ᠪᠠᠶᠠᠨᠪᠤᠯᠠᠭ ᠰᠤᠮᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠰᠡᠷᠡᠮᠵᠢᠯᠡᠭᠦᠯᠦᠯ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/19
     ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢ ᠳᠡᠭᠡᠭᠰᠢᠯᠡᠭᠦᠯᠦᠨ᠂ ᠤᠯᠤᠰ ᠲᠥᠷᠥ ᠂ ᠠᠮᠢ ᠠᠬᠤᠶ ᠶᠢᠨ ᠣᠷᠴᠢᠨ ᠨᠥᠬᠦᠴᠡᠯ ᠢ ᠴᠡᠪᠡᠷᠰᠢᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 10 ᠰᠠᠷ᠎ᠠ ᠶᠢᠨ 14 ᠤ ᠡᠳᠦᠷ ᠪᠠᠶᠠᠨᠪᠤᠯᠠᠭ ᠰᠤᠮᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠰᠡᠷᠡᠮᠵᠢᠯᠡᠭᠦᠯᠦᠯ ᠬᠥᠮᠦᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠢ ᠨᠠᠮ ᠤᠨ ᠬᠤᠷᠢᠶᠠᠨ ᠤ ᠱᠦᠵᠢ ᠡᠷᠭᠢᠯᠡᠵᠦ᠂ ᠰᠤᠮᠤᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠭᠠᠴᠠᠭ᠎ᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠣᠷᠣᠯᠴᠠᠪᠠ᠃      ᠬᠤᠷᠠᠯ ᠳᠡᠭᠡᠷ᠎ᠡ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠠᠴᠠ ᠳᠡᠷᠭᠡᠳᠡ ᠡᠭᠦᠰᠦᠭᠰᠡᠨ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠵᠠᠷᠯᠠᠨ ᠮᠡᠳᠡᠭᠳᠡᠭᠰᠡᠨ ᠪᠥᠭᠡᠳ ᠲᠡᠭᠦᠨ ᠤ ᠠᠷᠤ ᠳᠠᠬᠢ ᠠᠰᠠᠭᠤᠳᠠᠯ ᠤᠨ ᠮᠥᠨ ᠴᠢᠨᠠᠷ ᠢ ᠭᠦᠨᠵᠡᠭᠡᠶ ᠵᠠᠳᠠᠯᠪᠠ᠃      ᠬᠤᠷᠠᠯ ᠠᠴᠠ᠂ ᠨᠢᠭᠡ ᠳᠤ ᠵᠣᠭᠰᠣᠴᠠ ᠪᠠᠨ ᠳᠡᠭᠡᠭᠰᠢᠯᠡᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠵᠦ᠂ ᠬᠡᠷᠡᠭ ᠡᠭᠦᠰᠬᠦ ᠵᠢᠮ᠎ᠡ ᠶᠣᠰᠣ ᠶᠢ ᠰᠤᠳᠤᠯᠬᠤ ᠪᠠᠷ ᠳᠡᠮᠵᠢᠨ᠂ ᠠᠰᠠᠭᠤᠳᠠᠯ ᠤᠨ ᠡᠬᠢ ᠰᠤᠷᠪᠤᠯᠵᠢ ᠶᠢ ᠭᠦᠨᠵᠡᠭᠡᠶ ᠠᠭᠤᠳᠠᠯᠵᠤ᠂ ᠲᠦᠷᠢᠮ ᠤᠨ ᠳᠤᠲᠠᠭᠤᠳᠠᠯ ᠢ ᠣᠨᠣᠪᠴᠢᠲᠠᠶ ᠡᠷᠢᠵᠦ ᠪᠥᠭᠯᠡᠨ᠂  ᠭᠦᠢᠴᠡᠳᠬᠡᠯ ᠲᠣᠭᠠᠨ ᠤ ᠦᠷ᠎ᠡ ᠪᠦᠲᠦᠮᠵᠢ ᠶᠢ ᠪᠠᠬᠢᠵᠢᠭᠦᠯᠵᠦ᠂ ᠦᠨᠳᠦᠰᠦ ᠠᠴᠠ ᠨᠢ ᠵᠠᠰᠠᠬᠤ ᠶᠢ ᠬᠦᠴᠦᠲᠡᠶ ᠠᠬᠢᠭᠤᠯᠤᠨ᠂  ᠰᠤᠮᠤᠨ ᠤ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠬᠤᠶᠠᠷ ᠲᠤ᠂ ᠰᠤᠷᠭᠠᠮᠵᠢ ᠠᠪᠴᠤ᠂ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠰᠤᠮᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠵᠢᠴᠢ ᠭᠠᠴᠠᠭ᠎ᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠨᠠᠮᠴᠢ ᠴᠢᠨᠠᠷ ᠤᠨ ᠬᠥᠮᠦᠵᠢᠯ ᠪᠣᠯᠤᠨ ᠨᠠᠮᠴᠢ ᠴᠢᠨᠠᠷ ᠤᠨ ᠪᠣᠯᠪᠠᠰᠤᠷᠠᠯ ᠢᠶᠠᠨ ᠡᠷᠡᠰ ᠭᠤᠶᠢᠪᠢᠰᠢ ᠥᠬᠡᠶ ᠴᠢᠩᠭᠠᠳᠬᠠᠵᠤ᠂ ᠦᠵᠡᠯ ᠰᠠᠨᠠᠭᠠᠨ ᠤ ᠤᠬᠠᠮᠰᠠᠷ ᠪᠣᠯᠤᠨ ᠣᠨᠣᠯ ᠤᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ ᠴᠠᠭ ᠢᠮᠠᠭᠲᠠ ᠲᠡᠷᠢᠭᠦᠨ ᠳᠤ ᠲᠠᠯᠪᠢᠬᠤ ᠬᠡᠷᠡᠭᠲᠡᠶ᠃ ᠭᠤᠷᠪᠠ ᠳᠤ᠂ ᠭᠦᠢᠴᠡᠳᠬᠡᠬᠦ ᠪᠠᠷ ︽ᠲᠤᠰᠤᠯᠳᠠ︾ ᠪᠣᠯᠭᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ  ᠴᠢᠩᠭᠠᠳᠬᠠᠬᠤ ᠵᠣᠷᠢᠭ ᠰᠠᠨᠠᠭ᠎ᠠ ᠪᠠᠷ ᠬᠤᠯᠪᠣᠭᠳᠠᠯ ᠪᠦᠬᠦᠢ ᠠᠵᠢᠯ ᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠪᠠ ᠣᠳᠣᠬᠠᠨ ᠤ ᠭᠤᠣᠯᠳᠠᠯᠭ᠎ᠠ ᠲᠠᠢ ᠠᠵᠢᠯ ᠢ ᠤᠶᠠᠯᠳᠤᠭᠤᠯᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号