︽ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠠᠶᠢᠮᠠᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠲᠣᠪᠴᠢᠶ᠎ᠠ ᠳᠤ ᠭᠦᠨᠵᠡᠭᠡᠶᠢᠷᠡᠨ ᠬᠢᠨᠠᠨ ᠵᠢᠯᠣᠭᠤᠳᠴᠤ  ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/10/19
     ᠪᠥᠬᠦ ᠲᠠᠯ᠎ᠠ ᠪᠠᠷ ᠬᠠᠤᠯᠢ ᠶᠣᠰᠣᠭᠠᠷ ᠬᠤᠲᠠ ᠶᠢ ᠵᠠᠰᠠᠬᠤ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 2024 ᠣᠨ ᠤ 10 ᠳ᠋ᠤᠭᠠᠷ ᠰᠠᠷ᠎ᠠ ᠶᠢᠨ 15 ᠤ ᠡᠳᠦᠷ᠂ ᠰᠢᠯᠢ ᠶᠢᠨ ᠭᠤᠤᠯ ᠠᠶᠢᠮᠠᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠨᠢᠭᠡᠳᠦᠭᠡᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠭᠦᠨᠵᠡᠭᠡᠶᠢᠷᠡᠨ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠪᠡ᠃      ᠲᠣᠰ ᠤᠳᠠᠭᠠᠨ ᠤ ᠰᠢᠪᠠᠳᠠᠨ ᠪᠠᠶᠢᠴᠠᠭᠠᠬᠤ ᠠᠵᠢᠯ ᠳᠤ ︽ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠭᠦᠨᠵᠡᠭᠡᠶ ᠰᠢᠪᠠᠳᠠᠨ ᠨᠠᠷᠢᠨ ᠪᠠᠶᠢᠴᠠᠭᠠᠬᠤ᠂ ᠴᠢᠩᠭ᠎ᠠ ᠰᠢᠪᠠᠳᠠᠨ ᠪᠣᠳᠠᠲᠠᠶ ᠪᠠᠶᠢᠴᠠᠭᠠᠬᠤ︾ ᠵᠠᠷᠴᠢᠮ ᠢ ᠪᠠᠷᠢᠮᠲᠠᠯᠠᠨ᠂ ᠲᠤᠬᠠᠶ ᠶᠢᠨ ᠭᠠᠵᠠᠷ ᠲᠤᠨᠢ ᠰᠢᠪᠠᠳᠠᠨ ᠵᠢᠯᠣᠭᠤᠳᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠶᠡᠭᠡ ᠲᠢᠩᠬᠢᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ᠂ ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠶᠠᠷᠢᠯᠴᠠᠬᠤ ᠬᠤᠷᠠᠯ ᠬᠢᠭᠰᠡᠨ ᠪᠥᠭᠡᠳ ᠬᠠᠮᠢᠶ᠎ᠠ ᠪᠦᠬᠦᠢ ᠡᠬᠡ ᠳᠠᠩᠰᠠ ᠶᠢ ᠪᠠᠶᠢᠴᠠᠭᠠᠨ ᠦᠵᠡᠪᠡ      ᠲᠣᠰ ᠤᠳᠠᠭᠠᠨ ᠤ ᠰᠢᠪᠠᠳᠠᠨ ᠪᠠᠶᠢᠴᠠᠭᠠᠯᠲᠠ ᠪᠠᠷ ᠳᠡᠮᠵᠢᠨ᠂ ᠮᠠᠨ ᠤ ᠲᠣᠪᠴᠢᠶ᠎ᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠳᠤᠮᠳᠠᠬᠢ ᠠᠵᠢᠯ ᠤᠨ ᠦᠷ᠎ᠡ ᠪᠦᠲᠦᠮᠵᠢ᠂ ᠬᠢᠯᠠᠰ ᠴᠡᠭ ᠤᠨ ᠨᠡᠶᠢᠲᠡᠯᠢᠭ ᠵᠢᠱᠢᠶ᠎ᠡ ᠶᠢ ᠪᠥᠬᠦ ᠲᠠᠯ᠎ᠠ ᠪᠠᠷ ᠳ᠋ᠦᠩᠨᠡᠭᠰᠡᠨ ᠪᠥᠭᠡᠳ ᠨᠠᠷᠢᠨ ᠲᠣᠳᠣᠷᠬᠠᠶ ᠠᠵᠢᠯ ᠤᠨ ᠲᠥᠯᠥᠪᠯᠡᠭᠡ ᠲᠣᠭᠲᠠᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠳᠡᠭᠡᠳᠦ ᠱᠠᠲᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢ ᠶᠢᠨ ᠬᠠᠷᠢᠭᠤᠴᠠᠯᠭ᠎ᠠ ᠪᠠᠨ ᠭᠦᠢᠴᠡᠳᠬᠡᠨ ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠪᠠᠨ ᠭᠦᠨᠵᠡᠭᠡᠶᠢᠷᠡᠭᠦᠯᠵᠦ᠂ ᠮᠠᠨ ᠤ ᠬᠤᠲᠠ ᠶᠢᠨ  ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠠᠶᠢᠭᠤᠯᠤᠯᠲᠠ ᠶᠢᠨ ᠬᠢᠷᠢ  ᠪᠦᠳᠦᠮᠵᠢ ᠶᠢ ᠪᠦᠬᠦ ᠲᠠᠯ᠎ᠠ  ᠪᠠᠷ ᠲᠡᠭᠡᠭᠰᠢᠯᠡᠭᠦᠯᠦᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号