ᠰᠢᠯᠢ ᠶᠢᠨ ᠬᠤᠲᠠ ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ 116 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/14
     11 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠬᠢᠩᠭᠠᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ 116 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠲᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠨᠡᠶᠢᠭᠡᠮ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠲᠠᠰᠤᠷᠠᠯᠳᠡ ᠦᠭᠡᠢ ᠴᠢᠩᠭᠠᠳᠬᠠᠵᠤ᠂ ︽ᠭᠤᠷᠪᠠᠨ ᠰᠢᠨ᠎ᠡ︾ ᠶᠢᠨ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠵᠠᠰᠠᠯᠲᠠ ᠪᠣᠯᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ ᠢ ᠨᠢᠭᠲᠠᠷᠠᠭᠤᠯᠵᠤ ᠦᠢᠯᠡᠴᠢᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠬᠤᠪᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ ᠶᠢ ᠲᠣᠭᠲᠠᠭᠠᠵᠤ᠂ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠵᠦ᠂ ᠥᠭᠡᠷᠡᠴᠢᠯᠡᠯᠲᠡ ᠶᠢᠨ ᠠᠶᠢᠵᠠᠮ ᠢ ᠡᠵᠡᠮᠳᠡᠵᠦ᠂ ᠥᠭᠡᠷᠡᠴᠢᠯᠡᠯᠲᠡ ᠶᠢᠨ ᠬᠦᠴᠦᠨ ᠢ ᠨᠢᠭᠲᠠᠷᠠᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠵᠤ᠂ ᠰᠣᠶᠣᠯ ᠤᠨ ᠦᠢᠯᠡᠰ ᠪᠣᠯᠤᠨ ᠰᠣᠶᠣᠯ ᠤᠨ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ ᠠᠶᠢᠮᠠᠭ ᠤᠨ ᠨᠠᠮ ᠤᠨ ᠬᠤᠷᠢᠶ᠎ᠠ ᠶᠢᠨ 2024 ᠣᠨ ᠤ 40 ᠳ᠋ᠦ᠋ᠭᠡᠷ ᠤᠳᠠᠭ᠎ᠠ ᠶᠢᠨ ᠬᠤᠷᠠᠯ ᠤᠨ ᠨᠤᠲᠤᠭ ᠪᠡᠯᠴᠢᠭᠡᠷ ᠤᠨ ᠮᠠᠯ ᠪᠡᠯᠴᠢᠭᠡᠷᠯᠡᠭᠦᠯᠬᠦ ᠲᠤᠷᠰᠢᠯᠲᠠ ᠶᠢᠨ ᠠᠵᠢᠯ ᠤᠨ ᠪᠠᠶᠢᠳᠠᠯ ᠢ ᠰᠢᠢᠳᠪᠦᠷᠢᠯᠡᠬᠦ ᠲᠤᠬᠠᠢ ᠬᠠᠮᠢᠶ᠎ᠠ ᠪᠦᠬᠦᠢ ᠪᠠᠶᠢᠷᠢᠯᠠᠭᠤᠯᠤᠯᠲᠠ ᠳᠤᠬᠢᠷᠠᠭᠤᠯᠤᠯᠳᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠤᠨ ᠪᠠᠶᠢᠳᠠᠯ ᠤᠨ ᠲᠤᠬᠠᠢ ᠮᠡᠳᠡᠭᠡᠯᠡᠯ ᠢ ᠤᠯᠠᠮᠵᠢᠯᠠᠨ ᠰᠤᠷᠤᠯᠴᠠᠪᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠮᠠᠯ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠨᠠᠷᠢᠯᠢᠭ ᠣᠨᠣᠴᠠᠲᠠᠶ ᠪᠠᠷ ᠣᠯᠭᠤᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠦᠷᠭᠦᠯᠵᠢᠯᠡᠬᠦ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号