ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢᠨ | ᠲᠠᠰᠢᠷᠠᠮ ᠳᠤ᠂ 9 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠬᠢᠩᠭᠠᠨ᠂ | ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠳᠡᠳ᠋ ᠡᠷᠬᠢᠯᠡᠭᠴᠢ᠂ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠪᠦᠷᠢᠨᠵᠢᠨ᠂ ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠬᠢᠯᠡᠭᠴᠢ ᠲᠣᠭᠳᠠᠭᠤᠨᠪᠠᠶᠠᠷ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠤᠤ ᠭᠦᠸᠧ ᠵᠦ ᠵᠡᠷᠭᠡ ᠲᠦᠷᠪᠡᠨ ᠶᠡᠭᠡ | ᠤᠳᠤᠷᠢᠳᠬᠤ ᠪᠠᠭ ᠤᠨ ᠤᠳᠤᠷᠢᠳᠤᠯᠭ᠎ᠠ ᠲᠤᠰ ᠲᠤᠰ ᠰᠢᠯᠢ ᠶᠢᠨ ᠭᠤᠣᠯ ᠳᠤ ᠰᠠᠭᠤᠭ᠎ᠠ ᠴᠡᠷᠢᠭ ᠠᠩᠬᠢ᠂ ᠠᠬᠠᠮᠠᠳ | ᠨᠠᠮ ᠤᠨ ᠭᠡᠰᠢᠭᠦᠨ᠂ ᠠᠬᠠᠮᠠᠳ ᠺᠠᠳ᠋ᠷ᠂ ᠶᠣᠰᠣ ᠰᠤᠷᠲᠠᠬᠤᠨ ᠤ ᠵᠢᠱᠢᠶᠡᠴᠢ᠂ ᠲᠡᠷᠢᠭᠦᠨ ᠤ ᠠᠵᠢᠯᠳᠠᠨ᠂ ᠠᠯᠪᠠᠨ | ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠭᠦᠨ ᠺᠠᠳ᠋ᠷ ᠤᠨ ᠭᠡᠷ ᠪᠦᠯᠢ ᠶᠢᠨ ᠬᠢᠨ ᠢ ᠲᠣᠬᠤᠨᠢᠭᠤᠯᠵᠤ᠂ | ᠲᠡᠳᠡᠨ ᠳᠤ ᠪᠠᠶᠠᠷ ᠤᠨ ᠡᠳᠦᠷ ᠤᠨ ᠵᠥᠩᠨᠡᠯ ᠪᠠ ᠡᠷᠬᠢᠮ ᠳᠡᠭᠡᠳᠦ ᠬᠦᠨᠳᠦᠳᠬᠡᠯ ᠲᠡᠪᠰᠢᠭᠦᠯᠪᠡ᠃ | ᠵᠡᠪᠰᠡᠭᠲᠦ ᠴᠠᠭᠳᠠᠭ᠎ᠠ ᠶᠢᠨ ᠰᠢᠯᠢ ᠶᠢᠨ ᠭᠤᠣᠯ ᠤᠨ ᠰᠠᠯᠪᠤᠷᠢ ᠠᠩᠬᠢ ᠳᠤ᠂ ᠬᠢᠩᠭᠠᠨ ᠱᠦᠵᠢ ᠴᠡᠷᠢᠭ | ᠠᠩᠬᠢ ᠶᠢᠨ ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠴᠡᠷᠢᠭ ᠠᠩᠬᠢ ᠶᠢᠨ ᠪᠦᠳᠦᠭᠡᠨ | ᠪᠠᠶᠢᠭᠤᠯᠤᠯᠲᠠ᠂ ᠡᠭᠦᠷᠭᠡ ᠭᠦᠢᠴᠡᠳᠬᠡᠬᠦ ᠪᠣᠯᠪᠠᠰᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠤᠷᠳᠤ | ᠬᠤᠭᠤᠴᠠᠭᠠᠨ ᠤ ᠲᠤᠷᠰᠢ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ᠂ ᠨᠡᠶᠢᠭᠡᠮ ᠤᠨ ᠡᠶ᠎ᠡ | ᠵᠣᠬᠢᠴᠠᠩᠭᠤᠢ ᠲᠣᠭᠲᠠᠭᠤᠨ ᠳᠤ ᠦᠵᠡᠭᠦᠯᠦᠭᠰᠡᠨ ᠲᠤᠪᠤᠶᠢᠮ᠎ᠠ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ | ᠢᠯᠡᠳᠬᠡᠪᠡ᠃ ᠥᠷᠭᠡᠨ ᠤᠯᠠᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠵᠠᠰᠠᠭ ᠢᠶᠠᠨ ᠬᠦᠷᠢᠶᠡᠯᠡᠨ | ᠠᠷᠠᠳ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠰᠢᠯᠭᠠᠷᠠᠭᠰᠠᠨ | ᠰᠤᠷᠲᠠᠯ ᠢᠶᠠᠨ ᠪᠠᠷᠢᠮᠲᠠᠯᠠᠨ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠡᠶᠢᠭᠡᠮ ᠤᠨ ᠲᠣᠭᠲᠠᠭᠤᠨ | ᠪᠠᠶᠢᠳᠠᠯ ᠪᠠ ᠠᠷᠠᠳ ᠤᠯᠠᠨ ᠤ ᠠᠮᠤᠷ ᠲᠠᠶᠢᠪᠤᠩ ᠠᠵᠤ ᠲᠦᠷᠦᠭᠦ ᠶᠢ ᠨᠡᠩ ᠰᠠᠶᠢᠲᠤᠷ ᠬᠠᠮᠠᠭᠠᠯᠠᠬᠤ ᠶᠢ ᠬᠦᠰᠡᠵᠦ | ᠪᠠᠶᠢᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ | ᠠᠩᠭᠢ ᠶᠢᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠴᠡᠷᠢᠭ ᠠᠩᠭᠢ ᠶᠢᠨ ᠪᠠᠴᠢᠮ ᠬᠡᠷᠡᠭᠴᠡᠭᠡ᠂ ᠳᠠᠷᠤᠭ᠎ᠠ | ᠪᠠᠶᠢᠯᠳᠤᠭᠴᠢᠳ ᠤᠨ ᠬᠦᠰᠡᠯ ᠡᠷᠡᠮᠡᠯᠵᠡᠯ ᠳᠤ ᠢᠳᠡᠪᠬᠢᠲᠡᠶ ᠬᠠᠷᠢᠭᠤᠯᠲᠠ ᠥᠭᠴᠦ᠂ ᠡᠯ᠎ᠡ ᠵᠦᠢᠯ ᠤᠨ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠴᠡᠷᠢᠭ ᠵᠠᠰᠠᠭ ᠪᠦᠯᠬᠦᠮᠳᠡᠭᠰᠡᠨ᠂ | ᠴᠡᠷᠢᠭ ᠠᠷᠠᠳ ᠡᠶ᠎ᠡ ᠵᠣᠬᠢᠴᠠᠯ ᠲᠠᠢ᠂ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ᠂ ᠬᠠᠷᠢᠯᠴᠠᠨ ᠠᠬᠢᠭᠤᠯᠵᠤ | ᠬᠠᠮᠲᠤ ᠪᠠᠷ ᠤᠷᠤᠭᠰᠢᠯᠠᠬᠤ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ᠎ᠡ᠃ | ᠪᠦᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ | ᠪᠠᠶᠢᠭ᠎ᠠ ᠰᠠᠶᠢᠨ ᠨᠠᠮ ᠤᠨ ᠡᠭᠦᠷ ᠤᠨ ᠱᠦᠵᠢ ᠰᠡᠴᠡᠨᠪᠠᠭᠠᠲᠤᠷ ᠤᠨ ᠭᠡᠷ ᠲᠤ᠂ ᠬᠢᠩᠭᠠᠨ ᠱᠦᠵᠢ ᠲᠡᠳᠡᠨ ᠤ | ᠦᠢᠯᠡᠳᠪᠦᠷᠢᠯᠡᠯ ᠠᠮᠢᠳᠤᠷᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠨᠠᠷᠠᠨᠪᠤᠯᠠᠭ | ᠭᠠᠴᠠᠭ᠎ᠠ ᠶᠢᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠭᠦᠨ ᠤ ᠦᠨᠳᠦᠰᠦᠨ | ᠱᠠᠲᠤᠨ ᠳᠤ ᠦᠨᠳᠦᠰᠦᠯᠡᠵᠦ᠂ ᠮᠠᠯᠴᠢᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠵᠤ ᠦᠢᠯᠡᠰ ᠢᠶᠠᠨ | ᠬᠥᠭᠵᠢᠭᠦᠯᠵᠦ᠂ ᠬᠠᠮᠲᠤᠪᠠᠷ ᠪᠠᠶᠠᠵᠢᠭᠰᠠᠨ ᠠᠷᠭ᠎ᠠ ᠬᠢᠳᠡᠯ ᠢ ᠭᠦᠢᠴᠡᠳ ᠨᠤᠲᠠᠯᠠᠪᠠ᠃ ᠲᠡᠭᠦᠨ ᠤ ᠵᠢᠱᠢᠶ᠎ᠡ | ᠦᠵᠡᠭᠦᠯᠵᠦ ᠳᠠᠶᠢᠴᠢᠯᠠᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ︽ᠲᠠᠭᠠᠭᠤᠯᠤᠬᠴᠢ︾ ᠪᠠ ᠪᠠᠶᠠᠵᠢᠯ ᠤᠨ ᠲᠠᠭᠠᠭᠤᠯᠤᠬᠴᠢ ᠪᠤᠯᠵᠤ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠯᠢ ᠬᠤᠩ | ᠬᠠᠮᠲᠤ ᠣᠷᠣᠯᠴᠠᠵᠠᠶ᠃ | ᠰᠢᠯᠢᠳᠡᠭ ᠠᠵᠢᠯᠳᠠᠨ ᠪᠦᠦ ᠯᠢ ᠭᠤᠸᠠᠩ ᠤᠨ ᠭᠡᠷ ᠲᠤ᠂ ᠪᠦᠷᠢᠨᠵᠢᠨ ᠲᠡᠭᠦᠨ ᠤ ᠠᠵᠢᠯ ᠠᠮᠢᠳᠤᠷᠠᠯ ᠤᠨ | ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠭᠦᠨ ᠤ ᠠᠵᠢᠯ ᠤᠨ ᠳᠤᠮᠳᠠᠬᠢ ᠳᠤᠪᠤᠶᠢᠮ᠎ᠠ ᠢᠯᠡᠷᠡᠯ ᠢ ᠭᠦᠢᠴᠡᠳ | ᠨᠤᠲᠠᠯᠠᠵᠤ᠂ ᠲᠡᠭᠦᠨ ᠢ ᠢᠷᠠᠭᠤ ᠠᠯᠳᠠᠷ ᠢᠶᠠᠨ ᠨᠠᠨᠳᠢᠩᠨᠠᠵᠤ᠂ ᠵᠢᠱᠢᠶᠡᠴᠢ ᠪᠠᠷ ᠳᠠᠶᠢᠴᠢᠯᠠᠬᠤ ᠦᠢᠯᠡᠳᠦᠯ ᠢᠶᠠᠨ | ᠦᠷᠭᠦᠯᠵᠢᠯᠡᠨ ᠪᠠᠳᠠᠷᠠᠭᠤᠯᠵᠤ᠂ ᠨᠡᠩ ᠤᠯᠠᠨ ᠡᠮᠦᠨ᠎ᠡ ᠹᠷᠣᠨᠲ ᠤᠨ ᠬᠥᠳᠡᠯᠮᠦᠷᠢᠴᠢᠳ ᠢ ᠳᠠᠭᠠᠭᠤᠯᠤᠨ ᠠᠵᠢᠯ ᠤᠨ | ᠪᠠᠶᠢᠷᠢ ᠳᠡᠭᠡᠷ᠎ᠡ ᠪᠠᠨ ᠰᠢᠨ᠎ᠡ ᠠᠮᠵᠢᠯᠲᠠ ᠪᠦᠲᠦᠮᠵᠢ ᠭᠠᠷᠭᠠᠬᠤ ᠶᠢ ᠭᠦᠰᠡᠵᠦ ᠪᠠᠶᠢᠨ᠎ᠠ ᠭᠡᠪᠡ᠃ | ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠭᠦᠨ ᠬᠠᠨᠪᠠᠭᠠᠲᠤᠷ ᠤᠨ ᠭᠡᠷᠭᠡᠢ | ᠠᠯᠳᠠᠨᠳᠣᠶᠠᠭ᠎ᠠ ᠶᠢᠨ ᠭᠡᠷ ᠲᠤ᠂ ᠪᠦᠷᠢᠨᠵᠢᠨ ᠲᠡᠭᠦᠨ ᠲᠠᠢ ᠳᠣᠲᠣᠨᠣᠰᠤᠭ ᠢᠶᠠᠷ ᠶᠠᠷᠢᠯᠴᠠᠵᠤ᠂ ᠲᠡᠭᠦᠨ ᠤ ᠪᠡᠶ᠎ᠡ ᠶᠢᠨ | ᠪᠠᠶᠢᠳᠠᠯ ᠪᠣᠯᠤᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠳᠤ ᠦᠢᠯᠡᠴᠢᠯᠡᠭᠡᠨ ᠤ ᠪᠠᠲᠤᠯᠠᠭ᠎ᠠ ᠶᠢ ᠰᠡᠳᠬᠢᠯ ᠲᠠᠯᠪᠢᠨ ᠰᠠᠶᠢᠲᠤᠷ ᠬᠢᠵᠦ᠂ ᠡᠯ᠎ᠡ | ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠢᠳᠤᠷᠠᠯ ᠤᠨ | ᠳᠤᠮᠳᠠᠬᠢ ᠪᠣᠳᠠᠲᠠᠢ ᠬᠦᠴᠢᠷᠳᠡᠯ ᠢ ᠵᠣᠬᠢᠰᠲᠠᠢ ᠰᠢᠢᠳᠪᠦᠷᠢᠯᠡᠵᠦ᠂ ᠨᠠᠮ ᠤᠨ ᠬᠠᠯᠠᠮᠵᠢᠯᠠᠯ ᠪᠣᠯᠤᠨ ᠬᠠᠶᠢᠷ᠎ᠠ | ᠬᠠᠯᠠᠮᠵᠢ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠠᠬᠢᠪᠠ᠃ ᠳᠠᠷᠠᠭ᠎ᠠ ᠳᠤᠨᠢ᠂ ᠪᠦᠷᠢᠨᠵᠢᠨ | ᠨᠠᠷ ᠰᠢᠯᠢ ᠶᠢᠨ ᠭᠤᠣᠯ ᠤᠨ ᠴᠡᠷᠢᠭ ᠤᠨ ᠬᠤᠪᠢᠶᠠᠷᠢ ᠲᠣᠭᠤᠷᠢᠭ ᠲᠤ ᠬᠦᠷᠴᠦ᠂ ᠪᠦᠬᠦ ᠴᠡᠷᠢᠭ ᠠᠩᠬᠢ ᠶᠢᠨ ᠳᠠᠷᠤᠭ᠎ᠠ | ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠂ | ᠲᠡᠳᠡᠨ ᠤ ᠣᠷᠣᠨ ᠨᠤᠲᠤᠭ ᠤᠨ ᠳᠡᠮᠵᠢᠯᠭᠡ ᠬᠠᠪᠰᠤᠷᠤᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ | ᠴᠡᠷᠢᠭ ᠠᠩᠭᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠨᠡᠪᠲᠡᠷᠡᠯᠴᠡᠭᠡ ᠬᠠᠮᠵᠢᠯᠴᠠᠭ᠎ᠠ ᠪᠠᠨ ᠤᠯᠠᠮ ᠨᠢᠭᠡ | ᠠᠯᠬᠤᠮ ᠴᠢᠩᠭᠠᠳᠬᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ | ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠬᠦ ᠶᠢ ᠬᠦᠰᠡᠵᠦ ᠪᠠᠶᠢᠨ᠎ᠠ᠃ ᠰᠢᠯᠢ ᠶᠢᠨ ᠬᠤᠲᠠ ᠶᠢᠨ ᠬᠢᠨ | ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠥᠷᠭᠡᠨ ᠣᠯᠠᠨ ᠳᠠᠷᠤᠭ᠎ᠠ ᠪᠠᠶᠢᠯᠳᠤᠭᠴᠢᠳ ᠤᠨ ᠬᠤᠶᠢᠰᠢᠳᠠ ᠶᠢᠨ ᠵᠣᠪᠠᠨᠢᠯ ᠢ ᠰᠡᠳᠬᠢᠯ | ᠲᠠᠯᠪᠢᠨ ᠦᠨᠡᠨ ᠰᠡᠳᠬᠢᠯ ᠠᠴᠠ ᠪᠠᠨ ᠰᠢᠢᠳᠪᠦᠷᠢᠯᠡᠵᠦ᠂ ᠪᠣᠳᠠᠲᠠᠶ ᠠᠵᠢᠯᠯᠠᠭ᠎ᠠ ᠪᠠᠷ ᠢᠶᠠᠨ ᠰᠠᠭᠤᠭ᠎ᠠ ᠭᠠᠵᠠᠷ ᠤᠨ | ᠴᠡᠷᠢᠭ ᠠᠩᠭᠢ ᠳᠤ ᠴᠢᠩᠭ᠎ᠠ ᠬᠦᠴᠦᠲᠡᠶ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ ᠭᠡᠪᠡ᠃ | ᠲᠣᠭᠳᠠᠭᠤᠨᠪᠠᠶᠠᠷ ᠡᠩ ᠲᠡᠷᠢᠭᠦᠨ ᠳᠤ ᠰᠢᠯᠢᠳᠡᠭ ᠨᠠᠮ ᠤᠨ ᠠᠵᠢᠯᠲᠠᠳ ᠤᠨ ᠭᠡᠷ ᠲᠤ ᠢᠷᠡᠵᠦ᠂ ᠲᠡᠳᠡᠨ ᠤ | ᠭᠡᠷ ᠤᠨ ᠬᠥᠮᠦᠰ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠬᠦ ᠶᠢᠨ ᠬᠠᠮᠲᠤ ᠲᠣᠬᠤᠨᠢᠭᠤᠯᠬᠤ ᠮᠥᠩᠭᠦ ᠪᠠ | ᠪᠣᠳᠠᠰ ᠬᠦᠷᠭᠡᠵᠦ᠂ ᠲᠡᠳᠡᠨ ᠢ ᠦᠷᠭᠦᠯᠵᠢᠯᠡᠨ ᠨᠠᠮ ᠤᠨ ᠭᠡᠰᠢᠭᠦᠨ ᠤ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ᠂ | ᠰᠠᠶᠢᠨ ᠳᠠᠭᠤᠷᠢᠶᠠᠯ ᠪᠤᠯᠵᠤ᠂ ᠥᠷᠭᠡᠨ ᠤᠯᠠᠨ ᠲᠦᠮᠡᠨ ᠢ ᠳᠠᠭᠠᠭᠤᠯᠤᠨ ᠤᠭ ᠰᠠᠨᠠᠭ᠎ᠠ ᠪᠠᠨ ᠦᠯᠦ ᠮᠠᠷᠲᠠᠵᠤ᠂ | ᠦᠷᠭᠦᠯᠵᠢᠯᠡᠨ ᠤᠷᠤᠭᠰᠢᠯᠠᠬᠤ ᠶᠢ ᠬᠦᠰᠡᠪᠡ᠃ | ᠳᠠᠷᠠᠭ᠎ᠠ ᠳᠤᠨᠢ᠂ ᠲᠣᠭᠳᠠᠭᠤᠨᠪᠠᠶᠠᠷ ᠵᠡᠪᠰᠡᠭᠲᠦ ᠴᠠᠭᠳᠠᠭ᠎ᠠ ᠶᠢᠨ ᠪᠡᠯᠡᠳᠬᠡᠯ ᠶᠡᠭᠡ ᠠᠩᠬᠢ ᠳᠤ ᠰᠢᠯᠵᠢᠵᠦ᠂ ᠵᠡᠪᠰᠡᠭᠲᠦ | ᠴᠠᠭᠳᠠᠭ᠎ᠠ ᠶᠢᠨ ᠪᠠᠶᠢᠯᠳᠤᠭᠴᠢᠳ ᠤᠨ ᠠᠵᠢᠯ ᠠᠮᠢᠳᠤᠷᠠᠯ ᠤᠨ ᠪᠠᠶᠢᠳᠠᠯ ᠢ ᠭᠦᠨᠵᠡᠭᠡᠢ ᠣᠶᠢᠯᠠᠭᠠᠵᠤ᠂ ᠳᠡᠳᠡᠨ ᠳᠤ ᠨᠠᠮ | ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠪᠣᠯᠤᠨ ᠳᠡᠮᠵᠢᠯᠭᠡ ᠶᠢ ᠢᠯᠡᠳᠬᠡᠭᠰᠡᠨ ᠪᠥᠭᠡᠳ ᠲᠣᠬᠤᠨᠢᠭᠤᠯᠬᠤ ᠮᠥᠩᠭᠦ | ᠬᠦᠷᠭᠡᠪᠡ᠃ ᠡᠭᠦᠨ ᠤ ᠬᠠᠮᠲᠤ᠂ ᠤᠷᠳᠤ ᠬᠤᠭᠤᠴᠠᠭᠠᠨ ᠤ ᠲᠤᠷᠰᠢ᠂ ᠥᠷᠭᠡᠨ ᠤᠯᠠᠨ ᠵᠡᠪᠰᠡᠭᠲᠦ ᠴᠠᠭᠳᠠᠭ᠎ᠠ ᠶᠢᠨ | ᠳᠠᠷᠤᠭ᠎ᠠ ᠪᠠᠶᠢᠯᠳᠤᠭᠴᠢᠳ ᠣᠷᠣᠨ ᠨᠤᠲᠤᠭ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠶᠢᠨ | ᠬᠠᠮᠲᠤ ᠲᠡᠭᠦᠨ ᠢ ᠳᠡᠮᠵᠢᠵᠦ᠂ ᠪᠦᠬᠦ ᠬᠤᠳᠠ ᠶᠢᠨ ᠠᠮᠤᠷ ᠲᠦᠪᠰᠢᠨ ᠲᠣᠭᠲᠠᠭᠤᠨ ᠳᠤ ᠢᠳᠡᠪᠬᠢᠲᠡᠢ ᠬᠤᠪᠢ ᠨᠡᠮᠡᠷᠢ | ᠦᠵᠡᠭᠦᠯᠪᠡ᠃ ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠨ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ | ᠪᠣᠯᠤᠨ ᠠᠵᠢᠯ ᠤᠨ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠰᠢᠯᠢᠳᠡᠭ ᠰᠤᠷᠲᠠᠯ ᠢᠶᠠᠨ | ᠦᠷᠭᠦᠯᠵᠢᠯᠡᠨ ᠪᠠᠳᠠᠷᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ ᠦᠢᠯᠡᠳᠦᠯᠭᠡᠵᠢᠭᠦᠯᠵᠦ᠂ ᠰᠢᠯᠢ | ᠶᠢᠨ ᠬᠤᠲᠠ ᠶᠢᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ | ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠤᠯᠤᠰ ᠪᠠᠶᠢᠭᠤᠯᠤᠭᠳᠠᠬᠤ ᠠᠴᠠ ᠡᠮᠦᠨᠡᠬᠢ ᠠᠬᠠᠮᠠᠳ ᠨᠠᠮ ᠤᠨ ᠭᠡᠰᠢᠭᠦᠨ ᠾᠧ ᠹᠧᠩ ᠼᠠᠢ ᠶᠢᠨ ᠭᠡᠷ ᠲᠤ᠂ | ᠵᠤᠤ ᠭᠦᠸᠧ ᠵᠦ ᠨᠠᠰᠤᠲᠠᠨ ᠲᠠᠢ ᠳᠣᠲᠣᠨᠣ ᠪᠠᠷ ᠶᠠᠷᠢᠯᠴᠠᠪᠠ᠂ ᠲᠡᠷᠡ ᠬᠡᠯᠡᠬᠦ ᠳᠡᠭᠡᠨ᠂ ᠤᠯᠤᠰ | ᠪᠠᠶᠢᠭᠤᠯᠤᠭᠳᠠᠬᠤ ᠠᠴᠠ ᠡᠮᠦᠨᠡᠬᠢ ᠠᠬᠠᠮᠠᠳ ᠨᠠᠮ ᠤᠨ ᠭᠡᠰᠢᠭᠦᠨ ᠪᠣᠯᠤᠨ ᠠᠵᠢᠯ ᠠᠴᠠ ᠪᠠᠨ ᠲᠠᠷᠬᠠᠯᠠᠭᠳᠠᠭᠰᠠᠨ | ᠠᠬᠠᠮᠠᠳ ᠺᠠᠳ᠋ᠷ ᠪᠣᠯ ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢᠨ ᠭᠡᠷᠡᠴᠢᠯᠡᠭᠴᠢ᠂ ᠣᠷᠣᠯᠴᠠᠭᠴᠢ᠂ | ᠬᠤᠪᠢ ᠨᠡᠮᠡᠷᠢ ᠦᠵᠡᠭᠦᠯᠦᠭᠴᠢ ᠮᠥᠨ᠂ ᠮᠠᠨ ᠤ ᠡᠷᠬᠢᠮ ᠨᠠᠨᠳᠢᠨ ᠥᠪ ᠬᠦᠷᠦᠩᠭᠡ ᠮᠥᠨ᠃ ᠠᠬᠠᠮᠠᠳ ᠨᠥᠬᠦᠳ | ᠪᠡᠶ᠎ᠡ ᠪᠠᠨ ᠭᠠᠮᠨᠠᠬᠤ ᠶᠢᠨ ᠬᠠᠮᠲᠤ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠬᠠᠯᠠᠮᠵᠢᠯᠠᠨ ᠳᠡᠮᠵᠢᠵᠦ᠂ ᠰᠢᠯᠢ ᠶᠢᠨ ᠬᠤᠲᠠ ᠶᠢᠨ ᠠᠵᠤ | ᠠᠬᠤᠶ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠪᠠᠷ ᠠᠷᠭ᠎ᠠ | ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ ᠭᠡᠪᠡ᠃ | ᠶᠣᠰᠣ ᠰᠤᠷᠲᠠᠬᠤᠨ ᠤ ᠵᠢᠱᠢᠶᠡᠴᠢ ᠯᠢᠦ ᠭᠦᠸᠧ ᠴᠧᠨ ᠤ ᠬᠡᠷ ᠲᠤ᠂ ᠲᠡᠳᠡᠨ ᠤ ᠠᠵᠢᠯ ᠠᠮᠢᠳᠤᠷᠠᠯ ᠪᠣᠯᠤᠨ | ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠣᠶᠢᠯᠠᠭᠠᠵᠤ᠂ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ | ᠳᠡᠪᠰᠢᠭᠦᠯᠪᠡ᠃ ᠲᠡᠭᠦᠨ ᠤ ᠥᠩᠭᠡᠷᠡᠭᠰᠡᠨ ᠲᠠᠢ ᠪᠠᠨ ᠠᠳᠠᠯᠢ ᠪᠠᠷ ᠰᠠᠶᠢᠨ ᠳᠠᠭᠤᠷᠢᠶᠠᠯ ᠤᠨ ᠦᠢᠯᠡᠳᠦᠯ ᠢᠶᠠᠨ | ᠪᠠᠳᠠᠷᠠᠭᠤᠯᠵᠤ᠂ ᠢᠷᠠᠭᠤ ᠠᠯᠳᠠᠷ ᠢᠶᠠᠨ ᠨᠠᠨᠳᠢᠩᠨᠠᠵᠤ᠂ ᠣᠯᠠᠮ ᠴᠢᠨᠠᠭᠰᠢᠳᠠ ᠴᠢᠷᠮᠠᠶᠢᠵᠤ᠂ ᠨᠡᠶᠢᠭᠡᠮ ᠳᠤ ᠦᠨᠡᠨ | ᠰᠠᠶᠢᠨ ᠰᠠᠶᠢᠬᠠᠨ ᠢ ᠤᠯᠠᠮᠵᠢᠯᠠᠵᠤ᠂ ᠢᠳᠡᠪᠬᠢ ᠬᠦᠴᠦᠨ ᠢ ᠳᠠᠮᠵᠢᠭᠤᠯᠵᠤ᠂ ᠨᠡᠩ ᠤᠯᠠᠨ ᠳᠡᠷᠭᠡᠳᠡᠬᠢ ᠬᠥᠮᠦᠰ ᠢ | ᠳᠠᠶᠢᠴᠢᠯᠠᠨ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠶᠢ | ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢᠯᠢ ᠶᠢᠨ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠂ ᠵᠤᠤ ᠭᠦᠸᠧ ᠵᠦ ᠴᠡᠷᠢᠭ | ᠠᠩᠬᠢ ᠶᠢᠨ ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠭᠠᠵᠠᠷ ᠣᠷᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢ ᠪᠠᠲᠤᠯᠠᠬᠤ᠂ ᠤᠯᠠᠨ ᠲᠦᠮᠡᠨ ᠤ ᠠᠮᠤᠷ ᠲᠠᠶᠢᠪᠤᠩ ᠠᠵᠤ ᠲᠦᠷᠦᠭᠦ ᠳᠤ | ᠦᠵᠡᠭᠦᠯᠦᠭᠰᠡᠨ ᠴᠢᠬᠤᠯᠠ ᠬᠤᠪᠢ ᠨᠡᠮᠡᠷᠢ ᠳᠤ ᠲᠠᠯᠠᠷᠬᠠᠪᠠ᠃ ᠤᠯᠠᠨ ᠢᠶᠠᠷ ᠢᠶᠠᠨ ᠰᠢᠯᠢᠳᠡᠭ ᠤᠯᠠᠮᠵᠢᠯᠠᠯ ᠪᠠ | ᠰᠢᠯᠭᠠᠷᠠᠭᠰᠠᠨ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ | ᠪᠦᠬᠦ ᠲᠠᠯ᠎ᠠ ᠪᠠᠷ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ | ᠰᠢᠯᠢ ᠶᠢᠨ ᠬᠤᠲᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ | ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | | |