ᠢᠲᠡᠭᠡᠮᠵᠢ ᠪᠠᠷ ᠰᠠᠭᠤᠷᠢ ᠪᠣᠯᠭᠠᠵᠤ᠂ ︿︿ᠢᠲᠡᠭᠡᠮᠵᠢ +﹀﹀ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠡᠰ ᠳᠡᠪᠰᠢᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/10/19
     ᠠᠷᠠᠳ ᠲᠤ ᠲᠥᠬᠦᠮ ᠦᠵᠡᠭᠦᠯᠬᠦ᠂ ᠵᠢᠷᠤᠮᠵᠢᠯ ᠲᠠᠢ᠂ ᠥᠨᠳᠥᠷ ᠪᠦᠲᠦᠮᠵᠢᠲᠡᠶ᠂ ᠠᠷᠢᠭᠤᠨ ᠴᠢᠬᠡᠴᠢ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠣᠯᠠᠨ ᠲᠦᠮᠡᠨ ᠳᠤ ᠦᠢᠯᠡᠴᠢᠯᠡᠬᠦ ᠵᠠᠷᠴᠢᠮ ᠢ ᠵᠢᠷᠤᠮᠯᠠᠨ᠂ ᠠᠵᠤ ᠠᠬᠤᠶᠢᠯᠠᠯ ᠣᠯᠠᠨ ᠲᠦᠮᠡᠨ ᠳᠤ ᠴᠢᠨᠠᠷ ᠰᠠᠶᠢᠲᠠᠶ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠰᠢᠯᠢ ᠶᠢᠨ ᠬᠤᠲᠠ ᠢᠲᠡᠭᠡᠮᠵᠢ ᠬᠢᠭᠡᠳ ᠵᠠᠰᠠᠭ ᠤᠨ ᠶᠠᠪᠤᠳᠠᠯ ᠢ ᠣᠷᠭᠠᠨᠢᠭ ᠢᠶᠠᠷ ᠤᠶᠠᠯᠳᠤᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠡᠯ᠎ᠡ ᠴᠣᠩᠬᠤᠪᠴᠢ ᠨᠢ ᠱᠠᠭᠠᠷᠳᠠᠯᠭ᠎ᠠ ᠳᠤ ᠨᠡᠶᠢᠴᠡᠭᠰᠡᠨ ᠣᠯᠠᠨ ᠲᠦᠮᠡᠨ ᠪᠠ ᠠᠵᠤ ᠠᠬᠤᠶᠢᠯᠠᠯ ᠳᠤ ᠢᠲᠡᠭᠡᠮᠵᠢ ᠶᠢᠨ ᠠᠮᠠᠯᠠᠯᠲᠠ ᠶᠢᠨ ︿︿ᠰᠠᠭᠠᠳ ᠥᠬᠡᠶ ᠨᠡᠪᠲᠡᠷᠡᠬᠦ ᠵᠠᠮ﹀﹀ ᠬᠠᠩᠭᠠᠬᠤ ᠶᠢ ᠲᠣᠳᠣᠷᠬᠠᠶᠢᠯᠠᠵᠤ᠂ ᠳᠤᠲᠠᠭᠳᠠᠯ ᠢ ᠨᠢ ᠭᠥᠯᠢᠶᠡᠨ ᠠᠪᠴᠤ ᠰᠢᠢᠳᠪᠦᠷᠢᠯᠡᠬᠦ᠂ ᠠᠮᠠᠯᠠᠯᠲᠠ ᠪᠠᠨ ᠮᠡᠳᠡᠭᠳᠡᠬᠦ᠂ ᠬᠠᠪᠰᠤᠷᠤᠨ ᠬᠦᠢᠴᠡᠳᠬᠡᠬᠦ ᠪᠠ ᠣᠷᠣᠯᠠᠨ ᠬᠦᠢᠴᠡᠳᠬᠡᠬᠦ᠂ ᠬᠠᠮᠲᠤᠷᠠᠨ ᠬᠢᠨᠠᠨ ᠵᠥᠪᠰᠢᠶᠡᠷᠡᠬᠦ᠂ ᠰᠦᠢᠳᠬᠡᠯ ᠬᠤᠷᠢᠶᠠᠬᠤ ᠥᠬᠡᠶ ᠪᠠᠷ ᠭᠤᠪᠢᠭᠤᠯᠬᠤ᠂ ᠴᠠᠭ ᠢ ᠨᠢ ᠤᠷᠲᠤᠳᠬᠠᠬᠤ ᠦᠢᠯᠡᠴᠢᠯᠡᠭᠡ᠂ ᠬᠡᠷ ᠲᠤᠨᠢ ᠬᠦᠷᠴᠦ ᠦᠢᠯᠡᠴᠢᠯᠡᠬᠦ᠂ ᠰᠦᠢᠳᠬᠡᠯ ᠬᠤᠷᠢᠶᠠᠬᠤ ᠥᠬᠡᠶ ᠲᠠᠮᠠᠭ᠎ᠠ ᠳᠠᠷᠤᠬᠤ ᠵᠡᠷᠭᠡ ᠲᠠᠯ᠎ᠠ ᠶᠢᠨ ᠠᠷᠭ᠎ᠠ ᠬᠡᠮᠵᠢᠶ᠎ᠡ ᠪᠠᠷ ᠢᠲᠡᠭᠡᠮᠵᠢ ᠲᠠᠢ ᠬᠥᠮᠦᠰ ᠲᠤ ᠡᠯ᠎ᠡ ᠲᠥᠷᠥᠯ ᠤᠨ ᠦᠢᠯᠡᠴᠢᠯᠡᠭᠡ ᠬᠠᠩᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠥᠬᠦᠮ ᠦᠵᠡᠭᠦᠯᠬᠦ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ᠃ ᠨᠢᠭᠡ᠂ ᠪᠠᠷᠢᠨ ᠬᠦᠢᠴᠡᠳᠬᠡᠵᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠷ ᠠᠷᠠᠳ ᠲᠤ ᠲᠥᠬᠦᠮ ᠦᠵᠡᠭᠦᠯᠵᠦ ᠠᠰᠢᠭᠲᠠᠶ ᠪᠠᠶᠢᠬᠤ ᠶᠢ ᠠᠬᠢᠭᠤᠯᠵᠤ ᠨᠠᠰᠤᠲᠠᠶᠢᠴᠤᠳ ︵ᠵᠡᠮᠳᠡᠭᠴᠦᠳ︶ ᠵᠡᠷᠭᠡ ᠣᠨᠴᠣᠭᠤᠶ ᠬᠥᠮᠦᠰ ᠲᠤ ︿︿ᠪᠠᠷ᠎ᠠ ᠪᠣᠯᠵᠣ ᠬᠦᠢᠴᠡᠳᠬᠡᠬᠦ﹀﹀᠂ ︿︿ᠣᠷᠣᠯᠠᠨ ᠬᠦᠢᠴᠡᠳᠬᠡᠬᠦ﹀﹀᠂ ︿︿ᠬᠡᠷ ᠲᠤᠨᠢ ᠬᠦᠷᠴᠦ ᠬᠦᠢᠴᠡᠳᠬᠡᠬᠦ﹀﹀ ᠶᠢ ᠬᠡᠷᠡᠭᠵᠢᠭᠦᠯᠵᠦ᠂ ︿︿ᠰᠠᠭᠠᠳ ᠥᠬᠡᠶ ᠨᠡᠪᠲᠡᠷᠡᠬᠦ ᠵᠠᠮ﹀﹀ ᠢ ᠨᠡᠪᠲᠡᠷᠡᠭᠦᠯᠵᠦ᠂ ᠮᠥᠷᠯᠡᠨ ᠳ᠋ᠤᠭᠠᠷ ᠠᠪᠬᠤ ᠴᠢᠬᠤᠯᠠ ᠥᠬᠡᠶ᠂ ︿︿ᠪᠠᠷᠢᠨ ᠬᠦᠢᠴᠡᠳᠬᠡᠬᠦ﹀﹀ ᠶᠢ ᠪᠡᠶᠡᠯᠡᠭᠦᠯᠦᠨ᠂ ᠪᠥᠬᠦ ᠶᠠᠪᠤᠴᠠ ᠳᠤ ᠬᠠᠪᠰᠤᠷᠤᠨ ᠬᠦᠢᠴᠡᠳᠬᠡᠵᠦ ᠣᠷᠣᠯᠠᠨ ᠬᠦᠢᠴᠡᠳᠬᠡᠬᠦ ᠶᠢ ᠥᠷᠨᠢᠭᠦᠯᠵᠦ᠂ ᠲᠠᠭᠯᠠᠨ ᠮᠡᠳᠡᠭᠦᠯᠬᠦ ᠮᠠᠲ᠋ᠧᠷᠢᠶᠠᠯ᠂ ᠬᠠᠭᠤᠯᠪᠤᠷᠢᠯᠠᠨ ᠳᠠᠷᠤᠮᠠᠯᠯᠠᠬᠤ ᠵᠡᠷᠭᠡ ᠦᠢᠯᠡᠴᠢᠯᠡᠭᠡ ᠬᠠᠩᠭᠠᠨ᠎ᠠ᠃ ᠬᠠᠪᠰᠤᠷᠤᠨ ᠬᠦᠢᠴᠡᠳᠬᠡᠬᠦ ᠣᠷᠣᠯᠠᠨ ᠬᠦᠢᠴᠡᠳᠬᠡᠬᠦ ᠦᠢᠯᠡᠴᠢᠯᠡᠭᠡ ᠪᠠᠷ ᠳᠠᠮᠵᠢᠭᠤᠯᠤᠨ᠂ ᠲᠤᠬᠠᠶ ᠶᠢᠨ ᠲᠠᠯᠠᠪᠤᠷ ᠲᠤᠨᠢ ᠤᠯᠬᠤ ᠶᠢᠨ ᠠᠷᠭ᠎ᠠ ᠥᠬᠡᠶ ᠭᠡᠷᠡᠴᠢ ᠦᠨᠡᠮᠯᠡᠯ ᠪᠠ ᠴᠤᠬᠤᠯᠠᠪᠤᠷᠢᠯᠠᠭᠰᠠᠨ ᠦᠷ᠎ᠡ ᠳ᠋ᠦᠩ ᠵᠡᠷᠭᠡ ᠮᠠᠲ᠋ᠧᠷᠢᠶᠠᠯ ᠳᠤ ︿︿ᠰᠠᠶᠢᠨ ᠳᠤᠷ᠎ᠠ ᠶᠢᠨ᠂ ᠰᠦᠢᠳᠬᠡᠯ ᠬᠤᠷᠢᠶᠠᠬᠤ ᠥᠬᠡᠶ᠂ ᠥᠨᠳᠥᠷ ᠪᠦᠲᠦᠮᠵᠢᠲᠡᠶ᠂ ᠠᠷᠠᠳ ᠲᠤ ᠲᠥᠬᠦᠮ ᠦᠵᠡᠭᠦᠯᠬᠦ﹀﹀ ᠵᠠᠷᠴᠢᠮ ᠢ ᠵᠢᠷᠤᠮᠯᠠᠨ᠂ ᠣᠯᠠᠨ ᠲᠦᠮᠡᠨ ᠰᠦᠢᠳᠬᠡᠯ ᠬᠤᠷᠢᠶᠠᠬᠤ ᠥᠬᠡᠶ ᠪᠠᠷ ᠰᠢᠤᠳᠠᠨ ᠢᠶᠠᠷ ᠢᠯᠡᠭᠡᠬᠦ ᠦᠢᠯᠡᠴᠢᠯᠡᠭᠡ ᠶᠢ ᠰᠣᠩᠭᠤᠵᠤ᠂ ᠠᠵᠤ ᠠᠬᠤᠶᠢᠯᠠᠯ ᠪᠠ ᠣᠯᠠᠨ ᠲᠦᠮᠡᠨ ᠤ ᠣᠯᠠᠨ ᠤᠳᠠᠭ᠎ᠠ ᠨᠠᠰᠢ ᠴᠠᠰᠢ ᠶᠠᠪᠤᠵᠤ ᠭᠡᠷᠡᠴᠢ ᠠᠪᠬᠤ ᠪᠤᠶᠤ ᠤᠨᠳᠤᠤ ᠭᠠᠵᠠᠷ ᠲᠤ ᠴᠠᠭ ᠲᠤᠬᠠᠶ ᠳᠤᠨᠢ ᠭᠡᠷᠡᠴᠢ ᠠᠪᠴᠤ ᠳᠡᠶᠢᠯᠬᠦ ᠥᠬᠡᠶ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠥᠪᠡᠷ ᠤᠨ ᠥᠷᠲᠡᠭ ᠢ ᠠᠷᠪᠢᠯᠠᠨ᠂ ᠠᠵᠢᠯ ᠶᠠᠪᠤᠳᠠᠯ ᠬᠦᠢᠴᠡᠳᠬᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠪᠣᠯᠤᠨ᠎ᠠ᠃ ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ︿︿ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠵᠠᠭᠠᠯᠳᠤᠯᠭ᠎ᠠ﹀﹀ ᠶᠢᠨ ᠴᠤᠩᠬᠤᠪᠴᠢ ᠪᠠᠶᠢᠭᠤᠯᠵᠤ᠂ ᠠᠵᠤ ᠠᠬᠤᠶᠢᠯᠠᠯ ᠣᠯᠠᠨ ᠲᠦᠮᠡᠨ ᠴᠣᠩᠬᠤᠪᠴᠢ ᠪᠠᠷ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠬᠦᠷᠢᠶᠡᠨ ᠳᠠᠬᠢ ᠪᠣᠯᠵᠤᠭ᠎ᠠ ᠠᠴᠠ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠳᠤ ᠵᠠᠭᠠᠯᠳᠤᠯᠭ᠎ᠠ ᠬᠢᠵᠦ᠂ ᠬᠦᠴᠢᠷᠳᠡᠯᠲᠡᠶ ᠣᠯᠠᠨ ᠲᠦᠮᠡᠨ ᠤ ᠭᠦᠶᠦᠬᠦ ᠤᠳᠠᠭ᠎ᠠ ᠶᠢ ᠪᠠᠭᠠᠰᠬᠠᠨ᠎ᠠ᠃ ᠵᠠᠰᠠᠭ ᠤᠨ ᠶᠠᠪᠤᠳᠠᠯ ᠤᠨ ᠲᠢᠩᠬᠢᠮ ᠤᠨ ᠴᠣᠩᠬᠤᠪᠴᠢ ᠶᠢᠨ ᠪᠦᠬᠦᠯᠢ ᠴᠣᠭᠴᠠ ᠶᠢᠨ ᠬᠡᠪ ᠴᠢᠨᠠᠷ ᠪᠠ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠴᠣᠩᠬᠤᠪᠴᠢ ᠶᠢᠨ ᠠᠵᠢᠯᠲᠠᠨ ᠤ ᠢᠲᠡᠭᠡᠮᠵᠢ ᠶᠢᠨ ᠦᠵᠡᠯ ᠤᠬᠠᠮᠰᠠᠷ ᠢ ᠴᠢᠩᠭᠠᠳᠬᠠᠬᠤ ᠶᠢ ᠬᠥᠲᠥᠯᠥᠨ ᠵᠢᠯᠣᠭᠤᠳᠬᠤ ᠪᠠ ᠠᠬᠢᠭᠤᠯᠵᠤ᠂ ᠢᠲᠡᠭᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠦᠨᠡᠨᠴᠢ ᠢᠲᠡᠭᠡᠮᠵᠢᠲᠡᠶ ᠪᠠᠷ ᠠᠵᠢᠯ ᠶᠠᠪᠤᠳᠠᠯ ᠬᠦᠢᠴᠡᠳᠬᠡᠬᠦ ᠣᠷᠴᠢᠨ ᠲᠣᠭᠤᠷᠢᠨ ᠢ ᠪᠤᠢ ᠪᠣᠯᠭᠠᠵᠤ᠂ ᠠᠵᠤ ᠠᠬᠤᠶᠢᠯᠠᠯ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠰᠢᠭᠤᠳ ᠬᠦᠷᠭᠡᠬᠦ ᠵᠠᠮ ᠮᠥᠷ ᠢ ᠰᠢᠯᠤᠭᠤᠳᠬᠠᠨ᠎ᠠ᠃ ᠣᠲᠣ ᠪᠣᠯᠲᠠᠯ᠎ᠠ ᠠᠵᠤ ᠠᠬᠤᠶᠢᠯᠠᠯ ᠳᠤ 2199 ᠬᠠᠪᠰᠤᠷᠤᠨ ᠬᠦᠢᠴᠡᠳᠬᠡᠬᠦ ᠪᠠ ᠣᠷᠣᠯᠠᠨ ᠬᠦᠢᠴᠡᠳᠬᠡᠬᠦ ᠦᠢᠯᠡᠴᠢᠯᠡᠭᠡ ᠬᠠᠩᠭᠠᠵᠤ᠂ 4480 ᠬᠤᠪᠢ ᠬᠠᠪᠰᠤᠷᠤᠨ ᠬᠦᠢᠴᠡᠳᠬᠡᠬᠦ ᠪᠠ ᠣᠷᠣᠯᠠᠨ ᠬᠦᠢᠴᠡᠳᠬᠡᠬᠦ ᠦᠢᠯᠡᠴᠢᠯᠡᠭᠡ ᠬᠠᠩᠭᠠᠵᠤ᠂ 16 ᠬᠤᠪᠢ ᠠᠵᠤ ᠠᠬᠤᠶᠢᠯᠠᠯ ᠪᠠ ᠣᠯᠠᠨ ᠲᠦᠮᠡᠨ ᠳᠤ ᠰᠦᠢᠳᠬᠡᠯ ᠬᠤᠷᠢᠶᠠᠬᠤ ᠥᠬᠡᠶ ᠪᠠᠷ ᠰᠢᠤᠳᠠᠨ ᠦᠢᠯᠡᠴᠢᠯᠡᠭᠡ ᠬᠠᠩᠭᠠᠪᠠ᠃ ᠬᠤᠶᠠᠷ᠂ ᠬᠠᠤᠯᠢ ᠲᠣᠭᠲᠠᠭᠠᠯ ᠶᠣᠰᠣᠭᠠᠷ᠂ ᠠᠷᠠᠳ ᠲᠤ ᠲᠥᠬᠦᠮ ᠦᠵᠡᠭᠦᠯᠬᠦ ᠶᠢ ᠥᠨᠳᠥᠷ ᠪᠦᠲᠦᠮᠵᠢᠲᠡᠶ ᠪᠠᠶᠢᠯᠭᠠᠵᠤ᠂ ︿︿ᠢᠲᠡᠭᠡᠮᠵᠢ + ᠬᠢᠨᠠᠨ ᠵᠥᠪᠰᠢᠶᠡᠷᠡᠬᠦ﹀﹀ ᠦᠢᠯᠡᠴᠢᠯᠡᠭᠡᠨ ᠤ ︿︿ᠳᠤᠲᠠᠭᠳᠠᠯ ᠢ ᠭᠥᠯᠢᠶᠡᠨ ᠠᠪᠴᠤ ᠰᠢᠢᠳᠪᠦᠷᠢᠯᠡᠬᠦ + ᠮᠡᠳᠡᠭᠳᠡᠬᠦ ᠠᠮᠠᠯᠠᠯᠲᠠ﹀﹀ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠳᠥᠭᠦᠮᠴᠢᠯᠡᠵᠦ᠂ ᠮᠠᠲ᠋ᠧᠷᠢᠶᠠᠯ ᠢ ᠨᠥᠬᠦᠪᠥᠷᠢᠯᠡᠨ ᠵᠠᠯᠠᠷᠠᠭᠤᠯᠬᠤ ᠠᠷᠭ᠎ᠠ ᠮᠠᠶ᠋ᠢᠭ ᠪᠠ ᠠᠷᠭ᠎ᠠ ᠵᠠᠮ ᠢ ᠥᠷᠭᠡᠳᠬᠡᠨ᠂ ᠭᠤᠶᠤᠴᠢᠯᠠᠭᠴᠢ ᠶᠢᠨ ᠰᠢᠤᠳᠠᠨ ᠢᠶᠠᠷ ᠢᠯᠡᠭᠡᠬᠦ᠂ ᠡᠯᠧᠺᠲᠷᠣᠨ ᠢᠶᠠᠷ ᠰᠢᠷᠪᠢᠬᠦ ᠵᠡᠷᠭᠡ ᠠᠷᠭ᠎ᠠ ᠮᠠᠶ᠋ᠢᠭ ᠢᠶᠠᠷ ᠮᠠᠲ᠋ᠧᠷᠢᠶᠠᠯ ᠢᠶᠠᠨ ᠨᠥᠬᠦᠪᠥᠷᠢᠯᠡᠨ ᠵᠠᠯᠠᠷᠠᠭᠤᠯᠬᠤ ᠶᠢ ᠵᠥᠪᠰᠢᠶᠡᠷᠡᠵᠦ᠂ ︿︿ᠰᠢᠯᠢ ᠶᠢᠨ ᠬᠤᠲᠠ ᠳᠤᠲᠠᠭᠳᠠᠯ ᠢ ᠭᠥᠯᠢᠶᠡᠨ ᠠᠪᠴᠤ ᠰᠢᠢᠳᠪᠦᠷᠢᠯᠡᠬᠦ  ᠬᠦᠢᠴᠡᠳᠬᠡᠬᠦ ᠠᠮᠠᠯᠠᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ﹀﹀ ᠢ ᠳᠠᠷᠤᠮᠠᠯᠯᠠᠨ ᠲᠠᠷᠬᠠᠭᠠᠵᠤ᠂ ︿︿ᠳᠤᠲᠠᠭᠳᠠᠯ ᠢ ᠭᠥᠯᠢᠶᠡᠨ ᠠᠪᠴᠤ ᠰᠢᠢᠳᠪᠦᠷᠢᠯᠡᠬᠦ﹀﹀ ᠪᠠ ︿︿ᠮᠡᠳᠡᠭᠳᠡᠬᠦ ᠠᠮᠠᠯᠠᠯᠲᠠ﹀﹀ ᠵᠦᠢᠯᠡᠰ ᠤᠨ ᠬᠡᠷᠡᠭᠯᠡᠬᠦ ᠬᠡᠪᠴᠢᠶ᠎ᠡ᠂ ᠭᠤᠤᠯ ᠠᠭᠤᠯᠭ᠎ᠠ᠂ ᠠᠵᠢᠯ ᠤᠨ ᠱᠠᠭᠠᠷᠳᠠᠯᠭ᠎ᠠ ᠵᠡᠷᠭᠡ ᠶᠢ ᠲᠣᠳᠣᠷᠬᠠᠶᠢᠯᠠᠵᠤ᠂ ︿︿ᠳᠤᠲᠠᠭᠳᠠᠯ ᠢ ᠭᠥᠯᠢᠶᠡᠨ ᠠᠪᠴᠤ ᠰᠢᠢᠳᠪᠦᠷᠢᠯᠡᠬᠦ﹀﹀᠂ ︿︿ᠮᠡᠳᠡᠭᠳᠡᠬᠦ ᠠᠮᠠᠯᠠᠯᠲᠠ﹀﹀ ᠠᠵᠢᠯ ᠢ ᠵᠢᠷᠤᠮᠯᠠᠬᠤ ᠲᠦᠷᠢᠮ ᠲᠠᠢ᠂ ᠯᠠᠪᠳᠠᠭᠤᠨ ᠢᠶᠠᠷ ᠠᠬᠢᠭᠤᠯᠤᠨ᠂ ᠭᠤᠶᠤᠴᠢᠯᠠᠭᠴᠢ ᠶᠢᠨ ᠮᠠᠲ᠋ᠧᠷᠢᠶᠠᠯ ᠨᠢ ᠪᠦᠷᠢᠨ ᠪᠤᠰᠤ ᠠᠴᠠ ᠪᠣᠯᠵᠣ ︿︿ᠲᠠᠯᠠᠭᠠᠷ ᠭᠦᠶᠦᠬᠦ﹀﹀  ︿︿ᠣᠯᠠᠨᠲᠠ ᠭᠦᠶᠦᠬᠦ ﹀﹀ ᠠᠰᠠᠭᠤᠳᠠᠯ ᠶᠢ ᠪᠦᠲᠦᠮᠵᠢᠲᠡᠶ ᠰᠢᠢᠳᠪᠦᠷᠢᠯᠡᠪᠡ᠃ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ᠂ ᠲᠥᠷᠥ ᠶᠢᠨ ᠪᠣᠳᠣᠯᠭ᠎ᠠ᠂ ᠲᠦᠭᠰᠢᠭᠦᠷᠢ ᠶᠢ ᠡᠵᠡᠮᠳᠡᠵᠦ ᠪᠣᠯᠬᠤ ᠤᠷᠢᠲᠠᠯ ᠳᠣᠣᠷ᠎ᠠ᠂ ᠢᠲᠡᠭᠡᠮᠵᠢ ᠶᠢᠨ ᠠᠮᠠᠯᠠᠯᠲᠠ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠬᠠᠪᠰᠤᠷᠤᠨ ᠠᠬᠢᠭᠤᠯᠵᠤ᠂ ᠢᠲᠡᠭᠡᠮᠵᠢ ᠶᠢᠨ ᠠᠮᠠᠯᠠᠯᠲᠠ ᠪᠠᠷ ︿︿ᠳᠤᠲᠠᠭᠳᠠᠯ ᠢ ᠬᠦᠯᠢᠶᠡᠨ ᠠᠪᠴᠤ ᠰᠢᠢᠳᠪᠦᠷᠢᠯᠡᠬᠦ﹀﹀ ᠪᠠ ︿︿ ᠮᠡᠳᠡᠭᠳᠡᠬᠦ ᠠᠮᠠᠯᠠᠯᠲᠠ﹀﹀ ᠶᠢ ᠬᠡᠷᠡᠭᠵᠢᠭᠦᠯᠬᠦ ᠶᠢᠨ ᠴᠢᠬᠤᠯᠠ ᠠᠷᠭ᠎ᠠ ᠪᠠᠷᠢᠯ ᠪᠣᠯᠭᠠᠵᠤ᠂ ᠢᠲᠡᠭᠡᠮᠵᠢ ᠶᠢᠨ ᠰᠢᠰᠲ᠋ᠧᠮᠵᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠲᠠᠨᠢᠯᠲᠠ ᠪᠠ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠪᠣᠯᠤᠨ ᠬᠤᠪᠢ ᠬᠥᠮᠦᠨ ᠢ ᠬᠥᠲᠥᠯᠥᠨ ᠵᠢᠯᠣᠭᠤᠳᠴᠤ ᠪᠠᠶᠢᠭᠠᠳ ᠢᠲᠡᠭᠡᠮᠵᠢ ᠶᠢᠨ ᠳᠦᠷᠢᠮ ᠢ ᠤᠬᠠᠮᠰᠠᠷ ᠠᠴᠠ ᠪᠠᠨ ᠰᠠᠬᠢᠭᠤᠯᠵᠤ᠂ ᠪᠣᠳᠠᠲᠠᠶ ᠪᠠᠨ ᠦᠨᠳᠦᠰᠦᠯᠡᠨ ᠢᠲᠡᠭᠡᠮᠵᠢ ᠪᠠᠷ ᠰᠠᠶᠢᠨ ᠠᠵᠤ ᠠᠬᠤᠶᠢᠯᠠᠯ ᠪᠣᠯᠤᠨ ᠬᠤᠪᠢ ᠬᠥᠮᠦᠨ ᠳᠤ ᠳᠤᠲᠠᠭᠳᠠᠯ ᠢ ᠪᠠᠭᠲᠠᠭᠠᠬᠤ᠂ ᠮᠡᠳᠡᠭᠳᠡᠬᠦ ᠠᠮᠠᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ︿︿ᠠᠮᠠᠯᠠᠯᠲᠠ ᠶᠢᠨ ᠪᠢᠴᠢᠭ﹀﹀᠂ ︿︿ᠮᠠᠲ᠋ᠧᠷᠢᠶᠠᠯ ᠨᠥᠬᠦᠪᠥᠷᠢᠯᠡᠬᠦ ᠮᠡᠳᠡᠭᠳᠡᠯ ᠤᠨ ᠪᠢᠴᠢᠭ﹀﹀ ᠲᠤ ᠭᠠᠷ ᠤᠨ ᠦᠰᠦᠭ ᠵᠢᠷᠤᠭᠤᠯᠵᠤ᠂ ᠭᠤᠶᠤᠴᠢᠯᠠᠯ ᠤᠨ ᠮᠠᠲ᠋ᠧᠷᠢᠶᠠᠯ ᠢ ᠳᠠᠷᠠᠭᠠᠴᠢ ᠪᠠᠷ ᠨᠥᠬᠦᠪᠥᠷᠢᠯᠡᠬᠦ ᠪᠤᠶᠤ ᠲᠤᠰᠢᠶᠠᠬᠤ ᠠᠴᠠ ᠬᠡᠯᠲᠦᠷᠢᠭᠦᠯᠵᠦ᠂ ᠪᠣᠳᠠᠲᠠᠶ ᠬᠢᠨᠠᠨ ᠪᠠᠶᠢᠴᠠᠭᠠᠭᠠᠳ ᠳᠠᠷᠠᠭ᠎ᠠ ᠨᠢ ᠲᠣᠬᠢᠷᠠᠭᠤᠯᠬᠤ ᠪᠤᠶᠤ ᠬᠡᠯᠲᠦᠷᠢᠭᠦᠯᠬᠦ ᠶᠢ ᠪᠡᠶᠡᠯᠡᠭᠦᠯᠦᠨ᠂ ᠡᠮᠦᠨ᠎ᠡ ᠬᠤᠭᠤᠴᠠᠭᠠᠨ ᠤ ᠬᠢᠨᠠᠨ ᠵᠥᠪᠰᠢᠶᠡᠷᠡᠬᠦ ᠭᠤᠭᠴᠤᠭ᠎ᠠ ᠶᠢ ᠪᠠᠭᠠᠰᠬᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠣᠳᠣᠬᠠᠨ ᠪᠣᠯᠲᠠᠯ᠎ᠠ᠂ ᠨᠢᠭᠡᠨᠲᠡ 93 ᠵᠦᠢᠯ ᠤᠨ  ᠮᠠᠲ᠋ᠧᠷᠢᠶᠠᠯ ᠨᠢ ᠪᠦᠷᠢᠨ ᠪᠤᠰᠤ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠵᠦ 196 ᠵᠦᠢᠯ ᠢ ᠮᠠᠲ᠋ᠧᠷᠢᠶᠠᠯ ᠲᠤᠰᠢᠶᠠᠬᠤ ᠥᠬᠡᠶ ᠪᠠᠷ ᠪᠡᠶᠡᠯᠡᠭᠦᠯᠵᠦ᠂ 774 ᠬᠤᠪᠢ ᠬᠡᠷᠡᠭ ᠬᠦᠢᠴᠡᠳᠬᠡᠬᠦ ᠶᠢ ᠪᠡᠶᠡᠯᠡᠭᠦᠯᠵᠦ᠂ 48 ᠮᠡᠳᠡᠭᠳᠡᠬᠦ ᠠᠮᠠᠯᠠᠯᠲᠠ ᠬᠢᠭᠰᠡᠨ ᠵᠦᠢᠯᠡᠰ ᠤᠨ 115 ᠮᠠᠲ᠋ᠧᠷᠢᠶᠠᠯ ᠢ ᠲᠠᠷᠠᠭᠠᠴᠢ ᠪᠠᠷ ᠬᠢᠨᠠᠨ ᠪᠠᠶᠢᠴᠠᠭᠠᠬᠤ ᠪᠤᠶᠤ ᠭᠡᠯᠳᠦᠷᠢᠭᠦᠯᠵᠦ᠂ 14076 ᠬᠤᠪᠢ ᠬᠡᠷᠡᠭ ᠬᠦᠢᠴᠡᠳᠬᠡᠬᠦ ᠶᠢ ᠪᠡᠶᠡᠯᠡᠭᠦᠯᠵᠦ᠂ ᠨᠠᠷᠢᠨ ᠬᠠᠭᠤᠳᠠᠰᠤ ᠶᠢ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠵᠡᠷᠭᠡ ᠲᠠᠪᠴᠠᠩ ᠢᠶᠠᠷ ᠳᠠᠮᠵᠢᠭᠤᠯᠤᠨ ᠢᠯᠡ ᠪᠠᠷ ᠨᠡᠶᠢᠲᠡᠯᠡᠵᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠬᠡᠷᠡᠭ ᠬᠦᠢᠴᠡᠳᠬᠡᠬᠦ ᠳᠤ ᠲᠥᠬᠦᠮ ᠦᠵᠡᠭᠦᠯᠦᠨ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠲᠤᠬᠠᠶᠢᠯᠠᠭᠰᠠᠨ ᠠᠵᠢᠯ ᠢ ᠬᠦᠢᠴᠡᠳᠬᠡᠬᠦ ᠳᠤ ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ︿︿ᠲᠥᠬᠦᠮ ᠡᠭᠦᠳᠡ﹀﹀ ᠶᠢ ᠨᠡᠭᠡᠭᠡᠪᠡ᠃ ᠭᠤᠷᠪᠠ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ︿︿ᠲᠠᠨ ᠢ ᠬᠠᠪᠰᠤᠷᠤᠨ ᠬᠦᠢᠴᠡᠳᠬᠡᠬᠦ﹀﹀ ᠴᠣᠩᠬᠤ ᠭᠠᠷᠭᠠᠬᠤ ᠶᠢᠨ ᠬᠠᠮᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠲᠠᠨ ᠢ ᠬᠠᠪᠰᠤᠷᠤᠨ ᠬᠦᠢᠴᠡᠳᠬᠡᠬᠦ ᠲᠤᠰᠬᠠᠶ ᠲᠣᠭᠤᠷᠢᠭ ᠭᠠᠷᠭᠠᠵᠤ᠂ 21 ᠬᠥᠮᠦᠨ ᠤ ᠲᠤᠰᠬᠠᠶ ᠮᠡᠷᠭᠡᠵᠢᠯ ᠤᠨ ᠢᠨᠵᠧᠨᠧᠷᠢᠩ ᠤᠨ ᠲᠥᠷᠥᠯ ᠵᠦᠢᠯ ᠤᠨ ᠬᠠᠪᠰᠤᠷᠤᠨ ᠬᠦᠢᠴᠡᠳᠬᠡᠬᠦ ᠣᠷᠣᠯᠠᠨ ᠬᠦᠢᠴᠡᠳᠬᠡᠬᠦ ᠡᠩᠨᠡᠭᠡ ᠶᠢ ᠪᠠᠶᠢᠭᠤᠯᠵᠤ᠂ ᠬᠠᠪᠰᠤᠷᠤᠨ ᠬᠦᠢᠴᠡᠳᠬᠡᠬᠦ ᠣᠷᠣᠯᠠᠨ ᠬᠦᠢᠴᠡᠳᠬᠡᠬᠦ ᠦᠢᠯᠡᠴᠢᠯᠡᠭᠡᠨ ᠤ ᠬᠡᠪᠴᠢᠶ᠎ᠡ᠂ ᠡᠭᠦᠷᠭᠡ ᠬᠠᠷᠢᠭᠤᠴᠠᠯᠭ᠎ᠠ ᠵᠢᠴᠢ ᠴᠤᠪᠤᠷᠠᠯ ᠢ ᠨᠠᠷᠢᠯᠢᠭᠵᠢᠭᠤᠯᠤᠨ᠂ ᠬᠠᠪᠰᠤᠷᠤᠨ ᠬᠦᠢᠴᠡᠳᠬᠡᠬᠦ ᠪᠠ ᠣᠷᠣᠯᠠᠨ ᠬᠦᠢᠴᠡᠳᠬᠡᠬᠦ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠪᠠ᠃ ᠬᠠᠪᠰᠤᠷᠤᠨ ᠬᠦᠢᠴᠡᠳᠬᠡᠬᠦ ᠣᠷᠣᠯᠠᠨ ᠬᠦᠢᠴᠡᠳᠬᠡᠬᠦ ᠠᠵᠢᠯᠲᠠᠨ ᠨᠢ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠪᠠ ᠦᠨᠡᠨᠴᠢ ᠢᠲᠡᠭᠡᠮᠵᠢ ᠶᠢᠨ ᠬᠤᠪᠢ ᠬᠥᠮᠦᠨ ᠳᠤ ᠲᠤᠬᠠᠶᠢᠯᠠᠭᠰᠠᠨ ᠠᠵᠢᠯ ᠤᠨ ᠯᠠᠪᠯᠠᠯᠭ᠎ᠠ ᠬᠠᠩᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠨᠡᠪᠲᠡᠷᠡᠯᠴᠡᠨ ᠬᠠᠷᠢᠯᠴᠠᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠠᠬᠢᠴᠠ ᠶᠢ ᠮᠥᠷᠳᠡᠵᠦ᠂ ᠬᠤᠯᠪᠣᠭᠳᠠᠯ ᠪᠥᠬᠦᠶ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠨ᠎ᠡ᠃ ᠨᠥᠬᠦᠴᠡᠯ ᠳᠤ ᠨᠡᠶᠢᠴᠡᠬᠦ ᠮᠥᠷᠲᠡᠭᠡᠨ ᠢᠲᠡᠭᠡᠮᠵᠢ ᠶᠢᠨ ᠠᠮᠠᠯᠠᠯᠲᠠ ᠬᠢᠭᠰᠡᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠪᠠ ᠦᠨᠡᠨᠴᠢ ᠢᠲᠡᠭᠡᠮᠵᠢ ᠶᠢᠨ ᠬᠤᠪᠢ ᠬᠥᠮᠦᠨ ᠤ ᠬᠠᠤᠯᠢ ᠴᠠᠭᠠᠵᠠ ᠬᠠᠤᠯᠢ ᠲᠣᠭᠲᠠᠭᠠᠯ ᠳᠤ ᠬᠠᠩᠭᠠᠬᠤ ᠪᠠᠷ ᠱᠠᠭᠠᠷᠳᠠᠭᠰᠠᠨ ᠮᠠᠲ᠋ᠧᠷᠢᠶᠠᠯ ᠠᠴᠠ ᠭᠠᠳᠠᠨ᠎ᠠ᠂ ᠬᠡᠰᠡᠭ ᠮᠡᠳᠡᠭᠦᠯᠬᠦ ᠮᠠᠲ᠋ᠧᠷᠢᠶᠠᠯ ᠨᠢ ᠪᠦᠷᠢᠨ ᠪᠤᠰᠤ ᠪᠠᠶᠢᠪᠠᠯ᠂ ᠪᠢᠴᠢᠭᠯᠡᠭᠰᠡᠨ ᠠᠮᠠᠯᠠᠯᠲᠠ ᠨᠢ ᠲᠣᠭᠲᠠᠭᠰᠠᠨ ᠬᠤᠭᠤᠴᠠᠭᠠᠨ ᠳᠤ ᠬᠠᠮᠢᠶ᠎ᠠ ᠪᠥᠬᠦᠶ ᠮᠠᠲ᠋ᠧᠷᠢᠶᠠᠯ ᠬᠠᠩᠭᠠᠵᠤ ᠳᠡᠶᠢᠯᠬᠦ ᠶᠢ ᠨᠢ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠵᠦ᠂ ︿︿ᠢᠲᠡᠭᠡᠮᠵᠢ ᠶᠢᠨ ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠢᠲᠡᠭᠡᠮᠵᠢ ᠲᠠᠢ ᠭᠤᠤᠯ ᠴᠣᠭᠴᠠ ᠶᠢ ᠳᠤᠲᠠᠭᠤ ᠭᠦᠶᠦᠯᠭᠡᠬᠦ﹀﹀ ᠶᠢ ᠦᠨᠡᠨᠬᠦ ᠪᠡᠶᠡᠯᠡᠭᠦᠯᠦᠨ᠎ᠡ᠃ ᠡᠭᠦᠨ ᠤ ᠬᠠᠮᠲᠤ ᠵᠥᠪᠳᠡᠯᠴᠡᠨ ᠬᠠᠮᠲᠤᠷᠠᠨ ᠬᠢᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠱᠠᠲᠤ ᠠᠯᠤᠰᠯᠠᠨ᠂ ᠭᠠᠵᠠᠷ ᠣᠷᠣᠨ ᠠᠯᠤᠰᠯᠠᠨ ᠬᠢᠨᠠᠨ ᠵᠥᠪᠰᠢᠶᠡᠷᠡᠬᠦ ᠭᠠᠷᠳᠠᠮ ᠭᠦᠢᠴᠡᠳᠬᠡᠬᠦ ᠴᠢᠬᠤᠯᠠ ᠲᠠᠢ ᠭᠤᠣᠯᠳᠠᠯᠭ᠎ᠠ ᠲᠠᠢ ᠲᠥᠷᠥᠯ ᠵᠦᠢᠯ ᠳᠤ ᠴᠢᠭᠯᠡᠭᠦᠯᠦᠨ᠂ ᠬᠤᠲᠠ ᠶᠢᠨ ᠶᠠᠪᠤᠳᠠᠯ ᠤᠨ ᠦᠢᠯᠡᠴᠢᠯᠡᠭᠡᠨ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠨᠢᠭᠡᠳᠦᠮᠡᠯ ᠹᠷᠣᠨᠲ ᠤᠨ ᠬᠡᠯᠲᠡᠰ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠲᠣᠬᠢᠷᠠᠭᠤᠯᠤᠯᠲᠠ ᠶᠢᠨ ᠬᠤᠷᠠᠯ ᠢ ᠴᠠᠭ ᠲᠤᠨᠢ ᠲᠣᠬᠢᠷᠠᠭᠤᠯᠤᠨ ᠬᠤᠷᠠᠯᠳᠤᠭᠤᠯᠵᠤ᠂ ᠰᠢᠨ᠎ᠡ ᠪᠠᠷ ᠪᠠᠶᠢᠭᠤᠯᠬᠤ ᠪᠠ ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠬᠤᠯᠪᠣᠭᠳᠠᠬᠤ ᠲᠥᠷᠥᠯ ᠵᠦᠢᠯ ᠲᠣᠭᠲᠠᠭᠠᠬᠤ᠂ ᠭᠠᠵᠠᠷ ᠬᠡᠷᠡᠭᠯᠡᠬᠦ᠂ ᠲᠥᠯᠥᠪᠵᠢᠭᠦᠯᠭᠡ ᠬᠢᠬᠦ᠂ ᠪᠠᠷᠢᠯᠭ᠎ᠠ ᠪᠠᠷᠢᠬᠤ ᠵᠥᠪᠰᠢᠶᠡᠷᠡᠯ᠂ ᠬᠥᠷᠥᠰᠥ ᠰᠢᠷᠣᠶ ᠶᠢ ᠬᠠᠮᠠᠭᠠᠯᠠᠬᠤ ᠵᠡᠷᠭᠡ ᠳᠤ ᠲᠥᠪᠯᠡᠷᠡᠭᠦᠯᠦᠨ ᠬᠠᠮᠲᠤᠷᠠᠨ ᠬᠢᠨᠠᠨ ᠵᠥᠪᠰᠢᠶᠡᠷᠡᠵᠦ᠂ ᠬᠠᠮᠵᠢᠯᠴᠠᠬᠤ ᠳᠤ ᠬᠦᠴᠢᠷᠲᠡᠶ ᠪᠤᠶᠤ ᠣᠯᠠᠨ ᠤᠳᠠᠭ᠎ᠠ ᠵᠣᠬᠢᠴᠠᠭᠤᠯᠤᠨ ᠰᠢᠢᠳᠪᠦᠷᠢᠯᠡᠭᠡᠳ ᠠᠮᠵᠢᠯᠲᠠ ᠣᠯᠤᠭᠰᠠᠨ ᠦᠭᠡᠶ ᠪᠣᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠳᠤ ᠳᠡᠪᠰᠢᠭᠦᠯᠦᠨ ᠲᠤᠰᠬᠠᠶ ᠰᠡᠳᠦᠪᠲᠦ ᠵᠣᠬᠢᠴᠠᠭᠤᠯᠬᠤ ᠬᠤᠷᠠᠯ ᠬᠤᠷᠠᠯᠳᠤᠭᠤᠯᠵᠤ ᠲᠦᠯᠬᠢᠨ ᠠᠬᠢᠭᠤᠯᠵᠤ᠂ ᠬᠥᠨᠳᠡᠯᠡᠨ ᠢᠶᠠᠷ ᠬᠠᠮᠵᠢᠯᠴᠠᠭᠰᠠᠨ ᠬᠠᠮᠲᠤᠷᠠᠨ ᠶᠠᠷᠢᠯᠴᠠᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠵᠠᠷᠢᠮ ᠴᠢᠬᠤᠯᠠ ᠶᠡᠭᠡ ᠲᠥᠷᠥᠯ ᠵᠦᠢᠯ ᠤᠨ ᠨᠠᠶᠢᠳᠠᠪᠤᠷᠢᠵᠢᠭᠤᠯᠤᠭᠳᠠᠬᠤ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠶ᠃ ᠣᠲᠣ ᠪᠣᠯᠲᠠᠯ᠎ᠠ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ 284 ᠬᠤᠪᠢ ᠬᠢᠨᠠᠨ ᠵᠥᠪᠰᠢᠶᠡᠷᠡᠵᠦ ᠬᠠᠪᠰᠤᠷᠤᠨ ᠬᠦᠢᠴᠡᠳᠬᠡᠵᠦ ᠣᠷᠣᠯᠠᠨ ᠬᠦᠢᠴᠡᠳᠬᠡᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号