ᠰᠢᠯᠢ ᠶᠢᠨ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/1/6
     1 ᠰᠠᠷ᠎ᠠ ᠶᠢᠨ 4 ᠤ ᠡᠳᠦᠷ᠂  ᠰᠢᠯᠢ ᠶᠢᠨ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃      ᠬᠤᠷᠠᠯ ᠳᠤ᠂ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ  ᠶᠢ ᠰᠤᠷᠤᠯᠴᠠᠬᠤ ᠲᠣᠭᠤᠷᠢᠨ ᠳᠤ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠠᠵᠢᠯ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠴᠢᠬᠤᠯᠠ ᠥᠭᠦᠯᠡᠯᠲᠡ ᠶᠢ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ︽ᠦᠨᠳᠦᠰᠦᠲᠡᠨ ᠤ ᠪᠦᠯᠦᠭ︾ ︽ᠥᠪᠥᠷ ᠮᠣᠩᠭᠤᠯ ᠤᠨ ᠪᠦᠯᠦᠭ︾ ᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠤᠨ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ  ᠰᠤᠯᠢᠯᠴᠠᠭ᠎ᠠ ᠦᠷᠨᠢᠬᠦᠯᠦᠭᠰᠠᠨ ᠪᠠᠶᠢᠨ᠎ᠠ᠃ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ  ᠪᠦᠷᠢᠨᠵᠢᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠭᠤᠣᠯ ᠳᠤᠭᠤᠶᠢᠯᠠᠩ ᠤᠨ ᠭᠡᠰᠢᠭᠦᠨ ᠰᠢᠶᠠᠩ ᠼᠦᠨ ᠮᠢᠩ᠂ ᠯᠢᠦ ᠹᠧᠢ᠂ ᠱᠢ ᠺᠠᠢ ᠯᠦᠩ᠂ ᠭᠤᠤ ᠴᠧᠩ᠂ ᠰᠦᠨ ᠶᠠᠨ ᠠᠵᠢᠯ ᠤᠨ ᠪᠣᠳᠠᠲᠤ ᠪᠠᠶᠢᠳᠠᠯ ᠪᠣᠯᠣᠨ ᠦᠵᠡᠯ ᠰᠠᠨᠠᠭ᠎ᠠ ᠲᠠᠨᠢᠯᠲᠠ ᠲᠠᠢ ᠪᠠᠨ ᠨᠢᠭᠲᠠ ᠤᠶᠠᠯᠳᠤᠭᠤᠯᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠨᠥᠬᠦᠳ ᠪᠢᠴᠢᠭ ᠤᠨ ᠮᠠᠲ᠋ᠧᠷᠢᠶᠠᠯ ᠳᠡᠪᠰᠢᠭᠦᠯᠵᠡᠢ᠃            ᠬᠤᠷᠠᠯ  ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ ᠂ ᠬᠠᠤᠯᠢᠵᠢᠯ ᠤᠨ ᠰᠡᠳᠬᠢᠬᠦᠢ ᠪᠣᠯᠣᠨ ᠬᠠᠤᠯᠢᠵᠢᠯ ᠤᠨ ᠠᠷᠭ᠎ᠠ ᠬᠡᠯᠪᠡᠷᠢ ᠶᠢ ᠭᠦᠢᠴᠡᠳ ᠠᠰᠢᠭᠯᠠᠨ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠵᠥᠷᠢᠴᠡᠯ ᠪᠣᠯᠣᠨ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠪᠣᠯᠣᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠵᠡᠷᠭᠡᠪᠡᠷ ᠠᠬᠢᠭᠤᠯᠵᠤ᠂ ᠵᠡᠷᠭᠡᠪᠡᠷ ᠠᠬᠢᠭᠤᠯᠬᠤ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ ᠂ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠬᠠᠤᠯᠢ ᠶᠣᠰᠣᠭᠠᠷ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠦᠷᠭᠡᠳᠬᠡᠨ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠣᠳᠠᠲᠠᠢ ᠠᠵᠢᠯᠯᠠᠬᠤ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠢᠳᠡᠪᠬᠢᠲᠡᠢ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠹᠷᠣᠨᠲ ᠲᠤ ᠪᠠᠭᠤᠵᠤ ᠦᠨᠳᠦᠰᠦᠨ ᠱᠠᠲᠤᠨ ᠤ ᠬᠦᠴᠢᠷ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠰᠢᠯᠭᠠᠷᠠᠭᠰᠠᠨ ᠰᠤᠷᠲᠠᠯ ᠢ ᠲᠠᠰᠤᠷᠠᠯᠳᠠ ᠦᠭᠡᠢ ᠳᠠᠪᠲᠠᠨ ᠪᠣᠯᠪᠠᠰᠤᠷᠠᠭᠤᠯᠵᠤ᠂ ᠥᠨᠳᠥᠷ ᠲᠦᠪᠰᠢᠨ ᠪᠦᠬᠦᠢ ᠬᠠᠤᠯᠢᠵᠢᠯ ᠤᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ  ᠭᠡᠵᠡᠢ᠃        ᠲᠣᠭᠤᠷ ᠣᠷᠴᠢᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号