ᠰᠢᠯᠢ ᠶᠢᠨ ᠬᠤᠳᠠ ᠶᠢᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠳᠠᠭᠠᠶ᠎ᠠ︾ ᠴᠠᠭᠠᠨ ᠰᠠᠷ᠎ᠠ ᠪᠠᠨ ᠤᠭᠲᠤᠬᠤ ᠤᠷᠠᠨ ᠰᠠᠶᠢᠬᠠᠨ ᠤ ᠦᠳᠡᠰᠢᠯᠡᠭᠡ ᠶᠠᠪᠤᠭᠳᠠᠭᠰᠠᠨ
ᠨᠡᠶᠢᠲᠡᠯᠡᠭᠰᠡᠨ ᠴᠠᠭ᠄
2024/1/25
     1 ᠰᠠᠷ᠎ᠠ ᠶᠢᠨ 23  ᠤ ᠣᠷᠣᠢ᠂  ᠰᠢᠯᠢ ᠶᠢᠨ ᠬᠤᠳᠠ ᠶᠢᠨ ︽ᠨᠠᠮ ᠤᠨ  ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠶ᠎ᠠ︾ ᠭᠡᠬᠦ  ᠴᠠᠭᠠᠨ ᠰᠠᠷ᠎ᠠ ᠪᠠᠨ ᠤᠭᠳᠤᠬᠤ ᠤᠷᠠᠨ ᠰᠠᠶᠢᠬᠠᠨ ᠤ ᠦᠳᠡᠰᠢᠯᠡᠭᠡ ᠰᠢᠯᠢᠨ ᠺᠢᠨᠣ᠋ ᠵᠦᠴᠦᠭᠡ ᠶᠢᠨ  ᠲᠢᠶᠠᠲ᠋ᠠᠷ ᠲᠤ ᠭᠤᠶᠢᠳᠠ ᠰᠠᠶᠢᠬᠠᠨ  ᠶᠠᠪᠤᠭᠳᠠᠯ᠎ᠠ᠃        ᠦᠳᠡᠰᠢᠯᠡᠭᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠬᠤᠪᠢᠰᠬᠠᠯ ᠤᠨ ᠵᠤᠷᠢᠭ ᠰᠠᠨᠠᠭ᠎ᠠ ᠶᠢ ᠦᠶ᠎ᠡ ᠶᠢᠨ ᠦᠶ᠎ᠡ ᠳᠤ ᠤᠯᠠᠮᠵᠢᠯᠠᠵᠤ᠂ ᠤᠮᠠᠷᠠᠲᠤ ᠬᠢᠯᠢ ᠶᠢᠨ ᠮᠠᠭᠲᠠᠭᠠᠯ ᠳᠠᠭᠤᠤ ᠶᠢ ᠲᠠᠰᠤᠷᠠᠯᠳᠡ ᠦᠭᠡᠢ ᠳᠠᠭᠤᠯᠠᠨ᠎ᠠ︾᠂  《 ᠠᠭᠤᠯᠨ ᠤᠰᠤ  ᠦᠩᠭᠡ ᠶᠢᠨ ᠴᠡᠴᠡᠭ ᠢᠶᠠᠷ ᠮᠢᠷᠠᠯᠵᠠᠵᠤ᠂ ᠤᠮᠠᠷᠠᠳᠤ ᠬᠢᠯᠢ ᠶᠢᠨ ᠮᠠᠭᠳᠠᠭᠠᠯ ᠲᠠᠭᠤᠤ ᠶᠢ ᠦᠨᠢᠳᠠ ᠲᠠᠭᠤᠯᠠᠨ᠎ᠠ》᠂ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ᠰᠡᠷᠭᠦᠨ ᠮᠠᠨᠳᠤᠯᠲᠠ ᠶᠢᠨ ᠵᠠᠮ ᠢᠶᠠᠷ ᠤᠷᠤᠭᠰᠢᠯᠠᠨ᠎ᠠ︾ ᠭᠡᠬᠦ ᠭᠤᠷᠪᠠᠨ ᠪᠦᠯᠦᠭ ᠢᠶᠠᠷ ᠪᠦᠷᠢᠯᠳᠦᠵᠡᠢ᠃ ᠰᠢᠯᠦᠭ ︽ᠵᠠᠭᠤᠨ ᠵᠢᠯ ᠢ ᠰᠤᠨᠳᠠᠯᠠᠭᠰᠠᠨ ᠠᠮᠠᠯᠠᠯᠲᠠ︾᠂ ᠳᠠᠭᠤᠤ ︽ᠤᠯᠠᠭᠠᠨ ᠤᠳᠤᠨ ᠳᠤ ᠡᠷᠡᠯᠬᠡᠭᠯᠡᠨ ᠲᠠᠮᠡᠴᠠᠶ᠎ᠠ︾᠂ ︽ᠵᠡᠭᠦᠳᠦᠨ ᠳᠠᠬᠢ ᠨᠤᠲᠤᠭ︾᠂ ︽ᠰᠦᠷᠯᠢᠭ ᠰᠠᠶᠢᠬᠠᠨ ᠥᠪᠥᠷ ᠮᠣᠩᠭᠤᠯ︾᠂  ︽ᠦᠷ ᠤᠨ ᠲᠤᠶᠠᠭᠠᠨ ᠤ ᠮᠠᠭᠲᠠᠭᠠᠯ︾᠂  ᠶᠠᠲᠤᠭ᠎ᠠ︽ᠬᠤᠳᠠ ᠶᠢᠨ ᠴᠢᠭᠤᠯᠭᠠᠨ︾᠂  ᠬᠠᠮᠳᠤ ᠶᠢᠨ ᠪᠥᠵᠢᠭ︽ᠬᠥᠬᠡᠮᠳᠦᠭ ᠨᠣᠭᠤᠭᠠᠨ ᠠᠭᠤᠯᠠ ᠤᠰᠤ︾᠂ ︽ᠡᠪᠦᠯ ︾  ᠵᠡᠷᠭᠡ ᠭᠤᠶᠢᠳᠠᠨ ᠰᠠᠶᠢᠬᠠᠨ ᠲᠤᠭᠯᠠᠯᠳᠠ ᠨᠢ ᠵᠠᠯᠭ᠎ᠠ ᠵᠠᠯᠭ᠎ᠠ ᠪᠠᠷ ᠶᠠᠪᠤᠭᠳᠠᠨ᠂ ᠠᠬᠤᠢ ᠲᠠᠯᠡᠪᠡᠢ ᠶᠢᠨ ᠦᠵᠡᠭᠴᠢᠳ ᠤᠨ ᠬᠠᠯᠠᠭᠠᠤᠨ ᠠᠯᠠᠭ᠎ᠠ ᠲᠠᠰᠢᠯᠳᠠ ᠶᠢ ᠦᠶ᠎ᠠ ᠦᠶ᠎ᠠ ᠬᠦᠷᠳᠡᠵᠤ ᠪᠠᠶᠢᠯ᠎ᠠ᠃   ᠦᠳᠡᠰᠢᠯᠡᠭᠡ ᠳᠤ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠭᠤᠣᠯ ᠬᠥᠭ ᠠᠶᠠᠰ ᠢ ᠬᠠᠩᠭᠢᠨᠠᠭᠤᠯᠤᠭᠰᠠᠨ ᠢᠶᠠᠷ ᠪᠠᠷᠠᠬᠤ ᠦᠭᠡᠢ ᠪᠠᠰᠠ ᠲᠠᠯ᠎ᠠ ᠨᠤᠲᠤᠭ ᠤᠨ ᠬᠥᠪᠡᠭᠦᠳ ᠥᠬᠢᠳ ᠤᠨ ᠨᠠᠮ ᠪᠠ ᠤᠯᠤᠰ ᠣᠷᠣᠨ ᠢᠶᠠᠨ ᠦᠨᠡᠨ ᠰᠡᠳᠬᠢᠯ ᠠᠴᠠ ᠪᠠᠨ ᠮᠠᠭᠲᠠᠨ ᠲᠠᠭᠤᠯᠠᠵᠤ᠂ ᠠᠮᠢᠳᠤᠷᠠᠯ ᠢᠶᠠᠨ ᠬᠠᠶᠢᠷᠠᠯᠠᠵᠤ᠂ ᠢᠷᠡᠭᠡᠳᠦᠢ ᠪᠠᠨ ᠬᠦᠰᠡᠨ ᠮᠥᠷᠥᠭᠡᠳᠴᠦ ᠪᠠᠶᠢᠭ᠎ᠠ ᠶᠢ  ᠢᠯᠡᠳᠭᠡᠨ ᠲᠤᠰᠬᠠᠵᠤ᠂ ᠳᠤᠮᠳᠠᠳᠤ ᠶᠢᠨ ᠡᠯ᠎ᠠ ᠦᠨᠳᠦᠰᠦᠲᠡᠨ ᠤ ᠴᠢᠩ ᠦᠨᠡᠨᠴᠢ ᠬᠠᠶᠢᠷ᠎ᠠ ᠰᠡᠳᠬᠢᠯᠭᠡ ᠶᠢ ᠳᠠᠮᠵᠢᠭᠤᠯᠵᠠᠢ᠃      ᠦᠳᠡᠰᠢᠯᠡᠭᠡ ᠶᠢᠨ ᠠᠬᠤᠢ‌‍ᠲ᠋ᠠᠯᠠᠪᠤᠷ ᠲᠤ ᠪᠠᠰᠠ ᠨᠢᠭᠡ ᠪᠦᠯᠦᠭ  ᠪᠤᠳᠠᠰ ᠤᠨ ᠪᠤᠰᠤ ᠰᠤᠶᠤᠯ ᠤᠨ ᠦᠪᠯᠡᠭᠴᠢ᠂ ᠠᠷᠠᠳ ᠤᠨ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ᠂ ᠬᠤᠪᠢ  ᠶᠢᠨ ᠡᠵᠡᠡᠩᠨᠠᠴᠢ ᠪᠠ ᠵᠠᠬᠢᠶᠠᠯᠠᠭ᠎ᠠ ᠶᠢᠨ  ᠬᠦᠷᠭᠡᠭᠴᠢ ᠨᠠᠷ ᠢ ᠤᠷᠢᠨ ᠵᠠᠯᠠᠵᠤ᠂  ᠦᠩᠭᠡᠷᠡᠬᠦ ᠵᠢᠯ ᠤᠨ ᠣᠯᠣᠯᠲᠠ ᠲᠥᠷᠥᠭᠳᠡᠯ ᠪᠠ ᠢᠷᠡᠬᠦ ᠰᠢᠨ᠎ᠡ ᠨᠢᠭᠡ ᠵᠢᠯ   ᠤᠨ ᠬᠦᠰᠡᠯ ᠮᠦᠷᠦᠭᠡᠳᠤᠯ ᠢᠶᠠᠨ ᠲᠤᠰ ᠲᠤᠰ ᠢᠯᠡᠳᠭᠡᠨ ᠶᠠᠷᠢᠵᠠᠢ᠃ ᠭᠤᠶᠢᠳᠠ ᠰᠠᠶᠢᠬᠠᠨ ᠲᠣᠭᠯᠠᠯᠲᠠ ᠨᠢ ᠪᠦᠬᠦ ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ ᠤ ᠨᠠᠮ ᠤᠨ ᠠᠴᠢ ᠲᠤᠰᠠ ᠳᠤ ᠲᠠᠯᠠᠷᠬᠠᠵᠤ᠂ ᠨᠠᠮ ᠤᠨ ᠦᠭᠡ ᠶᠢ ᠰᠤᠨᠤᠰᠴᠤ ᠨᠠᠮ ᠢᠶᠠᠨ ᠳᠠᠭᠠᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠤᠯᠠᠮ ᠪᠠᠲᠤᠳᠬᠠᠵᠤ᠂ ᠣᠯᠠᠨ ᠢᠶᠠᠷ ᠢᠶᠠᠨ ᠰᠠᠨᠠᠭ᠎ᠠ ᠰᠡᠳᠬᠢᠯ ᠢᠶᠠᠨ ᠨᠢᠭᠡᠳᠬᠡᠨ ᠬᠦᠴᠦ ᠴᠢᠳᠠᠯ ᠢᠶᠠᠨ ᠨᠢᠭᠡᠳᠬᠡᠨ ᠴᠢᠷᠮᠠᠶᠢᠨ ᠤᠷᠤᠭᠰᠢᠯᠠᠬᠤ ᠶᠢ ᠵᠤᠷᠢᠭᠵᠢᠭᠤᠯᠤᠭᠰᠠᠨ ᠢᠶᠠᠷ ᠪᠠᠷᠠᠬᠤ ᠦᠭᠡᠢ ᠰᠡᠳᠬᠢᠯ  ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠷᠢᠭᠤᠴᠠᠨ ᠠᠵᠢᠯᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠠᠬᠢᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠣᠳᠣᠬᠢᠴᠢᠯᠠᠭᠰᠠᠨ ᠰᠢᠯᠢ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠴᠢᠷᠮᠠᠶᠢᠨ ᠲᠡᠷᠭᠡᠯᠰᠢᠬᠦᠯᠵᠤ ᠦᠷᠭᠦᠯᠵᠢᠯᠡᠨ ᠲᠡᠮᠡᠴᠡᠬᠦ ᠬᠠᠮᠲᠤ ᠶᠢᠨ ᠰᠡᠳᠬᠢᠯ ᠤᠨ ᠳᠠᠭᠤᠨ ᠢ ᠪᠢᠴᠢᠭᠯᠡᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号