2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠪᠠ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ | ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠠᠮᠢᠯᠠᠭᠤᠯᠬᠤ ᠠᠵᠢᠯ ᠢ ᠰᠠᠶᠢᠲᠤᠷ ᠬᠢᠬᠦ ᠲᠤᠬᠠᠶ ᠰᠢᠯᠢ ᠶᠢᠨ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ᠡᠯ᠎ᠡ ᠰᠤᠮᠤ ᠪᠠᠯᠭᠠᠰᠤ ᠶᠢᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠯᠢ ᠶᠢᠨ ᠭᠤᠤᠯ ᠤᠨ ᠠᠵᠤ | ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ᠄ | ᠰᠢᠯᠢ ᠶᠢᠨ ᠭᠤᠣᠯ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠂ ᠰᠢᠯᠢ ᠶᠢᠨ ᠭᠤᠣᠯ ᠠᠶᠢᠮᠠᠭ ᠤᠨ | ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠰᠢᠯᠢ ᠶᠢᠨ | ᠭᠤᠤᠯ ᠠᠶᠢᠮᠠᠭ ᠤᠨ ᠭᠠᠶᠢᠯᠢ ᠶᠢᠨ ᠲᠣᠪᠴᠢᠶ᠎ᠠ ᠶᠢᠨ ︽2024 ᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠠᠲᠠᠪᠤᠷᠢᠯᠠᠬᠤ ᠲᠤᠬᠠᠶ ᠮᠡᠳᠡᠭᠳᠡᠯ︾ ︵ | ᠰᠢᠯᠢ ᠶᠢᠨ ᠭᠤᠣᠯ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ | ᠲᠠᠷᠬᠠᠭᠠᠭᠰᠠᠨ ︹ 2023 ︺ 20 ᠳ᠋ᠤᠭᠠᠷ ᠲᠣᠭᠠᠲᠤ︶ ᠪᠣᠯᠤᠨ ᠰᠢᠯᠢ ᠶᠢᠨ ᠭᠤᠤᠯ ᠠᠶᠢᠮᠠᠭ ᠤᠨ ᠡᠮ | ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ | ᠰᠢᠯᠢ ᠶᠢᠨ ᠭᠤᠤᠯ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ︽2024 ᠣᠨ ᠤ ᠪᠥᠬᠦ | ᠠᠶᠢᠮᠠᠭ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ | ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢᠨ ᠬᠠᠷᠠᠯᠲᠠ ᠶᠢ ᠪᠠᠭᠤᠯᠭᠠᠬᠤ ᠲᠤᠬᠠᠶ ᠮᠡᠳᠡᠭᠳᠡᠯ︾ ︵ | ᠰᠢᠯᠢ ᠶᠢᠨ ᠭᠤᠣᠯ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ | ᠲᠠᠷᠬᠠᠭᠠᠭᠰᠠᠨ ︹ 2023 ︺ 78 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢᠨ ᠶᠣᠰᠣᠭᠠᠷ᠂ ᠮᠠᠨ ᠤ | ᠬᠤᠲᠠ ᠶᠢᠨ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠ ᠡᠮ ᠡᠮᠨᠡᠯᠭᠡ ᠶᠢᠨ ᠳᠠᠭᠠᠳᠬᠠᠯ ᠤᠨ | ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠨᠣᠮᠧᠷ︶ ᠶᠢ ᠠᠮᠢᠯᠠᠭᠤᠯᠬᠤ ᠠᠵᠢᠯ ᠢ ᠦᠨᠡᠨᠬᠦ | ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠴᠠᠭ | 2024 ᠣᠨ ᠤ ᠰᠢᠯᠢ ᠶᠢᠨ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠬᠤᠭᠤᠴᠠᠭ᠎ᠠ᠄ 2023 ᠣᠨ ᠤ 9 | ᠰᠠᠷ᠎ᠠ ᠶᠢᠨ 1 ᠤ ᠡᠳᠦᠷ ᠠᠴᠠ 2024 ᠣᠨ ᠤ 3 ᠰᠠᠷ᠎ᠠ ᠶᠢᠨ 31 ᠤ ᠡᠳᠦᠷ ᠪᠣᠯᠲᠠᠯ᠎ᠠ᠃ ᠣᠯᠭᠤᠮᠵᠢ ᠡᠳ᠋ᠯᠡᠬᠦ | ᠬᠤᠭᠤᠴᠠᠭ᠎ᠠ ᠨᠢ᠄ 2024 ᠣᠨ ᠤ 1 ᠰᠠᠷ᠎ᠠ ᠶᠢᠨ 1 ᠤ ᠡᠳᠦᠷ ᠠᠴᠠ 2024 ᠣᠨ ᠤ 12 ᠰᠠᠷ᠎ᠠ ᠶᠢᠨ 31 ᠤ | ᠡᠳᠦᠷ ᠪᠣᠯᠲᠠᠯ᠎ᠠ᠃ | ᠬᠤᠶᠠᠷ᠂ ᠳᠠᠭᠠᠳᠬᠠᠯ ᠳᠤ ᠣᠷᠣᠭᠰᠠᠳ | ᠮᠠᠨ ᠤ ᠬᠤᠳᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠵᠢᠯᠳᠠᠨ ᠠᠵᠢᠯᠴᠢᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠬᠠᠷᠢᠶᠠᠯᠠᠭᠳᠠᠬᠤ ᠥᠭᠡᠢ ᠬᠤᠳᠠ ᠬᠥᠳᠡᠭᠡ ᠶᠢᠨ | ᠰᠠᠭᠤᠭᠠᠯᠢ ᠠᠷᠠᠳ᠂ ᠬᠤᠳᠠ ᠪᠠᠯᠭᠠᠰᠤ ᠶᠢᠨ ᠠᠵᠢᠯ ᠥᠭᠡᠢ ᠰᠠᠭᠤᠭᠠᠯᠢ ᠠᠷᠠᠳ᠂ ᠲᠠᠷᠢᠶᠠᠯᠠᠬᠤ ᠮᠠᠯᠵᠢᠬᠤ ᠣᠷᠣᠨ ᠤ | ᠰᠠᠭᠤᠭᠠᠯᠢ ᠠᠷᠠᠳ᠂ ᠰᠤᠷᠭᠠᠭᠤᠯᠢ ᠳᠤ ᠪᠠᠶᠢᠭ᠎ᠠ ᠡᠯ᠎ᠡ ᠲᠥᠷᠥᠯ ᠤᠨ ᠰᠤᠷᠤᠭᠴᠢᠳ ᠰᠤᠷᠬᠤ ᠨᠠᠰᠤᠨ ᠠᠴᠠ ᠡᠮᠦᠨᠡᠬᠢ | ᠬᠡᠦᠬᠡᠳ ᠵᠢᠴᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠤᠰᠤᠳ ᠬᠥᠮᠦᠰ ᠢ | ᠪᠠᠭᠲᠠᠭᠠᠭᠰᠠᠨ ᠬᠤᠳᠠ ᠬᠥᠳᠡᠭᠡ ᠶᠢᠨ ᠰᠠᠭᠤᠭᠠᠯᠢ ᠠᠷᠠᠳ ᠪᠣᠯᠣᠨ᠎ᠠ᠂ ᠡᠷᠥᠭᠡ ᠠᠮᠠ ᠶᠢᠨ ᠬᠠᠷᠢᠶ᠎ᠠ ᠳᠤ | ᠬᠢᠵᠠᠭᠠᠷᠯᠠᠭᠳᠠᠬᠤ ᠥᠭᠡᠢ᠃ | ᠭᠤᠷᠪᠠ᠂ ᠰᠦᠢᠳᠬᠡᠯ ᠲᠤᠰᠢᠶᠠᠬᠤ ᠪᠠᠷᠢᠮᠵᠢᠶ᠎ᠠ | ︵ᠨᠢᠭᠡ︶ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ 400 ᠲᠥᠭᠦᠷᠢᠭ / ᠬᠥᠮᠦᠨ ᠪᠣᠯᠤᠨ᠎ᠠ | ᠃ | ︵ᠬᠤᠶᠠᠷ︶ ᠵᠣᠭᠤᠰ ᠮᠥᠩᠭᠦ ᠪᠠᠷ ᠲᠤᠰᠠᠯᠠᠵᠤ ᠳᠠᠭᠠᠳᠬᠠᠯ ᠳᠤ ᠣᠷᠣᠯᠴᠠᠭᠤᠯᠬᠤ | ᠶᠠᠳᠠᠭᠤ ᠬᠦᠴᠢᠷᠳᠡᠯᠲᠡᠶ ᠣᠯᠠᠨ ᠲᠦᠮᠡᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ | ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠲᠤ ᠦᠷᠭᠦᠯᠵᠢᠯᠡᠨ ᠡᠮ ᠡᠮᠨᠡᠯᠭᠡ ᠶᠢᠨ ᠠᠪᠤᠷᠠᠨ ᠲᠤᠰᠠᠯᠠᠬᠤ | ᠪᠠᠯᠠ ᠮᠥᠩᠭᠦ ᠶᠢ ᠬᠡᠷᠡᠭᠯᠡᠨ ᠲᠥᠷᠥᠯ ᠬᠤᠪᠢᠶᠠᠨ ᠵᠣᠭᠤᠰ ᠮᠥᠩᠭᠦ ᠪᠠᠷ ᠲᠤᠰᠠᠯᠠᠨ᠎ᠠ︔ ᠣᠨᠴᠠ ᠬᠦᠴᠢᠷᠳᠡᠯᠲᠡᠶ | ᠬᠥᠮᠦᠰ᠂ ᠥᠨᠥᠴᠢᠨ ᠬᠡᠤᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠬᠤᠪᠢ ᠬᠥᠮᠦᠨ ᠤ | ᠲᠤᠰᠢᠶᠠᠬᠤ ᠰᠦᠢᠳᠬᠡᠯ ᠤᠨ ᠬᠡᠰᠡᠭ ᠲᠤ ᠪᠥᠬᠦ ᠲᠤᠭ᠎ᠠ ᠪᠠᠷ ᠵᠣᠭᠤᠰ ᠮᠥᠩᠭᠦ ᠪᠠᠷ ᠲᠤᠰᠠᠯᠠᠨ᠎ᠠ︔ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠳᠠᠬᠢᠨ ᠶᠠᠳᠠᠭᠤᠷᠠᠭᠰᠠᠨ ᠠᠴᠠ ᠪᠣᠯᠵᠣ ᠶᠠᠳᠠᠭᠤᠷᠠᠭᠰᠠᠨ ᠬᠥᠮᠦᠨ | ᠠᠮᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠮᠠᠯᠵᠢᠬᠤ ᠲᠠᠷᠢᠶᠠᠯᠠᠬᠤ | ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠬᠡᠮᠵᠢᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ | ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠬᠥᠮᠦᠰ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ | ᠬᠥᠮᠦᠰ ᠪᠠ ᠭᠡᠨᠡᠳᠲᠡ ᠡᠭᠦᠰᠬᠦ ᠬᠦᠨᠳᠦ ᠨᠣᠴᠢᠲᠠᠶ ᠬᠦᠴᠢᠷᠳᠡᠯ ᠲᠠᠢ ᠡᠷᠦᠬᠡ ᠶᠢᠨ ᠬᠤᠪᠢ ᠬᠥᠮᠦᠨ ᠤ ᠰᠦᠢᠳᠬᠡᠯ | ᠲᠤᠰᠢᠶᠠᠬᠤ ᠬᠡᠰᠡᠭ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 50% ᠶᠢᠨ ᠬᠠᠷᠢᠴᠠᠯ ᠢᠶᠠᠷ | ᠲᠣᠭᠲᠠᠭᠰᠠᠨ ᠲᠣᠭᠠᠨ ᠤ ᠵᠣᠭᠤᠰ ᠢᠶᠠᠷ ᠲᠤᠰᠠᠯᠠᠵᠤ᠂ ᠵᠣᠭᠤᠰ ᠢᠶᠠᠷ ᠲᠤᠰᠠᠯᠠᠬᠤ ᠪᠠᠷᠢᠮᠵᠢᠶ᠎ᠠ ᠨᠢ 200 ᠲᠥᠭᠦᠷᠢᠭ | ᠪᠣᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠬᠡᠮᠵᠢᠬᠦ | ᠬᠡᠪᠴᠢᠶᠡᠨ ᠳᠤ ᠣᠷᠣᠭᠤᠯᠤᠭᠠᠳᠤᠶ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ ᠡᠮᠴᠢᠯᠡᠭᠡᠨ ᠤ ᠲᠡᠩᠬᠡᠷᠡᠭᠦᠯᠦᠨ | ᠲᠤᠰᠠᠯᠠᠵᠤ ᠳᠠᠭᠠᠳᠬᠠᠯ ᠳᠤ ᠣᠷᠣᠭᠤᠯᠬᠤ ᠲᠥᠷᠥ ᠶᠢᠨ ᠪᠣᠳᠣᠯᠭ᠎ᠠ ᠶᠢ ᠳᠠᠭᠢᠵᠤ ᠬᠦᠷᠲᠡᠭᠡᠬᠦ ᠥᠬᠡᠶ᠂ ᠬᠤᠲᠠ ᠶᠢᠨ | ᠡᠳ᠋ ᠤᠨ ᠵᠠᠰᠠᠭ ᠠᠴᠠ ᠬᠥᠮᠦᠨ ᠪᠦᠷᠢ ᠳᠤ 200 ᠲᠥᠭᠦᠷᠢᠭ ᠠᠴᠠ ᠳᠣᠤᠷ᠎ᠠ ᠥᠬᠡᠶ ᠪᠠᠷᠢᠮᠵᠢᠶ᠎ᠠ ᠪᠠᠷ ᠲᠣᠭᠲᠠᠭᠰᠠᠨ | ᠲᠣᠭᠠᠨ ᠤ ᠲᠤᠰᠠᠯᠠᠮᠵᠢ ᠣᠯᠭᠤᠨ᠎ᠠ᠃ ᠡᠭᠦᠨ ᠤ ᠬᠠᠮᠲᠤ ᠣᠯᠠᠨ ᠳᠠᠪᠬᠤᠷ ᠰᠢᠨᠵᠢ ᠴᠢᠨᠠᠷ ᠲᠠᠢ ᠬᠦᠴᠢᠷᠳᠡᠯᠲᠡᠶ ᠣᠯᠠᠨ | ᠲᠦᠮᠡᠨ ᠳᠤ᠂ ᠥᠨᠳᠥᠷ ᠪᠠᠶᠢᠯᠭᠠᠬᠤ ᠠᠴᠠ ᠪᠢᠰᠢ ᠳᠣᠤᠷ᠎ᠠ ᠪᠠᠶᠢᠯᠭᠠᠬᠤ ᠥᠬᠡᠶ ᠪᠠᠶᠢᠬᠤ ᠵᠠᠷᠴᠢᠮ ᠶᠣᠰᠣᠭᠠᠷ | ᠳᠠᠭᠠᠳᠬᠠᠯ ᠳᠤ ᠣᠷᠣᠯᠴᠠᠭᠰᠠᠨ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠂ | ᠳᠠᠪᠬᠤᠷᠳᠠᠭᠤᠯᠤᠨ ᠵᠣᠭᠤᠰ ᠢᠶᠠᠷ ᠲᠤᠰᠠᠯᠠᠵᠤ ᠪᠣᠯᠬᠤ ᠥᠬᠡᠶ᠃ | ᠳᠥᠷᠪᠡ᠂ ᠰᠦᠢᠳᠬᠡᠯ ᠲᠤᠰᠢᠶᠠᠬᠤ ᠠᠷᠭ᠎ᠠ ᠮᠠᠶ᠋ᠢᠭ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ | ᠭᠠᠶᠢᠯᠢ ᠶᠢᠨ ᠶᠠᠪᠤᠳᠠᠯ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠭᠦᠢᠴᠡᠳᠬᠡᠵᠦ ᠪᠠᠶᠢᠭ᠎ᠠ ᠬᠥᠮᠦᠰ ᠥᠪᠡᠰᠦᠪᠡᠨ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠤᠶᠤᠨᠴᠢᠯᠠᠭᠰᠠᠨ ᠰᠦᠯᠵᠢᠶᠡᠨ ᠳᠡᠭᠡᠷᠡᠬᠢ ᠠᠷᠭ᠎ᠠ ᠵᠠᠮ ᠪᠠ | ᠰᠦᠯᠵᠢᠶᠡᠨ ᠠᠴᠠ ᠭᠠᠳᠠᠭᠤᠷᠬᠢ ᠤᠯᠠᠮᠵᠢᠯᠠᠯᠲᠤ ᠠᠷᠭ᠎ᠠ ᠵᠠᠮ ᠢᠶᠠᠷ ᠳᠠᠮᠵᠢᠭᠤᠯᠤᠨ 2024 ᠣᠨ ᠤ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠤᠰᠢᠶᠠᠨ᠎ᠠ᠃ | | ︵ᠨᠢᠭᠡ︶ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ᠃ | 1. ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠸᠢᠴᠠᠲ ᠤᠨ ︽ᠥᠪᠥᠷ ᠮᠣᠩᠭᠤᠯ ᠤᠨ | ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠪᠠᠭ᠎ᠠ ᠫᠷᠤᠭ᠍ᠷᠠᠮ ᠢᠶᠠᠷ | ᠪᠡᠶ᠎ᠡ ᠪᠠᠨ ᠳᠠᠭᠠᠭᠠᠵᠤ ᠰᠦᠢᠳᠬᠡᠯ ᠲᠤᠰᠢᠶᠠᠵᠤ ᠪᠣᠯᠤᠨ᠎ᠠ᠃ ᠸᠢᠴᠠᠲ ᠤᠨ ᠪᠠᠭ᠎ᠠ ᠫᠷᠤᠭ᠍ᠷᠠᠮ ᠤᠨ ᠵᠠᠷᠤᠳᠠᠯ ᠲᠤᠰᠢᠶᠠᠬᠤ | ᠶᠠᠪᠤᠴᠠ᠄ | ︵1︶ ᠸᠢᠴᠠᠲ ᠪᠠᠷ ᠺᠣᠳ᠋ ᠰᠢᠷᠪᠢᠵᠦ ᠵᠢᠵᠢᠭ ᠫᠷᠤᠭ᠍ᠷᠠᠮ ᠳᠤ ᠣᠷᠣᠬᠤ ᠪᠤᠶᠤ ᠸᠢᠴᠠᠲ ᠤᠨ ᠵᠢᠵᠢᠭ ᠫᠷᠤᠭ᠍ᠷᠠᠮ ᠠᠴᠠ | ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠶᠢ | ᠡᠷᠢᠨ᠎ᠡ᠃ | ︵2︶ ︽ᠪᠢ ᠰᠦᠢᠳᠬᠡᠯ ᠲᠤᠰᠢᠶᠠᠨ᠎ᠠ︾ ᠭᠡᠳᠡᠭ ᠢ ᠲᠣᠪᠴᠢᠳᠠᠪᠠᠯ᠂ ᠠᠩᠬ᠎ᠠ ᠤᠳᠠᠭ᠎ᠠ ᠭᠠᠷ ᠤᠲᠠᠰᠤᠨ ᠤ | ᠨᠣᠮᠧᠷ ᠢ ᠬᠤᠯᠪᠣᠬᠤ ᠬᠡᠷᠡᠭᠲᠡᠶ᠂ ᠪᠤᠰᠤᠳ ᠢ ᠣᠷᠣᠯᠠᠨ ᠲᠤᠰᠢᠶᠠᠪᠠᠯ ᠮᠦᠨ ᠥᠪᠡᠷ ᠤᠨ ᠭᠠᠷ ᠤᠲᠠᠰᠤᠨ ᠤ ᠨᠣᠮᠧᠷ ᠢ | ᠬᠤᠯᠪᠣᠵᠤ ᠪᠣᠯᠤᠨ᠎ᠠ᠃ | ︵3︶ ᠰᠦᠢᠳᠬᠡᠯ ᠲᠤᠰᠢᠶᠠᠭᠴᠢ ᠶᠢᠨ ᠪᠡᠶ᠎ᠡ ᠶᠢᠨ ᠦᠨᠡᠮᠯᠡᠯ ᠤᠨ ᠨᠣᠮᠧᠷ᠂ ᠣᠪᠣᠭ ᠨᠡᠷ᠎ᠡ ᠵᠢᠴᠢ ᠭᠠᠷ ᠤᠲᠠᠰᠤᠨ ᠤ | ᠨᠣᠮᠧᠷ ᠢ ᠣᠷᠣᠭᠤᠯᠤᠭᠰᠠᠨ ᠤ ᠳᠠᠷᠠᠭ᠎ᠠ ︽ᠲᠠᠷᠠᠭᠠᠴᠢ ᠶᠢᠨ ᠠᠯᠬᠤᠮ ᠳᠤ︾ ᠭᠡᠵᠦ ᠲᠣᠪᠴᠢᠳᠠᠨ᠎ᠠ᠃ | ︵4︶ ᠬᠠᠯᠠᠭᠤᠨ ᠳᠣᠲᠣᠨᠣ ᠰᠠᠨᠠᠭᠤᠯᠤᠮᠵᠢ ᠪᠠᠷ ︽ᠲᠣᠭᠲᠠᠭᠠᠬᠤ︾ ᠶᠢ ᠲᠣᠪᠴᠢᠳᠠᠭᠰᠠᠨ ᠤ ᠲᠠᠷᠠᠭ᠎ᠠ ︽ | ᠥᠪᠡᠷ ᠢᠶᠠᠨ ᠰᠦᠢᠳᠬᠡᠯ ᠲᠤᠰᠢᠶᠠᠬᠤ︾ ᠶᠢ ᠰᠣᠩᠭᠤᠨ᠎ᠠ᠃ | ︵5︶ ᠰᠦᠢᠳᠬᠡᠯ ᠲᠤᠰᠢᠶᠠᠬᠤ ᠣᠨ ᠳᠤ 2024 ᠣᠨ ᠢ ᠰᠣᠩᠭᠤᠨ᠎ᠠ᠃ | ︵6︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠭᠤᠬᠠᠳᠠᠨ | ᠰᠣᠩᠭᠤᠵᠤ᠂ ᠬᠠᠷᠭᠤᠭᠤᠯᠬᠤ ᠶᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠰᠢᠯᠢ ᠶᠢᠨ ᠬᠤᠲᠠ ︵ᠰᠢᠨ᠎ᠡ ᠡᠮ | ᠡᠮᠨᠡᠯᠭᠡ ᠶᠢᠨ ᠳᠠᠭᠠᠳᠬᠠᠯ︶ ᠪᠣᠯᠤᠨ᠎ᠠ᠃ | ︵7︶ ᠲᠤᠰᠢᠶᠠᠬᠤ ᠶᠣᠰᠣᠲᠠᠶ ᠰᠦᠢᠳᠬᠡᠯ 400 ᠲᠥᠭᠦᠷᠢᠭ ᠢ ᠰᠣᠩᠭᠤᠵᠤ᠂ ᠲᠤᠰᠢᠶᠠᠬᠤ ᠶᠣᠰᠣᠲᠠᠶ | ᠰᠦᠢᠳᠬᠡᠯ ᠤᠨ ᠮᠡᠳᠡᠭᠡ ᠵᠠᠩᠭᠢ ᠪᠠᠨ ᠲᠤᠰᠢᠶᠠᠵᠤ ᠨᠤᠲᠠᠯᠠᠭᠰᠠᠨ ᠤ ᠳᠠᠷᠠᠭ᠎ᠠ ︽ᠲᠤᠰᠢᠶᠠᠬᠤ ᠰᠦᠢᠳᠬᠡᠯ ᠢ ᠨᠤᠲᠠᠯᠠᠨ | ᠲᠣᠭᠲᠠᠭᠠᠬᠤ︾ ᠶᠢ ᠲᠣᠪᠴᠢᠳᠠᠨ᠎ᠠ᠃ | ︵8︶ ᠵᠠᠯᠭᠠᠭᠠᠳ ᠳᠠᠷᠤᠶ ᠰᠠᠨᠠᠭᠤᠯᠭ᠎ᠠ ᠶᠢᠨ ᠶᠣᠰᠣᠭᠠᠷ ᠵᠣᠭᠤᠰ ᠥᠭᠴᠦ ᠪᠣᠯᠤᠨ᠎ᠠ᠃ | ᠬᠠᠯᠠᠭᠤᠨ ᠳᠣᠲᠣᠨᠣ ᠰᠠᠨᠠᠭᠤᠯᠤᠮᠵᠢ᠄ ᠲᠣᠭᠠᠴᠠᠭ᠎ᠠ ᠬᠢᠭᠡᠳ ᠠᠮᠵᠢᠯᠲᠠ ᠣᠯᠤᠭᠰᠠᠨ ᠤ ᠳᠠᠷᠠᠭ᠎ᠠ 2-3 ᠠᠵᠢᠯᠯᠠᠬᠤ | ᠡᠳᠦᠷ ᠤᠨ ᠳᠠᠷᠠᠭ᠎ᠠ ᠵᠢᠵᠢᠭ ᠫᠷᠤᠭ᠍ᠷᠠᠮ ᠤᠨ ᠳᠣᠲᠣᠷ᠎ᠠ ᠡᠯᠧᠺᠲᠷᠣᠨ ᠭᠡᠷᠡᠴᠢ ᠪᠠᠷᠢᠮᠲᠠ ᠭᠠᠷᠭᠠᠵᠤ ᠪᠣᠯᠤᠨ᠎ᠠ ︵ | ᠴᠠᠭᠠᠰᠤᠨ ᠭᠡᠷᠡᠴᠢ ᠲᠡᠮᠳᠡᠭ ᠤᠨ ᠬᠠᠤᠯᠢ ᠴᠠᠭᠠᠵᠠ ᠶᠢᠨ ᠬᠦᠴᠦᠨ ᠲᠠᠢ ᠠᠳᠠᠯᠢ︶᠃ | 2. ︽ᠰᠢᠯᠢ ᠶᠢᠨ ᠭᠤᠤᠯ ᠤᠨ ᠡᠮ ᠡᠮᠨᠡᠯᠭᠡ ᠶᠢᠨ ᠳᠠᠭᠠᠳᠬᠠᠯ︾ ᠤᠨ ᠸᠢᠴᠠᠲ ᠤᠨ ᠨᠡᠶᠢᠲᠡ ᠶᠢᠨ ᠳ᠋ᠤᠭᠠᠷ ᠤᠨ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠪᠠᠷ ᠳᠠᠮᠵᠢᠭᠤᠯᠤᠨ ᠲᠦᠷᠭᠡᠨ ᠰᠦᠢᠳᠬᠡᠯ ᠲᠤᠰᠢᠶᠠᠵᠤ ᠪᠣᠯᠤᠨ᠎ᠠ᠃ | 3. ︽ᠥᠪᠥᠷ ᠮᠣᠩᠭᠤᠯ ᠤᠨ ᠮᠦᠩᠬᠡ ᠰᠣᠪᠠᠭ︾ ᠤᠨ ᠭᠠᠷ ᠤᠲᠠᠰᠤᠨ ᠤ ᠬᠡᠷᠡᠭᠯᠡᠭᠴᠢ ᠶᠢᠨ ᠦᠵᠦᠭᠦᠷ ᠲᠠᠬᠢ ︽ | ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠦᠢᠯᠡᠴᠢᠯᠡᠭᠡ ᠪᠠᠷ ᠳᠠᠮᠵᠢᠭᠤᠯᠤᠨ ᠪᠡᠶ᠎ᠡ ᠪᠠᠨ ᠳᠠᠭᠠᠭᠠᠵᠤ | ᠰᠦᠢᠳᠬᠡᠯ ᠲᠤᠰᠢᠶᠠᠵᠤ ᠪᠣᠯᠤᠨ᠎ᠠ᠃ | 4. ᠸᠢᠴᠠᠲ ᠤᠨ ︽ᠬᠤᠲᠠ ᠶᠢᠨ ᠦᠢᠯᠡᠴᠢᠯᠡᠭᠡ︾ ᠶᠢᠨ ᠵᠠᠭᠪᠤᠷ ᠲᠤ ᠣᠷᠣᠵᠤ᠂ ᠬᠡᠷᠡᠭ ᠡᠷᠭᠢᠯᠡᠬᠦ ᠲᠢᠩᠬᠢᠮ ᠤᠨ ︽ | ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠪᠠᠷ ᠳᠠᠮᠵᠢᠭᠤᠯᠤᠨ ᠪᠡᠶ᠎ᠡ ᠪᠠᠨ | ᠳᠠᠭᠠᠭᠠᠵᠤ ᠰᠦᠢᠳᠬᠡᠯ ᠲᠤᠰᠢᠶᠠᠵᠤ ᠪᠣᠯᠤᠨ᠎ᠠ᠃ | 5. ︽ᠲᠣᠭᠠᠴᠠᠭ᠎ᠠ ᠡᠷᠳᠡᠨᠢ︾ ᠬᠤᠲᠠ ᠶᠢᠨ ᠠᠷᠠᠳ ᠤᠨ ᠲᠥᠪ ᠤᠨ ︽ᠨᠡᠶᠢᠭᠡᠮ ᠤᠨ ᠳᠠᠭᠠᠳᠬᠠᠯ︾ ᠤᠨ | ᠠᠭᠤᠯᠵᠠᠷ ᠢᠶᠠᠷ ᠳᠠᠮᠵᠢᠭᠤᠯᠤᠨ ᠥᠪᠡᠷ ᠢᠶᠠᠨ ᠰᠦᠢᠳᠬᠡᠯ ᠲᠤᠰᠢᠶᠠᠵᠤ ᠪᠣᠯᠤᠨ᠎ᠠ᠃ | ︵ᠬᠤᠶᠠᠷ︶ ᠰᠦᠯᠵᠢᠶᠡᠨ ᠠᠴᠠ ᠭᠠᠳᠠᠨ᠎ᠠ ᠰᠦᠢᠳᠬᠡᠯ ᠲᠤᠰᠢᠶᠠᠬᠤ᠃ ᠥᠷᠭᠡᠨ ᠣᠯᠠᠨ ᠬᠤᠲᠠ ᠬᠥᠳᠡᠭᠡ ᠶᠢᠨ | ᠰᠠᠭᠤᠭᠠᠯᠢ ᠠᠷᠠᠳ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶᠂ ᠭᠠᠴᠠᠭ᠎ᠠ ︵ᠨᠡᠶᠢᠭᠡᠮ ᠲᠣᠭᠤᠷᠢᠭ︶ ᠶᠢᠨ | ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ︶ ᠳᠤ ᠬᠦᠷᠴᠦ᠂ | ᠡᠮᠴᠢᠯᠡᠭᠡᠨ ᠤ ᠳᠠᠭᠠᠳᠬᠠᠯ ᠤᠨ ᠣᠷᠣᠯᠠᠨ ᠭᠦᠢᠴᠡᠳᠬᠡᠭᠴᠢ ᠪᠠᠷ ᠳᠡᠮᠵᠢᠨ ᠣᠷᠣᠯᠠᠨ ᠭᠦᠢᠴᠡᠳᠬᠡᠵᠦ᠂ ᠮᠡᠳᠡᠭᠡ | ᠵᠠᠩᠭᠢᠵᠢᠯᠲᠠ ᠶᠢᠨ ᠦᠵᠦᠭᠦᠷ ᠪᠤᠶᠤ ᠭᠠᠷ ᠤᠲᠠᠰᠤ ᠪᠠᠷ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠠᠰᠢᠭᠯᠠᠨ | ᠳᠠᠭᠠᠳᠬᠠᠯ ᠳᠤ ᠣᠷᠣᠯᠴᠠᠨ ᠰᠦᠢᠳᠬᠡᠯ ᠲᠤᠰᠢᠶᠠᠵᠤ ᠪᠣᠯᠤᠨ᠎ᠠ︔ ᠲᠣᠰ ᠬᠥᠮᠦᠨ ᠤ ᠪᠡᠶ᠎ᠡ ᠶᠢᠨ ᠦᠨᠡᠮᠯᠡᠯ ᠢᠶᠠᠨ | ᠠᠪᠴᠤ ᠭᠠᠶᠢᠯᠢ ᠶᠢᠨ ᠶᠠᠪᠤᠳᠠᠯ ᠤᠨ ᠪᠣᠳᠠᠲᠤ ᠲᠢᠩᠬᠢᠮ ᠤᠨ ᠴᠣᠩᠬᠤᠨ ᠳᠤ ᠬᠦᠷᠴᠦ ᠬᠥᠮᠦᠨ ᠪᠠᠷ ᠲᠤᠰᠢᠶᠠᠵᠤ | ᠪᠣᠯᠤᠨ᠎ᠠ᠂ ᠣᠶᠤᠨᠴᠢ ᠲᠥᠬᠦᠭᠡᠷᠦᠮᠵᠢ ᠪᠠᠷ ᠰᠦᠢᠳᠬᠡᠯ ᠲᠤᠰᠢᠶᠠᠬᠤ ᠠᠷᠭ᠎ᠠ ᠦᠭᠡᠶ ᠳᠠᠭᠠᠳᠬᠠᠯ ᠳᠤ ᠣᠷᠣᠯᠴᠠᠭᠰᠠᠳ | ᠥᠪᠡᠷ ᠤᠨ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠨ ᠠᠪᠴᠤ ᠣᠶᠢᠷ᠎ᠠ ᠬᠠᠪᠢ ᠶᠢᠨ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠪᠤᠶᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠴᠣᠩᠬᠤᠨ ᠳᠤ ᠬᠦᠷᠴᠦ ︽ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠮᠡᠳᠡᠭᠳᠡᠯ ᠤᠨ ᠬᠠᠭᠤᠳᠠᠰᠤ︾ ᠶᠢ ᠳᠠᠷᠣᠮᠯᠠᠭᠠᠳ | ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠺᠠᠷᠲ ᠪᠤᠶᠤ ᠪᠡᠯᠡᠨ ᠵᠣᠭᠤᠰ ᠢᠶᠠᠷ ᠢᠶᠠᠨ ᠣᠶᠢᠷ᠎ᠠ ᠬᠠᠪᠢ ᠶᠢᠨ | ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠲᠣᠤᠷ ᠴᠢᠭ ᠤᠨ ᠴᠣᠩᠬᠤ᠂ ᠪᠥᠲᠥᠭᠡᠨ ᠪᠠᠶᠢᠭᠤᠯᠤᠯᠲᠠ ᠶᠢᠨ | ᠪᠠᠩᠬᠢ ᠶᠢᠨ ᠤᠶᠤᠨᠲᠤ ᠯᠠᠩᠭᠦᠶ ᠶᠢᠨ ᠮᠠᠰᠢᠨ ︵STM︶᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠢᠦᠶ | ᠨᠦᠩ ᠲᠦᠩ ᠵᠡᠷᠭᠡ ᠠᠷᠭ᠎ᠠ ᠮᠠᠶ᠋ᠢᠭ ᠢᠶᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ | ᠣᠷᠣᠯᠴᠠᠬᠤ ᠵᠠᠷᠤᠳᠠᠯ ᠢ ᠲᠤᠰᠢᠶᠠᠨ᠎ᠠ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ | ᠵᠠᠬᠢᠷᠭ᠎ᠠ ᠶᠢᠨ ᠬᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ | ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠨ ᠤ ᠪᠣᠳᠠᠲᠤ ᠠᠮᠵᠢᠯᠲᠠ ᠪᠦᠲᠦᠮᠵᠢ ᠶᠢ ᠬᠢᠨᠠᠨ | ᠰᠢᠯᠭᠠᠬᠤ ᠭᠦᠢᠴᠡᠳᠬᠡᠯ ᠲᠤᠭ᠎ᠠ ᠪᠣᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠪᠣᠯ ᠣᠳᠣᠬᠠᠨ ᠤ ᠬᠠᠮᠤᠭ ᠤᠨ ᠰᠠᠭᠤᠷᠢ ᠪᠣᠯᠬᠤ᠂ ᠬᠠᠮᠤᠷᠬᠤ ᠬᠡᠪᠴᠢᠶ᠎ᠡ ᠪᠠᠷ ᠬᠠᠮᠤᠭ ᠤᠨ | ᠥᠷᠭᠡᠨ ᠨᠢᠭᠡ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠮᠥᠨ᠂ ᠣᠯᠠᠨ ᠲᠦᠮᠡᠨ ᠠᠩᠬᠠᠷᠴᠤ᠂ ᠨᠡᠶᠢᠭᠡᠮ | ᠨᠡᠶᠢᠲᠡ ᠪᠠᠷ ᠢᠶᠠᠨ ᠠᠩᠬᠠᠷᠴᠤ ᠪᠠᠶᠢᠭ᠎ᠠ ᠴᠢᠬᠤᠯᠠ ᠶᠡᠭᠡ ᠠᠴᠢ ᠬᠤᠯᠪᠣᠭᠳᠠᠯ ᠲᠠᠢ ᠠᠷᠠᠳ ᠤᠨ ᠠᠮᠢᠳᠤᠷᠠᠯ ᠤᠨ | ᠢᠨᠵᠧᠨᠧᠷᠢᠩ ᠮᠥᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠭᠡᠳᠡᠭ ᠢ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠭᠦᠢᠴᠡᠳ ᠲᠠᠨᠢᠬᠤ ᠬᠡᠷᠡᠭᠲᠡᠶ᠃ ᠠᠵᠢᠯ ᠤᠨ | ᠡᠭᠦᠷᠭᠡ ᠬᠠᠷᠢᠭᠤᠴᠠᠯᠭ᠎ᠠ ᠪᠠ ᠪᠣᠳᠠᠲᠠᠶ ᠡᠭᠦᠷᠭᠡ ᠶᠢ ᠲᠣᠳᠣᠷᠬᠠᠶ ᠪᠣᠯᠭᠠᠵᠤ᠂ ᠠᠵᠢᠯ ᠤᠨ ᠲᠣᠭᠲᠠᠴᠠ ᠶᠢ | ᠪᠦᠷᠢᠨᠰᠢᠬᠦᠯᠦᠨ᠂ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠪᠥᠬᠦ ᠬᠤᠲᠠ ᠶᠢᠨ | ᠣᠨ ᠤ ᠬᠠᠷᠠᠯᠲᠠ ᠡᠭᠦᠷᠭᠡ ᠶᠢᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠨᠣᠮᠧᠷ︶ | ᠶᠢ ᠳᠡᠯᠭᠡᠷᠡᠭᠦᠯᠦᠨ ᠬᠡᠷᠡᠭᠯᠡᠬᠦ ᠪᠣᠯ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ︽ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠭᠦᠨᠵᠡᠭᠡᠶ ᠲᠤᠤᠱᠯᠠᠭᠤᠯᠬᠤ ᠶᠢᠨ ᠪᠣᠳᠠᠲᠠᠶ ᠢᠯᠡᠷᠡᠯ ᠮᠥᠨ᠂ | ᠪᠠᠰᠠ ᠴᠤ ᠴᠢᠬᠤᠯᠠ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠳᠤ ᠵᠣᠬᠢᠴᠠᠭᠤᠯᠬᠤ ᠶᠢᠨ ᠲᠤᠯᠭᠠᠮ᠎ᠠ ᠱᠠᠭᠠᠷᠳᠠᠯᠭ᠎ᠠ ᠮᠥᠨ᠃ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ 765 ᠳ᠋ᠤᠭᠠᠷ ᠵᠠᠷᠯᠢᠭ ᠢᠶᠠᠷ ᠨᠡᠶᠢᠲᠡᠯᠡᠭᠰᠡᠨ ︽ | ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠬᠡᠬᠦ ᠲᠦᠷᠢᠮ︾ ᠳᠤ ︽ᠡᠮ ᠡᠮᠨᠡᠯᠭᠡ ᠶᠢᠨ ᠳᠠᠭᠠᠳᠬᠠᠯ ᠤᠨ | ᠡᠯᠧᠺᠲᠷᠣᠨ ᠭᠡᠷᠡᠴᠢ ᠪᠠᠷᠢᠮᠲᠠ ᠪᠣᠯ ᠬᠤᠪᠢ ᠬᠥᠮᠦᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ | ᠳᠠᠭᠠᠳᠬᠠᠯ ᠵᠡᠷᠭᠡ ᠨᠡᠶᠢᠭᠡᠮ ᠤᠨ ᠳᠠᠭᠠᠳᠬᠠᠯ ᠳᠤ ᠣᠷᠣᠯᠴᠠᠬᠤ ᠪᠠ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ | ᠦᠷᠡᠵᠢᠯ ᠤᠨ ᠳᠠᠭᠠᠳᠬᠠᠯ ᠵᠡᠷᠭᠡ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠭᠥᠷᠳᠡᠬᠦ ᠭᠡᠷᠡᠴᠢ ᠪᠠᠷᠢᠮᠲᠠ ᠮᠥᠨ︾ | ᠭᠡᠵᠦ ᠲᠣᠳᠣᠷᠬᠠᠶ ᠲᠣᠭᠲᠠᠭᠠᠵᠠᠶ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ | ᠵᠡᠷᠭᠡ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠪᠦᠬᠦᠨ ᠲᠣᠭᠲᠠᠭᠠᠯ ᠶᠣᠰᠣᠭᠠᠷ ᠡᠮ | ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ | ᠠᠮᠢᠯᠠᠭᠤᠯᠬᠤ ᠬᠡᠷᠡᠭᠲᠡᠶ᠃ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠨᠢ ᠡᠮᠴᠢᠯᠡᠭᠡᠨ ᠤ | ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢᠨ ᠠᠮᠢᠯᠠᠭᠤᠯᠤᠭᠰᠠᠨ | ᠨᠣᠷᠮ᠎ᠠ ᠶᠢ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 90% ᠠᠴᠠ ᠳᠡᠭᠡᠭᠰᠢ ᠳᠤ | ᠬᠦᠷᠦᠭᠦᠯᠬᠦ ᠪᠠᠷ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠨ ᠤ ᠪᠣᠳᠠᠲᠤ | ᠠᠮᠵᠢᠯᠲᠠ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠪᠣᠯᠭᠠᠨ᠎ᠠ᠃ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ | ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢ | ᠳᠡᠯᠭᠡᠷᠡᠭᠦᠯᠦᠨ ᠬᠡᠷᠡᠭᠯᠡᠬᠦ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠥᠬᠦ ᠲᠠᠯ᠎ᠠ ᠪᠠᠷ ᠲᠦᠭᠡᠮᠡᠯᠵᠢᠭᠦᠯᠦᠨ | ᠳᠡᠯᠭᠡᠷᠡᠭᠦᠯᠵᠦ᠂ ᠠᠮᠢᠯᠠᠭᠤᠯᠬᠤ ᠨᠣᠷᠮ᠎ᠠ ᠶᠢ ᠲᠦᠷᠭᠡᠳᠬᠡᠨ ᠳᠡᠭᠡᠭᠰᠢᠯᠡᠭᠦᠯᠵᠦ᠂ ᠠᠮᠢᠯᠠᠭᠤᠯᠬᠤ ᠬᠠᠷᠠᠯᠲᠠ ᠶᠢᠨ | ᠡᠭᠦᠷᠭᠡ ᠶᠢ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ 2023 ᠣᠨ ᠤ 7 | ᠰᠠᠷ᠎ᠠ ᠶᠢᠨ 30 ᠤ ᠡᠳᠦᠷ ᠪᠣᠯᠲᠠᠯ᠎ᠠ᠂ ᠮᠠᠨ ᠤ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠬᠥᠮᠦᠨ ᠤ ᠲᠤᠭ᠎ᠠ 131862 ᠪᠠᠶᠢᠵᠤ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ | ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢᠨ ᠠᠮᠢᠯᠠᠭᠤᠯᠤᠭᠰᠠᠨ ᠲᠤᠭ᠎ᠠ 65282 ᠪᠠᠶᠢᠵᠤ | ᠂ ᠠᠮᠢᠯᠠᠭᠤᠯᠤᠭᠰᠠᠨ ᠨᠣᠷᠮ᠎ᠠ 49.51% ᠪᠠᠶᠢᠵᠤ᠂ ᠪᠥᠬᠦ ᠠᠶᠢᠮᠠᠭ ᠤᠨ ᠳᠥᠷᠪᠡᠳᠦᠭᠡᠷ ᠲᠤ ᠵᠢᠭᠰᠠᠭᠠᠭᠳᠠᠵᠤ᠂ | ᠡᠯᠧᠺᠲᠷᠣᠨ ᠡᠮ ᠡᠮᠨᠡᠯᠭᠡ ᠶᠢᠨ ᠳᠠᠭᠠᠳᠬᠠᠯ ᠤᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ | ᠶᠢᠨ ᠳ᠋ᠦᠩᠨᠡᠨ ᠪᠤᠳᠤᠯᠲᠠ 41590 ᠬᠤᠪᠢ ᠪᠠᠶᠢᠵᠤ᠂ ᠳ᠋ᠦᠩᠨᠡᠨ ᠪᠤᠳᠤᠭᠰᠠᠨ ᠨᠣᠷᠮ᠎ᠠ 43.31% ᠪᠠᠶᠢᠵᠤ᠂ | ᠪᠥᠬᠦ ᠠᠶᠢᠮᠠᠭ ᠤᠨ ᠬᠤᠶᠠᠳᠤᠭᠠᠷ ᠲᠤ ᠵᠢᠭᠰᠠᠭᠠᠭᠳᠠᠵᠤ᠂ ᠪᠥᠬᠦ ᠠᠶᠢᠮᠠᠭ ᠤᠨ ᠬᠢᠨᠠᠨ ᠰᠢᠯᠭᠠᠬᠤ ᠱᠠᠭᠠᠷᠳᠠᠯᠭ᠎ᠠ ᠶᠢᠨ ︽ | 2023 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠠᠮᠢᠯᠠᠭᠤᠯᠤᠭᠰᠠᠨ ᠨᠣᠷᠮ᠎ᠠ 90% ᠠᠴᠠ ᠲᠡᠭᠡᠭᠡᠰᠢ | ᠪᠠᠶᠢᠬᠤ︾ ᠠᠴᠠ ᠨᠡᠯᠢᠶᠡᠳ ᠵᠦᠷᠢᠶ᠎ᠡ ᠲᠠᠢ ᠪᠠᠶᠢᠨ᠎ᠠ᠃ | ︵ᠬᠤᠶᠠᠷ︶ ᠬᠠᠷᠠᠯᠲᠠ ᠶᠢᠨ ᠡᠭᠦᠷᠭᠡ ᠶᠢ ᠲᠣᠳᠣᠷᠬᠠᠶᠢᠯᠠᠨ᠎ᠠ᠃ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ︽ | ᠰᠢᠯᠢ ᠶᠢᠨ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠳᠠᠭᠠᠳᠬᠠᠯ ᠳᠤ ᠣᠷᠣᠯᠴᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢᠨ | ᠬᠡᠷᠡᠭᠵᠢᠭᠦᠯᠬᠦ ᠲᠥᠰᠦᠯ︾ ︵ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠠᠯᠪᠠᠨ ᠭᠡᠷ ᠤᠨ ᠲᠠᠷᠬᠠᠭᠠᠭᠰᠠᠨ | ︹ 2021 ︺ 27 ᠳ᠋ᠤᠭᠠᠷ ᠲᠣᠭᠠᠲᠤ︶ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠦᠨᠳᠦᠰᠦᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠪᠠ ᠡᠮᠴᠢᠯᠡᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ | ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠬᠡᠷᠡᠭᠲᠡᠶ᠃ | ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠨᠢ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢ ᠭᠠᠷᠲᠠᠨ ᠭᠦᠢᠴᠡᠳᠬᠡᠬᠦ ᠶᠢᠨ | ᠬᠡᠷᠡᠭᠵᠢᠭᠦᠯᠬᠦ ᠨᠠᠷᠢᠨ ᠲᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠠᠯᠪᠠᠨ ᠭᠡᠷ ᠤᠨ ᠲᠠᠷᠬᠠᠭᠠᠭᠰᠠᠨ ︹ | 2022 ︺ 16 ᠳ᠋ᠤᠭᠠᠷ ᠲᠣᠭᠠᠲᠤ︶ ᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠰ ᠭᠠᠵᠠᠷ ᠣᠷᠣᠨ ᠤ ᠭᠠᠶᠢᠯᠢ ᠶᠢᠨ | ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠰᠤᠷᠭᠠᠨ ᠬᠥᠮᠦᠵᠢᠯ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠶᠢ | ᠬᠠᠮᠲᠤᠪᠠᠷ ᠭᠥᠷᠳᠡᠵᠦ ᠰᠣᠯᠢᠯᠴᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯᠲᠠᠨ ᠤ ᠮᠡᠳᠡᠭᠡ | ᠵᠠᠩᠭᠢ ᠶᠢᠨ ᠬᠠᠷᠢᠴᠠᠭᠤᠯᠤᠯ ᠢ ᠴᠢᠩᠭᠠᠳᠬᠠᠨ᠂ ᠪᠠᠲᠤᠯᠠᠭ᠎ᠠ ᠪᠠᠨ ᠲᠠᠰᠤᠯᠤᠭᠰᠠᠨ᠂ ᠪᠠᠲᠤᠯᠠᠭ᠎ᠠ ᠪᠠᠨ ᠵᠣᠭᠰᠣᠭᠠᠭᠰᠠᠨ | ᠬᠥᠮᠦᠰ ᠵᠡᠷᠭᠡ ᠪᠠᠶᠢᠳᠠᠯ ᠢ ᠬᠢᠨᠠᠨ ᠬᠠᠷᠭᠤᠭᠤᠯᠵᠤ᠂ ᠨᠠᠷᠢᠯᠢᠭ ᠣᠨᠣᠴᠠᠲᠠᠶ ᠪᠠᠷ ᠲᠣᠭᠲᠠᠭᠠᠵᠤ᠂ ᠳᠠᠭᠠᠳᠬᠠᠯ ᠳᠤ | ᠣᠷᠤᠭ᠎ᠠ ᠥᠬᠡᠶ ᠬᠥᠮᠦᠰ ᠢ ᠬᠥᠳᠡᠯᠦᠩᠭᠦᠶ ᠪᠠᠷ ᠰᠢᠨᠡᠳᠬᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ | ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ ᠳᠠᠶᠢᠴᠢᠯᠠᠯᠲᠠ ᠶᠢᠨ ᠠᠵᠢᠯ ᠢ ᠰᠠᠶᠢᠲᠤᠷ ᠬᠢᠬᠦ ᠶᠢ ᠴᠠᠭ | ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ ︽ᠰᠢᠯᠢ ᠶᠢᠨ ᠭᠤᠤᠯ ᠠᠶᠢᠮᠠᠭ ᠤᠨ ᠡᠮ ᠡᠮᠨᠡᠯᠭᠡ ᠶᠢᠨ | ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠲᠣᠪᠴᠢᠶ᠎ᠠ ᠠᠷᠠᠳ ᠤᠨ ᠶᠠᠪᠤᠳᠠᠯ ᠤᠨ ᠲᠣᠪᠴᠢᠶ᠎ᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ | ᠲᠣᠪᠴᠢᠶ᠎ᠠ ᠰᠢᠯᠢ ᠶᠢᠨ ᠭᠤᠤᠯ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠰᠢᠯᠢ ᠶᠢᠨ ᠭᠤᠤᠯ | ᠠᠶᠢᠮᠠᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠬᠦᠴᠢᠷᠳᠡᠯᠲᠡᠶ ᠬᠥᠮᠦᠰ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠴᠤᠪᠤᠷᠠᠯ ᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ︾ ︵ᠰᠢᠯᠢ ᠶᠢᠨ ᠭᠤᠤᠯ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ | ᠠᠯᠪᠠᠨ ᠭᠡᠷ ᠤᠨ ᠲᠠᠷᠬᠠᠭᠠᠭᠰᠠᠨ ︹ 2022 ︺ 50 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠲᠥᠷᠥᠯ ᠬᠤᠪᠢᠶᠠᠨ ᠵᠣᠭᠤᠰ ᠢᠶᠠᠷ ᠲᠤᠰᠠᠯᠠᠵᠤ ᠳᠠᠭᠠᠳᠬᠠᠯ ᠳᠤ ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ | ᠡᠯ᠎ᠡ ᠰᠤᠮᠤ ᠪᠠᠯᠭᠠᠰᠤ ᠶᠢᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠭᠠᠴᠠᠭ᠎ᠠ᠂ ᠨᠡᠶᠢᠭᠡᠮ | ᠲᠣᠭᠤᠷᠢᠭ ᠢᠶᠠᠷ ᠨᠢᠭᠡᠴᠢ ᠪᠣᠯᠭᠠᠨ᠂ ᠬᠠᠷᠢᠶᠠᠲᠤ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠪᠠᠷ ᠰᠠᠭᠤᠷᠢ ᠲᠤᠭ᠎ᠠ | ᠪᠣᠯᠭᠠᠵᠤ᠂ ᠬᠠᠷᠢᠶᠠᠲᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ ᠪᠠ ᠭᠠᠳᠠᠷ ᠣᠷᠣᠨ ᠤ ᠡᠷᠦᠬᠡ | ᠠᠮᠠ ᠶᠢᠨ ᠬᠠᠷᠢᠶ᠎ᠠ ᠲᠠᠢ ᠣᠷᠳᠣ ᠬᠤᠭᠤᠴᠠᠭ᠎ᠠ ᠪᠠᠷ ᠰᠠᠭᠤᠭ᠎ᠠ ᠬᠥᠮᠦᠰ ᠢ ᠢᠯᠭᠠᠵᠤ᠂ ᠳᠠᠭᠠᠳᠬᠠᠯ ᠳᠤ | ᠣᠷᠣᠯᠴᠠᠭᠰᠠᠨ ᠪᠠᠶᠢᠳᠠᠯ ᠢ ᠬᠥᠳᠡᠯᠦᠩᠭᠦᠶ ᠪᠠᠷ ᠡᠵᠡᠮᠰᠢᠨ᠂ ᠳᠠᠭᠠᠳᠬᠠᠯ ᠳᠤ ᠣᠷᠣᠯᠴᠠᠭᠰᠠᠨ ᠡᠬᠡ ᠲᠠᠩᠰᠠ ︵ | ᠳᠠᠭᠠᠯᠳᠤᠭᠤᠯᠤᠯ 1︶ ᠶᠢ ᠪᠠᠶᠢᠭᠤᠯᠵᠤ᠂ ᠲᠥᠷᠥᠯ ᠬᠤᠪᠢᠶᠠᠨ ᠲᠠᠩᠰᠠ ᠡᠪᠬᠡᠮᠡᠯ ᠪᠠᠶᠢᠭᠤᠯᠤᠨ ᠳᠡᠩᠰᠡᠯᠡᠵᠦ᠂ | ᠳᠠᠭᠠᠳᠬᠠᠯ ᠳᠤ ᠣᠷᠣᠯᠴᠠᠭᠰᠠᠨ ᠲᠤᠭ᠎ᠠ ᠪᠠᠷᠢᠮᠲᠠ ᠶᠢᠨ ᠬᠥᠮᠥᠷᠭᠡ ᠶᠢ ᠪᠦᠷᠢᠯᠳᠦᠭᠦᠯᠬᠦ ᠬᠡᠷᠡᠭᠲᠡᠶ᠃ ᠳᠠᠭᠠᠳᠬᠠᠯ ᠳᠤ | ᠣᠷᠣᠯᠴᠠᠬᠤ ᠶᠣᠰᠣᠲᠠᠶ ᠬᠥᠮᠦᠰ᠂ ᠨᠢᠭᠡᠨᠲᠡ ᠳᠠᠭᠠᠳᠬᠠᠯ ᠳᠤ ᠣᠷᠣᠯᠴᠠᠭᠰᠠᠨ ᠬᠥᠮᠦᠰ᠂ ᠳᠠᠭᠠᠳᠬᠠᠯ ᠳᠤ | ᠣᠷᠣᠯᠴᠠᠭᠰᠠᠨ ᠥᠬᠡᠶ ᠬᠥᠮᠦᠰ ᠵᠡᠷᠭᠡ ᠰᠠᠭᠤᠷᠢ ᠮᠡᠳᠡᠭᠡ ᠵᠠᠩᠭᠢ ᠶᠢ ᠬᠠᠷᠭᠤᠭᠤᠯᠤᠨ ᠵᠥᠪᠰᠢᠶᠡᠷᠡᠵᠦ᠂ | ᠬᠤᠷᠢᠶᠠᠩᠭᠤᠶᠢᠯᠠᠨ ᠪᠦᠷᠢᠳᠬᠡᠭᠰᠡᠨ ᠳᠠᠭᠠᠳᠬᠠᠯ ᠳᠤ ᠣᠷᠣᠯᠴᠠᠭᠰᠠᠨ ᠲᠤᠭ᠎ᠠ ᠪᠠᠷᠢᠮᠲᠠ ᠶᠢᠨ ᠯᠣᠭᠢᠭ ᠤᠨ | ᠬᠠᠷᠢᠴᠠᠭ᠎ᠠ ᠶᠢᠨ ᠵᠦᠶ ᠵᠣᠬᠢᠰᠲᠠᠶ ᠪᠠᠶᠢᠬᠤ ᠶᠢ ᠦᠨᠡᠨᠬᠦ ᠪᠠᠲᠤᠯᠠᠵᠤ᠂ ᠨᠡᠷᠡᠰ ᠢ ᠲᠣᠭᠲᠠᠮᠠᠯ ᠬᠤᠭᠤᠴᠠᠭ᠎ᠠ ᠲᠠᠢ ᠪᠠᠷ | ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠬᠠᠩᠭᠠᠬᠤ ᠬᠡᠷᠡᠭᠲᠡᠶ᠃ ᠮᠠᠯᠴᠢᠨ ᠲᠠᠷᠢᠶᠠᠴᠢᠨ᠂ ᠬᠤᠲᠠ | ᠪᠠᠯᠭᠠᠰᠤ ᠶᠢᠨ ᠰᠠᠭᠤᠭᠠᠯᠢ ᠠᠷᠠᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠬᠠᠤᠯᠢ ᠶᠣᠰᠣᠭᠠᠷ ᠳᠠᠭᠠᠳᠬᠠᠯ ᠳᠤ | ᠣᠷᠣᠯᠴᠠᠭᠤᠯᠵᠤ᠂ ︽2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠡᠯ᠎ᠡ ᠬᠠᠷᠢᠶ᠎ᠠ | ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠠᠭᠠᠳᠬᠠᠯ ᠳᠤ | ᠣᠷᠣᠯᠴᠠᠬᠤ ᠨᠣᠷᠮ᠎ᠠ ᠶᠢ 95% ᠣᠷᠴᠢᠮ ᠳᠤ ᠬᠦᠷᠦᠭᠦᠯᠬᠦ︾ ᠱᠠᠲᠤ ᠦᠶ᠎ᠡ ᠶᠢᠨ ᠴᠢᠨᠠᠷᠲᠠᠶ ᠬᠠᠷᠠᠯᠲᠠ ᠶᠢ | ᠴᠢᠷᠮᠠᠶᠢᠨ ᠪᠡᠶᠡᠯᠡᠭᠦᠯᠵᠦ᠂ ︽2024 ᠣᠨ ᠤ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠡᠯ᠎ᠡ | ᠬᠠᠷᠢᠶ᠎ᠠ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ | ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠬᠦ︾ ᠶᠡᠷᠦᠩᠬᠡᠶ ᠬᠠᠷᠠᠯᠲᠠ ᠶᠢ | ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ | ᠥᠷᠲᠡᠭᠡ ︵ᠴᠢᠭ︶ ᠶᠢᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠲᠠᠢ ᠵᠣᠯᠭᠠᠭᠤᠯᠬᠤ | ᠂ ᠰᠦᠯᠵᠢᠶᠡᠨ ᠤ ᠲᠠᠰᠤᠯᠤᠭᠴᠢ ᠲᠠᠢ ᠬᠤᠯᠪᠣᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠠᠷᠢᠶᠠᠲᠤ ᠣᠷᠣᠨ ᠤ | ᠰᠠᠭᠤᠭᠠᠯᠢ ᠠᠷᠠᠳ ᠢ ᠰᠢᠮᠳᠠᠭᠤᠯᠵᠤ ᠪᠠᠶᠢᠭᠠᠳ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ | ᠡᠮᠴᠢᠯᠡᠭᠡᠨ ᠤ ᠳᠠᠭᠠᠳᠬᠠᠯ ᠤᠨ ᠺᠣᠳ᠋︶ ᠶᠢ ᠠᠮᠢᠯᠠᠭᠤᠯᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ | ᠠᠵᠢᠯ ᠯᠤᠭ᠎ᠠ ᠨᠢᠭᠡᠳᠦᠯᠲᠡᠶ ᠲᠥᠯᠥᠪᠯᠡᠨ ᠠᠬᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠰᠦᠢᠳᠬᠡᠯ | ᠲᠤᠰᠢᠶᠠᠬᠤ ᠳᠠᠭᠠᠨ ᠬᠠᠮᠲᠤ ᠳᠤᠨᠢ ᠠᠮᠢᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠰᠤᠷᠭᠠᠨ ᠬᠥᠮᠦᠵᠢᠯ ᠤᠨ ᠲᠣᠪᠴᠢᠶ᠎ᠠ ᠠᠴᠠ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠬᠥᠲᠥᠯᠦᠨ ᠵᠢᠯᠣᠭᠤᠳᠴᠤ | ᠪᠠᠶᠢᠭᠠᠳ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ᠂ ᠣᠷᠣᠯᠴᠠᠬᠤ ᠶᠣᠰᠣᠲᠠᠶ ᠶᠢ ᠨᠢ ᠴᠥᠮ | ᠣᠷᠣᠯᠴᠠᠭᠤᠯᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠨᠢ ᠴᠢᠩᠭᠠᠳᠬᠠᠵᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠠᠵᠢᠯ ᠢ ᠰᠢᠨ᠎ᠡ ᠰᠣᠷᠣᠭᠴᠢ ᠶᠢᠨ | ᠰᠤᠷᠭᠠᠭᠤᠯᠢ ᠳᠤ ᠣᠷᠣᠬᠤ᠂ ᠠᠬᠠᠮᠠᠳ ᠰᠣᠷᠣᠭᠴᠢ ᠶᠢᠨ ᠰᠦᠢᠳᠬᠡᠯ ᠲᠤᠰᠢᠶᠠᠬᠤ ᠠᠵᠢᠯ ᠲᠠᠢ ᠬᠠᠮᠲᠤ ᠳᠤᠨᠢ | ᠪᠠᠶᠢᠷᠢᠯᠠᠭᠤᠯᠵᠤ ᠬᠠᠮᠲᠤ ᠳᠤᠨᠢ ᠨᠠᠶᠢᠳᠠᠪᠤᠷᠢᠵᠢᠭᠤᠯᠵᠤ᠂ ᠲᠤᠰᠬᠠᠶ ᠬᠥᠮᠦᠨ ᠵᠢᠭᠠᠨ ᠲᠣᠭᠲᠠᠭᠠᠵᠤ ᠡᠮᠴᠢᠯᠡᠭᠡᠨ ᠤ | ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠲᠠᠢ | ᠵᠣᠯᠭᠠᠭᠤᠯᠵᠤ᠂ ᠰᠣᠷᠣᠭᠴᠢ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠨᠠᠷᠢᠯᠢᠭ | ᠨᠠᠶᠢᠳᠠᠪᠤᠷᠢᠵᠢᠭᠤᠯᠬᠤ ᠬᠡᠷᠡᠭᠲᠡᠶ᠃ ᠰᠢᠯᠢ ᠶᠢᠨ ᠬᠤᠲᠠ ᠭᠠᠵᠠᠷ ᠣᠷᠣᠨ ᠤ ᠪᠣᠶ ᠪᠥᠬᠦᠶ ᠬᠡᠤᠬᠡᠳ ᠤᠨ ᠴᠡᠴᠡᠷᠯᠢᠭ᠂ | ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | ︵ᠥᠨᠳᠥᠷ ᠵᠡᠷᠭᠡ︶ ᠵᠡᠷᠭᠡ ᠳᠡᠭᠡᠳᠦ ᠰᠤᠷᠭᠠᠭᠤᠯᠢ ᠵᠢᠴᠢ ᠡᠯ᠎ᠡ ᠲᠥᠷᠥᠯ ᠤᠨ ᠠᠷᠠᠳ ᠠᠴᠠ ᠡᠷᠭᠢᠯᠡᠭᠰᠡᠨ ᠰᠤᠷᠭᠠᠨ | ᠬᠥᠮᠦᠵᠢᠯ ᠤᠨ ᠪᠠᠶᠢᠭᠤᠯᠤᠮᠵᠢ ᠶᠢᠨ ᠬᠡᠤᠬᠡᠳ ᠪᠠ ᠰᠣᠷᠣᠭᠴᠢ ᠵᠡᠷᠭᠡ ᠬᠠᠤᠯᠢ ᠪᠠᠷ ᠲᠣᠭᠲᠠᠭᠠᠭᠰᠠᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠡᠲᠡᠭᠡᠳ ᠤᠨ | ᠬᠠᠷᠢᠶ᠎ᠠ ᠭᠠᠵᠠᠷ ᠲᠤᠨᠢ ᠳᠠᠭᠠᠳᠬᠠᠯ ᠳᠤ ᠣᠷᠣᠯᠴᠠᠬᠤ ᠠᠵᠢᠯ ᠢ ᠲᠦᠷᠦᠭᠦᠯᠡᠨ ᠰᠠᠶᠢᠲᠤᠷ ᠠᠳᠬᠤᠨ᠎ᠠ᠃ | ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠠᠩᠭᠢ ᠶᠢᠨ ᠡᠷᠬᠢᠯᠡᠭᠴᠢ ᠶᠢᠨ ᠦᠢᠯᠡᠳᠦᠯ ᠢ | ᠰᠠᠶᠢᠲᠤᠷ ᠪᠠᠳᠠᠷᠠᠭᠤᠯᠵᠤ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ | ᠶᠣᠰᠣᠭᠠᠷ ᠳᠠᠭᠠᠳᠬᠠᠯ ᠳᠤ ᠣᠷᠣᠯᠴᠠᠬᠤ᠂ ᠣᠷᠣᠯᠴᠠᠬᠤ ᠶᠣᠰᠣᠲᠠᠶ ᠶᠢ ᠨᠢ ᠴᠥᠮ ᠣᠷᠣᠯᠴᠠᠭᠤᠯᠬᠤ | ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠨᠢ ᠴᠢᠩᠭᠠᠷᠠᠭᠤᠯᠵᠤ᠂ ᠰᠤᠷᠤᠯᠭ᠎ᠠ ᠡᠬᠢᠯᠡᠬᠦ ᠤᠯᠠᠷᠢᠯ ᠳᠤ ᠠᠩᠭᠢ ᠪᠠᠷ | ᠨᠢᠭᠡᠴᠢ ᠪᠣᠯᠭᠠᠨ ᠰᠣᠷᠣᠭᠴᠢ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠰᠠᠶᠢᠲᠤᠷ ᠬᠢᠵᠦ᠂ | ︽ᠰᠤᠷᠭᠠᠭᠤᠯᠢ ᠳᠤ ᠣᠷᠣᠪᠠᠯ ᠳᠠᠷᠤᠶ ᠳᠠᠭᠠᠳᠬᠠᠯ ᠳᠤ ᠣᠷᠣᠯᠴᠠᠬᠤ︾ ᠶᠢ ᠴᠢᠷᠮᠠᠶᠢᠨ ᠪᠡᠶᠡᠯᠡᠭᠦᠯᠵᠦ᠂ | ᠰᠤᠷᠤᠭᠴᠢᠳ ᠢ ᠵᠣᠬᠢᠶᠠᠨ ᠪᠠᠶᠢᠭᠤᠯᠵᠤ ᠬᠤᠳᠠᠯᠳᠤᠭᠠᠨ ᠤ ᠳᠠᠭᠠᠳᠬᠠᠯ ᠳᠤ ᠣᠷᠣᠯᠴᠠᠭᠤᠯᠬᠤ ᠦᠢᠯᠡ ᠠᠵᠢᠯᠯᠠᠭ᠎ᠠ | ᠭᠠᠷᠬᠤ ᠶᠢ ᠲᠠᠰᠤ ᠵᠣᠭᠰᠣᠭᠠᠬᠤ ᠬᠡᠷᠡᠭᠲᠡᠶ᠃ ᠡᠯ᠎ᠡ ᠲᠥᠷᠥᠯ ᠤᠨ ᠰᠤᠷᠭᠠᠭᠤᠯᠢ᠂ ᠠᠷᠠᠳ ᠠᠴᠠ ᠡᠷᠭᠢᠯᠡᠭᠰᠡᠨ | ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠳᠠᠭᠠᠳᠬᠠᠯ ᠳᠤ ᠣᠷᠣᠯᠴᠠᠭᠰᠠᠨ | ᠰᠣᠷᠣᠭᠴᠢ ᠶᠢᠨ ᠳ᠋ᠠᠶᠢᠲ᠋ᠠ ᠬᠥᠮᠥᠷᠭᠡ ᠪᠠᠶᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠨᠡᠷᠡᠰ ᠢ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠲᠤ ᠬᠠᠩᠭᠠᠨ᠎ᠠ᠃ ︽2023 ᠣᠨ ᠤ 10 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠬᠤᠲᠠ ᠶᠢᠨ ᠬᠠᠷᠢᠶᠠᠲᠤ ᠰᠤᠷᠭᠠᠭᠤᠯᠢ ︵ᠴᠡᠴᠡᠷᠯᠢᠭ︶ ᠳᠤ ᠪᠠᠶᠢᠭ᠎ᠠ ᠰᠣᠷᠣᠭᠴᠢ ᠶᠢ | 100% ᠪᠠᠷ ᠳᠠᠭᠠᠳᠬᠠᠯ ᠳᠤ ᠣᠷᠣᠯᠴᠠᠭᠤᠯᠬᠤ︾ ᠱᠠᠲᠤ ᠦᠶ᠎ᠡ ᠶᠢᠨ ᠴᠢᠨᠠᠷᠲᠠᠶ ᠬᠠᠷᠠᠯᠲᠠ ᠶᠢ ᠴᠢᠷᠮᠠᠶᠢᠨ | ᠪᠡᠶᠡᠯᠡᠭᠦᠯᠵᠦ᠂ ︽2023 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠰᠢᠯᠢ ᠶᠢᠨ ᠬᠤᠲᠠ ᠶᠢᠨ | ᠭᠠᠵᠠᠷ ᠣᠷᠣᠨ ᠤ ᠰᠤᠷᠭᠠᠭᠤᠯᠢ ︵ᠴᠡᠴᠡᠷᠯᠢᠭ︶ ᠳᠤ ᠪᠠᠶᠢᠭ᠎ᠠ ᠰᠣᠷᠣᠭᠴᠢ ᠶᠢ 100% ᠪᠠᠷ ᠳᠠᠭᠠᠳᠬᠠᠯ ᠳᠤ | ᠣᠷᠣᠯᠴᠠᠭᠤᠯᠬᠤ︾ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠬᠡᠷ ᠤᠨ ᠠᠬᠠᠮᠠᠳ ᠢ | ᠳᠠᠶᠢᠴᠢᠯᠠᠨ ︽ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP︾ ᠪᠤᠶᠤ | ︽ᠰᠢᠯᠢ ᠶᠢᠨ ᠭᠤᠤᠯ ᠤᠨ ᠡᠮ ᠡᠮᠨᠡᠯᠭᠡ ᠶᠢᠨ ᠳᠠᠭᠠᠳᠬᠠᠯ︾ ᠢᠶᠠᠷ ᠳᠠᠮᠵᠢᠭᠤᠯᠤᠨ ᠰᠣᠷᠣᠭᠴᠢ ᠶᠢᠨ ᠡᠮ ᠡᠮᠨᠡᠯᠭᠡ ᠶᠢᠨ | ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠬᠤᠯᠪᠣᠵᠤ᠂ | ᠰᠣᠷᠣᠭᠴᠢ ᠶᠢᠨ ᠠᠮᠢᠯᠠᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠨᠢ | ᠡᠯ᠎ᠡ ᠰᠤᠷᠭᠠᠭᠤᠯᠢ ᠶᠢᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ | ᠳᠠᠭᠠᠳᠬᠠᠯ ᠤᠨ ᠺᠣᠳ᠋︶ ᠶᠢᠨ ᠠᠮᠢᠯᠠᠭᠤᠯᠤᠭᠠᠳᠤᠶ ᠬᠥᠮᠦᠰ ᠤᠨ ᠡᠬᠡ ᠳᠡᠪᠲᠡᠷ ᠢ ᠰᠤᠷᠭᠠᠨ ᠬᠥᠮᠦᠵᠢᠯ ᠤᠨ | ᠲᠣᠪᠴᠢᠶ᠎ᠠ ᠳᠤ ᠨᠢᠭᠡᠳᠦᠯᠲᠡᠶ ᠶᠠᠪᠤᠭᠤᠯᠵᠤ᠂ ᠰᠤᠷᠭᠠᠨ ᠬᠥᠮᠦᠵᠢᠯ ᠤᠨ ᠲᠣᠪᠴᠢᠶ᠎ᠠ ᠨᠢ ᠡᠯ᠎ᠡ ᠰᠤᠷᠭᠠᠭᠤᠯᠢ ᠶᠢ | ᠰᠢᠮᠳᠠᠭᠤᠯᠵᠤ ᠪᠠᠶᠢᠭᠠᠳ ᠲᠤᠰᠬᠠᠶ ᠬᠥᠮᠦᠨ ᠢᠶᠠᠷ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ | ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠳᠡᠯᠭᠡᠷᠡᠭᠦᠯᠦᠨ ᠠᠮᠢᠯᠠᠭᠤᠯᠬᠤ ᠠᠵᠢᠯ ᠢ ᠬᠠᠷᠢᠭᠤᠴᠠᠭᠤᠯᠵᠤ᠂ | ᠠᠮᠢᠯᠠᠭᠤᠯᠬᠤ ᠡᠭᠦᠷᠭᠡ ᠶᠢ ᠴᠠᠭ ᠤᠨ ᠵᠠᠩᠭᠢᠯᠠᠭ᠎ᠠ ᠶᠢᠨ ᠴᠡᠭ ᠢᠶᠠᠷ ᠪᠦᠬᠦᠨ ᠢ ᠪᠡᠶᠡᠯᠡᠭᠦᠯᠦᠨ᠎ᠡ᠃ | ᠠᠷᠠᠳ ᠤᠨ ᠶᠠᠪᠤᠳᠠᠯ ᠤᠨ ᠲᠣᠪᠴᠢᠶ᠎ᠠ ᠨᠢ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠭᠥᠷᠳᠡᠬᠦ ᠡᠲᠡᠭᠡᠳ ᠵᠡᠷᠭᠡ ᠬᠦᠴᠢᠷᠳᠡᠯᠲᠡᠶ ᠬᠥᠮᠦᠰ ᠤᠨ ᠮᠡᠳᠡᠭᠡ ᠵᠠᠩᠭᠢ ᠶᠢ ᠲᠣᠭᠲᠠᠮᠠᠯ | ᠬᠤᠭᠤᠴᠠᠭ᠎ᠠ ᠲᠠᠢ ᠪᠠᠷ ᠬᠠᠩᠭᠠᠬᠤ ᠶᠢ ᠬᠠᠷᠢᠭᠤᠴᠠᠵᠤ᠂ ᠭᠠᠯ ᠢᠶᠠᠷ ᠬᠠᠶᠢᠯᠠᠭᠤᠯᠣᠭᠰᠠᠨ ᠬᠥᠮᠦᠰ ᠤᠨ ᠮᠡᠳᠡᠭᠡ | ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠬᠠᠩᠭᠠᠵᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠠᠢ | ᠬᠠᠮᠵᠢᠯᠴᠠᠨ ᠳᠠᠭᠠᠳᠬᠠᠯ ᠳᠤ ᠣᠷᠣᠯᠴᠠᠭᠰᠠᠨ ᠲᠤᠭ᠎ᠠ ᠪᠠᠷᠢᠮᠲᠠ ᠶᠢᠨ ᠬᠠᠷᠢᠴᠠᠭᠤᠯᠬᠤ ᠠᠵᠢᠯ ᠢ ᠬᠢᠨ᠎ᠡ᠃ ᠣᠷᠣᠯᠭ᠎ᠠ | ᠪᠠᠭᠠᠲᠠᠶ ᠬᠥᠮᠦᠨ ᠠᠮᠠ ᠶᠢ ᠲᠥᠷᠥᠯ ᠬᠤᠪᠢᠶᠠᠨ ᠲᠤᠰᠠᠯᠠᠨ ᠳᠠᠭᠠᠳᠬᠠᠯ ᠳᠤ ᠣᠷᠣᠯᠴᠠᠭᠤᠯᠬᠤ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽2023 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ | ᠡᠮᠦᠨ᠎ᠡ᠂ ᠣᠷᠣᠯᠭ᠎ᠠ ᠪᠠᠭᠠᠲᠠᠶ ᠬᠥᠮᠦᠨ ᠠᠮᠠ ᠶᠢ 100% ᠪᠠᠷ ᠳᠠᠭᠠᠳᠬᠠᠯ ᠳᠤ ᠣᠷᠣᠯᠴᠠᠭᠤᠯᠬᠤ︾ ᠶᠡᠷᠦᠩᠬᠡᠶ | ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠦᠷᠭᠦᠯᠵᠢᠯᠡᠨ ᠰᠢᠨ᠎ᠡ ᠪᠠᠷ ᠨᠡᠮᠡᠭᠳᠡᠭᠰᠡᠨ ᠣᠷᠣᠯᠭ᠎ᠠ ᠪᠠᠭᠠᠲᠠᠶ | ᠬᠥᠮᠦᠨ ᠠᠮᠠ ᠶᠢᠨ ᠬᠥᠳᠡᠯᠦᠩᠭᠦᠶ ᠪᠠᠶᠢᠳᠠᠯ ᠢ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠣᠷᠣᠭᠤᠯᠤᠨ᠎ᠠ᠃ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠬᠢᠨᠠᠨ ᠰᠢᠯᠭᠠᠬᠤ ᠡᠲᠡᠭᠡᠳ᠂ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠨᠡᠷᠡᠰ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠲᠣᠭᠲᠠᠭᠠᠬᠤ ᠪᠠ | ᠬᠠᠩᠭᠠᠬᠤ ᠶᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠯᠦᠭᠡ ᠳᠠᠭᠠᠳᠬᠠᠯ ᠳᠤ | ᠣᠷᠣᠯᠴᠠᠭᠰᠠᠨ ᠲᠤᠭ᠎ᠠ ᠪᠠᠷᠢᠮᠲᠠ ᠶᠢ ᠬᠠᠷᠢᠴᠠᠭᠤᠯᠬᠤ ᠠᠵᠢᠯ ᠢ ᠢᠳᠡᠪᠬᠢᠲᠡᠶ ᠪᠠᠷ ᠬᠢᠵᠦ᠂ ᠳᠠᠭᠠᠳᠬᠠᠯ ᠳᠤ | ᠣᠷᠣᠯᠴᠠᠭᠰᠠᠨ ᠡᠲᠡᠭᠡᠳ ᠤᠨ ᠪᠠᠶᠢᠳᠠᠯ ᠢ ᠬᠢᠨᠠᠨ ᠬᠠᠷᠭᠤᠭᠤᠯᠵᠤ᠂ ᠬᠠᠷᠢᠭᠤ ᠲᠤᠰᠬᠠᠬᠤ ᠶᠢᠨ ᠬᠠᠮᠲᠤ ᠡᠮᠴᠢᠯᠡᠭᠡᠨ ᠤ | ᠳᠠᠭᠠᠳᠬᠠᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠢ ᠬᠠᠮᠵᠢᠨ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠭᠠᠷᠳᠠᠮ ᠢ ᠰᠢᠮᠳᠠᠭᠤᠯᠤᠨ ᠭᠦᠢᠴᠡᠳᠬᠡᠵᠦ᠂ ᠬᠦᠴᠢᠷᠳᠡᠯᠲᠡᠶ ᠬᠥᠮᠦᠰ ᠤᠨ ᠪᠠᠲᠤᠯᠠᠬᠤ ᠶᠣᠰᠣᠲᠠᠶ ᠶᠢ ᠨᠢ | ᠪᠦᠬᠦᠨ ᠢ ᠪᠠᠲᠤᠯᠠᠨ᠎ᠠ᠃ ᠣᠷᠣᠯᠭ᠎ᠠ ᠪᠠᠭᠠᠲᠠᠶ ᠬᠥᠮᠦᠨ ᠠᠮᠠ ᠶᠢ ᠲᠥᠷᠥᠯ ᠬᠤᠪᠢᠶᠠᠨ ᠲᠤᠰᠠᠯᠠᠨ ᠳᠠᠭᠠᠳᠬᠠᠯ ᠳᠤ | ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽2023 ᠣᠨ ᠤ 11 ᠳ᠋ᠦᠭᠡᠷ | ᠰᠠᠷ᠎ᠠ ᠶᠢᠨ ᠰᠡᠭᠦᠯᠴᠢ ᠠᠴᠠ ᠡᠮᠦᠨ᠎ᠡ᠂ ᠣᠷᠣᠯᠭ᠎ᠠ ᠪᠠᠭᠠᠲᠠᠶ ᠬᠥᠮᠦᠨ ᠠᠮᠠ ᠶᠢ 100% ᠪᠠᠷ ᠳᠠᠭᠠᠳᠬᠠᠯ ᠳᠤ | ᠣᠷᠣᠯᠴᠠᠭᠤᠯᠬᠤ︾ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠦᠷᠭᠦᠯᠵᠢᠯᠡᠨ ᠰᠢᠨ᠎ᠡ ᠪᠠᠷ | ᠨᠡᠮᠡᠭᠳᠡᠭᠰᠡᠨ ᠣᠷᠣᠯᠭ᠎ᠠ ᠪᠠᠭᠠᠲᠠᠶ ᠬᠥᠮᠦᠨ ᠠᠮᠠ ᠶᠢᠨ ᠬᠥᠳᠡᠯᠦᠩᠭᠦᠶ ᠪᠠᠶᠢᠳᠠᠯ ᠢ ᠳᠠᠭᠠᠳᠬᠠᠯ ᠳᠤ ᠣᠷᠣᠯᠴᠠᠬᠤ | ᠬᠡᠪᠴᠢᠶᠡᠨ ᠳᠤ ᠣᠷᠣᠭᠤᠯᠤᠨ᠎ᠠ᠃ | ᠵᠡᠮᠳᠡᠭᠴᠦᠳ ᠤᠨ ᠬᠤᠯᠪᠣᠭ᠎ᠠ ᠨᠢ ᠵᠡᠮᠳᠡᠭᠴᠦᠳ ᠤᠨ ᠬᠤᠪᠢ ᠬᠥᠮᠦᠨ ᠤ ᠰᠠᠭᠤᠷᠢ ᠮᠡᠳᠡᠭᠡ ᠵᠠᠩᠭᠢ ᠶᠢ ᠬᠠᠩᠭᠠᠬᠤ ᠶᠢ | ᠬᠠᠷᠢᠭᠤᠴᠠᠬᠤ ᠶᠢᠨ ᠬᠠᠮᠲᠤ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠬᠢᠨᠠᠨ ᠬᠠᠷᠭᠤᠭᠤᠯᠵᠤ᠂ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠵᠦ᠂ | ᠳᠠᠭᠠᠳᠬᠠᠯ ᠳᠤ ᠣᠷᠣᠯᠴᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠬᠦᠨᠳᠦ ᠵᠡᠮᠳᠡᠭᠴᠦᠳ ᠢ | ᠤᠬᠠᠭᠤᠯᠬᠤ ᠪᠠ ᠬᠥᠲᠥᠯᠦᠨ ᠵᠢᠯᠣᠭᠤᠳᠴᠤ᠂ ᠬᠠᠤᠯᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠳᠠᠭᠠᠳᠬᠠᠯ ᠳᠤ | ᠣᠷᠣᠯᠴᠠᠭᠤᠯᠵᠤ᠂ ︽2023 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠦᠨᠳᠦ | ᠵᠡᠮᠳᠡᠭᠴᠦᠳ ᠢ 100% ᠪᠠᠷ ᠳᠠᠭᠠᠳᠬᠠᠯ ᠳᠤ ᠣᠷᠣᠯᠴᠠᠭᠤᠯᠬᠤ︾ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠶᠢ | ᠦᠨᠡᠨᠬᠦ ᠪᠠᠲᠤᠯᠠᠵᠤ᠂ ᠦᠷᠭᠦᠯᠵᠢᠯᠡᠨ ᠰᠢᠨ᠎ᠡ ᠪᠠᠷ ᠨᠡᠮᠡᠭᠳᠡᠬᠦ ᠬᠥᠮᠦᠰ ᠢ ᠳᠠᠭᠠᠳᠬᠠᠯ ᠳᠤ ᠣᠷᠣᠯᠴᠠᠬᠤ ᠬᠡᠪᠴᠢᠶᠡᠨ ᠳᠤ | ᠣᠷᠣᠭᠤᠯᠤᠨ᠎ᠠ᠃ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠨᠢ ᠴᠡᠷᠢᠭ ᠠᠴᠠ ᠬᠠᠯᠠᠭᠳᠠᠭᠰᠠᠳ ᠤᠨ ᠨᠡᠷᠡᠰ ᠢ | ᠲᠣᠭᠲᠠᠮᠠᠯ ᠬᠤᠭᠤᠴᠠᠭ᠎ᠠ ᠲᠠᠢ ᠪᠠᠷ ᠬᠠᠩᠭᠠᠬᠤ ᠶᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ | ᠮᠥᠴᠢᠷ ᠯᠦᠭᠡ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠂ ᠴᠡᠷᠢᠭ ᠠᠴᠠ ᠬᠠᠯᠠᠭᠳᠠᠭᠰᠠᠳ ᠤᠨ | ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠬᠢᠨᠠᠨ ᠬᠠᠷᠭᠤᠭᠤᠯᠵᠤ᠂ ᠳᠠᠭᠠᠳᠬᠠᠯ ᠳᠤ ᠣᠷᠣᠯᠴᠠᠭᠰᠠᠨ ᠥᠬᠡᠶ | ᠬᠥᠮᠦᠰ ᠢ ᠳᠠᠶᠢᠴᠢᠯᠠᠨ ᠴᠠᠭ ᠲᠤᠬᠠᠶ ᠳᠤᠨᠢ ᠳᠠᠭᠠᠳᠬᠠᠯ ᠳᠤ ᠣᠷᠣᠯᠴᠠᠭᠤᠯᠵᠤ᠂ ︽2024 ᠣᠨ ᠤ 3 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ᠂ ᠴᠡᠷᠢᠭ ᠠᠴᠠ ᠬᠠᠯᠠᠭᠳᠠᠭᠰᠠᠳ ᠢ 100% ᠪᠠᠷ ᠳᠠᠭᠠᠳᠬᠠᠯ ᠳᠤ | ᠣᠷᠣᠯᠴᠠᠭᠤᠯᠬᠤ︾ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠦᠷᠭᠦᠯᠵᠢᠯᠡᠨ ᠰᠢᠨ᠎ᠡ ᠪᠠᠷ | ᠨᠡᠮᠡᠭᠳᠡᠭᠰᠡᠨ ᠬᠥᠮᠦᠰ ᠢ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠣᠷᠣᠭᠤᠯᠤᠨ᠎ᠠ᠃ | ᠡᠳ᠋ ᠤᠨ ᠵᠠᠰᠠᠭ ᠤᠨ ᠲᠣᠪᠴᠢᠶ᠎ᠠ ᠨᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ | ᠵᠠᠷᠤᠯᠭ᠎ᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ ᠬᠠᠷᠭᠤᠭᠤᠯᠵᠤ ᠬᠤᠷᠢᠶᠠᠩᠭᠤᠶᠢᠯᠠᠨ ᠨᠠᠶᠢᠷᠠᠭᠤᠯᠤᠨ | ᠵᠣᠬᠢᠶᠠᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠢᠵᠢ ᠪᠥᠷᠢᠳᠦᠭᠦᠯᠬᠦ ᠨᠥᠬᠦᠪᠥᠷᠢ ᠶᠢᠨ ᠪᠠᠯᠠ ᠮᠥᠩᠭᠦ ᠶᠢ | ᠴᠠᠭ ᠲᠤᠨᠢ ᠲᠤᠭ᠎ᠠ ᠶᠣᠰᠣᠭᠠᠷ ᠨᠠᠶᠢᠳᠠᠪᠤᠷᠢᠵᠢᠭᠤᠯᠤᠨ᠎ᠠ᠃ | ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ | ᠠᠵᠢᠯ ᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠰᠦᠢᠳᠬᠡᠯ ᠲᠤᠰᠢᠶᠠᠭᠰᠠᠨ ᠨᠠᠷᠢᠨ | ᠵᠦᠢᠯᠡᠰ ᠵᠡᠷᠭᠡ ᠲᠤᠭ᠎ᠠ ᠪᠠᠷᠢᠮᠲᠠ ᠯᠤᠭ᠎ᠠ ᠬᠠᠮᠲᠤᠪᠠᠷ ᠡᠳ᠋ᠯᠡᠨ᠎ᠡ᠃ ᠨᠡᠶᠢᠭᠡᠮ ᠤᠨ ᠳᠠᠭᠠᠳᠬᠠᠯ ᠤᠨ ᠰᠦᠢᠳᠬᠡᠯ ᠢ | ᠲᠠᠲᠠᠪᠤᠷᠢᠯᠠᠬᠤ ᠴᠢᠨᠠᠷ ᠰᠠᠶᠢᠲᠠᠶ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠲᠦᠭᠡᠬᠦ ᠶᠢ ᠢᠳᠡᠪᠬᠢᠲᠡᠶ ᠪᠠᠷ | ᠠᠬᠢᠭᠤᠯᠵᠤ᠂ ︽ᠨᠢᠭᠡᠳᠦᠯᠲᠡᠶ ᠬᠡᠪ ᠵᠠᠭᠪᠤᠷ︾ ᠤᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠠᠷᠠᠳ ᠲᠤ | ᠲᠥᠬᠦᠮ ᠦᠵᠡᠭᠦᠯᠵᠦ ᠲᠠᠲᠠᠪᠤᠷᠢᠯᠠᠬᠤ ᠠᠷᠭ᠎ᠠ ᠮᠠᠶ᠋ᠢᠭ ᠢ ᠠᠪᠴᠤ᠂ ᠰᠦᠢᠳᠬᠡᠯ ᠲᠤᠰᠢᠶᠠᠬᠤ ᠬᠠᠮᠲᠤᠯᠢᠭ ᠤᠨ | ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠡᠯ᠎ᠡ ᠵᠦᠢᠯ ᠤᠨ ᠰᠦᠢᠳᠬᠡᠯ ᠲᠤᠰᠢᠶᠠᠬᠤ ᠠᠷᠭ᠎ᠠ ᠵᠠᠮ ᠤᠨ | ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠡᠭᠦᠷᠭᠡ ᠴᠢᠳᠠᠪᠤᠷᠢ | ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢ ᠬᠠᠮᠵᠢᠨ | ᠬᠥᠳᠡᠯᠮᠦᠷᠢᠯᠡᠭᠴᠢ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠮᠢᠶ᠎ᠠ ᠪᠥᠬᠦᠶ ᠠᠵᠢᠯ ᠢ | ᠰᠠᠶᠢᠲᠤᠷ ᠬᠢᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ ᠯᠤᠭ᠎ᠠ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠰᠠᠶ᠋ᠢ ᠲᠥᠷᠥᠭᠰᠡᠨ ᠬᠡᠤᠬᠡᠳ ᠤᠨ ᠳᠠᠭᠠᠳᠬᠠᠯ ᠳᠤ | ᠣᠷᠣᠯᠴᠠᠬᠤ ᠶᠢ ᠤᠬᠠᠭᠤᠯᠤᠨ ᠳᠠᠶᠢᠴᠢᠯᠠᠬᠤ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ︶ ᠳᠤ ᠲᠦᠰᠢᠭᠯᠡᠨ᠂ ᠬᠤᠲᠠ ᠶᠢᠨ ᠬᠡᠪᠴᠢᠶᠡᠨ | ᠳᠣᠲᠣᠷᠠᠬᠢ ᠬᠥᠩᠭᠡᠵᠢᠭᠦᠯᠬᠦ ᠰᠠᠯᠠᠭᠠᠨ ᠤ ᠡᠭᠦᠳᠡᠨ ᠡᠮᠨᠡᠯᠭᠡ ᠶᠢᠨ ᠡᠪᠡᠳᠴᠢᠲᠡᠨ ᠤ ᠥᠷᠥᠭᠡ ᠲᠠᠢ ᠡᠮᠴᠢᠯᠡᠭᠡᠨ ᠤ | ᠪᠠᠶᠢᠭᠤᠯᠤᠮᠵᠢ ᠶᠢ ᠰᠢᠭᠰᠢᠨ ᠰᠣᠩᠭᠤᠵᠤ᠂ ︽ᠰᠢᠯᠢᠳᠡᠭ︾ ᠲᠥᠯᠥᠪᠯᠡᠭᠡ ᠶᠢᠨ ᠴᠢᠭ ᠲᠣᠭᠲᠠᠭᠠᠭᠰᠠᠨ ᠡᠮᠨᠡᠯᠭᠡ ᠶᠢᠨ | ᠬᠤᠷᠢᠶ᠎ᠠ ᠪᠠ ᠬᠡᠷᠡᠭᠵᠢᠭᠦᠯᠬᠦ ᠭᠤᠤᠯ ᠴᠣᠭᠴᠠ ᠪᠣᠯᠭᠠᠨ᠎ᠠ᠃ ︽ᠰᠢᠯᠢ ᠶᠢᠨ ᠬᠤᠲᠠ ᠶᠢᠨ ᠡᠮ ᠡᠮᠨᠡᠯᠭᠡ ᠶᠢᠨ | ᠳᠠᠭᠠᠳᠬᠠᠯ ᠤᠨ ᠳᠠᠭᠠᠳᠬᠠᠯ ᠳᠤ ᠣᠷᠣᠯᠴᠠᠬᠤ ︿ᠰᠢᠯᠢᠳᠡᠭ﹀ ᠲᠥᠯᠥᠪᠯᠡᠭᠡ ᠶᠢᠨ ᠮᠡᠳᠡᠭᠳᠡᠯ ᠤᠨ ᠪᠢᠴᠢᠭ ︵ᠨᠢᠷᠠᠶ | ᠬᠡᠤᠬᠡᠳ ᠤᠨ ᠡᠮ ᠡᠮᠨᠡᠯᠭᠡ ᠶᠢᠨ ᠳᠠᠭᠠᠳᠬᠠᠯ ᠤᠨ ᠠᠩᠭᠢ︶︾ ᠢ ᠡᠮᠨᠡᠯᠭᠡ ᠳᠤ ᠣᠷᠣᠵᠤ ᠬᠥᠩᠭᠡᠵᠢᠭᠰᠡᠨ ᠡᠮᠡᠭᠲᠡᠶ | ᠨᠢᠭᠡᠪᠦᠷᠢ ᠳᠤ ᠲᠠᠷᠬᠠᠭᠠᠵᠤ ᠤᠬᠠᠭᠤᠯᠤᠨ᠎ᠠ᠃ | ᠲᠤᠭ᠎ᠠ ᠪᠦᠷᠢᠳᠬᠡᠯ ᠤᠨ ᠲᠣᠪᠴᠢᠶ᠎ᠠ ᠨᠢ ᠪᠠᠶᠢᠩᠭᠤ ᠰᠠᠭᠤᠭ᠎ᠠ ᠬᠥᠮᠦᠨ ᠠᠮᠠ᠂ ᠬᠤᠲᠠ ᠪᠠᠯᠭᠠᠰᠤᠵᠢᠯᠲᠠ ᠶᠢᠨ ᠨᠣᠷᠮ᠎ᠠ | ᠂ ᠠᠵᠢᠯ ᠣᠯᠤᠭᠰᠠᠨ ᠬᠥᠮᠦᠨ ᠠᠮᠠ ᠵᠡᠷᠭᠡ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ | ᠬᠠᠩᠭᠠᠬᠤ ᠶᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢ ᠬᠠᠮᠵᠢᠨ ᠳᠠᠭᠠᠳᠬᠠᠯ ᠳᠤ | ᠣᠷᠣᠯᠴᠠᠬᠤ ᠬᠡᠪᠴᠢᠶ᠎ᠡ ᠶᠢ ᠥᠷᠭᠡᠳᠬᠡᠬᠦ ᠡᠭᠦᠷᠭᠡ ᠬᠠᠷᠠᠯᠲᠠ ᠶᠢ ᠰᠠᠶᠢᠲᠤᠷ ᠬᠢᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢ ᠬᠠᠮᠵᠢᠨ | ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠬᠤ ᠰᠠᠶᠢᠲᠣᠷ ᠬᠢᠨ᠎ᠡ᠃ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢ ᠬᠠᠮᠵᠢᠨ | ᠳᠠᠭᠠᠳᠬᠠᠯ ᠳᠤ ᠣᠷᠣᠯᠴᠠᠭᠰᠠᠳ ᠤᠨ ᠮᠡᠳᠡᠭᠡ ᠵᠠᠩᠭᠢ ᠶᠢ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ ᠶᠢᠨ | ᠮᠡᠳᠡᠭᠡ ᠵᠠᠩᠭᠢ ᠯᠤᠭ᠎ᠠ ᠬᠠᠷᠢᠴᠠᠭᠤᠯᠬᠤ ᠠᠵᠢᠯ ᠢ ᠰᠠᠶᠢᠲᠤᠷ ᠬᠢᠨ᠎ᠡ᠃ | ᠪᠥᠬᠦ ᠬᠤᠲᠠ ᠶᠢᠨ ᠡᠯ᠎ᠡ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠠᠴᠠ ᠲᠣᠰ ᠨᠢᠭᠡᠴᠡ᠂ ᠲᠣᠰ ᠠᠵᠢᠯ ᠲᠥᠷᠥᠯ᠂ ᠲᠣᠰ ᠬᠦᠷᠢᠶᠡᠨ ᠳᠠᠬᠢ ᠠᠵᠢᠯᠲᠠᠨ ᠢ ᠰᠢᠪᠠᠳᠠᠵᠤ | ᠪᠠᠶᠢᠭᠠᠳ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ | ᠺᠣᠳ᠋︶ ᠶᠢᠨ ᠢᠳᠡᠪᠬᠢᠵᠢᠭᠦᠯᠦᠯᠲᠡ ᠶᠢ ᠲᠦᠷᠭᠡᠬᠡᠨ ᠪᠡᠶᠡᠯᠡᠭᠦᠯᠦᠨ᠎ᠡ᠃ ᠡᠯ᠎ᠡ ᠨᠢᠭᠡᠴᠡ ︵ᠬᠤᠶᠠᠳᠤᠭᠠᠷ ᠳᠡᠰ ᠤᠨ | ᠨᠢᠭᠡᠴᠡ ᠶᠢ ᠪᠠᠭᠲᠠᠭᠠᠨ᠎ᠠ︶ ᠨᠢ ᠨᠢᠭᠡ ᠠᠵᠢᠯᠲᠠᠨ ᠢᠶᠠᠷ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ | ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢ ᠠᠮᠢᠯᠠᠭᠤᠯᠬᠤ ᠪᠣᠯᠪᠠᠰᠤᠷᠠᠭᠤᠯᠤᠯ ᠬᠢᠯᠭᠡᠬᠦ ᠪᠠᠷ | ᠲᠣᠳᠣᠷᠬᠠᠶᠢᠯᠠᠵᠤ᠂ ᠨᠢᠭᠡᠴᠡ ᠨᠢᠭᠡᠪᠦᠷᠢ ᠳᠤ ᠴᠥᠮ ᠠᠵᠢᠯᠯᠠᠵᠤ ᠮᠡᠳᠡᠬᠦ ᠬᠥᠮᠦᠨ ᠲᠠᠢ ᠪᠠᠶᠢᠬᠤ ᠶᠢ ᠦᠨᠡᠨᠬᠦ ᠪᠠᠲᠤᠯᠠᠵᠤ | ᠂ ᠨᠢᠭᠡᠴᠡ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ | ᠡᠮᠴᠢᠯᠡᠭᠡᠨ ᠤ ᠳᠠᠭᠠᠳᠬᠠᠯ ᠤᠨ ᠺᠣᠳ᠋︶ ᠶᠢ 100% ᠪᠠᠷ ᠠᠮᠢᠯᠠᠭᠤᠯᠬᠤ ᠶᠢ ᠪᠡᠶᠡᠯᠡᠭᠦᠯᠦᠨ᠎ᠡ᠃ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ ᠨᠢ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ | ᠡᠮᠨᠡᠯᠭᠡ ᠶᠢᠨ ᠳᠠᠭᠠᠳᠬᠠᠯ ᠤᠨ ᠺᠣᠳ᠋︶ ᠶᠢᠨ ᠠᠮᠢᠯᠠᠭᠤᠯᠤᠭᠰᠠᠨ ᠥᠬᠡᠶ ᠬᠥᠮᠦᠰ ᠤᠨ ᠡᠬᠡ ᠳᠡᠪᠲᠡᠷ ᠢ ᠡᠯ᠎ᠡ ᠰᠠᠯᠠᠭ᠎ᠠ | ᠮᠥᠴᠢᠷ ᠨᠢᠭᠡᠴᠡ ᠳᠤ ᠠᠰ ᠲᠤᠨᠢ ᠶᠠᠪᠤᠭᠤᠯᠵᠤ᠂ ᠡᠯ᠎ᠡ ᠨᠢᠭᠡᠴᠡ ︵ᠬᠤᠶᠠᠳᠤᠭᠠᠷ ᠳᠡᠰ ᠤᠨ ᠨᠢᠭᠡᠴᠡ ᠶᠢ ᠪᠠᠭᠲᠠᠭᠠᠨ᠎ᠠ | ︶ ᠨᠢ ᠲᠤᠰᠬᠠᠶ ᠬᠥᠮᠦᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ | ᠳᠠᠭᠠᠳᠬᠠᠯ ᠤᠨ ᠺᠣᠳ᠋︶ ᠶᠢᠨ ᠠᠮᠢᠯᠠᠭᠤᠯᠤᠭᠰᠠᠨ ᠪᠠᠶᠢᠳᠠᠯ ᠢ ᠲᠣᠭᠲᠠᠭᠰᠠᠨ ᠬᠤᠭᠤᠴᠠᠭᠠᠨ ᠳᠤ ᠬᠤᠲᠠ ᠶᠢᠨ ᠡᠮ | ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠮᠡᠳᠡᠭᠦᠯᠦᠨ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠲᠠᠷᠢᠶᠠᠯᠠᠩ ᠤᠨ ᠰᠢᠨᠵᠢᠯᠡᠬᠦ | ᠤᠬᠠᠭᠠᠨ᠂ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠣᠶ ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠤᠳ ᠬᠠᠷᠢᠶ᠎ᠠ ᠠᠵᠢᠯ ᠲᠥᠷᠥᠯ ᠤᠨ ᠠᠵᠤ ᠠᠬᠤᠶᠢᠯᠠᠯ ᠤᠨ | ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢᠨ | ᠠᠮᠢᠯᠠᠭᠤᠯᠤᠭᠠᠳᠤᠶ ᠬᠥᠮᠦᠰ ᠤᠨ ᠡᠬᠡ ᠳᠡᠪᠲᠡᠷ ᠢ ᠮᠡᠳᠡᠭᠳᠡᠬᠦ ᠶᠢᠨ ᠬᠠᠮᠲᠤ ᠶᠠᠪᠤᠭᠤᠯᠵᠤ᠂ ᠠᠮᠢᠯᠠᠭᠤᠯᠬᠤ ᠠᠵᠢᠯ ᠢ | ᠴᠠᠭ ᠲᠤᠬᠠᠶ ᠳᠤᠨᠢ ᠪᠡᠶᠡᠯᠡᠭᠦᠯᠬᠦ ᠶᠢ ᠰᠢᠮᠳᠠᠭᠤᠯᠬᠤ ᠬᠡᠷᠡᠭᠲᠡᠶ᠃ | ︵ᠭᠤᠷᠪᠠ︶ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠦᠨ᠎ᠡ᠃ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ ᠲᠦᠷᠦᠭᠦᠯᠡᠨ᠂ 2023 ᠣᠨ ᠤ 10 ᠰᠠᠷ᠎ᠠ ᠠᠴᠠ ᠡᠬᠢᠯᠡᠨ᠂ ᠰᠤᠮᠤ ᠪᠠᠯᠭᠠᠰᠤ | ᠲᠠᠯᠠᠪᠠᠶ ︵ᠵᠡᠭᠡᠯᠢ ᠭᠤᠳᠤᠮᠵᠢ︶᠂ ᠭᠠᠴᠠᠭ᠎ᠠ ︵ᠨᠡᠶᠢᠭᠡᠮ ᠲᠣᠭᠤᠷᠢᠭ︶᠂ ᠡᠯ᠎ᠡ ᠲᠥᠷᠥᠯ ᠤᠨ ᠰᠤᠷᠭᠠᠭᠤᠯᠢ᠂ | ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠪᠠᠷ ᠨᠢᠭᠡᠴᠢ ᠪᠣᠯᠭᠠᠵᠤ᠂ ︽ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠠᠵᠢᠯ ᠤᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠠᠵᠢᠯᠯᠠᠭᠠᠨ ᠤ ᠪᠠᠶᠢᠳᠠᠯ ᠤᠨ ᠳᠠᠭᠠᠳᠬᠠᠯ ᠳᠤ ᠣᠷᠣᠯᠴᠠᠭᠰᠠᠨ ᠡᠬᠡ | ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠦᠭᠰᠡᠨ ᠪᠠ ᠬᠥᠳᠡᠯᠦᠩᠭᠦᠶ ᠪᠠᠷ ᠰᠢᠨᠡᠳᠬᠡᠭᠰᠡᠨ ᠪᠠᠶᠢᠳᠠᠯ︾ ︽2024 | ᠣᠨ ᠤ ᠳᠠᠭᠠᠳᠬᠠᠯ ᠳᠤ ᠣᠷᠣᠯᠴᠠᠭᠰᠠᠨ ︿ᠱᠠᠲᠤ ᠦᠶᠡᠴᠢ ᠴᠢᠨᠠᠷᠲᠠᠶ ᠬᠠᠷᠠᠯᠲᠠ ᠪᠠ ︿ᠶᠡᠷᠦᠩᠬᠡᠶ ᠬᠠᠷᠠᠯᠲᠠ﹀ ᠶᠢ | ᠪᠡᠶᠡᠯᠡᠭᠦᠯᠦᠭᠰᠡᠨ ᠠᠬᠢᠴᠠ︾ ︽ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ | ᠳᠠᠭᠠᠳᠬᠠᠯ ᠤᠨ ᠺᠣᠳ᠋︶ ᠶᠢ ᠠᠮᠢᠯᠠᠭᠤᠯᠤᠭᠰᠠᠨ︾ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠡᠯ᠎ᠡ | ᠬᠦᠷᠢᠶᠡᠨ ᠤ ᠠᠵᠢᠯ ᠢ ᠠᠬᠢᠭᠤᠯᠤᠭᠰᠠᠨ ᠪᠠᠶᠢᠳᠠᠯ ᠢ ᠱᠠᠲᠤ ᠦᠶ᠎ᠡ ᠲᠥᠷᠥᠯ ᠬᠤᠪᠢᠶᠠᠨ ᠪᠣᠳᠠᠲᠠᠶ ᠭᠠᠵᠠᠷ ᠲᠤᠨᠢ | ᠰᠢᠮᠳᠠᠭᠤᠯᠤᠨ ᠪᠠᠶᠢᠴᠠᠭᠠᠨ᠎ᠠ᠃ | ︵ᠳᠥᠷᠪᠡ︶ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ | ᠲᠦᠷᠦᠭᠦᠯᠡᠨ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠣᠨ ᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠣᠭᠠᠨ ᠤ ᠰᠢᠰᠲ᠋ᠧᠮ ᠳᠠᠬᠢ ︽ᠣᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ | 95% ᠠᠴᠠ ᠳᠡᠭᠡᠭᠰᠢ ᠪᠠᠶᠢᠯᠭᠠᠬᠤ︾ ᠰᠢᠯᠭᠠᠨ ᠬᠢᠨᠠᠬᠤ ᠠᠵᠢᠯ ᠢ ᠨᠠᠶᠢᠳᠠᠪᠤᠷᠢᠵᠢᠭᠤᠯᠵᠤ᠂ 2024 ᠣᠨ ᠤ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠠᠭᠠᠳᠬᠠᠯ ᠳᠤ ᠣᠷᠣᠯᠴᠠᠬᠤ | ᠠᠵᠢᠯ ᠲᠠᠢ ᠤᠶᠠᠯᠳᠤᠭᠤᠯᠤᠨ᠂ ᠦᠨᠡᠯᠡᠬᠦ ᠨᠠᠷᠢᠨ ᠲᠦᠷᠢᠮ ᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ | ᠳᠠᠭᠠᠳᠬᠠᠯ ᠳᠤ ᠣᠷᠣᠯᠴᠠᠭᠰᠠᠨ ᠠᠬᠢᠴᠠ ᠶᠢ ᠦᠨᠳᠦᠰᠦᠯᠡᠨ ᠴᠠᠭ ᠬᠤᠪᠢᠶᠠᠨ ᠰᠢᠯᠭᠠᠨ ᠬᠢᠨᠠᠵᠤ᠂ ᠳᠠᠭᠠᠳᠬᠠᠯ ᠳᠤ | ᠣᠷᠣᠯᠴᠠᠭᠰᠠᠨ ᠠᠬᠢᠴᠠ ᠶᠢᠨ ᠬᠠᠷᠠᠭᠠᠯᠵᠠᠭᠰᠠᠨ ᠬᠤᠪᠢ ᠶᠢ ᠦᠨᠳᠦᠰᠦᠯᠡᠨ᠂ ︽ᠰᠤᠮᠤ ᠪᠠᠯᠭᠠᠰᠤ᠂ ᠤᠯᠤᠰ ᠤᠨ | ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠥᠪᠡᠷᠮᠢᠴᠡ ᠴᠢᠨᠠᠷ ᠤᠨ ᠭᠦᠢᠴᠡᠳᠬᠡᠯ ᠲᠤᠭ᠎ᠠ︾ ᠶᠢᠨ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠤᠨ ᠦᠨᠡᠯᠡᠬᠦ ᠦᠨᠳᠦᠰᠦᠯᠡᠯ ᠪᠣᠯᠭᠠᠨ᠎ᠠ᠃ | 2023 ᠣᠨ ᠤ 10 ᠰᠠᠷ᠎ᠠ ᠠᠴᠠ ᠡᠬᠢᠯᠡᠨ᠂ 2024 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ᠂ ᠡᠯ᠎ᠡ ᠰᠤᠮᠤ | ᠪᠠᠯᠭᠠᠰᠤᠨ ᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ︽ᠰᠢᠯᠢ ᠶᠢᠨ ᠬᠤᠲᠠ ᠶᠢᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠵᠢᠴᠢ ᠡᠮ ᠡᠮᠨᠡᠯᠭᠡ ᠶᠢᠨ ᠳᠠᠭᠠᠳᠬᠠᠯ ᠤᠨ | ᠡᠯᠧᠺᠲᠷᠣᠨ ᠭᠡᠷᠡᠴᠢ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠠᠮᠢᠯᠠᠭᠤᠯᠤᠭᠰᠠᠨ ᠪᠠᠶᠢᠳᠠᠯ ᠤᠨ | ᠪᠦᠷᠢᠳᠬᠡᠯ ᠤᠨ ᠬᠦᠰᠦᠨᠦᠭᠲᠦ︾ ︵ᠳᠠᠭᠠᠯᠳᠤᠭᠤᠯᠤᠯ 2︶ ᠶᠢ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ | ᠰᠢᠤᠳᠠᠨ ᠤ ᠬᠠᠶᠢᠷᠴᠠᠭ ︵xsybjdyk@163.com︶ ᠢ ᠲᠠᠭᠯᠠᠵᠤ᠂ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ ᠶᠢᠨ ᠰᠢᠤᠳᠠᠨ ᠤ ᠬᠠᠶᠢᠷᠴᠠᠭ ︵xsybjdyk@163.com︶ ᠲᠤ ᠮᠡᠳᠡᠭᠦᠯᠦᠨ ᠬᠦᠷᠭᠡᠨ᠎ᠡ᠃ | ᠰᠤᠷᠭᠠᠨ ᠬᠥᠮᠦᠵᠢᠯ ᠤᠨ ᠲᠣᠪᠴᠢᠶ᠎ᠠ ︽ᠰᠢᠯᠢ ᠶᠢᠨ ᠬᠤᠲᠠ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ | ᠳᠠᠭᠠᠳᠬᠠᠯ ᠳᠤ ᠣᠷᠣᠯᠴᠠᠭᠰᠠᠨ ᠵᠢᠴᠢ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ | ᠠᠮᠢᠯᠠᠭᠤᠯᠤᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ︾ ︵ᠳᠠᠭᠠᠯᠳᠤᠭᠤᠯᠤᠯ 3︶ ᠶᠢ ᠡᠮ ᠡᠮᠨᠡᠯᠭᠡ ᠶᠢᠨ | ᠳᠠᠭᠠᠳᠬᠠᠯ ᠤᠨ ᠲᠥᠪ ᠲᠤ ᠮᠡᠳᠡᠭᠦᠯᠦᠨ ᠬᠦᠷᠭᠡᠬᠦ ᠰᠢᠤᠳᠠᠨ ᠤ ᠬᠠᠶᠢᠷᠴᠠᠭ ︵xsybzx@yeah.net︶ ᠢ | ᠲᠠᠭᠯᠠᠵᠤ᠂ ᠪᠥᠬᠦ ᠬᠤᠲᠠ ᠶᠢᠨ ᠡᠯ᠎ᠡ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ︵ᠬᠤᠶᠠᠳᠤᠭᠠᠷ ᠳᠡᠰ ᠤᠨ ᠨᠢᠭᠡᠴᠡ᠂ ᠬᠠᠷᠢᠶ᠎ᠠ ᠠᠵᠢᠯ ᠲᠥᠷᠥᠯ ᠤᠨ ᠠᠵᠤ ᠠᠬᠤᠶᠢᠯᠠᠯ ᠪᠠᠭᠲᠠᠨ᠎ᠠ︶ ︽ᠡᠮ | ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ | ᠠᠮᠢᠯᠠᠭᠤᠯᠤᠭᠰᠠᠨ ᠪᠠᠶᠢᠳᠠᠯ ᠤᠨ ᠬᠦᠰᠦᠨᠦᠭᠲᠦ︾ ︵ᠳᠠᠭᠠᠯᠳᠤᠭᠤᠯᠤᠯ 4︶ ᠶᠢ ᠲᠠᠭᠯᠠᠵᠤ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ ᠶᠢᠨ ᠰᠢᠤᠳᠠᠨ ᠤ ᠬᠠᠶᠢᠷᠴᠠᠭ xsybjdyk@163.com ᠶᠢ ᠮᠡᠳᠡᠭᠦᠯᠦᠨ | ᠬᠦᠷᠭᠡᠵᠦ᠂ ᠲᠣᠰ ᠰᠠᠷ᠎ᠠ ᠶᠢᠨ ᠰᠡᠭᠦᠯᠴᠢ ᠶᠢᠨ 25 ᠡᠳᠦᠷ ᠠᠴᠠ ᠡᠮᠦᠨ᠎ᠡ ᠲᠣᠰ ᠰᠠᠷ᠎ᠠ ᠶᠢᠨ ᠠᠵᠢᠯ ᠤᠨ | ᠠᠬᠢᠴᠠ ᠶᠢᠨ ᠪᠠᠶᠢᠳᠠᠯ ᠢᠶᠠᠨ ᠲᠣᠰ ᠲᠣᠰ ᠮᠡᠳᠡᠭᠦᠯᠦᠨ ᠬᠦᠷᠭᠡᠨ᠎ᠡ᠃ | 2023 ᠣᠨ ᠤ 11 ᠰᠠᠷ᠎ᠠ ᠠᠴᠠ ᠡᠬᠢᠯᠡᠨ᠂ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ᠂ ᠬᠢᠨᠠᠨ | ᠰᠢᠯᠭᠠᠵᠤ ᠬᠤᠪᠢ ᠣᠯᠭᠤᠬᠤ ᠪᠠ ᠰᠢᠯᠵᠢᠭᠦᠯᠦᠨ ᠠᠪᠬᠤ ᠰᠢᠰᠲ᠋ᠧᠮ ᠤᠨ ᠠᠮᠢᠳᠤᠯᠢᠭ ᠲᠤᠭ᠎ᠠ ᠪᠠᠷᠢᠮᠲᠠ ᠲᠠᠢ | ᠤᠶᠠᠯᠳᠤᠭᠤᠯᠤᠨ᠂ ᠡᠯ᠎ᠡ ᠬᠠᠷᠢᠶ᠎ᠠ ᠣᠷᠣᠨ ᠤ ᠬᠢᠨ ᠳᠠᠭᠠᠳᠬᠠᠯ ᠳᠤ ᠣᠷᠣᠯᠴᠠᠭᠰᠠᠨ ᠪᠠ ᠠᠮᠢᠳᠤᠯᠢᠭ ᠲᠤᠭ᠎ᠠ | ᠪᠠᠷᠢᠮᠲᠠ ᠪᠠᠨ ᠮᠡᠳᠡᠭᠦᠯᠦᠨ ᠬᠦᠷᠭᠡᠵᠦ᠂ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠲᠤ ᠬᠠᠨᠳᠤᠭᠤᠯᠤᠨ᠂ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ᠂ ᠡᠮ ᠡᠮᠨᠡᠯᠭᠡ ᠶᠢᠨ | ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢᠨ ᠠᠮᠢᠳᠤᠯᠢᠭ | ᠠᠬᠢᠴᠠ ᠶᠢ ᠰᠠᠷ᠎ᠠ ᠪᠠᠷ ᠨᠡᠪᠲᠡᠷᠡᠭᠦᠯᠬᠦ ᠶᠢᠨ ᠬᠠᠮᠲᠤ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ᠎ᠡ᠃ | ︵ᠲᠠᠪᠤ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠪᠥᠬᠦ ᠬᠤᠲᠠ ᠶᠢᠨ ᠡᠯ᠎ᠡ ᠰᠠᠯᠠᠭ᠎ᠠ ᠮᠥᠴᠢᠷ | ᠨᠢᠭᠡᠴᠡ 2019 ᠣᠨ ᠤ 12 ᠰᠠᠷ᠎ᠠ ᠶᠢᠨ 28 ᠤ ᠡᠳᠦᠷ ᠤᠨ ᠰᠢᠢᠳᠪᠦᠷᠢ ᠶᠢ ᠦᠨᠳᠦᠰᠦᠯᠡᠨ ᠪᠠᠲᠤᠯᠠᠭᠰᠠᠨ | ᠪᠥᠭᠡᠳ 2020 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ | ᠠᠬᠢᠭᠤᠯᠬᠤ ᠬᠠᠤᠯᠢ︾ ᠶᠢᠨ ᠨᠠᠶᠠᠨ ᠬᠤᠶᠠᠳᠤᠭᠠᠷ ᠵᠦᠢᠯ ᠳᠤ᠄ ︽ᠠᠷᠠᠳ ᠢᠷᠭᠡᠨ ᠬᠠᠤᠯᠢ ᠶᠣᠰᠣᠭᠠᠷ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠡᠷᠬᠡ ᠪᠠ ᠡᠭᠦᠷᠭᠡ ᠲᠠᠢ᠂ ᠬᠥᠮᠦᠨ ᠬᠡᠷᠡᠭᠯᠡᠬᠦ ᠨᠢᠭᠡᠴᠡ ᠪᠠ | ᠠᠵᠢᠯᠲᠠᠨ ᠠᠵᠢᠯᠴᠢᠨ ᠤᠯᠤᠰ ᠤᠨ ᠲᠣᠭᠲᠠᠭᠠᠯ ᠶᠣᠰᠣᠭᠠᠷ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠵᠠᠷᠤᠳᠠᠯ ᠢ ᠲᠤᠰᠢᠶᠠᠨ᠎ᠠ᠃︾ ᠬᠤᠲᠠ ᠬᠥᠳᠡᠭᠡ ᠶᠢᠨ ᠰᠠᠭᠤᠭᠠᠯᠢ ᠠᠷᠠᠳ ᠲᠣᠭᠲᠠᠭᠠᠯ ᠶᠣᠰᠣᠭᠠᠷ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ︽ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ︽ | ᠠᠷᠠᠳ ᠢᠷᠭᠡᠳ ᠲᠤ ᠬᠠᠤᠯᠢ ᠶᠣᠰᠣᠭᠠᠷ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠡᠷᠬᠡ ᠪᠠ | ᠡᠭᠦᠷᠭᠡ ᠲᠠᠢ︾ ᠪᠠᠶᠢᠬᠤ ᠶᠠᠪᠤᠳᠠᠯ ᠢ ᠣᠯᠠᠨ ᠲᠦᠮᠡᠨ ᠤ ᠳᠤᠮᠳᠠ ᠦᠨᠳᠦᠰᠦᠯᠡᠭᠦᠯᠦᠨ᠎ᠡ᠃ ᠤᠬᠠᠭᠤᠯᠭ᠎ᠠ ᠶᠢᠨ ᠠᠷᠭ᠎ᠠ | ᠮᠠᠶ᠋ᠢᠭ ᠲᠤ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠤᠯᠠᠮᠵᠢᠯᠠᠯᠲᠤ ᠠᠷᠭ᠎ᠠ ᠮᠠᠶ᠋ᠢᠭ | ᠂ ᠰᠦᠯᠵᠢᠶᠡᠨ ᠥᠷᠲᠡᠭᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠣᠯᠠᠨ ᠵᠦᠢᠯ ᠤᠨ ᠠᠷᠭ᠎ᠠ ᠵᠠᠮ ᠢ ᠭᠦᠢᠴᠡᠳ | ᠠᠰᠢᠭᠯᠠᠨ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠴᠤᠪᠤᠷᠠᠯ ᠵᠢᠴᠢ ᠠᠷᠭ᠎ᠠ ᠶᠢ ᠥᠷᠭᠡᠨ ᠢᠶᠠᠷ | ᠤᠬᠠᠭᠤᠯᠬᠤ ᠬᠡᠷᠡᠭᠲᠡᠶ᠃ ᠡᠮᠴᠢᠯᠡᠭᠡᠨ ᠤ ᠳᠠᠭᠠᠳᠬᠠᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶᠂ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ | ᠥᠷᠲᠡᠭᠡ ︵ᠴᠢᠭ︶ ᠶᠢᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠭᠰᠡᠳ ᠲᠤ ᠰᠦᠢᠳᠬᠡᠯ ᠲᠤᠰᠢᠶᠠᠬᠤ | ᠲᠥᠷᠥ ᠶᠢᠨ ᠪᠣᠳᠣᠯᠭ᠎ᠠ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠦ᠂ ᠬᠠᠪᠰᠤᠷᠤᠨ ᠭᠦᠢᠴᠡᠳᠬᠡᠵᠦ | ᠣᠷᠣᠯᠠᠨ ᠭᠦᠢᠴᠡᠳᠬᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ | ᠲᠣᠪᠴᠢᠶ᠎ᠠ ᠨᠢ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠲᠠᠢ ᠬᠠᠮᠵᠢᠯᠴᠠᠨ ᠡᠯ᠎ᠡ ᠰᠤᠷᠭᠠᠭᠤᠯᠢ ᠶᠢᠨ ᠵᠣᠬᠢᠴᠠᠯᠳᠤᠨ | ᠬᠠᠮᠵᠢᠯᠴᠠᠬᠤ ᠪᠠᠨ ᠴᠢᠩᠭᠠᠳᠬᠠᠬᠤ ᠶᠢ ᠰᠢᠮᠳᠠᠭᠤᠯᠵᠤ᠂ ᠰᠤᠷᠭᠠᠭᠤᠯᠢ ᠡᠬᠢᠯᠡᠬᠦ ᠤᠯᠠᠷᠢᠯ ᠢ ᠭᠦᠢᠴᠡᠳ ᠠᠰᠢᠭᠯᠠᠨ᠂ | ᠰᠢᠯᠵᠢᠮᠡᠯ ᠭᠠᠷ ᠦᠢᠯᠡᠴᠢᠯᠡᠭᠡᠨ ᠤ ᠦᠵᠦᠭᠦᠷ ᠢ ᠠᠪᠴᠤ ᠶᠠᠪᠤᠵᠤ᠂ ᠡᠯ᠎ᠡ ᠲᠥᠷᠥᠯ ᠤᠨ ᠰᠤᠷᠭᠠᠭᠤᠯᠢ᠂ ᠠᠷᠠᠳ ᠠᠴᠠ | ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠳᠤ ᠭᠦᠨᠵᠡᠭᠡᠶᠢᠷᠡᠨ᠂ ᠠᠩᠭᠢ ᠪᠠᠷ ᠨᠢᠭᠡᠴᠢ ᠪᠣᠯᠭᠠᠵᠤ᠂ | ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠵᠦ᠂ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ | ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠶᠢ | ᠢᠳᠡᠪᠬᠢᠵᠢᠭᠦᠯᠦᠨ᠎ᠡ᠃ ᠡᠯ᠎ᠡ ᠰᠤᠮᠤ ᠪᠠᠯᠭᠠᠰᠤᠨ ᠤ ᠲᠠᠯᠠᠪᠤᠷ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠬᠢᠨ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ | ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠲᠠᠢ ᠵᠣᠯᠭᠠᠭᠤᠯᠬᠤ᠂ ᠰᠦᠯᠵᠢᠶᠡᠨ ᠤ ᠲᠠᠰᠤᠯᠪᠤᠷᠢ ᠲᠠᠢ | ᠬᠤᠯᠪᠣᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ | ᠳᠠᠭᠠᠳᠬᠠᠯ ᠳᠤ ᠣᠷᠤᠭ᠎ᠠ ᠥᠬᠡᠶ ᠬᠥᠮᠦᠰ ᠢ ᠤᠬᠠᠭᠤᠯᠤᠨ ᠬᠥᠲᠥᠯᠦᠨ ᠵᠢᠯᠣᠭᠤᠳᠬᠤ᠂ ᠵᠣᠬᠢᠶᠠᠨ ᠪᠠᠶᠢᠭᠤᠯᠤᠨ | ᠳᠠᠶᠢᠴᠢᠯᠠᠬᠤ ᠠᠵᠢᠯ ᠢ ᠰᠠᠶᠢᠲᠤᠷ ᠬᠢᠵᠦ᠂ ᠥᠨᠳᠥᠷ ᠨᠠᠰᠤᠲᠠᠶ ᠨᠠᠰᠤᠲᠠᠨ᠂ ᠵᠡᠮᠳᠡᠭᠴᠦᠳ᠂ ᠣᠷᠣᠯᠭ᠎ᠠ ᠪᠠᠭᠠᠲᠠᠶ | ᠬᠥᠮᠦᠨ ᠠᠮᠠ ᠵᠡᠷᠭᠡ ᠣᠨᠴᠣᠭᠤᠶ ᠬᠠᠮᠲᠤᠯᠢᠭ ᠲᠤ ᠬᠠᠪᠰᠤᠷᠤᠨ ᠣᠷᠣᠯᠠᠨ ᠭᠦᠢᠴᠡᠳᠬᠡᠬᠦ᠂ ᠬᠡᠷ ᠲᠤᠨᠢ ᠬᠦᠷᠴᠦ | ᠭᠦᠢᠴᠡᠳᠬᠡᠬᠦ ᠦᠢᠯᠡᠴᠢᠯᠡᠭᠡ ᠶᠢ ᠢᠳᠡᠪᠬᠢᠲᠡᠶ ᠬᠠᠩᠭᠠᠵᠤ᠂ ᠨᠢᠷᠠᠶ ᠬᠡᠤᠬᠡᠳ᠂ ᠰᠤᠷᠬᠤ ᠨᠠᠰᠤᠨ ᠠᠴᠠ ᠡᠮᠦᠨᠡᠬᠢ | ᠬᠡᠤᠬᠡᠳ ᠤᠨ ᠳᠠᠭᠠᠳᠬᠠᠯ ᠳᠤ ᠣᠷᠣᠯᠴᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠡᠮ ᠡᠮᠨᠡᠯᠭᠡ ᠶᠢᠨ | ᠳᠠᠭᠠᠳᠬᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ︽ᠪᠥᠬᠦ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠭᠠᠷ | ᠭᠠᠷ ᠢᠶᠠᠨ ᠬᠤᠯᠪᠣᠯᠴᠠᠨ ᠡᠮ ᠡᠮᠨᠡᠯᠭᠡ ᠶᠢᠨ ᠳᠠᠭᠠᠳᠬᠠᠯ ᠤᠨ ᠠᠶᠠᠯᠠᠯ ᠬᠠᠮᠠᠭᠠᠯᠠᠬᠤ︾ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠪᠥᠬᠦ ᠠᠷᠠᠳ ᠤᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠲᠥᠪᠯᠡᠷᠡᠭᠦᠯᠦᠨ | ᠤᠬᠠᠭᠤᠯᠬᠤ ᠰᠠᠷ᠎ᠠ ᠶᠢᠨ ᠠᠵᠢᠯᠯᠠᠭ᠎ᠠ ᠶᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ | ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠪᠠᠶᠢᠭᠠᠳ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ | ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢᠨ ᠢᠳᠡᠪᠬᠢᠵᠢᠭᠦᠯᠦᠯᠲᠡ ᠶᠢ ᠥᠷᠭᠡᠨ ᠢᠶᠠᠷ ᠤᠬᠠᠭᠤᠯᠵᠤ᠂ | ᠸᠢᠴᠠᠲ ᠤᠨ ᠪᠦᠯᠦᠭ᠂ ᠸᠢᠴᠠᠲ ᠤᠨ ᠨᠡᠶᠢᠲᠡ ᠶᠢᠨ ᠳ᠋ᠤᠭᠠᠷ᠂ ᠳ᠋ᠢᠶᠠᠩᠬᠤᠸᠠ ᠪᠠᠷ ᠬᠠᠷᠢᠯᠴᠠᠬᠤ ᠵᠡᠷᠭᠡ ᠶᠢ ᠠᠰᠢᠭᠯᠠᠨ | ︽ᠰᠦᠯᠵᠢᠶᠡᠨ ᠳᠡᠭᠡᠷᠡᠬᠢ︾ ᠤᠬᠠᠭᠤᠯᠭ᠎ᠠ ᠶᠢ ᠥᠷᠨᠢᠭᠦᠯᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ | ᠪᠠᠶᠢᠭᠠᠳ ᠥᠪᠡᠰᠦᠪᠡᠨ ᠢᠳᠡᠪᠬᠢᠵᠢᠭᠦᠯᠦᠨ᠎ᠡ᠃ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠨᠠᠭᠠᠬᠤ᠂ ᠨᠡᠶᠢᠭᠡᠮ | ᠲᠣᠭᠤᠷᠢᠭ ᠲᠤ ᠣᠷᠣᠭᠤᠯᠬᠤ᠂ ᠡᠷᠦᠬᠡ ᠳᠤ ᠬᠦᠷᠴᠦ ᠬᠡᠷ ᠲᠤᠨᠢ ᠬᠦᠷᠭᠡᠬᠦ ᠵᠡᠷᠭᠡ ᠠᠷᠭ᠎ᠠ ᠮᠠᠶ᠋ᠢᠭ ᠢ ᠠᠰᠢᠭᠯᠠᠨ ︽ | ᠰᠦᠯᠵᠢᠶᠡᠨ ᠠᠴᠠ ᠭᠠᠳᠠᠨ᠎ᠠ︾ ᠢᠳᠡᠪᠬᠢᠵᠢᠭᠦᠯᠬᠦ ᠶᠢ ᠥᠷᠨᠢᠭᠦᠯᠵᠦ᠂ ᠣᠯᠠᠨ ᠠᠷᠭ᠎ᠠ ᠵᠠᠮ ᠣᠯᠠᠨ ᠠᠷᠭ᠎ᠠ | ᠮᠠᠶ᠋ᠢᠭ ᠢᠶᠠᠷ ᠣᠯᠠᠨ ᠲᠦᠮᠡᠨ ᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ | ᠳᠠᠭᠠᠳᠬᠠᠯ ᠤᠨ ᠺᠣᠳ᠋︶ ᠶᠢᠨ ᠲᠤᠬᠠᠶ ᠣᠶᠢᠯᠠᠭᠠᠯᠲᠠ ᠪᠠ ᠲᠠᠨᠢᠯᠲᠠ ᠶᠢ ᠭᠦᠨᠵᠡᠭᠡᠶᠢᠷᠡᠭᠦᠯᠵᠦ᠂ ︽ᠡᠮᠴᠢᠯᠡᠭᠡᠨ ᠤ | ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢᠨ ᠢᠳᠡᠪᠬᠢᠵᠢᠭᠦᠯᠦᠯ᠂ | ᠬᠡᠷᠡᠭᠯᠡᠯᠲᠡ ᠶᠢᠨ ᠴᠤᠪᠤᠷᠠᠯ︾ ︵ᠳᠠᠭᠠᠯᠳᠤᠭᠤᠯᠤᠯ 5︶ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ | ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠠᠵᠢᠯ ᠤᠨ ᠨᠡᠷ᠎ᠡ ᠲᠣᠮᠢᠶ᠎ᠠ ᠶᠢᠨ ︽ | ᠡᠮᠴᠢᠯᠡᠭᠡᠨ ᠤ ᠳᠠᠭᠠᠳᠬᠠᠯ ᠤᠨ ᠺᠣᠳ᠋︾ ᠢ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠭᠠᠳᠠᠭᠰᠢ | ᠤᠬᠠᠭᠤᠯᠤᠨ ᠳᠡᠯᠭᠡᠷᠡᠭᠦᠯᠬᠦ ᠳᠡᠭᠡᠨ ︽ᠡᠮᠴᠢᠯᠡᠭᠡᠨ ᠤ ᠳᠠᠭᠠᠳᠬᠠᠯ ᠤᠨ ᠺᠣᠳ᠋︾ ᠢ ᠡᠩ ᠤᠨ ᠨᠡᠷᠡᠶᠢᠳᠦᠯ ᠪᠣᠯᠭᠠᠵᠤ᠂ | ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠲᠠᠢ ᠬᠠᠮᠲᠤ ᠳᠤᠨᠢ ᠬᠡᠷᠡᠭᠯᠡᠨ᠎ᠡ᠃ | ︵ᠵᠢᠷᠭᠤᠭ᠎ᠠ︶ ᠰᠠᠬᠢᠯᠭ᠎ᠠ ᠪᠠᠲᠤ ᠶᠢᠨ ᠬᠢᠵᠠᠭᠠᠷᠯᠠᠯ ᠢ ᠴᠢᠩᠭᠠᠷᠠᠭᠤᠯᠤᠨ᠎ᠠ᠃ ᠡᠯ᠎ᠡ ᠰᠠᠯᠠᠭ᠎ᠠ ᠮᠥᠴᠢᠷ | ᠨᠢᠭᠡᠴᠡ ᠨᠦᠭᠦᠳ ᠲᠥᠪᠯᠡᠷᠡᠭᠦᠯᠦᠨ ᠲᠠᠲᠠᠪᠤᠷᠢᠯᠠᠨ ᠲᠤᠰᠢᠶᠠᠬᠤ ᠬᠤᠭᠤᠴᠠᠭᠠᠨ ᠳᠤ᠂ ᠰᠠᠬᠢᠯᠭ᠎ᠠ ᠪᠠᠲᠤ ᠶᠣᠰᠣ | ᠲᠦᠷᠢᠮ ᠢ ᠴᠢᠩᠭ᠎ᠠ ᠰᠠᠬᠢᠵᠤ᠂ ᠲᠡᠰᠬᠡᠨ ᠲᠠᠲᠠᠪᠤᠷᠢᠯᠠᠵᠤ ᠪᠠᠯᠠ ᠴᠤᠭᠯᠠᠭᠤᠯᠵᠤ ᠪᠣᠯᠬᠤ ᠥᠬᠡᠶ᠂ ︽ᠲᠡᠷᠭᠡᠨ ᠳᠤ | ᠰᠠᠭᠤᠵᠤ︾ ᠰᠦᠢᠳᠬᠡᠯ ᠬᠤᠷᠢᠶᠠᠵᠤ ᠪᠣᠯᠬᠤ ᠥᠬᠡᠶ᠃ ᠨᠢᠭᠡᠨᠲᠡ ᠴᠤᠭᠯᠠᠭᠤᠯᠤᠭᠰᠠᠨ ᠪᠡᠯᠡ ᠮᠥᠩᠭᠦ ᠶᠢ ᠡᠷᠬᠡᠪᠰᠢ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠲᠠᠩᠰᠠᠨ ᠡᠷᠦᠭᠡ ᠳᠤ ᠴᠠᠭ ᠲᠤᠬᠠᠶ ᠳᠤᠨᠢ | ᠭᠦᠢᠴᠡᠳ ᠲᠤᠭ᠎ᠠ ᠪᠠᠷ ᠲᠤᠰᠢᠶᠠᠨ ᠬᠠᠳᠠᠭᠠᠯᠠᠭᠤᠯᠬᠤ ᠬᠡᠷᠡᠭᠲᠡᠶ᠂ ᠶᠠᠮᠠᠷᠪᠠ ᠨᠢᠭᠡᠴᠢ ᠪᠠ ᠬᠤᠪᠢ ᠬᠥᠮᠦᠨ ᠤ ᠰᠢᠬᠠᠨ | ᠡᠵᠡᠯᠡᠬᠦ᠂ ᠳᠤᠮᠳᠠ ᠠᠴᠠ ᠨᠢ ᠦᠯᠡᠳᠡᠭᠡᠬᠦ᠂ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠪᠠᠯᠠ ᠮᠥᠩᠭᠦ ᠶᠢ ᠡᠵᠡᠯᠡᠨ | ᠠᠪᠤᠭᠰᠠᠨ ᠨᠢᠭᠡᠴᠡ ᠪᠠ ᠬᠤᠪᠢ ᠬᠥᠮᠦᠨ ᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠠᠴᠠ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠠᠤᠯᠢ ᠴᠠᠭᠠᠵᠠ ᠶᠢᠨ | ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠡ | ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ ᠬᠠᠮᠢᠶ᠎ᠠ ᠪᠥᠬᠦᠶ ᠨᠢᠭᠡᠴᠡ ᠨᠦᠭᠦᠳ ᠳᠠᠭᠠᠳᠬᠠᠯ ᠳᠤ ᠣᠷᠣᠯᠴᠠᠬᠤ ᠪᠠ | ᠲᠠᠲᠠᠪᠤᠷᠢᠯᠠᠨ ᠲᠤᠰᠢᠶᠠᠵᠤ ᠣᠷᠣᠯᠠᠨ ᠭᠦᠢᠴᠡᠳᠬᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠯᠠᠨ ᠬᠤᠷᠢᠶᠠᠬᠤ | ᠨᠢᠭᠡᠴᠡ ᠶᠢᠨ ᠭᠠᠷᠲᠠᠨ ᠭᠦᠢᠴᠡᠳᠬᠡᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ | ᠬᠠᠮᠢᠶᠠᠷᠤᠯᠲᠠ ᠶᠢ ᠴᠢᠩᠭᠠᠳᠬᠠᠨ᠂ ᠨᠢᠭᠡᠳᠦᠭᠡᠷ ᠹᠷᠣᠨᠲ ᠤᠨ ᠠᠵᠢᠯᠲᠠᠨ ᠤ ᠲᠠᠲᠠᠪᠤᠷᠢᠯᠠᠨ ᠲᠤᠰᠢᠶᠠᠬᠤ ᠲᠥᠷᠥ ᠶᠢᠨ | ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ ᠣᠷᠣᠯᠠᠨ ᠬᠤᠷᠢᠶᠠᠬᠤ ᠪᠠᠯᠠ ᠮᠥᠩᠭᠦ ᠶᠢᠨ | ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ | ︵ᠳᠣᠯᠤᠭ᠎ᠠ︶ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ | ᠠᠵᠢᠯ ᠤᠨ ᠬᠡᠮᠵᠢᠶ᠎ᠡ ᠶᠡᠭᠡ᠂ ᠬᠤᠯᠪᠣᠭᠳᠠᠬᠤ ᠬᠡᠪᠴᠢᠶ᠎ᠡ ᠥᠷᠭᠡᠨ᠂ ᠡᠯ᠎ᠡ ᠰᠤᠮᠤ ᠪᠠᠯᠭᠠᠰᠤ᠂ ᠤᠯᠤᠰ ᠤᠨ | ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠡᠮ | ᠡᠮᠨᠡᠯᠭᠡ ᠶᠢᠨ ᠳᠠᠭᠠᠳᠬᠠᠯ᠂ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ᠂ ᠠᠷᠠᠳ ᠤᠨ ᠶᠠᠪᠤᠳᠠᠯ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠤᠷᠭᠠᠨ ᠬᠥᠮᠦᠵᠢᠯ᠂ ᠵᠡᠮᠳᠡᠭᠴᠦᠳ ᠤᠨ ᠬᠤᠯᠪᠣᠭ᠎ᠠ᠂ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ ᠤᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ | ᠳᠠᠷᠦ᠋ᠢᠬᠠᠨ ᠬᠤᠷᠠᠯ ᠬᠤᠷᠠᠯᠳᠤᠭᠤᠯᠵᠤ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠬᠤ ᠬᠡᠷᠡᠭᠲᠡᠶ᠃ ᠬᠤᠪᠢᠳᠠᠨ | ᠬᠠᠮᠢᠶᠠᠷᠴᠤ ᠪᠥᠬᠦᠢ ᠤᠳᠤᠷᠢᠳᠤᠯᠭ᠎ᠠ ᠪᠣᠯᠤᠨ ᠪᠣᠳᠠᠲᠠᠶ ᠠᠵᠢᠯᠳᠠᠨ ᠠᠴᠠ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠠᠵᠢᠯ ︵ᠠᠵᠢᠯᠳᠠᠨ ᠳᠤ ᠨᠡᠶᠢᠭᠡᠮ ᠲᠣᠭᠤᠷᠢᠭ᠂ ᠭᠠᠴᠠᠭ᠎ᠠ᠂ ᠬᠤᠪᠢᠶᠠᠷᠢ ᠲᠠᠯᠠᠪᠠᠢ ᠪᠠᠭᠲᠠᠨ᠎ᠠ︶ ᠢ | ᠬᠠᠷᠢᠭᠤᠴᠠᠬᠤ ᠶᠢ ᠲᠣᠳᠣᠷᠬᠠᠶᠢᠯᠠᠵᠤ᠂ ︽ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ | ᠤᠢᠢᠷ᠎ᠠ ᠬᠠᠪᠢ ᠳᠤᠨᠢ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠵᠡᠷᠭᠡ ᠠᠷᠠᠳ ᠲᠤ ᠲᠥᠬᠦᠮ | ᠦᠵᠡᠭᠦᠯᠬᠦ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ᠂ ᠭᠠᠴᠠᠭ᠎ᠠ ᠨᠢᠭᠡᠪᠦᠷᠢ ᠳᠤ | ᠴᠥᠮ ᠳᠠᠭᠠᠳᠬᠠᠯ ᠳᠤ ᠣᠷᠣᠯᠴᠠᠵᠤ ᠳᠠᠩᠰᠠᠯᠠᠭᠤᠯᠬᠤ ᠪᠠ ᠰᠦᠢᠳᠬᠡᠯ ᠲᠤᠰᠢᠶᠠᠬᠤ ᠠᠵᠢᠯ ᠢ ᠬᠠᠪᠰᠤᠷᠬᠤ ᠲᠤᠰᠬᠠᠶ | ᠬᠥᠮᠦᠨ ᠢᠶᠠᠷ ᠬᠠᠷᠢᠭᠤᠴᠠᠭᠤᠯᠬᠤ ᠬᠡᠷᠡᠭᠲᠡᠶ᠃ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠦᠨᠳᠦᠰᠦᠨ | ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢ ᠵᠢᠯᠣᠭᠤᠳᠴᠤ ᠪᠠᠶᠢᠭᠠᠳ | ᠣᠷᠣᠭᠤᠯᠤᠭᠰᠠᠨ ᠡᠮ ᠡᠮᠨᠡᠯᠭᠡ ᠶᠢᠨ ᠳᠠᠭᠠᠳᠬᠠᠯ ᠤᠨ ᠥᠪᠡᠰᠦᠪᠡᠨ ᠦᠢᠯᠡᠴᠢᠯᠡᠬᠦ ᠨᠢᠭᠡ ᠴᠣᠭᠴᠠᠲᠤ ᠮᠠᠰᠢᠨ᠂ ᠡᠮ | ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠦᠵᠦᠭᠦᠷ᠂ | ᠭᠠᠷ ᠲᠠᠭᠠᠨ ᠠᠳᠬᠤᠵᠤ ᠪᠠᠶᠢᠭ᠎ᠠ ᠦᠢᠯᠡᠴᠢᠯᠡᠭᠡᠨ ᠤ ᠦᠵᠦᠭᠦᠷ ᠵᠡᠷᠭᠡ ᠤᠶᠤᠨᠲᠤ ᠲᠥᠬᠦᠭᠡᠷᠦᠮᠵᠢ ᠶᠢ ᠰᠠᠶᠢᠲᠤᠷ | ᠡᠭᠦᠨ ᠤ ᠬᠠᠮᠲᠤ ᠨᠡᠶᠢᠭᠡᠮ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠣᠷᠣᠯᠠᠨ ᠭᠦᠢᠴᠡᠳᠬᠡᠭᠴᠢ᠂ | ᠭᠠᠴᠠᠭᠠᠨ ᠤ ᠡᠮᠴᠢᠯᠡᠭᠡᠨ ᠤ ᠳᠠᠭᠠᠳᠬᠠᠯ ᠤᠨ ᠣᠷᠣᠯᠠᠨ ᠭᠦᠢᠴᠡᠳᠬᠡᠭᠴᠢ ᠵᠡᠷᠭᠡ ᠳᠥᠷᠪᠡᠨ ᠲᠤᠬᠠᠶᠢᠯᠠᠭᠰᠠᠨ | ᠠᠵᠢᠯ ᠤᠨ ᠵᠢᠯᠣᠭᠤᠳᠣᠯᠭ᠎ᠠ ᠶᠢᠨ ᠸᠢᠴᠠᠲ ᠤᠨ ᠪᠦᠯᠦᠭᠯᠡᠯ ᠤᠨ ᠦᠢᠯᠡᠳᠦᠯ ᠢ ᠪᠠᠳᠠᠷᠠᠭᠤᠯᠵᠤ᠂ ᠱᠠᠲᠤ ᠳᠠᠷᠠᠭᠠᠯᠠᠨ | ᠲᠥᠷᠥᠯ ᠬᠤᠪᠢᠶᠠᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠵᠦ᠂ ᠣᠯᠠᠨ ᠲᠦᠮᠡᠨ ᠤ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠦᠢᠯᠡᠴᠢᠯᠡᠭᠡᠨ ᠤ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ | ᠰᠢᠢᠳᠪᠦᠷᠢᠯᠡᠬᠦ ᠬᠡᠷᠡᠭᠲᠡᠶ᠃ | |