2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠣᠬᠢᠷᠠᠭᠤᠯᠤᠯᠲᠠ
ᠨᠡᠶᠢᠲᠡᠯᠡᠭᠰᠡᠨ ᠴᠠᠭ᠄
2023/9/22
2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠣᠬᠢᠷᠠᠭᠤᠯᠤᠯᠲᠠ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠠᠩᠬᠠᠨ ᠤ ᠵᠢᠯ ᠮᠥᠨ᠃ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠶᠡᠬᠡᠪᠡᠷ ᠬᠥᠪᠴᠢᠯᠡᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠲᠣᠪᠣᠶᠢᠮ᠎ᠠ ᠰᠠᠶᠢᠲᠤᠷ ᠬᠢᠵᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠤᠭᠰᠠᠨ ᠰᠠᠭᠤᠷᠢᠨ ᠳᠡᠭᠡᠷ᠎ᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠲᠦᠷᠭᠡᠨ ᠤᠷᠤᠭᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠢᠯᠢᠳᠡᠭ ᠢᠶᠠᠷ ᠤᠷᠤᠭᠰᠢᠯᠠᠭᠤᠯᠵᠤ᠂ ︽ᠲᠠᠪᠤᠨ ᠶᠡᠭᠡ ᠡᠭᠦᠷᠭᠡ︾ ᠶᠢ ᠲᠡᠷᠡ ᠬᠡᠪ ᠢᠶᠠᠷ ᠨᠢ ᠡᠷᠡᠰ ᠪᠡᠶᠡᠯᠡᠭᠦᠯᠵᠦ᠂ ︽ᠲᠤᠯᠤᠭᠠᠨ ᠲᠠᠶᠠᠭᠳᠠᠬᠤ︾ ᠪᠠ ︽ᠲᠦᠷᠪᠡᠨ ᠴᠢᠬᠤᠯᠠ ᠶᠡᠭᠡ ᠵᠠᠷᠴᠢᠮ︾ ᠢ ᠬᠢᠨᠠᠮᠠᠭᠠᠢ ᠨᠠᠶᠢᠳᠠᠪᠤᠷᠢᠵᠢᠭᠤᠯᠤᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠯᠢ ᠶᠢᠨ ᠬᠤᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠷᠣᠰᠢᠵᠤ ᠪᠠᠶᠢᠭ᠎ᠠ ᠱᠠᠲᠤ ᠦᠶ᠎ᠡ ᠶᠢᠨ ᠴᠢᠨᠠᠷᠲᠠᠢ ᠣᠨᠴᠠᠯᠢᠭ ᠠᠴᠠ ᠡᠭᠦᠰᠴᠦ᠂ 2023 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠠᠩᠬ᠎ᠠ ᠠᠯᠬᠤᠮ ᠳᠤᠷᠠᠳᠴᠠᠢ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ ᠨᠡᠮᠡᠭᠳᠡᠭᠦᠯᠬᠦ ᠪᠠᠷ ᠲᠥᠯᠥᠪᠯᠡᠨ᠎ᠡ᠃ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6% ᠣᠷᠴᠢᠮ ᠨᠡᠮᠡᠭᠳᠡᠭᠦᠯᠬᠦ ᠪᠠᠷ ᠲᠥᠯᠥᠪᠯᠡᠵᠦ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 6.9% ᠣᠷᠴᠢᠮ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ 3% ᠠᠴᠠ ᠳᠡᠭᠡᠭᠰᠢ ᠨᠡᠮᠡᠭᠳᠡᠭᠦᠯᠬᠦ ᠪᠠᠷ ᠵᠢᠱᠢᠵᠦ᠂ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ 6% ᠠᠴᠠ ᠳᠡᠭᠡᠭᠰᠢ ᠨᠡᠮᠡᠭᠳᠡᠭᠦᠯᠬᠦ ᠪᠠᠷ ᠵᠢᠱᠢᠵᠦ ᠪᠠᠶᠢᠨ᠎ᠠ᠃ ︵ᠨᠢᠭᠡ︶ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠴᠢᠩᠭᠠᠳᠬᠠᠨ᠎ᠠ᠃ ︽ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢ ᠨᠡᠮᠡᠭᠳᠡᠭᠦᠯᠬᠦ︾ ᠶᠢ ᠵᠡᠷᠭᠡᠪᠡᠷ ᠬᠦᠴᠦᠯᠡᠬᠦ ᠶᠢ ᠪᠠᠷᠢᠮᠲᠠᠯᠠᠵᠤ᠂ ᠲᠥᠷᠥᠯ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠡᠭᠦᠳᠬᠦ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ᠂ ᠪᠥᠬᠦ ᠥᠷᠲᠡᠭ ᠤᠨ ᠬᠡᠯᠬᠢᠶ᠎ᠡ ᠶᠢ ᠣᠷᠳᠣ ᠪᠥᠭᠡᠳ ᠰᠢᠯᠢᠳᠡᠭ ᠪᠥᠭᠡᠳ ᠬᠦᠴᠦᠷᠬᠡᠭᠵᠢᠭᠦᠯᠦᠨ᠎ᠡ᠃ ᠮᠠᠯ ᠤᠨ ᠡᠭᠦᠯᠳᠡᠷ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠵᠦ᠂ ᠰᠠᠶᠢᠨ ᠡᠭᠦᠯᠳᠡᠷ ᠤᠨ ᠮᠢᠬᠠᠨ ᠤ ᠦᠬᠡᠷ ᠢ 500 ᠣᠷᠣᠭᠤᠯᠤᠨ ᠠᠪᠴᠢᠷᠠᠵᠤ᠂ 6.3 ᠲᠦᠮᠡᠨ ᠦᠬᠡᠷ ᠢ ᠥᠭᠡᠷᠡᠴᠢᠯᠡᠨ ᠰᠠᠶᠢᠵᠢᠷᠠᠭᠤᠯᠵᠤ᠂ 2 ᠮᠢᠬᠠᠨ ᠤ ᠦᠬᠡᠷ ᠤᠨ ᠭᠤᠣᠯ ᠰᠦᠷᠦᠭ ᠢ ᠰᠢᠨ᠎ᠡ ᠪᠠᠷ ᠪᠠᠶᠢᠭᠤᠯᠪᠠ᠃ ᠠᠯᠠᠰᠢᠨ ᠬᠤᠨᠢᠨ ᠤ ᠭᠤᠣᠯᠯᠠᠬᠤ ᠰᠦᠷᠦᠭᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠤᠮᠠᠷᠠᠲᠤ ᠬᠡᠰᠡᠭ ᠤᠨ ᠥᠪᠡᠰᠦᠪᠡᠨ ᠦᠷᠡᠵᠢᠭᠦᠯᠵᠦ ᠥᠪᠡᠰᠦᠪᠡᠨ ᠪᠣᠶᠢᠵᠢᠭᠤᠯᠬᠤ᠂ ᠡᠮᠦᠨᠡᠲᠦ ᠬᠡᠰᠡᠭ ᠤᠨ ᠲᠥᠪᠯᠡᠷᠡᠭᠦᠯᠦᠨ ᠬᠠᠰᠢᠶᠠᠯᠠᠨ ᠲᠡᠵᠢᠭᠡᠨ ᠦᠷᠡᠵᠢᠭᠦᠯᠬᠦ ᠪᠠᠶᠢᠷᠢᠰᠢᠯ ᠢ ᠪᠣᠶ ᠪᠣᠯᠭᠠᠵᠤ᠂ 78 ᠭᠤᠣᠯᠯᠠᠬᠤ ᠰᠦᠷᠦᠭᠵᠢᠯ ᠢ ᠰᠢᠨ᠎ᠡ ᠪᠠᠷ ᠪᠠᠶᠢᠭᠤᠯᠵᠤ᠂ 9 ᠲᠦᠮᠡᠨ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠰᠢᠨ᠎ᠡ ᠪᠠᠷ ᠨᠡᠮᠡᠭᠳᠡᠭᠦᠯᠦᠨ᠎ᠡ᠃ ᠬᠤᠨᠢ ᠪᠡᠯᠴᠢᠭᠡᠷᠯᠡᠭᠦᠯᠦᠨ ᠲᠡᠵᠢᠭᠡᠬᠦ ᠠᠵᠤ ᠦᠢᠯᠡᠰ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ 65 ᠲᠦᠮᠡᠨ ᠬᠤᠨᠢ ᠪᠡᠯᠴᠢᠭᠡᠷᠯᠡᠭᠦᠯᠦᠨ ᠲᠡᠵᠢᠭᠡᠨ᠎ᠡ᠃ ᠰᠦ ᠶᠢᠨ ᠢᠷᠡᠯᠲᠡ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ᠃ ᠰᠠᠭᠠᠯᠢ ᠶᠢᠨ ᠢᠷᠡᠯᠲᠡ ᠲᠠᠢ ᠮᠠᠯ ᠤᠨ ᠡᠭᠦᠯᠳᠡᠷ ᠢ ᠪᠡᠶ᠎ᠡ ᠪᠠᠨ ᠳᠠᠭᠠᠭᠠᠵᠤ ᠦᠷᠡᠵᠢᠭᠦᠯᠦᠨ ᠪᠣᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠴᠠᠭᠠᠨ ᠢᠳᠡᠭᠡᠨ ᠤ ᠵᠢᠵᠢᠭ ᠦᠢᠯᠡᠳᠬᠡᠯ ᠢ ᠲᠡᠳᠬᠦᠨ ᠳᠡᠮᠵᠢᠵᠦ᠂ ᠲᠡᠮᠡᠭᠡᠨ ᠰᠦ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢ 1 ᠰᠢᠨ᠎ᠡ ᠪᠠᠷ ᠪᠠᠶᠢᠭᠤᠯᠵᠤ᠂ 0.21 ᠲᠦᠮᠡᠨ ᠰᠠᠭᠠᠯᠢ ᠶᠢᠨ ᠦᠨᠢᠶ᠎ᠡ ᠣᠷᠣᠭᠤᠯᠤᠨ ᠠᠪᠴᠢᠷᠠᠵᠤ᠂ 1.55 ᠲᠦᠮᠡᠨ ᠰᠠᠭᠠᠯᠢ ᠶᠢᠨ ᠦᠨᠢᠶ᠎ᠡ ᠶᠢ ᠲᠡᠵᠢᠭᠡᠵᠦ᠂ ᠰᠠᠭᠠᠯᠢ ᠶᠢᠨ ᠲᠥᠷᠥᠯ ᠤᠨ ᠭᠠᠷᠤᠯᠲᠠ ᠶᠢ 8.64 ᠲᠦᠮᠡᠨ ᠲᠣᠨ ᠳᠤ ᠲᠣᠭᠲᠠᠪᠤᠷᠢᠵᠢᠭᠤᠯᠤᠨ᠎ᠠ᠃ ᠠᠳᠤᠭᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠮᠣᠩᠭᠤᠯ ᠮᠣᠷᠢ᠂ ᠰᠢᠯᠢ ᠶᠢᠨ ᠭᠤᠣᠯ ᠤᠨ ᠠᠳᠤᠭᠤᠨ ᠤ ᠡᠭᠦᠯᠳᠡᠷ ᠤᠨ ᠬᠠᠮᠠᠭᠠᠯᠠᠯᠲᠠ ᠶᠢ ᠰᠠᠶᠢᠲᠤᠷ ᠬᠢᠵᠦ᠂ ᠠᠳᠤᠭᠤᠨ ᠤ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠶᠢ ᠠᠬᠢᠭᠤᠯᠤᠨ᠂ ᠠᠳᠤᠭᠤᠨ ᠤ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠵᠡᠷᠭᠡ ᠠᠵᠤ ᠦᠢᠯᠡᠰ ᠢ ᠪᠤᠵᠠᠭᠠᠶᠢᠷᠠᠭᠤᠯᠵᠤ᠂ ᠠᠳᠤᠭᠤᠨ ᠤ ᠠᠵᠤ ᠦᠢᠯᠡᠰ ᠤᠨ ᠠᠵᠤ ᠠᠬᠤᠶᠢᠯᠠᠯ ᠤᠨ ᠪᠣᠷᠣᠯᠠᠭᠤᠯᠬᠤ ᠳᠤ ᠲᠣᠬᠢᠷᠠᠬᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠠᠬᠢᠭᠤᠯᠤᠨ᠂ ᠪᠣᠷᠤᠯᠠᠭᠤᠯᠭ᠎ᠠ ᠶᠢᠨ ᠵᠠᠮ ᠮᠥᠷ ᠢ ᠰᠠᠭᠠᠳ ᠦᠭᠡᠢ ᠨᠠᠪᠲᠠᠷᠡᠭᠦᠯᠵᠦ᠂ ︽ᠳᠤᠮᠳᠠᠳᠤ ᠤᠯᠤᠰ ᠤᠨ ᠠᠳᠤᠭᠤᠨ ᠤ ᠬᠤᠲᠠ︾ ᠶᠢᠨ ᠣᠨᠴᠠᠯᠢᠭᠲᠤ ᠠᠳᠤᠭᠤᠨ ᠤ ᠠᠵᠤ ᠦᠢᠯᠡᠰ ᠤᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ ᠲᠠᠷᠢᠮᠠᠯ ᠤᠨ ᠦᠢᠯᠡᠰ ᠤᠨ ᠬᠥᠭᠵᠢᠯᠲᠡ ᠶᠢ ᠲᠣᠭᠲᠠᠪᠤᠷᠢᠵᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠲᠠᠷᠢᠮᠠᠯ ᠤᠨ ᠲᠠᠷᠢᠮᠠᠯ ᠤᠨ ᠲᠠᠯᠠᠪᠠᠶ ᠶᠢᠨ ᠲᠣᠭᠲᠠᠭᠤᠨ ᠪᠠᠶᠢᠬᠤ ᠶᠢ ᠪᠠᠲᠤᠯᠠᠨ᠂ 0.8 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠪᠡᠯᠡᠳᠭᠡᠮᠵᠢᠳᠤ ᠢᠳᠡᠰᠢᠨ ᠨᠣᠭᠤᠭ᠎ᠠ ᠳᠠᠷᠢᠬᠤ ᠠᠵᠤ ᠦᠢᠯᠡᠰ ᠢ ᠯᠠᠪᠳᠠᠭᠤᠨ ᠢᠶᠠᠷ ᠠᠬᠢᠭᠤᠯᠤᠨ᠎ᠠ᠃ ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠶᠢᠨ ᠯᠠᠪᠳᠠᠭᠤᠨ ᠢᠶᠠᠷ ᠬᠥᠭᠵᠢᠬᠦ ᠶᠢ ᠪᠠᠲᠤᠯᠠᠨ᠎ᠠ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠪᠠ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠪᠴᠢᠯᠡᠨ ᠠᠬᠢᠭᠤᠯᠵᠤ᠂ ᠠᠵᠤ ᠦᠢᠯᠡᠳᠪᠦᠷᠢ ᠶᠢᠨ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠪᠠᠷ ᠪᠣᠶᠢᠵᠢᠭᠤᠯᠤᠨ᠎ᠠ᠃ ᠤᠯᠠᠮᠵᠢᠯᠠᠯᠲᠤ ᠡᠨᠧᠷᠭᠢ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠳ᠋ᠠ ᠲᠠᠩ ᠤᠨ ᠵᠡᠭᠦᠨ ᠬᠡᠰᠡᠭ ᠤᠨ ᠬᠤᠶᠠᠳᠤᠭᠠᠷ ᠠᠭᠤᠷᠬᠠᠢ ᠶᠢᠨ ᠠᠵᠢᠯ ᠢᠶᠠᠨ ᠰᠡᠷᠭᠦᠭᠡᠵᠦ ᠭᠠᠷᠤᠯᠲᠠ ᠪᠠᠨ ᠰᠡᠷᠭᠦᠭᠡᠬᠦ ᠶᠢ ᠠᠬᠢᠭᠤᠯᠵᠤ᠂ ᠪᠥᠬᠦ ᠬᠤᠲᠠ ᠶᠢᠨ ᠨᠡᠭᠦᠷᠡᠰᠦᠨ ᠤ ᠭᠠᠷᠤᠯᠲᠠ ᠶᠢ 5200 ᠲᠦᠮᠡᠨ ᠲᠣᠨ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠪᠠᠲᠤᠯᠠᠨ᠎ᠠ᠃ ᠬᠤᠸᠠᠪᠧᠢ ᠶᠢᠨ ᠴᠢᠯᠠᠭᠤᠨ ᠲᠣᠰᠣᠨ ᠤ ᠠᠢ ᠰᠠᠪᠠ ᠶᠢᠨ ᠡᠷᠢᠶᠡᠨ ᠬᠤᠪᠢᠶᠠᠷᠢ ᠺᠣᠮᠫᠠᠨᠢ ᠶᠢᠨ ᠪᠥᠬᠦ ᠲᠠᠯ᠎ᠠ ᠶᠢᠨ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠲᠠᠩ ᠬᠤᠳᠳᠤᠭ ᠤᠨ ᠲᠦᠭᠦᠬᠡᠢ ᠴᠢᠯᠠᠭᠤᠨ ᠲᠣᠰᠣᠨ ᠤ ᠭᠠᠷᠤᠯᠲᠠ ᠶᠢ ᠳᠡᠭᠡᠭᠰᠢᠯᠡᠭᠦᠯᠦᠨ᠎ᠡ᠃ ᠵᠢᠷᠭᠠᠯᠠᠩᠲᠣ ᠶᠢᠨ ᠨᠡᠭᠦᠷᠡᠰᠦᠨ ᠳᠠᠪᠬᠤᠷᠭ᠎ᠠ ᠶᠢᠨ ᠬᠡᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠳᠣᠣᠷ᠎ᠠ ᠲᠠᠰ ᠤᠨ ᠨᠡᠭᠦᠷᠡᠰᠦᠨ ᠳᠠᠪᠬᠤᠷᠭ᠎ᠠ ᠶᠢᠨ ᠬᠡᠢ ᠶᠢᠨ ᠠᠭᠤᠷᠬᠠᠢ ᠶᠢ ᠪᠠᠶᠢᠭᠤᠯᠤᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠬᠥᠭᠵᠢᠯᠲᠡ ᠶᠢ ᠵᠣᠷᠢᠭᠵᠢᠭᠤᠯᠬᠤ ᠠᠵᠠ ᠲᠣᠬᠢᠶᠠᠯ ᠢ ᠠᠮᠵᠢᠵᠤ᠂ ᠲᠠᠢ ᠹᠦ᠋ ᠶᠢᠨ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᡁᠢ ᠶᠤᠸᠠᠢ 20 ᠰᠠᠶ᠎ᠠ ᠸᠠᠲ ᠤᠨ ᠰᠠᠯᠬᠢᠨ ᠬᠦᠴᠦᠨ ᠤ ᠴᠠᠬᠢᠯᠭᠠᠨ᠂ ᠱᠧᠩ ᠯᠢ ᠡᠨᠧᠷᠭᠢ ᠶᠢᠨ ᠵᠠᠳᠠᠭᠠᠢ ᠰᠢᠷᠣᠢ ᠭᠠᠳᠠᠭᠰᠢᠯᠠᠭᠤᠯᠬᠤ ᠲᠠᠯᠠᠪᠠᠶ ᠶᠢᠨ ᠬᠡᠷᠡᠯ ᠸᠣᠯᠲ ᠵᠡᠷᠭᠡ 3 ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠴᠠᠬᠢᠯᠭᠠᠨ ᠭᠠᠷᠭᠠᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 117.6 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ᠂ ᠪᠥᠬᠦ ᠠᠶᠢᠮᠠᠭ᠂ ᠪᠥᠬᠦ ᠣᠷᠣᠨ᠂ ᠪᠥᠬᠦ ᠤᠯᠤᠰ ᠲᠤ ᠦᠢᠯᠡᠴᠢᠯᠡᠬᠦ ᠴᠡᠪᠡᠷ ᠡᠨᠧᠷᠭᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠲᠣᠨᠣᠭᠯᠠᠯ ᠦᠢᠯᠡᠳᠬᠦ ᠦᠢᠯᠡᠰ ᠢ ᠬᠦᠴᠦᠷᠬᠡᠭᠵᠢᠭᠦᠯᠦᠨ᠎ᠡ᠃ ᠠᠯᠤᠰ ᠬᠡᠲᠦ ᠶᠢᠨ ᠰᠠᠯᠬᠢᠨ ᠬᠦᠴᠦᠨ ᠤ ᠨᠥᠭᠡᠴᠡ ᠶᠢ ᠨᠢᠭᠡ ᠴᠣᠭᠴᠠᠵᠢᠭᠤᠯᠬᠤ ᠳᠡᠭᠡᠳᠦ ᠲᠠᠰ ᠤᠨ ᠶᠡᠷᠦᠩᠬᠡᠢ ᠤᠭᠰᠠᠷᠠᠯᠲᠠ ᠶᠢᠨ ᠰᠠᠭᠤᠷᠢᠨ ᠭᠠᠵᠠᠷ᠂ ᠬᠤᠯᠪᠤᠭᠠᠯᠠᠨ ᠬᠥᠳᠡᠯᠦᠯᠴᠡᠭᠰᠡᠨ ᠲᠢᠶᠠᠨ ᠢ ᠡᠨᠧᠷᠭᠢ ᠬᠠᠳᠠᠭᠠᠯᠠᠬᠤ ᠳ᠋ᠢᠶᠠᠨ ᡂᠢ ᠤᠭᠰᠠᠷᠠᠬᠤ᠂ ᠲᠠᠢ ᠹᠦ᠋ ᠬᠠᠮᠲᠤ ᠪᠠᠷ ᠡᠳ᠋ᠯᠡᠬᠦ ᠡᠨᠧᠷᠭᠢ ᠬᠠᠳᠠᠭᠠᠯᠠᠬᠤ ᠥᠷᠲᠡᠭᠡ᠂ ᠲᠢᠶᠠᠨ ᠱᠦᠨ ᠰᠠᠯᠬᠢᠨ ᠡᠨᠧᠷᠭᠢ ᠶᠢᠨ ᠰᠤᠪᠤᠷᠭ᠎ᠠ ᠶᠢᠨ ᠲᠦᠩᠰᠡ ᠶᠢ ᠦᠢᠯᠡᠳᠬᠦ ᠲᠡᠭᠡᠭᠡᠪᠦᠷᠢᠯᠡᠨ ᠪᠠᠲᠤᠯᠠᠬᠤ ᠪᠣᠷᠣᠯᠠᠭᠤᠯᠬᠤ ᠶᠢ ᠨᠢᠭᠡ ᠴᠣᠭᠴᠠᠵᠢᠭᠤᠯᠬᠤ 4 ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠵᠥᠩ ᠼᠠᠢ᠂ ᠮᠢᠩ ᠶᠠᠩ ᠨᠠᠪᠴᠢᠨ ᠢᠯᠲᠠᠰᠤ ᠦᠢᠯᠡᠳᠪᠦᠷᠢᠯᠡᠬᠦ ᠠᠵᠤ ᠠᠬᠤᠶᠢᠯᠠᠯ ᠤᠨ ᠲᠠᠰ ᠳᠡᠪᠰᠢᠬᠦ ᠶᠢ ᠳᠡᠮᠵᠢᠵᠦ᠂ ᠤᠮᠠᠷᠠᠲᠤ ᠣᠷᠣᠨ ᠤ ᠬᠠᠮᠤᠭ ᠤᠨ ᠲᠣᠮᠣ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠦᠢᠯᠡᠰ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ︽ᠰᠢᠨ᠎ᠡ ᠡᠨᠧᠷᠭᠢ + ᠲᠣᠨᠤᠭ ᠲᠥᠬᠦᠭᠡᠷᠦᠮᠵᠢ + ᠨᠥᠭᠡᠴᠡ ᠡᠨᠧᠷᠭᠢ + ᠠᠵᠢᠯᠯᠠᠭᠤᠯᠵᠤ ᠪᠠᠲᠤᠯᠠᠬᠤ︾ ᠬᠥᠭᠵᠢᠯᠲᠡ ᠶᠢᠨ ᠵᠠᠭᠪᠤᠷ ᠢ ᠬᠡᠷᠡᠭᠵᠢᠭᠦᠯᠵᠦ᠂ ᠲᠠᠢ ᠹᠦ᠋ ᠡᠨᠧᠷᠭᠢ ᠶᠢᠨ ᠣᠶᠤᠨᠴᠢ ᠠᠵᠢᠯᠯᠠᠭᠤᠯᠵᠤ ᠪᠠᠲᠤᠯᠠᠬᠤ ᠬᠦᠷᠢᠶᠡᠯᠡᠩ ᠲᠣᠭᠤᠷᠢᠭ᠂ ᠪᠡᠭᠡᠵᠢᠩ ᠤᠨ ᠡᠨᠧᠷᠭᠢ ᠶᠢᠨ ᠪᠣᠬᠢᠷᠲᠤᠯ ᠦᠭᠡᠢ ᠴᠠᠬᠢᠯᠭᠠᠨ ᠤ ᠡᠵᠡᠮᠳᠡᠯ ᠤᠨ ᠲᠥᠪ ᠤᠨ ᠲᠥᠷᠥᠯ ᠵᠦᠢᠯ ᠤᠨ ᠪᠥᠬᠦ ᠲᠠᠯ᠎ᠠ ᠶᠢᠨ ᠡᠵᠡᠩᠨᠡᠯᠲᠡ ᠶᠢ ᠠᠬᠢᠭᠤᠯᠵᠤ᠂ ᠮᠢᠩ ᠶᠠᠩ ᠨᠠᠪᠴᠢᠨ ᠢᠯᠲᠠᠰᠤ ᠶᠢᠨ ᠰᠢᠨ᠎ᠡ ᠡᠨᠧᠷᠭᠢ ᠶᠢᠨ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠤ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠠᠵᠢᠯᠯᠠᠭᠤᠯᠵᠤ ᠪᠠᠲᠤᠯᠠᠬᠤ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠨᠤᠨᠳᠠᠭ ᠨᠡᠭᠦᠷᠡᠰᠦᠨ ᠤ ᠦᠨᠡᠰᠦ᠂ ᠬᠦᠬᠦᠷ ᠦᠭᠡᠶᠢᠳᠡᠭᠦᠯᠦᠭᠰᠡᠨ ᠵᠤᠭᠠᠩ᠂ ᠨᠡᠭᠦᠷᠡᠰᠦᠨ ᠴᠢᠯᠠᠭᠤ ᠵᠡᠷᠭᠡ ᠨᠡᠭᠦᠷᠡᠰᠦ ᠴᠠᠬᠢᠯᠭᠠᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠨᠠᠷᠢᠯᠢᠭ ᠣᠨᠣᠴᠠᠲᠠᠢ ᠬᠠᠮᠢᠶᠠᠷᠬᠤ ᠪᠠ ᠱᠠᠲᠤ ᠦᠶ᠎ᠡ ᠪᠠᠷ ᠠᠰᠢᠭᠯᠠᠬᠤ ᠶᠢ ᠥᠷᠨᠢᠭᠦᠯᠵᠦ᠂ ᠳᠡᠭᠡᠳᠦ ᠲᠡᠰ ᠤᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠰᠢᠨ᠎ᠡ ᠪᠠᠷ ᠬᠥᠭᠵᠢᠭᠰᠡᠨ ᠬᠦᠷᠢᠶ᠎ᠡ ᠶᠢ ᠢᠳᠡᠪᠬᠢᠲᠡᠢ ᠪᠠᠷ ᠨᠡᠭᠡᠭᠡᠵᠦ᠂ 4 ᠰᠠᠭᠤᠷᠢ ᠴᠠᠬᠢᠯᠭᠠᠨ ᠦᠢᠯᠡᠳᠪᠦᠷᠢ ᠶᠢᠨ ᠲᠣᠭᠤᠷᠢᠨ ᠳᠤ ᠨᠡᠭᠦᠷᠡᠰᠦ ᠴᠠᠬᠢᠯᠭᠠᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠵᠤ᠂ ᠵᠢᠶᠠ ᠫᠧᠩ᠂ ᠵᠦᠩ ᠴᠧᠨ ᠨᠣᠭᠤᠭᠠᠨ ᠡᠨᠧᠷᠭᠢ ᠵᠡᠷᠭᠡ ᠠᠵᠤ ᠠᠬᠤᠶᠢᠯᠠᠯ ᠤᠨ ᠠᠭᠤᠷᠰᠢᠭᠤᠯᠤᠨ ᠳᠠᠷᠤᠰᠢᠭᠤᠯᠤᠭᠰᠠᠨ ᠪᠧᠲ᠋ᠤᠨ ᠦᠢᠯᠡᠳᠬᠦᠨ᠂ ᠪᠠᠷᠢᠯᠭ᠎ᠠ ᠶᠢᠨ ᠵᠤᠭᠠᠩ ᠤᠨ ᠨᠤᠨᠳᠠᠭ᠂ ᠬᠥᠩᠭᠡᠨ ᠴᠢᠨᠠᠷ ᠤᠨ ᠶᠠᠰᠤᠨ ᠮᠠᠲ᠋ᠧᠷᠢᠶᠠᠯ ᠵᠡᠷᠭᠡ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠬᠦ ᠶᠢ ᠡᠭᠦᠰᠭᠡᠨ ᠪᠠᠶᠢᠭᠤᠯᠬᠤ ᠶᠢ ᠲᠡᠮᠵᠢᠨ᠎ᠡ᠃ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠤ ᠦᠢᠯᠡᠰ ᠢ ᠴᠢᠩᠭ᠎ᠠ ᠬᠢᠵᠠᠭᠠᠷᠯᠠᠨ᠎ᠠ᠃ ᠰᠢᠨ᠎ᠡ ᠪᠠᠷ ᠪᠠᠶᠢᠭᠤᠯᠬᠤ ᠵᠦᠢᠯᠡᠰ ᠤᠨ ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠭᠤᠯᠤᠯ ᠢ ᠡᠷᠬᠡᠪᠰᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ ᠬᠦᠷᠭᠡᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠠᠷᠢᠭᠤᠨ ᠴᠡᠪᠡᠷ ᠦᠢᠯᠡᠳᠪᠦᠷᠢᠯᠡᠯ ᠪᠠ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠴᠤᠷᠤᠩᠭᠤᠢ ᠮᠡᠷᠭᠡᠵᠢᠯ᠂ ᠤᠷᠠᠯᠠᠯ ᠪᠠ ᠲᠥᠬᠦᠭᠡᠷᠦᠮᠵᠢ ᠶᠢ ᠲᠦᠷᠭᠡᠪᠴᠢᠯᠡᠨ ᠭᠡᠭᠡᠭᠳᠡᠭᠦᠯᠵᠦ᠂ ᠪᠦᠬᠦ ᠬᠤᠳᠠ ᠶᠢᠨ ᠲᠣᠭᠲᠠᠭᠠᠯ ᠢ ᠵᠥᠷᠢᠴᠡᠨ ︽ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠲᠤᠭᠤᠯᠤᠯ ᠶᠡᠬᠡᠲᠡᠢ︾  ᠦᠵᠡᠭᠳᠡᠯ ᠣᠷᠣᠰᠢᠬᠤ ᠦᠭᠡᠢ ᠪᠠᠶᠢᠬᠤ ᠶᠢ ᠦᠷᠭᠦᠯᠵᠢᠯᠡᠨ ᠪᠠᠲᠣᠯᠠᠨ᠎ᠠ᠃︵ᠭᠤᠷᠪᠠ︶ ᠦᠢᠯᠡᠴᠢᠯᠡᠭᠡᠨ ᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠠᠯᠬᠤᠴᠠ ᠶᠢ ᠲᠦᠷᠭᠡᠳᠬᠡᠨ᠎ᠡ᠃ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠬᠤᠪᠢᠰᠤᠯᠲᠠ ᠶᠢᠨ ᠲᠠᠯᠳᠠ ᠬᠦᠴᠦᠨ ᠢ ᠠᠭᠤᠳᠠᠯᠵᠤ᠂ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠥᠷᠨᠢᠩᠭᠦᠢ ᠬᠥᠭᠵᠢᠬᠦ ᠶᠢ ᠲᠡᠳᠬᠦᠨ ᠲᠡᠮᠵᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠨ᠎ᠠ᠃ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠲᠦᠯᠬᠢᠨ ᠠᠬᠢᠭᠤᠯᠣᠨ᠎ᠠ᠃ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠰᠣᠶᠣᠯ ᠤᠨ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠲᠦᠷᠭᠡᠳᠬᠡᠨ᠂ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ︽ᠰᠢᠯᠢ ᠶᠢᠨ ᠬᠤᠲᠠ ᠶᠢᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ︾ ︽ᠰᠢᠯᠢ ᠶᠢᠨ ᠬᠤᠲᠠ ᠶᠢᠨ ᠰᠢᠯᠢ ᠶᠢᠨ ᠭᠤᠣᠯ ᠤᠨ ᠲᠠᠯ᠎ᠠ ᠨᠤᠲᠤᠭ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢᠨ ᠵᠢᠭᠤᠯᠴᠢᠯᠠᠯ ᠤᠨ ᠲᠤᠰᠬᠠᠢ ᠵᠦᠢᠯ ᠤᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠦᠢᠯᠡᠰ ᠤᠨ ᠰᠢᠰᠲ᠋ᠧᠮᠵᠢ ᠶᠢ ᠲᠠᠰᠤᠷᠠᠯᠲᠠ ᠦᠭᠡᠢ ᠪᠦᠷᠢᠨᠰᠢᠭᠦᠯᠦᠨ᠎ᠡ᠃ ᠡᠮᠦᠨ᠎ᠡ ᠠᠭᠤᠯᠠ ᠶᠢᠨ ᠪᠡᠶ᠎ᠡ ᠶᠢᠨ ᠲᠠᠮᠢᠷ ᠤᠨ ᠴᠡᠴᠡᠷᠯᠢᠭ᠂ ᠪᠠᠶᠠᠨᠬᠦ᠋ᠷᠢᠶ᠎ᠡ ᠶᠢᠨ ᠵᠢᠭᠤᠯᠴᠢᠯᠠᠯ ᠤᠨ ᠵᠠᠰᠠᠮᠠᠯ ᠵᠠᠮ᠂ ᠣᠶᠤᠨᠲᠤ ᠰᠣᠶᠣᠯ ᠵᠢᠭᠤᠯᠴᠢᠯᠠᠯ ᠤᠨ ᠡᠭᠦᠯᠡᠨ ᠪᠣᠳᠣᠯᠲᠠ ᠶᠢᠨ ᠲᠠᠪᠴᠠᠩ ᠵᠡᠷᠭᠡ 5 ᠲᠥᠷᠥᠯ ᠵᠦᠢᠯ ᠢ ᠪᠡᠶᠡᠯᠡᠭᠦᠯᠵᠦ᠂ ᠯᠢᠦ ᠯᠠᠨ ᠤ ᠨᠡᠭᠡᠭᠡᠨ ᠬᠥᠭᠵᠢᠭᠦᠯᠦᠯᠲᠡ᠂ ᠪᠠᠶᠠᠨᠬᠦ᠋ᠷᠢᠶ᠎ᠡ ᠶᠢᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ 2 ᠲᠥᠷᠥᠯ ᠵᠦᠢᠯ ᠢ ᠬᠡᠷᠡᠭᠵᠢᠭᠦᠯᠵᠦ᠂ ᠵᠢᠭᠤᠯᠴᠢᠯᠠᠯ ᠤᠨ ᠪᠦᠲᠦᠮᠵᠢᠲᠡᠶ ᠬᠠᠩᠭᠠᠯᠭ᠎ᠠ᠂ ᠴᠢᠨᠠᠷ ᠰᠠᠶᠢᠲᠠᠢ ᠬᠠᠩᠭᠠᠯᠭ᠎ᠠ᠂ ᠬᠠᠷᠢᠮᠠᠬᠠᠢ ᠬᠠᠩᠭᠠᠯᠭ᠎ᠠ ᠶᠢ ᠨᠠᠩ ᠪᠠᠶᠠᠯᠢᠭᠵᠢᠭᠤᠯᠬᠤ ᠶᠢ ᠠᠬᠢᠭᠤᠯᠤᠨ᠎ᠠ᠃ ᠠᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠤᠷᠤᠯᠳᠤᠭᠠᠨ᠂ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠤᠷᠤᠯᠳᠤᠭᠠᠨ᠂ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ︾ ᠤᠨ ᠭᠤᠣᠯ ᠰᠡᠳᠦᠪᠲᠦ ᠠᠵᠢᠯᠯᠠᠭ᠎ᠠ ᠵᠢᠴᠢ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠠᠷ ᠵᠡᠷᠭᠡ ᠤᠷᠤᠯᠳᠤᠭᠠᠨ ᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠵᠦ᠂ ︽ᠳᠤᠮᠳᠠᠳᠤ ᠤᠯᠤᠰ ᠤᠨ ᠠᠳᠣᠭᠤᠨ ᠨᠡᠶᠢᠰᠯᠡᠯ︾  ᠤᠨ ᠨᠡᠷᠡᠳᠤ ᠲᠡᠮᠳᠡᠭ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠬᠡᠷᠡᠭᠯᠡᠭᠡᠨ ᠤ ᠪᠦᠲᠦᠴᠡ ᠶᠢᠨ ᠲᠡᠰ ᠳᠡᠪᠰᠢᠬᠦ ᠬᠠᠨᠳᠤᠰᠢ ᠪᠠ ᠠᠳᠠᠯᠢ ᠪᠤᠰᠤ ᠬᠥᠮᠥᠰ ᠤᠨ ᠪᠣᠳᠠᠲᠤ ᠬᠡᠷᠡᠭᠴᠡᠭᠡ ᠳᠤ ᠵᠣᠬᠢᠴᠠᠭᠤᠯᠤᠨ᠂ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠢᠳᠡᠪᠬᠢᠲᠡᠢ ᠪᠠᠷ ᠪᠣᠶᠢᠵᠢᠭᠤᠯᠵᠤ᠂ ᠬᠡᠷᠡᠭᠯᠡᠭᠡᠨ ᠤ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠨ᠎ᠡ᠃ ︽ᠢᠨᠲ᠋ᠧᠷ ᠰᠦᠯᠵᠢᠶ᠎ᠡ + ᠬᠡᠷᠡᠭᠯᠡᠭᠡ︾ ᠶᠢᠨ ᠠᠮᠢ ᠠᠬᠤᠢ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠰᠢᠭᠤᠳ ᠨᠡᠪᠲᠡᠷᠡᠭᠦᠯᠬᠦ ᠠᠵᠤ ᠠᠬᠤᠢ ᠶᠢ ᠲᠡᠮᠵᠢᠨ ᠬᠥᠭᠵᠢᠭᠦᠯᠵᠦ᠂ ᠰᠦᠯᠵᠢᠶ᠎ᠡ ᠪᠠᠷ ᠵᠢᠵᠢᠭᠯᠡᠨ ᠬᠤᠳᠠᠯᠳᠤᠬᠤ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠᠨ ᠲᠦᠷᠭᠡᠳᠬᠡᠬᠦ ᠶᠢ ᠳᠡᠮᠵᠢᠵᠦ᠂ ᠸᠢᠴᠠᠲ᠂ ᠰᠦᠯᠵᠢᠶᠡᠨ ᠳᠡᠭᠡᠷᠡᠬᠢ ᠬᠤᠳᠠᠯᠳᠤᠭᠠᠨ ᠤ ᠬᠤᠲᠠ᠂ APP ᠵᠡᠷᠭᠡ ᠰᠦᠯᠵᠢᠶᠡᠨ ᠳᠡᠭᠡᠷᠡᠬᠢ ᠲᠠᠪᠴᠠᠩ ᠳᠤ ᠲᠦᠰᠢᠭᠯᠡᠨ ᠰᠢᠨ᠎ᠡ ᠪᠠᠷ ᠵᠢᠵᠢᠭᠯᠡᠨ ᠬᠤᠳᠠᠯᠳᠤᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠵᠢᠵᠢᠭᠯᠡᠨ ᠬᠤᠳᠠᠯᠳᠤᠬᠤ ᠦᠢᠯᠡᠰ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠪᠡᠶᠡᠯᠡᠭᠦᠯᠦᠨ᠎ᠡ᠃ ᠠᠶᠢᠮᠠᠭ ᠤᠨ ᠵᠠᠰᠠᠭ ᠤᠨ ᠣᠷᠳᠣᠨ ᠤ ᠲᠥᠪ ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ ᠢ ᠠᠰᠢᠭᠯᠠᠨ᠂ ᠪᠥᠬᠦ ᠠᠶᠢᠮᠠᠭ ᠢ ᠬᠠᠮᠤᠷᠤᠭᠰᠠᠨ᠂ ᠡᠷᠬᠢᠨ ᠲᠣᠭᠤᠷᠢᠨ ᠢ ᠳᠠᠶᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠬᠡᠷᠡᠭᠯᠡᠭᠡᠨ ᠤ ᠲᠥᠪ ᠬᠤᠲᠠ ᠶᠢ ᠢᠳᠡᠪᠬᠢᠲᠡᠢ ᠪᠠᠷ ᠪᠣᠶ ᠪᠣᠯᠭᠠᠨ᠎ᠠ᠃ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠬᠡᠷᠡᠭᠯᠡᠭᠡᠨ ᠤ ᠳᠡᠰ ᠳᠡᠪᠰᠢᠬᠦ ᠬᠠᠨᠳᠤᠰᠢ ᠳᠤ ᠵᠣᠬᠢᠴᠠᠭᠤᠯᠤᠨ᠂ ᠡᠯ᠎ᠡ ᠲᠦᠷᠦᠯ ᠤᠨ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠡᠷᠡᠭᠦᠯ ᠮᠡᠨᠳᠤ᠂ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠢ ᠬᠥᠮᠥᠵᠢᠭᠦᠯᠬᠦ᠂ ᠪᠡᠶ᠎ᠡ ᠶᠢᠨ ᠲᠠᠮᠢᠷ᠂ ᠭᠡᠷ ᠤᠨ ᠶᠠᠪᠤᠳᠠᠯ᠂ ᠠᠷᠠᠯᠵᠢᠶ᠎ᠠ ᠬᠤᠳᠠᠯᠳᠤᠭ᠎ᠠ ᠵᠡᠷᠭᠡ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠪᠠᠷᠢᠮᠵᠢᠶᠠᠵᠢᠭᠤᠯᠬᠤ᠂ ᠲᠦᠷᠦᠯ ᠲᠡᠮᠳᠡᠭᠵᠢᠭᠦᠯᠬᠦ ᠪᠠᠶᠢᠭᠤᠯᠤᠯᠲᠠ ᠶᠢ ᠲᠦᠷᠭᠡᠳᠬᠡᠵᠦ᠂ ᠤᠯᠠᠮᠵᠢᠯᠠᠯᠲᠤ ᠬᠡᠷᠡᠭᠯᠡᠭᠡ ᠶᠢ ᠴᠢᠨᠠᠷ ᠰᠠᠶᠢᠲᠠᠢ ᠪᠠ ᠤᠯᠠᠨ ᠶᠠᠩᠵᠤᠴᠢᠯᠠᠭᠰᠠᠨ ᠲᠡᠶᠢᠰᠢ ᠳᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠬᠡᠷᠡᠭᠯᠡᠭᠡᠨ ᠤ ᠪᠦᠲᠦᠴᠡ ᠶᠢᠨ ᠳᠡᠰ ᠳᠡᠪᠰᠢᠬᠦ ᠬᠠᠨᠳᠤᠰᠢ ᠪᠠ ᠠᠳᠠᠯᠢ ᠪᠤᠰᠤ ᠬᠥᠮᠥᠰ ᠤᠨ ᠪᠣᠳᠠᠲᠤ ᠬᠡᠷᠡᠭᠴᠡᠭᠡ ᠳᠤ ᠵᠣᠬᠢᠴᠠᠭᠤᠯᠤᠨ᠎ᠠ᠃ ︵ᠳᠥᠷᠪᠡ︶ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠳᠠᠬᠢ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠥᠷᠭᠡᠳᠬᠡᠬᠦ ᠶᠢ ᠠᠳᠬᠤᠬᠤ ᠪᠠᠷ ᠨᠡᠮᠡᠭᠳᠡᠯ ᠢ ᠲᠣᠭᠲᠠᠪᠤᠷᠢᠵᠢᠭᠤᠯᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢᠨ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ 2023 ᠣᠨ ᠳᠤ 110 ᠭᠤᠣᠯᠳᠠᠯᠭ᠎ᠠ ᠲᠠᠢ ᠲᠦᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠠᠩᠬ᠎ᠠ ᠠᠯᠬᠤᠮ ᠲᠥᠯᠥᠪᠯᠡᠵᠦ᠂ 88 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠲᠥᠷᠥᠯ ᠵᠦᠢᠯ ᠢ ᠲᠥᠯᠥᠪᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠶᠢ ᠲᠡᠭᠦᠯᠳᠡᠷᠵᠢᠭᠦᠯᠦᠨ᠂ ᠣᠨᠣᠪᠴᠢᠲᠠᠶ ᠲᠥᠯᠥᠪᠯᠡᠵᠦ᠂ ᠪᠣᠳᠠᠲᠠᠢ ᠪᠠᠷ ᠲᠥᠯᠥᠪᠯᠡᠬᠦ ᠶᠢ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠣᠰ ᠱᠠᠲᠤᠨ ᠤ ᠲᠠᠰ ᠳᠠᠪᠬᠤᠷᠭ᠎ᠠ ᠶᠢᠨ ᠭᠠᠷᠳᠠᠮ ᠢ ᠲᠦᠷᠭᠡᠳᠬᠡᠨ ᠠᠬᠢᠭᠤᠯᠵᠤ᠂ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠳᠤ 4 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠪᠥᠬᠦ ᠭᠠᠷᠳᠠᠮ ᠤᠨ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠣᠨᠣᠪᠴᠢᠲᠠᠢ ᠡᠵᠡᠮᠳᠡᠵᠦ᠂ ᠥᠭᠡᠳᠡᠯᠡᠨ ᠳᠠᠪᠰᠢᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠤᠳᠠ ᠶᠢᠨ ᠬᠠᠮᠢᠶᠠᠷᠤᠯᠲᠠ ᠶᠢᠨ ᠲᠣᠣᠷ᠂ ᠵᠤᠭᠠᠴᠠᠯ ᠤᠨ ᠡᠷᠡᠭᠦᠯᠵᠢᠯ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠲᠦᠷᠦᠯ ᠵᠦᠢᠯ ᠢ ᠳᠡᠭᠡᠳᠦ ᠱᠠᠲᠤᠨ ᠤ ︽ᠲᠣᠮᠣ ᠬᠡᠪᠴᠢᠶ᠎ᠡ︾ ᠳᠤ ᠣᠷᠣᠭᠤᠯᠬᠤ ᠶᠢ ᠠᠬᠢᠭᠤᠯᠤᠨ᠎ᠠ᠃ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠯ᠂ ᠭᠠᠵᠠᠷ ᠰᠢᠷᠣᠢ᠂ ᠴᠠᠬᠢᠯᠭᠠᠨ ᠬᠦᠴᠦ᠂ ᠤᠰᠤᠨ ᠤ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠨᠢᠭᠡᠳᠦᠯᠲᠡᠢ ᠲᠥᠯᠥᠪᠵᠢᠭᠦᠯᠵᠦ ᠂ ᠮᠥᠷᠳᠡᠨ ᠦᠢᠯᠡᠴᠢᠯᠡᠬᠦ ᠪᠠ ᠲᠦᠷᠦ ᠶᠢᠨ ᠪᠣᠳᠣᠯᠭ᠎ᠠ ᠪᠠᠷ ᠳᠡᠮᠵᠢᠬᠦ ᠵᠢᠴᠢ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠲᠦᠷᠦᠯ ᠵᠦᠢᠯ ᠢ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠨ ᠠᠵᠤ ᠦᠢᠯᠡᠰ ᠢ ᠣᠷᠣᠨ ᠵᠠᠢ ᠲᠠᠢ ᠪᠣᠯᠭᠠᠨ᠎ᠠ᠃ ᠪᠥᠬᠦ ᠬᠤᠲᠠ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠣᠭᠲᠠᠭᠤᠨ ᠪᠠᠶᠢᠯᠭᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠪᠠᠷ ᠠᠷᠭ᠎ᠠ ᠪᠠᠷᠢᠯ ᠪᠣᠯᠭᠠᠨ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ 2023 ᠣᠨ ᠳᠤ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6% ᠣᠷᠴᠢᠮ ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃︵ᠲᠠᠪᠤ︶ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭᠠᠨ ᠤ ᠲᠠᠯ᠎ᠠ ᠪᠠᠷ᠂ ᠲᠥᠷᠥᠯ ᠵᠦᠢᠯ ᠤᠨ ᠭᠠᠷᠳᠠᠮ ᠢ ᠲᠦᠷᠭᠡᠳᠬᠡᠨ ᠲᠡᠭᠦᠯᠳᠡᠷᠵᠢᠭᠦᠯᠵᠦ᠂ ᠲᠠᠢ ᠰᠢ ᠶᠢᠨ ᠲᠡᠮᠦᠷ ᠵᠠᠮ᠂ ᠥᠷᠲᠡᠭᠡᠨ ᠤ ᠡᠮᠦᠨᠡᠬᠢ ᠠᠭᠤᠳᠠᠮ ᠲᠠᠯᠠᠪᠠᠶ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠥᠭᠡᠷᠡᠴᠢᠯᠡᠯᠲᠡ ᠵᠢᠴᠢ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ᠂ ᠭᠠᠯᠲᠤ ᠲᠡᠷᠭᠡᠨ ᠥᠷᠲᠡᠭᠡ ᠶᠢᠨ ᠵᠡᠭᠦᠨ ᠥᠷᠲᠡᠭᠡ᠂ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠢᠨᠵᠧᠨᠧᠷᠢᠩ ᠢ ᠬᠠᠮᠵᠢᠯᠴᠠᠨ ᠠᠬᠢᠭᠤᠯᠪᠡ᠃ ᠤᠯᠤᠰ ᠤᠨ ᠵᠠᠮ ᠤᠨ 207 ᠤᠰᠤᠨ ᠴᠥᠭᠦᠷᠥᠮ ᠠᠴᠠ  ᠾᠦᠸᠧ ᠽᠢ ᠯᠢᠶᠠᠩ ᠬᠦᠷᠬᠦ ᠬᠡᠰᠡᠭ᠂ ᠤᠯᠤᠰ ᠤᠨ ᠵᠠᠮ ᠤᠨ 331 ᠷᠠᠰᠢᠶᠠᠨᠪᠣᠯᠠᠭ ᠠᠴᠠ ᠪᠢᠯᠡᠭᠦᠳᠡᠢ ᠬᠦᠷᠬᠦ ᠵᠠᠰᠠᠮᠠᠯ ᠵᠠᠮ ᠤᠨ ᠲᠥᠷᠥᠯ ᠵᠦᠢᠯ ᠢ ᠡᠮᠬᠢ ᠵᠢᠷᠤᠮ ᠲᠠᠢ ᠪᠠᠷ ᠬᠡᠷᠡᠭᠵᠢᠭᠦᠯᠵᠦ᠂ ᠵᠠᠰᠠᠮᠠᠯ ᠵᠠᠮ ᠤᠨ ᠲᠣᠣᠷ ᠰᠦᠯᠵᠢᠶ᠎ᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠪᠡ᠃ ᠴᠠᠬᠢᠯᠭᠠᠨ ᠲᠣᠣᠷ᠂ ᠴᠢᠮᠡᠭᠡ ᠬᠤᠯᠪᠣᠭ᠎ᠠ ᠶᠢᠨ ᠲᠠᠯ᠎ᠠ ᠪᠠᠷ᠂ ᠠᠳᠣᠭᠤᠨ ᠨᠡᠶᠢᠰᠯᠡᠯ ᠤᠨ 110 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ᠂ 10 ᠺᠢᠯᠤᠸᠤᠯᠲ ᠠᠴᠠ ᠳᠣᠷᠣᠭᠰᠢᠬᠢ ᠴᠠᠬᠢᠯᠭᠠᠨ ᠲᠦᠭᠡᠭᠡᠬᠦ ᠲᠣᠣᠷ ᠤᠨ ᠥᠭᠡᠷᠡᠴᠢᠯᠡᠯᠲᠡ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠴᠠᠬᠢᠯᠭᠠᠨ ᠬᠠᠩᠭᠠᠬᠤ ᠲᠥᠬᠦᠭᠡᠷᠦᠮᠵᠢ ᠶᠢᠨ ᠥᠭᠡᠷᠡᠴᠢᠯᠡᠯᠲᠡ᠂ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠥᠭᠡᠷᠡᠴᠢᠯᠡᠯᠲᠡ᠂ ᠰᠢᠨ᠎ᠡ ᠡᠨᠧᠷᠭᠢ ᠶᠢ ᠲᠣᠣᠷ ᠲᠤ ᠰᠢᠯᠵᠢᠭᠦᠯᠬᠦ ᠴᠠᠬᠢᠯᠭᠠᠨ ᠵᠡᠷᠭᠡ ᠴᠠᠬᠢᠯᠭᠠᠨ ᠬᠠᠩᠭᠠᠬᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠠᠬᠢᠯᠭᠠᠨ ᠬᠠᠩᠭᠠᠬᠤ ᠪᠠᠲᠤᠯᠠᠪᠤᠷᠢ ᠶᠢᠨ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠪᠡ᠃ ᠤᠯᠤᠰ ᠮᠤᠵᠢ ᠶᠢᠨ ᠭᠤᠣᠯ ᠵᠠᠮ ᠳᠠᠭᠠᠤ ᠶᠢᠨ ᠭᠠᠷ ᠤᠲᠠᠰᠤᠨ ᠤ ᠳᠣᠬᠢᠶ᠎ᠠ ᠶᠢᠨ ᠪᠠᠯᠠᠢ ᠣᠷᠣᠨ ᠢ ᠠᠷᠢᠯᠭᠠᠬᠤ ᠠᠵᠢᠯ ᠢ ᠦᠷᠭᠦᠯᠵᠢᠯᠡᠨ ᠠᠬᠢᠭᠤᠯᠵᠤ᠂ ᠭᠤᠣᠯ ᠪᠣᠯᠬᠤ ᠤᠯᠤᠰ ᠮᠤᠵᠢ ᠶᠢᠨ ᠭᠤᠣᠯ ᠵᠠᠮ ᠳᠠᠭᠠᠤ ᠶᠢᠨ ᠭᠠᠷ ᠤᠲᠠᠰᠤᠨ ᠤ ᠳᠣᠬᠢᠶ᠎ᠠ ᠶᠢ ᠪᠦᠬᠦᠨ ᠢ ᠬᠠᠮᠤᠷᠬᠤ ᠶᠢ ᠴᠢᠷᠮᠠᠶᠢᠨ ᠪᠡᠶᠡᠯᠡᠭᠦᠯᠪᠡ᠃ ᠤᠰᠤᠨ ᠠᠰᠢᠭᠯᠠᠯᠲᠠ ᠶᠢᠨ ᠲᠠᠯ᠎ᠠ ᠪᠠᠷ᠂ ᠦᠶᠡᠷ ᠢ ᠰᠡᠷᠭᠡᠶᠢᠯᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠡᠭᠡᠨ ᠣᠪᠣᠭ᠎ᠠ ᠶᠢᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ ᠰᠢᠯᠢ ᠶᠢᠨ ᠭᠤᠣᠯ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠬᠤᠷᠢᠭ᠎ᠠ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠬᠠᠤᠯᠢ ᠪᠤᠰᠤ ᠪᠠᠷ ᠤᠰᠤ ᠲᠠᠲᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠵᠠᠷ ᠳᠣᠣᠷᠠᠬᠢ ᠤᠰᠤᠨ ᠤ ᠲᠦᠪᠰᠢᠨ ᠤ ᠦᠷᠭᠦᠯᠵᠢᠯᠡᠨ ᠳᠡᠭᠡᠭᠰᠢᠯᠡᠬᠦ ᠶᠢ ᠦᠨᠡᠨᠬᠦ ᠪᠠᠲᠤᠯᠠᠪᠡ᠃ ᠬᠤᠳᠠ ᠶᠢᠨ ᠰᠠᠭᠤᠷᠢ ᠲᠥᠬᠦᠭᠡᠷᠦᠮᠵᠢ ᠶᠢᠨ ᠲᠠᠯ᠎ᠠ ᠪᠠᠷ᠂ ᠬᠤᠳᠠ ᠶᠢ ᠳᠡᠭᠡᠭᠰᠢᠯᠡᠭᠦᠯᠦᠨ ᠥᠭᠡᠷᠡᠴᠢᠯᠡᠬᠦ ᠠᠵᠢᠯᠯᠠᠭ᠎ᠠ ᠶᠢ ᠡᠬᠢᠯᠡᠭᠦᠯᠵᠦ᠂ ᠡᠨᠧᠷᠭᠢ ᠶᠢᠨ ᠰᠤᠷᠪᠤᠯᠵᠢ᠂ ᠤᠰᠤ ᠬᠠᠩᠭᠠᠬᠤ ᠤᠰᠤ ᠵᠠᠯᠠᠬᠤ᠂ ᠬᠤᠳᠠ ᠶᠢᠨ ᠶᠠᠪᠤᠳᠠᠯ ᠤᠨ ᠵᠠᠮ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠵᠡᠷᠭᠡ ᠬᠦᠷᠢᠶᠡᠨ ᠤ ᠲᠣᠭᠤᠷᠢᠨ ᠳᠤ ᠬᠤᠳᠠ ᠶᠢᠨ ᠭᠤᠣᠯᠳᠠᠯᠭ᠎ᠠ ᠲᠠᠢ 58 ᠵᠦᠢᠯᠡᠰ ᠢ ᠬᠡᠷᠡᠭᠵᠢᠭᠦᠯᠪᠡ᠃ ᠬᠠᠭᠤᠴᠢᠨ ᠪᠠ ᠬᠠᠭᠤᠴᠢᠷᠠᠭᠰᠠᠨ ᠵᠢᠵᠢᠭ ᠲᠣᠭᠤᠷᠢᠭ᠂ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠥᠷᠨᠢᠭᠦᠯᠵᠦ᠂ 106 ᠬᠠᠭᠤᠴᠢᠨ ᠪᠠ ᠬᠠᠭᠤᠴᠢᠷᠠᠭᠰᠠᠨ ᠵᠢᠵᠢᠭ ᠲᠣᠭᠤᠷᠢᠭ ᠢ ᠥᠭᠡᠷᠡᠴᠢᠯᠡᠨ ᠵᠠᠰᠠᠬᠤ ᠵᠦᠢᠯᠡᠰ ᠢ ᠪᠡᠶᠡᠯᠡᠭᠦᠯᠵᠦ᠂ 100 ᠡᠷᠦᠬᠡ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠵᠠᠰᠠᠪᠠ᠃ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠴᠡᠭᠴᠡᠯᠡᠨ ᠵᠠᠰᠠᠬᠤ ᠠᠵᠢᠯᠯᠠᠭ᠎ᠠ ᠶᠢ ᠠᠬᠢᠭᠤᠯᠵᠤ᠂ ᠥᠪᠡᠰᠦᠪᠡᠨ ᠪᠠᠷᠢᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠣᠷᠣᠭᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ ᠭᠤᠶᠣᠯᠠᠵᠤ ᠭᠡᠷᠡᠯᠲᠦᠭᠦᠯᠬᠦ᠂ ᠬᠤᠲᠠ ᠶᠢᠨ ᠵᠠᠮ ᠤᠨ ᠳ᠋ᠧᠩ ᠢ ᠥᠭᠡᠷᠡᠴᠢᠯᠡᠬᠦ᠂ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠵᠡᠷᠭᠡ ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠵᠤ᠂ ᠬᠤᠲᠠ ᠶᠢᠨ ᠦᠵᠡᠮᠵᠢ ᠶᠢᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠭᠤᠷᠪᠠᠨ ᠤᠰᠤᠨ ᠬᠤᠭᠤᠯᠠᠢ ᠶᠢᠨ ᠲᠣᠣᠷ᠂ ᠢᠯᠴᠢ ᠬᠠᠩᠭᠠᠬᠤ ᠬᠤᠭᠤᠯᠠᠢ ᠶᠢᠨ ᠲᠣᠣᠷ᠂ ᠰᠢᠲᠠᠮᠠᠬᠠᠢ ᠬᠡᠢ ᠶᠢᠨ ᠬᠤᠭᠤᠯᠠᠢ ᠶᠢ ᠳᠡᠰ ᠳᠡᠪᠰᠢᠭᠦᠯᠦᠨ ᠥᠭᠡᠷᠡᠴᠢᠯᠡᠬᠦ ᠠᠵᠢᠯ ᠢ ᠰᠠᠶᠢᠲᠤᠷ ᠠᠳᠬᠤᠵᠤ᠂ ᠤᠯᠠᠨ ᠲᠦᠮᠡᠨ ᠤ ᠤᠰᠤ ᠬᠡᠷᠡᠭᠯᠡᠬᠦ ᠢᠯᠴᠢ ᠬᠡᠷᠡᠭᠯᠡᠬᠦ ᠬᠡᠢ ᠶᠢᠨ ᠠᠰᠠᠭᠤᠳᠠᠯ ᠢ ᠰᠢᠢᠳᠪᠦᠷᠢᠯᠡᠪᠡ᠃ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ᠂ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ᠂ ᠰᠢᠨ᠎ᠡ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠪᠣᠬᠢᠷ ᠰᠢᠪᠠᠷ ᠢ ᠰᠢᠢᠳᠪᠦᠷᠢᠯᠡᠬᠦ᠂ ᠪᠠᠶᠠᠨᠪᠤᠯᠠᠭ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤ ᠬᠠᠩᠭᠠᠬᠤ ᠢᠨᠵᠧᠨᠧᠷᠢᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ 38 ᠨᠡᠶᠢᠲᠡ ᠶᠢᠨ ᠵᠣᠷᠯᠣᠩ ᠢ ᠲᠠᠰ ᠳᠡᠪᠰᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃ ᠪᠠᠶᠢᠭᠤᠯᠤᠭᠰᠠᠨ ᠲᠣᠭᠤᠷᠢᠭ ᠤᠨ ᠮᠠᠰᠢᠨᠴᠢᠯᠠᠭᠰᠠᠨ ᠴᠡᠪᠡᠷᠯᠡᠯᠲᠡ ᠶᠢᠨ ᠨᠣᠷᠮ᠎ᠠ ᠶᠢ 75% ᠠᠴᠠ ᠳᠡᠭᠡᠭᠰᠢ ᠳᠤ ᠬᠦᠷᠦᠭᠦᠯᠬᠦ ᠶᠢ ᠠᠬᠢᠭᠤᠯᠵᠤ᠂ ᠬᠤᠲᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠡᠭᠡᠭᠰᠢᠯᠡᠭᠦᠯᠪᠡ᠃ ᠮᠠᠯᠵᠢᠬᠤ ᠣᠷᠣᠨ ᠤ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠮᠠᠯᠵᠢᠬᠤ ᠣᠷᠣᠨ ᠤ ᠤᠤᠭᠤᠬᠤ ᠤᠰᠤᠨ ᠤ ᠠᠶᠤᠯ ᠦᠭᠡᠢ ᠶᠢᠨ ᠢᠨᠵᠧᠨᠧᠷᠢᠩ ᠢ ᠬᠡᠷᠡᠭᠵᠢᠭᠦᠯᠵᠦ᠂ ᠤᠰᠤᠨ ᠰᠤᠷᠪᠤᠯᠵᠢ ᠶᠢᠨ 63 ᠬᠤᠳᠳᠤᠭ᠂ ᠤᠰᠤ ᠬᠠᠳᠠᠭᠠᠯᠠᠬᠤ ᠵᠣᠭᠤᠷᠢ ᠶᠢ 78 ᠰᠢᠨ᠎ᠡ ᠪᠠᠷ ᠪᠠᠶᠢᠭᠤᠯᠪᠠ᠃ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠪᠠ ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠵᠠᠰᠠᠬᠤ ᠶᠢ ᠠᠬᠢᠭᠤᠯᠤᠨ᠂ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠡᠩᠨᠡᠭᠡ ᠶᠢᠨ ᠦᠢᠯᠡᠴᠢᠯᠡᠭᠡᠨ ᠤ ᠤᠳᠠᠭ᠎ᠠ ᠳᠠᠷᠠᠭ᠎ᠠ ᠶᠢ ᠳᠡᠭᠡᠭᠰᠢᠯᠡᠭᠦᠯᠵᠦ᠂ ᠡᠷᠦᠬᠡ ᠶᠢᠨ ᠵᠣᠷᠯᠣᠩ ᠢ 150 ᠡᠷᠦᠬᠡ ᠳᠤ ᠴᠡᠭᠴᠡᠯᠡᠨ ᠵᠠᠰᠠᠬᠤ ᠶᠢ ᠪᠡᠶᠡᠯᠡᠭᠦᠯᠵᠦ᠂ ᠡᠷᠦᠬᠡ ᠶᠢᠨ ᠵᠣᠷᠯᠣᠩ ᠢ 170 ᠡᠷᠦᠬᠡ ᠳᠤ ᠰᠢᠨ᠎ᠡ ᠪᠠᠷ ᠪᠠᠶᠢᠭᠤᠯᠪᠡ᠃ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠥᠬᠦ ᠰᠢᠶᠠᠨ ᠢᠶᠠᠷ ᠲᠦᠯᠬᠢᠨ ᠠᠬᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ ᠪᠠᠬᠢᠵᠢᠭᠦᠯᠪᠡ᠃ ᠮᠠᠯᠵᠢᠬᠤ ᠣᠷᠣᠨ ᠤ 4 ᠵᠤᠷᠪᠤᠰ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠵᠣᠯ ᠵᠢᠷᠭᠠᠯᠲᠤ ᠵᠠᠮ︾ ᠢ ᠲᠠᠰᠤᠷᠠᠯᠲᠠ ᠦᠭᠡᠢ ᠥᠷᠭᠡᠳᠬᠡᠪᠡ᠃ ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠰᠠᠬᠢᠨ᠎ᠠ᠃ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 10 ᠲᠦᠷᠦᠯ ᠵᠦᠢᠯ ᠢ ᠬᠡᠷᠡᠭᠵᠢᠭᠦᠯᠪᠡ᠃ ᠬᠤᠯᠪᠤᠭᠠᠯᠠᠨ ᠮᠠᠯᠵᠢᠬᠤ ᠶᠢ ᠳᠠᠶᠢᠴᠢᠯᠠᠬᠤ ᠲᠣᠭᠲᠠᠴᠠ ᠶᠢ ᠭᠦᠨᠵᠡᠭᠡᠶᠢᠷᠡᠭᠦᠯᠵᠦ᠂ ᠦᠬᠡᠷ᠂ ᠬᠤᠨᠢ᠂ ᠮᠣᠷᠢ᠂ ᠡᠪᠡᠰᠦ ᠵᠡᠷᠭᠡ ᠮᠠᠯ ᠠᠵᠤ ᠠᠬᠤᠢ ᠶᠢᠨ ᠡᠬᠢ ᠪᠠᠶᠠᠯᠢᠭ ᠲᠤ ᠲᠦᠰᠢᠭᠯᠡᠨ᠂ ᠳᠠᠭᠠᠭᠤᠯᠤᠭᠴᠢ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ᠨᠢᠭᠲᠠ ᠬᠡᠯᠪᠡᠷᠢ ᠶᠢᠨ ᠮᠠᠯ ᠠᠵᠤ ᠠᠬᠤᠢ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠯᠳᠤᠯ ᠤᠨ ᠬᠠᠷᠢᠴᠠᠯ ᠢ 70% ᠠᠴᠠ ᠳᠡᠭᠡᠭᠰᠢ ᠳᠤ ᠬᠦᠷᠦᠭᠦᠯᠬᠦ ᠶᠢ ᠪᠡᠶᠡᠯᠡᠭᠦᠯᠪᠡ᠃ ᠰᠤᠷᠭᠠᠨ ᠬᠥᠮᠦᠵᠢᠯ ᠤᠨ ᠬᠢᠷᠢ ᠲᠦᠪᠰᠢᠨ ᠢ ᠪᠦᠬᠦ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠬᠡᠦᠬᠡᠳ ᠤᠨ ᠴᠡᠴᠡᠷᠯᠢᠭ᠂ ᠴᠢᠯᠠᠭᠤᠲᠤ ᠬᠡᠦᠬᠡᠳ ᠤᠨ ᠴᠡᠴᠡᠷᠯᠢᠭ ᠢ ᠬᠥᠭᠵᠢᠭᠦᠯᠦᠨ ᠮᠠᠨᠳᠤᠭᠤᠯᠬᠤ᠂ ᠬᠡᠦᠬᠡᠳ ᠤᠨ ᠴᠡᠴᠡᠷᠯᠢᠭ ᠢ ᠪᠦᠯᠬᠦᠮᠳᠡᠭᠦᠯᠦᠨ ᠪᠦᠲᠦᠭᠡᠨ ᠪᠠᠶᠢᠭᠤᠯᠬᠤ ᠶᠢ ᠪᠡᠶᠡᠯᠡᠭᠦᠯᠵᠦ᠂ ᠲᠠᠪᠤᠳᠤᠭᠠᠷ ᠳᠤᠮᠳᠠᠳᠤ ᠰᠤᠷᠭᠠᠭᠤᠯᠢ᠂ ᠠᠷᠪᠠᠨ ᠲᠠᠪᠤᠳᠤᠭᠠᠷ ᠪᠠᠭ᠎ᠠ ᠰᠤᠷᠭᠠᠭᠤᠯᠢ ᠶᠢᠨ ᠭᠤᠣᠯ ᠴᠣᠭᠴᠠ ᠶᠢᠨ ᠠᠵᠢᠯ ᠳᠠᠭᠤᠰᠬᠤ ᠶᠢ ᠠᠬᠢᠭᠤᠯᠤᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠷᠳᠡᠮ ᠤᠨ ᠴᠣᠯᠠ ᠶᠢ 1785 ᠰᠢᠨ᠎ᠡ ᠪᠠᠷ ᠨᠡᠮᠡᠭᠳᠡᠭᠦᠯᠵᠦ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 55% ᠳᠤ ᠬᠦᠷᠦᠭᠦᠯᠪᠡ᠃ ᠰᠣᠷᠣᠭᠴᠢ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠤᠨ ᠴᠡᠭᠴᠡᠯᠡᠨ ᠵᠠᠰᠠᠵᠤ᠂ ᠬᠡᠦᠬᠡᠳ ᠢ ᠰᠠᠶᠢᠨ ᠰᠤᠷᠤᠯᠴᠠᠭᠤᠯᠵᠤ᠂ ᠰᠠᠶᠢᠨ  ᠦᠢᠯᠡᠳᠦᠯᠭᠡᠵᠢᠭᠦᠯᠬᠦ ᠪᠠᠷ ᠴᠢᠷᠮᠠᠶᠢᠨ᠎ᠠ᠃ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠲᠡᠭᠡᠭᠰᠢᠯᠡᠭᠦᠯᠬᠦ ᠶᠢ ᠠᠬᠢᠭᠤᠯᠪᠠ᠃ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢᠨ ᠨᠡᠩ ᠢᠳᠡᠪᠬᠢᠲᠡᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠴᠡᠷᠢᠭ ᠠᠴᠠ ᠬᠠᠯᠠᠭᠳᠠᠭᠰᠠᠳ᠂ ᠠᠵᠢᠯ ᠠᠯᠳᠠᠭᠰᠠᠳ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠳᠠ ᠪᠠᠯᠭᠠᠰᠤᠨ ᠤ 2800 ᠬᠥᠮᠥᠨ ᠳᠤ ᠰᠢᠨ᠎ᠡ ᠪᠠᠷ ᠠᠵᠢᠯ ᠣᠯᠭᠤᠵᠤ᠂ ︽ᠠᠵᠢᠯ ᠦᠭᠡᠢ︾ ᠭᠡᠷ ᠪᠦᠯᠢ ᠶᠢ ᠬᠥᠳᠡᠯᠦᠩᠭᠦᠢ ᠪᠠᠷ ᠴᠡᠪᠡᠷᠯᠡᠨ ᠠᠷᠢᠯᠭᠠᠬᠤ ᠶᠢ ᠪᠠᠲᠤᠯᠠᠪᠠ᠃ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠥᠳᠡᠯᠮᠦᠷᠢ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠵᠣᠬᠢᠴᠠᠯᠳᠤᠯ ᠢ ᠠᠬᠢᠭᠤᠯᠵᠤ᠂ ᠡᠯ᠎ᠡ ᠲᠦᠷᠦᠯ ᠤᠨ ᠤᠷ᠎ᠠ ᠮᠡᠷᠭᠡᠰᠢᠯᠳᠦ ᠴᠢᠳᠠᠪᠤᠷᠢᠲᠠᠨ ᠢ 1600 ᠬᠥᠮᠥᠨ ᠤᠳᠠᠭ᠎ᠠ ᠪᠣᠯᠪᠠᠰᠤᠷᠠᠭᠤᠯᠪᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠪᠠᠲᠤᠯᠠᠭ᠎ᠠ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠪᠠᠶᠢᠩᠭᠤᠵᠢᠭᠤᠯᠤᠨ᠂ ᠠᠵᠤ ᠠᠬᠤᠶᠢᠯᠠᠯ ᠪᠣᠯᠣᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠡ᠃ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠡ᠃ ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠰᠢᠨ᠎ᠡ ᠱᠠᠲᠤ ᠦᠶ᠎ᠡ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠨᠡᠶᠢᠭᠡᠮ ᠤᠨ ᠲᠠᠯ᠎ᠠ ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠤᠨ ᠵᠦᠢᠯ ᠤᠨ ᠨᠥᠭᠡᠴᠡᠯᠡᠯᠲᠡ ᠶᠢ ᠴᠢᠩᠭᠠᠳᠬᠠᠨ᠂ ᠭᠤᠣᠯᠳᠠᠯᠭ᠎ᠠ ᠲᠠᠢ ᠬᠥᠮᠥᠰ ᠤᠨ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠬᠠᠮᠠᠭᠠᠯᠠᠵᠤ᠂ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠣᠯᠠᠪᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠬᠤᠲᠠ ᠶᠢᠨ ᠲᠣᠭᠤᠷᠢᠭ ᠲᠠᠬᠢ ᠬᠢᠲᠠᠳ ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠢ ᠪᠦᠬᠦᠨ ᠢ ᠬᠠᠮᠣᠷᠬᠤ ᠶᠢ ᠪᠡᠶᠡᠯᠡᠭᠦᠯᠪᠡ᠃ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠪᠡ᠃ ᠨᠡᠶᠢᠭᠡᠮ ᠤᠨ ᠪᠠᠲᠤᠯᠠᠭ᠎ᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠪᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠨᠠᠰᠤᠵᠢᠯ ᠤᠨ ᠦᠨᠳᠦᠰᠦᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠪᠠ᠃ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠣᠨᠴᠠᠭᠠᠶ ᠬᠦᠴᠢᠷᠳᠡᠯ ᠲᠠᠢ ᠬᠠᠮᠲᠤᠯᠢᠭ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ᠃ ᠡᠮ ᠡᠮᠨᠡᠯᠭᠡ ᠶᠢᠨ ᠳᠠᠭᠠᠳᠬᠠᠯ ᠪᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠠᠭᠠᠳᠬᠠᠯ ᠮᠡᠬᠡᠯᠡᠬᠦ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠰᠠᠭᠤᠷᠢ ᠮᠥᠩᠭᠦ ᠶᠢᠨ ᠡᠷᠡᠭᠦᠯ ᠢᠶᠠᠷ ᠠᠵᠢᠯᠯᠠᠬᠤ ᠶᠢ ᠦᠨᠡᠨ ᠬᠦ ᠪᠠᠲᠤᠯᠠᠨ᠎ᠠ᠃ ︽ᠨᠢᠭᠡ ᠨᠠᠰᠤᠲᠠᠨ ᠨᠢᠭᠡ ᠪᠠᠭ᠎ᠠ︾ ᠶᠢᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠬᠤ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠬᠠᠷᠢᠯᠴᠠᠨ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠨᠡᠶᠢᠭᠡᠮ ᠤᠨ ᠬᠦᠴᠦᠨ ᠤ ᠨᠡᠶᠢᠳᠡᠮ ᠠᠰᠢᠭ ᠬᠦᠷᠲᠡᠭᠡᠬᠦ ᠨᠠᠶᠢᠳᠠᠨ ᠬᠥᠮᠥᠵᠢᠭᠦᠯᠬᠦ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠴᠡᠴᠡᠭᠯᠡᠯ ᠬᠥᠭᠵᠢᠯ ᠢ ᠲᠦᠯᠬᠢᠨ ᠠᠬᠢᠭᠤᠯᠤᠨ᠎ᠠ᠃ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ ᠤ ᠳᠤᠮᠳᠠ ᠭᠦᠨᠵᠡᠭᠡᠶᠢᠷᠡᠬᠦ︾ ᠭᠤᠣᠯ ᠰᠡᠳᠦᠪᠲᠦ ᠠᠷᠠᠳ ᠲᠤ ᠠᠰᠢᠭ ᠬᠦᠷᠲᠡᠭᠡᠬᠦ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠨᠠᠩ ᠣᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠣᠯᠠᠨ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃ ︽ᠰᠢᠯᠢ ᠶᠢᠨ ᠭᠤᠣᠯ ᠤᠨ ᠵᠤᠨ︾ ᠤ ᠵᠤᠨ ᠤ ᠤᠯᠠᠷᠢᠯ ᠤᠨ ᠰᠣᠶᠣᠯ ᠤᠨ ᠨᠠᠶᠢᠷ ᠢ ᠡᠷᠭᠢᠯᠡᠵᠦ᠂ ᠠᠷᠠᠳ ᠲᠤ ᠠᠰᠢᠭ ᠬᠦᠷᠲᠡᠭᠡᠬᠦ 100 ᠲᠠᠯᠠᠪᠤᠷ ᠲᠣᠭᠯᠠᠯᠲᠠ ᠶᠢ ᠵᠣᠬᠢᠶᠠᠨ ᠪᠠᠶᠢᠭᠤᠯᠪᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠵᠤ᠂ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠨ ᠬᠠᠮᠲᠤᠪᠠᠷ ᠡᠳ᠋ᠯᠡᠬᠦ ᠶᠢ ᠠᠬᠢᠭᠤᠯᠤᠨ ᠂ ᠰᠠᠭᠠᠳ ᠦᠭᠡᠢ᠂ ᠨᠥᠬᠦᠴᠡᠯ ᠦᠭᠡᠢ ᠪᠠᠷ ᠣᠷᠣᠬᠤ ᠶᠢ ᠪᠡᠶᠡᠯᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠥᠷᠨᠢᠯᠲᠡ ᠶᠢ ᠳᠠᠶᠢᠴᠢᠯᠠᠨ᠎ᠠ᠃ ︵ᠳᠣᠯᠤᠭ᠎ᠠ︶ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠡᠳᠬᠢᠴᠡ ᠠᠷᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠦᠷᠢᠯᠡᠵᠦ ᠬᠡᠯᠬᠢᠶᠡᠰᠦ ᠶᠢ ᠴᠢᠩᠭᠠᠳᠬᠠᠬᠤ ᠶᠢᠨ ᠲᠣᠭᠤᠷᠢᠨ ᠳᠤ᠂ ᠬᠤᠭᠤᠰᠤᠨ ᠢ ᠪᠥᠭᠯᠡᠵᠦ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶᠡᠰᠦ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠥᠷᠨᠢᠭᠦᠯᠵᠦ᠂ ᠵᠢᠯ ᠤᠨ ᠳᠣᠲᠣᠷ᠎ᠠ 10 ᠠᠴᠠ ᠳᠡᠭᠡᠭᠰᠢ ᠲᠥᠷᠥᠯ ᠵᠦᠢᠯ ᠳᠤ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 56 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ ᠮᠠᠨ ᠤ ᠬᠤᠲᠠ ᠶᠢᠨ ᠠᠵᠤ ᠦᠢᠯᠡᠰ ᠤᠨ ᠣᠨᠴᠠᠯᠢᠭ ᠪᠠ ᠬᠥᠭᠵᠢᠯᠲᠡ ᠶᠢᠨ ᠴᠢᠭᠯᠡᠯ ᠢ ᠦᠨᠳᠦᠰᠦᠯᠡᠨ᠂ ᠨᠢᠭᠡ ᠪᠦᠯᠦᠭ ᠪᠣᠯᠪᠠᠰᠤᠷᠠᠩᠭᠤᠢ ᠪᠣᠯᠤᠭᠰᠠᠨ᠂ ᠪᠣᠯᠣᠮᠵᠢᠲᠤ ᠴᠢᠨᠠᠷ ᠢᠶᠠᠷ ᠴᠢᠩᠭ᠎ᠠ ᠥᠨᠳᠥᠷ ᠴᠢᠨᠠᠷ ᠴᠢᠨᠰᠠᠭ᠎ᠠ ᠲᠠᠢ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠰᠢᠨ᠎ᠡ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ᠂ ᠨᠠᠷᠢᠯᠢᠭ ᠪᠣᠯᠪᠠᠰᠤᠷᠠᠭᠤᠯᠬᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠨᠠᠷᠢᠯᠢᠭ ᠣᠨᠣᠪᠴᠢᠲᠤ ᠴᠢᠨᠠᠷ ᠢ ᠨᠡᠮᠡᠭᠳᠡᠭᠦᠯᠦᠨ᠎ᠡ᠃ ︽ᠨᠢᠭᠡ ᠪᠦᠰᠡ ᠨᠢᠭᠡ ᠵᠠᠮ︾᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠧᠢ ᠣᠷᠣᠨ ᠯᠤᠭ᠎ᠠ ᠶᠢᠨ ᠬᠠᠮᠵᠢᠯᠴᠠᠨ ᠬᠥᠭᠵᠢᠬᠦ ᠶᠢ ᠴᠢᠩᠭᠠᠳᠬᠠᠨ᠂ ᠥᠪᠥᠷ ᠮᠣᠩᠭᠤᠯ ᠤᠨ ᠵᠡᠭᠦᠨ ᠬᠡᠰᠡᠭ ᠤᠨ ᠯᠢᠶᠤᠤᠰᠢ᠂ ᠬᠥᠬᠡᠬᠤᠲᠠ ᠪᠤᠭᠤᠲᠤ ᠣᠷᠳᠣᠰ ᠵᠡᠷᠭᠡ ᠭᠠᠵᠠᠷ ᠣᠷᠣᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠠᠷᠠᠯᠲᠠᠲᠤ ᠠᠵᠤ ᠠᠬᠤᠶᠢᠯᠠᠯ ᠬᠢᠭᠡᠳ ᠲᠣᠰ ᠭᠠᠵᠠᠷ ᠣᠷᠣᠨ ᠤ ᠨᠡᠶᠢᠯᠡᠯ ᠴᠡᠭ ᠢ ᠨᠠᠷᠢᠯᠢᠭ ᠣᠨᠣᠴᠠᠲᠠᠢ ᠪᠠᠷ ᠡᠷᠢᠵᠦ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠳᠠᠭᠠᠭᠠᠨ ᠠᠪᠤᠨ᠎ᠠ᠃ ᠡᠭᠦᠨ ᠤ ᠬᠠᠮᠲᠤ᠂ ︽ᠬᠤᠳᠠᠯᠳᠤᠭᠠᠴᠢᠨ ᠤᠷᠢᠬᠤ ᠪᠠ ᠬᠤᠳᠠᠯᠳᠤᠭᠠᠴᠢᠨ ᠢ ᠦᠯᠡᠳᠡᠭᠡᠬᠦ︾ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠰᠠᠭᠤᠷᠢ ᠪᠣᠯᠭᠠᠬᠤ ᠶᠢ ᠪᠠᠷᠢᠮᠲᠠᠯᠠᠨ᠂ ᠠᠵᠢᠯ ᠶᠠᠪᠤᠳᠠᠯ ᠰᠢᠢᠳᠪᠦᠷᠢᠯᠡᠬᠦ ᠳᠤ ᠨᠠᠩ ᠲᠥᠬᠦᠮ᠂ ᠣᠷᠣᠬᠤ ᠵᠥᠪᠰᠢᠶᠡᠷᠡᠯ ᠨᠠᠩ ᠲᠥᠪ ᠭᠤᠥᠯᠴᠢ᠂ ᠬᠢᠨᠠᠯᠲᠠ ᠬᠠᠮᠢᠶᠠᠷᠤᠯᠲᠠ ᠨᠠᠩ ᠲᠥᠪ ᠭᠤᠥᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠵᠤ᠂ ︽ᠳᠣᠲᠣᠨᠣ ᠴᠢᠬᠡᠴᠢ︾ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠶᠡᠭᠡ ᠪᠠᠷ ᠪᠠᠶᠢᠭᠤᠯᠵᠤ᠂ ᠠᠵᠢᠯ ᠶᠠᠪᠤᠳᠠᠯ ᠦᠭᠡᠢ ᠪᠣᠯ ᠬᠠᠷᠰᠢᠯᠠᠬᠤ ᠦᠭᠡᠢ᠂ ᠠᠮᠠᠯᠠᠭᠰᠠᠨ ᠪᠠᠶᠢᠪᠠᠯ ᠵᠠᠪᠠᠯ ᠦᠢᠯᠡᠳᠦᠯᠭᠡᠵᠢᠭᠦᠯᠬᠦ ᠶᠢ ᠪᠠᠷᠢᠮᠲᠠᠯᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠦᠷ᠎ᠡ ᠪᠦᠲᠦᠮᠵᠢ ᠪᠠᠷ ᠢᠶᠠᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠴᠢ ᠡᠨᠧᠷᠭᠢ ᠨᠡᠮᠡᠷᠢᠯᠡᠬᠦ ᠬᠡᠷᠡᠭᠲᠡᠢ᠃ ᠲᠥᠯᠥᠭᠡᠯᠡᠭᠴᠢᠳ ᠠ᠋᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠴᠢᠩᠭ᠎ᠠ ᠲᠦᠰᠢᠭᠯᠡᠬᠦ ᠶᠢᠨ ᠬᠠᠮᠲᠤ ᠪᠦᠯᠬᠦᠮᠳᠡᠭᠦᠯᠦᠨ ᠳᠠᠭᠠᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ 2023 ᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠯᠢ ᠶᠢᠨ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号