ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠪᠥᠬᠦ ᠬᠤᠲᠠ ᠶᠢᠨ ᠬᠡᠪᠴᠢᠶᠡᠨ ᠳᠤ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠠᠵᠢᠯ  ᠢ ᠦᠷᠨᠢᠭᠦᠯᠬᠦ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/9/3
ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠪᠥᠬᠦ ᠬᠤᠲᠠ ᠶᠢᠨ ᠬᠡᠪᠴᠢᠶᠡᠨ ᠳᠤ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠠᠵᠢᠯ ᠢ ᠦᠷᠨᠢᠭᠦᠯᠬᠦ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯᠡᠯ᠎ᠡ ᠰᠤᠮᠤ  ᠪᠠᠯᠭᠠᠰᠣ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠪᠠ ︽ᠳᠥᠷᠪᠡᠨ ᠤᠰᠤ ᠲᠦᠷᠪᠡ  ᠶᠢ ᠲᠣᠭᠲᠠᠭᠠᠬᠤ︾ ᠵᠠᠷᠴᠢᠮ ᠢ ᠭᠦᠨᠵᠡᠭᠡᠢ ᠲᠤᠤᠱᠯᠠᠭᠤᠯᠤᠨ ᠨᠠᠶᠢᠳᠠᠪᠣᠷᠢᠵᠢᠭᠤᠯᠵᠣ᠂ ᠰᠢ ᠶᠢᠨ ᠫᠢᠩ ᠶᠡᠷᠦᠩᠬᠡᠢ ᠱᠦᠵᠢ ᠶᠢᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂  ᠰᠢᠰᠢᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠰᠢᠨ᠎ᠡ ᠴᠠᠭ ᠦᠶ᠎ᠡ ᠶᠢᠨ ᠤᠰᠤ ᠵᠠᠰᠠᠬᠤ ᠰᠡᠳᠬᠢᠴᠡ ᠶᠢ ᠢᠳᠡᠪᠬᠢᠲᠡᠢ ᠦᠢᠯᠡᠳᠦᠯᠭᠡᠵᠢᠭᠦᠯᠵᠦ᠂ ᠪᠥᠬᠦ ᠬᠤᠳᠠ ᠶᠢᠨ ᠤᠰᠤ ᠲᠠᠲᠠᠵᠤ ᠬᠡᠷᠡᠭᠯᠡᠬᠦ ᠡᠮᠬᠢ ᠳᠢᠭᠯᠢᠮ   ᠢ  ᠵᠢᠷᠣᠮᠵᠢᠭᠤᠯᠬᠤ ᠶᠢᠨ ᠲᠥᠯᠦᠭᠡ᠂  ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠰ ᠡᠳᠦᠷ ᠠᠴᠠ ᠡᠬᠢᠯᠡᠨ᠂ ᠪᠥᠬᠦ ᠬᠤᠳᠠ ᠶᠢᠨ ᠬᠡᠪᠴᠢᠶᠡᠨ   ᠳᠤ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ  ᠢ ᠪᠠᠶᠢᠴᠠᠭᠠᠬᠤ ᠠᠵᠢᠯ ᠥᠷᠨᠢᠭᠦᠯᠬᠦ ᠪᠠᠷ ᠲᠣᠭᠲᠠᠵᠤ᠂ ᠬᠡᠷᠡᠭᠵᠢᠭᠦᠯᠬᠦ ᠲᠥᠰᠥᠯ   ᠢ ᠣᠨᠴᠣᠭᠤᠶᠢᠯᠠᠨ ᠳᠣᠣᠷᠠᠬᠢ ᠮᠡᠲᠦ ᠲᠣᠭᠲᠠᠭᠠᠪᠠ᠃        ᠨᠢᠭᠡ᠂  ᠪᠠᠶᠢᠴᠠᠭᠠᠬᠤ ᠡᠲᠡᠭᠡᠳ       ᠪᠥᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠣᠶ ᠪᠦᠬᠦᠢ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ᠂ ᠡᠭᠦᠨ ᠳᠤ ᠬᠤᠪᠢ ᠬᠥᠮᠥᠨ᠂ ᠬᠠᠮᠲᠤ ᠨᠡᠶᠢᠲᠡ᠂ ᠠᠵᠤ ᠠᠬᠤᠶᠢᠯᠠᠯ᠂ ᠵᠠᠰᠠᠭ  ᠵᠠᠬᠢᠷᠭᠠᠨ ᠤ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ᠂ ᠦᠢᠯᠡᠳᠪᠦᠷᠢᠯᠡᠯ᠂ ᠨᠣᠭᠤᠭᠠᠷᠠᠭᠤᠯᠤᠯᠲᠠ᠂ ᠲᠡᠵᠢᠭᠡᠨ ᠦᠷᠡᠵᠢᠭᠦᠯᠬᠦ᠂ ᠳᠠᠷᠢᠬᠤ᠂ ᠭᠠᠯ ᠤᠨᠲᠠᠷᠠᠭᠠᠬᠤ᠂ ᠢᠯᠴᠢ ᠬᠠᠩᠭᠠᠬᠤ᠂ ᠤᠰᠤ  ᠭᠠᠳᠠᠭᠰᠢᠯᠠᠭᠤᠯᠬᠤ ᠵᠡᠷᠭᠡ ᠡᠯ᠎ᠡ ᠵᠦᠢᠯ ᠤᠨ ᠬᠡᠷᠡᠭᠴᠡᠭᠡᠨ ᠳᠤ ᠬᠡᠷᠡᠭᠯᠡᠬᠦ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠪᠠᠭᠲᠠᠨ᠎ᠠ᠃        ᠬᠤᠶᠠᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ      1. ᠤᠰᠤᠨ ᠠᠰᠢᠭᠯᠠᠯᠲᠠ ᠶᠢᠨ ᠲᠣᠪᠴᠢᠶ᠎ᠠ᠄ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠠᠵᠢᠯ ᠢ ᠪᠦᠬᠦᠯᠢ ᠴᠣᠭᠴᠠ ᠪᠠᠷ ᠨᠢ ᠬᠠᠷᠢᠭᠤᠴᠠᠵᠤ᠂ ᠵᠢᠭᠰᠠᠭᠠᠨ ᠪᠠᠶᠢᠴᠠᠭᠠᠬᠤ ᠬᠦᠰᠦᠨᠦᠭᠲᠦ ᠶᠢ ᠲᠣᠭᠲᠠᠭᠠᠨ᠂ ᠡᠯ᠎ᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠤᠨ ᠤᠰᠤ ᠬᠡᠷᠡᠭᠯᠡᠬᠦ ᠰᠢᠨᠵᠢ ᠴᠢᠨᠠᠷ ᠪᠠ ᠤᠰᠤ ᠬᠡᠷᠡᠭᠯᠡᠬᠦ ᠬᠡᠪᠴᠢᠶ᠎ᠡ ᠶᠢᠨ ᠶᠣᠰᠣᠭᠠᠷ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠲᠥᠰᠥᠯ ᠢ ᠲᠣᠭᠲᠠᠭᠠᠨ᠎ᠠ᠃      2. ᠠᠷᠠᠳ ᠤᠨ ᠵᠡᠪᠰᠡᠭᠲᠦ ᠬᠦᠴᠦᠨ ᠤ ᠬᠡᠯᠲᠡᠰ᠄ ᠰᠢᠯᠢ ᠶᠢᠨ ᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠶᠢᠨ ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ᢭ ᠢ ᠪᠠᠶᠢᠴᠠᠭᠠᠬᠤ ᠶᠢ ᠬᠠᠷᠢᠭᠤᠴᠠᠨ᠎ᠠ᠃3. ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠄ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠲᠣᠭᠤᠷᠢᠭ᠂ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠪᠠᠶᠢᠴᠠᠭᠠᠬᠤ ᠶᠢ ᠬᠠᠷᠢᠭᠤᠴᠠᠨ᠎ᠠ᠃      4. ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠭᠤᠣᠯᠴᠢᠯᠠᠨ ᠬᠠᠮᠢᠶᠠᠷᠴᠤ ᠪᠦᠬᠦᠢ ᠠᠵᠤ ᠠᠬᠤᠶᠢᠯᠠᠯ ᠂ ᠠᠮᠤ ᠲᠣᠰᠣᠨ ᠤ ᠪᠡᠯᠡᠳᠬᠡᠮᠵᠢ᠂ ᠲᠡᠮᠦᠷ ᠵᠠᠮ ᠤᠨ ᠥᠷᠲᠡᠭᠡ ᠴᠢᠭ ᠤᠨ ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠶᠢ ᠬᠠᠷᠢᠭᠤᠴᠠᠨ᠎ᠠ᠃5. ᠰᠤᠷᠭᠠᠨ ᠬᠥᠮᠦᠵᠢᠯ ᠤᠨ ᠲᠣᠪᠴᠢᠶ᠎ᠠ᠄ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠵᠡᠷᠭᠡ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠶᠢ ᠬᠠᠷᠢᠭᠤᠴᠠᠨ᠎ᠠ᠃6. ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠠᠵᠤ ᠦᠢᠯᠡᠳᠪᠦᠷᠢ ᠠᠵᠤ ᠠᠬᠤᠶᠢᠯᠠᠯ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠥᠪᠯᠡᠷᠡᠭᠰᠡᠨ ᠣᠷᠣᠨ ᠤ  ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠶᠢ ᠬᠠᠷᠢᠭᠤᠴᠠᠨ᠎ᠠ᠃7. ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠡᠯ᠎ᠡ ᠲᠣᠮᠢᠯᠠᠭᠰᠠᠨ ᠰᠠᠯᠪᠤᠷᠢ᠂ ᠲᠦᠷ ᠬᠤᠷᠢᠬᠤ ᠭᠠᠵᠠᠷ᠂ ᠰᠠᠬᠢᠨ ᠬᠤᠷᠢᠬᠤ ᠭᠠᠵᠠᠷ᠂ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠵᠡᠷᠭᠡ ᠳᠣᠲᠣᠭᠠᠳᠤ ᠶᠢ ᠬᠠᠮᠠᠭᠠᠯᠠᠬᠤ ᠪᠡᠯᠡᠳᠬᠡᠮᠵᠢ ᠶᠢᠨ ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠶᠢ ᠬᠠᠷᠢᠭᠤᠴᠠᠨ᠎ᠠ᠃8. ᠠᠷᠠᠳ ᠤᠨ ᠶᠠᠪᠤᠳᠠᠯ ᠤᠨ ᠲᠣᠪᠴᠢᠶ᠎ᠠ᠄ ᠣᠷᠣᠰᠢᠭᠤᠯᠭ᠎ᠠ ᠶᠢᠨ ᠭᠠᠵᠠᠷ᠂ ᠬᠠᠶᠢᠯᠠᠭᠤᠯᠬᠤ ᠭᠠᠵᠠᠷ᠂ ᠨᠡᠶᠢᠲᠡ ᠶᠢᠨ ᠪᠤᠩᠬᠤᠨ᠂ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ᠂ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ ᠵᠡᠷᠭᠡ ᠠᠷᠠᠳ ᠤᠨ ᠶᠠᠪᠤᠳᠠᠯ ᠤᠨ ᠪᠡᠯᠡᠳᠬᠡᠮᠵᠢ ᠶᠢᠨ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠶᠢ ᠬᠠᠷᠢᠭᠤᠴᠠᠨ᠎ᠠ᠃9. ᠬᠠᠤᠯᠢ ᠴᠠᠭᠠᠵᠠ ᠶᠢᠨ ᠲᠣᠪᠴᠢᠶ᠎ᠠ᠄ ᠭᠢᠨᠳᠠᠨ᠂ ᠬᠤᠣᠷ ᠲᠠᠲᠠᠬᠤ ᠶᠢ ᠵᠣᠭᠰᠤᠭᠠᠬᠤ ᠭᠠᠵᠠᠷ᠂ ᠡᠯ᠎ᠡ ᠬᠠᠤᠯᠢ ᠴᠠᠭᠠᠵᠠ ᠶᠢᠨ ᠭᠠᠵᠠᠷ ᠵᠡᠷᠭᠡ ᠬᠠᠤᠯᠢ ᠴᠠᠭᠠᠵᠠ ᠶᠢᠨ ᠪᠡᠯᠡᠳᠬᠡᠮᠵᠢ ᠶᠢᠨ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠶᠢ ᠬᠠᠷᠢᠭᠤᠴᠠᠨ᠎ᠠ᠃10.ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠠᠭᠤᠷᠬᠠᠢ ᠶᠢᠨ ᠠᠵᠤ ᠠᠬᠤᠶᠢᠯᠠᠯ᠂ ᠡᠯ᠎ᠡ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠭᠠᠵᠠᠷ   ᠤᠨ ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠶᠢ ᠬᠠᠷᠢᠭᠤᠴᠠᠨ᠎ᠠ᠃11. ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠬᠤᠲᠠ ᠶᠢᠨ ᠲᠥᠪᠯᠡᠷᠡᠭᠦᠯᠦᠨ ᠤᠰᠤ ᠬᠠᠩᠭᠠᠬᠤ᠂ ᠢᠯᠴᠢ ᠰᠣᠯᠢᠯᠴᠠᠬᠤ ᠥᠷᠲᠡᠭᠡ᠂  ᠰᠢᠳᠠᠮᠠᠬᠠᠢ ᠬᠡᠢ ᠶᠢᠨ ᠥᠷᠲᠡᠭᠡ᠂ ᠬᠡᠢ ᠨᠡᠮᠡᠬᠦ ᠥᠷᠲᠡᠭᠡ᠂ ᠴᠡᠴᠡᠷᠯᠢᠭ ᠤᠨ ᠨᠣᠭᠤᠭᠠᠷᠠᠭᠤᠯᠤᠯᠲᠠ᠂  ᠰᠠᠭᠤᠭᠠᠯᠢ ᠲᠣᠭᠤᠷᠢᠭ ᠵᠢᠴᠢ ᠨᠢᠭᠡᠴᠡ ᠶᠢᠨ ᠨᠣᠭᠤᠭᠠᠷᠠᠭᠤᠯᠤᠯᠲᠠ᠂ ᠬᠤᠲᠠ ᠶᠢᠨ ᠶᠠᠪᠤᠳᠠᠯ ᠤᠨ ᠢᠨᠵᠧᠨᠧᠷᠢᠩ᠂ ᠬᠤᠲᠠ ᠶᠢᠨ ᠶᠠᠪᠤᠳᠠᠯ ᠤᠨ ᠪᠡᠯᠡᠳᠬᠡᠮᠵᠢ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯ᠂ ᠬᠤᠭ ᠨᠣᠪᠰᠢ ᠰᠢᠢᠳᠪᠦᠷᠢᠯᠡᠬᠦ ᠪᠡᠯᠡᠳᠬᠡᠮᠵᠢ᠂ ᠪᠠᠷᠢᠯᠭ᠎ᠠ ᠶᠢᠨ ᠠᠵᠢᠯ ᠤᠨ ᠭᠠᠵᠠᠷ ᠵᠡᠷᠭᠡ ᠳᠤ ᠬᠡᠷᠡᠭᠯᠡᠬᠦ ᠥᠪᠡᠷᠲᠡᠭᠡᠨ ᠪᠡᠯᠡᠳᠬᠡᠭᠰᠡᠨ ᠤᠰᠤᠨ ᠤ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠶᠢ ᠬᠠᠷᠢᠭᠤᠴᠠᠨ᠎ᠠ᠃12 . ᠵᠠᠮ ᠬᠠᠷᠢᠯᠴᠠᠭᠠᠨ ᠤ ᠲᠣᠪᠴᠢᠶ᠎ᠠ᠄ ᠰᠦᠢᠳᠬᠡᠯ ᠬᠤᠷᠢᠶᠠᠬᠤ ᠥᠷᠲᠡᠭᠡ᠂ ᠦᠢᠯᠡᠴᠢᠯᠡᠭᠡᠨ ᠤ ᠲᠣᠭᠤᠷᠢᠭ᠂ ᠵᠠᠮ ᠠᠷᠠᠴᠢᠯᠠᠬᠤ ᠬᠡᠰᠡᠭ᠂ ᠵᠠᠰᠠᠮᠠᠯ ᠵᠠᠮ ᠤᠨ ᠥᠷᠲᠡᠭᠡ ᠴᠢᠭ᠂ ᠵᠠᠰᠠᠮᠠᠯ ᠵᠠᠮ ᠤᠨ ᠪᠠᠶᠢᠴᠠᠭᠠᠬᠤ ᠥᠷᠲᠡᠭᠡ᠂ ᠵᠢᠯᠣᠭᠤᠴᠢ ᠶᠢᠨ ᠰᠤᠷᠭᠠᠭᠤᠯᠢ᠂ ᠲᠡᠷᠭᠡ ᠬᠥᠰᠬᠡ ᠰᠢᠯᠭᠠᠨ ᠪᠠᠶᠢᠴᠠᠭᠠᠬᠤ ᠲᠥᠪ ᠵᠡᠷᠭᠡ ᠵᠠᠮ ᠬᠠᠷᠢᠯᠴᠠᠭᠠᠨ ᠤ ᠪᠡᠯᠡᠳᠬᠡᠮᠵᠢ ᠶᠢᠨ ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠶᠢ ᠬᠠᠷᠢᠭᠤᠴᠠᠨ᠎ᠠ᠃13. ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠄ ᠣᠯᠠᠭᠠᠨ ᠢᠳᠡᠭᠡᠨ ᠢ ᠡᠳ᠋ᠰᠢᠭᠦᠯᠬᠦ᠂ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠳᠤ ᠬᠡᠷᠡᠭᠯᠡᠬᠦ  ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠶᠢ ᠬᠠᠷᠢᠭᠤᠴᠠᠨ᠎ᠠ᠃14. ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ ᠲᠣᠰᠣ ᠨᠡᠮᠡᠬᠦ ᠥᠷᠲᠡᠭᠡ᠂ 4S ᠳᠡᠯᠭᠡᠭᠦᠷ᠂ ᠲᠣᠰᠣᠨ ᠤ ᠬᠥᠮᠥᠷᠭᠡ᠂ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ ᠵᠡᠷᠭᠡ ᠳᠤ ᠬᠡᠷᠡᠭᠯᠡᠬᠦ ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠪᠠᠶᠢᠴᠠᠭᠠᠬᠤ ᠶᠢ ᠬᠠᠷᠢᠭᠤᠴᠠᠨ᠎ᠠ᠃15. ᠰᠣᠶᠣᠯ ᠵᠢᠭᠤᠯᠴᠢᠯᠠᠯ ᠤᠨ ᠲᠣᠪᠴᠢᠶ᠎ᠠ᠄  ᠠᠳᠣᠭᠤᠨ ᠰᠣᠶᠣᠯ ᠤᠨ ᠲᠦᠪ᠂ ᠷᠠᠳᠢᠣ᠋ ᠲᠧᠯᠸᠢᠰ ᠤᠨ ᠰᠠᠴᠤᠷᠠᠭᠤᠯᠬᠤ ᠲᠠᠪᠴᠠᠩ᠂ ᠵᠢᠭᠤᠯᠴᠢᠯᠠᠯ ᠤᠨ ᠴᠢᠭ ᠵᠡᠷᠭᠡ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠪᠡᠯᠡᠳᠬᠡᠮᠵᠢ ᠶᠢᠨ  ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠶᠢ ᠬᠠᠷᠢᠭᠤᠴᠠᠨ᠎ᠠ᠃16. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠡᠯ᠎ᠡ ᠡᠮᠨᠡᠯᠭᠡ ᠶᠢᠨ ᠬᠤᠷᠢᠶ᠎ᠠ᠂ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠶᠢ ᠬᠠᠷᠢᠭᠤᠴᠠᠨ᠎ᠠ᠃17. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠲᠡᠷᠭᠡ ᠤᠬᠢᠶᠠᠬᠤ᠂ ᠪᠡᠶ᠎ᠡ ᠤᠬᠢᠶᠠᠬᠤ᠂ ᠢᠳᠡᠭᠡᠨ ᠤᠮᠳᠠᠭᠠᠨ᠂ ᠪᠠᠭᠤᠳᠠᠯ ᠵᠡᠷᠭᠡ ᠳᠤ ᠬᠡᠷᠡᠭᠯᠡᠬᠦ ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠶᠢ ᠬᠠᠷᠢᠭᠤᠴᠠᠨ᠎ᠠ᠃18 . ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠄ ᠣᠶ ᠰᠢᠭᠤᠢ ᠶᠢᠨ ᠤᠰᠤᠯᠠᠯᠲᠠ᠂ ᠡᠪᠡᠰᠦᠨ ᠤ ᠦᠢᠯᠡᠰ ᠤᠨ ᠤᠰᠤᠯᠠᠯᠲᠠ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠣᠶ ᠰᠢᠭᠤᠢ ᠨᠤᠲᠤᠭ ᠪᠡᠯᠴᠢᠭᠡᠷ ᠤᠨ ᠬᠠᠮᠢᠶᠠᠷᠤᠯᠲᠠ ᠵᠢᠴᠢ ᠰᠤᠳᠤᠯᠭᠠᠨ ᠤ ᠪᠡᠯᠡᠳᠬᠡᠮᠵᠢ ᠵᠡᠷᠭᠡ ᠳᠤ ᠬᠡᠷᠡᠭᠯᠡᠬᠦ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠪᠠᠶᠢᠴᠠᠭᠠᠬᠤ ᠶᠢ ᠬᠠᠷᠢᠭᠤᠴᠠᠨ᠎ᠠ᠃19.  ᠰᠢᠯᠢ ᠶᠢᠨ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ᠄ ᠬᠦᠴᠦᠳᠡᠯ ᠥᠭᠡᠷᠡᠴᠢᠯᠡᠬᠦ ᠥᠷᠲᠡᠭᠡ᠂ ᠭᠦᠶᠦᠳᠡᠯ ᠰᠣᠯᠢᠬᠤ ᠥᠷᠲᠡᠭᠡ᠂ ᠴᠠᠬᠢᠯᠭᠠᠨ ᠬᠠᠩᠭᠠᠬᠤ ᠭᠠᠵᠠᠷ ᠵᠡᠷᠭᠡ ᠴᠠᠬᠢᠯᠭᠠᠨ ᠬᠦᠴᠦᠨ ᠤ ᠪᠡᠯᠡᠳᠬᠡᠮᠵᠢ ᠶᠢᠨ ᠬᠡᠷᠡᠭᠯᠡᠭᠡᠨ ᠳᠤ ᠬᠡᠷᠡᠭᠯᠡᠬᠦ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠠᠶᠢᠴᠠᠭᠠᠬᠤ ᠶᠢ ᠬᠠᠷᠢᠭᠤᠴᠠᠨ᠎ᠠ᠃20. ᠡᠯ᠎ᠡ ᠰᠤᠮᠤ ᠪᠠᠯᠭᠠᠰᠤ ᠲᠠᠯᠠᠪᠠᠶ᠄ ᠲᠣᠰ ᠵᠠᠰᠠᠭ ᠵᠠᠬᠢᠷᠭᠠᠨ ᠤ ᠣᠷᠣᠨ ᠳᠣᠲᠣᠷᠠᠬᠢ ᠠᠮᠢᠳᠤᠷᠠᠯ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠲᠠᠷᠢᠶᠠᠯᠠᠩ ᠤᠨ ᠤᠰᠤᠯᠠᠯᠲᠠ᠂ ᠨᠣᠭᠤᠭᠠᠷᠠᠭᠤᠯᠤᠯᠲᠠ᠂ ᠲᠥᠪᠯᠡᠷᠡᠭᠦᠯᠦᠨ ᠤᠰᠤ ᠬᠠᠩᠭᠠᠬᠤ᠂ ᠵᠢᠵᠢᠭ ᠬᠡᠯᠪᠡᠷᠢ ᠶᠢᠨ ᠡᠳ᠋ᠰᠢᠭᠦᠯᠬᠦ ᠦᠢᠯᠡᠰ᠂ ᠭᠡᠷ ᠪᠦᠯᠢ ᠶᠢᠨ ᠦᠢᠯᠡᠳᠬᠡᠯ ᠵᠡᠷᠭᠡ ᠳᠤ ᠬᠡᠷᠡᠭᠯᠡᠬᠦ ᠥᠪᠡᠷᠲᠡᠭᠡᠨ ᠪᠡᠯᠡᠳᠬᠡᠭᠰᠡᠨ ᠤᠰᠤᠨ ᠤ ᠰᠤᠷᠪᠤᠯᠵᠢ ᠶᠢᠨ ᠬᠤᠳᠳᠤᠭ ᠢ ᠪᠠᠶᠢᠴᠠᠭᠠᠬᠤ ᠶᠢ ᠬᠠᠷᠢᠭᠤᠴᠠᠬᠤ ᠶᠢᠨ ᠬᠠᠮᠲᠤ ᠂ ᠭᠠᠴᠠᠭ᠎ᠠ᠂ ᠬᠤᠪᠢᠶᠠᠷᠢ ᠲᠠᠯᠠᠪᠠᠶ᠂ ᠰᠠᠭᠤᠭᠠᠯᠢ ᠠᠷᠠᠳ ᠤᠨ ᠵᠥᠪᠯᠡᠯ ᠤᠨ ᠶᠣᠰᠣᠭᠠᠷ ᠲᠣᠰᠪᠣᠷᠢ ᠪᠦᠷᠢᠳᠬᠡᠨ᠎ᠡ᠃21 .ᠢᠳᠡᠰᠢᠨ ᠨᠣᠭᠤᠭ᠎ᠠ ᠶᠢᠨ ᠲᠠᠷᠢᠶᠠᠯᠠᠩ ᠤᠨ ᠲᠠᠯᠠᠪᠠᠢ᠄  ︽ᠢᠳᠡᠰᠢᠨ ᠨᠣᠭᠤᠭ᠎ᠠ ᠶᠢᠨ ᠰᠠᠭᠰᠣ︾ ᠰᠠᠭᠤᠷᠢᠨ ᠭᠠᠵᠠᠷ ᠬᠢᠭᠡᠳ ᠪᠤᠰᠤᠳ ᠬᠠᠷᠢᠶ᠎ᠠ ᠣᠷᠣᠨ ᠤ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ᢭  ᠢ ᠪᠠᠶᠢᠴᠠᠭᠠᠬᠤ ᠶᠢ ᠬᠠᠷᠢᠭᠤᠴᠠᠨ᠎ᠠ᠃22 . ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠮᠢᠳᠤᠷᠠᠯ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠲᠠᠷᠢᠶᠠᠯᠠᠩ ᠤᠨ ᠤᠰᠤᠯᠠᠯᠲᠠ᠂ ᠨᠣᠭᠤᠭᠠᠷᠠᠭᠤᠯᠤᠯᠲᠠ᠂ ᠲᠥᠪᠯᠡᠷᠡᠭᠦᠯᠦᠨ ᠤᠰᠤ ᠬᠠᠩᠭᠠᠬᠤ᠂ ᠵᠢᠵᠢᠭ ᠬᠡᠯᠪᠡᠷᠢ ᠶᠢᠨ ᠡᠳ᠋ᠰᠢᠭᠦᠯᠬᠦ ᠦᠢᠯᠡᠰ᠂ ᠭᠡᠷ ᠪᠦᠯᠢ ᠶᠢᠨ ᠦᠢᠯᠡᠳᠬᠡᠯ ᠤᠨ ᠭᠠᠵᠠᠷ ᠵᠡᠷᠭᠡ ᠳᠤ ᠬᠡᠷᠡᠭᠯᠡᠬᠦ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ᢭ ᠪᠠᠶᠢᠴᠠᠭᠠᠬᠤ ᠶᠢ ᠬᠠᠷᠢᠭᠤᠴᠠᠬᠤ ᠶᠢᠨ ᠬᠠᠮᠲᠤ ᠨᠡᠶᠢᠭᠡᠮ ᠲᠣᠭᠤᠷᠢᠭ ᠤᠨ ᠶᠣᠰᠣᠭᠠᠷ ᠲᠣᠰᠪᠣᠷᠢ ᠪᠦᠷᠢᠳᠬᠡᠨ᠎ᠡ᠃ᠡᠯ᠎ᠡ ᠰᠠᠯᠠᠭ᠎ᠠ ᠮᠥᠴᠢᠷ ᠤᠨ ᠪᠠᠶᠢᠴᠠᠭᠠᠭᠰᠠᠨ ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠲᠤ ᠳᠠᠪᠬᠤᠷᠳᠠᠭᠰᠠᠨ ᠬᠡᠰᠡᠭ ᠪᠠᠶᠢᠪᠠᠯ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠤᠷᠢᠶᠠᠩᠭᠤᠶᠢᠯᠠᠭᠰᠠᠨ ᠤ ᠳᠠᠷᠠᠭ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ   ᠠᠴᠠ ᠡᠮᠬᠢᠯᠡᠨ ᠳᠢᠭᠯᠡᠵᠦ ᠭᠠᠷᠭᠠᠬᠤ ᠬᠡᠷᠡᠭᠲᠡᠢ᠃ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ2023 ᠣᠨ ᠤ 9 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ ᠪᠠᠶᠢᠴᠠᠭᠠᠬᠤ ᠱᠠᠲᠤ ᠦᠶ᠎ᠡ ᠪᠣᠯᠣᠨ᠎ᠠ᠂ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠲᠣᠰ ᠬᠤᠭᠤᠴᠠᠭᠠᠨ ᠳᠤ ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠪᠥᠬᠦ ᠲᠠᠯ᠎ᠠ ᠪᠠᠷ ᠪᠠᠶᠢᠴᠠᠭᠠᠬᠤ ᠠᠵᠢᠯ ᠢ ᠪᠡᠶᠡᠯᠡᠭᠦᠯᠬᠦ ᠬᠡᠷᠡᠭᠲᠡᠢ᠃      2023 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 20 ᠤ ᠡᠳᠦᠷ ᠪᠣᠯᠳᠠᠯ᠎ᠠ ᠲᠤᠭ᠎ᠠ ᠪᠦᠷᠢᠳᠬᠡᠯ ᠤᠨ ᠱᠠᠲᠤ ᠦᠶ᠎ᠡ ᠪᠣᠯᠣᠨ᠎ᠠ᠂ ᠡᠯ᠎ᠡ ᠰᠤᠮᠤ ᠪᠠᠯᠭᠠᠰᠤᠨ ᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠲᠣᠰ ᠬᠤᠭᠤᠴᠠᠭᠠᠨ ᠳᠤ ᠨᠢᠭᠡᠳᠦᠯᠲᠡᠢ ᠬᠦᠰᠦᠨᠦᠭᠲᠦ ᠶᠢᠨ ᠶᠣᠰᠣᠭᠠᠷ ᠤᠰᠤᠨ ᠤ ᠡᠬᠢ ᠰᠤᠷᠪᠤᠯᠵᠢ ᠶᠢᠨ ᠬᠤᠳᠳᠤᠭ ᠤᠨ ᠡᠬᠡ ᠲᠠᠩᠰᠠ ᠪᠠᠶᠢᠭᠤᠯᠬᠤ ᠠᠵᠢᠯ ᠢ ᠪᠡᠶᠡᠯᠡᠭᠦᠯᠵᠦ᠂ ᠡᠬᠡ ᠲᠠᠩᠰᠠ ᠶᠢᠨ ᠴᠠᠭᠠᠰᠤᠨ ᠬᠡᠪᠯᠡᠯ ᠢ ᠭᠤᠣᠯ ᠤᠳᠤᠷᠢᠳᠤᠯᠭ᠎ᠠ ᠪᠠᠷ ᠭᠠᠷ ᠤᠨ ᠥᠰᠥᠭ ᠵᠢᠷᠤᠭᠤᠯᠬᠤ ᠶᠢᠨ ᠬᠠᠮᠲᠤ ᠲᠠᠮᠠᠭ᠎ᠠ ᠳᠠᠷᠤᠭᠤᠯᠵᠤ᠂ 10 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ 301 ᠠᠯᠪᠠᠨ ᠭᠡᠷ ᠲᠤ ᠬᠦᠷᠭᠡᠵᠦ᠂ ᠡᠯᠧᠺᠲᠷᠣᠨ ᠬᠡᠪᠯᠡᠯ ᠢ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠰᠢᠤᠳᠠᠨ ᠤ ᠬᠠᠶᠢᠷᠴᠠᠭ ᠲᠤ  ᠶᠠᠪᠣᠭᠤᠯᠣᠭᠠᠷᠠᠢ᠃ᠬᠠᠷᠢᠯᠴᠠᠬᠤ ᠬᠥᠮᠥᠨ᠄ ᠯᠢ ᡁᠢ ᠭᠠᠩ     ᠬᠠᠷᠢᠯᠴᠠᠬᠤ ᠤᠲᠠᠰᠤ᠄ 8212466        ᠰᠢᠤᠳᠠᠨ ᠤ ᠬᠠᠶᠢᠷᠴᠠᠭ᠄ lsjbgs8212466@163.com ᠳᠥᠷᠪᠡ᠂ ᠤᠳᠤᠷᠢᠳᠬᠤ ᠪᠠᠶᠢᠭᠤᠯᠤᠮᠵᠢᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠰᠢᠯᠢ ᠶᠢᠨ ᠬᠤᠲᠠ ᠶᠢᠨ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠢ ᠣᠨᠴᠣᠭᠤᠶᠢᠯᠠᠨ ᠪᠠᠶᠢᠭᠤᠯᠪᠠ᠃  ᠳᠣᠣᠷᠠᠬᠢ ᠮᠡᠲᠦ᠄ᠳᠤᠭᠤᠶᠢᠯᠠᠩ ᠤᠨ ᠳᠠᠷᠤᠭ᠎ᠠ᠄       ᠲᠣᠯᠭᠠᠭᠤᠷᠢ         ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ        ᠳᠡᠳ᠋ ᠳᠤᠭᠤᠶᠢᠯᠠᠩ ᠤᠨ ᠳᠠᠷᠤᠭ᠎ᠠ᠄  ᠭᠡᠷᠡᠯᠴᠣᠭᠳᠣ        ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ                                       ᠣᠷᠳᠣᠨᠠᠰᠣᠨ        ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠᠪᠦᠷᠢᠯᠳᠦᠭᠦᠨ᠄ ᠡᠯ᠎ᠡ ᠰᠤᠮᠤ  ᠪᠠᠯᠭᠠᠰᠣ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ  ᠂ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠬᠤᠳᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠲᠣᠬᠢᠷᠠᠭᠤᠯᠤᠨ᠎ᠠ᠂ ᠠᠯᠪᠠᠨ ᠭᠡᠷ ᠤᠨ ᠡᠷᠬᠢᠯᠡᠭᠴᠢ᠄ ᠬᠤᠳᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ ᠤᠷᠲᠤᠨᠠᠰᠤᠨ ︵ᠬᠠᠪᠰᠤᠷᠭᠠᠨ ᠬᠠᠷᠢᠭᠤᠴᠠᠨ᠎ᠠ︶᠃ᠲᠠᠪᠤ᠂ ᠬᠤᠯᠪᠣᠭᠳᠠᠯ ᠪᠦᠬᠦᠢ ᠱᠠᠭᠠᠷᠳᠠᠯᠭ᠎ᠠ︵ᠨᠢᠭᠡ︶ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠲᠤᠰ ᠤᠳᠠᠭᠠᠨ ᠤ ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ   ᠶᠢᠨ ᠬᠤᠳᠳᠤᠭ   ᠢ ᠪᠠᠶᠢᠴᠠᠭᠠᠬᠤ ᠠᠵᠢᠯ ᠢ ᠰᠠᠶᠢᠲᠤᠷ ᠬᠢᠬᠦ ᠶᠠᠪᠤᠳᠠᠯ ᠢ ᠴᠢᠬᠤᠯᠠ ᠪᠠᠶᠢᠷᠢᠨ   ᠳᠤ ᠲᠠᠯᠪᠢᠵᠤ᠂ ᠭᠤᠣᠯ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠢᠨᠠᠮᠠᠭᠠᠢ ᠪᠠᠶᠢᠷᠢᠯᠠᠭᠤᠯᠤᠨ᠂ ᠨᠠᠷᠢᠨ ᠨᠢᠭᠲᠠ ᠲᠣᠬᠢᠷᠠᠭᠤᠯᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂  ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ   ᠶᠢᠨ ᠬᠤᠳᠳᠤᠭ ᠢ  ᠪᠠᠶᠢᠴᠠᠭᠠᠬᠤ ᠠᠵᠢᠯ   ᠢ ᠵᠣᠬᠢᠶᠠᠨ ᠪᠠᠶᠢᠭᠤᠯᠤᠯᠲᠠ ᠲᠠᠢ ᠠᠯᠬᠤᠮ ᠲᠠᠷᠠᠭ᠎ᠠ ᠲᠠᠢ ᠤᠷᠤᠭᠰᠢᠲᠠᠢ ᠶᠠᠪᠤᠭᠳᠠᠭᠤᠯᠬᠤ ᠶᠢ ᠪᠠᠲᠤᠯᠠᠬᠤ ᠬᠡᠷᠡᠭᠲᠡᠢ᠃︵ᠬᠤᠶᠠᠷ︶ ᠬᠡᠷᠪᠡ ᠮᠡᠳᠡᠭᠦᠯᠬᠦ ᠦᠭᠡᠢ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ ᠪᠤᠶᠤ ᠥᠪᠡᠷᠳᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠪᠠᠶᠢᠴᠠᠭᠠᠬᠤ ᠠᠵᠢᠯ ᠤᠨ ᠬᠡᠪ   ᠤᠨ ᠶᠣᠰᠣᠭᠠᠷ ᠶᠠᠪᠣᠭᠳᠠᠬᠤ ᠶᠢ ᠬᠠᠷᠰᠢᠯᠠᠭᠰᠠᠨ ᠨᠢᠭᠡᠴᠡ ︵ᠬᠤᠪᠢ ᠬᠥᠮᠥᠨ︶ ᠶᠢ ᠣᠯᠵᠤ ᠮᠡᠳᠡᠪᠡᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃︵ᠭᠤᠷᠪᠠ︶  ᠪᠠᠶᠢᠴᠠᠭᠠᠵᠤ ᠬᠤᠷᠢᠶᠠᠩᠭᠤᠶᠢᠯᠠᠭᠰᠠᠨ ᠤ ᠳᠠᠷᠠᠭᠠᠬᠢ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠲᠤ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ   ᠠᠴᠠ ᠰᠢᠨᠵᠢ ᠴᠢᠨᠠᠷ ᠢ ᠲᠣᠭᠲᠠᠭᠠᠬᠤ ᠶᠢ ᠬᠠᠷᠢᠭᠤᠴᠠᠨ᠎ᠠ᠂ ᠲᠣᠭᠲᠠᠭᠠᠯ ᠶᠣᠰᠣᠭᠠᠷ ᠪᠢᠲᠡᠭᠦᠮᠵᠢᠯᠡᠭᠰᠡᠨ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠲᠤ ᠶᠠᠮᠠᠷᠪᠠ ᠨᠢᠭᠡᠴᠡ ᠪᠠ ᠬᠤᠪᠢ ᠬᠥᠮᠥᠨ ᠳᠤᠷ᠎ᠠ ᠪᠠᠷ ᠢᠶᠠᠨ ᠪᠢᠲᠡᠭᠦᠮᠵᠢ ᠶᠢ ᠵᠠᠳᠠᠯᠵᠤ ᠡᠬᠢᠯᠡᠨ ᠬᠡᠷᠡᠭᠯᠡᠵᠦ ᠪᠣᠯᠬᠤ ᠦᠭᠡᠢ᠂ ᠡᠰᠡ ᠲᠡᠭᠡᠪᠡᠯ ᠨᠢᠭᠡᠴᠡ ᠶᠢᠨ ᠬᠠᠷᠢᠭᠤᠴᠠᠯᠭᠠᠲᠠᠨ ᠪᠠ ᠬᠤᠯᠪᠣᠭᠳᠠᠯ ᠪᠦᠬᠦᠢ ᠬᠥᠮᠥᠰ ᠤᠨ ᠬᠠᠤᠯᠢ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ︔ ᠤᠰᠤ ᠲᠠᠲᠠᠬᠤ ᠵᠥᠪᠰᠢᠶᠡᠷᠡᠯ ᠤᠨ ᠭᠠᠷᠳᠠᠮ ᠭᠦᠢᠴᠡᠳᠬᠡᠬᠦ ᠴᠢᠬᠤᠯᠠ ᠲᠠᠢ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ   ᠢ ᠬᠤᠳᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠠᠷᠢᠭᠤᠴᠠᠵᠤ᠂  ᠬᠠᠮᠢᠶ᠎ᠠ ᠪᠦᠬᠦᠢ ᠨᠢᠭᠡᠴᠡ ᠪᠤᠶᠤ ᠤᠰᠤ ᠬᠡᠷᠡᠭᠯᠡᠬᠦ ᠡᠷᠥᠭᠡ   ᠳᠤ ᠮᠡᠳᠡᠭᠳᠡᠵᠦ ᠴᠠᠭ ᠲᠤᠬᠠᠢ ᠳᠤᠨᠢ ᠭᠦᠢᠴᠡᠳᠬᠡᠬᠦ ᠬᠡᠷᠡᠭᠲᠠᠢ᠃ᠳᠠᠭᠠᠯᠳᠤᠭᠤᠯᠤᠯ᠄ 1᠂ ︽ ᠰᠢᠯᠢ ᠶᠢᠨ ᠬᠤᠲᠠ ᠶᠢᠨ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠤᠨ ᠪᠠᠶᠢᠳᠠᠯ ᠤᠨ ᠪᠠᠶᠢᠴᠠᠭᠠᠯᠲᠠ ᠶᠢᠨ ᠬᠦᠰᠦᠨᠦᠭᠲᠦ ︵ᠡᠯ᠎ᠡ ᠰᠤᠮᠤ ᠪᠠᠯᠭᠠᠰᠣ ᠲᠠᠯᠠᠪᠠᠶ︶︾2. ︽ ᠰᠢᠯᠢ ᠶᠢᠨ ᠬᠤᠲᠠ ᠶᠢᠨ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠤᠨ ᠪᠠᠶᠢᠳᠠᠯ ᠢ ᠪᠠᠶᠢᠴᠠᠭᠠᠬᠤ ᠬᠦᠰᠦᠨᠦᠭᠲᠦ ︵ᠡᠯ᠎ᠡ ᠬᠡᠷᠡᠭ ᠡᠷᠬᠢᠯᠡᠬᠦ ᠭᠠᠵᠠᠷ᠂ ᠢᠳᠡᠰᠢᠨ ᠨᠣᠭᠤᠭ᠎ᠠ ᠶᠢᠨ ᠲᠠᠷᠢᠶᠠᠯᠠᠩ ᠤᠨ ᠲᠠᠯᠠᠪᠠᠢ︶        3. ︽ ᠰᠢᠯᠢ ᠶᠢᠨ ᠬᠤᠲᠠ ᠶᠢᠨ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠤᠨ ᠪᠠᠶᠢᠳᠠᠯ ᠤᠨ ᠪᠠᠶᠢᠴᠠᠭᠠᠯᠲᠠ ᠶᠢᠨ ᠬᠦᠰᠦᠨᠦᠭᠲᠦ ︵ᠲᠥᠪᠯᠡᠷᠡᠭᠦᠯᠦᠨ ᠲᠡᠵᠢᠭᠡᠨ ᠦᠷᠡᠵᠢᠭᠦᠯᠬᠦ︶︾        4. ︽ᠰᠢᠯᠢ ᠶᠢᠨ ᠬᠤᠲᠠ ᠶᠢᠨ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ   ᠶᠢᠨ ᠬᠤᠳᠳᠤᠭ ᠤᠨ ᠪᠠᠶᠢᠳᠠᠯ ᠤᠨ ᠪᠠᠶᠢᠴᠠᠭᠠᠯᠲᠠ   ᠶᠢᠨ ᠬᠦᠰᠦᠨᠦᠭᠲᠦ ︵ᠬᠤᠲᠠ   ᠶᠢᠨ ᠰᠢᠭᠤᠳ ᠬᠠᠷᠢᠶ᠎ᠠ ᠡᠯ᠎ᠡ  ᠪᠠᠶᠢᠭᠤᠯᠭ᠎ᠠ︶︾     5 . ︽ᠰᠢᠯᠢ ᠶᠢᠨ ᠬᠤᠲᠠ ᠶᠢᠨ ᠥᠪᠡᠷᠲᠡᠭᠡᠨ ᠪᠡᠯᠡᠳᠬᠡᠭᠰᠡᠨ‌ᠤᠰᠤᠨ ᠰᠤᠷᠪᠤᠯᠵᠢ ᠶᠢᠨ ᠬᠤᠳᠳᠤᠭ ᠤᠨ ᠪᠠᠶᠢᠳᠠᠯ ᠤᠨ ᠪᠠᠶᠢᠴᠠᠭᠠᠯᠲᠠ ᠶᠢᠨ ᠬᠦᠰᠦᠨᠦᠭᠲᠦ︵ᠴᠡᠴᠡᠷᠯᠢᠭᠵᠢᠭᠦᠯᠦᠯᠲᠡ᠂ ᠣᠢ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠦᠴᠢᠷ︶︾6. ︽ᠰᠢᠯᠢ ᠶᠢᠨ ᠬᠤᠲᠠ ᠶᠢᠨ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠤᠨ ᠪᠠᠶᠢᠳᠠᠯ ᠤᠨ ᠪᠠᠶᠢᠴᠠᠭᠠᠯᠲᠠ ᠶᠢᠨ ᠬᠦᠰᠦᠨᠦᠭᠲᠦ ︵ᠲᠠᠷᠢᠶᠠᠯᠠᠩ ᠤᠨ ᠤᠰᠤᠯᠠᠯᠲᠠ︶︾7. ︽ ᠰᠢᠯᠢ ᠶᠢᠨ ᠬᠤᠲᠠ ᠶᠢᠨ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠤᠨ ᠪᠠᠶᠢᠳᠠᠯ ᠤᠨ ᠪᠠᠶᠢᠴᠠᠭᠠᠯᠲᠠ ᠶᠢᠨ ᠬᠦᠰᠦᠨᠦᠭᠲᠦ ︵ᠡᠯ᠎ᠡ ᠠᠵᠤ ᠠᠬᠤᠶᠢᠯᠠᠯ︶2023 ᠣᠨ ᠤ 8 ᠰᠠᠷ᠎ᠠ ᠶᠢᠨ 29
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号