ᠵᠠᠩ ᠪᠠᠢ ᠴᠧᠩ ᠰᠢᠯᠢ ᠶᠢᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ  ᠳᠤ  ᠣᠷᠣᠯᠴᠠᠵᠤ ᠵᠢᠭᠠᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2024/1/20
     1 ᠳ᠋ᠣᠭᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠪᠠᠢ ᠴᠧᠩ ᠰᠢᠯᠢ ᠶᠢᠨ ᠬᠤᠳᠠ ᠶᠢᠨ ᠨᠠᠮ ᠤᠨ  ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠤᠭᠤᠳᠤᠯᠭ᠎ᠠ ᠬᠢᠭᠰᠡᠨ ᠪᠠᠶᠢᠨ᠎ᠠ᠃      ᠬᠤᠷᠠᠯ   ᠳᠤ᠂ ᠠᠶᠢᠮᠠᠭ ᠤᠨ ᠳᠡᠳ᠋ ᠳᠠᠷᠤᠭ᠎ᠠ᠂  ᠰᠢᠯᠢ ᠶᠢᠨ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠨ ᠵᠧᠨ ᠵᠢᠶᠠᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠤᠳᠤᠷᠢᠳᠬᠤ ᠪᠠᠭ ᠤᠨ ᠪᠦᠷᠢᠯᠳᠦᠭᠦᠨ ᠨᠠᠷ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠵᠤ᠂ ᠬᠠᠷᠢᠯᠴᠠᠨ ᠰᠢᠭᠦᠮᠵᠢᠯᠡᠯ ᠬᠢᠭᠰᠡᠨ ᠪᠠᠶᠢᠨ᠎ᠠ᠃ ᠠᠶᠢᠮᠠᠭ ᠤᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠨᠢᠭᠡᠳᠦᠭᠡᠷ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠤᠨ ᠳᠠᠷᠤᠭ᠎ᠠ ᠵᠢᠯᠣᠭᠤᠳᠤᠯᠭ᠎ᠠ ᠦᠨᠡᠯᠡᠯᠲᠡ ᠬᠢᠵᠠᠢ᠃ ᠵᠠᠩ ᠪᠠᠢ ᠴᠧᠩ ᠴᠢᠬᠤᠯᠠᠴᠢᠯᠠᠭᠰᠠᠨ ᠨᠢ᠂  ᠰᠢᠯᠢ ᠶᠢᠨ ᠬᠤᠳᠠ ᠶᠢᠨ ᠨᠠᠮ ᠤᠨ ᠬᠤᠷᠢᠶ᠎ᠠ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ︽ᠰᠡᠭᠦᠯᠴᠢ ᠶᠢᠨ ᠬᠠᠭᠠᠰ  ᠬᠠᠭᠤᠳᠠᠰᠣ︾   ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂  ᠪᠠᠶᠢᠴᠠᠭᠠᠭᠰᠠᠨ ᠠᠰᠠᠭᠤᠳᠠᠯ ᠪᠣᠯᠣᠨ ᠳᠤᠷᠠᠳᠤᠭᠰᠠᠨ ᠰᠠᠨᠠᠯ ᠢ ᠭᠤᠣᠯ ᠰᠡᠳᠦᠪᠲᠦ ᠬᠥᠮᠦᠵᠢᠯ ᠤᠨ ᠴᠡᠭᠴᠡᠯᠡᠨ ᠵᠠᠰᠠᠬᠤ ᠠᠵᠢᠯ ᠳᠤ ᠣᠷᠣᠭᠤᠯᠵᠤ᠂ ᠠᠵᠢᠯ ᠤᠨ ᠳᠤᠮᠳᠠᠬᠢ ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠦᠷᠢᠯᠡᠵᠦ᠂ ᠴᠢᠨᠠᠷ ᠰᠠᠶᠢᠲᠠᠢ ᠴᠡᠭᠴᠡᠯᠡᠨ ᠵᠠᠰᠠᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃          ᠵᠠᠩ ᠪᠠᠢ ᠴᠧᠩ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠭᠦᠨᠵᠡᠭᠡᠶᠢᠷᠡᠭᠦᠯᠬᠦ᠂ ᠳᠣᠲᠣᠭᠰᠢᠯᠠᠭᠤᠯᠬᠤ᠂  ᠬᠤᠪᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨᠬᠦ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ ᠡᠨᠡᠬᠦ ᠭᠤᠣᠯ ᠰᠢᠵᠢᠮ ᠢ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠥᠷᠥ ᠶᠢᠨ ᠪᠣᠳᠣᠯᠭ᠎ᠠ ᠭᠠᠷᠭᠠᠬᠤ᠂ ᠨᠠᠶᠢᠳᠠᠪᠤᠷᠢᠵᠢᠭᠤᠯᠤᠯᠲᠠ  ᠶᠢ ᠠᠳᠬᠤᠬᠤ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠵᠤ᠂ ︽ᠨᠠᠮ ᠤᠨ ᠠᠴᠢ   ᠳᠤ ᠲᠠᠯᠠᠷᠬᠠᠵᠤ᠂ ᠨᠠᠮ ᠤᠨ ᠦᠭᠡ ᠶᠢ  ᠰᠤᠨᠤᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤ ᠪᠥᠭᠡᠳ ᠤᠷᠲᠤ ᠬᠤᠭᠤᠴᠠᠭ᠎ᠠ ᠪᠠᠷ ᠰᠠᠶᠢᠲᠤᠷ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠠᠴᠢ ᠶᠢ ᠨᠡᠩ ᠴᠢᠩ ᠰᠡᠳᠬᠢᠯ ᠠᠴᠠ ᠪᠠᠨ ᠮᠡᠳᠡᠷᠡᠭᠦᠯᠬᠦ᠂ ᠨᠠᠮ ᠤᠨ ᠦᠭᠡ  ᠶᠢ ᠰᠣᠨᠣᠰᠬᠤ᠂ ᠨᠠᠮ ᠤᠨ ᠦᠭᠡ ᠶᠢ ᠳᠠᠭᠠᠬᠤ ᠪᠣᠯᠭᠠᠬᠤ ᠬᠡᠷᠡᠭᠲᠡᠢ᠃ ︽ᠵᠢᠷᠭᠤᠭᠠᠨ ᠢᠨᠵᠧᠨᠧᠷᠢᠩ︾  ᠢᠶᠠᠷ ᠬᠥᠲᠥᠯᠥᠮᠵᠢ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ᠂ ᠪᠦᠬᠦ ᠬᠤᠳᠠ ᠶᠢᠨ ᠡᠯ᠎ᠡ ᠱᠠᠲᠤᠨ ᠤ ᠺᠠᠳ᠋ᠷᠴᠤᠳ ᠢ ᠪᠦᠯᠬᠦᠮᠳᠡᠭᠦᠯᠦᠨ ᠳᠠᠭᠠᠭᠤᠯᠵᠤ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠦᠬᠦ ᠠᠶᠢᠮᠠᠭ ᠤᠨ ᠬᠥᠭᠵᠢᠯᠲᠡ ᠶᠢᠨ ᠶᠡᠭᠡ ᠲᠠᠯ᠎ᠠ ᠳᠤ  ᠬᠤᠰᠢᠭᠤᠷᠠᠵᠣ᠂ ᠦᠯᠢᠬᠡᠷ ᠳᠠᠭᠤᠷᠢᠶᠠᠯ ᠪᠣᠯᠬᠤ ᠬᠡᠷᠡᠭᠲᠡᠢ ᠬᠡᠵᠦ ᠴᠢᠬᠤᠯᠠᠴᠢᠯᠠᠵᠠᠢ᠃      ᠵᠠᠩ ᠪᠠᠢ ᠴᠧᠩ ᠠᠴᠠ᠂ ᠣᠳᠠᠯ ᠦᠬᠡᠢ ᠴᠠᠭᠠᠨ ᠰᠠᠷ᠎ᠠ ᠪᠣᠯᠬᠤ ᠭᠡᠵᠦ ᠪᠠᠶᠢᠨ᠎ᠠ᠂ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠬᠤᠳᠠ ᠶᠢᠨ ᠳᠤᠯᠠᠭᠠᠯᠭ᠎ᠠ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠦᠨᠡᠨᠬᠦ ᠳᠤᠯᠠᠭᠠᠨ ᠪᠦᠯᠢᠶᠡᠨ  ᠡᠪᠤᠯᠵᠢᠵᠤ᠂ ᠠᠮᠤᠷ ᠠᠮᠤᠭᠤᠯᠠᠩ ᠪᠠᠶᠠᠷ ᠪᠠᠶᠠᠰᠤᠯ ᠲᠠᠢ ᠪᠠᠷ ᠴᠠᠭᠠᠨ ᠰᠠᠷ᠎ᠠ ᠪᠠᠨ ᠥᠩᠭᠡᠷᠡᠭᠦᠯᠬᠦ   ᠶᠢ ᠪᠠᠳᠤᠯᠠᠬᠤ ᠭᠡᠷᠡᠭᠳᠡᠢ  ᠬᠡᠵᠦ ᠴᠢᠬᠤᠯᠠᠴᠢᠯᠠᠵᠠᠢ᠃      ᠠᠶᠢᠮᠠᠭ ᠤᠨ ᠤᠳᠤᠷᠢᠳᠤᠯᠭ᠎ᠠ ᠵᠢᠶᠠ ᠸᠧᠨ ᠽᠥᠩ ᠬᠤᠷᠠᠯ ᠳᠤ ᠣᠷᠣᠯᠴᠠᠵᠠᠢ᠃      ᠴᠧᠩ ᠽᠧ  ᠰᠣᠷᠪᠣᠯᠵᠢᠯᠠᠵᠣ᠂ ᠲᠣᠭᠤᠷ ᠣᠷᠴᠢᠭᠤᠯᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号