ᠰᠢᠯᠢ ᠶᠢᠨ ᠬᠤᠳᠠ ᠶᠢᠨ ᠴᠠᠬᠠᠷ ᠨᠠᠶᠢᠭᠡᠮ ᠲᠤᠭᠤᠷᠢᠭ  ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠱᠠᠭ᠎ᠠ ᠶᠢᠨ ᠤᠷᠤᠯᠳᠤᠭᠠᠨ ᠢ  ᠶᠠᠪᠤᠭᠳᠠᠭᠤᠯᠪᠠ
ᠨᠡᠶᠢᠲᠡᠯᠡᠭᠰᠡᠨ ᠴᠠᠭ᠄
2024/1/1
     12 ᠰᠠᠷ᠎ᠠ ᠶᠢᠨ 28 ᠎ ᠤ ᠡᠳᠦᠷ᠂  ᠰᠢᠯᠢ ᠶᠢᠨ ᠬᠤᠳᠠ ᠶᠢᠨ  ᠰᠢᠷᠠᠳᠠᠯ᠎ᠠ ᠵᠡᠭᠡᠯᠢ ᠭᠤᠳᠤᠮᠵᠢ ᠶᠢᠨ ᠴᠠᠬᠠᠷ ᠨᠡᠶᠢᠭᠡᠮ ᠲᠣᠭᠤᠷᠢᠭ  ᠠᠩᠬᠠᠳᠤᠭᠠᠷ ᠬᠤᠭᠤᠴᠠᠭᠠᠨ ᠤ ᠬᠥᠷᠰᠢ ᠵᠡᠷᠭᠡᠯᠡᠳᠡᠭᠡ ᠶᠢᠨ ᠰᠣᠶᠣᠯ ᠤᠨ ᠨᠠᠶᠢᠷ — ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠱᠠᠭ᠎ᠠ ᠶᠢᠨ ᠤᠯᠠᠮᠵᠢᠯᠠᠯᠳᠤ ᠪᠠᠶ᠎ᠠ ᠶᠢᠨ ᠲᠠᠮᠢᠷ ᠤᠨ ᠤᠷᠤᠯᠳᠤᠭᠠᠨ ᠢ  ᠶᠠᠪᠤᠭᠳᠠᠭᠤᠯᠤᠭᠰᠠᠨ ᠪᠠᠶᠢᠨ᠎ᠠ᠃        ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠤ 60 ᠭᠠᠷᠤᠢ ᠬᠦᠮᠦᠨ ᠤᠷᠤᠯᠳᠤᠭᠠᠨ ᠳᠤ ᠣᠷᠣᠯᠴᠠᠵᠠᠢ᠃ ᠠᠭᠤᠷ ᠠᠮᠢᠰᠬᠤᠯ ᠬᠠᠬᠢᠷ ᠬᠦᠢᠲᠡᠨ ᠪᠠᠶᠢᠭᠰᠠᠨ ᠴᠤ ᠤᠷᠤᠯᠳᠤᠭᠠᠨ ᠳᠤ ᠤᠷᠤᠯᠴᠠᠭᠰᠠᠳ ᠣᠷᠭᠢᠯᠤᠮ᠎ᠠ ᠬᠠᠯᠠᠭᠤᠨ ᠰᠡᠳᠬᠢᠯᠭᠡ ᠪᠠ ᠢᠳᠡᠪᠬᠢᠲᠡᠢ ᠣᠪᠣᠷ ᠢᠶᠠᠷ ᠤᠷᠤᠯᠳᠤᠭᠠᠨ ᠳᠤ  ᠤᠷᠤᠯᠴᠠᠵᠤ ᠪᠠᠶᠢᠯ᠎ᠠ᠃      ᠤᠷᠤᠯᠳᠤᠭᠠᠨ ᠳᠤ ᠤᠷᠤᠯᠴᠠᠭᠴᠢ᠄  ᠠᠩᠬ᠎ᠠ ᠤᠳᠠᠭ᠎ᠠ ᠤᠯᠠᠮᠵᠢᠯᠠᠯᠲᠤ ᠨᠠᠭᠠᠳᠤᠮ ᠳᠤ  ᠤᠷᠤᠯᠴᠠᠭᠰᠠᠨ ᠎ ᠳᠠᠭᠠᠨ ᠪᠢ ᠲᠤᠶᠢᠯ ᠢᠶᠠᠷ ᠪᠠᠶᠠᠷᠯᠠᠵᠤ ᠪᠠᠶᠢᠨ᠎ᠠ᠂ ᠬᠤᠶᠢᠰᠢᠳᠠ ᠡᠶᠢᠮᠦᠷᠬᠦ ᠠᠵᠢᠯᠯᠠᠭ᠎ᠠ ᠶᠢ ᠢᠯᠡᠭᠦᠬᠡᠨ ᠵᠣᠬᠢᠶᠠᠨ ᠪᠠᠶᠢᠭᠤᠯᠵᠤ᠂ ᠨᠠᠩ ᠣᠯᠠᠨ ᠵᠠᠯᠠᠭᠤᠴᠤᠳ  ᠤᠯᠠᠮᠵᠢᠯᠠᠯᠲᠤ ᠰᠣᠶᠣᠯ ᠎ ᠢᠶᠠᠨ  ᠦᠢᠯᠠᠭᠠᠨ ᠤᠷᠤᠯᠴᠠᠬᠤ ᠶᠢ ᠬᠦᠰᠡᠵᠦ ᠪᠠᠶᠢᠨ᠎ᠠ᠃      ︽ᠠᠷᠭᠠᠢ︾ ᠪᠣᠯ ᠡᠪᠦᠯ ᠤᠨ ᠤᠯᠠᠷᠢᠯ ᠎ ᠤᠨ ᠮᠥᠰᠥᠨ ᠳᠡᠭᠡᠷ᠎ᠡ ᠱᠠᠭ᠎ᠠ ᠬᠠᠷᠪᠤᠬᠤ ᠨᠠᠭᠠᠳᠤᠮ ᠪᠣᠯᠣᠨ᠎ᠠ᠃  ᠨᠠᠭᠠᠳᠤᠮ ᠳᠤ ᠤᠷᠤᠯᠴᠠᠭᠴᠢ ᠠᠴᠠ ᠲᠣᠭᠲᠠᠭᠰᠠᠨ ᠵᠠᠢ ᠳᠤ ᠵᠣᠭᠰᠣᠵᠤ᠂ ᠲᠠᠪᠤᠨ ᠥᠩᠭᠡ ᠶᠢᠨ ᠱᠠᠭ᠎ᠠ ᠶᠢ  ᠰᠢᠳᠠᠨ ᠬᠠᠷᠪᠤᠵᠤ᠂ ᠬᠠᠷᠠᠭᠠᠯᠵᠠᠭᠰᠠᠨ ᠱᠠᠭ᠎ᠠ ᠶᠢ ᠤᠨᠤᠵᠤ ᠵᠣᠬᠢᠬᠤ ᠬᠤᠪᠢ   ᠤᠯᠳᠠᠭ᠂  ᠬᠦᠮᠦᠨ ᠪᠦᠷᠢ ᠶᠢᠰᠦ ᠤᠳᠠᠭᠠᠨ ᠎ ᠤ ᠲᠤᠬᠢᠶᠠᠯᠳᠤᠯ ᠲᠠᠢ ᠪᠠᠶᠢᠵᠤ᠂ ᠤᠷᠤᠯᠳᠤᠭᠠᠨ ᠤ ᠳ᠋ᠦᠩ ᠢ ᠶᠡᠷᠦᠩᠬᠡᠢ ᠬᠤᠪᠢ ᠪᠠᠷ ᠪᠤᠳᠤᠵᠤ᠂ ᠬᠤᠪᠢ ᠪᠠᠷ ᠬᠠᠮᠤᠭ ᠥᠨᠳᠥᠷ ᠨᠢ ᠢᠯᠠᠬᠤ ᠪᠤᠯᠤᠨ᠎ᠠ᠃      ᠲᠣᠰ ᠤᠳᠠᠭᠠᠨ ᠤ ᠨᠠᠭᠠᠳᠤᠮ ᠨᠢ ᠣᠯᠠᠨ ᠲᠦᠮᠡᠨ ᠳᠤ ᠪᠠᠶᠠᠷ ᠪᠠᠭ᠋ᠠᠳᠤᠯ ᠢ  ᠤᠯᠭᠤᠭᠰᠠᠨ ᠢᠶᠠᠷ ᠪᠠᠷᠠᠬᠤ ᠦᠭᠡᠢ ᠪᠠᠰᠠ ᠤᠯᠠᠮᠵᠢᠯᠠᠯᠲᠤ ᠰᠣᠶᠣᠯ ᠢ ᠨᠠᠩ ᠰᠠᠶᠢᠨ ᠪᠠᠳᠠᠷᠠᠭᠤᠯᠤᠨ ᠵᠠᠯᠭᠠᠮᠵᠢᠯᠠᠵᠤ᠂ ᠨᠠᠩ ᠣᠯᠠᠨ ᠬᠥᠮᠥᠰ ᠲᠤ ᠤᠯᠠᠮᠵᠢᠯᠠᠯᠲᠤ ᠦᠨᠳᠦᠰᠦᠲᠡᠨ ᠤ ᠨᠠᠭᠠᠳᠤᠮ ᠲᠣᠭᠯᠠᠭᠠᠮ ᠢ ᠣᠶᠢᠯᠠᠭᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮ ᠨᠢᠭᠡ ᠠᠯᠬᠤᠮ ᠬᠥᠭᠵᠢᠭᠦᠯᠦᠨ᠂ ᠡᠪᠦᠯ ᠤᠨ ᠤᠯᠠᠷᠢᠯ ᠤᠨ ᠣᠯᠠᠨ ᠲᠦᠮᠡᠨᠴᠢ ᠴᠢᠨᠠᠷᠲᠠᠢ ᠭᠤᠶᠢᠳᠠ ᠰᠠᠶᠢᠬᠠᠨ᠂ ᠰᠣᠨᠢᠷᠬᠠᠯᠲᠠᠢ᠂ ᠥᠪᠡᠷᠮᠢᠴᠡ ᠣᠨᠴᠠᠯᠢᠭ ᠲᠠᠢ ᠰᠣᠶᠣᠯ ᠤᠨ ᠠᠵᠢᠯᠯᠠᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ︽ᠠᠷᠪᠠᠨ  ᠲᠦᠷᠪᠡᠳᠤᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠎ ᠤᠨ ᠤᠷᠤᠯᠳᠤᠭᠠᠨ︾᠎ ᠤ ᠮᠥᠰᠥ ᠴᠠᠰᠤᠨ ᠤ ᠪᠣᠯᠵᠤᠭ᠎ᠠ ᠳᠤ ᠤᠯᠠᠨ ᠲᠦᠮᠡᠨ ᠬᠠᠮᠲᠤ ᠪᠠᠷ ᠤᠷᠤᠯᠴᠠᠬᠤ ᠡᠶ᠎ᠡ ᠵᠣᠬᠢᠴᠠᠯᠳᠤ ᠬᠥᠭᠵᠢᠮ ᠢ ᠬᠠᠩᠭᠢᠨᠠᠭᠤᠯᠤᠭᠰᠠᠨ ᠪᠠᠶᠢᠨ᠎ᠠ᠃      ᠰᠢᠷᠠᠳᠠᠯ᠎ᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠵᠦᠪᠯᠡᠯ  ᠎ ᠤᠨ ᠭᠡᠰᠢᠬᠦᠨ᠂ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ  ᠰᠠᠷᠠᠭᠤᠯᠴᠡᠴᠡᠭ᠄ ᠲᠤᠰ ᠤᠳᠠᠭᠠᠨ ᠤ ᠠᠵᠢᠯᠯᠠᠭ᠎ᠠ ᠪᠣᠯ ᠴᠠᠬᠠᠷ ᠨᠡᠶᠢᠭᠡᠮ ᠲᠣᠭᠤᠷᠢᠭ ᠎ ᠠᠴᠠ ᠡᠷᠬᠢᠯᠡᠭᠰᠡᠨ ᠠᠩᠬᠠᠳᠤᠭᠠᠷ ᠬᠤᠭᠤᠴᠠᠭᠠᠨ ᠤ ︽ᠠᠷᠭᠠᠢ︾ ᠱᠠᠭ᠎ᠠ ᠶᠢᠨ ᠤᠷᠤᠯᠳᠤᠭᠠᠨ ᠪᠣᠯᠣᠨ᠎ᠠ᠂ ᠮᠠᠨ ᠤ ᠡᠯ᠎ᠡ ᠬᠤᠰᠢᠭᠤ ᠰᠢᠶᠠᠨ ᠰᠤᠮᠤ ᠪᠠᠯᠭᠠᠰᠤ ᠶᠢᠨ ᠮᠠᠯᠴᠢᠳ ᠢᠳᠡᠪᠬᠢᠳᠠᠢ ᠤᠷᠤᠯᠴᠠᠵᠠᠢ᠃  ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠦᠨᠳᠦᠰᠦᠲᠡᠨ ᠤ ᠪᠦᠯᠬᠦᠮᠳᠡᠯ ᠢ  ᠠᠬᠢᠭᠤᠯᠤᠭᠰᠠᠨ ᠪᠠᠶᠢᠨ᠎ᠠ᠃      ᠲᠣᠭᠤᠷ ᠣᠷᠴᠢᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号