ᠰᠢᠯᠢ ᠶᠢᠨ ᠬᠤᠳᠠ ᠶᠢᠨ ᠴᠢᠭᠤᠯᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠶᠢᠰᠦᠳᠦᠭᠡᠷ ᠬᠤᠭᠤᠴᠠᠭᠠᠨ ᠤ ᠨᠡᠶᠢᠭᠡᠮ ᠲᠣᠭᠤᠷᠢᠭ ᠤᠨ ᠴᠠᠭᠠᠨ ᠰᠠᠷ᠎ᠠ ᠶᠢᠨ ᠦᠳᠡᠰᠢᠯᠡᠭᠡ ᠵᠢᠴᠢ ︽ᠠᠷᠪᠠᠨ ᠰᠢᠯᠢᠳᠡᠭ︾᠎ ᠢ ᠬᠥᠬᠢᠭᠦᠯᠦᠨ ᠰᠠᠶᠢᠰᠢᠶᠠᠬᠤ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/1/8
     1 ᠰᠠᠷ᠎ᠠ ᠶᠢᠨ 6 ᠎ ᠤ ᠡᠳᠦᠷ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ︾ ᠭᠡᠬᠦ  ᠰᠢᠯᠢ ᠶᠢᠨ ᠬᠤᠳᠠ ᠶᠢᠨ ᠴᠢᠭᠤᠯᠭᠠᠨ ᠵᠠᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠎ ᠠᠴᠠ ᠡᠷᠬᠢᠯᠡᠭᠰᠠᠨ ᠶᠢᠰᠦᠳᠦᠭᠡᠷ ᠬᠤᠭᠤᠴᠠᠭᠠᠨ ᠤ ᠨᠡᠶᠢᠭᠡᠮ ᠲᠣᠭᠤᠷᠢᠭ ᠤᠨ ᠴᠠᠭᠠᠨ ᠰᠠᠷ᠎ᠠ ᠶᠢᠨ ᠦᠳᠡᠰᠢᠯᠡᠭᠡ ᠵᠢᠴᠢ ︽ᠠᠷᠪᠠᠨ ᠰᠢᠯᠢᠳᠡᠭ︾᠎ ᠢ ᠬᠥᠬᠢᠭᠦᠯᠦᠨ ᠰᠠᠶᠢᠰᠢᠶᠠᠬᠤ  ᠤᠷᠠᠨ ᠰᠠᠶᠢᠬᠠᠨ ᠤ ᠠᠵᠢᠯᠯᠠᠭ᠎ᠠ ᠶᠢ ᠰᠢᠯᠢᠨ ᠺᠢᠨᠣ᠋ ᠵᠦᠴᠦᠭᠡ ᠶᠢᠨ ᠲᠢᠶᠠᠲᠷ ᠲᠤ ᠶᠠᠪᠤᠭᠳᠠᠭᠤᠯᠤᠭᠰᠠᠨ ᠪᠠᠶᠢᠨ᠎ᠠ᠃        ᠦᠳᠡᠰᠢᠯᠡᠭᠡ ᠨᠢ ᠪᠥᠵᠢᠭ ︽ᠬᠡᠪ ᠨᠠᠮᠪᠠᠳᠤ ᠠᠶᠢᠵᠠᠮ︾᠎ ᠤᠨ ᠳᠤᠮᠳᠠ ᠬᠥᠰᠢᠭᠡ ᠪᠠᠨ ᠰᠡᠬᠦᠵᠦ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠨᠡᠶᠢᠭᠡᠮ ᠲᠣᠭᠤᠷᠢᠭ ᠤᠨ ᠠᠵᠢᠯᠲᠠᠨ᠂ ᠨᠡᠶᠢᠭᠡᠮ ᠲᠣᠭᠤᠷᠢᠭ ᠤᠨ ᠪᠥᠵᠢᠭ ᠤᠨ ᠠᠩᠭᠢ ᠶᠢᠨ ᠬᠢᠨ ᠠᠵᠢᠯ ᠤᠨ ᠴᠢᠯᠦᠭᠡᠨ ᠤ ᠴᠠᠭ ᠢᠶᠠᠷ ᠢᠶᠠᠨ ᠨᠠᠷᠢᠨ ᠬᠢᠨᠠᠮᠠᠭᠠᠢ  ᠪᠤᠯᠪᠠᠰᠤᠷᠠᠨ ᠲᠤᠭᠯᠠᠭᠰᠠᠨ ᠪᠥᠵᠢᠭ᠂ ᠳᠠᠭᠤᠤ᠂ ᠰᠢᠯᠦᠭ  ᠵᠡᠷᠭᠡ ᠲᠣᠭᠯᠠᠯᠲᠠ ᠎ ᠨᠢ ᠵᠠᠯᠭ᠎ᠠ ᠵᠠᠯᠭ᠎ᠠ ᠪᠠᠷ ᠶᠠᠪᠤᠭᠳᠠᠵᠤ᠂ ᠤᠯᠠᠨ ᠲᠦᠮᠠᠨ ᠳᠤ ᠤᠶᠤᠨ ᠰᠠᠨᠠᠭᠠᠨ ᠤ ᠤᠷᠠᠯᠢᠭ ᠤᠨ ᠬᠦᠷᠲᠡᠭᠡᠯ ᠢ ᠤᠯᠭᠤᠵᠤ᠂  ᠠᠬᠤᠢ ᠲᠠᠯᠠᠪᠠᠢ ᠶᠢᠨ  ᠦᠵᠡᠭᠴᠢᠳ ᠎ ᠤᠨ ᠬᠠᠯᠠᠭᠤᠨ ᠠᠯᠠᠭ᠎ᠠ ᠲᠡᠰᠢᠯᠲᠡ ᠶᠢ  ᠲᠠᠰᠤᠷᠠᠯᠳᠠ ᠦᠭᠡᠢ ᠬᠦᠷᠳᠡᠵᠤ ᠪᠠᠶᠢᠯ᠎ᠠ᠃ ᠲᠣᠭᠯᠠᠭᠴᠢᠳ ᠢᠷᠠᠭᠤ ᠰᠠᠶᠢᠬᠠᠨ ᠪᠥᠵᠢᠭ᠂  ᠤᠶᠠᠩᠭ᠎ᠠ‌‍ᠲ᠋ᠠᠭᠤᠤ ᠪᠠᠷ ᠢᠶᠠᠨ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠥᠰ  ᠮᠠᠳᠤ ᠲᠤᠳᠤᠨᠤ ᠪᠠᠶᠢᠳᠠᠭ ᠰᠠᠶᠢᠨ ᠰᠠᠶᠢᠬᠠᠨ ᠵᠢᠷᠤᠭ ᠳᠦᠷᠰᠦ ᠵᠢᠴᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠢᠨ᠎ᠡ ᠨᠢᠭᠡ ᠵᠢᠯ ᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠪᠣᠯᠣᠨ ᠢᠷᠤᠭᠡᠯ ᠵᠥᠩᠨᠡᠯ ᠢ ᠢᠯᠡᠳᠬᠡᠭᠰᠡᠨ ᠪᠠᠶᠢᠨ᠎ᠠ᠃ ᠲᠤᠰ ᠤᠳᠠᠭᠠᠨ ᠤ ᠦᠳᠡᠰᠢᠯᠡᠭᠡ ᠨᠢ ︽ᠠᠨᠠᠷ ᠤᠨ ᠴᠡᠴᠡᠭ ᠳᠡᠯᠭᠡᠷᠡᠭᠰᠡᠨ ᠨᠢ︾ ︽ᠭᠡᠷᠡᠯ ᠰᠠᠴᠤᠷᠠᠩᠭᠤᠢ ᠥᠩᠭᠡ ᠦᠵᠡᠮᠵᠢ︾ ︽ᠢᠷᠡᠭᠡᠳᠦᠢ ᠶᠢ ᠪᠢᠴᠢᠭᠯᠡᠭᠰᠡᠨ ᠨᠢ︾ ᠭᠡᠬᠦ ᠭᠤᠷᠪᠠᠨ ᠪᠦᠯᠦᠭ ᠢᠶᠠᠷ ᠪᠦᠷᠢᠯᠳᠦᠵᠡᠢ᠃ ︽ᠨᠠᠮ ᠤᠨ ᠠᠴᠢ ᠎ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪ ᠤᠨ ᠲᠣᠭᠤᠷᠢᠨ ᠳᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠪᠢᠰᠬᠠᠯᠲᠤ ᠤᠳᠬ᠎ᠠ ᠤᠷᠠᠯᠢᠭ ᠢ ᠵᠠᠯᠭᠠᠮᠵᠢᠯᠠᠵᠤ᠂ ᠬᠤᠪᠢᠰᠬᠠᠯ ᠤᠨ ᠬᠥᠮᠦᠵᠢᠯ ᠢ ᠤᠷᠠᠯᠢᠭ ᠲᠠᠢ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠯᠠᠨ ᠤ ᠢᠳᠡᠪᠬᠢᠲᠡᠢ ᠪᠠᠷ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠤᠯᠤᠰ ᠢᠶᠠᠨ ᠬᠠᠶᠢᠷᠠᠯᠠᠵᠤ ᠨᠠᠮ ᠢᠶᠠᠨ ᠬᠠᠶᠢᠷᠠᠯᠠᠬᠤ ᠰᠡᠳᠬᠢᠯᠭᠡ ᠶᠢ ᠭᠦᠢᠴᠡᠳ ᠢᠯᠡᠷᠡᠭᠦᠯᠵᠦ᠂ ᠨᠡᠶᠢᠭᠡᠮ ᠲᠣᠭᠤᠷᠢᠭ ᠤᠨ ᠰᠣᠶᠣᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ  ᠪᠤᠯᠭᠠᠭᠰᠠᠨ ᠪᠠᠶᠢᠨ᠎ᠠ᠃  ᠦᠳᠡᠰᠢᠯᠡᠭᠡ ᠎ ᠳᠤ ᠪᠠᠰᠠ ︽ᠭᠠᠪᠢᠶ᠎ᠠ ᠪᠠᠶᠢᠭᠤᠯᠤᠭᠰᠠᠨ ᠲᠡᠷᠢᠭᠦᠨ ᠤ ᠬᠤᠪᠢ ᠬᠥᠮᠥᠨ︾᠂ ︽ᠰᠢᠯᠢᠳᠡᠭ ᠠᠷᠠᠳ ᠤᠨ ᠡᠶᠡᠳᠡᠭᠦᠯᠦᠭᠴᠢ︾᠂ ︽ᠬᠠᠮᠤᠭ ᠭᠤᠶᠤ ᠴᠡᠷᠢᠭ ᠠᠴᠠ ᠬᠠᠯᠠᠭᠳᠠᠭᠰᠠᠳ︾᠂ ︽ᠬᠠᠮᠤᠭ  ᠭᠤᠶᠤ ᠨᠡᠶᠢᠭᠡᠮ ᠲᠣᠭᠤᠷᠢᠭ ᠤᠨ ᠠᠵᠢᠯᠲᠠᠳ︾᠂︽ᠳᠡᠷᠭᠡᠳᠡᠬᠢ ᠳᠠᠭᠤᠷᠢᠶᠠᠯ︾᠂ ︽ᠵᠢᠱᠢᠶᠡᠴᠢ ᠨᠠᠮ ᠤᠨ ᠭᠡᠰᠢᠭᠦᠨ︾᠂ ︽ᠬᠠᠮᠤᠭ  ᠭᠤᠶᠤ ᠭᠡᠷ ᠪᠦᠯᠢ︾᠂ ︽ᠰᠢᠯᠢᠳᠡᠭ ᠠᠳᠠᠯ ᠠᠬᠤᠢ︾᠂ ︽ᠰᠠᠶᠢᠨ ᠳᠤᠷ᠎ᠠ ᠶᠢᠨ ᠦᠢᠯᠡᠴᠢᠯᠡᠭᠡᠨ ᠤ ᠲᠡᠷᠢᠭᠦᠨ ᠤ ᠬᠠᠮᠲᠤ ᠨᠢᠭᠡᠴᠨ︾᠂ ︽ᠳᠠᠭᠠᠭᠠᠴᠢᠯᠠᠨ ᠬᠤᠯᠪᠣᠭᠠᠯᠠᠵᠤ ᠬᠠᠮᠲᠤ ᠪᠠᠷ ᠪᠠᠶᠢᠭᠤᠯᠤᠭᠰᠠᠨ ᠤᠳᠤᠨ︾᠎ ᠢ ᠬᠥᠬᠢᠭᠦᠯᠦᠨ ᠱᠠᠩᠨᠠᠵᠠᠢ᠃      ᠴᠢᠭᠤᠯᠭᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠵᠦᠪᠯᠡᠯ ᠤᠨ ᠭᠡᠰᠢᠭᠦᠨ᠂ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠬᠤᠩ ᠰᠦᠩ᠄ ᠨᠡᠶᠢᠭᠡᠮ ᠲᠣᠭᠤᠷᠢᠭ ᠤᠨ ᠴᠠᠭᠠᠨ ᠰᠠᠷ᠎ᠠ ᠶᠢᠨ ᠦᠳᠡᠰᠢᠯᠡᠭᠡ ᠪᠣᠯ ᠮᠠᠨ ᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠣᠨ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠎ ᠢ  ᠪᠠᠶᠠᠯᠢᠭᠵᠢᠭᠤᠯᠤᠭᠰᠠᠨ ᠪᠠᠶᠠᠷᠲᠤ ᠶᠠᠪᠤᠳᠠᠯ ᠪᠣᠯᠣᠨ᠎ᠠ᠂ ᠡᠨᠡ ᠤᠳᠠᠭ᠎ᠠ ᠪᠣᠯ ᠮᠠᠨ ᠤ ᠴᠢᠭᠤᠯᠭᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠠᠴᠠ ᠡᠷᠬᠢᠯᠡᠵᠤ ᠪᠠᠶᠢᠭ᠎ᠠ ᠶᠢᠰᠦᠳᠦᠭᠡᠷ ᠬᠤᠭᠤᠴᠠᠭᠠᠨ ᠤ ᠨᠡᠶᠢᠭᠡᠮ ᠲᠣᠭᠤᠷᠢᠭ ᠤᠨ ᠴᠠᠭᠠᠨ ᠰᠠᠷ᠎ᠠ ᠶᠢᠨ ᠦᠳᠡᠰᠢᠯᠡᠭᠡ ᠪᠣᠯᠣᠨ᠎ᠠ᠃ ᠨᠡᠶᠢᠭᠡᠮ ᠲᠣᠭᠤᠷᠢᠭ ᠤᠨ ᠴᠠᠭᠠᠨ ᠰᠠᠷ᠎ᠠ ᠶᠢᠨ ᠦᠳᠡᠰᠢᠯᠡᠭᠡ ᠨᠢ ᠣᠯᠠᠨ ᠵᠢᠯ ᠦᠷᠭᠦᠯᠵᠢᠯᠡᠭᠰᠡᠨ ᠤᠯᠠᠮᠵᠢᠯᠠᠯ ᠪᠣᠯᠤᠭᠰᠠᠨ ᠤ ᠬᠤᠪᠢ ᠳᠤ ᠪᠢᠳᠡ ᠤᠳᠬ᠎ᠠ ᠤᠷᠠᠯᠢᠭ ᠢᠶᠠᠷ ᠵᠠᠭᠤᠴᠢ ᠪᠣᠯᠭᠠᠨ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ ᠶᠢ ᠶᠡᠭᠡ ᠪᠠᠷ ᠤᠬᠠᠭᠤᠯᠤᠨ ᠠᠬᠢᠭᠤᠯᠵᠤ᠂ ᠪᠠᠶᠠᠷ ᠬᠥᠷ ᠲᠠᠢ ᠪᠠᠷ ᠴᠠᠭᠠᠨ ᠰᠠᠷ᠎ᠠ ᠪᠠᠨ ᠤᠭᠲᠤᠬᠤ ᠶᠢᠨ ᠬᠠᠮᠲᠤ ᠬᠠᠷᠢᠶᠠᠲᠤ ᠣᠷᠣᠨ ᠤ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢᠶᠠᠨ ᠪᠠᠶᠠᠯᠢᠭᠵᠢᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠤᠭᠤᠷᠣᠨᠳᠣᠬᠢ  ᠬᠠᠷᠢᠴᠠᠭ᠎ᠠ ᠶᠢ ᠵᠤᠵᠠᠭᠠᠳᠬᠠᠵᠤ᠂ ᠥᠯᠵᠡᠢ ᠪᠡᠯᠭᠡ ᠲᠠᠢ ᠬᠦᠷ ᠬᠦᠭᠵᠢᠶᠠᠨ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠢᠳᠡ ᠠᠭᠤᠯᠭ᠎ᠠ ᠪᠠᠶᠠᠯᠢᠭ᠂ ᠬᠡᠯᠪᠡᠷᠢ  ᠤᠯᠠᠨ ᠰᠣᠶᠣᠯ ᠤᠷᠠᠯᠢᠭ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠣᠯᠢᠯᠴᠠᠭ᠎ᠠ ᠠᠭᠤᠰᠤᠯᠴᠠᠯ ᠤᠨ ᠳᠤᠮᠳᠠ ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ᠰᠣᠶᠣᠯ ᠤᠨ ᠢᠲᠡᠭᠡᠯ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠨ᠎ᠠ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号