ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ  ᠰᠢᠯᠢ ᠶᠢᠨ ᠬᠤᠳᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠦᠪᠡᠳᠡᠭᠰᠢ ᠶᠡᠭᠡ ᠪᠠᠷ ᠬᠤᠷᠠᠯᠳᠤᠭᠰᠠᠨ
ᠨᠡᠶᠢᠲᠡᠯᠡᠭᠰᠡᠨ ᠴᠠᠭ᠄
2024/1/28
     ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ  ᠰᠢᠯᠢ ᠶᠢᠨ ᠬᠤᠳᠠ ᠶᠢᠨ ᠠᠷᠪᠠᠨ ᠨᠢᠭᠡᠳᠦᠭᠡᠷ ᠬᠤᠭᠤᠴᠠᠭᠠᠨ ᠤ  ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ 1 ᠰᠠᠷ᠎ᠠ ᠶᠢᠨ 25 ᠤ ᠡᠳᠦᠷ ᠦᠪᠡᠳᠡᠭᠰᠢ ᠶᠡᠭᠡ ᠪᠠᠷ  ᠬᠤᠷᠠᠯᠳᠤᠭᠰᠠᠨ ᠪᠠᠶᠢᠨ᠎ᠠ᠃      ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠵᠤᠤ ᠭᠦᠸᠧ ᠵᠦ᠂ ᠭᠤᠤ ᠬᠠᠢ ᠯᠧᠦ᠂ ᠳ᠋ᠢᠩ ᠬᠤᠩ᠂ ᠵᠢᠶᠣᠣ ᡁᠢ ᠶᠦᠩ᠂ ᠯᠢᠦ ᠶᠠ ᠹᠧᠢ᠂ ᠰᠦᠩ ᠰᠢᠤᠸᠠᠢ ᠹᠧᠢ᠂ ᠵᠦᠩ ᠶᠦᠩ ᠬᠤᠩ ᠲᠡᠷᠢᠭᠦᠯᠡᠭᠴᠢ ᠶᠢᠨ ᠲᠠᠶᠢᠰᠠᠨ ᠳᠤ  ᠰᠠᠭᠠᠳᠠᠵᠠᠢ᠃      ᠰᠢᠯᠢ ᠶᠢᠨ ᠬᠤᠳᠠ ᠶᠢᠨ ᠤᠳᠤᠷᠢᠳᠤᠯᠭ᠎ᠠ ᠪᠦᠷᠢᠨᠵᠢᠨ᠂  ᠲᠤᠭᠳᠠᠭᠤᠨᠪᠠᠶᠠᠷ᠂ ᠸᠠᠩ ᠰᠢᠸ ᠬᠠᠢ᠂ ᠯᠢ ᠰᠢᠸ ᠵᠢᠶᠠᠩ᠂ ᠭᠦᠸᠧ ᠵᠢᠩ ᠵᠢᠤᠸᠠᠨ᠂ ᠵᠧᠦ ᠫᠧᠢ ᠯᠦᠩ᠂ ᠶᠠᠩ ᠵᠧᠨ᠂ ᠯᠦ ᡁᠢ ᠮᠢᠨ ᠬᠤᠷᠠᠯ ᠳᠤ ᠣᠷᠣᠯᠴᠠᠵᠤ ᠪᠠᠶᠠᠷ ᠬᠦᠷᠭᠡᠬᠦ ᠶᠢᠨ ᠬᠠᠮᠲᠤ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃      ᠶᠡᠭᠡ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 154 ᠬᠥᠮᠥᠨ᠂ ᠪᠣᠳᠠᠲᠠᠢ ᠣᠷᠣᠯᠴᠠᠭᠰᠠᠨ ᠭᠡᠰᠢᠭᠦᠨ 145 ᠬᠥᠮᠥᠨ ᠪᠠᠶᠢᠵᠤ᠂ ︽ᠤᠯᠤᠰ ᠲᠥᠷᠥ ᠶᠢᠨ ᠵᠥᠪᠯᠡᠯᠭᠡᠨ ᠤ ᠳᠦᠷᠢᠮ︾ ᠤᠨ ᠲᠣᠭᠲᠠᠭᠠᠯ ᠳᠤ  ᠨᠠᠶᠢᠴᠠᠵᠠᠢ᠃      ᠰᠢᠯᠢ ᠶᠢᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠣᠣ ᠭᠦᠸᠧ ᠵᠦ ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠬᠤᠳᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ  ᠬᠢᠵᠠᠢ᠃      ᠵᠣᠣ ᠭᠦᠸᠧ ᠵᠦ ᠮᠡᠳᠡᠭᠦᠯᠦᠯᠲᠡ ᠳᠡᠭᠡᠨ ᠵᠢᠭᠠᠵᠤ ᠭᠠᠷᠭᠠᠭᠰᠠᠨ ᠨᠢ᠂ 2023 ᠣᠨ ᠳᠤ᠂  ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠣᠭᠤᠳᠤᠯᠭ᠎ᠠ ᠪᠣᠯᠭᠠᠬᠤ  ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠭᠦᠨᠵᠡᠭᠡᠢ ᠤᠶᠠᠯᠳᠤᠭᠤᠯᠤᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠠᠯᠢᠪᠠ ᠠᠵᠢᠯ ᠤᠨ ᠢᠶᠠᠨ ᠤᠷᠤᠭᠰᠢᠯᠠᠯᠲᠠ ᠶᠢᠨ ᠴᠢᠭᠯᠡᠯ ᠪᠠ ᠦᠨᠳᠦᠰᠦᠨ ᠵᠢᠷᠤᠮᠯᠠᠯ ᠪᠣᠯᠭᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠤᠣᠰ ᠴᠢᠭᠯᠡᠯ ᠢᠶᠠᠷ ᠬᠦᠴᠦᠯᠡᠬᠦ ᠶᠢ ᠴᠢᠬᠤᠯᠠᠴᠢᠯᠠᠵᠤ᠂ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢ ᠬᠦᠴᠦᠲᠡᠢ ᠠᠳᠬᠤᠵᠠᠢ᠃ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠠᠯ᠎ᠠ ᠪᠠᠷ ᠬᠤᠣᠰ ᠴᠢᠭᠯᠡᠯ ᠢᠶᠠᠷ ᠬᠦᠴᠦᠯᠡᠵᠦ᠂ ᠬᠤᠷᠳᠤᠴᠠ ᠶᠢ ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ᠂ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠳᠤᠮᠳᠠ ᠰᠢᠨ᠎ᠡ ᠠᠯᠬᠤᠮ ᠢ ᠴᠢᠷᠮᠠᠶᠢᠨ ᠠᠯᠬᠤᠵᠤ᠂ ᠠᠮᠵᠢᠯᠲᠠ ᠪᠦᠲᠦᠮᠵᠢ ᠶᠢ ᠰᠢᠨ᠎ᠡ ᠪᠠᠷ ᠡᠭᠦᠳᠴᠦ᠂ ᠰᠢᠨ᠎ᠡ ᠪᠠᠶᠢᠳᠠᠯ ᠢ  ᠨᠡᠭᠡᠭᠡᠵᠡᠢ ᠃ ᠪᠦᠬᠦ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠪᠠᠲᠤᠳᠬᠠᠵᠤ᠂ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ︽ᠭᠤᠣᠯ ᠬᠠᠷᠠᠯᠲᠠ︾ ᠳᠤ ᠦᠢᠯᠡᠴᠢᠯᠡᠵᠦ᠂ ᠠᠷᠠᠳ ᠤᠨ ᠲᠥᠯᠥᠭᠡ ᠵᠥᠪᠯᠡᠬᠦ ︽ᠭᠤᠣᠯ ᠬᠦᠭ ᠠᠶᠠᠰ︾ ᠢ ᠡᠵᠡᠮᠳᠡᠵᠦ᠂ ᠪᠦᠯᠬᠦᠮᠳᠡᠯ ᠠᠷᠠᠳᠴᠢᠯᠠᠯ ᠤᠨ︽ᠭᠤᠣᠯ ᠬᠦᠭ ᠠᠶᠠᠰ︾  ᠢ ᠴᠢᠪᠬᠠᠳᠠᠵᠤ᠂ ᠰᠠᠭᠤᠷᠢ ᠶᠢ ᠪᠠᠲᠤᠳᠬᠠᠵᠤ ᠦᠨᠳᠦᠰᠦ ᠶᠢ ᠪᠠᠬᠢᠵᠢᠭᠦᠯᠬᠦ ︽ᠰᠠᠨᠠᠭᠠᠴᠢᠯᠠᠭᠠᠲᠤ ᠠᠵᠢᠯ︾ ᠢ ᠰᠠᠶᠢᠲᠤᠷ ᠬᠢᠵᠦ᠂  ᠰᠢᠯᠢ ᠶᠢᠨ ᠬᠤᠳᠠ ᠶᠢᠨ ᠪᠦᠬᠦ ᠲᠠᠯ᠎ᠠ ᠶᠢᠨ ᠬᠥᠭᠵᠢᠯ ᠮᠠᠨᠳᠤᠯ ᠤᠨ ᠰᠢᠨ᠎ᠡ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠯᠢ ᠶᠢᠨ ᠬᠤᠳᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠤᠯᠤᠰ ᠲᠦᠷᠦ ᠶᠢᠨ ᠵᠥᠪᠯᠡᠯᠭᠡᠨ ᠤ ᠨᠡᠩ ᠶᠡᠭᠡ ᠰᠢᠨ᠎ᠡ ᠬᠤᠪᠢ ᠨᠡᠮᠡᠷᠢ  ᠦᠵᠡᠬᠦᠯᠦᠭᠰᠠᠨ ᠪᠠᠶᠢᠨ᠎ᠠ᠃      ᠵᠣᠣ ᠭᠦᠸᠧ ᠵᠦ ᠢᠯᠡᠳᠬᠡᠯ ᠳᠡᠭᠡᠨ ᠴᠢᠬᠤᠯᠠᠴᠢᠯᠠᠭᠰᠠᠨ ᠨᠢ᠂ 2024 ᠣᠨ ᠪᠣᠯ ᠰᠢᠨ᠎ᠡ ᠳᠤᠮᠳᠠᠳᠤ ᠤᠯᠤᠰ ᠪᠣᠯᠣᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ  ᠪᠤᠯᠤᠨ᠎ᠠ᠂ ᠪᠥᠬᠦ ᠣᠷᠣᠨ ᠤ ᠳᠡᠭᠡᠳᠦ ᠳᠣᠣᠷᠠᠳᠤ ᠱᠠᠳᠤ ᠪᠠᠷ ᠢᠶᠠᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ  ᠪᠤᠯᠤᠨ᠎ᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ  ᠶᠢ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠤᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ︽ᠠᠷᠪᠠᠨ ᠨᠢᠭᠡᠨ ᠲᠠᠯ᠎ᠠ ᠪᠠᠷ ᠬᠦᠴᠦ ᠣᠷᠣᠭᠤᠯᠬᠤ︾ ᠱᠠᠭᠠᠷᠳᠠᠯᠭ᠎ᠠ ᠶᠣᠰᠣᠭᠠᠷ᠂ ᠨᠠᠮ ᠵᠠᠰᠠᠭ ᠤᠨ ᠭᠤᠣᠯ ᠠᠵᠢᠯ ᠪᠠ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢᠨ ᠬᠤᠣᠰ ᠴᠢᠭᠯᠡᠯ ᠢᠶᠠᠷ ᠬᠦᠴᠦᠯᠡᠬᠦ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂  ᠰᠢᠯᠢ ᠶᠢᠨ ᠬᠤᠳᠠ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠪᠢᠴᠢᠭᠯᠡᠬᠦ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ  ᠨᠡᠮᠡᠷᠢᠯᠡᠬᠤ ᠪᠤᠯᠤᠨ᠎ᠠ ᠭᠡᠵᠡᠢ᠃      ᠰᠢᠯᠢ ᠶᠢᠨ ᠬᠤᠳᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠳ᠋ᠢᠩ ᠬᠤᠩ  ᠰᠢᠯᠢ ᠶᠢᠨ ᠬᠤᠳᠠ  ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠮᠡᠳᠡᠭᠦᠯᠦᠯᠲᠡ  ᠬᠢᠵᠡᠢ᠃      ᠰᠢᠯᠢ ᠶᠢᠨ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂  ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠤᠳᠤᠷᠢᠳᠬᠤ ᠨᠥᠬᠦᠳ ᠬᠤᠷᠠᠯ ᠳᠤ ᠤᠷᠤᠯᠴᠠᠵᠠᠢ᠃ ᠡᠯ᠎ᠡ ᠰᠤᠮᠤ ᠪᠠᠯᠭᠠᠰᠤ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠵᠢᠴᠢ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号