ᠰᠢᠯᠢ ᠶᠢᠨ ᠬᠤᠲᠠ ᠶᠢᠨ ᠬᠤᠶᠠᠳᠤᠭᠠᠷ ᠤᠰᠤᠨ ᠤ ᠦᠢᠯᠡᠳᠪᠦᠷᠢ ᠶᠢᠨ ᠪᠠᠭᠲᠠᠭᠠᠮᠵᠢ ᠶᠢ ᠥᠷᠭᠡᠳᠬᠡᠨ | ᠴᠢᠳᠠᠪᠬᠢ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠢᠨᠵᠧᠨᠧᠷᠢᠩ ᠢ ᠲᠤᠷᠰᠢᠨ ᠠᠵᠢᠯᠯᠠᠭᠤᠯᠪᠠ᠃ ᠲᠣᠰ ᠲᠥᠷᠥᠯ | ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1.12 ᠳ᠋ᠦᠩᠰᠢᠭᠤᠷ ᠲᠥᠭᠦᠷᠢᠭ ᠲᠤ ᠬᠦᠷᠴᠦ᠂ ᠴᠡᠪᠡᠷ | ᠤᠰᠤᠨ ᠤ ᠲᠠᠰᠤᠭ᠂ ᠴᠡᠪᠡᠷ ᠤᠰᠤᠨ ᠤ ᠲᠠᠲᠠᠭᠠᠯ᠂ ᠲᠡᠮᠦᠷ ᠰᠢᠪᠠᠷ ᠲᠤᠩᠬᠤ ᠲᠠᠲᠠᠭᠠᠯ᠂ ᠤᠰᠤ ᠲᠠᠲᠠᠬᠤ | ᠬᠤᠳᠳᠤᠭ ᠵᠢᠴᠢ ᠣᠰᠣᠨ ᠪᠦᠷᠬᠦᠭᠦᠯ ᠤᠨ ᠬᠠᠷᠢᠶᠠᠲᠤ ᠣᠷᠣᠨ ᠤ ᠤᠰᠤᠨ ᠲᠠᠲᠠᠭᠠᠯ ᠵᠡᠷᠭᠡ ᠤᠰᠤ ᠬᠠᠩᠭᠠᠬᠤ | ᠭᠤᠤᠯ ᠴᠣᠭᠴᠠ ᠶᠢᠨ ᠪᠠᠷᠢᠯᠭ᠎ᠠ ᠶᠢ ᠰᠢᠨ᠎ᠡ ᠪᠠᠷ ᠪᠠᠶᠢᠭᠤᠯᠵᠤ᠂ 2022 ᠣᠨ ᠤ 8 ᠰᠠᠷ᠎ᠠ ᠳᠤ ᠪᠠᠷᠢᠯᠭ᠎ᠠ | ᠡᠬᠢᠯᠡᠭᠦᠯᠦᠨ᠂ 2024 ᠣᠨ ᠤ 7 ᠰᠠᠷ᠎ᠠ ᠳᠤ ᠲᠤᠷᠰᠢᠨ ᠠᠵᠢᠯᠯᠠᠭᠤᠯᠬᠤ ᠱᠠᠲᠤᠨ ᠳᠤ ᠣᠷᠣᠵᠤ᠂ 9 ᠰᠠᠷ᠎ᠠ ᠶᠢᠨ | 10 ᠤ ᠡᠳᠦᠷ ᠲᠤᠷᠰᠢᠨ ᠠᠵᠢᠯᠯᠠᠭᠤᠯᠪᠠ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ | ᠰᠢᠯᠢ ᠶᠢᠨ ᠬᠤᠲᠠ ᠶᠢᠨ ᠡᠳᠦᠷ ᠪᠦᠷᠢ ᠶᠢᠨ ᠤᠰᠤ ᠬᠠᠩᠭᠠᠬᠤ ᠴᠢᠳᠠᠪᠤᠷᠢ 1 ᠲᠦᠮᠡᠨ ᠲᠣᠨ ᠨᠡᠮᠡᠭᠳᠡᠵᠦ᠂ ᠡᠳᠦᠷ | ᠪᠦᠷᠢ ᠶᠢᠨ ᠤᠰᠤ ᠬᠠᠩᠭᠠᠬᠤ ᠬᠡᠮᠵᠢᠶ᠎ᠡ 7.5 ᠲᠦᠮᠡᠨ ᠲᠣᠨ ᠪᠣᠯᠵᠣ᠂ ᠬᠤᠲᠠ ᠶᠢᠨ ᠤᠰᠤ ᠬᠠᠩᠭᠠᠬᠤ | ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ |