ᠰᠢᠯᠢ ᠶᠢᠨ ᠬᠤᠳᠠ ᠶᠢᠨ ᠨᠠᠮ ᠤᠨ  ᠬᠤᠷᠢᠶᠠᠨ ᠤ ᠪᠠᠶᠢᠩᠭᠤ ᠶᠢᠨ  ᠬᠤᠷᠢᠶᠠᠨ ᠤ ᠤᠳᠤᠷᠢᠳᠬᠤ ᠪᠠᠭ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠥᠷᠨᠢᠭᠦᠯᠬᠦ ᠠᠴᠠ ᠡᠮᠦᠨᠡᠬᠢ ᠲᠥᠪᠯᠡᠷᠡᠩᠭᠦᠢ ᠰᠤᠷᠤᠯᠴᠠᠯᠭ᠎ᠠ ᠵᠢᠴᠢ ᠬᠤᠲᠠ ᠶᠢᠨ ᠨᠠᠮ ᠤᠨ  ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/12
     1 ᠰᠠᠷ᠎ᠠ ᠶᠢᠨ 11 ᠤ ᠡᠳᠦᠷ᠂  ᠰᠢᠯᠢ ᠶᠢᠨ ᠬᠤᠳᠠ ᠶᠢᠨ ᠨᠠᠮ ᠤᠨ  ᠬᠤᠷᠢᠶᠠᠨ ᠤ ᠪᠠᠶᠢᠩᠭᠤ ᠶᠢᠨ  ᠬᠤᠷᠢᠶᠠᠨ ᠤ ᠤᠳᠤᠷᠢᠳᠬᠤ ᠪᠠᠭ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠲᠥᠪᠯᠡᠷᠡᠩᠭᠦᠢ ᠰᠤᠷᠤᠯᠴᠠᠯᠭ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 2 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ  ᠢ ᠬᠤᠷᠠᠯᠳᠤᠭᠤᠯᠤᠭᠰᠠᠨ ᠪᠠᠶᠢᠨ᠎ᠠ᠃   ᠮᠡᠳᠡᠭᠡ ᠦᠵᠡᠭᠡᠷᠡᠢ᠃      ᠬᠤᠷᠠᠯ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢᠨ ᠲᠣᠭᠤᠷᠢᠨ ᠳᠤ ᠲᠤᠰᠬᠠᠢ ᠰᠡᠳᠦᠪᠲᠦ ᠰᠤᠳᠤᠯᠤᠨ ᠶᠠᠷᠢᠯᠴᠠᠭ᠎ᠠ ᠰᠣᠯᠢᠯᠴᠠᠭ᠎ᠠ ᠥᠷᠨᠢᠭᠦᠯᠵᠡᠢ᠃ ᠠᠶᠢᠮᠠᠭ ᠤᠨ ᠳᠡᠳ᠋ ᠳᠠᠷᠤᠭ᠎ᠠ᠂ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠨ ᠵᠧᠨ ᠵᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠷᠠᠯ   ᠳᠤ᠂ ᠪᠦᠷᠢᠨᠵᠢᠨ᠂ ᠸᠠᠩ ᠰᠢᠸ ᠬᠠᠢ᠂ ᠯᠢ ᠰᠢᠸ ᠵᠢᠶᠠᠩ᠂ ᠭᠦᠸᠧ ᠵᠢᠩ ᠵᠢᠤᠸᠠᠨ᠂ ᠵᠧᠦ ᠫᠧᠢ ᠯᠦᠩ᠂ ᠯᠦ ᡁᠢ ᠮᠢᠨ ᠠᠵᠢᠯ ᠤᠨ ᠪᠣᠳᠠᠲᠤ ᠪᠠᠶᠢᠳᠠᠯ ᠪᠣᠯᠣᠨ ᠦᠵᠡᠯ ᠰᠠᠨᠠᠭ᠎ᠠ ᠲᠠᠨᠢᠯᠲᠠ ᠲᠠᠢ ᠪᠠᠨ ᠨᠢᠭᠲᠠ ᠤᠶᠠᠯᠳᠤᠭᠤᠯᠵᠤ᠂ ᠰᠤᠳᠤᠯᠤᠨ ᠶᠠᠷᠢᠯᠴᠠᠵᠤ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠨᠥᠬᠦᠳ ᠪᠢᠴᠢᠭ ᠤᠨ ᠮᠠᠲ᠋ᠧᠷᠢᠶᠠᠯ ᠢᠶᠠᠨ ᠳᠡᠪᠰᠢᠭᠦᠯᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠶᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠪᠠᠲᠤ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾ ᠦᠵᠡᠯ ᠰᠠᠨᠠᠭᠠᠨ ᠤ ᠰᠠᠭᠤᠷᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠢᠮᠠᠭᠲᠠ ᠰᠢᠨ᠎ᠡ ᠴᠠᠭ ᠦᠶ᠎ᠡ ᠶᠢᠨ ᠬᠠᠮᠤᠭ ᠤᠨ ᠶᠡᠭᠡ ᠤᠯᠤᠰ ᠲᠦᠷᠦ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾  ᠤᠨ ᠠᠮᠵᠢᠯᠲᠠ ᠪᠦᠲᠦᠮᠵᠢ ᠣᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠯᠢ ᠶᠢᠨ ᠬᠤᠳᠠ ᠶᠢᠨ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠬᠤ ᠪᠠ ᠦᠢᠯᠡᠳᠦᠯᠭᠡᠵᠢᠭᠦᠯᠵᠦ᠂ ᠤᠯᠠᠨ ᠲᠦᠮᠡᠨ ᠤ  ᠪᠠᠴᠢᠮᠳᠠᠵᠤ ᠬᠦᠴᠢᠷᠳᠡᠵᠤ ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠩ ᠢᠯᠡᠭᠦᠦ ᠨᠡᠩ ᠭᠤᠣᠯᠴᠢ ᠪᠠᠷ ᠬᠦᠷᠲᠡᠭᠡᠬᠦ ᠬᠡᠷᠡᠭᠲᠡᠢ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠪᠠ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠤᠨ ᠵᠢᠳᠬᠦᠯ ᠴᠢᠷᠮᠠᠶᠢᠯᠭ᠎ᠠ ᠭᠠᠷᠭᠠᠬᠤ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠣᠯᠣᠨ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠨᠡᠨᠬᠦ ᠪᠤᠢ ᠪᠣᠯᠭᠠᠬᠤ ᠬᠡᠷᠡᠭᠲᠡᠢ᠃ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠡᠮᠦᠨᠡᠬᠢ ᠪᠡᠯᠡᠳᠬᠡᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ  ᠢ ᠨᠠᠷᠢᠨ ᠨᠢᠮᠪᠠᠢ ᠲᠤᠭᠤᠷᠪᠢᠵᠤ᠂ ᠠᠰᠠᠭᠤᠳᠠᠯ ᠤᠨ ᠬᠦᠷᠦᠯᠴᠡᠬᠦ ᠦᠭᠡᠢ ᠲᠠᠯ᠎ᠠ ᠶᠢ ᠭᠦᠨᠵᠡᠭᠡᠢ ᠵᠠᠳᠠᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠨᠠᠷ ᠰᠠᠶᠢᠲᠠᠢ   ᠰᠢᠯᠢᠳᠡᠭ‌ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃      ᠲᠣᠭᠤᠷ ᠣᠷᠴᠢᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号