2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠠᠮᠢᠯᠠᠭᠤᠯᠬᠤ ᠠᠵᠢᠯ ᠢ ᠰᠠᠶᠢᠲᠤᠷ ᠬᠢᠬᠦ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/9/27
2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠠᠮᠢᠯᠠᠭᠤᠯᠬᠤ ᠠᠵᠢᠯ ᠢ ᠰᠠᠶᠢᠲᠤᠷ ᠬᠢᠬᠦ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯᠡᠯ᠎ᠡ ᠰᠤᠮᠤ ᠪᠠᠯᠭᠠᠰᠤ ᠶᠢᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ᠄ᠰᠢᠯᠢ ᠶᠢᠨ ᠭᠤᠣᠯ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠂ ᠰᠢᠯᠢ ᠶᠢᠨ ᠭᠤᠣᠯ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠰᠢᠯᠢ ᠶᠢᠨ ᠭᠤᠤᠯ ᠠᠶᠢᠮᠠᠭ ᠤᠨ ᠭᠠᠶᠢᠯᠢ ᠶᠢᠨ ᠲᠣᠪᠴᠢᠶ᠎ᠠ ᠶᠢᠨ ︽2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠠᠲᠠᠪᠤᠷᠢᠯᠠᠬᠤ ᠲᠤᠬᠠᠶ ᠮᠡᠳᠡᠭᠳᠡᠯ︾ ︵ᠰᠢᠯᠢ ᠶᠢᠨ ᠭᠤᠣᠯ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠲᠠᠷᠬᠠᠭᠠᠭᠰᠠᠨ ︹ 2023 ︺ 20 ᠳ᠋ᠤᠭᠠᠷ ᠲᠣᠭᠠᠲᠤ︶ ᠪᠣᠯᠤᠨ ᠰᠢᠯᠢ ᠶᠢᠨ ᠭᠤᠤᠯ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠰᠢᠯᠢ ᠶᠢᠨ ᠭᠤᠤᠯ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ︽2024 ᠣᠨ ᠤ ᠪᠥᠬᠦ ᠠᠶᠢᠮᠠᠭ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢᠨ ᠬᠠᠷᠠᠯᠲᠠ ᠶᠢ ᠪᠠᠭᠤᠯᠭᠠᠬᠤ ᠲᠤᠬᠠᠶ ᠮᠡᠳᠡᠭᠳᠡᠯ︾ ︵ᠰᠢᠯᠢ ᠶᠢᠨ ᠭᠤᠣᠯ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠲᠠᠷᠬᠠᠭᠠᠭᠰᠠᠨ ︹ 2023 ︺ 78 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢᠨ ᠶᠣᠰᠣᠭᠠᠷ᠂ ᠮᠠᠨ ᠤ ᠬᠤᠲᠠ ᠶᠢᠨ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠨᠣᠮᠧᠷ︶ ᠶᠢ ᠠᠮᠢᠯᠠᠭᠤᠯᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ᠨᠢᠭᠡ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠴᠠᠭ2024 ᠣᠨ ᠤ ᠰᠢᠯᠢ ᠶᠢᠨ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠬᠤᠭᠤᠴᠠᠭ᠎ᠠ᠄ 2023 ᠣᠨ ᠤ 9 ᠰᠠᠷ᠎ᠠ ᠶᠢᠨ 1 ᠤ ᠡᠳᠦᠷ ᠠᠴᠠ 2024 ᠣᠨ ᠤ 3 ᠰᠠᠷ᠎ᠠ ᠶᠢᠨ 31 ᠤ ᠡᠳᠦᠷ ᠪᠣᠯᠲᠠᠯ᠎ᠠ᠃ ᠣᠯᠭᠤᠮᠵᠢ ᠡᠳ᠋ᠯᠡᠬᠦ ᠬᠤᠭᠤᠴᠠᠭ᠎ᠠ ᠨᠢ᠄ 2024 ᠣᠨ ᠤ 1 ᠰᠠᠷ᠎ᠠ ᠶᠢᠨ 1 ᠤ ᠡᠳᠦᠷ ᠠᠴᠠ 2024 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠃ᠬᠤᠶᠠᠷ᠂ ᠳᠠᠭᠠᠳᠬᠠᠯ ᠳᠤ ᠣᠷᠣᠭᠰᠠᠳᠮᠠᠨ ᠤ ᠬᠤᠳᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠵᠢᠯᠳᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠬᠠᠷᠢᠶᠠᠯᠠᠭᠳᠠᠬᠤ ᠥᠭᠡᠢ ᠬᠤᠳᠠ ᠬᠥᠳᠡᠭᠡ ᠶᠢᠨ ᠰᠠᠭᠤᠭᠠᠯᠢ ᠠᠷᠠᠳ᠂ ᠬᠤᠳᠠ ᠪᠠᠯᠭᠠᠰᠤ ᠶᠢᠨ ᠠᠵᠢᠯ ᠥᠭᠡᠢ ᠰᠠᠭᠤᠭᠠᠯᠢ ᠠᠷᠠᠳ᠂ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ᠂ ᠰᠤᠷᠭᠠᠭᠤᠯᠢ ᠳᠤ ᠪᠠᠶᠢᠭ᠎ᠠ ᠡᠯ᠎ᠡ ᠲᠥᠷᠥᠯ ᠤᠨ ᠰᠤᠷᠤᠭᠴᠢᠳ ᠰᠤᠷᠬᠤ ᠨᠠᠰᠤᠨ ᠠᠴᠠ ᠡᠮᠦᠨᠡᠬᠢ ᠬᠡᠦᠬᠡᠳ ᠵᠢᠴᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠤᠰᠤᠳ ᠬᠥᠮᠦᠰ ᠢ ᠪᠠᠭᠲᠠᠭᠠᠭᠰᠠᠨ ᠬᠤᠳᠠ ᠬᠥᠳᠡᠭᠡ ᠶᠢᠨ ᠰᠠᠭᠤᠭᠠᠯᠢ ᠠᠷᠠᠳ ᠪᠣᠯᠣᠨ᠎ᠠ᠂ ᠡᠷᠥᠭᠡ ᠠᠮᠠ ᠶᠢᠨ ᠬᠠᠷᠢᠶ᠎ᠠ ᠳᠤ ᠬᠢᠵᠠᠭᠠᠷᠯᠠᠭᠳᠠᠬᠤ ᠥᠭᠡᠢ᠃ᠭᠤᠷᠪᠠ᠂ ᠰᠦᠢᠳᠬᠡᠯ ᠲᠤᠰᠢᠶᠠᠬᠤ ᠪᠠᠷᠢᠮᠵᠢᠶ᠎ᠠ︵ᠨᠢᠭᠡ︶ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ 400 ᠲᠥᠭᠦᠷᠢᠭ / ᠬᠥᠮᠦᠨ ᠪᠣᠯᠤᠨ᠎ᠠ ︵ᠬᠤᠶᠠᠷ︶ ᠵᠣᠭᠤᠰ ᠮᠥᠩᠭᠦ ᠪᠠᠷ ᠲᠤᠰᠠᠯᠠᠵᠤ ᠳᠠᠭᠠᠳᠬᠠᠯ ᠳᠤ ᠣᠷᠣᠯᠴᠠᠭᠤᠯᠬᠤᠶᠠᠳᠠᠭᠤ ᠬᠦᠴᠢᠷᠳᠡᠯᠲᠡᠶ ᠣᠯᠠᠨ ᠲᠦᠮᠡᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠲᠤ ᠦᠷᠭᠦᠯᠵᠢᠯᠡᠨ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠᠯᠠ ᠮᠥᠩᠭᠦ ᠶᠢ ᠬᠡᠷᠡᠭᠯᠡᠨ ᠲᠥᠷᠥᠯ ᠬᠤᠪᠢᠶᠠᠨ ᠵᠣᠭᠤᠰ ᠮᠥᠩᠭᠦ ᠪᠠᠷ ᠲᠤᠰᠠᠯᠠᠨ᠎ᠠ︔ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠤᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠬᠤᠪᠢ ᠬᠥᠮᠦᠨ ᠤ ᠲᠤᠰᠢᠶᠠᠬᠤ ᠰᠦᠢᠳᠬᠡᠯ ᠤᠨ ᠬᠡᠰᠡᠭ ᠲᠤ ᠪᠥᠬᠦ ᠲᠤᠭ᠎ᠠ ᠪᠠᠷ ᠵᠣᠭᠤᠰ ᠮᠥᠩᠭᠦ ᠪᠠᠷ ᠲᠤᠰᠠᠯᠠᠨ᠎ᠠ︔ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠳᠠᠬᠢᠨ ᠶᠠᠳᠠᠭᠤᠷᠠᠭᠰᠠᠨ ᠠᠴᠠ ᠪᠣᠯᠵᠣ ᠶᠠᠳᠠᠭᠤᠷᠠᠭᠰᠠᠨ ᠬᠥᠮᠦᠨ ᠠᠮᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠬᠡᠮᠵᠢᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠬᠥᠮᠦᠰ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠬᠥᠮᠦᠰ ᠪᠠ ᠭᠡᠨᠡᠳᠲᠡ ᠡᠭᠦᠰᠬᠦ ᠬᠦᠨᠳᠦ ᠨᠣᠴᠢᠲᠠᠶ ᠬᠦᠴᠢᠷᠳᠡᠯ ᠲᠠᠢ ᠡᠷᠦᠬᠡ ᠶᠢᠨ ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 50% ᠶᠢᠨ ᠬᠠᠷᠢᠴᠠᠯ ᠢᠶᠠᠷ ᠲᠣᠭᠲᠠᠭᠰᠠᠨ ᠲᠣᠭᠠᠨ ᠤ ᠵᠣᠭᠤᠰ ᠢᠶᠠᠷ ᠲᠤᠰᠠᠯᠠᠵᠤ᠂ ᠵᠣᠭᠤᠰ ᠢᠶᠠᠷ ᠲᠤᠰᠠᠯᠠᠬᠤ ᠪᠠᠷᠢᠮᠵᠢᠶ᠎ᠠ ᠨᠢ 200 ᠲᠥᠭᠦᠷᠢᠭ ᠪᠣᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠠᠳᠤᠶ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ ᠡᠮᠴᠢᠯᠡᠭᠡᠨ ᠤ ᠲᠡᠩᠬᠡᠷᠡᠭᠦᠯᠦᠨ ᠲᠤᠰᠠᠯᠠᠵᠤ ᠳᠠᠭᠠᠳᠬᠠᠯ ᠳᠤ ᠣᠷᠣᠭᠤᠯᠬᠤ ᠲᠥᠷᠥ ᠶᠢᠨ ᠪᠣᠳᠣᠯᠭ᠎ᠠ ᠶᠢ ᠳᠠᠭᠢᠵᠤ ᠬᠦᠷᠲᠡᠭᠡᠬᠦ ᠥᠬᠡᠶ᠂ ᠬᠤᠲᠠ ᠶᠢᠨ ᠡᠳ᠋ ᠤᠨ ᠵᠠᠰᠠᠭ ᠠᠴᠠ ᠬᠥᠮᠦᠨ ᠪᠦᠷᠢ ᠳᠤ 200 ᠲᠥᠭᠦᠷᠢᠭ ᠠᠴᠠ ᠳᠣᠤᠷ᠎ᠠ ᠥᠬᠡᠶ ᠪᠠᠷᠢᠮᠵᠢᠶ᠎ᠠ ᠪᠠᠷ ᠲᠣᠭᠲᠠᠭᠰᠠᠨ ᠲᠣᠭᠠᠨ ᠤ ᠲᠤᠰᠠᠯᠠᠮᠵᠢ ᠣᠯᠭᠤᠨ᠎ᠠ᠃ ᠡᠭᠦᠨ ᠤ ᠬᠠᠮᠲᠤ ᠣᠯᠠᠨ ᠳᠠᠪᠬᠤᠷ ᠰᠢᠨᠵᠢ ᠴᠢᠨᠠᠷ ᠲᠠᠢ ᠬᠦᠴᠢᠷᠳᠡᠯᠲᠡᠶ ᠣᠯᠠᠨ ᠲᠦᠮᠡᠨ ᠳᠤ᠂ ᠥᠨᠳᠥᠷ ᠪᠠᠶᠢᠯᠭᠠᠬᠤ ᠠᠴᠠ ᠪᠢᠰᠢ ᠳᠣᠤᠷ᠎ᠠ ᠪᠠᠶᠢᠯᠭᠠᠬᠤ ᠥᠬᠡᠶ ᠪᠠᠶᠢᠬᠤ ᠵᠠᠷᠴᠢᠮ ᠶᠣᠰᠣᠭᠠᠷ ᠳᠠᠭᠠᠳᠬᠠᠯ ᠳᠤ ᠣᠷᠣᠯᠴᠠᠭᠰᠠᠨ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠂ ᠳᠠᠪᠬᠤᠷᠳᠠᠭᠤᠯᠤᠨ ᠵᠣᠭᠤᠰ ᠢᠶᠠᠷ ᠲᠤᠰᠠᠯᠠᠵᠤ ᠪᠣᠯᠬᠤ ᠥᠬᠡᠶ᠃ᠳᠥᠷᠪᠡ᠂ ᠰᠦᠢᠳᠬᠡᠯ ᠲᠤᠰᠢᠶᠠᠬᠤ ᠠᠷᠭ᠎ᠠ ᠮᠠᠶ᠋ᠢᠭᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠭᠠᠶᠢᠯᠢ ᠶᠢᠨ ᠶᠠᠪᠤᠳᠠᠯ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠭᠦᠢᠴᠡᠳᠬᠡᠵᠦ ᠪᠠᠶᠢᠭ᠎ᠠ ᠬᠥᠮᠦᠰ ᠥᠪᠡᠰᠦᠪᠡᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠤᠶᠤᠨᠴᠢᠯᠠᠭᠰᠠᠨ ᠰᠦᠯᠵᠢᠶᠡᠨ ᠳᠡᠭᠡᠷᠡᠬᠢ ᠠᠷᠭ᠎ᠠ ᠵᠠᠮ ᠪᠠ ᠰᠦᠯᠵᠢᠶᠡᠨ ᠠᠴᠠ ᠭᠠᠳᠠᠭᠤᠷᠬᠢ ᠤᠯᠠᠮᠵᠢᠯᠠᠯᠲᠤ ᠠᠷᠭ᠎ᠠ ᠵᠠᠮ ᠢᠶᠠᠷ ᠳᠠᠮᠵᠢᠭᠤᠯᠤᠨ 2024 ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠤᠰᠢᠶᠠᠨ᠎ᠠ᠃︵ᠨᠢᠭᠡ︶ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ᠃1. ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠸᠢᠴᠠᠲ ᠤᠨ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠪᠠᠭ᠎ᠠ ᠫᠷᠤᠭ᠍ᠷᠠᠮ ᠢᠶᠠᠷ ᠪᠡᠶ᠎ᠡ ᠪᠠᠨ ᠳᠠᠭᠠᠭᠠᠵᠤ ᠰᠦᠢᠳᠬᠡᠯ ᠲᠤᠰᠢᠶᠠᠵᠤ ᠪᠣᠯᠤᠨ᠎ᠠ᠃ ᠸᠢᠴᠠᠲ ᠤᠨ ᠪᠠᠭ᠎ᠠ ᠫᠷᠤᠭ᠍ᠷᠠᠮ ᠤᠨ ᠵᠠᠷᠤᠳᠠᠯ ᠲᠤᠰᠢᠶᠠᠬᠤ ᠶᠠᠪᠤᠴᠠ᠄︵1︶ ᠸᠢᠴᠠᠲ ᠪᠠᠷ ᠺᠣᠳ᠋ ᠰᠢᠷᠪᠢᠵᠦ ᠵᠢᠵᠢᠭ ᠫᠷᠤᠭ᠍ᠷᠠᠮ ᠳᠤ ᠣᠷᠣᠬᠤ ᠪᠤᠶᠤ ᠸᠢᠴᠠᠲ ᠤᠨ ᠵᠢᠵᠢᠭ ᠫᠷᠤᠭ᠍ᠷᠠᠮ ᠠᠴᠠ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠶᠢ ᠡᠷᠢᠨ᠎ᠡ᠃︵2︶ ︽ᠪᠢ ᠰᠦᠢᠳᠬᠡᠯ ᠲᠤᠰᠢᠶᠠᠨ᠎ᠠ︾ ᠭᠡᠳᠡᠭ ᠢ ᠲᠣᠪᠴᠢᠳᠠᠪᠠᠯ᠂ ᠠᠩᠬ᠎ᠠ ᠤᠳᠠᠭ᠎ᠠ ᠭᠠᠷ ᠤᠲᠠᠰᠤᠨ ᠤ ᠨᠣᠮᠧᠷ ᠢ ᠬᠤᠯᠪᠣᠬᠤ ᠬᠡᠷᠡᠭᠲᠡᠶ᠂ ᠪᠤᠰᠤᠳ ᠢ ᠣᠷᠣᠯᠠᠨ ᠲᠤᠰᠢᠶᠠᠪᠠᠯ ᠮᠦᠨ ᠥᠪᠡᠷ ᠤᠨ ᠭᠠᠷ ᠤᠲᠠᠰᠤᠨ ᠤ ᠨᠣᠮᠧᠷ ᠢ ᠬᠤᠯᠪᠣᠵᠤ ᠪᠣᠯᠤᠨ᠎ᠠ᠃︵3︶ ᠰᠦᠢᠳᠬᠡᠯ ᠲᠤᠰᠢᠶᠠᠭᠴᠢ ᠶᠢᠨ ᠪᠡᠶ᠎ᠡ ᠶᠢᠨ ᠦᠨᠡᠮᠯᠡᠯ ᠤᠨ ᠨᠣᠮᠧᠷ᠂ ᠣᠪᠣᠭ ᠨᠡᠷ᠎ᠡ ᠵᠢᠴᠢ ᠭᠠᠷ ᠤᠲᠠᠰᠤᠨ ᠤ ᠨᠣᠮᠧᠷ ᠢ ᠣᠷᠣᠭᠤᠯᠤᠭᠰᠠᠨ ᠤ ᠳᠠᠷᠠᠭ᠎ᠠ ︽ᠲᠠᠷᠠᠭᠠᠴᠢ ᠶᠢᠨ ᠠᠯᠬᠤᠮ ᠳᠤ︾ ᠭᠡᠵᠦ ᠲᠣᠪᠴᠢᠳᠠᠨ᠎ᠠ᠃︵4︶ ᠬᠠᠯᠠᠭᠤᠨ ᠳᠣᠲᠣᠨᠣ ᠰᠠᠨᠠᠭᠤᠯᠤᠮᠵᠢ ᠪᠠᠷ ︽ᠲᠣᠭᠲᠠᠭᠠᠬᠤ︾ ᠶᠢ ᠲᠣᠪᠴᠢᠳᠠᠭᠰᠠᠨ ᠤ ᠲᠠᠷᠠᠭ᠎ᠠ ︽ᠥᠪᠡᠷ ᠢᠶᠠᠨ ᠰᠦᠢᠳᠬᠡᠯ ᠲᠤᠰᠢᠶᠠᠬᠤ︾ ᠶᠢ ᠰᠣᠩᠭᠤᠨ᠎ᠠ᠃︵5︶ ᠰᠦᠢᠳᠬᠡᠯ ᠲᠤᠰᠢᠶᠠᠬᠤ ᠣᠨ ᠳᠤ 2024 ᠣᠨ ᠢ ᠰᠣᠩᠭᠤᠨ᠎ᠠ᠃︵6︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠭᠤᠬᠠᠳᠠᠨ ᠰᠣᠩᠭᠤᠵᠤ᠂ ᠬᠠᠷᠭᠤᠭᠤᠯᠬᠤ ᠶᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠰᠢᠯᠢ ᠶᠢᠨ ᠬᠤᠲᠠ ︵ᠰᠢᠨ᠎ᠡ ᠡᠮ ᠡᠮᠨᠡᠯᠭᠡ ᠶᠢᠨ ᠳᠠᠭᠠᠳᠬᠠᠯ︶ ᠪᠣᠯᠤᠨ᠎ᠠ᠃︵7︶ ᠲᠤᠰᠢᠶᠠᠬᠤ ᠶᠣᠰᠣᠲᠠᠶ ᠰᠦᠢᠳᠬᠡᠯ 400 ᠲᠥᠭᠦᠷᠢᠭ ᠢ ᠰᠣᠩᠭᠤᠵᠤ᠂ ᠲᠤᠰᠢᠶᠠᠬᠤ ᠶᠣᠰᠣᠲᠠᠶ ᠰᠦᠢᠳᠬᠡᠯ ᠤᠨ ᠮᠡᠳᠡᠭᠡ ᠵᠠᠩᠭᠢ ᠪᠠᠨ ᠲᠤᠰᠢᠶᠠᠵᠤ ᠨᠤᠲᠠᠯᠠᠭᠰᠠᠨ ᠤ ᠳᠠᠷᠠᠭ᠎ᠠ ︽ᠲᠤᠰᠢᠶᠠᠬᠤ ᠰᠦᠢᠳᠬᠡᠯ ᠢ ᠨᠤᠲᠠᠯᠠᠨ ᠲᠣᠭᠲᠠᠭᠠᠬᠤ︾ ᠶᠢ ᠲᠣᠪᠴᠢᠳᠠᠨ᠎ᠠ᠃︵8︶ ᠵᠠᠯᠭᠠᠭᠠᠳ ᠳᠠᠷᠤᠶ ᠰᠠᠨᠠᠭᠤᠯᠭ᠎ᠠ ᠶᠢᠨ ᠶᠣᠰᠣᠭᠠᠷ ᠵᠣᠭᠤᠰ ᠥᠭᠴᠦ ᠪᠣᠯᠤᠨ᠎ᠠ᠃ᠬᠠᠯᠠᠭᠤᠨ ᠳᠣᠲᠣᠨᠣ ᠰᠠᠨᠠᠭᠤᠯᠤᠮᠵᠢ᠄ ᠲᠣᠭᠠᠴᠠᠭ᠎ᠠ ᠬᠢᠭᠡᠳ ᠠᠮᠵᠢᠯᠲᠠ ᠣᠯᠤᠭᠰᠠᠨ ᠤ ᠳᠠᠷᠠᠭ᠎ᠠ 2-3 ᠠᠵᠢᠯᠯᠠᠬᠤ ᠡᠳᠦᠷ ᠤᠨ ᠳᠠᠷᠠᠭ᠎ᠠ ᠵᠢᠵᠢᠭ ᠫᠷᠤᠭ᠍ᠷᠠᠮ ᠤᠨ ᠳᠣᠲᠣᠷ᠎ᠠ ᠡᠯᠧᠺᠲᠷᠣᠨ ᠭᠡᠷᠡᠴᠢ ᠪᠠᠷᠢᠮᠲᠠ ᠭᠠᠷᠭᠠᠵᠤ ᠪᠣᠯᠤᠨ᠎ᠠ ︵ᠴᠠᠭᠠᠰᠤᠨ ᠭᠡᠷᠡᠴᠢ ᠲᠡᠮᠳᠡᠭ ᠤᠨ ᠬᠠᠤᠯᠢ ᠴᠠᠭᠠᠵᠠ ᠶᠢᠨ ᠬᠦᠴᠦᠨ ᠲᠠᠢ ᠠᠳᠠᠯᠢ︶᠃2. ︽ᠰᠢᠯᠢ ᠶᠢᠨ ᠭᠤᠤᠯ ᠤᠨ ᠡᠮ ᠡᠮᠨᠡᠯᠭᠡ ᠶᠢᠨ ᠳᠠᠭᠠᠳᠬᠠᠯ︾ ᠤᠨ ᠸᠢᠴᠠᠲ ᠤᠨ ᠨᠡᠶᠢᠲᠡ ᠶᠢᠨ ᠳ᠋ᠤᠭᠠᠷ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠪᠠᠷ ᠳᠠᠮᠵᠢᠭᠤᠯᠤᠨ ᠲᠦᠷᠭᠡᠨ ᠰᠦᠢᠳᠬᠡᠯ ᠲᠤᠰᠢᠶᠠᠵᠤ ᠪᠣᠯᠤᠨ᠎ᠠ᠃3. ︽ᠥᠪᠥᠷ ᠮᠣᠩᠭᠤᠯ ᠤᠨ ᠮᠦᠩᠬᠡ ᠰᠣᠪᠠᠭ︾ ᠤᠨ ᠭᠠᠷ ᠤᠲᠠᠰᠤᠨ ᠤ ᠬᠡᠷᠡᠭᠯᠡᠭᠴᠢ ᠶᠢᠨ ᠦᠵᠦᠭᠦᠷ ᠲᠠᠬᠢ ︽ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠦᠢᠯᠡᠴᠢᠯᠡᠭᠡ ᠪᠠᠷ ᠳᠠᠮᠵᠢᠭᠤᠯᠤᠨ ᠪᠡᠶ᠎ᠡ ᠪᠠᠨ ᠳᠠᠭᠠᠭᠠᠵᠤ ᠰᠦᠢᠳᠬᠡᠯ ᠲᠤᠰᠢᠶᠠᠵᠤ ᠪᠣᠯᠤᠨ᠎ᠠ᠃4. ᠸᠢᠴᠠᠲ ᠤᠨ ︽ᠬᠤᠲᠠ ᠶᠢᠨ ᠦᠢᠯᠡᠴᠢᠯᠡᠭᠡ︾ ᠶᠢᠨ ᠵᠠᠭᠪᠤᠷ ᠲᠤ ᠣᠷᠣᠵᠤ᠂ ᠬᠡᠷᠡᠭ ᠡᠷᠭᠢᠯᠡᠬᠦ ᠲᠢᠩᠬᠢᠮ ᠤᠨ ︽ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠪᠠᠷ ᠳᠠᠮᠵᠢᠭᠤᠯᠤᠨ ᠪᠡᠶ᠎ᠡ ᠪᠠᠨ ᠳᠠᠭᠠᠭᠠᠵᠤ ᠰᠦᠢᠳᠬᠡᠯ ᠲᠤᠰᠢᠶᠠᠵᠤ ᠪᠣᠯᠤᠨ᠎ᠠ᠃5. ︽ᠲᠣᠭᠠᠴᠠᠭ᠎ᠠ ᠡᠷᠳᠡᠨᠢ︾ ᠬᠤᠲᠠ ᠶᠢᠨ ᠠᠷᠠᠳ ᠤᠨ ᠲᠥᠪ ᠤᠨ ︽ᠨᠡᠶᠢᠭᠡᠮ ᠤᠨ ᠳᠠᠭᠠᠳᠬᠠᠯ︾ ᠤᠨ ᠠᠭᠤᠯᠵᠠᠷ ᠢᠶᠠᠷ ᠳᠠᠮᠵᠢᠭᠤᠯᠤᠨ ᠥᠪᠡᠷ ᠢᠶᠠᠨ ᠰᠦᠢᠳᠬᠡᠯ ᠲᠤᠰᠢᠶᠠᠵᠤ ᠪᠣᠯᠤᠨ᠎ᠠ᠃︵ᠬᠤᠶᠠᠷ︶ ᠰᠦᠯᠵᠢᠶᠡᠨ ᠠᠴᠠ ᠭᠠᠳᠠᠨ᠎ᠠ ᠰᠦᠢᠳᠬᠡᠯ ᠲᠤᠰᠢᠶᠠᠬᠤ᠃ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶᠂ ᠭᠠᠴᠠᠭ᠎ᠠ ︵ᠨᠡᠶᠢᠭᠡᠮ ᠲᠣᠭᠤᠷᠢᠭ︶ ᠶᠢᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ︶ ᠳᠤ ᠬᠦᠷᠴᠦ᠂ ᠡᠮᠴᠢᠯᠡᠭᠡᠨ ᠤ ᠳᠠᠭᠠᠳᠬᠠᠯ ᠤᠨ ᠣᠷᠣᠯᠠᠨ ᠭᠦᠢᠴᠡᠳᠬᠡᠭᠴᠢ ᠪᠠᠷ ᠳᠡᠮᠵᠢᠨ ᠣᠷᠣᠯᠠᠨ ᠭᠦᠢᠴᠡᠳᠬᠡᠵᠦ᠂ ᠮᠡᠳᠡᠭᠡ ᠵᠠᠩᠭᠢᠵᠢᠯᠲᠠ ᠶᠢᠨ ᠦᠵᠦᠭᠦᠷ ᠪᠤᠶᠤ ᠭᠠᠷ ᠤᠲᠠᠰᠤ ᠪᠠᠷ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠠᠰᠢᠭᠯᠠᠨ ᠳᠠᠭᠠᠳᠬᠠᠯ ᠳᠤ ᠣᠷᠣᠯᠴᠠᠨ ᠰᠦᠢᠳᠬᠡᠯ ᠲᠤᠰᠢᠶᠠᠵᠤ ᠪᠣᠯᠤᠨ᠎ᠠ︔ ᠲᠣᠰ ᠬᠥᠮᠦᠨ ᠤ ᠪᠡᠶ᠎ᠡ ᠶᠢᠨ ᠦᠨᠡᠮᠯᠡᠯ ᠢᠶᠠᠨ ᠠᠪᠴᠤ ᠭᠠᠶᠢᠯᠢ ᠶᠢᠨ ᠶᠠᠪᠤᠳᠠᠯ ᠤᠨ ᠪᠣᠳᠠᠲᠤ ᠲᠢᠩᠬᠢᠮ ᠤᠨ ᠴᠣᠩᠬᠤᠨ ᠳᠤ ᠬᠦᠷᠴᠦ ᠬᠥᠮᠦᠨ ᠪᠠᠷ ᠲᠤᠰᠢᠶᠠᠵᠤ ᠪᠣᠯᠤᠨ᠎ᠠ᠂ ᠣᠶᠤᠨᠴᠢ ᠲᠥᠬᠦᠭᠡᠷᠦᠮᠵᠢ ᠪᠠᠷ ᠰᠦᠢᠳᠬᠡᠯ ᠲᠤᠰᠢᠶᠠᠬᠤ ᠠᠷᠭ᠎ᠠ ᠦᠭᠡᠶ ᠳᠠᠭᠠᠳᠬᠠᠯ ᠳᠤ ᠣᠷᠣᠯᠴᠠᠭᠰᠠᠳ ᠥᠪᠡᠷ ᠤᠨ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠨ ᠠᠪᠴᠤ ᠣᠶᠢᠷ᠎ᠠ ᠬᠠᠪᠢ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠪᠤᠶᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠴᠣᠩᠬᠤᠨ ᠳᠤ ᠬᠦᠷᠴᠦ ︽ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠮᠡᠳᠡᠭᠳᠡᠯ ᠤᠨ ᠬᠠᠭᠤᠳᠠᠰᠤ︾ ᠶᠢ ᠳᠠᠷᠣᠮᠯᠠᠭᠠᠳ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠺᠠᠷᠲ ᠪᠤᠶᠤ ᠪᠡᠯᠡᠨ ᠵᠣᠭᠤᠰ ᠢᠶᠠᠷ ᠢᠶᠠᠨ ᠣᠶᠢᠷ᠎ᠠ ᠬᠠᠪᠢ ᠶᠢᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠲᠣᠤᠷ ᠴᠢᠭ ᠤᠨ ᠴᠣᠩᠬᠤ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠤᠶᠤᠨᠲᠤ ᠯᠠᠩᠭᠦᠶ ᠶᠢᠨ ᠮᠠᠰᠢᠨ ︵STM︶᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠢᠦᠶ ᠨᠦᠩ ᠲᠦᠩ ᠵᠡᠷᠭᠡ ᠠᠷᠭ᠎ᠠ ᠮᠠᠶ᠋ᠢᠭ ᠢᠶᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠵᠠᠷᠤᠳᠠᠯ ᠢ ᠲᠤᠰᠢᠶᠠᠨ᠎ᠠ᠃ᠲᠠᠪᠤ᠂ ᠠᠵᠢᠯ ᠤᠨ ᠱᠠᠭᠠᠷᠳᠠᠯᠭ᠎ᠠ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠬᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠨ ᠤ ᠪᠣᠳᠠᠲᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠪᠣᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠣᠯ ᠣᠳᠣᠬᠠᠨ ᠤ ᠬᠠᠮᠤᠭ ᠤᠨ ᠰᠠᠭᠤᠷᠢ ᠪᠣᠯᠬᠤ᠂ ᠬᠠᠮᠤᠷᠬᠤ ᠬᠡᠪᠴᠢᠶ᠎ᠡ ᠪᠠᠷ ᠬᠠᠮᠤᠭ ᠤᠨ ᠥᠷᠭᠡᠨ ᠨᠢᠭᠡ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠮᠥᠨ᠂ ᠣᠯᠠᠨ ᠲᠦᠮᠡᠨ ᠠᠩᠬᠠᠷᠴᠤ᠂ ᠨᠡᠶᠢᠭᠡᠮ ᠨᠡᠶᠢᠲᠡ ᠪᠠᠷ ᠢᠶᠠᠨ ᠠᠩᠬᠠᠷᠴᠤ ᠪᠠᠶᠢᠭ᠎ᠠ ᠴᠢᠬᠤᠯᠠ ᠶᠡᠭᠡ ᠠᠴᠢ ᠬᠤᠯᠪᠣᠭᠳᠠᠯ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠭᠡᠳᠡᠭ ᠢ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠭᠦᠢᠴᠡᠳ ᠲᠠᠨᠢᠬᠤ ᠬᠡᠷᠡᠭᠲᠡᠶ᠃ ᠠᠵᠢᠯ ᠤᠨ ᠡᠭᠦᠷᠭᠡ ᠬᠠᠷᠢᠭᠤᠴᠠᠯᠭ᠎ᠠ ᠪᠠ ᠪᠣᠳᠠᠲᠠᠶ ᠡᠭᠦᠷᠭᠡ ᠶᠢ ᠲᠣᠳᠣᠷᠬᠠᠶ ᠪᠣᠯᠭᠠᠵᠤ᠂ ᠠᠵᠢᠯ ᠤᠨ ᠲᠣᠭᠲᠠᠴᠠ ᠶᠢ ᠪᠦᠷᠢᠨᠰᠢᠬᠦᠯᠦᠨ᠂ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠪᠥᠬᠦ ᠬᠤᠲᠠ ᠶᠢᠨ ᠣᠨ ᠤ ᠬᠠᠷᠠᠯᠲᠠ ᠡᠭᠦᠷᠭᠡ ᠶᠢᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠨᠣᠮᠧᠷ︶ ᠶᠢ ᠳᠡᠯᠭᠡᠷᠡᠭᠦᠯᠦᠨ ᠬᠡᠷᠡᠭᠯᠡᠬᠦ ᠪᠣᠯ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ︽ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠭᠦᠨᠵᠡᠭᠡᠶ ᠲᠤᠤᠱᠯᠠᠭᠤᠯᠬᠤ ᠶᠢᠨ ᠪᠣᠳᠠᠲᠠᠶ ᠢᠯᠡᠷᠡᠯ ᠮᠥᠨ᠂ ᠪᠠᠰᠠ ᠴᠤ ᠴᠢᠬᠤᠯᠠ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠳᠤ ᠵᠣᠬᠢᠴᠠᠭᠤᠯᠬᠤ ᠶᠢᠨ ᠲᠤᠯᠭᠠᠮ᠎ᠠ ᠱᠠᠭᠠᠷᠳᠠᠯᠭ᠎ᠠ ᠮᠥᠨ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ 765 ᠳ᠋ᠤᠭᠠᠷ ᠵᠠᠷᠯᠢᠭ ᠢᠶᠠᠷ ᠨᠡᠶᠢᠲᠡᠯᠡᠭᠰᠡᠨ ︽ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠬᠡᠬᠦ ᠲᠦᠷᠢᠮ︾ ᠳᠤ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠣᠯ ᠬᠤᠪᠢ ᠬᠥᠮᠦᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ ᠵᠡᠷᠭᠡ ᠨᠡᠶᠢᠭᠡᠮ ᠤᠨ ᠳᠠᠭᠠᠳᠬᠠᠯ ᠳᠤ ᠣᠷᠣᠯᠴᠠᠬᠤ ᠪᠠ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ ᠵᠡᠷᠭᠡ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠭᠥᠷᠳᠡᠬᠦ ᠭᠡᠷᠡᠴᠢ ᠪᠠᠷᠢᠮᠲᠠ ᠮᠥᠨ︾ ᠭᠡᠵᠦ ᠲᠣᠳᠣᠷᠬᠠᠶ ᠲᠣᠭᠲᠠᠭᠠᠵᠠᠶ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ ᠵᠡᠷᠭᠡ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠪᠦᠬᠦᠨ ᠲᠣᠭᠲᠠᠭᠠᠯ ᠶᠣᠰᠣᠭᠠᠷ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠠᠮᠢᠯᠠᠭᠤᠯᠬᠤ ᠬᠡᠷᠡᠭᠲᠡᠶ᠃ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠨᠢ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢᠨ ᠠᠮᠢᠯᠠᠭᠤᠯᠤᠭᠰᠠᠨ ᠨᠣᠷᠮ᠎ᠠ ᠶᠢ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 90% ᠠᠴᠠ ᠳᠡᠭᠡᠭᠰᠢ ᠳᠤ ᠬᠦᠷᠦᠭᠦᠯᠬᠦ ᠪᠠᠷ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠨ ᠤ ᠪᠣᠳᠠᠲᠤ ᠠᠮᠵᠢᠯᠲᠠ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠪᠣᠯᠭᠠᠨ᠎ᠠ᠃ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢ ᠳᠡᠯᠭᠡᠷᠡᠭᠦᠯᠦᠨ ᠬᠡᠷᠡᠭᠯᠡᠬᠦ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠥᠬᠦ ᠲᠠᠯ᠎ᠠ ᠪᠠᠷ ᠲᠦᠭᠡᠮᠡᠯᠵᠢᠭᠦᠯᠦᠨ ᠳᠡᠯᠭᠡᠷᠡᠭᠦᠯᠵᠦ᠂ ᠠᠮᠢᠯᠠᠭᠤᠯᠬᠤ ᠨᠣᠷᠮ᠎ᠠ ᠶᠢ ᠲᠦᠷᠭᠡᠳᠬᠡᠨ ᠳᠡᠭᠡᠭᠰᠢᠯᠡᠭᠦᠯᠵᠦ᠂ ᠠᠮᠢᠯᠠᠭᠤᠯᠬᠤ ᠬᠠᠷᠠᠯᠲᠠ ᠶᠢᠨ ᠡᠭᠦᠷᠭᠡ ᠶᠢ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ 2023 ᠣᠨ ᠤ 7 ᠰᠠᠷ᠎ᠠ ᠶᠢᠨ 30 ᠤ ᠡᠳᠦᠷ ᠪᠣᠯᠲᠠᠯ᠎ᠠ᠂ ᠮᠠᠨ ᠤ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 131862 ᠪᠠᠶᠢᠵᠤ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢᠨ ᠠᠮᠢᠯᠠᠭᠤᠯᠤᠭᠰᠠᠨ ᠲᠤᠭ᠎ᠠ 65282 ᠪᠠᠶᠢᠵᠤ ᠂ ᠠᠮᠢᠯᠠᠭᠤᠯᠤᠭᠰᠠᠨ ᠨᠣᠷᠮ᠎ᠠ 49.51% ᠪᠠᠶᠢᠵᠤ᠂ ᠪᠥᠬᠦ ᠠᠶᠢᠮᠠᠭ ᠤᠨ ᠳᠥᠷᠪᠡᠳᠦᠭᠡᠷ ᠲᠤ ᠵᠢᠭᠰᠠᠭᠠᠭᠳᠠᠵᠤ᠂ ᠡᠯᠧᠺᠲᠷᠣᠨ ᠡᠮ ᠡᠮᠨᠡᠯᠭᠡ ᠶᠢᠨ ᠳᠠᠭᠠᠳᠬᠠᠯ ᠤᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢᠨ ᠳ᠋ᠦᠩᠨᠡᠨ ᠪᠤᠳᠤᠯᠲᠠ 41590 ᠬᠤᠪᠢ ᠪᠠᠶᠢᠵᠤ᠂ ᠳ᠋ᠦᠩᠨᠡᠨ ᠪᠤᠳᠤᠭᠰᠠᠨ ᠨᠣᠷᠮ᠎ᠠ 43.31% ᠪᠠᠶᠢᠵᠤ᠂ ᠪᠥᠬᠦ ᠠᠶᠢᠮᠠᠭ ᠤᠨ ᠬᠤᠶᠠᠳᠤᠭᠠᠷ ᠲᠤ ᠵᠢᠭᠰᠠᠭᠠᠭᠳᠠᠵᠤ᠂ ᠪᠥᠬᠦ ᠠᠶᠢᠮᠠᠭ ᠤᠨ ᠬᠢᠨᠠᠨ ᠰᠢᠯᠭᠠᠬᠤ ᠱᠠᠭᠠᠷᠳᠠᠯᠭ᠎ᠠ ᠶᠢᠨ ︽2023 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠠᠮᠢᠯᠠᠭᠤᠯᠤᠭᠰᠠᠨ ᠨᠣᠷᠮ᠎ᠠ 90%  ᠠᠴᠠ ᠲᠡᠭᠡᠭᠡᠰᠢ ᠪᠠᠶᠢᠬᠤ︾  ᠠᠴᠠ ᠨᠡᠯᠢᠶᠡᠳ ᠵᠦᠷᠢᠶ᠎ᠡ ᠲᠠᠢ ᠪᠠᠶᠢᠨ᠎ᠠ᠃︵ᠬᠤᠶᠠᠷ︶ ᠬᠠᠷᠠᠯᠲᠠ ᠶᠢᠨ ᠡᠭᠦᠷᠭᠡ ᠶᠢ ᠲᠣᠳᠣᠷᠬᠠᠶᠢᠯᠠᠨ᠎ᠠ᠃ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ︽ᠰᠢᠯᠢ ᠶᠢᠨ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾ ︵ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠠᠯᠪᠠᠨ ᠭᠡᠷ ᠤᠨ ᠲᠠᠷᠬᠠᠭᠠᠭᠰᠠᠨ ︹ 2021 ︺ 27 ᠳ᠋ᠤᠭᠠᠷ ᠲᠣᠭᠠᠲᠤ︶ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠ ᠡᠮᠴᠢᠯᠡᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠬᠡᠷᠡᠭᠲᠡᠶ᠃ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠨᠢ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢ ᠭᠠᠷᠲᠠᠨ ᠭᠦᠢᠴᠡᠳᠬᠡᠬᠦ ᠶᠢᠨ ᠬᠡᠷᠡᠭᠵᠢᠭᠦᠯᠬᠦ ᠨᠠᠷᠢᠨ ᠲᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠠᠯᠪᠠᠨ ᠭᠡᠷ ᠤᠨ ᠲᠠᠷᠬᠠᠭᠠᠭᠰᠠᠨ ︹ 2022 ︺ 16 ᠳ᠋ᠤᠭᠠᠷ ᠲᠣᠭᠠᠲᠤ︶ ᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠰ ᠭᠠᠵᠠᠷ ᠣᠷᠣᠨ ᠤ ᠭᠠᠶᠢᠯᠢ ᠶᠢᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠤᠷᠭᠠᠨ ᠬᠥᠮᠦᠵᠢᠯ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠰᠣᠯᠢᠯᠴᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯᠲᠠᠨ ᠤ ᠮᠡᠳᠡᠭᠡ ᠵᠠᠩᠭᠢ ᠶᠢᠨ ᠬᠠᠷᠢᠴᠠᠭᠤᠯᠤᠯ ᠢ ᠴᠢᠩᠭᠠᠳᠬᠠᠨ᠂ ᠪᠠᠲᠤᠯᠠᠭ᠎ᠠ ᠪᠠᠨ ᠲᠠᠰᠤᠯᠤᠭᠰᠠᠨ᠂ ᠪᠠᠲᠤᠯᠠᠭ᠎ᠠ ᠪᠠᠨ ᠵᠣᠭᠰᠣᠭᠠᠭᠰᠠᠨ ᠬᠥᠮᠦᠰ ᠵᠡᠷᠭᠡ ᠪᠠᠶᠢᠳᠠᠯ ᠢ ᠬᠢᠨᠠᠨ ᠬᠠᠷᠭᠤᠭᠤᠯᠵᠤ᠂ ᠨᠠᠷᠢᠯᠢᠭ ᠣᠨᠣᠴᠠᠲᠠᠶ ᠪᠠᠷ ᠲᠣᠭᠲᠠᠭᠠᠵᠤ᠂ ᠳᠠᠭᠠᠳᠬᠠᠯ ᠳᠤ ᠣᠷᠤᠭ᠎ᠠ ᠥᠬᠡᠶ ᠬᠥᠮᠦᠰ ᠢ ᠬᠥᠳᠡᠯᠦᠩᠭᠦᠶ ᠪᠠᠷ ᠰᠢᠨᠡᠳᠬᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ ᠳᠠᠶᠢᠴᠢᠯᠠᠯᠲᠠ ᠶᠢᠨ ᠠᠵᠢᠯ ᠢ ᠰᠠᠶᠢᠲᠤᠷ ᠬᠢᠬᠦ ᠶᠢ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ ︽ᠰᠢᠯᠢ ᠶᠢᠨ ᠭᠤᠤᠯ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ  ᠡᠳ᠋ ᠤᠨ ᠵᠠᠰᠠᠭ ᠤᠨ ᠲᠣᠪᠴᠢᠶ᠎ᠠ   ᠠᠷᠠᠳ ᠤᠨ ᠶᠠᠪᠤᠳᠠᠯ ᠤᠨ ᠲᠣᠪᠴᠢᠶ᠎ᠠ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ   ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ   ᠰᠢᠯᠢ ᠶᠢᠨ ᠭᠤᠤᠯ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ  ᠰᠢᠯᠢ ᠶᠢᠨ ᠭᠤᠤᠯ ᠠᠶᠢᠮᠠᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠦᠴᠢᠷᠳᠡᠯᠲᠡᠶ ᠬᠥᠮᠦᠰ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠴᠤᠪᠤᠷᠠᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠰᠢᠯᠢ ᠶᠢᠨ ᠭᠤᠤᠯ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠲᠠᠷᠬᠠᠭᠠᠭᠰᠠᠨ ︹ 2022 ︺ 50 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠥᠷᠥᠯ ᠬᠤᠪᠢᠶᠠᠨ ᠵᠣᠭᠤᠰ ᠢᠶᠠᠷ ᠲᠤᠰᠠᠯᠠᠵᠤ ᠳᠠᠭᠠᠳᠬᠠᠯ ᠳᠤ ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ᠡᠯ᠎ᠡ ᠰᠤᠮᠤ ᠪᠠᠯᠭᠠᠰᠤ ᠶᠢᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠭᠠᠴᠠᠭ᠎ᠠ᠂ ᠨᠡᠶᠢᠭᠡᠮ ᠲᠣᠭᠤᠷᠢᠭ ᠢᠶᠠᠷ ᠨᠢᠭᠡᠴᠢ ᠪᠣᠯᠭᠠᠨ᠂ ᠬᠠᠷᠢᠶᠠᠲᠤ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠪᠠᠷ ᠰᠠᠭᠤᠷᠢ ᠲᠤᠭ᠎ᠠ ᠪᠣᠯᠭᠠᠵᠤ᠂ ᠬᠠᠷᠢᠶᠠᠲᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ ᠪᠠ ᠭᠠᠳᠠᠷ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠣᠷᠳᠣ ᠬᠤᠭᠤᠴᠠᠭ᠎ᠠ ᠪᠠᠷ ᠰᠠᠭᠤᠭ᠎ᠠ ᠬᠥᠮᠦᠰ ᠢ ᠢᠯᠭᠠᠵᠤ᠂ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠬᠥᠳᠡᠯᠦᠩᠭᠦᠶ ᠪᠠᠷ ᠡᠵᠡᠮᠰᠢᠨ᠂ ᠳᠠᠭᠠᠳᠬᠠᠯ ᠳᠤ ᠣᠷᠣᠯᠴᠠᠭᠰᠠᠨ ᠡᠬᠡ ᠲᠠᠩᠰᠠ ︵ᠳᠠᠭᠠᠯᠳᠤᠭᠤᠯᠤᠯ 1︶ ᠶᠢ ᠪᠠᠶᠢᠭᠤᠯᠵᠤ᠂ ᠲᠥᠷᠥᠯ ᠬᠤᠪᠢᠶᠠᠨ ᠲᠠᠩᠰᠠ ᠡᠪᠬᠡᠮᠡᠯ ᠪᠠᠶᠢᠭᠤᠯᠤᠨ ᠳᠡᠩᠰᠡᠯᠡᠵᠦ᠂ ᠳᠠᠭᠠᠳᠬᠠᠯ ᠳᠤ ᠣᠷᠣᠯᠴᠠᠭᠰᠠᠨ ᠲᠤᠭ᠎ᠠ ᠪᠠᠷᠢᠮᠲᠠ ᠶᠢᠨ ᠬᠥᠮᠥᠷᠭᠡ ᠶᠢ ᠪᠦᠷᠢᠯᠳᠦᠭᠦᠯᠬᠦ ᠬᠡᠷᠡᠭᠲᠡᠶ᠃ ᠳᠠᠭᠠᠳᠬᠠᠯ ᠳᠤ ᠣᠷᠣᠯᠴᠠᠬᠤ ᠶᠣᠰᠣᠲᠠᠶ ᠬᠥᠮᠦᠰ᠂ ᠨᠢᠭᠡᠨᠲᠡ ᠳᠠᠭᠠᠳᠬᠠᠯ ᠳᠤ ᠣᠷᠣᠯᠴᠠᠭᠰᠠᠨ ᠬᠥᠮᠦᠰ᠂ ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ ᠵᠡᠷᠭᠡ ᠰᠠᠭᠤᠷᠢ ᠮᠡᠳᠡᠭᠡ ᠵᠠᠩᠭᠢ ᠶᠢ ᠬᠠᠷᠭᠤᠭᠤᠯᠤᠨ ᠵᠥᠪᠰᠢᠶᠡᠷᠡᠵᠦ᠂ ᠬᠤᠷᠢᠶᠠᠩᠭᠤᠶᠢᠯᠠᠨ ᠪᠦᠷᠢᠳᠬᠡᠭᠰᠡᠨ ᠳᠠᠭᠠᠳᠬᠠᠯ ᠳᠤ ᠣᠷᠣᠯᠴᠠᠭᠰᠠᠨ ᠲᠤᠭ᠎ᠠ ᠪᠠᠷᠢᠮᠲᠠ ᠶᠢᠨ ᠯᠣᠭᠢᠭ ᠤᠨ ᠬᠠᠷᠢᠴᠠᠭ᠎ᠠ ᠶᠢᠨ ᠵᠦᠶ ᠵᠣᠬᠢᠰᠲᠠᠶ ᠪᠠᠶᠢᠬᠤ ᠶᠢ ᠦᠨᠡᠨᠬᠦ ᠪᠠᠲᠤᠯᠠᠵᠤ᠂ ᠨᠡᠷᠡᠰ ᠢ ᠲᠣᠭᠲᠠᠮᠠᠯ ᠬᠤᠭᠤᠴᠠᠭ᠎ᠠ ᠲᠠᠢ ᠪᠠᠷ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠬᠠᠩᠭᠠᠬᠤ ᠬᠡᠷᠡᠭᠲᠡᠶ᠃ ᠮᠠᠯᠴᠢᠨ ᠲᠠᠷᠢᠶᠠᠴᠢᠨ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠭᠤᠯᠵᠤ᠂ ︽2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠡᠯ᠎ᠡ ᠬᠠᠷᠢᠶ᠎ᠠ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠣᠷᠴᠢᠮ ᠳᠤ ᠬᠦᠷᠦᠭᠦᠯᠬᠦ︾ ᠱᠠᠲᠤ ᠦᠶ᠎ᠡ ᠶᠢᠨ ᠴᠢᠨᠠᠷᠲᠠᠶ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ︽2024 ᠣᠨ ᠤ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠡᠯ᠎ᠡ ᠬᠠᠷᠢᠶ᠎ᠠ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠬᠦ︾ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ︶ ᠶᠢᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠲᠠᠢ ᠵᠣᠯᠭᠠᠭᠤᠯᠬᠤ ᠂ ᠰᠦᠯᠵᠢᠶᠡᠨ ᠤ ᠲᠠᠰᠤᠯᠤᠭᠴᠢ ᠲᠠᠢ ᠬᠤᠯᠪᠣᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠢ ᠰᠢᠮᠳᠠᠭᠤᠯᠵᠤ ᠪᠠᠶᠢᠭᠠᠳ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢ ᠠᠮᠢᠯᠠᠭᠤᠯᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠯᠤᠭ᠎ᠠ ᠨᠢᠭᠡᠳᠦᠯᠲᠡᠶ ᠲᠥᠯᠥᠪᠯᠡᠨ ᠠᠬᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠰᠦᠢᠳᠬᠡᠯ ᠲᠤᠰᠢᠶᠠᠬᠤ ᠳᠠᠭᠠᠨ ᠬᠠᠮᠲᠤ ᠳᠤᠨᠢ ᠠᠮᠢᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ᠰᠤᠷᠭᠠᠨ ᠬᠥᠮᠦᠵᠢᠯ ᠤᠨ ᠲᠣᠪᠴᠢᠶ᠎ᠠ ᠠᠴᠠ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ᠂ ᠣᠷᠣᠯᠴᠠᠬᠤ ᠶᠣᠰᠣᠲᠠᠶ ᠶᠢ ᠨᠢ ᠴᠥᠮ ᠣᠷᠣᠯᠴᠠᠭᠤᠯᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠨᠢ ᠴᠢᠩᠭᠠᠳᠬᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠠᠵᠢᠯ ᠢ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ᠂ ᠠᠬᠠᠮᠠᠳ ᠰᠣᠷᠣᠭᠴᠢ ᠶᠢᠨ ᠰᠦᠢᠳᠬᠡᠯ ᠲᠤᠰᠢᠶᠠᠬᠤ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ ᠬᠠᠮᠲᠤ ᠳᠤᠨᠢ ᠨᠠᠶᠢᠳᠠᠪᠤᠷᠢᠵᠢᠭᠤᠯᠵᠤ᠂ ᠲᠤᠰᠬᠠᠶ ᠬᠥᠮᠦᠨ ᠵᠢᠭᠠᠨ ᠲᠣᠭᠲᠠᠭᠠᠵᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠲᠠᠢ ᠵᠣᠯᠭᠠᠭᠤᠯᠵᠤ᠂ ᠰᠣᠷᠣᠭᠴᠢ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠶ᠃ ᠰᠢᠯᠢ ᠶᠢᠨ ᠬᠤᠲᠠ ᠭᠠᠵᠠᠷ ᠣᠷᠣᠨ ᠤ ᠪᠣᠶ ᠪᠥᠬᠦᠶ ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠥᠨᠳᠥᠷ ᠵᠡᠷᠭᠡ︶ ᠵᠡᠷᠭᠡ ᠳᠡᠭᠡᠳᠦ ᠰᠤᠷᠭᠠᠭᠤᠯᠢ ᠵᠢᠴᠢ ᠡᠯ᠎ᠡ ᠲᠥᠷᠥᠯ ᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠬᠡᠤᠬᠡᠳ ᠪᠠ ᠰᠣᠷᠣᠭᠴᠢ ᠵᠡᠷᠭᠡ ᠬᠠᠤᠯᠢ ᠪᠠᠷ ᠲᠣᠭᠲᠠᠭᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠡᠲᠡᠭᠡᠳ ᠤᠨ ᠬᠠᠷᠢᠶ᠎ᠠ ᠭᠠᠵᠠᠷ ᠲᠤᠨᠢ ᠳᠠᠭᠠᠳᠬᠠᠯ ᠳᠤ ᠣᠷᠣᠯᠴᠠᠬᠤ ᠠᠵᠢᠯ ᠢ ᠲᠦᠷᠦᠭᠦᠯᠡᠨ ᠰᠠᠶᠢᠲᠤᠷ ᠠᠳᠬᠤᠨ᠎ᠠ᠃ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠠᠩᠭᠢ ᠶᠢᠨ ᠡᠷᠬᠢᠯᠡᠭᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ᠂ ᠣᠷᠣᠯᠴᠠᠬᠤ ᠶᠣᠰᠣᠲᠠᠶ ᠶᠢ ᠨᠢ ᠴᠥᠮ ᠣᠷᠣᠯᠴᠠᠭᠤᠯᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠨᠢ ᠴᠢᠩᠭᠠᠷᠠᠭᠤᠯᠵᠤ᠂ ᠰᠤᠷᠤᠯᠭ᠎ᠠ ᠡᠬᠢᠯᠡᠬᠦ ᠤᠯᠠᠷᠢᠯ ᠳᠤ ᠠᠩᠭᠢ ᠪᠠᠷ ᠨᠢᠭᠡᠴᠢ ᠪᠣᠯᠭᠠᠨ ᠰᠣᠷᠣᠭᠴᠢ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠰᠠᠶᠢᠲᠤᠷ ᠬᠢᠵᠦ᠂ ︽ᠰᠤᠷᠭᠠᠭᠤᠯᠢ ᠳᠤ ᠣᠷᠣᠪᠠᠯ ᠳᠠᠷᠤᠶ ᠳᠠᠭᠠᠳᠬᠠᠯ ᠳᠤ ᠣᠷᠣᠯᠴᠠᠬᠤ︾ ᠶᠢ ᠴᠢᠷᠮᠠᠶᠢᠨ ᠪᠡᠶᠡᠯᠡᠭᠦᠯᠵᠦ᠂ ᠰᠤᠷᠤᠭᠴᠢᠳ ᠢ ᠵᠣᠬᠢᠶᠠᠨ ᠪᠠᠶᠢᠭᠤᠯᠵᠤ ᠬᠤᠳᠠᠯᠳᠤᠭᠠᠨ ᠤ ᠳᠠᠭᠠᠳᠬᠠᠯ ᠳᠤ ᠣᠷᠣᠯᠴᠠᠭᠤᠯᠬᠤ ᠦᠢᠯᠡ ᠠᠵᠢᠯᠯᠠᠭ᠎ᠠ ᠭᠠᠷᠬᠤ ᠶᠢ ᠲᠠᠰᠤ ᠵᠣᠭᠰᠣᠭᠠᠬᠤ ᠬᠡᠷᠡᠭᠲᠡᠶ᠃ ᠡᠯ᠎ᠡ ᠲᠥᠷᠥᠯ ᠤᠨ ᠰᠤᠷᠭᠠᠭᠤᠯᠢ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠳᠠᠭᠠᠳᠬᠠᠯ ᠳᠤ ᠣᠷᠣᠯᠴᠠᠭᠰᠠᠨ ᠰᠣᠷᠣᠭᠴᠢ ᠶᠢᠨ ᠳ᠋ᠠᠶᠢᠲ᠋ᠠ ᠬᠥᠮᠥᠷᠭᠡ ᠪᠠᠶᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠨᠡᠷᠡᠰ ᠢ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠬᠠᠩᠭᠠᠨ᠎ᠠ᠃ ︽2023 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠤᠲᠠ ᠶᠢᠨ ᠬᠠᠷᠢᠶᠠᠲᠤ ᠰᠤᠷᠭᠠᠭᠤᠯᠢ ︵ᠴᠡᠴᠡᠷᠯᠢᠭ︶ ᠳᠤ ᠪᠠᠶᠢᠭ᠎ᠠ ᠰᠣᠷᠣᠭᠴᠢ ᠶᠢ 100% ᠪᠠᠷ ᠳᠠᠭᠠᠳᠬᠠᠯ ᠳᠤ ᠣᠷᠣᠯᠴᠠᠭᠤᠯᠬᠤ︾ ᠱᠠᠲᠤ ᠦᠶ᠎ᠡ ᠶᠢᠨ ᠴᠢᠨᠠᠷᠲᠠᠶ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ︽2023 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠰᠢᠯᠢ ᠶᠢᠨ ᠬᠤᠲᠠ ᠶᠢᠨ ᠭᠠᠵᠠᠷ ᠣᠷᠣᠨ ᠤ ᠰᠤᠷᠭᠠᠭᠤᠯᠢ ︵ᠴᠡᠴᠡᠷᠯᠢᠭ︶ ᠳᠤ ᠪᠠᠶᠢᠭ᠎ᠠ ᠰᠣᠷᠣᠭᠴᠢ ᠶᠢ 100% ᠪᠠᠷ ᠳᠠᠭᠠᠳᠬᠠᠯ ᠳᠤ ᠣᠷᠣᠯᠴᠠᠭᠤᠯᠬᠤ︾ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠬᠡᠷ ᠤᠨ ᠠᠬᠠᠮᠠᠳ ᠢ ᠳᠠᠶᠢᠴᠢᠯᠠᠨ ︽ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP︾ ᠪᠤᠶᠤ ︽ᠰᠢᠯᠢ ᠶᠢᠨ ᠭᠤᠤᠯ ᠤᠨ ᠡᠮ ᠡᠮᠨᠡᠯᠭᠡ ᠶᠢᠨ ᠳᠠᠭᠠᠳᠬᠠᠯ︾ ᠢᠶᠠᠷ ᠳᠠᠮᠵᠢᠭᠤᠯᠤᠨ ᠰᠣᠷᠣᠭᠴᠢ ᠶᠢᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠬᠤᠯᠪᠣᠵᠤ᠂ ᠰᠣᠷᠣᠭᠴᠢ ᠶᠢᠨ ᠠᠮᠢᠯᠠᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠨᠢ ᠡᠯ᠎ᠡ ᠰᠤᠷᠭᠠᠭᠤᠯᠢ ᠶᠢᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢᠨ ᠠᠮᠢᠯᠠᠭᠤᠯᠤᠭᠠᠳᠤᠶ ᠬᠥᠮᠦᠰ ᠤᠨ ᠡᠬᠡ ᠳᠡᠪᠲᠡᠷ ᠢ ᠰᠤᠷᠭᠠᠨ ᠬᠥᠮᠦᠵᠢᠯ ᠤᠨ ᠲᠣᠪᠴᠢᠶ᠎ᠠ ᠳᠤ ᠨᠢᠭᠡᠳᠦᠯᠲᠡᠶ ᠶᠠᠪᠤᠭᠤᠯᠵᠤ᠂ ᠰᠤᠷᠭᠠᠨ ᠬᠥᠮᠦᠵᠢᠯ ᠤᠨ ᠲᠣᠪᠴᠢᠶ᠎ᠠ ᠨᠢ ᠡᠯ᠎ᠡ ᠰᠤᠷᠭᠠᠭᠤᠯᠢ ᠶᠢ ᠰᠢᠮᠳᠠᠭᠤᠯᠵᠤ ᠪᠠᠶᠢᠭᠠᠳ ᠲᠤᠰᠬᠠᠶ ᠬᠥᠮᠦᠨ ᠢᠶᠠᠷ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠳᠡᠯᠭᠡᠷᠡᠭᠦᠯᠦᠨ ᠠᠮᠢᠯᠠᠭᠤᠯᠬᠤ ᠠᠵᠢᠯ ᠢ ᠬᠠᠷᠢᠭᠤᠴᠠᠭᠤᠯᠵᠤ᠂ ᠠᠮᠢᠯᠠᠭᠤᠯᠬᠤ ᠡᠭᠦᠷᠭᠡ ᠶᠢ ᠴᠠᠭ ᠤᠨ ᠵᠠᠩᠭᠢᠯᠠᠭ᠎ᠠ ᠶᠢᠨ ᠴᠡᠭ ᠢᠶᠠᠷ ᠪᠦᠬᠦᠨ ᠢ ᠪᠡᠶᠡᠯᠡᠭᠦᠯᠦᠨ᠎ᠡ᠃ᠠᠷᠠᠳ ᠤᠨ ᠶᠠᠪᠤᠳᠠᠯ ᠤᠨ ᠲᠣᠪᠴᠢᠶ᠎ᠠ ᠨᠢ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠵᠡᠷᠭᠡ ᠬᠦᠴᠢᠷᠳᠡᠯᠲᠡᠶ ᠬᠥᠮᠦᠰ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠬᠠᠩᠭᠠᠬᠤ ᠶᠢ ᠬᠠᠷᠢᠭᠤᠴᠠᠵᠤ᠂ ᠭᠠᠯ ᠢᠶᠠᠷ ᠬᠠᠶᠢᠯᠠᠭᠤᠯᠣᠭᠰᠠᠨ ᠬᠥᠮᠦᠰ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠬᠠᠩᠭᠠᠵᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠳᠠᠭᠠᠳᠬᠠᠯ ᠳᠤ ᠣᠷᠣᠯᠴᠠᠭᠰᠠᠨ ᠲᠤᠭ᠎ᠠ ᠪᠠᠷᠢᠮᠲᠠ ᠶᠢᠨ ᠬᠠᠷᠢᠴᠠᠭᠤᠯᠬᠤ ᠠᠵᠢᠯ ᠢ ᠬᠢᠨ᠎ᠡ᠃ ᠣᠷᠣᠯᠭ᠎ᠠ ᠪᠠᠭᠠᠲᠠᠶ ᠬᠥᠮᠦᠨ ᠠᠮᠠ ᠶᠢ ᠲᠥᠷᠥᠯ ᠬᠤᠪᠢᠶᠠᠨ ᠲᠤᠰᠠᠯᠠᠨ ᠳᠠᠭᠠᠳᠬᠠᠯ ᠳᠤ ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽2023 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠣᠷᠣᠯᠭ᠎ᠠ ᠪᠠᠭᠠᠲᠠᠶ ᠬᠥᠮᠦᠨ ᠠᠮᠠ ᠶᠢ 100% ᠪᠠᠷ ᠳᠠᠭᠠᠳᠬᠠᠯ ᠳᠤ ᠣᠷᠣᠯᠴᠠᠭᠤᠯᠬᠤ︾ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠦᠷᠭᠦᠯᠵᠢᠯᠡᠨ ᠰᠢᠨ᠎ᠡ ᠪᠠᠷ ᠨᠡᠮᠡᠭᠳᠡᠭᠰᠡᠨ ᠣᠷᠣᠯᠭ᠎ᠠ ᠪᠠᠭᠠᠲᠠᠶ ᠬᠥᠮᠦᠨ ᠠᠮᠠ ᠶᠢᠨ ᠬᠥᠳᠡᠯᠦᠩᠭᠦᠶ ᠪᠠᠶᠢᠳᠠᠯ ᠢ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠣᠷᠣᠭᠤᠯᠤᠨ᠎ᠠ᠃ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠬᠢᠨᠠᠨ ᠰᠢᠯᠭᠠᠬᠤ ᠡᠲᠡᠭᠡᠳ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠨᠡᠷᠡᠰ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠲᠣᠭᠲᠠᠭᠠᠬᠤ ᠪᠠ ᠬᠠᠩᠭᠠᠬᠤ ᠶᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠯᠦᠭᠡ ᠳᠠᠭᠠᠳᠬᠠᠯ ᠳᠤ ᠣᠷᠣᠯᠴᠠᠭᠰᠠᠨ ᠲᠤᠭ᠎ᠠ ᠪᠠᠷᠢᠮᠲᠠ ᠶᠢ ᠬᠠᠷᠢᠴᠠᠭᠤᠯᠬᠤ ᠠᠵᠢᠯ ᠢ ᠢᠳᠡᠪᠬᠢᠲᠡᠶ ᠪᠠᠷ ᠬᠢᠵᠦ᠂ ᠳᠠᠭᠠᠳᠬᠠᠯ ᠳᠤ ᠣᠷᠣᠯᠴᠠᠭᠰᠠᠨ ᠡᠲᠡᠭᠡᠳ ᠤᠨ ᠪᠠᠶᠢᠳᠠᠯ ᠢ ᠬᠢᠨᠠᠨ ᠬᠠᠷᠭᠤᠭᠤᠯᠵᠤ᠂ ᠬᠠᠷᠢᠭᠤ ᠲᠤᠰᠬᠠᠬᠤ ᠶᠢᠨ ᠬᠠᠮᠲᠤ ᠡᠮᠴᠢᠯᠡᠭᠡᠨ ᠤ ᠳᠠᠭᠠᠳᠬᠠᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠢ ᠬᠠᠮᠵᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠭᠠᠷᠳᠠᠮ ᠢ ᠰᠢᠮᠳᠠᠭᠤᠯᠤᠨ ᠭᠦᠢᠴᠡᠳᠬᠡᠵᠦ᠂ ᠬᠦᠴᠢᠷᠳᠡᠯᠲᠡᠶ ᠬᠥᠮᠦᠰ ᠤᠨ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠨ᠎ᠠ᠃ ᠣᠷᠣᠯᠭ᠎ᠠ ᠪᠠᠭᠠᠲᠠᠶ ᠬᠥᠮᠦᠨ ᠠᠮᠠ ᠶᠢ ᠲᠥᠷᠥᠯ ᠬᠤᠪᠢᠶᠠᠨ ᠲᠤᠰᠠᠯᠠᠨ ᠳᠠᠭᠠᠳᠬᠠᠯ ᠳᠤ ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽2023 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠣᠷᠣᠯᠭ᠎ᠠ ᠪᠠᠭᠠᠲᠠᠶ ᠬᠥᠮᠦᠨ ᠠᠮᠠ ᠶᠢ 100% ᠪᠠᠷ ᠳᠠᠭᠠᠳᠬᠠᠯ ᠳᠤ ᠣᠷᠣᠯᠴᠠᠭᠤᠯᠬᠤ︾ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠦᠷᠭᠦᠯᠵᠢᠯᠡᠨ ᠰᠢᠨ᠎ᠡ ᠪᠠᠷ ᠨᠡᠮᠡᠭᠳᠡᠭᠰᠡᠨ ᠣᠷᠣᠯᠭ᠎ᠠ ᠪᠠᠭᠠᠲᠠᠶ ᠬᠥᠮᠦᠨ ᠠᠮᠠ ᠶᠢᠨ ᠬᠥᠳᠡᠯᠦᠩᠭᠦᠶ ᠪᠠᠶᠢᠳᠠᠯ ᠢ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠣᠷᠣᠭᠤᠯᠤᠨ᠎ᠠ᠃ᠵᠡᠮᠳᠡᠭᠴᠦᠳ ᠤᠨ ᠬᠤᠯᠪᠣᠭ᠎ᠠ ᠨᠢ ᠵᠡᠮᠳᠡᠭᠴᠦᠳ ᠤᠨ ᠬᠤᠪᠢ ᠬᠥᠮᠦᠨ ᠤ ᠰᠠᠭᠤᠷᠢ ᠮᠡᠳᠡᠭᠡ ᠵᠠᠩᠭᠢ ᠶᠢ ᠬᠠᠩᠭᠠᠬᠤ ᠶᠢ ᠬᠠᠷᠢᠭᠤᠴᠠᠬᠤ ᠶᠢᠨ ᠬᠠᠮᠲᠤ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠬᠢᠨᠠᠨ ᠬᠠᠷᠭᠤᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠵᠦ᠂ ᠳᠠᠭᠠᠳᠬᠠᠯ ᠳᠤ ᠣᠷᠣᠯᠴᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠬᠦᠨᠳᠦ ᠵᠡᠮᠳᠡᠭᠴᠦᠳ ᠢ ᠤᠬᠠᠭᠤᠯᠬᠤ ᠪᠠ ᠬᠥᠲᠥᠯᠦᠨ ᠵᠢᠯᠣᠭᠤᠳᠴᠤ᠂ ᠬᠠᠤᠯᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠳᠠᠭᠠᠳᠬᠠᠯ ᠳᠤ ᠣᠷᠣᠯᠴᠠᠭᠤᠯᠵᠤ᠂ ︽2023 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠦᠨᠳᠦ ᠵᠡᠮᠳᠡᠭᠴᠦᠳ ᠢ 100% ᠪᠠᠷ ᠳᠠᠭᠠᠳᠬᠠᠯ ᠳᠤ ᠣᠷᠣᠯᠴᠠᠭᠤᠯᠬᠤ︾ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠦᠷᠭᠦᠯᠵᠢᠯᠡᠨ ᠰᠢᠨ᠎ᠡ ᠪᠠᠷ ᠨᠡᠮᠡᠭᠳᠡᠬᠦ ᠬᠥᠮᠦᠰ ᠢ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠣᠷᠣᠭᠤᠯᠤᠨ᠎ᠠ᠃ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠨᠢ ᠴᠡᠷᠢᠭ ᠠᠴᠠ ᠬᠠᠯᠠᠭᠳᠠᠭᠰᠠᠳ ᠤᠨ ᠨᠡᠷᠡᠰ ᠢ ᠲᠣᠭᠲᠠᠮᠠᠯ ᠬᠤᠭᠤᠴᠠᠭ᠎ᠠ ᠲᠠᠢ ᠪᠠᠷ ᠬᠠᠩᠭᠠᠬᠤ ᠶᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠂ ᠴᠡᠷᠢᠭ ᠠᠴᠠ ᠬᠠᠯᠠᠭᠳᠠᠭᠰᠠᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠬᠢᠨᠠᠨ ᠬᠠᠷᠭᠤᠭᠤᠯᠵᠤ᠂ ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ ᠢ ᠳᠠᠶᠢᠴᠢᠯᠠᠨ ᠴᠠᠭ ᠲᠤᠬᠠᠶ ᠳᠤᠨᠢ ᠳᠠᠭᠠᠳᠬᠠᠯ ᠳᠤ ᠣᠷᠣᠯᠴᠠᠭᠤᠯᠵᠤ᠂ ︽2024 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠴᠡᠷᠢᠭ ᠠᠴᠠ ᠬᠠᠯᠠᠭᠳᠠᠭᠰᠠᠳ ᠢ 100% ᠪᠠᠷ ᠳᠠᠭᠠᠳᠬᠠᠯ ᠳᠤ ᠣᠷᠣᠯᠴᠠᠭᠤᠯᠬᠤ︾ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠦᠷᠭᠦᠯᠵᠢᠯᠡᠨ ᠰᠢᠨ᠎ᠡ ᠪᠠᠷ ᠨᠡᠮᠡᠭᠳᠡᠭᠰᠡᠨ ᠬᠥᠮᠦᠰ ᠢ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠣᠷᠣᠭᠤᠯᠤᠨ᠎ᠠ᠃ᠡᠳ᠋ ᠤᠨ ᠵᠠᠰᠠᠭ ᠤᠨ ᠲᠣᠪᠴᠢᠶ᠎ᠠ ᠨᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ ᠬᠠᠷᠭᠤᠭᠤᠯᠵᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠢᠵᠢ ᠪᠥᠷᠢᠳᠦᠭᠦᠯᠬᠦ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠨᠢ ᠲᠤᠭ᠎ᠠ ᠶᠣᠰᠣᠭᠠᠷ ᠨᠠᠶᠢᠳᠠᠪᠤᠷᠢᠵᠢᠭᠤᠯᠤᠨ᠎ᠠ᠃ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠰᠦᠢᠳᠬᠡᠯ ᠲᠤᠰᠢᠶᠠᠭᠰᠠᠨ ᠨᠠᠷᠢᠨ ᠵᠦᠢᠯᠡᠰ ᠵᠡᠷᠭᠡ ᠲᠤᠭ᠎ᠠ ᠪᠠᠷᠢᠮᠲᠠ ᠯᠤᠭ᠎ᠠ ᠬᠠᠮᠲᠤᠪᠠᠷ ᠡᠳ᠋ᠯᠡᠨ᠎ᠡ᠃ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠬᠤ ᠴᠢᠨᠠᠷ ᠰᠠᠶᠢᠲᠠᠶ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠲᠦᠭᠡᠬᠦ ᠶᠢ ᠢᠳᠡᠪᠬᠢᠲᠡᠶ ᠪᠠᠷ ᠠᠬᠢᠭᠤᠯᠵᠤ᠂ ︽ᠨᠢᠭᠡᠳᠦᠯᠲᠡᠶ ᠬᠡᠪ ᠵᠠᠭᠪᠤᠷ︾ ᠤᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠠᠷᠠᠳ ᠲᠤ ᠲᠥᠬᠦᠮ ᠦᠵᠡᠭᠦᠯᠵᠦ ᠲᠠᠲᠠᠪᠤᠷᠢᠯᠠᠬᠤ ᠠᠷᠭ᠎ᠠ ᠮᠠᠶ᠋ᠢᠭ ᠢ ᠠᠪᠴᠤ᠂ ᠰᠦᠢᠳᠬᠡᠯ ᠲᠤᠰᠢᠶᠠᠬᠤ ᠬᠠᠮᠲᠤᠯᠢᠭ ᠤᠨ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠡᠯ᠎ᠡ ᠵᠦᠢᠯ ᠤᠨ ᠰᠦᠢᠳᠬᠡᠯ ᠲᠤᠰᠢᠶᠠᠬᠤ ᠠᠷᠭ᠎ᠠ ᠵᠠᠮ ᠤᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢ ᠬᠠᠮᠵᠢᠨ ᠬᠥᠳᠡᠯᠮᠦᠷᠢᠯᠡᠭᠴᠢ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠯᠤᠭ᠎ᠠ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠰᠠᠶ᠋ᠢ ᠲᠥᠷᠥᠭᠰᠡᠨ ᠬᠡᠤᠬᠡᠳ ᠤᠨ ᠳᠠᠭᠠᠳᠬᠠᠯ ᠳᠤ ᠣᠷᠣᠯᠴᠠᠬᠤ ᠶᠢ ᠤᠬᠠᠭᠤᠯᠤᠨ ᠳᠠᠶᠢᠴᠢᠯᠠᠬᠤ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ︶ ᠳᠤ ᠲᠦᠰᠢᠭᠯᠡᠨ᠂ ᠬᠤᠲᠠ ᠶᠢᠨ ᠬᠡᠪᠴᠢᠶᠡᠨ ᠳᠣᠲᠣᠷᠠᠬᠢ ᠬᠥᠩᠭᠡᠵᠢᠭᠦᠯᠬᠦ ᠰᠠᠯᠠᠭᠠᠨ ᠤ ᠡᠭᠦᠳᠡᠨ ᠡᠮᠨᠡᠯᠭᠡ ᠶᠢᠨ ᠡᠪᠡᠳᠴᠢᠲᠡᠨ ᠤ ᠥᠷᠥᠭᠡ ᠲᠠᠢ ᠡᠮᠴᠢᠯᠡᠭᠡᠨ ᠤ ᠪᠠᠶᠢᠭᠤᠯᠤᠮᠵᠢ ᠶᠢ ᠰᠢᠭᠰᠢᠨ ᠰᠣᠩᠭᠤᠵᠤ᠂ ︽ᠰᠢᠯᠢᠳᠡᠭ︾ ᠲᠥᠯᠥᠪᠯᠡᠭᠡ ᠶᠢᠨ ᠴᠢᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠪᠠ ᠬᠡᠷᠡᠭᠵᠢᠭᠦᠯᠬᠦ ᠭᠤᠤᠯ ᠴᠣᠭᠴᠠ ᠪᠣᠯᠭᠠᠨ᠎ᠠ᠃ ︽ᠰᠢᠯᠢ ᠶᠢᠨ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ︿ᠰᠢᠯᠢᠳᠡᠭ﹀ ᠲᠥᠯᠥᠪᠯᠡᠭᠡ ᠶᠢᠨ ᠮᠡᠳᠡᠭᠳᠡᠯ ᠤᠨ ᠪᠢᠴᠢᠭ ︵ᠨᠢᠷᠠᠶ ᠬᠡᠤᠬᠡᠳ ᠤᠨ ᠡᠮ ᠡᠮᠨᠡᠯᠭᠡ ᠶᠢᠨ ᠳᠠᠭᠠᠳᠬᠠᠯ ᠤᠨ ᠠᠩᠭᠢ︶︾ ᠢ ᠡᠮᠨᠡᠯᠭᠡ ᠳᠤ ᠣᠷᠣᠵᠤ ᠬᠥᠩᠭᠡᠵᠢᠭᠰᠡᠨ ᠡᠮᠡᠭᠲᠡᠶ ᠨᠢᠭᠡᠪᠦᠷᠢ ᠳᠤ ᠲᠠᠷᠬᠠᠭᠠᠵᠤ ᠤᠬᠠᠭᠤᠯᠤᠨ᠎ᠠ᠃ᠲᠤᠭ᠎ᠠ ᠪᠦᠷᠢᠳᠬᠡᠯ ᠤᠨ ᠲᠣᠪᠴᠢᠶ᠎ᠠ ᠨᠢ ᠪᠠᠶᠢᠩᠭᠤ ᠰᠠᠭᠤᠭ᠎ᠠ ᠬᠥᠮᠦᠨ ᠠᠮᠠ᠂ ᠬᠤᠲᠠ ᠪᠠᠯᠭᠠᠰᠤᠵᠢᠯᠲᠠ ᠶᠢᠨ ᠨᠣᠷᠮ᠎ᠠ ᠂ ᠠᠵᠢᠯ ᠣᠯᠤᠭᠰᠠᠨ ᠬᠥᠮᠦᠨ ᠠᠮᠠ ᠵᠡᠷᠭᠡ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠠᠩᠭᠠᠬᠤ ᠶᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢ ᠬᠠᠮᠵᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠡᠭᠦᠷᠭᠡ ᠬᠠᠷᠠᠯᠲᠠ ᠶᠢ ᠰᠠᠶᠢᠲᠤᠷ ᠬᠢᠨ᠎ᠡ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢ ᠬᠠᠮᠵᠢᠨ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠬᠤ ᠰᠠᠶᠢᠲᠣᠷ ᠬᠢᠨ᠎ᠡ᠃ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢ ᠬᠠᠮᠵᠢᠨ ᠳᠠᠭᠠᠳᠬᠠᠯ ᠳᠤ ᠣᠷᠣᠯᠴᠠᠭᠰᠠᠳ ᠤᠨ ᠮᠡᠳᠡᠭᠡ ᠵᠠᠩᠭᠢ ᠶᠢ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ ᠶᠢᠨ ᠮᠡᠳᠡᠭᠡ ᠵᠠᠩᠭᠢ ᠯᠤᠭ᠎ᠠ ᠬᠠᠷᠢᠴᠠᠭᠤᠯᠬᠤ ᠠᠵᠢᠯ ᠢ ᠰᠠᠶᠢᠲᠤᠷ ᠬᠢᠨ᠎ᠡ᠃ᠪᠥᠬᠦ ᠬᠤᠲᠠ ᠶᠢᠨ ᠡᠯ᠎ᠡ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠲᠣᠰ ᠨᠢᠭᠡᠴᠡ᠂ ᠲᠣᠰ ᠠᠵᠢᠯ ᠲᠥᠷᠥᠯ᠂ ᠲᠣᠰ ᠬᠦᠷᠢᠶᠡᠨ ᠳᠠᠬᠢ ᠠᠵᠢᠯᠲᠠᠨ ᠢ ᠰᠢᠪᠠᠳᠠᠵᠤ ᠪᠠᠶᠢᠭᠠᠳ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢᠨ ᠢᠳᠡᠪᠬᠢᠵᠢᠭᠦᠯᠦᠯᠲᠡ ᠶᠢ ᠲᠦᠷᠭᠡᠬᠡᠨ ᠪᠡᠶᠡᠯᠡᠭᠦᠯᠦᠨ᠎ᠡ᠃ ᠡᠯ᠎ᠡ ᠨᠢᠭᠡᠴᠡ ︵ᠬᠤᠶᠠᠳᠤᠭᠠᠷ ᠳᠡᠰ ᠤᠨ ᠨᠢᠭᠡᠴᠡ ᠶᠢ ᠪᠠᠭᠲᠠᠭᠠᠨ᠎ᠠ︶ ᠨᠢ ᠨᠢᠭᠡ ᠠᠵᠢᠯᠲᠠᠨ ᠢᠶᠠᠷ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢ ᠠᠮᠢᠯᠠᠭᠤᠯᠬᠤ ᠪᠣᠯᠪᠠᠰᠤᠷᠠᠭᠤᠯᠤᠯ ᠬᠢᠯᠭᠡᠬᠦ ᠪᠠᠷ ᠲᠣᠳᠣᠷᠬᠠᠶᠢᠯᠠᠵᠤ᠂ ᠨᠢᠭᠡᠴᠡ ᠨᠢᠭᠡᠪᠦᠷᠢ ᠳᠤ ᠴᠥᠮ ᠠᠵᠢᠯᠯᠠᠵᠤ ᠮᠡᠳᠡᠬᠦ ᠬᠥᠮᠦᠨ ᠲᠠᠢ ᠪᠠᠶᠢᠬᠤ ᠶᠢ ᠦᠨᠡᠨᠬᠦ ᠪᠠᠲᠤᠯᠠᠵᠤ ᠂ ᠨᠢᠭᠡᠴᠡ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢ 100% ᠪᠠᠷ ᠠᠮᠢᠯᠠᠭᠤᠯᠬᠤ ᠶᠢ ᠪᠡᠶᠡᠯᠡᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠨᠢ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢᠨ ᠠᠮᠢᠯᠠᠭᠤᠯᠤᠭᠰᠠᠨ ᠥᠬᠡᠶ ᠬᠥᠮᠦᠰ ᠤᠨ ᠡᠬᠡ ᠳᠡᠪᠲᠡᠷ ᠢ ᠡᠯ᠎ᠡ ᠰᠠᠯᠠᠭ᠎ᠠ ᠮᠥᠴᠢᠷ ᠨᠢᠭᠡᠴᠡ ᠳᠤ ᠠᠰ ᠲᠤᠨᠢ ᠶᠠᠪᠤᠭᠤᠯᠵᠤ᠂ ᠡᠯ᠎ᠡ ᠨᠢᠭᠡᠴᠡ ︵ᠬᠤᠶᠠᠳᠤᠭᠠᠷ ᠳᠡᠰ ᠤᠨ ᠨᠢᠭᠡᠴᠡ ᠶᠢ ᠪᠠᠭᠲᠠᠭᠠᠨ᠎ᠠ ︶ ᠨᠢ ᠲᠤᠰᠬᠠᠶ ᠬᠥᠮᠦᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢᠨ ᠠᠮᠢᠯᠠᠭᠤᠯᠤᠭᠰᠠᠨ ᠪᠠᠶᠢᠳᠠᠯ ᠢ ᠲᠣᠭᠲᠠᠭᠰᠠᠨ ᠬᠤᠭᠤᠴᠠᠭᠠᠨ ᠳᠤ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠮᠡᠳᠡᠭᠦᠯᠦᠨ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠲᠠᠷᠢᠶᠠᠯᠠᠩ ᠤᠨ ᠰᠢᠨᠵᠢᠯᠡᠬᠦ ᠤᠬᠠᠭᠠᠨ᠂ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠶ ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠤᠳ ᠬᠠᠷᠢᠶ᠎ᠠ ᠠᠵᠢᠯ ᠲᠥᠷᠥᠯ ᠤᠨ ᠠᠵᠤ ᠠᠬᠤᠶᠢᠯᠠᠯ ᠤᠨ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢᠨ ᠠᠮᠢᠯᠠᠭᠤᠯᠤᠭᠠᠳᠤᠶ ᠬᠥᠮᠦᠰ ᠤᠨ ᠡᠬᠡ ᠳᠡᠪᠲᠡᠷ ᠢ ᠮᠡᠳᠡᠭᠳᠡᠬᠦ ᠶᠢᠨ ᠬᠠᠮᠲᠤ ᠶᠠᠪᠤᠭᠤᠯᠵᠤ᠂ ᠠᠮᠢᠯᠠᠭᠤᠯᠬᠤ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠰᠢᠮᠳᠠᠭᠤᠯᠬᠤ ᠬᠡᠷᠡᠭᠲᠡᠶ᠃︵ᠭᠤᠷᠪᠠ︶ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠲᠦᠷᠦᠭᠦᠯᠡᠨ᠂ 2023 ᠣᠨ ᠤ 10 ᠰᠠᠷ᠎ᠠ ᠠᠴᠠ ᠡᠬᠢᠯᠡᠨ᠂ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶᠂ ᠭᠠᠴᠠᠭ᠎ᠠ ︵ᠨᠡᠶᠢᠭᠡᠮ ᠲᠣᠭᠤᠷᠢᠭ︶᠂ ᠡᠯ᠎ᠡ ᠲᠥᠷᠥᠯ ᠤᠨ ᠰᠤᠷᠭᠠᠭᠤᠯᠢ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠪᠠᠷ ᠨᠢᠭᠡᠴᠢ ᠪᠣᠯᠭᠠᠵᠤ᠂ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠠᠵᠢᠯᠯᠠᠭᠠᠨ ᠤ ᠪᠠᠶᠢᠳᠠᠯ ᠤᠨ ᠳᠠᠭᠠᠳᠬᠠᠯ ᠳᠤ ᠣᠷᠣᠯᠴᠠᠭᠰᠠᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠦᠭᠰᠡᠨ ᠪᠠ ᠬᠥᠳᠡᠯᠦᠩᠭᠦᠶ ᠪᠠᠷ ᠰᠢᠨᠡᠳᠬᠡᠭᠰᠡᠨ ᠪᠠᠶᠢᠳᠠᠯ︾ ︽2024 ᠣᠨ ᠤ ᠳᠠᠭᠠᠳᠬᠠᠯ ᠳᠤ ᠣᠷᠣᠯᠴᠠᠭᠰᠠᠨ ︿ᠱᠠᠲᠤ ᠦᠶᠡᠴᠢ ᠴᠢᠨᠠᠷᠲᠠᠶ ᠬᠠᠷᠠᠯᠲᠠ ᠪᠠ ︿ᠶᠡᠷᠦᠩᠬᠡᠶ ᠬᠠᠷᠠᠯᠲᠠ﹀ ᠶᠢ ᠪᠡᠶᠡᠯᠡᠭᠦᠯᠦᠭᠰᠡᠨ ᠠᠬᠢᠴᠠ︾ ︽ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢ ᠠᠮᠢᠯᠠᠭᠤᠯᠤᠭᠰᠠᠨ︾ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠡᠯ᠎ᠡ ᠬᠦᠷᠢᠶᠡᠨ ᠤ ᠠᠵᠢᠯ ᠢ ᠠᠬᠢᠭᠤᠯᠤᠭᠰᠠᠨ ᠪᠠᠶᠢᠳᠠᠯ ᠢ ᠱᠠᠲᠤ ᠦᠶ᠎ᠡ ᠲᠥᠷᠥᠯ ᠬᠤᠪᠢᠶᠠᠨ ᠪᠣᠳᠠᠲᠠᠶ ᠭᠠᠵᠠᠷ ᠲᠤᠨᠢ ᠰᠢᠮᠳᠠᠭᠤᠯᠤᠨ ᠪᠠᠶᠢᠴᠠᠭᠠᠨ᠎ᠠ᠃︵ᠳᠥᠷᠪᠡ︶ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠲᠦᠷᠦᠭᠦᠯᠡᠨ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠣᠭᠠᠨ ᠤ ᠰᠢᠰᠲ᠋ᠧᠮ ᠳᠠᠬᠢ ︽ᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠪᠠᠶᠢᠯᠭᠠᠬᠤ︾ ᠰᠢᠯᠭᠠᠨ ᠬᠢᠨᠠᠬᠤ ᠠᠵᠢᠯ ᠢ ᠨᠠᠶᠢᠳᠠᠪᠤᠷᠢᠵᠢᠭᠤᠯᠵᠤ᠂ 2024 ᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠠᠭᠠᠳᠬᠠᠯ ᠳᠤ ᠣᠷᠣᠯᠴᠠᠬᠤ ᠠᠵᠢᠯ ᠲᠠᠢ ᠤᠶᠠᠯᠳᠤᠭᠤᠯᠤᠨ᠂ ᠦᠨᠡᠯᠡᠬᠦ ᠨᠠᠷᠢᠨ ᠲᠦᠷᠢᠮ ᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠳᠠᠭᠠᠳᠬᠠᠯ ᠳᠤ ᠣᠷᠣᠯᠴᠠᠭᠰᠠᠨ ᠠᠬᠢᠴᠠ ᠶᠢ ᠦᠨᠳᠦᠰᠦᠯᠡᠨ ᠴᠠᠭ ᠬᠤᠪᠢᠶᠠᠨ ᠰᠢᠯᠭᠠᠨ ᠬᠢᠨᠠᠵᠤ᠂ ᠳᠠᠭᠠᠳᠬᠠᠯ ᠳᠤ ᠣᠷᠣᠯᠴᠠᠭᠰᠠᠨ ᠠᠬᠢᠴᠠ ᠶᠢᠨ ᠬᠠᠷᠠᠭᠠᠯᠵᠠᠭᠰᠠᠨ ᠬᠤᠪᠢ ᠶᠢ ᠦᠨᠳᠦᠰᠦᠯᠡᠨ᠂ ︽ᠰᠤᠮᠤ ᠪᠠᠯᠭᠠᠰᠤ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠥᠪᠡᠷᠮᠢᠴᠡ ᠴᠢᠨᠠᠷ ᠤᠨ ᠭᠦᠢᠴᠡᠳᠬᠡᠯ ᠲᠤᠭ᠎ᠠ︾ ᠶᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠦᠨᠡᠯᠡᠬᠦ ᠦᠨᠳᠦᠰᠦᠯᠡᠯ ᠪᠣᠯᠭᠠᠨ᠎ᠠ᠃2023 ᠣᠨ ᠤ 10 ᠰᠠᠷ᠎ᠠ ᠠᠴᠠ ᠡᠬᠢᠯᠡᠨ᠂ 2024 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ᠂ ᠡᠯ᠎ᠡ ᠰᠤᠮᠤ ᠪᠠᠯᠭᠠᠰᠤᠨ ᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ︽ᠰᠢᠯᠢ ᠶᠢᠨ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠵᠢᠴᠢ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠠᠮᠢᠯᠠᠭᠤᠯᠤᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ︾ ︵ᠳᠠᠭᠠᠯᠳᠤᠭᠤᠯᠤᠯ 2︶ ᠶᠢ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠰᠢᠤᠳᠠᠨ ᠤ ᠬᠠᠶᠢᠷᠴᠠᠭ ︵xsybjdyk@163.com︶ ᠢ ᠲᠠᠭᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠰᠢᠤᠳᠠᠨ ᠤ ᠬᠠᠶᠢᠷᠴᠠᠭ ︵xsybjdyk@163.com︶ ᠲᠤ ᠮᠡᠳᠡᠭᠦᠯᠦᠨ ᠬᠦᠷᠭᠡᠨ᠎ᠡ᠃ ᠰᠤᠷᠭᠠᠨ ᠬᠥᠮᠦᠵᠢᠯ ᠤᠨ ᠲᠣᠪᠴᠢᠶ᠎ᠠ ︽ᠰᠢᠯᠢ ᠶᠢᠨ ᠬᠤᠲᠠ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠳᠠᠭᠠᠳᠬᠠᠯ ᠳᠤ ᠣᠷᠣᠯᠴᠠᠭᠰᠠᠨ ᠵᠢᠴᠢ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ︾ ︵ᠳᠠᠭᠠᠯᠳᠤᠭᠤᠯᠤᠯ 3︶ ᠶᠢ ᠡᠮ ᠡᠮᠨᠡᠯᠭᠡ ᠶᠢᠨ ᠳᠠᠭᠠᠳᠬᠠᠯ ᠤᠨ ᠲᠥᠪ ᠲᠤ ᠮᠡᠳᠡᠭᠦᠯᠦᠨ ᠬᠦᠷᠭᠡᠬᠦ ᠰᠢᠤᠳᠠᠨ ᠤ ᠬᠠᠶᠢᠷᠴᠠᠭ ︵xsybzx@yeah.net︶ ᠢ ᠲᠠᠭᠯᠠᠵᠤ᠂ ᠪᠥᠬᠦ ᠬᠤᠲᠠ ᠶᠢᠨ ᠡᠯ᠎ᠡ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ︵ᠬᠤᠶᠠᠳᠤᠭᠠᠷ ᠳᠡᠰ ᠤᠨ ᠨᠢᠭᠡᠴᠡ᠂ ᠬᠠᠷᠢᠶ᠎ᠠ ᠠᠵᠢᠯ ᠲᠥᠷᠥᠯ ᠤᠨ ᠠᠵᠤ ᠠᠬᠤᠶᠢᠯᠠᠯ ᠪᠠᠭᠲᠠᠨ᠎ᠠ︶ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠠᠮᠢᠯᠠᠭᠤᠯᠤᠭᠰᠠᠨ ᠪᠠᠶᠢᠳᠠᠯ ᠤᠨ ᠬᠦᠰᠦᠨᠦᠭᠲᠦ︾ ︵ᠳᠠᠭᠠᠯᠳᠤᠭᠤᠯᠤᠯ 4︶ ᠶᠢ ᠲᠠᠭᠯᠠᠵᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠰᠢᠤᠳᠠᠨ ᠤ ᠬᠠᠶᠢᠷᠴᠠᠭ xsybjdyk@163.com ᠶᠢ ᠮᠡᠳᠡᠭᠦᠯᠦᠨ ᠬᠦᠷᠭᠡᠵᠦ᠂ ᠲᠣᠰ ᠰᠠᠷ᠎ᠠ ᠶᠢᠨ ᠰᠡᠭᠦᠯᠴᠢ ᠶᠢᠨ 25 ᠡᠳᠦᠷ ᠠᠴᠠ ᠡᠮᠦᠨ᠎ᠡ ᠲᠣᠰ ᠰᠠᠷ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢᠶᠠᠨ ᠲᠣᠰ ᠲᠣᠰ ᠮᠡᠳᠡᠭᠦᠯᠦᠨ ᠬᠦᠷᠭᠡᠨ᠎ᠡ᠃2023 ᠣᠨ ᠤ 11 ᠰᠠᠷ᠎ᠠ ᠠᠴᠠ ᠡᠬᠢᠯᠡᠨ᠂ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ᠂ ᠬᠢᠨᠠᠨ ᠰᠢᠯᠭᠠᠵᠤ ᠬᠤᠪᠢ ᠣᠯᠭᠤᠬᠤ ᠪᠠ ᠰᠢᠯᠵᠢᠭᠦᠯᠦᠨ ᠠᠪᠬᠤ ᠰᠢᠰᠲ᠋ᠧᠮ ᠤᠨ ᠠᠮᠢᠳᠤᠯᠢᠭ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠡᠯ᠎ᠡ ᠬᠠᠷᠢᠶ᠎ᠠ ᠣᠷᠣᠨ ᠤ ᠬᠢᠨ ᠳᠠᠭᠠᠳᠬᠠᠯ ᠳᠤ ᠣᠷᠣᠯᠴᠠᠭᠰᠠᠨ ᠪᠠ ᠠᠮᠢᠳᠤᠯᠢᠭ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠵᠦ᠂ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠠᠨᠳᠤᠭᠤᠯᠤᠨ᠂ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢᠨ ᠠᠮᠢᠳᠤᠯᠢᠭ ᠠᠬᠢᠴᠠ ᠶᠢ ᠰᠠᠷ᠎ᠠ ᠪᠠᠷ ᠨᠡᠪᠲᠡᠷᠡᠭᠦᠯᠬᠦ ᠶᠢᠨ ᠬᠠᠮᠲᠤ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ᠎ᠡ᠃︵ᠲᠠᠪᠤ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠪᠥᠬᠦ ᠬᠤᠲᠠ ᠶᠢᠨ ᠡᠯ᠎ᠡ ᠰᠠᠯᠠᠭ᠎ᠠ ᠮᠥᠴᠢᠷ ᠨᠢᠭᠡᠴᠡ 2019 ᠣᠨ ᠤ 12 ᠰᠠᠷ᠎ᠠ ᠶᠢᠨ 28 ᠤ ᠡᠳᠦᠷ ᠤᠨ ᠰᠢᠢᠳᠪᠦᠷᠢ ᠶᠢ ᠦᠨᠳᠦᠰᠦᠯᠡᠨ ᠪᠠᠲᠤᠯᠠᠭᠰᠠᠨ ᠪᠥᠭᠡᠳ 2020 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ᠶᠢᠨ ᠨᠠᠶᠠᠨ ᠬᠤᠶᠠᠳᠤᠭᠠᠷ ᠵᠦᠢᠯ ᠳᠤ᠄ ︽ᠠᠷᠠᠳ ᠢᠷᠭᠡᠨ ᠬᠠᠤᠯᠢ ᠶᠣᠰᠣᠭᠠᠷ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠡᠷᠬᠡ ᠪᠠ ᠡᠭᠦᠷᠭᠡ ᠲᠠᠢ᠂ ᠬᠥᠮᠦᠨ ᠬᠡᠷᠡᠭᠯᠡᠬᠦ ᠨᠢᠭᠡᠴᠡ ᠪᠠ ᠠᠵᠢᠯᠲᠠᠨ ᠠᠵᠢᠯᠴᠢᠨ ᠤᠯᠤᠰ ᠤᠨ ᠲᠣᠭᠲᠠᠭᠠᠯ ᠶᠣᠰᠣᠭᠠᠷ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠤᠰᠢᠶᠠᠨ᠎ᠠ᠃︾  ᠬᠤᠲᠠ ᠬᠥᠳᠡᠭᠡ ᠶᠢᠨ ᠰᠠᠭᠤᠭᠠᠯᠢ ᠠᠷᠠᠳ ᠲᠣᠭᠲᠠᠭᠠᠯ ᠶᠣᠰᠣᠭᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ︽ᠠᠷᠠᠳ ᠢᠷᠭᠡᠳ ᠲᠤ ᠬᠠᠤᠯᠢ ᠶᠣᠰᠣᠭᠠᠷ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠡᠷᠬᠡ ᠪᠠ ᠡᠭᠦᠷᠭᠡ ᠲᠠᠢ︾ ᠪᠠᠶᠢᠬᠤ ᠶᠠᠪᠤᠳᠠᠯ ᠢ ᠣᠯᠠᠨ ᠲᠦᠮᠡᠨ ᠤ ᠳᠤᠮᠳᠠ ᠦᠨᠳᠦᠰᠦᠯᠡᠭᠦᠯᠦᠨ᠎ᠡ᠃ ᠤᠬᠠᠭᠤᠯᠭ᠎ᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠤᠯᠠᠮᠵᠢᠯᠠᠯᠲᠤ ᠠᠷᠭ᠎ᠠ ᠮᠠᠶ᠋ᠢᠭ ᠂ ᠰᠦᠯᠵᠢᠶᠡᠨ ᠥᠷᠲᠡᠭᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠣᠯᠠᠨ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠨ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠴᠤᠪᠤᠷᠠᠯ ᠵᠢᠴᠢ ᠠᠷᠭ᠎ᠠ ᠶᠢ ᠥᠷᠭᠡᠨ ᠢᠶᠠᠷ ᠤᠬᠠᠭᠤᠯᠬᠤ ᠬᠡᠷᠡᠭᠲᠡᠶ᠃ ᠡᠮᠴᠢᠯᠡᠭᠡᠨ ᠤ ᠳᠠᠭᠠᠳᠬᠠᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ︶ ᠶᠢᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠭᠰᠡᠳ ᠲᠤ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠦ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠲᠣᠪᠴᠢᠶ᠎ᠠ ᠨᠢ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠲᠠᠢ ᠬᠠᠮᠵᠢᠯᠴᠠᠨ ᠡᠯ᠎ᠡ ᠰᠤᠷᠭᠠᠭᠤᠯᠢ ᠶᠢᠨ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠬᠤ ᠶᠢ ᠰᠢᠮᠳᠠᠭᠤᠯᠵᠤ᠂ ᠰᠤᠷᠭᠠᠭᠤᠯᠢ ᠡᠬᠢᠯᠡᠬᠦ ᠤᠯᠠᠷᠢᠯ ᠢ ᠭᠦᠢᠴᠡᠳ ᠠᠰᠢᠭᠯᠠᠨ᠂ ᠰᠢᠯᠵᠢᠮᠡᠯ ᠭᠠᠷ ᠦᠢᠯᠡᠴᠢᠯᠡᠭᠡᠨ ᠤ ᠦᠵᠦᠭᠦᠷ ᠢ ᠠᠪᠴᠤ ᠶᠠᠪᠤᠵᠤ᠂ ᠡᠯ᠎ᠡ ᠲᠥᠷᠥᠯ ᠤᠨ ᠰᠤᠷᠭᠠᠭᠤᠯᠢ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠳᠤ ᠭᠦᠨᠵᠡᠭᠡᠶᠢᠷᠡᠨ᠂ ᠠᠩᠭᠢ ᠪᠠᠷ ᠨᠢᠭᠡᠴᠢ ᠪᠣᠯᠭᠠᠵᠤ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠵᠦ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠶᠢ ᠢᠳᠡᠪᠬᠢᠵᠢᠭᠦᠯᠦᠨ᠎ᠡ᠃ ᠡᠯ᠎ᠡ ᠰᠤᠮᠤ ᠪᠠᠯᠭᠠᠰᠤᠨ ᠤ ᠲᠠᠯᠠᠪᠤᠷ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠲᠠᠢ ᠵᠣᠯᠭᠠᠭᠤᠯᠬᠤ᠂ ᠰᠦᠯᠵᠢᠶᠡᠨ ᠤ ᠲᠠᠰᠤᠯᠪᠤᠷᠢ ᠲᠠᠢ ᠬᠤᠯᠪᠣᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠭᠠᠳᠬᠠᠯ ᠳᠤ ᠣᠷᠤᠭ᠎ᠠ ᠥᠬᠡᠶ ᠬᠥᠮᠦᠰ ᠢ ᠤᠬᠠᠭᠤᠯᠤᠨ ᠬᠥᠲᠥᠯᠦᠨ ᠵᠢᠯᠣᠭᠤᠳᠬᠤ᠂ ᠵᠣᠬᠢᠶᠠᠨ ᠪᠠᠶᠢᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠥᠨᠳᠥᠷ ᠨᠠᠰᠤᠲᠠᠶ ᠨᠠᠰᠤᠲᠠᠨ᠂ ᠵᠡᠮᠳᠡᠭᠴᠦᠳ᠂ ᠣᠷᠣᠯᠭ᠎ᠠ ᠪᠠᠭᠠᠲᠠᠶ ᠬᠥᠮᠦᠨ ᠠᠮᠠ ᠵᠡᠷᠭᠡ ᠣᠨᠴᠣᠭᠤᠶ ᠬᠠᠮᠲᠤᠯᠢᠭ ᠲᠤ ᠬᠠᠪᠰᠤᠷᠤᠨ ᠣᠷᠣᠯᠠᠨ ᠭᠦᠢᠴᠡᠳᠬᠡᠬᠦ᠂ ᠬᠡᠷ ᠲᠤᠨᠢ ᠬᠦᠷᠴᠦ ᠭᠦᠢᠴᠡᠳᠬᠡᠬᠦ ᠦᠢᠯᠡᠴᠢᠯᠡᠭᠡ ᠶᠢ ᠢᠳᠡᠪᠬᠢᠲᠡᠶ ᠬᠠᠩᠭᠠᠵᠤ᠂ ᠨᠢᠷᠠᠶ ᠬᠡᠤᠬᠡᠳ᠂ ᠰᠤᠷᠬᠤ ᠨᠠᠰᠤᠨ ᠠᠴᠠ ᠡᠮᠦᠨᠡᠬᠢ ᠬᠡᠤᠬᠡᠳ ᠤᠨ ᠳᠠᠭᠠᠳᠬᠠᠯ ᠳᠤ ᠣᠷᠣᠯᠴᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ︽ᠪᠥᠬᠦ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠭᠠᠷ ᠭᠠᠷ ᠢᠶᠠᠨ ᠬᠤᠯᠪᠣᠯᠴᠠᠨ ᠡᠮ ᠡᠮᠨᠡᠯᠭᠡ ᠶᠢᠨ ᠳᠠᠭᠠᠳᠬᠠᠯ ᠤᠨ ᠠᠶᠠᠯᠠᠯ ᠬᠠᠮᠠᠭᠠᠯᠠᠬᠤ︾ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠥᠬᠦ ᠠᠷᠠᠳ ᠤᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠪᠠᠶᠢᠭᠠᠳ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢᠨ ᠢᠳᠡᠪᠬᠢᠵᠢᠭᠦᠯᠦᠯᠲᠡ ᠶᠢ ᠥᠷᠭᠡᠨ ᠢᠶᠠᠷ ᠤᠬᠠᠭᠤᠯᠵᠤ᠂ ᠸᠢᠴᠠᠲ ᠤᠨ ᠪᠦᠯᠦᠭ᠂ ᠸᠢᠴᠠᠲ ᠤᠨ ᠨᠡᠶᠢᠲᠡ ᠶᠢᠨ ᠳ᠋ᠤᠭᠠᠷ᠂ ᠳ᠋ᠢᠶᠠᠩᠬᠤᠸᠠ ᠪᠠᠷ ᠬᠠᠷᠢᠯᠴᠠᠬᠤ ᠵᠡᠷᠭᠡ ᠶᠢ ᠠᠰᠢᠭᠯᠠᠨ ︽ᠰᠦᠯᠵᠢᠶᠡᠨ ᠳᠡᠭᠡᠷᠡᠬᠢ︾ ᠤᠬᠠᠭᠤᠯᠭ᠎ᠠ ᠶᠢ ᠥᠷᠨᠢᠭᠦᠯᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠥᠪᠡᠰᠦᠪᠡᠨ ᠢᠳᠡᠪᠬᠢᠵᠢᠭᠦᠯᠦᠨ᠎ᠡ᠃ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠨᠠᠭᠠᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠡᠷᠦᠬᠡ ᠳᠤ ᠬᠦᠷᠴᠦ ᠬᠡᠷ ᠲᠤᠨᠢ ᠬᠦᠷᠭᠡᠬᠦ ᠵᠡᠷᠭᠡ ᠠᠷᠭ᠎ᠠ ᠮᠠᠶ᠋ᠢᠭ ᠢ ᠠᠰᠢᠭᠯᠠᠨ ︽ᠰᠦᠯᠵᠢᠶᠡᠨ ᠠᠴᠠ ᠭᠠᠳᠠᠨ᠎ᠠ︾ ᠢᠳᠡᠪᠬᠢᠵᠢᠭᠦᠯᠬᠦ ᠶᠢ ᠥᠷᠨᠢᠭᠦᠯᠵᠦ᠂ ᠣᠯᠠᠨ ᠠᠷᠭ᠎ᠠ ᠵᠠᠮ ᠣᠯᠠᠨ ᠠᠷᠭ᠎ᠠ ᠮᠠᠶ᠋ᠢᠭ ᠢᠶᠠᠷ ᠣᠯᠠᠨ ᠲᠦᠮᠡᠨ ᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢᠨ ᠲᠤᠬᠠᠶ ᠣᠶᠢᠯᠠᠭᠠᠯᠲᠠ ᠪᠠ ᠲᠠᠨᠢᠯᠲᠠ ᠶᠢ ᠭᠦᠨᠵᠡᠭᠡᠶᠢᠷᠡᠭᠦᠯᠵᠦ᠂ ︽ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ ᠶᠢᠨ ᠢᠳᠡᠪᠬᠢᠵᠢᠭᠦᠯᠦᠯ᠂ ᠬᠡᠷᠡᠭᠯᠡᠯᠲᠡ ᠶᠢᠨ ᠴᠤᠪᠤᠷᠠᠯ︾ ︵ᠳᠠᠭᠠᠯᠳᠤᠭᠤᠯᠤᠯ 5︶ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠠᠵᠢᠯ ᠤᠨ ᠨᠡᠷ᠎ᠡ ᠲᠣᠮᠢᠶ᠎ᠠ ᠶᠢᠨ ︽ᠡᠮᠴᠢᠯᠡᠭᠡᠨ ᠤ ᠳᠠᠭᠠᠳᠬᠠᠯ ᠤᠨ ᠺᠣᠳ᠋︾ ᠢ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠭᠠᠳᠠᠭᠰᠢ ᠤᠬᠠᠭᠤᠯᠤᠨ ᠳᠡᠯᠭᠡᠷᠡᠭᠦᠯᠬᠦ ᠳᠡᠭᠡᠨ ︽ᠡᠮᠴᠢᠯᠡᠭᠡᠨ ᠤ ᠳᠠᠭᠠᠳᠬᠠᠯ ᠤᠨ ᠺᠣᠳ᠋︾ ᠢ ᠡᠩ ᠤᠨ ᠨᠡᠷᠡᠶᠢᠳᠦᠯ ᠪᠣᠯᠭᠠᠵᠤ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠲᠠᠢ ᠬᠠᠮᠲᠤ ᠳᠤᠨᠢ ᠬᠡᠷᠡᠭᠯᠡᠨ᠎ᠡ᠃︵ᠵᠢᠷᠭᠤᠭ᠎ᠠ︶ ᠰᠠᠬᠢᠯᠭ᠎ᠠ ᠪᠠᠲᠤ ᠶᠢᠨ ᠬᠢᠵᠠᠭᠠᠷᠯᠠᠯ ᠢ ᠴᠢᠩᠭᠠᠷᠠᠭᠤᠯᠤᠨ᠎ᠠ᠃ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠲᠥᠪᠯᠡᠷᠡᠭᠦᠯᠦᠨ ᠲᠠᠲᠠᠪᠤᠷᠢᠯᠠᠨ ᠲᠤᠰᠢᠶᠠᠬᠤ ᠬᠤᠭᠤᠴᠠᠭᠠᠨ ᠳᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠲᠡᠰᠬᠡᠨ ᠲᠠᠲᠠᠪᠤᠷᠢᠯᠠᠵᠤ ᠪᠠᠯᠠ ᠴᠤᠭᠯᠠᠭᠤᠯᠵᠤ ᠪᠣᠯᠬᠤ ᠥᠬᠡᠶ᠂ ︽ᠲᠡᠷᠭᠡᠨ ᠳᠤ ᠰᠠᠭᠤᠵᠤ︾ ᠰᠦᠢᠳᠬᠡᠯ ᠬᠤᠷᠢᠶᠠᠵᠤ ᠪᠣᠯᠬᠤ ᠥᠬᠡᠶ᠃ ᠨᠢᠭᠡᠨᠲᠡ ᠴᠤᠭᠯᠠᠭᠤᠯᠤᠭᠰᠠᠨ ᠪᠡᠯᠡ ᠮᠥᠩᠭᠦ ᠶᠢ ᠡᠷᠬᠡᠪᠰᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠲᠠᠩᠰᠠᠨ ᠡᠷᠦᠭᠡ ᠳᠤ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠲᠤᠰᠢᠶᠠᠨ ᠬᠠᠳᠠᠭᠠᠯᠠᠭᠤᠯᠬᠤ ᠬᠡᠷᠡᠭᠲᠡᠶ᠂ ᠶᠠᠮᠠᠷᠪᠠ ᠨᠢᠭᠡᠴᠢ ᠪᠠ ᠬᠤᠪᠢ ᠬᠥᠮᠦᠨ ᠤ ᠰᠢᠬᠠᠨ ᠡᠵᠡᠯᠡᠬᠦ᠂ ᠳᠤᠮᠳᠠ ᠠᠴᠠ ᠨᠢ ᠦᠯᠡᠳᠡᠭᠡᠬᠦ᠂ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠪᠠᠯᠠ ᠮᠥᠩᠭᠦ ᠶᠢ ᠡᠵᠡᠯᠡᠨ ᠠᠪᠤᠭᠰᠠᠨ ᠨᠢᠭᠡᠴᠡ ᠪᠠ ᠬᠤᠪᠢ ᠬᠥᠮᠦᠨ ᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠠᠴᠠ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠡ ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ ᠬᠠᠮᠢᠶ᠎ᠠ ᠪᠥᠬᠦᠶ ᠨᠢᠭᠡᠴᠡ ᠨᠦᠭᠦᠳ ᠳᠠᠭᠠᠳᠬᠠᠯ ᠳᠤ ᠣᠷᠣᠯᠴᠠᠬᠤ ᠪᠠ ᠲᠠᠲᠠᠪᠤᠷᠢᠯᠠᠨ ᠲᠤᠰᠢᠶᠠᠵᠤ ᠣᠷᠣᠯᠠᠨ ᠭᠦᠢᠴᠡᠳᠬᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠯᠠᠨ ᠬᠤᠷᠢᠶᠠᠬᠤ ᠨᠢᠭᠡᠴᠡ ᠶᠢᠨ ᠭᠠᠷᠲᠠᠨ ᠭᠦᠢᠴᠡᠳᠬᠡᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠬᠠᠮᠢᠶᠠᠷᠤᠯᠲᠠ ᠶᠢ ᠴᠢᠩᠭᠠᠳᠬᠠᠨ᠂ ᠨᠢᠭᠡᠳᠦᠭᠡᠷ ᠹᠷᠣᠨᠲ ᠤᠨ ᠠᠵᠢᠯᠲᠠᠨ ᠤ ᠲᠠᠲᠠᠪᠤᠷᠢᠯᠠᠨ ᠲᠤᠰᠢᠶᠠᠬᠤ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ ᠣᠷᠣᠯᠠᠨ ᠬᠤᠷᠢᠶᠠᠬᠤ ᠪᠠᠯᠠ ᠮᠥᠩᠭᠦ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃︵ᠳᠣᠯᠤᠭ᠎ᠠ︶ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠬᠡᠮᠵᠢᠶ᠎ᠡ ᠶᠡᠭᠡ᠂ ᠬᠤᠯᠪᠣᠭᠳᠠᠬᠤ ᠬᠡᠪᠴᠢᠶ᠎ᠡ ᠥᠷᠭᠡᠨ᠂ ᠡᠯ᠎ᠡ ᠰᠤᠮᠤ ᠪᠠᠯᠭᠠᠰᠤ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠡᠮ ᠡᠮᠨᠡᠯᠭᠡ ᠶᠢᠨ ᠳᠠᠭᠠᠳᠬᠠᠯ᠂ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ᠂ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠤᠷᠭᠠᠨ ᠬᠥᠮᠦᠵᠢᠯ᠂ ᠵᠡᠮᠳᠡᠭᠴᠦᠳ ᠤᠨ ᠬᠤᠯᠪᠣᠭ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠳᠠᠷᠦ᠋ᠢᠬᠠᠨ ᠬᠤᠷᠠᠯ ᠬᠤᠷᠠᠯᠳᠤᠭᠤᠯᠵᠤ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠬᠤ ᠬᠡᠷᠡᠭᠲᠡᠶ᠃ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ ᠪᠣᠯᠤᠨ ᠪᠣᠳᠠᠲᠠᠶ ᠠᠵᠢᠯᠳᠠᠨ ᠠᠴᠠ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ︵ᠠᠵᠢᠯᠳᠠᠨ ᠳᠤ ᠨᠡᠶᠢᠭᠡᠮ ᠲᠣᠭᠤᠷᠢᠭ᠂ ᠭᠠᠴᠠᠭ᠎ᠠ᠂ ᠬᠤᠪᠢᠶᠠᠷᠢ ᠲᠠᠯᠠᠪᠠᠢ ᠪᠠᠭᠲᠠᠨ᠎ᠠ︶ ᠢ ᠬᠠᠷᠢᠭᠤᠴᠠᠬᠤ ᠶᠢ ᠲᠣᠳᠣᠷᠬᠠᠶᠢᠯᠠᠵᠤ᠂ ︽ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠤᠢᠢᠷ᠎ᠠ ᠬᠠᠪᠢ ᠳᠤᠨᠢ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠵᠡᠷᠭᠡ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ᠂ ᠭᠠᠴᠠᠭ᠎ᠠ ᠨᠢᠭᠡᠪᠦᠷᠢ ᠳᠤ ᠴᠥᠮ ᠳᠠᠭᠠᠳᠬᠠᠯ ᠳᠤ ᠣᠷᠣᠯᠴᠠᠵᠤ ᠳᠠᠩᠰᠠᠯᠠᠭᠤᠯᠬᠤ ᠪᠠ ᠰᠦᠢᠳᠬᠡᠯ ᠲᠤᠰᠢᠶᠠᠬᠤ ᠠᠵᠢᠯ ᠢ ᠬᠠᠪᠰᠤᠷᠬᠤ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠬᠡᠷᠡᠭᠲᠡᠶ᠃ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢ ᠵᠢᠯᠣᠭᠤᠳᠴᠤ ᠪᠠᠶᠢᠭᠠᠳ ᠣᠷᠣᠭᠤᠯᠤᠭᠰᠠᠨ ᠡᠮ ᠡᠮᠨᠡᠯᠭᠡ ᠶᠢᠨ ᠳᠠᠭᠠᠳᠬᠠᠯ ᠤᠨ ᠥᠪᠡᠰᠦᠪᠡᠨ ᠦᠢᠯᠡᠴᠢᠯᠡᠬᠦ‍ ᠨᠢᠭᠡ ᠴᠣᠭᠴᠠᠲᠤ ᠮᠠᠰᠢᠨ᠂ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠦᠵᠦᠭᠦᠷ᠂ ᠭᠠᠷ ᠲᠠᠭᠠᠨ ᠠᠳᠬᠤᠵᠤ ᠪᠠᠶᠢᠭ᠎ᠠ ᠦᠢᠯᠡᠴᠢᠯᠡᠭᠡᠨ ᠤ ᠦᠵᠦᠭᠦᠷ ᠵᠡᠷᠭᠡ ᠤᠶᠤᠨᠲᠤ ᠲᠥᠬᠦᠭᠡᠷᠦᠮᠵᠢ ᠶᠢ ᠰᠠᠶᠢᠲᠤᠷ ᠡᠭᠦᠨ ᠤ ᠬᠠᠮᠲᠤ ᠨᠡᠶᠢᠭᠡᠮ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠣᠷᠣᠯᠠᠨ ᠭᠦᠢᠴᠡᠳᠬᠡᠭᠴᠢ᠂ ᠭᠠᠴᠠᠭᠠᠨ ᠤ ᠡᠮᠴᠢᠯᠡᠭᠡᠨ ᠤ ᠳᠠᠭᠠᠳᠬᠠᠯ ᠤᠨ ᠣᠷᠣᠯᠠᠨ ᠭᠦᠢᠴᠡᠳᠬᠡᠭᠴᠢ ᠵᠡᠷᠭᠡ ᠳᠥᠷᠪᠡᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢᠨ ᠸᠢᠴᠠᠲ ᠤᠨ ᠪᠦᠯᠦᠭᠯᠡᠯ ᠤᠨ ᠦᠢᠯᠡᠳᠦᠯ ᠢ ᠪᠠᠳᠠᠷᠠᠭᠤᠯᠵᠤ᠂ ᠱᠠᠲᠤ ᠳᠠᠷᠠᠭᠠᠯᠠᠨ ᠲᠥᠷᠥᠯ ᠬᠤᠪᠢᠶᠠᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠵᠦ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠦᠢᠯᠡᠴᠢᠯᠡᠭᠡᠨ ᠤ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号