠᠨ ᠤ ᠬᠤᠲᠠ᠂ APP ᠵᠡᠷᠭᠡ ᠰᠦᠯᠵᠢᠶᠡᠨ ᠳᠡᠭᠡᠷᠡᠬᠢ ᠲᠠᠪᠴᠠᠩ ᠳᠤ | ᠲᠦᠰᠢᠭᠯᠡᠨ ᠰᠢᠨ᠎ᠡ ᠪᠠᠷ ᠵᠢᠵᠢᠭᠯᠡᠨ ᠬᠤᠳᠠᠯᠳᠤᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠵᠢᠵᠢᠭᠯᠡᠨ | ᠬᠤᠳᠠᠯᠳᠤᠬᠤ ᠦᠢᠯᠡᠰ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠣᠷᠭᠠᠨᠢᠭ ᠢᠶᠠᠷ | ᠠᠭᠤᠰᠤᠯᠴᠠᠭᠤᠯᠬᠤ ᠶᠢ ᠪᠡᠶᠡᠯᠡᠭᠦᠯᠦᠨ᠎ᠡ᠃ ᠠᠶᠢᠮᠠᠭ ᠤᠨ ᠵᠠᠰᠠᠭ ᠤᠨ ᠣᠷᠳᠣᠨ ᠤ ᠲᠥᠪ ᠬᠤᠲᠠ ᠶᠢᠨ ᠣᠷᠣᠨ | ᠪᠠᠶᠢᠷᠢ ᠶᠢᠨ ᠳᠠᠪᠠᠭᠤᠯᠢᠭ ᠢ ᠠᠰᠢᠭᠯᠠᠨ᠂ ᠪᠥᠬᠦ ᠠᠶᠢᠮᠠᠭ ᠢ ᠬᠠᠮᠤᠷᠤᠭᠰᠠᠨ᠂ ᠡᠷᠬᠢᠨ ᠲᠣᠭᠤᠷᠢᠨ ᠢ ᠳᠠᠶᠢᠴᠢᠯᠠᠭᠰᠠᠨ | ᠣᠷᠣᠨ ᠪᠦᠰᠡ ᠶᠢᠨ ᠴᠢᠨᠠᠷᠲᠠᠢ ᠬᠡᠷᠡᠭᠯᠡᠭᠡᠨ ᠤ ᠲᠥᠪ ᠬᠤᠲᠠ ᠶᠢ ᠢᠳᠡᠪᠬᠢᠲᠡᠢ ᠪᠠᠷ ᠪᠣᠶ ᠪᠣᠯᠭᠠᠨ᠎ᠠ᠃ ᠰᠢᠨ᠎ᠡ ᠪᠠᠷ | ᠬᠥᠭᠵᠢᠭᠰᠡᠨ ᠦᠢᠯᠡᠴᠢᠯᠡᠭᠡᠨ ᠤ ᠦᠢᠯᠡᠰ ᠢ ᠬᠡᠷᠡᠭᠯᠡᠭᠡᠨ ᠤ ᠳᠡᠰ ᠳᠡᠪᠰᠢᠬᠦ ᠬᠠᠨᠳᠤᠰᠢ ᠳᠤ ᠵᠣᠬᠢᠴᠠᠭᠤᠯᠤᠨ᠂ ᠡᠯ᠎ᠡ | ᠲᠦᠷᠦᠯ ᠤᠨ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠡᠷᠡᠭᠦᠯ ᠮᠡᠨᠳᠤ᠂ | ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠢ ᠬᠥᠮᠥᠵᠢᠭᠦᠯᠬᠦ᠂ ᠪᠡᠶ᠎ᠡ ᠶᠢᠨ ᠲᠠᠮᠢᠷ᠂ ᠭᠡᠷ ᠤᠨ ᠶᠠᠪᠤᠳᠠᠯ᠂ | ᠠᠷᠠᠯᠵᠢᠶ᠎ᠠ ᠬᠤᠳᠠᠯᠳᠤᠭ᠎ᠠ ᠵᠡᠷᠭᠡ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠪᠠᠷᠢᠮᠵᠢᠶᠠᠵᠢᠭᠤᠯᠬᠤ᠂ | ᠲᠦᠷᠦᠯ ᠲᠡᠮᠳᠡᠭᠵᠢᠭᠦᠯᠬᠦ ᠪᠠᠶᠢᠭᠤᠯᠤᠯᠲᠠ ᠶᠢ ᠲᠦᠷᠭᠡᠳᠬᠡᠵᠦ᠂ ᠤᠯᠠᠮᠵᠢᠯᠠᠯᠲᠤ ᠬᠡᠷᠡᠭᠯᠡᠭᠡ ᠶᠢ ᠴᠢᠨᠠᠷ ᠰᠠᠶᠢᠲᠠᠢ ᠪᠠ | ᠤᠯᠠᠨ ᠶᠠᠩᠵᠤᠴᠢᠯᠠᠭᠰᠠᠨ ᠲᠡᠶᠢᠰᠢ ᠳᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠬᠡᠷᠡᠭᠯᠡᠭᠡᠨ ᠤ ᠪᠦᠲᠦᠴᠡ ᠶᠢᠨ | ᠳᠡᠰ ᠳᠡᠪᠰᠢᠬᠦ ᠬᠠᠨᠳᠤᠰᠢ ᠪᠠ ᠠᠳᠠᠯᠢ ᠪᠤᠰᠤ ᠬᠥᠮᠥᠰ ᠤᠨ ᠪᠣᠳᠠᠲᠤ ᠬᠡᠷᠡᠭᠴᠡᠭᠡ ᠳᠤ ᠵᠣᠬᠢᠴᠠᠭᠤᠯᠤᠨ᠎ᠠ᠃ | ︵ᠳᠥᠷᠪᠡ︶ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠳᠠᠬᠢ ᠳᠠᠶᠢᠴᠢᠯᠠᠬᠤ ᠦᠢᠯᠡᠳᠦᠯ ᠢ | ᠪᠠᠳᠠᠷᠠᠭᠤᠯᠤᠨ᠎ᠠ᠃ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠥᠷᠭᠡᠳᠬᠡᠬᠦ ᠶᠢ ᠠᠳᠬᠤᠬᠤ ᠪᠠᠷ ᠨᠡᠮᠡᠭᠳᠡᠯ ᠢ | ᠲᠣᠭᠲᠠᠪᠤᠷᠢᠵᠢᠭᠤᠯᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ︽ᠰᠠᠶᠢᠨ ᠡᠬᠢᠯᠡᠯᠲᠡ︾ ᠶᠢ | ᠪᠡᠶᠡᠯᠡᠭᠦᠯᠬᠦ ᠶᠢᠨ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ 2023 ᠣᠨ ᠳᠤ 110 ᠭᠤᠣᠯᠳᠠᠯᠭ᠎ᠠ ᠲᠠᠢ | ᠲᠦᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠠᠩᠬ᠎ᠠ ᠠᠯᠬᠤᠮ ᠲᠥᠯᠥᠪᠯᠡᠵᠦ᠂ 88 ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠲᠥᠷᠥᠯ ᠵᠦᠢᠯ ᠢ ᠲᠥᠯᠥᠪᠵᠢᠭᠦᠯᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠶᠢ ᠲᠡᠭᠦᠯᠳᠡᠷᠵᠢᠭᠦᠯᠦᠨ᠂ | ᠣᠨᠣᠪᠴᠢᠲᠠᠶ ᠲᠥᠯᠥᠪᠯᠡᠵᠦ᠂ ᠪᠣᠳᠠᠲᠠᠢ ᠪᠠᠷ ᠲᠥᠯᠥᠪᠯᠡᠬᠦ ᠶᠢ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠲᠥᠷᠥᠯ | ᠵᠦᠢᠯ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠣᠰ ᠱᠠᠲᠤᠨ ᠤ ᠲᠠᠰ ᠳᠠᠪᠬᠤᠷᠭ᠎ᠠ ᠶᠢᠨ | ᠭᠠᠷᠳᠠᠮ ᠢ ᠲᠦᠷᠭᠡᠳᠬᠡᠨ ᠠᠬᠢᠭᠤᠯᠵᠤ᠂ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠳᠤ 4 ᠳ᠋ᠦ᠋ᠭᠡᠷ | ᠰᠠᠷ᠎ᠠ ᠶᠢᠨ 15 ᠤ ᠡᠳᠦᠷ ᠠᠴᠠ ᠡᠮᠦᠨ᠎ᠡ ᠪᠥᠬᠦ ᠭᠠᠷᠳᠠᠮ ᠤᠨ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ | ᠣᠨᠣᠪᠴᠢᠲᠠᠢ ᠡᠵᠡᠮᠳᠡᠵᠦ᠂ ᠥᠭᠡᠳᠡᠯᠡᠨ ᠳᠠᠪᠰᠢᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ᠂ ᠬᠤᠳᠠ ᠶᠢᠨ ᠬᠠᠮᠢᠶᠠᠷᠤᠯᠲᠠ ᠶᠢᠨ ᠲᠣᠣᠷ᠂ ᠵᠤᠭᠠᠴᠠᠯ ᠤᠨ ᠡᠷᠡᠭᠦᠯᠵᠢᠯ᠂ ᠠᠷᠠᠳ ᠤᠨ | ᠠᠮᠢᠳᠤᠷᠠᠯ ᠤᠨ ᠰᠠᠶᠢᠵᠢᠷᠠᠯᠲᠠ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠨᠡᠩ ᠤᠯᠠᠨ ᠲᠦᠷᠦᠯ ᠵᠦᠢᠯ ᠢ ᠳᠡᠭᠡᠳᠦ ᠱᠠᠲᠤᠨ ᠤ ︽ᠲᠣᠮᠣ ᠬᠡᠪᠴᠢᠶ᠎ᠡ︾ ᠳᠤ ᠣᠷᠣᠭᠤᠯᠬᠤ ᠶᠢ | ᠠᠬᠢᠭᠤᠯᠤᠨ᠎ᠠ᠃ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠯ᠂ ᠭᠠᠵᠠᠷ ᠰᠢᠷᠣᠢ᠂ | ᠴᠠᠬᠢᠯᠭᠠᠨ ᠬᠦᠴᠦ᠂ ᠤᠰᠤᠨ ᠤ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠨᠢᠭᠡᠳᠦᠯᠲᠡᠢ ᠲᠥᠯᠥᠪᠵᠢᠭᠦᠯᠵᠦ | ᠂ ᠮᠥᠷᠳᠡᠨ ᠦᠢᠯᠡᠴᠢᠯᠡᠬᠦ ᠪᠠ ᠲᠦᠷᠦ ᠶᠢᠨ ᠪᠣᠳᠣᠯᠭ᠎ᠠ ᠪᠠᠷ ᠳᠡᠮᠵᠢᠬᠦ ᠵᠢᠴᠢ ᠳᠠᠭᠠᠭᠠᠴᠢᠯᠠᠨ ᠬᠤᠯᠪᠣᠭᠠᠯᠠᠵᠤ | ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠲᠦᠷᠦᠯ ᠵᠦᠢᠯ ᠢ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠨ | ᠠᠵᠤ ᠦᠢᠯᠡᠰ ᠢ ᠣᠷᠣᠨ ᠵᠠᠢ ᠲᠠᠢ ᠪᠣᠯᠭᠠᠨ᠎ᠠ᠃ ᠪᠥᠬᠦ ᠬᠤᠲᠠ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠣᠭᠲᠠᠭᠤᠨ ᠪᠠᠶᠢᠯᠭᠠᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠪᠠᠷ ᠠᠷᠭ᠎ᠠ ᠪᠠᠷᠢᠯ ᠪᠣᠯᠭᠠᠨ᠂ | ᠬᠥᠭᠵᠢᠯᠲᠡ ᠶᠢᠨ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ 2023 ᠣᠨ ᠳᠤ ᠪᠥᠬᠦ | ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6% ᠣᠷᠴᠢᠮ ᠨᠡᠮᠡᠭᠳᠡᠭᠦᠯᠬᠦ ᠶᠢ ᠦᠨᠡᠨ ᠬᠦ | ᠪᠠᠲᠤᠯᠠᠨ᠎ᠠ᠃ | ︵ᠲᠠᠪᠤ︶ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠵᠠᠮ ᠬᠠᠷᠢᠯᠴᠠᠭᠠᠨ ᠤ ᠲᠠᠯ᠎ᠠ ᠪᠠᠷ᠂ ᠲᠥᠷᠥᠯ ᠵᠦᠢᠯ ᠤᠨ ᠭᠠᠷᠳᠠᠮ ᠢ ᠲᠦᠷᠭᠡᠳᠬᠡᠨ ᠲᠡᠭᠦᠯᠳᠡᠷᠵᠢᠭᠦᠯᠵᠦ᠂ ᠲᠠᠢ | ᠰᠢ ᠶᠢᠨ ᠲᠡᠮᠦᠷ ᠵᠠᠮ᠂ ᠥᠷᠲᠡᠭᠡᠨ ᠤ ᠡᠮᠦᠨᠡᠬᠢ ᠠᠭᠤᠳᠠᠮ ᠲᠠᠯᠠᠪᠠᠶ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠥᠭᠡᠷᠡᠴᠢᠯᠡᠯᠲᠡ ᠵᠢᠴᠢ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ᠂ ᠭᠠᠯᠲᠤ ᠲᠡᠷᠭᠡᠨ ᠥᠷᠲᠡᠭᠡ ᠶᠢᠨ ᠵᠡᠭᠦᠨ | ᠥᠷᠲᠡᠭᠡ᠂ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠢᠨᠵᠧᠨᠧᠷᠢᠩ ᠢ ᠬᠠᠮᠵᠢᠯᠴᠠᠨ | ᠠᠬᠢᠭᠤᠯᠪᠡ᠃ ᠤᠯᠤᠰ ᠤᠨ ᠵᠠᠮ ᠤᠨ 207 ᠤᠰᠤᠨ ᠴᠥᠭᠦᠷᠥᠮ ᠠᠴᠠ ᠾᠦᠸᠧ ᠽᠢ ᠯᠢᠶᠠᠩ ᠬᠦᠷᠬᠦ ᠬᠡᠰᠡᠭ᠂ | ᠤᠯᠤᠰ ᠤᠨ ᠵᠠᠮ ᠤᠨ 331 ᠷᠠᠰᠢᠶᠠᠨᠪᠣᠯᠠᠭ ᠠᠴᠠ ᠪᠢᠯᠡᠭᠦᠳᠡᠢ ᠬᠦᠷᠬᠦ ᠵᠠᠰᠠᠮᠠᠯ ᠵᠠᠮ ᠤᠨ ᠲᠥᠷᠥᠯ ᠵᠦᠢᠯ ᠢ ᠡᠮᠬᠢ | ᠵᠢᠷᠤᠮ ᠲᠠᠢ ᠪᠠᠷ ᠬᠡᠷᠡᠭᠵᠢᠭᠦᠯᠵᠦ᠂ ᠵᠠᠰᠠᠮᠠᠯ ᠵᠠᠮ ᠤᠨ ᠲᠣᠣᠷ ᠰᠦᠯᠵᠢᠶ᠎ᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠪᠡ᠃ | ᠴᠠᠬᠢᠯᠭᠠᠨ ᠲᠣᠣᠷ᠂ ᠴᠢᠮᠡᠭᠡ ᠬᠤᠯᠪᠣᠭ᠎ᠠ ᠶᠢᠨ ᠲᠠᠯ᠎ᠠ ᠪᠠᠷ᠂ ᠠᠳᠣᠭᠤᠨ ᠨᠡᠶᠢᠰᠯᠡᠯ ᠤᠨ 110 ᠺᠢᠯᠤᠸᠤᠯᠲ ᠤᠨ | ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ᠂ 10 ᠺᠢᠯᠤᠸᠤᠯᠲ ᠠᠴᠠ ᠳᠣᠷᠣᠭᠰᠢᠬᠢ ᠴᠠᠬᠢᠯᠭᠠᠨ ᠲᠦᠭᠡᠭᠡᠬᠦ | ᠲᠣᠣᠷ ᠤᠨ ᠥᠭᠡᠷᠡᠴᠢᠯᠡᠯᠲᠡ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠴᠠᠬᠢᠯᠭᠠᠨ ᠬᠠᠩᠭᠠᠬᠤ | ᠲᠥᠬᠦᠭᠡᠷᠦᠮᠵᠢ ᠶᠢᠨ ᠥᠭᠡᠷᠡᠴᠢᠯᠡᠯᠲᠡ᠂ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠥᠭᠡᠷᠡᠴᠢᠯᠡᠯᠲᠡ᠂ ᠰᠢᠨ᠎ᠡ | ᠡᠨᠧᠷᠭᠢ ᠶᠢ ᠲᠣᠣᠷ ᠲᠤ ᠰᠢᠯᠵᠢᠭᠦᠯᠬᠦ ᠴᠠᠬᠢᠯᠭᠠᠨ ᠵᠡᠷᠭᠡ ᠴᠠᠬᠢᠯᠭᠠᠨ ᠬᠠᠩᠭᠠᠬᠤ ᠢᠨᠵᠧᠨᠧᠷᠢᠩ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠴᠠᠬᠢᠯᠭᠠᠨ ᠬᠠᠩᠭᠠᠬᠤ ᠪᠠᠲᠤᠯᠠᠪᠤᠷᠢ ᠶᠢᠨ ᠴᠢᠳᠠᠪᠤᠷᠢ ᠶᠢ ᠳᠠᠰᠤᠷᠠᠯᠳᠠ ᠦᠭᠡᠢ | ᠳᠡᠭᠡᠭᠰᠢᠯᠡᠭᠦᠯᠪᠡ᠃ ᠤᠯᠤᠰ ᠮᠤᠵᠢ ᠶᠢᠨ ᠭᠤᠣᠯ ᠵᠠᠮ ᠳᠠᠭᠠᠤ ᠶᠢᠨ ᠭᠠᠷ ᠤᠲᠠᠰᠤᠨ ᠤ ᠳᠣᠬᠢᠶ᠎ᠠ ᠶᠢᠨ ᠪᠠᠯᠠᠢ | ᠣᠷᠣᠨ ᠢ ᠠᠷᠢᠯᠭᠠᠬᠤ ᠠᠵᠢᠯ ᠢ ᠦᠷᠭᠦᠯᠵᠢᠯᠡᠨ ᠠᠬᠢᠭᠤᠯᠵᠤ᠂ ᠭᠤᠣᠯ ᠪᠣᠯᠬᠤ ᠤᠯᠤᠰ ᠮᠤᠵᠢ ᠶᠢᠨ ᠭᠤᠣᠯ ᠵᠠᠮ | ᠳᠠᠭᠠᠤ ᠶᠢᠨ ᠭᠠᠷ ᠤᠲᠠᠰᠤᠨ ᠤ ᠳᠣᠬᠢᠶ᠎ᠠ ᠶᠢ ᠪᠦᠬᠦᠨ ᠢ ᠬᠠᠮᠤᠷᠬᠤ ᠶᠢ ᠴᠢᠷᠮᠠᠶᠢᠨ ᠪᠡᠶᠡᠯᠡᠭᠦᠯᠪᠡ᠃ ᠤᠰᠤᠨ | ᠠᠰᠢᠭᠯᠠᠯᠲᠠ ᠶᠢᠨ ᠲᠠᠯ᠎ᠠ ᠪᠠᠷ᠂ ᠦᠶᠡᠷ ᠢ ᠰᠡᠷᠭᠡᠶᠢᠯᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠭᠡᠭᠡᠨ ᠣᠪᠣᠭ᠎ᠠ ᠶᠢᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ ᠰᠢᠯᠢ ᠶᠢᠨ ᠭᠤᠣᠯ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ | ᠢᠨᠵᠧᠨᠧᠷᠢᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ | ᠬᠤᠷᠢᠭ᠎ᠠ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ | ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠬᠠᠤᠯᠢ | ᠪᠤᠰᠤ ᠪᠠᠷ ᠤᠰᠤ ᠲᠠᠲᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠵᠠᠷ ᠳᠣᠣᠷᠠᠬᠢ ᠤᠰᠤᠨ ᠤ | ᠲᠦᠪᠰᠢᠨ ᠤ ᠦᠷᠭᠦᠯᠵᠢᠯᠡᠨ ᠳᠡᠭᠡᠭᠰᠢᠯᠡᠬᠦ ᠶᠢ ᠦᠨᠡᠨᠬᠦ ᠪᠠᠲᠤᠯᠠᠪᠡ᠃ ᠬᠤᠳᠠ ᠶᠢᠨ ᠰᠠᠭᠤᠷᠢ ᠲᠥᠬᠦᠭᠡᠷᠦᠮᠵᠢ ᠶᠢᠨ | ᠲᠠᠯ᠎ᠠ ᠪᠠᠷ᠂ ᠬᠤᠳᠠ ᠶᠢ ᠳᠡᠭᠡᠭᠰᠢᠯᠡᠭᠦᠯᠦᠨ ᠥᠭᠡᠷᠡᠴᠢᠯᠡᠬᠦ ᠠᠵᠢᠯᠯᠠᠭ᠎ᠠ ᠶᠢ ᠡᠬᠢᠯᠡᠭᠦᠯᠵᠦ᠂ ᠡᠨᠧᠷᠭᠢ ᠶᠢᠨ ᠰᠤᠷᠪᠤᠯᠵᠢ᠂ | ᠤᠰᠤ ᠬᠠᠩᠭᠠᠬᠤ ᠤᠰᠤ ᠵᠠᠯᠠᠬᠤ᠂ ᠬᠤᠳᠠ ᠶᠢᠨ ᠶᠠᠪᠤᠳᠠᠯ ᠤᠨ ᠵᠠᠮ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ | ᠵᠡᠷᠭᠡ ᠬᠦᠷᠢᠶᠡᠨ ᠤ ᠲᠣᠭᠤᠷᠢᠨ ᠳᠤ ᠬᠤᠳᠠ ᠶᠢᠨ ᠭᠤᠣᠯᠳᠠᠯᠭ᠎ᠠ ᠲᠠᠢ 58 ᠵᠦᠢᠯᠡᠰ ᠢ ᠬᠡᠷᠡᠭᠵᠢᠭᠦᠯᠪᠡ᠃ ᠬᠠᠭᠤᠴᠢᠨ | ᠪᠠ ᠬᠠᠭᠤᠴᠢᠷᠠᠭᠰᠠᠨ ᠵᠢᠵᠢᠭ ᠲᠣᠭᠤᠷᠢᠭ᠂ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ | ᠥᠷᠨᠢᠭᠦᠯᠵᠦ᠂ 106 ᠬᠠᠭᠤᠴᠢᠨ ᠪᠠ ᠬᠠᠭᠤᠴᠢᠷᠠᠭᠰᠠᠨ ᠵᠢᠵᠢᠭ ᠲᠣᠭᠤᠷᠢᠭ ᠢ ᠥᠭᠡᠷᠡᠴᠢᠯᠡᠨ ᠵᠠᠰᠠᠬᠤ ᠵᠦᠢᠯᠡᠰ ᠢ | ᠪᠡᠶᠡᠯᠡᠭᠦᠯᠵᠦ᠂ 100 ᠡᠷᠦᠬᠡ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠵᠠᠰᠠᠪᠠ᠃ ᠥᠪᠡᠰᠦᠪᠡᠨ ᠪᠠᠷᠢᠭᠰᠠᠨ | ᠭᠡᠷ ᠪᠠᠶᠢᠰᠢᠩ ᠤᠨ ᠠᠮᠤᠷ ᠲᠦᠪᠰᠢᠨ ᠤ ᠴᠡᠭᠴᠡᠯᠡᠨ ᠵᠠᠰᠠᠬᠤ ᠠᠵᠢᠯᠯᠠᠭ᠎ᠠ ᠶᠢ ᠠᠬᠢᠭᠤᠯᠵᠤ᠂ ᠥᠪᠡᠰᠦᠪᠡᠨ ᠪᠠᠷᠢᠭᠰᠠᠨ | ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠣᠷᠣᠭᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ ᠭᠤᠶᠣᠯᠠᠵᠤ | ᠭᠡᠷᠡᠯᠲᠦᠭᠦᠯᠬᠦ᠂ ᠬᠤᠲᠠ ᠶᠢᠨ ᠵᠠᠮ ᠤᠨ ᠳ᠋ᠧᠩ ᠢ ᠥᠭᠡᠷᠡᠴᠢᠯᠡᠬᠦ᠂ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠵᠡᠷᠭᠡ | ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠵᠤ᠂ ᠬᠤᠲᠠ ᠶᠢᠨ ᠦᠵᠡᠮᠵᠢ ᠶᠢᠨ ᠴᠢᠨᠠᠷ ᠴᠢᠨᠰᠠᠭ᠎ᠠ ᠶᠢ ᠪᠥᠬᠦ | ᠲᠠᠯ᠎ᠠ ᠪᠠᠷ ᠳᠡᠭᠡᠭᠰᠢᠯᠡᠭᠦᠯᠪᠡ᠃ ᠭᠤᠷᠪᠠᠨ ᠤᠰᠤᠨ ᠬᠤᠭᠤᠯᠠᠢ ᠶᠢᠨ ᠲᠣᠣᠷ᠂ ᠢᠯᠴᠢ ᠬᠠᠩᠭᠠᠬᠤ ᠬᠤᠭᠤᠯᠠᠢ ᠶᠢᠨ | ᠲᠣᠣᠷ᠂ ᠰᠢᠲᠠᠮᠠᠬᠠᠢ ᠬᠡᠢ ᠶᠢᠨ ᠬᠤᠭᠤᠯᠠᠢ ᠶᠢ ᠳᠡᠰ ᠳᠡᠪᠰᠢᠭᠦᠯᠦᠨ ᠥᠭᠡᠷᠡᠴᠢᠯᠡᠬᠦ ᠠᠵᠢᠯ ᠢ ᠰᠠᠶᠢᠲᠤᠷ ᠠᠳᠬᠤᠵᠤ᠂ | ᠤᠯᠠᠨ ᠲᠦᠮᠡᠨ ᠤ ᠤᠰᠤ ᠬᠡᠷᠡᠭᠯᠡᠬᠦ ᠢᠯᠴᠢ ᠬᠡᠷᠡᠭᠯᠡᠬᠦ ᠬᠡᠢ ᠶᠢᠨ ᠠᠰᠠᠭᠤᠳᠠᠯ ᠢ ᠰᠢᠢᠳᠪᠦᠷᠢᠯᠡᠪᠡ᠃ ᠬᠤᠭᠤᠯᠠᠨ ᠭᠡᠷ | ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ᠂ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ᠂ | ᠰᠢᠨ᠎ᠡ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠪᠣᠬᠢᠷ ᠰᠢᠪᠠᠷ ᠢ ᠰᠢᠢᠳᠪᠦᠷᠢᠯᠡᠬᠦ᠂ | ᠪᠠᠶᠠᠨᠪᠤᠯᠠᠭ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤ ᠬᠠᠩᠭᠠᠬᠤ ᠢᠨᠵᠧᠨᠧᠷᠢᠩ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ 38 ᠨᠡᠶᠢᠲᠡ ᠶᠢᠨ ᠵᠣᠷᠯᠣᠩ ᠢ ᠲᠠᠰ ᠳᠡᠪᠰᠢᠭᠦᠯᠵᠦ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃ ᠪᠠᠶᠢᠭᠤᠯᠤᠭᠰᠠᠨ ᠲᠣᠭᠤᠷᠢᠭ ᠤᠨ | ᠮᠠᠰᠢᠨᠴᠢᠯᠠᠭᠰᠠᠨ ᠴᠡᠪᠡᠷᠯᠡᠯᠲᠡ ᠶᠢᠨ ᠨᠣᠷᠮ᠎ᠠ ᠶᠢ 75% ᠠᠴᠠ ᠳᠡᠭᠡᠭᠰᠢ ᠳᠤ ᠬᠦᠷᠦᠭᠦᠯᠬᠦ ᠶᠢ ᠠᠬᠢᠭᠤᠯᠵᠤ᠂ ᠬᠤᠲᠠ | ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠡᠭᠡᠭᠰᠢᠯᠡᠭᠦᠯᠪᠡ᠃ ᠮᠠᠯᠵᠢᠬᠤ ᠣᠷᠣᠨ ᠤ ᠰᠠᠭᠤᠷᠢ | ᠪᠡᠯᠡᠳᠬᠡᠮᠵᠢ ᠶᠢᠨ ᠲᠠᠯ᠎ᠠ ᠪᠠᠷ᠂ ᠮᠠᠯᠵᠢᠬᠤ ᠣᠷᠣᠨ ᠤ ᠤᠤᠭᠤᠬᠤ ᠤᠰᠤᠨ ᠤ ᠠᠶᠤᠯ ᠦᠭᠡᠢ ᠶᠢᠨ ᠢᠨᠵᠧᠨᠧᠷᠢᠩ ᠢ | ᠬᠡᠷᠡᠭᠵᠢᠭᠦᠯᠵᠦ᠂ ᠤᠰᠤᠨ ᠰᠤᠷᠪᠤᠯᠵᠢ ᠶᠢᠨ 63 ᠬᠤᠳᠳᠤᠭ᠂ ᠤᠰᠤ ᠬᠠᠳᠠᠭᠠᠯᠠᠬᠤ ᠵᠣᠭᠤᠷᠢ ᠶᠢ 78 ᠰᠢᠨ᠎ᠡ ᠪᠠᠷ | ᠪᠠᠶᠢᠭᠤᠯᠪᠠ᠃ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠪᠠ | ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠵᠠᠰᠠᠬᠤ ᠶᠢ ᠠᠬᠢᠭᠤᠯᠤᠨ᠂ ᠮᠠᠯᠵᠢᠬᠤ ᠣᠷᠣᠨ ᠤ ᠨᠡᠶᠢᠭᠡᠮᠴᠢᠯᠡᠭᠰᠡᠨ | ᠦᠢᠯᠡᠴᠢᠯᠡᠭᠡᠨ ᠤ ᠡᠩᠨᠡᠭᠡ ᠶᠢᠨ ᠦᠢᠯᠡᠴᠢᠯᠡᠭᠡᠨ ᠤ ᠤᠳᠠᠭ᠎ᠠ ᠳᠠᠷᠠᠭ᠎ᠠ ᠶᠢ ᠳᠡᠭᠡᠭᠰᠢᠯᠡᠭᠦᠯᠵᠦ᠂ ᠡᠷᠦᠬᠡ ᠶᠢᠨ | ᠵᠣᠷᠯᠣᠩ ᠢ 150 ᠡᠷᠦᠬᠡ ᠳᠤ ᠴᠡᠭᠴᠡᠯᠡᠨ ᠵᠠᠰᠠᠬᠤ ᠶᠢ ᠪᠡᠶᠡᠯᠡᠭᠦᠯᠵᠦ᠂ ᠡᠷᠦᠬᠡ ᠶᠢᠨ ᠵᠣᠷᠯᠣᠩ ᠢ 170 ᠡᠷᠦᠬᠡ ᠳᠤ | ᠰᠢᠨ᠎ᠡ ᠪᠠᠷ ᠪᠠᠶᠢᠭᠤᠯᠪᠡ᠃ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ | ᠪᠥᠬᠦ ᠰᠢᠶᠠᠨ ᠢᠶᠠᠷ ᠲᠦᠯᠬᠢᠨ ᠠᠬᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠮᠠᠯ | ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ | ᠪᠠᠬᠢᠵᠢᠭᠦᠯᠪᠡ᠃ ᠮᠠᠯᠵᠢᠬᠤ ᠣᠷᠣᠨ ᠤ 4 ᠵᠤᠷᠪᠤᠰ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠵᠣᠯ ᠵᠢᠷᠭᠠᠯᠲᠤ ᠵᠠᠮ︾ ᠢ ᠲᠠᠰᠤᠷᠠᠯᠲᠠ ᠦᠭᠡᠢ | ᠥᠷᠭᠡᠳᠬᠡᠪᠡ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠡᠷᠡᠭᠲᠡᠢ᠃ ᠲᠠᠬᠢᠨ | ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ | ᠱᠤᠭᠤᠮ ᠢ ᠡᠷᠡᠰ ᠰᠠᠬᠢᠨ᠎ᠠ᠃ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠬᠦ ᠠᠴᠠ ᠪᠢᠰᠢ | ᠬᠠᠰᠤᠭᠳᠠᠭᠤᠯᠬᠤ ᠦᠭᠡᠢ ᠪᠠᠶᠢᠬᠤ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 10 | ᠲᠦᠷᠦᠯ ᠵᠦᠢᠯ ᠢ ᠬᠡᠷᠡᠭᠵᠢᠭᠦᠯᠪᠡ᠃ ᠬᠤᠯᠪᠤᠭᠠᠯᠠᠨ ᠮᠠᠯᠵᠢᠬᠤ ᠶᠢ ᠳᠠᠶᠢᠴᠢᠯᠠᠬᠤ ᠲᠣᠭᠲᠠᠴᠠ ᠶᠢ ᠭᠦᠨᠵᠡᠭᠡᠶᠢᠷᠡᠭᠦᠯᠵᠦ᠂ | ᠦᠬᠡᠷ᠂ ᠬᠤᠨᠢ᠂ ᠮᠣᠷᠢ᠂ ᠡᠪᠡᠰᠦ ᠵᠡᠷᠭᠡ ᠮᠠᠯ ᠠᠵᠤ ᠠᠬᠤᠢ ᠶᠢᠨ ᠡᠬᠢ ᠪᠠᠶᠠᠯᠢᠭ ᠲᠤ ᠲᠦᠰᠢᠭᠯᠡᠨ᠂ | ᠳᠠᠭᠠᠭᠤᠯᠤᠭᠴᠢ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠤᠯᠪᠣᠭᠠᠲᠤ | ᠴᠣᠭᠴᠠ ᠶᠢ ᠵᠣᠬᠢᠶᠠᠨ ᠪᠠᠶᠢᠭᠤᠯᠵᠤ᠂ ᠨᠢᠭᠲᠠ ᠬᠡᠯᠪᠡᠷᠢ ᠶᠢᠨ ᠮᠠᠯ ᠠᠵᠤ ᠠᠬᠤᠢ ᠠᠵᠤ ᠠᠬᠤᠶᠢᠯᠠᠯ ᠤᠨ ᠠᠰᠢᠭ | ᠲᠤᠰᠠ ᠶᠢᠨ ᠬᠤᠯᠪᠣᠯᠳᠤᠯ ᠤᠨ ᠬᠠᠷᠢᠴᠠᠯ ᠢ 70% ᠠᠴᠠ ᠳᠡᠭᠡᠭᠰᠢ ᠳᠤ ᠬᠦᠷᠦᠭᠦᠯᠬᠦ ᠶᠢ ᠪᠡᠶᠡᠯᠡᠭᠦᠯᠪᠡ᠃ ᠰᠤᠷᠭᠠᠨ | ᠬᠥᠮᠦᠵᠢᠯ ᠤᠨ ᠬᠢᠷᠢ ᠲᠦᠪᠰᠢᠨ ᠢ ᠪᠦᠬᠦ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ | ᠬᠡᠦᠬᠡᠳ ᠤᠨ ᠴᠡᠴᠡᠷᠯᠢᠭ᠂ ᠴᠢᠯᠠᠭᠤᠲᠤ ᠬᠡᠦᠬᠡᠳ ᠤᠨ ᠴᠡᠴᠡᠷᠯᠢᠭ ᠢ ᠬᠥᠭᠵᠢᠭᠦᠯᠦᠨ ᠮᠠᠨᠳᠤᠭᠤᠯᠬᠤ᠂ ᠬᠡᠦᠬᠡᠳ ᠤᠨ | ᠴᠡᠴᠡᠷᠯᠢᠭ ᠢ ᠪᠦᠯᠬᠦᠮᠳᠡᠭᠦᠯᠦᠨ ᠪᠦᠲᠦᠭᠡᠨ ᠪᠠᠶᠢᠭᠤᠯᠬᠤ ᠶᠢ ᠪᠡᠶᠡᠯᠡᠭᠦᠯᠵᠦ᠂ ᠲᠠᠪᠤᠳᠤᠭᠠᠷ ᠳᠤᠮᠳᠠᠳᠤ ᠰᠤᠷᠭᠠᠭᠤᠯᠢ᠂ | ᠠᠷᠪᠠᠨ ᠲᠠᠪᠤᠳᠤᠭᠠᠷ ᠪᠠᠭ᠎ᠠ ᠰᠤᠷᠭᠠᠭᠤᠯᠢ ᠶᠢᠨ ᠭᠤᠣᠯ ᠴᠣᠭᠴᠠ ᠶᠢᠨ ᠠᠵᠢᠯ ᠳᠠᠭᠤᠰᠬᠤ ᠶᠢ ᠠᠬᠢᠭᠤᠯᠤᠨ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠷᠳᠡᠮ ᠤᠨ ᠴᠣᠯᠠ ᠶᠢ 1785 ᠰᠢᠨ᠎ᠡ ᠪᠠᠷ ᠨᠡᠮᠡᠭᠳᠡᠭᠦᠯᠵᠦ᠂ | ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 55% ᠳᠤ ᠬᠦᠷᠦᠭᠦᠯᠪᠡ᠃ | ᠰᠣᠷᠣᠭᠴᠢ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠤᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ | ᠪᠦᠷᠢᠨᠰᠢᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠤᠨ | ᠴᠡᠭᠴᠡᠯᠡᠨ ᠵᠠᠰᠠᠵᠤ᠂ ᠬᠡᠦᠬᠡᠳ ᠢ ᠰᠠᠶᠢᠨ ᠰᠤᠷᠤᠯᠴᠠᠭᠤᠯᠵᠤ᠂ ᠰᠠᠶᠢᠨ ᠦᠢᠯᠡᠳᠦᠯᠭᠡᠵᠢᠭᠦᠯᠬᠦ ᠪᠠᠷ ᠴᠢᠷᠮᠠᠶᠢᠨ᠎ᠠ᠃ | ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ | ᠲᠡᠭᠡᠭᠰᠢᠯᠡᠭᠦᠯᠬᠦ ᠶᠢ ᠠᠬᠢᠭᠤᠯᠪᠠ᠃ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠳᠠ ᠦᠭᠡᠢ | ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢᠨ ᠨᠡᠩ ᠢᠳᠡᠪᠬᠢᠲᠡᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ | ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠴᠡᠷᠢᠭ ᠠᠴᠠ ᠬᠠᠯᠠᠭᠳᠠᠭᠰᠠᠳ᠂ ᠠᠵᠢᠯ ᠠᠯᠳᠠᠭᠰᠠᠳ ᠵᠡᠷᠭᠡ | ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠳᠠ | ᠪᠠᠯᠭᠠᠰᠤᠨ ᠤ 2800 ᠬᠥᠮᠥᠨ ᠳᠤ ᠰᠢᠨ᠎ᠡ ᠪᠠᠷ ᠠᠵᠢᠯ ᠣᠯᠭᠤᠵᠤ᠂ ︽ᠠᠵᠢᠯ ᠦᠭᠡᠢ︾ ᠭᠡᠷ ᠪᠦᠯᠢ ᠶᠢ | ᠬᠥᠳᠡᠯᠦᠩᠭᠦᠢ ᠪᠠᠷ ᠴᠡᠪᠡᠷᠯᠡᠨ ᠠᠷᠢᠯᠭᠠᠬᠤ ᠶᠢ ᠪᠠᠲᠤᠯᠠᠪᠠ᠃ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠥᠳᠡᠯᠮᠦᠷᠢ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ | ᠬᠡᠷᠡᠭᠴᠡᠭᠡ ᠶᠢᠨ ᠵᠣᠬᠢᠴᠠᠯᠳᠤᠯ ᠢ ᠠᠬᠢᠭᠤᠯᠵᠤ᠂ ᠡᠯ᠎ᠡ ᠲᠦᠷᠦᠯ ᠤᠨ ᠤᠷ᠎ᠠ ᠮᠡᠷᠭᠡᠰᠢᠯᠳᠦ ᠴᠢᠳᠠᠪᠤᠷᠢᠲᠠᠨ ᠢ 1600 | ᠬᠥᠮᠥᠨ ᠤᠳᠠᠭ᠎ᠠ ᠪᠣᠯᠪᠠᠰᠤᠷᠠᠭᠤᠯᠪᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ | ᠪᠠᠲᠤᠯᠠᠭ᠎ᠠ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ | ᠵᠠᠰᠠᠬᠤ ᠠᠵᠢᠯ ᠢ ᠪᠠᠶᠢᠩᠭᠤᠵᠢᠭᠤᠯᠤᠨ᠂ ᠠᠵᠤ ᠠᠬᠤᠶᠢᠯᠠᠯ ᠪᠣᠯᠣᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠡ᠃ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠲᠣᠭᠲᠠᠴᠠ ᠶᠢ | ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠪᠡ᠃ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠪᠡ᠃ ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠰᠢᠨ᠎ᠡ ᠱᠠᠲᠤ ᠦᠶ᠎ᠡ ᠳᠠᠬᠢ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠨᠡᠶᠢᠭᠡᠮ ᠤᠨ ᠲᠠᠯ᠎ᠠ ᠪᠠ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠤᠨ ᠵᠦᠢᠯ ᠤᠨ ᠨᠥᠭᠡᠴᠡᠯᠡᠯᠲᠡ ᠶᠢ ᠴᠢᠩᠭᠠᠳᠬᠠᠨ᠂ | ᠭᠤᠣᠯᠳᠠᠯᠭ᠎ᠠ ᠲᠠᠢ ᠬᠥᠮᠥᠰ ᠤᠨ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠢ ᠠᠮᠤᠷ ᠲᠦᠪᠰᠢᠨ ᠢᠶᠠᠷ | ᠥᠩᠭᠡᠷᠡᠭᠦᠯᠬᠦ ᠶᠢ ᠬᠠᠮᠠᠭᠠᠯᠠᠵᠤ᠂ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ | ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠣᠯᠠᠪᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ | ᠲᠣᠭᠲᠠᠨ ᠦᠢᠯᠡᠴᠢᠯᠡᠬᠦ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠬᠤᠲᠠ ᠶᠢᠨ ᠲᠣᠭᠤᠷᠢᠭ ᠲᠠᠬᠢ ᠬᠢᠲᠠᠳ | ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠢ ᠪᠦᠬᠦᠨ ᠢ ᠬᠠᠮᠣᠷᠬᠤ ᠶᠢ ᠪᠡᠶᠡᠯᠡᠭᠦᠯᠪᠡ᠃ ᠬᠤᠲᠠ ᠶᠢᠨ ᠡᠮᠴᠢᠯᠡᠭᠡᠨ ᠤ | ᠪᠦᠯᠦᠭᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ | ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ | ᠬᠢᠵᠠᠭᠠᠷᠯᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠡᠷᠡᠭᠦᠯ ᠪᠣᠯᠪᠠᠰᠤᠨ ᠠᠮᠢᠳᠤᠷᠠᠯ ᠤᠨ | ᠠᠷᠭ᠎ᠠ ᠮᠠᠶ᠋ᠢᠭ ᠢ ᠰᠠᠨᠠᠭᠠᠴᠢᠯᠠᠪᠡ᠃ ᠨᠡᠶᠢᠭᠡᠮ ᠤᠨ ᠪᠠᠲᠤᠯᠠᠭ᠎ᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠪᠠ᠃ | ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠨᠠᠰᠤᠵᠢᠯ ᠤᠨ | ᠦᠨᠳᠦᠰᠦᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ | ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠪᠠ᠃ ᠲᠡᠰ ᠳᠠᠪᠬᠤᠷᠭ᠎ᠠ ᠲᠦᠷᠦᠯ | ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠣᠨᠴᠠᠭᠠᠶ ᠬᠦᠴᠢᠷᠳᠡᠯ ᠲᠠᠢ | ᠬᠠᠮᠲᠤᠯᠢᠭ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ᠃ ᠡᠮ ᠡᠮᠨᠡᠯᠭᠡ ᠶᠢᠨ ᠳᠠᠭᠠᠳᠬᠠᠯ ᠪᠠ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠠᠭᠠᠳᠬᠠᠯ | ᠮᠡᠬᠡᠯᠡᠬᠦ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠰᠠᠭᠤᠷᠢ ᠮᠥᠩᠭᠦ ᠶᠢᠨ ᠡᠷᠡᠭᠦᠯ ᠢᠶᠠᠷ | ᠠᠵᠢᠯᠯᠠᠬᠤ ᠶᠢ ᠦᠨᠡᠨ ᠬᠦ ᠪᠠᠲᠤᠯᠠᠨ᠎ᠠ᠃ ︽ᠨᠢᠭᠡ ᠨᠠᠰᠤᠲᠠᠨ ᠨᠢᠭᠡ ᠪᠠᠭ᠎ᠠ︾ ᠶᠢᠨ ᠠᠰᠠᠭᠤᠳᠠᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ | ᠬᠠᠷᠢᠯᠴᠠᠨ ᠵᠣᠬᠢᠴᠠᠭᠤᠯᠬᠤ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠬᠠᠷᠢᠯᠴᠠᠨ ᠤᠶᠠᠯᠳᠤᠭᠤᠯᠤᠭᠰᠠᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠨᠡᠶᠢᠭᠡᠮ ᠤᠨ ᠬᠦᠴᠦᠨ ᠤ ᠨᠡᠶᠢᠳᠡᠮ | ᠠᠰᠢᠭ ᠬᠦᠷᠲᠡᠭᠡᠬᠦ ᠨᠠᠶᠢᠳᠠᠨ ᠬᠥᠮᠥᠵᠢᠭᠦᠯᠬᠦ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠰᠣᠶᠣᠯ ᠪᠡᠶ᠎ᠡ ᠶᠢᠨ | ᠲᠠᠮᠢᠷ ᠤᠨ ᠦᠢᠯᠡᠰ ᠤᠨ ᠴᠡᠴᠡᠭᠯᠡᠯ ᠬᠥᠭᠵᠢᠯ ᠢ ᠲᠦᠯᠬᠢᠨ ᠠᠬᠢᠭᠤᠯᠤᠨ᠎ᠠ᠃ ︽ᠤᠯᠠᠭᠠᠨᠮᠥ᠋ᠴᠢᠷ ᠤᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ ᠤ ᠳᠤᠮᠳᠠ ᠭᠦᠨᠵᠡᠭᠡᠶᠢᠷᠡᠬᠦ︾ ᠭᠤᠣᠯ ᠰᠡᠳᠦᠪᠲᠦ ᠠᠷᠠᠳ ᠲᠤ ᠠᠰᠢᠭ | ᠬᠦᠷᠲᠡᠭᠡᠬᠦ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠨᠠᠩ ᠣᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ | ᠣᠯᠠᠨ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃ ︽ | ᠰᠢᠯᠢ ᠶᠢᠨ ᠭᠤᠣᠯ ᠤᠨ ᠵᠤᠨ︾ ᠤ ᠵᠤᠨ ᠤ ᠤᠯᠠᠷᠢᠯ ᠤᠨ ᠰᠣᠶᠣᠯ ᠤᠨ ᠨᠠᠶᠢᠷ ᠢ ᠡᠷᠭᠢᠯᠡᠵᠦ᠂ ᠠᠷᠠᠳ ᠲᠤ ᠠᠰᠢᠭ | ᠬᠦᠷᠲᠡᠭᠡᠬᠦ 100 ᠲᠠᠯᠠᠪᠤᠷ ᠲᠣᠭᠯᠠᠯᠲᠠ ᠶᠢ ᠵᠣᠬᠢᠶᠠᠨ ᠪᠠᠶᠢᠭᠤᠯᠪᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠪᠠᠭᠠᠵᠢ ᠬᠡᠷᠡᠭᠰᠡᠯ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ᠣᠯᠠᠨ ᠲᠦᠮᠡᠨ ᠤ ᠪᠡᠶ᠎ᠡ | ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠵᠤ᠂ ᠣᠯᠠᠨ ᠨᠡᠶᠢᠲᠡ ᠶᠢᠨ | ᠰᠣᠶᠣᠯ ᠤᠨ ᠲᠠᠯᠠᠪᠤᠷ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠨ ᠬᠠᠮᠲᠤᠪᠠᠷ ᠡᠳ᠋ᠯᠡᠬᠦ ᠶᠢ ᠠᠬᠢᠭᠤᠯᠤᠨ | ᠂ ᠰᠠᠭᠠᠳ ᠦᠭᠡᠢ᠂ ᠨᠥᠬᠦᠴᠡᠯ ᠦᠭᠡᠢ ᠪᠠᠷ ᠣᠷᠣᠬᠤ ᠶᠢ ᠪᠡᠶᠡᠯᠡᠭᠦᠯᠵᠦ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠥᠷᠨᠢᠯᠲᠡ ᠶᠢ ᠳᠠᠶᠢᠴᠢᠯᠠᠨ᠎ᠠ᠃ | ︵ᠳᠣᠯᠤᠭ᠎ᠠ︶ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠡᠳᠬᠢᠴᠡ ᠠᠷᠭ᠎ᠠ ᠶᠢᠨ | ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ | ᠨᠥᠬᠦᠪᠦᠷᠢᠯᠡᠵᠦ ᠬᠡᠯᠬᠢᠶᠡᠰᠦ ᠶᠢ ᠴᠢᠩᠭᠠᠳᠬᠠᠬᠤ ᠶᠢᠨ ᠲᠣᠭᠤᠷᠢᠨ ᠳᠤ᠂ ᠬᠤᠭᠤᠰᠤᠨ ᠢ ᠪᠥᠭᠯᠡᠵᠦ ᠬᠤᠳᠠᠯᠳᠤᠭᠠᠴᠢᠨ | ᠤᠷᠢᠬᠤ᠂ ᠠᠵᠤ ᠦᠢᠯᠡᠰ ᠤᠨ ᠬᠡᠯᠬᠢᠶᠡᠰᠦ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ | ᠬᠤᠳᠠᠯᠳᠤᠭᠠᠴᠢᠨ ᠤᠷᠢᠬᠤ ᠶᠢ ᠶᠡᠬᠡᠪᠡᠷ ᠥᠷᠨᠢᠭᠦᠯᠵᠦ᠂ ᠵᠢᠯ ᠤᠨ ᠳᠣᠲᠣᠷ᠎ᠠ 10 ᠠᠴᠠ ᠳᠡᠭᠡᠭᠰᠢ ᠲᠥᠷᠥᠯ | ᠵᠦᠢᠯ ᠳᠤ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 56 ᠳ᠋ᠦᠩᠰᠢᠭᠤᠷ | ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ ᠮᠠᠨ ᠤ ᠬᠤᠲᠠ ᠶᠢᠨ ᠠᠵᠤ ᠦᠢᠯᠡᠰ ᠤᠨ | ᠣᠨᠴᠠᠯᠢᠭ ᠪᠠ ᠬᠥᠭᠵᠢᠯᠲᠡ ᠶᠢᠨ ᠴᠢᠭᠯᠡᠯ ᠢ ᠦᠨᠳᠦᠰᠦᠯᠡᠨ᠂ ᠨᠢᠭᠡ ᠪᠦᠯᠦᠭ ᠪᠣᠯᠪᠠᠰᠤᠷᠠᠩᠭᠤᠢ ᠪᠣᠯᠤᠭᠰᠠᠨ᠂ | ᠪᠣᠯᠣᠮᠵᠢᠲᠤ ᠴᠢᠨᠠᠷ ᠢᠶᠠᠷ ᠴᠢᠩᠭ᠎ᠠ ᠥᠨᠳᠥᠷ ᠴᠢᠨᠠᠷ ᠴᠢᠨᠰᠠᠭ᠎ᠠ ᠲᠠᠢ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ | ᠲᠥᠯᠥᠪᠯᠡᠵᠦ᠂ ᠰᠢᠨ᠎ᠡ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ᠂ ᠨᠠᠷᠢᠯᠢᠭ ᠪᠣᠯᠪᠠᠰᠤᠷᠠᠭᠤᠯᠬᠤ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠬᠦᠷᠢᠶ᠎ᠡ | ᠴᠠᠷᠠᠭ᠎ᠠ ᠶᠢᠨ ᠲᠣᠭᠤᠷᠢᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠨᠠᠷᠢᠯᠢᠭ ᠣᠨᠣᠪᠴᠢᠲᠤ ᠴᠢᠨᠠᠷ ᠢ | ᠨᠡᠮᠡᠭᠳᠡᠭᠦᠯᠦᠨ᠎ᠡ᠃ ︽ᠨᠢᠭᠡ ᠪᠦᠰᠡ ᠨᠢᠭᠡ ᠵᠠᠮ︾᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠡᠭᠡᠵᠢᠩ ᠲᠢᠶᠠᠨᠵᠢᠨ | ᠾᠧᠪᠧᠢ ᠣᠷᠣᠨ ᠯᠤᠭ᠎ᠠ ᠶᠢᠨ ᠬᠠᠮᠵᠢᠯᠴᠠᠨ ᠬᠥᠭᠵᠢᠬᠦ ᠶᠢ ᠴᠢᠩᠭᠠᠳᠬᠠᠨ᠂ ᠥᠪᠥᠷ ᠮᠣᠩᠭᠤᠯ ᠤᠨ ᠵᠡᠭᠦᠨ ᠬᠡᠰᠡᠭ ᠤᠨ | ᠯᠢᠶᠤᠤᠰᠢ᠂ ᠬᠥᠬᠡᠬᠤᠲᠠ ᠪᠤᠭᠤᠲᠤ ᠣᠷᠳᠣᠰ ᠵᠡᠷᠭᠡ ᠭᠠᠵᠠᠷ ᠣᠷᠣᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠬᠠᠷᠠᠯᠲᠠᠲᠤ ᠠᠵᠤ ᠠᠬᠤᠶᠢᠯᠠᠯ ᠬᠢᠭᠡᠳ ᠲᠣᠰ ᠭᠠᠵᠠᠷ ᠣᠷᠣᠨ ᠤ ᠨᠡᠶᠢᠯᠡᠯ ᠴᠡᠭ ᠢ ᠨᠠᠷᠢᠯᠢᠭ ᠣᠨᠣᠴᠠᠲᠠᠢ ᠪᠠᠷ ᠡᠷᠢᠵᠦ᠂ | ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠳᠠᠭᠠᠭᠠᠨ ᠠᠪᠤᠨ᠎ᠠ᠃ ᠡᠭᠦᠨ ᠤ ᠬᠠᠮᠲᠤ᠂ ︽ | ᠬᠤᠳᠠᠯᠳᠤᠭᠠᠴᠢᠨ ᠤᠷᠢᠬᠤ ᠪᠠ ᠬᠤᠳᠠᠯᠳᠤᠭᠠᠴᠢᠨ ᠢ ᠦᠯᠡᠳᠡᠭᠡᠬᠦ︾ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠰᠠᠭᠤᠷᠢ ᠪᠣᠯᠭᠠᠬᠤ ᠶᠢ ᠪᠠᠷᠢᠮᠲᠠᠯᠠᠨ᠂ ᠠᠵᠢᠯ | ᠶᠠᠪᠤᠳᠠᠯ ᠰᠢᠢᠳᠪᠦᠷᠢᠯᠡᠬᠦ ᠳᠤ ᠨᠠᠩ ᠲᠥᠬᠦᠮ᠂ ᠣᠷᠣᠬᠤ ᠵᠥᠪᠰᠢᠶᠡᠷᠡᠯ ᠨᠠᠩ ᠲᠥᠪ ᠭᠤᠥᠯᠴᠢ᠂ ᠬᠢᠨᠠᠯᠲᠠ | ᠬᠠᠮᠢᠶᠠᠷᠤᠯᠲᠠ ᠨᠠᠩ ᠲᠥᠪ ᠭᠤᠥᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠵᠤ᠂ ︽ᠳᠣᠲᠣᠨᠣ | ᠴᠢᠬᠡᠴᠢ︾ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠶᠡᠭᠡ ᠪᠠᠷ ᠪᠠᠶᠢᠭᠤᠯᠵᠤ᠂ ᠠᠵᠢᠯ | ᠶᠠᠪᠤᠳᠠᠯ ᠦᠭᠡᠢ ᠪᠣᠯ ᠬᠠᠷᠰᠢᠯᠠᠬᠤ ᠦᠭᠡᠢ᠂ ᠠᠮᠠᠯᠠᠭᠰᠠᠨ ᠪᠠᠶᠢᠪᠠᠯ ᠵᠠᠪᠠᠯ ᠦᠢᠯᠡᠳᠦᠯᠭᠡᠵᠢᠭᠦᠯᠬᠦ ᠶᠢ ᠪᠠᠷᠢᠮᠲᠠᠯᠠᠨ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠦᠷ᠎ᠡ ᠪᠦᠲᠦᠮᠵᠢ ᠪᠠᠷ ᠢᠶᠠᠨ ᠴᠢᠨᠠᠷ ᠰᠠᠶᠢᠲᠠᠢ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠭᠴᠢ ᠡᠨᠧᠷᠭᠢ ᠨᠡᠮᠡᠷᠢᠯᠡᠬᠦ ᠬᠡᠷᠡᠭᠲᠡᠢ᠃ | ᠲᠥᠯᠥᠭᠡᠯᠡᠭᠴᠢᠳ ᠠ᠋᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ | ᠣᠨᠣᠪᠴᠢᠲᠠᠶ ᠤᠳᠤᠷᠢᠳᠤᠯᠭ᠎ᠠ ᠳᠣᠣᠷ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠢᠲᠡᠭᠡᠯ ᠵᠣᠷᠢᠭ ᠢᠶᠠᠨ | ᠪᠠᠲᠤᠳᠬᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠴᠢᠩᠭ᠎ᠠ ᠲᠦᠰᠢᠭᠯᠡᠬᠦ ᠶᠢᠨ ᠬᠠᠮᠲᠤ | ᠪᠦᠯᠬᠦᠮᠳᠡᠭᠦᠯᠦᠨ ᠳᠠᠭᠠᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠦᠨᠡᠨᠬᠦ ᠠᠳᠬᠤᠨ ᠪᠣᠳᠠᠲᠠᠢ | ᠠᠵᠢᠯᠯᠠᠵᠤ᠂ 2023 ᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠡᠯ᠎ᠡ | ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠯᠢ ᠶᠢᠨ ᠬᠤᠲᠠ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | |