9 ᠳ᠋ᠦ᠋ᠭᠡᠷ ᠰᠠᠷ᠎ᠠ ᠶᠢᠨ 10 ᠤ ᠡᠳᠦᠷ᠂ ᠮᠠᠨ ᠤ ᠠᠶᠢᠮᠠᠭ ᠤᠨ ᠰᠤᠷᠭᠠᠭᠤᠯᠢ ᠠᠵᠤ ᠠᠬᠤᠶᠢᠯᠠᠯ ᠤᠨ | ᠬᠠᠮᠲᠤᠷᠠᠨ ᠠᠵᠢᠯᠯᠠᠬᠤ ︿︿ᠴᠢᠭᠢᠭ ᠤᠨ ᠤᠯᠠᠭᠠᠨ ᠬᠤᠷᠣᠬᠠᠶ ᠶᠢᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠪᠠ | ᠣᠷᠭᠠᠨᠢᠭ ᠬᠠᠶᠠᠭᠳᠠᠮᠠᠯ ᠪᠣᠳᠠᠰ ᠢ ᠰᠢᠢᠳᠪᠦᠷᠢᠯᠡᠬᠦ﹀﹀ ᠠᠮᠢ ᠠᠬᠤᠶ ᠶᠢᠨ ᠣᠷᠴᠢᠯ ᠤᠨ ᠲᠠᠷᠢᠶᠠᠯᠠᠩ ᠤᠨ ᠲᠥᠷᠥᠯ | ᠵᠦᠢᠯ ᠵᠢᠩᠬᠢᠨᠢ ᠪᠠᠷ ᠡᠬᠢᠯᠡᠪᠡ᠃ ᠲᠣᠰ ᠲᠥᠷᠥᠯ ᠵᠦᠢᠯ ᠨᠢ ᠰᠢᠯᠢ ᠶᠢᠨ ᠬᠤᠲᠠ ᠶᠢᠨ ᠮᠣᠳᠣᠨ ᠮᠠᠯᠵᠢᠯ ᠤᠨ | ᠲᠠᠯᠠᠪᠠᠶ ᠳᠤ ᠪᠠᠶᠢᠷᠢᠯᠠᠵᠤ᠂ ᠨᠡᠶᠢᠲᠡ 2000 ᠲᠦᠮᠡᠨ ᠲᠥᠭᠦᠷᠢᠭ ᠤᠨ ᠪᠠᠯᠠ ᠣᠷᠣᠭᠤᠯᠵᠤ᠂ 5336 ᠲᠡᠭᠰᠢ | ᠳᠥᠷᠪᠡᠯᠵᠢᠨ ᠮᠧᠲᠷ ᠲᠠᠯᠠᠪᠠᠶ ᠡᠵᠡᠯᠡᠵᠦ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠲᠠᠷᠢᠶᠠᠯᠠᠩ | ᠪᠠ ᠠᠮᠢᠳᠤ ᠪᠣᠳᠠᠰ ᠤᠨ ᠳᠡᠭᠡᠳᠦ ᠰᠤᠷᠭᠠᠭᠤᠯᠢ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ | ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠠᠴᠠ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠥᠪᠥᠷ | ᠮᠣᠩᠭᠤᠯ ᠤᠨ ᠵᠢᠤᠢ ᡁᠢ ᠶᠤᠸᠠᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ | ᠬᠤᠪᠢᠷᠠᠭᠤᠯᠤᠨ ᠠᠰᠢᠭᠯᠠᠯᠲᠠ ᠳᠤ ᠣᠷᠣᠭᠤᠯᠵᠤ᠂ ᠵᠢᠯ ᠤᠨ ᠭᠠᠷᠤᠯᠲᠠ ᠨᠢ 2000 ᠲᠣᠨ ᠣᠷᠭᠠᠨᠢᠭ ᠪᠣᠷᠲᠣᠭᠤᠷ | ᠪᠠ 100 ᠲᠣᠨ ᠰᠢᠨ᠎ᠡ ᠴᠢᠭᠢᠭ ᠤᠨ ᠤᠯᠠᠭᠠᠨ ᠬᠤᠷᠣᠬᠠᠶ ᠶᠢᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ | ᠴᠢᠭᠢᠭ ᠤᠨ ᠤᠯᠠᠭᠠᠨ ᠬᠤᠷᠣᠬᠠᠶ ᠶᠢ ᠲᠡᠵᠢᠭᠡᠨ ᠦᠷᠡᠵᠢᠭᠦᠯᠬᠦ ᠪᠠᠷ ᠭᠤᠤᠯ ᠪᠣᠯᠭᠠᠵᠤ᠂ ᠦᠬᠡᠷ ᠤᠨ ᠪᠠᠭᠠᠰᠤ ᠶᠢ | ᠲᠥᠪᠯᠡᠷᠡᠭᠦᠯᠦᠨ ᠬᠤᠷᠢᠶᠠᠨ ᠠᠪᠴᠤ ᠴᠢᠭᠢᠭ ᠤᠨ ᠤᠯᠠᠭᠠᠨ ᠬᠤᠷᠣᠬᠠᠶ ᠶᠢ ᠲᠡᠵᠢᠭᠡᠵᠦ᠂ ᠴᠢᠭᠢᠭ ᠤᠨ ᠤᠯᠠᠭᠠᠨ | ᠬᠤᠷᠣᠬᠠᠶ ᠶᠢᠨ ᠪᠡᠶ᠎ᠡ ᠠᠴᠠ ᠰᠢᠭᠦᠷᠡᠭᠦᠯᠦᠭᠰᠡᠨ ᠣᠨᠴᠠᠭᠠᠶ ᠢᠰᠬᠡᠭᠦᠷ ᠢᠶᠠᠷ ᠦᠬᠡᠷ ᠤᠨ ᠪᠠᠭᠠᠰᠤ ᠶᠢ ᠵᠠᠳᠠᠷᠠᠭᠤᠯᠵᠤ᠂ | ᠴᠢᠨᠠᠷ ᠰᠠᠶᠢᠲᠠᠶ ᠴᠢᠭᠢᠭ ᠤᠨ ᠤᠯᠠᠭᠠᠨ ᠬᠤᠷᠣᠬᠠᠶ ᠶᠢᠨ ᠪᠣᠷᠳᠤᠭ᠎ᠠ ᠶᠢ ᠪᠦᠷᠢᠯᠳᠦᠭᠦᠯᠵᠦ᠂ ᠦᠬᠡᠷ ᠤᠨ ᠪᠠᠭᠠᠰᠤ ᠶᠢᠨ | ᠪᠣᠷᠲᠣᠭᠤᠷ ᠤᠨ ᠦᠷ᠎ᠡ ᠠᠰᠢᠭ ᠢᠶᠠᠷ ᠠᠨᠠᠶ ᠰᠢᠭᠤᠳ ᠪᠣᠷᠲᠣᠭᠤᠷ ᠪᠣᠯᠭᠠᠵᠤ ᠳᠡᠶᠢᠯᠬᠦ ᠥᠬᠡᠶ ᠪᠠᠶᠢᠬᠤ ᠠᠰᠠᠭᠤᠳᠠᠯ ᠢ | ᠰᠢᠢᠳᠪᠦᠷᠢᠯᠡᠬᠦ ᠶᠢᠨ ᠬᠠᠮᠲᠤ᠂ ᠲᠡᠵᠢᠭᠡᠨ ᠦᠷᠡᠵᠢᠭᠦᠯᠦᠭᠰᠡᠨ ᠴᠢᠭᠢᠭ ᠤᠨ ᠤᠯᠠᠭᠠᠨ ᠬᠤᠷᠣᠬᠠᠶ ᠪᠠᠷ ᠠᠮᠢᠲᠠᠨ ᠤ | ᠪᠣᠷᠳᠤᠭ᠎ᠠ ᠪᠣᠯᠭᠠᠬᠤ᠂ ᠴᠢᠭᠢᠭ ᠤᠨ ᠤᠯᠠᠭᠠᠨ ᠬᠤᠷᠣᠬᠠᠶ ᠶᠢᠨ ᠭᠦᠷᠪᠡᠭᠡᠷ ᠢᠳᠡᠪᠬᠢᠵᠢᠭᠦᠯᠦᠭᠴᠢ ᠢᠰᠬᠡᠭᠦᠷ ᠵᠡᠷᠭᠡ | ᠡᠮ ᠤᠨ ᠪᠦᠷᠢᠯᠳᠦᠬᠦᠨ ᠢ ᠭᠠᠷᠭᠠᠨ ᠠᠪᠴᠤ ᠪᠣᠯᠤᠨ᠎ᠠ᠃ ᠲᠥᠷᠥᠯ ᠵᠦᠢᠯ ᠨᠢ 9 ᠰᠠᠷ᠎ᠠ ᠶᠢᠨ 10 ᠤ ᠡᠳᠦᠷ ᠠᠴᠠ | ᠡᠬᠢᠯᠡᠵᠦ᠂ ᠭᠤᠷᠪᠠᠨ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ᠂ ᠵᠢᠱᠢᠯᠲᠡ ᠪᠠᠷ 2027 ᠣᠨ ᠳᠤ | ᠪᠠᠶᠢᠭᠤᠯᠵᠤ ᠳᠠᠭᠤᠰᠬᠠᠨ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠳᠤ 1550 ᠲᠦᠮᠡᠨ ᠲᠥᠭᠦᠷᠢᠭ ᠤᠨ | ᠪᠣᠷᠣᠯᠠᠭᠤᠯᠤᠯᠲᠠ ᠶᠢᠨ ᠣᠷᠣᠯᠭ᠎ᠠ ᠶᠢ ᠪᠡᠶᠡᠯᠡᠭᠦᠯᠬᠦ ᠪᠣᠯᠤᠨ᠎ᠠ᠃ | |