ᠰᠢᠯᠢ ᠶᠢᠨ ᠭᠤᠣᠯ ᠴᠠᠬᠠᠷ ᠤᠨ ᠬᠤᠪᠢᠰᠬᠠᠯ ᠤᠨ ᠲᠡᠦᠬᠡ ᠶᠢᠨ ᠳᠣᠷᠠᠰᠬᠠᠯ ᠤᠨ ᠣᠷᠳᠤᠨ ᠨᠢ ︽ᠤᠯᠤᠰ ᠤᠨ ᠪᠠᠶᠠᠷ︾ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠭᠤᠣᠯ ᠰᠡᠳᠦᠪᠲᠦ ᠠᠵᠢᠯᠯᠠᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2024/10/9
     ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠣᠭᠳᠠᠭᠰᠠᠨ 75 ᠵᠢᠯ ᠤᠨ ᠣᠢ ᠶᠢ ᠪᠡᠯᠭᠡᠯᠡᠵᠦ᠂ ᠵᠠᠯᠠᠭᠤ ᠪᠠᠭᠠᠴᠣᠳ ᠤᠨ ᠤᠯᠤᠰ ᠣᠷᠣᠨ ᠤ ᠲᠡᠦᠬᠡ ᠶᠢ ᠲᠠᠨᠢᠨ ᠮᠡᠳᠡᠷᠡᠬᠦ ᠦᠵᠡᠯ ᠣᠬᠠᠮᠰᠠᠷ ᠢ ᠭᠦᠨᠵᠡᠭᠡᠶᠢᠷᠡᠭᠦᠯᠵᠦ᠂ ᠲᠡᠳᠡᠨ ᠤ ᠡᠬᠡ ᠣᠷᠣᠨᠴᠢ ᠬᠠᠶᠢᠷ᠎ᠠ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ ᠣᠷᠴᠢᠮ ᠤᠨ ᠡᠳᠦᠷ ᠰᠢᠯᠢ ᠶᠢᠨ ᠭᠤᠣᠯ ᠴᠠᠬᠠᠷ ᠤᠨ ᠬᠤᠪᠢᠰᠬᠠᠯ ᠤᠨ ᠲᠡᠦᠬᠡ ᠶᠢᠨ ᠳᠣᠷᠠᠰᠬᠠᠯ ᠤᠨ ᠣᠷᠳᠤᠨ ᠨᠢ ᠪᠠᠭᠠᠴᠣᠳ ᠤᠨ ᠰᠠᠶᠢᠨ ᠳᠤᠷ᠎ᠠ ᠶᠢᠨ ᠲᠠᠶᠢᠯᠪᠣᠷᠢᠯᠠᠭᠴᠢ ᠶᠢᠨ ᠪᠦᠯᠬᠦᠮ ᠢ ᠵᠣᠬᠢᠶᠠᠨ ᠪᠠᠶᠢᠭᠤᠯᠵᠣ᠂ ᠡᠬᠡ ᠣᠷᠣᠨᠴᠢ ᠦᠵᠡᠯ ᠤᠨ ᠬᠥᠮᠦᠵᠢᠯ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤ ᠰᠢᠯᠢ ᠶᠢᠨ ᠭᠤᠣᠯ ᠴᠠᠬᠠᠷ ᠤᠨ ᠬᠤᠪᠢᠰᠬᠠᠯ ᠤᠨ ᠲᠡᠦᠬᠡ ᠶᠢᠨ ᠳᠤᠷᠠᠰᠬᠠᠯ ᠤᠨ ᠣᠷᠳᠣᠨ ᠤ ᠪᠠᠭᠠᠴᠣᠳ ᠤᠨ ᠰᠠᠶᠢᠨ ᠳᠤᠷ᠎ᠠ ᠶᠢᠨ ᠲᠠᠶᠢᠯᠪᠣᠷᠢᠯᠠᠭᠴᠢ ᠨᠠᠷ ᠠᠴᠠ ᠤᠯᠤᠰ ᠢᠶᠠᠨ ᠬᠠᠶᠢᠷᠠᠯᠠᠬᠤ ᠰᠢᠯᠦᠭ ᠤᠩᠰᠢᠵᠤ᠂ ᠤᠯᠤᠰ ᠢᠶᠠᠨ  ᠬᠠᠶᠢᠷᠠᠯᠠᠬᠤ ᠳᠠᠭᠤᠤ ᠳᠠᠭᠤᠯᠠᠵᠤ᠂ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠭᠰᠡᠨ ᠪᠠᠶᠢᠨ᠎ᠠ᠃      ᠲᠣᠰ ᠣᠳᠠᠭᠠᠨ ᠤ ᠠᠵᠢᠯᠯᠠᠭ᠎ᠠ ᠨᠢ ᠵᠠᠯᠠᠭᠤᠴᠤᠳ ᠪᠠᠭᠠᠴᠣᠳ ᠲᠤ ᠡᠬᠡ ᠣᠷᠣᠨᠴᠢ ᠬᠥᠮᠦᠵᠢᠯ ᠬᠢᠬᠦ ᠠᠮᠢᠳᠤᠯᠢᠭ ᠦᠢᠯᠡᠳᠦᠯᠭᠡ ᠪᠤᠯᠤᠭᠰᠠᠨ ᠪᠠᠷ ᠪᠠᠷᠠᠬᠤ ᠦᠭᠡᠢ᠂ ᠨᠡᠩ ᠣᠶᠤᠨ ᠰᠠᠨᠠᠭᠠᠨ ᠤ ᠤᠬᠢᠶᠠᠯᠭ᠎ᠠ ᠪᠠ ᠳᠡᠭᠡᠭᠰᠢᠯᠡᠯᠲᠡ ᠪᠠᠶᠢᠵᠦ᠂ ᠡᠶᠢᠮᠦᠷᠬᠦᠦ ᠠᠵᠢᠯᠯᠠᠭ᠎ᠠ ᠪᠠᠷ ᠳᠠᠮᠵᠢᠭᠤᠯᠤᠨ ᠵᠠᠯᠠᠭᠤᠴᠤᠳ ᠪᠠᠭᠠᠴᠣᠳ ᠤᠨ ᠡᠬᠡ ᠣᠷᠣᠨᠴᠢ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠨ ᠪᠠᠳᠠᠷᠠᠭᠤᠯᠵᠤ ᠴᠢᠳᠠᠭᠰᠠᠨ ᠪᠠᠢᠨ᠎ᠠ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号