ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ | ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ ᠨᠢᠭᠡᠴᠡ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠨ ᠠᠯᠪᠠᠨ ᠬᠡᠷ ᠲᠤ᠄ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ︿︿ᠰᠢᠯᠢ ᠶᠢᠨ ᠬᠤᠲᠠ ᠶᠢᠨ ᠪᠠᠶᠢᠭᠤᠯᠭ᠎ᠠ ᠪᠣᠯᠤᠨ ᠠᠵᠢᠯ ᠦᠢᠯᠡᠰ ᠤᠨ ᠨᠢᠭᠡᠴᠡ ᠶᠢᠨ ᠡᠮᠴᠢᠯᠡᠭᠡᠨ ᠤ ᠨᠥᠬᠦᠪᠥᠷᠢ ᠶᠢᠨ | ᠬᠡᠷᠡᠭᠵᠢᠭᠦᠯᠬᠦ ᠲᠥᠰᠦᠯ﹀﹀ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | | 2024 ᠣᠨ ᠤ 7 ᠳ᠋ᠤᠭᠠᠷ ᠰᠠᠷ᠎ᠠ ᠶᠢᠨ 1 ᠤ ᠡᠳᠦᠷ | | ᠰᠢᠯᠢ ᠶᠢᠨ ᠬᠤᠲᠠ ᠶᠢᠨ ᠠᠯᠪᠠᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠡᠮᠴᠢᠯᠡᠭᠡᠨ ᠤ | ᠨᠥᠬᠦᠪᠥᠷᠢ ᠶᠢ ᠬᠡᠷᠡᠭᠵᠢᠭᠦᠯᠬᠦ ᠲᠥᠰᠦᠯ | ᠰᠢᠯᠢ ᠶᠢᠨ ᠬᠤᠲᠠ ᠶᠢᠨ ᠪᠠᠶᠢᠭᠤᠯᠭ᠎ᠠ ᠪᠣᠯᠤᠨ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ | ᠡᠮᠨᠡᠯᠭᠡ ᠶᠢᠨ ᠪᠠᠲᠤᠯᠠᠭ᠎ᠠ ᠶᠢᠨ ᠣᠯᠭᠤᠮᠵᠢ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ | ᠲᠤᠰᠠᠳᠠ᠂ ︿︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ﹀﹀ ︿︿ᠡᠮᠨᠡᠯᠭᠡ ᠶᠢᠨ | ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ﹀﹀ ︿︿ᠤᠯᠤᠰ ᠤᠨ ᠠᠯᠪᠠᠲᠠᠨ ᠤ | ᠡᠮᠨᠡᠯᠭᠡ ᠶᠢᠨ ᠨᠥᠬᠦᠪᠥᠷᠢ ᠶᠢ ᠬᠡᠷᠡᠭᠵᠢᠭᠦᠯᠬᠦ ᠲᠤᠬᠠᠶ ᠬᠥᠳᠡᠯᠮᠦᠷᠢ ᠪᠠᠲᠤᠯᠠᠭ᠎ᠠ ᠶᠢᠨ ᠶᠠᠮᠤᠨ ᠡᠳ᠋ ᠤᠨ ᠵᠠᠰᠠᠭ ᠤᠨ | ᠶᠠᠮᠤᠨ ᠤ ᠰᠠᠨᠠᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠤᠯᠠᠮᠵᠢᠯᠠᠨ ᠲᠠᠷᠬᠠᠭᠠᠬᠤ | ᠮᠡᠳᠡᠭᠳᠡᠯ﹀﹀ ︵ᠲᠥᠷᠥ ᠠᠯᠪᠠᠨ ᠲᠠᠷᠬᠠᠭᠠᠭᠰᠠᠨ ︵2000︶ 37 ᠳ᠋ᠤᠭᠠᠷ ᠲᠣᠭᠠᠲᠤ︶ ︿︿︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠠᠯᠪᠠᠲᠠᠨ ᠤ ᠡᠮᠨᠡᠯᠭᠡ ᠶᠢᠨ | ᠨᠥᠬᠦᠪᠥᠷᠢ ᠶᠢᠨ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠡᠳ᠋ ᠤᠨ ᠵᠠᠰᠠᠭ ᠤᠨ | ᠲᠢᠩᠬᠢᠮ ᠤᠨ ᠮᠡᠳᠡᠭᠳᠡᠯ﹀﹀ ︵ᠥᠪᠥᠷ ᠬᠥᠳᠡᠯᠮᠦᠷᠢ ᠨᠡᠶᠢᠭᠡᠮ ᠠᠯᠪᠠᠨ ᠦᠰᠦᠭ ︵2002︶ 63 ᠳ᠋ᠤᠭᠠᠷ | ᠲᠣᠭᠠᠲᠤ︶ ︿︿ᠰᠢᠯᠢ ᠶᠢᠨ ᠭᠤᠣᠯ ᠠᠶᠢᠮᠠᠭ ᠤᠨ ᠲᠥᠷᠥ ᠶᠢᠨ ᠪᠠᠶᠢᠭᠤᠯᠭ᠎ᠠ ᠶᠢᠨ ᠠᠯᠪᠠᠲᠠᠨ ᠤ ᠡᠮᠨᠡᠯᠭᠡ ᠶᠢᠨ | ᠨᠥᠬᠦᠪᠥᠷᠢ ᠶᠢᠨ ᠠᠷᠭ᠎ᠠ﹀﹀ ︵ᠰᠢᠯᠢ ᠶᠢᠨ ᠵᠠᠬᠢᠷᠭ᠎ᠠ ᠠᠯᠪᠠᠨ ᠲᠠᠷᠬᠠᠭᠠᠭᠰᠠᠨ ︵2001︶ 54 ᠳ᠋ᠦ᠋ᠭᠡᠷ ᠲᠣᠭᠠᠲᠤ︶ | ︿︿ᠰᠢᠯᠢ ᠶᠢᠨ ᠭᠤᠣᠯ ᠠᠶᠢᠮᠠᠭ ᠤᠨ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠢ ᠤᠯᠠᠮ ᠨᠢᠭᠡ | ᠠᠯᠬᠤᠮ ᠵᠢᠷᠤᠮᠵᠢᠭᠤᠯᠬᠤ ᠲᠤᠬᠠᠶ ᠠᠶᠢᠮᠠᠭ ᠤᠨ ᠲᠣᠰ ᠱᠠᠲᠤᠨ ᠤ ᠪᠠᠶᠢᠭᠤᠯᠭ᠎ᠠ ᠪᠠ ᠠᠵᠢᠯ ᠦᠢᠯᠡᠰ ᠤᠨ | ᠨᠢᠭᠡᠴᠡ ᠶᠢᠨ ᠡᠮᠴᠢᠯᠡᠭᠡᠨ ᠤ ᠨᠥᠬᠦᠪᠥᠷᠢ ᠶᠢᠨ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠮᠡᠳᠡᠭᠳᠡᠯ﹀﹀ ︵ | ᠰᠢᠯᠢ ᠶᠢᠨ ᠬᠤᠲᠠ ᠡᠮᠴᠢᠯᠡᠭᠡᠨ ᠤ ᠳᠠᠭᠠᠳᠬᠠᠯ ᠤᠨ ᠲᠥᠪ ᠲᠠᠷᠬᠠᠭᠠᠭᠰᠠᠨ ﹇2023﹈ 16 ᠳ᠋ᠤᠭᠠᠷ ᠲᠣᠭᠠᠲᠤ︶ | ᠤᠨ ᠵᠣᠷᠢᠭ ᠰᠠᠨᠠᠭ᠎ᠠ ᠶᠢ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | | ᠨᠢᠭᠡ᠂ ᠡᠮᠨᠡᠯᠭᠡ ᠶᠢᠨ ᠲᠤᠰᠠᠯᠠᠮᠵᠢ ᠣᠯᠭᠤᠬᠤ ᠵᠠᠷᠴᠢᠮ | ︵ᠨᠢᠭᠡ︶ ᠰᠢᠯᠢ ᠶᠢᠨ ᠬᠤᠲᠠ ᠶᠢᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ | ᠡᠮᠴᠢᠯᠡᠭᠡᠨ ᠤ ᠨᠥᠬᠦᠪᠥᠷᠢ ︵ᠳᠣᠷᠣᠭᠰᠢ ︿︿ᠡᠮᠴᠢᠯᠡᠭᠡᠨ ᠤ ᠨᠥᠬᠦᠪᠥᠷᠢ﹀﹀ ᠭᠡᠵᠦ ᠲᠣᠪᠴᠢᠯᠠᠨ᠎ᠠ︶ ᠶᠢᠨ ᠬᠢᠷᠢ | ᠬᠡᠮᠵᠢᠶ᠎ᠡ ᠶᠢ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠪᠠ ᠡᠳ᠋ ᠤᠨ ᠵᠠᠰᠠᠭ ᠤᠨ ᠡᠭᠦᠷᠭᠡᠯᠡᠬᠦ | ᠴᠢᠳᠠᠪᠤᠷᠢ ᠲᠠᠢ ᠬᠠᠷᠢᠯᠴᠠᠨ ᠲᠣᠬᠢᠷᠠᠯᠴᠠᠭᠤᠯᠤᠨ᠎ᠠ᠃ | ︵ᠬᠤᠶᠠᠷ︶ ᠰᠢᠯᠢ ᠶᠢᠨ ᠬᠤᠲᠠ ᠶᠢᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ | ᠤᠤᠯ ᠤᠨ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠠᠭᠤᠷᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ | ᠃ ᠨᠥᠬᠦᠪᠥᠷᠢ ᠶᠢᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠶᠢ | ᠡᠳ᠋ ᠤᠨ ᠬᠦᠴᠦᠨ ᠤ ᠪᠠᠶᠢᠳᠠᠯ ᠪᠣᠯᠤᠨ ᠪᠡᠯᠡ ᠲᠣᠬᠢᠷᠠᠭᠤᠯᠬᠤ ᠬᠢᠷᠢ ᠬᠡᠮᠵᠢᠶ᠎ᠡ ᠶᠢ ᠦᠵᠡᠵᠦ ᠪᠠᠶᠢᠭᠠᠳ ᠵᠦᠢ | ᠵᠣᠬᠢᠰᠲᠠᠶ ᠲᠣᠭᠲᠠᠭᠠᠨ᠎ᠠ᠃ | ︵ᠭᠤᠷᠪᠠ︶ ᠡᠮᠴᠢᠯᠡᠭᠡᠨ ᠤ ᠨᠥᠬᠦᠪᠥᠷᠢ ᠶᠢ ᠰᠢᠯᠢ ᠶᠢᠨ ᠬᠤᠲᠠ ᠶᠢᠨ ᠬᠤᠲᠠ ᠪᠠᠯᠭᠠᠰᠤᠨ ᠤ ᠠᠵᠢᠯᠲᠠᠨ | ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠦᠷᠢᠮ ᠲᠠᠢ ᠬᠠᠷᠢᠯᠴᠠᠨ ᠵᠣᠯᠭᠠᠭᠤᠯᠵᠤ᠂ ᠬᠤᠲᠠ | ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠ ᠶᠡᠭᠡ | ᠲᠣᠭᠠᠨ ᠤ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠪᠠᠨ ᠮᠡᠳᠡᠭᠦᠯᠦᠭᠰᠡᠨ ᠰᠠᠭᠤᠷᠢᠨ ᠳᠡᠭᠡᠷ᠎ᠡ᠂ ᠡᠮᠴᠢᠯᠡᠭᠡᠨ ᠤ | ᠨᠥᠬᠦᠪᠥᠷᠢ ᠭᠥᠷᠳᠡᠨ᠎ᠡ᠃ | ᠬᠤᠶᠠᠷ᠂ ᠡᠮᠨᠡᠯᠭᠡ ᠢᠢᠨ ᠲᠤᠰᠠᠯᠠᠮᠵᠢ ᠶᠢᠨ ᠬᠡᠪᠴᠢᠶ᠎ᠡ | ︵ᠨᠢᠭᠡ︶ ︿︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ﹀﹀ ᠳᠤ | ᠲᠣᠭᠲᠠᠭᠠᠭᠰᠠᠨ ᠲᠥᠷᠥ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ | ᠪᠠᠶᠢᠭ᠎ᠠ ᠠᠵᠢᠯᠲᠠᠨ ᠪᠣᠯᠤᠨ ᠠᠵᠢᠯ ᠠᠴᠠ ᠪᠠᠨ ᠪᠠᠭᠤᠭᠰᠠᠳ᠃ | ︵ᠬᠤᠶᠠᠷ︶ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠪᠠᠶᠢᠭᠤᠯᠭ᠎ᠠ ︵ᠨᠢᠭᠡᠴᠡ︶ | ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠪᠣᠯᠤᠨ ᠠᠵᠢᠯ ᠠᠴᠠ ᠪᠠᠨ ᠪᠠᠭᠤᠭᠰᠠᠳ᠃ | ︵ᠭᠤᠷᠪᠠ︶ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠪᠦᠬᠦ ᠲᠤᠭ᠎ᠠ ᠪᠠᠷ ᠵᠣᠭᠤᠰ ᠰᠠᠯᠭᠠᠨ | ᠥᠭᠬᠦ ᠳᠤ ᠣᠷᠣᠭᠤᠯᠤᠭᠰᠠᠨ ᠠᠵᠢᠯ ᠦᠢᠯᠡᠰ ᠤᠨ ᠨᠢᠭᠡᠴᠡ ᠶᠢᠨ ᠣᠷᠣᠨ ᠲᠤᠭ᠎ᠠ ᠪᠠ ᠠᠵᠢᠯ ᠤᠨ ᠪᠠᠶᠢᠷᠢ ᠳᠤ | ᠪᠠᠶᠢᠭ᠎ᠠ ᠠᠵᠢᠯᠲᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ᠃ | ᠭᠤᠷᠪᠠ᠂ ᠡᠮᠨᠡᠯᠭᠡ ᠶᠢᠨ ᠲᠤᠰᠠᠯᠠᠮᠵᠢ ᠶᠢᠨ ᠪᠡᠯᠡ ᠮᠥᠩᠭᠦ ᠬᠤᠷᠠᠮᠳᠤᠭᠤᠯᠬᠤ ᠪᠠ ᠬᠠᠮᠢᠶᠠᠷᠬᠤ | ︵ᠨᠢᠭᠡ︶ ᠡᠮᠴᠢᠯᠡᠭᠡᠨ ᠤ ᠨᠥᠬᠦᠪᠥᠷᠢ ᠶᠢᠨ ᠪᠠᠯᠠ ᠮᠥᠩᠭᠦ ᠶᠢᠨ ᠪᠠᠯᠠ ᠴᠤᠭᠯᠠᠭᠤᠯᠬᠤ ᠪᠠᠷᠢᠮᠵᠢᠶ᠎ᠠ ᠶᠢ | ᠰᠢᠯᠢ ᠶᠢᠨ ᠬᠤᠲᠠ ᠶᠢᠨ ᠡᠮᠴᠢᠯᠡᠭᠡᠨ ᠤ ᠨᠥᠬᠦᠪᠥᠷᠢ ᠭᠥᠷᠳᠡᠬᠦ ᠬᠥᠮᠦᠰ ᠤᠨ ᠲᠣᠰ ᠬᠤᠭᠤᠴᠠᠭᠠᠨ ᠤ ᠪᠣᠳᠠᠲᠠᠶ | ᠡᠮᠴᠢᠯᠡᠭᠡᠨ ᠤ ᠬᠡᠷᠡᠭᠯᠡᠭᠡᠨ ᠤ ᠬᠢᠷᠢ ᠬᠡᠮᠵᠢᠶ᠎ᠡ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠠᠯᠠ ᠴᠤᠭᠯᠠᠭᠤᠯᠬᠤ | ᠬᠢᠷᠢ ᠬᠡᠮᠵᠢᠶ᠎ᠡ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠵᠡᠷᠭᠡ ᠭᠤᠷᠪᠠᠨ ᠲᠠᠯ᠎ᠠ ᠶᠢᠨ ᠬᠦᠴᠦᠨ ᠵᠦᠢᠯ ᠢ | ᠦᠨᠳᠦᠰᠦᠯᠡᠨ ᠵᠦᠶ ᠵᠣᠬᠢᠰᠲᠠᠶ ᠲᠣᠭᠲᠠᠭᠠᠵᠤ᠂ ᠡᠳ᠋ ᠤᠨ ᠵᠠᠰᠠᠭ ᠤᠨ ᠲᠣᠪᠴᠢᠶ᠎ᠠ ᠪᠠ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ ᠠᠴᠠ ᠵᠢᠯ ᠪᠦᠷᠢ ᠨᠢᠭᠡ ᠤᠳᠠᠭ᠎ᠠ ᠬᠢᠨᠠᠨ ᠲᠣᠭᠲᠠᠭᠠᠨ᠎ᠠ᠃ ᠡᠮ ᠡᠮᠨᠡᠯᠭᠡ ᠶᠢᠨ | ᠲᠤᠰᠠᠯᠠᠮᠵᠢ ᠶᠢᠨ ᠪᠡᠯᠡ ᠮᠥᠩᠭᠦ ᠶᠢᠨ ᠪᠡᠯᠡ ᠴᠤᠭᠯᠠᠭᠤᠯᠬᠤ ᠪᠠᠷᠢᠮᠵᠢᠶ᠎ᠠ ᠨᠢ ᠳᠡᠭᠡᠷ᠎ᠡ ᠨᠢᠭᠡ ᠵᠢᠯ ᠤᠨ ᠬᠥᠮᠦᠨ ᠬᠡᠷᠡᠭᠯᠡᠬᠦ | ᠨᠢᠭᠡᠴᠡ ᠶᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠴᠠᠯᠢᠩ ᠤᠨ ᠵᠠᠷᠤᠳᠠᠯ ᠲᠤᠰᠢᠶᠠᠬᠤ ᠰᠠᠭᠤᠷᠢ ᠲᠤᠭ᠎ᠠ | ᠪᠣᠯᠤᠨ ᠠᠵᠢᠯ ᠠᠴᠠ ᠪᠠᠨ ᠪᠠᠭᠤᠭᠰᠠᠳ ᠤᠨ ᠨᠠᠰᠤᠵᠢᠯ ᠤᠨ ᠮᠥᠩᠭᠦ ᠶᠢᠨ ᠶᠡᠷᠦᠩᠬᠡᠶ ᠲᠤᠭ᠎ᠠ ᠶᠢᠨ 0.6% ᠪᠣᠯᠤᠨ᠎ᠠ᠂ | ᠬᠤᠪᠢ ᠬᠥᠮᠦᠨ ᠵᠠᠷᠤᠳᠠᠯ ᠲᠤᠰᠢᠶᠠᠬᠤ ᠦᠭᠡᠶ᠂ ᠬᠤᠪᠢ ᠬᠥᠮᠦᠨ ᠤ ᠳᠠᠩᠰᠠᠨ ᠳᠤ ᠰᠢᠯᠵᠢᠭᠦᠯᠦᠨ ᠣᠷᠣᠭᠤᠯᠬᠤ | ᠦᠭᠡᠶ᠂ ᠪᠦᠬᠦᠨ ᠢ ᠡᠮ ᠡᠮᠨᠡᠯᠭᠡ ᠶᠢᠨ ᠲᠤᠰᠠᠯᠠᠮᠵᠢ ᠶᠢᠨ ᠨᠢᠭᠡᠳᠦᠯᠲᠡᠶ ᠲᠥᠯᠥᠪᠯᠡᠨ ᠬᠡᠷᠡᠭᠯᠡᠬᠦ ᠳᠤ ᠬᠡᠷᠡᠭᠯᠡᠨ᠎ᠡ᠃ | ᠵᠢᠱᠢᠶᠡᠯᠡᠪᠡᠯ ᠲᠤᠰ ᠵᠢᠯ ᠤᠨ ᠡᠮ ᠡᠮᠨᠡᠯᠭᠡ ᠶᠢᠨ ᠲᠤᠰᠠᠯᠠᠮᠵᠢ ᠶᠢᠨ ᠪᠡᠯᠡ ᠮᠥᠩᠭᠦ ᠶᠢᠨ ᠪᠣᠳᠠᠲᠠᠶ ᠵᠠᠷᠤᠯᠭ᠎ᠠ ᠨᠢ ᠪᠡᠯᠡ | ᠴᠤᠭᠯᠠᠭᠤᠯᠬᠤ ᠪᠠᠷᠢᠮᠵᠢᠶ᠎ᠠ ᠠᠴᠠ ᠬᠡᠲᠦᠷᠡᠭᠰᠡᠨ ᠪᠣᠯ ᠣᠨ ᠤ ᠳᠣᠲᠣᠷ᠎ᠠ ᠡᠳ᠋ ᠤᠨ ᠵᠠᠰᠠᠭ ᠠᠴᠠ ᠴᠠᠭ ᠲᠤᠨᠢ | ᠲᠣᠬᠢᠷᠠᠭᠤᠯᠤᠨ ᠲᠥᠰᠦᠪ ᠢᠶᠠᠨ ᠨᠡᠮᠡᠭᠳᠡᠭᠦᠯᠦᠨ᠎ᠡ᠃ | ︵ᠬᠤᠶᠠᠷ︶ ᠡᠮᠨᠡᠯᠭᠡ ᠶᠢᠨ ᠲᠤᠰᠠᠯᠠᠮᠵᠢ ᠶᠢᠨ ᠪᠡᠯᠡ ᠮᠥᠩᠭᠦ ᠶᠢ ᠡᠳ᠋ ᠤᠨ ᠵᠠᠰᠠᠭ ᠠᠴᠠ ᠲᠤᠰ ᠵᠢᠯ ᠤᠨ | ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠡᠳ᠋ ᠤᠨ ᠵᠠᠰᠠᠭ ᠤᠨ ᠲᠤᠰᠬᠠᠶ ᠳᠠᠩᠰᠠ ᠪᠠᠷ ᠬᠠᠮᠢᠶᠠᠷᠬᠤ ᠶᠢ | ᠬᠡᠷᠡᠭᠵᠢᠭᠦᠯᠵᠦ᠂ ᠦᠨᠳᠦᠰᠦᠨ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠯᠦᠭᠡ ᠰᠠᠯᠭᠠᠨ ᠲᠣᠭᠠᠴᠠᠭ᠎ᠠ ᠬᠢᠨ᠎ᠡ᠃ | ᠡᠳ᠋ ᠤᠨ ᠵᠠᠰᠠᠭ ᠤᠨ ᠲᠣᠪᠴᠢᠶ᠎ᠠ ᠨᠢ ᠡᠮ ᠡᠮᠨᠡᠯᠭᠡ ᠶᠢᠨ ᠲᠤᠰᠠᠯᠠᠮᠵᠢ ᠶᠢᠨ ᠮᠥᠩᠭᠦ ᠶᠢᠨ ᠡᠳ᠋ ᠤᠨ ᠵᠠᠰᠠᠭ ᠤᠨ | ᠲᠤᠰᠬᠠᠶ ᠡᠷᠦᠬᠡ ᠪᠠᠶᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠲᠥᠪ ᠨᠢ ᠵᠠᠷᠤᠯᠭ᠎ᠠ ᠶᠢᠨ ᠡᠷᠦᠬᠡ ᠪᠠᠶᠢᠭᠤᠯᠵᠤ᠂ | ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠬᠡᠷᠡᠭᠲᠡᠶ᠃ | ︵ᠭᠤᠷᠪᠠ︶ ᠡᠮᠴᠢᠯᠡᠭᠡᠨ ᠤ ᠲᠤᠰᠠᠯᠠᠮᠵᠢ ᠶᠢᠨ ᠪᠠᠯᠠ ᠮᠥᠩᠭᠦ ᠶᠢᠨ ᠪᠠᠯᠠ ᠴᠤᠭᠯᠠᠭᠤᠯᠬᠤ ᠬᠢᠷᠢ ᠬᠡᠮᠵᠢᠶ᠎ᠡ ᠶᠢ | ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ ᠵᠠᠷᠴᠢᠮ | ᠶᠣᠰᠣᠭᠠᠷ᠂ ᠡᠳ᠋ ᠤᠨ ᠵᠠᠰᠠᠭ ᠤᠨ ᠲᠤᠰᠬᠠᠶ ᠡᠷᠦᠬᠡ ᠶᠢᠨ ᠪᠠᠯᠠ ᠮᠥᠩᠭᠦ ᠶᠢᠨ ᠵᠢᠯ ᠤᠨ ᠡᠴᠦᠰ ᠤᠨ ᠦᠯᠡᠳᠡᠪᠦᠷᠢ ᠶᠢᠨ | ᠬᠡᠮᠵᠢᠶ᠎ᠡ ᠪᠠᠷ ᠬᠥᠳᠡᠯᠦᠩᠭᠦᠶ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠦᠨ᠎ᠡ᠃ | ᠳᠥᠷᠪᠡ᠂ ᠡᠮᠨᠡᠯᠭᠡ ᠶᠢᠨ ᠲᠤᠰᠠᠯᠠᠮᠵᠢ ᠶᠢᠨ ᠪᠠᠷᠢᠮᠵᠢᠶ᠎ᠠ | ᠡᠮᠴᠢᠯᠡᠭᠡᠨ ᠤ ᠨᠥᠬᠦᠪᠥᠷᠢ ᠭᠥᠷᠳᠡᠵᠦ ᠪᠠᠶᠢᠭ᠎ᠠ ᠬᠥᠮᠦᠰ ᠤᠨ ᠨᠢᠭᠡ ᠪᠠᠶᠢᠭᠠᠯᠢ ᠣᠨ ᠤ ᠳᠣᠲᠣᠷ᠎ᠠ | ᠡᠭᠦᠰᠦᠭᠰᠡᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ᠂ ᠣᠨᠣᠰᠢᠯᠠᠨ ᠡᠮᠨᠡᠬᠦ | ᠲᠥᠷᠥᠯ ᠵᠦᠢᠯ ᠤᠨ ᠭᠠᠷᠴᠠᠭ ᠪᠠ ᠡᠮᠴᠢᠯᠡᠭᠡᠨ ᠤ ᠦᠢᠯᠡᠴᠢᠯᠡᠭᠡ ᠶᠢᠨ ᠪᠡᠯᠡᠳᠬᠡᠮᠵᠢ ᠶᠢᠨ ᠭᠠᠷᠴᠠᠭ ᠲᠤ ᠨᠡᠶᠢᠴᠡᠭᠰᠡᠨ | ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠳᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠶᠡᠭᠡ ᠲᠣᠭᠠᠨ ᠤ | ᠡᠮᠴᠢᠯᠡᠭᠡᠨ ᠤ ᠵᠠᠷᠤᠳᠠᠯ ᠤᠨ ᠨᠥᠬᠦᠪᠥᠷᠢ ᠶᠢ ᠮᠡᠳᠡᠭᠦᠯᠵᠦ ᠵᠠᠷᠤᠭᠤᠯᠤᠭᠰᠠᠨ ᠤ ᠳᠠᠷᠠᠭ᠎ᠠ᠂ ᠬᠤᠪᠢ ᠬᠥᠮᠦᠨ ᠤ | ᠥᠪᠡᠰᠦᠪᠡᠨ ᠲᠤᠰᠢᠶᠠᠬᠤ ᠬᠡᠰᠡᠭ ᠤᠨ ᠡᠬᠢᠯᠡᠵᠦ ᠳᠥᠯᠥᠬᠦ ᠬᠢᠵᠠᠭᠠᠷ ᠨᠢ 400 ᠲᠥᠭᠦᠷᠢᠭ ᠪᠣᠯᠤᠨ᠎ᠠ᠂ ᠳᠤᠤᠷᠠᠬᠢ | ᠪᠠᠷᠢᠮᠵᠢᠶ᠎ᠠ ᠶᠣᠰᠣᠭᠠᠷ ᠨᠥᠬᠦᠪᠥᠷᠢ ᠥᠭᠭᠦᠨ᠎ᠡ᠂ ᠣᠨ ᠤ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠨᠢ 10 | ᠲᠦᠮᠡᠨ ᠲᠥᠭᠦᠷᠢᠭ ᠪᠣᠯᠤᠨ᠎ᠠ᠃ | ︵ᠨᠢᠭᠡ︶ ᠰᠢᠶᠠᠩ ᠰᠠᠯᠠᠭᠠᠨ ᠤ ᠳᠡᠰ ᠵᠢᠴᠢ ᠲᠡᠭᠦᠨ ᠠᠴᠠ ᠳᠣᠷᠣᠭᠰᠢᠬᠢ ᠠᠵᠢᠯᠲᠠᠨ᠂ ᠨᠢᠭᠡᠳᠦᠭᠡᠷ ᠳᠡᠰ ᠤᠨ | ᠡᠷᠬᠢᠯᠡᠬᠦ ᠭᠡᠰᠢᠭᠦᠴᠢ ᠲᠠᠢ ᠲᠡᠩᠴᠡᠬᠦ ᠳᠡᠰ ᠳᠠᠪᠬᠤᠷᠭ᠎ᠠ ᠶᠢᠨ ᠲᠤᠰᠢᠶᠠᠯ ᠤᠨ ᠳᠡᠰ ᠵᠢᠴᠢ ᠲᠡᠭᠦᠨ ᠠᠴᠠ ᠳᠣᠷᠣᠭᠰᠢᠬᠢ | ᠠᠵᠢᠯᠲᠠᠨ᠂ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ 7 ᠳᠡᠰ ᠵᠢᠴᠢ | ᠲᠡᠭᠦᠨ ᠠᠴᠠ ᠳᠣᠷᠣᠭᠰᠢᠬᠢ ᠠᠵᠢᠯᠲᠠᠨ᠂ ᠦᠢᠯᠡᠴᠢᠯᠡᠭᠡᠨ ᠤ ᠮᠡᠷᠭᠡᠵᠢᠯ ᠤᠨ ᠴᠢᠳᠠᠪᠤᠷᠢ ᠶᠢᠨ ᠠᠵᠢᠯ ᠤᠨ ᠪᠠᠶᠢᠷᠢ ᠶᠢᠨ | ᠠᠵᠢᠯᠲᠠᠨ᠂ ᠬᠢᠨᠠᠨ ᠲᠣᠭᠲᠠᠭᠠᠬᠤ ᠪᠠᠷ ᠳᠠᠮᠵᠢᠭᠠᠳ ᠤᠷᠢᠭᠳᠠᠭᠰᠠᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠳᠤ | ᠪᠠᠶᠢᠭ᠎ᠠ ᠳᠡᠳ᠋ ᠳᠡᠭᠡᠳᠦ ᠳᠡᠰ ᠠᠴᠠ ᠳᠣᠷᠣᠭᠰᠢᠬᠢ ᠠᠵᠢᠯᠲᠠᠨ ︵ᠳᠡᠭᠡᠷᠡᠬᠢ ᠨᠢ ᠴᠥᠮ ᠠᠵᠢᠯ ᠠᠴᠠ ᠪᠠᠨ ᠪᠠᠭᠤᠭᠰᠠᠨ | ᠬᠥᠮᠦᠰ ᠢ ᠪᠠᠭᠲᠠᠭᠠᠨ᠎ᠠ︶᠄ ᠠᠵᠢᠯ ᠳᠤ ᠪᠠᠶᠢᠭ᠎ᠠ ᠬᠥᠮᠦᠰ ᠲᠤ 85% ᠶᠢᠨ ᠨᠥᠬᠦᠪᠥᠷᠢ ᠣᠯᠭᠤᠵᠤ᠂ | ᠠᠵᠢᠯ ᠠᠴᠠ ᠪᠠᠨ ᠪᠠᠭᠤᠭᠰᠠᠨ ᠬᠥᠮᠦᠰ ᠲᠤ 88% ᠶᠢᠨ ᠨᠥᠬᠦᠪᠥᠷᠢ ᠣᠯᠭᠤᠨ᠎ᠠ᠃ | ︵ᠬᠤᠶᠠᠷ︶ ᠳᠡᠳ᠋ ᠭᠠᠵᠠᠷ ᠤᠨ ᠲᠠᠰ ᠵᠢᠴᠢ ᠲᠡᠭᠦᠨ ᠠᠴᠠ ᠳᠡᠭᠡᠭᠰᠢᠬᠢ ᠠᠵᠢᠯᠲᠠᠨ᠂ ᠳᠥᠷᠪᠡᠳᠦᠭᠡᠷ | ᠳᠡᠰ ᠤᠨ ᠪᠠᠶᠢᠴᠠᠭᠠᠨ ᠰᠤᠳᠤᠯᠤᠭᠴᠢ ᠲᠠᠢ ᠲᠡᠩᠴᠡᠬᠦ ᠲᠠᠰ ᠳᠠᠪᠬᠤᠷᠭ᠎ᠠ ᠶᠢᠨ ᠲᠤᠰᠢᠶᠠᠯ ᠤᠨ ᠲᠠᠰ ᠵᠢᠴᠢ | ᠲᠡᠭᠦᠨ ᠠᠴᠠ ᠳᠡᠭᠡᠭᠰᠢᠬᠢ ᠠᠵᠢᠯᠲᠠᠨ᠂ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠠᠵᠢᠯ ᠤᠨ | ᠪᠠᠶᠢᠷᠢ ᠶᠢᠨ 6 ᠲᠠᠰ ᠵᠢᠴᠢ ᠲᠡᠭᠦᠨ ᠠᠴᠠ ᠳᠡᠭᠡᠭᠰᠢᠬᠢ ᠠᠵᠢᠯᠲᠠᠨ᠂ ᠬᠢᠨᠠᠨ ᠲᠣᠭᠲᠠᠭᠠᠬᠤ ᠪᠠᠷ ᠳᠡᠮᠵᠢᠨ ᠲᠤᠰᠬᠠᠶ | ᠮᠡᠷᠭᠡᠵᠢᠯ ᠤᠨ ᠠᠵᠢᠯ ᠤᠨ ᠪᠠᠶᠢᠷᠢ ᠳᠤ ᠤᠷᠢᠭᠳᠠᠭᠰᠠᠨ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ | ᠠᠵᠢᠯᠲᠠᠨ ︵ᠳᠡᠭᠡᠷᠡᠬᠢ ᠨᠢ ᠴᠥᠮ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠢ ᠪᠠᠭᠲᠠᠭᠠᠨ᠎ᠠ︶᠄ ᠠᠵᠢᠯ ᠤᠨ | ᠪᠠᠶᠢᠷᠢ ᠳᠤ ᠪᠠᠶᠢᠭ᠎ᠠ ᠬᠥᠮᠦᠰ ᠲᠤ 90% ᠶᠢᠨ ᠨᠥᠬᠦᠪᠥᠷᠢ ᠣᠯᠭᠤᠵᠤ᠂ ᠠᠵᠢᠯ ᠠᠴᠠ ᠪᠠᠨ ᠪᠠᠭᠤᠵᠤ ᠠᠮᠠᠷᠠᠭᠰᠠᠨ | ᠬᠥᠮᠦᠰ ᠲᠤ 93% ᠪᠠᠷ ᠨᠥᠬᠦᠪᠥᠷᠢ ᠣᠯᠭᠤᠨ᠎ᠠ᠃ | ︵ᠭᠤᠷᠪᠠ︶ ᠬᠢᠨᠠᠨ ᠲᠣᠭᠲᠠᠭᠠᠬᠤ ᠪᠠᠷ ᠳᠠᠮᠵᠢᠭᠰᠠᠨ ᠪᠥᠭᠡᠳ ᠲᠤᠰᠬᠠᠶ ᠮᠡᠷᠭᠡᠵᠢᠯ ᠤᠨ ᠠᠵᠢᠯ ᠤᠨ | ᠪᠠᠶᠢᠷᠢ ᠳᠤ ᠤᠷᠢᠭᠳᠠᠭᠰᠠᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠠᠵᠢᠯᠲᠠᠨ᠂ ᠵᠠᠰᠠᠭ ᠤᠨ ᠣᠷᠳᠣᠨ ᠤ | ᠣᠨᠴᠣᠭᠤᠶ ᠨᠡᠮᠡᠭᠦᠷᠢ ᠬᠦᠷᠲᠡᠵᠦ ᠪᠠᠶᠢᠭ᠎ᠠ ᠲᠤᠰᠬᠠᠶ ᠮᠡᠷᠭᠡᠵᠢᠯᠲᠡᠨ᠂ ᠤᠯᠤᠰ ᠪᠣᠯᠤᠨ ᠥᠪᠡᠷᠲᠡᠭᠡᠨ ᠵᠠᠰᠠᠬᠤ | ᠣᠷᠣᠨ ᠤ ᠲᠣᠪᠤᠶᠢᠮ᠎ᠠ ᠬᠤᠪᠢ ᠨᠡᠮᠡᠷᠢ ᠲᠠᠢ ᠢᠳᠡᠷ ᠵᠠᠯᠠᠭᠤ ᠲᠤᠰᠬᠠᠶ ᠮᠡᠷᠭᠡᠵᠢᠯᠲᠡᠨ ︵ᠳᠡᠭᠡᠷᠡᠬᠢ ᠨᠢ ᠴᠥᠮ | ᠠᠵᠢᠯ ᠠᠴᠠ ᠪᠠᠨ ᠪᠠᠭᠤᠭᠰᠠᠨ ᠬᠥᠮᠦᠰ ᠪᠠᠭᠲᠠᠨ᠎ᠠ︶᠄ ᠠᠵᠢᠯ ᠳᠤ ᠪᠠᠶᠢᠭ᠎ᠠ ᠬᠥᠮᠦᠰ ᠲᠤ 95% ᠶᠢᠨ ᠲᠤᠰᠠᠯᠠᠮᠵᠢ | ᠣᠯᠭᠤᠵᠤ᠂ ᠠᠵᠢᠯ ᠠᠴᠠ ᠪᠠᠨ ᠪᠠᠭᠤᠭᠰᠠᠨ ᠬᠥᠮᠦᠰ ᠲᠤ 98% ᠶᠢᠨ ᠲᠤᠰᠠᠯᠠᠮᠵᠢ ᠣᠯᠭᠤᠨ᠎ᠠ᠃ ᠲᠣᠭᠲᠠᠭᠠᠯ ᠳᠤ | ᠨᠡᠶᠢᠴᠡᠭᠰᠡᠨ ᠡᠮᠨᠡᠯᠭᠡ ᠳᠤ ᠰᠠᠭᠤᠭᠰᠠᠨ ᠡᠮ ᠡᠮᠨᠡᠯᠭᠡ ᠶᠢᠨ ᠵᠠᠷᠤᠳᠠᠯ ᠳᠤ ᠬᠤᠲᠠ ᠪᠠᠯᠭᠠᠰᠤᠨ ᠤ ᠠᠵᠢᠯᠲᠠᠨ | ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠬᠢᠯᠡᠵᠦ ᠥᠭᠬᠦ ᠪᠠᠷᠢᠮᠵᠢᠶ᠎ᠠ᠂ ᠡᠮ ᠡᠮᠨᠡᠯᠭᠡ ᠶᠢᠨ | ᠳᠠᠭᠠᠳᠬᠠᠯ ᠤᠨ ᠬᠥᠬᠡᠭᠴᠢᠨ ᠲᠥᠷᠥᠯ ᠤᠨ ᠭᠠᠷᠴᠠᠭ ᠤᠨ ᠬᠤᠪᠢ ᠬᠥᠮᠦᠨ ᠤ ᠤᠷᠢᠳᠠᠪᠠᠷ ᠥᠪᠡᠷ ᠢᠶᠠᠨ ᠲᠤᠰᠢᠶᠠᠬᠤ | ᠬᠡᠰᠡᠭ ᠵᠠᠷᠤᠳᠠᠯ᠂ ᠣᠨᠴᠠᠭᠠᠶ ᠡᠮ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠣᠨᠴᠠᠭᠠᠶ ᠡᠮ ᠤᠨ ᠵᠦᠢᠯ ᠤᠨ | ᠬᠢᠵᠠᠭᠠᠷ ᠲᠤᠭ᠎ᠠ ᠠᠴᠠ ᠳᠡᠭᠡᠭᠰᠢᠬᠢ ᠵᠠᠷᠤᠳᠠᠯ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠳᠤ ᠲᠣᠭᠲᠠᠭᠠᠭᠰᠠᠨ ᠬᠤᠪᠢ ᠬᠥᠮᠦᠨ ᠤ ᠡᠭᠦᠷᠭᠡᠯᠡᠬᠦ ᠪᠤᠰᠤᠳ ᠵᠠᠷᠤᠳᠠᠯ ᠪᠠᠭᠲᠠᠨ᠎ᠠ᠃ | ᠲᠠᠪᠤ᠂ ᠡᠮᠨᠡᠯᠭᠡ ᠶᠢᠨ ᠨᠥᠬᠦᠪᠥᠷᠢ ᠳᠤ ᠬᠢᠨᠠᠯᠲᠠ ᠲᠠᠯᠪᠢᠬᠤ ᠪᠠ ᠬᠠᠮᠢᠶᠠᠷᠬᠤ | ︵ᠨᠢᠭᠡ︶ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠨᠥᠬᠦᠪᠥᠷᠢ ᠶᠢᠨ ᠵᠠᠷᠤᠳᠠᠯ ᠢ ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠳᠤ ᠰᠢᠭᠤᠳ ᠳ᠋ᠦᠩᠨᠡᠨ ᠪᠤᠳᠤᠵᠤ ᠪᠣᠯᠤᠨ᠎ᠠ᠂ ᠵᠢᠱᠢᠶᠡᠯᠡᠪᠡᠯ ᠰᠢᠰᠲ᠋ᠧᠮ ᠵᠡᠷᠭᠡ | ᠰᠢᠯᠲᠠᠭᠠᠨ ᠠᠴᠠ ᠪᠣᠯᠵᠣ ᠰᠢᠭᠤᠳ ᠳ᠋ᠦᠩᠨᠡᠨ ᠪᠤᠳᠤᠬᠤ ᠶᠢᠨ ᠠᠷᠭ᠎ᠠ ᠥᠬᠡᠶ ᠪᠣᠯ ᠬᠦᠴᠦᠨ ᠪᠥᠬᠦᠶ ᠪᠡᠶ᠎ᠡ ᠶᠢᠨ | ᠦᠨᠡᠮᠯᠡᠯ᠂ ᠡᠮᠨᠡᠯᠭᠡ ᠶᠢᠨ ᠬᠤᠷᠢᠶ᠎ᠠ ᠶᠢᠨ ᠰᠦᠢᠳᠬᠡᠯ ᠬᠤᠷᠢᠶᠠᠬᠤ ᠫᠢᠶᠣᠣ ᠪᠠᠷᠢᠮᠲᠠ᠂ ᠡᠮᠨᠡᠯᠭᠡ ᠳᠤ ᠰᠠᠭᠤᠭᠰᠠᠨ | ᠵᠠᠷᠤᠳᠠᠯ ᠤᠨ ᠨᠠᠷᠢᠨ ᠬᠠᠭᠤᠳᠠᠰᠤ᠂ ᠣᠨᠣᠰᠢᠯᠠᠭᠰᠠᠨ ᠪᠢᠴᠢᠭ ᠪᠤᠶᠤ ᠡᠮᠨᠡᠯᠭᠡ ᠠᠴᠠ ᠭᠠᠷᠤᠭᠰᠠᠨ ᠪᠠᠭ᠎ᠠ | ᠳ᠋ᠦᠩᠨᠡᠯᠲᠡ ᠪᠠᠷ ᠡᠮᠴᠢᠯᠡᠭᠡᠨ ᠤ ᠳᠠᠭᠠᠳᠬᠠᠯ ᠤᠨ ᠲᠥᠪ ᠲᠤ ᠬᠦᠷᠴᠦ ᠵᠠᠷᠤᠯᠭ᠎ᠠ ᠮᠡᠳᠡᠭᠦᠯᠬᠦ ᠭᠠᠷᠳᠠᠮ ᠭᠦᠢᠴᠡᠳᠬᠡᠵᠦ | ᠪᠣᠯᠤᠨ᠎ᠠ᠃ | ︵ᠬᠤᠶᠠᠷ︶ ᠡᠳ᠋ ᠤᠨ ᠵᠠᠰᠠᠭ ᠤᠨ ᠲᠣᠪᠴᠢᠶ᠎ᠠ ᠨᠢ ᠡᠮᠨᠡᠯᠭᠡ ᠶᠢᠨ ᠲᠤᠰᠠᠯᠠᠮᠵᠢ ᠶᠢᠨ ᠪᠡᠯᠡ ᠮᠥᠩᠭᠦ ᠶᠢᠨ ᠡᠳ᠋ | ᠤᠨ ᠶᠠᠪᠤᠳᠠᠯ ᠪᠣᠯᠤᠨ ᠨᠢᠭᠲᠠᠯᠠᠨ ᠪᠣᠳᠣᠯᠲᠠ ᠶᠢᠨ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠲᠣᠭᠲᠠᠭᠠᠵᠤ᠂ | ᠡᠳ᠋ ᠤᠨ ᠵᠠᠰᠠᠭ ᠤᠨ ᠲᠤᠰᠬᠠᠶ ᠳᠠᠩᠰᠠ ᠶᠢᠨ ᠬᠠᠮᠢᠶᠠᠷᠤᠯᠲᠠ ᠶᠢ ᠴᠢᠩᠭᠠᠳᠬᠠᠨ᠂ ᠡᠮᠨᠡᠯᠭᠡ ᠶᠢᠨ ᠲᠤᠰᠠᠯᠠᠮᠵᠢ ᠶᠢᠨ | ᠪᠡᠯᠡ ᠮᠥᠩᠭᠦ ᠶᠢᠨ ᠬᠤᠪᠢᠶᠠᠷᠢᠯᠠᠯᠲᠠ ᠪᠣᠯᠤᠨ ᠬᠡᠷᠡᠭᠯᠡᠯᠲᠡ ᠳᠤ ᠬᠢᠨᠠᠯᠲᠠ ᠲᠠᠯᠪᠢᠨ ᠪᠠᠶᠢᠴᠠᠭᠠᠵᠤ᠂ ᠡᠮᠨᠡᠯᠭᠡ ᠶᠢᠨ | ᠲᠤᠰᠠᠯᠠᠮᠵᠢ ᠶᠢᠨ ᠪᠡᠯᠡ ᠮᠥᠩᠭᠦ ᠶᠢ ᠴᠠᠭ ᠲᠤᠬᠠᠶ ᠳᠤᠨᠢ᠂ ᠭᠦᠢᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠪᠠᠲᠤᠯᠠᠬᠤ | ᠬᠡᠷᠡᠭᠲᠡᠶ᠃ | ︵ᠭᠤᠷᠪᠠ︶ ᠬᠢᠨᠠᠨ ᠪᠣᠳᠣᠬᠤ ᠲᠣᠪᠴᠢᠶ᠎ᠠ ᠡᠮᠴᠢᠯᠡᠭᠡᠨ ᠤ ᠲᠤᠰᠠᠯᠠᠮᠵᠢ ᠶᠢᠨ ᠪᠡᠯᠡ ᠮᠥᠩᠭᠦ ᠶᠢ ᠬᠢᠨᠠᠨ | ᠪᠣᠳᠣᠬᠤ ᠶᠢ ᠴᠢᠩᠭᠠᠳᠬᠠᠬᠤ ᠶᠢ ᠬᠠᠷᠢᠭᠤᠴᠠᠨ᠎ᠠ᠃ | ︵ᠳᠥᠷᠪᠡ︶ ᠡᠮᠴᠢᠯᠡᠭᠡᠨ ᠤ ᠲᠤᠰᠠᠯᠠᠮᠵᠢ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ︿︿ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ﹀﹀ | ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠡᠮᠨᠡᠯᠭᠡ ᠶᠢᠨ ᠳᠠᠭᠠᠳᠬᠠᠯ ᠤᠨ ᠲᠥᠪ ᠨᠢ ᠡᠮᠨᠡᠯᠭᠡ ᠶᠢᠨ | ᠲᠤᠰᠠᠯᠠᠮᠵᠢ ᠶᠢ ᠭᠠᠷᠳᠠᠨ ᠬᠢᠬᠦ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠴᠢᠩᠭ᠎ᠠ | ᠬᠡᠷᠡᠭᠵᠢᠭᠦᠯᠬᠦ ᠶᠢᠨ ᠬᠠᠮᠲᠤ ᠡᠯ᠎ᠡ ᠵᠦᠢᠯ ᠤᠨ ᠳᠣᠲᠣᠭᠠᠳᠤ ᠬᠠᠮᠢᠶᠠᠷᠤᠯᠲᠠ ᠶᠢᠨ ᠳᠦᠷᠢᠮ ᠪᠣᠯᠤᠨ ᠬᠢᠨᠠᠨ ᠪᠣᠳᠣᠬᠤ | ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | ︵ᠲᠠᠪᠤ︶ ᠡᠮᠴᠢᠯᠡᠭᠡᠨ ᠤ ᠨᠥᠬᠦᠪᠥᠷᠢ ᠭᠥᠷᠳᠡᠬᠦ ᠬᠥᠮᠦᠰ ᠤᠨ ᠨᠡᠷᠡᠰ ᠪᠠ ᠴᠠᠯᠢᠩ ᠤᠨ ᠰᠠᠭᠤᠷᠢ ᠲᠤᠭ᠎ᠠ ᠶᠢ | ᠪᠥᠬᠦ ᠬᠤᠲᠠ ᠶᠢᠨ ᠡᠯ᠎ᠡ ᠪᠠᠶᠢᠭᠤᠯᠭ᠎ᠠ ᠨᠢᠭᠡᠴᠢ ᠠᠴᠠ ᠨᠢᠭᠡᠳᠦᠯᠲᠡᠶ ᠬᠠᠩᠭᠠᠵᠤ᠂ ᠵᠣᠬᠢᠶᠠᠨ ᠪᠠᠶᠢᠭᠤᠯᠬᠤ ᠬᠡᠯᠲᠡᠰ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ ᠬᠢᠨᠠᠨ ᠬᠠᠷᠭᠤᠭᠤᠯᠤᠭᠰᠠᠨ ᠤ ᠳᠠᠷᠠᠭ᠎ᠠ ᠡᠮᠴᠢᠯᠡᠭᠡᠨ ᠤ ᠨᠥᠬᠦᠪᠥᠷᠢ ᠶᠢᠨ ᠬᠡᠪᠴᠢᠶᠡᠨ ᠳᠤ ᠣᠷᠣᠭᠤᠯᠤᠨ᠎ᠠ᠃ | ᠪᠦᠬᠦ ᠬᠤᠲᠠ ᠶᠢᠨ ᠡᠯ᠎ᠡ ᠪᠠᠶᠢᠭᠤᠯᠭ᠎ᠠ ᠨᠢ ᠬᠠᠮᠢᠶᠠᠷᠤᠯᠲᠠ ᠪᠠᠨ ᠴᠢᠩᠭᠠᠳᠬᠠᠵᠤ᠂ ᠲᠤᠰᠬᠠᠢ ᠪᠤᠶᠤ ᠲᠤᠰᠢᠶᠠᠯ | ᠬᠠᠪᠰᠤᠷᠭᠠᠭᠰᠠᠨ ᠬᠠᠮᠢᠶᠠᠷᠤᠯᠲᠠ ᠶᠢᠨ ᠠᠵᠢᠯᠲᠠᠨ ᠢ ᠵᠢᠭᠠᠨ ᠲᠣᠭᠲᠠᠭᠠᠵᠤ᠂ ᠡᠮᠴᠢᠯᠡᠭᠡᠨ ᠤ ᠨᠥᠬᠦᠪᠥᠷᠢ ᠶᠢᠨ | ᠵᠠᠷᠤᠳᠠᠯ ᠢ ᠳᠠᠩᠰᠠ ᠠᠴᠠ ᠲᠠᠶᠢᠯᠬᠤ ᠵᠡᠷᠭᠡ ᠬᠢᠨᠠᠨ ᠬᠠᠷᠭᠤᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠭᠤᠯᠤᠨ᠎ᠠ᠃ | | ︵ᠵᠢᠷᠭᠤᠭ᠎ᠠ︶ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠨᠢ ᠡᠮᠨᠡᠯᠭᠡ ᠶᠢᠨ ᠲᠤᠰᠠᠯᠠᠮᠵᠢ ᠶᠢᠨ ᠪᠡᠯᠡ | ᠮᠥᠩᠭᠦ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ᠂ ᠡᠮᠨᠡᠯᠭᠡ ᠶᠢᠨ ᠲᠤᠰᠠᠯᠠᠮᠵᠢ ᠶᠢᠨ ᠣᠯᠭᠤᠮᠵᠢ ᠶᠢᠨ | ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠰᠠᠨᠠᠭᠠᠴᠢᠯᠠᠭ᠎ᠠ ᠭᠠᠷᠭᠠᠵᠤ᠂ ᠬᠤᠲᠠ ᠶᠢᠨ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ | ︵ᠳᠤᠯᠤᠭ᠎ᠠ︶ ᠲᠤᠰ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |