ᠰᠢᠯᠢ ᠶᠢᠨ ᠬᠤᠳᠠ ᠲᠦᠪᠯᠡᠷᠡᠬᠦᠯᠦᠨ ᠵᠢᠭᠰᠠᠭᠠᠨ ᠪᠠᠶᠢᠴᠠᠭᠠᠵᠤ ᠴᠡᠭᠴᠡᠯᠠᠨ ᠵᠠᠰᠠᠬᠤ ᠠᠵᠢᠯᠯᠠᠭ᠎ᠠ  ᠦᠷᠨᠢᠬᠦᠯᠦᠭᠰᠠᠨ
ᠨᠡᠶᠢᠲᠡᠯᠡᠭᠰᠡᠨ ᠴᠠᠭ᠄
2024/1/29
     1 ᠳ᠋ᠦᠭᠡᠷ ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ᠂  ᠰᠢᠯᠢ ᠶᠢᠨ ᠬᠤᠳᠠ ᠶᠢᠨ ᠣᠷᠣᠨ ᠰᠠᠭᠤᠴᠠ ᠶᠢᠨ ᠪᠠᠲᠤᠯᠠᠭ᠎ᠠ ᠪᠠ ᠭᠡᠷ ᠬᠥᠷᠥᠩᠭᠡ ᠶᠢᠨ ᠠᠳᠠᠯ ᠠᠬᠤᠢ ᠶᠢᠨ ᠲᠥᠪ ᠠᠴᠠ ᠰᠢᠯᠢ ᠶᠢᠨ  ᠬᠤᠳᠠ  ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠢᠴᠢ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ  ᠦᠷᠨᠢᠬᠦᠯᠦᠭᠰᠠᠨ ᠪᠠᠶᠢᠨ᠎ᠠ᠃      ᠬᠠᠮᠳᠤᠷᠠᠭᠰᠠᠨ ᠪᠠᠶᠢᠴᠠᠭᠠᠬᠤ ᠳᠤᠭᠤᠶᠢᠯᠠᠩ ᠨᠢ  ᠭᠡᠰᠡᠭ ᠰᠠᠭᠤᠭᠠᠯᠢ ᠠᠷᠠᠳ ᠤᠨ ᠲᠣᠭᠤᠷᠢᠭ᠂ ᠲᠦᠷᠢᠶᠡᠰᠦᠨ ᠭᠡᠷ ᠵᠡᠷᠭᠡ ᠭᠠᠵᠠᠷ ᠢᠶᠠᠷ ᠬᠦᠷᠴᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠨᠡᠪᠲᠡᠷᠡᠬᠦ ᠵᠠᠮ ᠢ ᠡᠵᠡᠯᠡᠨ ᠪᠥᠭᠯᠡᠬᠦ᠂ ᠤᠲᠠᠰᠤ ᠲᠠᠳᠠᠵᠤ ᠴᠠᠬᠢᠯᠭᠠᠨ ᠴᠡᠨᠡᠭᠯᠡᠬᠦ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠨ᠎ᠠ᠃      ᠲᠤᠬᠠᠢ ᠶᠢᠨ ᠲᠠᠯᠠᠪᠤᠷ ᠲᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂   ᠵᠠᠷᠢᠮ ᠰᠠᠭᠤᠭᠠᠯᠢ ᠠᠷᠠᠳ ᠢ ᠱᠠᠭᠠᠷᠳᠠᠵᠤ᠂ ᠠᠰᠠᠷ ᠤᠨ ᠭᠤᠳᠤᠮᠵᠢ ᠳᠤ  ᠲᠠᠯᠪᠢᠭᠰᠠᠨ ᠳᠤᠭᠤᠢ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ᠂ ᠮᠣᠲ᠋ᠣᠷ ᠲᠡᠷᠭᠡ ᠵᠡᠷᠭᠡ ᠶᠢ  ᠲᠠᠷᠤᠢ ᠲᠦᠷᠭᠡᠨ ᠰᠢᠯᠵᠢᠬᠦᠯᠦᠨ᠂ ᠠᠰᠠᠷ ᠲᠠᠬᠢ ᠰᠠᠭᠠᠳ ᠦᠭᠡᠢ ᠨᠡᠪᠲᠡᠷᠡᠬᠦ ᠶᠢ ᠦᠨᠡᠨᠬᠦ  ᠪᠠᠳᠤᠯᠠᠬᠤ ᠶᠢᠨ ᠬᠠᠮᠳᠤ᠂ ᠠᠳᠠᠯ ᠠᠬᠤᠢ ᠶᠢᠨ ᠬᠠᠷᠢᠭᠤᠴᠠᠯᠭᠠᠲᠠᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂  ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠣᠯᠵᠤ ᠮᠡᠳᠡᠬᠦ ᠬᠡᠷᠡᠭᠲᠡᠢ ᠭᠡᠵᠦ  ᠵᠠᠬᠢᠭᠰᠠᠨ ᠪᠠᠶᠢᠨ᠎ᠠ᠃      ᠬᠠᠤᠯᠢ ᠬᠡᠷᠡᠭᠵᠢᠭᠦᠯᠬᠦ ᠠᠵᠢᠯᠲᠠᠨ ᠤ ᠰᠠᠨᠠᠭᠤᠯᠤᠭᠰᠠᠨ ᠢᠶᠠᠷ᠂ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠨᠢ ᠭᠤᠣᠯ ᠴᠣᠭᠴᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠵᠠᠮ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠨ᠂ ᠪᠠᠶᠢᠴᠠᠭᠠᠵᠤ ᠲᠣᠭᠤᠷᠢᠨ ᠴᠠᠭᠳᠠᠬᠤ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠴᠠᠭ ᠲᠤᠬᠠᠢ ᠳᠤᠨᠢ ᠨᠡᠪᠲᠡᠷᠡᠯᠴᠡᠨ  ᠲᠦᠷᠢᠮ ᠲᠤᠭᠳᠠᠭᠠᠯ ᠢ ᠵᠦᠷᠢᠴᠡᠭᠰᠠᠨ ᠠᠵᠢᠯᠯᠠᠭ᠎ᠠ ᠶᠢ ᠲᠦᠷᠭᠡᠨ ᠰᠢᠢᠳᠪᠦᠷᠢᠯᠡᠵᠦ᠂ ᠰᠡᠷᠡᠮᠵᠢᠯᠡᠭᠦᠯᠬᠦ ᠫᠠᠶᠢᠰᠠ᠂ ᠲᠡᠮᠳᠡᠭ᠂ ᠵᠢᠷᠤᠭᠠᠰᠤ ᠶᠢ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠵᠤ᠂ ᠢᠯᠡ ᠲᠣᠳᠣ ᠬᠠᠷᠠᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ  ᠭᠡᠵᠡᠢ᠃      ᠰᠢᠯᠢ ᠶᠢᠨ ᠬᠤᠳᠠ ᠶᠢᠨ ᠣᠷᠣᠨ ᠰᠠᠭᠤᠴᠠ ᠶᠢᠨ ᠪᠠᠲᠤᠯᠠᠭ᠎ᠠ ᠪᠠ ᠭᠡᠷ ᠬᠥᠷᠥᠩᠭᠡ ᠶᠢᠨ ᠠᠳᠠᠯ ᠠᠬᠤᠢ ᠶᠢᠨ ᠲᠥᠪ ᠤᠨ ᠳᠡᠳ᠋ ᠡᠷᠬᠢᠯᠡᠭᠴᠢ  ᠴᠡᠩᠭᠡᠯ᠄ ᠰᠢᠨ᠎ᠠ ᠵᠢᠯ ᠴᠠᠭᠠᠨ ᠰᠠᠷ᠎ᠠ ᠬᠦᠷᠴᠦ ᠢᠷᠡᠬᠦ ᠭᠡᠵᠤ ᠪᠠᠶᠢᠭ᠎ᠠ ᠲᠠᠰᠢᠷᠠᠮ ᠳᠤ᠂  ᠪᠢᠳᠠ ᠭᠠᠯ ᠤᠨᠲᠠᠷᠠᠭᠠᠬᠤ ᠪᠠ ᠬᠤᠳᠠ ᠶᠢᠨ ᠬᠠᠮᠢᠶᠠᠷᠤᠯᠲᠠ ᠵᠡᠷᠭᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠲᠤᠷᠠᠨ᠂  ᠭᠡᠰᠡᠭ ᠰᠠᠭᠤᠭᠠᠯᠢ ᠠᠷᠠᠳ ᠤᠨ ᠲᠣᠭᠤᠷᠢᠭ ᠲᠤ ᠲᠤᠷ᠎ᠠ ᠪᠠᠷ ᠢᠶᠠᠨ ᠴᠠᠬᠢᠯᠭᠠᠨ ᠴᠡᠨᠡᠭᠯᠡᠬᠦ᠂ ᠭᠠᠯ ᠤᠨᠲᠠᠷᠠᠭᠠᠬᠤ ᠵᠠᠮ ᠱᠤᠭᠤᠮ ᠰᠠᠭᠠᠳ ᠦᠭᠡᠢ ᠪᠠᠶᠢᠬᠤ ᠵᠡᠷᠭᠡ ᠲᠠᠯ᠎ᠠ ᠪᠠᠷ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠭᠡᠮ ᠰᠣᠭᠤᠭ ᠢ ᠦᠨᠡᠨᠬᠦ ᠠᠷᠢᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ  ᠪᠠᠳᠤᠯᠠᠵᠤ ᠪᠠᠶᠢᠨ᠎ᠠ᠂ ᠳᠠᠷᠠᠭᠠᠴᠢ ᠶᠢᠨ ᠠᠯᠬᠤᠮ ᠳᠤ ᠪᠢᠳᠡ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠡᠶ᠎ᠡ ᠵᠣᠬᠢᠴᠠᠩᠭᠤᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠠᠶᠢᠭᠤᠯᠬᠤ ᠪᠠᠷ ᠴᠢᠷᠮᠠᠶᠢᠨ᠎ᠠ᠃      ᠲᠠᠷᠠᠭᠠᠴᠢ ᠶᠢᠨ ᠠᠯᠬᠤᠮ ᠳᠤ᠂  ᠰᠢᠯᠢ ᠶᠢᠨ ᠬᠤᠳᠠ  ᠲᠦᠷᠢᠮ ᠲᠣᠭᠲᠠᠭᠠᠯ ᠠᠴᠠ ᠵᠦᠷᠢᠴᠡᠭᠰᠠᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠭᠦᠯᠵᠢᠯᠡᠨ  ᠦᠷᠨᠢᠬᠦᠯᠵᠤ ᠂  ᠰᠠᠭᠤᠭᠠᠯᠢ ᠠᠷᠠᠳ ᠤᠨ ᠲᠤᠭᠤᠷᠢᠭ ᠲᠠᠬᠢ ᠠᠪᠤᠷᠠᠨ ᠲᠤᠰᠠᠯᠠᠯᠲᠠ ᠶᠢᠨ ᠵᠠᠮ ᠤᠨ ᠴᠠᠭ ᠢᠮᠠᠭᠲᠠ ᠰᠠᠭᠠᠳ ᠦᠭᠡᠢ ᠨᠠᠪᠳᠡᠷᠡᠬᠦ ᠶᠢ ᠪᠠᠲᠤᠯᠠᠬᠤ ᠶᠢᠨ ᠬᠠᠮᠲᠤ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠪᠠ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠬᠥᠮᠥᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠤ᠂ ᠥᠷᠭᠡᠨ ᠣᠯᠠᠨ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠪᠤᠯᠤᠨ᠎ᠠ᠃      ᠳ᠋ᠠᠠᠵᠤᠤᠷ᠂ ᠪᠠᠳᠠᠷᠠᠬᠤ ᠰᠣᠷᠪᠣᠯᠵᠢᠯᠠᠵᠣ᠂ ᠲᠣᠭᠤᠷ ᠣᠷᠴᠢᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号