ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠳᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ  ᠶᠢᠰᠦᠳᠦᠭᠡᠷ  ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/10
     1 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠳᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠰᠦᠳᠦᠭᠡᠷ  ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠢ   ᠬᠤᠷᠠᠯᠳᠤᠭᠤᠯᠤᠭᠰᠠᠨ ᠪᠠᠶᠢᠨ᠎ᠠ᠃      ᠬᠤᠷᠠᠯ ᠳᠤ᠂ 2023 ᠣᠨ ᠤ ᠠᠵᠤ ᠠᠬᠤᠢ ᠶᠢᠨ ᠠᠵᠢᠯ ᠢ ᠳ᠋ᠦᠩᠨᠡᠵᠦ᠂ 2024 ᠣᠨ ᠤ ᠠᠵᠤ ᠠᠬᠤᠢ ᠶᠢᠨ ᠠᠵᠢᠯ ᠢ  ᠪᠠᠶᠢᠷᠢᠯᠠᠭᠤᠯᠤᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠳᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠤᠳᠠᠭᠠᠨ ᠤ ᠪᠦᠬᠦᠳᠡ ᠬᠤᠷᠠᠯ ᠤᠨ ᠠᠯᠪᠠᠨ ᠮᠡᠳᠡᠭᠡ︾ ᠶᠢ ᠬᠢᠨᠠᠨ ᠵᠥᠪᠯᠡᠵᠦ  ᠪᠠᠳᠤᠯᠠᠵᠠᠢ᠃ ᠠᠶᠢᠮᠠᠭ ᠤᠨ ᠳᠡᠳ᠋ ᠳᠠᠷᠤᠭ᠎ᠠ᠂ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠨ ᠵᠧᠨ ᠵᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠪᠦᠷᠢᠨᠵᠢᠨ ᠪᠣᠳᠠᠲᠠᠢ ᠠᠵᠢᠯ ᠤᠨ ᠪᠠᠶᠢᠷᠢᠯᠠᠭᠤᠯᠤᠯᠲᠠ  ᠬᠢᠵᠠᠢ᠃  ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ ᠬᠤᠷᠠᠯ ᠳᠤ ᠣᠷᠣᠯᠴᠠᠵᠤ᠂ ᠬᠤᠲᠠ ᠶᠢᠨ ᠱᠠᠲᠤᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠰᠤᠯᠠ ᠣᠷᠣᠯᠴᠠᠪᠠ᠃          ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠬᠤᠷᠢᠶ᠎ᠠ᠂ ᠪᠦᠬᠦ ᠣᠷᠣᠨ᠂ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ︽ᠰᠢᠨ᠎ᠡ ᠵᠠᠮ ᠢᠶᠠᠷ ᠵᠠᠮᠨᠠᠵᠤ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠲᠣᠭᠲᠠᠭᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠶᠢᠮᠠᠭ   ᠤᠨ ᠲᠦᠪ ᠬᠤᠳᠠ  ᠶᠢᠨ ᠤᠬᠠᠮᠰᠠᠷ᠂ ᠨᠡᠷ᠎ᠡ ᠠᠯᠳᠠᠷᠰᠢᠵᠤ ᠣᠷᠣᠨ ᠳᠠᠪᠰᠢᠬᠤ ᠤᠬᠠᠮᠰᠠᠷ ᠢ ᠴᠢᠩᠭᠠᠳᠬᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠳᠤ  ᠪᠦᠬᠦ ᠲᠠᠯ᠎ᠠ ᠶᠢᠨ ᠬᠦᠴᠦᠨ ᠢ  ᠨᠡᠮᠡᠷᠢᠯᠡᠬᠦ ᠭᠡᠷᠡᠭᠳᠡᠢ ᠭᠡᠵᠡᠢ᠃          ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ︽ᠵᠢᠷᠭᠤᠭᠠᠨ ᠢᠨᠵᠧᠨᠧᠷᠢᠩ︾  ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ ᠠᠶᠢᠮᠠᠭ ᠤᠨ ᠲᠥᠪ ᠬᠤᠲᠠ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠶᠢ ᠪᠠᠷᠢᠮᠲᠠᠯᠠᠵᠤ᠂ ᠪᠥᠬᠦ ᠠᠶᠢᠮᠠᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠦᠷᠦᠭᠦᠯᠡᠵᠦ᠂ ᠥᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠡᠢ᠃      ᠬᠤᠷᠠᠯ ᠠᠴᠠ᠂ ᠲᠥᠪ ᠤᠨ ᠳᠤᠷᠠᠳᠤᠭᠰᠠᠨ ᠲᠦᠷᠪᠡᠨ ︽ᠨᠠᠶᠢᠳᠠᠪᠤᠷᠢᠵᠢᠭᠤᠯᠤᠯᠲᠠ ᠶᠢ ᠠᠳᠬᠤᠬᠤ︾ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠢᠲᠡᠭᠡᠯ ᠵᠣᠷᠢᠭ ᠢᠶᠠᠨ ᠴᠢᠨᠠᠭᠰᠢᠳᠠ ᠴᠢᠩᠭᠠᠷᠠᠭᠤᠯᠵᠤ᠂  ᠦᠢᠯᠡᠳᠤᠯ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠡᠷᠴᠢ ᠵᠣᠷᠢᠭ ᠢᠶᠠᠷ ᠡᠯ᠎ᠡ ᠵᠦᠢᠯ ᠤᠨ ᠦᠢᠯᠡᠰ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ  ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号