ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨ ᠤ ᠮᠥᠰᠥ ᠴᠠᠰᠤᠨ ᠤ ᠤᠯᠠᠷᠢᠯ ︱ ᠰᠢᠯᠢ ᠶᠢᠨ ᠭᠤᠣᠯ ᠠᠶᠢᠮᠠᠭ ᠤᠨ ᠲᠠᠪᠤᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ  ᠰᠢᠯᠢ ᠶᠢᠨ ᠬᠤᠳᠠ ᠳᠤ ᠡᠬᠢᠯᠡᠭᠰᠠᠨ
ᠨᠡᠶᠢᠲᠡᠯᠡᠭᠰᠡᠨ ᠴᠠᠭ᠄
2024/1/22
     1 ᠳ᠋ᠤᠭᠡᠷ ᠰᠠᠷ᠎ᠠ ᠶᠢᠨ 20 ᠤ ᠡᠳᠦᠷ᠂ ᠠᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ︱ ᠰᠢᠯᠢ ᠶᠢᠨ ᠭᠤᠣᠯ ᠠᠶᠢᠮᠠᠭ ᠤᠨ ᠲᠠᠪᠤᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠰᠢᠯᠢ ᠶᠢᠨ ᠬᠤᠳᠠ ᠳᠤ ᠡᠬᠢᠯᠡᠭᠰᠠᠨ ᠪᠠᠶᠢᠨ᠎ᠠ᠃      ᠡᠬᠢᠯᠡᠯᠲᠡ ᠶᠢᠨ ᠶᠣᠰᠣᠯᠠᠯ ᠳᠤ᠂ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠳᠠ ᠲᠣᠭᠤᠷᠢᠭ  ᠠᠴᠠ ᠬᠦᠷᠦᠯᠴᠠᠨ ᠢᠷᠡᠭᠰᠠᠨ ᠲᠠᠮᠢᠷᠴᠢᠳ ᠪᠣᠯᠣᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠪᠠᠭ᠋ᠠᠲᠠᠢ 200 ᠭᠠᠷᠤᠢ ᠬᠥᠮᠥᠰ ᠤᠷᠤᠯᠴᠠᠵᠠᠢ᠃ ᠲᠤᠰ ᠤᠳᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠤᠯ ᠪᠣᠯᠬᠤ ᠠᠭᠤᠯᠭ᠎ᠠ ᠪᠤᠯ ᠪᠦᠬᠦ ᠠᠶᠢᠮᠠᠭ ᠤᠨ ᠵᠠᠯᠠᠭᠤᠴᠤᠳ ᠪᠠᠭᠠᠴᠤᠳ ᠤᠨ ᠬᠤᠷᠳᠤᠨ ᠲᠡᠰᠢᠯᠲᠡ ᠶᠢᠨ ᠬᠤᠪᠢᠶᠠᠷᠢ  ᠦᠷᠳᠡᠭᠡᠨ ᠤ ᠤᠷᠤᠯᠳᠤᠭᠠᠨ  ᠰᠢᠯᠢ ᠶᠢᠨ ᠬᠤᠳᠠ ᠳᠤ ᠵᠡᠷᠭᠡᠪᠡᠷ ᠶᠠᠪᠤᠭᠳᠠᠵᠤ᠂ ᠪᠦᠬᠦ ᠠᠶᠢᠮᠠᠭ ᠤᠨ ᠡᠯ᠎ᠡ ᠭᠠᠵᠠᠷ ᠠᠴᠠ ᠢᠷᠡᠭᠰᠡᠨ 50 ᠭᠠᠷᠤᠢ ᠵᠠᠯᠠᠭᠤ ᠪᠠᠭᠠᠴᠤᠳ ᠮᠥᠰᠥᠨ ᠳᠡᠭᠡᠷᠡᠬᠢ ᠪᠠᠶᠠᠷ ᠪᠠᠶᠠᠰᠤᠯ ᠢ ᠬᠥᠭᠡᠭᠡᠴᠡᠯᠳᠦᠬᠦ ᠶᠢᠨ ᠬᠠᠮᠲᠤ ᠰᠢᠯᠢᠩᠬᠤᠲᠠ ᠳᠤ ᠥᠩᠭᠡ ᠭᠡᠷᠡᠯ ᠨᠡᠮᠡᠷᠢᠯᠡᠵᠡᠢ᠃ ᠤᠷᠤᠯᠳᠤᠭᠠᠨ ᠤ ᠲᠤᠬᠠᠢ ᠶᠢᠨ ᠲᠠᠯᠠᠪᠠᠶ ᠳᠤ᠂ ᠬᠢᠨᠠᠭᠴᠢ ᠶᠢᠨ ᠵᠠᠷᠯᠢᠭ ᠪᠠᠭᠤᠯᠭᠠᠬᠤ ᠶᠢ ᠳᠠᠭᠠᠯᠳᠤᠨ᠂ ᠴᠤᠭ ᠵᠢᠪᠬᠤᠭ᠎ᠠ ᠲᠠᠢ ᠵᠠᠯᠠᠭᠤ ᠪᠠᠭᠠᠴᠤᠳ ᠤᠨ ᠲᠠᠮᠢᠷᠴᠢᠳ ᠥᠪᠡᠷ ᠤᠨ ᠪᠡᠶ᠎ᠡ ᠳᠡᠭᠡᠨ ᠥᠷᠢᠰᠦᠯᠳᠦᠭᠡᠨ ᠵᠠᠷᠯᠠᠵᠤ᠂ ᠮᠥᠰᠥᠨ ᠲᠠᠯᠠᠪᠠᠶ ᠳᠤ ᠬᠥᠨᠳᠡᠯᠡᠨ ᠭᠤᠯᠳᠤ ᠪᠠᠷ ᠳᠠᠪᠬᠢᠵᠤ᠂ ᠬᠠᠷᠢᠯᠴᠠᠨ ᠬᠥᠭᠡᠭᠡᠴᠡᠯᠳᠦᠬᠦ ᠳᠤᠮᠳᠠ ᠪᠠᠨ ᠮᠥᠰᠥ ᠲᠡᠰᠢᠯᠲᠡ ᠶᠢᠨ ᠬᠤᠷᠳᠤᠴᠠ ᠪᠠ ᠣᠷᠭᠢᠯᠤᠮ᠎ᠠ ᠰᠡᠳᠬᠢᠯᠭᠡ ᠶᠢ ᠮᠡᠳᠡᠷᠡᠨ ᠮᠡᠳᠡᠷᠡᠵᠦ ᠪᠠᠶᠢᠯ᠎ᠠ᠃ ︽ᠮᠥᠰᠥ ᠲᠡᠰᠢᠯᠲᠡ ᠶᠢᠨ ᠪᠢᠴᠢᠬᠠᠨ ᠲᠠᠮᠢᠷᠴᠢᠨ︾ ᠨᠠᠷ ᠤᠶᠠᠨ ᠬᠠᠳᠠᠨ᠂ ᠵᠣᠬᠢᠴᠠᠩᠭᠤᠢ  ᠪᠠᠷ ᠨᠢᠭᠡ ᠴᠣᠭᠴᠠ ᠪᠣᠯᠭᠠᠨ ᠨᠢᠭᠡᠳᠬᠡᠵᠦ᠂ ᠬᠥᠩᠭᠡᠨ ᠱᠠᠯᠠᠮᠠᠭᠠᠢ᠂ ᠬᠤᠷᠳᠤᠴᠠ ᠪᠠᠨ ᠲᠦᠷᠭᠡᠳᠬᠡᠵᠦ᠂ ᠮᠤᠷᠤᠶᠢᠵᠤ᠂ ᠳᠠᠪᠠᠵᠤ᠂ ᠤᠳᠠᠭ᠎ᠠ ᠳᠠᠷᠠᠭᠠᠯᠠᠨ ᠲᠡᠭᠦᠯᠳᠡᠷ ᠰᠠᠶᠢᠬᠠᠨ ᠨᠣᠮᠣᠨ ᠱᠤᠭᠤᠮ ᠵᠢᠷᠤᠵᠤ᠂ ᠪᠦᠬᠦ ᠪᠡᠶ᠎ᠡ ᠶᠢᠨ ᠴᠢᠳᠠᠯ ᠢᠶᠠᠨ ᠰᠢᠪᠬᠠᠨ᠂ ᠡᠴᠦᠰ ᠤᠨ ᠴᠡᠭ ᠢ ᠰᠢᠪᠲᠤᠯᠤᠨ᠂ ᠬᠠᠮᠤᠭ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠵᠤ᠂ ᠮᠥᠰᠥ ᠲᠡᠰᠢᠯᠲᠡ ᠶᠢᠨ ᠤᠷ᠎ᠠ ᠮᠡᠷᠭᠡᠵᠢᠯ ᠪᠠ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠭᠠᠶᠢᠬᠠᠭᠤᠯᠳᠠᠭ ᠪᠠᠶᠢᠨ᠎ᠠ᠃ ᠲᠡᠰᠢᠯᠲᠡ ᠶᠢᠨ ᠪᠢᠴᠢᠬᠠᠨ ᠵᠠᠩᠵᠤᠨ ᠨᠠᠷ ᠤᠨ ᠨᠢᠭᠡ ᠴᠣᠭᠴᠠ ᠨᠢ ᠴᠦ ᠤᠶᠠᠨ ᠬᠠᠳᠠᠨ ᠂ ᠵᠣᠬᠢᠴᠠᠩᠭᠤᠢ ᠪᠠᠷ ᠨᠢᠭᠡ ᠴᠣᠭᠴᠠ ᠪᠣᠯᠵᠤ᠂ ᠬᠠᠮᠤᠭ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠵᠤ᠂ ᠮᠥᠰᠥ ᠲᠡᠰᠢᠯᠲᠡ ᠶᠢᠨ ᠤᠷ᠎ᠠ ᠮᠡᠷᠭᠡᠵᠢᠯ ᠪᠠ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠭᠠᠶᠢᠬᠠᠭᠤᠯᠬᠤ ᠪᠣᠯᠣᠨ᠎ᠠ᠃      ᠠᠳᠠᠯᠢ ᠬᠤᠭᠤᠴᠠᠭᠠᠨ ᠤ ᠤᠷᠤᠯᠳᠤᠭᠠᠨ ᠳᠤ ᠣᠷᠣᠯᠴᠠᠭᠰᠠᠨ ᠮᠠᠭᠲᠠᠭᠠᠯ᠄ ᠪᠢ ᠰᠥᠨᠢᠳ ᠵᠡᠭᠦᠨ ᠬᠤᠰᠢᠭᠤᠨ  ᠠᠴᠠ ᠢᠷᠡᠭᠰᠡᠨ᠂ 1000 ᠮᠧᠲᠷ ᠤᠨ ᠮᠥᠰᠥ ᠲᠡᠰᠢᠯᠲᠡ ᠶᠢᠨ ᠤᠷᠤᠯᠳᠤᠭᠠᠨ ᠳᠤ ᠣᠷᠣᠯᠴᠠᠬᠤ ᠳᠠᠭᠠᠨ ᠲᠤᠶᠢᠯ ᠤᠨ ᠪᠠᠴᠢᠮ ᠪᠠᠶᠢᠭᠰᠠᠨ ᠪᠣᠯᠪᠠᠴᠤ ᠤᠷᠤᠯᠳᠤᠭᠠᠨ ᠢᠶᠠᠨ ᠳᠠᠭᠤᠰᠬᠠᠬᠤ ᠪᠠᠷ ᠴᠢᠷᠮᠠᠶᠢᠭᠰᠠᠨ ᠳᠠᠭᠠᠨ ᠮᠠᠰᠢ ᠪᠠᠶᠠᠷᠲᠠᠢ ᠪᠠᠶᠢᠯ᠎ᠠ᠃ ᠬᠤᠶᠢᠰᠢᠳᠠ ᠪᠠᠰᠠ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠬᠤ ᠠᠳᠠᠯᠢ ᠬᠤᠭᠤᠴᠠᠭᠠᠨ ᠤ ᠤᠷᠤᠯᠳᠤᠭᠠᠨ ᠳᠤ ᠣᠷᠣᠯᠴᠠᠭᠴᠢ ᠳ᠋ᠢ ᠱᠣ ᠷᠦᠢ᠄ ᠪᠢ ᠰᠢᠯᠢᠩᠬᠤᠲᠠ ᠶᠢᠨ ᠲᠠᠪᠤᠳᠤᠭᠠᠷ ᠪᠠᠭ᠎ᠠ ᠰᠤᠷᠭᠠᠭᠤᠯᠢ ᠶᠢᠨ ᠮᠥᠰᠥ ᠲᠡᠰᠢᠯᠲᠡ ᠶᠢᠨ ᠺᠯᠦ᠋ᠪ ᠢ ᠲᠥᠯᠥᠭᠡᠯᠡᠨ ᠤᠷᠤᠯᠳᠤᠭᠠᠨ ᠳᠤ ᠣᠷᠣᠯᠴᠠᠨ᠎ᠠ᠃ ᠪᠢ ᠡᠨᠡ ᠵᠢᠯ ᠶᠢᠰᠦᠨ ᠨᠠᠰᠤᠲᠠᠢ᠂ ᠭᠤᠷᠪᠠᠳᠤᠭᠠᠷ ᠤᠳᠠᠭ᠎ᠠ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠣᠷᠣᠯᠴᠠᠭᠠᠳ᠂ ᠤᠷᠤᠯᠳᠤᠭᠠᠨ ᠳᠤ ᠪᠠᠭ᠋ᠠᠨ ᠰᠠᠨᠳᠤᠷᠴᠤ ᠪᠠᠶᠢᠭᠰᠠᠨ ᠪᠣᠯᠪᠠᠴᠤ ᠤᠷᠤᠯᠳᠤᠭᠠᠨ ᠢᠶᠠᠨ ᠨᠠᠷᠢᠨ ᠬᠢᠨᠠᠮᠠᠭᠠᠢ ᠪᠡᠶᠡᠯᠡᠭᠦᠯᠬᠦ ᠪᠠᠷ ᠴᠢᠷᠮᠠᠶᠢᠵᠠᠢ᠂ ᠬᠤᠵᠢᠮ ᠪᠢ ᠡᠶᠢᠮᠦ ᠲᠠᠮᠢᠷ ᠤᠨ ᠤᠷᠤᠯᠳᠤᠭᠠᠨ ᠤ ᠵᠦᠢᠯ ᠳᠤ ᠢᠯᠡᠭᠦᠬᠡᠨ ᠣᠷᠣᠯᠴᠠᠨ᠎ᠠ᠃ ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ 1 ᠰᠠᠷ᠎ᠠ ︱ 2 ᠰᠠᠷ᠎ᠠ ᠶᠢᠨ ᠬᠤᠭᠤᠴᠠᠭᠠᠨ ᠳᠤ ᠶᠠᠪᠤᠭᠳᠠᠭᠤᠯᠵᠤ ᠂ ᠴᠠᠰᠤᠨ ᠳᠡᠭᠡᠷᠡᠬᠢ ᠶᠠᠪᠠᠭᠠᠨ ᠤᠷᠤᠯᠳᠤᠭᠠᠨ᠂ ᠮᠥᠰᠥᠨ ᠪᠥᠮᠪᠦᠭᠡ ᠶᠢᠨ ᠤᠷᠤᠯᠳᠤᠭᠠᠨ᠂ ᠣᠯᠠᠨ ᠲᠦᠮᠡᠨ ᠤ ᠴᠠᠰᠤᠨ ᠳᠡᠭᠡᠷᠡᠬᠢ ᠬᠥᠯ ᠪᠥᠮᠪᠦᠭᠡ᠂ ᠴᠠᠰᠤᠨ ᠳᠡᠭᠡᠷᠡᠬᠢ ᠬᠠᠮᠲᠤᠷᠠᠭᠰᠠᠨ ᠪᠠᠶᠢᠯᠳᠤᠭᠠᠨ ᠤ ᠤᠷᠤᠯᠳᠤᠭᠠᠨ᠂ ᠮᠥᠰᠥᠨ ᠳᠡᠭᠡᠷᠡᠬᠢ ᠯᠤᠤᠲᠤ ᠣᠩᠭᠤᠴᠠ ᠶᠢᠨ ᠤᠷᠤᠯᠳᠤᠭᠠᠨ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠪᠥᠬᠦ ᠠᠶᠢᠮᠠᠭ ᠤᠨ ᠬᠤᠯᠪᠤᠭᠠᠯᠠᠨ ᠬᠥᠳᠡᠯᠦᠯᠴᠡᠬᠦ ᠶᠢ ᠪᠡᠶᠡᠯᠡᠭᠦᠯᠵᠦ᠂ ᠪᠥᠬᠦ ᠠᠶᠢᠮᠠᠭ ᠤᠨ ᠬᠡᠪᠴᠢᠶᠡᠨ ᠳᠤ ᠣᠯᠠᠨ ᠲᠦᠮᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠥᠷᠨᠢᠯᠲᠡ ᠶᠢ ᠪᠣᠶ ᠪᠣᠯᠭᠠᠨ᠎ᠠ᠃ ᠰᠢᠯᠢ ᠶᠢᠨ ᠨᠠᠭᠤᠷ ᠤᠨ ᠮᠥᠰᠥᠲᠦᠯᠭᠡ ᠶᠢᠨ ᠲᠠᠯᠠᠪᠠᠢ ᠶᠢᠨ ᠠᠵᠢᠯᠲᠠᠨ ᠢᠦᠢ ᠴᠠᠩ ᠸᠧᠢ᠄ ᠪᠦᠬᠦ ᠠᠶᠢᠮᠠᠭ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠢ ᠳᠠᠶᠢᠴᠢᠯᠠᠬᠤ ᠶᠢᠨ ᠲᠥᠯᠥᠭᠡ᠂ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠤ ᠬᠡᠦᠬᠡᠳ ᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ ᠪᠠᠷ ᠣᠨᠴᠠᠭᠠᠶᠢᠯᠠᠨ ᠤᠷᠢᠵᠠᠢ᠃ ᠳᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠥᠷᠨᠢᠭᠦᠯᠬᠦ ᠶᠢ ᠪᠠᠷᠢᠮᠲᠠᠯᠠᠵᠤ᠂ ᠨᠡᠩ ᠤᠯᠠᠨ ᠵᠠᠯᠠᠭᠤᠴᠤᠳ ᠪᠠᠭᠠᠴᠤᠳ᠂ ᠨᠡᠩ ᠤᠯᠠᠨ ᠤᠯᠠᠨ ᠲᠦᠮᠡᠨ ᠢ ᠳᠠᠭᠠᠭᠤᠯᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠵᠤ᠂ ᠤᠯᠠᠨ ᠳᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠠᠪᠴᠢᠷᠠᠭᠰᠠᠨ ᠷᠢᠳᠢ ᠰᠢᠳᠢ ᠶᠢ ᠨᠡᠩ ᠤᠯᠠᠨ ᠮᠡᠳᠡᠷᠡᠭᠦᠯᠦᠨ᠎ᠡ᠃ ᠲᠤᠰ ᠤᠳᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠰᠣᠶᠣᠯ ᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ᠂ ᠪᠥᠬᠦ ᠠᠷᠠᠳ ᠤᠨ ᠡᠷᠡᠭᠦᠯ ᠮᠡᠨᠳᠦ ᠵᠢᠴᠢ ᠮᠥᠰᠥ ᠴᠠᠰᠤᠨ ᠤ ᠪᠡᠶ᠎ᠡ ᠶᠢᠨ ᠲᠠᠮᠢᠷ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠢᠳᠡᠪᠬᠢᠲᠡᠢ ᠪᠠᠷ ᠥᠭᠡᠳᠡᠯᠡᠨ ᠳᠠᠪᠰᠢᠬᠤ ᠶᠢ ᠰᠠᠨᠠᠭᠠᠴᠢᠯᠠᠨ᠂ ᠪᠥᠬᠦ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠷᠡᠨ ᠬᠡᠷᠡᠯᠳᠦ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠳᠡᠯᠭᠡᠷᠡᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠲᠦᠯᠬᠢᠨ ᠠᠬᠢᠭᠤᠯᠵᠤ᠂ ᠨᠠᠩ ᠣᠯᠠᠨ ᠬᠥᠮᠥᠰ ᠲᠤ ᠡᠷᠡᠭᠦᠯ ᠮᠡᠨᠳᠦ ᠪᠠ ᠪᠠᠶᠠᠷ ᠪᠠᠶᠠᠰᠤᠯ ᠢ ᠡᠳ᠋ᠯᠡᠭᠦᠯᠦᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号