ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠰᠢᠯᠢ ᠶᠢᠨ ᠬᠤᠲᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/10/19
     ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠬᠡᠷ ᠲᠤ᠄      ᠬᠦᠨᠳᠦ ᠶᠡᠭᠡ ᠪᠠᠶᠢᠭᠠᠯᠢ ᠶᠢᠨ ᠭᠠᠮᠰᠢᠭ᠂ ᠬᠦᠨᠳᠦ ᠶᠡᠭᠡ ᠬᠢᠵᠢᠭ ᠤᠨ ᠪᠠᠶᠢᠳᠠᠯ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠪᠤᠶᠤ ᠪᠤᠰᠤᠳ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠡᠪ ᠤᠨ ᠪᠤᠰᠤ ᠬᠡᠯᠪᠡᠯᠵᠡᠯ ᠡᠭᠦᠰᠦᠭᠰᠡᠨ ᠢ ᠴᠠᠭ ᠲᠤᠬᠠᠶ ᠳᠤᠨᠢ ᠪᠦᠲᠦᠮᠵᠢᠲᠡᠶ ᠠᠷᠭᠠᠴᠠᠵᠤ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠦᠨᠡᠨᠬᠦ ᠪᠠᠲᠤᠯᠠᠬᠤ ᠶᠢᠨ ᠲᠤᠰᠠᠳᠠ᠂ ᠵᠠᠰᠠᠭ ᠤᠨ ᠣᠷᠳᠣᠨ ᠤ ᠤᠳᠤᠷᠢᠳᠤᠯᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︿︿ᠰᠢᠯᠢ ᠶᠢᠨ ᠬᠤᠲᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ﹀﹀ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠡᠯᠡᠳᠬᠡᠯ ᠲᠥᠰᠦᠯ ᠳᠤ ᠲᠣᠳᠣᠷᠬᠠᠶᠢᠯᠠᠭᠰᠠᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠬᠠᠷᠢᠴᠠᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃      ᠳᠠᠭᠠᠯᠳᠤᠭᠤᠯᠤᠯ᠄     ᠰᠢᠯᠢ ᠶᠢᠨ ᠬᠤᠲᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠲᠥᠰᠦᠯ      ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ      2024 ᠣᠨ ᠤ 10 ᠰᠠᠷ᠎ᠠ ᠶᠢᠨ 8  ᠤ ᠡᠳᠦᠷ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号