ᠵᠠᠮ ᠲᠡᠭᠡᠭᠡᠪᠦᠷᠢ ᠶᠢᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠶᠡᠷᠦᠩᠬᠡᠶᠢᠯᠡᠨ | ᠵᠢᠯᠣᠭᠤᠳᠣᠭᠤᠯᠵᠤ᠂ ᠮᠠᠨ ᠤ ᠬᠤᠲᠠ ᠶᠢᠨ ᠲᠦᠷᠢᠶᠡᠰᠦᠨ ᠮᠠᠰᠢᠨ ᠤ ᠠᠵᠢᠯ ᠲᠥᠷᠥᠯ ᠳᠤ ᠳᠣᠭᠢᠷᠠᠬᠤ | ᠥᠭᠡᠷᠡᠴᠢᠯᠡᠯᠲᠡ ᠶᠢᠨ ᠰᠢᠪᠲᠤᠯᠤᠯᠲᠠ ᠶᠢᠨ ᠴᠡᠭ ᠢ ᠢᠳᠡᠪᠬᠢᠲᠡᠶ ᠰᠦᠪᠡᠭᠴᠢᠯᠡᠵᠦ᠂ ᠵᠠᠰᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ︵ᠨᠢᠭᠡ︶ ᠡᠵᠡᠩᠨᠡᠯᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠲᠠᠰ ᠳᠡᠪᠰᠢᠭᠦᠯᠵᠦ᠂ ᠠᠵᠢᠯ | ᠲᠥᠷᠥᠯ ᠤᠨ ᠵᠠᠰᠠᠯᠲᠠ ᠶᠢᠨ ᠦᠷ᠎ᠡ ᠴᠢᠳᠠᠪᠤᠷᠢ ᠶᠢ ᠳᠡᠭᠡᠭᠰᠢᠯᠡᠭᠦᠯᠦᠨ᠎ᠡ᠃ | 306 ᠲᠦᠮᠡᠨ ᠲᠥᠭᠦᠷᠢᠭ ᠪᠡᠯᠡ ᠣᠷᠣᠭᠤᠯᠤᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ | ᠮᠡᠳᠡᠭᠡ ᠵᠠᠩᠭᠢ ᠶᠢ ᠬᠢᠨᠠᠨ ᠡᠵᠡᠮᠳᠡᠬᠦ ᠲᠠᠪᠴᠠᠩ ᠢ ᠪᠠᠶᠢᠭᠤᠯᠵᠤ᠂ ᠪᠦᠬᠦ ᠬᠤᠲᠠ ᠶᠢᠨ ᠲᠦᠷᠢᠶᠡᠰᠦᠨ ᠮᠠᠰᠢᠨ ᠳᠤ | ᠰᠦᠢᠳᠬᠡᠯ ᠬᠤᠷᠢᠶᠠᠬᠤ ᠦᠭᠡᠢ ᠪᠠᠷ ᠦᠵᠦᠭᠦᠷ ᠤᠨ ᠲᠥᠬᠦᠭᠡᠷᠦᠮᠵᠢ ᠤᠭᠰᠠᠷᠠᠵᠤ᠂ ᠮᠠᠨ ᠤ ᠬᠤᠲᠠ ᠶᠢᠨ | ᠲᠦᠷᠢᠶᠡᠰᠦᠨ ᠮᠠᠰᠢᠨ ᠲᠡᠷᠭᠡᠨ ᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢᠨ ᠬᠤᠭᠤᠰᠣᠨ ᠢ ᠨᠥᠬᠦᠪᠥᠷᠢᠯᠡᠪᠡ᠃ | ᠲᠤᠰ ᠲᠥᠬᠦᠭᠡᠷᠦᠮᠵᠢ ᠨᠢ ᠪᠦᠬᠦ ᠶᠠᠪᠤᠴᠠ ᠶᠢᠨ ᠥᠨᠳᠥᠷ ᠲᠤᠳᠤᠴᠠᠳᠤ ᠸᠢᠳᠢᠣ᠋᠂ ᠳᠠᠭᠤᠨ ᠳᠠᠪᠲᠠᠮᠵᠢ ᠶᠢᠨ ᠬᠢᠨᠠᠨ | ᠡᠵᠡᠮᠳᠡᠯ᠂ TTS ᠠᠪᠢᠶ᠎ᠠ ᠪᠠᠷ ᠨᠡᠪᠲᠡᠷᠡᠭᠦᠯᠬᠦ᠂ ᠡᠵᠡᠩᠨᠡᠯᠲᠡ ᠶᠢᠨ ᠲᠤᠭ᠎ᠠ ᠪᠠᠷᠢᠮᠲᠠ ᠶᠢ ᠵᠠᠳᠠᠯᠬᠤ ᠵᠡᠷᠭᠡ | ᠴᠢᠳᠠᠮᠵᠢ ᠲᠠᠢ ᠪᠠᠶᠢᠵᠤ᠂ ᠲᠡᠷᠭᠡᠨ ᠤ ᠡᠵᠡᠩᠨᠡᠯᠲᠡ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ | ᠡᠵᠡᠩᠨᠡᠯᠲᠡ ᠶᠢᠨ ᠦᠢᠯᠡᠴᠢᠯᠡᠭᠡ ᠶᠢ ᠬᠦᠴᠦᠲᠡᠢ ᠵᠢᠷᠤᠮᠵᠢᠭᠤᠯᠬᠤ ᠶᠢᠨ ᠬᠠᠮᠲᠤ ᠵᠢᠯᠣᠭᠤᠴᠢ ᠪᠠ ᠠᠶᠠᠨᠴᠢᠳ ᠲᠤ | ᠬᠤᠣᠰ ᠴᠢᠭᠯᠡᠯᠲᠦ ᠠᠮᠤᠷ ᠲᠦᠪᠰᠢᠨ ᠤ ᠪᠠᠲᠤᠯᠠᠭ᠎ᠠ ᠬᠠᠩᠭᠠᠵᠤ ᠴᠢᠳᠠᠨ᠎ᠠ᠃ ᠪᠥᠬᠦ ᠬᠤᠲᠠ ᠳᠤ ᠨᠡᠶᠢᠲᠡ 1748 | ᠲᠦᠷᠢᠶᠡᠰᠦᠨ ᠮᠠᠰᠢᠨ ᠲᠠᠢ ᠪᠠᠶᠢᠵᠤ᠂ ᠣᠳᠣᠬᠠᠨ ᠳᠤ 1500 ᠶᠢ ᠤᠭᠰᠠᠷᠠᠵᠤ᠂ ᠪᠡᠶᠡᠯᠡᠭᠦᠯᠦᠭᠰᠡᠨ ᠨᠣᠷᠮ᠎ᠠ ᠨᠢ | 84% ᠪᠠᠶᠢᠵᠤ᠂ 2024 ᠣᠨ ᠤ ᠡᠴᠦᠰ ᠲᠤ ᠤᠭᠰᠠᠷᠠᠬᠤ ᠡᠭᠦᠷᠭᠡ ᠶᠢ ᠪᠡᠶᠡᠯᠡᠭᠦᠯᠬᠦ ᠪᠠᠷ ᠪᠠᠶᠢᠨ᠎ᠠ᠃ ᠡᠭᠦᠨ ᠤ | ᠬᠠᠮᠲᠤ ᠬᠢᠨᠠᠨ ᠡᠵᠡᠮᠳᠡᠬᠦ ᠳ᠋ᠠᠶᠢᠲ᠋ᠠ ᠶᠢ ᠠᠯᠬᠤᠮ ᠠᠯᠬᠤᠮ ᠢᠶᠠᠷ ᠳᠣᠲᠣᠭᠠᠳᠤ ᠶᠢ ᠬᠠᠮᠠᠭᠠᠯᠠᠬᠤ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠬᠠᠮᠢᠶᠠᠷᠤᠯᠲᠠ ᠶᠢᠨ ᠲᠣᠮᠣ ᠳ᠋ᠠᠶᠢᠲ᠋ᠠ ᠶᠢ ᠰᠠᠯᠠᠭ᠎ᠠ ᠮᠥᠴᠢᠷ | ᠠᠯᠤᠰᠯᠠᠨ ᠬᠠᠮᠲᠤ ᠪᠠᠷ ᠭᠥᠷᠳᠡᠬᠦ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠲᠣᠰ ᠬᠢᠨᠠᠨ ᠡᠵᠡᠮᠳᠡᠬᠦ ᠰᠢᠰᠲ᠋ᠧᠮ ᠢ | ᠡᠬᠢᠯᠡᠨ ᠬᠡᠷᠡᠭᠯᠡᠭᠰᠡᠨ ᠠᠴᠠ ᠨᠠᠰᠢ᠂ ᠵᠠᠮ ᠬᠠᠷᠢᠯᠴᠠᠭᠠᠨ ᠤ ᠠᠳᠡᠯ᠂ ᠵᠢᠯᠣᠭᠤᠴᠢ ᠵᠣᠴᠢᠳ ᠤᠨ ᠵᠢᠭᠤᠷᠠᠯᠳᠤᠭᠠᠨ᠂ | ᠪᠣᠳᠠᠰ ᠡᠷᠢᠬᠦ ᠪᠤᠴᠠᠭᠠᠬᠤ ᠵᠡᠷᠭᠡ ᠬᠡᠷᠡᠭ ᠢ ᠰᠢᠢᠳᠪᠦᠷᠢᠯᠡᠬᠦ ᠳᠤ ᠨᠡᠶᠢᠲᠡ 20 ᠭᠠᠷᠤᠶ ᠤᠳᠠᠭ᠎ᠠ ᠲᠤᠭ᠎ᠠ ᠪᠠᠷᠢᠮᠲᠠ ᠶᠢᠨ | ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠵᠠᠶ᠃ | ︵ᠬᠤᠶᠠᠷ︶ ᠲᠡᠷᠭᠡᠨ ᠳᠡᠭᠡᠷᠡᠬᠢ ᠦᠨ᠎ᠡ ᠪᠣᠳᠣᠭᠤᠷ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ | ᠠᠵᠢᠯ ᠲᠥᠷᠥᠯ ᠤᠨ ᠥᠪᠡᠷ ᠤᠨ ᠥᠷᠲᠡᠭ ᠢᠶᠠᠨ ᠪᠠᠭᠤᠷᠠᠭᠤᠯᠤᠨ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦᠨ | ᠨᠡᠮᠡᠷᠢᠯᠡᠨ᠎ᠡ᠃ | ᠭᠠᠶᠢᠯᠢ ᠶᠢᠨ ᠶᠠᠪᠤᠳᠠᠯ᠂ ᠲᠦᠷᠢᠶᠡᠰᠦᠨ ᠮᠠᠰᠢᠨ ᠤ ᠦᠨ᠎ᠡ ᠪᠣᠳᠣᠭᠤᠷ ᠤᠨ ᠬᠠᠮᠢᠶᠠᠷᠤᠯᠲᠠ᠂ ᠰᠢᠯᠭᠠᠨ | ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠦᠷᠢᠶᠡᠰᠦᠨ ᠮᠠᠰᠢᠨ ᠤ ᠦᠨ᠎ᠡ | ᠪᠣᠳᠣᠭᠤᠷ ᠲᠤ ᠲᠣᠬᠢᠷᠠᠭᠤᠯᠤᠯᠲᠠ ᠬᠢᠬᠦ ᠲᠥᠯᠥᠪᠯᠡᠭᠡ ᠶᠢ ᠲᠣᠭᠲᠠᠭᠠᠵᠤ᠂ ᠦᠨ᠎ᠡ ᠪᠣᠳᠣᠭᠤᠷ ᠤᠨ ᠪᠠᠷᠢᠮᠲᠠ ᠬᠢᠬᠦ | ᠵᠠᠭᠪᠤᠷ ᠲᠤ ᠪᠦᠯᠦᠭ ᠤᠳᠠᠭ᠎ᠠ ᠬᠤᠪᠢᠶᠠᠨ ᠲᠣᠬᠢᠷᠠᠭᠤᠯᠤᠯᠲᠠ ᠬᠢᠵᠦ᠂ ᠲᠦᠷᠢᠶᠡᠰᠦᠨ ᠮᠠᠰᠢᠨ ᠤ ᠪᠠᠷᠢᠮᠲᠠ ᠳᠤ ︿︿ | ᠲᠡᠷᠭᠡᠨ ᠳᠤ ᠭᠠᠷᠤᠮᠠᠭᠴᠠ ᠪᠠᠷᠢᠮᠲᠠ ᠬᠢᠵᠦ ᠥᠭᠬᠦ﹀﹀ ᠪᠠᠶᠢᠭᠰᠠᠨ ᠢ ︿︿ᠬᠡᠷᠡᠭᠴᠡᠭᠡ ᠪᠠᠷ ᠢᠶᠠᠨ ᠪᠠᠷᠢᠮᠲᠠ ᠬᠢᠵᠦ ᠥᠭᠬᠦ﹀ | ﹀ ᠪᠣᠯᠭᠠᠨ ᠥᠭᠡᠷᠡᠴᠢᠯᠡᠬᠦ ᠶᠢ ᠪᠡᠶᠡᠯᠡᠭᠦᠯᠵᠦ᠂ ᠣᠳᠣᠬᠠᠨ ᠳᠤ ᠪᠦᠬᠦ ᠬᠤᠲᠠ ᠶᠢᠨ 1784 ᠲᠦᠷᠢᠶᠡᠰᠦᠨ ᠮᠠᠰᠢᠨ ᠤ | ᠦᠨ᠎ᠡ ᠪᠣᠳᠣᠭᠤᠷ ᠲᠤ ᠴᠥᠮ ᠲᠣᠬᠢᠷᠠᠭᠤᠯᠤᠯᠲᠠ ᠬᠢᠭᠰᠡᠨ ᠪᠠᠶᠢᠨ᠎ᠠ᠃ ᠥᠭᠡᠷᠡᠴᠢᠯᠡᠯᠲᠡ ᠬᠢᠬᠦ ᠠᠴᠠ ᠡᠮᠦᠨ᠎ᠡ᠂ | ᠪᠠᠷᠢᠮᠲᠠ ᠠᠪᠬᠤ ᠳᠠᠪᠲᠠᠮᠵᠢ ᠨᠢ ᠠᠷᠪᠠᠨ ᠡᠳᠦᠷ ᠪᠠᠶᠢᠵᠤ᠂ ᠪᠠᠷᠢᠮᠲᠠ ᠠᠪᠬᠤ ᠬᠥᠮᠦᠨ ᠬᠤᠪᠢᠷᠠᠬᠤ ᠦᠶ᠎ᠡ ᠳᠤ᠂ | ᠪᠠᠰᠠ ᠬᠤᠪᠢᠷᠠᠭᠤᠯᠬᠤ ᠭᠠᠷᠳᠠᠮ ᠭᠦᠢᠴᠡᠳᠬᠡᠬᠦ ᠬᠡᠷᠡᠭᠲᠡᠶ᠃ ᠲᠤᠬᠠᠶ ᠶᠢᠨ ᠴᠠᠭ ᠲᠤ ᠨᠢ ᠪᠠᠷᠢᠮᠲᠠ ᠬᠢᠵᠦ ᠪᠠᠶᠢᠭᠰᠠᠨ ᠢ | ᠬᠡᠷᠡᠭᠴᠡᠭᠡ ᠪᠠᠷ ᠨᠢ ᠪᠠᠷᠢᠮᠲᠠ ᠬᠢᠵᠦ ᠥᠭᠬᠦ ᠪᠣᠯᠭᠠᠨ ᠥᠭᠡᠷᠡᠴᠢᠯᠡᠭᠰᠡᠨ ᠤ ᠳᠠᠷᠠᠭ᠎ᠠ ᠪᠠᠷᠢᠮᠲᠠ ᠶᠢᠨ ᠬᠡᠷᠡᠭᠯᠡᠬᠦ ᠬᠡᠮᠵᠢᠶ᠎ᠡ | ᠪᠠᠭᠠᠰᠴᠤ᠂ ᠲᠡᠭᠡᠭᠡᠪᠦᠷᠢ ᠶᠢᠨ ᠴᠠᠭ ᠢ ᠣᠯᠠᠨᠲᠠ ᠡᠵᠡᠯᠡᠨ ᠪᠠᠷᠢᠮᠲᠠ ᠠᠪᠬᠤ ᠴᠢᠬᠤᠯᠠ ᠦᠭᠡᠶ᠂ ᠡᠭᠦᠨ ᠤ ᠬᠠᠮᠲᠤ | ᠦᠨ᠎ᠡ ᠪᠣᠳᠣᠬᠤ ᠮᠠᠰᠢᠨ ᠤ ᠥᠩᠭᠡᠲᠦ ᠪᠦᠰᠡ᠂ ᠵᠡᠭᠦᠦ ᠶᠢᠨ ᠦᠵᠦᠭᠦᠷ ᠵᠡᠷᠭᠡ ᠰᠡᠯᠪᠢᠭ ᠲᠣᠨᠤᠭ ᠤᠨ ᠬᠤᠷᠣᠭᠳᠠᠯ ᠢ | ᠠᠷᠪᠢᠯᠠᠵᠤ ᠪᠣᠯᠤᠨ᠎ᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠠᠷᠭ᠎ᠠ | ᠬᠡᠮᠵᠢᠶ᠎ᠡ ᠶᠢ ᠬᠡᠷᠡᠭᠵᠢᠭᠦᠯᠬᠦ ᠠᠴᠠ ᠡᠮᠦᠨᠡᠬᠢ ᠲᠠᠢ ᠬᠠᠷᠢᠴᠠᠭᠤᠯᠪᠠᠯ᠂ ᠭᠠᠶᠢᠯᠢ ᠬᠦᠢᠴᠡᠳᠬᠡᠬᠦ ᠲᠢᠩᠬᠢᠮ ᠳᠤ ᠬᠦᠷᠴᠦ | ᠪᠠᠷᠢᠮᠲᠠ ᠠᠪᠬᠤ ᠲᠦᠷᠢᠶᠡᠰᠦᠨ ᠮᠠᠰᠢᠨ ᠤ ᠵᠢᠯᠣᠭᠤᠴᠢ ᠶᠢᠨ ᠬᠥᠮᠦᠨ ᠤᠳᠠᠭ᠎ᠠ 83% ᠪᠠᠷ ᠪᠠᠭᠠᠰᠪᠠ᠃ ᠲᠣᠰ | ᠤᠳᠠᠭᠠᠨ ᠤ ᠥᠭᠡᠷᠡᠴᠢᠯᠡᠯᠲᠡ ᠳᠤ᠂ ᠡᠵᠡᠩᠨᠡᠯᠲᠡ ᠶᠢᠨ ᠥᠪᠡᠷ ᠤᠨ ᠥᠷᠲᠡᠭ ᠬᠢᠭᠡᠳ ᠴᠠᠭ ᠤᠨ ᠥᠪᠡᠷ ᠤᠨ | ᠥᠷᠲᠡᠭ ᠢ ᠵᠡᠷᠭᠡ ᠪᠠᠷ ᠪᠠᠭᠤᠷᠠᠭᠤᠯᠬᠤ ᠶᠢ ᠪᠡᠶᠡᠯᠡᠭᠦᠯᠵᠦ᠂ ᠠᠵᠢᠯ ᠲᠥᠷᠥᠯ ᠤᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠪᠦᠲᠦᠮᠵᠢᠲᠡᠶ ᠰᠢᠯᠢᠳᠡᠭᠵᠢᠭᠦᠯᠪᠡ᠃ | ︵ᠭᠤᠷᠪᠠ︶ ᠠᠵᠢᠯᠴᠢᠨ ᠤ ᠡᠪᠯᠡᠯ ᠪᠠᠶᠢᠭᠤᠯᠵᠤ ᠡᠷᠬᠡ ᠠᠰᠢᠭ ᠢ ᠨᠢ ᠪᠠᠲᠤᠯᠠᠵᠤ᠂ ᠠᠵᠢᠯ ᠲᠥᠷᠥᠯ ᠤᠨ | ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠤᠨ᠎ᠠ᠃ | ᠰᠢᠯᠢ ᠶᠢᠨ ᠬᠤᠲᠠ ᠶᠢᠨ ᠲᠦᠷᠢᠶᠡᠰᠦᠨ ᠮᠠᠰᠢᠨ ᠤ ᠠᠵᠢᠯ ᠲᠥᠷᠥᠯ ᠤᠨ ᠬᠠᠮᠲᠤᠷᠠᠭᠰᠠᠨ ᠠᠵᠢᠯᠴᠢᠨ ᠤ | ᠡᠪᠯᠡᠯ ᠢ ᠪᠠᠶᠢᠭᠤᠯᠵᠤ᠂ ᠪᠥᠬᠦ ᠠᠶᠢᠮᠠᠭ ᠤᠨ ︿︿ᠵᠢᠷᠭᠤᠭ᠎ᠠ ᠪᠠᠶᠢᠬᠤ﹀﹀ ᠦᠨᠳᠦᠰᠦᠨ ᠱᠠᠲᠤᠨ ᠤ ᠵᠢᠷᠤᠮᠵᠢᠭᠰᠠᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ ᠢᠶᠠᠷ ᠨᠡᠷᠡᠶᠢᠳᠦᠭᠳᠡᠵᠦ᠂ ᠣᠳᠣᠬᠠᠨ ᠳᠤ ᠨᠡᠶᠢᠲᠡ 130 ᠭᠠᠷᠤᠶ | ᠭᠡᠰᠢᠭᠦᠨ ᠲᠠᠢ᠃ ᠠᠵᠢᠯ ᠡᠷᠬᠢᠯᠡᠵᠤ ᠪᠠᠶᠢᠭ᠎ᠠ ᠬᠥᠳᠡᠯᠮᠦᠷᠢᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠢᠳᠡᠪᠬᠢᠲᠡᠢ ᠪᠠᠲᠤᠯᠠᠨ᠂ ᠠᠵᠢᠯᠴᠢᠨ ᠤ ᠡᠪᠯᠡᠯ ᠤᠨ ᠭᠡᠰᠢᠭᠦᠳ ᠲᠤ ᠰᠦᠢᠳᠬᠡᠯ ᠬᠤᠷᠢᠶᠠᠬᠤ ᠥᠭᠡᠢ ᠡᠷᠡᠭᠦᠯ | ᠮᠡᠨᠳᠤ ᠶᠢᠨ ᠪᠠᠶᠢᠴᠠᠭᠠᠯᠲᠠ ᠬᠠᠩᠭᠠᠵᠤ᠂ ᠶᠠᠳᠠᠭᠤ ᠬᠦᠴᠢᠷᠳᠡᠯᠲᠡᠢ ᠶᠢᠨ ᠲᠤᠰᠠᠯᠠᠮᠵᠢ ᠭᠤᠶᠤᠴᠢᠯᠠᠵᠤ᠂ ᠬᠠᠶᠢᠷ᠎ᠠ | ᠬᠠᠯᠠᠮᠵᠢ ᠶᠢᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠪᠠ᠃ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠠᠵᠢᠯ | ᠲᠥᠷᠥᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ 5 ᠰᠠᠶᠢᠨ ᠳᠤᠷ᠎ᠠ ᠶᠢᠨ ᠲᠡᠷᠭᠡᠨ | ᠠᠩᠭᠢ ᠶᠢ ᠵᠣᠬᠢᠶᠠᠨ ᠪᠠᠶᠢᠭᠤᠯᠵᠤ᠂ 160 ᠭᠠᠷᠤᠶ ᠭᠡᠰᠢᠭᠦᠨ ᠢ ᠪᠠᠭᠲᠠᠭᠠᠵᠤ᠂ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠠᠵᠢᠯ ᠳᠤ ᠬᠦᠴᠦ ᠨᠡᠮᠡᠷᠢᠯᠡᠵᠦ᠂ ᠠᠵᠢᠯ ᠲᠥᠷᠥᠯ ᠤᠨ ᠬᠥᠭᠵᠢᠯᠲᠡ ᠳᠤ ᠬᠡᠪ ᠳᠠᠭᠤᠷᠢᠶᠠᠯ ᠪᠣᠯᠵᠣ᠂ | 10 ᠭᠠᠷᠤᠶ ᠵᠢᠯ ᠤᠨ ᠲᠤᠷᠰᠢ ᠰᠢᠯᠭᠠᠭᠤᠯᠤᠭᠴᠢ ᠳᠤ ᠬᠠᠯᠠᠮᠵᠢᠯᠠᠬᠤ᠂ ᠯᠧᠢ ᠹᠧᠩ ᠰᠠᠶᠢᠨ ᠳᠤᠷ᠎ᠠ ᠶᠢᠨ ᠦᠢᠯᠡᠴᠢᠯᠡᠭᠡ | ᠬᠠᠩᠭᠠᠬᠤ ᠶᠢ ᠪᠠᠷᠢᠮᠲᠠᠯᠠᠵᠤ ᠢᠷᠠᠪᠠ᠃ ᠡᠨᠡ ᠵᠢᠯ ᠠᠴᠠ ᠨᠠᠰᠢ᠂ ᠲᠦᠷᠢᠶᠡᠰᠦᠨ ᠮᠠᠰᠢᠨ ᠤ ᠵᠢᠯᠣᠭᠤᠴᠢ ᠶᠢᠨ ᠠᠯᠲᠠ | ᠣᠯᠤᠭᠠᠳ ᠠᠮᠢᠨ ᠳᠠᠭᠠᠨ ᠠᠪᠬᠤ ᠦᠭᠡᠢ ᠵᠡᠷᠭᠡ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠬᠡᠷᠡᠭ ᠢ ᠨᠡᠶᠢᠲᠡ | 200 ᠭᠠᠷᠤᠶ ᠭᠥᠯᠢᠶᠡᠨ ᠠᠪᠴᠤ ᠰᠢᠢᠳᠪᠦᠷᠢᠯᠡᠨ᠂ ᠣᠯᠠᠨ ᠲᠦᠮᠡᠨ ᠤ ᠰᠠᠶᠢᠰᠢᠶᠠᠯ ᠢ 5 ᠤᠳᠠᠭ᠎ᠠ ᠭᠥᠯᠢᠶᠡᠨ | ᠠᠪᠴᠤ᠂ ᠬᠤᠲᠠ ᠶᠢᠨ ︿︿ᠪᠣᠯᠪᠠᠰᠤᠨ ᠨᠡᠷ᠎ᠡ ᠶᠢᠨ ᠬᠠᠭᠤᠳᠠᠰᠤ﹀﹀ ᠳᠤ ᠥᠩᠭᠡ ᠨᠡᠮᠡᠷᠢᠯᠡᠪᠡ᠃ |