ᠰᠢᠯᠢ ᠶᠢᠨ ᠬᠤᠲᠠ ᠶᠢᠨ ᠤᠯᠤᠰ ᠤᠨ ᠪᠠᠶᠠᠷ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠨ᠎ᠠ
ᠨᠡᠶᠢᠲᠡᠯᠡᠭᠰᠡᠨ ᠴᠠᠭ᠄
2024/10/11
     ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠰᠢᠯᠢ ᠶᠢᠨ ᠬᠤᠲᠠ ᠶᠢᠨ ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠪᠣᠷᠣᠯᠠᠭᠤᠯᠭ᠎ᠠ ᠶᠢᠨ ᠲᠤᠭ᠎ᠠ 2640 ᠲᠦᠮᠡᠨ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 25% ᠪᠠᠷ ᠨᠡᠮᠡᠭᠳᠡᠪᠡ᠃ ᠪᠣᠷᠣᠯᠠᠭᠤᠯᠭ᠎ᠠ ᠶᠢ ᠠᠬᠢᠭᠤᠯᠬᠤ ᠲᠠᠯ᠎ᠠ ᠪᠠᠷ᠄ ᠭᠤᠤᠯᠳᠠᠯᠭ᠎ᠠ ᠲᠠᠢ ᠬᠤᠳᠠᠯᠳᠤᠭᠠᠨ ᠤ ᠲᠠᠯᠠᠪᠤᠷ ᠤᠨ ᠬᠡᠲᠦ ᠳᠡᠯᠭᠡᠭᠦᠷ ᠳᠡᠯᠭᠡᠭᠦᠷ ᠤᠨ ᠪᠠᠶᠠᠷ ᠂ ᠦᠨ᠎ᠡ ᠨᠤᠭᠤᠯᠬᠤ ᠬᠥᠳᠡᠯᠭᠡᠭᠡᠨ᠂ ᠬᠦᠮᠦᠰ ᠤᠨ ᠡᠷᠡᠭᠦᠯ ᠮᠠᠨᠳᠤ ᠪᠡᠶ᠎ᠡ ᠲᠠᠮᠢᠷ ᠲᠠᠢ ᠤᠶᠠᠯᠳᠤᠭᠤᠯᠤᠭᠰᠠᠨ ᠪᠣᠷᠣᠯᠠᠭᠤᠯᠭ᠎ᠠ ᠠᠬᠢᠭᠤᠯᠬᠤ ᠬᠥᠳᠡᠯᠭᠡᠭᠡᠨ ᠵᠡᠷᠭᠡ ᠣᠯᠠᠨ ᠵᠦᠢᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ 1100 ᠲᠦᠮᠡᠨ ᠲᠥᠭᠦᠷᠢᠭ ᠤᠨ ᠪᠣᠷᠣᠯᠠᠭᠤᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16% ᠪᠠᠷ ᠨᠡᠮᠡᠭᠳᠡᠪᠡ᠃ ᠭᠡᠷ ᠤᠨ ᠴᠠᠬᠢᠯᠭᠠᠨ ᠬᠡᠷᠡᠭᠰᠡᠯ ᠭᠡᠷ ᠤᠨ ᠬᠡᠷᠡᠭᠯᠡᠭᠡᠨ ᠤ ᠲᠠᠯ᠎ᠠ ᠪᠠᠷ᠄ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠨᠥᠬᠦᠪᠥᠷᠢ ᠥᠭᠬᠦ ᠬᠠᠷᠠᠭᠠᠯᠵᠠᠯ ᠦᠵᠡᠭᠦᠯᠬᠦ᠂ ᠰᠠᠭᠤᠳᠬᠠᠯ ᠲᠠᠢ ᠠᠰᠢᠭ ᠣᠯᠭᠤᠬᠤ᠂ ᠬᠠᠭᠤᠴᠢᠨ ᠢᠶᠠᠷ ᠰᠢᠨ᠎ᠡ ᠶᠢ ᠣᠷᠣᠯᠠᠭᠤᠯᠬᠤ ᠵᠡᠷᠭᠡ ᠡᠯ᠎ᠡ ᠲᠥᠷᠥᠯ ᠤᠨ ᠠᠵᠢᠯᠯᠠᠭ᠎ᠠ ᠶᠢ ᠥᠷᠨᠢᠭᠦᠯᠵᠦ᠂ ᠪᠣᠷᠣᠯᠠᠭᠤᠯᠤᠯᠲᠠ ᠶᠢᠨ ᠬᠡᠮᠵᠢᠶ᠎ᠡ ᠶᠢ 1130 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 70% ᠪᠠᠷ ᠨᠡᠮᠡᠭᠳᠡᠪᠡ᠃ ᠢᠳᠡᠭᠡᠨ ᠤᠮᠳᠠᠭᠠᠨ ᠤ ᠬᠡᠷᠡᠭᠯᠡᠭᠡᠨ ᠤ ᠲᠠᠯ᠎ᠠ ᠪᠠᠷ᠄ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠬᠡᠷᠡᠭᠯᠡᠭᠡ ᠪᠠᠷ ᠪᠡᠯᠡᠭᠯᠡᠬᠦ᠂ ᠭᠡᠰᠢᠭᠦᠨ ᠪᠣᠯᠵᠤ ᠵᠤᠭᠤᠰ ᠬᠠᠳᠠᠭᠠᠯᠠᠪᠠᠯ ᠪᠡᠯᠡᠭᠯᠡᠬᠦ ᠵᠡᠷᠭᠡ ᠤᠯᠤᠰ ᠤᠨ ᠪᠠᠶᠠᠷ ᠢᠶᠠᠷ ᠣᠨᠴᠠᠯᠢᠭᠲᠤ ᠠᠵᠢᠯᠯᠠᠭ᠎ᠠ ᠥᠷᠨᠢᠭᠦᠯᠵᠦ᠂ ᠪᠣᠷᠣᠯᠠᠭᠤᠯᠭ᠎ᠠ ᠶᠢᠨ ᠬᠡᠮᠵᠢᠶ᠎ᠡ ᠶᠢ 410 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号