ᠰᠢᠯᠢ ᠶᠢᠨ ᠬᠤᠳᠠ ︽ᠬᠤᠶᠠᠷ ᠢ ᠵᠠᠷᠯᠠᠨ ᠨᠡᠶᠢᠲᠡᠯᠡᠬᠦ︾ ᠮᠡᠳᠡᠭᠡ ᠵᠠᠩᠭᠢ ᠶᠢ ᠴᠤᠭᠯᠠᠭᠤᠯᠬᠤ ᠠᠵᠢᠯ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/1/5
     1 ᠰᠠᠷ᠎ᠠ ᠶᠢᠨ 3 ᠤ ᠡᠳᠦᠷ᠂  ᠰᠢᠯᠢ ᠶᠢᠨ ᠬᠤᠳᠠ ︽ᠬᠤᠶᠠᠷ ᠢ ᠵᠠᠷᠯᠠᠨ ᠨᠡᠶᠢᠲᠡᠯᠡᠬᠦ︾ ᠮᠡᠳᠡᠭᠡ ᠵᠠᠩᠭᠢ ᠶᠢ ᠴᠤᠭᠯᠠᠭᠤᠯᠬᠤ ᠠᠵᠢᠯ ᠤᠨ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃      ᠬᠤᠷᠠᠯ ᠳᠤ  ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ︽ᠬᠤᠶᠠᠷ ᠢ ᠵᠠᠷᠯᠠᠨ ᠨᠡᠶᠢᠲᠡᠯᠡᠬᠦ︾ ᠮᠡᠳᠡᠭᠡ ᠵᠠᠩᠭᠢ ᠶᠢ ᠮᠡᠳᠡᠭᠦᠯᠦᠨ ᠬᠦᠷᠭᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ  ᠪᠠᠶᠢᠷᠢᠯᠠᠭᠤᠯᠵᠠᠢ᠃  ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ  ᠶᠢᠨ ᠳᠠᠷᠤᠭ᠎ᠠ  ᠪᠦᠷᠢᠨᠵᠢᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠤᠶᠠᠷ ᠢ ᠵᠠᠷᠯᠠᠨ ᠨᠡᠶᠢᠲᠡᠯᠡᠬᠦ︾ ᠮᠡᠳᠡᠭᠡ ᠵᠠᠩᠭᠢ ᠶᠢ ᠴᠤᠭᠯᠠᠭᠤᠯᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠵᠢᠯ ᠤᠨ ᠡᠭᠦᠷᠭᠡ ᠪᠠᠨ ᠪᠠᠲᠤᠳᠬᠠᠨ᠂ ᠲᠤᠰᠬᠠᠢ ᠬᠥᠮᠥᠨ ᠢᠶᠠᠷ ᠬᠠᠷᠢᠭᠤᠴᠠᠭᠤᠯᠬᠤ ᠶᠢ ᠨᠠᠶᠢᠳᠠᠪᠤᠷᠢᠵᠢᠭᠤᠯᠵᠤ᠂ ᠠᠵᠢᠯ ᠤᠨ ᠱᠠᠭᠠᠷᠳᠠᠯᠭ᠎ᠠ ᠪᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠬᠢᠴᠠ ᠶᠢ ᠴᠠᠭ ᠲᠤᠬᠠᠢ  ᠳᠤᠨᠢ ᠬᠢᠨᠠᠨ ᠬᠡᠮᠵᠢᠵᠦ᠂  ᠰᠢᠯᠢ ᠶᠢᠨ ᠬᠤᠲᠠ ᠶᠢᠨ ︽ᠬᠤᠶᠠᠷ ᠢ ᠵᠠᠷᠯᠠᠨ ᠨᠡᠶᠢᠲᠡᠯᠡᠬᠦ︾ ᠠᠵᠢᠯ ᠤᠨ ᠡᠮᠬᠢ ᠵᠢᠷᠤᠮ ᠲᠠᠢ ᠪᠥᠭᠡᠳ ᠥᠨᠳᠥᠷ ᠪᠦᠲᠦᠮᠵᠢᠲᠡᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ︽ᠬᠤᠶᠠᠷ ᠢ ᠢᠯᠡ ᠨᠡᠶᠢᠲᠡᠯᠡᠬᠦ︾ ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠢᠷᠤᠮᠵᠢᠭᠤᠯᠵᠤ᠂ ︽ᠬᠤᠶᠠᠷ ᠢ ᠢᠯᠡ ᠨᠡᠶᠢᠲᠡᠯᠡᠬᠦ︾ ︽5 ᠲᠥᠷᠥᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢ︾ ᠵᠡᠷᠭᠡ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠡᠷᠴᠢᠮ ᠢ ᠴᠢᠩᠭᠠᠷᠠᠭᠤᠯᠵᠤ᠂ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠮᠡᠳᠡᠭᠦᠯᠦᠨ ᠬᠦᠷᠭᠡᠬᠦ ᠮᠡᠳᠡᠭᠡ ᠵᠠᠩᠭᠢ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠪᠤᠷᠤᠭᠤ ᠮᠡᠳᠡᠭᠦᠯᠬᠦ᠂ ᠤᠳᠠᠭᠠᠰᠢᠷᠠᠭᠤᠯᠤᠨ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ ᠪᠠᠶᠢᠳᠠᠯ ᠭᠠᠷᠬᠤ ᠠᠴᠠ ᠵᠠᠶᠢᠯᠠᠰᠬᠢᠵᠦ᠂ ︽ᠬᠤᠶᠠᠷ ᠢ ᠢᠯᠡ ᠨᠡᠶᠢᠲᠡᠯᠡᠬᠦ︾ ᠮᠡᠳᠡᠭᠡ ᠵᠠᠩᠭᠢ ᠶᠢ ︽ᠮᠡᠳᠡᠭᠦᠯᠬᠦ ᠶᠣᠰᠣᠲᠠᠢ ᠶᠢ ᠪᠦᠬᠦᠨ ᠢ ᠮᠡᠳᠡᠭᠦᠯᠵᠦ᠂ ᠬᠠᠷᠢᠶᠠᠯᠠᠭᠤᠯᠬᠤ ᠶᠢ ᠪᠦᠬᠦᠨ ᠢ ᠬᠠᠷᠢᠶᠠᠯᠠᠭᠤᠯᠬᠤ︾ ︽ᠢᠯᠡ ᠨᠡᠶᠢᠲᠡᠯᠡᠬᠦ ᠶᠣᠰᠣᠲᠠᠢ ᠶᠢ ᠪᠦᠬᠦᠨ ᠢ ᠢᠯᠡ ᠨᠡᠶᠢᠲᠡᠯᠡᠬᠦ︾ ᠶᠢ ᠪᠡᠶᠡᠯᠡᠭᠦᠯᠵᠦ᠂  ᠰᠢᠯᠢ   ᠶᠢᠨ ᠬᠤᠳᠠ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ  ᠲᠡᠭᠡᠭᠰᠢᠯᠡᠬᠦᠯᠬᠦ ᠪᠤᠯᠤᠨ᠎ᠠ ᠭᠡᠵᠡᠢ᠃      ᠬᠤᠲᠠ ᠶᠢᠨ ᠲᠠᠳ᠋ ᠳᠠᠷᠤᠭ᠎ᠠ ᠴᠠᠩ ᠵᠢᠶᠠᠨ᠂ ᠶᠢᠨ ᠵᠢᠶᠦ᠋ᠨ ᠹᠧᠩ ᠬᠤᠷᠠᠯ ᠳᠤ ᠣᠷᠣᠯᠴᠠᠵᠤ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠬᠤᠷᠠᠯ ᠳᠤ ᠣᠷᠣᠯᠴᠠᠵᠠᠢ᠃      ᠲᠣᠭᠤᠷ ᠣᠷᠴᠢᠭᠤᠯᠪᠠ᠃  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号